ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠪᠥᠬᠥ᠌ ᠣᠷᠣᠨ᠎ᠤ ᠦᠨᠳᠦᠰᠦᠨ ᠡᠮ ᠡᠮᠨᠡᠯᠬᠡ ᠵᠢᠨ ᠳᠠᠭᠠᠳᠭᠠᠯ᠎ᠳᠤ ᠣᠷᠣᠯᠴᠠᠭ᠍ᠰᠠᠨ ᠬᠥᠮᠦᠨ᠎ᠦ ᠲᠣᠭ᠎ᠠ 2156.7 ᠲᠦᠮᠡ᠎ᠳᠦ ᠬᠦᠷᠴᠡᠢ
ᠨᠡᠶ᠋ᠢᠲᠡᠯᠡᠭᠰᠡᠨ ᠴᠠᠭ᠄ 2025-05-28

ᠲᠦᠷᠦᠬᠦᠬᠡᠨ᠂ ᠰᠤᠷᠪᠤᠯᠵᠢᠯᠠᠭᠴᠢ ᠦᠪᠠᠷᠲᠠᠬᠡᠨ ᠵᠠᠰᠠᠬᠤ ᠤᠷᠤᠨ ᠤ᠋ ᠡᠮᠴᠢᠯᠡᠬᠡᠨ ᠤ᠋ ᠪᠠᠲᠤᠯᠠᠭ᠎ᠠ ᠵᠢᠨ ᠲᠤᠪᠴᠢᠶ᠎ᠠ ᠡᠴᠠ ᠤᠢᠯᠠᠭᠠᠭᠰᠠᠨ᠎ᠢᠶᠡᠷ᠂ 4 ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠪᠥᠬᠥ᠌ ᠣᠷᠣᠨ᠎ᠤ ᠦᠨᠳᠦᠰᠦᠨ ᠡᠮ ᠡᠮᠨᠡᠯᠬᠡ ᠵᠢᠨ ᠳᠠᠭᠠᠳᠭᠠᠯ᠎ᠳᠤ ᠣᠷᠣᠯᠴᠠᠭ᠍ᠰᠠᠨ ᠬᠥᠮᠦᠨ᠎ᠦ ᠲᠣᠭ᠎ᠠ 2156.7 ᠲᠦᠮᠡ᠎ᠳᠦ ᠬᠦᠷᠴᠦ᠍᠂ ᠨᠢᠳᠤᠨᠤᠨ᠎ᠤ ᠠᠳᠠᠯᠢ ᠬᠤᠭᠤᠴᠠᠭᠠᠨ ᠎ᠤ ᠎ᠬᠢ᠎ᠡᠴᠡ 13.76 ᠲᠦᠮᠡᠨ ᠬᠥᠮᠦᠨ ᠨᠡᠮᠡᠭ᠌ᠳᠡᠵᠠᠢ᠃

