ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠠᠵᠢᠯ ᠡᠷᠢᠬᠦ ᠮᠡᠬᠡᠯᠡᠯ ᠡᠴᠨ ᠰᠡᠷᠡᠮᠵᠢᠯᠠᠭᠡᠷᠠᠢ
ᠨᠡᠶ᠋ᠢᠲᠡᠯᠡᠭᠰᠡᠨ ᠴᠠᠭ᠄ 2025-07-17

ᠡᠴᠢᠭᠡ ᠡᠬᠡ ᠬᠦᠮᠦᠨ ᠴᠥᠮ ᠦᠷ᠎ᠠ ᠬᠡᠦᠬᠡᠳ᠎ᠦᠨ᠎ᠢᠶᠡᠨ ᠰᠠᠨᠠᠭᠠᠨ᠎ᠳᠤᠨᠢ ᠳᠠᠭᠠᠷᠠᠭ᠍ᠰᠠᠨ ᠠᠵᠢᠯ ᠤᠯᠬᠤ ᠎ᠶ᠋ᠢ ᠬᠦᠰᠡᠳᠡᠭ᠂ ᠡᠭᠦᠨ ᠎ᠦ ᠲᠥᠯᠥᠭᠡ᠂ ᠵᠠᠷᠢᠮ ᠬᠡᠷ᠎ᠦᠨ ᠠᠬᠠᠮᠠᠳ 《ᠤᠬᠠᠭᠠᠨ ᠬᠦᠴᠦ᠍》 ᠎ᠪᠡᠨ ᠱᠢᠪᠬᠠᠨ ᠠᠷᠭ᠎ᠠ ᠵᠠᠮ ᠡᠷᠢᠵᠦ᠍᠂ ᠴᠢᠨᠠᠭ᠍ᠰᠢᠯᠠᠪᠠᠯ ᠵᠣᠭᠣᠰ ᠭᠠᠷᠭᠠᠵᠤ 《ᠠᠵᠢᠯ᠎ᠤᠨ ᠪᠠᠢᠷᠢ ᠬᠤᠳᠠᠯᠳᠤᠨ ᠠᠪᠬᠤ》 ᠪᠡᠷ ᠴᠢᠷᠮᠠᠢᠨ᠎ᠠ ᠁ ᠣᠢᠷ᠎ᠠ᠎ᠳᠤ᠂ ᠪᠤᠭᠤᠲᠤ ᠬᠣᠲᠠ᠎ᠶ᠋ᠢᠨ ᠨᠢᠭᠡᠨ ᠨᠠᠰᠤᠳᠠᠨ ᠬᠡᠦᠬᠡᠳ᠎ᠢᠶᠡᠨ ᠬᠠᠪᠰᠤᠷᠤᠨ 《ᠬᠠᠷᠢᠴᠠᠭ᠎ᠠ ᠡᠷᠢᠵᠦ》 ᠠᠵᠢᠯ ᠡᠷᠢᠬᠦ᠌ ᠭᠡᠳ 60 ᠲᠦᠮᠡᠨ ᠲᠥᠭᠥᠷᠢᠭ ᠮᠡᠬᠡᠯᠡᠭᠳᠡᠪᠡ᠃

ᠡᠨᠡ ᠵᠢᠯ ᠤ᠋ᠨ 6 ᠰᠠᠷ᠎ᠠ᠎ᠶ᠋ᠢᠨ ᠡᠬᠢ᠎ᠪᠡᠷ᠂ ᠪᠤᠭᠤᠲᠤ ᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠵᠢᠦᠶᠤᠸᠠᠨ ᠲᠣᠭᠣᠷᠢᠭ᠎ᠤᠨ ᠳᠣᠲᠣᠭᠠᠳᠤ᠎ᠶ᠋ᠢ ᠬᠠᠮᠠᠭᠠᠯᠠᠬᠤ ᠬᠤᠪᠢᠶᠠᠷᠢ ᠲᠣᠪᠴᠢᠶ᠎ᠠ᠎ᠶ᠋ᠢᠨ ᠱᠠ ᠾᠧ ᠲᠣᠮᠢᠯᠠᠭ᠍ᠰᠠᠨ ᠰᠠᠯᠪᠤᠷᠢ ᠬᠠᠷᠢᠶ᠎ᠠ ᠣᠷᠣᠨ᠎ᠤ ᠪᠠᠨ ᠪᠠᠢᠳᠠᠯ ᠎ᠢ ᠨᠠᠷᠢᠨ ᠨᠢᠮᠪᠠᠶ ᠪᠠᠢᠴᠠᠭᠠᠬᠤ ᠦᠶ᠎ᠡ᠎ᠳᠦ᠂ ᠨᠠᠰᠤᠵᠢᠯ᠎ᠤᠨ ᠠᠰᠠᠷᠠᠮᠵᠢ᠎ᠶ᠋ᠢᠨ ᠮᠡᠬᠡᠯᠡᠯ ᠎ᠦᠨ ᠶᠠᠯᠠᠲᠤ ᠠᠵᠢᠯᠯᠠᠭ᠎ᠠ᠎ᠶ᠋ᠢᠨ ᠰᠦᠪᠡᠭ᠌ᠴᠢ᠎ᠶ᠋ᠢ ᠡᠮᠬᠢᠯᠡᠨ ᠭᠠᠷᠭᠠᠵᠤ᠂ ᠠᠷᠠᠳ᠎ᠤᠨ ᠴᠠᠭ᠍ᠳᠠᠭ᠎ᠠ ᠲᠡᠷᠡ ᠳᠠᠷᠤᠶ ᠎ᠳᠤᠨᠢ ᠲᠠᠩᠨᠠᠨ ᠪᠠᠢᠴᠠᠭᠠᠬᠤ ᠠᠵᠢᠯ ᠥᠷᠨᠢᠭᠦᠯᠪᠡ᠃ ᠪᠠᠢᠴᠠᠭᠠᠯᠲᠠ᠎ᠪᠠᠷ ᠳᠡᠮᠵᠢᠨ᠂ ᠡᠴᠦᠰ ᠎ᠲᠡᠬᠡᠨ ᠶᠠᠯ᠎ᠠ ᠵᠢᠨ ᠰᠡᠵᠢᠭ᠌ᠳᠡᠨ ᠨᠢᠶᠸ ᠣᠪᠣᠭ᠍ᠲᠤ᠎ᠶ᠋ᠢᠨ ᠪᠡᠶ᠎ᠡ ᠬᠡᠮ᠎ᠢ ᠨᠢ ᠲᠤᠳᠤᠯᠠᠵᠤ᠂ ᠠᠷᠠᠳ᠎ᠤᠨ ᠴᠠᠭ᠍ᠳᠠᠭ᠎ᠠ ᠎ᠶ᠋ᠢᠨ ᠤᠲᠠᠰᠤ᠎ᠶ᠋ᠢ ᠲᠣᠰᠤᠭ᠍ᠰᠠᠨ ᠨᠢᠶᠸ ᠣᠪᠣᠭ᠍ᠲᠤ ᠰᠠᠨᠠᠭᠠᠴᠢᠯᠠᠭ᠎ᠠ᠎ᠠᠴᠠ᠎ᠪᠠᠨ ᠬᠡᠷᠡᠭ᠎ᠢᠶᠡᠨ ᠲᠤᠰᠢᠶᠠᠪᠠ᠃

ᠶᠠᠯ᠎ᠠ ᠵᠢᠨ ᠰᠡᠵᠢᠭ᠌ᠳᠡᠨ ᠨᠢᠶᠸ ᠣᠪᠣᠭ᠍ᠲᠤ 2005 ᠣᠨ᠎ᠠᠴᠠ 2016 ᠣᠨ᠎ᠤ ᠬᠣᠭᠣᠷᠣᠨᠳᠣ᠂ ᠸᠠᠩ ᠣᠪᠣᠭ᠍ᠲᠤ ᠨᠠᠰᠤᠲᠠᠨ ᠤ᠋ ᠥᠬᠢᠨ᠎ᠳ᠋ᠸ᠋ ᠠᠵᠢᠯ ᠡᠷᠢᠵᠦ᠍ ᠥᠭ᠌ᠬᠦ᠎ᠪᠡᠷ ᠱᠢᠯᠲᠠᠭ ᠪᠣᠯᠭᠠᠵᠤ᠂ ᠤᠷᠢᠳ ᠬᠣᠵᠢᠳ 80 ᠭᠠᠷᠤᠶ ᠤᠳᠠᠭ᠎ᠠ ᠨᠠᠰᠤᠳᠠᠨ ᠡᠴᠨ 595000 ᠲᠥᠭᠥᠷᠢᠭ ᠮᠡᠬᠡᠯᠡᠨ ᠠᠪᠴᠤ᠌᠂ ᠮᠡᠬᠡᠯᠡᠨ ᠣᠯᠤᠭ᠍ᠰᠠᠨ ᠪᠥᠬᠥ᠌ ᠵᠣᠭᠣᠰ᠎ᠢᠶᠠᠨ ᠲᠤᠷ᠎ᠠ ᠪᠡᠷ ᠵᠢᠡᠨ ᠵᠠᠷᠤᠵᠤ ᠪᠦᠷᠢᠯᠭᠡᠵᠡᠢ᠃ ᠨᠢᠶᠸ ᠣᠪᠣᠭ᠍ᠲᠤ ᠪᠠᠷᠢᠪᠴᠢᠯᠠᠭ᠍ᠳᠠᠭ᠍ᠰᠠᠨ᠎ᠤ ᠳᠠᠷᠠᠭ᠎ᠠ᠂ ᠸᠠᠩ ᠣᠪᠣᠭ᠍ᠲᠤ ᠨᠠᠰᠤᠲᠠᠨ ᠢ᠋ ᠮᠡᠬᠡᠯᠡᠭ᠌ᠰᠡᠨ ᠶᠠᠯ᠎ᠠ᠎ᠪᠠᠨ ᠥᠴᠢᠭ᠌ᠯᠡᠨ ᠮᠡᠳᠡᠷᠡᠵᠦ᠂ ᠣᠳᠣᠬᠠᠨ᠎ᠳᠤ ᠶᠠᠯ᠎ᠠ ᠵᠢᠨ ᠰᠡᠵᠢᠭ᠌ᠳᠡᠨ ᠨᠢᠶᠸ ᠣᠪᠣᠭ᠍ᠲᠤ ᠨᠢᠭᠡᠨᠲᠡ ᠡᠷᠡᠭᠦᠦ᠍᠎ᠶ᠋ᠢᠨ ᠬᠡᠷᠡᠭ᠎ᠢᠶᠡᠷ ᠲᠦᠷ ᠬᠣᠷᠢᠬᠤ ᠠᠯᠪᠠᠳᠠᠯᠭ᠎ᠠ᠎ᠶ᠋ᠢᠨ ᠠᠷᠭ᠎ᠠ ᠬᠡᠮᠵᠢᠶ᠎ᠡ ᠠᠪᠤᠭ᠍ᠰᠠᠨ ᠪᠥᠭᠡᠳ ᠲᠤᠰ ᠬᠡᠷᠡᠭ᠎ᠢ ᠴᠢᠨᠠᠬᠰᠢᠳᠠ ᠳᠡᠩᠨᠡᠨ ᠪᠠᠢᠴᠠᠭᠠᠵᠤ ᠪᠤᠢ᠃

ᠴᠠᠭ᠍ᠳᠠᠭᠠᠨ᠎ᠤ ᠲᠠᠯ᠎ᠠ᠎ᠶ᠋ᠢᠨ ᠬᠢᠨ᠂ ᠵᠠᠷᠢᠮ ᠬᠠᠤᠯᠢ ᠪᠤᠰᠤ ᠡᠲᠡᠭᠡᠳ ᠨᠠᠰᠤᠲᠠᠢᠴᠤᠳ᠎ᠤᠨ ᠢᠯᠭᠠᠨ ᠲᠠᠨᠢᠬᠤ ᠴᠢᠳᠠᠪᠤᠷᠢ ᠲᠤᠤᠷ᠎ᠠ᠂ ᠨᠡᠢᠭᠡᠮ᠎ᠦᠨ ᠮᠡᠳᠡᠯᠭᠡ ᠬᠦᠷᠦᠯᠴᠡᠬᠦ᠌ ᠥᠬᠡᠶ᠂ ᠦᠷ᠎ᠡ ᠬᠡᠦᠬᠡᠳ ᠎ᠲᠡᠬᠡᠨ ᠠᠵᠢᠯ ᠡᠷᠢᠵᠦ᠍ ᠥᠭ᠌ᠬᠦ ᠪᠠᠴᠢᠮ ᠰᠡᠳᠬᠢᠯᠭᠡ ᠵᠢ ᠨᠢ ᠠᠱᠢᠭ᠍ᠯᠠᠨ᠂ ᠨᠠᠰᠤᠲᠠᠢᠴᠤᠳ ᠎ᠤᠨ ᠨᠠᠰᠤᠵᠢᠯ᠎ᠤᠨ ᠠᠰᠠᠷᠠᠮᠵᠢ᠎ᠶ᠋ᠢᠨ ᠮᠥᠩᠭᠥ᠎ᠶ᠋ᠢ ᠮᠡᠬᠡᠯᠡᠨ ᠠᠪᠴᠤ᠌᠂ ᠨᠠᠰᠤᠲᠠᠢᠴᠤᠳ ᠎ᠤᠨ ᠬᠠᠤᠯᠢ ᠶᠣᠰᠣᠨ ᠎ᠤ ᠡᠷᠬᠡ ᠠᠱᠢᠭ᠎ᠲᠤ ᠬᠠᠯᠳᠠᠵᠤ ᠪᠠᠢᠨ᠎ᠠ᠃ ᠨᠡᠢᠭᠡᠮ ᠨᠡᠢᠳᠡ ᠵᠢᠨ ᠬᠢᠨ ᠠᠵᠢᠯ ᠡᠷᠢᠬᠦ᠌ ᠎ᠳᠠᠭᠡᠨ ᠡᠷᠬᠡᠪᠰᠢ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠤᠬᠠᠮᠰᠠᠷ᠎ᠢ ᠪᠠᠲᠤ ᠪᠡᠬᠢ ᠪᠤᠢ ᠪᠤᠯᠭᠠᠬᠤ᠂ ᠦᠪᠡᠷ ᠢ᠋ ᠪᠠᠨ《ᠲᠠᠨᠢᠬᠤ ᠬᠦᠮᠦᠨ ᠲᠠᠢ》᠂ 《ᠬᠠᠷᠢᠴᠠᠭ᠎ᠠ ᠬᠤᠯᠪᠤᠭ᠎ᠠ ᠲᠠᠢ》 ᠭᠡᠵᠦ ᠪᠠᠢᠬᠤ ᠬᠦᠮᠦᠰ᠎ᠢ ᠠᠮᠠᠷᠬᠠᠨ ᠢᠲᠡᠭᠡᠵᠦ᠍ ᠪᠣᠯᠬᠤ ᠦᠭᠡᠢ᠃ ᠮᠠᠨ᠎ᠤ ᠤᠯᠤᠰ᠎ᠤᠨ ᠪᠠᠢᠭᠤᠯᠭ᠎ᠠ᠂ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ ᠠᠵᠢᠯᠳᠠᠨ ᠠᠵᠢᠯᠴᠢᠨ ᠤᠷᠢᠨ ᠡᠯᠰᠡᠬᠦ᠌᠎ᠳᠡᠭᠡᠨ ᠴᠥᠮ ᠴᠢᠩᠭ᠎ᠠ ᠲᠣᠭ᠍ᠲᠠᠭᠠᠯ ᠪᠠ ᠵᠢᠷᠤᠮᠵᠢᠬᠰᠠᠨ ᠡᠮᠬᠢ ᠲᠠᠷᠠᠭᠠᠯᠠᠯ ᠲᠠᠢ ᠪᠠᠢᠵᠤ᠂ ᠠᠵᠢᠯ ᠡᠷᠢᠭ᠌ᠰᠡᠳ ᠬᠠᠤᠯᠢ ᠶᠣᠰᠣᠨ᠎ᠤ ᠠᠵᠢᠯᠳᠠᠨ ᠠᠵᠢᠯᠴᠢᠨ ᠤᠷᠢᠨ ᠡᠯᠰᠡᠬᠦ᠌ ᠠᠷᠭ᠎ᠠ ᠵᠠᠮ᠎ᠢᠶᠠᠷ ᠠᠵᠢᠯ ᠡᠷᠢᠬᠦ ᠬᠡᠷᠡᠭ᠌ᠲᠡᠢ ᠭᠡᠵᠦ ᠰᠠᠨᠠᠭᠤᠯᠤᠨ᠎ᠠ᠃

 

ᠢᠷᠡᠯᠲᠡ᠄ ᠦᠪᠦᠷ ᠮᠤᠩᠭᠤᠯ᠎ᠤᠨ ᠡᠳᠤᠷ᠎ᠤᠨ ᠰᠣᠨᠢᠨ