— ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠰᠣᠨᠢᠨ ᠮᠡᠳᠡᠭᠡᠨ᠎ᠦ ᠠᠯᠪᠠᠨ ᠬᠡᠷ᠎ᠦᠨ ᠰᠣᠨᠢᠨ ᠮᠡᠳᠡᠭᠡ ᠨᠡᠢᠲᠡᠯᠡᠬᠦ᠌ ᠬᠤᠷᠠᠯ ᠮᠠᠨ ᠤ ᠤᠯᠤᠰ ᠤᠨ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ ᠤ ᠡᠮ ᠡᠮᠨᠡᠯᠭᠡ ᠶ᠋ᠢᠨ ᠳᠠᠭᠠᠳᠭᠠᠯ᠎ᠤᠨ ᠥᠭᠡᠷᠡᠴᠢᠯᠡᠯᠲᠡ ᠳ᠋ᠤ ᠠᠩᠬᠠᠷᠤᠯ ᠢᠶᠠᠨ ᠲᠥᠪᠯᠡᠷᠡᠭᠦᠯᠪᠡ
ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠰᠣᠨᠢᠨ ᠮᠡᠳᠡᠭᠡᠨ᠎ᠦ ᠠᠯᠪᠠᠨ ᠬᠡᠷ 24 ᠤ᠋ ᠡᠳᠦᠷ 《〈ᠠᠷᠪᠠᠨ ᠳᠥᠷᠪᠡᠳᠦᠭᠡᠷ ᠲᠠᠪᠤᠨ ᠵᠢᠯ〉᠎ᠤ᠋ᠨ ᠲᠥᠯᠥᠪᠵᠢᠭᠦᠯᠭᠡ᠎ᠶ᠋ᠢ ᠴᠢᠨᠠᠷ ᠰᠠᠢᠲᠠᠶ ᠪᠡᠶᠡᠯᠡᠭᠦᠯᠬᠦ᠌》 ᠱᠢᠷᠢᠰ ᠭᠤᠤᠯ ᠰᠡᠳᠦᠪᠲᠦ ᠰᠣᠨᠢᠨ ᠮᠡᠳᠡᠭᠡ ᠨᠡᠢᠲᠡᠯᠡᠬᠦ᠌ ᠬᠤᠷᠠᠯ ᠬᠤᠷᠠᠯᠳᠤᠭᠤᠯᠵᠤ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠬᠤᠯᠪᠤᠬᠳᠠᠯ ᠪᠥᠬᠥᠶ ᠬᠠᠷᠢᠭᠤᠴᠠᠯᠭᠠᠲᠠᠨ《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ ᠡᠮ ᠡᠮᠨᠡᠯᠭᠡ᠎ᠶ᠋ᠢᠨ ᠳᠠᠭᠠᠳᠭᠠᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠦᠶ᠋ᠯᠡᠴᠢᠯᠡᠬᠦ᠌ ᠬᠣᠯᠪᠣᠭ᠍ᠳᠠᠯ ᠪᠥᠬᠥᠶ ᠪᠠᠢᠳᠠᠯ᠎ᠢ ᠲᠠᠨᠢᠯᠴᠠᠭᠤᠯᠪᠠ᠃
ᠳᠡᠯᠡᠬᠡᠶ᠎ᠶ᠋ᠢᠨ ᠬᠠᠮᠤᠭ᠎ᠤᠨ ᠲᠣᠮᠣ ᠦᠨᠳᠦᠰᠦᠨ ᠡᠮᠴᠢᠯᠡᠭᠡᠨ ᠤ᠋ ᠪᠠᠲᠤᠯᠠᠭ᠎ᠠ ᠶ᠋ᠢᠨ ᠲᠣᠣᠷ ᠢ᠋ ᠲᠠᠰᠤᠷᠠᠯᠲᠠ ᠤᠢ᠍ᠭᠡᠢ ᠲᠡᠭᠦᠯᠳᠡᠷᠵᠢᠭᠦᠯᠪᠠ
《ᠪᠥᠬᠥ᠌ ᠤᠯᠤᠰ᠎ᠤᠨ ᠦᠨᠳᠦᠰᠦᠨ ᠡᠮ ᠡᠮᠨᠡᠯᠭᠡ᠎ᠶ᠋ᠢᠨ ᠳᠠᠭᠠᠳᠭᠠᠯ᠎ᠳᠤ ᠣᠷᠣᠯᠴᠠᠭ᠍ᠰᠠᠨ ᠨᠣᠷᠮ᠎ᠠ᠎ᠶ᠋ᠢ 95% ᠣᠷᠴᠢᠮ᠎ᠳᠤ ᠲᠣᠭ᠍ᠲᠠᠪᠤᠷᠢᠵᠢᠭᠤᠯᠵᠤ᠂ 2024 ᠣᠨ᠎ᠳᠤ ᠪᠥᠬᠥ᠌ ᠤᠯᠤᠰ᠎ᠤᠨ ᠦᠨᠳᠦᠰᠦᠨ ᠡᠮ ᠡᠮᠨᠡᠯᠭᠡ᠎ᠶ᠋ᠢᠨ ᠳᠠᠭᠠᠳᠭᠠᠯ᠎ᠳᠤ ᠣᠷᠣᠯᠴᠠᠭ᠍ᠰᠠᠨ ᠬᠥᠮᠦᠨ᠎ᠦ ᠲᠣᠭ᠎ᠠ 13.27 ᠳ᠋ᠦᠩᠱᠢᠭᠤᠷ᠎ᠲᠤ ᠬᠦᠷᠴᠡᠶ᠃ ᠤᠯᠤᠰ᠎ᠤᠨ ᠡᠮᠴᠢᠯᠡᠭᠡᠨ ᠤ᠋ ᠪᠠᠳᠤᠯᠠᠭ᠎ᠠ ᠵᠢᠨ ᠲᠣᠪᠴᠢᠶ᠎ᠠ ᠵᠢᠨ ᠳᠠᠷᠤᠭ᠎ᠠ ᠵᠠᠩ ᠺᠸ᠂ 2021 ᠣᠨ᠎ᠡᠴᠡ 2024 ᠣᠨ ᠪᠣᠯᠲᠠᠯ᠎ᠠ ᠨᠡᠢᠲᠡ 200 ᠳ᠋ᠦᠩᠱᠢᠭᠤᠷ ᠱᠢᠬᠠᠮ ᠬᠥᠮᠦᠨ ᠤᠳᠠᠭ᠎ᠠ ᠡᠮ ᠡᠮᠨᠡᠯᠭᠡ᠎ᠶ᠋ᠢᠨ ᠳᠠᠭᠠᠳᠭᠠᠯ᠎ᠤᠨ ᠲᠠᠩᠰᠠ ᠲᠠᠢᠯᠬᠤ ᠬᠠᠷᠠᠭᠠᠯᠵᠠᠯ᠎ᠢ ᠭᠥᠷᠳᠡᠵᠠᠢ ᠭᠡᠵᠤ ᠲᠠᠨᠢᠯᠴᠠᠭᠤᠯᠪᠠ᠃
ᠤᠯᠤᠰ᠎ᠤᠨ ᠡᠮᠴᠢᠯᠡᠭᠡᠨ ᠤ᠋ ᠪᠠᠳᠤᠯᠠᠭ᠎ᠠ ᠵᠢᠨ ᠲᠣᠪᠴᠢᠶ᠎ᠠ᠎ᠶ᠋ᠢᠨ ᠳᠡᠳ᠋ ᠳᠠᠷᠤᠭ᠎ᠠ ᠯᠢ ᠲᠤᠤ᠂ 《ᠠᠷᠪᠠᠨ ᠳᠥᠷᠪᠡᠳᠦᠭᠡᠷ ᠲᠠᠪᠤᠨ ᠵᠢᠯ》᠎ᠡᠴᠡ ᠨᠠᠭᠠᠰᠢ᠂ ᠡᠯ᠎ᠠ ᠭᠠᠵᠠᠷ ᠤ᠋ᠨ᠎ᠬᠢᠨ ᠡᠮᠴᠢᠯᠡᠭᠡᠨ ᠤ᠋ ᠠᠪᠤᠷᠠᠨ ᠲᠤᠰᠠᠯᠠᠬᠤ ᠠᠷᠭ᠎ᠠ ᠵᠠᠮ᠎ᠢᠶᠠᠷ ᠳᠡᠮᠵᠢᠨ 3.5 ᠳ᠋ᠦᠩᠱᠢᠭᠤᠷ ᠬᠥᠮᠦᠨ ᠤᠳᠠᠭ᠎ᠠ ᠵᠢᠨ ᠬᠦᠴᠢᠷᠳᠡᠯᠲᠡᠶ ᠣᠯᠠᠨ ᠲᠦᠮᠡᠨ᠎ᠢ ᠲᠤᠰᠠᠯᠠᠨ ᠳᠠᠭᠠᠳᠭᠠᠯ᠎ᠳᠤ ᠣᠷᠣᠯᠴᠠᠭᠤᠯᠵᠤ᠂ ᠬᠥᠳᠡᠭᠡ ᠲᠣᠰᠭᠣᠨ᠎ᠤ ᠣᠷᠣᠯᠭ᠎ᠠ ᠪᠠᠭᠠᠲᠠᠶ ᠬᠥᠮᠦᠨ ᠠᠮᠠ ᠪᠣᠯᠤᠨ ᠶᠠᠳᠠᠭᠤ᠎ᠡᠴᠡ ᠠᠩᠭᠢᠵᠢᠷᠠᠭ᠍ᠰᠠᠨ ᠬᠥᠮᠦᠨ ᠠᠮᠠ᠎ᠶ᠋ᠢᠨ ᠳᠠᠭᠠᠳᠭᠠᠯ᠎ᠳᠤ ᠣᠷᠣᠯᠴᠠᠭ᠍ᠰᠠᠨ ᠨᠣᠷᠮ᠎ᠠ᠎ᠶ᠋ᠢ ᠢᠮᠠᠭ᠍ᠲᠠ 99% ᠡᠴᠡ ᠳᠡᠭᠡᠭ᠌ᠰᠢ᠎ᠳᠦ ᠲᠣᠭ᠍ᠲᠠᠪᠤᠷᠢᠵᠢᠭᠤᠯᠵᠤ᠂ ᠡᠮ ᠡᠮᠨᠡᠯᠭᠡ᠎ᠶ᠋ᠢᠨ ᠳᠠᠭᠠᠳᠭᠠᠯ᠎ᠢᠶᠠᠷ ᠬᠠᠪᠰᠤᠷᠤᠨ ᠲᠡᠳᠬᠦᠬᠦ᠌ ᠡᠯ᠎ᠡ ᠵᠦᠶ᠋ᠯ᠎ᠦᠨ ᠲᠥᠷᠥ᠎ᠶ᠋ᠢᠨ ᠪᠣᠳᠣᠯᠭ᠎ᠠ᠎ᠨᠢ ᠬᠥᠳᠡᠭᠡ ᠲᠣᠰᠭᠣᠨ᠎ᠤ ᠬᠦᠴᠢᠷᠳᠡᠯᠲᠡᠶ ᠣᠯᠠᠨ ᠲᠦᠮᠡᠨ᠎ᠦ ᠡᠪᠡᠳᠴᠢᠨ ᠦᠵᠡᠭᠦᠯᠬᠦ᠌᠎ᠳᠦ 6.73 ᠳ᠋ᠦᠩᠱᠢᠭᠤᠷ ᠬᠥᠮᠦᠨ ᠤᠳᠠᠭ᠎ᠠ ᠳ᠋ᠤ ᠠᠱᠢᠭ ᠬᠦᠷᠲᠡᠭᠡᠵᠠᠢ ᠭᠡᠵᠤ ᠲᠠᠨᠢᠯᠴᠠᠭᠤᠯᠪᠠ᠃
《ᠨᠠᠰᠤᠲᠠᠢᠴᠤᠳ ᠪᠠ ᠨᠢᠯᠬᠠᠰ》 ᠲᠤ᠌ ᠠᠩᠬᠠᠷᠤᠯ᠎ᠢᠶᠠᠨ ᠲᠥᠪᠯᠡᠷᠡᠭᠦᠯᠵᠦ᠍᠂ ᠡᠮ ᠡᠮᠨᠡᠯᠭᠡ᠎ᠶ᠋ᠢᠨ ᠳᠠᠭᠠᠳᠭᠠᠯ᠎ᠨᠢ ᠲᠥᠷᠥ᠎ᠶ᠋ᠢᠨ ᠪᠣᠳᠣᠯᠭ᠎ᠠ᠎ᠶ᠋ᠢᠨ ᠪᠠᠲᠤᠯᠠᠭ᠎ᠠ᠂ ᠦᠶ᠋ᠯᠡᠴᠢᠯᠡᠭᠡ᠎ᠶ᠋ᠢ ᠱᠢᠯᠢᠳᠡᠭ᠌ᠵᠢᠭᠦᠯᠬᠦ᠌ ᠵᠡᠷᠭᠡ ᠲᠠᠯ᠎ᠠ᠎ᠪᠠᠷ ᠠᠯᠢ ᠣᠯᠠᠨ ᠠᠷᠭ᠎ᠠ ᠬᠡᠮᠵᠢᠶ᠎ᠡ ᠠᠪᠴᠤ᠌᠂ ᠬᠦᠷᠲᠡᠮᠵᠢ᠎ᠶ᠋ᠢᠨ ᠲᠥᠷᠥᠭ᠌ᠳᠡᠯ ᠪᠠ ᠵᠢᠷᠭᠠᠯᠲᠤ ᠲᠥᠷᠥᠭ᠌ᠳᠡᠯ᠎ᠢ ᠨᠢ ᠨᠡᠮᠡᠭ᠌ᠳᠡᠭᠦᠯᠪᠡ᠃
《ᠨᠢᠯᠬᠠᠰ》 ᠢ᠋ ᠰᠠᠢᠲᠤᠷ ᠬᠠᠮᠠᠭᠠᠯᠠᠵᠤ᠂ ᠦᠷᠡᠵᠢᠯ᠎ᠦᠨ ᠳᠠᠭᠠᠳᠭᠠᠯ ᠢ ᠲᠠᠰᠤᠷᠠᠯᠲᠠ ᠥᠬᠡᠶ ᠴᠢᠩᠭᠠᠳᠭᠠᠪᠠ᠃ 2025 ᠣᠨ᠎ᠤ 6 ᠰᠠᠷ᠎ᠠ ᠪᠣᠯᠲᠠᠯ᠎ᠠ᠂ 2.53 ᠳ᠋ᠦᠩᠱᠢᠭᠤᠷ ᠬᠥᠮᠦᠨ ᠦᠷᠡᠵᠢᠯ᠎ᠦᠨ ᠳᠠᠭᠠᠳᠭᠠᠯ᠎ᠳᠤ ᠣᠷᠣᠯᠴᠠᠵᠤ᠂ ᠬᠠᠷᠠᠭᠠᠯᠵᠠᠯ ᠭᠥᠷᠳᠡᠭ᠌ᠰᠡᠨ ᠬᠥᠮᠦᠨ᠎ᠦ ᠲᠣᠭ᠎ᠠ 9600 ᠲᠦᠮᠡᠨ ᠬᠥᠮᠦᠨ ᠤᠳᠠᠭ᠎ᠠ᠎ᠶ᠋ᠢ ᠳᠠᠪᠠᠪᠠ; 《ᠰᠠᠶᠢ ᠲᠦᠷᠦᠭᠰᠡᠨ ᠭᠡᠤᠭᠡᠳ ᠤ᠋ᠨ ᠬᠤᠯᠪᠤᠬᠳᠠᠯ ᠪᠦᠬᠦᠢ ᠶᠠᠪᠤᠳᠠᠯ》 ᠢ᠋ ᠱᠢᠯᠢᠳᠡᠭ᠌ᠵᠢᠭᠦᠯᠵᠤ᠂ ᠨᠢᠷᠠᠶ ᠬᠡᠦᠬᠡᠳ ᠳᠦᠷᠦᠯᠲᠡ᠎ᠶ᠋ᠢᠨ ᠠᠨᠠᠭᠠᠬᠤ ᠤᠬᠠᠭᠠᠨ᠎ᠤ ᠭᠡᠷᠡᠴᠢ᠎ᠪᠡᠷ᠎ᠢᠶᠡᠨ ᠳᠠᠭᠠᠳᠭᠠᠯ᠎ᠳᠤ ᠣᠷᠣᠯᠴᠠᠬᠤ ᠪᠤᠯᠪᠠ; ᠬᠡᠦᠬᠡᠳ᠎ᠦᠨ ᠰᠠᠯᠠᠭᠠᠬᠥᠩᠭᠡᠵᠢᠭᠦᠯᠬᠦ᠌ ᠰᠠᠯᠠᠭ᠎ᠠ᠎ᠶ᠋ᠢ ᠱᠢᠯᠢᠳᠡᠭ᠌ᠵᠢᠭᠦᠯᠬᠦ᠌ ᠦᠶ᠋ᠯᠡᠴᠢᠯᠡᠭᠡ᠎ᠶ᠋ᠢ ᠠᠬᠢᠭᠤᠯᠵᠤ᠂ ᠭᠠᠷᠴᠠᠭ᠎ᠤᠨ ᠳᠣᠲᠣᠷᠠᠬᠢ ᠬᠥᠩᠭᠡᠵᠢᠯ᠎ᠦᠨ ᠡᠮᠴᠢᠯᠡᠭᠡᠨ᠎ᠦ ᠵᠠᠷᠤᠳᠠᠯ᠎ᠢ ᠪᠦᠬᠦᠨ᠎ᠢ ᠲᠠᠩᠰᠠ ᠲᠠᠢᠯᠬᠤ᠎ᠶ᠋ᠢ ᠢᠳᠡᠪᠬᠢᠲᠡᠶ ᠠᠬᠢᠭᠤᠯᠪᠠ᠃
《ᠨᠠᠰᠤᠲᠠᠢᠴᠤᠳ》᠎ᠢ᠋ ᠰᠠᠢᠲᠤᠷ ᠬᠠᠷᠠᠭᠠᠯᠵᠠᠵᠤ᠂ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠲᠦᠷᠢᠮ ᠪᠠᠢᠭᠤᠯᠬᠤ᠎ᠶ᠋ᠢ ᠢᠳᠡᠪᠬᠢᠲᠡᠶ ᠠᠬᠢᠭᠤᠯᠪᠠ᠃ 2024 ᠣᠨ᠎ᠤ ᠰᠡᠬᠦᠯᠴᠢ ᠪᠣᠯᠲᠠᠯ᠎ᠠ᠂ 1.9 ᠳ᠋ᠦᠩᠱᠢᠭᠤᠷ ᠬᠥᠮᠦᠨ ᠤᠷᠲᠤ ᠬᠤᠭᠤᠴᠠᠭᠠᠨ᠎ᠤ ᠬᠠᠮᠠᠭᠠᠯᠠᠯᠲᠠ᠎ᠳᠤ ᠣᠷᠣᠯᠴᠠᠪᠠ; ᠡᠮᠨᠡᠯᠭᠡ᠎ᠳᠦ ᠰᠠᠭᠤᠬᠤ᠎ᠳᠤ ᠳᠠᠭᠠᠵᠤ ᠰᠤᠪᠢᠯᠠᠬᠤ᠎ᠡᠴᠡ ᠭᠡᠯᠳᠦᠷᠢᠭᠦᠯᠬᠦ᠌ ᠦᠶ᠋ᠯᠡᠴᠢᠯᠡᠭᠡ᠎ᠶ᠋ᠢ ᠠᠬᠢᠭᠤᠯᠵᠤ᠂ ᠰᠤᠪᠢᠯᠠᠬᠤ ᠡᠬᠢ ᠪᠠᠶᠠᠯᠢᠭ᠎ᠢ ᠱᠢᠯᠢᠳᠡᠭ᠌ᠵᠢᠭᠦᠯᠦᠨ ᠳᠣᠭᠢᠷᠠᠭᠤᠯᠬᠤ᠎ᠶ᠋ᠢ ᠬᠥᠲᠥᠯᠦᠨ ᠵᠢᠯᠣᠭᠣᠳᠪᠠ; 95% ᠡᠴᠡ ᠳᠡᠭᠡᠭ᠌ᠰᠢᠬᠢ ᠲᠣᠰᠭᠣᠨ᠎ᠤ ᠡᠷᠡᠭᠦᠯ ᠬᠠᠮᠠᠭᠠᠯᠠᠯ᠎ᠤᠨ ᠲᠠᠰᠤᠭ᠎ᠢ ᠡᠮ ᠡᠮᠨᠡᠯᠭᠡ ᠵᠢᠨ ᠳᠠᠭᠠᠳᠭᠠᠯ᠎ᠳᠤ ᠣᠷᠣᠭᠤᠯᠵᠤ᠂ ᠨᠠᠰᠤᠲᠠᠢᠴᠤᠳ᠎ᠤᠨ ᠭᠡᠷ ᠤ᠋ᠨ ᠡᠭᠦᠳᠡᠨ᠎ᠳᠡᠭᠡᠨ ᠡᠪᠡᠳᠴᠢᠨ᠎ᠢᠶᠡᠨ ᠦᠵᠡᠭᠦᠯᠬᠦ᠌᠎ᠳᠦ ᠲᠥᠬᠥᠮ ᠦᠵᠡᠭᠦᠯᠪᠠ᠃
ᠲᠣᠭ᠎ᠠ ᠪᠠᠷᠢᠮᠲᠠ᠎ᠳᠤ ᠬᠠᠷᠠᠭᠤᠯᠤᠬᠰᠡᠨ᠎ᠢᠶᠡᠷ᠂ 《ᠠᠷᠪᠠᠨ ᠳᠥᠷᠪᠡᠳᠦᠭᠡᠷ ᠲᠠᠪᠤᠨ ᠵᠢᠯ》᠎ᠡᠴᠡ ᠨᠠᠭᠠᠰᠢ᠂ ᠡᠮ ᠡᠮᠨᠡᠯᠭᠡ ᠵᠢᠨ ᠳᠠᠭᠠᠳᠭᠠᠯ᠎ᠤᠨ ᠰᠠᠭᠤᠷᠢ ᠮᠥᠩᠭᠥ᠎ᠶ᠋ᠢᠨ ᠵᠠᠷᠤᠯᠭ᠎ᠠ ᠨᠡᠢᠲᠡ 12.13 ᠲᠦᠮᠡᠨ ᠳ᠋ᠦᠩᠱᠢᠭᠤᠷ ᠲᠥᠭᠥᠷᠢᠭ᠎ᠲᠦ ᠬᠦᠷᠴᠦ᠍᠂ ᠵᠢᠯ ᠳᠤᠮᠳᠠᠴᠢ᠎ᠶ᠋ᠢᠨ ᠨᠡᠮᠡᠭ᠌ᠳᠡᠯ᠎ᠦᠨ ᠬᠤᠷᠳᠤᠴᠠ᠎ᠨᠢ 9.1% ᠪᠣᠯᠵᠠᠶ᠃
12.13 ᠲᠦᠮᠡᠨ ᠳ᠋ᠦᠩᠱᠢᠭᠤᠷ ᠲᠥᠭᠥᠷᠢᠭ᠎ᠨᠢ ᠥᠷᠭᠡᠨ ᠣᠯᠠᠨ ᠠᠷᠠᠳ ᠲᠦᠮᠡᠨ᠎ᠦ ᠡᠪᠡᠳᠴᠢᠨ ᠦᠵᠡᠭᠦᠯᠵᠦ᠍ ᠲᠠᠩᠰᠠ ᠲᠠᠢᠯᠬᠤ᠎ᠳᠤ ᠪᠠᠲᠤ ᠪᠠᠬᠢ ᠪᠠᠯᠠ ᠮᠥᠩᠭᠥ᠎ᠶ᠋ᠢᠨ ᠪᠠᠲᠤᠯᠠᠭ᠎ᠠ ᠬᠠᠩᠭᠠᠭ᠍ᠰᠠᠨ ᠪᠥᠭᠡᠳ ᠪᠠᠰᠠ ᠡᠮ ᠡᠮᠨᠡᠯᠭᠡ ᠵᠢᠨ ᠳᠠᠭᠠᠳᠭᠠᠯ᠎ᠤᠨ ᠦᠨᠡᠨ ᠪᠣᠳᠠᠲᠠᠶ ᠪᠠᠢᠯᠳᠤᠬᠤ ᠪᠣᠳᠣᠯᠭ᠎ᠠ᠎ᠶ᠋ᠢᠨ ᠬᠤᠳᠠᠯᠳᠤᠨ ᠠᠪᠤᠯᠲᠠ᠎ᠪᠠᠷ ᠳᠠᠮᠵᠢᠭᠤᠯᠤᠨ᠂ ᠡᠮᠴᠢᠯᠡᠭᠡᠨ ᠤ᠋ ᠠᠵᠢᠯ ᠲᠥᠷᠥᠯ᠎ᠦᠨ ᠬᠥᠭ᠌ᠵᠢᠯᠲᠡ᠂ ᠡᠮᠴᠢᠯᠡᠭᠡᠨ ᠤ᠋ ᠮᠡᠷᠭᠡᠵᠢᠯ᠎ᠦᠨ ᠳᠠᠪᠱᠢᠯᠲᠠ᠂ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌᠎ᠳᠦ ᠬᠦᠴᠦᠲᠡᠶ ᠳᠡᠮᠵᠢᠯᠭᠡ ᠬᠠᠩᠭᠠᠪᠠ᠃
