ᠲᠤᠭᠠᠴᠠᠯᠠᠭᠰᠠᠨ ᠡᠵᠡᠨ ᠬᠤᠷᠤᠭ᠎ᠠ ᠶᠢᠨ ᠨᠢᠬᠡᠳᠦᠬᠡᠷ ᠪᠦᠯᠦᠭ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠲᠦᠷᠬᠡᠳᠬᠡᠬᠦ ᠬᠡᠷᠡᠭᠵᠢᠬᠦᠯᠦᠯᠳᠡ ᠶᠢᠨ ᠲᠦᠰᠦᠯ ᠢ ᠲᠠᠷᠤᠮᠠᠯᠯᠠᠨ ᠲᠠᠷᠬᠠᠭᠠᠬᠤ ᠲᠤᠬᠠᠢ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2011-04-09
                    ᠡᠵᠡᠨ ᠵᠠᠰᠠᠭ ᠠᠯᠪᠠᠨ ᠲᠠᠷᠬᠠᠭᠠᠬᠤ〔  2011〕32 ᠳ᠋ᠤᠭᠠᠷ ᠲᠤᠭᠠᠳᠤᠡᠯ᠎ᠠ ᠪᠠᠯᠭᠠᠰᠤᠨ ᠤ ᠵᠠᠰᠠᠭ ᠤᠨ ᠤᠷᠳᠤᠨ᠂ ᠬᠤᠰᠢᠭᠤ ᠵᠠᠰᠠᠭ ᠤᠨ ᠤᠷᠳᠤᠨ ᠤ ᠡᠯ᠎ᠠ ᠪᠠᠶᠢᠭᠤᠯᠭ᠎ᠠ᠂ ᠡᠯ᠎ᠠ ᠰᠢᠭᠤᠳ ᠬᠠᠷᠢᠶ᠎ᠠ ᠨᠢᠬᠡᠴᠢ᠄      ᠮᠠᠨ ᠤ ᠬᠤᠰᠢᠭᠤᠨ ᠤ ᠰᠤᠷᠠᠭ ᠵᠠᠩᠬᠢᠴᠢᠯᠠᠯᠳᠠ ᠶᠢᠨ ᠠᠬᠢᠴᠠ ᠶᠢ ᠤᠯᠠᠮ ᠨᠢᠬᠡ ᠠᠯᠬᠤᠮ ᠲᠦᠷᠬᠡᠳᠬᠡᠵᠤ᠂ ᠲᠤᠭᠠᠴᠠᠯᠠᠭᠰᠠᠨ ᠡᠵᠡᠨ ᠬᠤᠷᠤᠭᠠᠨ ᠤ ᠢᠨᠵᠧᠨᠧᠷᠢᠩ ᠤᠨ ᠪᠦᠳᠦᠬᠡᠨ ᠪᠠᠶᠢᠭᠤᠯᠤᠯᠳᠠ ᠶᠢ ᠡᠮᠬᠢ ᠲᠢᠭᠯᠢᠮ ᠲᠠᠢ ᠪᠠᠷ ᠲᠦᠯᠬᠢᠨ ᠠᠬᠢᠭᠤᠯᠬᠤ ᠶᠢᠨ ᠲᠤᠯᠠᠳᠠ᠂ ᠬᠤᠰᠢᠭᠤ ᠠᠷᠠᠳ ᠤᠨ ᠵᠠᠰᠠᠭ ᠤᠨ ᠤᠷᠳᠤᠨ ᠠᠴᠠ ᠶᠠᠷᠢᠯᠴᠠᠭᠠᠳ᠂《  ᠲᠤᠭᠠᠴᠢᠯᠠᠭᠰᠠᠨ ᠡᠵᠡᠨ ᠬᠤᠷᠤᠭ᠎ᠠ 》᠎ ᠶᠢᠨ ᠢᠨᠵᠧᠨᠧᠷᠢᠩ ᠢ ᠡᠨᠡ ᠵᠢᠯ ᠤᠨ ᠮᠠᠨ ᠤ ᠬᠤᠰᠢᠭᠤᠨ ᠤ ᠭᠤᠤᠯ ᠪᠤᠯᠬᠤ ᠲᠦᠷᠦᠯ ᠵᠦᠢᠯ ᠤᠨ ᠨᠢᠬᠡ ᠪᠠᠷ ᠲᠤᠭᠳᠠᠭᠠᠵᠤ᠂ ᠡᠳᠦᠬᠡ 《  ᠲᠤᠭᠠᠴᠢᠯᠠᠭᠰᠠᠨ ᠡᠵᠡᠨ  ᠬᠤᠷᠤᠭ᠎ᠠ ᠶᠢᠨ ᠨᠢᠬᠡᠳᠦᠬᠡᠷ ᠪᠦᠯᠦᠭ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠲᠦᠷᠬᠡᠳᠬᠡᠬᠦ ᠬᠡᠷᠡᠭᠵᠢᠬᠦᠯᠦᠯᠳᠡ ᠶᠢᠨ ᠲᠦᠰᠦᠯ 》᠎ ᠢ ᠲᠠ ᠨᠠᠷ ᠲᠤ ᠲᠠᠷᠤᠮᠠᠯᠯᠠᠨ ᠲᠠᠷᠬᠠᠭᠠᠪᠠ᠃ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠤ ᠨᠠᠷᠢᠨ ᠬᠢᠨᠠᠮᠠᠭᠠᠢ ᠵᠢᠷᠤᠮᠯᠠᠨ ᠬᠡᠷᠡᠭᠵᠢᠬᠦᠯᠦᠰᠦᠬᠡᠢ᠃                                                  2011 ᠤᠨ ᠤ 4 ᠰᠠᠷ᠎ᠠ ᠶᠢᠨ 9᠎ ᠤ ᠡᠳᠤᠷ      ᠮᠠᠨ ᠤ ᠬᠤᠰᠢᠭᠤᠨ ᠤ ᠪᠠᠨ ᠬᠤᠳᠠ ᠶᠢᠨ ᠰᠤᠷᠠᠭ ᠵᠠᠩᠬᠢᠴᠢᠯᠠᠯᠳᠠ ᠶᠢᠨ ᠬᠠᠮᠢᠶᠠᠷᠤᠯᠳᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠲᠡᠬᠡᠭᠰᠢᠯᠡᠬᠦᠯᠵᠤ᠂ ᠤᠳᠤᠬᠢᠴᠢᠯᠠᠭᠰᠠᠨ ᠬᠤᠳᠠ ᠶᠢᠨ ᠰᠤᠷᠠᠭ ᠵᠠᠩᠬᠢᠴᠢᠯᠠᠯᠳᠠ ᠶᠢᠨ ᠠᠵᠢᠯ ᠢ ᠠᠵᠤ ᠦᠢᠯᠡᠳᠪᠦᠷᠢᠵᠢᠯᠳᠡ ᠪᠤᠯᠤᠨ ᠬᠤᠳᠠ ᠪᠠᠯᠭᠠᠰᠤᠵᠢᠯᠳᠠ ᠶᠢᠨ ᠪᠦᠳᠦᠬᠡᠨ ᠪᠠᠶᠢᠭᠤᠯᠳᠠ ᠶᠢ ᠲᠦᠷᠬᠡᠳᠬᠡᠬᠦ ᠲᠠᠯ᠎ᠠ ᠪᠠᠷ ᠬᠢ ᠯᠤᠳᠤ ᠶᠡᠭᠡ ᠦᠢᠯᠡᠳᠦᠯ ᠢ ᠬᠦᠢᠴᠡᠳ ᠪᠠᠳᠠᠷᠠᠭᠤᠯᠵᠤ᠂ ᠪᠦᠬᠦ ᠬᠤᠳᠠ ᠶᠢᠨ ᠭᠤᠤᠯᠳᠠᠯᠭᠠᠳᠤ ᠲᠤᠭᠤᠷᠢᠭ ᠤᠨ ᠰᠤᠷᠠᠭ ᠵᠠᠩᠬᠢᠴᠢᠯᠠᠯᠳᠠ ᠶᠢᠨ ᠪᠦᠳᠦᠬᠡᠨ ᠪᠠᠶᠢᠭᠤᠯᠤᠯᠳᠠ ᠶᠢᠨ ᠪᠦᠬᠦᠯᠢ ᠴᠤᠭᠴᠠ ᠳᠤ ᠢᠳᠡᠪᠬᠢᠳᠠᠢ ᠨᠡᠶᠢᠴᠡᠬᠦᠯᠵᠤ᠂ ︽ᠲᠤᠭᠠᠴᠢᠯᠠᠭᠰᠠᠨ ᠡᠵᠡᠨ ᠬᠤᠷᠤᠭ᠎ᠠ  ︾᠎ ᠶᠢᠨ ᠢᠨᠵᠧᠨᠧᠷᠢᠩ ᠤᠨ ᠠᠬᠢᠴᠠ ᠶᠢ ᠤᠯᠠᠮ ᠨᠢᠬᠡ ᠠᠯᠬᠤᠮ ᠲᠦᠷᠬᠡᠳᠬᠡᠨ᠂ ᠢᠨᠵᠧᠨᠧᠷᠢᠩ ᠤᠨ ᠪᠦᠳᠦᠬᠡᠨ ᠪᠠᠶᠢᠭᠤᠯᠤᠯᠳᠠ ᠶᠢᠨ ᠶᠠᠰᠤ ᠴᠢᠨᠠᠷ ᠪᠤᠯᠤᠨ ᠬᠢᠷᠢ ᠲᠦᠪᠰᠢᠨ ᠢ ᠲᠡᠬᠡᠭᠰᠢᠯᠡᠬᠦᠯᠬᠦ ᠶᠢᠨ ᠲᠤᠯᠠᠳᠠ ᠤᠷᠳᠤᠰ ᠬᠤᠳᠠ ᠶᠢᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ︽ᠲᠤᠭᠠᠴᠢᠯᠠᠭᠰᠠᠨ ᠤᠷᠳᠤᠰ  ᠤᠨ ᠪᠦᠳᠦᠬᠡᠨ ᠪᠠᠶᠢᠭᠤᠯᠤᠯᠳᠠ ᠶᠢ ᠲᠦᠷᠬᠡᠳᠬᠡᠨ ᠠᠬᠢᠭᠤᠯᠬᠤ ᠲᠤᠬᠠᠢ ᠵᠢᠯᠤᠭᠤᠳᠬᠤ ᠰᠠᠨᠠᠯ 》 ︵ᠤᠷᠳᠤᠰ ᠵᠠᠰᠠᠭ ᠠᠯᠪᠠᠨ ᠲᠠᠷᠬᠠᠭᠠᠭᠰᠠᠨ〔2009〕89 ᠳ᠋ᠦ᠋ᠬᠡᠷ ᠲᠤᠭᠠᠳᠤ︶ ᠪᠢᠴᠢᠭ ᠮᠠᠲ᠋ᠧᠷᠢᠶᠠᠯ ᠤᠨ ᠬᠠᠮᠢᠶ᠎ᠠ ᠪᠦᠬᠦᠢ ᠱᠠᠭᠠᠷᠳᠠᠯᠭ᠎ᠠ ᠪᠤᠯᠤᠨ《 ᠲᠤᠭᠠᠴᠢᠯᠠᠭᠰᠠᠨ ᠡᠵᠡᠨ ᠬᠤᠷᠤᠭ᠎ᠠ 》᠎ ᠶᠢᠨ ᠶᠡᠷᠦᠩᠬᠢ ᠲᠤᠬᠢᠷᠠᠭᠤᠯᠭ᠎ᠠ ᠪᠠᠶᠢᠷᠢᠯᠠᠭᠤᠯᠤᠯᠳᠠ ᠶᠢ ᠦᠨᠳᠦᠰᠦᠯᠡᠨ᠂ ᠮᠠᠨ ᠤ ᠬᠤᠰᠢᠭᠤᠨ ᠤ ᠪᠠᠨ ᠪᠤᠳᠠᠳᠠᠢ ᠲᠠᠢ ᠤᠶᠠᠯᠳᠤᠭᠤᠯᠵᠤ᠂ ᠤᠨᠴᠠᠭᠠᠢ ᠲᠤᠰ ᠬᠡᠷᠡᠭᠵᠢᠬᠦᠯᠦᠯᠳᠡ ᠶᠢᠨ ᠲᠦᠰᠦᠯ ᠢ ᠲᠤᠭᠳᠠᠭᠠᠪᠠ᠃      ᠨᠢᠬᠡ᠂ ᠵᠢᠯᠤᠭᠤᠳᠬᠤ ᠦᠵᠡᠯ ᠰᠠᠨᠠᠭ᠎ᠠ᠂  ᠶᠡᠷᠦᠩᠬᠡᠢ ᠬᠠᠷᠠᠯᠳᠠ ᠪᠠ ᠦᠨᠳᠦᠰᠦᠨ ᠵᠠᠷᠴᠢᠮ      ︵ᠨᠢᠬᠡ︶ ᠵᠢᠯᠤᠭᠤᠳᠬᠤ ᠦᠵᠡᠯ ᠰᠠᠨᠠᠭ᠎ᠠ᠄ ᠳ᠋ᠧᠩ ᠰᠢᠶᠤᠤ ᠫᠢᠩ ᠤᠨ ᠤᠨᠤᠯ ᠪᠤᠯᠤᠨ《 ᠭᠤᠷᠪᠠ ᠶᠢ ᠲᠦᠯᠦᠬᠡᠯᠡᠬᠦ 》 ᠴᠢᠬᠤᠯᠠ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ ᠶᠢ ᠬᠦᠨᠵᠡᠬᠡᠢ ᠲᠤᠤᠱᠠᠯᠠᠭᠤᠯᠤᠨ 《 ᠲᠤᠭᠠᠴᠢᠯᠠᠭᠰᠠᠨ ᠤᠷᠳᠤᠰ ᠢ ᠪᠦᠳᠦᠬᠡᠨ ᠪᠠᠶᠢᠭᠤᠯᠬᠤ  ᠶᠡᠷᠦᠩᠬᠡᠢ ᠲᠦᠯᠦᠪᠵᠢᠬᠦᠯᠬᠡ 》 ᠶᠤᠰᠤᠭᠠᠷ ᠬᠦᠮᠦᠨ ᠢᠶᠠᠷ ᠦᠨᠳᠦᠰᠤ ᠪᠤᠯᠭᠠᠨ᠂ ᠡᠵᠡᠨ ᠮᠡᠳᠡᠨ ᠰᠢᠨ᠎ᠠ ᠶᠢ ᠡᠬᠦᠳᠬᠦ ᠶᠢ ᠪᠠᠷᠢᠮᠳᠠᠯᠠᠵᠤ᠂ ᠡᠵᠡᠨ ᠬᠤᠷᠤᠭ᠎ᠠ ᠬᠤᠰᠢᠭᠤᠨ ᠤ ᠠᠵᠤ ᠠᠬᠤᠢ ᠶᠢᠨ ᠪᠠᠶᠢᠭᠤᠯᠤᠯᠳᠠ᠂ ᠨᠡᠶᠢᠬᠡᠮ ᠤᠨ ᠬᠦᠭᠵᠢᠯᠳᠡ ᠬᠢᠬᠡᠳ ᠠᠷᠠᠳ ᠤᠨ ᠠᠮᠢᠳᠤᠷᠠᠯ ᠤᠨ ᠬᠡᠷᠡᠭᠴᠡᠭᠡ ᠲᠠᠢ ᠨᠢᠭᠳᠠ ᠤᠶᠠᠯᠳᠤᠭᠤᠯᠵᠤ᠂ ᠲᠤᠭᠠᠴᠢᠯᠠᠭᠰᠠᠨ ᠢᠨᠵᠧᠨᠧᠷᠢᠩ ᠤᠨ ᠰᠠᠭᠤᠷᠢ ᠲᠦᠬᠦᠬᠡᠷᠦᠮᠵᠢ ᠶᠢᠨ ᠪᠠᠶᠢᠭᠤᠯᠤᠯᠳᠠ ᠶᠢᠨ ᠡᠷᠴᠢᠮ ᠢᠶᠠᠨ ᠲᠠᠰᠤᠷᠠᠯᠳᠠ ᠦᠬᠡᠢ ᠨᠡᠮᠡᠭᠳᠡᠬᠦᠯᠦᠨ᠂ ᠲᠤᠭᠠᠴᠢᠯᠠᠭᠰᠠᠨ ᠢᠨᠵᠧᠨᠧᠷᠢᠩ ᠤᠨ ᠬᠡᠷᠡᠭᠯᠡᠯᠳᠡ ᠶᠢ ᠦᠨᠡᠨᠬᠦ ᠴᠢᠩᠭᠠᠳᠬᠠᠵᠤ᠂ ᠮᠠᠨ ᠤ ᠬᠤᠰᠢᠭᠤᠨ ᠤ ᠠᠵᠤ ᠠᠬᠤᠢ ᠨᠡᠶᠢᠬᠡᠮ ᠤᠨ ᠡᠯ᠎ᠡ ᠲᠦᠷᠦᠯ ᠤᠨ ᠠᠵᠢᠯ ᠦᠢᠯᠡᠰ ᠤᠨ ᠬᠦᠭᠵᠢᠯᠳᠡ ᠳᠤ ᠰᠤᠷᠠᠭ ᠵᠠᠩᠬᠢᠴᠢᠯᠠᠯᠳᠠ ᠶᠢᠨ ᠲᠤᠯᠭᠠᠭᠤᠷᠢ ᠪᠠ ᠪᠠᠳᠤᠯᠭ᠎ᠠ ᠶᠢ ᠬᠠᠩᠭᠠᠬᠤ ᠬᠡᠷᠡᠭᠳᠠᠢ᠃      ︵ᠬᠤᠶᠠᠷ︶  ᠶᠡᠷᠦᠩᠬᠡᠢ ᠬᠠᠷᠠᠯᠳᠠ᠄ ᠪᠦᠬᠦ ᠬᠤᠰᠢᠭᠤᠨ ᠤ《12.5》᠎ ᠤᠨ ᠬᠦᠭᠵᠢᠯᠳᠡ ᠲᠦᠯᠦᠪᠵᠢᠬᠦᠯᠦᠬᠡ ᠪᠠᠷ ᠰᠠᠭᠤᠷᠢ ᠪᠤᠯᠭᠠᠵᠤ᠂ ᠡᠯ᠎ᠠ ᠪᠠᠶᠢᠭᠤᠯᠭ᠎ᠠ᠂ ᠡᠯ᠎ᠠ ᠨᠢᠬᠡᠴᠢ ᠬᠦᠴᠦ ᠪᠠᠨ ᠨᠢᠬᠡᠳᠬᠡᠨ ᠬᠠᠮᠳᠤᠷᠠᠨ ᠠᠵᠢᠯᠯᠠᠵᠤ᠂ ᠠᠬᠢᠴᠠ ᠪᠠᠨ ᠲᠦᠷᠬᠡᠳᠬᠡᠨ᠂ ᠵᠢᠯ ᠤᠨ ᠡᠴᠦᠰ ᠪᠤᠯᠳᠠᠯ᠎ᠠ ᠠᠩᠬ᠎ᠠ ᠠᠯᠬᠤᠮ ᠲᠤᠳᠤᠭᠠᠳᠤ ᠶᠢ ᠬᠠᠮᠠᠭᠠᠯᠬᠤ ᠮᠡᠷᠬᠡᠵᠢᠯ ᠤᠨ ᠰᠡᠷᠬᠡᠶᠢᠯᠡᠯᠳᠡ᠂ ᠲᠤᠭᠠᠴᠢᠯᠠᠭᠰᠠᠨ ᠬᠤᠳᠠ ᠶᠢᠨ ᠬᠠᠮᠢᠶᠠᠷᠤᠯᠳᠠ᠂ ᠵᠠᠮ ᠬᠠᠷᠢᠯᠴᠠᠭ᠎ᠠ ᠶᠢ ᠵᠢᠯᠤᠭᠤᠳᠬᠤ᠂ ᠪᠠᠴᠢᠮ ᠪᠠᠶᠢᠳᠠᠯ ᠢ ᠵᠢᠯᠤᠭᠤᠳᠬᠤ᠂ ᠰᠢᠨᠵᠢᠯᠡᠭᠡ ᠮᠡᠷᠬᠡᠵᠢᠯ ᠢᠶᠠᠷ ᠠᠷᠠᠳ ᠲᠤ ᠲᠦᠬᠦᠮ ᠦᠵᠡᠬᠦᠯᠬᠦ᠂ ᠡᠯᠧᠺᠲᠷᠦᠨ ᠵᠠᠰᠠᠭ ᠤᠨ ᠶᠠᠪᠣᠳᠠᠯ᠂ ᠭᠤᠤᠯᠳᠠᠯᠭᠠᠳᠤ ᠲᠦᠷᠦᠯ ᠵᠦᠢᠯ ᠤᠨ ᠬᠠᠮᠢᠶᠠᠷᠤᠯᠳᠠ᠂ ᠠᠶᠤᠯᠬᠦᠢ ᠦᠢᠯᠡᠳᠪᠦᠷᠢᠯᠡᠯ ᠡᠯᠧᠺᠲᠷᠤᠨ ᠬᠤᠳᠠᠯᠳᠤᠭᠠᠨ ᠤ ᠶᠠᠪᠤᠳᠠᠯ ᠵᠡᠷᠬᠡ ᠨᠢᠬᠡ ᠴᠤᠭᠴᠠᠵᠢᠭᠤᠯᠤᠭᠰᠠᠨ ᠪᠦᠬᠦ ᠬᠤᠰᠢᠭᠤᠨ ᠤ  ᠰᠤᠷᠠᠭ ᠵᠠᠩᠬᠢᠴᠢᠯᠠᠯᠳᠠ ᠶᠢᠨ ᠲᠤᠤᠷ ᠰᠦᠯᠵᠢᠶ᠎ᠠ ᠶᠢᠨ ᠲᠡᠪᠴᠠᠩ ᠢ ᠪᠦᠷᠢᠯᠳᠦᠬᠦᠯᠵᠤ᠂ ᠰᠤᠷᠠᠭ ᠵᠠᠩᠬᠢᠴᠢᠯᠠᠯᠳᠠ ᠶᠢᠨ ᠬᠠᠮᠢᠶᠠᠷᠤᠯᠳᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠲᠡᠬᠡᠭᠰᠢᠯᠡᠬᠦᠯᠬᠦ ᠬᠡᠷᠡᠭᠳᠠᠢ᠃      ︵ᠭᠤᠷᠪᠠ︶ ᠦᠨᠳᠦᠰᠦᠨ ᠵᠠᠷᠴᠢᠮ      ᠨᠢᠬᠡ᠂ ᠪᠦᠯᠦᠭ ᠬᠤᠪᠢᠶᠠᠨ ᠬᠡᠷᠡᠭᠵᠢᠬᠦᠯᠵᠤ᠂ ᠦᠯᠢᠬᠡᠷ ᠵᠢᠱᠢᠶ᠎ᠠ ᠪᠠᠷ ᠲᠠᠭᠠᠭᠤᠯᠬᠤ᠃《 ᠲᠤᠭᠠᠴᠢᠯᠠᠭᠰᠠᠨ ᠡᠵᠡᠨ ᠬᠤᠷᠤᠭ᠎ᠠ》᠎ ᠶᠢᠨ  ᠶᠡᠷᠦᠩᠬᠡᠢ ᠲᠦᠯᠦᠪᠵᠢᠬᠦᠯᠬᠡ ᠶᠤᠰᠤᠭᠠᠷ᠂ ᠨᠢᠬᠡ ᠪᠦᠯᠦᠭ ᠰᠠᠭᠤᠷᠢ ᠦᠢᠯᠡᠳᠦᠯ ᠢᠶᠠᠷ ᠴᠢᠩᠭ᠎ᠠ᠂ ᠬᠡᠷᠡᠭᠯᠡᠬᠦ ᠬᠡᠪᠴᠢᠶ᠎ᠠ ᠪᠠᠷ ᠦᠷᠬᠡᠨ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠢ ᠡᠩ ᠲᠡᠷᠢᠬᠦᠨ ᠳᠤ ᠰᠢᠯᠢᠨ ᠲᠤᠭᠳᠠᠭᠠᠵᠤ᠂ ᠲᠤᠷᠰᠢᠯᠳᠠ ᠶᠢᠨ ᠴᠢᠭ ᠢᠶᠠᠷ ᠲᠠᠭᠠᠭᠤᠯᠬᠤ ᠠᠯᠬᠤᠮ ᠬᠤᠪᠢᠶᠠᠨ ᠠᠬᠢᠭᠤᠯᠬᠤ᠂ ᠦᠷᠬᠡᠳᠬᠡᠨ ᠰᠤᠩᠭᠠᠭᠠᠬᠤ᠂ ᠪᠦᠬᠦ ᠲᠠᠯ᠎ᠠ ᠪᠠᠷ ᠲᠡᠬᠡᠭᠰᠢᠯᠡᠬᠦᠯᠬᠦ ᠠᠷᠭ᠎ᠠ ᠮᠠᠶ᠋ᠢᠭ ᠢ ᠠᠪᠴᠤ ᠤᠬᠤᠷᠬᠠᠨ ᠴᠠᠭ ᠤᠨ  ᠲᠤᠳᠤᠷ᠎ᠠ ᠵᠤᠬᠢᠬᠤ ᠦᠷ᠎ᠠ ᠪᠦᠳᠦᠮᠵᠢ ᠤᠯᠬᠤ ᠪᠠᠷ ᠴᠢᠷᠮᠠᠶᠢᠨ᠂ ᠪᠦᠬᠦ ᠬᠤᠰᠢᠭᠤᠨ ᠤ ᠰᠤᠷᠠᠭ ᠵᠠᠩᠬᠢᠴᠢᠯᠠᠯᠳᠠ ᠶᠢᠨ ᠢᠨᠵᠧᠨᠧᠷᠢᠩ ᠤᠨ ᠪᠦᠬᠦᠯᠢ ᠴᠤᠭᠴᠠ ᠶᠢ ᠲᠦᠯᠬᠢᠨ ᠠᠬᠢᠭᠤᠯᠬᠤ ᠳᠤ ᠪᠠᠳᠤ ᠰᠠᠭᠤᠷᠢ ᠶᠢ ᠲᠠᠯᠪᠢᠬᠤ ᠬᠡᠷᠡᠭᠳᠠᠢ᠃      ᠬᠤᠶᠠᠷ ᠲᠤ᠂ ᠪᠠᠷᠢᠮᠵᠢᠶ᠎ᠠ ᠪᠠᠷ ᠨᠢᠬᠡᠳᠬᠡᠵᠤ᠂ ᠡᠬᠢ ᠪᠠᠶᠠᠯᠢᠭ ᠢ ᠬᠠᠮᠳᠤᠪᠡᠷ ᠡᠳ᠋ᠯᠡᠬᠦ᠃ ᠪᠦᠬᠦ ᠬᠤᠰᠢᠭᠤᠨ ᠤ ᠨᠢᠬᠡᠳᠦᠯᠳᠠᠢ ᠲᠦᠷᠢᠮᠵᠢᠭᠰᠡᠨ ᠪᠠᠷᠢᠮᠵᠢᠶ᠎ᠠ ᠪᠤᠯᠤᠨ ᠠᠶᠤᠯᠬᠦᠢ ᠶᠢᠨ ᠰᠢᠰᠲ᠋ᠧᠮ ᠢ ᠪᠠᠶᠢᠭᠤᠯᠤᠨ ᠲᠡᠬᠦᠯᠳᠡᠷᠵᠢᠬᠦᠯᠵᠤ᠂ ᠤᠳᠤ ᠶᠢᠨ ᠪᠠᠶᠢᠭ᠎ᠠ ᠲᠤᠤᠷ ᠰᠦᠯᠵᠢᠶᠠᠨ ᠤ ᠡᠬᠢ ᠪᠠᠶᠠᠯᠢᠭ ᠪᠤᠯᠤᠨ ᠰᠤᠷᠠᠭ ᠵᠠᠩᠬᠢ ᠶᠢᠨ ᠡᠬᠢ ᠪᠠᠶᠠᠯᠢᠭ ᠶᠢᠨ ᠲᠤᠭ᠎ᠠ ᠪᠠᠷᠢᠮᠳᠠ ᠶᠢᠨ ᠡᠬᠢ ᠪᠠᠶᠠᠯᠢᠭ ᠤᠨ ᠤᠯᠠᠮ ᠨᠢᠬᠡ ᠠᠯᠬᠤᠮ ᠲᠦᠪᠯᠡᠷᠡᠬᠦᠯᠦᠨ ᠨᠡᠶᠢᠯᠡᠬᠦᠯᠬᠦ ᠶᠢᠨ ᠬᠠᠮᠳᠤ ᠲᠤᠭ᠎ᠠ ᠪᠠᠷᠢᠮᠳᠠ ᠶᠢ ᠬᠠᠮᠳᠤᠪᠡᠷ ᠡᠳ᠋ᠯᠡᠬᠦ ᠵᠤᠬᠢᠴᠠᠮᠵᠢ ᠶᠢ ᠪᠠᠶᠢᠭᠤᠯᠤᠨ ᠰᠤᠷᠠᠭ ᠵᠠᠩᠬᠢ ᠶᠢᠨ ᠰᠢᠰᠲ᠋ᠧᠮ ᠢ ᠬᠠᠷᠢᠯᠴᠠᠨ ᠬᠤᠯᠪᠤᠭᠠᠯᠵᠤ ᠬᠠᠷᠢᠯᠴᠠᠨ ᠨᠡᠪᠳᠡᠷᠡᠯᠴᠡᠬᠦ ᠶᠢ ᠠᠬᠢᠭᠤᠯᠵᠤ᠂ ᠬᠢᠵᠠᠭᠠᠷ ᠲᠠᠢ ᠡᠬᠢ ᠪᠠᠶᠠᠯᠢᠭ ᠢᠶᠠᠨ ᠬᠠᠮᠤᠭ ᠤᠨ ᠶᠡᠭᠡ ᠬᠡᠮᠵᠢᠶ᠎ᠠ ᠪᠠᠷ ᠦᠢᠯᠡᠳᠦᠯ ᠴᠢᠳᠠᠪᠤᠷᠢ ᠶᠢ ᠨᠢ ᠪᠠᠳᠠᠷᠠᠭᠤᠯᠬᠤ ᠬᠡᠷᠡᠭᠳᠠᠢ᠃      ᠭᠤᠷᠪᠠ ᠳᠤ᠂ ᠬᠡᠷᠡᠭᠯᠡᠬᠦ ᠶᠢ ᠲᠡᠷᠢᠬᠦᠨ ᠳᠤ ᠲᠠᠯᠪᠢᠵᠤ᠂ ᠪᠦᠬᠦ ᠠᠷᠠᠳ ᠲᠤ ᠠᠰᠢᠭ ᠬᠦᠷᠳᠡᠬᠡᠬᠦ᠃ ᠬᠡᠷᠡᠭᠴᠡᠭᠡ ᠱᠠᠭᠠᠷᠳᠠᠯᠭ᠎ᠠ ᠪᠠᠷ ᠭᠤᠤᠯᠯᠠᠭᠴᠢ ᠪᠤᠯᠭᠠᠵᠤ᠂ ᠬᠡᠷᠡᠭᠴᠡᠭᠡ ᠪᠠᠷ ᠬᠦᠭᠵᠢᠯᠳᠡ ᠶᠢ ᠠᠬᠢᠭᠤᠯᠵᠤ᠂ ᠰᠤᠷᠠᠭ ᠵᠠᠩᠬᠢᠴᠢᠯᠠᠯᠳᠠ ᠶᠢᠨ ᠮᠡᠷᠬᠡᠵᠢᠯ ᠤᠨ ᠠᠵᠤ ᠠᠬᠤᠢ ᠨᠡᠶᠢᠬᠡᠮ ᠤᠨ ᠡᠯ᠎ᠠ ᠬᠦᠷᠢᠶ᠎ᠠ ᠬᠡᠪᠴᠢᠶᠠᠨ ᠳᠠᠬᠢ ᠦᠷᠬᠡᠨ ᠲᠡᠯᠬᠡᠷᠡᠩᠬᠦᠢ ᠬᠡᠷᠡᠭᠴᠡᠭᠡ ᠶᠢ ᠲᠦᠯᠬᠢᠨ ᠠᠬᠢᠭᠤᠯᠵᠤ᠂ ᠦᠷᠬᠡᠨ ᠤᠯᠠᠨ ᠠᠷᠠᠳ ᠲᠦᠮᠡᠨ  ᠬᠡᠷᠡᠭᠯᠡᠵᠤ ᠪᠤᠯᠬᠤ ᠠᠷᠠᠳ ᠲᠤ ᠲᠦᠬᠦᠮ ᠦᠵᠡᠬᠦᠯᠬᠦ ᠲᠤᠭᠠᠴᠢᠯᠠᠭᠰᠠᠨ ᠦᠢᠯᠡᠴᠢᠯᠡᠬᠡᠨ ᠢ ᠦᠨᠡᠨᠬᠦ ᠪᠤᠢ ᠪᠤᠯᠭᠠᠬᠤ ᠬᠡᠷᠡᠭᠳᠠᠢ᠃      ᠬᠤᠶᠠᠷ᠂ ᠵᠤᠬᠢᠶᠠᠨ ᠪᠠᠶᠢᠭᠤᠯᠤᠯᠳᠠ ᠶᠢᠨ ᠪᠠᠶᠢᠭᠤᠯᠤᠮᠵᠢ      ᠲᠤᠭᠠᠴᠢᠯᠠᠭᠰᠠᠨ ᠡᠵᠡᠨ ᠬᠤᠷᠤᠭ᠎ᠠ ᠬᠤᠰᠢᠭᠤᠨ ᠤ ᠨᠢᠬᠡᠳᠦᠬᠡᠷ ᠪᠦᠯᠦᠭ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢᠨ ᠲᠦᠷᠬᠡᠳᠬᠡᠬᠦ ᠠᠵᠢᠯ ᠤᠨ ᠤᠳᠤᠷᠢᠳᠬᠤ ᠲᠤᠭᠤᠶᠢᠯᠠᠩ ᠢ ᠪᠠᠶᠢᠭᠤᠯᠵᠤ᠂ ᠪᠦᠷᠢᠯᠳᠦᠬᠦᠨ ᠨᠢ ᠲᠤᠤᠷᠠᠬᠢ ᠮᠡᠳᠤᠲᠤᠭᠤᠶᠢᠯᠠᠩ ᠤᠨ ᠲᠠᠷᠤᠭ᠎ᠠ᠄                 ᠯᠢᠦ ᠵᠢᠶᠠᠨ ᠰᠢᠶᠦ᠋ᠩ    ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠠᠰᠠᠭ ᠤᠨ ᠤᠷᠳᠤᠨ ᠤ ᠬᠤᠰᠢᠭᠤ ᠲᠡᠳ᠋ ᠲᠠᠷᠤᠭ᠎ᠠᠲᠤᠭᠤᠶᠢᠯᠠᠩ ᠤᠨ ᠲᠡᠳ᠋ ᠲᠠᠷᠤᠭ᠎ᠠ᠄                 ᠴᠢᠤ  ᠎ ᠶᠢᠨ   ᠬᠤᠸᠠ    ᠲᠤᠳᠤᠭᠠᠳᠤ ᠶᠢ ᠬᠠᠮᠠᠭᠠᠯᠠᠬᠤ ᠲᠤᠪᠴᠢᠶᠠᠨ ᠲᠠᠷᠤᠭ᠎ᠠ               ᠸᠠᠩ         ᠬᠤᠸᠠ    ᠵᠠᠰᠠᠭ ᠤᠨ ᠤᠷᠳᠤᠨ ᠤ ᠠᠯᠪᠠᠨ ᠬᠡᠷ ᠤᠨ ᠡᠷᠬᠢᠯᠡᠭᠴᠢ               ᠵᠢᠩ   ᠳ᠋ᠧ  ᠴᠢᠶᠠᠩ    ᠨᠠᠮ ᠤᠨ ᠬᠤᠷᠢᠶᠠᠨ ᠤ ᠠᠯᠪᠠᠨ ᠬᠡᠷ ᠤᠨ ᠲᠡᠳ᠋ ᠡᠷᠬᠢᠯᠡᠭᠴᠢ᠂ ᠵᠤᠴᠢᠯᠠᠬᠤ ᠠᠯᠪᠠᠨ ᠬᠡᠷ ᠤᠨ ᠡᠷᠬᠢᠯᠡᠭᠴᠢ               ᠵᠠᠩ   ᡁᠢ   ᠵᠢᠶᠦ᠋ᠨ    ᠵᠠᠰᠠᠭ ᠤᠨ ᠤᠷᠳᠤᠨ ᠤ ᠠᠯᠪᠠᠨ ᠬᠡᠷ ᠤᠨ ᠲᠡᠳ᠋ ᠡᠷᠬᠢᠯᠡᠭᠴᠢ ᠰᠤᠳᠤᠯᠬᠤ ᠲᠠᠰᠤᠭ ᠤᠨ ᠡᠷᠬᠢᠯᠡᠭᠴᠢ               ᠸᠠᠩ   ᠱᠣᠣ  ᠪᠦᠸᠧ    ᠵᠠᠰᠠᠭ ᠤᠨ ᠤᠷᠳᠤᠨ ᠤ ᠠᠯᠪᠠᠨ ᠬᠡᠷ ᠤᠨ ᠲᠡᠳ᠋ ᠡᠷᠬᠢᠯᠡᠭᠴᠢ               ᠶᠢᠩ   ᡁᠢ  ᠭᠤᠸᠠᠩ    ᠲᠦᠯᠦᠪᠵᠢᠬᠦᠯᠦᠬᠡ ᠪᠦᠳᠦᠬᠡᠨ ᠪᠠᠶᠢᠭᠤᠯᠤᠯᠳᠠ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠤᠪᠴᠢᠶᠠᠨ ᠲᠠᠷᠤᠭ᠎ᠠ               ᠯᠢᠤ    ᠶᠢᠩ    ᠰᠢᠤ    ᠡᠯᠧᠺᠲᠷᠤᠨ ᠵᠠᠰᠠᠭ ᠤᠨ ᠶᠠᠪᠤᠳᠠᠯ ᠤᠨ ᠲᠦᠪ ᠤᠨ ᠡᠷᠬᠢᠯᠡᠭᠴᠢᠪᠦᠷᠢᠯᠳᠦᠬᠦᠨ᠄                ᠬᠤᠤ    ᠬᠠᠢ   ᠫᠢᠩ    ᠨᠠᠮ ᠤᠨ ᠬᠤᠷᠢᠶᠠᠨ ᠤ ᠠᠯᠪᠠᠨ ᠬᠡᠷ ᠤᠨ ᠲᠡᠳ᠋ ᠡᠷᠬᠢᠯᠡᠭᠴᠢ                ᠶᠠᠨ     ᡁᠢ     ᠪᠢᠨ    ᠵᠠᠰᠠᠭ ᠤᠨ ᠤᠷᠳᠤᠨ ᠤ ᠠᠯᠪᠠᠨ ᠬᠡᠷ ᠤᠨ ᠲᠡᠳ᠋ ᠡᠷᠬᠢᠯᠡᠭᠴᠢ᠂ ᠰᠢᠮᠳᠠᠭᠤᠯᠤᠨ ᠪᠠᠶᠢᠴᠠᠭᠠᠬᠤ ᠲᠠᠰᠤᠭ ᠤᠨ ᠡᠷᠬᠢᠯᠡᠭᠴᠢ                ᠬᠤᠸᠠᠩ       ᠭᠠᠩ    ᠬᠠᠤᠯᠢ ᠴᠠᠭᠠᠵᠠ ᠶᠢᠨ ᠬᠤᠷᠢᠶ᠎ᠠ ᠶᠢᠨ ᠲᠡᠳ᠋ ᠱᠦᠵᠢ                ᠦ᠋            ᠷᠦᠢ    ᠬᠦᠭᠵᠢᠬᠦᠯᠦᠯᠳᠡ ᠦᠬᠡᠷᠠᠴᠢᠯᠡᠯᠳᠡ ᠶᠢᠨ ᠲᠤᠪᠴᠢᠶᠠᠨ ᠲᠠᠷᠤᠭ᠎ᠠ                ᠪᠢᠶᠠᠨ ᠶᠦᠩ ᠰᠢᠶᠠᠩ    ᠠᠵᠤ ᠠᠬᠤᠢ ᠠᠷᠠᠯᠵᠢᠶᠠᠨ ᠤ ᠶᠠᠪᠤᠳᠠᠯ ᠤᠨ ᠲᠤᠪᠴᠢᠶᠠᠨ ᠲᠠᠷᠤᠭ᠎ᠠ                ᠵᠠᠩ  ᠵᠢᠶᠠᠨ ᠵᠢᠶᠦ᠋ᠨ    ᠡᠳ᠋ ᠤᠨ ᠵᠠᠰᠠᠭ ᠤᠨ ᠲᠤᠪᠴᠢᠶᠠᠨ ᠲᠠᠷᠤᠭ᠎ᠠ                ᠸᠠᠩ          ᠹᠧᠩ    ᠠᠵᠢᠯᠳᠠᠨ ᠤ ᠶᠠᠪᠤᠳᠠᠯ ᠬᠦᠳᠡᠯᠮᠦᠷᠢ ᠪᠠ ᠨᠡᠶᠢᠬᠡᠮ ᠤᠨ ᠪᠠᠳᠤᠯᠠᠭ᠎ᠠ ᠶᠢᠨ ᠲᠤᠪᠴᠢᠶᠠᠨ ᠲᠠᠷᠤᠭ᠎ᠠ                ᠬᠤ᠋    ᠶᠠᠨ    ᠭᠠᠩ    ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠤᠪᠴᠢᠶᠠᠨ ᠲᠠᠷᠤᠭ᠎ᠠ                ᠭᠤᠤ  ᠰᠢᠶᠤᠤ  ᠬᠤᠩ    ᠠᠷᠠᠳ ᠤᠨ ᠶᠠᠪᠤᠳᠠᠯ ᠤᠨ ᠲᠤᠪᠴᠢᠶᠠᠨ ᠲᠠᠷᠤᠭ᠎ᠠ                ᠪᠠᠢ  ᠭᠤᠸᠠᠩ   ᠫᠢᠩ    ᠤᠢ ᠰᠢᠭᠤᠢ ᠶᠢᠨ ᠲᠤᠪᠴᠢᠶᠠᠨ ᠲᠠᠷᠤᠭ᠎ᠠ                ᠵᠠᠩ    ᠽᠢ    ᠵᠧᠨ     ᠰᠤᠷᠭᠠᠨ ᠬᠦᠮᠦᠵᠢᠯ ᠤᠨ ᠲᠤᠪᠴᠢᠶᠠᠨ ᠲᠠᠷᠤᠭ᠎ᠠ                ᠠᠷᠪᠢᠨ                 ᠨᠡᠬᠦᠷᠡᠰᠦᠨ ᠤ ᠲᠤᠪᠴᠢᠶᠠᠨ ᠲᠠᠷᠤᠭ᠎ᠠ                ᠰᠦᠨ  ᡁᠢ   ᠭᠠᠩ     ᠠᠶᠤᠯᠬᠦᠢ ᠦᠢᠯᠡᠳᠪᠦᠷᠢᠯᠡᠯ ᠳᠤ ᠬᠢᠨᠠᠯᠳᠠ ᠲᠠᠯᠪᠢᠬᠤ ᠲᠤᠪᠴᠢᠶᠠᠨ ᠲᠠᠷᠤᠭ᠎ᠠ                ᠯᠢᠨ  ᠶᠦᠩ  ᠭᠠᠩ      ᠲᠦᠯᠦᠪᠵᠢᠬᠦᠯᠦᠬᠡ ᠶᠢᠨ ᠲᠤᠪᠴᠢᠶᠠᠨ ᠲᠠᠷᠤᠭ᠎ᠠ                ᠶᠠᠩ      ᠭᠤᠸᠠᠩ      ᠤᠷᠴᠢᠨ ᠲᠤᠭᠤᠷᠢᠨ ᠤ ᠬᠠᠮᠭᠠᠯᠠᠯᠳᠠ ᠶᠢᠨ ᠲᠤᠪᠴᠢᠶᠠᠨ ᠲᠠᠷᠤᠭ᠎ᠠ                ᠯᠢ    ᠎ ᠶᠢᠨ   ᠹᠧᠩ      ᠬᠡᠷ ᠪᠠᠶᠢᠰᠢᠩ ᠤᠨ ᠬᠠᠮᠢᠶᠠᠷᠤᠯᠳᠠ ᠶᠢᠨ ᠲᠤᠪᠴᠢᠶᠠᠨ ᠲᠠᠷᠤᠭ᠎ᠠ                ᠶᠠᠩ  ᠬᠦᠸᠧ   ᠯᠢ      ᠰᠠᠭᠤᠷᠢ ᠪᠦᠳᠦᠬᠡᠨ ᠪᠠᠶᠢᠭᠤᠯᠤᠯᠳᠠ ᠶᠢᠨ ᠠᠯᠪᠠᠨ ᠬᠡᠷ ᠤᠨ ᠡᠷᠬᠢᠯᠡᠭᠴᠢ                ᠬᠤ᠋  ᠰᠢᠨ  ᠯᠢᠶᠠᠩ      ᠤᠢ ᠰᠢᠭᠤᠢ ᠶᠢᠨ ᠲᠤᠳᠤᠭᠠᠳᠤ ᠶᠢ ᠬᠠᠮᠭᠠᠯᠠᠬᠤ ᠲᠤᠪᠴᠢᠶᠠᠨ ᠲᠠᠷᠤᠭ᠎ᠠ                ᠶᠦᠸᠧ ᠸᠧᠨ ᠵᠢᠶᠦ᠋ᠨ    ᠨᠢᠬᠡᠳᠦᠭᠰᠡᠨ ᠬᠤᠯᠪᠤᠭᠠᠨ ᠤ ᠺᠤᠮᠫᠠᠨᠢ ᠶᠢᠨ ᠲᠠᠭᠠᠭᠠᠮᠠᠯ                ᠯᠢᠤ         ᠪᠦᠸᠧ     ᠴᠠᠬᠢᠯᠭᠠᠨ ᠬᠤᠯᠪᠤᠭᠠᠨ ᠤ ᠺᠤᠮᠫᠠᠨᠢ ᠶᠢᠨ ᠲᠠᠭᠠᠭᠠᠮᠠᠯ                ᠯᠢᠤ         ᠯᠢᠶᠠᠨ     ᠨᠡᠬᠦᠳᠡᠯ ᠬᠤᠯᠪᠤᠭᠠᠨ ᠤ ᠺᠤᠮᠫᠠᠨᠢ ᠶᠢᠨ ᠲᠠᠭᠠᠭᠠᠮᠠᠯ                ᠭᠤᠤ  ᠵᠦᠩ  ᠴᠠᠩ     ᠠᠯᠳᠠᠰᠢᠷᠡᠭᠡ ᠪᠠᠯᠭᠠᠰᠤᠨ ᠲᠠᠷᠤᠭ᠎ᠠ                ᠪᠠᠢ  ᠵᠢᠶᠠᠨ   ᠭᠠᠩ     ᠤᠯᠠᠭᠠᠨᠮᠦ᠋ᠷᠡᠨ ᠪᠠᠯᠭᠠᠰᠤᠨ ᠲᠠᠷᠤᠭ᠎ᠠ                ᠡᠾᠧ  ᠵᠠᠨ   ᠫᠢᠩ     ᠡᠵᠡᠨ ᠬᠤᠷᠤᠭ᠎ᠠ ᠪᠠᠯᠭᠠᠰᠤᠨ ᠲᠠᠷᠤᠭ᠎ᠠ                ᠸᠧᠨ        ᠬᠤᠤ      ᠵᠠᠰᠠᠭ ᠪᠠᠯᠭᠠᠰᠤᠨ ᠲᠠᠷᠤᠭ᠎ᠠ                ᠸᠠᠩ   ᠯᠢ   ᠵᠦᠩ     ᠨᠠᠷᠢᠨ ᠲᠤᠬᠤᠢ ᠪᠠᠯᠭᠠᠰᠤᠨ ᠲᠠᠷᠤᠭ᠎ᠠ                ᠶᠠᠩ   ᠵᠢᠶᠦ᠋ᠨ  ᠯᠢ     ᠬᠤᠨᠢᠴᠢᠨᠭᠤᠤᠯ ᠪᠠᠯᠭᠠᠰᠤᠨ ᠲᠠᠷᠤᠭ᠎ᠠ                ᠲᠠᠯᠠᠢ                  ᠰᠤᠪᠤᠷᠭ᠎ᠠ ᠪᠠᠯᠭᠠᠰᠤᠨ ᠲᠠᠷᠤᠭ᠎ᠠ                ᠶᠦᠨ ᠰᠢᠶᠤᠣ ᠹᠧᠩ     ᠨᠠᠮ ᠤᠨ ᠬᠤᠷᠢᠶᠠᠨ ᠤ ᠰᠢᠮᠳᠠᠭᠤᠯᠤᠨ ᠪᠠᠶᠢᠴᠠᠭᠠᠬᠤ ᠲᠠᠰᠤᠭ ᠤᠨ ᠲᠡᠳ᠋ ᠡᠷᠬᠢᠯᠡᠭᠴᠢ                ᠶᠠᠩ  ᠬᠦᠸᠧ  ᠪᠢᠨ     ᠵᠠᠰᠠᠭ ᠤᠨ ᠤᠷᠳᠤᠨ ᠤ ᠰᠢᠮᠳᠠᠭᠤᠯᠤᠨ ᠪᠠᠶᠢᠴᠠᠭᠠᠬᠤ ᠲᠠᠰᠤᠭ ᠤᠨ ᠲᠡᠳ᠋ ᠡᠷᠬᠢᠯᠡᠭᠴᠢ                ᠡᠾᠧ  ᠬᠤᠩ  ᡁᠢ      ᠡᠯᠧᠺᠲᠷᠤᠨ ᠵᠠᠰᠭ ᠤᠨ ᠶᠠᠪᠤᠳᠠᠯ ᠤᠨ ᠲᠦᠪ ᠤᠨ ᠲᠡᠳ᠋ ᠡᠷᠬᠢᠯᠡᠭᠴᠢ      ᠤᠳᠤᠷᠢᠳᠬᠤ ᠲᠤᠭᠤᠶᠢᠯᠠᠩ ᠲᠤᠤᠷ᠎ᠠ ᠪᠠᠨ ᠠᠯᠪᠠᠨ ᠬᠡᠷ ᠭᠠᠷᠭᠠᠵᠤ᠂ ᠠᠯᠪᠠᠨ ᠬᠡᠷ ᠢ ᠡᠯᠧᠺᠲᠷᠤᠨ ᠵᠠᠰᠠᠭ ᠤᠨ ᠶᠠᠪᠤᠳᠠᠯ ᠤᠨ ᠲᠦᠪ ᠲᠤ ᠪᠠᠶᠢᠭᠤᠯᠵᠤ᠂ ᠯᠢᠤ ᠶᠢᠩ ᠰᠢᠤ ᠠᠴᠠ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠬᠠᠪᠰᠤᠷᠭᠠᠨ᠎ᠠ᠃ ᠠᠯᠪᠠᠨ ᠬᠡᠷ ᠤᠨ ᠭᠤᠤᠯ ᠬᠠᠷᠢᠭᠤᠴᠠᠯᠭ᠎ᠠ ᠪᠤᠯ《 ᠲᠤᠭᠠᠴᠢᠯᠠᠭᠰᠠᠨ ᠡᠵᠡᠨ ᠬᠤᠷᠤᠭ᠎ᠠ 》᠎ ᠶᠢᠨ ᠠᠵᠢᠯ ᠤᠨ ᠨᠢᠬᠡᠳᠦᠬᠡᠷ ᠪᠦᠯᠦᠭ ᠬᠡᠷᠡᠭᠵᠢᠬᠦᠯᠬᠦ ᠲᠦᠷᠦᠯ ᠵᠦᠢᠯ ᠤᠨ ᠠᠭᠤᠯᠭ᠎ᠠ ᠪᠤᠯᠤᠨ ᠠᠬᠢᠴᠠ ᠶᠢᠨ ᠪᠦᠬᠦᠯᠢ ᠴᠤᠭᠴᠠ ᠶᠢ ᠡᠵᠡᠮᠰᠢᠵᠤ᠂ ᠲᠦᠷᠦᠯ ᠵᠦᠢᠯ ᠤᠨ ᠠᠬᠢᠴᠠ ᠶᠢᠨ ᠶᠠᠪᠤᠴᠠ ᠳᠤ ᠭᠠᠷᠤᠭᠰᠠᠨ ᠠᠰᠠᠭᠤᠳᠠᠯ ᠢ ᠵᠤᠬᠢᠴᠠᠭᠤᠯᠤᠨ ᠰᠢᠢᠳᠪᠦᠷᠢᠯᠡᠵᠤ᠂ ᠡᠯ᠎ᠠ ᠪᠦᠳᠦᠬᠡᠨ ᠪᠠᠶᠢᠭᠤᠯᠤᠯᠳᠠ ᠶᠢᠨ ᠪᠠᠶᠢᠭᠤᠯᠭ᠎ᠠ ᠪᠤᠯᠤᠨ ᠪᠦᠷᠢᠯᠳᠦᠬᠦᠨ ᠨᠢᠬᠡᠴᠢ ᠶᠢᠨ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠪᠠᠨ ᠢᠳᠡᠪᠬᠢᠳᠠᠢ ᠲᠦᠯᠬᠢᠨ ᠠᠬᠢᠭᠤᠯᠬᠤ ᠶᠢ ᠰᠢᠮᠳᠠᠭᠤᠯᠵᠤ᠂ ᠠᠵᠢᠯ ᠤᠨ ᠡᠯ᠎ᠠ ᠶᠠᠪᠤᠳᠠᠯ ᠤᠨ ᠡᠬᠦᠷᠬᠡ ᠪᠠᠨ ᠬᠤᠭᠤᠴᠠᠭ᠎ᠠ ᠶᠤᠰᠤᠭᠠᠷ ᠴᠠᠭ ᠲᠠᠭᠠᠨ ᠲᠤᠭ᠎ᠠ ᠴᠢᠨᠠᠷ ᠢ ᠪᠠᠳᠤᠯᠠᠨ ᠪᠡᠶᠡᠯᠡᠬᠦᠯᠬᠦ ᠬᠡᠷᠡᠭᠳᠠᠢ᠃      ᠭᠤᠷᠪᠠ᠂ ᠭᠤᠤᠯᠳᠠᠯᠭᠠᠳᠤ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ      ︽ᠨᠢᠬᠡᠳᠦᠯᠳᠠᠢ᠂ ᠬᠡᠷᠡᠭᠴᠡᠭᠡ ᠲᠠᠢ᠂ ᠰᠢᠨᠵᠢᠯᠡᠬᠦ ᠤᠬᠠᠭᠠᠨᠴᠢ᠂ ᠪᠠᠷᠢᠮᠵᠢᠶ᠎ᠠ ᠶᠤᠰᠤᠭᠠᠷ᠂ ᠬᠠᠮᠳᠤᠪᠡᠷ ᠡᠳ᠋ᠯᠡᠬᠦ 》 ᠵᠠᠷᠴᠢᠮ ᠶᠤᠰᠤᠭᠠᠷ᠂ ᠨᠢᠬᠡᠳᠦᠯᠳᠠᠢ ᠲᠦᠯᠦᠪᠯᠡᠨ ᠲᠦᠯᠦᠪᠵᠢᠬᠦᠯᠬᠦ᠂ ᠪᠦᠯᠦᠭ ᠬᠤᠪᠢᠶᠠᠨ ᠬᠡᠷᠡᠭᠵᠢᠬᠦᠯᠵᠤ᠂ ᠲᠤᠳᠤᠭᠠᠳᠤ ᠶᠢ ᠬᠠᠮᠭᠠᠯᠠᠬᠤ ᠮᠡᠷᠬᠡᠵᠢᠯ ᠤᠨ ᠰᠡᠷᠬᠡᠶᠢᠯᠡᠯᠳᠡ᠂ ᠲᠤᠭᠠᠴᠢᠯᠠᠭᠰᠠᠨ ᠬᠤᠳᠠ ᠶᠢᠨ ᠮᠡᠷᠬᠡᠵᠢᠯ ᠢᠶᠠᠷ ᠠᠷᠠᠳ ᠲᠤ ᠲᠦᠬᠦᠮ ᠦᠵᠡᠬᠦᠯᠬᠦ᠂ ᠪᠠᠴᠢᠮ ᠪᠠᠶᠢᠳᠠᠯ ᠢ ᠵᠢᠯᠤᠭᠤᠳᠬᠤ᠂ ᠡᠯᠧᠺᠲᠷᠦᠨ ᠵᠠᠰᠠᠭ ᠤᠨ ᠶᠠᠪᠤᠳᠠᠯ᠂ ᠭᠤᠤᠯᠳᠠᠯᠭᠠᠳᠤ ᠲᠦᠷᠦᠯ ᠵᠦᠢᠯ ᠤᠨ ᠬᠠᠮᠢᠶᠠᠷᠤᠯᠳᠠ᠂ ᠠᠶᠤᠯᠬᠦᠢ ᠦᠢᠯᠡᠳᠪᠦᠷᠢᠯᠡᠯ᠂ ᠡᠯᠧᠺᠲᠷᠦᠨ ᠠᠷᠠᠯᠵᠢᠶᠠᠨ ᠤ ᠶᠠᠪᠤᠳᠠᠯ ᠵᠡᠷᠬᠡ 9 ᠦᠢᠯᠡᠳᠦᠯᠳᠤ ᠬᠡᠰᠡᠭ ᠤᠨ ᠠᠷᠪᠠᠨ ᠬᠤᠶᠠᠷ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢᠨ ᠠᠵᠢᠯ ᠢ ᠭᠤᠤᠯ ᠪᠤᠯᠭᠠᠨ ᠰᠠᠶᠢᠳᠤᠷ ᠠᠳᠬᠤᠵᠤ᠂ ︽ᠲᠤᠭᠠᠴᠢᠯᠠᠭᠰᠠᠨ ᠡᠵᠡᠨ ᠬᠤᠷᠤᠭ᠎ᠠ 》᠎ ᠶᠢᠨ ᠲᠦᠷᠦᠯ ᠵᠦᠢᠯ ᠤᠨ ᠬᠡᠷᠡᠭᠵᠢᠬᠦᠯᠦᠯᠳᠡ ᠶᠢ ᠪᠦᠬᠦ ᠲᠠᠯ᠎ᠠ ᠪᠠᠷ ᠲᠦᠷᠬᠡᠳᠬᠡᠬᠦ ᠬᠡᠷᠡᠭᠳᠠᠢ᠃      ︵ᠨᠢᠬᠡ︶ ᠲᠠᠭᠠᠴᠢᠯᠠᠭᠰᠠᠨ ᠬᠤᠳᠠ ᠶᠢᠨ ᠴᠢᠮᠡᠭᠡ ᠨᠡᠪᠳᠡᠷᠡᠯᠬᠡ ᠶᠢᠨ ᠬᠤᠭᠤᠯᠠᠢ ᠲᠤᠤᠷ ᠤᠨ ᠲᠦᠯᠦᠪᠵᠢᠬᠦᠯᠦᠬᠡ ᠶᠢᠨ ᠲᠦᠯᠦᠪᠯᠡᠭᠡ ᠵᠢᠴᠢ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ      ᠪᠦᠳᠦᠬᠡᠨ ᠪᠠᠶᠢᠭᠤᠯᠤᠯᠳᠠ ᠶᠢᠨ ᠠᠭᠤᠯᠭ᠎ᠠ᠄ ᠮᠠᠨ ᠤ ᠬᠤᠰᠢᠭᠤᠨ ᠤ ᠬᠢᠵᠠᠭᠠᠷ ᠲᠠᠢ ᠭᠠᠵᠠᠷ ᠲᠤᠤᠷᠠᠬᠢ ᠬᠤᠭᠤᠯᠠᠢ ᠶᠢᠨ ᠪᠠᠶᠢᠷᠢ ᠶᠢᠨ ᠡᠬᠢ ᠪᠠᠶᠠᠯᠢᠭ ᠢ ᠬᠦᠢᠴᠡᠳ ᠠᠰᠢᠭᠯᠠᠨ᠂ ᠰᠢᠨ᠎ᠠ ᠪᠠᠷ ᠪᠠᠶᠢᠭᠤᠯᠬᠤ ᠪᠠ ᠦᠬᠡᠷᠠᠴᠢᠯᠡᠬᠦ ᠵᠡᠷᠬᠡ ᠠᠷᠭ᠎ᠠ ᠪᠠᠷᠢᠯ ᠢᠶᠠᠷ ᠲᠡᠮᠵᠢᠨ᠂ ᠪᠦᠬᠦ ᠬᠤᠰᠢᠭᠤ ᠶᠢ ᠬᠠᠮᠤᠷᠠᠭᠰᠠᠨ ᠰᠤᠷᠠᠭ ᠵᠠᠩᠬᠢ ᠶᠢᠨ ᠬᠤᠭᠤᠯᠠᠢ ᠱᠤᠭᠤᠮ ᠤᠨ ᠲᠤᠤᠷ ᠰᠦᠯᠵᠢᠶ᠎ᠠ ᠶᠢ ᠪᠠᠶᠢᠭᠤᠯᠵᠤ᠂ ᠲᠤᠭᠠᠴᠢᠯᠠᠭᠰᠠᠨ ᠢᠨᠵᠧᠨᠧᠷᠢᠩ ᠤᠨ ᠠᠪᠢᠶ᠎ᠠ᠂ ᠲᠤᠭ᠎ᠠ ᠪᠠᠷᠢᠮᠳᠠ ᠂ ᠬᠠᠷᠠᠭᠠᠨ ᠲᠠᠪᠳᠠᠮᠵᠢ ᠵᠠᠷᠬᠡ ᠤᠯᠠᠨ ᠵᠠᠭᠤᠴᠢᠳᠤ ᠴᠢᠮᠡᠭᠡ ᠨᠡᠪᠳᠡᠷᠡᠬᠦᠯᠦᠬᠡ ᠶᠢᠨ ᠬᠡᠷᠡᠭᠴᠡᠭᠡ ᠶᠢ ᠬᠠᠩᠭᠠᠵᠤ᠂ ᠬᠤᠭᠤᠯᠠᠢ ᠱᠤᠭᠤᠮ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠬᠢᠷᠢ ᠲᠦᠪᠰᠢᠨ ᠢ ᠲᠡᠬᠡᠭᠰᠢᠯᠡᠬᠦᠯᠦᠨ᠂ ᠬᠤᠳᠠ ᠶᠢᠨ ᠵᠠᠮ ᠬᠠᠷᠢᠴᠯᠠᠭᠠᠨ ᠤ ᠬᠤᠭᠤᠯᠠᠢ ᠲᠤᠤᠷ ᠢ ᠤᠯᠠᠨ ᠤᠳᠠᠭ᠎ᠠ ᠨᠡᠬᠦᠬᠡᠵᠤ ᠮᠠᠯᠳᠠᠬᠤ ᠪᠠ ᠲᠠᠬᠢᠵᠤ ᠲᠡᠪᠢᠰᠬᠦ ᠠᠴᠠ ᠵᠠᠶᠢᠯᠠᠰᠬᠢᠨ᠂ ᠲᠠᠪᠳᠠᠵᠤ ᠪᠡᠯᠡ ᠤᠷᠤᠭᠤᠯᠬᠤ ᠶᠢ ᠪᠠᠭᠠᠰᠬᠠᠵᠤ᠂ ᠬᠤᠭᠤᠯᠠᠢ ᠲᠤᠤᠷ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠦᠷ᠎ᠠ ᠠᠰᠢᠭ ᠢ ᠬᠠᠮᠤᠭ ᠤᠨ ᠶᠡᠭᠡ ᠬᠡᠮᠵᠢᠶ᠎ᠠ ᠪᠠᠷ ᠪᠡᠶᠡᠯᠡᠬᠦᠯᠵᠤ᠂ ᠰᠤᠷᠠᠭ ᠵᠠᠩᠬᠢ ᠶᠢᠨ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢᠨ ᠲᠦᠷᠬᠡᠨ ᠬᠦᠭᠵᠢᠯᠳᠡ ᠶᠢ ᠲᠦᠯᠬᠢᠨ ᠠᠬᠢᠭᠤᠯᠬᠤ ᠬᠡᠷᠡᠭᠳᠠᠢ᠃      ᠲᠦᠯᠦᠪᠯᠡᠬᠦ ᠪᠠᠶᠢᠭᠤᠯᠭ᠎ᠠ᠄ ᠬᠤᠰᠢᠭᠤᠨ ᠤ ᠲᠦᠯᠦᠪᠵᠢᠬᠦᠯᠦᠬᠡ ᠶᠢᠨ ᠲᠤᠪᠴᠢᠶ᠎ᠠ᠂ ᠡᠯᠧᠺᠲᠷᠤᠨ ᠵᠠᠰᠠᠭ ᠤᠨ ᠶᠠᠪᠤᠳᠠᠯ ᠤᠨ ᠲᠦᠪ ︵ᠬᠠᠷᠢᠭᠤᠴᠠᠭᠴᠢ᠂ ᠯᠢᠨ ᠶᠦᠩ ᠭᠠᠩ᠂ ᠯᠢᠤ ᠶᠢᠩ ᠰᠢᠤ︶      ᠬᠠᠮᠵᠢᠯᠴᠠᠬᠤ ᠨᠢᠬᠡᠴᠢ᠄ ᠬᠤᠳᠠ ᠶᠢᠨ ᠪᠦᠳᠦᠬᠡᠨ ᠪᠠᠶᠢᠭᠤᠯᠤᠯᠳᠠ ᠶᠢᠨ ᠲᠤᠪᠴᠢᠶ᠎ᠠ᠂ ᠡᠯ᠎ᠠ ᠲᠤᠮᠤ ᠬᠡᠷᠡᠭᠵᠢᠬᠦᠯᠵᠤ ᠡᠵᠡᠩᠨᠡᠬᠦ ᠬᠤᠳᠠᠯᠳᠤᠭᠠᠴᠢᠨ ︵ᠬᠠᠷᠢᠭᠤᠴᠠᠭᠴᠢ᠂ ᠶᠠᠩ ᡁᠢ ᠭᠤᠸᠠᠩ᠂ ᠡᠯ᠎ᠠ ᠲᠤᠮᠤ ᠬᠡᠷᠡᠭᠵᠢᠬᠦᠯᠵᠤ ᠡᠵᠡᠩᠨᠡᠬᠦ ᠬᠤᠳᠠᠯᠳᠤᠭᠠᠴᠢᠨ ᠤ ᠬᠠᠷᠢᠭᠤᠴᠠᠭᠴᠢ︶      ᠪᠦᠳᠦᠬᠡᠨ ᠪᠠᠶᠢᠭᠤᠯᠬᠤ ᠴᠠᠭ ᠬᠤᠭᠤᠴᠠᠭ᠎ᠠ᠄ 2011 ᠤᠨ ᠤ 4 ᠰᠠᠷ᠎ᠠ ᠶᠢᠨ 9᠎ ᠠᠴᠠ 2011 ᠤᠨ ᠤ 7 ᠰᠠᠷ᠎ᠠ ᠶᠢᠨ 28 ᠬᠦᠷᠳᠡᠯ᠎ᠠ᠃      ᠬᠡᠷᠡᠭᠵᠢᠬᠦᠯᠬᠦ ᠠᠯᠬᠤᠮ ᠲᠠᠷᠠᠭ᠎ᠠ᠄ 4 ᠱᠠᠳᠤ ᠬᠤᠪᠢᠶᠠᠵᠤ ᠬᠡᠷᠡᠭᠵᠢᠬᠦᠯᠦᠨ᠎ᠠ︔ ᠨᠢᠬᠡ᠂ ᠡᠮᠦᠨᠡᠬᠢ ᠬᠤᠭᠤᠴᠠᠭᠠᠨ ᠤ ᠪᠡᠯᠡᠳᠬᠡᠯ ᠱᠠᠳᠤ᠄ ᠲᠦᠯᠦᠪᠵᠢᠬᠦᠯᠦᠬᠡ ᠶᠢ ᠨᠠᠶᠢᠷᠠᠭᠤᠯᠵᠤ᠂ ᠪᠠᠷᠢᠯᠭ᠎ᠠ ᠪᠠᠷᠢᠬᠤ ᠲᠦᠰᠦᠯ ᠢ ᠲᠦᠯᠦᠪᠯᠡᠬᠦ᠂ ᠲᠤᠰᠬᠠᠢ ᠮᠡᠷᠬᠡᠵᠢᠯᠳᠡᠨ ᠤ ᠨᠤᠳᠠᠯᠠᠯ ᠵᠡᠷᠬᠡ ᠶᠢ ᠪᠠᠭᠳᠠᠭᠠᠵᠤ᠂ 4 ᠰᠠᠷ᠎ᠠ ᠶᠢᠨ 30᠎ ᠠᠴᠠ ᠡᠮᠦᠨ᠎ᠠ ᠲᠠᠭᠤᠰᠬᠠᠨ᠎ᠠ︔ ᠬᠤᠶᠠᠷ᠂ ᠢᠨᠵᠧᠨᠧᠷᠢᠩ ᠢ ᠠᠩᠬ᠎ᠠ ᠰᠢᠯᠭᠠᠬᠤ ᠱᠠᠳᠤ᠄ ᠲᠠᠭᠠᠭᠠᠴᠢᠯᠠᠯᠳᠠ ᠵᠠᠷᠯᠠᠬᠤ ᠪᠠᠷᠢᠯᠭ᠎ᠠ᠂ ᠢᠨᠵᠧᠨᠧᠷᠢᠩ ᠢ ᠠᠩᠬ᠎ᠠ ᠰᠢᠯᠭᠠᠨ ᠬᠤᠷᠢᠶᠠᠬᠤ ᠵᠡᠷᠬᠡ ᠶᠢ ᠪᠠᠭᠳᠠᠭᠠᠵᠤ᠂ 6 ᠰᠠᠷ᠎ᠠ ᠶᠢᠨ 30᠎ ᠠᠴᠠ ᠡᠮᠤᠨ᠎ᠠ ᠲᠠᠭᠤᠰᠬᠠᠨ᠎ᠠ︔ ᠭᠤᠷᠪᠠ᠂ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠱᠠᠳᠤ᠄ ᠱᠠᠭᠠᠷᠳᠠᠯᠭ᠎ᠠ ᠳᠤ ᠦᠯᠦ ᠨᠡᠶᠢᠴᠡᠬᠦ ᠪᠠ ᠬᠠᠮᠢᠶ᠎ᠠ ᠪᠦᠬᠦᠢ ᠪᠠᠷᠢᠮᠵᠢᠶ᠎ᠠ ᠶᠢᠨ ᠬᠤᠭᠤᠴᠠᠭ᠎ᠠ ᠳᠤ ᠵᠠᠰᠠᠯᠳᠠ ᠬᠢᠵᠤ ᠪᠠᠷᠢᠯᠭ᠎ᠠ ᠶᠢᠨ ᠴᠢᠨᠠᠷ ᠴᠢᠨᠰᠠᠭ᠎ᠠ ᠶᠢ ᠦᠨᠡᠨᠬᠦ ᠪᠠᠳᠤᠯᠠᠵᠤ᠂ 7 ᠰᠠᠷ᠎ᠠ ᠶᠢᠨ 20᠎ ᠠᠴᠠ ᠡᠮᠦᠨ᠎ᠠ ᠲᠠᠭᠤᠰᠬᠠᠨ᠎ᠠ︔ ᠲᠦᠷᠪᠡ᠂ ᠦᠷ᠎ᠠ ᠪᠦᠳᠦᠬᠡᠯ ᠢ ᠰᠢᠯᠭᠠᠨ ᠬᠤᠷᠢᠶᠠᠬᠤ ᠱᠠᠳᠤ᠄ ᠢᠨᠵᠧᠨᠧᠷᠢᠩ ᠤᠨ ᠬᠠᠮᠤᠭ ᠡᠴᠦᠰ ᠤᠨ ᠰᠢᠯᠭᠠᠨ ᠬᠤᠷᠢᠶᠠᠯᠳᠠ ᠪᠤᠯᠤᠨ ᠮᠠᠲ᠋ᠧᠷᠢᠶᠠᠯ ᠢ ᠰᠢᠯᠵᠢᠬᠦᠯᠦᠨ ᠲᠤᠰᠢᠶᠠᠵᠤ ᠡᠪᠬᠡᠮᠡᠯ ᠳᠤ ᠤᠷᠤᠭᠤᠯᠬᠤ ᠶᠢ ᠪᠠᠭᠳᠠᠭᠠᠨ᠂ 7 ᠰᠠᠷ᠎ᠠ ᠶᠢᠨ 28᠎ ᠠᠴᠠ ᠡᠮᠦᠨ᠎ᠠ ᠲᠠᠭᠤᠰᠬᠠᠬᠤ ᠬᠡᠷᠡᠭᠳᠠᠢ᠃      ︵ᠬᠤᠶᠠᠷ︶ ᠬᠠᠷᠠᠭᠠᠨ ᠲᠠᠪᠳᠠᠮᠵᠢ ᠪᠠᠷ ᠬᠢᠨᠠᠨ ᠡᠵᠡᠮᠳᠡᠬᠦ ᠡᠬᠢ ᠪᠠᠶᠠᠯᠢᠭ ᠢ ᠨᠢᠬᠡᠳᠦᠬᠦᠯᠬᠦ ︵ᠲᠤᠮᠤ ᠲᠤᠤᠷ ᠤᠨ ᠢᠨᠵᠧᠨᠧᠷᠢᠩ︶ ᠲᠦᠷᠦᠯ ᠵᠦᠢᠯ      ᠪᠦᠳᠦᠬᠡᠨ ᠪᠠᠶᠢᠭᠤᠯᠬᠤ ᠪᠠᠷ ᠭᠤᠤᠯ ᠱᠤᠭᠤᠮ ᠪᠤᠯᠭᠠᠨ᠂ ᠲᠤᠳᠤᠭᠠᠳᠤ ᠶᠢ ᠬᠠᠮᠭᠠᠯᠠᠬᠤ᠂ ᠵᠠᠮ ᠬᠠᠷᠢᠯᠴᠠᠭ᠎ᠠ᠂ ᠨᠡᠬᠦᠷᠡᠰᠦᠨ ᠠᠭᠤᠷᠬᠠᠢ ᠶᠢ ᠬᠢᠨᠠᠨ ᠰᠢᠯᠭᠠᠬᠤ᠂ ᠤᠷᠴᠢᠨ ᠲᠤᠭᠤᠷᠢᠨ ᠢ ᠬᠢᠨᠠᠨ ᠰᠢᠯᠭᠠᠬᠤ᠂ ᠤᠢ ᠰᠢᠭᠤᠢ ᠶᠢᠨ ᠭᠠᠯ ᠰᠡᠷᠬᠡᠶᠢᠯᠡᠯᠳᠡ᠂ ᠠᠳᠡᠯ ᠶᠠᠪᠤᠳᠠᠯ ᠤᠨ ᠬᠠᠮᠢᠶᠠᠷᠤᠯᠳᠠ᠂ ᠰᠤᠷᠭᠠᠭᠤᠯᠢ ᠶᠢ ᠬᠢᠨᠠᠨ ᠡᠵᠡᠮᠰᠢᠬᠦ ᠵᠡᠷᠬᠡ ᠬᠠᠷᠠᠭᠠᠨ ᠲᠠᠪᠳᠠᠮᠵᠢ ᠪᠠᠷ ᠬᠢᠨᠠᠨ ᠡᠵᠡᠮᠰᠢᠬᠦ ᠡᠬᠢ ᠪᠠᠶᠠᠯᠢᠭ ᠢᠶᠠᠷ ᠭᠤᠤᠯ ᠬᠤᠳᠠ ᠶᠢᠨ ᠪᠠᠯᠭᠠᠰᠤᠨ ᠲᠤᠭᠤᠷᠢᠭ᠂ ᠵᠠᠰᠠᠮᠠᠯ ᠵᠠᠮ ᠤᠨ ᠵᠠᠮ ᠬᠠᠷᠢᠯᠴᠠᠭ᠎ᠠ᠂ ᠠᠮᠤᠷ ᠢ ᠬᠠᠮᠭᠠᠯᠠᠬᠤ ᠪᠤᠭᠤᠮᠳᠠ ᠬᠤᠷᠢᠭ᠎ᠠ᠂ ᠭᠤᠤᠯᠳᠠᠯᠭᠠᠳᠤ ᠢᠨᠵᠧᠨᠧᠷᠢᠩ ᠤᠨ ᠲᠦᠷᠦᠯ ᠵᠦᠢᠯ᠂ ᠰᠠᠭᠤᠭᠠᠯᠢ ᠠᠷᠠᠳ ᠤᠨ ᠨᠡᠶᠢᠬᠡᠮ ᠲᠤᠭᠤᠷᠢᠭ᠂ ᠲᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠵᠡᠷᠬᠡ ᠤᠷᠤᠨ ᠪᠦᠰᠡ ᠶᠢ ᠪᠦᠬᠦ ᠲᠠᠯ᠎ᠠ ᠪᠠᠷ ᠬᠠᠮᠤᠷᠴᠤ᠂ ᠬᠠᠷᠠᠭᠠᠨ ᠲᠠᠪᠳᠠᠮᠵᠢ ᠪᠠᠷ ᠬᠢᠨᠠᠨ ᠡᠵᠡᠮᠳᠡᠬᠦ ᠡᠬᠢ ᠪᠠᠶᠠᠯᠢᠭ ᠢ ᠬᠤᠯᠪᠤᠭᠠᠯᠠᠨ ᠬᠠᠮᠳᠤᠪᠡᠷ ᠡᠳ᠋ᠯᠡᠬᠦ ᠶᠢ ᠪᠡᠶᠡᠯᠡᠬᠦᠯᠵᠤ᠂ ᠪᠦᠬᠦ ᠬᠤᠰᠢᠭᠤᠨ ᠤ ᠬᠤᠳᠠ ᠶᠢᠨ ᠭᠤᠤᠯᠳᠠᠯᠭᠠᠳᠤ ᠲᠤᠭᠤᠷᠢᠭ ᠤᠨ ᠬᠤᠳᠠ ᠶᠢᠨ ᠬᠠᠮᠢᠶᠠᠷᠤᠯᠳᠠ᠂ ᠪᠠᠴᠢᠮ ᠪᠠᠶᠢᠳᠠᠯ ᠢ ᠵᠢᠯᠤᠭᠤᠳᠬᠤ᠂ ᠵᠠᠮ ᠬᠠᠷᠢᠯᠴᠠᠭᠠᠨ ᠤ ᠬᠠᠮᠢᠶᠠᠷᠤᠯᠳᠠ᠂ ᠭᠤᠤᠯ ᠪᠤᠯᠬᠤ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠬᠠᠷᠠᠭᠠᠨ ᠲᠠᠪᠳᠠᠮᠵᠢ ᠶᠢᠨ ᠡᠬᠢ ᠪᠠᠶᠠᠯᠢᠭ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠳᠠᠢ᠃      ᠲᠦᠯᠦᠪᠯᠡᠬᠦ ᠪᠠᠶᠢᠭᠤᠯᠭ᠎ᠠ᠄ ᠡᠯᠧᠺᠲᠷᠦᠨ ᠵᠠᠰᠠᠭ ᠤᠨ ᠶᠠᠪᠤᠳᠠᠯ ᠤᠨ ᠲᠦᠪ ︵ᠬᠠᠷᠢᠭᠤᠴᠠᠭᠴᠢ᠄ ᠯᠢᠤ ᠶᠢᠩ ᠰᠢᠤ︶      ᠲᠡᠷᠢᠬᠦᠯᠵᠤ ᠪᠠᠶᠢᠭᠤᠯᠬᠤ ᠨᠢᠬᠡᠴᠢ᠄ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ︵ᠬᠠᠷᠢᠭᠤᠴᠠᠭᠴᠢ ᠴᠢᠤ ᠶᠢᠨ ᠬᠤᠸᠠ︶      ᠬᠠᠮᠵᠢᠯᠴᠠᠬᠤ ᠨᠢᠬᠡᠴᠢ᠄ ᠬᠤᠳᠠ ᠶᠢᠨ ᠪᠦᠳᠦᠬᠡᠨ ᠪᠠᠶᠢᠭᠤᠯᠤᠯᠳᠠ ᠶᠢᠨ ᠲᠤᠪᠴᠢᠶ᠎ᠠ᠂ ᠤᠢ ᠰᠢᠭᠤᠢ ᠶᠢᠨ ᠲᠤᠪᠴᠢᠶ᠎ᠠ᠂ ᠰᠤᠷᠭᠠᠨ ᠬᠦᠮᠦᠵᠢᠯ ᠤᠨ ᠲᠤᠪᠴᠢᠶ᠎ᠠ᠂ ᠨᠡᠬᠦᠷᠡᠰᠦᠨ ᠲᠤᠪᠴᠢᠶ᠎ᠠ᠂ ᠠᠶᠤᠯᠬᠦᠢ ᠦᠢᠯᠡᠳᠪᠦᠷᠢᠯᠡᠯ ᠳᠤ ᠬᠢᠨᠠᠯᠳᠠ ᠲᠠᠯᠪᠢᠬᠤ ᠲᠤᠪᠴᠢᠶ᠎ᠠ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠤᠪᠴᠢᠶ᠎ᠠ᠂ ᠬᠡᠷ ᠪᠠᠶᠢᠰᠢᠩ ᠤᠨ ᠬᠠᠮᠢᠶᠠᠷᠤᠯᠳᠠ ᠶᠢᠨ ᠲᠤᠪᠴᠢᠶ᠎ᠠ᠂ ᠰᠠᠭᠤᠷᠢ ᠪᠦᠳᠦᠬᠡᠨ ᠪᠠᠶᠢᠭᠤᠯᠤᠯᠳᠠ ᠶᠢᠨ ᠠᠯᠪᠠᠨ ᠬᠡᠷ ︵ ᠬᠠᠷᠢᠭᠤᠴᠠᠭᠴᠢ ᠬᠦᠮᠦᠰ᠄ ᠶᠠᠩ ᡁᠢ ᠭᠤᠸᠠᠩ᠂ ᠪᠠᠢ ᠭᠤᠸᠠᠩ ᠫᠢᠩ᠂ ᠵᠠᠩ ᠽᠢ ᠵᠧᠨ᠂ ᠠᠷᠪᠢᠨ᠂ ᠰᠦᠨ ᡁᠢ ᠭᠠᠩ᠂ ᠶᠠᠩ ᠭᠤᠸᠠᠩ᠂ ᠯᠢ ᠶᠢᠨ ᠹᠧᠩ᠂ ᠶᠠᠩ ᠭᠦᠸᠧ ᠯᠢ︶᠃ ᠪᠦᠳᠦᠬᠡᠨ ᠪᠠᠶᠢᠭᠤᠯᠬᠤ ᠬᠤᠭᠤᠴᠠᠭ᠎ᠠ᠄ 2011 ᠤᠨ ᠤ 4 ᠰᠠᠷ᠎ᠠ ᠶᠢᠨ 9᠎ ᠤ ᠡᠳᠤᠷ ᠠᠴᠠ 2011 ᠤᠨ ᠤ 11 ᠰᠠᠷ᠎ᠠ ᠶᠢᠨ 16 ᠬᠦᠷᠳᠡᠯ᠎ᠠ᠃      ᠬᠡᠷᠡᠭᠵᠢᠬᠦᠯᠬᠦ ᠠᠯᠬᠤᠮ ᠲᠠᠷᠠᠭ᠎ᠠ᠄ 4 ᠱᠠᠳᠤ ᠬᠤᠪᠢᠶᠠᠵᠤ ᠬᠡᠷᠡᠭᠵᠢᠬᠦᠯᠦᠨ᠎ᠠ᠃ ᠨᠢᠬᠡ᠂ ᠡᠮᠦᠨᠡᠬᠢ ᠬᠤᠭᠤᠴᠠᠭᠠᠨ ᠤ ᠪᠡᠯᠡᠳᠬᠡᠯ ᠱᠠᠳᠤ᠂ ᠬᠡᠷᠡᠭᠴᠡᠭᠡ ᠪᠦᠬᠦᠢ ᠵᠠᠳᠠᠯᠤᠯᠳᠠ᠂ ᠰᠢᠢᠳᠪᠦᠷᠢᠯᠡᠬᠦ ᠪᠤᠳᠤᠯᠭ᠎ᠠ ᠶᠢᠨ ᠲᠦᠯᠦᠪᠯᠡᠭᠡ᠂ ᠮᠡᠷᠬᠡᠵᠢᠯ ᠤᠨ ᠨᠤᠳᠠᠯᠠᠯ᠂ ᠲᠦᠰᠦᠯ ᠨᠠᠶᠢᠷᠠᠭᠤᠯᠬᠤ ᠵᠡᠷᠬᠡ ᠶᠢ ᠪᠠᠭᠳᠠᠭᠠᠨ᠂ 4 ᠰᠠᠷ᠎ᠠ ᠶᠢᠨ 30᠎ ᠠᠴᠠ ᠡᠮᠦᠨ᠎ᠠ ᠲᠠᠭᠤᠰᠬᠠᠨ᠎ᠠ︔ ᠬᠤᠶᠠᠷ᠂ ᠢᠨᠵᠧᠨᠧᠷᠢᠩ ᠤᠨ ᠠᠩᠬ᠎ᠠ ᠰᠢᠯᠭᠠᠯᠳᠠ ᠶᠢᠨ ᠱᠠᠳᠤ᠂ ᠲᠠᠭᠠᠭᠠᠴᠢᠯᠠᠯᠳᠠ ᠵᠠᠷᠯᠠᠬᠤ᠂ ᠪᠠᠷᠢᠯᠭ᠎ᠠ᠂ ᠲᠦᠬᠦᠬᠡᠷᠦᠮᠵᠢ ᠲᠤᠨᠤᠭᠯᠠᠬᠤ᠂ ᠲᠠᠪᠴᠠᠩ ᠪᠠᠶᠢᠭᠤᠯᠬᠤ᠂ ᠠᠩᠬ᠎ᠠ ᠠᠯᠬᠤᠮ ᠰᠢᠯᠭᠠᠨ ᠬᠤᠷᠢᠶᠠᠬᠤ ᠵᠡᠷᠬᠡ ᠶᠢ ᠪᠠᠭᠳᠠᠭᠠᠵᠤ᠂ 7 ᠰᠠᠷ᠎ᠠ ᠶᠢᠨ 28᠎ ᠠᠴᠠ ᠡᠮᠦᠨ᠎ᠠ ᠲᠠᠭᠤᠰᠬᠠᠨ᠎ᠠ︔ ᠭᠤᠷᠪᠠ᠂ ᠴᠢᠨᠠᠷ ᠴᠢᠨᠰᠠᠭ᠎ᠠ ᠶᠢ ᠵᠰᠠᠬᠤ ᠱᠠᠳᠤ᠂ ᠱᠠᠭᠠᠷᠳᠠᠯᠭ᠎ᠠ ᠳᠤ ᠦᠯᠦ ᠨᠡᠶᠢᠴᠡᠬᠦ ᠪᠠ ᠬᠠᠮᠢᠶ᠎ᠠ ᠪᠦᠬᠦᠢ ᠪᠠᠷᠢᠮᠵᠢᠶ᠎ᠠ ᠶᠢᠨ ᠭᠤᠭᠴᠤᠭ᠎ᠠ ᠶᠢ ᠵᠠᠰᠠᠯᠳᠠ ᠬᠢᠵᠤ᠂ ᠪᠠᠷᠢᠯᠭ᠎ᠠ ᠶᠢᠨ ᠴᠢᠨᠠᠷ ᠴᠢᠨᠰᠠᠭ᠎ᠠ ᠶᠢ ᠦᠨᠡᠨᠬᠦ ᠪᠠᠳᠤᠯᠠᠵᠤ᠂ 9 ᠰᠠᠷ᠎ᠠ ᠶᠢᠨ 13᠎ ᠠᠴᠠ ᠡᠮᠦᠨ᠎ᠠ ᠲᠠᠭᠤᠰᠬᠠᠨ᠎ᠠ︔ ᠲᠦᠷᠪᠡ᠂ ᠦᠷ᠎ᠠ ᠪᠦᠳᠦᠬᠡᠯ ᠢ ᠰᠢᠯᠭᠠᠨ ᠬᠤᠷᠢᠶᠠᠬᠤ ᠱᠠᠳᠤ᠂ ᠢᠨᠵᠧᠨᠧᠷᠢᠩ ᠤᠨ ᠬᠠᠮᠤᠭ ᠡᠴᠦᠰ ᠤᠨ ᠰᠢᠯᠭᠠᠨ ᠬᠤᠷᠢᠶᠠᠯᠳᠠ ᠪᠠ ᠮᠠᠲ᠋ᠧᠷᠢᠶᠠᠯ ᠲᠤᠰᠢᠶᠠᠨ ᠡᠪᠬᠡᠮᠡᠯ ᠳᠤ ᠤᠷᠤᠭᠤᠯᠬᠤ ᠶᠢ ᠪᠠᠭᠳᠠᠭᠠᠨ᠂ 11 ᠰᠠᠷ᠎ᠠ ᠶᠢᠨ 16᠎ ᠠᠴᠠ ᠡᠮᠦᠨ᠎ᠠ ᠲᠠᠭᠤᠰᠬᠠᠨ᠎ᠠ᠃      ︵ᠭᠤᠷᠪᠠ︶ ᠲᠤᠭ᠎ᠠ ᠪᠠᠷᠢᠮᠳᠠ ᠶᠢᠨ ᠲᠦᠪ ᠢ ᠪᠦᠳᠦᠬᠡᠨ      ᠪᠠᠶᠢᠭᠤᠯᠬᠤ ᠲᠦᠷᠦᠯ ᠵᠦᠢᠯ      ᠪᠦᠳᠦᠬᠡᠨ ᠪᠠᠶᠢᠭᠤᠯᠬᠤ ᠠᠭᠤᠯᠭ᠎ᠠ᠄ 500 ᠲᠡᠭᠰᠢ ᠲᠦᠷᠪᠡᠯᠵᠢᠨ ᠮᠧᠲᠷ ᠤᠨ ᠤᠳᠤᠬᠢᠴᠢᠯᠠᠭᠰᠠᠨ ᠪᠠᠷᠢᠮᠵᠢᠶᠠᠳᠤ  ᠮᠠᠰᠢᠨ ᠲᠡᠷᠬᠡᠨ ᠦᠷᠳᠡᠭᠡ ᠶᠢ ᠪᠠᠶᠢᠭᠤᠯᠵᠤ᠂ ᠡᠯ᠎ᠠ ᠪᠠᠶᠢᠭᠤᠯᠭ᠎ᠠ᠂ ᠡᠯ᠎ᠠ ᠰᠢᠰᠲ᠋ᠧᠮ ᠳᠤ ᠲᠤᠭ᠎ᠠ ᠪᠠᠷᠢᠮᠳᠠ ᠶᠢ ᠨᠢᠬᠡᠳᠦᠯᠳᠠᠢ ᠰᠤᠯᠢᠯᠴᠠᠬᠤ ᠲᠠᠪᠴᠠᠩ ᠬᠢᠬᠡᠳ ᠦᠢᠯᠡᠴᠢᠯᠡᠬᠡᠨ ᠤ ᠪᠠᠭᠠᠵᠢ ᠶᠢ ᠨᠡᠶᠢᠳᠡᠨ ᠬᠠᠮᠢᠶᠠᠷᠬᠤ ᠵᠡᠷᠬᠡ ᠦᠢᠯᠡᠴᠢᠯᠡᠭᠡ ᠶᠢ ᠬᠠᠩᠭᠠᠵᠤ᠂ ᠵᠠᠰᠠᠭ ᠤᠨ ᠤᠷᠳᠤᠨ ᠤ ᠰᠤᠷᠠᠭ ᠵᠠᠩᠬᠢ ᠶᠢᠨ ᠡᠬᠢ ᠪᠠᠶᠠᠯᠢᠭ ᠶᠢ ᠨᠡᠶᠢᠯᠡᠬᠦᠯᠬᠦ᠂ ᠬᠠᠳᠠᠭᠠᠯᠠᠬᠤ ᠪᠠ ᠬᠠᠮᠳᠤᠪᠡᠷ ᠡᠳ᠋ᠯᠡᠬᠦ ᠨᠡᠶᠢᠳᠡᠯᠡᠬᠦ ᠲᠦᠪ ᠶᠢ ᠨᠢᠬᠡᠳᠦᠯᠳᠠᠢ ᠪᠠᠶᠢᠭᠤᠯᠤᠨ᠂ ᠲᠤᠭ᠎ᠠ ᠪᠠᠷᠢᠮᠳᠠ ᠶᠢᠨ ᠡᠷᠬᠡ ᠰᠦᠷᠳᠤ ᠴᠢᠨᠠᠷ ᠬᠢᠬᠡᠳ ᠨᠢᠬᠡᠳᠦᠮᠡᠯ ᠴᠢᠨᠠᠷ ᠢ ᠬᠠᠮᠠᠭᠠᠯᠠᠵᠤ᠂ ᠲᠤᠭᠠᠴᠢᠯᠠᠭᠰᠠᠨ ᠬᠤᠳᠠ ᠶᠢᠨ ᠰᠢᠰᠲ᠋ᠧᠮ ᠤᠨ ᠪᠦᠳᠦᠬᠡᠨ ᠪᠠᠶᠢᠭᠤᠯᠤᠯᠳᠠ ᠶᠢᠨ ᠰᠠᠶᠢᠨ ᠰᠠᠶᠢᠬᠠᠨ ᠡᠷᠬᠢᠯᠳᠡ ᠶᠢ ᠠᠬᠢᠭᠤᠯᠬᠤ ᠬᠡᠷᠡᠭᠳᠠᠢ᠃      ᠲᠦᠯᠦᠪᠯᠡᠭᠰᠡᠨ ᠨᠢᠬᠡᠴᠢ᠄ ᠡᠯᠧᠺᠲᠷᠤᠨ ᠵᠠᠰᠠᠭ ᠤᠨ ᠶᠠᠪᠤᠳᠠᠯ ᠤᠨ ᠲᠦᠪ ︵ᠬᠠᠷᠢᠭᠤᠴᠠᠭᠴᠢ ᠯᠢᠦ ᠶᠢᠩ ᠰᠢᠤ      ᠲᠡᠷᠢᠬᠦᠯᠡᠵᠤ ᠪᠠᠶᠢᠭᠤᠯᠬᠤ ᠨᠢᠬᠡᠴᠢ᠄ ᠡᠯᠧᠺᠲᠷᠤᠨ ᠵᠠᠰᠠᠭ ᠤᠨ ᠶᠠᠪᠤᠳᠠᠯ ᠤᠨ ᠲᠦᠪ ︵ ᠬᠠᠷᠢᠭᠤᠴᠠᠭᠴᠢ ᠯᠢᠤ ᠶᠢᠩ ᠰᠢᠤ︶      ᠬᠠᠮᠵᠢᠯᠴᠠᠬᠤ ᠨᠢᠬᠡᠴᠢ᠄ ᠰᠠᠭᠤᠷᠢ ᠪᠦᠳᠦᠬᠡᠨ ᠪᠠᠶᠢᠭᠤᠯᠤᠯᠳᠠ ᠶᠢᠨ ᠠᠯᠪᠠᠨ ᠬᠡᠷ᠂ ᠡᠯ᠎ᠠ ᠲᠤᠮᠤ ᠬᠡᠷᠡᠭᠵᠢᠬᠦᠯᠵᠤ ᠡᠵᠡᠩᠨᠡᠬᠦ ᠬᠤᠳᠠᠯᠳᠤᠭᠠᠴᠢᠨ ︵ᠬᠠᠷᠢᠭᠤᠴᠠᠭᠴᠢ᠄ ᠶᠠᠩ ᠬᠦᠸᠧ ᠯᠢ᠂ ᠡᠯ᠎ᠠ ᠲᠤᠮᠤ ᠬᠡᠷᠡᠭᠵᠢᠬᠦᠯᠵᠤ ᠡᠵᠡᠩᠨᠡᠬᠦ ᠬᠤᠳᠠᠯᠳᠤᠭᠠᠴᠢᠨ ᠤ ᠬᠠᠷᠢᠭᠤᠴᠠᠭᠴᠢ︶      ᠪᠦᠳᠦᠬᠡᠨ ᠪᠠᠶᠢᠭᠤᠯᠬᠤ ᠬᠤᠭᠤᠴᠠᠭ᠎ᠠ᠄ 2011 ᠤᠨ ᠤ 4 ᠰᠠᠷ᠎ᠠ ᠶᠢᠨ 9᠎ ᠠᠴᠠ 2011 ᠤᠨ ᠤ 7 ᠰᠠᠷ᠎ᠠ ᠶᠢᠨ 29 ᠬᠦᠷᠳᠡᠯ᠎ᠠ      ᠬᠡᠷᠡᠭᠵᠢᠬᠦᠯᠬᠦ ᠠᠯᠬᠤᠮ ᠲᠠᠷᠠᠭ᠎ᠠ᠄ 4 ᠱᠠᠳᠤ ᠬᠤᠪᠢᠶᠠᠵᠤ ᠬᠡᠷᠡᠭᠵᠢᠬᠦᠯᠦᠨ᠎ᠠ︔ ᠨᠢᠬᠡ᠂ ᠡᠮᠦᠨᠡᠬᠢ ᠬᠤᠭᠤᠴᠠᠭᠠᠨ ᠤ ᠪᠡᠯᠡᠳᠬᠡᠯ ᠱᠠᠳᠤ᠂ ᠮᠠᠰᠢᠨ ᠲᠡᠷᠬᠡᠨ ᠦᠷᠳᠡᠭᠡ ᠶᠢᠨ ᠤᠷᠤᠨ ᠪᠠᠶᠢᠷᠢ ᠶᠢ ᠰᠤᠩᠭᠤᠬᠤ᠂ ᠪᠦᠳᠦᠬᠡᠨ ᠪᠠᠶᠢᠭᠤᠯᠬᠤ ᠠᠭᠤᠯᠭ᠎ᠠ ᠲᠤᠭᠳᠠᠭᠠᠬᠤ᠂ ᠲᠦᠰᠦᠯ ᠢ ᠨᠠᠶᠢᠷᠠᠭᠤᠯᠬᠤ ᠵᠡᠷᠬᠡ ᠶᠢ ᠪᠠᠭᠳᠠᠭᠠᠨ᠂ 4 ᠰᠠᠷ᠎ᠠ ᠶᠢᠨ 30᠎ ᠠᠴᠠ ᠡᠮᠦᠨ᠎ᠠ ᠲᠠᠭᠤᠰᠬᠠᠨ᠎ᠠ︔ ᠬᠤᠶᠠᠷ᠂ ᠢᠨᠵᠧᠨᠧᠷᠢᠩ ᠤᠨ ᠠᠩᠬ᠎ᠠ ᠠᠯᠬᠤᠮ ᠤᠨ ᠰᠢᠯᠭᠠᠨ ᠬᠤᠷᠢᠶᠠᠯᠳᠠ ᠵᠡᠷᠬᠡ ᠶᠢ ᠪᠠᠭᠳᠠᠭᠠᠵᠤ᠂ 6 ᠰᠠᠷ᠎ᠠ ᠶᠢᠨ 30 ᠎ ᠠᠴᠠ ᠡᠮᠦᠨ᠎ᠠ ᠲᠠᠭᠤᠰᠬᠠᠨ᠎ᠠ︔ ᠭᠤᠷᠪᠠ᠂ ᠴᠢᠨᠠᠷ ᠴᠢᠨᠰᠠᠭ᠎ᠠ ᠶᠢ ᠵᠠᠰᠠᠬᠤ ᠱᠠᠳᠤ᠂ ᠱᠠᠭᠠᠷᠳᠠᠯᠭ᠎ᠠ ᠳᠤ ᠨᠡᠶᠢᠴᠡᠬᠦ ᠪᠠ ᠬᠠᠮᠢᠶ᠎ᠠ ᠪᠦᠬᠦᠢ  ᠪᠠᠷᠢᠮᠵᠢᠶ᠎ᠠ ᠶᠢ ᠦᠨᠡᠨᠬᠦ ᠪᠠᠳᠤᠯᠠᠨ᠂ 7 ᠰᠠᠷ᠎ᠠ ᠶᠢᠨ 20᠎ ᠠᠴᠠ ᠡᠮᠦᠨ᠎ᠠ ᠲᠠᠭᠤᠰᠬᠠᠨ᠎ᠠ︔ ᠲᠦᠷᠪᠡ᠂ ᠦᠷ᠎ᠠ ᠪᠦᠳᠦᠬᠡᠯ ᠢ ᠰᠢᠯᠭᠠᠨ ᠬᠤᠷᠢᠶᠠᠬᠤ ᠱᠠᠳᠤ᠃ ᠢᠨᠵᠧᠨᠧᠷᠢᠩ ᠤᠨ ᠬᠠᠮᠤᠭ ᠡᠴᠦᠰ ᠤᠨ ᠰᠢᠯᠭᠠᠨ ᠬᠤᠷᠢᠶᠠᠯᠳᠠ ᠪᠤᠯᠤᠨ ᠮᠠᠲ᠋ᠧᠷᠢᠶᠠᠯ ᠲᠤᠰᠢᠶᠠᠵᠤ  ᠡᠪᠬᠡᠮᠡᠯ ᠳᠤ ᠤᠷᠤᠭᠤᠯᠬᠤ ᠶᠢ ᠪᠠᠭᠳᠠᠭᠠᠨ᠂ 7 ᠰᠠᠷ᠎ᠠ ᠶᠢᠨ 29᠎ ᠠᠴᠠ ᠡᠮᠦᠨ᠎ᠠ ᠲᠠᠭᠤᠰᠬᠠᠨ᠎ᠠ᠃      ︵ᠲᠦᠷᠪᠡ︶ ᠭᠤᠤᠯ ᠲᠦᠷᠦᠯ ᠵᠦᠢᠯ ᠢ ᠦᠢᠯᠭᠠᠬᠤ      ᠪᠦᠳᠦᠬᠡᠨ ᠪᠠᠶᠢᠭᠤᠯᠬᠤ ᠠᠭᠤᠯᠭ᠎ᠠ᠄ ᠮᠠᠨ ᠤ ᠬᠤᠰᠢᠭᠤᠨ ᠤ ᠤᠯᠤᠰ ᠲᠦᠷᠦ᠂ ᠠᠵᠤ ᠠᠬᠤᠢ᠂ ᠰᠤᠶᠤᠯ ᠬᠢᠬᠡᠳ ᠲᠤᠭᠠᠴᠢᠯᠠᠭᠰᠠᠨ ᠬᠤᠳᠠ ᠶᠢ ᠪᠦᠳᠦᠬᠡᠨ ᠪᠠᠶᠢᠭᠤᠯᠬᠤ ᠳᠤ ᠤᠯᠤᠭᠰᠠᠨ ᠠᠮᠵᠢᠯᠳᠠ ᠶᠢ ᠤᠯᠠᠨ ᠵᠦᠢᠯ ᠤᠨ ᠬᠡᠯᠪᠡᠷᠢ ᠮᠠᠶ᠋ᠢᠭ ᠢᠶᠠᠷ ᠲᠠᠮᠵᠢᠭᠤᠯᠤᠨ ᠤᠯᠠᠨ ᠳᠤ ᠦᠵᠡᠬᠦᠯᠬᠦ ᠶᠢᠨ ᠬᠠᠮᠳᠤ ᠨᠡᠶᠢᠬᠡᠮ ᠳᠤ ᠬᠠᠨᠳᠤᠭᠤᠯᠤᠭᠰᠠᠨ ᠤᠯᠠᠨ ᠲᠦᠷᠦᠯ ᠤᠨ ᠤᠯᠠᠨ ᠨᠡᠶᠢᠳᠡ ᠶᠢᠨ ᠰᠤᠷᠠᠭ ᠵᠠᠩᠬᠢᠴᠢᠯᠠᠯᠳᠠ ᠶᠢᠨ ᠰᠢᠨᠵᠢᠯᠡᠬᠦ ᠤᠬᠠᠭᠠᠨ ᠢ ᠲᠦᠬᠡᠮᠡᠯᠵᠢᠬᠦᠯᠬᠦ ᠠᠵᠢᠯᠯᠠᠭ᠎ᠠ ᠶᠢ ᠢᠳᠡᠪᠬᠢᠳᠠᠢ ᠵᠤᠬᠢᠶᠠᠨ ᠪᠠᠶᠢᠭᠤᠯᠤᠨ ᠦᠷᠨᠢᠬᠦᠯᠵᠤ᠂ ᠨᠡᠶᠢᠬᠡᠮ ᠨᠡᠶᠢᠳᠡ ᠶᠢᠨ ᠰᠤᠷᠠᠭ ᠵᠠᠩᠬᠢᠴᠢᠯᠠᠯᠳᠠ ᠶᠢᠨ ᠰᠢᠨᠵᠢᠯᠡᠬᠦ ᠤᠬᠠᠭᠠᠨ ᠢ ᠲᠦᠬᠡᠮᠡᠯᠵᠢᠬᠦᠯᠬᠦ ᠠᠵᠢᠯᠯᠠᠭ᠎ᠠ ᠶᠢ ᠢᠳᠡᠪᠬᠢᠳᠠᠢ ᠵᠤᠬᠢᠶᠠᠨ ᠪᠠᠶᠢᠭᠤᠯᠤᠨ ᠦᠷᠨᠢᠬᠦᠯᠵᠤ᠂ ᠨᠡᠶᠢᠬᠡᠮ ᠨᠡᠶᠢᠳᠡ ᠶᠢᠨ ᠰᠤᠷᠠᠭ ᠵᠠᠩᠬᠢᠴᠢᠯᠠᠯᠳᠠ ᠶᠢᠨ ᠤᠬᠠᠮᠰᠠᠷ ᠢ ᠨᠡᠶᠢᠳᠡᠮ ᠲᠡᠬᠡᠭᠰᠢᠯᠡᠬᠦᠯᠬᠦ ᠬᠡᠷᠡᠭᠳᠠᠢ      ᠲᠦᠯᠦᠪᠯᠡᠬᠦ ᠨᠢᠬᠡᠴᠢ᠄ ᠡᠯᠧᠺᠲᠷᠣᠨ ᠵᠠᠰᠠᠭ ᠤᠨ ᠶᠠᠪᠤᠳᠠᠯ ᠤᠨ ᠲᠦᠪ ︵ᠬᠠᠷᠢᠭᠤᠴᠠᠭᠴᠢ᠄ ᠯᠢᠤ ᠶᠢᠩ ᠰᠢᠤ︶      ᠲᠡᠷᠢᠬᠦᠯᠡᠵᠤ ᠪᠠᠶᠢᠭᠤᠯᠬᠤ ᠨᠢᠬᠡᠴᠢ᠄ ᠡᠯᠧᠺᠲᠷᠤᠨ ᠵᠠᠰᠠᠭ ᠤᠨ ᠶᠠᠪᠤᠳᠠᠯ ᠤᠨ ᠲᠦᠪ ︵ᠯᠢᠤ ᠶᠢᠩ ᠰᠢᠤ︶      ᠬᠠᠮᠵᠢᠯᠴᠠᠬᠤ ᠨᠢᠬᠡᠴᠢ᠄ ᠰᠠᠭᠤᠷᠢ ᠪᠦᠳᠦᠬᠡᠨ ᠪᠠᠶᠢᠭᠤᠯᠤᠯᠳᠠ ᠶᠢᠨ ᠠᠯᠪᠠᠨ ᠬᠡᠷ᠂ ᠡᠯ᠎ᠠ ᠲᠤᠮᠤ ᠬᠡᠷᠡᠭᠵᠢᠬᠦᠯᠵᠤ ᠡᠵᠡᠩᠨᠡᠬᠦ ᠬᠤᠳᠠᠯᠳᠤᠭᠠᠴᠢᠨ ︵ᠬᠠᠷᠢᠭᠤᠴᠠᠭᠴᠢ᠄ ᠶᠠᠩ ᠬᠦᠸᠧ ᠯᠢ᠂ ᠡᠯ᠎ᠠ ᠲᠤᠮᠤ ᠬᠡᠷᠡᠭᠵᠢᠬᠦᠯᠵᠤ ᠡᠵᠡᠩᠨᠡᠬᠦ ᠬᠤᠳᠠᠯᠳᠤᠭᠠᠴᠢᠨ ᠤ ᠬᠠᠷᠢᠭᠤᠴᠠᠯᠭᠠᠳᠠᠨ︶      ᠪᠦᠳᠦᠬᠡᠨ ᠪᠠᠶᠢᠭᠤᠯᠬᠤ ᠬᠤᠭᠤᠴᠠᠭ᠎ᠠ᠄ 2011 ᠤᠨ ᠤ 4 ᠰᠠᠷ᠎ᠠ ᠶᠢᠨ 9᠎ ᠠᠴᠠ 2011 ᠤᠨ ᠤ 7 ᠰᠠᠷ᠎ᠠ ᠶᠢᠨ 22 ᠬᠦᠷᠳᠡᠯ᠎ᠠ      ᠬᠡᠷᠡᠭᠵᠢᠬᠦᠯᠬᠦ ᠠᠯᠬᠤᠮ ᠲᠠᠷᠠᠭ᠎ᠠ᠄ 4 ᠱᠠᠳᠤ ᠬᠤᠪᠢᠶᠠᠵᠤ ᠬᠡᠷᠡᠭᠵᠢᠬᠦᠯᠦᠨ᠎ᠠ᠃ ᠨᠢᠬᠡ᠂ ᠡᠮᠦᠨᠡᠬᠢ ᠬᠤᠭᠤᠴᠠᠭᠠᠨ ᠤ ᠪᠡᠯᠡᠳᠬᠡᠯ ᠱᠠᠳᠤ᠂ ᠤᠷᠤᠨ ᠪᠠᠶᠢᠷᠢ ᠰᠤᠩᠭᠤᠬᠤ᠂ ᠲᠦᠰᠦᠯ ᠢ ᠨᠠᠶᠢᠷᠠᠭᠤᠯᠬᠤ ᠵᠡᠷᠬᠡ ᠶᠢ ᠪᠠᠭᠳᠠᠭᠠᠵᠤ᠂ 4 ᠰᠠᠷ᠎ᠠ ᠶᠢᠨ30᠎ ᠠᠴᠠ ᠡᠮᠦᠨ᠎ᠠ ᠲᠠᠭᠤᠰᠬᠠᠨ᠎ᠠ︔ ᠬᠤᠶᠠᠷ᠂ ᠢᠨᠵᠧᠨᠧᠷᠢᠩ ᠤᠨ ᠠᠩᠬ᠎ᠠ ᠰᠢᠯᠭᠠᠨ ᠬᠤᠷᠢᠶᠠᠬᠤ ᠱᠠᠳᠤ᠂ ᠲᠠᠭᠠᠭᠠᠴᠢᠯᠠᠯᠳᠠ ᠵᠠᠷᠯᠠᠬᠤ᠂ ᠪᠠᠷᠢᠯᠭ᠎ᠠ᠂ ᠢᠨᠵᠧᠨᠧᠷᠢᠩ ᠤᠨ ᠠᠩᠬ᠎ᠠ ᠠᠯᠬᠤᠮ ᠤᠨ ᠰᠢᠯᠭᠠᠨ ᠬᠤᠷᠢᠶᠠᠯᠳᠠ ᠵᠡᠷᠬᠡ ᠶᠢ ᠪᠠᠭᠳᠠᠭᠠᠨ᠂ 6 ᠰᠠᠷ᠎ᠠ ᠶᠢᠨ 30᠎ ᠠᠴᠠ ᠡᠮᠦᠨ᠎ᠠ ᠲᠠᠭᠤᠰᠬᠠᠨ᠎ᠠ︔ ᠭᠤᠷᠪᠠ᠂ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠱᠠᠳᠤ ᠱᠠᠭᠠᠷᠳᠠᠯᠭ᠎ᠠ ᠳᠤ ᠦᠯᠦ ᠨᠡᠶᠢᠴᠡᠬᠦ ᠪᠠ ᠬᠠᠮᠢᠶ᠎ᠠ ᠪᠦᠬᠦᠢ ᠪᠠᠷᠢᠮᠵᠢᠶ᠎ᠠ ᠶᠢᠨ ᠭᠤᠭᠴᠤᠭ᠎ᠠ ᠳᠤ ᠵᠠᠰᠠᠯᠳᠠ ᠬᠢᠵᠤ᠂ ᠪᠠᠷᠢᠯᠭ᠎ᠠ ᠶᠢᠨ ᠴᠢᠨᠠᠷ ᠴᠢᠨᠰᠠᠭ᠎ᠠ ᠶᠢ ᠦᠨᠡᠨᠬᠦ ᠪᠠᠳᠤᠯᠠᠵᠤ᠂ 7 ᠰᠠᠷ᠎ᠠ ᠶᠢᠨ 15᠎ ᠠᠴᠠ ᠡᠮᠦᠨ᠎ᠠ ᠲᠠᠭᠤᠰᠬᠠᠨ᠎ᠠ︔ ᠲᠦᠷᠪᠡ᠂ ᠦᠷ᠎ᠠ ᠪᠦᠳᠦᠬᠡᠯ ᠢ ᠰᠢᠯᠭᠠᠨ ᠬᠤᠷᠢᠶᠠᠬᠤ ᠱᠠᠳᠤ᠂ ᠢᠨᠵᠧᠨᠧᠷᠢᠩ ᠤᠨ ᠬᠠᠮᠤᠭ ᠡᠴᠦᠰ ᠤᠨ ᠰᠢᠯᠭᠠᠨ ᠬᠤᠷᠢᠶᠠᠯᠳᠠ ᠪᠤᠯᠤᠨ ᠮᠠᠲ᠋ᠧᠷᠢᠶᠠᠯ ᠢ ᠲᠤᠰᠢᠶᠠᠵᠤ  ᠡᠪᠬᠡᠮᠡᠯ ᠳᠤ ᠤᠷᠤᠭᠤᠯᠬᠤ᠂ 7 ᠰᠠᠷ᠎ᠠ ᠶᠢᠨ 22᠎ ᠠᠴᠠ ᠡᠮᠦᠨ᠎ᠠ ᠲᠠᠭᠤᠰᠬᠠᠬᠤ ᠬᠡᠷᠡᠭᠳᠠᠢ᠃      ︵ᠲᠠᠪᠤ︶ ᠡᠯᠧᠺᠲᠷᠤᠨ ᠵᠠᠰᠠᠭ ᠤᠨ ᠶᠠᠪᠤᠳᠠᠯ ᠤᠨ ᠲᠤᠤᠷ ᠰᠦᠯᠵᠢᠶ᠎ᠠ ᠶᠢ ᠦᠬᠡᠷᠡᠴᠢᠯᠡᠬᠦ ᠲᠦᠷᠦᠯ ᠵᠦᠢᠯ ᠪᠦᠳᠦᠬᠡᠨ ᠪᠠᠶᠢᠭᠤᠯᠬᠤ ᠠᠭᠤᠯᠭ᠎ᠠ᠄ ᠤᠳᠤ ᠶᠢᠨ ᠪᠠᠶᠢᠭ᠎ᠠ ᠡᠯᠧᠺᠲᠷᠤᠨ ᠵᠠᠰᠠᠭ ᠤᠨ ᠶᠠᠪᠤᠳᠠᠯ ᠤᠨ ᠲᠤᠤᠷ ᠰᠦᠯᠵᠢᠶᠠᠨ ᠳᠤ ᠲᠡᠰ ᠲᠡᠪᠰᠢᠬᠦᠯᠬᠦ ᠦᠬᠡᠷᠡᠴᠢᠯᠡᠯᠳᠡ ᠬᠢᠵᠤ OA ᠠᠦ᠋ᠲ᠋ᠦᠴᠢᠯᠠᠭᠰᠠᠨ ᠠᠯᠪᠠᠯᠠᠬᠤ ᠰᠢᠰᠲ᠋ᠧᠮ ᠵᠡᠷᠬᠡ ᠰᠤᠷᠠᠭ ᠵᠠᠩᠬᠢᠴᠢᠯᠠᠯᠳᠠ ᠶᠢᠨ ᠬᠡᠷᠡᠭᠴᠡᠭᠡ ᠶᠢ ᠪᠦᠬᠦ ᠲᠠᠯ᠎ᠠ ᠪᠠᠷ ᠲᠡᠯᠬᠡᠷᠡᠬᠦᠯᠵᠤ᠂ ᠪᠤᠢ ᠪᠦᠬᠦᠢ ᠠᠵᠢᠯ ᠮᠡᠷᠬᠡᠵᠢᠯ ᠤᠨ ᠨᠢᠬᠡᠴᠢ ᠶᠢᠨ ᠤᠳᠤᠬᠢᠴᠢᠯᠠᠭᠰᠠᠨ ᠴᠠᠭᠠᠰᠤ ᠦᠯᠦ ᠬᠡᠷᠡᠭᠯᠡᠬᠦ ᠠᠯᠪᠠᠯᠠᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠂ ᠪᠦᠬᠦ ᠬᠤᠰᠢᠭᠤᠨ ᠤ ᠡᠯᠧᠺᠲᠷᠤᠨ ᠵᠠᠰᠠᠭ ᠤᠨ ᠶᠠᠪᠤᠳᠠᠯ ᠤᠨ ᠲᠤᠤᠷ ᠰᠦᠯᠵᠢᠶᠠᠨ ᠤ ᠬᠠᠷᠢᠯᠴᠠᠨ ᠬᠤᠯᠪᠤᠭᠠᠯᠠᠵᠤ ᠬᠠᠷᠢᠯᠴᠠᠨ ᠨᠡᠪᠳᠡᠷᠡᠯᠴᠡᠬᠦ ᠶᠢ ᠪᠡᠶᠡᠯᠡᠬᠦᠯᠬᠦ ᠬᠡᠷᠡᠭᠳᠠᠢ᠃      ᠲᠦᠯᠦᠪᠯᠡᠬᠦ ᠨᠢᠬᠡᠴᠢ᠄ ᠡᠯᠧᠺᠲᠷᠤᠨ ᠵᠠᠰᠠᠭ ᠤᠨ ᠶᠠᠪᠤᠳᠠᠯ ᠤᠨ ᠲᠦᠪ ︵ᠬᠠᠷᠢᠭᠤᠴᠠᠭᠴᠢ᠄ ᠯᠢᠤ ᠶᠢᠩ ᠰᠢᠤ︶      ᠲᠡᠷᠢᠬᠦᠯᠡᠵᠤ ᠪᠠᠶᠢᠭᠤᠯᠬᠤ ᠨᠢᠬᠡᠴᠢ᠄ ᠡᠯᠧᠺᠲᠷᠤᠨ ᠵᠠᠰᠠᠭ ᠤᠨ ᠶᠠᠪᠤᠳᠠᠯ ᠤᠨ ᠲᠦᠪ ︵ᠬᠠᠷᠢᠭᠤᠴᠠᠭᠴᠢ ᠯᠢᠤ ᠶᠢᠩ ᠰᠢᠤ︶      ᠬᠠᠮᠵᠢᠯᠴᠠᠬᠤ ᠨᠢᠬᠡᠴᠢ᠄ ᠡᠯ᠎ᠠ ᠬᠠᠮᠢᠶ᠎ᠠ ᠪᠦᠬᠦᠢ ᠵᠠᠰᠠᠭ ᠵᠠᠬᠢᠷᠭ᠎ᠠ ᠠᠵᠢᠯ ᠦᠢᠯᠡᠰ ᠤᠨ ᠨᠢᠬᠡᠴᠢ᠂ ᠬᠡᠷᠡᠭᠵᠢᠬᠦᠯᠵᠤ ᠡᠵᠡᠩᠨᠡᠬᠦ ᠬᠤᠳᠠᠯᠳᠤᠭᠠᠴᠢᠨ ︵ᠬᠠᠷᠢᠭᠤᠴᠠᠭᠴᠢ᠄ ᠡᠯ᠎ᠠ ᠬᠠᠮᠢᠶ᠎ᠠ ᠪᠦᠬᠦᠢ ᠵᠠᠰᠠᠭ ᠵᠠᠬᠢᠷᠭ᠎ᠠ ᠠᠵᠢᠯ ᠦᠢᠯᠡᠰ ᠤᠨ ᠨᠢᠬᠡᠴᠢ ᠶᠢᠨ ᠭᠤᠤᠯ ᠬᠠᠷᠢᠭᠤᠴᠠᠯᠭᠠᠳᠠᠨ᠂ ᠡᠯ᠎ᠠ ᠬᠡᠷᠡᠭᠵᠢᠬᠦᠯᠵᠤ ᠡᠵᠡᠩᠨᠡᠬᠦ ᠬᠤᠳᠠᠯᠳᠤᠭᠠᠴᠢᠨ ᠤ ᠬᠠᠷᠢᠭᠤᠴᠠᠯᠭᠠᠳᠠᠨ︶      ᠪᠦᠳᠦᠬᠡᠨ ᠪᠠᠶᠢᠭᠤᠯᠬᠤ ᠬᠤᠭᠤᠴᠠᠭ᠎ᠠ᠄ 2011 ᠤᠨ ᠤ 4 ᠰᠠᠷ᠎ᠠ ᠶᠢᠨ 9᠎ ᠠᠴᠠ 2011 ᠤᠨ ᠤ 10 ᠰᠠᠷ᠎ᠠ ᠶᠢᠨ 22 ᠬᠦᠷᠳᠡᠯ᠎ᠠ      ᠬᠡᠷᠡᠭᠵᠢᠬᠦᠯᠬᠦ ᠠᠯᠬᠤᠮ ᠲᠠᠷᠠᠭ᠎ᠠ᠄ 5 ᠱᠠᠳᠤ ᠬᠤᠪᠢᠶᠠᠨ ᠬᠡᠷᠡᠭᠵᠢᠬᠦᠯᠦᠨ᠎ᠠ᠃ ᠨᠢᠬᠡ᠂ ᠡᠮᠦᠨᠡᠬᠢ ᠬᠤᠭᠤᠴᠠᠭᠠᠨ ᠤ ᠪᠡᠯᠡᠳᠬᠡᠯ ᠱᠠᠳᠤ᠂ ᠬᠡᠷᠡᠭᠴᠡᠭᠡ ᠪᠦᠬᠦᠢ ᠵᠠᠳᠠᠯᠤᠯᠳᠠ ᠬᠢᠬᠡᠳ ᠰᠤᠳᠤᠯᠤᠯᠳᠠ᠂ ᠲᠦᠰᠦᠯ ᠢ ᠨᠠᠶᠢᠷᠠᠭᠤᠯᠬᠤ ᠵᠡᠷᠬᠡ ᠶᠢ ᠪᠠᠭᠳᠠᠭᠠᠵᠤ᠂ 5 ᠰᠠᠷ᠎ᠠ ᠶᠢᠨ 20᠎ ᠠᠴᠠ ᠡᠮᠦᠨ᠎ᠠ ᠲᠠᠭᠤᠰᠬᠠᠨ᠎ᠠ︔ ᠬᠤᠶᠠᠷ᠂ ᠢᠨᠵᠧᠨᠧᠨᠷᠢᠩ ᠤᠨ ᠠᠩᠬ᠎ᠠ ᠠᠯᠬᠤᠮ ᠤᠨ ᠰᠢᠯᠭᠠᠨ ᠬᠤᠷᠢᠶᠠᠬᠤ ᠱᠠᠳᠤ᠂ ᠲᠠᠭᠠᠭᠠᠴᠢᠯᠠᠯᠳᠠ ᠵᠠᠷᠯᠠᠬᠤ ᠪᠠᠷᠢᠯᠭ᠎ᠠ᠂ ᠢᠨᠵᠧᠨᠧᠷᠢᠩ ᠤᠨ ᠠᠩᠬ᠎ᠠ ᠠᠯᠬᠤᠮ ᠤᠨ ᠰᠢᠯᠭᠠᠨ ᠬᠤᠷᠢᠶᠠᠯᠳᠠ ᠵᠡᠷᠬᠡ ᠪᠠᠭᠳᠠᠭᠠᠵᠤ9 ᠰᠠᠷ᠎ᠠ ᠶᠢᠨ 20᠎ ᠠᠴᠠ ᠡᠮᠦᠨ᠎ᠠ ᠲᠠᠭᠤᠰᠬᠠᠨ᠎ᠠ︔ ᠭᠤᠷᠪᠠ᠂ ᠴᠢᠨᠠᠷ ᠴᠢᠨᠰᠠᠭ᠎ᠠ ᠰᠠᠶᠢᠵᠢᠷᠠᠭᠤᠯᠬᠤ ᠱᠠᠳᠤ᠂ ᠱᠠᠭᠠᠷᠳᠠᠯᠭ᠎ᠠ ᠦᠯᠦ ᠨᠡᠶᠢᠴᠡᠬᠦ ᠪᠠ ᠬᠠᠮᠢᠶ᠎ᠠ ᠪᠦᠬᠦᠢ ᠪᠠᠷᠢᠮᠵᠢᠶᠠᠨ ᠤ ᠭᠤᠭᠴᠤᠭ᠎ᠠ ᠳᠤ ᠵᠠᠰᠠᠯᠳᠠ ᠬᠢᠵᠤ᠂ ᠪᠠᠷᠢᠯᠭ᠎ᠠ ᠶᠢᠨ ᠴᠢᠨᠠᠷ ᠴᠢᠨᠰᠠᠭ᠎ᠠ ᠶᠢ ᠦᠨᠡᠨᠬᠦ ᠪᠠᠳᠤᠯᠠᠵᠤ᠂ 9 ᠰᠠᠷ᠎ᠠ ᠶᠢᠨ 30᠎ ᠠᠴᠠ ᠡᠮᠦᠨ᠎ᠠ ᠲᠠᠭᠤᠰᠬᠠᠨ᠎ᠠ︔ ᠲᠦᠷᠪᠡ᠂ ᠦᠷ᠎ᠠ ᠪᠦᠳᠦᠬᠡᠯ ᠢ ᠬᠤᠷᠢᠶᠠᠨ ᠰᠢᠯᠭᠠᠬᠤ ᠱᠠᠳᠤ᠃ ᠢᠨᠵᠧᠨᠧᠷᠢᠩ ᠤᠨ ᠬᠠᠮᠤᠭ ᠡᠴᠤᠰ ᠤᠨ ᠰᠢᠯᠭᠠᠨ ᠬᠤᠷᠢᠶᠠᠯᠳᠠ ᠪᠤᠯᠤᠨ ᠮᠠᠲ᠋ᠧᠷᠢᠶᠠᠯ ᠢ ᠲᠤᠰᠢᠶᠠᠵᠤ  ᠡᠪᠬᠡᠮᠡᠯ ᠳᠤ ᠤᠷᠤᠭᠤᠯᠬᠤ ᠶᠢ ᠪᠠᠭᠳᠠᠭᠠᠵᠤ᠂ 10 ᠰᠠᠷ᠎ᠠ ᠶᠢᠨ 9᠎ ᠠᠴᠠ ᠡᠮᠦᠨ᠎ᠠ ᠲᠠᠭᠤᠰᠬᠠᠨ᠎ᠠ︔ ᠲᠠᠪᠤ᠂ ᠲᠤᠤᠷ ᠰᠦᠯᠵᠢᠶ᠎ᠠ ᠶᠢ ᠵᠠᠯᠭᠠᠬᠤ ᠱᠠᠳᠤ᠂ ᠪᠦᠬᠦ ᠬᠤᠰᠢᠭᠤᠨ ᠤ ᠡᠯ᠎ᠠ ᠵᠠᠰᠠᠭ ᠵᠠᠬᠢᠷᠭ᠎ᠠ ᠠᠵᠢᠯ ᠦᠢᠯᠡᠰ ᠤᠨ ᠨᠢᠬᠡᠴᠢ ᠱᠠᠭᠠᠷᠳᠠᠯᠭ᠎ᠠ ᠶᠤᠰᠤᠭᠠᠷ ᠪᠦᠬᠦᠨ ᠢᠶᠠᠷ ᠢᠶᠠᠨ ᠪᠦᠬᠦ ᠬᠤᠰᠢᠭᠤᠨ ᠤ ᠡᠯᠧᠺᠲᠷᠤᠨ ᠵᠠᠰᠠᠭ ᠤᠨ ᠶᠠᠪᠤᠳᠠᠯ ᠤᠨ ᠨᠢᠬᠡᠳᠦᠯᠳᠠᠢ ᠲᠤᠤᠷ ᠰᠦᠯᠵᠢᠶ᠎ᠠ ᠶᠢ ᠵᠠᠯᠭᠠᠵᠤ᠂ 10 ᠰᠠᠷ᠎ᠠ ᠶᠢᠨ 12᠎ ᠠᠴᠠ ᠡᠮᠦᠨ᠎ᠠ ᠲᠠᠭᠤᠰᠬᠠᠬᠤ ᠬᠡᠷᠡᠭᠳᠠᠢ᠃      ︵ᠵᠢᠷᠭᠤᠭ᠎ᠠ︶ ᠵᠠᠰᠠᠭ ᠤᠨ ᠤᠷᠳᠤᠨ ᠤ ᠰᠦᠯᠵᠢᠶᠠᠨ ᠤ ᠴᠢᠭ ᠤᠨ ᠪᠦᠯᠦᠭ ᠢ ᠪᠦᠳᠦᠬᠡᠨ ᠪᠠᠶᠢᠭᠤᠯᠬᠤ ᠲᠦᠷᠦᠯ ᠵᠦᠢᠯ      ᠪᠦᠳᠦᠬᠡᠨ ᠪᠠᠶᠢᠭᠤᠯᠬᠤ ᠠᠭᠤᠯᠭ᠎ᠠ᠄ ᠵᠠᠰᠠᠭ ᠤᠨ ᠤᠷᠳᠤᠨ ᠤ ᠰᠦᠯᠵᠢᠶᠠᠨ ᠤ ᠴᠢᠭ ᠪᠤᠯᠬᠤ《 ᠡᠵᠡᠨ ᠬᠤᠷᠤᠭ᠎ᠠ ᠶᠢᠨ ᠴᠤᠩᠬᠤ 》᠎ ᠪᠠᠷ ᠬᠦᠢᠰᠤ ᠪᠤᠯᠭᠠᠵᠤ᠂ ᠡᠯ᠎ᠠ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠪᠤᠯᠤᠨ ᠵᠠᠰᠠᠭ ᠤᠨ ᠤᠷᠳᠤᠨ ᠤ ᠡᠯ᠎ᠠ ᠴᠢᠳᠠᠪᠤᠷᠢᠳᠤ ᠪᠠᠶᠢᠭᠤᠯᠭ᠎ᠠ ᠠᠴᠠ ᠲᠤᠰᠪᠤᠷᠢ ᠦᠪᠡᠷ ᠦᠪᠡᠷ ᠤᠨ ᠢᠶᠠᠨ ᠰᠦᠯᠵᠢᠶᠠᠨ ᠤ ᠴᠢᠭ ︵ᠲᠦᠷ ᠴᠠᠭ ᠬᠤᠶᠠᠳᠤᠭᠠᠷ ᠲᠡᠰ ᠤᠨ ᠰᠦᠯᠵᠢᠶ᠎ᠠ ᠤ ᠴᠢᠭ ᠢ ᠪᠠᠶᠢᠭᠤᠯᠬᠤ︶ ᠪᠠᠶᠢᠭᠤᠯᠵᠤ᠂《 ᠨᠢᠬᠡ ᠦᠷᠳᠡᠭᠡ ᠮᠠᠶ᠋ᠢᠭ 》᠎ ᠤᠨ ᠦᠢᠯᠡᠴᠢᠯᠡᠭᠡ ᠶᠢ ᠪᠡᠶᠡᠯᠡᠬᠦᠯᠬᠦ ᠬᠡᠷᠡᠭᠳᠠᠢ᠃ ᠵᠠᠰᠠᠭ ᠤᠨ ᠤᠷᠳᠤᠨ ᠤ ᠰᠦᠯᠵᠢᠶᠠᠨ ᠤ ᠴᠢᠭ ᠬᠢᠬᠡᠳ ᠡᠯ᠎ᠠ ᠪᠠᠶᠢᠭᠤᠯᠭ᠎ᠠ᠂ ᠡᠯ᠎ᠠ ᠪᠠᠯᠭᠠᠰᠤᠨ ᠤ ᠵᠠᠰᠠᠭ ᠤᠨ ᠤᠷᠳᠤᠨ ᠤ ᠰᠦᠯᠵᠢᠶᠠᠨ ᠤ ᠴᠢᠭ ᠨᠢ ᠬᠠᠷᠢᠯᠴᠠᠨ ᠨᠢᠬᠡᠳᠦᠯᠳᠠᠢ ᠦᠢᠯᠡᠳᠤᠯᠴᠡᠵᠤ᠂ ᠵᠠᠰᠠᠭ ᠤᠨ ᠤᠷᠳᠤᠨ ᠤ ᠰᠦᠯᠵᠢᠶᠠᠨ ᠤ ᠴᠢᠭ ᠤᠨ ᠪᠦᠯᠦᠭ ᠢ ᠪᠦᠷᠢᠯᠳᠦᠬᠦᠯᠦᠨ᠂ ᠵᠠᠰᠠᠭ ᠤᠨ ᠤᠷᠳᠤᠨ ᠤ ᠵᠠᠰᠠᠭ ᠤᠨ ᠶᠠᠪᠤᠳᠠᠯ ᠢ ᠢᠯᠡ ᠪᠤᠯᠭᠠᠬᠤ᠂ ᠠᠷᠠᠳ ᠲᠤ ᠦᠢᠯᠡᠴᠢᠯᠡᠨ ᠲᠦᠬᠦᠮ ᠦᠵᠡᠬᠦᠯᠬᠦ ᠵᠡᠷᠬᠡ ᠰᠠᠶᠢᠨ ᠰᠠᠶᠢᠬᠠᠨ ᠨᠦᠬᠦᠴᠡᠯ ᠢ ᠡᠬᠦᠳᠬᠦ ᠬᠡᠷᠡᠭᠳᠠᠢ᠃      ᠲᠦᠯᠦᠪᠯᠡᠬᠦ ᠨᠢᠬᠡᠴᠢ᠄ ᠡᠯᠧᠺᠲᠷᠤᠨ ᠵᠠᠰᠠᠭ ᠤᠨ ᠶᠠᠪᠤᠳᠠᠯ ᠤᠨ ᠲᠦᠪ ︵ᠬᠠᠷᠢᠭᠤᠴᠠᠭᠴᠢ᠄ ᠯᠢᠤ ᠶᠢᠩ ᠰᠢᠤ︶      ᠲᠡᠷᠢᠬᠦᠯᠡᠵᠤ ᠪᠠᠶᠢᠭᠤᠯᠬᠤ ᠨᠢᠬᠡᠴᠢ᠄ ᠡᠯᠧᠺᠲᠷᠤᠨ ᠵᠠᠰᠠᠭ ᠤᠨ ᠶᠠᠪᠤᠳᠠᠯ ᠤᠨ ᠲᠦᠪ ︵ᠬᠠᠷᠢᠭᠤᠴᠠᠭᠴᠢ᠄ ᠯᠢᠦ ᠶᠢᠩ ᠰᠢᠤ︶      ᠬᠠᠮᠵᠢᠯᠴᠠᠬᠤ ᠨᠢᠬᠡᠴᠢ᠄ ᠡᠯ᠎ᠠ ᠪᠠᠯᠭᠠᠰᠤᠨ ᠤ ᠵᠠᠰᠠᠭ ᠤᠨ ᠤᠷᠳᠤᠨ᠂ ᠬᠤᠰᠢᠭᠤ ᠰᠢᠭᠤᠳ ᠬᠠᠷᠢᠶ᠎ᠠ ᠡᠯ᠎ᠠ ᠪᠠᠶᠢᠭᠤᠯᠭ᠎ᠠ ᠨᠢᠬᠡᠴᠢ ︵ᠬᠠᠷᠢᠭᠤᠴᠠᠭᠴᠢ᠄ ᠡᠯ᠎ᠠ ᠪᠠᠯᠭᠠᠰᠤᠨ ᠤ ᠲᠠᠷᠤᠭ᠎ᠠ᠂ ᠰᠢᠭᠤᠳ ᠬᠠᠷᠢᠶ᠎ᠠ ᠪᠠᠶᠢᠭᠤᠯᠭ᠎ᠠ ᠨᠢᠬᠡᠴᠢ ᠶᠢᠨ ᠭᠤᠤᠯ ᠬᠠᠷᠢᠭᠤᠴᠠᠯᠭᠠᠳᠠᠨ︶      ᠪᠦᠳᠦᠬᠡᠨ ᠪᠠᠶᠢᠭᠤᠯᠬᠤ ᠬᠤᠭᠤᠴᠠᠭ᠎ᠠ᠄ 2011 ᠤᠨ ᠤ 4 ᠰᠠᠷ᠎ᠠ ᠶᠢᠨ 9᠎ ᠠᠴᠠ 2011 ᠤᠨ ᠤ 7 ᠰᠠᠷ᠎ᠠ ᠶᠢᠨ 12 ᠬᠦᠷᠳᠡᠯ᠎ᠠ      ᠬᠡᠷᠡᠭᠵᠢᠬᠦᠯᠬᠦ ᠠᠯᠬᠤᠮ ᠲᠠᠷᠠᠭ᠎ᠠ᠄ 4 ᠱᠠᠳᠤ ᠬᠤᠪᠢᠶᠠᠵᠤ ᠬᠡᠷᠡᠭᠵᠢᠬᠦᠯᠦᠨ᠎ᠠ︔ ᠨᠢᠬᠡ ᠡᠮᠦᠨᠡᠬᠢ ᠬᠤᠭᠤᠴᠠᠭᠠᠨ ᠤ ᠪᠡᠯᠡᠳᠬᠡᠯ ᠱᠠᠳᠤ᠂ ᠬᠡᠷᠡᠭᠴᠡᠭᠡ ᠪᠦᠬᠦᠢ ᠵᠠᠳᠠᠯᠤᠯᠳᠠ᠂ ᠰᠦᠯᠵᠢᠶᠠᠨ ᠤ ᠴᠢᠭ ᠤᠨ ᠪᠦᠯᠦᠭ ᠢ ᠪᠦᠳᠦᠬᠡᠨ ᠪᠠᠶᠢᠭᠤᠯᠬᠤ ᠲᠦᠰᠦᠯ ᠢ ᠨᠠᠶᠢᠷᠠᠭᠤᠯᠬᠤ ᠵᠡᠷᠬᠡ ᠶᠢ ᠪᠠᠭᠳᠠᠭᠠᠵᠤ᠂ 4 ᠰᠠᠷ᠎ᠠ ᠶᠢᠨ 30᠎ ᠠᠴᠠ ᠡᠮᠦᠨ᠎ᠠ ᠲᠠᠭᠤᠰᠬᠠᠨ᠎ᠠ᠃ ᠬᠤᠶᠠᠷ᠂ ᠢᠨᠵᠧᠨᠧᠷᠢᠩ ᠠᠩᠬ᠎ᠠ ᠰᠢᠯᠭᠠᠬᠤ ᠱᠠᠳᠤ ᠲᠠᠭᠠᠭᠠᠴᠢᠯᠠᠯᠳᠠ ᠵᠠᠷᠯᠠᠬᠤ᠂ ᠪᠠᠷᠢᠯᠭ᠎ᠠ᠂ ᠢᠨᠵᠧᠨᠧᠷᠢᠩ ᠤᠨ ᠠᠩᠬ᠎ᠠ ᠠᠯᠬᠤᠮ ᠤᠨ ᠰᠢᠯᠭᠠᠨ ᠬᠤᠷᠢᠶᠠᠯᠳᠠ ᠵᠡᠷᠬᠡ ᠶᠢ ᠪᠠᠭᠳᠠᠭᠠᠵᠤ᠂ 6 ᠰᠠᠷ᠎ᠠ ᠶᠢᠨ20᠎ ᠠᠴᠠ ᠡᠮᠦᠨ᠎ᠠ ᠲᠠᠭᠤᠰᠬᠠᠨ᠎ᠠ︔ ᠭᠤᠷᠪᠠ᠂ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠱᠠᠳᠤ᠂ ᠱᠠᠭᠠᠷᠳᠠᠯᠭ᠎ᠠ ᠳᠤ ᠦᠯᠦ ᠨᠡᠶᠢᠴᠡᠬᠦ ᠪᠠ ᠬᠠᠮᠢᠶ᠎ᠠ ᠪᠦᠬᠦᠢ ᠪᠠᠷᠢᠮᠵᠢᠶ᠎ᠠ ᠶᠢᠨ ᠭᠤᠭᠴᠤᠭ᠎ᠠ ᠳᠤ ᠵᠠᠰᠠᠯᠳᠠ ᠬᠢᠵᠤ᠂ ᠪᠠᠷᠢᠯᠭ᠎ᠠ ᠶᠢᠨ ᠴᠢᠨᠠᠷ ᠴᠢᠨᠰᠠᠭ᠎ᠠ ᠶᠢ ᠦᠨᠡᠨᠬᠦ ᠪᠠᠳᠤᠯᠠᠵᠤ᠂ 7 ᠰᠠᠷ᠎ᠠ ᠶᠢᠨ 4᠎ ᠠᠴᠠ ᠡᠮᠦᠨ᠎ᠠ ᠲᠠᠭᠤᠰᠬᠠᠨ᠎ᠠ︔ ᠲᠦᠷᠪᠡ ᠦᠷ᠎ᠠ ᠪᠦᠳᠦᠬᠡᠯ ᠢ ᠰᠢᠯᠭᠠᠨ ᠬᠤᠷᠢᠶᠠᠬᠤ ᠱᠠᠳᠤ᠂ ᠢᠨᠵᠧᠨᠧᠷᠢᠩ ᠤᠨ ᠬᠠᠮᠤᠭ ᠡᠴᠦᠰ ᠤᠨ ᠰᠢᠯᠭᠠᠨ ᠬᠤᠷᠢᠶᠠᠯᠳᠠ᠂ ᠮᠠᠲ᠋ᠧᠷᠢᠶᠠᠯ ᠢ ᠲᠤᠰᠢᠶᠠᠵᠤ  ᠡᠪᠬᠡᠮᠡᠯ ᠳᠤ ᠤᠷᠤᠭᠤᠯᠬᠤ ᠪᠠ ᠵᠠᠰᠠᠭ ᠤᠨ ᠤᠷᠳᠤᠨ ᠤ ᠰᠦᠯᠵᠢᠶᠠᠨ ᠤ ᠴᠢᠭ ᠤᠨ ᠪᠦᠯᠦᠭ ᠢ ᠲᠡᠯᠬᠡᠷᠡᠬᠦᠯᠬᠦ᠂ 7 ᠰᠠᠷ᠎ᠠ ᠶᠢᠨ 12᠎ ᠠᠴᠠ ᠡᠮᠦᠨ᠎ᠠ ᠲᠠᠭᠤᠰᠬᠠᠬᠤ ᠬᠡᠷᠡᠭᠳᠠᠢ᠃      ︵ᠲᠤᠯᠤᠭ᠎ᠠ︶ ᠡᠯᠧᠺᠲᠷᠤᠨ ᠵᠠᠰᠠᠭ ᠤᠨ ᠶᠠᠪᠤᠳᠠᠯ ᠤᠨ ᠭᠠᠵᠠᠷ ᠰᠦᠯᠵᠢᠶᠠᠨ ᠤ ᠡᠬᠦᠳᠡ ᠡᠷᠦᠬᠡ ᠶᠢ ᠪᠦᠳᠦᠬᠡᠨ ᠪᠠᠶᠢᠭᠤᠯᠬᠤ ᠲᠦᠷᠦᠯ ᠵᠦᠢᠯ      ᠪᠦᠳᠦᠬᠡᠨ ᠪᠠᠶᠢᠭᠤᠯᠬᠤ ᠠᠭᠤᠯᠭ᠎ᠠ᠄ ᠲᠤᠰᠬᠠᠢ ᠰᠦᠯᠵᠢᠶ᠎ᠠ ᠶᠢ ᠵᠠᠯᠭᠠᠬᠤ ᠰᠤᠷᠠᠭ ᠵᠠᠩᠬᠢ ᠶᠢ ᠬᠠᠷᠢᠯᠴᠠᠨ ᠨᠡᠪᠳᠡᠷᠡᠯᠴᠡᠬᠦ ᠡᠯᠧᠺᠲᠷᠤᠨ ᠵᠠᠰᠠᠭ ᠤᠨ ᠶᠠᠪᠤᠳᠠᠯ ᠤᠨ ᠲᠤᠤᠷ ᠰᠦᠯᠵᠢᠶᠠᠨ ᠤ ᠲᠠᠪᠴᠠᠩ ᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠰᠤᠷᠠᠭ ᠵᠠᠩᠬᠢ ᠶᠢᠨ ᠰᠦᠯᠵᠢᠶᠠᠨ ᠲᠡᠬᠡᠷᠡᠬᠢ ᠪᠤᠰᠢᠭᠤ ᠲᠦᠷᠬᠡᠨ ᠲᠠᠮᠵᠢᠭᠤᠯᠬᠤ ᠶᠢ ᠪᠡᠶᠡᠯᠡᠬᠦᠯᠵᠤ᠃ ᠡᠯ᠎ᠠ ᠱᠠᠳᠤᠨ ᠤ ᠤᠳᠤᠷᠢᠳᠤᠯᠭ᠎ᠠ ᠳᠤ ᠲᠦᠬᠦᠮ ᠦᠵᠡᠬᠦᠯᠬᠦ ᠪᠠᠷ ᠲᠠᠮᠵᠢᠭᠤᠯᠤᠨ《 ᠤᠳᠤᠷᠢᠳᠤᠭᠴᠢ ᠶᠢᠨ ᠰᠢᠷᠡᠬᠡᠨ ᠨᠢᠭᠤᠷ 》 ᠲᠡᠬᠡᠷᠡᠬᠢ ᠡᠳᠤᠷ ᠲᠤᠳᠤᠮ ᠤᠨ ᠠᠯᠪᠠᠯᠠᠬᠤ ