ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠡᠮ ᠡᠮᠨᠡᠯᠭᠡ ᠡᠷᠡᠭᠦᠯ ᠬᠠᠮᠠᠭᠠᠯᠠᠯ ᠤ᠋ᠨ ᠪᠠᠢᠭᠤᠯᠤᠯ ᠤ᠋ᠨ ᠥᠭᠡᠷᠡᠴᠢᠯᠡᠯᠲᠡ ᠵᠢ ᠭᠦᠨᠵᠡᠭᠡᠢᠷᠡᠭᠦᠯᠪᠡ
ᠨᠡᠶ᠋ᠢᠲᠡᠯᠡᠭᠰᠡᠨ ᠴᠠᠭ᠄ 2025-09-10

ᠰᠤᠷᠪᠤᠯᠵᠢᠯᠠᠭᠴᠢ ᠦᠪᠡᠷᠳᠡᠭᠡᠨ ᠵᠠᠰᠠᠬᠤ ᠤᠷᠤᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠤ ᠵᠢᠨ ᠵᠦᠪᠯᠡᠯ ᠡᠴᠡ ᠤᠢᠯᠠᠭᠠᠭᠰᠠᠨ ᠵᠢᠡᠷ᠂ ᠤᠢᠷ᠎ᠠ ᠳ᠋ᠤ ᠲᠦᠩᠯᠢᠶᠣᠣ ᠬᠣᠲᠠ ᠵᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠵᠥᠪᠯᠡᠯ ᠪᠣᠯᠤᠨ ᠬᠣᠲᠠ ᠵᠢᠨ ᠡᠮᠴᠢᠯᠡᠭᠡᠨ ᠤ᠋ ᠪᠠᠲᠤᠯᠠᠭ᠎ᠠ ᠵᠢᠨ ᠲᠣᠪᠴᠢᠶ᠎ᠠ ᠬᠠᠮᠲᠤᠷᠠᠭᠰᠠᠨ ᠵᠦᠪᠳᠡᠯᠴᠡᠭᠦ ᠬᠤᠷᠠᠯ ᠬᠢᠵᠤ᠂ ᠰᠠᠯᠠᠭ᠎ᠠ ᠮᠥᠴᠢᠷ ᠤ᠋ᠨ ᠬᠠᠮᠵᠢᠯᠴᠠᠭ᠎ᠠ ᠵᠢ ᠴᠢᠩᠭᠠᠳᠬᠠᠵᠤ᠂ ᠠᠵᠢᠯ ᠤ᠋ᠨ ᠬᠠᠮᠳᠤᠷᠠᠯ ᠬᠦᠴᠦᠨ ᠢ᠋ ᠨᠢᠭᠲᠠᠷᠠᠭᠤᠯᠤᠭᠰᠠᠨ ᠪᠠᠢᠨ᠎ᠠ᠃ 

ᠬᠤᠷᠠᠯ ᠳ᠋ᠤ᠌ 《ᠲᠦᠩᠯᠢᠶᠣᠣ ᠬᠣᠲᠠ ᠵᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠪᠣᠯᠤᠨ ᠡᠮᠴᠢᠯᠡᠭᠡᠨ ᠤ᠋ ᠪᠠᠲᠤᠯᠠᠭ᠎ᠠ ᠵᠢᠨ ᠲᠣᠭᠲᠠᠮᠠᠯ ᠬᠤᠭᠤᠴᠠᠭ᠎ᠠ ᠲᠠᠢ ᠵᠥᠪᠳᠡᠯᠴᠡᠬᠦ ᠲᠣᠭᠲᠠᠴᠠ ᠵᠢ ᠪᠠᠢᠭᠤᠯᠬᠤ ᠲᠤᠬᠠᠢ ᠮᠡᠳᠡᠭᠳᠡᠯ 》 ᠢ᠋ ᠬᠢᠨᠠᠨ ᠵᠥᠪᠯᠡᠵᠤ ᠵᠠᠷᠴᠢᠮ ᠳᠡᠭᠡᠷ᠎ᠡ ᠪᠡᠨ ᠪᠠᠲᠤᠯᠠᠵᠤ᠂ ᠬᠣᠶᠠᠷ ᠰᠠᠯᠠᠭ᠎ᠠ ᠮᠥᠴᠢᠷ ᠤ᠋ᠨ ᠪᠠᠢᠩᠭᠤᠵᠢᠭᠤᠯᠬᠤ ᠳᠦᠷᠢᠮᠵᠢᠭᠦᠯᠬᠦ ᠬᠠᠮᠵᠢᠯᠴᠠᠭ᠎ᠠ ᠳ᠋ᠤ᠌ ᠪᠠᠲᠤ ᠰᠠᠭᠤᠷᠢ ᠵᠢ ᠲᠠᠯᠪᠢᠵᠡᠢ᠃ ᠬᠣᠲᠠ ᠵᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠵᠥᠪᠯᠡᠯ᠎ᠡᠴᠡ ᠡᠷᠡᠭᠦᠯ ᠬᠠᠮᠠᠭᠠᠯᠠᠯ ᠤ᠋ᠨ ᠬᠦᠷᠢᠶᠡᠨ ᠳ᠋ᠡᠬᠢ ᠰᠠᠭᠤᠷᠢ ᠲᠣᠭ᠎ᠠ ᠪᠠᠷᠢᠮᠲᠠ ᠵᠢ ᠨᠡᠢᠲᠡᠯᠡᠵᠦ᠂ ᠬᠣᠲᠠ ᠵᠢᠨ ᠡᠮᠴᠢᠯᠡᠭᠡᠨ ᠤ᠋ ᠪᠠᠳᠤᠯᠠᠭ᠎ᠠ ᠵᠢᠨ ᠲᠣᠪᠴᠢᠶ᠎ᠠ ᠡᠴᠡ ᠣᠳᠣᠬᠠᠨ ᠤ᠋ ᠡᠮᠴᠢᠯᠡᠭᠡᠨ ᠤ᠋ ᠪᠠᠲᠤᠯᠠᠭ᠎ᠠ ᠵᠢᠨ ᠭᠣᠣᠯ ᠠᠵᠢᠯᠯᠠᠭᠠᠨ ᠤ᠋ ᠲᠣᠭ᠎ᠠ ᠪᠠᠷᠢᠮᠲᠠ ᠵᠢ ᠲᠠᠨᠢᠯᠴᠠᠭᠤᠯᠤᠨ᠂ ᠪᠠᠢᠳᠠᠯ ᠢ᠋ ᠣᠨᠣᠴᠠᠲᠠᠢ ᠰᠤᠳᠤᠯᠤᠨ ᠮᠠᠭᠠᠳᠯᠠᠵᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳ᠋ᠤ᠌ ᠬᠦᠴᠦᠲᠡᠢ ᠳᠡᠮᠵᠢᠯᠭᠡ ᠬᠠᠩᠭᠠᠵᠠᠢ᠃ ᠬᠣᠶᠠᠷ ᠲᠠᠯ᠎ᠠ ᠪᠠᠷ ᠵᠢᠠᠨ ᠪᠠᠰᠠ ᠣᠳᠣᠬᠠᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠤ ᠪᠣᠯᠤᠨ ᠡᠮᠴᠢᠯᠠᠭᠡᠨ ᠤ᠋ ᠪᠠᠲᠤᠯᠠᠭ᠎ᠠ ᠵᠢᠨ ᠬᠦᠷᠢᠶᠡᠨ ᠳ᠋ᠡᠬᠢ ᠬᠠᠮᠲᠤ ᠪᠠᠷ ᠠᠩᠬᠠᠷᠴᠤ ᠪᠦᠬᠦᠢ ᠭᠣᠣᠯᠳᠠᠯᠭ᠎ᠠ ᠲᠠᠢ᠂ ᠬᠦᠴᠢᠷ ᠲᠦᠪᠡᠭ ᠲᠡᠢ ᠠᠰᠠᠭᠤᠳᠠᠯ ᠤ᠋ᠨ ᠲᠤᠬᠠᠢ ᠭᠦᠨᠵᠡᠭᠡᠢ ᠶᠠᠷᠢᠯᠴᠠᠨ ᠵᠦᠪᠳᠡᠯᠴᠡᠵᠡᠢ᠃

