ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠮᠠᠨ ᠤ᠋ ᠤᠷᠤᠨ 3416 ᠡᠮ ᠎ᠦᠨ ᠵᠦᠶ᠋ᠯᠡᠰ᠎ᠦᠨ ᠰᠦᠯᠵᠢᠶᠡᠨ᠎ᠳᠦ ᠤᠷᠤᠭᠤᠯᠬᠤ ᠦᠨ᠎ᠡ ᠬᠠᠡᠭᠰᠢ᠎ᠶ᠋ᠢ ᠳᠤᠮᠳᠠᠴᠢ ᠪᠠᠷ 40% ᠪᠠᠭᠤᠷᠠᠭᠤᠯᠪᠠ
ᠨᠡᠶ᠋ᠢᠲᠡᠯᠡᠭᠰᠡᠨ ᠴᠠᠭ᠄ 2025-05-22

ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ ᠎ᠤ ᠡᠮᠴᠢᠯᠡᠬᠡᠨ ᠤ᠋ ᠪᠠᠲᠤᠯᠠᠭ᠎ᠠ᠎ᠶ᠋ᠢᠨ ᠲᠣᠪᠴᠢᠶ᠎ᠠ᠎ᠠᠴᠠ ᠣᠢᠯᠠᠭᠠᠭ᠍ᠰᠠᠨ᠎ᠢᠶᠠᠷ᠂ 3 ᠰᠠᠷ᠎ᠠ᠎ᠶ᠋ᠢᠨ 21 ᠎ᠡᠴᠡ 4 ᠰᠠᠷ᠎ᠠ᠎ᠶ᠋ᠢᠨ 17  ᠤ᠋ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠨᠢᠭᠡᠨᠲᠡ 4 ᠪᠦᠯᠦᠭ ᠤᠳᠠᠭ᠎ᠠ᠎ᠶ᠋ᠢᠨ ᠡᠮ᠎ᠦᠨ ᠵᠦᠶ᠋ᠯᠡᠰ ᠎ᠦᠨ ᠦᠨ᠎ᠡ ᠬᠠᠩᠰᠢ ᠎ᠶ᠋ᠢᠨ ᠵᠠᠰᠠᠯᠲᠠ᠎ᠶ᠋ᠢ ᠪᠡᠶᠡᠯᠡᠭᠦᠯᠵᠦ᠍᠂ 3416 ᠡᠮ᠎ᠦᠨ ᠵᠦᠶ᠋ᠯᠡᠰ ᠎ᠦᠨ ᠰᠦᠯᠵᠢᠶᠡᠨ᠎ᠳᠦ ᠤᠷᠤᠭᠤᠯᠬᠤ ᠦᠨ᠎ᠡ᠎ᠶ᠋ᠢ ᠳᠤᠮᠳᠠᠴᠢ᠎ᠪᠠᠷ 40% ᠪᠠᠷ ᠪᠠᠭᠤᠷᠠᠭᠤᠯᠪᠠ᠃

ᠣᠢᠯᠠᠭᠠᠭ᠍ᠰᠠᠨ᠎ᠢᠶᠠᠷ᠂  ᠲᠦᠷᠦᠬᠦᠬᠡᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠬᠡᠨ ᠤ᠋ ᠪᠠᠲᠤᠯᠠᠭ᠎ᠠ᠎ᠶ᠋ᠢᠨ ᠲᠣᠪᠴᠢᠶ᠎ᠠ᠎ᠠᠴᠠ ᠡᠮ᠎ᠦᠨ ᠵᠦᠶ᠋ᠯ᠎ᠦᠨ ᠰᠦᠯᠵᠢᠶᠡᠨ᠎ᠳᠦ ᠭᠠᠷᠬᠤ ᠲᠦᠷᠢᠮ᠎ᠢ ᠲᠣᠳᠣᠷᠬᠠᠢᠯᠠᠵᠤ᠂ ᠬᠡᠮᠵᠢᠶᠡᠵᠢᠭᠦᠯᠦᠭ᠌ᠰᠡᠨ ᠦᠨ᠎ᠡ ᠬᠠᠩᠰᠢ᠎ᠶ᠋ᠢᠨ ᠪᠠᠷᠢᠮᠵᠢᠶ᠎ᠠ᠎ᠪᠠᠷ ᠳᠠᠮᠵᠢᠨ᠂ ᠦᠨ᠎ᠡ ᠬᠠᠩᠰᠢ᠎ᠶ᠋ᠢᠨ ᠤᠷᠢᠳᠴᠢᠯᠠᠨ ᠰᠡᠷᠡᠮᠵᠢᠯᠡᠭᠦᠯᠬᠦ᠌ ᠲᠣᠭ᠍ᠲᠠᠴᠠ᠎ᠶ᠋ᠢ ᠪᠠᠢᠭᠤᠯᠵᠤ᠂ ᠡᠮ᠎ᠦᠨ ᠵᠦᠶ᠋ᠯᠡᠰ᠎ᠦᠨ ᠦᠨ᠎ᠡ ᠬᠠᠩᠰᠢ᠎ᠶ᠋ᠢᠨ ᠵᠥᠷᠢᠶ᠎ᠡ᠎ᠶ᠋ᠢ ᠴᠢᠩᠭ᠎ᠠ ᠡᠵᠡᠮᠳᠡᠨ᠂ ᠵᠦᠶ ᠵᠣᠬᠢᠰ ᠥᠬᠡᠶ ᠦᠨ᠎ᠡ ᠬᠠᠩᠰᠢ᠎ᠶ᠋ᠢ ᠪᠥᠬᠥ᠌ ᠲᠠᠯ᠎ᠠ ᠪᠡᠷ ᠵᠠᠯᠠᠷᠠᠭᠤᠯᠵᠤ᠂ ᠨᠠᠩ ᠵᠢᠷᠤᠮᠵᠢᠭᠤᠨ᠂ ᠢᠯᠡ ᠲᠣᠳᠣ᠂ ᠲᠥᠪ ᠭᠤᠤᠯᠴᠢ ᠡᠮ ᠎ᠦᠨ ᠵᠦᠶ᠋ᠯᠡᠰ᠎ᠦᠨ ᠦᠨ᠎ᠡ ᠬᠠᠩᠰᠢ᠎ᠶ᠋ᠢᠨ ᠣᠷᠴᠢᠨ ᠨᠥᠬᠥᠴᠡᠯ᠎ᠢ ᠪᠣᠶ ᠪᠣᠯᠭᠠᠵᠤ᠂ ᠥᠷᠭᠡᠨ ᠣᠯᠠᠨ ᠲᠦᠮᠡᠨ ᠤ᠋ ᠦᠨ᠎ᠠ ᠬᠠᠡᠭᠰᠢ ᠵᠤᠬᠢᠰᠲᠠᠢ ᠡᠮ ᠤ᠋ᠨ ᠵᠦᠢᠯᠡᠰ᠎ᠢ ᠬᠡᠷᠡᠭᠯᠡᠬᠦ ᠳ᠋ᠤ ᠪᠠᠲᠤᠯᠠᠭ᠎ᠠ ᠬᠠᠡᠭᠭᠠᠪᠠ᠃

