ᠲᠦᠷᠦᠭᠦᠭᠡᠨ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠵᠢᠯ ᠤ᠋ᠨ ᠨᠦᠯᠦᠭᠡᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠨᠡᠢᠭᠡᠮᠯᠢᠭ ᠬᠦᠬᠡᠬᠤᠳᠠᠳᠤ ᠪᠠᠢᠭᠤᠯᠤᠭᠳᠠᠪᠠ᠃
ᠣᠢᠯᠠᠭᠠᠭᠰᠠᠨ ᠵᠢᠠᠷ᠂ ᠲᠤᠰ ᠨᠡᠢᠭᠡᠮᠯᠢᠭ ᠤ᠋ᠨ ᠪᠠᠢᠭᠤᠯᠤᠭᠳᠠᠭᠰᠠᠨ ᠨᠢ ᠪᠦᠭᠦ ᠤᠷᠤᠨ ᠤ᠋ ᠠᠵᠢᠯ ᠤ᠋ᠨ ᠨᠦᠯᠦᠭᠡᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠠᠵᠢᠯ ᠰᠢᠨ᠎ᠡ ᠱᠠᠲᠤᠨ ᠳ᠋ᠤ᠌ ᠤᠷᠤᠭᠰᠠᠨ ᠢ᠋ ᠬᠠᠷᠠᠭᠤᠯᠵᠤ᠂ ᠲᠠᠷᠠᠴᠢᠯᠠᠨ ᠪᠦᠬᠦ ᠣᠷᠣᠨ ᠤ᠋ ᠠᠵᠢᠯ ᠤ᠋ᠨ ᠨᠦᠯᠦᠭᠡᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠬᠦᠷᠢᠶ᠎ᠡ ᠬᠡᠪᠴᠢᠶᠡᠨ ᠳ᠋ᠡᠬᠢ ᠡᠯ᠎ᠡ ᠲᠠᠯ᠎ᠠ ᠵᠢᠨ ᠬᠦᠴᠦᠨ ᠢ᠋ ᠨᠢᠭᠲᠠᠷᠠᠭᠤᠯᠤᠨ᠂ ᠠᠵᠢᠯ ᠤ᠋ᠨ ᠨᠦᠯᠦᠭᠡᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠦᠢᠯᠡᠰ ᠤ᠋ᠨ ᠬᠥᠭᠵᠢᠯᠲᠡ ᠵᠢ ᠬᠠᠮᠲᠤ ᠪᠠᠷ ᠠᠬᠢᠭᠤᠯᠵᠤ᠂ ᠥᠷᠭᠡᠨ ᠣᠯᠠᠨ ᠬᠥᠳᠡᠯᠮᠦᠷᠢᠴᠢᠨ ᠤ ᠡᠷᠡᠭᠦᠯ ᠮᠡᠨᠳᠦ ᠵᠢᠨ ᠡᠷᠬᠡ ᠠᠰᠢᠭ ᠢ᠋ ᠬᠠᠮᠠᠭᠠᠯᠠᠬᠤᠳᠤ ᠠᠬᠢᠭᠤᠯᠬᠤ ᠦᠢᠯᠡᠳᠤᠯ ᠦᠵᠡᠬᠦᠯᠬᠦ ᠪᠤᠯᠤᠨ᠎ᠠ᠃
ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠵᠢᠯ ᠤ᠋ᠨ ᠨᠦᠯᠦᠭᠡᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠨᠡᠢᠭᠡᠮᠯᠢᠭ ᠠᠵᠢᠯ ᠤ᠋ᠨ ᠨᠦᠯᠦᠭᠡᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠦᠢᠯᠡᠰ ᠲᠦ᠍ ᠦᠢᠯᠡᠴᠢᠯᠡᠭᠦ ᠪᠡᠷ ᠵᠣᠷᠢᠯᠲᠠ ᠪᠣᠯᠭᠠᠵᠤ᠂ ᠡᠷᠳᠡᠮ ᠰᠢᠨᠵᠢᠯᠡᠭᠡᠨ ᠤ᠋ ᠰᠣᠯᠢᠯᠴᠠᠭ᠎ᠠ᠂ ᠮᠡᠷᠭᠡᠵᠢᠯ ᠤ᠋ᠨ ᠪᠣᠯᠪᠠᠰᠤᠷᠠᠯ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢ᠋ ᠲᠦᠭᠡᠮᠡᠯᠵᠢᠭᠦᠯᠬᠦ ᠤᠬᠠᠭᠤᠯᠭ᠎ᠠ ᠵᠡᠷᠭᠡ ᠠᠵᠢᠯᠯᠠᠭ᠎ᠠ ᠵᠢ ᠢᠳᠡᠪᠬᠢᠲᠡᠢ ᠥᠷᠨᠢᠭᠦᠯᠵᠤ᠂ ᠰᠣᠯᠢᠯᠴᠠᠭᠠᠨ ᠤ᠋ ᠲᠠᠪᠴᠠᠩ ᠪᠠᠢᠭᠤᠯᠬᠤ ᠪᠠᠷ ᠳᠠᠮᠵᠢᠨ᠂ ᠪᠦᠷᠢᠯᠳᠤᠬᠦᠨ ᠨᠢᠭᠡᠴᠢ ᠵᠢᠨ ᠬᠣᠭᠣᠷᠣᠨᠳᠣᠬᠢ ᠬᠠᠮᠲᠤᠷᠠᠯᠴᠠᠭ᠎ᠠ ᠪᠣᠯᠤᠨ ᠬᠠᠷᠢᠯᠴᠠᠭ᠎ᠠ ᠵᠢ ᠠᠬᠢᠭᠤᠯᠵᠤ᠂ ᠠᠵᠢᠯ ᠤ᠋ᠨ ᠨᠦᠯᠦᠭᠡᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠬᠦᠷᠢᠶᠡᠨ ᠤ᠋ ᠮᠡᠷᠭᠡᠵᠢᠯ ᠤ᠋ᠨ ᠰᠢᠨ᠎ᠡ ᠵᠢ ᠡᠭᠦᠳᠬᠦ ᠪᠠ ᠦᠷ᠎ᠡ ᠪᠦᠲᠦᠭᠡᠯ ᠢ᠋ ᠬᠤᠪᠢᠷᠠᠭᠤᠯᠬᠤ ᠵᠢ ᠠᠬᠢᠭᠤᠯᠬᠤ ᠪᠤᠯᠤᠨ᠎ᠠ᠃ ᠡᠭᠦᠨ ᠤ᠋ ᠬᠠᠮᠲᠤ᠂ ᠲᠤᠰ ᠨᠡᠢᠭᠡᠮᠯᠢᠭ ᠪᠠᠰᠠ ᠬᠥᠭᠥᠷᠭᠡ ᠬᠣᠯᠪᠣᠭᠠᠰᠤ ᠵᠢᠨ ᠦᠢᠯᠡᠳᠦᠯ ᠢ᠋ ᠭᠦᠢᠴᠡᠳ ᠪᠠᠳᠠᠷᠠᠭᠤᠯᠵᠤ᠂ ᠠᠵᠢᠯ ᠲᠥᠷᠥᠯ ᠤ᠋ᠨ ᠬᠢᠨ ᠤ᠋ ᠬᠡᠷᠡᠭᠴᠡᠭᠡ ᠱᠠᠭᠠᠷᠳᠠᠯᠭ᠎ᠠ ᠵᠢ ᠴᠠᠭ ᠲᠤᠬᠠᠢ ᠳ᠋ᠤᠨᠢ ᠲᠤᠰᠬᠠᠵᠤ᠂ ᠵᠠᠰᠠᠭ ᠤ᠋ᠨ ᠣᠷᠳᠣᠨ ᠤ᠋ ᠰᠠᠯᠠᠭ᠎ᠠ ᠮᠥᠴᠢᠷ ᠤ᠋ᠨ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠲᠣᠭᠲᠠᠭᠠᠬᠤ ᠳ᠋ᠤ᠌ ᠯᠠᠪᠯᠠᠯᠲᠠ ᠦᠨᠳᠦᠰᠦᠯᠡᠯ ᠬᠠᠩᠭᠠᠬᠤ ᠪᠣᠯᠤᠨ᠎ᠠ᠃