ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠮᠠᠨ ᠤ᠋ ᠤᠷᠤᠨ ᠡᠮᠴᠢᠯᠡᠭᠡᠨ ᠤ᠋ ᠪᠠᠭᠠᠵᠢ ᠬᠡᠷᠡᠭᠰᠡᠯ ᠢ᠋ ᠰᠢᠯᠭᠠᠨ ᠪᠠᠢᠴᠠᠭᠠᠬᠤ ᠮᠡᠷᠭᠡᠵᠢᠯ ᠤ᠋ᠨ ᠲᠤᠯᠭᠠᠭᠤᠷᠢᠯᠠᠯ ᠢ᠋ ᠪᠦᠬᠦ ᠲᠠᠯ᠎ᠠ ᠪᠡᠷ ᠳᠡᠭᠡᠭᠰᠢᠯᠡᠭᠦᠯᠪᠠ
ᠨᠡᠶ᠋ᠢᠲᠡᠯᠡᠭᠰᠡᠨ ᠴᠠᠭ᠄ 2025-06-18

ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠵᠦᠪᠯᠡᠯ ᠡᠴᠡ ᠤᠢᠯᠠᠭᠠᠭᠰᠠᠨ ᠶ᠋ᠢᠡᠷ᠂ ᠮᠠᠨ ᠤ᠋ ᠤᠷᠤᠨ 《ᠪᠤᠯᠪᠠᠰᠤᠷᠠᠯ ᠬᠦᠷᠳᠡᠭᠡᠬᠦ — ᠰᠢᠯᠭᠠᠨ ᠦᠨᠡᠯᠡᠬᠦ — ᠡᠷᠬᠡ ᠤᠯᠭᠤᠬᠤ 》 ᠪᠢᠳᠡᠭᠦᠦ ᠬᠡᠯᠬᠢᠶᠡᠳᠦ ᠳᠤᠭᠳᠠᠴᠠ ᠶ᠋ᠢ ᠪᠠᠢᠭᠤᠯᠤᠨ ᠬᠡᠷᠡᠭᠵᠢᠭᠦᠯᠬᠦ ᠪᠡᠷ ᠳᠠᠮᠵᠢᠨ ᠪᠦᠬᠦ ᠤᠷᠤᠨ ᠤ᠋ ᠡᠮᠴᠢᠯᠡᠭᠡᠨ ᠤ᠋ ᠪᠠᠭᠠᠵᠢ ᠬᠡᠷᠡᠭᠰᠡᠯ ᠢ᠋ ᠰᠢᠯᠭᠠᠨ ᠪᠠᠢᠴᠠᠭᠠᠵᠤ ᠬᠢᠨᠡᠨ ᠬᠡᠮᠵᠢᠬᠦ ᠠᠵᠢᠯ ᠤ᠋ᠨ ᠮᠡᠷᠭᠡᠵᠢᠯ ᠤ᠋ᠨ ᠲᠤᠯᠭᠠᠭᠤᠷᠢᠯᠠᠯ ᠢ᠋ ᠪᠦᠬᠦ ᠳᠠᠯ᠎ᠠ ᠪᠡᠷ ᠳᠡᠭᠡᠭᠰᠢᠯᠡᠭᠦᠯᠪᠡ᠃

ᠡᠮᠴᠢᠯᠡᠭᠡᠨ ᠤ᠋ ᠪᠠᠭᠠᠵᠢ ᠬᠡᠷᠡᠭᠰᠡᠯ ᠢ᠋ ᠰᠢᠯᠭᠠᠨ ᠪᠠᠢᠴᠠᠭᠠᠬᠤ ᠠᠵᠢᠯ ᠤ᠋ᠨ ᠪᠠᠢᠷᠢ ᠶ᠋ᠢᠨ ᠤᠨᠴᠠᠯᠢᠭ ᠲᠤ᠌ ᠵᠤᠬᠢᠴᠠᠭᠤᠯᠤᠨ᠂ ᠦᠪᠡᠷᠳᠡᠭᠡᠨ ᠵᠠᠰᠠᠬᠤ ᠤᠷᠤᠨ ᠤ᠋ ᠡᠮᠴᠢᠯᠡᠭᠡᠨ ᠤ᠋ ᠪᠠᠭᠠᠵᠢ ᠬᠡᠷᠡᠭᠰᠡᠯ ᠢ᠋ ᠰᠢᠯᠭᠠᠨ ᠪᠠᠢᠴᠠᠭᠠᠵᠤ ᠬᠢᠨᠠᠨ ᠬᠡᠮᠵᠢᠬᠦ ᠰᠤᠳᠤᠯᠤᠯ ᠤ᠋ᠨ ᠬᠦᠷᠢᠶᠡᠯᠡᠩ ᠡᠴᠡ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠪᠠᠷᠢᠮᠵᠢᠶ᠎ᠠ ᠶ᠋ᠢᠨ ᠲᠤᠬᠠᠢ ᠲᠠᠢᠯᠤᠮᠵᠢ᠂ᠪᠠᠭᠠᠵᠢ ᠲᠦᠬᠦᠭᠡᠷᠦᠮᠵᠢ ᠶ᠋ᠢ ᠪᠤᠳᠠᠳᠠᠢ ᠠᠵᠢᠯᠯᠠᠭᠤᠯᠬᠤ ᠠᠷᠭ᠎ᠠ᠂ ᠶᠠᠰᠤ ᠴᠢᠨᠠᠷ ᠤ᠋ᠨ ᠰᠢᠰᠲ᠋ᠧᠮ ᠤ᠋ᠨ ᠪᠠᠢᠭᠤᠯᠤᠯᠳᠠ᠂ ᠴᠢᠳᠠᠪᠤᠷᠢ ᠪᠡᠨ ᠦᠷᠭᠡᠵᠢᠭᠦᠯᠬᠦ ᠭᠤᠤᠯᠳᠠᠯᠭ᠎ᠠ᠂ ᠮᠡᠳᠡᠭᠦᠯᠦᠯᠳᠡ ᠶ᠋ᠢ ᠳᠦᠷᠢᠮᠵᠢᠭᠦᠨ ᠪᠢᠴᠢᠬᠦ ᠵᠢᠷᠦᠮ᠂ ᠠᠮᠦᠷ ᠲᠦᠪᠰᠢᠨ ᠤ᠋ ᠬᠠᠮᠢᠶᠠᠷᠤᠯᠳᠠ᠂ ᠵᠠᠰᠠᠭ ᠤ᠋ᠨ ᠤᠷᠳᠤᠨ ᠡᠴᠡ ᠬᠤᠳᠠᠯᠳᠤᠨ ᠠᠪᠬᠤ ᠬᠠᠤᠯᠢ ᠳᠤᠭᠳᠠᠭᠠᠯ᠂ ᠡᠳ᠋ ᠤ᠋ᠨ ᠶᠠᠪᠤᠳᠠᠯ ᠤ᠋ᠨ ᠬᠠᠮᠢᠶᠠᠷᠤᠯᠳᠠ ᠵᠡᠷᠭᠡ ᠤᠯᠠᠨ ᠬᠦᠷᠢᠶ᠎ᠠ ᠶ᠋ᠢ ᠬᠠᠮᠤᠷᠤᠭᠰᠠᠨ ᠪᠤᠯᠪᠠᠰᠤᠷᠠᠯ ᠡᠷᠬᠢᠯᠡᠵᠦ᠂ 4 ᠰᠠᠷ᠎ᠠ ᠶ᠋ᠢᠨ ᠰᠡᠭᠦᠯᠴᠢ ᠪᠤᠯᠳᠠᠯ᠎ᠠ ᠨᠡᠢᠳᠡ 115 ᠬᠦᠮᠦᠨ ᠳ᠋ᠤ ᠪᠤᠯᠪᠠᠰᠤᠷᠠᠯ ᠬᠦᠷᠳᠡᠭᠡᠨ᠂ ᠪᠤᠯᠪᠠᠰᠤᠷᠠᠯ ᠬᠦᠷᠳᠡᠭᠡᠬᠦ  ᠬᠡᠪᠴᠢᠶ᠎ᠠ  ᠪᠠ  ᠬᠠᠮᠤᠷᠬᠤ  ᠬᠡᠪᠴᠢᠶ᠎ᠠ  ᠵᠢ ᠵᠡᠷᠭᠡ ᠪᠡᠷ ᠳᠡᠭᠡᠭᠰᠢᠯᠡᠭᠦᠯᠪᠠ᠃

