ᠡᠵᠡᠨ ᠵᠠᠰᠠᠭ ᠠᠯᠪᠠᠨ ᠲᠠᠷᠬᠠᠭᠠᠬᠤ ﹇2011﹈ 1 ᠳ᠋ᠤᠭᠡᠷ ᠲᠤᠭᠠᠳᠤ | ᠡᠯ᠎ᠠ ᠪᠠᠯᠭᠠᠰᠤᠨ ᠤ ᠵᠠᠰᠠᠭ ᠤᠨ ᠤᠷᠳᠤᠨ᠂ ᠬᠤᠰᠢᠭᠤ ᠠᠷᠠᠳ ᠤᠨ ᠵᠠᠰᠠᠭ ᠤᠨ ᠤᠷᠳᠤᠨ ᠤ ᠡᠯ᠎ᠠ ᠪᠠᠶᠢᠭᠤᠯᠭ᠎ᠠ᠂ | ᠡᠯ᠎ᠠ ᠰᠢᠭᠤᠳ ᠬᠠᠷᠢᠶ᠎ᠠ ᠪᠠᠶᠢᠭᠤᠯᠭ᠎ᠠ᠄ | ᠬᠤᠰᠢᠭᠤ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠠᠷᠡᠭᠦᠯᠦᠭᠡᠳ ᠡᠳᠦᠬᠡ ︽ᠣᠷᠳᠣᠰ ᠬᠤᠳᠠ ᠶᠢᠨ | ᠬᠡᠦᠬᠡᠳ ᠤᠨ ᠴᠡᠴᠡᠷᠯᠢᠭ ᠤᠨ ᠰᠣᠷᠭᠠᠭᠤᠯᠢ ᠶᠢᠨ ᠭᠡᠷ ᠤᠨ ᠠᠶᠤᠯᠭᠦᠢ ᠢᠨᠵᠧᠨᠧᠷᠢᠩ ᠤᠨ ᠬᠡᠷᠡᠭᠵᠢᠬᠦᠯᠬᠦ ᠲᠦᠰᠦᠯ ᠢ | ᠳᠠᠷᠣᠮᠠᠯᠯᠠᠨ ᠲᠠᠷᠬᠠᠭᠠᠬᠤ ᠲᠤᠬᠠᠢ ᠣᠷᠳᠣᠰ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ︾ | ︵ᠣᠷᠳᠣᠰ ᠵᠠᠰᠠᠭ ᠠᠯᠪᠠᠨ ᠲᠠᠷᠬᠠᠭᠠᠬᠤ ﹇2010﹈ 110 ᠳ᠋ᠣᠭᠠᠷ︶ ᠢ ᠲᠠ ᠨᠠᠷ ᠲᠤ ᠳᠠᠮᠵᠢᠭᠤᠯᠤᠨ | ᠲᠠᠷᠬᠠᠭᠠᠪᠠ᠂ ᠨᠠᠷᠢᠨ ᠬᠢᠨᠠᠮᠠᠭᠠᠢ ᠵᠤᠬᠢᠶᠠᠨ ᠪᠠᠶᠢᠭᠤᠯᠤᠨ ᠬᠡᠷᠡᠭᠵᠢᠭᠦᠯᠰᠦᠭᠡᠢ᠃ | 2011 ᠤᠨ ᠤ 1 ᠰᠠᠷ᠎ᠠ ᠶᠢᠨ 11 ᠤ ᠡᠳᠤᠷ | | ᠣᠷᠳᠣᠰ ᠬᠤᠳᠠ ᠶᠢᠨ ᠬᠡᠦᠬᠡᠳ ᠤᠨ ᠴᠡᠴᠡᠷᠯᠢᠭ ᠤᠨ ᠰᠣᠷᠭᠠᠭᠤᠯᠢ ᠶᠢᠨ ᠭᠡᠷ ᠤᠨ ᠠᠶᠤᠯᠭᠦᠢ | ᠢᠨᠵᠧᠨᠧᠷᠢᠩ ᠤᠨ ᠬᠡᠷᠡᠭᠵᠢᠬᠦᠯᠬᠦ ᠲᠦᠰᠦᠯ ᠢ ᠳᠠᠷᠣᠮᠠᠯᠯᠠᠨ ᠲᠠᠷᠬᠠᠭᠠᠬᠤ ᠲᠤᠬᠠᠢ ᠣᠷᠳᠣᠰ ᠬᠤᠳᠠ ᠶᠢᠨ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | ᠡᠯ᠎ᠡ ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠢᠶ᠎ᠠ ᠪᠠᠭᠰᠢ ᠰᠢᠨ᠎ᠡ ᠲᠤᠭᠤᠷᠢᠭ ᠤᠨ | ᠬᠠᠮᠢᠶᠠᠷᠣᠯᠳᠠ ᠶᠢᠨ ᠵᠦᠪᠯᠡᠯ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠬᠠᠮᠢᠶ᠎ᠠ ᠪᠦᠬᠦᠢ ᠪᠠᠶᠢᠭᠤᠯᠭ᠎ᠠ | ᠂ ᠡᠯ᠎ᠡ ᠬᠠᠮᠢᠶ᠎ᠠ ᠪᠦᠬᠦᠢ ᠰᠢᠭᠤᠳ ᠬᠠᠷᠢᠶ᠎ᠠ ᠪᠠᠶᠢᠭᠤᠯᠭ᠎ᠠ᠄ | ᠬᠤᠳᠠ ᠶᠢᠨ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠠᠷᠡᠭᠦᠯᠦᠭᠡᠳ ᠡᠳᠦᠭᠡ ︽ᠣᠷᠳᠣᠰ | ᠬᠤᠳᠠ ᠶᠢᠨ ᠬᠡᠦᠬᠡᠳ ᠤᠨ ᠴᠡᠴᠡᠷᠯᠢᠭ ᠤᠨ ᠰᠣᠷᠭᠠᠭᠤᠯᠢ ᠶᠢᠨ ᠭᠡᠷ ᠤᠨ ᠠᠶᠤᠯᠭᠦᠢ ᠢᠨᠵᠧᠨᠧᠷᠢᠩ ᠤᠨ ᠬᠡᠷᠡᠭᠵᠢᠬᠦᠯᠬᠦ | ᠲᠦᠰᠦᠯ ᠢ ᠳᠠᠷᠣᠮᠠᠯᠯᠠᠨ ᠲᠠᠷᠬᠠᠭᠠᠬᠤ ᠲᠤᠬᠠᠢ ᠣᠷᠳᠣᠰ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠮᠡᠳᠡᠭᠳᠡᠯ︾ ᠢ ᠲᠠ ᠨᠠᠷ ᠲᠤ ᠲᠠᠷᠤᠮᠠᠯᠯᠠᠨ ᠲᠠᠷᠬᠠᠭᠠᠪᠠ᠂ ᠪᠤᠳᠠᠳᠤ ᠪᠠᠶᠢᠳᠠᠯ ᠲᠠᠢ ᠪᠠᠨ ᠤᠶᠠᠯᠳᠠᠭᠤᠯᠤᠨ | ᠂ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ ᠬᠡᠷᠡᠭᠵᠢᠭᠦᠯᠰᠦᠭᠡᠢ᠃ | ᠣᠷᠳᠣᠰ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2010 ᠤᠨ ᠤ 10 ᠰᠠᠷ᠎ᠠ ᠶᠢᠨ 27 ᠤ ᠡᠳᠤᠷ | ᠬᠡᠦᠬᠡᠳ ᠤᠨ ᠴᠡᠴᠡᠷᠯᠢᠭ ᠤᠨ ᠰᠣᠷᠭᠠᠭᠤᠯᠢ ᠶᠢᠨ ᠭᠡᠷ ᠤᠨ ᠠᠶᠤᠯᠭᠦᠢ ᠢᠨᠵᠧᠨᠧᠷᠢᠩ ᠢ ᠰᠠᠭᠠᠳ ᠦᠬᠡᠢ | ᠬᠡᠷᠡᠭᠵᠢᠬᠦᠯᠬᠦ ᠶᠢ ᠲᠦᠯᠬᠢᠨ ᠠᠬᠢᠭᠤᠯᠵᠤ᠂ ᠮᠠᠨ ᠤᠨ ᠬᠤᠳᠠ ᠶᠢᠨ ᠬᠡᠦᠬᠡᠳ ᠤᠨ ᠴᠡᠴᠡᠷᠯᠢᠭ ᠤᠨ ᠰᠣᠷᠭᠠᠭᠤᠯᠢ ᠶᠢᠨ | ᠭᠡᠷ ᠣᠨᠣᠷᠴᠢᠨ ᠲᠤᠭᠤᠷᠢᠨ ᠢ ᠪᠦᠬᠦ ᠳᠠᠯ᠎ᠠ ᠪᠠᠷ ᠰᠠᠶᠢᠵᠢᠷᠠᠭᠤᠯᠬᠤ ᠶᠢᠨ ᠲᠤᠯᠠᠳᠠ᠂ ᠲᠤᠰ ᠲᠦᠰᠦᠯ ᠢ ᠳᠣᠭᠳᠠᠭᠠᠪᠠ | ᠃ | ᠨᠢᠭᠡ᠂ ᠬᠡᠦᠬᠡᠳ ᠤᠨ ᠴᠡᠴᠡᠷᠯᠢᠭ ᠤᠨ ᠰᠣᠷᠭᠠᠭᠤᠯᠢ ᠶᠢᠨ ᠭᠡᠷ ᠤᠨ ᠠᠶᠤᠯᠭᠦᠢ ᠢᠨᠵᠧᠨᠧᠷᠢᠩ ᠢ ᠬᠡᠷᠡᠭᠵᠢᠬᠦᠯᠬᠦ | ᠴᠢᠬᠤᠯᠠ ᠠᠴᠢ ᠬᠤᠯᠪᠤᠭᠳᠠᠯ | ᠣᠶᠢᠷ᠎ᠠ ᠶᠢᠨ ᠵᠢᠯ᠂ ᠮᠠᠨ ᠤᠨ ᠬᠤᠳᠠ ᠶᠡᠭᠡ ᠬᠡᠮᠵᠢᠶᠠᠨ ᠤ ᠪᠡᠯᠡ ᠮᠦᠩᠬᠦ ᠣᠷᠣᠭᠤᠯᠤᠨ ᠬᠡᠦᠬᠡᠳ ᠤᠨ | ᠴᠡᠴᠡᠷᠯᠢᠭ ᠤᠨ ᠴᠡᠴᠡᠷᠯᠢᠭ ᠡᠷᠬᠢᠯᠡᠬᠦ ᠨᠦᠬᠦᠴᠡᠯ ᠢ ᠰᠠᠶᠢᠵᠢᠷᠠᠭᠤᠯᠵᠤ᠂ ᠪᠦᠬᠦ ᠬᠤᠳᠠ ᠶᠢᠨ ᠬᠡᠦᠬᠡᠳ ᠤᠨ | ᠴᠡᠴᠡᠷᠯᠢᠭ ᠤᠨ ᠰᠣᠷᠭᠠᠭᠤᠯᠢ ᠶᠢᠨ ᠭᠡᠷ ᠤᠨ ᠪᠠᠶᠢᠭᠠᠯᠢ ᠶᠢᠨ ᠭᠠᠢ ᠭᠠᠮᠰᠢᠭ ᠢ ᠲᠠᠭᠠᠭᠠᠬᠤ ᠴᠢᠳᠠᠪᠤᠷᠢ ᠶᠡᠭᠡᠪᠡᠷ | ᠳᠡᠭᠡᠭᠰᠢᠯᠡᠪᠡ᠃ ᠬᠡᠪᠡᠴᠤ ᠭᠠᠵᠠᠷ ᠬᠦᠳᠡᠯᠦᠯᠳᠡ ᠶᠢ ᠡᠰᠡᠷᠬᠦᠴᠡᠬᠦ ᠰᠡᠷᠭᠡᠶᠢᠯᠡᠯᠳᠠ ᠪᠠᠶᠢᠷᠢᠯᠠᠭᠤᠯᠬᠤ ᠤᠯᠤᠰ ᠤᠨ ᠰᠢᠨ᠎ᠠ | ᠪᠠᠷᠢᠮᠵᠢᠶ᠎ᠠ ᠲᠠᠢ ᠬᠠᠷᠢᠴᠠᠭᠤᠯᠪᠠᠯ ᠮᠠᠨ ᠤᠨ ᠬᠤᠳᠠ ᠶᠢᠨ ᠵᠠᠷᠢᠮ ᠬᠡᠦᠬᠡᠳ ᠤᠨ ᠴᠡᠴᠡᠷᠯᠢᠭ ᠤᠨ ᠰᠣᠷᠭᠠᠭᠤᠯᠢ ᠶᠢᠨ | ᠭᠡᠷ ᠪᠠᠰᠠ ᠭᠠᠵᠠᠷ ᠬᠦᠳᠡᠯᠦᠯᠳᠡ ᠶᠢ ᠡᠰᠡᠷᠬᠦᠴᠡᠬᠦ ᠰᠡᠷᠭᠡᠶᠢᠯᠡᠯᠳᠠ ᠪᠠᠶᠢᠷᠢᠯᠠᠭᠤᠯᠬᠤ ᠪᠠ ᠶᠠᠷᠦᠩᠬᠡᠢ ᠭᠠᠮᠰᠢᠭ ᠢ | ᠰᠡᠷᠭᠡᠶᠢᠯᠡᠬᠦ ᠱᠠᠭᠠᠷᠳᠠᠯᠭ᠎ᠠ ᠳᠤ ᠬᠦᠷᠬᠦ ᠦᠬᠡᠢ ᠪᠠᠶᠢᠵᠤ᠂ C ᠳᠡᠰ ᠪᠠ D ᠳᠡᠰ ᠤᠨ ᠠᠶᠤᠯᠳᠠᠢ ᠬᠡᠷ ᠪᠠᠶᠢᠰᠢᠩ | ᠮᠦᠨ ᠤᠷᠤᠰᠢᠵᠤ ᠪᠤᠢ᠃ ᠪᠦᠬᠦ ᠬᠤᠳᠠ ᠶᠢᠨ ᠬᠡᠪᠴᠢᠶᠠᠨ ᠳᠤ ᠬᠡᠦᠬᠡᠳ ᠤᠨ ᠴᠡᠴᠡᠷᠯᠢᠭ ᠤᠨ ᠰᠣᠷᠭᠠᠭᠤᠯᠢ ᠶᠢᠨ | ᠭᠡᠷ ᠤᠨ ᠠᠶᠤᠯᠭᠦᠢ ᠢᠨᠵᠧᠨᠧᠷᠢᠩ ᠢ ᠬᠡᠷᠡᠭᠵᠢᠬᠦᠯᠦᠨ᠂ ᠬᠡᠦᠬᠡᠳ ᠤᠨ ᠴᠡᠴᠡᠷᠯᠢᠭ ᠤᠨ ᠰᠣᠷᠭᠠᠭᠤᠯᠢ ᠶᠢᠨ ᠭᠡᠷ ᠤᠨ | ᠠᠶᠤᠯᠭᠦᠢ ᠪᠠᠶᠢᠳᠠᠯ ᠢ ᠪᠦᠬᠦ ᠳᠠᠯ᠎ᠠ ᠪᠠᠷ ᠰᠠᠶᠢᠵᠢᠷᠠᠭᠤᠯᠬᠤ ᠪᠤᠯ ᠦᠷᠭᠡᠨ ᠤᠯᠠᠨ ᠪᠠᠭᠰᠢ ᠰᠣᠷᠣᠭᠴᠢ ᠶᠢᠨ ᠠᠮᠢ | ᠨᠠᠰᠤᠨ ᠤ ᠠᠮᠤᠷ ᠲᠦᠪᠰᠢᠨ ᠲᠠᠢ ᠬᠤᠯᠪᠤᠭᠳᠠᠨ᠂ ᠨᠡᠶᠢᠬᠡᠮ ᠤᠨ ᠡᠶ᠎ᠡ ᠨᠠᠶᠢᠷᠠᠮᠳᠠᠭᠤ ᠳᠤᠭᠳᠠᠭᠤᠨ ᠪᠠᠶᠢᠬᠤ ᠲᠠᠢ | ᠬᠤᠯᠪᠤᠭᠳᠠᠬᠤ ᠶᠤᠮ᠂ ᠡᠶᠢᠮᠤ ᠠᠴᠠ ᠡᠯ᠎ᠡ ᠱᠠᠳᠣᠨ ᠤ ᠠᠷᠠᠳ ᠤᠨ ᠵᠠᠰᠠᠭ ᠤᠨ ᠣᠷᠳᠣᠨ ᠪᠠ ᠡᠯ᠎ᠡ ᠬᠠᠮᠢᠶ᠎ᠠ ᠪᠦᠬᠦᠢ | ᠪᠠᠶᠢᠭᠤᠯᠭ᠎ᠠ ᠰᠢᠨᠵᠢᠯᠡᠬᠦ ᠤᠬᠠᠭᠠᠨᠴᠢ ᠪᠠᠷ ᠬᠦᠭᠵᠢᠬᠦᠯᠬᠦ ᠦᠵᠡᠯᠳᠠ ᠶᠢ ᠬᠦᠨᠵᠡᠬᠡᠢ ᠲᠤᠤᠱᠠᠯᠠᠭᠤᠯᠤᠨ | ᠨᠠᠶᠢᠳᠠᠪᠤᠷᠢᠵᠢᠭᠤᠯᠵᠤ᠂ ᠬᠦᠮᠦᠨ ᠢᠶᠠᠷ ᠦᠨᠳᠦᠰᠦ ᠪᠤᠯᠭᠠᠨ᠂ ᠠᠷᠠᠳ ᠲᠦᠮᠡᠨ ᠤ ᠲᠦᠯᠦᠭᠡ ᠲᠦᠷᠦ ᠪᠠᠷᠢᠬᠤ | ᠦᠵᠡᠯᠳᠠ ᠶᠢ ᠪᠠᠳᠣ ᠪᠠᠬᠢᠵᠢᠬᠦᠯᠵᠦ᠂ ᠦᠵᠡᠯ ᠰᠠᠨᠠᠭ᠎ᠠ ᠪᠠᠨ ᠨᠢᠭᠡᠳᠬᠡᠵᠤ ᠬᠡᠦᠬᠡᠳ ᠤᠨ ᠴᠡᠴᠡᠷᠯᠢᠭ ᠤᠨ | ᠰᠣᠷᠭᠠᠭᠤᠯᠢ ᠶᠢᠨ ᠭᠡᠷ ᠤᠨ ᠠᠶᠤᠯᠭᠦᠢ ᠢᠨᠵᠧᠨᠧᠷᠢᠩ ᠢ ᠬᠡᠷᠡᠭᠵᠢᠬᠦᠯᠬᠦ ᠬᠦᠨᠳᠦ ᠴᠢᠬᠤᠯᠠ ᠪᠠᠶᠢᠯᠳᠣᠬᠤ | ᠪᠤᠳᠣᠯᠭ᠎ᠠ ᠶᠢᠨ ᠠᠴᠢ ᠬᠤᠯᠪᠤᠭᠳᠠᠯ ᠢ ᠬᠦᠢᠴᠡᠳ ᠲᠠᠨᠢᠨ᠂ ᠬᠠᠷᠢᠭᠤᠴᠠᠯᠭᠠᠳᠣ ᠰᠡᠳᠬᠢᠯ᠂ ᠡᠭᠦᠷᠭᠡᠲᠤ ᠪᠤᠳᠤᠯ ᠪᠠ | ᠲᠤᠯᠭᠠᠮ᠎ᠠ ᠰᠡᠳᠬᠢᠯᠬᠡ ᠪᠠᠨ ᠴᠢᠩᠭᠠᠳᠬᠠᠵᠤ᠂ ᠨᠢᠭᠳᠠ ᠬᠠᠮᠵᠢᠯᠴᠠᠨ᠂ ᠬᠦᠴᠦ ᠪᠠᠨ ᠬᠠᠮᠳᠤᠳᠬᠠᠵᠤ᠂ ᠦᠨᠳᠦᠷ | ᠦᠷ᠎ᠠ ᠠᠰᠢᠭᠳᠤ ᠠᠵᠢᠯᠯᠡᠬᠤ ᠵᠤᠬᠢᠴᠠᠮᠵᠢ ᠶᠢ ᠪᠡᠶᠢᠭᠤᠯᠤᠨ᠂ ᠢᠨᠵᠧᠨᠧᠷᠢᠩ ᠤᠨ ᠬᠡᠷᠡᠭᠵᠢᠬᠦᠯᠦᠯᠳᠠ ᠶᠢ ᠯᠠᠪᠳᠠᠭᠤᠨ | ᠠᠬᠢᠭᠤᠯᠵᠤ ᠪᠦᠳᠦᠬᠡᠨ ᠪᠠᠶᠢᠭᠤᠯᠤᠯᠳᠠ ᠶᠢᠨ ᠡᠬᠦᠷᠬᠡ ᠶᠢᠨ ᠡᠬᠦᠷᠬᠡ ᠶᠢᠨ ᠲᠤᠭ᠎ᠠ ᠴᠢᠨᠠᠷ ᠢ ᠪᠠᠳᠤᠯᠠᠵᠤ᠂ | ᠬᠡᠦᠬᠡᠳ ᠤᠨ ᠴᠡᠴᠡᠷᠯᠢᠭ ᠢ ᠦᠨᠡᠨᠬᠦ ᠬᠠᠮᠤᠭ ᠤᠨ ᠠᠮᠤᠷ ᠲᠦᠪᠰᠢᠨ᠂ ᠭᠡᠷ ᠤᠨ ᠠᠬᠠᠮᠡᠳ ᠤᠨ ᠬᠠᠮᠤᠭ ᠠᠴᠠ ᠰᠠᠨᠠᠭ᠎ᠠ | ᠠᠮᠤᠷ ᠭᠠᠵᠠᠷ ᠪᠤᠯᠭᠠᠨ ᠪᠠᠶᠢᠭᠤᠯᠤᠨ᠎ᠠ᠃ | ᠬᠤᠶᠠᠷ᠂ ᠬᠠᠷᠠᠯᠳᠠ ᠪᠠ ᠡᠭᠦᠷᠭᠡ | ︵ᠨᠢᠭᠡ︶ ᠬᠠᠷᠠᠯᠳᠠ᠃ ᠪᠦᠬᠦ ᠬᠤᠳᠠ ᠶᠢᠨ ᠬᠡᠦᠬᠡᠳ ᠤᠨ ᠴᠡᠴᠡᠷᠯᠢᠭ ᠲᠤ ᠭᠠᠵᠠᠷ ᠬᠦᠳᠡᠯᠦᠯᠳᠠ ᠶᠢ | ᠲᠠᠭᠠᠭᠠᠬᠤ ᠪᠠᠬᠢᠵᠢᠬᠦᠯᠦᠯᠳᠡ᠂ ᠶᠡᠷᠦᠩᠬᠡᠢ ᠭᠠᠮᠰᠢᠭ ᠢ ᠰᠡᠷᠬᠡᠶᠢᠯᠡᠬᠦ ᠴᠢᠳᠠᠪᠦᠷᠢ ᠪᠠᠨ ᠳᠡᠭᠡᠭᠰᠢᠯᠡᠬᠦᠯᠬᠦ ᠪᠦᠳᠦᠭᠡᠨ | ᠪᠠᠶᠢᠭᠤᠯᠤᠯᠳᠠ ᠶᠢ ᠦᠷᠨᠢᠬᠦᠯᠦᠨ᠂ ᠬᠡᠦᠬᠡᠳ ᠤᠨ ᠴᠡᠴᠡᠷᠯᠢᠭ ᠤᠨ ᠰᠣᠷᠭᠠᠭᠤᠯᠢ ᠶᠢᠨ ᠭᠡᠷ ᠢ ᠭᠤᠤᠯᠳᠠᠯᠭ᠎ᠠ ᠲᠠᠢ | ᠰᠡᠷᠬᠡᠶᠢᠯᠡᠯᠳᠡ ᠪᠠᠶᠢᠷᠢᠯᠠᠭᠤᠯᠬᠤ ᠲᠦᠷᠦᠯ ᠤᠨ ᠭᠠᠵᠠᠷ ᠬᠦᠳᠡᠯᠦᠯᠳᠠ ᠶᠢ ᠲᠠᠭᠠᠭᠠᠬᠤ ᠰᠡᠷᠬᠡᠶᠢᠯᠡᠯᠳᠡ ᠪᠠᠶᠢᠷᠢᠯᠠᠭᠤᠯᠬᠤ | ᠪᠠᠷᠢᠮᠵᠢᠶ᠎ᠠ ᠳᠤ ᠬᠦᠷᠬᠡᠬᠦ ᠶᠢᠨ ᠬᠠᠮᠳᠤ ᠠᠭᠤᠯᠠ ᠨᠤᠷᠠᠬᠤ᠂ ᠶᠡᠬᠦᠷᠡᠬᠦ᠂ ᠰᠢᠪᠡᠷ ᠰᠢᠷᠤᠢ ᠶᠢᠨ ᠤᠷᠤᠰᠬᠠᠯ᠂ ᠭᠠᠵᠠᠷ | ᠶᠡᠭᠦᠷᠡᠨ ᠴᠦᠮᠦᠷᠡᠬᠦ ᠪᠠ ᠦᠶᠡᠷ᠂ ᠭᠠᠯ᠂ ᠠᠶᠤᠩᠭ᠎ᠠ ᠵᠡᠷᠭᠡ ᠭᠠᠢ ᠭᠠᠮᠰᠢᠭ ᠠᠴᠠ ᠰᠡᠷᠬᠡᠶᠢᠯᠡᠬᠦ ᠠᠶᠤᠯ ᠠᠴᠠ | ᠵᠠᠶᠢᠯᠠᠬᠤ ᠠᠶᠤᠯᠬᠦᠢ ᠶᠢᠨ ᠱᠠᠭᠠᠷᠳᠠᠯᠭ᠎ᠠ ᠳᠤ ᠨᠡᠶᠢᠴᠡᠬᠦᠯᠦᠨᠠ᠃ | ︵ᠬᠤᠶᠠᠷ︶ ᠡᠬᠦᠷᠭᠡ᠃ 2010 ᠤᠨ ᠠᠴᠠ ᠡᠬᠢᠯᠡᠨ ᠭᠤᠷᠪᠡᠨ ᠵᠢᠯ ᠤᠨ ᠴᠠᠭ ᠬᠡᠷᠡᠭᠰᠡᠵᠤ ᠪᠦᠬᠦ | ᠬᠤᠳᠠ ᠶᠢᠨ ᠬᠤᠳᠠ ᠪᠠᠯᠭᠠᠰᠣ᠂ ᠬᠦᠳᠡᠭᠡ ᠲᠤᠰᠬᠤᠨ ᠮᠠᠯᠵᠢᠬᠤ ᠣᠷᠣᠨ ᠤ ᠪᠤᠢ ᠪᠦᠬᠦᠢ ᠰᠤᠷᠭᠠᠨ ᠬᠦᠮᠦᠵᠢᠯ ᠤᠨ | ᠪᠠᠶᠢᠭᠤᠯᠭ᠎ᠠ ᠪᠠ ᠪᠤᠰᠤᠳ ᠪᠠᠶᠢᠭᠤᠯᠭ᠎ᠠ᠂ ᠠᠵᠤ ᠠᠬᠤᠶᠢᠯᠠᠯ᠂ ᠠᠷᠠᠳ ᠠᠴᠠ ᠡᠷᠬᠢᠯᠡᠭᠰᠡᠨ ᠬᠡᠦᠬᠡᠳ ᠤᠨ | ᠴᠡᠴᠡᠷᠯᠢᠭ ᠤᠨ ᠠᠮᠤᠷ ᠲᠦᠪᠰᠢᠨ ᠤ ᠳᠠᠯᠳᠡ ᠬᠡᠮ ᠣᠷᠣᠰᠢᠭᠰᠠᠨ ᠰᠣᠷᠭᠠᠭᠤᠯᠢ ᠶᠢᠨ ᠭᠡᠷ ᠲᠤ ᠭᠠᠵᠠᠷ | ᠬᠦᠳᠡᠯᠦᠯᠳᠠ ᠶᠢ ᠲᠠᠭᠠᠭᠠᠬᠤ ᠪᠠᠬᠢᠵᠢᠬᠦᠯᠦᠯᠳᠡ᠂ ᠰᠢᠯᠵᠢᠨ ᠨᠡᠬᠦᠵᠦ ᠭᠠᠮᠰᠢᠭ ᠠᠴᠠ ᠵᠠᠶᠢᠯᠭᠤᠯᠬᠤ ᠠᠵᠢᠯ ᠬᠢᠵᠦ᠂ | ᠶᠡᠷᠦᠩᠬᠡᠢ ᠭᠠᠢ ᠭᠠᠮᠰᠢᠭ ᠢ ᠰᠡᠷᠭᠡᠶᠢᠯᠡᠬᠦ ᠴᠢᠳᠠᠪᠦᠷᠢ ᠶᠢ ᠨᠢ ᠳᠡᠭᠡᠭᠰᠢᠯᠡᠭᠦᠯᠦᠨ᠎ᠠ᠃ | ᠭᠤᠷᠪᠠ᠂ ᠬᠡᠷᠡᠭᠵᠢᠬᠦᠯᠬᠦ ᠠᠯᠬᠤᠮ ᠳᠠᠷᠠᠭ᠎ᠠ | ︵ᠨᠢᠭᠡ︶ ᠬᠡᠦᠬᠡᠳ ᠤᠨ ᠴᠡᠴᠡᠷᠯᠢᠭ ᠤᠨ ᠰᠣᠷᠭᠠᠭᠤᠯᠢ ᠶᠢᠨ ᠭᠡᠷ ᠢ ᠪᠦᠬᠦ ᠳᠠᠯ᠎ᠠ ᠪᠠᠷ ᠵᠢᠭᠰᠠᠭᠠᠨ | ᠪᠠᠶᠢᠴᠠᠭᠠᠵᠤ᠂ ᠬᠢᠨᠠᠨ ᠲᠤᠭᠳᠠᠭᠠᠨ᠎ᠠ᠃ ᠡᠯ᠎ᠡ ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ | ᠬᠠᠮᠢᠶ᠎ᠠ ᠪᠦᠬᠦᠢ ᠪᠠᠶᠢᠭᠤᠯᠭ᠎ᠠ ᠶᠢ ᠵᠤᠬᠢᠶᠠᠨ ᠪᠠᠶᠢᠭᠤᠯᠤᠨ᠂ ᠲᠤᠰ ᠬᠤᠰᠢᠭᠤ ᠲᠤᠭᠤᠷᠢᠭ ᠤᠨ ᠢᠶᠠᠨ ᠬᠡᠪᠴᠢᠶᠠᠨ ᠳᠠᠬᠢ | ᠡᠯ᠎ᠡ ᠲᠦᠷᠦᠯ ᠤᠨ ᠬᠡᠦᠬᠡᠳ ᠤᠨ ᠴᠡᠴᠡᠷᠯᠢᠭ ᠤᠨ ᠣᠳᠣ ᠪᠠᠶᠢᠭ᠎ᠠ ᠰᠣᠷᠭᠠᠭᠤᠯᠢ ᠶᠢᠨ ᠭᠡᠷ ᠢ ᠨᠢᠭᠡ ᠨᠢᠭᠡ ᠪᠠᠷ | ᠵᠢᠭᠰᠠᠭᠠᠨ ᠪᠠᠶᠢᠴᠠᠭᠠᠵᠤ᠂ ᠭᠠᠵᠠᠷ ᠬᠦᠳᠡᠯᠦᠯᠳᠠ ᠶᠢ ᠡᠰᠡᠷᠬᠦᠴᠡᠬᠦ ᠰᠡᠷᠬᠡᠶᠢᠯᠡᠯᠳᠡ ᠪᠠᠶᠢᠷᠢᠯᠠᠭᠤᠯᠬᠤ ᠪᠠ ᠬᠠᠮᠢᠶ᠎ᠠ | ᠪᠦᠬᠦᠢ ᠭᠠᠮᠰᠢᠭ ᠢ ᠰᠡᠷᠭᠡᠶᠢᠯᠡᠬᠦ ᠱᠠᠭᠠᠷᠳᠠᠯᠭ᠎ᠠ ᠶᠤᠰᠤᠭᠠᠷ ᠰᠤᠷᠭᠠᠭᠤᠯᠢ ᠶᠢᠨ ᠬᠡᠷ ᠪᠦᠬᠦᠨ ᠤ ᠠᠶᠤᠯᠬᠦᠢ ᠶᠢᠨ ᠰᠤᠷᠠᠭ | ᠵᠠᠩᠬᠢ ᠶᠢ ᠰᠢᠰᠲ᠋ᠧᠮ ᠲᠠᠢ ᠡᠵᠡᠮᠰᠢᠵᠤ᠂ ᠪᠡᠶᠢᠷᠢ ᠶᠢᠨ ᠭᠡᠷ ᠤᠨ ᠬᠢᠨᠢ ᠪᠠᠶᠢᠬᠤ ᠬᠦᠷᠢᠶ᠎ᠡ ᠬᠡᠪᠴᠢᠶᠠᠨ ᠤ ᠭᠠᠢ | ᠭᠠᠮᠰᠢᠭ ᠤᠨ ᠳᠠᠯᠳᠠ ᠭᠡᠮ ᠤᠨ ᠬᠢᠷᠢ ᠬᠡᠮᠵᠢᠶ᠎ᠡ ᠶᠢ ᠨᠢ ᠪᠤᠳᠠᠳᠠᠢ ᠪᠠᠶᠢᠴᠠᠭᠠᠵᠤ᠂ ᠪᠡᠶᠢᠷᠢ ᠪᠣᠯᠭᠠᠨ ᠳᠤ ᠬᠢᠨᠠᠨ | ᠲᠤᠭᠳᠠᠭᠠᠭᠰᠠᠨ ᠮᠡᠳᠡᠬᠦᠯᠦᠯᠳᠡ ᠬᠢᠵᠤ ᠪᠦᠬᠦ ᠲᠠᠯ᠎ᠠ ᠪᠠᠷ ᠰᠢᠰᠲ᠋ᠧᠮ ᠲᠠᠢ ᠰᠣᠷᠭᠠᠭᠤᠯᠢ ᠶᠢᠨ ᠭᠡᠷ ᠤᠨ ᠠᠶᠤᠯᠬᠦᠢ ᠶᠢᠨ | ᠳᠠᠩᠰᠠ ᠶᠢ ᠪᠠᠶᠢᠭᠤᠯᠵᠤ᠂ ᠶᠠᠷᠦᠩᠬᠡᠢ ᠪᠠᠶᠢᠳᠠᠯ ᠢ ᠨᠢ ᠡᠵᠡᠮᠰᠢᠨ᠎ᠠ᠃ ᠡᠯ᠎ᠡ ᠬᠤᠰᠢᠭᠤ ᠲᠤᠭᠤᠷᠢᠭ ᠤᠨ ᠵᠢᠭᠰᠠᠭᠠᠨ | ᠪᠠᠶᠢᠴᠠᠭᠠᠵᠣ᠂ ᠬᠢᠨᠠᠨ ᠲᠤᠭᠳᠠᠭᠠᠬᠤ ᠠᠵᠢᠯ ᠢ 2010 ᠤᠨ ᠤ 12 ᠰᠠᠷ᠎ᠠ ᠶᠢᠨ ᠰᠡᠭᠦᠯᠴᠢ ᠠᠴᠠ ᠡᠮᠦᠨ᠎ᠡ | ᠲᠠᠭᠤᠰᠬᠠᠬᠤ ᠬᠡᠷᠡᠭᠳᠡᠢ᠃ | ︵ᠬᠤᠶᠠᠷ︶ ᠬᠡᠦᠬᠡᠳ ᠤᠨ ᠴᠡᠴᠡᠷᠯᠢᠭ ᠤᠨ ᠰᠣᠷᠭᠠᠭᠤᠯᠢ ᠶᠢᠨ ᠭᠡᠷ ᠤᠨ ᠠᠶᠤᠯᠭᠦᠢ ᠢᠨᠵᠧᠨᠧᠷᠢᠩ ᠢ | ᠬᠡᠷᠡᠭᠵᠢᠬᠦᠯᠬᠦ ᠲᠦᠯᠦᠪᠵᠢᠬᠦᠯᠬᠡ ᠪᠠ ᠲᠦᠰᠦᠯ ᠢ ᠰᠢᠨᠵᠢᠯᠡᠬᠦ ᠤᠬᠠᠭᠠᠨᠴᠢ ᠪᠠᠷ ᠳᠣᠭᠳᠠᠭᠠᠬᠤ᠃ ᠵᠢᠭᠰᠠᠭᠠᠨ | ᠪᠠᠶᠢᠴᠠᠭᠠᠭᠰᠠᠨ ᠦᠷ᠎ᠡ ᠳ᠋ᠦᠩ ᠢ ᠦᠨᠳᠦᠰᠦᠯᠡᠨ᠂ ᠡᠯ᠎ᠠ ᠬᠤᠰᠢᠭᠤ ᠲᠤᠭᠤᠷᠢᠭ ᠲᠦᠷᠦᠯ ᠵᠦᠢᠯ ᠪᠦᠷᠢ ᠶᠢ | ᠦᠭᠡᠷᠡᠴᠢᠯᠡᠬᠦ ᠲᠦᠰᠦᠯ᠂ ᠬᠤᠶᠡᠷ ᠵᠢᠯ ᠤᠨ ᠶᠡᠷᠦᠩᠬᠡᠢ ᠲᠦᠯᠦᠪᠵᠢᠬᠦᠯᠬᠡ ᠪᠠ ᠵᠢᠯ ᠬᠤᠪᠢᠶᠠᠷᠯᠡᠨ ᠬᠡᠷᠡᠭᠵᠢᠬᠦᠯᠬᠦ | ᠲᠦᠯᠦᠪᠯᠡᠭᠡ ᠪᠠᠨ ᠰᠢᠨᠵᠢᠯᠡᠬᠦ ᠤᠬᠠᠭᠠᠨᠴᠢ ᠪᠠᠷ ᠲᠤᠭᠳᠠᠭᠠᠵᠤ᠂ ᠨᠢᠬᠡᠳᠦᠯᠳᠠᠢ ᠲᠦᠯᠦᠪᠵᠢᠬᠦᠯᠬᠦ᠂ ᠵᠦᠢ ᠵᠤᠬᠢᠰᠳᠠᠢ | ᠪᠠᠶᠢᠷᠢᠯᠠᠭᠤᠯᠬᠤ ᠶᠢ ᠦᠨᠡᠨᠬᠦ ᠬᠦᠢᠴᠡᠳᠬᠡᠨ᠂ ᠬᠡᠷᠡᠭᠵᠢᠬᠦᠯᠬᠦ ᠬᠠᠷᠠᠯᠳᠠ᠂ ᠴᠠᠭ ᠤᠨ ᠠᠬᠢᠴᠠ ᠪᠠᠨ ᠳᠣᠲᠣᠳᠬᠠᠵᠤ᠂ | ᠢᠨᠵᠧᠨᠧᠷᠢᠩ ᠢ ᠪᠦᠳᠦᠭᠡᠨ ᠪᠠᠶᠢᠭᠤᠯᠬᠤ ᠡᠬᠦᠷᠭᠡ ᠶᠢ ᠴᠠᠭ ᠲᠤᠬᠠᠢ ᠳᠤᠨᠢ ᠬᠦᠢᠴᠡᠳᠬᠡᠬᠦ ᠶᠢ ᠦᠨᠡᠨᠬᠦ ᠪᠠᠳᠣᠯᠠᠨ᠎ᠠ᠃ | ︵ᠭᠤᠷᠪᠠ︶ ᠬᠡᠦᠬᠡᠳ ᠤᠨ ᠴᠡᠴᠡᠷᠯᠢᠭ ᠤᠨ ᠰᠣᠷᠭᠠᠭᠤᠯᠢ ᠶᠢᠨ ᠭᠡᠷ ᠤᠨ ᠠᠶᠤᠯᠭᠦᠢ ᠢᠨᠵᠧᠨᠧᠷᠢᠩ ᠢ ᠲᠦᠷᠦᠯ | ᠬᠤᠪᠢᠶᠠᠨ ᠠᠯᠬᠤᠮ ᠬᠤᠪᠢᠶᠠᠵᠤ ᠬᠡᠷᠡᠭᠵᠢᠬᠦᠯᠬᠦ᠃ ᠡᠯ᠎ᠡ ᠬᠤᠰᠢᠭᠤ ᠲᠤᠭᠤᠷᠢᠭ ᠠᠴᠠ ᠪᠠᠶᠢᠳᠠᠯ ᠢᠶᠠᠨ ᠢᠯᠭᠠᠵᠤ᠂ | ᠭᠤᠤᠯᠳᠠᠯᠭ᠎ᠠ ᠪᠠᠨ ᠲᠤᠪᠤᠶᠢᠯᠭᠠᠨ᠂ ᠬᠡᠦᠬᠡᠳ ᠤᠨ ᠴᠡᠴᠡᠷᠯᠢᠭ ᠤᠨ ᠰᠣᠷᠭᠠᠭᠤᠯᠢ ᠶᠢᠨ ᠭᠡᠷ ᠤᠨ ᠠᠶᠤᠯᠭᠦᠢ | ᠢᠨᠵᠧᠨᠧᠷᠢᠩ ᠤᠨ ᠬᠡᠷᠡᠭᠵᠢᠬᠦᠯᠬᠦ ᠠᠵᠢᠯ ᠢ ᠠᠯᠬᠤᠮ ᠬᠤᠪᠢᠶᠠᠵᠤ ᠲᠦᠯᠬᠢᠨ ᠠᠬᠢᠭᠤᠯᠬᠤ ᠬᠡᠷᠡᠭᠳᠠᠢ᠃ ᠰᠡᠯᠪᠢᠨ | ᠵᠠᠰᠠᠵᠤ ᠪᠠᠬᠢᠵᠢᠬᠦᠯᠦᠭᠡᠳ ᠭᠠᠵᠠᠷ ᠬᠦᠳᠡᠯᠦᠯᠳᠡ ᠶᠢ ᠰᠡᠷᠭᠡᠶᠢᠯᠡᠬᠦ ᠪᠠᠷᠢᠮᠵᠢᠶ᠎ᠠ ᠳᠤ ᠬᠦᠷᠬᠦ ᠰᠣᠷᠭᠠᠭᠤᠯᠢ ᠶᠢᠨ ᠭᠡᠷ ᠢ | ᠭᠤᠤᠯᠳᠠᠯᠭ᠎ᠠ ᠲᠠᠢ ᠰᠡᠷᠭᠡᠶᠢᠯᠡᠬᠦ ᠲᠦᠷᠦᠯ ᠤᠨ ᠭᠠᠵᠠᠷ ᠬᠦᠳᠡᠯᠦᠯᠳᠡ ᠶᠢ ᠳᠠᠭᠠᠭᠠᠬᠤ ᠰᠡᠷᠭᠡᠶᠢᠯᠡᠯᠳᠡ ᠶᠢᠨ | ᠪᠠᠷᠢᠮᠵᠢᠶ᠎ᠠ ᠶᠢ ᠦᠨᠳᠦᠰᠦᠯᠡᠨ ᠰᠡᠯᠪᠢᠨ ᠵᠠᠰᠠᠵᠤ ᠪᠠᠬᠢᠵᠢᠬᠦᠯᠦᠨ᠎ᠠ︔ ᠬᠢᠨᠠᠯᠳᠠ ᠪᠠᠷ ᠳᠠᠮᠵᠢᠭᠠᠳ ᠪᠠᠷᠢᠮᠵᠢᠶ᠎ᠠ ᠳᠤ | ᠬᠦᠷᠬᠦ ᠦᠭᠡᠢ᠂ ᠰᠡᠯᠪᠢᠨ ᠵᠠᠰᠠᠵᠤ ᠪᠠᠬᠢᠵᠢᠬᠦᠯᠬᠦ ᠨᠦᠬᠦᠴᠡᠯ ᠢ ᠪᠦᠷᠢᠯᠳᠦᠬᠦᠯᠬᠦ ᠦᠬᠡᠢ ᠶᠢ ᠨᠢ ᠭᠤᠤᠯᠳᠠᠯᠭ᠎ᠠ ᠲᠠᠢ | ᠰᠡᠷᠭᠡᠶᠢᠯᠡᠬᠦ ᠲᠦᠷᠦᠯ ᠤᠨ ᠭᠠᠵᠠᠷ ᠬᠦᠳᠡᠯᠦᠯᠳᠡ ᠶᠢ ᠳᠠᠭᠠᠭᠠᠬᠤ ᠰᠡᠷᠭᠡᠶᠢᠯᠡᠯᠳᠡ ᠶᠢᠨ ᠪᠠᠷᠢᠮᠵᠢᠶ᠎ᠠ ᠬᠢᠭᠡᠳ ᠪᠦᠳᠦᠭᠡᠨ | ᠪᠠᠶᠢᠭᠤᠯᠬᠤ ᠢᠨᠵᠧᠨᠧᠷᠢᠩ ᠤᠨ ᠠᠯᠪᠠᠳᠠᠬᠤ ᠴᠢᠨᠡᠷ ᠲᠠᠢ ᠪᠠᠷᠢᠮᠵᠢᠶ᠎ᠠ ᠶᠢ ᠦᠨᠳᠦᠰᠦᠯᠡᠨ ᠳᠠᠬᠢᠨ ᠪᠠᠷᠢᠨ᠎ᠠ︔ ᠬᠦᠨᠳᠦ | ᠨᠤᠴᠢᠳᠠᠢ ᠭᠠᠵᠠᠷ ᠰᠢᠨᠵᠢᠯᠡᠭᠡᠨ ᠤ ᠭᠠᠢ ᠭᠠᠮᠰᠢᠭ ᠡᠬᠦᠰᠦᠮᠡᠷ ᠭᠠᠵᠠᠷ ᠣᠷᠣᠨ ᠤ ᠰᠣᠷᠭᠠᠭᠤᠯᠢ ᠶᠢᠨ ᠭᠡᠷ ᠲᠤ ᠭᠠᠵᠠᠷ | ᠰᠢᠨᠵᠢᠯᠡᠭᠡᠨ ᠤ ᠭᠠᠢ ᠭᠠᠮᠰᠢᠭ ᠤᠨ ᠲᠦᠭᠰᠢᠬᠦᠷᠢ ᠤᠨ ᠦᠨᠡᠯᠡᠯᠳᠡ ᠬᠢᠬᠦ ᠮᠦᠷᠳᠡᠭᠡᠨ ᠲᠦᠭᠰᠢᠬᠦᠷᠢ ᠠᠴᠠ ᠵᠠᠶᠢᠯᠠᠭᠤᠯᠵᠤ | ᠰᠢᠯᠵᠢᠬᠦᠯᠦᠨ᠎ᠠ᠃ ᠴᠡᠴᠡᠷᠯᠢᠭ ᠪᠠᠶᠢᠭᠤᠯᠬᠤ ᠭᠠᠵᠠᠷ ᠤᠨ ᠰᠤᠩᠭᠤᠯᠳᠠ ᠨᠢ ᠢᠨᠵᠧᠨᠧᠷᠢᠩ ᠤᠨ ᠪᠦᠳᠦᠭᠡᠨ | ᠪᠠᠶᠢᠭᠤᠯᠤᠯᠳᠠ ᠶᠢᠨ ᠠᠯᠪᠠᠳᠠᠬᠤ ᠴᠢᠨᠡᠷ ᠲᠠᠢ ᠪᠠᠷᠢᠮᠵᠢᠶ᠎ᠠ ᠪᠠ ᠤᠯᠤᠰ ᠤᠨ ᠬᠠᠮᠢᠶ᠎ᠠ ᠪᠦᠬᠦᠢ ᠪᠠᠶᠢᠭᠤᠯᠭ᠎ᠠ ᠳᠤ | ᠨᠠᠶᠢᠳᠡᠯᠡᠭᠰᠡᠨ ︽ᠸᠧᠨ ᠴᠤᠸᠡᠨ ᠤ ᠭᠠᠵᠡᠷ ᠬᠦᠳᠡᠯᠦᠯᠳᠡ ᠶᠢᠨ ᠲᠠᠷᠠᠭᠠᠬᠢ ᠰᠣᠷᠭᠠᠭᠤᠯᠢ ᠶᠢ ᠳᠠᠬᠢᠨ ᠪᠠᠷᠢᠬᠤ | ᠲᠦᠯᠦᠪᠵᠢᠬᠦᠯᠭᠡ ᠶᠢᠨ ᠪᠠᠷᠢᠯᠭ᠎ᠠ ᠶᠢ ᠵᠢᠷᠣᠵᠤ ᠲᠦᠯᠦᠪᠯᠡᠬᠦ ᠵᠢᠯᠤᠭᠤᠳᠬᠤ ᠲᠦᠷᠢᠮ︾ ᠤᠨ ᠲᠤᠭᠳᠠᠭᠠᠯ ᠳᠤ ᠨᠡᠶᠢᠴᠡᠬᠦ | ᠬᠡᠷᠡᠭᠳᠡᠢ ᠮᠦᠷᠳᠡᠭᠡᠨ ᠨᠦᠯᠦᠮᠠᠯ ᠭᠠᠵᠠᠷ ᠤᠨ ᠬᠠᠰᠢᠯᠭ᠎ᠠ᠂ ᠣᠰᠣ ᠬᠠᠳᠠᠭᠠᠯᠠᠬᠤ ᠴᠦᠬᠦᠷᠦᠮ᠂ ᠦᠯᠡᠳᠡᠭᠳᠡᠯ | ᠠᠭᠤᠷᠬᠠᠢ ᠶᠢᠨ ᠬᠦᠮᠦᠷᠭᠡ᠂ ᠦᠨᠡᠰᠦ ᠬᠠᠳᠠᠭᠠᠯᠠᠬᠤ ᠬᠦᠮᠦᠷᠭᠡ ᠵᠡᠷᠭᠡ ᠪᠠᠷᠢᠯᠭ᠎ᠠ ᠶᠢᠨ ᠲᠤᠤᠷᠠᠳᠣ ᠣᠷᠣᠰᠬᠠᠯ ᠤᠨ | ᠲᠦᠭᠰᠢᠭᠦᠷᠢ ᠪᠦᠬᠦᠢ ᠣᠷᠣᠨ ᠠᠴᠠ ᠵᠠᠶᠢᠯᠠᠬᠤ ᠬᠡᠷᠡᠭᠳᠡᠢ᠃ ᠰᠣᠷᠭᠠᠭᠤᠯᠢ ᠶᠢᠨ ᠭᠡᠷ ᠣᠨᠭᠠᠯ ᠰᠡᠷᠬᠡᠶᠢᠯᠡᠬᠦ᠂ ᠠᠶᠤᠩᠭ᠎ᠠ | ᠵᠠᠶᠢᠯᠠᠭᠤᠯᠬᠤ᠂ ᠡᠯᠡᠰᠦ ᠲᠤᠭᠤᠰᠣ ᠰᠡᠷᠭᠡᠶᠢᠯᠡᠬᠦ ᠵᠡᠷᠭᠡ ᠶᠡᠷᠦᠩᠬᠡᠢ ᠭᠠᠮᠰᠢᠭ ᠰᠡᠷᠬᠡᠶᠢᠯᠡᠬᠦ ᠪᠠᠷᠢᠮᠵᠢᠶ᠎ᠠ ᠶᠢ | ᠲᠡᠬᠦᠯᠳᠡᠷᠵᠢᠬᠦᠯᠬᠦ ᠶᠢᠨ ᠬᠠᠮᠳᠤ ᠴᠢᠩᠭ᠎ᠠ ᠬᠡᠷᠡᠭᠵᠢᠬᠦᠯᠦᠨ᠎ᠠ᠃ ᠭᠠᠵᠠᠷ ᠬᠦᠳᠡᠯᠦᠯᠳᠡ ᠶᠢᠨ ᠭᠤᠤᠯᠳᠠᠯᠭ᠎ᠠ ᠲᠠᠢ ᠬᠢᠨᠠᠨ | ᠰᠡᠷᠬᠡᠶᠢᠯᠡᠬᠦ ᠣᠷᠣᠨ᠂ ᠲᠤᠯᠤᠭᠠᠨ ᠳᠡᠰ ᠠᠴᠠ ᠳᠡᠭᠡᠭᠰᠢ ᠭᠠᠵᠠᠷ ᠬᠦᠳᠡᠯᠦᠯᠳᠡ ᠶᠢᠨ ᠦᠨᠳᠦᠷ ᠬᠦᠴᠦᠯᠡᠴᠡ ᠪᠦᠬᠦᠢ | ᠣᠷᠣᠨ ᠵᠢᠴᠢ ᠦᠶᠡᠷ ᠤᠨ ᠭᠠᠮᠰᠢᠭ᠂ ᠠᠭᠤᠯᠠ ᠨᠤᠷᠠᠬᠤ ᠵᠡᠷᠭᠡ ᠭᠠᠵᠠᠷ ᠰᠢᠨᠵᠢᠯᠡᠭᠡᠨ ᠤ ᠭᠠᠢ ᠭᠠᠮᠰᠢᠭ ᠠᠮᠠᠷᠬᠠᠨ | ᠡᠬᠦᠰᠳᠡᠭ ᠣᠷᠣᠨ ᠤ ᠬᠡᠦᠬᠡᠳ ᠤᠨ ᠴᠡᠴᠡᠷᠯᠢᠭ ᠲᠤ ᠬᠦᠴᠦᠳᠡᠢ ᠠᠷᠭ᠎ᠠ ᠬᠡᠮᠵᠢᠶ᠎ᠡ ᠠᠪᠴᠤ᠂ ᠠᠬᠢᠴᠠ ᠪᠠᠨ | ᠲᠦᠷᠭᠡᠳᠬᠡᠵᠦ᠂ ᠭᠤᠤᠯᠳᠠᠯᠭ᠎ᠠ ᠲᠠᠢ ᠰᠡᠷᠭᠡᠶᠢᠯᠡᠬᠦ ᠲᠦᠷᠦᠯ ᠤᠨ ᠭᠠᠵᠠᠷ ᠬᠦᠳᠡᠯᠦᠯᠳᠡ ᠶᠢ ᠳᠠᠭᠠᠭᠠᠬᠤ ᠰᠡᠷᠬᠡᠶᠢᠯᠡᠯᠳᠡ | ᠶᠢᠨ ᠪᠠᠷᠢᠮᠵᠢᠶ᠎ᠡ ᠪᠠᠷ ᠦᠭᠡᠷᠡᠴᠢᠯᠡᠨ ᠵᠠᠰᠠᠬᠤ ᠪᠠ ᠪᠦᠲᠦᠬᠡᠨ ᠪᠠᠶᠢᠭᠤᠯᠬᠤ ᠶᠢ ᠪᠠᠳᠣᠯᠠᠨ᠎ᠠ᠃ | ᠲᠦᠷᠪᠡ᠂ ᠬᠡᠷᠡᠭᠵᠢᠬᠦᠯᠬᠦ ᠵᠠᠷᠴᠢᠮ | ︵ᠨᠢᠬᠡ︶ ᠵᠦᠢ ᠵᠤᠬᠢᠰᠳᠡᠢ ᠪᠠᠶᠢᠷᠢᠯᠠᠭᠤᠯᠬᠤ ᠵᠠᠷᠴᠢᠮ ᠢ ᠪᠠᠷᠢᠮᠳᠠᠯᠠᠬᠤ᠃ ᠢᠨᠵᠧᠨᠧᠷᠢᠩ ᠤᠨ ᠪᠡᠯᠡ | ᠮᠦᠩᠬᠦ ᠶᠢᠨ ᠬᠡᠷᠡᠭᠯᠡᠬᠡᠨ ᠤ ᠠᠰᠢᠭᠯᠠᠮᠵᠢ ᠶᠢ ᠪᠠᠳᠣᠯᠠᠵᠤ᠂ ᠳᠠᠬᠢᠨ ᠳᠠᠪᠳᠠᠨ ᠪᠡᠯᠡ ᠣᠷᠣᠭᠤᠯᠬᠤ ᠠᠴᠠ | ᠵᠠᠶᠢᠯᠠᠰᠬᠢᠬᠤ ᠶᠢᠨ ᠲᠦᠯᠦᠬᠡ᠂ ᠡᠯ᠎ᠡ ᠬᠤᠰᠢᠭᠤ ᠲᠤᠭᠤᠷᠢᠭ ᠤᠨ ᠬᠢᠨ ᠬᠦᠮᠦᠨ ᠠᠮᠠ ᠶᠢᠨ ᠪᠦᠷᠬᠦᠴᠡ ᠶᠢᠨ | ᠦᠢᠯᠡᠴᠢᠯᠡᠬᠦ ᠬᠡᠪᠴᠢᠶ᠎ᠠ᠂ ᠠᠵᠤ ᠠᠬᠤᠢ ᠶᠢᠨ ᠬᠦᠭᠵᠢᠯᠳᠡ᠂ ᠭᠠᠵᠠᠷ ᠵᠦᠢ ᠶᠢᠨ ᠤᠷᠴᠢᠨ ᠲᠤᠭᠤᠷᠢᠨ ᠪᠤᠯᠤᠨ | ᠰᠤᠷᠭᠠᠨ ᠬᠦᠮᠦᠵᠢᠯ ᠤᠨ ᠲᠤᠮᠳᠠ ᠤᠷᠳᠤ ᠬᠤᠭᠤᠴᠠᠭᠠᠨ ᠤ ᠬᠦᠭᠵᠢᠯᠳᠡ ᠶᠢᠨ ᠱᠠᠭᠠᠷᠳᠠᠯᠭ᠎ᠠ ᠵᠢᠴᠢ ᠬᠤᠳᠠ | ᠪᠠᠯᠭᠠᠰᠤᠵᠢᠯᠳᠠ ᠶᠢᠨ ᠬᠦᠭᠵᠢᠯᠳᠡ᠂ ᠬᠦᠮᠦᠨ ᠠᠮᠠ ᠶᠢᠨ ᠨᠡᠬᠦᠯᠳᠡ | ︵ᠬᠤᠶᠠᠷ︶ ᠠᠶᠤᠯᠬᠦᠢ᠂ ᠦᠨᠡᠨᠬᠦ ᠴᠢᠬᠤᠯᠠᠳᠠᠢ᠂ ᠠᠷᠪᠢᠯᠠᠨ ᠭᠠᠮᠨᠠᠬᠤ ᠵᠠᠷᠴᠢᠮ ᠢ ᠪᠠᠷᠢᠮᠳᠠᠯᠠᠬᠤ᠃ | ᠢᠨᠵᠧᠨᠧᠷᠢᠩ ᠤᠨ ᠴᠢᠨᠠᠷ ᠴᠢᠨᠰᠠᠭ᠎ᠠ ᠶᠢ ᠪᠠᠳᠣᠯᠠᠵᠤ᠂ ᠵᠠᠪᠰᠢᠶᠠᠨ ᠳᠠᠯᠢᠮᠳᠠᠭᠤᠯᠬᠤ ᠦᠵᠡᠭᠳᠡᠯ ᠢ ᠵᠠᠶᠢᠯᠠᠭᠤᠯᠤᠨ᠂ | ᠬᠡᠳᠦ ᠬᠡᠬᠡᠨᠴᠢᠷ ᠢᠨᠵᠧᠨᠧᠷᠢᠩ᠂ ᠦᠩᠭᠡᠨ ᠳᠠᠯ᠎ᠠ ᠶᠢᠨ ᠢᠨᠵᠧᠨᠧᠷᠢᠩ ᠬᠢᠬᠦ ᠦᠬᠡᠢ᠂ ᠪᠠᠬᠢᠵᠢᠬᠦᠯᠪᠡᠯ ᠪᠤᠯᠴᠢᠬᠠᠬᠤ | ᠰᠣᠷᠭᠠᠭᠤᠯᠢ ᠶᠢᠨ ᠭᠡᠷ ᠢ ᠳᠠᠬᠢᠨ ᠪᠠᠶᠢᠭᠤᠯᠬᠤ ᠦᠬᠡᠢ᠃ | ︵ᠭᠤᠷᠪᠠ︶ ᠭᠤᠤᠯᠳᠠᠯᠭ᠎ᠠ ᠲᠠᠢ ᠶᠢ ᠨᠢ ᠣᠷᠢᠳᠠᠪᠡᠷ᠂ ᠡᠩ ᠤᠨ ᠬᠢ ᠶᠢ ᠰᠡᠭᠦᠯᠡᠷ ᠪᠠᠶᠢᠭᠤᠯᠬᠤ ᠵᠠᠷᠴᠢᠮ ᠢ | ᠪᠠᠷᠢᠮᠳᠠᠯᠠᠬᠤ᠃ ᠬᠡᠦᠬᠡᠳ ᠤᠨ ᠴᠡᠴᠡᠷᠯᠢᠭ ᠤᠨ ᠰᠣᠷᠭᠠᠭᠤᠯᠢ ᠶᠢᠨ ᠭᠡᠷ ᠤᠨ ᠠᠶᠤᠯᠭᠦᠢ ᠢᠨᠵᠧᠨᠧᠷᠢᠩ ᠨᠢ | ᠲᠦᠯᠦᠪᠵᠢᠬᠦᠯᠭᠡ ᠪᠠᠷ ᠣᠷᠢᠳᠠᠯ ᠵᠢᠯᠣᠭᠤᠳᠣᠯᠭ᠎ᠠ ᠬᠢᠵᠦ᠂ ᠶᠡᠷᠦᠩᠬᠡᠢ ᠬᠠᠷᠠᠯᠳᠠ ᠪᠠ ᠱᠠᠳᠣ ᠦᠶ᠎ᠡ ᠶᠢᠨ ᠴᠢᠨᠠᠷᠳᠠᠢ | ᠡᠬᠦᠷᠭᠡ ᠪᠠᠨ ᠳᠣᠳᠣᠳᠬᠠᠬᠤ ᠬᠡᠷᠡᠭᠳᠡᠢ᠃ ᠢᠨᠵᠧᠨᠧᠷᠢᠩ ᠤᠨ ᠡᠬᠢᠨ ᠤ ᠬᠤᠭᠤᠴᠠᠭᠠᠨ ᠳᠤ ᠭᠠᠵᠠᠷ ᠬᠦᠳᠡᠯᠦᠯᠳᠡ ᠶᠢᠨ | ᠭᠤᠤᠯᠳᠠᠯᠭ᠎ᠠ ᠲᠠᠢ ᠬᠡᠳᠡᠨ ᠰᠡᠷᠬᠡᠶᠢᠯᠡᠬᠦ ᠣᠷᠣᠨ᠂ ᠭᠠᠵᠠᠷ ᠬᠦᠳᠡᠯᠦᠯᠳᠡ ᠶᠢᠨ ᠦᠨᠳᠦᠷ ᠬᠦᠴᠦᠯᠡᠴᠡ ᠪᠦᠬᠦᠢ ᠣᠷᠣᠨ | ᠪᠠ ᠬᠦᠮᠦᠨ ᠠᠮᠠ ᠨᠢᠭᠳᠠ ᠣᠷᠣᠨ ᠤ ᠰᠣᠷᠭᠠᠭᠤᠯᠢ ᠶᠢᠨ ᠭᠡᠷ ᠤᠨ ᠠᠶᠤᠯᠭᠦᠢ ᠦᠭᠡᠷᠡᠴᠢᠯᠡᠯᠳᠡ ᠬᠢᠭᠡᠳ ᠪᠤᠰᠣᠳ | ᠭᠠᠵᠠᠷ ᠣᠷᠣᠨ ᠤ C ᠳᠡᠰ᠂ D ᠳᠡᠰ ᠤᠨ ᠨᠤᠷᠠᠮᠡᠷ ᠭᠡᠷ ᠤᠨ ᠦᠭᠡᠷᠡᠴᠢᠯᠡᠯᠳᠡ ᠶᠢ ᠭᠤᠤᠯᠳᠠᠯᠭ᠎ᠠ ᠪᠠᠨ ᠪᠤᠯᠭᠠᠬᠤ | ᠬᠡᠷᠡᠭᠳᠡᠢ᠃ ᠬᠤᠶᠠᠷ ᠵᠢᠯ ᠤᠨ ᠲᠦᠯᠦᠪᠵᠢᠬᠦᠯᠬᠡ ᠪᠠ ᠵᠢᠯ ᠪᠦᠷᠢ ᠲᠦᠯᠦᠪᠯᠡᠭᠡ ᠶᠢ ᠬᠦᠮᠦᠨ ᠠᠮᠠ ᠨᠢᠭᠳᠠ ᠬᠤᠳᠠ | ᠪᠠᠯᠭᠠᠰᠣ ᠠᠴᠠ ᠰᠣᠮᠤ ᠰᠢᠶᠠᠩ ᠪᠠᠯᠭᠠᠰᠣ᠂ ᠭᠠᠴᠠᠭ᠎ᠠ ᠲᠤᠰᠬᠤᠨ ᠵᠦᠭ ᠠᠯᠬᠤᠮ ᠠᠯᠬᠤᠮ ᠢᠶᠠᠷ ᠲᠦᠯᠬᠢᠨ | ᠳᠡᠯᠭᠡᠷᠡᠬᠦᠯᠵᠦ᠂ ᠭᠤᠤᠯᠳᠠᠯᠭ᠎ᠠ ᠲᠠᠢ ᠣᠷᠣᠨ ᠠᠴᠠ ᠡᠩ ᠤᠨ ᠣᠷᠣᠨ ᠳᠡᠰᠢ ᠲᠦᠯᠬᠢᠨ ᠳᠡᠯᠭᠡᠷᠡᠭᠦᠯᠦᠨ᠎ᠠ᠃ ᠪᠡᠯᠡ | ᠮᠦᠩᠬᠦᠨ ᠤ ᠳᠣᠬᠢᠷᠠᠭᠤᠯᠭ᠎ᠠ ᠨᠢ ᠭᠤᠤᠯᠳᠠᠯᠭ᠎ᠠ ᠲᠠᠢ ᠣᠷᠣᠨ ᠤ ᠲᠦᠯᠦᠪᠯᠡᠭᠡ ᠲᠠᠢ᠂ ᠠᠯᠬᠤᠮ ᠳᠠᠷᠠᠭ᠎ᠠ ᠲᠠᠢ | ᠵᠤᠬᠢᠶᠠᠨ ᠪᠠᠶᠢᠭᠤᠯᠤᠯᠳᠠ ᠬᠡᠷᠡᠭᠵᠢᠬᠦᠯᠦᠯᠳᠡ ᠶᠢ ᠪᠠᠳᠣᠯᠠᠵᠤ᠂ ᠪᠠᠭᠰᠢ ᠰᠣᠷᠣᠭᠴᠢ ᠶᠢᠨ ᠨᠤᠷᠠᠮᠡᠷ ᠭᠡᠷ ᠲᠤ | ᠬᠢᠴᠢᠶᠡᠯᠯᠡᠬᠦ ᠦᠬᠡᠢ ᠶᠢ ᠦᠨᠡᠨᠬᠦ ᠪᠡᠳᠣᠯᠡᠨ᠂ ᠪᠠᠭᠰᠢ ᠰᠣᠷᠣᠭᠴᠢ ᠶᠢᠨ ᠠᠮᠢ ᠨᠠᠰᠣᠨ ᠤ ᠠᠮᠣᠷ ᠲᠦᠪᠰᠢᠨ ᠢ | ᠪᠠᠳᠣᠯᠠᠬᠤ ᠬᠡᠷᠡᠭᠳᠡᠢ᠃ | ᠳᠠᠪᠤ᠂ ᠵᠤᠬᠢᠶᠠᠨ ᠪᠠᠶᠢᠭᠤᠯᠤᠯᠳᠠ ᠶᠢᠨ ᠵᠢᠯᠣᠭᠤᠳᠤᠯᠭ᠎ᠠ ᠪᠠ ᠠᠵᠢᠯᠯᠠᠭᠠᠨ ᠤ ᠵᠤᠬᠢᠴᠠᠮᠵᠢ | ᠬᠡᠦᠬᠡᠳ ᠤᠨ ᠴᠡᠴᠡᠷᠯᠢᠭ ᠤᠨ ᠰᠣᠷᠭᠠᠭᠤᠯᠢ ᠶᠢᠨ ᠭᠡᠷ ᠤᠨ ᠠᠶᠤᠯᠭᠦᠢ ᠢᠨᠵᠧᠨᠧᠷᠢᠩ ᠳᠤ ᠬᠤᠳᠠ ᠶᠢᠨ | ᠠᠷᠠᠳ ᠤᠨ ᠵᠠᠰᠠᠭ ᠤᠨ ᠣᠷᠳᠣᠨ ᠤ ᠨᠢᠭᠡᠳᠦᠯᠳᠡᠢ ᠵᠢᠯᠤᠭᠤᠳᠤᠯᠭ᠎ᠠ᠂ ᠨᠢᠭᠡᠳᠦᠯᠳᠡᠢ ᠵᠤᠬᠢᠶᠠᠨ ᠪᠠᠶᠢᠭᠤᠯᠤᠯᠳᠠ᠂ | ᠨᠢᠭᠡᠳᠦᠯᠳᠡᠢ ᠪᠠᠶᠢᠷᠢᠯᠠᠭᠤᠯᠤᠯᠳᠠ ᠶᠢ ᠬᠡᠷᠡᠭᠵᠢᠬᠦᠯᠵᠤ᠂ ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ | ᠣᠷᠳᠣᠨ ᠠᠴᠠ ᠳᠡᠰ ᠬᠤᠪᠢᠶᠠᠵᠤ ᠬᠠᠷᠢᠭᠤᠴᠠᠨ ᠬᠡᠷᠡᠭᠵᠢᠬᠦᠯᠵᠦ᠂ ᠲᠤᠰᠬᠠᠢ ᠪᠠᠶᠢᠭᠤᠯᠭ᠎ᠠ ᠶᠢᠨ ᠦᠢᠯᠡᠳᠦᠯ ᠤᠨ | ᠵᠢᠯᠤᠭᠤᠳᠤᠯᠭ᠎ᠠ ᠪᠠ ᠬᠠᠮᠢᠶᠠᠷᠣᠯᠳᠠ ᠶᠢᠨ ᠪᠠᠶᠢᠭᠤᠯᠤᠮᠵᠢ ᠶᠢ ᠬᠦᠢᠴᠡᠳ ᠪᠠᠳᠠᠷᠠᠭᠤᠯᠤᠨ᠎ᠠ᠃ | ᠬᠤᠳᠠ᠂ ᠬᠤᠰᠢᠭᠤ ᠲᠤᠭᠤᠷᠢᠭ ᠤᠨ ᠰᠣᠷᠭᠠᠨ ᠬᠦᠮᠦᠵᠢᠯ ᠤᠨ ᠪᠠᠶᠢᠭᠤᠯᠭ᠎ᠠ ᠠᠴᠠ ᠢᠨᠵᠧᠨᠧᠷᠢᠩ ᠤᠨ | ᠲᠤᠬᠢᠷᠠᠭᠤᠯᠭ᠎ᠠ ᠶᠢᠨ ᠠᠵᠢᠯ ᠢ ᠰᠠᠶᠢᠳᠣᠷ ᠬᠢᠵᠦ᠂ ᠢᠨᠵᠧᠨᠧᠷᠢᠩ ᠤᠨ ᠬᠡᠷᠡᠭᠵᠢᠬᠦᠯᠬᠦ ᠲᠦᠰᠦᠯ ᠪᠠ | ᠬᠠᠮᠢᠶᠠᠷᠣᠯᠳᠠ ᠶᠢᠨ ᠠᠷᠭ᠎ᠠ ᠬᠡᠮᠵᠢᠶ᠎ᠠ ᠶᠢ ᠳᠤᠭᠳᠠᠭᠠᠨ᠎ᠠ︔ ᠱᠠᠭᠠᠷᠳᠠᠯᠭ᠎ᠠ ᠶᠣᠰᠣᠭᠠᠷ ᠬᠡᠦᠬᠡᠳ ᠤᠨ ᠴᠡᠴᠡᠷᠯᠢᠭ | ᠰᠣᠷᠭᠠᠭᠤᠯᠢ ᠶᠢᠨ ᠭᠡᠷ ᠤᠨ ᠠᠶᠤᠯᠭᠦᠢ ᠶᠢᠨ ᠳᠠᠩᠰᠠ ᠡᠪᠬᠢᠮᠡᠯ ᠪᠠ ᠰᠣᠷᠭᠠᠭᠤᠯᠢ ᠶᠢᠨ ᠭᠡᠷ ᠣᠨᠠᠶᠤᠯᠬᠦᠢ ᠮᠡᠳᠡᠭᠡ | ᠵᠠᠩᠬᠢ ᠶᠢᠨ ᠬᠠᠮᠢᠶᠠᠷᠣᠯᠳᠠ ᠶᠢᠨ ᠰᠢᠰᠲ᠋ᠧᠮ ᠢ ᠪᠠᠶᠢᠭᠤᠯᠤᠨ᠎ᠠ︔ ᠢᠨᠵᠧᠨᠧᠷᠢᠩ ᠤᠨ ᠬᠡᠷᠡᠭᠵᠢᠬᠦᠯᠦᠭᠰᠡᠨ ᠪᠠᠶᠢᠳᠠᠯ ᠢ | ᠲᠤᠭᠳᠠᠭᠰᠡᠨ ᠬᠤᠭᠤᠴᠠᠭ᠎ᠠ ᠲᠠᠢ ᠮᠡᠳᠡᠭᠦᠯᠦᠨ ᠬᠦᠷᠭᠡᠨ᠎ᠡ︔ ᠬᠠᠮᠢᠶ᠎ᠠ ᠪᠦᠬᠦᠢ ᠪᠠᠶᠢᠭᠤᠯᠭ᠎ᠠ ᠲᠠᠢ ᠬᠠᠷᠢᠴᠡᠨ | ᠵᠤᠬᠢᠴᠠᠭᠤᠯᠬᠤ ᠪᠠᠨ ᠴᠢᠩᠭᠠᠳᠬᠠᠵᠤ᠂ ᠢᠨᠵᠧᠨᠧᠷᠢᠩ ᠤᠨ ᠡᠭᠦᠷᠭᠡ ᠶᠢᠨ ᠴᠢᠨᠠᠷ ᠪᠠ ᠬᠡᠮᠵᠢᠶ᠎ᠠ ᠶᠢ ᠪᠠᠳᠣᠯᠠᠨ | ᠪᠡᠶᠡᠯᠡᠬᠦᠯᠦᠨ᠎ᠠ᠃ ᠬᠤᠳᠠ᠂ ᠬᠤᠰᠢᠭᠤ ᠲᠤᠭᠤᠷᠢᠭ ᠤᠨ ᠪᠦᠲᠦᠭᠡᠨ ᠪᠠᠶᠢᠭᠤᠯᠤᠯᠳᠠ ᠶᠢᠨ ᠪᠠᠶᠢᠭᠤᠯᠭ᠎ᠠ ᠠᠴᠠ ᠪᠦᠬᠦ | ᠬᠤᠳᠠ ᠶᠢᠨ ᠬᠡᠦᠬᠡᠳ ᠤᠨ ᠴᠡᠴᠡᠷᠯᠢᠭ ᠰᠣᠷᠭᠠᠭᠤᠯᠢ ᠶᠢᠨ ᠭᠡᠷ ᠢ ᠵᠢᠭᠰᠠᠭᠠᠨ ᠪᠠᠶᠢᠴᠠᠭᠠᠬᠤ᠂ ᠬᠢᠨᠠᠬᠤ ᠠᠵᠢᠯ ᠢ | ᠬᠠᠷᠢᠭᠤᠴᠠᠵᠤ᠂ ᠢᠨᠵᠧᠨᠧᠷᠢᠩ ᠤᠨ ᠭᠠᠵᠷ ᠰᠤᠩᠭᠤᠬᠤ᠂ ᠪᠤᠯᠤᠮᠵᠢᠳᠣ ᠰᠣᠳᠣᠯᠤᠯ᠂ ᠰᠡᠳᠦᠪ ᠲᠤᠭᠳᠠᠭᠠᠬᠤ᠂ | ᠳᠠᠭᠠᠭᠠᠴᠢᠯᠠᠯᠳᠠ ᠶᠢᠨ ᠵᠠᠷᠯᠠᠯ ᠢ ᠬᠦᠯᠢᠶᠡᠬᠦ᠂ ᠬᠠᠶᠢᠨ ᠪᠠᠶᠢᠴᠠᠭᠠᠬᠤ᠂ ᠵᠢᠷᠤᠭ ᠲᠦᠯᠦᠪᠯᠡᠭᠡ ᠬᠢᠬᠦ᠂ ᠪᠠᠷᠢᠯᠭ᠎ᠠ ᠪᠠᠷᠢᠬᠤ | ᠂ ᠬᠢᠨᠠᠨ ᠬᠠᠮᠢᠶᠠᠷᠬᠤ᠂ ᠪᠠᠷᠢᠯᠭ᠎ᠠ ᠳᠠᠭᠤᠰᠴᠤ ᠰᠢᠯᠭᠠᠨ ᠠᠪᠬᠤ᠂ ᠪᠠᠷᠢᠯᠭ᠎ᠠ ᠳᠠᠭᠤᠰᠴᠣ ᠬᠡᠷᠡᠭᠯᠡᠬᠦ ᠵᠡᠷᠭᠡ ᠡᠯ᠎ᠡ | ᠵᠠᠩᠬᠢᠯᠠᠭ᠎ᠠ ᠶᠢ ᠪᠠᠶᠢᠴᠠᠭᠠᠨ ᠵᠢᠯᠤᠭᠤᠳᠴᠤ᠂ ᠬᠠᠤᠯᠢ ᠶᠤᠰᠤᠭᠠᠷ ᠢᠨᠵᠧᠨᠧᠷᠢᠩ ᠤᠨ ᠲᠦᠷᠦᠯ ᠵᠦᠢᠯ ᠳᠤ ᠪᠠᠷᠢᠯᠭ᠎ᠠ | ᠢᠨᠵᠧᠨᠧᠷᠢᠩ ᠤᠨ ᠴᠢᠨᠠᠷ ᠴᠢᠨᠰᠠᠭᠠᠨ ᠤ ᠠᠶᠤᠯᠬᠦᠢ ᠬᠢᠨᠡᠯᠳᠡ ᠬᠠᠮᠢᠶᠠᠷᠣᠯᠳᠠ ᠬᠡᠷᠡᠭᠵᠢᠬᠦᠯᠦᠨ᠎ᠠ᠃ ᠬᠤᠳᠠ᠂ | ᠬᠤᠰᠢᠭᠤ ᠲᠤᠭᠤᠷᠢᠭ ᠤᠨ ᠬᠦᠭᠵᠢᠬᠦᠯᠦᠯᠳᠡ ᠪᠠ ᠦᠭᠡᠷᠡᠴᠢᠯᠡᠯᠳᠡ ᠶᠢᠨ ᠪᠠᠶᠢᠭᠤᠯᠭ᠎ᠠ ᠠᠴᠠ ᠢᠨᠵᠧᠨᠧᠷᠢᠩ ᠢ | ᠨᠡᠶᠢᠬᠡᠮ ᠤᠨ ᠬᠦᠭᠵᠢᠯᠳᠡ ᠶᠢᠨ ᠲᠦᠯᠦᠪᠯᠡᠭᠡ ᠳᠤ ᠣᠷᠣᠭᠤᠯᠵᠤ᠂ ᠲᠦᠷᠦᠯ ᠵᠦᠢᠯ ᠤᠨ ᠬᠢᠨᠠᠯᠳᠠ | ᠵᠦᠪᠰᠢᠶᠡᠷᠡᠯᠳᠡ ᠶᠢ ᠲᠦᠷᠭᠡᠳᠬᠡᠨ᠂ ᠲᠤᠰᠬᠠᠢ ᠲᠦᠷᠦᠯ ᠵᠦᠢᠯ ᠤᠨ ᠪᠡᠯᠡ ᠣᠷᠣᠭᠤᠯᠤᠯᠳᠠ ᠶᠢ ᠨᠠᠶᠢᠳᠠᠪᠤᠷᠢᠵᠢᠭᠤᠯᠵᠤ | ᠂ ᠲᠦᠷᠦᠯ ᠵᠦᠢᠯ ᠤᠨ ᠬᠢᠨᠠᠯᠳᠠ ᠬᠠᠮᠢᠶᠠᠷᠣᠯᠳᠠ ᠪᠠᠨ ᠴᠢᠩᠭᠠᠳᠬᠠᠨ᠎ᠠ᠃ ᠬᠤᠳᠠ᠂ ᠬᠤᠰᠢᠭᠤ ᠲᠤᠭᠤᠷᠢᠭ ᠤᠨ | ᠡᠳ᠋ ᠤᠨ ᠵᠠᠰᠠᠭ ᠤᠨ ᠪᠠᠶᠢᠭᠤᠯᠭ᠎ᠠ ᠠᠴᠠ ᠢᠨᠵᠧᠨᠧᠷᠢᠩ ᠤᠨ ᠪᠡᠯᠡ ᠮᠦᠩᠬᠦ ᠶᠢ ᠵᠢᠯ ᠤᠨ ᠡᠳ᠋ ᠤᠨ ᠵᠠᠰᠠᠭ ᠤᠨ | ᠲᠦᠰᠦᠪ ᠲᠤ ᠣᠷᠣᠭᠤᠯᠤᠨ᠂ ᠤᠯᠠᠨ ᠠᠷᠭ᠎ᠠ ᠵᠠᠮ ᠢᠶᠠᠷ ᠢᠨᠵᠧᠨᠧᠷᠢᠩ ᠤᠨ ᠪᠦᠲᠦᠭᠡᠨ ᠪᠠᠶᠢᠭᠤᠯᠤᠯᠳᠠ ᠶᠢᠨ ᠪᠡᠯᠡ | ᠮᠦᠩᠬᠦ ᠶᠢ ᠬᠤᠷᠠᠮᠳᠠᠭᠤᠯᠤᠨ᠂ ᠲᠤᠰ ᠱᠠᠳᠣᠨ ᠤ ᠪᠠᠨ ᠲᠤᠰᠬᠠᠢ ᠲᠦᠷᠦᠯ ᠤᠨ ᠪᠡᠯᠡ ᠮᠦᠩᠬᠦ ᠶᠢ ᠴᠠᠭ ᠲᠤᠨᠢ | ᠬᠦᠢᠴᠡᠳ ᠲᠤᠭ᠎ᠠ ᠢᠶᠠᠷ ᠪᠡᠶᠡᠯᠡᠬᠦᠯᠬᠦ ᠶᠢᠨ ᠬᠠᠮᠳᠣ ᠪᠠᠰᠠ ᠪᠡᠯᠡ ᠮᠦᠩᠬᠦᠨ ᠤ ᠬᠢᠨᠠᠯᠳᠠ ᠬᠠᠮᠢᠶᠠᠷᠣᠯᠳᠠ ᠶᠢ | ᠴᠢᠩᠭᠠᠳᠬᠠᠨ᠂ ᠪᠡᠯᠡ ᠮᠦᠩᠬᠦ ᠶᠢᠨ ᠬᠡᠷᠡᠭᠯᠡᠬᠡᠨ ᠤ ᠠᠰᠢᠭᠯᠠᠮᠵᠢ ᠶᠢ ᠲᠡᠭᠡᠭᠰᠢᠯᠡᠬᠦᠯᠦᠨ᠎ᠠ᠃ ᠬᠤᠳᠠ᠂ ᠬᠤᠰᠢᠭᠤ | ᠲᠤᠭᠤᠷᠢᠭ ᠤᠨ ᠳᠤᠳᠣᠭᠠᠳᠤ ᠶᠢ ᠬᠠᠮᠠᠭᠠᠯᠠᠬᠤ᠂ ᠭᠠᠯ ᠢ ᠰᠡᠷᠭᠡᠶᠢᠯᠡᠬᠦ᠂ ᠣᠯᠣᠰ ᠤᠨ ᠭᠠᠵᠠᠷ ᠰᠢᠷᠣᠢ ᠡᠬᠢ ᠪᠠᠶᠠᠯᠢᠭ᠂ | ᠣᠰᠣᠨ ᠠᠰᠢᠭᠯᠠᠯᠳᠠ᠂ ᠭᠠᠵᠠᠷ ᠬᠦᠳᠡᠯᠦᠯᠳᠡ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠲᠤᠰᠬᠠᠢ ᠮᠡᠷᠭᠡᠵᠢᠯ ᠤᠨ | ᠵᠢᠯᠤᠭᠤᠳᠤᠯᠭ᠎ᠠ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠤᠨ᠎ᠠ᠃ ᠭᠠᠵᠠᠷ ᠬᠦᠳᠡᠯᠦᠯᠳᠡ ᠶᠢᠨ ᠭᠤᠤᠯᠳᠠᠯᠭ᠎ᠠ ᠲᠠᠢ | ᠬᠢᠨᠠᠨ ᠰᠡᠷᠬᠡᠶᠢᠯᠡᠬᠦ ᠣᠷᠣᠨ᠂ ᠳᠣᠯᠣᠭᠠᠨ ᠳᠡᠰ ᠠᠴᠠ ᠳᠡᠭᠡᠭᠰᠢ ᠭᠠᠵᠠᠷ ᠬᠦᠳᠡᠯᠦᠯᠳᠡ ᠶᠢᠨ ᠦᠨᠳᠦᠷ ᠬᠦᠴᠦᠯᠡᠴᠡ | ᠪᠦᠬᠦᠢ ᠣᠷᠣᠨ᠂ ᠦᠶᠡᠷ ᠣᠰᠣᠳᠠᠯ ᠤᠨ ᠭᠠᠮᠰᠢᠭ ᠠᠮᠠᠷᠬᠠᠨ ᠡᠬᠦᠰᠬᠦ ᠣᠷᠣᠨ ᠵᠢᠴᠢ ᠪᠤᠰᠤᠳ ᠭᠠᠵᠠᠷ | ᠰᠢᠨᠵᠢᠯᠡᠭᠡᠨ ᠤ ᠭᠠᠢ ᠭᠠᠮᠰᠢᠭ ᠤᠨ ᠲᠠᠷᠬᠠᠯᠳᠠ ᠶᠢᠨ ᠪᠠᠶᠢᠳᠠᠯ ᠢ ᠬᠠᠩᠭᠠᠬᠤ ᠬᠡᠷᠡᠭᠳᠡᠢ᠃ ᠤᠯᠤᠰ ᠤᠨ ᠪᠠᠷᠢᠮᠵᠢᠶ᠎ᠠ ᠶᠢ | ᠦᠨᠳᠦᠰᠦᠯᠡᠨ᠂ ᠠᠶᠣᠯᠬᠦᠢ ᠴᠢᠨᠠᠷ ᠤᠨ ᠦᠨᠡᠯᠡᠯᠳᠡ ᠰᠠᠨᠠᠭᠤᠯᠭ᠎ᠠ ᠳᠣᠷᠠᠳᠴᠣ᠂ ᠨᠢᠭᠡᠳᠦᠯᠳᠡᠢ ᠵᠢᠠᠭᠰᠠᠭᠠᠨ | ᠪᠠᠶᠢᠴᠠᠭᠠᠬᠤ᠂ ᠬᠢᠨᠠᠨ ᠲᠤᠭᠳᠠᠭᠠᠬᠤ᠂ ᠰᠡᠯᠪᠢᠨ ᠵᠠᠰᠠᠵᠤ ᠪᠠᠬᠢᠵᠢᠬᠦᠯᠬᠦ ᠵᠡᠷᠭᠡ ᠮᠡᠷᠭᠡᠵᠢᠯ ᠤᠨ ᠵᠢᠯᠤᠭᠤᠳᠬᠤ | ᠵᠠᠷᠴᠢᠮ ᠢ ᠲᠤᠭᠳᠠᠭᠠᠨ᠎ᠠ᠃ ᠬᠤᠳᠠ᠂ ᠬᠤᠰᠢᠭᠤ ᠲᠤᠭᠤᠷᠢᠭ ᠤᠨ ᠬᠢᠨᠠᠨ ᠪᠠᠶᠢᠴᠠᠭᠠᠬᠤ᠂ ᠬᠢᠨᠠᠨ ᠪᠤᠳᠤᠬᠤ᠂ | ᠠᠶᠤᠯᠬᠦᠢ ᠬᠢᠨᠠᠯᠳᠠ ᠬᠠᠮᠢᠶᠠᠷᠣᠯᠳᠠ ᠵᠡᠷᠭᠡ ᠪᠠᠶᠢᠭᠤᠯᠭ᠎ᠠ ᠠᠴᠠ ᠦᠪᠡᠷ ᠦᠪᠡᠷ ᠤᠨ ᠲᠤᠰᠢᠶᠠᠯ ᠬᠠᠷᠢᠭᠤᠴᠠᠯᠭ᠎ᠠ ᠶᠢᠨ | ᠬᠡᠪᠴᠢᠶᠠᠨ ᠳᠤ ᠪᠦᠬᠦᠯᠢ ᠶᠠᠪᠤᠴᠠ ᠶᠢᠨ ᠬᠢᠨᠠᠨ ᠪᠠᠶᠢᠴᠠᠭᠠᠬᠤ᠂ ᠬᠢᠨᠠᠨ ᠪᠤᠳᠤᠬᠤ ᠲᠦᠷᠢᠮ ᠪᠠ ᠬᠠᠷᠢᠭᠤᠴᠠᠯᠭ᠎ᠠ | ᠨᠡᠬᠡᠮᠵᠢᠯᠡᠬᠦ ᠲᠦᠷᠢᠮ ᠢ ᠪᠠᠶᠢᠭᠤᠯᠤᠨ ᠲᠡᠭᠦᠯᠳᠡᠷᠵᠢᠬᠦᠯᠵᠦ᠂ ᠬᠦᠨᠳᠦ ᠴᠢᠬᠤᠯᠠ ᠠᠶᠤᠯᠬᠦᠢ ᠬᠠᠷᠢᠭᠤᠴᠠᠯᠭ᠎ᠠ ᠶᠢᠨ | ᠠᠳᠡᠯ ᠪᠠ ᠭᠤᠤᠯᠳᠠᠯᠭ᠎ᠠ ᠲᠠᠢ ᠬᠡᠷᠡᠭ ᠢ ᠬᠠᠤᠯᠢ ᠶᠤᠰᠤᠭᠠᠷ ᠪᠠᠶᠢᠴᠠᠭᠠᠨ ᠰᠢᠢᠳᠪᠦᠷᠢᠯᠡᠨ᠎ᠠ᠃ | ᠡᠯ᠎ᠡ ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠪᠤᠯ ᠢᠨᠵᠧᠨᠧᠷᠢᠩ ᠤᠨ | ᠬᠡᠷᠡᠭᠵᠢᠬᠦᠯᠦᠯᠳᠡ ᠶᠢ ᠬᠠᠷᠢᠭᠤᠴᠠᠬᠤ ᠭᠤᠤᠯ ᠴᠣᠭᠴᠠ ᠶᠤᠮ᠃ ᠢᠨᠵᠧᠨᠧᠷᠢᠩ ᠤᠨ ᠬᠡᠷᠡᠭᠵᠢᠬᠦᠯᠤᠯᠳᠡ ᠶᠢᠨ | ᠶᠡᠷᠦᠩᠬᠡᠢ ᠲᠦᠯᠦᠪᠵᠢᠬᠦᠯᠬᠡ ᠪᠠ ᠵᠢᠯ ᠤᠨ ᠲᠦᠯᠦᠪᠯᠡᠭᠡ ᠶᠢ ᠲᠤᠭᠳᠠᠭᠠᠵᠤ᠂ ᠪᠤᠳᠠᠳᠠᠢ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠂ ᠲᠤᠰ ᠭᠠᠵᠠᠷ ᠤᠷᠤᠨ ᠤ ᠬᠡᠪᠴᠢᠶᠠᠨ ᠳᠠᠬᠢ ᠰᠣᠷᠭᠠᠭᠤᠯᠢ ᠶᠢᠨ ᠪᠡᠶᠢᠷᠢ ᠶᠢᠨ ᠠᠶᠤᠯᠬᠦᠢ | ᠢᠨᠵᠧᠨᠧᠷᠢᠩ ᠤᠨ ᠬᠡᠷᠡᠭᠵᠢᠬᠦᠯᠦᠯᠳᠡ ᠶᠢ ᠨᠢᠭᠡᠳᠦᠯᠳᠡᠢ ᠵᠤᠬᠢᠶᠠᠨ ᠪᠠᠶᠢᠭᠤᠯᠬᠤ ᠪᠦᠭᠡᠳ ᠲᠤᠬᠢᠷᠠᠭᠤᠯᠵᠤ᠂ | ᠬᠡᠦᠬᠡᠳ ᠤᠨ ᠴᠡᠴᠡᠷᠯᠢᠭ ᠤᠨ ᠰᠣᠷᠭᠠᠭᠤᠯᠢ ᠶᠢᠨ ᠭᠡᠷ ᠢ ᠵᠢᠭᠰᠠᠭᠠᠨ ᠪᠠᠶᠢᠴᠠᠭᠠᠬᠤ ᠪᠠ ᠪᠡᠶᠢᠴᠠᠭᠠᠨ ᠰᠢᠯᠭᠠᠬᠤ | ᠠᠵᠢᠯ ᠢ ᠨᠢᠭᠡᠳᠦᠯᠳᠡᠢ ᠵᠤᠬᠢᠶᠠᠨ ᠪᠠᠶᠢᠭᠤᠯᠤᠨ᠂ ᠪᠤᠢ ᠪᠦᠬᠦᠢ ᠬᠡᠦᠬᠡᠳ ᠤᠨ ᠴᠡᠴᠡᠷᠯᠢᠭ ᠤᠨ ᠰᠣᠷᠭᠠᠭᠤᠯᠢ ᠶᠢᠨ | ᠭᠡᠷ ᠤᠨ ᠠᠶᠣᠯᠬᠦᠢ ᠳᠠᠩᠰᠠ ᠡᠪᠬᠡᠮᠡᠯ ᠢ ᠪᠠᠶᠢᠭᠤᠯᠤᠨ ᠳᠡᠭᠦᠯᠳᠡᠷᠵᠢᠬᠦᠯᠵᠦ᠂ ᠰᠣᠷᠭᠠᠭᠤᠯᠢ ᠶᠢᠨ ᠭᠡᠷ ᠪᠦᠷᠢ ᠶᠢ | ᠪᠠᠬᠢᠵᠢᠬᠦᠯᠦᠨ ᠦᠬᠡᠷᠡᠴᠢᠯᠡᠬᠦ᠂ ᠭᠠᠮᠰᠢᠭ ᠠᠴᠠ ᠵᠠᠶᠢᠯᠠᠭᠤᠯᠤᠨ ᠰᠢᠯᠵᠢᠬᠦᠯᠬᠦ ᠬᠢᠭᠡᠳ ᠶᠡᠷᠦᠩᠬᠡᠢ ᠭᠠᠮᠰᠢᠭ ᠰᠡᠷᠬᠡᠶᠢᠯᠡᠬᠦ | ᠲᠦᠰᠦᠯ ᠢ ᠬᠢᠨᠠᠨ ᠬᠠᠷᠭᠤᠭᠤᠯᠤᠨ᠎ᠠ︔ ᠢᠨᠵᠧᠨᠧᠷᠢᠩ ᠤᠨ ᠲᠦᠯᠦᠪᠵᠢᠬᠦᠯᠬᠡ᠂ ᠬᠡᠷᠡᠭᠵᠢᠬᠦᠯᠬᠦ ᠲᠦᠰᠦᠯ ᠪᠠ | ᠲᠦᠬᠦᠷᠵᠢᠬᠦᠯᠬᠦ ᠲᠦᠷᠦ ᠶᠢᠨ ᠪᠤᠳᠤᠯᠭ᠎ᠠ ᠶᠢ ᠬᠠᠷᠢᠭᠤᠴᠠᠨ ᠲᠤᠭᠳᠠᠭᠠᠬᠤ ᠮᠦᠷᠳᠡᠬᠡᠨ ᠵᠤᠬᠢᠶᠠᠨ ᠪᠠᠶᠢᠭᠤᠯᠵᠤ | ᠨᠠᠶᠢᠳᠠᠪᠦᠷᠢᠵᠢᠭᠤᠯᠤᠨ᠎ᠠ︔ ᠪᠠᠷᠢᠯᠭ᠎ᠠ ᠪᠠᠷᠢᠬᠤ ᠬᠠᠮᠢᠶᠠᠷᠣᠯᠳᠠ ᠪᠠ ᠬᠢᠨᠠᠨ ᠪᠠᠶᠢᠴᠠᠭᠠᠬᠤ ᠶᠢ ᠨᠠᠶᠢᠳᠠᠪᠤᠷᠢᠵᠢᠭᠤᠯᠵᠤ᠂ | ᠪᠠᠷᠢᠬᠤ ᠠᠬᠢᠴᠠ ᠪᠠ ᠪᠠᠷᠢᠮᠵᠢᠶ᠎ᠠ ᠶᠤᠰᠤᠭᠠᠷ ᠰᠢᠯᠭᠠᠨ ᠠᠪᠬᠤ ᠶᠢ ᠵᠤᠬᠢᠶᠠᠨ ᠪᠠᠶᠢᠭᠤᠯᠤᠨ᠎ᠠ︔ ᠲᠤᠰ ᠭᠠᠵᠠᠷ | ᠣᠷᠣᠨ ᠤ ᠰᠢᠨᠵᠢᠯᠡᠭᠡ ᠬᠢᠨᠠᠯᠳᠠ ᠲᠤᠭᠳᠠᠭᠠᠯᠳᠠ ᠪᠠ ᠵᠢᠷᠣᠵᠤ ᠲᠦᠯᠦᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ | ᠬᠦᠴᠦᠨ ᠢ ᠨᠢᠬᠡᠳᠦᠯᠳᠡᠢ ᠲᠤᠬᠢᠷᠠᠭᠤᠯᠤᠨ᠂ ᠵᠤᠬᠢᠶᠠᠨ ᠪᠠᠶᠢᠭᠤᠯᠤᠯᠳᠠ ᠶᠢᠨ ᠲᠤᠬᠢᠷᠠᠭᠤᠯᠤᠯᠳᠠ ᠶᠢ ᠴᠢᠩᠭᠠᠳᠬᠠᠵᠤ᠂ | ᠢᠨᠵᠧᠨᠧᠷᠢᠩ ᠤᠨ ᠬᠡᠷᠡᠭᠵᠢᠬᠦᠯᠦᠯᠳᠡ ᠶᠢ ᠲᠦᠷᠢᠮᠵᠢᠬᠦᠯᠦᠨ᠂ ᠪᠠᠷᠢᠯᠭ᠎ᠠ ᠪᠠᠷᠢᠬᠤ ᠠᠯᠬᠤᠮ ᠲᠠᠷᠠᠭ᠎ᠠ ᠪᠠ | ᠢᠨᠵᠧᠨᠧᠷᠢᠩ ᠤᠨ ᠴᠢᠨᠠᠷ ᠴᠢᠨᠰᠠᠭᠠᠨ ᠤ ᠠᠶᠤᠯᠬᠦᠢ ᠬᠠᠮᠢᠶᠠᠷᠣᠯᠳᠠ ᠶᠢ ᠴᠢᠩᠭ᠎ᠠ ᠪᠠᠶᠢᠭᠤᠯᠤᠨ᠎ᠠ︔ ᠢᠨᠵᠧᠨᠧᠷᠢᠩ ᠤᠨ | ᠪᠠᠶᠢᠭᠤᠯᠤᠯᠳᠠ᠂ ᠦᠭᠡᠷᠡᠴᠢᠯᠠᠯᠳᠠ᠂ ᠵᠠᠷᠤᠳᠠᠯ ᠬᠤᠷᠢᠶᠠᠬᠤ ᠵᠡᠷᠭᠡ ᠬᠠᠮᠢᠶ᠎ᠠ ᠪᠦᠬᠦᠢ ᠬᠠᠰᠤᠨ ᠬᠡᠯᠳᠦᠷᠢᠭᠦᠯᠬᠦ | ᠲᠦᠷᠦ ᠶᠢᠨ ᠪᠤᠳᠤᠯᠭ᠎ᠠ ᠶᠢ ᠨᠠᠶᠢᠳᠠᠪᠦᠷᠢᠵᠢᠭᠤᠯᠤᠨ᠎ᠠ᠃ | ᠵᠢᠷᠭᠤᠭ᠎ᠠ᠂ ᠪᠡᠯᠡ ᠮᠦᠩᠬᠦ ᠶᠢᠨ ᠲᠤᠬᠢᠷᠠᠭᠤᠯᠤᠯᠳᠠ ᠪᠠ ᠬᠠᠮᠢᠶᠠᠷᠣᠯᠳᠠ | ᠢᠨᠵᠧᠨᠧᠷᠢᠩ ᠳᠤ ᠵᠠᠷᠣᠬᠤ ᠪᠡᠯᠡ ᠮᠦᠩᠬᠦ ᠶᠢ ᠭᠤᠤᠯᠳᠠᠭᠤ ᠬᠤᠰᠢᠭᠤ ᠲᠤᠭᠤᠷᠢᠭ ᠠᠴᠠ ᠬᠠᠷᠢᠭᠤᠴᠠᠵᠤ᠂ | ᠬᠤᠳᠠ ᠶᠢᠨ ᠡᠳ᠋ ᠤᠨ ᠵᠠᠰᠠᠭ ᠠᠴᠠ ᠵᠤᠬᠢᠬᠤ ᠬᠡᠮᠵᠢᠶᠡᠨ ᠤ ᠨᠦᠬᠦᠪᠦᠷᠢ ᠦᠭᠬᠦᠨ᠎ᠡ᠃ ᠡᠯ᠎ᠡ ᠬᠤᠰᠢᠭᠤ | ᠲᠤᠭᠤᠷᠢᠭ ᠠᠴᠠ ᠬᠡᠦᠬᠡᠳ ᠤᠨ ᠴᠡᠴᠡᠷᠯᠢᠭ ᠤᠨ ᠰᠣᠷᠭᠠᠭᠤᠯᠢ ᠶᠢᠨ ᠭᠡᠷ ᠣᠨᠠᠶᠣᠯᠬᠦᠢ ᠢᠨᠵᠧᠨᠧᠷᠢᠩ ᠤᠨ ᠪᠡᠯᠡ | ᠤᠷᠤᠭᠤᠯᠤᠯᠳᠠ ᠶᠢ ᠦᠨᠡᠨᠬᠦ ᠶᠡᠬᠡᠳᠬᠡᠨ᠂ ᠬᠡᠦᠬᠡᠳ ᠤᠨ ᠴᠡᠴᠡᠷᠯᠢᠭ ᠤᠨ ᠰᠣᠷᠭᠠᠭᠤᠯᠢ ᠶᠢᠨ ᠭᠡᠷ ᠣᠨᠠᠶᠣᠯᠬᠦᠢ | ᠢᠨᠵᠧᠨᠧᠷᠢᠩ ᠤᠨ ᠪᠡᠯᠡ ᠮᠦᠩᠬᠦ ᠶᠢ ᠡᠳ᠋ ᠤᠨ ᠵᠠᠰᠠᠭ ᠤᠨ ᠲᠦᠰᠦᠪ ᠲᠤ ᠣᠷᠣᠭᠤᠯᠵᠤ᠂ ᠪᠡᠯᠡ ᠮᠦᠩᠬᠦ ᠨᠢ | ᠴᠠᠭ ᠲᠠᠭᠠᠨ ᠪᠠᠶᠢᠷᠢᠰᠢᠬᠤ ᠶᠢ ᠪᠠᠳᠣᠯᠠᠨ᠂ ᠬᠡᠦᠬᠡᠳ ᠤᠨ ᠴᠡᠴᠡᠷᠯᠢᠭ ᠲᠤ ᠰᠢᠨ᠎ᠡ ᠦᠷᠢ ᠡᠬᠦᠰᠬᠦ ᠶᠢ ᠰᠡᠷᠬᠡᠶᠢᠯᠡᠨ᠎ᠡ᠃ | ᠰᠣᠷᠭᠠᠭᠤᠯᠢ ᠶᠢᠨ ᠭᠡᠷ ᠣᠨᠠᠶᠣᠯᠬᠦᠢ ᠢᠨᠵᠧᠨᠧᠷᠢᠩ ᠲᠠᠢ ᠬᠠᠮᠢᠶ᠎ᠠ ᠲᠠᠢ ᠪᠤᠰᠤᠳ ᠪᠡᠯᠡ ᠮᠦᠩᠬᠦ ᠶᠢ ᠨᠢᠭᠡᠳᠬᠡᠵᠤ᠂ | ᠠᠵᠤ ᠠᠬᠤᠶᠢᠯᠠᠯ᠂ ᠬᠤᠪᠢ ᠬᠦᠮᠦᠨ᠂ ᠨᠡᠶᠢᠬᠡᠮ ᠡᠯ᠎ᠡ ᠡᠳᠡᠭᠡᠳ ᠠᠴᠠ ᠰᠣᠷᠭᠠᠭᠤᠯᠢ ᠶᠢᠨ ᠭᠡᠷ ᠣᠨᠠᠶᠣᠯᠬᠦᠢ | ᠢᠨᠵᠧᠨᠧᠷᠢᠩ ᠢ ᠮᠦᠩᠬᠦ ᠪᠠᠷ ᠳᠣᠰᠠᠯᠠᠬᠤ ᠶᠢ ᠵᠤᠷᠢᠭᠵᠢᠭᠤᠯᠤᠨ᠎ᠠ᠃ ᠢᠨᠵᠧᠨᠧᠷᠢᠩ ᠢ ᠬᠡᠷᠡᠭᠵᠢᠬᠦᠯᠬᠦ ᠳᠤ ᠡᠳ᠋ ᠤᠨ | ᠵᠠᠰᠠᠭ ᠨᠢ ᠬᠦᠴᠢᠷᠳᠡᠢ ᠬᠤᠰᠢᠭᠤ ᠲᠤᠭᠤᠷᠢᠭ ᠢ ᠰᠢᠯᠵᠢᠬᠦᠯᠦᠨ ᠤᠯᠭᠤᠬᠤ ᠵᠡᠷᠭᠡ ᠬᠡᠯᠪᠡᠷᠢ ᠪᠠᠷ ᠳᠠᠮᠵᠢᠨ ᠲᠤᠰᠠᠯᠠᠨ᠎ᠠ᠃ | | ᠠᠵᠢᠯ ᠲᠦᠷᠦᠯ ᠤᠨ ᠪᠠᠶᠢᠭᠤᠯᠭ᠎ᠠ᠂ ᠠᠵᠤ ᠠᠬᠤᠶᠢᠯᠠᠯ᠂ ᠠᠷᠠᠳ ᠠᠴᠠ ᠡᠷᠬᠢᠯᠡᠭᠰᠡᠨ ᠬᠡᠦᠬᠡᠳ ᠤᠨ | ᠴᠡᠴᠡᠷᠯᠢᠭ ᠲᠤ᠂ ᠰᠣᠷᠭᠠᠭᠤᠯᠢ ᠶᠢᠨ ᠭᠡᠷ ᠣᠨᠠᠶᠣᠯᠬᠦᠢ ᠦᠭᠡᠷᠡᠴᠢᠯᠡᠯᠳᠡ ᠶᠢ ᠡᠷᠬᠢᠯᠡᠭᠴᠢ ᠨᠢ ᠬᠠᠷᠢᠭᠤᠴᠠᠵᠤ᠂ | ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠠᠴᠠ ᠵᠢᠯᠤᠭᠤᠳᠴᠣ᠂ ᠳᠣᠰᠠᠯᠠᠵᠤ᠂ ᠬᠢᠨᠠᠨ ᠬᠠᠮᠢᠶᠠᠷᠣᠨ᠎ᠠ᠃ | ᠢᠨᠵᠧᠨᠧᠷᠢᠩ ᠤᠨ ᠪᠡᠯᠡ ᠮᠦᠩᠬᠦ ᠶᠢ ᠬᠠᠮᠢᠶᠠᠷᠬᠤ ᠲᠦᠷᠢᠮ ᠲᠤᠭᠳᠠᠭᠠᠯ ᠢ ᠳᠡᠭᠦᠯᠳᠡᠷᠵᠢᠬᠦᠯᠦᠨ᠂ | ᠢᠨᠵᠧᠨᠧᠷᠢᠩ ᠤᠨ ᠪᠡᠯᠡ ᠮᠦᠩᠬᠦ ᠳᠤ ᠳᠠᠩᠰᠠ ᠬᠤᠪᠢᠶᠠᠨ ᠳᠤᠭᠠᠴᠠᠭ᠎ᠠ ᠬᠢᠵᠦ᠂ ᠲᠤᠰᠬᠠᠢ ᠮᠦᠩᠬᠦ ᠶᠢ ᠲᠤᠰᠬᠠᠢ | ᠬᠡᠷᠡᠭᠯᠡᠨ᠂ ᠣᠣᠯ ᠳᠠᠭᠠᠨ ᠪᠠᠶᠢᠭᠰᠠᠨ ᠪᠡᠯᠡ ᠣᠷᠣᠭᠤᠯᠤᠯᠳᠠ ᠶᠢ ᠣᠷᠣᠯᠠᠭᠤᠯᠵᠤ ᠪᠤᠯᠬᠤ ᠦᠬᠡᠢ᠂ ᠨᠠᠩ | ᠦᠩᠭᠡᠷᠡᠭᠰᠡᠨ ᠤ ᠢᠨᠵᠧᠨᠧᠷᠢᠩ ᠤᠨ ᠦᠷᠢ ᠰᠢᠷᠢ ᠪᠠ ᠪᠤᠰᠤᠳ ᠦᠷᠢ ᠰᠢᠷᠢ ᠪᠤᠴᠠᠭᠠᠵᠤ ᠲᠦᠯᠦᠬᠦ ᠳᠡᠭᠡᠷ᠎ᠡ ᠵᠠᠷᠤᠵᠤ | ᠪᠤᠯᠬᠤ ᠦᠬᠡᠢ︔ ᠵᠤᠷᠢᠭᠵᠢᠭᠤᠯᠬᠤ ᠵᠤᠬᠢᠴᠠᠮᠵᠢ ᠪᠠᠶᠢᠭᠤᠯᠤᠨ᠂ ᠱᠠᠩᠨᠠᠬᠤ ᠪᠠᠷ ᠨᠦᠬᠦᠪᠦᠷᠢᠯᠡᠬᠦ ᠶᠢ ᠣᠷᠣᠯᠠᠵᠤ᠂ | ᠪᠡᠯᠡ ᠮᠦᠩᠬᠦ ᠲᠤᠬᠢᠷᠠᠭᠤᠯᠬᠤ ᠦᠶᠡᠰ ᠲᠤ ᠵᠤᠬᠢᠶᠠᠨ ᠪᠠᠶᠢᠭᠤᠯᠤᠯᠳᠠ ᠬᠠᠮᠢᠶᠠᠷᠣᠯᠳᠠ᠂ ᠵᠢᠭᠰᠠᠭᠠᠨ ᠪᠠᠶᠢᠴᠠᠭᠠᠯᠳᠠ | ᠬᠢᠨᠠᠯᠳᠠ ᠲᠤᠭᠳᠠᠭᠠᠯᠳᠠ᠂ ᠪᠡᠯᠡ ᠮᠦᠩᠬᠦ ᠶᠢᠨ ᠨᠠᠶᠢᠳᠠᠪᠤᠷᠢᠵᠢᠭᠤᠯᠤᠯᠳᠠ᠂ ᠴᠢᠨᠠᠷ ᠴᠢᠨᠰᠠᠭᠠᠨ ᠤ ᠬᠠᠮᠢᠶᠠᠷᠣᠯᠳᠠ᠂ | ᠬᠢᠨᠠᠯᠳᠠ ᠪᠠᠶᠢᠴᠠᠭᠠᠯᠳᠠ ᠵᠡᠷᠭᠡ ᠠᠵᠢᠯ ᠨᠢ ᠪᠠᠶᠢᠷᠢᠰᠢᠭᠰᠠᠨ ᠬᠤᠰᠢᠭᠤ ᠲᠤᠭᠤᠷᠢᠭ ᠢ ᠱᠠᠩᠨᠠᠨ᠎ᠠ︔ ᠪᠡᠯᠡ ᠮᠦᠩᠬᠦ | ᠤᠯᠭᠤᠬᠤ ᠠᠵᠢᠯ ᠢ ᠡᠳ᠋ ᠤᠨ ᠵᠠᠰᠠᠭ ᠤᠨ ᠣᠯᠣᠰ ᠤᠨ ᠰᠠᠩ ᠤᠨ ᠬᠠᠮᠢᠶᠠᠷᠣᠯᠳᠠ ᠶᠢᠨ ᠲᠦᠷᠢᠮ ᠳᠠᠬᠢ ᠬᠠᠮᠢᠶ᠎ᠠ | ᠪᠦᠬᠦᠢ ᠲᠦᠷᠢᠮ ᠤᠨ ᠶᠣᠰᠣᠭᠠᠷ ᠬᠡᠷᠡᠭᠵᠢᠬᠦᠯᠵᠦ᠂ ᠢᠨᠵᠧᠨᠧᠷᠢᠩ ᠤᠨ ᠠᠬᠢᠴᠠ ᠶᠢᠨ ᠳᠠᠭᠠᠤ ᠪᠡᠯᠡ ᠮᠦᠩᠬᠦ | ᠤᠯᠭᠤᠬᠤ ᠶᠢ ᠪᠠᠳᠣᠯᠠᠨ᠂ ᠪᠠᠷᠢᠯᠭ᠎ᠠ ᠶᠢᠨ ᠮᠦᠩᠬᠦ ᠶᠢ ᠰᠠᠭᠠᠳᠠᠨ ᠦᠷᠢᠳᠦᠵᠦ ᠪᠤᠯᠬᠤ ᠦᠬᠡᠢ᠃ | ᠢᠨᠵᠧᠨᠧᠷᠢᠩ ᠤᠨ ᠪᠦᠲᠦᠭᠡᠨ ᠪᠠᠶᠢᠭᠤᠯᠤᠯᠳᠠ ᠶᠢᠨ ᠳᠤᠮᠳᠠ᠂ ᠡᠯ᠎ᠡ ᠬᠤᠰᠢᠭᠤ ᠲᠤᠭᠤᠷᠢᠭ ︽ᠳᠣᠮᠳᠠᠳᠣ | ᠪᠠᠭ᠎ᠠ ᠰᠣᠷᠭᠠᠭᠤᠯᠢ ᠶᠢᠨ ᠰᠣᠷᠭᠠᠭᠤᠯᠢ ᠶᠢᠨ ᠭᠡᠷ ᠣᠨᠠᠶᠤᠯᠬᠦᠢ ᠢᠨᠵᠧᠨᠧᠷᠢᠩ ᠤᠨ ᠬᠠᠮᠢᠶ᠎ᠠ ᠪᠦᠬᠦᠢ ᠬᠠᠷᠠᠭᠠᠯᠵᠠᠯ ᠤᠨ | ᠲᠦᠷᠦ ᠶᠢᠨ ᠪᠤᠳᠤᠯᠭ᠎ᠠ ᠶᠢᠨ ᠲᠤᠬᠠᠢ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠮᠡᠳᠡᠭᠳᠡᠯ ᠢ ᠣᠷᠳᠣᠰ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠤᠯᠠᠮᠵᠢᠯᠠᠨ | ᠲᠠᠷᠬᠠᠭᠠᠭᠰᠠᠨ ᠮᠡᠳᠡᠭᠳᠡᠯ︾ ︵ᠣᠷᠳᠣᠰ ᠵᠠᠰᠠᠭ ᠳᠠᠷᠬᠠᠭᠠᠬᠤ ᠴᠠᠬᠢᠯᠭᠠᠨ ﹇2009﹈ 8 ᠳ᠋ᠤᠭᠠᠷ︶ ᠤᠨ | ᠳᠣᠳᠣᠷᠠᠬᠢ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠡᠷᠳᠡᠢ ᠪᠠ ᠬᠢᠭᠡᠳ ᠡᠵᠡᠩᠨᠡᠵᠦ ᠦᠢᠯᠡᠴᠢᠯᠡᠬᠦ ᠴᠢᠨᠡᠷᠳᠡᠢ | ᠵᠠᠷᠤᠳᠠᠯ ᠵᠡᠷᠬᠡ ᠶᠢ ᠬᠠᠰᠤᠨ ᠬᠡᠯᠳᠦᠷᠢᠬᠦᠯᠬᠦ ᠲᠤᠬᠠᠢ ᠬᠠᠮᠢᠶ᠎ᠠ ᠪᠦᠬᠦᠢ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ | ᠴᠢᠩᠭ᠎ᠠ ᠭᠡᠷᠡᠭᠵᠢᠬᠦᠯᠦᠨ᠎ᠠ︔ ᠠᠵᠤ ᠠᠬᠤᠶᠢᠯᠠᠯ ᠠᠴᠠ ᠦᠨ᠎ᠠ ᠲᠦᠯᠦᠪᠦᠷᠢ ᠦᠬᠡᠢ ᠦᠢᠯᠡᠴᠢᠯᠡᠭᠡ ᠬᠠᠩᠭᠠᠬᠤ | ᠬᠡᠯᠪᠡᠷᠢ ᠪᠠᠷ᠂ ᠠᠰᠢᠭ ᠬᠤᠨᠵᠢᠪᠦᠷᠢ ᠦᠬᠡᠢ ᠨᠡᠶᠢᠬᠡᠮ ᠤᠨ ᠪᠦᠯᠬᠦᠮ ᠪᠠ ᠣᠯᠣᠰ ᠤᠨ ᠪᠠᠶᠢᠭᠤᠯᠭ᠎ᠠ ᠪᠠᠷ ᠳᠠᠮᠵᠢᠨ | ᠢᠨᠵᠧᠨᠧᠷᠢᠩ ᠳᠤ ᠮᠦᠩᠬᠦ ᠳᠣᠰᠠᠯᠠᠬᠤ ᠶᠢ ᠵᠤᠷᠢᠭᠵᠢᠭᠤᠯᠤᠨ᠎ᠠ︔ ᠤᠨᠴᠠᠭᠠᠢ ᠬᠡᠷᠡᠭ ᠢ ᠤᠨᠴᠠ ᠡᠷᠬᠢᠯᠡᠨ᠂ | ᠢᠨᠵᠧᠨᠧᠷᠢᠩ ᠤᠨ ᠪᠦᠳᠦᠬᠡᠨ ᠪᠠᠶᠢᠭᠤᠯᠤᠯᠳᠠ ᠶᠢᠨ ᠵᠠᠷᠤᠳᠠᠯ ᠢ ᠬᠠᠰᠤᠨ ᠬᠡᠯᠳᠦᠷᠢᠭᠦᠯᠬᠦ ᠠᠵᠢᠯ ᠢ ᠰᠠᠶᠢᠳᠣᠷ ᠬᠢᠵᠦ᠂ | ᠪᠡᠯᠡ ᠮᠦᠩᠬᠦ ᠶᠢᠨ ᠬᠡᠷᠡᠭᠯᠡᠬᠡᠨ ᠤ ᠠᠰᠢᠭᠯᠠᠮᠵᠢ ᠶᠢ ᠴᠢᠷᠮᠠᠶᠢᠨ ᠳᠡᠭᠡᠭᠰᠢᠯᠡᠬᠦᠯᠦᠨ᠎ᠠ᠃ ᠰᠣᠷᠭᠠᠭᠤᠯᠢ ᠶᠢᠨ ᠭᠡᠷ ᠢ | ᠵᠢᠭᠰᠠᠭᠠᠨ ᠪᠠᠶᠢᠴᠠᠭᠠᠬᠤ᠂ ᠬᠢᠨᠠᠨ ᠲᠤᠭᠳᠠᠭᠠᠬᠤ᠂ ᠬᠢᠨᠠᠬᠤ᠂ ᠪᠠᠶᠢᠴᠠᠭᠠᠬᠤ᠂ ᠰᠢᠯᠭᠠᠨ ᠠᠪᠬᠤ ᠵᠡᠷᠭᠡ ᠴᠢᠬᠤᠯᠠ | ᠪᠦᠬᠦᠢ ᠠᠵᠢᠯ ᠤᠨ ᠵᠠᠷᠣᠳᠠᠯ ᠢ ᠠᠳᠠᠯᠢ ᠱᠠᠳᠣᠨ ᠤ ᠡᠳ᠋ ᠤᠨ ᠵᠠᠰᠠᠭ ᠠᠴᠠ ᠡᠷᠬᠢᠯᠡᠨ ᠬᠢᠬᠦ ᠨᠢᠭᠡᠴᠢ ᠳᠤ ᠵᠤᠬᠢᠬᠤ | ᠨᠦᠬᠦᠪᠦᠷᠢ ᠦᠭᠭᠦᠨ᠎ᠡ᠂ ᠵᠠᠷᠤᠳᠠᠯ ᠬᠤᠷᠢᠶᠠᠬᠤ ᠬᠡᠯᠪᠡᠷᠢ ᠪᠠᠷ ᠨᠦᠬᠦᠪᠦᠷᠢᠯᠡᠵᠤ ᠪᠤᠯᠬᠤ ᠦᠬᠡᠢ᠃ ᠤᠯᠤᠰ ᠠᠴᠠ ᠢᠯᠡ | ᠵᠠᠷᠯᠠᠭᠰᠠᠨ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷ ᠲᠠᠢ ᠵᠠᠷᠤᠳᠠᠯ ᠪᠠ ᠵᠠᠰᠠᠭ ᠤᠨ ᠣᠷᠳᠣᠨ ᠤ ᠴᠢᠨᠠᠷ ᠲᠠᠢ | ᠰᠠᠭᠤᠷᠢ ᠮᠦᠩᠬᠦ ᠬᠤᠷᠢᠶᠠᠬᠤ ᠶᠢ ᠡᠷᠡᠰ ᠴᠠᠭᠠᠵᠠᠯᠠᠵᠤ᠂ ᠦᠪᠡᠷᠲᠡᠭᠡᠨ ᠢᠨᠵᠧᠨᠧᠷᠢᠩ ᠲᠤᠭᠳᠠᠭᠠᠬᠤ᠂ | ᠪᠠᠷᠢᠮᠵᠢᠶᠠᠨ ᠠᠴᠠ ᠳᠡᠭᠡᠭᠦᠷ ᠵᠠᠷᠤᠳᠠᠯ ᠬᠤᠷᠢᠶᠠᠬᠤ ᠵᠡᠷᠭᠡ ᠲᠤᠷ᠎ᠠ ᠪᠠᠷ ᠢᠶᠠᠨ ᠵᠠᠷᠤᠳᠠᠯ ᠬᠤᠷᠢᠶᠠᠬᠤ ᠠᠵᠢᠯᠯᠠᠭ᠎ᠠ ᠶᠢ | ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠠ᠃ | ᠲᠤᠯᠤᠭ᠎ᠠ᠂ ᠬᠢᠨᠠᠨ ᠪᠠᠶᠢᠴᠠᠭᠠᠬᠤ ᠪᠠ ᠬᠠᠷᠢᠭᠤᠴᠠᠯᠭ᠎ᠠ ᠨᠡᠬᠡᠮᠵᠢᠯᠡᠬᠦ | ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠢᠨᠵᠧᠨᠧᠷᠢᠩ ᠤᠨ ᠬᠡᠷᠡᠭᠵᠢᠬᠦᠯᠦᠭᠰᠡᠨ ᠪᠠᠶᠢᠳᠠᠯ ᠢ | ᠲᠤᠬᠢᠷᠠᠭᠰᠠᠨ ᠴᠠᠭ ᠲᠤ ᠬᠢᠨᠠᠨ ᠪᠠᠶᠢᠴᠠᠭᠠᠬᠤ ᠪᠠ ᠦᠨᠠᠯᠠᠨ᠎ᠠ᠃ ᠡᠯ᠎ᠡ ᠬᠤᠰᠢᠭᠤ ᠲᠤᠭᠤᠷᠢᠭ᠂ ᠡᠯ᠎ᠡ ᠬᠠᠮᠢᠶ᠎ᠠ ᠪᠦᠬᠦᠢ | ᠪᠠᠶᠢᠭᠤᠯᠭ᠎ᠠ ᠶᠢᠨ ᠬᠡᠦᠬᠡᠳ ᠤᠨ ᠴᠡᠴᠡᠷᠯᠢᠭ ᠤᠨ ᠰᠣᠷᠭᠠᠭᠤᠯᠢ ᠶᠢᠨ ᠭᠡᠷ ᠣᠨᠠᠶᠣᠯᠬᠦᠢ ᠢᠨᠵᠧᠨᠧᠷᠢᠩ ᠤᠨ ᠪᠦᠬᠦᠯᠢ | ᠶᠠᠪᠤᠴᠠ ᠨᠢ ᠰᠣᠨᠢᠨ ᠮᠡᠳᠡᠭᠡ ᠵᠠᠭᠤᠴᠢ ᠪᠠ ᠨᠡᠶᠢᠬᠡᠮ ᠤᠨ ᠡᠯ᠎ᠡ ᠡᠳᠡᠭᠡᠳ ᠤᠨ ᠬᠢᠨᠠᠯᠳᠠ ᠶᠢ ᠬᠦᠯᠢᠶᠡᠬᠦ ᠬᠡᠷᠡᠭᠳᠡᠢ᠂ | ᠮᠡᠷᠭᠡᠵᠢᠯ ᠤᠨ ᠪᠠᠷᠢᠮᠵᠢᠶ᠎ᠠ᠂ ᠬᠡᠷᠡᠭᠵᠢᠬᠦᠯᠬᠦ ᠲᠦᠰᠦᠯ᠂ ᠢᠨᠵᠧᠨᠧᠷᠢᠩ ᠤᠨ ᠠᠬᠢᠴᠠ ᠬᠢᠭᠡᠳ ᠬᠡᠷᠡᠭᠵᠢᠬᠦᠯᠦᠭᠰᠡᠨ | ᠦᠷ᠎ᠡ ᠳ᠋ᠦᠩ ᠵᠡᠷᠭᠡ ᠶᠢ ᠨᠡᠶᠢᠬᠡᠮ ᠳᠤ ᠨᠡᠶᠢᠳᠡᠯᠡᠨ᠎ᠡ᠃ ᠬᠡᠦᠬᠡᠳ ᠤᠨ ᠴᠡᠴᠡᠷᠯᠢᠭ ᠤᠨ ᠰᠣᠷᠭᠠᠭᠤᠯᠢ ᠶᠢᠨ | ᠭᠡᠷ ᠣᠨᠠᠶᠣᠯᠬᠦᠢ ᠢᠨᠵᠧᠨᠧᠷᠢᠩ ᠤᠨ ᠴᠢᠨᠠᠷ ᠴᠢᠨᠰᠠᠭᠠᠨ ᠤ ᠬᠠᠷᠢᠭᠤᠴᠠᠯᠭ᠎ᠠ ᠨᠠᠬᠡᠮᠵᠢᠯᠡᠬᠦ ᠲᠦᠷᠢᠮ ᠢ ᠬᠡᠷᠡᠭᠵᠢᠬᠦᠯᠦᠨ᠎ᠠ | ᠃ ᠪᠠᠷᠢᠮᠵᠢᠶᠠᠨ ᠳᠤ ᠬᠦᠷᠬᠦ ᠦᠬᠡᠢ ᠬᠡᠦᠬᠡᠳ ᠤᠨ ᠴᠡᠴᠡᠷᠯᠢᠭ ᠤᠨ ᠭᠤᠤᠯ ᠬᠠᠷᠢᠭᠤᠴᠠᠯᠭᠠᠳᠠᠨ ᠤ ᠬᠠᠷᠢᠭᠤᠴᠠᠯᠭ᠎ᠠ ᠶᠢ | ᠨᠡᠬᠡᠮᠵᠢᠯᠡᠬᠦ ᠪᠤᠶᠣ ᠬᠡᠦᠬᠡᠳ ᠤᠨ ᠴᠡᠴᠡᠷᠯᠢᠭ ᠡᠷᠬᠢᠯᠡᠬᠦ ᠶᠢ ᠵᠠᠷᠯᠢᠭᠳᠠᠨ ᠵᠣᠭᠰᠣᠭᠠᠨ᠎ᠠ︔ ᠬᠡᠦᠬᠡᠳ ᠤᠨ | ᠴᠡᠴᠡᠷᠯᠢᠭ ᠤᠨ ᠰᠣᠷᠭᠠᠭᠤᠯᠢ ᠶᠢᠨ ᠭᠡᠷ ᠤᠨ ᠠᠮᠤᠷ ᠲᠦᠪᠰᠢᠨ ᠤ ᠬᠡᠨᠡᠳᠡᠯ ᠠᠴᠠ ᠪᠤᠯᠵᠤ ᠪᠠᠭᠰᠢ ᠰᠣᠷᠣᠭᠴᠢ ᠤᠨ | ᠦᠬᠦᠯ ᠰᠷᠬᠠᠳᠣᠯ ᠡᠬᠦᠰᠦᠭᠰᠡᠨ ᠬᠤᠰᠢᠭᠤ ᠲᠤᠭᠤᠷᠢᠭ ᠲᠤ᠂ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ | ᠣᠷᠳᠣᠨ ᠤ ᠭᠤᠤᠯ ᠬᠠᠷᠢᠭᠤᠴᠠᠯᠭᠠᠳᠠᠨ ᠤ ᠬᠠᠷᠢᠭᠤᠴᠠᠯᠭ᠎ᠠ ᠶᠢ ᠨᠡᠬᠡᠮᠵᠢᠯᠡᠨ᠎ᠡ︔ ᠦᠭᠡᠷᠡᠴᠢᠯᠡᠨ ᠵᠠᠰᠠᠭᠰᠠᠨ | ᠰᠣᠷᠭᠠᠭᠤᠯᠢ ᠶᠢᠨ ᠭᠡᠷ ᠨᠢ ᠬᠡᠷᠪᠡ ᠭᠠᠵᠠᠷ ᠰᠤᠩᠭᠤᠯᠳᠠ ᠨᠢ ᠵᠤᠬᠢᠰ ᠦᠬᠡᠢ ᠪᠤᠶᠤ ᠪᠠᠷᠢᠯᠭ᠎ᠠ ᠶᠢᠨ ᠴᠢᠨᠠᠷ ᠤᠨ | ᠠᠰᠠᠭᠤᠳᠠᠯ ᠠᠴᠠ ᠪᠤᠯᠵᠤ ᠭᠠᠮᠰᠢᠭ ᠤᠨ ᠳᠣᠮᠳᠠ ᠨᠤᠷᠠᠵᠤ ᠬᠦᠮᠦᠨ ᠤ ᠦᠬᠦᠯ ᠰᠢᠷᠬᠠᠳᠤᠯ ᠢ ᠭᠠᠷᠭᠠᠬᠤ ᠳᠤ ᠬᠦᠷᠪᠡᠯ | ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠰᠣᠷᠭᠠᠭᠤᠯᠢ ᠶᠢᠨ ᠭᠡᠷ ᠦᠭᠡᠷᠡᠴᠢᠯᠡᠨ ᠵᠠᠰᠠᠬᠤ | ᠬᠤᠭᠤᠴᠠᠭᠠᠨ ᠳᠠᠬᠢ ᠭᠤᠤᠯ ᠬᠠᠷᠢᠭᠤᠴᠠᠯᠭᠠᠳᠠᠨ ᠤ ᠬᠠᠷᠢᠭᠤᠴᠠᠯᠭ᠎ᠠ ᠶᠢ ᠨᠡᠬᠡᠮᠵᠢᠯᠡᠨ᠎ᠡ︔ ᠪᠦᠳᠦᠭᠡᠨ ᠪᠠᠶᠢᠭᠤᠯᠬᠤ᠂ | ᠦᠨᠡᠯᠡᠯᠳᠡ ᠬᠢᠵᠦ ᠬᠢᠨᠠᠨ ᠲᠤᠭᠳᠠᠭᠠᠬᠤ᠂ ᠬᠠᠶᠢᠨ ᠰᠢᠨᠵᠢᠯᠡᠬᠦ᠂ ᠵᠢᠷᠤᠭ ᠲᠦᠯᠦᠪᠯᠡᠭᠡ ᠬᠢᠬᠦ᠂ ᠪᠠᠷᠢᠯᠭ᠎ᠠ ᠪᠠᠷᠢᠬᠤ ᠪᠠ | ᠢᠨᠵᠧᠨᠧᠷᠢᠩ ᠤᠨ ᠬᠢᠨᠠᠯᠳᠠ ᠬᠠᠮᠢᠶᠠᠷᠣᠯᠳᠠ ᠬᠢᠬᠦ ᠪᠠᠶᠢᠭᠤᠯᠭ᠎ᠠ ᠵᠢᠴᠢ ᠬᠠᠮᠢᠶ᠎ᠠ ᠪᠦᠬᠦᠢ ᠬᠠᠷᠢᠭᠤᠴᠠᠯᠭᠠᠳᠠᠨ | ᠢᠨᠵᠧᠨᠧᠷᠢᠩ ᠳᠤ ᠬᠠᠤᠯᠢ ᠶᠣᠰᠣᠭᠠᠡᠷ ᠬᠠᠷᠢᠭᠤᠴᠠᠯᠭ᠎ᠠ ᠡᠬᠦᠷᠬᠡᠯᠡᠨ᠎ᠠ᠃ ᠬᠡᠦᠬᠡᠳ ᠤᠨ ᠴᠡᠴᠡᠷᠯᠢᠭ ᠤᠨ | ᠰᠣᠷᠭᠠᠭᠤᠯᠢ ᠶᠢᠨ ᠭᠡᠷ ᠤᠨ ᠠᠶᠤᠯᠬᠦᠢ ᠢᠨᠵᠧᠨᠧᠷᠢᠩ ᠤᠨ ᠪᠡᠯᠡ ᠮᠦᠩᠬᠦᠨ ᠤ ᠬᠠᠮᠢᠶᠠᠷᠣᠯᠳᠠ ᠶᠢᠨ ᠬᠠᠷᠢᠭᠤᠴᠠᠯᠭ᠎ᠠ | ᠨᠡᠬᠡᠮᠵᠢᠯᠡᠬᠦ ᠲᠦᠷᠢᠮ ᠢ ᠬᠡᠷᠡᠭᠵᠢᠬᠦᠯᠦᠨ᠎ᠠ᠃ ᠡᠯ᠎ᠡ ᠱᠠᠳᠣᠨ ᠤ ᠬᠢᠨᠠᠨ ᠪᠠᠶᠢᠴᠠᠭᠠᠬᠤ᠂ ᠬᠢᠨᠠᠨ ᠪᠤᠳᠤᠬᠤ | ᠪᠠᠶᠢᠭᠤᠯᠭ᠎ᠠ ᠠᠴᠠ ᠢᠨᠵᠧᠨᠧᠷᠢᠩ ᠤᠨ ᠪᠡᠯᠡ ᠮᠦᠩᠬᠦᠨ ᠤ ᠵᠠᠷᠣᠯᠭ᠎ᠠ ᠶᠢᠨ ᠬᠠᠮᠢᠶᠠᠷᠣᠯᠳᠠ ᠳᠤ ᠪᠦᠬᠦ ᠶᠠᠪᠤᠴᠠ ᠶᠢᠨ | ᠬᠢᠨᠠᠯᠳᠠ ᠳᠠᠯᠪᠢᠵᠤ᠂ ᠢᠨᠵᠧᠨᠧᠷᠢᠩ ᠤᠨ ᠪᠠᠶᠢᠭᠤᠯᠬᠤ ᠪᠡᠯᠡ ᠮᠦᠩᠬᠦ ᠶᠢ ᠠᠶᠤᠯᠬᠦᠢ᠂ ᠦᠨᠳᠦᠷ ᠠᠰᠢᠭᠯᠠᠮᠵᠢ ᠲᠠᠢ | ᠵᠠᠷᠣᠬᠤ ᠶᠢ ᠪᠠᠳᠣᠯᠠᠨ᠎ᠠ᠃ ᠪᠡᠯᠡ ᠮᠦᠩᠬᠦᠨ ᠤ ᠲᠤᠬᠢᠷᠠᠭᠤᠯᠭ᠎ᠠ ᠪᠠ ᠵᠠᠷᠣᠭᠰᠠᠨ ᠪᠠᠶᠢᠳᠠᠯ ᠢ ᠨᠡᠬᠡᠮᠵᠢᠯᠡᠨ ᠬᠢᠨᠠᠵᠤ᠂ | ᠢᠨᠵᠧᠨᠧᠷᠢᠩ ᠲᠤᠰᠬᠠᠢ ᠪᠡᠯᠡ ᠮᠦᠩᠬᠦ ᠶᠢ ᠰᠢᠬᠠᠨ ᠡᠵᠡᠯᠡᠬᠦ᠂ ᠰᠢᠯᠵᠢᠬᠦᠯᠦᠨ ᠵᠠᠷᠣᠬᠤ᠂ ᠱᠠᠮᠰᠢᠨ ᠦᠯᠡᠳᠡᠬᠡᠬᠦ᠂ | ᠳᠠᠰᠣᠳᠠᠨ ᠠᠪᠬᠤ᠂ ᠮᠡᠬᠡᠯᠡᠨ ᠠᠪᠬᠤ᠂ ᠲᠦᠷᠢᠮ ᠠᠴᠠ ᠭᠠᠳᠠᠭᠤᠷ ᠳᠣᠷ᠎ᠠ ᠪᠠᠷ ᠢᠶᠠᠨ ᠵᠠᠷᠤᠳᠠᠯ ᠬᠤᠷᠢᠶᠠᠬᠤ ᠪᠤᠶᠣ | ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠤ ᠪᠡᠯᠡ ᠣᠷᠣᠭᠤᠯᠤᠯᠳᠠ ᠶᠢ ᠪᠠᠭᠠᠰᠬᠠᠬᠤ ᠵᠢᠴᠢ ᠬᠠᠮᠢᠶᠠᠷᠣᠯᠳᠠ ᠶᠢ | ᠤᠮᠳᠠᠭᠠᠶᠢᠯᠠᠭᠰᠠᠨ ᠠᠴᠠ ᠪᠤᠯᠵᠤ ᠢᠨᠵᠧᠨᠧᠷᠢᠩ ᠤᠨ ᠬᠠᠷᠠᠯᠳᠠ ᠪᠠᠨ ᠪᠡᠶᠡᠯᠡᠬᠦᠯᠬᠦ ᠶᠢ ᠨᠦᠯᠦᠬᠡᠯᠡᠭᠰᠡᠨ᠂ ᠬᠠᠮᠢᠶ᠎ᠠ | ᠪᠦᠬᠦᠢ ᠬᠠᠷᠢᠭᠤᠴᠠᠯᠭᠠᠳᠠᠨ ᠤ ᠬᠠᠷᠢᠭᠤᠴᠠᠯᠭ᠎ᠠ ᠶᠢ ᠨᠢ ᠬᠠᠤᠯᠢ ᠶᠣᠰᠣᠭᠠᠷ ᠨᠡᠬᠡᠮᠵᠢᠯᠡᠨ᠎ᠠ᠃ | | | | | | |