ᠵᠠᠩ ᠺᠸ᠂ 《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠡᠮ ᠡᠮᠨᠡᠯᠭᠡ᠎ᠶ᠋ᠢᠨ ᠳᠠᠭᠠᠳᠭᠠᠯ᠎ᠤᠨ ᠱᠢᠨ᠎ᠡ ᠶ᠋ᠢ ᠡᠭᠦᠳᠬᠦ᠌ ᠡᠮᠳᠡᠬᠢ ᠵᠠᠷᠤᠯᠭ᠎ᠠ ᠶᠡᠬᠡᠪᠡᠷ ᠨᠡᠮᠡᠭ᠌ᠳᠡᠵᠦ᠍᠂ 2024 ᠣᠨ᠎ᠤ ᠵᠠᠷᠤᠯᠭ᠎ᠠ 2020 ᠣᠨ᠎ᠤ ᠬᠢ᠎ᠡᠴᠡ 3.9 ᠲᠠᠬᠢᠨ ᠨᠡᠮᠡᠭ᠌ᠳᠡᠵᠦ᠍᠂ ᠵᠢᠯ ᠳᠤᠮᠳᠠᠴᠢ᠎ᠶ᠋ᠢᠨ ᠨᠡᠮᠡᠭ᠌ᠳᠡᠯ᠎ᠦᠨ ᠬᠤᠷᠳᠤᠴᠠ 40% ᠳ᠋ᠤ ᠬᠦᠷᠴᠡᠢ ᠭᠡᠵᠤ ᠲᠠᠨᠢᠯᠴᠠᠭᠤᠯᠪᠠ᠃
ᠡᠪᠡᠳᠴᠢᠨ ᠦᠵᠡᠭᠦᠯᠬᠦ᠌ ᠳᠠᠷᠤᠭᠠᠰᠤ᠎ᠶ᠋ᠢ ᠦᠨᠡᠨ ᠬᠦ᠌ ᠬᠥᠩᠭᠡᠷᠡᠭᠦᠯᠪᠠ
ᠠᠷᠠᠳ ᠣᠯᠠᠨ᠎ᠤ ᠡᠪᠡᠳᠴᠢᠨ ᠦᠵᠡᠭᠦᠯᠬᠦ᠌ ᠳᠠᠷᠤᠭᠠᠰᠤ᠎ᠶ᠋ᠢ ᠬᠥᠩᠭᠡᠷᠡᠭᠦᠯᠬᠦ᠌ ᠪᠣᠯ ᠡᠮ ᠡᠮᠨᠡᠯᠭᠡ᠎ᠶ᠋ᠢᠨ ᠳᠠᠭᠠᠳᠭᠠᠯ᠎ᠤᠨ《ᠵᠠᠪᠠᠯ ᠬᠠᠷᠢᠭᠤᠯᠬᠤ ᠰᠡᠳᠦᠪ》ᠮᠥᠨ᠃ ᠰᠣᠨᠢᠨ ᠮᠡᠳᠡᠭᠡ ᠨᠡᠢᠲᠡᠯᠡᠬᠦ᠌ ᠬᠤᠷᠠᠯ ᠳᠡᠭᠡᠷ᠎ᠡ᠂ ᠨᠢᠭᠡ ᠪᠦᠯᠦᠭ ᠲᠣᠭ᠎ᠠ ᠪᠠᠷᠢᠮᠲᠠ ᠨᠤᠭᠤᠳ ᠦᠨᠡᠨ ᠪᠣᠳᠠᠲᠠᠶ ᠦᠷ᠎ᠡ ᠪᠦᠲᠦᠮᠵᠢ᠎ᠶ᠋ᠢ ᠬᠠᠷᠠᠭᠤᠯᠪᠠ᠄
《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠡᠯ᠎ᠡ ᠵᠦᠶ᠋ᠯ ᠦᠨ ᠡᠮ ᠡᠮᠨᠡᠯᠭᠡ᠎ᠶ᠋ᠢᠨ ᠳᠠᠭᠠᠳᠭᠠᠯ᠎ᠢᠶᠠᠷ ᠬᠠᠪᠰᠤᠷᠤᠨ ᠲᠡᠳᠬᠦᠬᠦ᠌ ᠲᠥᠷᠥ ᠶ᠋ᠢᠨ ᠪᠣᠳᠣᠯᠭ᠎ᠠ᠎ᠨᠢ ᠬᠥᠳᠡᠭᠡ ᠲᠣᠰᠭᠣᠨ᠎ᠤ ᠣᠷᠣᠯᠭ᠎ᠠ ᠪᠠᠭᠠᠲᠠᠶ ᠬᠥᠮᠦᠨ ᠠᠮᠠ᠎ᠶ᠋ᠢᠨ ᠵᠠᠷᠤᠳᠠᠯ᠎ᠤᠨ ᠳᠠᠷᠤᠭᠠᠰᠤ᠎ᠶ᠋ᠢ ᠨᠡᠢᠲᠡ 6500 ᠳ᠋ᠦᠩᠱᠢᠭᠤᠷ ᠲᠥᠭᠥᠷᠢᠭ ᠬᠥᠩᠭᠡᠷᠡᠭᠦᠯᠪᠡ; ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠨᠢ ᠨᠡᠢᠲᠡ 200 ᠲᠦᠮᠡ ᠭᠠᠷᠤᠶ ᠴᠢᠳᠠᠪᠤᠷᠢ᠎ᠪᠠᠨ ᠠᠯᠳᠠᠭ᠍ᠰᠠᠨ ᠣᠯᠠᠨ ᠲᠦᠮᠡᠨ᠎ᠳᠦ ᠠᠱᠢᠭ ᠬᠦᠷᠲᠡᠭᠡᠵᠦ᠍᠂ ᠣᠯᠠᠨ ᠲᠦᠮᠡᠨ᠎ᠦ ᠰᠤᠪᠢᠯᠠᠯᠲᠠ᠎ᠶ᠋ᠢᠨ ᠦᠶ᠋ᠯᠡᠴᠢᠯᠡᠭᠡᠨ᠎ᠦ ᠵᠠᠷᠤᠳᠠᠯ᠎ᠤᠨ ᠳᠠᠷᠤᠭᠠᠰᠤ᠎ᠶ᠋ᠢ 500 ᠳ᠋ᠦᠩᠱᠢᠭᠤᠷ ᠲᠥᠭᠥᠷᠢᠭ ᠬᠥᠩᠭᠡᠷᠡᠭᠦᠯᠪᠡ;4 ᠵᠢᠯ ᠭᠠᠷᠤᠶ᠎ᠶ᠋ᠢᠨ ᠲᠤᠷᠰᠢ᠂ ᠪᠥᠬᠥ᠌ ᠤᠯᠤᠰ᠎ᠤᠨ ᠮᠤᠵᠢ ᠠᠯᠤᠰᠯᠠᠨ ᠤᠨᠳᠤᠤ ᠭᠠᠵᠠᠷ᠎ᠲᠤ ᠡᠮᠨᠡᠭᠦᠯᠦᠭ᠌ᠰᠡᠨ ᠵᠠᠷᠤᠳᠠᠯ᠎ᠢ ᠱᠢᠭᠤᠳ ᠲᠡᠰᠦᠯᠦᠨ ᠪᠤᠳᠤᠬᠤ ᠶᠠᠪᠤᠳᠠᠯ ᠨᠢ ᠳᠠᠭᠠᠳᠭᠠᠯ᠎ᠳᠤ ᠣᠷᠣᠯᠴᠠᠭ᠍ᠰᠠᠨ ᠣᠯᠠᠨ ᠲᠦᠮᠡᠨ᠎ᠦ ᠣᠷᠣᠯᠠᠨ ᠳᠥᠯᠥᠬᠦ᠌ ᠪᠠᠯᠠ ᠮᠥᠩᠭᠥ᠎ᠶ᠋ᠢ ᠨᠡᠢᠲᠡ 5900 ᠳ᠋ᠦᠩᠱᠢᠭᠤᠷ ᠲᠥᠭᠥᠷᠢᠭ ᠪᠠᠭᠠᠰᠭᠠᠪᠠ᠃