 ᠡᠭᠦᠨ ᠤ᠋ ᠬᠠᠮᠳᠤ ᠠᠵᠢᠯ ᠲᠦᠷᠦᠯ ᠤ᠋ᠨ ᠬᠤᠰᠢᠭᠤᠴᠢ ᠮᠡᠷᠭᠡᠵᠢᠯ ᠬᠢᠭᠡᠳ ᠲᠡᠷᠢᠭᠦᠨ ᠤ᠋ ᠲᠤᠷᠰᠢᠯᠭ᠎ᠠ ᠳ᠋ᠤ ᠠᠩᠬᠠᠷᠤᠯ ᠵᠢᠡᠨ ᠬᠠᠨᠳᠤᠭᠤᠯᠤᠨ᠂ ᠨᠠᠷᠢᠯᠢᠭ ᠵᠠᠬᠢᠶᠠᠯᠠᠭ᠎ᠠ ᠶ᠋ᠢᠨ ᠬᠡᠯᠪᠡᠷᠢ ᠶ᠋ᠢᠨ ᠴᠢᠳᠠᠪᠤᠷᠢᠳᠠᠨ ᠬᠦᠮᠦᠵᠢᠭᠦᠯᠬᠦ ᠬᠡᠪ ᠵᠠᠭᠪᠤᠷ ᠢ᠋ ᠰᠦᠪᠡᠭᠴᠢᠯᠡᠵᠦ᠂ ᠵᠢᠯ ᠤ᠋ᠨ ᠡᠬᠢᠨ ᠳ᠋ᠤ 4 ᠲᠤᠰᠬᠠᠢ ᠮᠡᠷᠭᠡᠵᠢᠯ ᠤ᠋ᠨ ᠠᠵᠢᠯᠳᠠᠨ ᠢ᠋ ᠳᠤᠮᠳᠠᠳᠤ ᠤᠯᠤᠰ ᠤ᠋ᠨ ᠢᠳᠡᠭᠡᠨ ᠪᠠ ᠡᠮ ᠤ᠋ᠨ ᠵᠦᠢᠯᠡᠰ ᠢ᠋ ᠰᠢᠯᠭᠠᠨ ᠪᠠᠢᠴᠠᠭᠠᠵᠤ ᠬᠢᠨᠠᠨ ᠳᠤᠭᠳᠠᠭᠠᠬᠤ ᠰᠤᠳᠤᠯᠤᠯ ᠤ᠋ᠨ ᠬᠦᠷᠢᠶᠡᠯᠡᠩ ᠳ᠋ᠤ ᠲᠤᠮᠢᠯᠠᠨ᠂ ᠭᠠᠳᠠᠭᠠᠳᠤ ᠡᠨᠧᠷᠬᠢ ᠱᠠᠭᠠᠷᠳᠠᠭᠳᠠᠬᠤ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠰᠦᠯᠵᠢᠶᠡᠨ ᠤ᠋ ᠠᠮᠦᠷ ᠲᠦᠪᠰᠢᠨ ᠢ᠋ ᠰᠢᠯᠭᠠᠨ ᠬᠡᠮᠵᠢᠬᠦ᠂ ᠭᠠᠳᠠᠭᠠᠳᠤ ᠡᠨᠧᠷᠬᠢ ᠱᠠᠭᠠᠷᠳᠠᠭᠳᠠᠬᠤ ᠦᠭᠡᠢ ᠡᠮᠴᠢᠯᠡᠭᠡᠨ ᠤ᠋ ᠬᠡᠷᠡᠭᠯᠡᠭᠡᠨ ᠤ᠋ ᠰᠢᠬᠢᠳᠭᠡᠨ ᠤᠷᠤᠭᠤᠯᠬᠤ ᠲᠦᠬᠦᠭᠡᠷᠦᠮᠵᠢ᠂ ᠮᠢᠨᠴᠤᠭᠦᠷᠡᠭᠦᠯᠬᠦ ᠬᠡᠷᠡᠭᠯᠡᠭᠡᠨ ᠤ᠋ ᠭᠤᠤᠷᠰᠤ ᠵᠡᠷᠭᠡ ᠶ᠋ᠢᠨ ᠲᠤᠬᠠᠢ 6 ᠰᠠᠷ᠎ᠠ ᠶ᠋ᠢᠨ ᠬᠤᠭᠤᠴᠠᠭ᠎ᠠ ᠪᠦᠬᠦᠢ ᠵᠠᠬᠢᠶᠠᠯᠠᠭ᠎ᠠ ᠶ᠋ᠢᠨ ᠬᠡᠯᠪᠡᠷᠢ ᠶ᠋ᠢᠨ ᠪᠤᠯᠪᠠᠰᠤᠷᠠᠯ ᠬᠦᠷᠳᠡᠭᠡᠵᠠᠢ᠃ ᠪᠠᠰᠠ ᠰᠢᠯᠭᠠᠨ ᠪᠠᠢᠴᠠᠭᠠᠵᠤ ᠬᠢᠨᠠᠨ ᠬᠡᠮᠵᠢᠬᠦ ᠠᠵᠢᠯ ᠤ᠋ᠨ ᠪᠠᠢᠷᠢ ᠶ᠋ᠢᠨ ᠬᠡᠷᠡᠭᠴᠡᠭᠡ ᠱᠠᠭᠠᠷᠳᠠᠯᠭ᠎ᠠ ᠶ᠋ᠢ ᠦᠨᠳᠦᠰᠦᠯᠡᠨ ᠪᠤᠯᠪᠠᠰᠤᠷᠠᠯ ᠬᠦᠷᠳᠡᠭᠰᠡᠨ ᠠᠵᠢᠯᠳᠠᠳ ᠲᠠᠭᠠᠨ ᠮᠠᠰᠢ ᠴᠢᠩᠭ᠎ᠠ ᠪᠤᠳᠠᠳᠤ ᠠᠵᠢᠯᠯᠠᠭ᠎ᠠ ᠶ᠋ᠢᠨ ᠰᠢᠯᠭᠠᠯᠳᠠ ᠬᠢᠬᠦ ᠪᠡᠷ ᠳᠠᠮᠵᠢᠨ ᠵᠢᠯ ᠤ᠋ᠨ ᠡᠬᠢᠨ ᠡᠴᠡ 9 ᠠᠵᠢᠯᠳᠠᠨ ᠳ᠋ᠤ ᠪᠠᠺᠲᠧᠷᠢ ᠦᠭᠡᠢ  ᠰᠢᠯᠭᠠᠨ ᠪᠠᠢᠴᠠᠭᠠᠯᠳᠠ᠂ ᠪᠡᠶ᠎ᠠ ᠶ᠋ᠢᠨ ᠭᠠᠳᠠᠨ᠎ᠠ ᠡᠴᠡ ᠤᠨᠤᠰᠢᠯᠠᠬᠤ  ᠲᠤᠷᠰᠢᠭᠴᠢ ᠡᠳ᠋ ᠢ᠋ ᠰᠢᠯᠭᠠᠨ ᠦᠨᠡᠯᠡᠬᠦ ᠵᠡᠷᠭᠡ 148 ᠲᠦᠷᠦᠯ ᠤ᠋ᠨ ᠰᠢᠯᠭᠠᠨ ᠪᠠᠢᠴᠠᠭᠠᠯᠳᠠ ᠶ᠋ᠢ ᠭᠦᠢᠴᠡᠳᠭᠡᠬᠦ ᠡᠷᠬᠡ ᠤᠯᠭᠤᠵᠤ᠂ ᠰᠢᠯᠭᠠᠨ ᠪᠠᠢᠴᠠᠭᠠᠬᠤ ᠠᠵᠢᠯ ᠤ᠋ᠨ ᠰᠢᠨᠵᠢᠯᠡᠬᠦ ᠤᠬᠠᠭᠠᠨᠴᠢ ᠴᠢᠨᠠᠷ᠂ ᠤᠨᠤᠪᠴᠢᠳᠤ ᠴᠢᠨᠠᠷ ᠪᠠ ᠳᠦᠷᠢᠮᠵᠢᠭᠦᠨ ᠴᠢᠨᠠᠷ ᠲᠤ᠌ ᠪᠠᠳᠤ ᠴᠢᠩᠭ᠎ᠠ ᠪᠠᠳᠤᠯᠠᠭ᠎ᠠ ᠬᠠᠩᠭᠠᠵᠠᠢ᠃

 

ᠢᠷᠡᠯᠲᠡ᠄ ᠦᠪᠦᠷ ᠮᠤᠩᠭᠤᠯ᠎ᠤᠨ ᠡᠳᠤᠷ᠎ᠤᠨ ᠰᠣᠨᠢᠨ