  ᠵᠥᠪᠳᠡᠯᠴᠡᠬᠦ ᠲᠣᠭᠲᠠᠴᠠ ᠵᠢ ᠪᠠᠢᠭᠤᠯᠤᠭᠰᠠᠨ ᠨᠢ ᠰᠠᠯᠠᠭ᠎ᠠ ᠮᠥᠴᠢᠷ ᠤ᠋ᠨ ᠬᠣᠭᠣᠷᠣᠨᠳᠣᠬᠢ ᠪᠠᠢᠡᠭᠭᠤᠵᠢᠭᠤᠯᠥᠨ ᠨᠡᠪᠲᠡᠷᠡᠯᠴᠡᠨ ᠬᠠᠮᠵᠢᠯᠴᠠᠬᠤ ᠴᠢᠬᠤᠯᠠ ᠲᠠᠪᠴᠠᠩ ᠪᠣᠯᠵᠤ᠂ ᠡᠨᠡ ᠨᠢ ᠬᠣᠶᠠᠷ ᠲᠠᠯ᠎ᠠ ᠪᠠᠷ ᠵᠢᠠᠨ ᠮᠡᠳᠡᠭᠡ ᠵᠠᠩᠭᠢ ᠵᠢ ᠬᠠᠮᠲᠤ ᠪᠠᠷ ᠡᠳ᠋ᠯᠡᠬᠦ᠂ ᠲᠥᠷᠥ ᠵᠢᠨ ᠪᠣᠳᠣᠯᠭ᠎ᠠ ᠵᠢ ᠵᠣᠯᠭᠠᠭᠤᠯᠬᠤ᠂ ᠦᠢᠯᠡᠴᠢᠯᠡᠭᠡ ᠵᠢ ᠬᠠᠮᠵᠢᠯᠴᠠᠭᠤᠯᠬᠤ ᠵᠡᠷᠭᠡ ᠲᠠᠯ᠎ᠠ ᠪᠠᠷ ᠳᠦᠷᠢᠮᠵᠢᠭᠰᠡᠨ ᠵᠢᠷᠤᠮᠵᠢᠭᠰᠠᠨ ᠰᠢᠨ᠎ᠡ ᠱᠠᠲᠤᠨ ᠳ᠋ᠤ᠌ ᠣᠷᠣᠵᠤ᠂ ᠬᠦᠴᠦ ᠪᠡᠨ ᠬᠠᠮᠲᠤᠳᠬᠠᠨ ᠪᠥᠬᠥ ᠬᠣᠲᠠ ᠵᠢᠨ ᠰᠠᠭᠤᠭᠠᠯᠢ ᠠᠷᠠᠳ  ᠤ᠋ᠨ ᠡᠷᠡᠭᠦᠯ ᠮᠡᠨᠳᠦ ᠵᠢᠨ ᠪᠠᠲᠤᠯᠠᠭ᠎ᠠ ᠵᠢᠨ ᠲᠦᠪᠰᠢᠨ ᠢ᠋ ᠳᠡᠭᠡᠭᠰᠢᠯᠡᠭᠦᠯᠬᠦ ᠳ᠋ᠦ᠍ ᠤᠷᠲᠤ ᠬᠤᠭᠤᠴᠠᠭᠠᠨ ᠤ᠋ ᠬᠦᠴᠦᠨ ᠪᠦᠬᠦᠢ ᠬᠥᠳᠡᠯᠭᠡᠭᠦᠷ ᠪᠣᠯᠤᠭᠰᠠᠨ ᠢ᠋ ᠬᠠᠷᠠᠭᠤᠯᠵᠤ ᠪᠠᠢᠨ᠎ᠠ᠃

 

ᠢᠷᠡᠯᠲᠡ᠄ ᠦᠪᠦᠷ ᠮᠤᠩᠭᠤᠯ᠎ᠤᠨ ᠡᠳᠤᠷ᠎ᠤᠨ ᠰᠣᠨᠢᠨ