ᠣᠯᠠᠨ ᠲᠦᠮᠡᠨ᠎ᠦ ᠡᠮ ᠬᠡᠷᠡᠭ᠌ᠯᠡᠬᠦ᠌ ᠶᠠᠰᠤ ᠴᠢᠨᠠᠷ ᠪᠠ ᠪᠣᠯᠤᠮᠵᠢᠲᠤ ᠴᠢᠨᠠᠷ᠎ᠤᠨ ᠪᠦᠬᠦᠯᠢ ᠴᠣᠭ᠍ᠴᠠ᠎ᠶ᠋ᠢᠨ ᠳᠡᠭᠡᠭ᠌ᠰᠢᠯᠡᠯᠲᠡ᠎ᠶ᠋ᠢ ᠠᠬᠢᠭᠤᠯᠬᠤ᠎ᠶ᠋ᠢᠨ ᠲᠥᠯᠥᠭᠡ᠂《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ ᠨᠡᠢᠲᠡ 402 ᠵᠦᠶ᠋ᠯ᠎ᠦᠨ ᠡᠮ᠎ᠦᠨ ᠵᠦᠶ᠋ᠯᠡᠰ᠎ᠢ ᠭᠠᠷᠴᠠᠭ᠎ᠲᠤ ᠣᠷᠣᠭᠤᠯᠪᠠ; 2018 ᠣᠨ᠎ᠡᠴᠡ ᠨᠠᠭᠠᠰᠢ᠂ ᠤᠯᠤᠰ᠎ᠡᠴᠡ ᠨᠢᠭᠡᠨᠲᠡ 10 ᠪᠦᠯᠦᠭ ᠡᠮ᠎ᠦᠨ ᠵᠦᠶ᠋ᠯᠡᠰ᠎ᠢ ᠴᠤᠭ᠍ᠯᠠᠭᠤᠯᠵᠤ᠂ 435 ᠵᠦᠶ᠋ᠯ᠎ᠦᠨ ᠡᠮ᠎ᠦᠨ ᠵᠦᠶ᠋ᠯᠡᠰ᠎ᠢ ᠬᠠᠮᠤᠷᠴᠠᠢ᠃
ᠡᠮ᠎ᠦᠨ ᠵᠦᠶ᠋ᠯᠡᠰ᠎ᠦᠨ ᠦᠨ᠎ᠡ ᠬᠠᠩᠰᠢ᠎ᠨᠢ ᠣᠯᠠᠨ ᠲᠦᠮᠡᠨ᠎ᠦ ᠡᠪᠡᠳᠴᠢᠨ ᠦᠵᠡᠭᠦᠯᠬᠦ᠌ ᠵᠠᠷᠤᠳᠠᠯ᠎ᠢ ᠱᠢᠭᠤᠳ ᠨᠥᠯᠥᠭᠡᠯᠡᠨ᠎ᠡ᠃ ᠤᠯᠤᠰ᠎ᠤᠨ ᠡᠮ ᠡᠮᠨᠡᠯᠭᠡ᠎ᠶ᠋ᠢᠨ ᠳᠠᠭᠠᠳᠭᠠᠯ᠎ᠤᠨ ᠲᠣᠪᠴᠢᠶ᠎ᠠ ᠵᠢᠨ ᠳᠡᠳ᠋ ᠳᠠᠷᠤᠭ᠎ᠠ ᠱ᠌ᠢ ᠽᠢ ᠬᠠᠶ᠂ ᠨᠡᠢᠳᠡᠮ ᠬᠡᠷᠡᠭ᠌ᠯᠡᠬᠦ᠌ ᠨᠡᠷ᠎ᠡ᠂ ᠦᠶ᠋ᠯᠡᠳᠪᠦᠷᠢ᠎ᠶ᠋ᠢᠨ ᠫᠠᠢᠰᠠ᠂ ᠡᠮ᠎ᠦᠨ ᠬᠡᠯᠪᠡᠷᠢ᠂ ᠬᠡᠪ ᠪᠠᠷᠢᠮᠵᠢᠶ᠎ᠠ᠎ᠨᠢ ᠴᠥᠮ ᠠᠳᠠᠯᠢ 《ᠳᠥᠷᠪᠡᠨ ᠠᠳᠠᠯᠢ》 ᠡᠮ ᠦᠨ ᠵᠦᠶ᠋ᠯᠡᠰ᠎ᠦᠨ ᠦᠨ᠎ᠡ ᠬᠠᠩᠰᠢ᠎ᠶ᠋ᠢᠨ ᠵᠠᠰᠠᠯᠲᠠ᠎ᠶ᠋ᠢ ᠵᠣᠬᠢᠶᠠᠨ ᠪᠠᠢᠭᠤᠯᠵᠤ ᠥᠷᠨᠢᠭᠦᠯᠬᠦ᠌ ᠪᠡᠷ ᠳᠠᠮᠵᠢᠭᠤᠯᠤᠨ᠂ 2.7 ᠲᠦᠮᠡ ᠭᠠᠷᠤᠶ ᠡᠮ᠎ᠦᠨ ᠵᠦᠶ᠋ᠯᠡᠰ᠎ᠦᠨ ᠦᠨ᠎ᠡ ᠬᠠᠩᠰᠢ᠎ᠶ᠋ᠢ ᠵᠢᠷᠤᠮᠵᠢᠭᠤᠯᠵᠠᠢ ᠭᠡᠵᠤ ᠲᠠᠨᠢᠯᠴᠠᠭᠤᠯᠪᠠ᠃
《ᠪᠢᠳᠡ ᠶᠠᠭ ᠪᠥᠬᠥ᠌ ᠤᠯᠤᠰ᠎ᠲᠤ ᠰᠦᠯᠵᠢᠶᠡᠨ᠎ᠳᠦ ᠭᠠᠷᠭᠠᠬᠰᠡᠨ ᠡᠮ ᠦᠨ ᠵᠦᠶ᠋ᠯᠡᠰ᠎ᠦᠨ ᠦᠨ᠎ᠡ ᠬᠠᠩᠰᠢ᠎ᠶ᠋ᠢᠨ ᠨᠠᠷᠢᠨ ᠬᠦᠰᠦᠨᠦᠭ᠌ᠲᠦ᠍᠎ᠶ᠋ᠢ ᠪᠠᠢᠭᠤᠯᠵᠤ᠂ ᠬᠡᠪ ᠦᠨ ᠪᠤᠰᠤ ᠦᠨ᠎ᠡ ᠬᠠᠩᠰᠢ᠎ᠳᠤ ᠲᠡᠮᠳᠡᠭ ᠲᠠᠯᠪᠢᠵᠤ᠂ ᠡᠯ᠎ᠡ ᠭᠠᠵᠠᠷᠤᠨᠬᠢᠨᠦ ᠰᠦᠯᠵᠢᠶᠡᠨ᠎ᠳᠦ ᠭᠠᠷᠭᠠᠬᠰᠡᠨ ᠵᠦᠶ ᠵᠣᠬᠢᠰ ᠥᠬᠡᠶ ᠥᠨᠳᠥᠷ ᠦᠨ᠎ᠡ᠎ᠶ᠋ᠢ ᠦᠷᠭᠦᠯᠵᠢᠯᠡᠨ ᠵᠠᠯᠠᠷᠠᠭᠤᠯᠤᠨ ᠵᠠᠰᠠᠬᠤ ᠶ᠋ᠢ ᠠᠬᠢᠭᠤᠯᠵᠤ ᠪᠠᠢᠨ᠎ᠠ》 ᠭᠡᠵᠤ ᠱ᠌ᠢ ᠽᠢ ᠬᠠᠢ ᠬᠡᠯᠡᠪᠡ᠃
《ᠳᠠᠷᠤᠭᠠᠰᠤ᠎ᠶ᠋ᠢ ᠬᠥᠩᠭᠡᠷᠡᠭᠦᠯᠬᠦ᠌》 ᠶ᠋ᠢᠨ ᠵᠡᠷᠭᠡ᠎ᠪᠡᠷ ᠡᠪᠡᠳᠴᠢᠨ ᠦᠵᠡᠭᠦᠯᠬᠦ᠌᠎ᠳᠦ ᠴᠦ᠍ ᠤᠯᠠᠮ᠎ᠡᠴᠡ ᠤᠯᠠᠮ ᠲᠥᠬᠥᠮ ᠪᠤᠯᠪᠠ —
ᠮᠤᠵᠢ ᠠᠯᠤᠰᠯᠠᠨ ᠤᠨᠳᠤᠤ ᠭᠠᠵᠠᠷ᠎ᠲᠤ ᠡᠮᠨᠡᠭᠦᠯᠬᠦ᠌᠎ᠳᠦ ᠨᠠᠩ ᠲᠥᠬᠥᠮ ᠦᠵᠡᠭᠦᠯᠪᠠ᠄ ᠮᠤᠵᠢ ᠠᠯᠤᠰᠯᠠᠨ ᠤᠨᠳᠤᠤ ᠭᠠᠵᠠᠷ᠎ᠲᠤ ᠡᠮᠨᠡᠭᠦᠯᠬᠦ᠌ ᠲᠥᠷᠥ᠎ᠶ᠋ᠢᠨ ᠪᠣᠳᠣᠯᠭ᠎ᠠ᠎ᠶ᠋ᠢ ᠦᠷᠭᠦᠯᠵᠢᠯᠡᠨ ᠲᠡᠭᠦᠯᠳᠡᠷᠵᠢᠭᠦᠯᠵᠦ᠍᠂ ᠳᠠᠭᠠᠳᠭᠠᠯ᠎ᠳᠤ ᠣᠷᠣᠯᠴᠠᠭ᠍ᠰᠠᠳ᠎ᠤᠨ ᠣᠢᠷ᠎ᠠ ᠬᠠᠪᠢ᠎ᠳᠠᠭᠠᠨ ᠡᠮᠴᠢᠯᠡᠭᠡᠨ᠎ᠦ ᠦᠶ᠋ᠯᠡᠴᠢᠯᠡᠭᠡ ᠭᠥᠷᠳᠡᠬᠦ᠌ ᠳᠦ ᠲᠥᠬᠥᠮ ᠦᠵᠡᠭᠦᠯᠪᠠ; ᠮᠤᠵᠢ ᠠᠯᠤᠰᠯᠠᠨ ᠱᠢᠭᠤᠳ ᠳ᠋ᠦᠩᠨᠡᠨ ᠪᠤᠳᠤᠬᠤ ᠡᠭᠦᠳᠡᠨ ᠡᠮᠨᠡᠯᠭᠡ ᠳ᠋ᠤ ᠤᠵᠢᠭ ᠡᠪᠡᠳᠴᠢᠨ ᠢ᠋ ᠡᠮᠨᠡᠬᠦᠯᠬᠦ ᠵᠢ ᠪᠠᠬᠳᠠᠭᠠᠬᠤ ᠥᠬᠡᠶ ᠪᠠᠢᠭ᠍ᠰᠠᠨ᠎ᠡᠴᠡ᠎ᠪᠠᠨ ᠪᠠᠬᠳᠠᠭᠠᠬᠤ ᠪᠣᠯᠵᠣ᠂ 10 ᠵᠦᠶ᠋ᠯ᠎ᠳᠦ ᠬᠥᠷᠪᠡ᠃
ᠬᠤᠪᠢ ᠬᠥᠮᠦᠨ᠎ᠦ ᠲᠠᠩᠰᠠᠨ ᠡᠷᠦᠬᠡ ᠳᠦ ᠬᠠᠷᠢᠯᠴᠠᠨ ᠲᠤᠰᠠᠯᠠᠯᠴᠠᠬᠤ ᠬᠡᠪᠴᠢᠶ᠎ᠡ ᠨᠠᠩ ᠥᠷᠭᠡᠨ ᠪᠣᠯᠪᠠ᠄ ᠠᠵᠢᠯᠲᠠᠨ ᠠᠵᠢᠯᠴᠢᠨ᠎ᠤ ᠡᠮ ᠡᠮᠨᠡᠯᠭᠡ᠎ᠶ᠋ᠢᠨ ᠳᠠᠭᠠᠳᠭᠠᠯ᠎ᠤᠨ ᠡᠭᠦᠳᠡᠨ ᠡᠮᠨᠡᠯᠭᠡ᠎ᠳᠦ ᠬᠠᠷᠢᠯᠴᠠᠨ ᠲᠤᠰᠠᠯᠠᠯᠴᠠᠬᠤ ᠪᠠᠲᠤᠯᠠᠭ᠎ᠠ᠎ᠶ᠋ᠢᠨ ᠲᠣᠭ᠍ᠲᠠᠴᠠ ᠶ᠋ᠢ ᠪᠠᠢᠭᠤᠯᠵᠤ᠂ ᠠᠵᠢᠯᠲᠠᠨ ᠠᠵᠢᠯᠴᠢᠨ᠎ᠤ ᠡᠮ ᠡᠮᠨᠡᠯᠭᠡ ᠶ᠋ᠢᠨ ᠳᠠᠭᠠᠳᠭᠠᠯ᠎ᠤᠨ ᠬᠤᠪᠢ ᠬᠥᠮᠦᠨ ᠦ ᠲᠠᠩᠰᠠᠨ ᠡᠷᠦᠬᠡ᠎ᠳᠦ ᠬᠠᠷᠢᠯᠴᠠᠨ ᠲᠤᠰᠠᠯᠠᠯᠴᠠᠬᠤ ᠬᠡᠪᠴᠢᠶ᠎ᠡ᠎ᠶ᠋ᠢ ᠣᠢᠷ᠎ᠠ ᠲᠥᠷᠥᠯ ᠰᠠᠳᠤᠨ᠎ᠳᠤ ᠬᠦᠷᠲᠡᠯ᠎ᠡ ᠥᠷᠭᠡᠳᠭᠡᠬᠦ᠌᠎ᠶ᠋ᠢᠨ ᠵᠡᠷᠭᠡ ᠪᠡᠷ ᠮᠤᠵᠢ ᠠᠯᠤᠰᠯᠠᠨ ᠬᠠᠷᠢᠯᠴᠠᠨ ᠲᠤᠰᠠᠯᠠᠯᠴᠠᠬᠤ᠎ᠶ᠋ᠢ ᠶᠡᠬᠡᠪᠡᠷ ᠠᠬᠢᠭᠤᠯᠪᠠ᠃
ᠡᠮ ᠡᠮᠨᠡᠯᠭᠡ᠎ᠶ᠋ᠢᠨ ᠳᠠᠭᠠᠳᠭᠠᠯ᠎ᠤᠨ ᠦᠶ᠋ᠯᠡᠴᠢᠯᠡᠭᠡ ᠨᠠᠩ ᠲᠥᠬᠥᠮ ᠪᠣᠯᠪᠠ ᠄ 《15 ᠮᠢᠨᠦ᠋ᠲ᠎ᠦᠨ ᠡᠮ ᠡᠮᠨᠡᠯᠭᠡ᠎ᠶ᠋ᠢᠨ ᠳᠠᠭᠠᠳᠭᠠᠯ᠎ᠤᠨ ᠦᠶ᠋ᠯᠡᠴᠢᠯᠡᠭᠡᠨ᠎ᠦ ᠲᠣᠭᠣᠷᠢᠭ》᠎ᠢ᠋ ᠪᠣᠶ ᠪᠣᠯᠭᠠᠨ᠎ᠠ; ᠪᠥᠬᠥ᠌ ᠤᠯᠤᠰ᠎ᠲᠤ 12.36 ᠳ᠋ᠦᠩᠱᠢᠭᠤᠷ ᠬᠥᠮᠦᠨ ᠡᠮ ᠡᠮᠨᠡᠯᠭᠡ᠎ᠶ᠋ᠢᠨ ᠳᠠᠭᠠᠳᠭᠠᠯ᠎ᠤᠨ ᠺᠣᠳ᠋ ᠬᠡᠷᠡᠭ᠌ᠯᠡᠵᠦ᠍᠂ ᠡᠪᠡᠳᠴᠢᠨ ᠦᠵᠡᠭᠦᠯᠵᠦ᠍ ᠡᠮ ᠬᠤᠳᠠᠯᠳᠤᠨ ᠠᠪᠬᠤ᠎ᠳᠤ ᠺᠣᠳ᠋ ᠱᠢᠷᠪᠢᠵᠦ᠍ ᠱᠢᠭᠤᠳ ᠲᠡᠰᠦᠯᠦᠨ ᠪᠤᠳᠤᠬᠤ᠎ᠶ᠋ᠢ ᠪᠡᠶᠡᠯᠡᠭᠦᠯᠪᠡ᠃
ᠡᠮ ᠡᠮᠨᠡᠯᠭᠡ᠎ᠶ᠋ᠢᠨ ᠳᠠᠭᠠᠳᠭᠠᠯ᠎ᠤᠨ ᠰᠠᠭᠤᠷᠢ ᠮᠥᠩᠭᠥ᠎ᠶ᠋ᠢᠨ ᠠᠮᠤᠷ ᠲᠦᠪᠱᠢᠨ᠎ᠦ ᠲᠤᠤᠷ᠎ᠢ ᠪᠠᠲᠤ ᠰᠦᠯᠵᠢᠪᠡ
ᠡᠮ ᠡᠮᠨᠡᠯᠭᠡ᠎ᠶ᠋ᠢᠨ ᠳᠠᠭᠠᠳᠭᠠᠯ᠎ᠤᠨ ᠰᠠᠭᠤᠷᠢ ᠮᠥᠩᠭᠥ᠎ᠶ᠋ᠢᠨ ᠬᠢᠨᠠᠯᠲᠠ ᠬᠠᠮᠢᠶᠠᠷᠤᠯᠲᠠ ᠨᠢ ᠠᠷᠠᠳ ᠣᠯᠠᠨ᠎ᠤ《ᠡᠪᠡᠳᠴᠢᠨ ᠦᠵᠡᠭᠦᠯᠬᠦ᠌ ᠵᠣᠭᠣᠰ》᠂ 《ᠠᠮᠢ ᠠᠪᠤᠷᠬᠠᠸ᠋ ᠵᠣᠭᠣᠰ》 ᠲᠤ᠌ ᠬᠣᠯᠪᠣᠭ᠍ᠳᠠᠬᠤ ᠮᠥᠷᠲᠡᠭᠡᠨ ᠪᠠᠰᠠ ᠡᠮ ᠡᠮᠨᠡᠯᠭᠡ᠎ᠶ᠋ᠢᠨ ᠳᠠᠭᠠᠳᠭᠠᠯ᠎ᠤᠨ ᠰᠠᠭᠤᠷᠢ ᠮᠥᠩᠭᠥ᠎ᠶ᠋ᠢᠨ ᠲᠣᠭ᠍ᠲᠠᠭᠤᠨ ᠠᠵᠢᠯᠯᠠᠭᠠᠨ᠎ᠳᠤ ᠬᠣᠯᠪᠣᠭ᠍ᠳᠠᠨ᠎ᠠ᠃
ᠵᠠᠩ ᠺᠸ᠂ ᠡᠮ ᠡᠮᠨᠡᠯᠭᠡ᠎ᠶ᠋ᠢᠨ ᠳᠠᠭᠠᠳᠭᠠᠯ᠎ᠤᠨ ᠰᠠᠭᠤᠷᠢ ᠮᠥᠩᠭᠥ᠎ᠶ᠋ᠢᠨ ᠠᠵᠢᠯᠯᠠᠭᠠᠨ ᠦᠷᠭᠦᠯᠵᠢᠯᠡᠨ ᠲᠣᠭ᠍ᠲᠠᠭᠤᠨ ᠪᠠᠢᠵᠤ᠂ 2024 ᠣᠨ᠎ᠤ ᠰᠡᠬᠦᠯᠴᠢ ᠪᠣᠯᠲᠠᠯ᠎ᠠ᠂ ᠡᠮ ᠡᠮᠨᠡᠯᠭᠡ᠎ᠶ᠋ᠢᠨ ᠳᠠᠭᠠᠳᠭᠠᠯ ᠤᠨ ᠨᠢᠭᠡᠳᠦᠯᠲᠡᠶ ᠲᠥᠯᠥᠪᠵᠢᠭᠦᠯᠬᠦ ᠰᠠᠭᠤᠷᠢ ᠮᠥᠩᠭᠥ᠎ᠶ᠋ᠢᠨ ᠨᠡᠢᠲᠡ ᠦᠯᠡᠳᠡᠪᠦᠷᠢ 3.86 ᠲᠦᠮᠡᠨ ᠳ᠋ᠦᠩᠱᠢᠭᠤᠷ ᠲᠥᠭᠥᠷᠢᠭ᠎ᠲᠦ ᠬᠦᠷᠴᠦ᠍᠂ ᠰᠠᠭᠤᠷᠢ ᠮᠥᠩᠭᠥ᠎ᠶ᠋ᠢᠨ ᠠᠵᠢᠯᠯᠠᠭᠠᠨ᠎ᠤ ᠬᠢᠨᠠᠨ ᠬᠡᠮᠵᠢᠯᠲᠡ ᠲᠠᠰᠤᠷᠠᠯᠲᠠ ᠥᠬᠡᠶ ᠴᠢᠩᠭᠠᠷᠠᠪᠠ ᠭᠡᠵᠦ ᠲᠠᠨᠢᠯᠴᠠᠭᠤᠯᠵᠠᠢ᠃
ᠪᠠᠢᠴᠠᠭᠠᠯᠲᠠ᠎ᠶ᠋ᠢᠨ ᠬᠡᠪᠴᠢᠶ᠎ᠡ᠎ᠶ᠋ᠢ ᠥᠷᠭᠡᠳᠭᠡᠨ ᠴᠢᠨᠠᠷ ᠢ ᠳᠡᠭᠡᠭ᠌ᠰᠢᠯᠡᠭᠦᠯᠬᠦ᠌᠎ᠶ᠋ᠢ ᠠᠬᠢᠭᠤᠯᠵᠤ᠂ ᠡᠮ᠎ᠦᠨ ᠵᠦᠶ᠋ᠯᠡᠰ᠎ᠦᠨ ᠮᠥᠷᠳᠡᠯᠲᠡ᠎ᠶ᠋ᠢᠨ ᠺᠣᠳ᠋᠎ᠤᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠪᠥᠬᠥ᠌ ᠶᠠᠪᠤᠴᠠ᠂ ᠪᠥᠬᠥ᠌ ᠬᠦᠷᠢᠶ᠎ᠡ᠂ ᠪᠥᠬᠥ᠌ ᠬᠡᠯᠬᠢᠶ᠎ᠡ᠎ᠶ᠋ᠢᠨ ᠣᠶᠤᠨᠴᠢ ᠬᠢᠨᠠᠯᠲᠠ ᠬᠠᠮᠢᠶᠠᠷᠤᠯᠲᠠ᠎ᠶ᠋ᠢᠨ ᠰᠡᠷᠭᠡᠢᠯᠡᠯᠲᠡ᠎ᠶ᠋ᠢᠨ ᠱᠤᠭᠤᠮ᠎ᠢ ᠪᠠᠢᠭᠤᠯᠪᠠ ᠁ ᠡᠮ ᠡᠮᠨᠡᠯᠭᠡ᠎ᠶ᠋ᠢᠨ ᠳᠠᠭᠠᠳᠭᠠᠯ᠎ᠤᠨ ᠰᠠᠭᠤᠷᠢ ᠮᠥᠩᠭᠥ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠱᠢᠰᠲ᠋ᠧᠮ᠎ᠢ ᠪᠥᠬᠥ᠌ ᠲᠠᠯ᠎ᠠ᠎ᠪᠠᠷ ᠪᠠᠢᠭᠤᠯᠬᠤ᠎ᠶ᠋ᠢ ᠳᠠᠭᠠᠯᠳᠤᠨ᠂ ᠮᠠᠨ᠎ᠤ ᠤᠯᠤᠰ ᠡᠮ ᠡᠮᠨᠡᠯᠭᠡ᠎ᠶ᠋ᠢᠨ ᠳᠠᠭᠠᠳᠭᠠᠯ᠎ᠤᠨ ᠰᠠᠭᠤᠷᠢ ᠮᠥᠩᠭᠥ᠎ᠶ᠋ᠢ ᠨᠡᠢᠲᠡ 1045 ᠳ᠋ᠦᠩᠱᠢᠭᠤᠷ ᠲᠥᠭᠥᠷᠢᠭ ᠨᠡᠬᠡᠮᠵᠢᠯᠡᠨ ᠠᠪᠴᠢᠷᠠᠪᠠ᠃
《ᠪᠢᠳᠡ ᠬᠢᠨᠠᠯᠲᠠ ᠬᠠᠮᠢᠶᠠᠷᠤᠯᠲᠠ᠎ᠶ᠋ᠢᠨ ᠠᠷᠭ᠎ᠠ ᠬᠡᠯᠪᠡᠷᠢ᠎ᠪᠡᠨ ᠱᠢᠨᠡᠴᠢᠯᠡᠵᠦ᠍᠂ ᠲᠤᠮᠤ ᠳ᠋ᠠᠢᠲ᠋ᠠ᠎ᠪᠡᠷ ᠡᠨ᠋ᠸᠷᠬᠢ ᠣᠯᠭᠣᠬᠤ᠎ᠶ᠋ᠢ ᠴᠢᠩᠭᠠᠳᠭᠠᠪᠠ》᠃ ᠤᠯᠤᠰ᠎ᠤᠨ ᠡᠮᠴᠢᠯᠡᠭᠡᠨ ᠤ᠋ ᠪᠠᠳᠤᠯᠠᠭ᠎ᠠ ᠵᠢᠨ ᠲᠣᠪᠴᠢᠶ᠎ᠠ ᠶ᠋ᠢᠨ ᠳᠡᠳ᠋ ᠳᠠᠷᠤᠭ᠎ᠠ ᠬᠤᠸᠠᠩ ᠬᠤᠸᠠ ᠪᠥᠸᠧ ᠲᠠᠨᠢᠯᠴᠠᠭᠤᠯᠬᠤ᠎ᠳᠠᠭᠠᠨ᠂《ᠬᠡᠪ᠎ᠦᠨ ᠪᠤᠰᠤ ᠡᠮᠨᠡᠯᠭᠡ᠎ᠳᠦ ᠰᠠᠭᠤᠬᠤ》᠂ 《ᠡᠮ ᠡᠮᠨᠡᠯᠭᠡ᠎ᠶ᠋ᠢᠨ ᠳᠠᠭᠠᠳᠭᠠᠯ᠎ᠤᠨ ᠡᠮ᠎ᠦᠨ ᠵᠦᠶ᠋ᠯᠡᠰ᠎ᠢ ᠰᠠᠷᠢᠭᠠᠯᠠᠬᠤ》᠂ 《ᠭᠤᠤᠯᠳᠠᠯᠭ᠎ᠠ᠎ᠲᠠᠶ ᠡᠮ᠎ᠦᠨ ᠵᠦᠶ᠋ᠯᠡᠰ᠎ᠢ ᠬᠢᠨᠠᠨ ᠬᠡᠮᠵᠢᠬᠦ᠌》 ᠵᠡᠷᠭᠡ ᠲᠣᠮᠣ ᠳ᠋ᠠᠢᠲ᠋ᠠ᠎ᠶ᠋ᠢᠨ ᠵᠠᠳᠠᠯᠤᠯᠲᠠ᠎ᠶ᠋ᠢᠨ ᠵᠠᠭ᠍ᠪᠤᠷ᠎ᠢ ᠪᠠᠢᠭᠤᠯᠬᠤ᠎ᠪᠠᠷ ᠳᠠᠮᠵᠢᠭᠤᠯᠤᠨ᠂ ᠵᠢᠯ᠎ᠤᠨ ᠡᠬᠢᠨ᠎ᠡᠴᠡ ᠨᠠᠭᠠᠰᠢ᠂ ᠣᠶᠤᠨᠴᠢ ᠬᠢᠨᠠᠯᠲᠠ ᠬᠠᠮᠢᠶᠠᠷᠤᠯᠲᠠ᠎ᠶ᠋ᠢᠨ ᠬᠤᠪᠢᠶᠠᠷᠢ ᠱᠢᠰᠲ᠋ᠧᠮ᠎ᠢᠶᠡᠷ ᠳᠡᠮᠵᠢᠨ 3.3 ᠳ᠋ᠦᠩᠱᠢᠭᠤᠷ ᠲᠥᠭᠥᠷᠢᠭ᠎ᠦᠨ ᠡᠮ ᠡᠮᠨᠡᠯᠭᠡ᠎ᠶ᠋ᠢᠨ ᠳᠠᠭᠠᠳᠭᠠᠯ᠎ᠤᠨ ᠰᠠᠭᠤᠷᠢ ᠮᠥᠩᠭᠥ᠎ᠶ᠋ᠢ ᠨᠡᠬᠡᠮᠵᠢᠯᠡᠨ ᠠᠪᠴᠢᠷᠠᠪᠠ ᠭᠡᠵᠡᠢ᠃
《ᠪᠢᠳᠡ ᠲᠣᠭ᠍ᠲᠠᠭ᠍ᠰᠠᠨ ᠡᠮ ᠡᠮᠨᠡᠯᠭᠡ᠎ᠶ᠋ᠢᠨ ᠪᠠᠢᠭᠤᠯᠤᠮᠵᠢ᠎ᠶ᠋ᠢᠨ ᠬᠤᠯᠪᠤᠭᠳᠠᠯ ᠪᠥᠬᠥᠶ ᠬᠥᠮᠦᠰ᠎ᠲᠦ〈ᠵᠢᠯᠣᠭᠣᠴᠢ᠎ᠶ᠋ᠢᠨ ᠦᠨᠡᠮᠯᠡᠯ᠎ᠤᠨ ᠮᠠᠶᠢᠭ᠎ᠢᠶᠡᠷ ᠬᠤᠪᠢ ᠲᠡᠮᠳᠡᠭ᠌ᠯᠡᠬᠦ᠌〉 ᠶ᠋ᠢ ᠬᠡᠷᠡᠭ᠌ᠵᠢᠭᠦᠯᠵᠦ᠍᠂ ᠲᠣᠭ᠍ᠲᠠᠭ᠍ᠰᠠᠨ ᠡᠮ ᠡᠮᠨᠡᠯᠭᠡ᠎ᠶ᠋ᠢᠨ ᠪᠠᠢᠭᠤᠯᠤᠮᠵᠢ᠎ᠶ᠋ᠢᠨ ᠬᠤᠯᠪᠤᠭᠳᠠᠯ ᠪᠥᠬᠥᠶ ᠬᠥᠮᠦᠰ᠎ᠦᠨ ᠡᠮ ᠡᠮᠨᠡᠯᠭᠡ᠎ᠶ᠋ᠢᠨ ᠳᠠᠭᠠᠳᠭᠠᠯ᠎ᠤᠨ ᠲᠣᠭᠠᠴᠠᠭ᠎ᠠ ᠬᠢᠬᠦ᠌ ᠬᠢᠷᠢ ᠬᠡᠮ᠎ᠦᠨ ᠬᠠᠮᠢᠶᠠᠷᠤᠯᠲᠠ᠎ᠶ᠋ᠢᠨ ᠲᠦᠷᠢᠮ ᠢ ᠪᠠᠢᠭᠤᠯᠵᠤ᠂ ᠡᠮ ᠡᠮᠨᠡᠯᠭᠡ᠎ᠶ᠋ᠢᠨ ᠳᠠᠭᠠᠳᠭᠠᠯ᠎ᠤᠨ ᠰᠠᠭᠤᠷᠢ ᠮᠥᠩᠭᠥ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠬᠤᠪᠢ ᠬᠥᠮᠦᠨ᠎ᠳᠦ ᠬᠦᠷᠲᠡᠯ᠎ᠡ ᠨᠠᠷᠢᠯᠢᠭ ᠣᠨᠣᠪᠴᠢᠲᠠᠶ ᠨᠠᠢᠳᠠᠪᠤᠷᠢᠵᠢᠭᠤᠯᠵᠠᠢ》 ᠭᠡᠵᠦ ᠱ᠌ᠢ ᠽᠢ ᠬᠠᠢ ᠬᠡᠯᠡᠪᠡ᠃
ᠵᠠᠩ ᠺᠸ᠂ ᠤᠯᠤᠰ᠎ᠤᠨ ᠡᠮᠴᠢᠯᠡᠭᠡᠨ ᠤ᠋ ᠪᠠᠳᠤᠯᠠᠭ᠎ᠠ ᠵᠢᠨ ᠲᠣᠪᠴᠢᠶ᠎ᠠ ᠡᠮ ᠡᠮᠨᠡᠯᠭᠡ᠎ᠶ᠋ᠢᠨ ᠳᠠᠭᠠᠳᠭᠠᠯ᠎ᠤ᠋ᠨ ᠰᠠᠭᠤᠷᠢ ᠮᠥᠩᠭᠥ᠎ᠶ᠋ᠢ ᠦᠷᠭᠦᠯᠵᠢᠯᠡᠨ ᠰᠠᠢᠲᠤᠷ ᠬᠠᠮᠢᠶᠠᠷᠤᠨ ᠰᠠᠢᠲᠤᠷ ᠬᠡᠷᠡᠭ᠌ᠯᠡᠵᠦ᠍᠂ ᠪᠦᠬᠦ᠌ ᠠᠷᠠᠳ ᠲᠦᠮᠡᠨ᠎ᠦ ᠠᠮᠢ ᠨᠠᠰᠤ ᠡᠷᠡᠭᠦᠯ ᠮᠡᠨᠳᠦ᠍᠎ᠶ᠋ᠢ ᠰᠠᠢᠲᠤᠷ ᠰᠠᠬᠢᠨ ᠬᠠᠮᠠᠭᠠᠯᠠᠵᠤ᠂ ᠡᠮ ᠡᠮᠨᠡᠯᠭᠡ ᠶ᠋ᠢᠨ ᠠᠵᠤ ᠦᠢᠯᠡᠰ᠎ᠢ ᠪᠠᠭ᠍ᠲᠠᠭᠠᠭ᠍ᠰᠠᠨ ᠡᠯ᠎ᠡ ᠬᠣᠯᠪᠣᠭ᠍ᠳᠠᠯ ᠪᠦᠬᠦᠢ ᠠᠵᠤ ᠦᠢᠯᠡᠰ᠎ᠦᠨ ᠬᠥᠭ᠌ᠵᠢᠯᠲᠡ᠎ᠳᠦ ᠦᠷᠭᠦᠯᠵᠢᠯᠡᠨ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠵᠦ᠍᠂ ᠨᠡᠩ ᠥᠨᠳᠥᠷ ᠲᠦᠪᠱᠢᠨ ᠳᠡᠭᠡᠷ᠎ᠡ ᠡᠷᠡᠭᠦᠯ ᠡᠩᠬᠡ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠳᠤ ᠬᠦᠴᠦᠨ ᠨᠡᠮᠡᠷᠢᠯᠡᠨ᠎ᠡ ᠭᠡᠵᠦ᠍ ᠢᠯᠡᠳᠭᠡᠪᠡ᠃