ᠡᠮ᠎ᠦᠨ ᠵᠦᠢᠯᠡᠰ᠎ᠦᠨ ᠦᠨ᠎ᠡ ᠬᠠᠩᠰᠢ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠬᠤ᠎ᠶ᠋ᠢᠨ ᠲᠦᠯᠤᠬᠡ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ᠎ᠠᠴᠠ ᠡᠮ᠎ᠦᠨ ᠵᠦᠢᠯᠡᠰ᠎ᠦᠨ ᠰᠦᠯᠵᠢᠶᠡᠨ᠎ᠳᠦ ᠤᠷᠤᠭᠤᠯᠬᠤ ᠦᠨ᠎ᠡ ᠬᠠᠩᠰᠢ᠎ᠳᠤ ᠴᠢᠩᠭ᠎ᠠ ᠬᠡᠮᠵᠢᠶᠡᠵᠢᠭᠦᠯᠦᠨ ᠬᠠᠮᠢᠶᠠᠷᠤᠨ ᠡᠵᠡᠮᠳᠡᠬᠦ᠌᠎ᠶ᠋ᠢ ᠬᠡᠷᠡᠭ᠌ᠵᠢᠭᠦᠯᠪᠡ᠃ ᠰᠡᠷᠡᠮᠵᠢᠯᠡᠭᠦᠯᠬᠦ᠌ ᠲᠣᠭ᠍ᠲᠠᠴᠠ᠎ᠶ᠋ᠢ ᠲᠤᠭᠲᠠᠭᠠᠭᠰᠠᠨ ᠨᠢ ᠡᠮᠴᠢᠯᠡᠭᠡᠨ ᠤ᠋ ᠪᠠᠢᠭᠤᠯᠤᠮᠵᠢ᠎ᠶ᠋ᠢᠨ ᠡᠮ ᠤ᠋ᠨ ᠵᠦᠢᠯᠡᠰ᠎ᠢ ᠬᠤᠳᠠᠯᠳᠤᠨ ᠠᠪᠬᠤ ᠳ᠋ᠤ ᠪᠦᠲᠦᠮᠵᠢᠲᠡᠢ ᠦᠨ᠎ᠡ ᠬᠠᠩᠰᠢ᠎ᠶ᠋ᠢᠨ ᠮᠡᠳᠡᠭᠡ ᠵᠠᠩᠭᠢ ᠬᠠᠩᠭᠠᠵᠤ᠂ ᠤᠯᠠᠨ ᠲᠦᠮᠡᠨ ᠳ᠋ᠤ ᠲᠥᠪ ᠭᠣᠣᠯᠴᠢ᠂ ᠪᠣᠳᠠᠲᠤ ᠠᠱᠢᠭ᠍ᠲᠠᠢ ᠡᠮ ᠤ᠋ᠨ ᠵᠦᠢᠯᠡᠰ᠎ᠤᠨ ᠦᠨ᠎ᠡ ᠬᠠᠩᠰᠢ ᠬᠦᠷᠲᠡᠭᠡᠬᠦ᠌ ᠪᠤᠯᠤᠨ᠎ᠠ᠃ 《ᠥᠪᠡᠷᠲᠡᠭᠡᠨ ᠵᠠᠰᠠᠬᠤ ᠣᠷᠣᠨ ᠡᠮ᠎ᠦᠨ ᠵᠦᠶ᠋ᠯᠡᠰ᠎ᠦᠨ ᠰᠦᠯᠵᠢᠶᠡᠨ᠎ᠳᠦ ᠤᠷᠤᠭᠤᠯᠬᠤ ᠲᠦᠷᠢᠮ᠎ᠢ ᠪᠥᠬᠥ᠌ ᠲᠠᠯ᠎ᠠ᠎ᠪᠠᠷ ᠬᠡᠷᠡᠭᠵᠢᠬᠦᠯᠵᠦ᠂ ᠡᠮ᠎ᠦᠨ ᠵᠦᠶ᠋ᠯᠡᠰ᠎ᠦᠨ ᠦᠨ᠎ᠡ ᠬᠠᠩᠰᠢ᠎ᠶ᠋ᠢᠨ ᠵᠠᠰᠠᠯᠲᠠ᠎ᠶ᠋ᠢᠨ ᠠᠵᠢᠯ᠎ᠢ ᠦᠷᠭᠦᠯᠵᠢᠯᠡᠨ ᠠᠬᠢᠭᠤᠯᠵᠤ᠂ ᠨᠠᠷᠢᠯᠢᠬ᠍ᠵᠢᠭᠤᠯᠤᠭ᠍ᠰᠠᠨ ᠬᠠᠮᠢᠶᠠᠷᠤᠯᠲᠠ᠎ᠶ᠋ᠢᠨ ᠲᠦᠪᠱᠢᠨ ᠪᠠ ᠦᠨ᠎ᠡ ᠬᠠᠩᠰᠢ᠎ᠶ᠋ᠢᠨ ᠬᠢᠨᠠᠨ ᠬᠡᠮᠵᠢᠯᠲᠡ᠎ᠶ᠋ᠢᠨ ᠣᠨᠣᠪᠴᠢ᠎ᠶ᠋ᠢᠨ ᠬᠡᠮᠵᠢᠶ᠎ᠡ ᠬᠢᠭᠡᠳ ᠪᠥᠬᠥ᠌ ᠲᠠᠯᠠᠲᠤ ᠴᠢᠨᠠᠷ᠎ᠢ ᠳᠡᠭᠡᠭ᠌ᠰᠢᠯᠡᠭᠦᠯᠤᠨ᠂ ᠡᠯ᠎ᠡ ᠲᠥᠷᠥᠯ᠎ᠦᠨ ᠡᠮ᠎ᠦᠨ ᠵᠦᠶ᠋ᠯᠡᠰ᠎ᠦᠨ ᠦᠨ᠎ᠡ ᠬᠠᠩᠰᠢ᠎ᠶ᠋ᠢᠨ ᠬᠡᠪ᠎ᠦᠨ ᠪᠤᠰᠤ ᠪᠠᠢᠳᠠᠯ᠎ᠢ ᠴᠠᠭ ᠲᠤᠬᠠᠶ᠎ᠳᠤᠨᠢ ᠨᠠᠷᠢᠨ ᠣᠨᠣᠪᠴᠢᠲᠠᠶ ᠢᠯᠭᠠᠨ ᠲᠠᠨᠢᠬᠤ᠎ᠶ᠋ᠢ ᠦᠨᠡᠨ ᠬᠦ᠌ ᠪᠠᠲᠤᠯᠠᠵᠤ᠂ ᠵᠦᠶ ᠵᠣᠬᠢᠰᠲᠠᠶ᠂ ᠲᠥᠪ ᠭᠤᠤᠯᠴᠢ ᠡᠮ᠎ᠦᠨ ᠵᠦᠶ᠋ᠯᠡᠰ᠎ᠦᠨ ᠦᠨ᠎ᠡ ᠬᠠᠩᠰᠢ᠎ᠶ᠋ᠢᠨ ᠪᠦᠷᠢᠯᠳᠦᠯ᠎ᠢ ᠯᠠᠪᠳᠠᠭᠤᠨ᠎ᠢᠶᠠᠷ ᠠᠬᠢᠭᠤᠯᠵᠤ᠂ ᠣᠯᠠᠨ ᠲᠦᠮᠡᠨ᠎ᠦ ᠠᠱᠢᠭ ᠲᠤᠰᠠ᠎ᠶ᠋ᠢ ᠦᠨᠡᠨ ᠬᠦ᠌ ᠪᠠᠲᠤᠯᠠᠨ᠎ᠠ》 ᠭᠡᠵᠦ ᠥᠪᠡᠷᠲᠡᠭᠡᠨ ᠵᠠᠰᠠᠬᠤ ᠣᠷᠣᠨ᠎ᠤ ᠡᠮᠴᠢᠯᠡᠬᠡᠨ ᠤ᠋ ᠪᠠᠲᠤᠯᠠᠭ᠎ᠠ ᠵᠢᠨ ᠲᠤᠪᠴᠢᠶ᠎ᠠ ᠵᠢᠨ ᠬᠠᠷᠢᠭᠤᠴᠠᠯᠭᠠᠲᠠᠨ ᠢᠯᠡᠷᠬᠡᠢᠯᠡᠪᠡ᠃

 

ᠢᠷᠡᠯᠲᠡ᠄ ᠦᠪᠦᠷ ᠮᠤᠩᠭᠤᠯ᠎ᠤᠨ ᠡᠳᠤᠷ᠎ᠤᠨ ᠰᠣᠨᠢᠨ