ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠦᠪᠦᠷ ᠮᠤᠩᠭᠤᠯ ᠰᠦᠯᠵᠢᠶ᠎ᠠ ᠪᠡᠷ ᠪᠤᠷᠤᠯᠠᠭᠤᠯᠬᠤ ᠡᠮ ᠤ᠋ᠨ ᠵᠦᠢᠯᠡᠰ ᠢ᠋ ᠬᠦᠷᠭᠡᠬᠦ ᠭᠤᠭᠴᠤᠭᠠᠨ ᠤ᠋ ᠲᠦᠭᠰᠢᠭᠦᠷᠢ ᠶ᠋ᠢᠨ ᠰᠠᠨᠠᠭᠤᠯᠤᠮᠵᠢ ᠨᠡᠢᠳᠡᠯᠡᠪᠡ
ᠨᠡᠶ᠋ᠢᠲᠡᠯᠡᠭᠰᠡᠨ ᠴᠠᠭ᠄ 2025-10-29

ᠰᠦᠯᠵᠢᠶ᠎ᠠ ᠪᠡᠷ ᠪᠤᠷᠤᠯᠠᠭᠤᠯᠬᠤ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢ ᠴᠢᠩᠭᠠᠳᠬᠠᠬᠤ ᠶ᠋ᠢᠨ ᠲᠦᠯᠦᠭᠡ᠂ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠤᠢᠷ᠎ᠠ ᠳ᠋ᠤ ᠰᠦᠯᠵᠢᠶ᠎ᠠ ᠪᠡᠷ ᠪᠤᠷᠤᠯᠠᠭᠤᠯᠬᠤ ᠡᠮ ᠤ᠋ᠨ ᠵᠦᠢᠯᠡᠰ ᠢ᠋ ᠬᠦᠷᠭᠡᠬᠦ ᠭᠤᠭᠴᠤᠭᠠᠨ ᠤ᠋ ᠲᠦᠭᠰᠢᠭᠦᠷᠢ ᠶ᠋ᠢᠨ ᠰᠠᠨᠠᠭᠤᠯᠤᠮᠵᠢ ᠵᠢ ᠨᠡᠢᠳᠡᠯᠡᠵᠦ᠂ ᠰᠦᠯᠵᠢᠶ᠎ᠠ ᠪᠡᠷ ᠪᠤᠷᠤᠯᠠᠭᠤᠯᠬᠤ ᠡᠮ ᠤ᠋ᠨ ᠵᠦᠢᠯᠡᠰ ᠢ᠋ ᠬᠦᠷᠭᠡᠬᠦ ᠭᠤᠭᠴᠤᠭᠠᠨ ᠤ᠋ ᠬᠢᠨᠠᠯᠳᠠ ᠬᠠᠮᠢᠶᠠᠷᠤᠯᠳᠠ ᠶ᠋ᠢᠨ ᠱᠠᠭᠠᠷᠳᠠᠯᠭ᠎ᠠ ᠪᠠ ᠠᠵᠤ ᠠᠬᠤᠢᠯᠠᠯ ᠤ᠋ᠨ ᠳᠤᠭᠳᠠᠭᠠᠯ ᠳ᠋ᠤ ᠨᠡᠢᠴᠡᠭᠦᠯᠬᠦ ᠱᠠᠭᠠᠷᠳᠠᠯᠭ᠎ᠠ ᠶ᠋ᠢ ᠤᠯᠠᠮ ᠨᠢᠭᠡ ᠠᠯᠬᠤᠮ ᠲᠤᠳᠤᠷᠬᠠᠢᠯᠠᠵᠤ᠂ ᠤᠯᠠᠨ ᠲᠦᠮᠡᠨ ᠤ᠋ ᠠᠮᠦᠷ ᠲᠦᠪᠰᠢᠨ ᠶ᠋ᠢᠡᠷ ᠡᠮ ᠬᠡᠷᠡᠭᠯᠡᠬᠦ ᠶ᠋ᠢ ᠪᠠᠳᠤᠯᠠᠵᠤ ᠪᠠᠢᠨ᠎ᠠ᠃

ᠰᠠᠨᠠᠭᠤᠯᠤᠮᠵᠢ ᠳ᠋ᠤ ᠡᠮ ᠤ᠋ᠨ ᠵᠦᠢᠯᠡᠰ ᠡᠵᠡᠩᠨᠡᠬᠦ ᠠᠵᠤ ᠠᠬᠤᠢᠯᠠᠯ ᠪᠠ ᠬᠢᠨᠠᠨ ᠬᠠᠮᠢᠶᠠᠷᠬᠤ ᠰᠠᠯᠠᠭ᠎ᠠ ᠮᠦᠴᠢᠷ ᠤ᠋ᠨ ᠬᠠᠷᠢᠭᠤᠴᠠᠯᠭ᠎ᠠ ᠶ᠋ᠢ ᠵᠡᠷᠬᠡ ᠪᠡᠷ ᠲᠤᠳᠤᠷᠬᠠᠢᠯᠠᠪᠠ᠃ ᠠᠵᠤ ᠠᠬᠤᠢᠯᠠᠯ ᠤ᠋ᠨ ᠬᠤᠪᠢ ᠳ᠋ᠤ᠂ ᠬᠦᠯᠳᠡᠭᠡᠭᠦᠷ ᠲᠤ᠌ ᠬᠠᠳᠠᠭᠠᠯᠠᠬᠤ ᠴᠢᠬᠤᠯᠠ ᠲᠠᠢ ᠡᠮ ᠤ᠋ᠨ ᠵᠦᠢᠯᠡᠰ ᠢ᠋ ᠬᠦᠷᠭᠡᠬᠦ ᠳ᠋ᠡᠭᠡᠨ ᠡᠷᠬᠡᠪᠰᠢ ᠲᠤᠰᠬᠠᠢ ᠬᠦᠢᠳᠡᠨ ᠬᠡᠯᠬᠢᠶ᠎ᠠ ᠶ᠋ᠢᠨ ᠡᠳ᠋ ᠪᠠᠷᠠᠭᠠᠨ ᠤ᠋ ᠭᠦᠢᠯᠭᠡᠭᠡ ᠶ᠋ᠢᠨ ᠠᠷᠭ᠎ᠠ ᠵᠠᠮ ᠢ᠋ ᠬᠡᠷᠡᠭᠯᠡᠵᠦ᠂ ᠡᠮ ᠤ᠋ᠨ ᠵᠦᠢᠯᠡᠰ ᠢ᠋ ᠪᠦᠬᠦ ᠬᠦᠷᠭᠡᠯᠳᠡ ᠶ᠋ᠢᠨ ᠶᠠᠪᠤᠴᠠ ᠳ᠋ᠤ ᠴᠦᠮ ᠳᠤᠭᠳᠠᠭᠠᠯ ᠶᠤᠰᠤᠨ ᠤ᠋ ᠤᠷᠴᠢᠨ ᠨᠦᠬᠦᠴᠡᠯ ᠳ᠋ᠤ ᠪᠠᠢᠬᠤ ᠶ᠋ᠢ ᠪᠠᠳᠤᠯᠠᠨ᠂ ᠳᠤᠯᠠᠭᠠᠨ ᠤ᠋ ᠬᠡᠮᠵᠢᠶ᠎ᠠ ᠨᠢ ᠪᠠᠷᠢᠮᠵᠢᠶ᠎ᠠ ᠡᠴᠡ ᠬᠡᠳᠦᠷᠡᠬᠦ ᠪᠠᠢᠳᠠᠯ ᠡᠭᠦᠰᠭᠡᠵᠦ ᠪᠤᠯᠬᠤ ᠦᠭᠡᠢ; ᠰᠡᠷᠢᠭᠦᠨ ᠭᠠᠵᠠᠷ ᠲᠦ᠍ ᠬᠠᠳᠠᠭᠠᠯᠠᠬᠤ ᠴᠢᠬᠤᠯᠠ ᠲᠠᠢ ᠡᠮ ᠤ᠋ᠨ ᠵᠦᠢᠯᠡᠰ ᠢ᠋ ᠬᠦᠷᠭᠡᠬᠦ ᠳ᠋ᠡᠭᠡᠨ ᠳᠤᠯᠠᠭᠠᠨ ᠢ᠋ ᠲᠤᠰᠠᠭᠠᠷᠯᠠᠬᠤ᠂ ᠴᠢᠬᠢᠭ ᠡᠴᠡ ᠰᠡᠷᠭᠡᠢᠯᠡᠬᠦ᠂ ᠭᠡᠷᠡᠯ ᠢ᠋ ᠬᠠᠯᠬᠠᠯᠠᠬᠤ ᠪᠤᠭᠤᠳᠠᠯ ᠪᠠᠭᠯᠠᠭ᠎ᠠ ᠬᠡᠷᠡᠭᠯᠡᠬᠦ ᠶ᠋ᠢᠨ ᠬᠠᠮᠳᠤ ᠬᠦᠷᠭᠡᠬᠦ ᠶᠠᠪᠤᠴᠠ ᠳ᠋ᠠᠭᠠᠨ ᠪᠤᠷᠤᠭᠠᠨ ᠳ᠋ᠤ ᠨᠤᠷᠬᠤ᠂ ᠠᠭᠠᠬᠢᠮ᠎ᠠ ᠬᠠᠯᠠᠭᠤᠨ ᠪᠤᠶᠤ ᠬᠠᠬᠢᠷ ᠬᠦᠢᠳᠡᠨ ᠤᠷᠴᠢᠨ ᠳ᠋ᠤ ᠪᠠᠢᠯᠭᠠᠬᠤ ᠵᠢᠴᠢ ᠰᠢᠭᠤᠳ ᠨᠠᠷᠠᠨ ᠤ᠋ ᠭᠡᠷᠡᠯ ᠲᠤᠰᠬᠤ ᠵᠡᠷᠭᠡ ᠨᠠᠵᠠᠭᠠᠢ ᠨᠦᠯᠦᠭᠡ ᠪᠦᠬᠦᠢ ᠭᠠᠳᠠᠭᠠᠳᠦ ᠤᠷᠴᠢᠨ ᠡᠴᠡ ᠪᠦᠲᠦᠮᠵᠢᠳᠠᠢ ᠵᠠᠢᠯᠠᠰᠬᠢᠬᠦ ᠰᠡᠷᠭᠡᠢᠯᠡᠯᠳᠡ ᠶ᠋ᠢᠨ ᠠᠷᠭ᠎ᠠ ᠬᠡᠮᠵᠢᠶ᠎ᠠ ᠠᠪᠬᠤ ᠬᠡᠷᠡᠭᠳᠠᠢ᠃ ᠬᠡᠷᠪᠡ ᠡᠢᠨ ᠬᠦ᠌ ᠬᠠᠷᠠᠭᠠᠯᠵᠠᠭᠰᠠᠨ ᠠᠷᠭ᠎ᠠ ᠬᠡᠮᠵᠢᠶ᠎ᠠ ᠵᠢ ᠠᠪᠤᠭᠰᠠᠨ ᠦᠭᠡᠢ ᠪᠤᠯ ᠳᠤᠭᠳᠠᠭᠠᠯ ᠡᠴᠡ ᠵᠦᠷᠢᠴᠡᠭᠰᠡᠨ ᠠᠵᠢᠯᠯᠠᠭ᠎ᠠ ᠪᠤᠯᠵᠤ᠂ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠰᠠᠯᠠᠭ᠎ᠠ ᠮᠦᠴᠢᠷ ᠡᠴᠡ 《ᠡᠮ ᠤ᠋ᠨ ᠵᠦᠢᠯᠡᠰ ᠤ᠋ᠨ ᠬᠠᠮᠢᠶᠠᠷᠤᠯᠳᠠ ᠶ᠋ᠢᠨ ᠬᠠᠤᠯᠢ》 ᠶᠤᠰᠤᠭᠠᠷ ᠠᠵᠤ ᠠᠬᠤᠢᠯᠠᠯ ᠢ᠋ ᠲᠤᠭᠳᠠᠭᠰᠠᠨ ᠬᠤᠭᠤᠴᠠᠭᠠᠨ ᠳ᠋ᠤ ᠴᠡᠭᠴᠡᠯᠡᠨ ᠰᠠᠢᠵᠢᠷᠠᠭᠤᠯᠬᠤ ᠶ᠋ᠢ ᠵᠠᠷᠯᠢᠭᠳᠠᠬᠤ ᠶ᠋ᠢᠨ ᠬᠠᠮᠳᠤ ᠰᠡᠷᠡᠮᠵᠢᠯᠡᠭᠦᠯᠦᠯ ᠤᠯᠭᠤᠨ᠎ᠠ; ᠳᠤᠭᠳᠠᠭᠰᠠᠨ ᠬᠤᠭᠤᠴᠠᠭ᠎ᠠ ᠳ᠋ᠤ ᠦᠭᠡᠷᠡᠴᠢᠯᠡᠨ ᠵᠠᠯᠠᠷᠠᠭᠤᠯᠤᠭᠰᠠᠨ ᠦᠭᠡᠢ ᠪᠤᠯ ᠬᠠᠤᠯᠢ ᠶᠤᠰᠤᠭᠠᠷ ᠰᠢᠢᠳᠭᠡᠯ ᠤᠯᠭᠤᠨ᠎ᠠ ᠭᠡᠵᠦ ᠲᠤᠳᠤᠷᠬᠠᠢᠯᠠᠪᠠ᠃ ᠬᠢᠨᠠᠯᠳᠠ ᠬᠠᠮᠢᠶᠠᠷᠤᠯᠳᠠ ᠶ᠋ᠢᠨ ᠰᠠᠯᠠᠭ᠎ᠠ ᠮᠦᠴᠢᠷ ᠤ᠋ᠨ ᠬᠤᠪᠢ ᠳ᠋ᠤ᠂ ᠬᠤᠯᠪᠤᠭᠳᠠᠯ ᠪᠦᠬᠦᠢ ᠬᠠᠤᠯᠢ ᠳᠤᠭᠳᠠᠭᠠᠯ ᠤ᠋ᠨ ᠲᠤᠬᠠᠢ ᠤᠬᠠᠭᠤᠯᠭ᠎ᠠ ᠶ᠋ᠢ ᠴᠢᠩᠭᠠᠳᠬᠠᠨ᠂ ᠠᠵᠤ ᠠᠬᠤᠢᠯᠠᠯ ᠤ᠋ᠨ ᠬᠢᠨ ᠬᠠᠤᠯᠢ ᠳᠤᠭᠳᠠᠭᠠᠯ ᠢ᠋ ᠨᠠᠷᠢᠨ ᠮᠡᠳᠡᠬᠦ ᠦᠭᠡᠢ ᠡᠴᠡ ᠪᠤᠯᠵᠤ ᠳᠤᠭᠳᠠᠭᠠᠯ ᠢ᠋ ᠵᠦᠷᠢᠴᠡᠬᠦ ᠡᠴᠡ ᠰᠡᠷᠭᠡᠢᠯᠡᠬᠦ ᠶ᠋ᠢᠨ ᠬᠠᠮᠳᠤ ᠬᠦᠷᠭᠡᠬᠦ ᠭᠤᠭᠴᠤᠭ᠎ᠠ ᠶ᠋ᠢᠨ ᠪᠠᠢᠴᠠᠭᠠᠯᠳᠠ ᠶ᠋ᠢ ᠴᠢᠩᠭᠠᠳᠬᠠᠵᠤ᠂ ᠳᠤᠭᠳᠠᠭᠠᠯ ᠡᠴᠡ ᠵᠦᠷᠢᠴᠡᠭᠰᠡᠳ ᠢ᠋ ᠰᠢᠢᠳᠭᠡᠬᠦ ᠵᠢᠷᠦᠮ ᠢ᠋ ᠳᠦᠷᠢᠮᠵᠢᠭᠦᠯᠬᠦ ᠬᠡᠷᠡᠭᠳᠠᠢ ᠭᠡᠵᠦ ᠲᠤᠳᠤᠷᠬᠠᠢᠯᠠᠵᠠᠢ᠃

 

ᠢᠷᠡᠯᠲᠡ᠄ ᠦᠪᠦᠷ ᠮᠤᠩᠭᠤᠯ᠎ᠤᠨ ᠡᠳᠤᠷ᠎ᠤᠨ ᠰᠣᠨᠢᠨ