ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠦᠨ 22 ᠤ᠋ᠨ ᠡᠳᠦᠷ ᠨᠡᠢᠲᠡᠯᠡᠭ᠌ᠰᠡᠨ 《ᠡᠮᠴᠢᠯᠡᠭᠡ ᠨᠠᠰᠤᠵᠢᠯ ᠤ᠋ᠨ ᠠᠰᠠᠷᠠᠮᠵᠢ ᠵᠢ ᠤᠶᠠᠯᠳᠤᠭᠤᠯᠤᠭ᠍ᠰᠠᠨ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ᠎ᠦᠨ ᠠᠵᠢᠯ᠎ᠤᠨ ᠲᠥᠰᠦᠯ (2025 ᠣᠨ᠎ᠤ ᠬᠡᠪᠯᠡᠯ) 》 ᠳ᠋ᠤ᠂ ᠡᠨᠡ ᠵᠢᠯ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠡᠴᠡ ᠡᠮᠴᠢᠯᠡᠭᠡ ᠨᠠᠰᠤᠵᠢᠯ᠎ᠤ᠋ᠨ ᠠᠰᠠᠷᠠᠮᠵᠢ ᠵᠢ ᠤᠶᠠᠯᠳᠤᠭᠤᠯᠤᠭ᠍ᠰᠠᠨ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ᠎ᠢ ᠡᠭᠦᠳᠦᠨ ᠪᠠᠢᠭᠤᠯᠬᠤ ᠠᠵᠢᠯ᠎ᠢ ᠦᠷᠭᠦᠯᠵᠢᠯᠡᠨ ᠥᠷᠨᠢᠭᠦᠯᠵᠦ᠍᠂ 2 ᠵᠢᠯ ᠪᠦᠷᠢᠳᠦ ᠨᠢᠭᠡ ᠤᠳᠠᠭ᠎ᠠ ᠦᠨᠡᠯᠡᠨ ᠵᠢᠱ᠌ᠢᠵᠦ᠍᠂ ᠤᠳᠠᠭ᠎ᠠ ᠪᠦᠷᠢ ᠵᠢᠱ᠌ᠢᠶ᠎ᠡ ᠦᠵᠡᠭᠦᠯᠬᠦ᠌ ᠱᠢᠶᠠᠨ(ᠬᠣᠲᠠ᠂ ᠲᠣᠭᠣᠷᠢᠭ)᠂ ᠵᠢᠱ᠌ᠢᠶ᠎ᠡ ᠦᠵᠡᠭᠦᠯᠬᠦ᠌ ᠪᠠᠢᠭᠤᠯᠤᠮᠵᠢ᠎ᠶ᠋ᠢ ᠲᠣᠰ ᠲᠣᠰ 100 ᠣᠷᠴᠢᠮ ᠨᠠᠷᠠᠢᠳᠴᠤ᠂ 2030 ᠣᠨ᠎ᠳᠤ ᠡᠭᠦᠳᠦᠨ ᠪᠠᠢᠭᠤᠯᠬᠤ ᠠᠵᠢᠯ᠎ᠢ ᠪᠡᠶᠡᠯᠡᠭᠦᠯᠦᠨ᠎ᠡ ᠭᠡᠵᠤ ᠲᠤᠳᠤᠷᠬᠠᠢᠯᠠᠪᠠ᠃
