ᠡᠵᠡᠨ ᠬᠤᠷᠤᠭ᠎ᠠ ᠶᠢᠨ ᠯᠢᠤ ᠯᠢᠩ ᠲᠤᠰᠬᠤᠨ ᠪᠠᠯᠭᠠᠰᠦᠨ ᠤ ᠪᠠᠩᠬᠢ ᠶᠢᠨ ᠬᠤᠪᠢ ᠤᠷᠤᠭᠤᠯᠤᠭᠰᠠᠨ ᠪᠦᠷᠢᠨ ᠪᠤᠰᠤ ᠺᠤᠮᠫᠠᠨᠢ ᠶᠢ ᠪᠡᠯᠡᠳᠬᠡᠨ ᠪᠠᠶᠢᠭᠤᠯᠬᠤ ᠠᠵᠢᠯ ᠤᠨ ᠤᠳᠤᠷᠢᠳᠬᠤ ᠲᠤᠭᠤᠶᠢᠯᠠᠩ ᠢ ᠪᠠᠶᠢᠭᠤᠯᠬᠤ ᠲᠤᠬᠠᠢ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2011-04-25
              ᠡᠵᠡᠨ ᠵᠠᠰᠠᠭ ᠠᠯᠪᠠᠨ ᠲᠠᠷᠬᠠᠭᠠᠬᠤ ﹇2011﹈ 36 ᠳ᠋ᠤᠭᠠᠷ ᠲᠤᠭᠠᠲᠤᠡᠯ᠎ᠡ ᠪᠠᠯᠭᠠᠰᠤᠨ ᠤ ᠵᠠᠰᠠᠭ ᠤᠨ ᠤᠷᠳᠤᠨ᠂ ᠬᠤᠰᠢᠭᠤ ᠵᠠᠰᠠᠭ ᠤᠨ ᠤᠷᠳᠤᠨ ᠤ ᠡᠯ᠎ᠡ ᠪᠠᠶᠢᠭᠤᠯᠭ᠎ᠠ᠂ ᠡᠯ᠎ᠡ ᠰᠢᠭᠤᠳ ᠬᠠᠷᠢᠶ᠎ᠠ ᠨᠢᠭᠡᠴᠡ᠄      ᠬᠦᠳᠡᠭᠡ ᠲᠤᠰᠬᠤᠨ ᠤ ᠮᠦᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠬᠦᠯᠵᠦ᠂ ︽ᠭᠤᠷᠪᠠᠨ ᠲᠠᠷᠢᠶᠠᠯᠠᠯ︾ ᠪᠤᠯᠤᠨ ᠲᠤᠮᠲᠠ ᠵᠢᠵᠢᠭ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠤᠷᠴᠢᠨ ᠢ ᠰᠡᠶᠢᠵᠢᠷᠠᠭᠤᠯᠬᠤ ᠶᠢᠨ ᠲᠤᠯᠠᠲᠠ᠂ ᠬᠤᠰᠢᠭᠤ ᠬᠦᠳᠡᠭᠡ ᠲᠤᠰᠬᠤᠨ ᠤ ᠢᠳᠡᠭᠡᠮᠵᠢ ᠶᠢᠨ ᠬᠤᠯᠪᠤᠭᠠᠲᠤ ᠬᠤᠷᠰᠢᠶ᠎ᠠ ᠪᠠᠷ ᠲᠠᠭᠤᠷᠢᠶᠠᠮᠠᠯ ᠪᠠᠩᠬᠢ ᠪᠤᠯᠭᠠᠬᠤ ᠪᠠᠷ ᠰᠡᠳᠦᠵᠦ᠂ ᠬᠢᠯᠢ ᠶᠢᠨ ᠲᠤᠳᠤᠭᠠᠲᠤ ᠬᠡᠰᠡᠭ ᠠᠵᠤ ᠠᠬᠤᠶᠢᠯᠠᠯ ᠲᠠᠢ ᠬᠤᠯᠪᠤᠭᠠᠯᠠᠵᠤ ᠮᠠᠨ ᠤ ᠬᠤᠰᠢᠭᠤᠨ ᠳᠤ ᠡᠵᠡᠨ ᠬᠤᠷᠤᠭ᠎ᠠ ᠶᠢᠨ ᠯᠢᠤ ᠯᠢᠩ ᠲᠤᠰᠬᠤᠨ ᠪᠠᠯᠭᠠᠰᠤᠨ ᠤ ᠪᠠᠩᠬᠢ ᠶᠢᠨ ᠬᠤᠪᠢ ᠤᠷᠤᠭᠤᠯᠤᠭᠰᠠᠨ ᠪᠦᠷᠢᠨ ᠪᠤᠰᠦ ᠺᠤᠮᠫᠠᠨᠢ ᠶᠢ ᠪᠠᠶᠢᠭᠤᠯᠤᠨ᠎ᠠ᠃ ᠡᠵᠡᠨ ᠬᠤᠷᠤᠭ᠎ᠠ ᠶᠢᠨ ᠯᠢᠤ ᠯᠢᠶᠠᠩ ᠲᠤᠰᠬᠤᠨ ᠪᠠᠯᠭᠠᠰᠤᠨ ᠤ ᠪᠠᠩᠬᠢ ᠶᠢ ᠪᠡᠯᠡᠳᠬᠡᠨ ᠪᠠᠶᠢᠭᠤᠯᠬᠤ ᠠᠵᠢᠯ ᠢ ᠲᠦᠷᠭᠡᠳᠭᠡᠨ ᠠᠬᠢᠭᠤᠯᠵᠤ ᠡᠷᠲᠡ ᠡᠳᠦᠷ ᠪᠠᠶᠢᠭᠤᠯᠬᠤ ᠶᠢ ᠪᠠᠲᠤᠯᠠᠬᠤ ᠶᠢᠨ ᠲᠦᠯᠦᠭᠡ᠂ ᠬᠤᠰᠢᠭᠤ ᠠᠷᠠᠳ ᠤᠨ ᠵᠠᠰᠠᠭ ᠤᠨ ᠤᠷᠳᠤᠨ ᠠᠴᠠ ᠶᠠᠷᠢᠯᠴᠠᠭᠠᠳ᠂ᠡᠵᠡᠨ ᠬᠤᠷᠤᠭ᠎ᠠ ᠶᠢᠨ ᠯᠢᠤ ᠯᠢᠩ ᠲᠤᠰᠬᠤᠨ ᠪᠠᠯᠭᠠᠰᠤᠨ ᠤ ᠪᠠᠩᠬᠢ ᠶᠢ ᠪᠡᠯᠡᠳᠬᠡᠨ ᠪᠠᠶᠢᠭᠤᠯᠬᠤ ᠠᠵᠢᠯ ᠤᠨ ᠤᠳᠤᠷᠢᠳᠬᠤ ᠲᠤᠭᠤᠶᠢᠯᠠᠩ ᠢ ᠪᠠᠶᠢᠭᠤᠯᠬᠤ ᠪᠠᠷ ᠲᠤᠭᠲᠠᠵᠤ᠂ ᠪᠤᠲᠠᠲᠠᠢ ᠪᠦᠷᠢᠯᠳᠦᠬᠦᠨ ᠨᠢ ᠲᠤᠤᠷᠠᠬᠢ ᠮᠡᠳᠦ᠄ᠲᠤᠭᠤᠶᠢᠯᠠᠩ ᠤᠨ ᠲᠠᠷᠤᠭ᠎ᠠ᠄              ᠯᠢᠤ ᠵᠢᠶᠡᠨ ᠰᠢᠶᠦ᠋ᠩ   ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠵᠠᠰᠠᠭ ᠤᠨ                                   ᠤᠷᠳᠤᠨ ᠤ ᠬᠤᠰᠢᠭᠤ ᠲᠡᠳ᠋ ᠲᠠᠷᠤᠭ᠎ᠠᠲᠤᠭᠤᠶᠢᠯᠠᠩ ᠤᠨ ᠲᠡᠳ᠋ ᠲᠠᠷᠤᠭ᠎ᠠ᠄              ᠸᠠᠩ ᠱᠤᠤ ᠪᠦᠸᠧ     ᠵᠠᠰᠠᠭ ᠤᠨ ᠤᠷᠳᠤᠨ ᠤ ᠠᠯᠪᠠᠨ ᠭᠡᠷ ᠤᠨ ᠲᠡᠳ᠋ ᠡᠷᠬᠢᠯᠡᠭᠴᠢ              ᠸᠠᠩ ᠲᠢᠶᠧ   ᠵᠤ᠋     ᠬᠦᠳᠡᠭᠡ ᠲᠤᠰᠬᠤᠨ ᠤ ᠢᠳᠡᠭᠡᠮᠵᠢ ᠶᠢᠨ ᠬᠤᠯᠪᠤᠭᠠᠲᠤ ᠬᠤᠷᠰᠢᠶ᠎ᠠ ᠶᠢᠨ                                   ᠨᠠᠮ ᠤᠨ ᠬᠤᠷᠢᠶᠠᠨ ᠤ ᠱᠦᠵᠢ᠂ ᠬᠡᠷᠡᠭ ᠡᠷᠬᠢᠯᠡᠭᠴᠢ ᠪᠦᠷᠢᠯᠳᠦᠭᠦᠨ᠄             ᠲᠢᠶᠡᠨ   ᠢ   ᠹᠧᠩ    ᠬᠤᠰᠢᠭᠤ ᠮᠦᠩᠭᠦᠨ ᠭᠦᠢᠯᠭᠡᠭᠡᠨ ᠤ ᠠᠯᠪᠠᠨ ᠭᠡᠷ ᠤᠨ ᠡᠷᠬᠢᠯᠡᠭᠴᠢ             ᠬᠤ᠋    ᠶᠠᠨ   ᠭᠠᠩ    ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ                                   ᠲᠤᠪᠴᠢᠶᠠᠨ ᠲᠠᠷᠤᠭ᠎ᠠ             ᠵᠠᠩ     ᠸᠧᠢ   ᠽᠠᠢ    ᠲᠤᠳᠤᠭᠠᠲᠤ ᠶᠢ ᠬᠠᠮᠠᠭᠠᠯᠠᠬᠤ ᠲᠤᠪᠴᠢᠶᠠᠨ ᠲᠡᠳ᠋ ᠲᠠᠷᠤᠭ᠎ᠠ             ᠯᠢ           ᠭᠦᠸᠧ   ᠭᠠᠶᠢᠯᠢ ᠶᠢᠨ ᠶᠠᠪᠤᠳᠠᠯ ᠤᠨ ᠲᠤᠪᠴᠢᠶᠠᠨ ᠲᠠᠷᠤᠭ᠎ᠠ             ᠯᠢ            ᠭᠠᠩ   ᠤᠷᠤᠨ ᠨᠤᠲᠤᠭ ᠤᠨ ᠭᠠᠶᠢᠯᠢ ᠶᠢᠨ ᠶᠠᠪᠤᠳᠠᠯ ᠤᠨ                                  ᠲᠤᠪᠴᠢᠶᠠᠨ ᠲᠠᠷᠤᠭ᠎ᠠ             ᠡᠾᠧ ᠵᠢᠶᠦ᠋ᠨ ᠴᠢᠶᠠᠩ   ᠠᠵᠤ ᠦᠢᠯᠡᠳᠪᠦᠷᠢ ᠬᠤᠳᠠᠯᠳᠤᠭᠠᠨ ᠤ ᠲᠤᠪᠴᠢᠶᠠᠨ ᠲᠠᠷᠤᠭ᠎ᠠ             ᠯᠢᠤ   ᠢᠦᠢ    ᠶᠤᠤ    ᠭᠠᠯ ᠤᠨᠲᠠᠷᠠᠭᠠᠬᠤ ᠶᠡᠭᠡ ᠠᠩᠬᠢ ᠶᠢᠨ ᠲᠠᠷᠤᠭ᠎ᠠ             ᠯᠢᠤ   ᠳ᠋ᠢᠩ   ᠢᠤᠢ     ᠲᠤᠮᠲᠠᠲᠤ ᠤᠯᠤᠰ ᠤᠨ ᠠᠷᠠᠳ ᠤᠨ ᠪᠠᠩᠬᠢ ᠶᠢᠨ ᠡᠵᠡᠨ ᠬᠤᠷᠤᠭ᠎ᠠ                                   ᠬᠤᠰᠢᠭᠤᠨ ᠤ ᠬᠤᠪᠢᠶᠠᠷᠢ ᠪᠠᠩᠬᠢ ᠶᠢᠨ ᠲᠠᠷᠤᠭ᠎ᠠ             ᠡᠾᠤ   ᠱᠢ   ᠵᠢᠶᠦ᠋ᠨ   ᠤᠷᠳᠤᠰ ᠤᠨ  ᠪᠠᠩᠬᠢ ᠳᠤ ᠬᠢᠨᠠᠯᠲᠠ ᠲᠠᠯᠪᠢᠬᠤ ᠲᠤᠪᠴᠢᠶᠠᠨ ᠤ                                   ᠡᠵᠡᠨ ᠬᠤᠷᠤᠭ᠎ᠠ ᠬᠤᠰᠢᠭᠤᠨ ᠤ ᠬᠡᠷᠡᠭ ᠡᠷᠬᠢᠯᠡᠬᠦ                                   ᠭᠠᠵᠠᠷ ᠤᠨ ᠡᠷᠬᠢᠯᠡᠭᠴᠢ             ᠯᠢ  ᠰᠧᠩ   ᠯᠢᠶᠠᠩ     ᠦᠪᠦᠷ ᠮᠤᠩᠭᠤᠯ ᠤᠨ ᠳ᠋ᠦᠩ ᠱᠧᠩ ᠨᠡᠭᠦᠷᠡᠰᠦᠨ ᠤ ᠪᠦᠷᠢᠨ ᠪᠤᠰᠤ                                   ᠺᠤᠮᠫᠠᠨᠢ ᠶᠢᠨ ᠲᠠᠭᠠᠭᠠᠮᠠᠯ             ᠰᠢᠸᠧ  ᠸᠧᠨ ᠵᠢᠶᠦ᠋ᠨ  ᠬᠦᠳᠡᠭᠡ ᠲᠤᠰᠬᠤᠨ ᠤ ᠢᠳᠡᠭᠡᠮᠵᠢ ᠶᠢᠨ ᠬᠤᠯᠪᠤᠭᠠᠲᠤ ᠬᠤᠷᠰᠢᠶ᠎ᠠ ᠶᠢᠨ                                    ᠡᠷᠬᠢᠯᠡᠭᠴᠢ             ᠵᠠᠩ   ᠼᠧᠩ   ᠴᠢ     ᠬᠦᠳᠡᠭᠡ ᠲᠤᠰᠬᠤᠨ ᠤ ᠢᠳᠡᠭᠡᠮᠵᠢ ᠶᠢᠨ ᠬᠤᠯᠪᠤᠭᠠᠲᠤ ᠬᠤᠷᠰᠢᠶ᠎ᠠ ᠶᠢᠨ                                   ᠠᠵᠢᠯᠴᠢᠨ ᠤ ᠡᠪᠯᠡᠯ ᠤᠨ ᠲᠡᠷᠢᠭᠦᠯᠡᠭᠴᠢ ᠵᠢᠴᠢ ᠲᠤᠰᠢᠶᠠᠯ                                   ᠬᠠᠪᠰᠤᠷᠭᠠᠭᠰᠠᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ      ᠪᠡᠯᠡᠳᠬᠡᠨ ᠪᠠᠶᠢᠭᠤᠯᠬᠤ ᠠᠵᠢᠯ ᠤᠨ ᠤᠳᠤᠷᠢᠳᠬᠤ ᠲᠤᠭᠤᠶᠢᠯᠠᠩ ᠤᠨ ᠭᠤᠤᠯ ᠪᠤᠯᠬᠤ ᠲᠤᠰᠢᠶᠠᠯ ᠬᠠᠷᠢᠭᠤᠴᠠᠯᠭ᠎ᠠ ᠪᠤᠯ‌ᠡᠵᠡᠨ ᠬᠤᠷᠤᠭ᠎ᠠ ᠶᠢᠨ ᠯᠢᠤ ᠯᠢᠶᠠᠩ ᠲᠤᠰᠬᠤᠨ ᠪᠠᠯᠭᠠᠰᠤᠨ ᠤ ᠪᠠᠩᠬᠢ ᠶᠢᠨ ᠪᠤᠯᠤᠮᠵᠢᠲᠤ ᠴᠢᠨᠠᠷ ᠎ ᠲᠠᠢ ᠪᠠᠶᠢᠴᠠᠭᠠᠯᠲᠠ ᠶᠢ ᠵᠤᠬᠢᠶᠠᠨ ᠪᠠᠶᠢᠭᠤᠯᠬᠤ ᠠᠵᠢᠯ ᠤᠨ ᠲᠤᠮᠲᠠᠬᠢ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠪᠤᠯᠤᠨ ᠠᠰᠠᠭᠤᠳᠠᠯ ᠢ ᠰᠤᠳᠤᠯᠨ ᠰᠢᠢᠳᠪᠦᠷᠢᠯᠡᠬᠦ︔      ᠪᠡᠯᠡᠳᠬᠡᠨ ᠪᠠᠶᠢᠭᠤᠯᠬᠤ ᠠᠵᠢᠯ ᠤᠨ ᠲᠦᠰᠦᠯ ᠢ ᠲᠤᠭᠤᠷᠪᠢᠨ ᠪᠢᠴᠢᠬᠦ︔ ᠡᠯ᠎ᠡ ᠪᠠᠶᠢᠭᠤᠯᠭ᠎ᠠ ᠶᠢᠨ ᠬᠤᠭᠤᠷᠤᠯᠳᠦᠬᠢ ᠬᠠᠮᠢᠶ᠎ᠠ ᠪᠦᠬᠦᠢ ᠲᠦᠭᠦᠷᠦᠮᠵᠢ ᠬᠢᠭᠡᠳ ᠬᠠᠮᠵᠢᠯᠴᠠᠨ ᠠᠵᠢᠯᠯᠠᠬᠤ ᠶᠢ ᠵᠤᠬᠢᠴᠠᠭᠤᠯᠤᠨ ᠵᠢᠯᠤᠭᠤᠳᠬᠤ ︔ ᠰᠤᠭᠷᠠᠭ ᠵᠠᠩᠬᠢ ᠶᠢ ᠴᠤᠭᠯᠠᠭᠤᠯᠬᠤ᠂ ᠲᠢᠭᠯᠡᠬᠦ᠂ ᠬᠠᠷᠢᠭᠤ ᠲᠤᠰᠬᠠᠵᠤ᠂ ᠭᠠᠳᠠᠭᠰᠢ ᠤᠬᠠᠭᠤᠯᠬᠤ ᠠᠵᠢᠯ ᠢ ᠪᠤᠲᠠᠲᠠᠢ ᠦᠷᠨᠢᠭᠦᠯᠦᠨ᠎ᠡ᠃      ᠪᠡᠯᠡᠳᠬᠡᠨ ᠪᠠᠶᠢᠭᠤᠯᠬᠤ ᠤᠳᠤᠷᠢᠳᠬᠤ ᠲᠤᠭᠤᠶᠢᠯᠠᠩ ᠤᠨ ᠠᠯᠪᠠᠡ ᠭᠡᠷ ᠢ ᠪᠠᠶᠢᠭᠤᠯᠵᠤ᠂ ᠠᠯᠪᠠᠨ ᠭᠡᠷ ᠢ ᠬᠤᠰᠢᠭᠤ ᠬᠦᠳᠡᠭᠡ ᠲᠤᠰᠬᠤᠨ ᠤ ᠢᠳᠡᠭᠡᠮᠵᠢ ᠶᠢᠨ ᠬᠤᠯᠪᠤᠭᠠᠲᠤ ᠬᠤᠷᠰᠢᠶ᠎ᠠ ᠳᠤ ᠭᠠᠷᠭᠠᠨ ᠠᠯᠪᠠᠨ ᠭᠡᠷ ᠤᠨ ᠡᠷᠬᠢᠯᠡᠭᠴᠢ ᠶᠢ ᠸᠠᠩ ᠲᠢᠶᠧ ᠵᠤ᠋ ᠬᠠᠪᠰᠤᠷᠭᠠᠨ᠎ᠠ᠃      ᠠᠯᠪᠠᠨ ᠭᠡᠷ ᠤᠨ ᠭᠤᠤᠯ ᠪᠤᠯᠬᠤ ᠲᠤᠰᠢᠶᠠᠯ ᠬᠠᠷᠢᠭᠤᠴᠠᠯᠭ᠎ᠠ᠄ ᠡᠵᠡᠨ ᠬᠤᠷᠤᠭ᠎ᠠ ᠶᠢᠨ ᠯᠢᠤ ᠯᠢᠩ ᠲᠤᠰᠬᠤᠨ ᠪᠠᠯᠭᠠᠰᠤᠨ ᠤ ᠪᠠᠩᠬᠢ ᠶᠢ ᠪᠡᠯᠡᠳᠬᠡᠨ ᠪᠠᠶᠢᠭᠤᠯᠬᠤ ᠠᠵᠢᠯ ᠤᠨ ᠤᠳᠤᠷᠢᠳᠬᠤ ᠲᠤᠭᠤᠶᠢᠯᠠᠩ ᠤᠨ ᠡᠯ᠎ᠡ ᠲᠦᠷᠦᠯ ᠤᠨ ᠲᠤᠭᠲᠠᠭᠠᠯ᠂ ᠲᠦᠷᠦ ᠶᠢᠨ ᠪᠤᠳᠤᠯᠭ᠎ᠠ ᠪᠤᠯᠤᠨ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠦᠷᠢᠵᠢᠭᠤᠯᠨ᠎ᠠ︔      ᠠᠵᠢᠯ ᠤᠨ ᠤᠳᠤᠷᠢᠳᠬᠤ ᠲᠤᠭᠤᠶᠢᠯᠠᠩ ᠤᠨ ᠨᠡᠶᠢᠳᠠᠯᠭ᠎ᠠ ᠶᠢ ᠬᠦᠯᠢᠶᠡᠵᠦ ᠭᠠᠳᠠᠭᠰᠢ ᠬᠠᠷᠢᠯᠴᠠᠬᠤ ᠪᠠ ᠪᠤᠲᠠᠲᠠᠢ ᠤᠴᠢᠷ ᠢ ᠵᠤᠬᠢᠴᠠᠭᠤᠯᠬᠤ ᠶᠢ ᠬᠠᠷᠢᠭᠤᠴᠠᠨ᠎ᠠ︔ ᠮᠡᠳᠡᠭᠦᠯᠬᠦ ᠮᠠᠲ᠋ᠧᠷᠢᠶᠠᠯ ᠢ ᠲᠡᠭᠡᠭᠰᠢ ᠮᠡᠳᠡᠭᠦᠯᠦᠨ᠎ᠡ︔ ᠲᠤᠰᠬᠠᠢ ᠰᠡᠲᠤᠪᠲᠦ ᠲᠤᠪᠴᠢ ᠰᠤᠨᠢᠨ᠂ ᠳ᠋ᠦᠩᠨᠡᠯᠲᠡ ᠵᠡᠷᠭᠡ ᠶᠢ ᠨᠡᠶᠢᠷᠠᠭᠤᠯᠤᠨ ᠨᠡᠶᠢᠲᠡᠯᠡᠨ᠎ᠡ︔ ᠭᠠᠳᠠᠭᠰᠢ ᠤᠬᠠᠭᠤᠯᠬᠤ ᠠᠵᠢᠯ ᠢ ᠪᠤᠲᠠᠲᠠᠢ ᠦᠷᠨᠢᠭᠦᠯᠦᠨ᠎ᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号