 ᠲᠠᠨᠢᠯᠴᠠᠭᠤᠯᠤᠬᠰᠠᠨ ᠵᠢᠡᠷ᠂ ᠮᠠᠨ ᠤ᠋ ᠤᠷᠤᠨ 《ᠳᠠᠭᠠᠳᠭᠠᠯ᠎ᠳᠤ ᠣᠷᠣᠬᠤ᠎ᠳᠤ ᠬᠦᠴᠢᠷᠲᠡᠶ 》 ᠠᠰᠠᠭᠤᠳᠠᠯ ᠎ᠢ ᠱᠢᠶ᠋ᠳᠪᠦᠷᠢᠯᠡᠬᠦ᠌᠎ᠶ᠋ᠢᠨ ᠲᠦᠯᠤᠬᠡ ᠂ 《ᠳᠡᠭᠡᠷ᠎ᠡ ᠳᠤᠤᠷ᠎ᠡ ᠱᠠᠲᠤ ᠬᠠᠮᠵᠢᠯᠴᠠᠵᠤ᠂ ᠲᠠᠪᠤᠨ ᠱᠠᠲᠤ ᠬᠣᠯᠪᠣᠭᠠᠯᠠᠨ ᠬᠥᠳᠡᠯᠦᠯᠴᠡᠬᠦ᠌ 》 ᠪᠠᠷ ᠭᠠᠷᠳᠠᠴᠠ ᠪᠣᠯᠭᠠᠵᠤ᠂ ᠡᠮ ᠡᠮᠨᠡᠯᠭᠡ ᠎ᠶ᠋ᠢᠨ ᠳᠠᠭᠠᠳᠭᠠᠯ ᠎ᠤᠨ ᠠᠵᠢᠯᠲᠠᠨ ᠳᠠᠭᠠᠳᠭᠠᠯ᠎ᠳᠤ ᠣᠷᠣᠯᠴᠠᠬᠤ ᠶᠠᠪᠤᠴᠠ᠎ᠶ᠋ᠢ ᠵᠢᠯᠣᠭᠣᠳᠴᠤ᠌᠂ ᠲᠤᠬᠠᠶ ᠎ᠶ᠋ᠢᠨ ᠲᠠᠯᠠᠪᠠᠶ᠎ᠳᠤ ᠰᠦᠶ᠋ᠳᠭᠡᠯ ᠲᠤᠱᠢᠶᠠᠬᠤ ᠶᠠᠪᠤᠴᠠ᠎ᠶ᠋ᠢ ᠰᠠᠢᠳᠤᠷ ᠤᠢᠯᠠᠭᠠᠬᠤ ᠥᠬᠡᠶ᠂ ᠰᠦᠶ᠋ᠳᠭᠡᠯ ᠲᠤᠱᠢᠶᠠᠬᠤ ᠭᠠᠷᠳᠠᠮ᠎ᠢ ᠬᠡᠷᠬᠢᠨ ᠬᠦᠢᠴᠡᠳᠬᠡᠬᠦ ᠵᠢ ᠮᠡᠳᠡᠬᠦ᠌ ᠥᠬᠡᠶ ᠬᠥᠮᠦᠰ᠎ᠲᠦ ᠬᠠᠪᠰᠤᠷᠤᠯᠭ᠎ᠠ ᠦᠵᠡᠭᠦᠯᠵᠤ᠂ ᠨᠠᠰᠤᠲᠠᠢᠴᠤᠳ ᠵᠡᠮᠳᠡᠭᠴᠤᠳ ᠵᠡᠷᠭᠡ ᠣᠨᠴᠠᠭᠠᠶ ᠬᠥᠮᠦᠰ᠎ᠲᠦ ᠴᠢᠭ᠌ᠯᠡᠭᠦᠯᠦᠨ᠂ ᠴᠠᠭ ᠲᠤᠬᠠᠶ᠎ᠳᠤᠨᠢ ᠴᠠᠬᠢᠮ ᠴᠢᠮᠡᠬᠡ ᠶᠠᠪᠤᠭᠤᠯᠵᠤ ᠰᠦᠶ᠋ᠳᠭᠡᠯ ᠲᠤᠱᠢᠶᠠᠬᠤ᠎ᠶ᠋ᠢ ᠰᠠᠨᠠᠭᠤᠯᠬᠤ᠎ᠶ᠋ᠢᠨ ᠬᠠᠮᠲᠤ᠂ ᠳᠠᠭᠠᠳᠭᠠᠯ᠎ᠳᠤ ᠣᠷᠣᠯᠴᠠᠭ᠍ᠰᠠᠨ 《ᠬᠠᠮᠢᠶᠠᠷᠤᠭ᠍ᠴᠢ 》 ᠪᠣᠯᠵᠣ᠂ ᠲᠤᠬᠠᠶ᠎ᠶ᠋ᠢᠨ ᠲᠠᠯᠠᠪᠠᠢ᠎ᠳᠦ ᠣᠷᠣᠯᠠᠨ ᠲᠤᠱᠢᠶᠠᠬᠤ ᠪᠤᠶᠤ ᠮᠠᠲᠠᠭ᠎ᠲᠠᠶ ᠠᠰᠠᠭᠤᠳᠠᠯ᠎ᠢ ᠨᠢ ᠰᠢᠢᠳᠪᠦᠷᠢᠯᠡᠨ ᠦᠭᠴᠤ᠂ ᠭᠠᠳᠠᠭ᠍ᠰᠢ ᠭᠠᠷᠤᠭ᠍ᠰᠠᠨ ᠪᠤᠶᠤ ᠭᠠᠳᠠᠭ᠍ᠰᠢ ᠬᠥᠯᠥᠰᠥᠨ ᠠᠵᠢᠯ ᠬᠢᠵᠦ᠍ ᠪᠠᠢᠭ᠎ᠠ ᠬᠥᠮᠦᠰ᠎ᠲᠦ ᠴᠠᠭ ᠳᠤᠬᠠᠢ᠎ᠳᠦᠨᠢ ᠰᠠᠨᠠᠭᠤᠯᠵᠤ᠂ ᠰᠦᠯᠵᠢᠶ᠎ᠠ ᠪᠡᠷ ᠳᠠᠮᠵᠢᠨ ᠣᠯᠠᠨ ᠲᠦᠮᠡᠨ ᠎ᠢ ᠢᠳᠡᠪᠬᠢᠲᠡᠶ ᠪᠡᠷ ᠳᠠᠭᠠᠳᠭᠠᠯ᠎ᠳᠤ ᠣᠷᠣᠯᠴᠠᠭᠤᠯᠵᠠᠢ᠃

  ᠡᠬᠦᠨ ᠤ᠋ ᠬᠠᠮᠲᠤ᠂ ᠮᠠᠨ ᠤ᠋ ᠤᠷᠤᠨ ᠪᠠᠰᠠ ᠠᠵᠢᠯ ᠠᠯᠳᠠᠯᠲᠠ᠎ᠶ᠋ᠢᠨ ᠳᠠᠭᠠᠳᠭᠠᠯ᠎ᠤᠨ ᠰᠠᠭᠤᠷᠢ ᠮᠥᠩᠭᠥ᠎ᠪᠡᠷ ᠠᠵᠢᠯᠲᠠᠨ ᠠᠵᠢᠯᠴᠢᠨ᠎ᠤ ᠡᠮ ᠡᠮᠨᠡᠯᠭᠡ᠎ᠶ᠋ᠢᠨ ᠳᠠᠭᠠᠳᠭᠠᠯ (ᠦᠷᠡᠵᠢᠯ ᠎ᠦᠨ ᠳᠠᠭᠠᠳᠭᠠᠯ ᠪᠠᠭ᠍ᠲᠠᠨ᠎ᠠ ) ᠤ᠋ᠨ ᠵᠠᠷᠤᠳᠠᠯ᠎ᠢ ᠣᠷᠣᠯᠠᠨ ᠲᠤᠱᠢᠶᠠᠬᠤ ᠬᠣᠯᠪᠣᠭ᠍ᠳᠠᠯ ᠪᠥᠬᠥᠶ ᠵᠦᠶ᠋ᠯᠡᠰ᠎ᠢ ᠲᠣᠳᠣᠷᠬᠠᠢᠯᠠᠵᠤ᠂ ᠲᠣᠰᠭᠣᠨ᠎ᠤ ᠬᠠᠮᠲᠤ᠎ᠶ᠋ᠢᠨ ᠠᠵᠤ ᠠᠬᠤᠶ᠎ᠪᠠᠷ ᠲᠣᠰᠭᠣᠨ᠎ᠤ ᠠᠷᠠᠳ᠎ᠲᠤ ᠰᠠᠭᠤᠭᠠᠯᠢ ᠠᠷᠠᠳ᠎ᠤᠨ ᠡᠮ ᠡᠮᠨᠡᠯᠭᠡ᠎ᠶ᠋ᠢᠨ ᠳᠠᠭᠠᠳᠭᠠᠯ᠎ᠤᠨ ᠵᠠᠷᠤᠳᠠᠯ᠎ᠢ ᠣᠷᠣᠯᠠᠨ ᠲᠤᠱᠢᠶᠠᠬᠤ᠎ᠶ᠋ᠢ ᠵᠣᠷᠢᠭ᠍ᠵᠢᠭᠤᠯᠵᠤ᠂ ᠨᠠᠰᠤᠲᠠᠢᠴᠤᠳ᠂ ᠵᠡᠮᠳᠡᠭ᠌ᠴᠦᠳ᠎ᠲᠦ ᠬᠠᠪᠰᠤᠷᠤᠨ ᠭᠦᠢᠴᠡᠳᠭᠡᠬᠦ᠌ ᠣᠷᠣᠯᠠᠨ ᠭᠦᠢᠴᠡᠳᠭᠡᠬᠦ᠌ ᠦᠢᠯᠡᠴᠢᠯᠡᠭᠡ ᠨᠡᠪᠲᠡᠷᠡᠭᠦᠯᠵᠤ᠂ 《ᠶᠡᠬᠡ ᠳᠡᠭᠡᠳᠦ ᠰᠤᠷᠭᠠᠭᠤᠯᠢ᠎ᠶ᠋ᠢᠨ ᠰᠤᠷᠤᠭ᠍ᠴᠢᠳ ᠎ᠤᠨ ᠳᠠᠭᠠᠳᠭᠠᠯ ᠎ᠳᠤ ᠣᠷᠣᠯᠴᠠᠬᠤ ᠠᠵᠢᠯᠯᠠᠭ᠎ᠠ 》 ᠶ᠋ᠢ ᠥᠷᠨᠢᠭᠦᠯᠵᠦ᠍᠂ ᠶᠡᠬᠡ ᠳᠡᠭᠡᠳᠦ ᠰᠤᠷᠭᠠᠭᠤᠯᠢ ᠎ᠶ᠋ᠢᠨ 54.4 ᠲᠦᠮᠡᠨ ᠰᠤᠷᠤᠭ᠍ᠴᠢᠳ ᠳᠠᠭᠠᠳᠭᠠᠯ᠎ᠳᠤ ᠣᠷᠣᠯᠴᠠᠵᠤ᠂ 129.6 ᠲᠦᠮᠡᠨ ᠣᠨᠴᠠ ᠬᠦᠴᠢᠷᠳᠡᠯᠲᠡᠶ ᠬᠥᠮᠦᠰ᠂ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ ᠭᠥᠷᠳᠡᠭ᠌ᠰᠡᠳ ᠵᠡᠷᠭᠡ ᠣᠷᠣᠯᠭ᠎ᠠ ᠪᠠᠭᠠᠳᠠᠢ ᠬᠥᠮᠦᠰ ᠲᠦ᠍《ᠭᠤᠶᠤᠴᠢᠯᠠᠮᠠᠭ᠍ᠴᠠ ᠭᠥᠷᠳᠡᠬᠦ᠌ 》 ᠡᠮᠴᠢᠯᠡᠭᠡᠨ᠎ᠦ ᠠᠪᠤᠷᠠᠨ ᠲᠤᠰᠠᠯᠠᠬᠤ ᠪᠠᠯᠠ ᠮᠥᠩᠭᠥ᠎ᠶ᠋ᠢᠨ ᠳᠠᠭᠠᠳᠭᠠᠯ᠎ᠳᠤ ᠣᠷᠣᠯᠴᠠᠬᠤ ᠦᠶ᠋ᠯᠡᠴᠢᠯᠡᠭᠡ ᠭᠥᠷᠳᠡᠬᠡᠪᠠ᠃

 

ᠢᠷᠡᠯᠲᠡ᠄ ᠦᠪᠦᠷ ᠮᠤᠩᠭᠤᠯ᠎ᠤᠨ ᠡᠳᠤᠷ᠎ᠤᠨ ᠰᠣᠨᠢᠨ