ᠲᠥᠰᠦᠯ᠎ᠢ ᠦᠨᠳᠦᠰᠦᠯᠡᠪᠡᠯ᠂ ᠪᠥᠬᠥ᠌ ᠤᠯᠤᠰ᠎ᠤᠨ ᠡᠮᠴᠢᠯᠡᠭᠡ ᠨᠠᠰᠤᠵᠢᠯ ᠤ᠋ᠨ ᠠᠰᠠᠷᠠᠮᠵᠢ ᠵᠢ ᠤᠶᠠᠯᠳᠤᠭᠤᠯᠤᠭ᠍ᠰᠠᠨ ᠵᠢᠱ᠌ᠢᠶ᠎ᠡ ᠦᠵᠡᠭᠦᠯᠬᠦ᠌ ᠱᠢᠶᠠᠨ (ᠬᠣᠲᠠ᠂ ᠲᠣᠭᠣᠷᠢᠭ) ᠨᠢ ᠨᠡᠢᠭᠡᠮ᠎ᠦᠨ ᠬᠦᠴᠦᠨ᠎ᠦ ᠡᠮᠴᠢᠯᠡᠭᠡ ᠨᠠᠰᠤᠵᠢᠯ ᠤ᠋ᠨ ᠠᠰᠠᠷᠠᠮᠵᠢ ᠵᠢ ᠤᠶᠠᠯᠳᠤᠭᠤᠯᠤᠭ᠍ᠰᠠᠨ ᠪᠠᠢᠭᠤᠯᠤᠮᠵᠢ ᠡᠷᠭᠢᠯᠡᠬᠦ᠌᠎ᠶ᠋ᠢ ᠵᠣᠷᠢᠭ᠍ᠵᠢᠭᠤᠯᠵᠤ᠂ ᠠᠯᠪᠠᠨ᠎ᠡᠴᠡ ᠪᠠᠢᠭᠤᠯᠵᠤ ᠠᠷᠠᠳ᠎ᠡᠴᠡ ᠡᠵᠡᠩᠨᠡᠬᠦ᠌ ᠪᠤᠶᠤ ᠠᠷᠠᠳ᠎ᠡᠴᠡ ᠡᠷᠭᠢᠯᠡᠵᠦ᠍ ᠠᠯᠪᠠᠨ᠎ᠡᠴᠡ ᠲᠤᠰᠠᠯᠠᠬᠤ ᠵᠡᠷᠭᠡ ᠣᠯᠠᠨ ᠵᠦᠶ᠋ᠯ᠎ᠦᠨ ᠵᠠᠭ᠍ᠪᠤᠷ᠎ᠢᠶᠠᠷ ᠳᠠᠮᠵᠢᠭᠤᠯᠤᠨ ᠨᠡᠢᠭᠡᠮ᠎ᠦᠨ ᠬᠦᠴᠦᠨ᠎ᠦ ᠡᠮᠴᠢᠯᠡᠭᠡ ᠨᠠᠰᠤᠵᠢᠯ ᠤ᠋ᠨ ᠠᠰᠠᠷᠠᠮᠵᠢ ᠵᠢ ᠤᠶᠠᠯᠳᠤᠭᠤᠯᠬᠤ᠎ᠳᠤ ᠣᠷᠣᠯᠴᠠᠬᠤ᠎ᠶ᠋ᠢ ᠳᠡᠮᠵᠢᠨ᠎ᠠ᠃ ᠬᠣᠶᠠᠳᠤᠭᠠᠷ ᠳᠡᠰ ᠵᠢᠴᠢ ᠲᠡᠭᠦᠨ᠎ᠡᠴᠡ ᠳᠡᠭᠡᠭ᠌ᠰᠢᠬᠢ ᠶᠡᠷᠦᠩᠬᠡᠢᠯᠡᠭ᠌ᠰᠡᠨ ᠴᠢᠨᠠᠷᠲᠠᠶ ᠡᠮᠨᠡᠯᠭᠡ᠎ᠶ᠋ᠢᠨ ᠬᠣᠷᠢᠶ᠎ᠠ᠎ᠳᠤ ᠨᠠᠰᠤᠲᠠᠢᠴᠤᠳ᠎ᠤᠨ ᠠᠨᠠᠭᠠᠬᠤ ᠤᠬᠠᠭᠠᠨ᠎ᠤ ᠰᠠᠯᠠᠭ᠎ᠠ ᠭᠠᠷᠭᠠᠭ᠍ᠰᠠᠨ ᠬᠠᠷᠢᠴᠠᠯ᠎ᠨᠢ ᠪᠥᠬᠥ᠌ ᠤᠯᠤᠰ᠎ᠤ᠋ᠨ ᠳᠤᠮᠳᠠᠴᠢ ᠲᠦᠪᠰᠢᠨ ᠡᠴᠡ ᠳᠠᠪᠠᠨ᠎ᠠ᠃ ᠲᠣᠰ ᠭᠠᠵᠠᠷ ᠣᠷᠣᠨ᠎ᠤ ᠪᠣᠶ ᠪᠥᠬᠥᠶ ᠨᠠᠰᠤᠵᠢᠯ᠎ᠤᠨ ᠠᠰᠠᠷᠠᠮᠵᠢ ᠵᠢᠨ ᠪᠠᠢᠭᠤᠯᠤᠮᠵᠢ᠎ᠨᠢ ᠠᠳᠠᠯᠢ ᠪᠤᠰᠤ ᠬᠡᠯᠪᠡᠷᠢ᠎ᠪᠡᠷ ᠣᠷᠣᠵᠤ ᠰᠠᠭᠤᠭ᠍ᠰᠠᠨ ᠨᠠᠰᠤᠲᠠᠢᠴᠤᠳ᠎ᠲᠤ ᠡᠮᠴᠢᠯᠡᠭᠡ ᠡᠷᠡᠭᠦᠯ ᠬᠠᠮᠠᠭᠠᠯᠠᠯ᠎ᠤᠨ ᠦᠶ᠋ᠯᠡᠴᠢᠯᠡᠭᠡ ᠬᠠᠩᠭᠠᠵᠤ᠂ ᠡᠮᠴᠢᠯᠡᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠨᠢ ᠨᠠᠰᠤᠲᠠᠢᠴᠤᠳ᠎ᠲᠤ ᠳ᠋ᠤᠭᠠᠷᠯᠠᠬᠤ᠂ ᠡᠪᠡᠳᠴᠢᠨ ᠦᠵᠡᠭᠦᠯᠬᠦ᠌᠎ᠳᠦ ᠰᠠᠭᠠᠳ ᠥᠬᠡᠶ ᠨᠡᠪᠲᠡᠷᠡᠬᠦ᠌ ᠵᠠᠮ᠎ᠢ ᠨᠡᠢᠳᠡᠮ ᠪᠠᠢᠭᠤᠯᠤᠨ᠎ᠠ᠃
ᠪᠥᠬᠥ᠌ ᠤᠯᠤᠰ᠎ᠤᠨ ᠡᠮᠴᠢᠯᠡᠭᠡ ᠨᠠᠰᠤᠵᠢᠯ ᠤ᠋ᠨ ᠠᠰᠠᠷᠠᠮᠵᠢ ᠵᠢ ᠤᠶᠠᠯᠳᠤᠭᠤᠯᠬᠤ ᠵᠢᠱ᠌ᠢᠶ᠎ᠡ ᠦᠵᠡᠭᠦᠯᠬᠦ᠌ ᠪᠠᠢᠭᠤᠯᠤᠮᠵᠢ᠎ᠶ᠋ᠢᠨ ᠡᠵᠡᠩᠨᠡᠯᠲᠡ᠎ᠨᠢ ᠪᠦᠬᠦᠯᠢ 5 ᠵᠢᠯ᠎ᠡᠴᠡ ᠳᠡᠭᠡᠭ᠌ᠰᠢ ᠪᠣᠯᠤᠭ᠍ᠰᠠᠨ᠂ ᠣᠢᠷ᠎ᠠ᠎ᠶ᠋ᠢᠨ 2 ᠵᠢᠯ᠎ᠳᠦ ᠣᠷᠣᠵᠤ ᠰᠠᠭᠤᠭ᠍ᠰᠠᠨ ᠨᠣᠷᠮ᠎ᠠ᠎ᠨᠢ ᠪᠣᠳᠠᠲᠠᠶ ᠡᠵᠡᠩᠨᠡᠯᠲᠡ᠎ᠶ᠋ᠢᠨ ᠣᠷᠣ᠎ᠶ᠋ᠢᠨ 65% ᠡᠴᠡ ᠳᠡᠭᠡᠭ᠌ᠰᠢ᠎ᠳᠦ ᠬᠦᠷᠴᠦ᠍᠂ ᠣᠷᠣᠵᠤ ᠰᠠᠭᠤᠭ᠍ᠰᠠᠨ ᠨᠠᠰᠤᠲᠠᠢᠴᠤᠳ᠎ᠲᠤ ᠰᠡᠷᠭᠡᠢᠯᠡᠬᠦ᠌ ᠬᠤᠭᠤᠴᠠᠭᠠᠨ᠎ᠤ ᠡᠷᠡᠭᠦᠯᠵᠢᠯ᠂ ᠡᠪᠡᠳᠴᠢᠯᠡᠭ᠌ᠰᠡᠨ ᠬᠤᠭᠤᠴᠠᠭᠠᠨ᠎ᠤ ᠡᠮᠴᠢᠯᠡᠭᠡ᠂ ᠡᠷᠡᠭᠦᠯᠵᠢᠯ᠎ᠦᠨ ᠬᠤᠭᠤᠴᠠᠭᠠᠨ᠎ᠤ ᠰᠤᠪᠢᠯᠠᠯᠲᠠ᠂ ᠲᠣᠭ᠍ᠲᠠᠭᠤᠨ ᠬᠤᠭᠤᠴᠠᠭᠠᠨ᠎ᠤ ᠠᠮᠢᠳᠤᠷᠠᠯ᠎ᠤᠨ ᠬᠠᠷᠠᠭᠠᠯᠵᠠᠯ ᠵᠢᠴᠢ ᠲᠦᠷ ᠴᠠᠭ᠎ᠤᠨ ᠠᠮᠤᠷ ᠲᠠᠢᠪᠤᠩ ᠡᠮᠴᠢᠯᠡᠭᠡ ᠰᠤᠪᠢᠯᠠᠯᠲᠠ᠎ᠶ᠋ᠢ ᠨᠢᠭᠡ ᠴᠣᠭ᠍ᠴᠠᠵᠢᠭᠤᠯᠤᠭ᠍ᠰᠠᠨ ᠡᠮᠴᠢᠯᠡᠭᠡ ᠰᠤᠪᠢᠯᠠᠯᠲᠠ᠎ᠶ᠋ᠢ ᠤᠶᠠᠯᠳᠤᠭᠤᠯᠤᠭ᠍ᠰᠠᠨ ᠲᠣᠬᠢᠷᠠᠮᠵᠢᠲᠠᠶ ᠦᠶ᠋ᠯᠡᠴᠢᠯᠡᠭᠡ ᠬᠠᠩᠭᠠᠵᠤ᠂ ᠣᠷᠣᠵᠤ ᠰᠠᠭᠤᠭ᠍ᠰᠠᠨ ᠪᠠ ᠴᠢᠳᠠᠪᠤᠷᠢ᠎ᠪᠠᠨ ᠠᠯᠳᠠᠭ᠍ᠰᠠᠨ᠂ ᠣᠶᠤᠨ ᠤᠬᠠᠭᠠᠨ᠎ᠢᠶᠠᠨ ᠠᠯᠳᠠᠭ᠍ᠰᠠᠨ ᠨᠠᠰᠤᠲᠠᠢᠴᠤᠳ᠎ᠤᠨ ᠡᠵᠡᠯᠡᠬᠦ᠌ ᠬᠠᠷᠢᠴᠠᠯ᠎ᠨᠢ 65% ᠶ᠋ᠢ ᠳᠠᠪᠠᠬᠰᠠᠨ ᠪᠠᠢᠬᠤ ᠭᠡᠷᠡᠭᠲᠡᠢ᠃
ᠭᠤᠶᠤᠴᠢᠯᠡᠨ ᠮᠡᠳᠡᠭᠦᠯᠬᠦ᠌ ᠶᠠᠪᠤᠴᠠ᠎ᠳᠤ ᠮᠡᠳᠡᠭᠡ ᠵᠠᠩᠭᠢᠴᠢᠯᠠᠯᠲᠠ᠎ᠶ᠋ᠢᠨ ᠠᠷᠭ᠎ᠠ ᠪᠠᠷᠢᠯ᠎ᠢ ᠭᠦᠶ᠋ᠴᠡᠳ ᠠᠱᠢᠭ᠍ᠯᠠᠨ ᠲᠣᠭ᠎ᠠ ᠪᠠᠷᠢᠮᠲᠠ ᠵᠢ ᠠᠳᠭᠤᠵᠤ᠂ ᠮᠤᠵᠢ᠎ᠶ᠋ᠢᠨ ᠱᠠᠲᠤᠨ᠎ᠡᠴᠡ ᠠᠩᠬ᠎ᠠ ᠬᠢᠨᠠᠭ᠍ᠰᠠᠨᠤ ᠳᠠᠷᠠᠭ᠎ᠠ ᠪᠠᠲᠤᠯᠠᠨ ᠲᠠᠨᠢᠯᠴᠠᠭᠤᠯᠤᠨ᠎ᠠ᠃ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠡᠴᠡ ᠲᠠᠨᠢᠯᠴᠠᠭᠤᠯᠤᠭ᠍ᠰᠠᠨ ᠨᠢᠭᠡᠴᠢ᠎ᠳᠦ ᠦᠨᠡᠯᠡᠨ ᠵᠢᠱ᠌ᠢᠵᠦ᠍ ᠱᠢᠯᠭᠠᠨ ᠠᠪᠬᠤ᠎ᠶ᠋ᠢ ᠵᠣᠬᠢᠶᠠᠨ ᠪᠠᠢᠭᠤᠯᠤᠨ ᠥᠷᠨᠢᠭᠦᠯᠬᠦ᠌᠎ᠶ᠋ᠢᠨ ᠵᠡᠷᠭᠡ ᠪᠡᠷ ᠵᠠᠷᠯᠠᠨ ᠨᠡᠢᠲᠡᠯᠡᠵᠦ᠍ ᠨᠡᠷᠡᠢᠳᠬᠦ᠌᠎ᠶ᠋ᠢᠨ ᠬᠠᠮᠲᠤ ᠵᠢᠱ᠌ᠢᠶ᠎ᠡ ᠦᠵᠡᠭᠦᠯᠬᠦ᠌ ᠱᠢᠶᠠᠨ (ᠬᠣᠲᠠ᠂ ᠲᠣᠭᠣᠷᠢᠭ) ᠪᠣᠯᠤᠨ ᠵᠢᠱ᠌ᠢᠶ᠎ᠡ ᠦᠵᠡᠭᠦᠯᠬᠦ᠌ ᠪᠠᠢᠭᠤᠯᠤᠮᠵᠢ᠎ᠳᠤ ᠬᠥᠳᠡᠯᠦᠩᠭᠦᠶ ᠬᠠᠮᠢᠶᠠᠷᠤᠯᠲᠠ ᠬᠢᠵᠦ᠍᠂ ᠬᠡᠷᠪᠡ ᠬᠦᠨᠳᠦ ᠨᠣᠴᠢᠲᠠᠶ ᠨᠡᠢᠭᠡᠮ᠎ᠦᠨ ᠨᠥᠯᠥᠭᠡ ᠭᠠᠷᠭᠠᠭ᠍ᠰᠠᠨ ᠨᠠᠵᠠᠭᠠᠶ ᠲᠠᠯ᠎ᠠ᠎ᠶ᠋ᠢᠨ ᠬᠡᠷᠡᠭ᠂ ᠬᠠᠤᠯᠢ᠎ᠡᠴᠡ ᠵᠥᠷᠢᠴᠡᠭ᠌ᠰᠡᠨ ᠬᠡᠷᠡᠭ ᠪᠤᠶᠤ ᠡᠮᠴᠢᠯᠡᠭᠡ ᠰᠤᠪᠢᠯᠠᠯᠲᠠ᠎ᠶ᠋ᠢ ᠤᠶᠠᠯᠳᠤᠭᠤᠯᠤᠭ᠍ᠰᠠᠨ ᠬᠤᠯᠪᠤᠬᠳᠠᠯ ᠪᠥᠬᠥᠶ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠦᠭ᠌ᠰᠡᠨ᠎ᠨᠢ ᠬᠦᠴᠦᠨ ᠥᠬᠡᠶ ᠵᠡᠷᠭᠡ ᠪᠠᠢᠳᠠᠯ ᠭᠠᠷᠪᠠᠯ᠂ ᠵᠢᠱ᠌ᠢᠶ᠎ᠡ ᠦᠵᠡᠭᠦᠯᠬᠦ᠌ ᠱᠢᠶᠠᠨ(ᠬᠣᠲᠠ᠂ ᠲᠣᠭᠣᠷᠢᠭ)ᠪᠤᠶᠤ ᠵᠢᠱ᠌ᠢᠶ᠎ᠡ ᠦᠵᠡᠭᠦᠯᠬᠦ᠌ ᠪᠠᠢᠭᠤᠯᠤᠮᠵᠢ᠎ᠶ᠋ᠢᠨ ᠨᠡᠷᠡᠢᠳᠦᠯ᠎ᠢ᠎ᠨᠢ ᠴᠠᠭ ᠲᠤᠬᠠᠶ᠎ᠳᠤᠨᠢ ᠲᠠᠰ ᠳᠠᠷᠠᠭᠠᠯᠠᠯ ᠶᠣᠰᠣᠭᠠᠷ ᠬᠦᠴᠦᠨ ᠥᠬᠡᠶ ᠪᠣᠯᠭᠠᠬᠤ ᠪᠥᠭᠡᠳ 3 ᠵᠢᠯ᠎ᠦᠨ ᠳᠣᠲᠣᠷ᠎ᠠ ᠭᠤᠶᠤᠴᠢᠯᠠᠵᠤ ᠪᠣᠯᠬᠤ ᠥᠬᠡᠶ᠃
2022 ᠣᠨ᠎ᠳᠤ᠂ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠡᠴᠡ ᠡᠮᠴᠢᠯᠡᠭᠡ ᠰᠤᠪᠢᠯᠠᠯᠲᠠ᠎ᠶ᠋ᠢ ᠤᠶᠠᠯᠳᠤᠭᠤᠯᠤᠭ᠍ᠰᠠᠨ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ᠎ᠢ ᠡᠭᠦᠳᠦᠨ ᠪᠠᠢᠭᠤᠯᠬᠤ ᠠᠵᠢᠯ᠎ᠢ ᠡᠬᠢᠯᠡᠭᠦᠯᠵᠦ᠍᠂ 2024 ᠣᠨ᠎ᠤ 1 ᠰᠠᠷ᠎ᠠ᠎ᠳᠤ ᠲᠦᠷᠦᠬᠦᠤ ᠪᠦᠯᠦᠭ ᠵᠢᠱ᠌ᠢᠶ᠎ᠡ ᠦᠵᠡᠭᠦᠯᠬᠦ᠌ ᠨᠢᠭᠡᠴᠢ᠎ᠶ᠋ᠢ ᠨᠡᠷᠡᠢᠳᠪᠡ᠃ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ᠎ᠢ ᠡᠭᠦᠳᠦᠨ ᠪᠠᠢᠭᠤᠯᠬᠤ ᠠᠵᠢᠯ᠎ᠨᠢ ᠡᠯ᠎ᠡ ᠭᠠᠵᠠᠷ᠎ᠤᠨ ᠢᠳᠡᠪᠬᠢᠵᠢᠯ᠎ᠢ ᠭᠦᠶ᠋ᠴᠡᠳ ᠳᠠᠢᠴᠢᠯᠠᠵᠤ᠂ ᠡᠮᠴᠢᠯᠡᠭᠡ ᠨᠠᠰᠤᠵᠢᠯ ᠤ᠋ᠨ ᠠᠰᠠᠷᠠᠮᠵᠢ ᠵᠢ ᠤᠶᠠᠯᠳᠤᠭᠤᠯᠤᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢ ᠬᠦᠴᠦᠲᠡᠶ ᠠᠬᠢᠭᠤᠯᠵᠤ᠂ ᠡᠷᠡᠭᠦᠯ ᠡᠩᠬᠡ ᠳᠤᠮᠳᠠᠳᠤ ᠤᠯᠤᠰ᠎ᠤᠨ ᠪᠠᠢᠯᠳᠤᠬᠤ ᠪᠣᠳᠣᠯᠭ᠎ᠠ᠎ᠶ᠋ᠢ ᠬᠠᠮᠵᠢᠯᠴᠠᠨ ᠠᠬᠢᠭᠤᠯᠬᠤ ᠪᠠ ᠬᠥᠮᠦᠨ ᠠᠮᠠ᠎ᠶ᠋ᠢᠨ ᠨᠠᠰᠤᠵᠢᠯ᠎ᠢ ᠢᠳᠡᠪᠬᠢᠲᠡᠶ ᠠᠷᠭᠠᠴᠠᠭᠠᠬᠤ ᠤᠯᠤᠰ᠎ᠤᠨ ᠪᠠᠢᠯᠳᠤᠬᠤ ᠪᠣᠳᠣᠯᠭ᠎ᠠ᠎ᠶ᠋ᠢᠨ ᠴᠢᠬᠤᠯᠠ ᠠᠷᠭ᠎ᠠ ᠬᠡᠮᠵᠢᠶ᠎ᠡ ᠪᠣᠯᠤᠭ᠍ᠰᠠᠨ ᠪᠠᠢᠨ᠎ᠠ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 7 ᠰᠠᠷ᠎ᠠ᠎ᠶ᠋ᠢᠨ 22 ᠤ᠋ᠨ ᠴᠠᠬᠢᠯᠭᠠᠨ ᠮᠡᠳᠡᠭᠡ)