ᠪᠦᠬᠦ ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠲᠧᠯᠸᠢᠰ ᠳ᠋ᠢᠶᠠᠩᠬᠤᠸᠠ ᠬᠤᠷᠠᠯ ᠤᠨ ᠵᠤᠷᠢᠭ ᠰᠠᠨᠠᠭ᠎ᠠ ᠶᠢ ᠰᠣᠷᠣᠯᠴᠠᠨ ᠲᠤᠤᠱᠯᠠᠭᠤᠯᠬᠤ ᠲᠤᠬᠠᠢ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠠᠯ
ᠨᠡᠶᠢᠲᠡᠯᠡᠭᠰᠡᠨ ᠴᠠᠭ᠄
2011-01-11
                          ᠡᠵᠡᠨ ᠵᠠᠰᠠᠭ ᠠᠯᠪᠠᠨ ᠲᠠᠷᠬᠠᠭᠠᠬᠤ ﹇2011﹈ 5 ᠳ᠋ᠤᠭᠠᠷ ᠲᠤᠭᠠᠳᠤᠡᠯ᠎ᠠ ᠪᠠᠯᠭᠠᠰᠤᠨ ᠤ ᠵᠠᠰᠠᠭ ᠤᠨ ᠤᠷᠳᠤᠨ᠂ ᠬᠤᠰᠢᠭᠤ ᠠᠷᠠᠳ ᠤᠨ ᠵᠠᠰᠠᠭ ᠤᠨ ᠤᠷᠳᠤᠨ ᠤ ᠡᠯ᠎ᠠ ᠪᠠᠶᠢᠭᠤᠯᠭ᠎ᠠ᠂ ᠡᠯ᠎ᠠ ᠬᠠᠮᠢᠶ᠎ᠠ ᠪᠦᠬᠦᠢ ᠰᠢᠭᠤᠳ ᠬᠠᠷᠢᠶ᠎ᠠ ᠪᠠᠶᠢᠭᠤᠯᠭ᠎ᠠ᠂ ᠡᠯ᠎ᠡ ᠬᠠᠮᠢᠶ᠎ᠠ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠄      2 ᠰᠠᠷ᠎ᠠ ᠶᠢᠨ 10᠎ ᠤ ᠡᠳᠦᠷ᠂ ᠲᠦᠷᠦ ᠶᠢᠨ ᠶᠠᠪᠤᠳᠠᠯ ᠤᠨ ᠬᠤᠷᠢᠶ᠎ᠠ ᠪᠡᠭᠡᠵᠢᠩ ᠳᠤ ᠪᠦᠬᠦ ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠲᠧᠯᠸᠢᠰ ᠳ᠋ᠢᠶᠠᠩᠬᠤᠸᠠ ᠬᠤᠷᠠᠯ ᠢ ᠬᠤᠷᠠᠯᠳᠣᠭᠤᠯᠵᠤ᠂ ᠳᠣᠮᠳᠠᠳᠣ ᠣᠯᠣᠰ ᠤᠨ ᠡᠪ ᠬᠠᠮᠳᠣ ᠨᠠᠮ ᠤᠨ ᠲᠦᠪ ᠬᠤᠷᠢᠶᠠᠨ ᠤ ᠣᠯᠣᠰ ᠲᠦᠷᠦ ᠤᠨ ᠳᠤᠪᠴᠢᠶᠠᠨ ᠤ ᠪᠠᠶᠢᠩᠭᠤ ᠶᠢᠨ ᠬᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠠᠷᠦᠩᠬᠡᠢ ᠰᠠᠶᠢᠳ ᠸᠧᠨ ᠵᠢᠶᠠ ᠪᠤᠤ ᠴᠢᠬᠤᠯᠠ ᠶᠠᠷᠢᠶ᠎ᠠ ᠲᠠᠯᠪᠢᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠠᠷᠦᠩᠬᠡᠢ ᠰᠠᠶᠢᠳ ᠾᠦᠢ ᠯᠢᠶᠠᠩ ᠢᠦᠢ ᠬᠤᠷᠠᠯ ᠡᠷᠬᠢᠯᠡᠵᠦ᠂ ᠣᠯᠣᠰ ᠲᠦᠷᠦ ᠶᠢᠨ ᠬᠤᠷᠢᠶᠠᠨ ᠤ ᠬᠡᠰᠢᠭᠦᠨ ᠮᠠ ᠺᠠᠢ᠂ ᠲᠦᠷᠦ ᠶᠢᠨ ᠶᠠᠪᠤᠳᠠᠯ ᠤᠨ ᠬᠤᠷᠢᠶᠠᠨ ᠤ ᠡᠯ᠎ᠡ ᠬᠠᠮᠢᠶ᠎ᠠ ᠪᠦᠬᠦᠢ ᠶᠠᠮᠤᠨ ᠬᠤᠷᠢᠶ᠎ᠠ᠂ ᠪᠠᠶᠢᠭᠤᠯᠭ᠎ᠠ ᠶᠢᠨ ᠬᠠᠷᠢᠭᠤᠴᠠᠯᠭᠠᠳᠠᠨ ᠬᠤᠷᠠᠯ ᠳᠤ ᠣᠷᠣᠯᠴᠠᠪᠠ᠃ ᠬᠤᠰᠢᠭᠤ ᠠᠷᠠᠳ ᠤᠨ ᠵᠠᠰᠠᠭ ᠤᠨ ᠣᠷᠳᠣᠨ ᠤ ᠱᠠᠭᠠᠷᠳᠠᠯᠭ᠎ᠠ ᠪᠠᠷ᠂ ᠡᠳᠦᠭᠡ ᠳᠣᠮᠳᠠᠳᠣ ᠣᠯᠣᠰ ᠤᠨ ᠡᠪ ᠬᠠᠮᠳᠣ ᠨᠠᠮ ᠤᠨ ᠲᠦᠪ ᠬᠤᠷᠢᠶᠠᠨ ᠤ ᠣᠯᠣᠰ ᠲᠦᠷᠦ ᠤᠨ ᠳᠤᠪᠴᠢᠶᠠᠨ ᠤ ᠪᠠᠶᠢᠩᠭᠤ ᠶᠢᠨ ᠬᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠠᠷᠦᠩᠬᠡᠢ ᠰᠠᠶᠢᠳ ᠸᠧᠨ ᠵᠢᠶᠠ ᠪᠤᠤ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠠᠷᠦᠩᠬᠡᠢ ᠰᠠᠶᠢᠳ ᠾᠦᠢ ᠯᠢᠶᠠᠩ ᠢᠦᠢ ᠶᠢᠨ ᠳᠠᠯᠪᠢᠭᠰᠠᠨ ᠶᠠᠷᠢᠶᠠᠨ ᠤ ᠳᠣᠪᠴᠢ ᠶᠢ ᠳᠠᠨᠠᠷ ᠲᠤ ᠳᠠᠷᠣᠮᠠᠯᠯᠠᠨ ᠳᠠᠷᠬᠠᠭᠠᠶ᠎ᠠ᠂ ᠳᠠᠨᠠᠷ ᠨᠠᠷᠢᠨ ᠬᠢᠨᠠᠮᠠᠭᠠᠢ ᠰᠣᠷᠣᠯᠴᠠᠨ  ᠦᠢᠯᠭᠠᠬᠤ ᠶᠢᠨ ᠵᠡᠷᠬᠡ ᠳᠣᠣᠷ᠎ᠠ ᠳᠣᠷᠠᠳᠣᠭᠰᠠᠨ ᠲᠤᠤᠱᠯᠠᠭᠤᠯᠬᠤ ᠰᠠᠨᠠᠯ ᠢ ᠬᠠᠮᠳᠣ ᠳᠤᠨᠢ ᠰᠠᠶᠢᠳᠤᠷ ᠠᠳᠬᠤᠨ ᠳᠣᠣᠱᠯᠠᠭᠤᠯᠤᠨ ᠨᠠᠶᠢᠳᠠᠪᠤᠷᠢᠵᠢᠭᠤᠯᠤᠰᠤᠭᠠᠢ᠃      ᠨᠢᠭᠡ᠂ ᠤᠳᠤᠷᠢᠳᠤᠯᠭ᠎ᠠ ᠪᠠᠨ ᠴᠢᠩᠭᠠᠳᠬᠠᠬᠤ᠃ ᠤᠳᠤᠬᠠᠨ ᠤ ᠬᠠᠪᠤᠷ ᠤᠨ ᠳᠠᠷᠢᠶᠠᠯᠠᠭ᠎ᠠ ᠶᠢᠨ ᠪᠡᠯᠡᠳᠬᠡᠯ ᠠᠵᠢᠯ ᠳᠤ ᠳᠣᠯᠭᠠᠷᠠᠵᠤ ᠪᠠᠶᠢᠭ᠎ᠠ ᠬᠠᠳᠠᠭᠤ ᠪᠡᠷᠬᠡ ᠪᠠᠶᠢᠳᠠᠯ ᠢ ᠰᠡᠷᠭᠡᠭ ᠳᠠᠨᠢᠵᠤ᠂ ᠣᠷᠣᠰᠢᠵᠤ ᠪᠠᠶᠢᠭ᠎ᠠ ᠠᠰᠠᠭᠤᠳᠠᠯ ᠢ ᠪᠤᠰᠣᠳᠴᠢ ᠪᠠᠷ ᠵᠠᠳᠠᠯᠣᠨ᠂ ᠰᠢᠢᠳᠪᠦᠷᠢᠯᠡᠬᠦ ᠠᠷᠭ᠎ᠠ ᠶᠢ ᠨᠠᠷᠢᠨ ᠬᠢᠨᠠᠮᠠᠭᠠᠢ ᠰᠤᠳᠤᠯᠬᠤ ᠬᠡᠷᠡᠭᠳᠠᠢ᠃ ᠡᠯ᠎ᠡ ᠪᠠᠯᠭᠠᠰᠣ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠤᠷᠴᠢᠮ ᠦᠨᠳᠦᠰᠦᠨ ᠱᠠᠳᠣᠨ ᠤ ᠨᠢᠭᠡᠳᠦᠭᠡᠷ ᠹᠷᠣᠨᠲ ᠲᠤ ᠬᠦᠨᠵᠡᠭᠡᠶᠢᠷᠡᠨ ᠬᠠᠪᠤᠷ ᠤᠨ ᠳᠠᠷᠢᠶᠠᠯᠠᠭ᠎ᠠ ᠶᠢᠨ ᠪᠡᠯᠡᠳᠬᠡᠯ ᠦᠢᠯᠡᠳᠪᠦᠷᠢᠯᠡᠯ ᠤᠨ ᠪᠠᠶᠢᠳᠠᠯ ᠢ ᠪᠠᠶᠢᠴᠠᠭᠠᠨ ᠰᠣᠳᠣᠯᠵᠤ᠂ ᠵᠢᠯᠤᠭᠤᠳᠤᠨ᠂ ᠪᠤᠳᠠᠳᠠᠢ ᠠᠰᠠᠭᠤᠳᠠᠯ ᠰᠢᠢᠳᠪᠤᠷᠢᠯᠡᠬᠦ ᠶᠢ ᠬᠠᠪᠰᠤᠷᠤᠨ ᠵᠠᠳᠠᠯᠣᠨ᠎ᠠ᠃ ᠲᠠᠷᠢᠶᠠᠯᠠᠩ ᠳᠤ ᠬᠤᠯᠪᠤᠭᠳᠠᠬᠤ ᠪᠠᠶᠢᠭᠤᠯᠭ᠎ᠠ ᠠᠴᠠ ᠦᠪᠡᠷ ᠦᠪᠡᠷ ᠤᠨ ᠡᠷᠬᠡ ᠲᠤᠰᠢᠶᠠᠯ ᠪᠠᠨ ᠦᠨᠳᠦᠰᠦᠯᠡᠨ᠂ ᠡᠯ᠎ᠡ ᠲᠦᠷᠦᠯ ᠤᠨ ᠳᠠᠷᠢᠶᠠᠯᠠᠭ᠎ᠠ ᠶᠢᠨ ᠪᠡᠯᠡᠳᠬᠡᠯ ᠠᠵᠢᠯ ᠤᠨ ᠦᠢᠯᠡᠳᠪᠤᠷᠢᠯᠡᠯ ᠤᠨ ᠦᠢᠯᠡᠴᠢᠯᠡᠭᠡᠨ ᠤ ᠠᠵᠢᠯ ᠢᠶᠠᠨ ᠰᠠᠶᠢᠬᠠᠨ ᠲᠤᠬᠢᠷᠠᠭᠤᠯᠬᠤ ᠬᠡᠷᠡᠭᠳᠡᠢ᠃      ᠬᠤᠶᠠᠷ᠂ ᠤᠯᠠᠨ ᠲᠠᠯ᠎ᠠ ᠪᠠᠷ ᠪᠡᠯᠡ ᠮᠦᠩᠬᠦ ᠬᠤᠷᠠᠮᠳᠤᠭᠤᠯᠬᠤ᠃ ᠬᠦᠳᠡᠭᠡ ᠲᠤᠰᠬᠤᠨ ᠤ ᠢᠳᠡᠭᠡᠮᠵᠢ ᠶᠢᠨ ᠬᠤᠯᠪᠤᠭᠠᠳᠤ ᠬᠤᠷᠰᠢᠶ᠎ᠠ ᠠᠴᠠ ᠮᠠᠯᠵᠢᠬᠤ ᠶᠢ ᠳᠣᠰᠠᠯᠠᠬᠤ᠂ ᠲᠡᠷᠢᠶᠠᠯᠠᠩ ᠢ ᠳᠣᠰᠠᠯᠠᠬᠤ ᠲᠦᠷᠦ ᠶᠢᠨ ᠪᠤᠳᠤᠯᠭ᠎ᠠ ᠶᠢ ᠲᠤᠰᠬᠠᠢ ᠰᠣᠳᠣᠯᠣᠨ ᠳᠤᠭᠳᠠᠭᠠᠵᠤ᠂ ᠢᠯᠠᠩᠭᠤᠶ᠎ᠠ ᠶᠠᠳᠠᠭᠤ ᠬᠦᠴᠢᠷᠳᠡᠯᠳᠡᠢ ᠮᠠᠯᠴᠢᠨ ᠲᠠᠷᠢᠶᠠᠴᠢᠨ ᠢ ᠳᠣᠰᠠᠯᠠᠬᠤ ᠬᠦᠴᠦᠯᠡᠴᠡ ᠪᠠᠨ ᠨᠡᠮᠡᠭᠳᠡᠬᠦᠯᠦᠨ᠂ ᠪᠡᠯᠡ ᠮᠦᠩᠬᠦ ᠬᠤᠷᠠᠮᠳᠤᠭᠤᠯᠬᠤ ᠪᠠ ᠣᠷᠣᠭᠤᠯᠬᠤ ᠡᠷᠴᠢᠮ ᠢᠶᠠᠨ ᠦᠷᠬᠦᠯᠵᠢᠯᠠᠨ ᠶᠡᠬᠡᠳᠬᠡᠵᠦ᠂ ᠬᠠᠪᠤᠷ ᠤᠨ ᠳᠠᠷᠢᠶᠠᠯᠠᠭ᠎ᠠ ᠶᠢᠨ ᠦᠢᠯᠡᠪᠦᠷᠢᠯᠡᠯ ᠤᠨ ᠵᠢᠬᠡᠯᠡᠯᠬᠡ ᠶᠢᠨ ᠬᠡᠷᠡᠭᠴᠡᠭᠡ ᠶᠢ ᠪᠦᠬᠦ ᠴᠢᠳᠠᠯ ᠢᠶᠠᠷ ᠢᠶᠠᠨ ᠬᠠᠩᠭᠠᠨ᠎ᠠ᠃ ᠡᠳ᠋ ᠤᠨ ᠵᠠᠰᠠᠭ᠂ ᠬᠦᠭᠵᠢᠯᠳᠡ ᠦᠭᠡᠷᠡᠴᠢᠯᠡᠯᠳᠠ ᠪᠠ ᠲᠠᠷᠢᠶᠠᠯᠠᠩ ᠳᠤ ᠬᠤᠯᠪᠤᠭᠳᠠᠬᠤ ᠪᠠᠶᠢᠭᠤᠯᠭ᠎ᠠ ᠠᠴᠠ ᠠᠵᠢᠯᠯᠠᠭ᠎ᠠ ᠪᠠᠨ ᠰᠠᠶᠢᠳᠦᠷ ᠠᠳᠬᠤᠨ᠂ ᠳᠡᠭᠡᠳᠦ ᠱᠠᠳᠣᠨ ᠠᠴᠠ ᠰᠢᠭᠤᠳ ᠨᠦᠬᠦᠪᠦᠷᠢᠯᠡᠬᠦ ᠪᠡᠯᠡ ᠮᠦᠩᠬᠦ᠂ ᠲᠠᠷᠢᠶᠠᠯᠠᠩ ᠢ ᠳᠣᠰᠠᠯᠠᠬᠤ ᠪᠡᠯᠡ ᠮᠦᠩᠬᠦ ᠵᠡᠷᠭᠡ ᠲᠦᠷᠦ ᠶᠢᠨ ᠪᠤᠳᠤᠯᠭ᠎ᠠ ᠶᠢᠨ ᠴᠢᠨᠠᠷ ᠎ ᠲᠠᠢ ᠪᠡᠯᠡ ᠮᠦᠩᠬᠦᠨ ᠤ ᠳᠣᠰᠠᠯᠠᠮᠵᠢ ᠶᠢ ᠢᠳᠡᠪᠬᠢᠳᠡᠢ ᠴᠢᠷᠮᠠᠶᠢᠨ ᠤᠯᠬᠤ ᠶᠢᠨ ᠬᠠᠮᠳᠤ᠂ᠴᠠᠭ ᠢ ᠵᠠᠪᠳᠤᠨ ᠲᠠᠷᠬᠠᠭᠠᠨ ᠪᠠᠶᠢᠷᠢᠯᠠᠭᠤᠯᠵᠤ᠂ ᠮᠠᠯᠴᠢᠨ ᠲᠠᠷᠢᠶᠠᠴᠢᠨ ᠤ ᠬᠠᠪᠤᠷ ᠤᠨ ᠳᠠᠷᠢᠶᠠᠯᠠᠭ᠎ᠠ ᠶᠢᠨ ᠪᠡᠯᠡᠳᠬᠡᠯ ᠦᠢᠯᠡᠳᠪᠦᠷᠢᠯᠡᠯ ᠤᠨ ᠶᠠᠪᠤᠴᠠ ᠳᠣᠮᠳᠠ ᠪᠡᠯᠡ ᠮᠦᠩᠬᠦ ᠬᠦᠷᠦᠯᠴᠡᠬᠦ ᠦᠬᠡᠢ ᠠᠴᠠ ᠪᠤᠯᠵᠤ ᠲᠠᠷᠢᠶᠠᠯᠠᠭ᠎ᠠ ᠪᠠᠨ ᠰᠠᠭᠠᠳᠠᠭᠠᠬᠤ ᠦᠬᠡᠢ ᠪᠠᠶᠢᠬᠤ ᠶᠢ ᠪᠠᠳᠣᠯᠠᠨ᠎ᠠ᠃      ᠭᠤᠷᠪᠠ᠂ ᠦᠢᠯᠡᠴᠢᠯᠡᠭᠡ ᠶᠢ ᠰᠠᠶᠢᠳᠣᠷ ᠬᠢᠬᠦ᠃ ᠡᠯ᠎ᠡ ᠪᠠᠯᠭᠠᠰᠤ ᠬᠠᠪᠤᠷ ᠤᠨ ᠳᠠᠷᠢᠶᠠᠯᠠᠭ᠎ᠠ ᠶᠢᠨ ᠪᠡᠯᠡᠳᠬᠡᠯ ᠬᠢᠬᠦ ᠠᠵᠠ ᠵᠠᠪᠰᠢᠶᠠᠨ ᠢ ᠠᠳᠬᠤᠨ᠂ ᠬᠠᠪᠤᠷ ᠤᠨ ᠤᠯᠠᠷᠢᠯ ᠤᠨ ᠲᠠᠷᠢᠶᠠᠯᠠᠩ ᠤᠨ ᠤᠰᠤᠨ ᠠᠰᠢᠭᠯᠠᠯᠳᠠ ᠶᠢᠨ ᠪᠤᠳᠦᠬᠡᠨ ᠪᠠᠶᠢᠭᠤᠯᠤᠯᠳᠠ ᠶᠢᠨ ᠦᠷᠨᠢᠯᠳᠠ ᠶᠢ ᠦᠷᠨᠢᠬᠦᠯᠵᠤ᠂ ᠲᠠᠷᠢᠶᠠᠯᠠᠩ ᠣᠰᠣᠨ ᠠᠰᠢᠭᠯᠠᠯᠳᠠ ᠶᠢᠨ ᠰᠠᠭᠤᠷᠢ ᠲᠦᠬᠦᠭᠡᠷᠦᠮᠵᠢ ᠶᠢ ᠲᠡᠭᠦᠯᠳᠡᠷᠵᠢᠬᠦᠯᠦᠨ᠂ ᠨᠢᠭᠡ ᠪᠦᠯᠦᠭ ᠭᠠᠩ ᠳᠠᠭᠠᠭᠠᠵᠤ᠂ ᠤᠰᠠᠳᠤᠯ ᠢ ᠲᠠᠳᠠᠷᠠᠭᠤᠯᠵᠤ ᠳᠠᠶᠢᠯᠬᠦ ᠪᠠᠷᠢᠮᠵᠢᠶᠠᠳᠣ ᠠᠮᠤ ᠪᠤᠳᠠᠭᠠᠨ ᠤ ᠲᠠᠷᠢᠶᠠᠨ ᠭᠠᠵᠠᠷ ᠢ ᠪᠦᠳᠦᠬᠡᠨ ᠪᠠᠶᠢᠭᠤᠯᠬᠤ ᠬᠡᠷᠡᠭᠳᠠᠢ᠃ ᠡᠳᠦᠭᠡ ᠪᠠᠶᠢᠬᠤ ᠣᠰᠣ ᠬᠠᠰᠢᠬᠤ ᠢᠨᠵᠧᠨᠧᠷᠢᠩ ᠤᠨ ᠨᠦᠯᠦᠮᠡᠯ ᠰᠢᠪᠡᠷ ᠢ ᠴᠡᠪᠡᠷᠯᠡᠨ᠂ ᠡᠵᠡᠯᠡᠬᠦᠨ ᠢ ᠶᠡᠬᠡᠰᠬᠡᠬᠦ᠂ ᠰᠡᠯᠪᠢᠨ ᠵᠠᠰᠠᠵᠤ᠂ ᠲᠦᠬᠦᠭᠡᠷᠵᠢᠬᠦᠯᠬᠦ ᠪᠠ ᠲᠦᠭᠰᠢᠬᠦᠷᠢ ᠲᠠᠢ ᠣᠰᠣᠨ ᠴᠦᠬᠦᠷᠦᠮ ᠤᠨ ᠲᠦᠭᠰᠢᠬᠦᠷᠢ ᠶᠢ ᠠᠷᠢᠯᠭᠠᠨ ᠪᠠᠬᠢᠵᠢᠬᠦᠯᠬᠦ ᠠᠵᠢᠯ ᠢ ᠴᠢᠩᠭ᠎ᠠ ᠠᠳᠬᠤᠵᠤ᠂ ᠣᠰᠣᠨ ᠠᠰᠢᠭᠯᠠᠯᠳᠠ ᠶᠢᠨ ᠢᠨᠵᠧᠨᠧᠷᠢᠩ ᠤᠨ ᠣᠰᠣ ᠬᠠᠳᠠᠭᠠᠯᠠᠬᠤ ᠴᠢᠳᠠᠪᠤᠷᠢ ᠶᠢ ᠳᠡᠭᠡᠭᠰᠢᠯᠡᠬᠦᠯᠦᠨ᠎ᠠ᠃ ᠲᠠᠷᠢᠶᠠᠨ ᠭᠠᠵᠠᠷ ᠲᠤ ᠣᠰᠣ ᠠᠷᠪᠢᠯᠠᠬᠤ ᠦᠬᠡᠷᠡᠴᠢᠯᠡᠯᠳᠡ ᠬᠢᠬᠦ ᠶᠢ ᠱᠠᠯᠠᠪᠳᠠᠨ ᠠᠳᠬᠤᠵᠤ᠂ ᠬᠠᠭᠤᠴᠢᠨ᠂ ᠵᠠᠰᠠᠬᠤ ᠠᠴᠠ ᠦᠩᠬᠡᠷᠡᠭᠰᠡᠨ ᠮᠠᠰᠢᠨ ᠬᠤᠳᠳᠤᠭ᠂ ᠬᠦᠬᠦᠷᠬᠡ ᠶᠢᠨ ᠭᠠᠵᠠᠷ ᠵᠡᠷᠭᠡ ᠵᠠᠰᠠᠯᠳᠠ ᠦᠬᠡᠷᠡᠴᠢᠯᠡᠯᠳᠠ ᠶᠢ ᠲᠦᠷᠭᠡᠳᠬᠡᠨ᠂ ᠬᠠᠪᠤᠷ ᠤᠨ ᠣᠰᠣᠯᠠᠯᠳᠠ ᠶᠢᠨ ᠲᠦᠬᠦᠭᠡᠷᠦᠮᠵᠢ ᠳᠤ ᠪᠦᠬᠦ ᠳᠠᠯ᠎ᠠ ᠶᠢᠨ ᠪᠠᠶᠢᠴᠠᠭᠠᠨ ᠵᠠᠰᠠᠯᠳᠠ ᠪᠠ ᠬᠠᠮᠠᠭᠠᠯᠠᠯᠳᠠ ᠬᠢᠵᠦ᠂ ᠬᠠᠪᠤᠷ ᠤᠨ ᠣᠰᠣᠯᠠᠯᠳᠠ ᠶᠢ ᠪᠠᠳᠣᠯᠠᠬᠤ ᠴᠢᠳᠠᠪᠤᠷᠢ ᠪᠠᠨ ᠳᠡᠭᠡᠭᠰᠢᠯᠡᠬᠦᠯᠦᠨ᠎ᠠ᠃ ᠤᠰᠤᠯᠠᠯᠳᠠ ᠶᠢᠨ ᠤᠰᠤᠨ ᠰᠤᠪᠠᠭ ᠤᠨ ᠬᠤᠷᠠᠮᠠᠯ ᠰᠢᠪᠡᠷ᠂ ᠴᠡᠪᠡᠷᠯᠡᠯᠳᠡ ᠦᠬᠡᠷᠡᠴᠢᠯᠡᠯᠳᠡ᠂ ᠵᠠᠰᠠᠨ ᠰᠡᠯᠪᠢᠯᠳᠡ ᠬᠢᠵᠤ᠂ ᠤᠰᠤ ᠠᠷᠪᠢᠯᠠᠬᠤ ᠴᠢᠳᠠᠪᠤᠷᠢ ᠶᠢ ᠲᠡᠬᠡᠭᠰᠢᠯᠡᠬᠦᠯᠦᠨ᠎ᠠ᠃ ᠴᠠᠬᠢᠯᠭᠠᠨ ᠬᠦᠴᠦ᠂ ᠲᠠᠷᠢᠶᠠᠯᠠᠩ ᠤᠨ ᠮᠠᠰᠢᠨ ᠤ ᠪᠠᠶᠢᠭᠤᠯᠭ᠎ᠠ ᠠᠴᠠ ᠲᠠᠷᠢᠶᠠᠯᠠᠩ ᠤᠨ ᠤᠰᠤᠯᠠᠯᠳᠠ ᠶᠢᠨ ᠲᠦᠬᠦᠭᠡᠷᠦᠮᠵᠢ᠂ ᠲᠠᠷᠢᠶᠠᠯᠠᠩ ᠤᠨ ᠪᠠᠭᠠᠵᠢ ᠶᠢ ᠪᠠᠶᠢᠴᠠᠭᠠᠨ ᠵᠠᠰᠠᠵᠤ᠂ ᠬᠠᠮᠠᠭᠠᠯᠠᠬᠤ ᠠᠵᠢᠯ ᠢ ᠰᠠᠶᠢᠬᠠᠨ ᠵᠤᠬᠢᠶᠠᠨ ᠪᠠᠶᠢᠭᠤᠯᠬᠤ ᠬᠡᠷᠡᠭᠳᠡᠢ᠃ ᠡᠯ᠎ᠡ ᠬᠠᠮᠢᠶ᠎ᠠ ᠪᠦᠬᠦᠢ ᠪᠠᠯᠭᠠᠰᠤ ᠪᠠ ᠲᠠᠷᠢᠶᠠᠯᠠᠩ ᠮᠠᠯ ᠠᠵᠤ ᠠᠬᠤᠢ ᠶᠢᠨ ᠪᠠᠶᠢᠭᠤᠯᠭ᠎ᠠ ᠠᠴᠠ ᠪᠠᠶᠢᠭᠤᠯᠵᠤ ᠪᠠᠶᠢᠭ᠎ᠠ ᠬᠢᠬᠡᠳ ᠨᠢᠭᠡᠨᠳᠡ ᠪᠠᠶᠢᠭᠤᠯᠵᠤ ᠳᠠᠭᠤᠰᠤᠭᠰᠠᠨ ᠲᠦᠬᠦᠭᠡᠷᠦᠮᠵᠢᠲᠦ ᠲᠠᠷᠢᠶᠠᠯᠠᠩ ᠤᠨ ᠲᠦᠷᠦᠯ ᠵᠦᠢᠯ ᠳᠤ ᠪᠠᠶᠢᠴᠠᠭᠠᠨ ᠰᠤᠳᠤᠯᠤᠯᠳᠠ ᠬᠢᠬᠦ ᠪᠠᠨ ᠱᠠᠯᠠᠪᠳᠠᠨ᠂ ᠦᠨᠡᠨᠬᠦ ᠦᠷ᠎ᠡ ᠠᠰᠢᠭ ᠲᠠᠢ ᠠᠷᠭ᠎ᠠ ᠬᠡᠮᠵᠢᠶ᠎ᠡ ᠠᠪᠴᠣ᠂ ᠪᠠᠶᠢᠭᠤᠯᠵᠤ ᠪᠠᠶᠢᠭ᠎ᠠ ᠲᠦᠷᠦᠯ ᠵᠦᠢᠯ ᠢ ᠲᠦᠷᠬᠡᠬᠡᠨ ᠲᠠᠭᠤᠰᠬᠠᠵᠤ᠂ ᠨᠢᠭᠡᠨᠳᠡ ᠪᠠᠶᠢᠭᠤᠯᠵᠤ ᠳᠠᠭᠤᠰᠤᠭᠰᠠᠨ ᠲᠦᠷᠦᠯ ᠵᠦᠢᠯ ᠤᠨ ᠡᠷᠳᠡᠬᠡᠨ ᠪᠦᠬᠦ ᠳᠠᠯ᠎ᠠ ᠤᠨ ᠡᠵᠡᠩᠨᠡᠯᠳᠡ ᠬᠢᠵᠤ᠂ ᠦᠷ᠎ᠡ ᠠᠰᠢᠭ ᠣᠯᠬᠤ ᠶᠢ ᠪᠠᠳᠣᠯᠠᠨ᠎ᠠ᠃      ᠲᠦᠷᠪᠡ᠂ ᠵᠠᠬ᠎ᠠ ᠳᠠᠯᠭᠡᠬᠦᠷ ᠤᠨ ᠬᠢᠨᠠᠯᠳᠠ ᠬᠠᠮᠢᠶᠠᠷᠣᠯᠳᠠ ᠶᠢ ᠴᠢᠩᠭᠠᠳᠬᠠᠬᠤ᠃ ᠲᠠᠷᠢᠶᠠᠯᠠᠩ᠂ ᠦᠢᠯᠡᠳᠪᠦᠷᠢ ᠬᠤᠳᠠᠯᠳᠤᠭ᠎ᠠ ᠪᠠ ᠬᠠᠮᠢᠶ᠎ᠠ ᠪᠦᠬᠦᠢ ᠪᠠᠶᠢᠭᠤᠯᠭ᠎ᠠ ᠠᠴᠠ ᠣᠶᠢᠷ᠎ᠠ ᠳᠤ ᠪᠦᠬᠦ ᠬᠤᠰᠢᠭᠤᠨ ᠤ ᠲᠠᠷᠢᠶᠠᠨ ᠡᠮ᠂ ᠦᠷ᠎ᠡ᠂ ᠬᠢᠮᠢ ᠶᠢᠨ ᠪᠤᠷᠳᠤᠭᠤᠷ ᠬᠢᠭᠡᠳ ᠰᠦᠯᠢᠶᠤᠤ ᠪᠦᠷᠬᠦᠪᠴᠢ ᠶᠢᠨ ᠵᠠᠬ᠎ᠠ ᠳᠠᠯᠭᠡᠭᠦᠷ ᠳᠤ ᠬᠤᠭᠤᠴᠠᠭ᠎ᠠ ᠲᠤᠭᠳᠠᠭᠠᠬᠤ ᠪᠠ ᠬᠤᠭᠤᠴᠠᠭ᠎ᠠ ᠲᠤᠭᠳᠠᠭᠠᠬᠤ ᠦᠬᠡᠢ ᠪᠠᠷ ᠶᠡᠭᠡ ᠪᠠᠶᠢᠴᠠᠭᠠᠯᠳᠠ ᠬᠢᠵᠦ᠂ ᠲᠠᠷᠢᠶᠠᠯᠠᠩ ᠤᠨ ᠡᠳ᠋ ᠪᠠᠷᠠᠭᠠᠨ ᠤ ᠵᠠᠬ᠎ᠠ ᠳᠡᠯᠭᠡᠭᠦᠷ ᠤᠨ ᠡᠮᠬᠢ ᠲᠢᠭᠯᠢᠮ ᠢ ᠲᠥᠷᠢᠮᠵᠢᠬᠦᠯᠦᠨ᠂ ᠮᠠᠯᠴᠢᠨ ᠲᠠᠷᠢᠶᠠᠴᠢᠨ ᠤ ᠰᠠᠨᠠᠭ᠎ᠠ ᠠᠮᠤᠷ ᠲᠠᠷᠢᠶᠠᠨ ᠡᠮ᠂ ᠦᠷ᠎ᠡ᠂ ᠬᠢᠮᠢ ᠶᠢᠨ ᠪᠤᠷᠳᠣᠭᠤᠷ ᠬᠢᠭᠡᠳ ᠰᠦᠯᠢᠶᠤᠤ ᠪᠦᠷᠬᠦᠪᠴᠢ ᠵᠠᠷᠤᠬᠤ ᠶᠢ ᠪᠠᠳᠣᠯᠠᠨ᠎ᠠ᠃ ᠳᠡᠭᠡᠳᠦ ᠱᠠᠳᠣᠨ ᠤ ᠱᠠᠭᠠᠷᠳᠠᠯᠭ᠎ᠠ ᠶᠣᠰᠣᠭᠠᠷ ᠬᠢᠨᠠᠯᠳᠠ ᠬᠠᠮᠢᠶᠠᠷᠣᠯᠳᠠ ᠪᠠᠨ ᠴᠢᠩᠭ᠎ᠠ ᠬᠢᠵᠦ᠂ ᠪᠠᠷᠠᠭᠠᠨ ᠤ ᠦᠨ᠎ᠡ ᠶᠢ ᠦᠷᠢᠰᠦᠯᠳᠦᠨ ᠦᠰᠭᠡᠬᠦ ᠠᠵᠢᠯᠯᠠᠭ᠎ᠠ ᠳᠤ ᠴᠢᠩᠭ᠎ᠠ ᠴᠤᠬᠢᠯᠳᠡ ᠦᠭᠬᠦᠨ᠎ᠡ᠃     ᠳᠠᠪᠤ᠂ ᠬᠦᠴᠢᠷᠳᠡᠯᠳᠡᠢ ᠤᠯᠠᠨ ᠲᠦᠮᠡᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠦᠢᠯᠡᠳᠪᠦᠷᠢᠯᠡᠯ ᠤᠨ ᠠᠰᠠᠭᠤᠳᠠᠯ ᠢ ᠦᠨᠡᠨᠬᠦ ᠰᠢᠢᠳᠪᠤᠷᠢᠯᠡᠬᠦ᠃ ᠡᠯ᠎ᠡ ᠪᠠᠯᠭᠠᠰᠣ ᠵᠢᠴᠢ ᠠᠷᠠᠳ ᠤᠨ ᠶᠠᠪᠤᠳᠠᠯ᠂ ᠶᠠᠳᠠᠭᠤ ᠶᠢ ᠳᠡᠳᠭᠦᠬᠦ ᠪᠠᠶᠢᠭᠤᠯᠭ᠎ᠠ ᠠᠴᠠ ᠬᠦᠴᠢᠷᠳᠡᠯᠳᠡᠢ ᠤᠯᠠᠨ ᠲᠦᠮᠡᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠦᠢᠯᠡᠳᠪᠦᠷᠢᠯᠡᠯ ᠤᠨ ᠳᠣᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠦᠨᠡᠨᠬᠦ ᠰᠢᠢᠳᠪᠤᠷᠢᠯᠡᠵᠤ᠂ ᠣᠳᠣᠷᠢᠳᠣᠯᠭ᠎ᠠ ᠪᠠ ᠨᠠᠮ ᠤᠨ ᠬᠡᠰᠢᠭᠦᠨ ᠡᠷᠦᠬᠡ ᠳᠠᠭᠠᠭᠠᠴᠢᠯᠠᠬᠤ ᠵᠡᠷᠭᠡ ᠠᠷᠭ᠎ᠠ ᠢᠶᠠᠷ ᠳᠠᠮᠵᠢᠨ᠂  ᠬᠠᠷᠢᠭᠤᠴᠠᠯᠭ᠎ᠠ ᠪᠠᠨ ᠱᠠᠳᠣ ᠱᠠᠳᠣ ᠪᠠᠷ ᠨᠠᠶᠢᠳᠠᠪᠤᠷᠢᠵᠢᠭᠤᠯᠵᠤ᠂ ᠪᠡᠯᠡ ᠮᠦᠩᠬᠦ ᠪᠠ ᠲᠠᠷᠢᠶᠠᠯᠠᠩ ᠤᠨ ᠡᠳ᠋ ᠪᠠᠷᠠᠭ᠎ᠠ ᠶᠢ ᠨᠢ ᠠᠷᠭᠠᠴᠠᠭᠠᠨ᠂ ᠮᠡᠷᠭᠡᠵᠢᠯ ᠪᠤᠯᠤᠨ ᠦᠢᠯᠡᠴᠢᠯᠡᠭᠡ ᠪᠠᠨ ᠳᠠᠭᠠᠭᠠᠴᠢᠯᠠᠵᠤ᠂ ᠪᠦᠬᠦ ᠬᠤᠰᠢᠭᠤᠨ ᠤ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠣᠷᠣᠭᠰᠢᠳᠠᠢ ᠶᠠᠪᠤᠭᠳᠠᠬᠤ ᠶᠢ ᠪᠠᠳᠣᠯᠠᠨ᠎ᠠ᠃                                                       2011 ᠤᠨ ᠤ 2 ᠰᠠᠷ᠎ᠠ ᠶᠢᠨ 11᠎ ᠤ ᠡᠳᠦᠷ᠎      ᠲᠦᠷᠦ ᠶᠢᠨ ᠶᠠᠪᠤᠳᠠᠯ ᠤᠨ ᠬᠤᠷᠢᠶᠠᠨ ᠤ ᠶᠠᠷᠦᠩᠬᠡᠢ ᠰᠠᠶᠢᠳ ᠸᠧᠨ ᠵᠢᠶᠠ ᠪᠤᠤ ᠶᠢᠨ ᠶᠠᠷᠢᠶᠠᠨ ᠤ ᠲᠤᠪᠴᠢ      ᠶᠠᠷᠦᠩᠬᠡᠢ ᠰᠠᠶᠢᠳ ᠸᠧᠨ ᠵᠢᠶᠠ ᠪᠤᠤ ᠵᠢᠭᠠᠵᠤ ᠭᠠᠷᠭᠠᠭᠰᠠᠨ ᠨᠢ᠄ ᠳᠤᠰ ᠣᠳᠠᠭᠠᠨ ᠤ ᠪᠦᠬᠦ ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠲᠧᠯᠸᠢᠰ ᠳ᠋ᠢᠶᠠᠩᠬᠤᠸᠠ ᠬᠤᠷᠠᠯ ᠪᠤᠯ ᠲᠦᠷᠦ ᠶᠢᠨ ᠶᠠᠪᠤᠳᠠᠯ ᠤᠨ ᠬᠤᠷᠢᠶᠠᠨ ᠠᠴᠠ ᠭᠠᠩ ᠲᠠᠢ ᠳᠡᠮᠡᠴᠡᠨ ᠭᠠᠮᠰᠢᠭ ᠢ ᠪᠠᠭᠤᠷᠠᠭᠤᠯᠬᠤ ᠶᠢ ᠪᠦᠬᠦ ᠳᠠᠯ᠎ᠠ ᠪᠠᠷ ᠪᠠᠶᠢᠷᠢᠯᠠᠭᠤᠯᠤᠨ᠂ ᠮᠠᠨ ᠤ ᠣᠯᠣᠰ ᠤᠨ ᠤᠳᠤᠬᠠᠨ ᠤ ᠲᠠᠷᠢᠶᠠᠯᠠᠩ ᠪᠠ ᠠᠮᠤ ᠪᠤᠳᠠᠭᠠᠨ ᠤ ᠦᠢᠯᠡᠳᠪᠦᠷᠢᠯᠠᠯ ᠤᠨ ᠪᠠᠶᠢᠳᠠᠯ ᠶᠢ ᠣᠶᠣᠨᠴᠢ ᠪᠠᠷ ᠰᠤᠳᠤᠯᠬᠤ ᠶᠢᠨ ᠵᠡᠷᠬᠡ ᠪᠠᠰᠠ ᠭᠠᠩ ᠲᠠᠢ ᠳᠡᠮᠡᠴᠡᠬᠦ ᠪᠠ ᠠᠮᠤ ᠪᠤᠳᠠᠭᠠᠨ ᠤ ᠦᠢᠯᠡᠳᠪᠦᠷᠢᠯᠠᠯ ᠢ ᠳᠣᠰᠠᠯᠠᠬᠤ ᠲᠦᠷᠦ ᠶᠢᠨ ᠪᠤᠳᠤᠯᠭ᠎ᠠ᠂ ᠠᠷᠭ᠎ᠠ ᠬᠡᠮᠵᠢᠶ᠎ᠠ  ᠵᠠᠯᠭᠠᠯᠳᠤᠭ᠎ᠠ ᠪᠠᠷ ᠨᠡᠶᠢᠳᠡᠯᠡᠭᠰᠡᠨ ᠰᠠᠭᠤᠷᠢᠨ ᠳᠡᠭᠡᠷ᠎ᠡ ᠬᠤᠷᠠᠯᠳᠣᠭᠤᠯᠤᠭᠰᠠᠨ ᠨᠢᠬᠡ ᠤᠳᠠᠭᠠᠨ ᠤ ᠲᠦᠢᠯ ᠤᠨ ᠴᠢᠬᠤᠯᠠ ᠬᠤᠷᠠᠯᠳᠣᠭᠠᠨ ᠶᠤᠮ᠃ ᠶᠠᠷᠦᠩᠬᠡᠢ ᠰᠠᠶᠢᠳ ᠸᠧᠨ ᠵᠢᠶᠠ ᠪᠤᠤ ᠨᠢᠳᠦᠨ ᠡᠮᠦᠨᠡᠬᠢ ᠲᠠᠷᠢᠶᠠᠯᠠᠩ ᠪᠠ ᠠᠮᠤ ᠪᠤᠳᠠᠭᠠᠨ ᠤ ᠦᠢᠯᠡᠳᠪᠤᠷᠢᠯᠠᠯ ᠤᠨ ᠠᠵᠢᠯᠯᠠᠭ᠎ᠠ ᠶᠢᠨ ᠳᠣᠬᠠᠢ ᠭᠤᠷᠪᠠᠨ ᠳᠠᠯ᠎ᠠ ᠠᠴᠠ ᠪᠤᠳᠠᠳᠠᠶᠢᠴᠢᠯᠠᠨ ᠴᠢᠬᠤᠯᠠ ᠶᠠᠷᠢᠶ᠎ᠠ ᠳᠠᠯᠪᠢᠪᠠ᠃      ᠨᠢᠭᠡ᠂ ᠠᠮᠤ ᠪᠤᠳᠠᠭ᠎ᠠ ᠪᠠ ᠲᠠᠷᠢᠶᠠᠯᠠᠩ ᠤᠨ ᠦᠢᠯᠡᠳᠪᠦᠷᠢᠯᠡᠯ ᠢ ᠯᠠᠪᠳᠠᠭᠤᠨ ᠬᠦᠭᠵᠢᠬᠦᠯᠬᠦ ᠶᠢᠨ ᠲᠤᠶᠢᠯ ᠤᠨ ᠴᠢᠬᠤᠯᠠ ᠴᠢᠨᠠᠷ ᠢ ᠬᠦᠢᠴᠡᠳ ᠳᠠᠨᠢᠬᠤ᠃      ᠶᠠᠷᠦᠩᠬᠡᠢ ᠰᠠᠶᠢᠳ ᠸᠧᠨ ᠵᠢᠶᠠ ᠪᠤᠤ ᠵᠢᠭᠠᠵᠤ ᠭᠠᠷᠭᠠᠭᠰᠠᠨ ᠨᠢ᠄ ᠡᠨᠡ ᠵᠢᠯ ᠪᠤᠯ ︽12.5︾᠎ ᠤᠨ ᠡᠬᠢᠨ ᠤ ᠵᠢᠯ ᠶᠤᠮ᠂ ᠮᠠᠨ ᠤ ᠤᠯᠤᠰ ᠤᠨ ᠬᠦᠭᠵᠢᠯᠳᠡ ᠳᠤ ᠳᠣᠯᠭᠠᠷᠠᠵᠤ ᠪᠠᠶᠢᠭ᠎ᠠ ᠪᠠᠶᠢᠳᠠᠯ ᠮᠦᠨ ᠲᠦᠢᠯ ᠤᠨ ᠪᠤᠳᠤᠯᠢᠶᠠᠨ ᠲᠠᠢ ᠪᠠᠶᠢᠵᠤ᠂ ᠲᠤᠳᠤᠷᠬᠠᠢ ᠪᠤᠰᠤ᠂ ᠲᠤᠭᠳᠠᠭᠤᠨ ᠪᠤᠰᠤ ᠬᠦᠴᠦᠨ ᠵᠦᠢᠯ ᠨᠡᠯᠢᠶᠡᠳ ᠤᠯᠠᠨ ᠪᠠᠶᠢᠵᠤ᠂ ᠡᠨᠡ ᠵᠢᠯ ᠤᠨ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠡᠯ᠎ᠡ ᠲᠦᠷᠦᠯ ᠤᠨ ᠬᠠᠷᠠᠯᠳᠠ ᠶᠢ ᠪᠡᠶᠡᠯᠡᠬᠦᠯᠬᠦ ᠳᠤ ᠡᠬᠦᠷᠭᠡ ᠮᠠᠰᠢ ᠬᠦᠨᠳᠦ ᠪᠠᠶᠢᠨ᠎ᠠ᠃ ᠣᠳᠣᠬᠠᠨ ᠤ ᠠᠵᠤ ᠠᠬᠤᠢ ᠶᠢᠨ ᠡᠷᠬᠢᠯᠳᠡ ᠶᠢᠨ ᠳᠣᠮᠳᠠᠬᠢ ᠬᠠᠮᠤᠭ ᠲᠤᠪᠤᠶᠢᠮ᠎ᠠ ᠵᠦᠷᠢᠴᠡᠯ ᠪᠠ ᠠᠰᠠᠭᠤᠳᠠᠯ ᠪᠤᠯ ᠳᠠᠷᠣᠢ ᠪᠠᠷᠠᠭᠠᠨ ᠤ ᠦᠨ᠎ᠡ ᠶᠢᠨ ᠦᠰᠦᠯᠳᠡ ᠨᠡᠯᠢᠶᠡᠳ ᠬᠤᠷᠳᠣᠨ ᠪᠠ ᠵᠤᠭᠤᠰ ᠬᠢᠮᠳᠠᠷᠠᠬᠤ ᠵᠢᠱᠢᠯᠳᠡ ᠶᠡᠬᠡᠰᠬᠦ ᠶᠤᠮ᠃ ᠡᠶᠢᠮᠤ ᠠᠴᠠ ᠬᠤᠷᠸ᠎ᠠ ᠲᠤᠬᠢᠷᠠᠭᠤᠯᠭ᠎ᠠ ᠶᠢᠨ ᠲᠡᠷᠢᠬᠦᠨ ᠴᠢᠬᠤᠯᠠ ᠡᠬᠦᠷᠭᠡ ᠪᠤᠯ ᠪᠠᠷᠠᠭᠠᠨ ᠤ ᠦᠨ᠎ᠡ ᠶᠢᠨ ᠶᠠᠷᠦᠩᠬᠡᠢ ᠲᠦᠪᠰᠢᠨ ᠢ ᠦᠨᠳᠦᠰᠦᠨ ᠳᠡᠭᠡᠨ ᠲᠤᠭᠳᠠᠭᠤᠨ ᠪᠠᠶᠢᠯᠭᠠᠬᠤ ᠪᠤᠯᠤᠨ᠎ᠠ᠃ ᠨᠢᠳᠣᠨᠣᠨ ᠠᠴᠠ ᠨᠠᠰᠢ᠂ ᠮᠠᠨ ᠤ ᠤᠯᠤᠰ ᠤᠨ ᠪᠠᠷᠠᠭᠠᠨ ᠤ ᠦᠨ᠎ᠡ ᠨᠡᠯᠢᠶᠡᠳ ᠲᠦᠷᠭᠡᠨ ᠦᠰᠴᠦ᠂ ᠢᠯᠠᠩᠭᠤᠶ᠎ᠠ ᠲᠦᠷᠪᠡᠳᠦᠭᠡᠷ ᠤᠯᠠᠷᠢᠯ ᠤᠨ ᠰᠠᠭᠤᠭᠠᠯᠢ ᠠᠷᠠᠳ ᠤᠨ ᠬᠡᠷᠡᠭᠯᠡᠬᠡᠨ ᠤ ᠦᠨ᠎ᠡ ᠬᠠᠩᠰᠢ ᠶᠢᠨ ᠢᠯᠡᠳᠬᠡᠭᠴᠢ ᠲᠤᠭ᠎ᠠ ᠨᠢ 4%᠎ ᠠᠴᠠ ᠳᠡᠭᠡᠭᠦᠷ ᠦᠰᠦᠨ᠂ 11 ᠳ᠋ᠣᠭᠡᠷ ᠰᠠᠷ᠎ᠠ ᠳᠤ 5.1% ᠬᠦᠷᠴᠦ᠂ ᠲᠦᠪ ᠬᠢᠭᠡᠳ ᠣᠷᠣᠨ ᠨᠤᠳᠤᠭ ᠤᠨ ᠠᠯᠢ ᠤᠯᠠᠨ ᠲᠦᠷᠦ ᠶᠢᠨ ᠪᠤᠳᠤᠯᠭ᠎ᠠ ᠠᠷᠭ᠎ᠠ ᠬᠡᠮᠵᠢᠶᠡᠨ ᠤ ᠦᠢᠯᠡᠳᠦᠯ ᠳᠣᠣᠷ᠎ᠠ᠂ 12 ᠳ᠋ᠣᠭᠠᠷ ᠰᠠᠷ᠎ᠠ ᠶᠢᠨ ᠰᠠᠭᠤᠭᠠᠯᠢ ᠠᠷᠠᠳ ᠤᠨ ᠬᠡᠷᠡᠭᠯᠡᠬᠡᠨ ᠤ ᠦᠨ᠎ᠡ ᠬᠠᠩᠰᠢ ᠶᠢᠨ ᠢᠯᠡᠳᠬᠡᠭᠴᠢ ᠶᠢᠨ ᠲᠤᠭ᠎ᠠ ᠵᠢᠯ ᠤᠨ ᠠᠳᠠᠯᠢ ᠬᠤᠭᠤᠴᠠᠭ᠎ᠠ ᠲᠠᠢ ᠬᠠᠷᠢᠴᠠᠭᠤᠯᠪᠠᠯ ᠦᠰᠦᠯᠳᠡ ᠨᠢ ᠲᠤᠷᠣᠭᠰᠢᠯᠠᠭᠠᠳ 46% ᠪᠤᠯᠵᠠᠢ᠂ ᠬᠡᠪᠡᠴᠤ ᠳᠡᠭᠡᠷ᠎ᠡ ᠰᠠᠷ᠎ᠠ ᠶᠢᠨ ᠬᠢ ᠲᠠᠢ ᠬᠠᠷᠢᠴᠠᠭᠤᠯᠪᠠᠯ 0.53%᠎ ᠪᠠᠷ ᠦᠰᠦᠭᠰᠡᠨ ᠪᠠᠶᠢᠨ᠎ᠠ᠃ ᠡᠨᠡ ᠵᠢᠯ ᠤᠨ ᠨᠢᠭᠡᠳᠦᠭᠡᠷ ᠰᠠᠷ᠎ᠠ ᠶᠢᠨ ᠪᠠᠷᠠᠭᠠᠨ ᠤ ᠦᠨ᠎ᠡ ᠶᠢᠨ ᠦᠰᠦᠯᠳᠡ ᠨᠢ ᠪᠠᠰᠠ ᠨᠡᠯᠢᠶᠡᠳ ᠦᠨᠳᠦᠷ ᠲᠦᠪᠰᠢᠨ ᠳᠡᠭᠡᠷ᠎ᠡ ᠪᠠᠶᠢᠵᠤ᠂ ᠢᠳᠡᠭᠡᠨ ᠤ ᠦᠨ᠎ᠡ ᠬᠠᠩᠰᠢ ᠶᠢᠨ ᠦᠰᠦᠯᠳᠡ ᠨᠢ ᠰᠠᠭᠤᠭᠠᠯᠢ ᠠᠷᠠᠳ ᠤᠨ ᠬᠡᠷᠡᠭᠯᠡᠬᠡᠨ ᠤ ᠦᠨ᠎ᠡ ᠬᠠᠩᠰᠢ ᠶᠢᠨ ᠢᠯᠡᠳᠬᠡᠭᠴᠢ ᠲᠤᠭᠠᠨ ᠤ ᠦᠰᠦᠯᠳᠡ ᠶᠢᠨ ᠬᠠᠮᠤᠭ ᠴᠢᠬᠤᠯᠠ ᠬᠦᠴᠦᠨ ᠵᠦᠢᠯ ᠪᠠᠶᠢᠭᠰᠠᠭᠠᠷ ᠪᠢᠯᠡ᠃ ᠠᠮᠤ ᠪᠤᠳᠠᠭ᠎ᠠ ᠪᠠ ᠲᠠᠷᠢᠶᠠᠯᠠᠩ ᠤᠨ ᠦᠢᠯᠡᠳᠪᠦᠷᠢᠯᠠᠯ ᠢ ᠯᠠᠪᠳᠠᠭᠤᠨ ᠢᠶᠠᠷ ᠬᠦᠭᠵᠢᠬᠦᠯᠬᠦ ᠪᠤᠯ ᠲᠠᠷᠢᠶᠠᠯᠠᠩ ᠤᠨ ᠪᠦᠳᠦᠭᠡᠭᠳᠡᠬᠦᠨ ᠤ ᠦᠨ᠎ᠡ ᠶᠢ ᠳᠤᠭᠳᠠᠭᠤᠨ ᠪᠠᠶᠢᠯᠭᠠᠬᠤ ᠦᠨᠳᠦᠰᠦᠨ ᠠᠷᠭ᠎ᠠ ᠬᠡᠮᠵᠢᠶ᠎ᠡ᠂ ᠵᠤᠭᠤᠰ ᠬᠢᠮᠳᠠᠷᠠᠬᠤ ᠵᠢᠱᠢᠯᠳᠡ ᠶᠢ ᠰᠠᠶᠢᠳᠣᠷ ᠬᠠᠮᠢᠶᠠᠷᠣᠨ᠂ ᠪᠠᠷᠠᠭᠠᠨ ᠤ ᠦᠨ᠎ᠡ ᠶᠢᠨ ᠶᠠᠷᠦᠩᠬᠡᠢ ᠲᠦᠪᠰᠢᠨ ᠢ ᠳᠣᠭᠳᠠᠭᠤᠨ ᠪᠠᠶᠢᠯᠭᠠᠬᠤ ᠶᠢᠨ ᠰᠠᠭᠤᠷᠢ ᠪᠠᠶᠢᠵᠤ᠂ ᠮᠦᠨᠴᠦ ᠠᠵᠤ ᠠᠬᠤᠢ ᠶᠢᠨ ᠪᠦᠲᠦᠴᠡ ᠶᠢ ᠲᠤᠬᠢᠷᠠᠭᠤᠯᠬᠤ᠂ ᠬᠦᠭᠵᠢᠯᠳᠡ ᠶᠢᠨ ᠬᠡᠯᠪᠡᠷᠢ ᠮᠠᠶ᠋ᠢᠭ ᠢᠶᠠᠨ ᠬᠤᠪᠢᠷᠠᠭᠤᠯᠬᠤ ᠶᠢᠨ ᠰᠠᠭᠤᠷᠢ ᠶᠤᠮ᠃      ᠶᠠᠷᠦᠩᠬᠡᠢ ᠰᠠᠶᠢᠳ ᠸᠧᠨ ᠵᠢᠶᠠ ᠪᠤᠤ ᠠᠴᠠ ᠵᠢᠭᠠᠵᠤ ᠭᠠᠷᠭᠠᠭᠰᠠᠨ ᠨᠢ᠄ ᠤᠯᠠᠨ ᠵᠢᠯ ᠤᠨ ᠴᠢᠷᠮᠠᠶᠢᠯᠭ᠎ᠠ ᠪᠠᠷ ᠳᠠᠮᠵᠢᠨ᠂ ᠮᠠᠨ ᠤ ᠤᠯᠤᠰ ᠤᠨ ᠲᠠᠷᠢᠶᠠᠯᠠᠩ ᠤᠨ ᠰᠠᠭᠤᠷᠢ ᠲᠦᠬᠦᠭᠡᠷᠦᠮᠵᠢ ᠨᠡᠯᠢᠶᠡᠳ ᠰᠠᠶᠢᠵᠢᠷᠠᠵᠤ᠂ ᠠᠮᠤ ᠪᠤᠳᠠᠭᠠᠨ ᠤ ᠶᠠᠷᠦᠩᠬᠡᠢ ᠦᠢᠯᠡᠳᠪᠦᠷᠢᠯᠡᠯ ᠤᠨ ᠴᠢᠳᠠᠪᠦᠷᠢ ᠢᠯᠡᠳᠳᠡ ᠳᠡᠭᠡᠭᠰᠢᠯᠡᠨ᠂ ᠣᠳᠣᠬᠠᠨ ᠤ ᠠᠮᠤ ᠪᠤᠳᠠᠭ᠎ᠠ ᠬᠠᠩᠭᠠᠬᠤ ᠪᠠᠶᠢᠳᠠᠯ ᠶᠡᠷᠦᠩᠬᠡᠢ ᠳᠡᠭᠡᠨ ᠰᠠᠶᠢᠨ ᠪᠠᠶᠢᠵᠤ᠂ ᠬᠠᠩᠭᠠᠯᠭ᠎ᠠ ᠬᠡᠷᠡᠭᠴᠡᠭᠡ ᠨᠢ ᠦᠨᠳᠦᠰᠦᠨ ᠳᠡᠭᠡᠨ ᠳᠡᠩᠴᠡᠨ ᠂ ᠰᠠᠩ ᠬᠦᠮᠦᠷᠭᠡ ᠲᠦᠭᠦᠷᠴᠦ᠂ ᠤᠯᠤᠰ ᠤᠨ ᠡᠳ᠋ ᠤᠨ ᠬᠦᠴᠦᠨ ᠪᠤᠳᠠᠰ ᠤᠨ ᠬᠦᠴᠦᠨ ᠢᠯᠡᠳᠳᠡ ᠪᠤᠵᠠᠭᠠᠶᠢᠷᠠᠭᠰᠠᠨ ᠠᠴᠠ᠂ ᠪᠢᠳᠠ ᠲᠠᠷᠢᠶᠠᠯᠠᠩ ᠤᠨ ᠦᠢᠯᠡᠳᠪᠦᠷᠢᠯᠡᠯ ᠤᠨ ᠯᠠᠪᠳᠠᠭᠤᠨ ᠬᠦᠭᠵᠢᠯᠳᠡ ᠶᠢ ᠠᠬᠢᠭᠤᠯᠤᠨ᠂ ᠲᠠᠷᠢᠶᠠᠯᠠᠩ ᠤᠨ ᠪᠦᠳᠦᠭᠡᠭᠳᠡᠭᠦᠨ ᠢᠯᠠᠩᠭᠤᠶ᠎ᠠ ᠠᠮᠤ ᠪᠤᠳᠠᠭᠠᠨ ᠤ ᠪᠦᠲᠦᠮᠵᠢᠳᠡᠢ ᠬᠠᠩᠭᠠᠯᠭ᠎ᠠ ᠶᠢ ᠪᠠᠳᠣᠯᠠᠵᠤ᠂ ᠪᠠᠷᠠᠭᠠᠨ ᠤ ᠦᠨ᠎ᠡ ᠶᠢᠨ ᠶᠠᠷᠦᠩᠬᠡᠢ ᠲᠦᠪᠰᠢᠨ ᠢ ᠳᠣᠭᠳᠠᠭᠤᠨ ᠪᠠᠶᠢᠯᠭᠠᠬᠤ ᠢᠳᠡᠭᠡᠯ ᠲᠠᠢ᠂ ᠴᠢᠳᠠᠪᠤᠷᠢ ᠲᠠᠢ ᠪᠤᠯᠵᠠᠢ ᠃ ᠬᠡᠪᠡᠴᠤ ᠪᠠᠰᠠ ᠠᠮᠤ ᠪᠤᠳᠠᠭᠠᠨ ᠤ ᠭᠠᠷᠣᠯᠳᠠ ᠶᠢ ᠳᠡᠭᠡᠭᠰᠢᠯᠡᠬᠦᠯᠬᠦ ᠬᠦᠴᠢᠷᠳᠡᠯ ᠨᠡᠮᠡᠭᠳᠡᠵᠤ ᠪᠠᠶᠢᠬᠤ ᠶᠢ ᠡᠷᠬᠡᠪᠰᠢ ᠦᠵᠠᠵᠦ ᠭᠠᠷᠬᠤ ᠬᠡᠷᠡᠭᠳᠡᠢ᠃ ᠠᠮᠤ ᠪᠤᠳᠠᠭᠠᠨ ᠤ ᠦᠢᠯᠡᠳᠪᠦᠷᠢᠯᠡᠯ ᠤᠨ ᠦᠪᠡᠷ ᠤᠨ ᠦᠷᠲᠡᠭ ᠳᠡᠭᠡᠭᠰᠢᠯᠡᠨ᠂ ᠬᠠᠷᠢᠴᠠᠭᠤᠯᠤᠭᠰᠠᠨ ᠦᠷ᠎ᠡ ᠠᠰᠢᠭ ᠳᠣᠷᠣᠭᠰᠢᠯᠠᠵᠤ᠂ ᠵᠠᠷᠢᠮ ᠭᠠᠵᠠᠷ ᠲᠤ ᠲᠠᠷᠢᠶᠠᠯᠠᠩ ᠢ ᠣᠮᠳᠣᠭᠠᠶᠢᠯᠠᠬᠤ᠂ ᠠᠮᠤ ᠪᠤᠳᠠᠭᠠᠨ ᠤ ᠦᠢᠯᠡᠳᠪᠦᠷᠢᠯᠡᠯ ᠢ ᠰᠣᠯᠠᠷᠠᠭᠤᠯᠬᠤ ᠬᠠᠨᠳᠣᠰᠢ ᠭᠠᠷᠴᠠᠢ᠃ ᠨᠢᠳᠣᠨᠣᠨ ᠤ ᠵᠢᠯ ᠤᠨ ᠡᠴᠦᠰ ᠠᠴᠠ ᠨᠠᠰᠢ᠂ ᠤᠮᠠᠷᠠᠳᠣ ᠣᠷᠣᠨ ᠤ ᠡᠪᠤᠯ ᠤᠨ ᠪᠤᠭᠤᠳᠠᠢ ᠶᠢᠨ ᠭᠤᠤᠯ ᠭᠠᠷᠣᠯᠳᠠ ᠶᠢᠨ ᠣᠷᠣᠨ ᠤ ᠭᠠᠩ ᠤᠨ ᠪᠠᠶᠢᠳᠠᠯ ᠦᠷᠭᠦᠯᠵᠢᠯᠡᠨ ᠶᠡᠬᠡᠰᠬᠡᠵᠤ᠂ ᠡᠨᠡ ᠵᠤᠨ ᠤ ᠠᠮᠤ ᠪᠤᠳᠠᠭᠠᠨ ᠤ ᠭᠠᠷᠤᠯᠳᠠ ᠶᠢ ᠳᠡᠭᠡᠭᠰᠢᠯᠡᠬᠦᠯᠬᠦ ᠳᠤ ᠬᠠᠮᠤᠭ ᠶᠡᠭᠡ ᠰᠢᠭᠤᠳ ᠰᠦᠷᠳᠡᠭᠦᠯᠬᠡ ᠪᠤᠯᠵᠤ᠂ ᠡᠯ᠎ᠡ ᠭᠠᠵᠠᠷ ᠤᠷᠤᠨ᠂ ᠡᠯ᠎ᠡ ᠪᠠᠶᠢᠭᠤᠯᠭ᠎ᠠ ᠠᠴᠠ ᠠᠮᠤ ᠪᠤᠳᠠᠭᠠᠨ ᠤ ᠦᠢᠯᠡᠳᠪᠦᠷᠢᠯᠡᠯ ᠤᠨ ᠳᠣᠮᠳᠠ ᠤᠷᠤᠰᠢᠵᠤ ᠪᠠᠶᠢᠬᠤ ᠠᠰᠠᠭᠤᠳᠠᠯ ᠢ ᠡᠷᠭᠡᠪᠰᠢ ᠨᠠᠷᠢᠨ ᠬᠢᠨᠠᠮᠠᠭᠠᠢ ᠰᠤᠳᠤᠯᠤᠨ᠂ ᠠᠵᠢᠯ ᠢᠶᠠᠨ ᠬᠠᠨᠳᠣᠰᠢ ᠲᠠᠢ ᠡᠷᠬᠢᠯᠡᠵᠤ᠂ ᠶᠡᠭᠡ ᠭᠠᠩ ᠭᠠᠮᠰᠢᠭ ᠲᠠᠢ ᠳᠡᠮᠡᠴᠡᠬᠦ ᠪᠠᠷ  ᠵᠤᠭᠰᠤᠯᠳᠠ ᠪᠠᠨ ᠪᠤᠯᠭᠠᠨ᠂ ᠪᠦᠬᠦ ᠬᠦᠴᠦ ᠪᠠᠷ ᠴᠢᠷᠮᠠᠶᠢᠨ ᠵᠤᠨ ᠤ ᠠᠮᠤ ᠪᠤᠳᠠᠭ᠎ᠠ ᠪᠠ ᠪᠦᠬᠦ ᠵᠢᠯ ᠤᠨ ᠲᠠᠷᠢᠶᠠᠯᠠᠩ ᠤᠨ ᠡᠯᠪᠡᠭ ᠬᠤᠷᠢᠶᠠᠯᠳᠡ ᠶᠢ ᠤᠯᠬᠤ ᠬᠡᠷᠡᠭᠳᠡᠢ᠃      ᠬᠤᠶᠠᠷ᠂ ᠠᠮᠤ ᠪᠣᠳᠠᠭ᠎ᠠ ᠪᠠ ᠲᠠᠷᠢᠶᠠᠯᠠᠩ ᠦᠢᠯᠡᠳᠪᠦᠷᠢᠯᠠᠯ ᠤᠨ ᠬᠦᠭᠵᠢᠯᠳᠡ ᠶᠢ ᠠᠬᠢᠭᠤᠯᠬᠤ ᠡᠯ᠎ᠡ ᠲᠦᠷᠦᠯ ᠤᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠴᠢᠩᠭᠠᠳᠬᠠᠬᠤ᠃      ᠠᠮᠤ ᠪᠣᠳᠠᠭ᠎ᠠ ᠪᠠ ᠲᠠᠷᠢᠶᠠᠯᠠᠩ ᠦᠢᠯᠡᠳᠪᠦᠷᠢᠯᠠᠯ ᠤᠨ ᠬᠦᠭᠵᠢᠯᠳᠡ ᠤᠨ ᠯᠠᠪᠳᠠᠭᠤᠨ ᠬᠦᠭᠵᠢᠯᠳᠡ ᠶᠢ ᠠᠬᠢᠭᠤᠯᠬᠤ ᠳᠤ ᠡᠷᠬᠡᠪᠰᠢ ᠣᠳᠣ ᠶᠢᠨ ᠪᠠᠶᠢᠳᠠᠯ ᠳᠡᠭᠡᠷ᠎ᠡ ᠰᠠᠭᠤᠷᠢᠯᠠᠨ᠂ ᠢᠷᠡᠭᠡᠳᠦᠢ ᠳᠤ ᠬᠠᠨᠳᠣᠭᠤᠯᠵᠤ᠂ ᠡᠯ᠎ᠡ ᠲᠦᠷᠦᠯ ᠤᠨ ᠲᠠᠷᠢᠶᠠᠯᠠᠩ ᠢ ᠬᠦᠴᠦᠷᠬᠡᠭᠵᠢᠬᠦᠯᠬᠦ ᠪᠠ ᠳᠣᠰᠠᠯᠠᠬᠤ ᠲᠦᠷᠦ ᠶᠢᠨ ᠪᠤᠳᠣᠯᠭ᠎ᠠ ᠭᠤᠶᠢᠪᠠᠰᠢ ᠦᠬᠡᠢ ᠨᠠᠶᠢᠳᠠᠪᠤᠷᠢᠵᠢᠭᠤᠯᠵᠤ᠂ ᠡᠨᠡ ᠵᠢᠯ ᠤᠨ ᠲᠦᠪ ᠤᠨ 1 ᠳ᠋ᠣᠭᠡᠷ ᠲᠤᠭᠠᠳᠤ ᠪᠢᠴᠢᠭ ᠮᠡᠲ᠋ᠧᠷᠢᠶᠠᠯ ᠤᠨ ᠣᠰᠣᠨ ᠠᠰᠢᠭᠯᠠᠯᠳᠠ ᠶᠢᠨ ᠪᠤᠳᠦᠭᠡᠨ ᠪᠠᠶᠢᠭᠤᠯᠤᠯᠳᠠ ᠳᠤ ᠪᠦᠬᠦ ᠳᠠᠯ᠎ᠠ ᠶᠢᠨ ᠪᠠᠶᠢᠷᠢᠯᠠᠭᠤᠯᠤᠯᠳᠠ ᠬᠢᠬᠦ ᠶᠢ ᠴᠢᠩᠭᠠᠳᠬᠠᠨ᠂ ᠣᠶᠢᠷ᠎ᠠ ᠳᠤ ᠲᠦᠷᠦ ᠶᠢᠨ ᠶᠠᠪᠤᠳᠠᠯ ᠤᠨ ᠬᠤᠷᠢᠶᠠᠨ ᠤ ᠬᠤᠶᠠᠷ ᠤᠳᠠᠭᠠᠨ ᠤ ᠪᠠᠶᠢᠩᠭᠤ ᠶᠢᠨ ᠬᠤᠷᠠᠯᠳᠣᠭᠠᠨ ᠠᠴᠠ ᠪᠠᠰᠠ ᠠᠯᠢ ᠤᠯᠠᠨ ᠲᠦᠷᠦ ᠶᠢᠨ ᠪᠤᠳᠣᠯᠭ᠎ᠠ ᠨᠡᠶᠢᠳᠡᠯᠡᠵᠤ ᠲᠦᠪ ᠤᠨ ᠡᠳ᠋ ᠤᠨ ᠵᠠᠰᠠᠭ ᠠᠴᠠ ᠠᠮᠤ ᠪᠤᠳᠠᠭᠠᠨ ᠤ ᠦᠢᠯᠡᠳᠪᠦᠷᠢᠯᠡᠯ ᠪᠠ ᠣᠳᠣᠬᠠᠨ ᠤ ᠭᠠᠩ ᠲᠠᠢ ᠳᠡᠮᠡᠴᠡᠬᠦ ᠠᠵᠢᠯ ᠢ ᠳᠣᠰᠠᠯᠠᠬᠤ ᠶᠢᠨ ᠳᠣᠯᠠᠳᠠ 129 ᠳ᠋ᠦᠩᠰᠢᠭᠤᠷ ᠪᠡᠯᠡ ᠮᠦᠩᠬᠦ  ᠲᠤᠬᠢᠷᠠᠭᠤᠯᠵᠤ᠂ ᠬᠠᠷᠠᠯᠳᠠ ᠨᠢ ᠪᠤᠯ ᠳᠠᠷᠣᠢ ᠲᠠᠷᠢᠶᠠᠴᠢᠳ ᠤᠨ ᠦᠢᠯᠡᠪᠦᠷᠢᠯᠠᠯ ᠤᠨ ᠢᠳᠡᠪᠬᠢᠵᠢᠯ ᠢ ᠤᠯᠠᠮ ᠨᠢᠭᠡ ᠠᠯᠬᠤᠮ ᠳᠠᠶᠢᠴᠢᠯᠡᠨ᠂ ᠠᠮᠤ ᠪᠤᠳᠠᠭ᠎ᠠ ᠪᠠ ᠲᠠᠷᠢᠶᠠᠯᠠᠩ ᠦᠢᠯᠡᠳᠪᠦᠷᠢᠯᠠᠯ ᠤᠨ ᠳᠤᠮᠳᠠ ᠭᠠᠷᠣᠭᠰᠠᠨ ᠪᠤᠳᠠᠳᠤ ᠠᠰᠠᠭᠤᠳᠠᠯ ᠢ ᠰᠠᠶᠢᠳᠣᠷ ᠰᠢᠢᠳᠪᠦᠷᠢᠯᠡᠬᠦ ᠪᠤᠯᠤᠨ᠎ᠠ᠂ ᠤᠳᠤᠬᠠᠨ ᠳᠤ ᠳᠣᠯᠠᠭᠠᠨ ᠤ ᠬᠡᠮᠵᠢᠶ᠎ᠡ ᠠᠭᠠᠵᠢᠮ ᠢᠶᠠᠷ ᠳᠡᠭᠡᠭᠰᠢᠯᠡᠨ᠂ ᠡᠮᠦᠨᠡᠳᠣ ᠣᠷᠣᠨ ᠠᠴᠠ ᠤᠮᠠᠷᠠᠳᠣ ᠣᠷᠣᠨ ᠬᠦᠷᠳᠡᠯᠡᠬᠢ ᠡᠪᠤᠯ ᠪᠤᠭᠤᠳᠠᠢ ᠵᠠᠯᠭᠠᠭᠠᠪᠡᠷ ᠨᠤᠭᠤᠭᠠᠷᠠᠵᠤ᠂ ᠬᠠᠪᠤᠷ ᠤᠨ ᠲᠠᠷᠢᠶᠠᠯᠠᠭ᠎ᠠ ᠪᠡᠯᠡᠳᠬᠡᠯ ᠲᠠᠷᠢᠶᠠᠯᠠᠭ᠎ᠠ ᠶᠢᠨ ᠠᠵᠢᠯ ᠤᠳᠠᠬᠤ ᠦᠬᠡᠢ ᠡᠬᠢᠯᠡᠬᠦ ᠪᠠᠷ ᠪᠠᠶᠢᠨ᠎ᠠ᠂ ᠪᠢᠳᠠ ᠡᠷᠬᠡᠪᠰᠢ ᠪᠠᠴᠢᠮ ᠬᠦᠳᠡᠯᠦᠯᠴᠡᠵᠤ᠂ ᠲᠠᠷᠢᠶᠠᠯᠠᠭ᠎ᠠ ᠶᠢ ᠰᠠᠭᠠᠳᠠᠭᠠᠬᠤ ᠦᠬᠡᠢ᠂ ᠵᠠᠪᠰᠢᠶᠠᠨ ᠢ ᠠᠯᠳᠠᠬᠤ ᠦᠬᠡᠢ ᠪᠠᠷ ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠪᠠ ᠠᠷᠭ᠎ᠠ ᠬᠡᠮᠵᠢᠶ᠎ᠠ ᠶᠢ ᠰᠠᠶᠢᠳᠣᠷ ᠨᠠᠶᠢᠳᠠᠪᠤᠷᠢᠵᠢᠭᠤᠯᠵᠤ᠂ ᠠᠮᠤ ᠪᠤᠳᠠᠭ᠎ᠠ ᠪᠠ ᠲᠠᠷᠢᠶᠠᠯᠠᠩ ᠦᠢᠯᠡᠳᠪᠦᠷᠢᠯᠡᠯ ᠤᠨ ᠳᠣᠭᠳᠠᠭᠤᠨ ᠬᠦᠭᠵᠢᠯᠳᠡ ᠳᠤ ᠪᠠᠳᠣ ᠰᠠᠭᠤᠷᠢ ᠳᠠᠯᠪᠢᠬᠤ ᠬᠡᠷᠡᠭᠳᠡᠢ᠃      ᠨᠢᠭᠡ᠂ ᠭᠠᠩ ᠲᠠᠢ ᠳᠡᠮᠡᠴᠡᠬᠦ ᠠᠵᠢᠯ ᠶᠢ ᠦᠨᠡᠨᠬᠦ ᠰᠠᠶᠢᠳᠤᠷ ᠠᠳᠬᠤᠬᠤ᠃ ᠭᠠᠩ ᠲᠠᠢ ᠣᠷᠣᠨ ᠪᠠ ᠬᠠᠮᠢᠶ᠎ᠠ ᠪᠦᠬᠦᠢ ᠪᠠᠶᠢᠭᠤᠯᠭ᠎ᠠ ᠠᠴᠠ ᠴᠠᠭ ᠠᠭᠤᠷ ᠤᠨ ᠬᠤᠪᠢᠷᠠᠯᠳᠠ ᠶᠢ ᠨᠠᠷᠢᠨ ᠠᠵᠢᠭᠯᠠᠨ᠂ ᠭᠠᠩ ᠤᠨ ᠪᠠᠶᠢᠳᠠᠯ᠂ ᠴᠢᠬᠢ ᠶᠢᠨ ᠪᠠᠶᠢᠳᠠᠯ᠂ ᠬᠦᠷᠦᠰᠦ ᠰᠢᠷᠤᠢ ᠶᠢᠨ ᠴᠢᠬᠢᠭ ᠤᠨ ᠬᠢᠨᠠᠯᠳᠠ ᠬᠡᠮᠵᠢᠯᠳᠡ ᠵᠠᠳᠠᠯᠤᠯᠳᠠ ᠪᠠᠨ ᠴᠢᠩᠭᠠᠳᠬᠠᠵᠤ᠂ ᠭᠠᠩ ᠤᠨ ᠨᠦᠯᠦᠬᠡ ᠶᠢ ᠪᠠᠭᠠᠰᠬᠠᠬᠤ ᠶᠢᠨ ᠲᠦᠯᠦᠭᠡ ᠠᠷᠭ᠎ᠠ ᠬᠡᠮᠵᠢᠶ᠎ᠡ ᠠᠪᠤᠨ᠂ ᠡᠪᠦᠯ ᠤᠨ ᠪᠤᠭᠤᠳᠠᠢ ᠶᠢᠨ ᠰᠠᠭᠠᠳ ᠦᠬᠡᠢ ᠨᠤᠭᠤᠭᠠᠷᠠᠬᠤ ᠶᠢ ᠪᠠᠳᠣᠯᠠᠨ᠎ᠠ᠃ ᠭᠠᠩ ᠲᠠᠢ ᠳᠡᠮᠡᠴᠡᠵᠦ ᠪᠤᠭᠤᠳᠠᠢ ᠣᠰᠣᠯᠠᠬᠤ ᠨᠦᠬᠦᠪᠦᠷᠢ᠂ ᠭᠠᠩ ᠲᠠᠢ ᠳᠡᠮᠡᠴᠡᠬᠦ ᠪᠠᠭᠠᠵᠢ ᠬᠡᠷᠡᠭᠰᠡᠯ ᠬᠤᠳᠠᠯᠳᠣᠨ ᠠᠪᠬᠤ ᠨᠦᠬᠦᠪᠦᠷᠢ ᠵᠡᠷᠭᠡ ᠲᠦᠷᠦ ᠶᠢᠨ ᠪᠤᠳᠤᠯᠭ᠎ᠠ ᠶᠢ ᠦᠨᠳᠣᠰᠦᠨ ᠱᠠᠳᠣᠨ ᠳᠤ ᠬᠤᠷᠳᠣᠨ ᠨᠠᠶᠢᠳᠠᠪᠦᠷᠢᠵᠢᠭᠤᠯᠵᠤ᠂ ᠲᠠᠷᠶ᠋ᠢᠶᠠᠴᠢᠨ ᠡᠷᠦᠬᠡ ᠳᠤ ᠬᠦᠷᠳᠡᠯ᠎ᠡ ᠬᠦᠢᠴᠡᠳᠬᠡᠨ᠂ ᠲᠠᠷᠢᠶᠠᠴᠢᠳ ᠤᠨ ᠡᠪᠤᠯ ᠤᠨ ᠪᠤᠭᠤᠳᠠᠢ ᠪᠠᠨ ᠴᠠᠭ ᠲᠤᠬᠠᠢ ᠳᠤᠨᠢ ᠣᠰᠣᠯᠠᠬᠤ ᠶᠢ ᠳᠠᠶᠢᠴᠢᠯᠠᠬᠤ ᠪᠠ ᠵᠤᠬᠢᠶᠠᠨ ᠪᠠᠶᠢᠭᠤᠯᠤᠨ᠎ᠠ᠃ ᠭᠠᠩ ᠲᠠᠢ ᠳᠡᠮᠡᠴᠡᠬᠦ ᠣᠰᠣᠨ ᠤ ᠲᠤᠬᠢᠷᠠᠭᠤᠯᠭ᠎ᠠ ᠪᠠᠨ ᠴᠢᠩᠭᠠᠳᠬᠠᠵᠤ᠂ ᠤᠰᠤᠯᠠᠬᠤ ᠣᠰᠣ ᠶᠢ ᠪᠠᠳᠣᠯᠠᠨ᠎ᠠ᠃ ᠭᠠᠩ ᠲᠠᠢ ᠳᠡᠮᠡᠴᠡᠬᠦ ᠲᠦᠬᠦᠭᠡᠷᠦᠮᠵᠢ᠂ ᠮᠡᠲ᠋ᠧᠷᠢᠶᠠᠯ ᠤᠨ ᠬᠠᠩᠭᠠᠯᠳᠠ ᠶᠢ ᠪᠠᠳᠣᠯᠠᠨ᠂ ᠭᠠᠩ ᠲᠠᠢ ᠳᠡᠮᠡᠴᠡᠬᠦ ᠳᠤ ᠵᠠᠷᠣᠬᠤ ᠲᠤᠰᠣ᠂ ᠴᠠᠬᠢᠯᠭᠠᠨ ᠶᠢ ᠪᠠᠳᠣᠯᠠᠬᠤ ᠠᠷᠭ᠎ᠠ ᠬᠡᠮᠵᠢᠶ᠎ᠠ ᠶᠢ ᠨᠠᠷᠢᠨ ᠬᠢᠨᠠᠮᠠᠭᠠᠢ ᠳᠣᠭᠳᠠᠭᠠᠬᠤ ᠪᠠ ᠨᠠᠶᠢᠳᠠᠪᠤᠷᠢᠵᠢᠭᠤᠯᠤᠨ᠎ᠠ᠃ ᠬᠦᠨᠳᠤ ᠭᠠᠩ ᠲᠠᠢ ᠣᠷᠣᠨ ᠤ ᠬᠦᠮᠦᠨ ᠮᠠᠯ ᠤᠨ ᠣᠰᠣ ᠤᠤᠭᠤᠬᠤ ᠬᠦᠴᠢᠷ ᠠᠰᠠᠭᠤᠳᠠᠯ ᠶᠢ ᠰᠠᠶᠢᠳᠣᠷ ᠰᠢᠢᠳᠪᠦᠷᠢᠯᠡᠨ᠂ ᠬᠤᠳᠠ ᠶᠢᠨ ᠤᠰᠤᠨ ᠬᠠᠩᠭᠠᠯᠭ᠎ᠠ ᠶᠢ ᠪᠠᠳᠣᠯᠠᠨ᠎ᠠ᠃      ᠬᠤᠶᠠᠷ᠂ ᠬᠠᠪᠤᠷ ᠤᠨ ᠲᠠᠷᠢᠶᠠᠯᠠᠭ᠎ᠠ᠂ ᠲᠠᠷᠢᠶᠠᠯᠠᠭ᠎ᠠ ᠶᠢᠨ ᠪᠠᠯᠡᠳᠬᠡᠯ ᠤᠨ ᠡᠯ᠎ᠡ ᠲᠦᠷᠦᠯ ᠤᠨ ᠠᠵᠢᠯ ᠢ ᠨᠢᠭᠡᠳᠦᠯᠳᠡᠢ ᠲᠦᠯᠦᠪᠯᠡᠨ᠂ ᠰᠠᠶᠢᠳᠦᠷ ᠬᠢᠬᠦ᠃ ᠲᠠᠷᠢᠶᠠᠴᠢᠨ ᠳᠤ ᠬᠠᠨᠳᠦᠭᠤᠯᠤᠭᠰᠠᠨ ᠮᠡᠷᠭᠡᠵᠢᠯ ᠤᠨ ᠦᠢᠯᠡᠴᠢᠯᠡᠭᠡ᠂ ᠡᠪᠤᠯ ᠤᠨ ᠪᠤᠭᠤᠳᠠᠢ ᠶᠢᠨ ᠲᠠᠷᠢᠶᠠᠨ ᠤ ᠬᠠᠮᠢᠶᠠᠷᠣᠯᠳᠠ ᠶᠢ ᠴᠢᠩᠭᠠᠳᠬᠠᠨ᠎ᠠ᠃ ᠪᠤᠭᠤᠳᠠᠢ ᠶᠢᠨ ᠴᠢᠬᠢ ᠶᠢᠨ ᠦᠰᠪᠤᠷᠢ ᠎ ᠨᠢ ᠪᠠᠷᠣᠭᠳᠠᠢ ᠭᠠᠵᠠᠷ ᠤᠷᠤᠨ ᠳᠤ ᠤᠯᠤᠰ ᠠᠴᠠ ᠵᠤᠬᠢᠬᠤ ᠬᠡᠮᠵᠢᠶᠠᠨ ᠤ ᠨᠦᠬᠦᠪᠦᠷᠢ ᠦᠭᠴᠦ᠂ ᠳᠠᠷᠢᠶᠠᠴᠢᠳ ᠤᠨ ᠴᠠᠭ ᠢ ᠵᠠᠪᠳᠤᠵᠤ ᠳᠠᠬᠢᠨ ᠨᠤᠭᠤᠭᠠᠷᠠᠭᠤᠯᠤᠨ ᠪᠤᠷᠳᠣᠭᠤᠷ ᠠᠷᠪᠢᠯᠠᠬᠤ ᠶᠢ ᠨᠢ ᠵᠤᠷᠢᠭᠵᠢᠭᠤᠯᠤᠨ᠎ᠠ᠃ ᠳᠠᠷᠢᠮᠠᠯ ᠤᠨ ᠵᠦᠢᠯ ᠤᠨ ᠡᠪᠡᠳᠴᠢᠨ ᠬᠤᠷᠣᠬᠠᠢ ᠶᠢᠨ ᠬᠦᠨᠦᠬᠡᠯ ᠶᠢ ᠨᠢᠭᠡᠳᠦᠯᠳᠡᠢ ᠰᠡᠷᠬᠡᠶᠢᠯᠡᠨ ᠨᠢᠬᠡᠳᠦᠯᠳᠠᠢ ᠵᠠᠰᠠᠬᠤ ᠪᠠᠨ ᠴᠢᠩᠭᠠᠳᠬᠠᠵᠤ᠂ ᠰᠡᠷᠬᠡᠶᠢᠯᠡᠨ ᠵᠠᠰᠠᠬᠤ ᠦᠷ᠎ᠡ ᠪᠦᠲᠦᠮᠵᠢ ᠶᠢ ᠨᠢ ᠳᠡᠭᠡᠭᠰᠢᠯᠡᠬᠦᠯᠦᠨ᠂ ᠰᠡᠷᠬᠡᠶᠢᠯᠡᠨ ᠵᠠᠰᠠᠬᠤ ᠦᠪᠡᠷ ᠤᠨ ᠦᠷᠲᠡᠭ ᠶᠢ ᠳᠣᠷᠣᠭᠰᠢᠯᠠᠭᠤᠯᠤᠨ᠎ᠠ᠃ ᠦᠷ᠎ᠡ ᠶᠢᠨ ᠲᠤᠬᠢᠷᠠᠭᠤᠯᠭ᠎ᠠ ᠪᠠ ᠬᠠᠩᠭᠠᠯᠭ᠎ᠠ ᠪᠠᠨ ᠰᠠᠶᠢᠳᠦᠷ ᠬᠢᠵᠦ᠂ ᠲᠠᠷᠢᠶᠠᠴᠢᠳ ᠤᠨ ᠬᠠᠪᠤᠷ ᠤᠨ ᠲᠠᠷᠢᠶᠠᠯᠠᠭ᠎ᠠ ᠪᠠᠨ ᠪᠦᠷᠢᠨ ᠬᠦᠢᠴᠡᠳ᠂ ᠰᠠᠶᠢᠨ ᠲᠠᠷᠢᠬᠤ ᠶᠢ ᠨᠢ ᠵᠢᠯᠤᠭᠤᠳᠤᠨ᠎ᠠ᠃ ᠵᠡᠬᠦᠨ ᠬᠤᠶᠢᠳᠦ ᠣᠷᠣᠨ ᠳᠤ ᠪᠦᠷᠬᠡᠨ ᠳᠣᠳᠣᠷ᠎ᠠ ᠲᠤᠳᠣᠷᠭᠠᠨ ᠴᠢᠬᠢ ᠪᠤᠶᠢᠵᠢᠭᠤᠯᠬᠤ ᠶᠢ ᠳᠡᠯᠭᠡᠷᠡᠬᠦᠯᠦᠨ᠂ ᠪᠠᠷᠠᠭᠤᠨ ᠬᠤᠶᠢᠳᠤ᠂ ᠪᠠᠷᠠᠭᠤᠨ ᠡᠮᠦᠨ᠎ᠡ ᠤᠷᠣᠨ ᠳᠤ ᠰᠦᠯᠢᠶᠤᠤ ᠪᠦᠷᠬᠦᠪᠴᠢ ᠪᠠᠷ ᠡᠷᠳᠡᠨᠢ ᠰᠢᠰᠢ ᠳᠠᠷᠢᠬᠤ ᠶᠢ ᠳᠠᠯᠭᠡᠷᠡᠭᠦᠯᠦᠨ᠎ᠠ᠃ ᠠᠮᠤ ᠪᠤᠳᠠᠭ᠎ᠠ᠂ ᠬᠦᠪᠦᠩ᠂ ᠳᠤᠰᠤ᠂ ᠰᠢᠬᠢᠷ ᠤᠨ ᠦᠨᠳᠦᠷ ᠭᠠᠷᠣᠯᠳᠠ ᠶᠢ ᠡᠬᠦᠳᠦᠬᠦ ᠠᠵᠢᠯᠯᠠᠭ᠎ᠠ ᠶᠢ ᠬᠦᠨᠵᠡᠬᠡᠢ ᠦᠷᠨᠢᠬᠦᠯᠵᠦ᠂ ᠬᠤᠯᠢᠰᠢᠨ ᠢᠳᠡᠭᠡᠨ ᠤ ᠢᠨᠵᠧᠨᠧᠷᠢᠩ ᠰᠢᠨ᠎ᠠ ᠨᠢᠬᠡᠨ ᠡᠬᠡᠯᠵᠢ ᠶᠢᠨ ᠪᠦᠲᠦᠬᠡᠨ ᠪᠠᠶᠢᠭᠤᠯᠤᠯᠳᠠ ᠶᠢ ᠦᠨᠡᠨᠬᠦ ᠰᠠᠶᠢᠨ ᠠᠳᠬᠤᠨ᠎ᠠ᠃ ᠬᠠᠪᠤᠷ ᠤᠨ ᠳᠠᠷᠢᠶᠠᠯᠠᠭ᠎ᠠ ᠶᠢᠨ ᠬᠢᠮᠢ ᠶᠢᠨ ᠪᠤᠷᠳᠤᠭᠤᠷ ᠵᠡᠷᠭᠡ ᠲᠠᠷᠢᠶᠠᠯᠠᠩ ᠦᠢᠯᠡᠳᠪᠦᠷᠢᠯᠠᠯ ᠤᠨ  ᠬᠡᠷᠡᠭᠰᠡᠯ ᠤᠨ ᠦᠢᠯᠡᠳᠪᠦᠷᠢᠯᠠᠯ ᠪᠠ ᠬᠠᠩᠭᠠᠯᠭ᠎ᠠ ᠶᠢᠨ ᠠᠵᠢᠯ ᠶᠢ ᠪᠦᠬᠦ ᠬᠦᠴᠦ ᠪᠠᠷ ᠢᠶᠠᠨ ᠰᠠᠶᠢᠨ ᠬᠢᠨ᠎ᠠ᠃      ᠭᠤᠷᠪᠠ᠂ ᠲᠠᠷᠢᠶᠠᠯᠠᠩ ᠤᠨ ᠣᠰᠣᠨ ᠠᠰᠢᠭᠯᠠᠯᠳᠠ ᠶᠢᠨ ᠪᠦᠲᠦᠬᠡᠨ ᠪᠠᠶᠢᠭᠤᠯᠤᠯᠳᠠ ᠶᠢ ᠦᠨᠡᠨᠬᠦ ᠴᠢᠩᠭᠠᠳᠬᠠᠬᠤ᠃ ᠡᠨᠡ ᠪᠤᠯ ᠤᠰᠤᠨ ᠠᠰᠢᠭᠯᠠᠯᠳᠠ ᠶᠢᠨ ᠦᠭᠡᠷᠡᠴᠢᠯᠡᠯᠳᠡ  ᠬᠦᠭᠵᠢᠯᠳᠡ ᠶᠢᠨ ᠭᠤᠤᠯᠳᠠᠯᠭ᠎ᠠ ᠶᠢᠨ ᠭᠤᠤᠯᠳᠠᠯᠭ᠎ᠠ᠂ ᠮᠠᠨ ᠤ ᠤᠯᠤᠰ ᠤᠨ ᠳᠠᠷᠢᠶᠠᠯᠠᠩ ᠦᠢᠯᠡᠳᠪᠦᠷᠢᠯᠠᠯ ᠤᠨ ᠴᠢᠳᠠᠪᠤᠷᠢ ᠶᠢ ᠳᠠᠭᠡᠭᠰᠢᠯᠡᠬᠦᠯᠬᠦ ᠦᠨᠳᠦᠰᠦᠨ ᠲᠦᠷᠦ ᠶᠢᠨ ᠪᠤᠳᠤᠯᠭ᠎ᠠ ᠶᠤᠮ᠃ ᠡᠨᠡ ᠵᠢᠯ ᠤᠨ ᠲᠦᠪ ᠤᠨ ᠨᠢᠭᠡᠳᠦᠭᠡᠷ ᠲᠤᠭᠠᠳᠤ ᠪᠢᠴᠢᠭ ᠮᠡᠲ᠋ᠧᠷᠢᠶᠠᠯ ᠶᠢᠨ ᠵᠤᠷᠢᠭ ᠰᠠᠨᠠᠭ᠎ᠠ ᠶᠢ ᠨᠠᠷᠢᠨ ᠬᠢᠨᠡᠮᠡᠭᠠᠢ ᠨᠠᠶᠢᠳᠠᠪᠦᠷᠢᠵᠢᠭᠤᠯᠤᠨ᠂ ᠶᠡᠭᠡ ᠤᠰᠤᠯᠠᠯᠳᠠ ᠶᠢᠨ ᠤᠷᠤᠨ᠂ ᠭᠤᠤᠯᠳᠠᠯᠭ᠎ᠠ ᠲᠠᠢ ᠳᠤᠮᠳᠠ ᠵᠡᠷᠭᠡ ᠶᠢᠨ ᠤᠰᠤᠯᠠᠯᠳᠠ ᠶᠢᠨ ᠤᠷᠤᠨ ᠢ ᠦᠷᠭᠦᠯᠵᠢᠯᠡᠨ ᠪᠠᠶᠢᠭᠤᠯᠵᠤ ᠲᠦᠬᠦᠭᠡᠷᠵᠢᠬᠦᠯᠬᠦ ᠪᠠ ᠤᠰᠤ ᠠᠷᠪᠢᠯᠠᠬᠤ ᠦᠭᠡᠷᠡᠴᠢᠯᠡᠯᠳᠠ ᠶᠢ ᠲᠦᠷᠭᠡᠳᠬᠡᠵᠦ᠂ ᠶᠡᠭᠡ ᠳᠤᠮᠳᠠ ᠵᠡᠷᠭᠡ ᠶᠢᠨ ᠤᠰᠤᠯᠠᠯᠳᠠ᠂ ᠤᠰᠤ ᠭᠠᠳᠠᠭᠰᠢᠯᠠᠭᠤᠯᠬᠤ ᠬᠦᠭᠡᠷᠭᠡ ᠶᠢᠨ ᠭᠠᠵᠠᠷ ᠤᠨ ᠦᠭᠡᠷᠡᠴᠢᠯᠡᠯᠳᠠ ᠶᠢ ᠲᠦᠷᠭᠡᠳᠬᠡᠨ᠎ᠠ᠃ ᠰᠢᠨ᠎ᠠ ᠵᠤᠬᠢᠴᠠᠮᠵᠢ ᠶᠢ ᠪᠦᠷᠢᠯᠳᠦᠬᠦᠯᠵᠦ᠂ ᠵᠠᠰᠠᠭ ᠤᠨ ᠤᠷᠳᠤᠨ ᠠᠴᠠ ᠨᠦᠬᠦᠪᠦᠷᠢ ᠨᠡᠮᠡᠵᠤ᠂ ᠠᠷᠠᠳ ᠠᠴᠠ ᠡᠷᠬᠢᠯᠠᠨ ᠬᠠᠮᠳᠤ ᠠᠴᠠ ᠳᠡᠮᠵᠢᠬᠦ ᠂ ᠱᠠᠩᠨᠠᠯ ᠢᠶᠠᠷ ᠨᠦᠬᠦᠪᠦᠷᠢ ᠶᠢ ᠤᠷᠤᠯᠠᠭᠤᠯᠬᠤ᠂ ᠤᠷᠢᠳᠠᠪᠡᠷ ᠪᠠᠶᠢᠭᠤᠯᠤᠨ ᠰᠡᠬᠦᠯᠡᠷ ᠨᠢ ᠨᠦᠬᠦᠪᠦᠷᠢᠯᠡᠬᠦ᠂ ᠱᠠᠩᠨᠠᠬᠤ ᠨᠦᠬᠦᠪᠦᠷᠢᠯᠡᠬᠦ ᠶᠢ ᠤᠶᠠᠯᠳᠣᠭᠤᠯᠬᠤ ᠵᠡᠷᠭᠡ ᠤᠯᠠᠨ ᠲᠦᠷᠦᠯ ᠤᠨ ᠠᠷᠭ᠎ᠠ ᠬᠡᠯᠪᠡᠷᠢ ᠪᠠᠷ ᠳᠠᠮᠵᠢᠨ᠂ ᠳᠠᠷᠢᠶᠠᠴᠢᠨ ᠤ ᠢᠳᠡᠪᠬᠢᠵᠢᠯ ᠢ ᠬᠦᠢᠴᠡᠳ ᠳᠠᠶᠢᠴᠢᠯᠠᠵᠤ᠂ ᠲᠠᠷᠢᠶᠠᠴᠢᠨ ᠠᠴᠠ ᠲᠠᠷᠢᠶᠠᠯᠠᠩ ᠤᠨ ᠤᠰᠤᠨ ᠠᠰᠢᠭᠯᠠᠯᠳᠠ ᠶᠢ ᠦᠷᠨᠢᠬᠦᠯᠦᠨ ᠬᠢᠬᠦ ᠶᠢ ᠳᠠᠳᠠᠬᠤ ᠪᠠ ᠵᠤᠷᠢᠭᠵᠢᠭᠤᠯᠤᠨ᠂ ᠭᠠᠩ ᠲᠠᠢ ᠳᠡᠮᠡᠴᠡᠬᠦ ᠲᠦᠬᠦᠭᠡᠷᠦᠮᠵᠢ ᠶᠢ ᠪᠦᠲᠦᠬᠡᠨ ᠪᠠᠶᠢᠭᠤᠯᠤᠨ᠎ᠠ᠃ ᠣᠰᠣ ᠠᠷᠪᠢᠯᠠᠬᠤ᠂ ᠤᠰᠤᠯᠠᠯᠳᠠ ᠶᠢ ᠶᠡᠬᠡᠪᠡᠷ ᠬᠦᠭᠵᠢᠬᠦᠯᠵᠦ᠂ ᠣᠰᠣ ᠠᠷᠪᠢᠯᠠᠬᠤ ᠮᠡᠷᠭᠡᠵᠢᠯ ᠢ ᠳᠡᠯᠭᠡᠷᠡᠬᠦᠯᠬᠦ ᠡᠷᠴᠢᠮ ᠢᠶᠠᠨ ᠴᠢᠩᠭᠠᠳᠬᠠᠨ᠂ ᠣᠰᠣ ᠠᠷᠪᠢᠯᠠᠬᠤ ᠲᠦᠬᠦᠬᠡᠷᠦᠮᠵᠢ ᠶᠢᠨ ᠨᠦᠬᠦᠪᠦᠷᠢ ᠶᠢ ᠶᠡᠬᠡᠳᠬᠡᠵᠦ᠂ ᠣᠰᠣ ᠠᠷᠪᠢᠯᠠᠬᠤ ᠵᠤᠬᠢᠴᠠᠮᠵᠢ ᠬᠢᠭᠡᠳ ᠣᠰᠣ ᠠᠷᠪᠢᠯᠠᠬᠤ ᠬᠡᠪ ᠲᠠᠭᠤᠷᠢᠶᠠᠯᠠᠯ ᠲᠡᠬᠡᠷ᠎ᠠ ᠲᠠᠰᠤᠷᠠᠯᠳᠠ ᠦᠬᠡᠢ ᠰᠢᠨ᠎ᠠ ᠶᠢ ᠡᠬᠦᠳᠦᠨ᠎ᠡ᠃      ᠲᠦᠷᠪᠡ᠂ ᠠᠮᠤ ᠪᠤᠳᠠᠭ᠎ᠠ ᠪᠠ ᠲᠠᠷᠢᠶᠠᠯᠠᠩ ᠦᠢᠯᠡᠳᠪᠦᠷᠢᠯᠠᠯ ᠤᠨ ᠬᠦᠭᠵᠢᠯᠳᠡ ᠶᠢ ᠠᠬᠢᠭᠤᠯᠬᠤ ᠪᠡᠯᠡ ᠤᠷᠤᠭᠤᠯᠤᠯᠳᠠ ᠪᠠᠨ ᠨᠡᠮᠡᠭᠳᠡᠬᠦᠯᠵᠤ᠃ ᠲᠦᠪ ᠤᠨ ᠲᠤᠷᠠᠳᠤᠭᠰᠠᠨ ᠡᠨᠡ ᠵᠢᠯ ᠤᠨ ︽ᠲᠠᠷᠢᠶᠠᠯᠠᠩ᠂ ᠲᠠᠷᠢᠶᠠᠴᠢᠨ᠂ ᠬᠦᠳᠡᠭᠡ ᠲᠤᠰᠬᠤᠨ︾᠎ ᠤ ᠪᠡᠯᠡ ᠤᠷᠤᠭᠤᠯᠤᠯᠳᠠ ᠳᠡᠭᠡᠷ᠎ᠡ ︽ᠭᠤᠷᠪᠠᠨ ᠭᠤᠤᠯᠳᠠᠯᠭ᠎ᠠ︾᠂ ︽ᠭᠤᠷᠪᠠ ᠶᠢ ᠪᠠᠳᠣᠯᠠᠬᠤ︾᠎ ᠶᠢ ᠬᠦᠢᠴᠡᠳᠬᠡᠵᠤ᠂ ᠡᠳ᠋ ᠤᠨ ᠵᠠᠷᠤᠯᠭ᠎ᠠ ᠭᠠᠷᠣᠯᠳᠠ ᠶᠢᠨ ᠭᠤᠤᠯᠳᠠᠯᠭ᠎ᠠ ᠶᠢ ᠲᠠᠷᠢᠶᠠᠯᠠᠩ ᠠᠵᠤ ᠠᠬᠤᠢ ᠪᠤᠯᠤᠨ ᠬᠦᠳᠡᠭᠡ ᠳᠤᠰᠬᠤᠨ ᠲᠡᠰᠢ ᠬᠡᠯᠪᠡᠶᠢᠯᠬᠡᠨ᠂ ᠲᠠᠷᠢᠶᠠᠯᠠᠩ ᠠᠵᠤ ᠠᠬᠤᠢ᠂ ᠬᠦᠳᠡᠭᠡ ᠳᠤᠰᠬᠤᠨ ᠤ ᠶᠡᠷᠦᠩᠬᠡᠢ ᠬᠡᠮᠵᠢᠶ᠎ᠡ᠂ ᠨᠡᠮᠡᠭᠳᠡᠯ ᠤᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠬᠦᠯᠬᠦ ᠬᠡᠷᠡᠭᠳᠡᠢ︔ ᠲᠦᠰᠦᠪ ᠤᠨ ᠲᠤᠳᠤᠷ᠎ᠠ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢ ᠭᠤᠤᠯᠳᠠᠭᠤ ᠲᠠᠷᠢᠶᠠᠯᠠᠩ ᠠᠵᠤ ᠠᠬᠤᠢ ᠬᠦᠳᠡᠭᠡ ᠲᠤᠰᠬᠤᠨ ᠤ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠳᠤ ᠬᠡᠷᠡᠭᠯᠡᠵᠤ᠂ ᠶᠡᠷᠦᠩᠬᠡᠢ ᠬᠡᠮᠵᠢᠶ᠎ᠠ ᠪᠤᠯᠤᠨ ᠬᠤᠪᠢ ᠶᠢᠨ ᠵᠢᠩ ᠢ ᠤᠯᠠᠮ ᠨᠢᠬᠡ ᠠᠯᠬᠤᠮ ᠲᠡᠬᠡᠭᠰᠢᠯᠡᠬᠦᠯᠬᠦ ᠶᠢ ᠪᠠᠳᠤᠯᠠᠨ᠎ᠠ᠃ ᠭᠠᠵᠠᠷ ᠰᠢᠷᠤᠢ ᠬᠤᠳᠠᠯᠳᠤᠭᠰᠠᠨ ᠠᠰᠢᠭ ᠬᠤᠨᠵᠢᠪᠤᠷᠢ ᠶᠢ ᠭᠤᠤᠯᠳᠠᠭᠤ ᠲᠠᠷᠢᠶᠠᠯᠠᠩ ᠤᠨ ᠭᠠᠵᠠᠷ ᠰᠢᠷᠤᠢ ᠶᠢᠨ ᠨᠡᠬᠡᠬᠡᠯᠳᠡ  ᠤᠷᠤᠭᠤᠯᠤᠯᠳᠠ ᠬᠢᠬᠦ ᠬᠡᠷᠡᠭᠳᠠᠢ᠃ ᠤᠶᠢᠷ᠎ᠠ ᠳᠤ᠂ ᠲᠦᠪ  ᠡᠳ᠋ ᠤᠨ ᠵᠠᠰᠠᠭ ᠠᠴᠠ 129 ᠳ᠋ᠦᠩᠰᠢᠭᠤᠷ ᠲᠦᠬᠦᠷᠢᠭ ᠤᠨ ᠠᠮᠤ ᠪᠤᠳᠠᠭᠠᠨ ᠤ ᠦᠢᠯᠡᠳᠪᠦᠷᠢᠯᠡᠯ ᠬᠢᠭᠡᠳ ᠭᠠᠩ ᠲᠠᠢ ᠳᠡᠮᠡᠴᠡᠬᠦ ᠠᠵᠢᠯ ᠢ ᠳᠡᠮᠵᠢᠬᠦ ᠪᠡᠯᠡ ᠮᠦᠩᠬᠦ ᠳᠣᠬᠢᠷᠠᠭᠤᠯᠵᠤ᠂ ᠬᠡᠷᠪᠡ ᠭᠠᠩ ᠤᠨ ᠪᠠᠶᠢᠳᠠᠯ ᠦᠷᠬᠦᠯᠵᠢᠯᠡᠬᠦ ᠳᠤ ᠬᠦᠷᠪᠡᠯ᠂ ᠲᠦᠪ ᠠᠴᠠ ᠪᠠᠰᠠ ᠤᠯᠠᠮ ᠨᠢᠭᠡ ᠠᠯᠬᠤᠮ ᠪᠡᠯᠡ ᠤᠷᠤᠭᠤᠯᠤᠯᠳᠠ ᠪᠠᠨ ᠳᠡᠭᠡᠭᠰᠢᠯᠡᠬᠦᠯᠵᠦ᠂ ᠡᠯ᠎ᠡ ᠭᠠᠵᠠᠷ ᠤᠨ ᠬᠢᠨ ᠴᠤ ᠪᠦᠷ ᠠᠮᠤ ᠪᠤᠳᠠᠭ᠎ᠠ ᠪᠠ ᠳᠠᠷᠢᠶᠠᠯᠠᠩ ᠤᠨ ᠦᠢᠯᠡᠳᠪᠦᠷᠢᠯᠡᠯ ᠶᠢ ᠳᠡᠮᠵᠢᠬᠦ ᠪᠡᠯᠡ ᠣᠷᠣᠭᠤᠯᠤᠯᠳᠠ ᠪᠠᠨ ᠶᠡᠬᠡᠰᠬᠡᠬᠦ ᠬᠡᠷᠡᠭᠳᠡᠢ᠃      ᠳᠠᠪᠤ᠂ ᠠᠮᠤ ᠪᠤᠳᠠᠭ᠎ᠠ ᠵᠡᠷᠭᠡ ᠲᠠᠷᠢᠶᠠᠯᠠᠩ ᠤᠨ ᠪᠦᠳᠦᠭᠡᠭᠳᠡᠬᠦᠨ ᠤ ᠵᠠᠬ᠎ᠠ ᠳᠠᠯᠭᠡᠭᠦᠷ ᠤᠨ ᠡᠵᠡᠮᠰᠢᠯᠳᠡ ᠳᠤᠬᠢᠷᠠᠭᠤᠯᠤᠯᠳᠠ ᠶᠢ ᠤᠯᠠᠮ ᠨᠢᠭᠡ ᠠᠯᠬᠤᠮ ᠰᠠᠶᠢᠳᠣᠷ ᠬᠢᠬᠦ᠃ ᠠᠮᠤ ᠪᠤᠳᠠᠭᠠᠨ ᠤ ᠬᠠᠮᠤᠭ ᠲᠤᠤᠷ᠎ᠠ ᠬᠤᠳᠠᠯᠳᠤᠨ ᠠᠪᠬᠤ ᠦᠨ᠎ᠡ ᠶᠢ ᠳᠡᠭᠡᠭᠰᠢᠯᠡᠬᠦᠯᠦᠨ᠂ ᠭᠤᠤᠯ ᠪᠤᠯᠬᠤ ᠲᠠᠷᠢᠶᠠᠯᠠᠩ ᠤᠨ ᠪᠦᠳᠦᠭᠡᠭᠳᠡᠬᠦᠨ ᠢ ᠲᠦᠷ ᠴᠠᠭ ᠬᠤᠷᠢᠶᠠᠨ ᠬᠠᠳᠠᠭᠠᠯᠠᠬᠤ ᠲᠦᠷᠦ ᠶᠢᠨ ᠪᠤᠳᠤᠯᠭ᠎ᠠ ᠶᠢ ᠦᠷᠬᠦᠯᠵᠢᠯᠡᠨ ᠬᠡᠷᠡᠭᠵᠢᠬᠦᠯᠵᠦ᠂ ᠲᠠᠷᠢᠶᠠᠴᠢᠳ ᠤᠨ ᠠᠮᠤ ᠪᠤᠳᠠᠭ᠎ᠠ ᠪᠠ ᠲᠠᠷᠢᠶᠠᠯᠠᠩ ᠦᠢᠯᠡᠳᠪᠦᠷᠢᠯᠡᠯ ᠡᠷᠬᠢᠯᠡᠬᠦ ᠵᠦᠢ ᠶᠤᠬᠢᠰᠳᠡᠢ ᠤᠷᠤᠯᠭ᠎ᠠ ᠶᠢ ᠪᠠᠳᠣᠯᠠᠨ᠂ ᠲᠠᠷᠢᠶ᠎ᠠ  ᠲᠠᠷᠢᠶᠠᠯᠠᠩ ᠡᠷᠬᠢᠯᠡᠬᠦ ᠤᠷᠤᠯᠭ᠎ᠠ ᠶᠢ ᠲᠤᠭᠳᠠᠭᠤᠨ ᠢᠶᠠᠷ ᠨᠡᠮᠡᠭᠳᠡᠬᠦᠯᠬᠦ ᠵᠤᠬᠢᠴᠠᠮᠵᠢ ᠶᠢ ᠪᠦᠷᠢᠯᠳᠦᠬᠦᠯᠬᠦ ᠪᠠᠷ ᠴᠢᠷᠮᠠᠶᠢᠨ᠎ᠠ᠃ ᠨᠦᠭᠡᠴᠡᠯᠡᠬᠦ᠂ ᠭᠠᠳᠠᠭᠠᠳᠣ ᠠᠴᠠ ᠣᠷᠣᠭᠤᠯᠬᠤ᠂ ᠭᠠᠳᠠᠭᠠᠳᠣ ᠎ ᠳᠤ ᠭᠠᠷᠭᠠᠬᠤ ᠵᠡᠷᠬᠡ ᠠᠷᠭ᠎ᠠ ᠬᠡᠮᠵᠢᠶ᠎ᠡ ᠶᠢ ᠠᠮᠢᠳᠤᠯᠢᠭ ᠬᠡᠷᠡᠭᠯᠡᠨ᠂ ᠵᠠᠬ᠎ᠠ ᠳᠡᠯᠭᠡᠭᠦᠷ ᠤᠨ ᠲᠤᠬᠢᠷᠠᠭᠤᠯᠭ᠎ᠠ ᠶᠢ ᠳᠡᠬᠦᠯᠳᠡᠷᠵᠢᠬᠦᠯᠵᠦ᠂ ᠠᠮᠤ ᠪᠤᠳᠠᠭ᠎ᠠ ᠵᠡᠷᠭᠡ ᠭᠤᠤᠯ ᠪᠤᠯᠬᠤ ᠲᠠᠷᠢᠶᠠᠯᠠᠩ ᠤᠨ ᠪᠦᠳᠤᠭᠡᠭᠳᠡᠭᠦᠨ ᠤ ᠵᠠᠬ᠎ᠠ ᠳᠡᠯᠭᠡᠭᠦᠷ ᠤᠨ ᠳᠤᠭᠳᠠᠭᠤᠨ ᠪᠠᠶᠢᠬᠤ ᠶᠢ ᠪᠠᠳᠤᠯᠠᠨ᠎ᠠ᠃       ᠭᠤᠷᠪᠠ᠂ ᠤᠳᠤᠷᠢᠳᠤᠯᠭ᠎ᠠ ᠪᠠᠨ ᠴᠢᠩᠭᠠᠳᠬᠠᠨ᠂ ᠠᠮᠤ ᠪᠤᠳᠠᠭ᠎ᠠ ᠪᠠ ᠲᠠᠷᠢᠶᠠᠯᠠᠩ ᠦᠢᠯᠡᠳᠪᠦᠷᠢᠯᠡᠯ ᠤᠨ ᠡᠯ᠎ᠡ ᠲᠦᠷᠦᠯ ᠤᠨ ᠲᠦᠷᠦ ᠶᠢᠨ ᠪᠤᠳᠦᠯᠭ᠎ᠠ ᠶᠢ ᠪᠤᠳᠠᠳᠠᠢ ᠳᠡᠭᠡᠷ᠎ᠡ ᠨᠠᠶᠢᠳᠠᠪᠤᠷᠢᠵᠢᠭᠤᠯᠬᠤ ᠶᠢ ᠠᠬᠢᠭᠤᠯᠬᠤ᠃ᠶᠠᠷᠦᠩᠬᠡᠢ ᠰᠠᠶᠢᠳ ᠸᠧᠨ ᠵᠢᠶᠠ ᠪᠤᠤ ᠴᠢᠬᠤᠯᠠᠴᠢᠯᠠᠭᠰᠠᠨ ᠨᠢ᠄ ᠡᠯ᠎ᠡ ᠭᠠᠵᠠᠷ ᠤᠷᠤᠨ᠂ ᠡᠯ᠎ᠡ ᠪᠠᠶᠢᠭᠤᠯᠭ᠎ᠠ ᠶᠢᠨ ᠬᠢᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠡᠷᠬᠡᠪᠰᠢ ᠲᠦᠪ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠪᠠᠶᠢᠳᠠᠯ᠂ ᠠᠵᠤ ᠠᠬᠤᠢ ᠶᠢᠨ ᠪᠠᠶᠢᠳᠠᠯ ᠤᠨ ᠲᠤᠬᠠᠢ ᠰᠣᠳᠣᠯᠣᠯᠳᠠ ᠮᠠᠭᠠᠳᠯᠠᠯᠳᠠ ᠳᠡᠭᠡᠷ᠎ᠡ ᠨᠢᠬᠡᠳᠦᠬᠦᠯᠦᠨ᠂ ᠲᠦᠪ ᠤᠨ ᠰᠢᠢᠳᠪᠦᠷᠢ᠂ ᠪᠠᠶᠢᠷᠢᠯᠠᠭᠤᠯᠤᠯᠳᠠ ᠳᠡᠭᠡᠷ᠎ᠡ ᠨᠢᠭᠡᠳᠦᠬᠦᠯᠵᠦ᠂ ᠤᠯᠤᠰ ᠲᠦᠷᠦ ᠶᠢᠨ ᠦᠵᠡᠯ ᠤᠬᠠᠮᠰᠠᠷ᠂ ᠪᠦᠬᠦ ᠳᠠᠯ᠎ᠠ ᠶᠢᠨ ᠦᠵᠡᠯ ᠤᠬᠠᠮᠰᠠᠷ᠂ ᠬᠠᠷᠢᠭᠤᠴᠠᠯᠭᠠᠳᠤ ᠦᠵᠡᠯ ᠤᠬᠠᠮᠰᠠᠷ ᠢ ᠪᠠᠳᠣ ᠪᠤᠢ ᠪᠤᠯᠭᠠᠨ᠂ ᠤᠯᠠᠮ ᠨᠢᠭᠡ ᠠᠯᠬᠤᠮ ᠤᠳᠤᠷᠢᠳᠤᠯᠭ᠎ᠠ ᠪᠠᠨ ᠴᠢᠩᠭᠠᠳᠬᠠᠵᠤ᠂ ᠳᠡᠮᠵᠢᠬᠦ ᠡᠷᠴᠢᠮ ᠢᠶᠠᠨ ᠨᠡᠮᠡᠭᠳᠡᠬᠦᠯᠦᠨ᠂ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠰᠠᠶᠢᠳᠣᠷ ᠠᠳᠬᠤᠵᠤ᠂ ᠠᠮᠤ ᠪᠤᠳᠠᠭ᠎ᠠ ᠪᠠ ᠲᠠᠷᠢᠶᠠᠯᠠᠩ ᠦᠢᠯᠡᠳᠪᠦᠷᠢᠯᠠᠯ ᠤᠨ ᠳᠤᠭᠳᠠᠭᠤᠨ ᠬᠦᠭᠵᠢᠯᠳᠡ ᠶᠢ ᠴᠢᠷᠮᠠᠶᠢᠨ ᠠᠬᠢᠭᠤᠯᠤᠨ᠎ᠠ᠃      ᠨᠢᠭᠡ᠂ ᠠᠮᠤ ᠪᠤᠳᠠᠭ᠎ᠠ ᠪᠠ ᠲᠠᠷᠢᠶᠠᠯᠠᠩ ᠢ ᠦᠨᠡᠨᠬᠦ ᠭᠤᠤᠯᠳᠠᠯᠭ᠎ᠠ ᠶᠢᠨ ᠭᠤᠤᠯ ᠪᠠᠶᠢᠷᠢᠨ ᠳᠡᠭᠡᠷ᠎ᠡ ᠳᠠᠯᠪᠢᠬᠤ᠃ ᠮᠠᠨ ᠤ ᠤᠯᠤᠰ ᠤᠨ ᠠᠵᠤ ᠠᠬᠤᠢ ᠨᠡᠯᠢᠶᠡᠳ ᠶᠡᠭᠡ ᠬᠦᠭᠵᠢᠭᠰᠡᠨ ᠴᠤ᠂ ᠲᠠᠷᠢᠶᠠᠯᠠᠩ ᠨᠢ ᠮᠦᠨ ᠯᠠ ᠲᠤᠷᠤᠢ ᠪᠠᠭᠤᠷᠠᠢ ᠵᠠᠩᠬᠢᠯᠠᠭ᠎ᠠ ᠪᠠᠶᠢᠭᠰᠠᠭᠠᠷ ᠪᠢᠯᠡ᠃ ᠲᠠᠷᠢᠶᠠᠯᠠᠩ ᠤᠨ ᠰᠠᠭᠤᠷᠢ ᠪᠤᠯᠬᠤ ᠪᠠᠶᠢᠷᠢ ᠨᠢ ᠬᠤᠪᠢᠷᠠᠭᠰᠠᠨ ᠦᠬᠡᠢ᠂ ᠰᠢᠶᠤᠤ ᠫᠢᠩ ᠨᠦᠬᠦᠷ ᠠᠯᠢ ᠡᠷᠳᠡ ︽ᠲᠠᠷᠢᠶᠠᠯᠠᠩ ᠪᠤᠯ ᠰᠠᠭᠤᠷᠢ᠂ ᠡᠭᠦᠨ ᠢ ᠮᠡᠷᠳᠡᠵᠦ ᠪᠤᠯᠬᠤ ᠦᠬᠡᠢ︾ ᠭᠡᠮᠡᠨ ᠶᠠᠷᠢᠵᠤ ᠪᠠᠶᠢᠭᠰᠠᠨ ᠰᠢᠤ᠃ ᠬᠤᠳᠠ ᠪᠠᠨ ᠬᠡᠴᠢᠨᠠᠨ ᠭᠤᠶᠤ ᠪᠠᠶᠢᠭᠤᠯᠤᠭᠰᠠᠨ ᠴᠤ᠂ ᠬᠦᠳᠡᠭᠡ ᠲᠤᠰᠬᠤᠨ ᠤ ᠰᠠᠭᠤᠷᠢ ᠎ ᠨᠢ ᠳᠤᠭᠳᠠᠭᠤᠨ ᠪᠤᠰᠤ ᠪᠠᠶᠢᠪᠠᠯ ᠪᠤᠯᠬᠤ ᠦᠬᠡᠢ᠃ ᠠᠵᠤ ᠦᠢᠯᠡᠳᠪᠦᠷᠢᠵᠢᠯᠳᠡ᠂ ᠬᠤᠳᠠ ᠪᠠᠯᠭᠠᠰᠤᠵᠢᠯᠳᠠ ᠠᠯᠢ ᠬᠤᠷᠳᠤᠨ ᠪᠤᠯᠬᠤ ᠲᠤᠳᠤᠮ᠂ ᠲᠠᠷᠢᠶᠠᠯᠠᠩ ᠤᠨ ᠰᠠᠭᠤᠷᠢ ᠪᠤᠯᠬᠤ ᠪᠠᠶᠢᠷᠢ ᠶᠢ ᠤᠯᠠᠮ ᠪᠠᠬᠢᠵᠢᠬᠦᠯᠦᠨ ᠴᠢᠩᠭᠠᠳᠬᠠᠬᠤ ᠬᠡᠷᠡᠭᠳᠡᠢ᠃ ᠵᠠᠷᠢᠮ ᠭᠠᠵᠠᠷ ᠤᠷᠤᠨ ᠤ ᠲᠠᠷᠢᠶᠠᠯᠠᠩ ᠠᠵᠤ ᠠᠬᠤᠢ ᠶᠢ ᠤᠮᠳᠤᠭᠠᠶᠢᠯᠠᠬᠤ᠂ ᠠᠮᠤ ᠪᠤᠳᠠᠭᠠᠨ ᠦᠢᠯᠡᠳᠪᠦᠷᠢᠯᠡᠯ ᠢ ᠰᠤᠯᠠᠷᠠᠭᠤᠯᠵᠤ ᠪᠠᠶᠢᠬᠤ ᠬᠠᠨᠳᠤᠰᠢ ᠶᠢ ᠡᠷᠡᠰ ᠲᠡᠪᠴᠢᠬᠦ ᠬᠡᠷᠡᠭᠳᠠᠢ᠃ ᠲᠠᠷᠢᠶᠠᠯᠠᠩ ᠢ ᠴᠢᠩᠭᠠᠳᠬᠠᠬᠤ ᠤᠷᠢᠶ᠎ᠡ ᠬᠠᠰᠬᠢᠷᠤᠭᠠᠳ ᠪᠤᠯᠬᠤ ᠦᠬᠡᠢ᠂ ᠬᠠᠷᠢᠨ ᠵᠢᠯᠤᠭᠤᠳᠬᠤ ᠣᠶᠣᠨ ᠴᠢᠳᠠᠯ᠂ ᠠᠵᠢᠯ ᠤᠨ ᠪᠠᠶᠢᠷᠢᠯᠠᠭᠤᠯᠤᠯᠳᠠ ᠪᠠ ᠪᠡᠯᠡ ᠮᠦᠩᠬᠦ ᠶᠢᠨ ᠤᠷᠤᠭᠤᠯᠤᠯᠳᠠ ᠳᠡᠭᠡᠷ᠎ᠡ ᠦᠨᠡᠨᠬᠦ ᠳᠤᠰᠬᠠᠵᠤ᠂ ᠡᠯ᠎ᠡ ᠱᠠᠳᠣᠨ ᠤ ᠵᠠᠰᠠᠭ ᠎ ᠤᠨ ᠣᠷᠳᠣᠨ ᠠᠴᠠ ᠲᠦᠪ ᠤᠨ ᠱᠠᠭᠠᠷᠳᠠᠯᠭ᠎ᠠ ᠶᠣᠰᠣᠭᠠᠷ ︽ᠬᠦᠳᠡᠭᠡ ᠳᠣᠰᠬᠤᠨ᠂ ᠲᠠᠷᠢᠶᠠᠯᠠᠩ᠂ ᠲᠠᠷᠢᠶᠠᠴᠢᠨ︾᠎ ᠤ ᠠᠵᠢᠯ ᠢ ᠭᠤᠤᠯᠳᠠᠯᠭ᠎ᠠ ᠶᠢᠨ ᠭᠤᠤᠯ ᠪᠠᠶᠢᠷᠢᠨ ᠳᠡᠭᠡᠷ᠎ᠡ ᠲᠠᠯᠪᠢᠬᠤ ᠶᠢ ᠪᠠᠷᠢᠮᠳᠠᠯᠡᠨ᠂ ᠲᠠᠷᠢᠶᠠᠯᠠᠩ ᠨᠢ ᠬᠤᠶᠠᠳᠣᠭᠠᠷ ᠭᠤᠷᠪᠠᠳᠣᠭᠠᠷ ᠠᠵᠤ ᠦᠢᠯᠡᠰ ᠲᠠᠢ ᠵᠤᠬᠢᠴᠠᠩᠭᠤᠢ ᠬᠦᠭᠵᠢᠬᠦ᠂ ᠬᠤᠳᠠ ᠬᠦᠳᠡᠭᠡ ᠬᠠᠮᠳᠣᠪᠡᠷ ᠴᠡᠴᠡᠭᠯᠡᠬᠦ ᠶᠢ ᠠᠬᠢᠭᠤᠯᠵᠤ᠂ ᠬᠤᠳᠠ ᠪᠠ ᠬᠤᠶᠠᠳᠣᠭᠠᠷ ᠭᠤᠷᠪᠠᠳᠣᠭᠠᠷ ᠠᠵᠤ ᠦᠢᠯᠡᠰ ᠤᠨ ᠬᠦᠭᠵᠢᠯᠳᠡ ᠶᠢ ᠠᠬᠢᠭᠤᠯᠬᠤ ᠮᠦᠷᠳᠡᠭᠡᠨ᠂ ᠲᠠᠷᠢᠶᠠᠯᠠᠩ ᠤᠨ ᠤᠳᠤᠬᠢᠴᠢᠯᠠᠯᠳᠠ ᠪᠠ ᠰᠢᠨ᠎ᠠ ᠬᠦᠳᠡᠭᠡ ᠲᠤᠰᠬᠤᠨ ᠤ ᠪᠦᠳᠦᠭᠡᠨ ᠪᠠᠶᠢᠭᠤᠯᠤᠯᠳᠠ ᠶᠢ ᠎ ᠨᠢ ᠲᠦᠯᠬᠢᠨ ᠠᠬᠢᠭᠤᠯᠬᠤ ᠬᠡᠷᠡᠭᠳᠡᠢ︔ ᠲᠠᠷᠢᠶᠠᠴᠢᠳ ᠤᠨ ᠠᠷᠠᠯᠵᠢᠶ᠎ᠠ ᠬᠤᠳᠠᠯᠳᠤᠭ᠎ᠠ ᠬᠢᠬᠦ ᠶᠢ ᠵᠤᠷᠢᠭᠵᠢᠭᠤᠯᠬᠤ ᠮᠦᠷᠳᠡᠭᠡᠨ᠂ ᠲᠠᠷᠢᠶᠠᠴᠢᠳ ᠠᠴᠠ ᠠᠮᠤ ᠪᠤᠳᠠᠭ᠎ᠠ ᠪᠠ ᠲᠠᠷᠢᠶᠠᠯᠠᠩ ᠦᠢᠯᠡᠳᠪᠦᠷᠢᠯᠡᠯ ᠬᠦᠭᠵᠢᠬᠦᠯᠬᠦ ᠶᠢ ᠨᠡᠩ ᠢᠯᠡᠬᠦᠤ ᠵᠢᠯᠤᠭᠤᠳᠤᠨ ᠲᠡᠮᠵᠢᠬᠦ ᠬᠡᠷᠡᠭᠳᠠᠢ᠃      ᠬᠤᠶᠠᠷ᠂ ᠮᠤᠵᠢ ᠶᠢᠨ ᠲᠠᠷᠤᠭ᠎ᠠ ᠠᠴᠠ ᠠᠮᠤ ᠪᠤᠳᠠᠭ᠎ᠠ ᠪᠠ ᠭᠠᠩ ᠲᠠᠢ ᠳᠡᠮᠡᠴᠡᠬᠦ ᠶᠢ ᠬᠠᠷᠢᠭᠤᠴᠠᠬᠤ ᠲᠦᠷᠢᠮ ᠎ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ᠃ ᠮᠤᠵᠢ ᠶᠢᠨ ᠲᠠᠷᠤᠭ᠎ᠠ ᠠᠴᠠ ︽ᠠᠮᠤ ᠪᠤᠳᠠᠭ᠎ᠠ ᠬᠠᠩᠭᠠᠬᠤ ᠢᠨᠵᠧᠨᠧᠷᠢᠩ︾᠎ ᠢ ᠬᠠᠷᠢᠭᠤᠴᠠᠨ᠂ ᠬᠤᠳᠠ ᠶᠢᠨ ᠲᠠᠷᠤᠭ᠎ᠠ ᠠᠴᠠ ︽ᠬᠤᠯᠢᠰᠢᠨ ᠢᠳᠡᠭᠡᠨ ᠤ ᠢᠨᠵᠧᠨᠧᠷᠢᠩ︾᠎ ᠢ ᠬᠠᠷᠢᠭᠤᠴᠠᠬᠤ ᠲᠦᠷᠢᠮ ᠪᠤᠯ ᠪᠢᠳᠠᠨ ᠤ ᠲᠠᠷᠢᠶᠠᠯᠠᠩ ᠤᠨ ᠠᠵᠢᠯ ᠢ‌‍ᠶ᠊ ᠬᠡᠷᠡᠭᠵᠢᠬᠦᠯᠬᠦ ᠳᠤᠮᠳᠠ ᠬᠤᠷᠢᠶᠠᠩᠭᠤᠶᠢᠯᠠᠭᠰᠠᠨ ᠪᠦᠳᠤᠮᠵᠢᠳᠡᠢ ᠲᠦᠷᠢᠮ ᠲᠤᠭᠳᠠᠭᠠᠯ ᠶᠤᠮ᠃ ᠨᠢᠭᠡᠨ ᠭᠠᠵᠠᠷ ᠤᠨ ᠮᠤᠵᠢ ᠶᠢᠨ ᠲᠠᠷᠤᠭ᠎ᠠ ᠠᠴᠠ ︽ᠠᠮᠤ ᠪᠤᠳᠠᠭ᠎ᠠ ᠬᠠᠩᠭᠠᠬᠤ ᠢᠨᠵᠧᠨᠧᠷᠢᠩ︾᠎ ᠢ ᠬᠠᠷᠢᠭᠤᠴᠠᠨ᠂ ᠬᠤᠳᠠ ᠶᠢᠨ ᠲᠠᠷᠤᠭ᠎ᠠ ᠠᠴᠠ ︽ᠬᠤᠯᠢᠰᠢᠨ ᠢᠳᠡᠭᠡᠨ ᠤ ᠢᠨᠵᠧᠨᠧᠷᠢᠩ︾᠎ ᠢ ᠬᠠᠷᠢᠭᠤᠴᠠᠬᠤ ᠲᠦᠷᠢᠮ ᠢ ᠰᠠᠶᠢᠨ ᠨᠠᠶᠢᠳᠠᠪᠤᠷᠢᠵᠢᠭᠤᠯᠤᠭᠰᠠᠨ ᠡᠰᠡᠬᠦ᠂ ᠦᠨᠡᠨᠬᠦ ᠪᠤᠳᠠᠳᠤ ᠠᠰᠢᠭ ᠤᠯᠤᠭᠰᠠᠨ ᠡᠰᠡᠬᠦ ᠶᠢ ᠦᠨᠡᠯᠡᠬᠦ ᠳᠤ᠂ ᠭᠤᠤᠯᠳᠠᠭᠤ ᠡᠨᠡ ᠭᠠᠵᠠᠷ ᠤᠨ ᠲᠠᠷᠢᠶᠠᠨ ᠭᠠᠵᠠᠷ ᠪᠠᠨ ᠰᠠᠶᠢᠳᠣᠷ ᠬᠠᠮᠠᠭᠠᠯᠠᠭᠰᠠᠨ ᠡᠰᠡᠬᠦ᠂ ᠠᠮᠤ ᠪᠤᠳᠠᠭ᠎ᠠ ᠪᠠ ᠬᠤᠯᠢᠰᠢᠨ ᠢᠳᠡᠭᠡᠨ ᠤ ᠦᠢᠯᠡᠳᠬᠦᠨ ᠤ ᠦᠢᠯᠡᠳᠪᠦᠷᠢᠯᠡᠯ ᠨᠢ ᠰᠠᠶᠢᠨ ᠬᠦᠭᠵᠢᠭᠰᠡᠨ ᠡᠰᠡᠬᠦ᠂ ᠲᠠᠷᠢᠶᠠᠯᠠᠩ ᠤᠨ ᠪᠦᠳᠣᠭᠡᠭᠳᠡᠬᠦᠨ ᠤ ᠵᠠᠬ᠎ᠠ ᠳᠠᠯᠭᠡᠭᠦᠷ ᠤᠨ ᠬᠠᠩᠭᠠᠯᠳᠠ ᠪᠠ ᠦᠨ᠎ᠡ ᠬᠠᠩᠰᠢ ᠎ ᠨᠢ ᠲᠣᠭᠳᠠᠭᠤᠨ ᠪᠠᠶᠢᠬᠤ ᠡᠰᠡᠬᠦ ᠶᠢ ᠨᠢ ᠦᠵᠡᠨ᠎ᠠ᠃ ᠡᠯ᠎ᠡ ᠭᠠᠵᠠᠷ ᠤᠷᠤᠨ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠳᠣᠳᠣᠷᠠᠭᠤᠯᠵᠤ᠂ ᠱᠠᠭᠠᠷᠳᠠᠯᠭ᠎ᠠ ᠪᠠᠨ  ᠨᠠᠷᠢᠯᠢᠭᠵᠢᠭᠤᠯᠵᠤ᠂ ᠠᠷᠭ᠎ᠠ ᠬᠡᠮᠵᠢᠶ᠎ᠡ ᠪᠠᠨ ᠪᠤᠳᠠᠳᠠᠶᠢᠵᠢᠭᠤᠯᠵᠤ᠂ ᠬᠢᠨᠠᠯᠳᠠ ᠪᠠᠨ ᠴᠢᠩᠭᠠᠷᠠᠭᠤᠯᠤᠨ᠂ ᠮᠤᠵᠢ ᠶᠢᠨ ᠲᠠᠷᠤᠭ᠎ᠠ ᠠᠴᠠ ︽ᠠᠮᠤ ᠪᠤᠳᠠᠭ᠎ᠠ ᠬᠠᠩᠭᠠᠬᠤ ᠢᠨᠵᠧᠨᠧᠷᠢᠩ︾᠎ ᠢ ᠬᠠᠷᠢᠭᠤᠴᠠᠨ᠂ ᠬᠤᠳᠠ ᠶᠢᠨ ᠲᠠᠷᠤᠭ᠎ᠠ ᠠᠴᠠ ︽ᠬᠤᠯᠢᠰᠢᠨ ᠢᠳᠡᠭᠡᠨ ᠤ ᠢᠨᠵᠧᠨᠧᠷᠢᠩ︾᠎ ᠢ ᠬᠠᠷᠢᠭᠤᠴᠠᠬᠤ ᠲᠦᠷᠢᠮ ᠎ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠳᠠᠢ᠃ ᠭᠠᠩᠳᠠᠭᠰᠠᠨ ᠤᠷᠤᠨ ︽ᠭᠠᠩ ᠲᠠᠢ ᠳᠡᠮᠡᠴᠡᠬᠦ ᠲᠦᠷᠢᠮ︾᠎ ᠤᠨ ᠱᠠᠭᠠᠷᠳᠠᠯᠭ᠎ᠠ ᠶᠣᠰᠣᠭᠠᠷ᠂ ᠵᠠᠰᠠᠭ ᠵᠠᠬᠢᠷᠭᠠᠨ ᠤ ᠲᠠᠷᠤᠭ᠎ᠠ ᠠᠴᠠ ᠭᠠᠩ ᠲᠠᠢ ᠳᠡᠮᠡᠴᠡᠬᠦ ᠶᠢ ᠬᠠᠷᠢᠭᠤᠴᠠᠬᠤ ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠭᠠᠩ ᠲᠠᠢ ᠳᠡᠮᠡᠴᠡᠬᠦ ᠪᠠ ᠲᠠᠷᠢᠶᠠᠯᠠᠩ ᠦᠢᠯᠡᠳᠪᠦᠷᠢᠯᠡᠯ ᠢ ᠪᠦᠬᠦ ᠳᠠᠯ᠎ᠠ ᠪᠠᠷ ᠰᠠᠶᠢᠳᠣᠷ ᠵᠤᠬᠢᠶᠠᠨ ᠪᠠᠶᠢᠭᠤᠯᠤᠨ᠎ᠠ᠃      ᠭᠤᠷᠪᠠ᠂ ᠠᠮᠤ ᠪᠤᠳᠠᠭᠠᠨ ᠤ ᠦᠢᠯᠡᠳᠪᠦᠷᠢᠯᠡᠯ ᠢ ᠠᠬᠢᠭᠤᠯᠬᠤ ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠪᠤᠳᠠᠳᠠᠢ ᠳᠡᠭᠡᠷ᠎ᠡ ᠨᠠᠶᠢᠳᠠᠪᠤᠷᠢᠵᠢᠭᠤᠯᠬᠤ ᠶᠢ ᠪᠠᠳᠣᠯᠠᠬᠤ᠃ ᠡᠯ᠎ᠡ ᠱᠠᠳᠣᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠠᠴᠠ ᠠᠮᠤ ᠪᠤᠳᠠᠭᠠᠨ ᠤ ᠦᠢᠯᠡᠳᠪᠦᠷᠢᠯᠡᠯ ᠪᠠ ᠭᠠᠩ ᠲᠠᠢ ᠳᠡᠮᠡᠴᠡᠬᠦ ᠠᠵᠢᠯ ᠤᠨ ᠳᠣᠮᠳᠠᠬᠢ ᠪᠤᠳᠠᠳᠠᠢ ᠠᠰᠠᠭᠤᠳᠠᠯ ᠢ ᠨᠠᠷᠢᠨ ᠬᠢᠨᠠᠮᠠᠭᠠᠢ ᠰᠣᠳᠣᠯᠣᠨ᠂ ᠨᠢᠭᠡᠳᠦᠭᠡᠷ ᠹᠷᠣᠨᠲ ᠳᠡᠭᠡᠷ᠎ᠡ ᠬᠦᠨᠵᠡᠬᠡᠶᠢᠷᠡᠨ ᠤᠯᠠᠨ ᠲᠦᠮᠡᠨ ᠢ ᠬᠠᠪᠰᠣᠷᠠᠵᠤ ᠬᠦᠴᠢᠷᠳᠡᠯ ᠢ ᠨᠢ ᠰᠢᠢᠳᠪᠦᠷᠢᠯᠡᠵᠦ᠂ ᠠᠮᠤ ᠪᠤᠳᠠᠭ᠎ᠠ ᠪᠠ ᠲᠠᠷᠢᠶᠠᠯᠠᠩ ᠦᠢᠯᠡᠳᠪᠦᠷᠢᠯᠡᠯ ᠤᠨ ᠬᠦᠭᠵᠢᠯᠳᠡ ᠶᠢᠨ ᠪᠠᠶᠢᠯᠳᠣᠬᠤ ᠪᠤᠳᠤᠯᠭ᠎ᠠ ᠶᠢᠨ ᠲᠦᠯᠦᠪᠵᠢᠬᠦᠯᠬᠡ ᠬᠢᠭᠡᠳ ᠮᠡᠷᠭᠡᠵᠢᠯ ᠤᠨ ᠲᠦᠰᠦᠯ ᠢ ᠲᠤᠭᠳᠠᠭᠠᠵᠤ ᠲᠡᠬᠦᠯᠳᠡᠷᠵᠢᠬᠦᠯᠬᠦ ᠶᠢᠨ ᠬᠠᠮᠳᠤ᠂ ᠮᠡᠷᠭᠡᠵᠢᠯ ᠤᠨ ᠬᠦᠴᠦᠨ᠂ ᠪᠡᠯᠡ ᠮᠦᠩᠬᠦ ᠡᠳ᠋ ᠪᠤᠳᠡᠰ ᠢ ᠨᠢ ᠪᠠᠳᠤᠯᠠᠨ᠎ᠠ᠃ ᠪᠢᠳᠠ ᠨᠢᠭᠡᠨᠳᠡ ᠠᠯᠢ ᠤᠯᠠᠨ ᠠᠮᠤ ᠪᠤᠳᠠᠭ᠎ᠠ ᠪᠠ ᠲᠠᠷᠢᠶᠠᠯᠠᠩ ᠦᠢᠯᠡᠳᠪᠦᠷᠢᠯᠡᠯ ᠢ ᠳᠡᠮᠵᠢᠬᠦ᠂ ᠭᠠᠩ ᠲᠠᠢ ᠳᠡᠮᠡᠴᠡᠬᠦ ᠶᠢ ᠳᠡᠮᠵᠢᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠡᠶᠢᠳᠡᠯᠡᠵᠡᠢ᠃ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠶᠢ ᠬᠢᠨᠠᠨ ᠪᠠᠶᠢᠴᠠᠭᠠᠬᠤ ᠪᠠᠨ ᠴᠢᠩᠭᠠᠳᠬᠠᠵᠤ᠂ ᠤᠯᠤᠰ ᠤᠨ ᠲᠤᠰᠬᠠᠢ ᠲᠦᠷᠦᠯ ᠤᠨ ᠪᠡᠯᠡ ᠮᠦᠩᠬᠦ ᠶᠢ ᠦᠨᠡᠨᠬᠦ ᠰᠠᠶᠢᠳᠦᠷ ᠬᠡᠷᠡᠭᠯᠡᠨ᠂ ᠢᠯᠠᠩᠭᠤᠶ᠎ᠠ ᠴᠢᠬᠤᠯᠠᠴᠢᠯᠠᠬᠤ ᠎ ᠨᠢ ᠪᠢᠳᠠᠨ ᠤ ᠬᠢᠨᠠᠨ ᠪᠤᠳᠤᠯᠭ᠎ᠠ᠂ ᠬᠢᠨᠠᠨ ᠪᠠᠶᠢᠴᠠᠭᠠᠯᠳᠠ ᠴᠢᠩᠭ᠎ᠠ ᠳᠠᠭᠠᠯᠳᠣᠵᠤ᠂ ᠪᠢᠳᠠᠨ ᠤ ᠬᠡᠮᠵᠢᠶ᠎ᠡ ᠲᠠᠢ ᠪᠡᠯᠡ ᠮᠦᠩᠬᠦ ᠶᠢ ᠦᠨᠡᠨᠬᠦ ᠭᠠᠩ ᠲᠠᠢ ᠳᠡᠮᠡᠴᠡᠬᠦ ᠪᠠ ᠲᠠᠷᠢᠶᠠᠯᠠᠩ ᠦᠢᠯᠡᠳᠪᠦᠷᠢᠯᠡᠯ ᠳᠡᠭᠡᠷ᠎ᠡ ᠬᠡᠷᠡᠭᠯᠡᠨ᠂ ᠦᠢᠯᠡᠳᠦᠯ ᠢ ᠨᠢ ᠬᠦᠢᠴᠡᠳ ᠪᠠᠳᠠᠷᠠᠭᠤᠯᠤᠨ᠎ᠠ᠃      ᠲᠦᠷᠪᠡ᠂ ᠪᠠᠶᠢᠭᠤᠯᠭ᠎ᠠ ᠶᠢᠨ ᠵᠤᠬᠢᠴᠠᠭᠤᠯᠭ᠎ᠠ ᠶᠢ ᠴᠢᠩᠭᠠᠳᠬᠠᠵᠤ᠂ ᠠᠮᠤ ᠪᠤᠳᠠᠭ᠎ᠠ ᠪᠠ ᠲᠠᠷᠢᠶᠠᠯᠠᠩ ᠦᠢᠯᠡᠳᠪᠦᠷᠢᠯᠠᠯ ᠢ ᠳᠣᠰᠠᠯᠠᠬᠤ ᠨᠡᠶᠢᠯᠡᠮᠡᠯ ᠬᠦᠴᠦ ᠶᠢ ᠪᠦᠷᠢᠯᠳᠤᠬᠦᠯᠬᠦ᠃ ᠬᠦᠭᠵᠢᠬᠦᠯᠦᠯᠳᠡ ᠦᠭᠡᠷᠡᠴᠢᠯᠡᠯᠳᠡ᠂ ᠡᠳ᠋ ᠤᠨ ᠵᠠᠰᠠᠭ ᠵᠡᠷᠭᠡ ᠪᠠᠶᠢᠭᠤᠯᠭ᠎ᠠ ᠠᠴᠠ ᠠᠮᠤ ᠪᠤᠳᠠᠭᠠᠨ ᠤ ᠦᠢᠯᠡᠳᠪᠦᠷᠢᠯᠡᠯ ᠪᠠ ᠭᠠᠩ ᠲᠠᠢ ᠤᠷᠤᠨ ᠤ ᠭᠠᠩ ᠎ ᠲᠠᠢ ᠳᠡᠮᠡᠴᠡᠬᠦ ᠪᠡᠯᠡ ᠮᠦᠩᠬᠦ᠂ ᠡᠳ᠋ ᠪᠤᠳᠠᠰ ᠤᠨ ᠳᠡᠮᠵᠢᠬᠦ ᠡᠷᠴᠢᠮ ᠪᠠᠨ ᠦᠷᠬᠦᠯᠵᠢᠯᠡᠨ ᠶᠡᠬᠡᠰᠬᠡᠨ᠎ᠠ︔ ᠲᠠᠷᠢᠶᠠᠯᠠᠩ᠂ ᠣᠰᠣᠨ ᠠᠰᠢᠭᠯᠠᠯᠳᠠ᠂ ᠤᠢ ᠰᠢᠭᠤᠢ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠵᠡᠷᠭᠡ ᠪᠠᠶᠢᠭᠤᠯᠭ᠎ᠠ ᠴᠢᠭᠯᠡᠬᠦᠯᠦᠭᠰᠡᠨ ᠴᠢᠨᠠᠷ ᠲᠠᠢ ᠮᠡᠷᠭᠡᠵᠢᠯ ᠤᠨ ᠵᠢᠯᠤᠭᠤᠳᠤᠯᠭ᠎ᠠ ᠪᠠ ᠦᠢᠯᠡᠴᠢᠯᠡᠭᠡ ᠦᠷᠨᠢᠬᠦᠯᠬᠦ ᠬᠡᠷᠡᠭᠳᠡᠢ︔ ᠴᠠᠭ ᠠᠭᠤᠷ ᠤᠨ ᠪᠠᠶᠢᠭᠤᠯᠭ᠎ᠠ ᠠᠴᠠ ᠴᠠᠭ ᠠᠭᠤᠷ ᠤᠨ ᠬᠤᠷᠠᠯ ᠵᠦᠪᠳᠡᠯᠴᠡᠭᠡ ᠪᠠ ᠭᠠᠮᠰᠢᠭ ᠤᠨ ᠪᠠᠶᠢᠳᠠᠯ ᠤᠨ ᠬᠢᠨᠠᠯᠳᠠ ᠬᠡᠮᠵᠢᠯᠳᠡ ᠪᠠᠨ ᠴᠢᠩᠭᠠᠳᠬᠨ᠂ ᠳᠣᠬᠢᠷᠠᠭᠰᠠᠨ ᠴᠠᠭ ᠲᠤᠨᠢ ᠬᠦᠮᠦᠨ ᠤ ᠬᠦᠴᠦ ᠪᠠᠷ ᠪᠤᠷᠤᠭ᠎ᠠ ᠤᠷᠤᠭᠤᠯᠤᠨ᠎ᠠ︔ ᠬᠤᠳᠠᠯᠳᠣᠭᠠᠨ ᠤ ᠶᠠᠪᠤᠳᠠᠯ᠂ ᠦᠢᠯᠡᠳᠪᠦᠷᠢ ᠬᠤᠳᠠᠯᠳᠤᠭ᠎ᠠ᠂ ᠶᠠᠰᠤ ᠴᠢᠨᠠᠷ ᠤᠨ ᠪᠠᠶᠢᠴᠠᠭᠠᠯᠳᠠ ᠵᠢᠴᠢ ᠲᠡᠮᠦᠷ ᠵᠠᠮ᠂ ᠵᠠᠮ ᠬᠠᠷᠢᠯᠴᠠᠭ᠎ᠠ ᠵᠡᠷᠭᠡ ᠪᠠᠶᠢᠭᠤᠯᠭ᠎ᠠ ᠭᠠᠩ ᠲᠠᠢ ᠳᠡᠮᠡᠴᠡᠬᠦ ᠡᠳ᠋ ᠪᠤᠳᠠᠰ ᠤᠨ ᠲᠤᠬᠢᠷᠠᠭᠤᠯᠭ᠎ᠠ᠂ ᠳᠡᠭᠡᠭᠡᠪᠦᠷᠢ ᠪᠠ ᠵᠠᠬ᠎ᠠ ᠳᠠᠯᠭᠡᠭᠦᠷ ᠤᠨ ᠬᠠᠮᠢᠶᠠᠷᠣᠯᠳᠠ ᠶᠢ ᠴᠢᠩᠭᠠᠳᠬᠠᠨ᠎ᠠ︔ ᠴᠠᠬᠢᠯᠭᠠᠨ ᠬᠦᠴᠦ᠂ ᠴᠢᠯᠠᠭᠤᠨ ᠳᠣᠰᠣ ᠵᠡᠷᠭᠡ ᠪᠠᠶᠢᠭᠤᠯᠭ᠎ᠠ ᠶᠠᠭᠤᠨ ᠤ ᠤᠷᠢᠳᠠ ᠭᠠᠩ ᠲᠠᠢ ᠳᠡᠮᠡᠴᠡᠬᠦ ᠳᠤ ᠬᠡᠷᠡᠭᠰᠡᠬᠦ ᠴᠠᠬᠢᠯᠭᠠᠨ᠂ ᠳᠣᠰᠣ ᠶᠢ ᠪᠠᠳᠣᠯᠠᠨ᠎ᠠ︔ ᠠᠷᠠᠳ ᠤᠨ ᠶᠠᠪᠤᠳᠠᠯ ᠤᠨ ᠪᠠᠶᠢᠭᠤᠯᠭ᠎ᠠ ᠭᠠᠩᠳᠠᠭᠰᠠᠨ ᠤᠷᠤᠨ ᠶᠢ ᠠᠪᠤᠷᠠᠨ ᠳᠣᠰᠠᠯᠠᠬᠤ ᠬᠦᠴᠦᠯᠡᠴᠡ ᠪᠠᠨ ᠤᠯᠠᠮ ᠨᠢᠭᠡ ᠠᠯᠬᠤᠮ ᠨᠡᠮᠡᠭᠳᠡᠬᠦᠯᠦᠨ᠂ ᠭᠠᠮᠰᠢᠭᠳᠠᠭᠰᠠᠨ ᠤᠯᠠᠨ ᠲᠦᠮᠡᠨ ᠤ ᠦᠢᠯᠡᠳᠪᠦᠷᠢᠯᠡᠯ ᠠᠮᠢᠳᠣᠷᠠᠯ ᠢ ᠨᠢ ᠰᠠᠶᠢᠳᠣᠷ ᠲᠦᠪᠬᠢᠨᠡᠬᠦᠯᠦᠨ᠎ᠠ᠃                               ᠳᠡᠳ᠋ ᠶᠠᠷᠦᠩᠬᠡᠢ ᠰᠠᠶᠢᠳ ᠾᠦᠢ ᠯᠢᠶᠠᠩ ᠢᠦᠢ ᠶᠢᠨ ᠶᠠᠷᠢᠶᠠᠨ ᠤ ᠲᠤᠪᠴᠢ      ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠠᠷᠦᠩᠬᠡᠢ ᠰᠠᠶᠢᠳ ᠾᠦᠢ ᠯᠢᠶᠠᠩ ᠢᠦᠢ 2011 ᠤᠨ ᠤ 2 ᠰᠠᠷ᠎ᠠ ᠶᠢᠨ 10᠎ ᠤ ᠡᠳᠦᠷ ᠪᠦᠬᠦ ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠲᠧᠯᠸᠢᠰ ᠳ᠋ᠢᠶᠠᠩᠬᠤᠸᠠ ᠬᠤᠷᠠᠯ ᠢ ᠡᠷᠬᠢᠯᠡᠬᠦ ᠳᠡᠭᠡᠨ ᠵᠢᠭᠠᠵᠤ ᠭᠠᠷᠭᠠᠭᠰᠠᠨ ᠨᠢ᠄ ᠡᠨᠡ ᠤᠳᠠᠭᠠᠨ ᠤ ᠬᠤᠷᠠᠯ ᠪᠤᠯ ᠤᠯᠤᠰ ᠤᠨ ᠭᠠᠳᠠᠭᠠᠳᠣ ᠳᠣᠳᠣᠭᠠᠳᠣ ᠶᠢᠨ ᠠᠮᠤ ᠪᠤᠳᠠᠭ᠎ᠠ ᠪᠠ ᠲᠠᠷᠢᠶᠠᠯᠠᠩ ᠤᠨ ᠪᠦᠳᠦᠭᠡᠭᠳᠡᠭᠦᠨ ᠤ ᠬᠠᠩᠭᠠᠯᠳᠠ ᠨᠢ ᠬᠦᠷᠦᠯᠴᠡᠬᠦ ᠦᠬᠡᠢ᠂ ᠦᠨ᠎ᠡ ᠨᠢ ᠨᠡᠯᠢᠶᠡᠳ ᠦᠨᠳᠦᠷ ᠪᠠᠶᠢᠬᠤ ᠰᠢᠨ᠎ᠠ ᠪᠠᠶᠢᠳᠠᠯ ᠲᠤᠤᠷ᠎ᠠ᠂ ᠡᠳ᠋ ᠪᠤᠳᠠᠰ ᠤᠨ ᠦᠨ᠎ᠡ ᠬᠡᠳᠦ ᠬᠤᠷᠳᠤᠨ ᠦᠰᠬᠦ ᠶᠢ ᠬᠢᠵᠠᠭᠠᠷᠯᠠᠬᠤ᠂ ᠤᠯᠤᠰ ᠠᠷᠠᠳ ᠤᠨ ᠠᠵᠤ ᠠᠬᠤᠢ ᠶᠢᠨ ᠲᠤᠭᠳᠠᠭᠤᠨ ᠮᠦᠷᠳᠡᠭᠡᠨ ᠨᠡᠯᠢᠶᠡᠳ ᠲᠦᠷᠬᠡᠨ ᠬᠦᠭᠵᠢᠬᠦ ᠶᠢ ᠪᠠᠳᠤᠯᠠᠬᠤ ᠰᠢᠨ᠎ᠠ ᠱᠠᠭᠠᠷᠳᠠᠯᠭ᠎ᠠ ᠶᠢᠨ ᠳᠣᠣᠷ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠠᠴᠠ ᠡᠷᠬᠢᠯᠡᠬᠦ ᠪᠠᠷ ᠳᠣᠭᠳᠠᠭᠰᠠᠨ ᠨᠢᠭᠡᠨ ᠮᠠᠰᠢ ᠴᠢᠬᠤᠯᠠ ᠬᠤᠷᠠᠯ ᠶᠤᠮ᠂ ᠠᠮᠤ ᠪᠤᠳᠠᠭᠠᠨ ᠤ ᠦᠢᠯᠡᠳᠪᠦᠷᠢᠯᠡᠯ ᠢ ᠰᠠᠶᠢᠳᠣᠷ ᠠᠳᠬᠤᠬᠤ ᠪᠠ ᠭᠤᠤᠯ ᠪᠤᠯᠬᠤ ᠲᠠᠷᠢᠶᠠᠯᠠᠩ ᠤᠨ ᠪᠦᠳᠦᠭᠡᠭᠳᠡᠭᠦᠨ ᠤ ᠬᠠᠩᠭᠠᠯᠳᠠ ᠶᠢ ᠪᠠᠳᠤᠯᠠᠬᠤ ᠳᠤ ᠤᠨᠴᠠ ᠶᠡᠭᠡ ᠠᠴᠢ ᠬᠤᠯᠪᠤᠭᠳᠠᠯ ᠲᠠᠢ︔ ᠡᠨᠡ ᠤᠳᠠᠭᠠᠨ ᠤ ᠬᠤᠷᠠᠯ ᠮᠦᠨᠴᠦ ᠳᠣᠮᠳᠠᠳᠣ ᠤᠯᠤᠰ ᠤᠨ ᠡᠪ ᠬᠠᠮᠳᠣ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠭᠤᠤᠯ ᠤᠳᠤᠷᠢᠳᠤᠯᠭ᠎ᠠ ᠨᠦᠬᠦᠳ ᠠᠴᠠ ᠡᠯ᠎ᠡ ᠭᠠᠵᠠᠷ᠂ ᠦᠨᠳᠦᠰᠦᠨ ᠱᠠᠳᠣᠨ ᠳᠤ ᠬᠦᠨᠵᠡᠬᠡᠶᠢᠷᠡᠨ᠂ ᠤᠶᠢᠯᠠᠭᠠᠯᠳᠠ ᠰᠣᠳᠣᠯᠣᠯᠳᠠ ᠬᠦᠢᠴᠡᠳ ᠬᠢᠭᠰᠡᠨ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠠᠴᠠ ᠣᠶᠣᠨᠴᠢ ᠪᠠᠷ ᠰᠣᠳᠣᠯᠣᠨ ᠶᠠᠷᠢᠯᠴᠠᠭᠰᠠᠨ ᠤ ᠰᠠᠭᠤᠷᠢᠨ ᠳᠡᠭᠡᠷ᠎ᠡ ᠶᠠᠪᠤᠭᠳᠠᠭᠰᠠᠨ ᠨᠢᠭᠡᠨ ᠤᠳᠠᠭᠠᠨ ᠤ ᠠᠵᠢᠯ ᠪᠠᠶᠢᠷᠢᠯᠠᠭᠤᠯᠬᠤ ᠬᠤᠷᠠᠯ ᠶᠤᠮ᠃      ᠶᠠᠷᠦᠩᠬᠡᠢ ᠰᠠᠶᠢᠳ ᠸᠧᠨ ᠵᠢᠶᠠ ᠪᠤᠤ ᠠᠴᠠ ᠴᠢᠬᠤᠯᠠ ᠶᠠᠷᠢᠶ᠎ᠠ ᠳᠠᠯᠪᠢᠭᠰᠠᠨ ᠤ ᠳᠠᠷᠠᠭ᠎ᠠ᠂ ᠳᠡᠳ᠋ ᠶᠠᠷᠦᠩᠬᠡᠢ ᠰᠠᠶᠢᠳ ᠾᠦᠢ ᠯᠢᠶᠠᠩ  ᠢᠦᠢ ᠠᠴᠠ ᠶᠠᠷᠦᠩᠬᠡᠢ ᠰᠠᠶᠢᠳ ᠸᠧᠨ ᠵᠢᠶᠠ ᠪᠤᠤ ᠶᠢᠨ ᠶᠠᠷᠢᠶᠠᠨ ᠤ ᠵᠤᠷᠢᠭ ᠰᠠᠨᠠᠭ᠎ᠠ ᠶᠢ ᠰᠠᠶᠢᠳᠣᠷ ᠲᠤᠤᠱᠯᠠᠭᠤᠯᠬᠤ ᠲᠤᠬᠠᠢ ᠲᠦᠷᠪᠡᠨ ᠲᠠᠯ᠎ᠠ ᠶᠢᠨ ᠰᠠᠨᠠᠯ ᠢ ᠴᠢᠬᠤᠯᠠᠴᠢᠯᠠᠪᠠ᠃      ᠨᠢᠭᠡ᠂ ᠲᠠᠨᠢᠯᠳᠠ ᠪᠠᠨ ᠤᠯᠠᠮ ᠨᠢᠭᠡ ᠠᠯᠬᠤᠮ ᠳᠡᠭᠡᠭᠰᠢᠯᠡᠬᠦᠯᠦᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠦᠨᠡᠨᠬᠦ ᠲᠦᠪ ᠤᠨ ︽ᠬᠦᠳᠡᠭᠡ ᠳᠤᠰᠬᠤᠨ᠂ ᠲᠠᠷᠢᠶᠠᠯᠠᠩ᠂ ᠲᠠᠷᠢᠶᠠᠴᠢᠨ︾᠎ ᠤ ᠠᠵᠢᠯ ᠢ ᠴᠢᠩᠭᠠᠳᠬᠠᠬᠤ ᠲᠤᠬᠠᠢ ᠰᠢᠢᠳᠪᠦᠷᠢ ᠪᠠᠶᠢᠷᠢᠯᠠᠭᠤᠯᠭ᠎ᠠ ᠬᠢᠭᠡᠳ ᠶᠠᠷᠦᠩᠬᠡᠢ ᠰᠠᠶᠢᠳ ᠸᠧᠨ ᠵᠢᠶᠠ ᠪᠤᠤ ᠶᠢᠨ ᠴᠢᠬᠤᠯᠠ ᠶᠠᠷᠢᠶᠠᠨ ᠤ ᠵᠤᠷᠢᠭ ᠰᠠᠨᠠᠭᠠᠨ ᠳᠡᠭᠡᠷ᠎ᠡ ᠨᠢᠭᠡᠳᠬᠡᠬᠦ᠃ ᠡᠯ᠎ᠡ ᠭᠠᠵᠠᠷ ᠤᠷᠤᠨ᠂ ᠡᠯ᠎ᠡ ᠪᠠᠶᠢᠭᠤᠯᠭ᠎ᠠ ᠶᠠᠷᠦᠩᠬᠡᠢ ᠰᠠᠶᠢᠳ ᠸᠧᠨ ᠵᠢᠶᠠ ᠪᠤᠤ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ᠂ ᠠᠮᠤ ᠪᠤᠳᠠᠭ᠎ᠠ ᠪᠠ ᠲᠠᠷᠢᠶᠠᠯᠠᠩ ᠦᠢᠯᠡᠳᠪᠦᠷᠢᠯᠡᠯ ᠶᠢ ᠴᠢᠩᠭᠠᠳᠬᠠᠬᠤ ᠨᠢ ᠪᠠᠷᠠᠭᠠᠨ ᠤ ᠦᠨ᠎ᠡ᠂ ᠠᠵᠤ ᠠᠬᠤᠢ᠂ ᠨᠡᠶᠢᠬᠡᠮ ᠤᠨ ᠳᠣᠭᠳᠠᠭᠤᠨ ᠪᠠᠶᠢᠬᠤ  ᠵᠠᠩᠬᠢᠯᠠᠭ᠎ᠠ ᠶᠢᠨ ᠴᠢᠨᠠᠷᠳᠠᠢ ᠦᠢᠯᠡᠳᠦᠯ ᠶᠢ ᠬᠦᠨᠵᠡᠬᠡᠢ ᠳᠠᠨᠢᠵᠤ᠂ ᠠᠮᠤ ᠪᠤᠳᠠᠭ᠎ᠠ ᠪᠠ ᠲᠠᠷᠢᠶᠠᠯᠠᠩ ᠦᠢᠯᠡᠳᠪᠦᠷᠢᠯᠡᠯ ᠢ ᠴᠢᠩᠭᠠᠳᠬᠠᠬᠤ ᠨᠢ ᠣᠳᠣᠬᠢᠴᠢᠯᠠᠬᠤ ᠪᠦᠳᠦᠬᠡᠨ ᠪᠠᠶᠢᠭᠤᠯᠤᠯᠳᠠ ᠳᠤᠮᠳᠠᠬᠢ ᠰᠠᠭᠤᠷᠢ ᠴᠢᠨᠠᠷᠳᠠᠢ ᠪᠠᠶᠢᠷᠢ ᠰᠠᠭᠤᠷᠢ ᠶᠢ ᠬᠦᠨᠵᠡᠬᠡᠢ ᠳᠠᠨᠢᠵᠤ᠂ ᠮᠠᠨ ᠤ ᠤᠯᠤᠰ ᠤᠨ ᠲᠠᠷᠢᠶᠠᠯᠠᠩ ᠦᠢᠯᠡᠳᠪᠦᠷᠢᠯᠠᠯ ᠤᠨ ᠠᠷᠭ᠎ᠠ ᠬᠡᠯᠪᠡᠷᠢ ᠪᠠ ᠲᠠᠷᠢᠶᠠᠯᠠᠩ ᠤᠨ ᠪᠦᠳᠦᠭᠡᠭᠳᠡᠬᠦᠨ ᠤ ᠬᠠᠩᠭᠠᠯᠭ᠎ᠠ ᠬᠡᠷᠡᠭᠴᠡᠭᠡ ᠶᠢᠨ ᠬᠠᠷᠢᠴᠠᠭᠠᠨ ᠤ ᠰᠢᠨᠵᠢ ᠳᠡᠮᠳᠡᠭᠳᠦ ᠴᠢᠨᠠᠷᠳᠡᠢ ᠬᠤᠪᠢᠷᠠᠯᠳᠠ ᠶᠢ ᠬᠦᠨᠵᠡᠬᠡᠢ ᠳᠠᠨᠢᠵᠤ᠂ ᠪᠠᠰᠠ ᠤᠯᠠᠨ ᠤᠯᠤᠰ ᠤᠨ ᠲᠠᠷᠢᠶᠠᠯᠠᠩ ᠤᠨ ᠪᠦᠳᠦᠭᠡᠭᠳᠡᠬᠦᠨ ᠤ ᠵᠠᠬ᠎ᠠ ᠳᠠᠯᠭᠡᠭᠦᠷ ᠤᠨ ᠬᠤᠪᠢᠷᠠᠯᠳᠠ ᠶᠢᠨ ᠮᠠᠨ ᠤ ᠤᠯᠤᠰ ᠲᠠᠬᠢ ᠬᠤᠯᠪᠤᠭᠠᠳᠣ ᠴᠢᠨᠠᠷᠳᠠᠢ ᠨᠦᠯᠦᠬᠡ ᠶᠢ ᠬᠦᠨᠵᠡᠬᠡᠢ ᠳᠠᠨᠢᠨ᠂ ᠪᠠᠴᠢᠮ ᠰᠡᠳᠬᠢᠯᠬᠡ ᠪᠠ ᠬᠠᠷᠢᠭᠤᠴᠠᠯᠭᠠᠳᠣ ᠰᠡᠳᠬᠢᠯᠬᠡ ᠪᠠᠨ ᠤᠯᠠᠮ ᠨᠢᠭᠡ ᠠᠯᠬᠤᠮ ᠳᠡᠭᠡᠭᠰᠢᠯᠡᠬᠦᠯᠵᠦ᠂ ᠨᠡᠩ ᠡᠷᠡᠰ ᠵᠤᠷᠢᠭ᠂ ᠨᠡᠩ ᠬᠦᠴᠦᠳᠡᠢ ᠠᠷᠭ᠎ᠠ ᠬᠡᠮᠵᠢᠶ᠎ᠡ ᠪᠠᠷ ᠡᠨᠡ ᠵᠢᠯ ᠤᠨ ᠠᠮᠤ ᠪᠤᠳᠠᠭ᠎ᠠ ᠪᠠ ᠲᠠᠷᠢᠶᠠᠯᠠᠩ ᠦᠢᠯᠡᠳᠪᠦᠷᠢᠯᠡᠯ ᠢ ᠠᠷᠭ᠎ᠠ ᠪᠦᠬᠦᠨ ᠢ ᠰᠦᠪᠡᠭᠴᠢᠯᠡᠨ ᠰᠠᠶᠢᠳᠣᠷ ᠬᠢᠬᠦ ᠬᠡᠷᠡᠭᠳᠡᠢ᠃      ᠬᠤᠶᠠᠷ᠂ ᠡᠯ᠎ᠡ ᠲᠦᠷᠦᠯ ᠤᠨ ᠲᠠᠷᠢᠶᠠᠯᠠᠩ ᠢ ᠬᠦᠴᠦᠷᠭᠡᠭᠵᠢᠬᠦᠯᠦᠨ ᠲᠠᠷᠢᠶᠠᠴᠢᠨ ᠢ ᠳᠣᠰᠠᠯᠠᠬᠤ ᠠᠷᠭ᠎ᠠ ᠬᠡᠮᠵᠢᠶ᠎ᠡ ᠶᠢ ᠴᠢᠩᠭ᠎ᠠ ᠠᠳᠬᠤᠨ ᠰᠠᠶᠢᠳᠣᠷ ᠨᠠᠶᠢᠳᠡᠪᠦᠷᠢᠵᠢᠭᠤᠯᠵᠤ᠂ ᠲᠠᠷᠢᠶᠠᠴᠢᠳ ᠤᠨ ᠠᠮᠤ ᠪᠤᠳᠠᠭ᠎ᠠ ᠪᠠ ᠲᠠᠷᠢᠶᠠᠯᠠᠩ ᠦᠢᠯᠡᠳᠪᠦᠷᠢᠯᠡᠯ ᠢ ᠬᠦᠭᠵᠢᠬᠦᠯᠬᠦ ᠢᠳᠡᠪᠬᠢᠵᠢᠯ ᠶᠢ ᠬᠠᠮᠤᠭ ᠶᠡᠭᠡ ᠬᠡᠮᠵᠢᠶ᠎ᠡ ᠪᠠᠷ ᠳᠠᠶᠢᠴᠢᠯᠠᠬᠤ᠃ ᠨᠢᠳᠣᠨᠤᠨ ᠤ ᠵᠢᠯ ᠤᠨ ᠡᠴᠦᠰ ᠲᠤ ᠲᠦᠪ ᠤᠨ ᠠᠵᠤ ᠠᠬᠤᠢ ᠶᠢᠨ ᠠᠵᠢᠯ ᠤᠨ ᠬᠤᠷᠠᠯᠳᠣᠭᠠᠨ᠂ ᠲᠦᠪ ᠤᠨ ᠬᠦᠳᠡᠭᠡ ᠳᠣᠰᠬᠤᠨ ᠤ ᠠᠵᠢᠯ ᠤᠨ ᠬᠤᠷᠠᠯᠳᠣᠭᠠᠨ ᠪᠠ ᠡᠨᠡ ᠵᠢᠯ ᠤᠨ ᠲᠦᠪ ᠤᠨ ᠨᠢᠭᠡᠳᠦᠭᠡᠷ ᠲᠤᠭᠠᠳᠤ ᠪᠢᠴᠢᠭ ᠮᠡᠲ᠋ᠧᠷᠢᠶᠠᠯ ᠠᠴᠠ ᠠᠯᠢ ᠤᠯᠠᠨ ᠬᠦᠳᠡᠭᠡ ᠲᠤᠰᠬᠤᠨ ᠤ ᠬᠦᠭᠵᠢᠯᠳᠡ᠂ ᠲᠠᠷᠢᠶᠠᠴᠢᠨ ᠤ ᠤᠷᠤᠯᠭ᠎ᠠ ᠶᠢ ᠦᠷᠬᠦᠯᠵᠢᠯᠡᠨ ᠨᠡᠮᠡᠭᠳᠡᠬᠦᠯᠬᠦ ᠪᠠ ᠣᠰᠣᠨ ᠠᠰᠢᠭᠯᠠᠯᠳᠠ ᠶᠢᠨ ᠰᠠᠭᠤᠷᠢ ᠶᠢ ᠴᠢᠩᠭᠠᠷᠠᠭᠤᠯᠬᠤ ᠶᠢ ᠠᠬᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠨᠡᠶᠢᠳᠡᠯᠡᠵᠦ᠂ ᠤᠶᠢᠷ᠎ᠠ ᠳᠤ ᠶᠠᠪᠤᠭᠳᠠᠭᠰᠠᠨ ᠬᠤᠶᠠᠷ ᠤᠳᠠᠭᠠᠨ ᠤ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠪᠤᠯᠤᠨ ᠲᠤᠰ ᠤᠳᠠᠭᠠᠨ ᠤ ᠬᠤᠷᠠᠯ ᠠᠴᠠ ᠪᠠᠰᠠ ᠭᠠᠩ ᠲᠠᠢ ᠳᠡᠮᠡᠴᠡᠨ ᠭᠠᠮᠰᠢᠭ ᠢ ᠪᠠᠭᠠᠰᠬᠠᠬᠤ ᠪᠠ ᠠᠮᠤ ᠪᠤᠳᠠᠭᠠᠨ ᠤ ᠦᠢᠯᠡᠳᠪᠦᠷᠢᠯᠡᠯ ᠢ ᠠᠬᠢᠭᠤᠯᠬᠤ ᠠᠷᠭ᠎ᠠ ᠬᠡᠮᠵᠢᠶ᠎ᠡ ᠨᠡᠶᠢᠳᠡᠯᠡᠨ᠂ ᠨᠠᠶᠢᠳᠠᠪᠤᠷᠢᠵᠢᠭᠤᠯᠬᠤ ᠶᠢ ᠰᠠᠶᠢᠳᠣᠷ ᠠᠳᠬᠤᠬᠤ ᠪᠠᠷ  ᠵᠠᠩᠬᠢᠯᠠᠭ᠎ᠠ ᠪᠠᠨ ᠪᠤᠯᠭᠠᠵᠤ᠂ ᠡᠯ᠎ᠡ ᠭᠠᠵᠠᠷ ᠤᠷᠤᠨ ᠡᠯ᠎ᠡ ᠪᠠᠶᠢᠭᠤᠯᠭ᠎ᠠ ᠠᠴᠠ ᠲᠦᠪ ᠤᠨ ᠲᠦᠷᠦ ᠶᠢᠨ ᠪᠤᠳᠤᠯᠭ᠎ᠠ ᠶᠢ ᠲᠤᠷᠤᠭᠰᠢ ᠪᠠᠭᠤᠯᠭᠠᠨ ᠲᠦᠷᠬᠡᠨ ᠲᠠᠮᠵᠢᠭᠤᠯᠤᠨ ᠨᠠᠶᠢᠳᠠᠪᠤᠷᠢᠵᠢᠭᠤᠯᠵᠤ᠂ ᠳᠡᠭᠡᠳᠦ ᠬᠡᠮᠵᠢᠶᠡᠨ ᠤ ᠬᠠᠷᠢᠭᠤᠴᠠᠬᠤ ᠵᠤᠷᠢᠭ ᠰᠠᠨᠠᠭ᠎ᠠ᠂ ᠬᠦᠴᠦᠨ ᠪᠦᠬᠦᠢ ᠠᠷᠭ᠎ᠠ ᠬᠡᠮᠵᠢᠶ᠎ᠡ ᠂ ᠦᠨᠳᠦᠷ ᠠᠰᠢᠭᠯᠠᠮᠵᠢ ᠲᠠᠢ ᠠᠵᠢᠯᠯᠠᠭ᠎ᠠ ᠪᠠ ᠦᠨᠳᠦᠷ ᠪᠠᠷᠢᠮᠵᠢᠶᠠᠳᠣ ᠱᠭᠠᠷᠳᠠᠯᠭ᠎ᠠ ᠪᠠᠷ ᠨᠠᠶᠢᠳᠠᠪᠤᠷᠢᠵᠢᠭᠤᠯᠤᠯᠳᠠ ᠶᠢ ᠰᠠᠶᠢᠳᠣᠷ ᠠᠳᠬᠤᠵᠤ᠂ ᠬᠡᠷᠡᠭᠵᠢᠬᠦᠯᠬᠦ ᠲᠦᠰᠦᠯ ᠪᠠ ᠪᠤᠳᠠᠳᠠᠢ ᠠᠷᠭ᠎ᠠ ᠶᠢ ᠠᠯᠢ ᠬᠤᠷᠳᠤᠨ ᠨᠡᠶᠢᠳᠡᠯᠡᠨ᠂ ᠲᠦᠷᠦ ᠶᠢᠨ ᠪᠤᠳᠤᠯᠭ᠎ᠠ ᠶᠢ ᠨᠠᠷᠢᠯᠢᠭᠵᠢᠭᠤᠯᠤᠨ ᠪᠤᠳᠠᠳᠠᠶᠢᠵᠢᠭᠤᠯᠬᠤ ᠶᠢ ᠴᠢᠩᠭ᠎ᠠ ᠠᠳᠬᠤᠵᠤ᠂ ᠲᠦᠷᠦ ᠶᠢᠨ ᠪᠤᠳᠤᠯᠭ᠎ᠠ ᠶᠢᠨ ᠰᠠᠶᠢᠨ ᠲᠠᠢ ᠳᠠᠯ᠎ᠠ ᠪᠠ ᠠᠰᠢᠭ ᠳᠣᠰᠠ ᠶᠢ ᠳᠠᠷᠠ ᠴᠢᠭ ᠢᠶᠠᠷ ᠨᠢ ᠲᠠᠷᠢᠶᠠᠴᠢᠨ ᠳᠤ ᠬᠦᠷᠳᠡᠭᠡᠬᠦ ᠶᠢ ᠪᠠᠳᠣᠯᠠᠵᠤ᠂ ᠲᠦᠷᠦ ᠶᠢᠨ ᠪᠤᠳᠤᠯᠭ᠎ᠠ ᠶᠢ ᠦᠨᠡᠨᠬᠦ ᠲᠠᠷᠢᠶᠠᠴᠢᠨ ᠤ ᠠᠮᠤ ᠪᠤᠳᠠᠭ᠎ᠠ ᠳᠠᠷᠢᠬᠤ ᠢᠳᠡᠪᠬᠢᠵᠢᠯ ᠪᠠ ᠲᠠᠷᠢᠶᠠᠯᠠᠩ ᠤᠨ ᠡᠯᠪᠡᠭ ᠬᠤᠷᠢᠶᠠᠯᠳᠠ ᠤᠯᠬᠤ ᠲᠦᠯᠬᠢᠬᠦ ᠬᠦᠴᠦᠨ ᠪᠤᠯᠭᠠᠨ ᠬᠤᠪᠢᠷᠠᠭᠤᠯᠤᠨ᠎ᠠ᠃      ᠭᠤᠷᠪᠠ᠂ ᠭᠠᠩ ᠲᠠᠢ ᠳᠡᠮᠡᠴᠡᠨ ᠡᠯᠪᠡᠭ ᠬᠤᠷᠢᠶᠠᠯᠳᠠ ᠶᠢ ᠪᠠᠳᠣᠯᠠᠬᠤ ᠬᠠᠳᠠᠭᠤᠵᠢᠯᠳᠣ ᠳᠠᠶᠢᠨ ᠢ ᠪᠦᠬᠦ ᠬᠦᠴᠦᠨ ᠢᠶᠠᠷ ᠢᠶᠠᠨ ᠬᠢᠵᠤ᠂ ᠵᠤᠨ ᠤ ᠡᠯᠪᠡᠭ ᠬᠤᠷᠢᠶᠠᠯᠳᠠ ᠤᠯᠬᠤ ᠪᠠᠷ ᠳᠡᠮᠡᠴᠡᠬᠦ᠃ ᠡᠳᠦᠭᠡ ᠬᠠᠪᠤᠷ ᠤᠨ ᠠᠭᠤᠷ ᠤᠷᠤᠭᠠᠳ ᠨᠢᠭᠡᠨᠳᠡ ᠬᠡᠳᠦᠨ ᠡᠳᠦᠷ ᠪᠤᠯᠪᠠ᠂ ᠪᠠᠰᠠ ᠬᠡᠳᠦᠨ ᠡᠳᠦᠷ ᠪᠤᠯᠪᠠᠯ ᠬᠤᠷ᠎ᠠ ᠤᠰᠤ ᠪᠤᠯᠵᠤ᠂ ᠶᠠᠭ ᠭᠠᠩ ᠎ ᠲᠠᠢ ᠳᠡᠮᠡᠴᠡᠨ ᠡᠯᠪᠡᠭ ᠬᠤᠷᠢᠶᠠᠯᠳᠠ ᠶᠢ ᠪᠠᠳᠣᠯᠠᠬᠤ  ᠵᠠᠩᠬᠢᠯᠠᠭ᠎ᠠ ᠶᠢᠨ ᠦᠶ᠎ᠠ ᠪᠤᠯᠵᠤ᠂ ᠬᠠᠪᠤᠷ ᠤᠨ ᠲᠠᠷᠢᠶᠠᠯᠠᠭ᠎ᠠ ᠬᠢᠬᠡᠳ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠴᠢᠬᠤᠯᠠ ᠴᠠᠭ ᠦᠶ᠎ᠡ ᠪᠤᠯᠤᠨ᠎ᠠ᠃ ᠡᠯ᠎ᠡ ᠭᠠᠵᠠᠷ ᠤᠷᠤᠨ ᠭᠠᠩ ᠎ ᠲᠠᠢ ᠳᠡᠮᠡᠴᠡᠨ ᠡᠯᠪᠡᠭ ᠬᠤᠷᠢᠶᠠᠯᠳᠠ ᠶᠢ ᠪᠠᠳᠣᠯᠠᠬᠤ ᠪᠠᠷ ᠣᠳᠣ ᠶᠢᠨ ᠲᠠᠷᠢᠶᠠᠯᠠᠩ ᠤᠨ ᠠᠵᠢᠯ ᠢᠶᠠᠨ ᠭᠤᠤᠯ ᠡᠬᠦᠷᠭᠡ ᠪᠤᠯᠭᠠᠵᠤ᠂ ᠤᠯᠠᠮ ᠨᠢᠭᠡ ᠠᠯᠬᠤᠮ ᠲᠠᠶᠢᠴᠢᠯᠠᠯᠳᠠ ᠶᠢᠨ ᠠᠵᠢᠯᠯᠠᠭ᠎ᠠ ᠦᠷᠨᠢᠬᠦᠯᠵᠤ᠂ ᠬᠠᠮᠤᠭ ᠶᠡᠭᠡ ᠴᠢᠷᠮᠠᠶᠢᠯᠭ᠎ᠠ ᠪᠠᠷ ᠂ ᠬᠠᠮᠤᠭ ᠪᠦᠳᠤᠮᠵᠢᠳᠡᠢ ᠠᠷᠭ᠎ᠠ ᠬᠡᠮᠵᠢᠶ᠎ᠡ ᠠᠪᠴᠤ᠂ ᠭᠠᠩ ᠲᠠᠢ ᠳᠡᠮᠡᠴᠡᠨ ᠡᠯᠪᠡᠭ ᠬᠤᠷᠢᠶᠠᠯᠳᠠ ᠶᠢ ᠪᠠᠳᠣᠯᠠᠬᠤ ᠬᠠᠳᠠᠭᠤᠵᠢᠯᠳᠣ ᠳᠠᠶᠢᠨ ᠢ ᠡᠷᠡᠰ ᠢᠯᠡᠵᠤ᠂ ᠠᠷᠭ᠎ᠠ ᠪᠦᠬᠦᠨ ᠢ ᠰᠦᠪᠡᠭᠴᠢᠯᠠᠨ ᠵᠤᠨ ᠨᠠᠮᠤᠷ ᠤᠨ ᠤᠯᠠᠷᠢᠯ ᠤᠨ ᠬᠤᠤᠰ ᠬᠤᠷᠢᠶᠠᠯᠳᠠ ᠤᠯᠬᠤ ᠶᠢᠨ ᠲᠦᠯᠦᠬᠡ ᠲᠡᠮᠡᠴᠡᠬᠦ ᠬᠡᠷᠡᠭᠳᠠᠢ᠃      ᠲᠦᠷᠪᠡ᠂ ᠲᠠᠷᠢᠶᠠᠯᠠᠩ ᠦᠢᠯᠡᠳᠪᠦᠷᠢᠯᠡᠯ ᠢ ᠬᠦᠭᠵᠢᠬᠦᠯᠬᠦ᠂ ᠲᠠᠷᠢᠶᠠᠯᠠᠩ ᠤᠨ ᠪᠦᠳᠦᠭᠡᠭᠳᠡᠬᠦᠨ ᠤ ᠬᠠᠩᠭᠠᠯᠭ᠎ᠠ ᠶᠢ ᠪᠠᠳᠤᠯᠠᠬᠤ ᠶᠢ ᠦᠨᠡᠨᠬᠦ ᠳᠣᠪᠤᠶᠢᠮ᠎ᠠ ᠪᠠᠶᠢᠷᠢᠨ ᠳᠤ ᠳᠠᠯᠪᠢᠵᠤ᠂ ᠲᠠᠷᠢᠶᠠᠯᠠᠩ ᠬᠦᠳᠡᠭᠡ ᠳᠣᠰᠬᠤᠨ ᠤ ᠡᠯ᠎ᠡ ᠲᠦᠷᠦᠯ ᠤᠨ ᠠᠵᠢᠯ ᠢ ᠨᠢᠬᠡᠳᠦᠯᠳᠠᠢ ᠲᠦᠯᠦᠪᠯᠡᠨ ᠰᠠᠶᠢᠳᠣᠷ ᠠᠳᠬᠤᠬᠤ᠃ ᠤᠳᠤᠬᠠᠨ ᠳᠤ ᠪᠦᠬᠦ ᠪᠦᠮᠪᠦᠷᠴᠡᠭ ᠤᠨ ᠠᠭᠤᠷ ᠠᠮᠢᠰᠬᠤᠯ ᠤᠨ ᠬᠤᠪᠢᠷᠠᠯᠳᠠ ᠠᠴᠠ ᠪᠤᠯᠤᠭᠰᠠᠨ ᠤᠨᠴᠠᠭᠠᠢ ᠴᠠᠭ ᠠᠭᠤᠷ ᠡᠳᠦᠷ ᠢᠷᠡᠬᠦᠶ᠎ᠡ ᠠᠷᠪᠢᠳᠴᠤ᠂ ᠮᠠᠨ ᠤ ᠤᠯᠤᠰ ᠲᠤ ᠪᠠᠶᠢᠭᠠᠯᠠᠢ ᠶᠢᠨ ᠭᠠᠮᠰᠢᠭ ᠴᠤ ᠤᠯᠠᠨᠳᠠ ᠡᠬᠦᠰᠴᠤ᠂ ᠳᠠᠪᠳᠠᠮᠵᠢ ᠨᠢ ᠤᠯᠠᠨ ᠪᠠ ᠳᠠᠪᠳᠠᠨ ᠡᠬᠦᠰᠬᠦ ᠬᠠᠨᠳᠤᠰᠢ ᠲᠠᠢ ᠪᠤᠯᠵᠤ᠂ ᠲᠠᠷᠢᠶᠠᠯᠠᠩ ᠶᠢ ᠬᠦᠭᠵᠢᠬᠦᠯᠬᠦ ᠳᠤ ᠳᠤᠯᠭᠠᠷᠠᠬᠤ ᠪᠠᠶᠢᠭᠠᠯᠠᠢ ᠶᠢᠨ ᠲᠦᠭᠰᠢᠬᠦᠷᠢ ᠠᠴᠠ ᠵᠠᠶᠢᠯᠠᠬᠤᠶ᠎ᠠ ᠪᠡᠷᠬᠡ ᠪᠤᠯᠵᠠᠢ᠃ ᠲᠠᠷᠢᠶᠠᠯᠠᠩ ᠦᠢᠯᠡᠳᠪᠤᠷᠢᠯᠡᠯ ᠤᠨ ᠦᠪᠡᠷ ᠤᠨ ᠦᠷᠳᠡᠭ ᠦᠰᠦᠨ ᠂ ᠠᠮᠤ ᠪᠤᠳᠠᠭ᠎ᠠ ᠳᠠᠷᠢᠬᠤ ᠠᠰᠢᠭᠯᠠᠮᠵᠢ ᠨᠢ ᠲᠤᠤᠷ᠎ᠠ᠂ ᠲᠠᠷᠢᠶᠠᠯᠠᠩ ᠤᠨ ᠪᠤᠳᠦᠭᠡᠭᠳᠡᠬᠦᠨ ᠤ ᠦᠨ᠎ᠡ ᠦᠰᠦᠯᠳᠡ ᠳᠤ ᠳᠠᠭᠠᠷᠢᠯᠳᠠ ᠶᠢᠨ ᠬᠦᠴᠦ ᠪᠠ ᠦᠨ᠎ᠡ ᠪᠠᠭᠤᠷᠠᠬᠤ ᠳᠠᠷᠣᠯᠳᠠ ᠶᠢᠨ ᠬᠦᠴᠦ ᠬᠠᠮᠳᠤᠪᠡᠷ ᠣᠷᠣᠰᠢᠬᠤ ᠠᠴᠠ ᠪᠤᠯᠵᠤ ᠲᠠᠷᠢᠶᠠᠯᠠᠩ ᠦᠢᠯᠡᠳᠪᠦᠷᠢᠯᠡᠯ ᠳᠤ ᠳᠤᠯᠭᠠᠷᠠᠵᠤ ᠪᠠᠶᠢᠭ᠎ᠠ ᠵᠠᠬ᠎ᠠ ᠳᠡᠯᠭᠡᠬᠦᠷ ᠤᠨ ᠲᠦᠭᠰᠢᠬᠦᠷᠢ ᠠᠴᠠ ᠵᠠᠶᠢᠯᠠᠬᠤᠶ᠎ᠠ ᠪᠡᠷᠬᠡ ᠪᠤᠯᠤᠭᠰᠠᠨ ᠪᠠᠶᠢᠨ᠎ᠠ᠃ ᠤᠨᠴᠠᠭᠠᠢ ᠬᠤᠷᠸ᠎ᠠ ᠠᠵᠤ ᠠᠬᠤᠢ ᠶᠢᠨ ᠪᠠᠶᠢᠳᠠᠯ ᠠᠴᠠ ᠲᠠᠷᠢᠶᠠᠯᠠᠩ ᠢ ᠬᠦᠭᠵᠢᠬᠦᠯᠬᠦ ᠳᠤ ᠤᠨᠴᠠᠭᠠᠢ ᠱᠠᠭᠠᠷᠳᠠᠯᠭ᠎ᠠ ᠳᠠᠯᠪᠢᠨ᠂ ᠠᠮᠤ ᠪᠤᠳᠠᠭᠠᠨ ᠤ ᠦᠢᠯᠡᠳᠪᠦᠷᠢᠯᠡᠯ ᠪᠠ ᠲᠠᠷᠢᠶᠠᠴᠢᠨ ᠤ ᠤᠷᠤᠯᠭ᠎ᠠ ᠦᠷᠬᠦᠯᠵᠢᠯᠠᠨ ᠳᠣᠯᠣᠭᠠᠨ ᠵᠢᠯ ᠳᠠᠷᠠᠭᠠᠯᠠᠨ ᠦᠰᠦᠭᠰᠡᠨ ᠦᠨᠳᠦᠷ ᠰᠠᠭᠤᠷᠢ ᠳᠤᠭᠠᠨ ᠳᠡᠭᠡᠷ᠎ᠡ ᠦᠷᠬᠦᠯᠵᠢᠯᠡᠨ ᠬᠦᠭᠵᠢᠬᠦ ᠤᠷᠢᠳᠠᠯ ᠲᠤᠤᠷ᠎ᠠ᠂ ᠲᠠᠷᠢᠶᠠᠯᠠᠩ ᠬᠦᠳᠡᠭᠡ ᠳᠣᠰᠬᠤᠨ ᠤ ᠠᠵᠢᠯ ᠳᠤ ᠲᠠᠷᠣᠯᠳᠠ ᠬᠦᠴᠦ ᠪᠠ ᠬᠦᠴᠢᠷᠳᠡᠯ ᠲᠤᠯᠭᠠᠷᠠᠬᠤ ᠨᠢ ᠵᠠᠶᠢᠯᠠᠰᠢ ᠦᠬᠡᠢ᠂ ᠢᠯᠠᠩᠭᠤᠶ᠎ᠠ  ᠰᠡᠷᠡᠮᠵᠢᠯᠡᠬᠦᠯᠬᠦ᠂ ᠤᠯᠠᠨ ᠵᠢᠯ ᠳᠠᠷᠠᠭᠠᠯᠠᠨ ᠦᠰᠦᠭᠰᠡᠨ ᠬᠤᠶᠢᠨ᠎ᠠ ᠂ ᠵᠠᠷᠢᠮ ᠭᠠᠵᠠᠷ ᠲᠤ ᠰᠣᠬᠤᠷ ᠪᠠᠯᠠᠢ ᠪᠠᠷ ᠬᠦᠭᠰᠡᠬᠦ ᠰᠡᠳᠬᠢᠬᠡ ᠢᠯᠡᠷᠡᠨ᠂ ᠤᠮᠳᠤᠭᠠᠶᠢᠯᠠᠵᠤ ᠴᠠᠯᠠᠭᠠᠶᠢᠷᠠᠬᠤ ᠬᠠᠨᠳᠣᠰᠢ  ᠪᠤᠢ ᠪᠤᠯᠵᠤ᠂ ᠬᠠᠰᠢᠨ ᠡᠵᠡᠯᠡᠬᠦ ᠦᠵᠡᠭᠳᠡᠯ ᠴᠤ ᠠᠷᠪᠢᠳᠴᠤ ᠪᠠᠶᠢᠨ᠎ᠠ᠃ ᠪᠢᠳᠠ ᠡᠷᠭᠡᠪᠰᠢ ᠤᠳᠤᠷᠢᠳᠤᠯᠭ᠎ᠠ ᠪᠠᠨ ᠴᠢᠩᠭᠠᠳᠬᠠᠨ᠂ ᠦᠨᠡᠨᠬᠦ ᠲᠦᠪ ᠤᠨ ︽ᠬᠦᠳᠡᠭᠡ ᠳᠣᠰᠬᠤᠨ᠂ ᠲᠠᠷᠢᠶᠠᠯᠠᠩ᠂ ᠲᠠᠷᠢᠶᠠᠴᠢᠨ︾᠎ ᠤ ᠠᠵᠢᠯ ᠢ ᠪᠦᠬᠦ ᠨᠠᠮ ᠪᠤᠯᠤᠨ ᠵᠠᠰᠠᠭ ᠤᠨ ᠤᠷᠳᠤᠨ ᠤ ᠪᠦᠬᠦᠯᠢ ᠠᠵᠢᠯ ᠤᠨ ᠭᠤᠤᠯᠳᠠᠯᠭ᠎ᠠ ᠶᠢᠨ ᠭᠤᠤᠯ ᠪᠤᠯᠭᠠᠬᠤ ᠲᠤᠬᠠᠢ ᠰᠠᠭᠠᠷᠳᠠᠯᠭ᠎ᠠ ᠶᠤᠰᠤᠭᠠᠷ ᠲᠠᠷᠢᠶᠠᠯᠠᠩ ᠬᠦᠳᠡᠭᠡ ᠳᠤᠰᠬᠤᠨ ᠤ ᠠᠵᠢᠯ ᠢ ᠦᠨᠡᠨᠬᠦ ᠰᠠᠶᠢᠳᠣᠷ ᠬᠢᠬᠦ ᠬᠡᠷᠡᠭᠳᠡᠢ᠃ ᠲᠦᠪ ᠪᠠ ᠣᠷᠣᠨ ᠨᠤᠳᠤᠭ ᠠᠴᠠ ᠪᠦᠷ ᠠᠮᠤ ᠪᠤᠳᠠᠭ᠎ᠠ ᠪᠠ ᠲᠠᠷᠢᠶᠠᠯᠠᠩ ᠦᠢᠯᠡᠳᠪᠦᠷᠢᠯᠡᠯ ᠢ ᠳᠠᠮᠵᠢᠬᠦ ᠣᠷᠣᠭᠤᠯᠤᠯᠳᠠ ᠪᠠᠨ ᠦᠨᠡᠨᠬᠦ ᠨᠡᠮᠡᠭᠳᠡᠬᠦᠯᠦᠨ᠂ ᠮᠤᠵᠢ ᠶᠢᠨ ᠲᠠᠷᠤᠭ᠎ᠠ ᠠᠴᠠ ︽ᠠᠮᠤ ᠪᠤᠳᠠᠭ᠎ᠠ ᠬᠠᠩᠭᠠᠬᠤ ᠢᠨᠵᠧᠨᠧᠷᠢᠩ︾᠎ ᠢ ᠬᠠᠷᠢᠭᠤᠴᠠᠨ᠂ ᠬᠤᠳᠠ ᠶᠢᠨ ᠲᠠᠷᠤᠭ᠎ᠠ ᠠᠴᠠ ︽ᠬᠤᠯᠢᠰᠢᠨ ᠢᠳᠡᠭᠡᠨ ᠤ ᠢᠨᠵᠧᠨᠧᠷᠢᠩ︾᠎ ᠢ ᠬᠠᠷᠢᠭᠤᠴᠠᠬᠤ ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠮᠤ ᠪᠤᠳᠠᠭ᠎ᠠ ᠪᠠ ᠲᠠᠷᠢᠶᠠᠯᠠᠩ ᠦᠢᠯᠡᠳᠪᠦᠷᠢᠯᠡᠯ ᠢ ᠬᠦᠭᠵᠢᠬᠦᠯᠬᠦ᠂ ᠭᠤᠤᠯ ᠲᠠᠷᠢᠶᠠᠯᠠᠩ ᠤᠨ ᠪᠦᠳᠦᠭᠡᠭᠳᠡᠬᠦᠨ ᠤ ᠬᠠᠩᠭᠠᠯᠳᠠ᠂ ᠲᠠᠷᠢᠶᠠᠯᠠᠩ ᠤᠨ ᠪᠦᠳᠦᠭᠡᠭᠳᠡᠬᠦᠨ ᠤ ᠦᠨ᠎ᠡ ᠶᠢᠨ ᠬᠢᠷᠢ ᠲᠦᠪᠰᠢᠨ ᠢ ᠳᠣᠭᠳᠠᠭᠤᠨ ᠪᠠᠶᠢᠯᠭᠠᠬᠤ ᠶᠢ ᠦᠨᠡᠨᠬᠦ ᠡᠯ᠎ᠡ ᠱᠠᠳᠣᠨ ᠤ ᠵᠠᠰᠠᠭ ᠤᠨ ᠣᠷᠳᠣᠨ ᠤ ᠠᠵᠢᠯ ᠤᠨ ᠴᠢᠬᠤᠯᠠ ᠪᠠᠶᠢᠷᠢᠨ ᠳᠠᠭᠡᠷ᠎ᠡ ᠳᠠᠯᠪᠢᠬᠤ ᠬᠡᠷᠡᠭᠳᠡᠢ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号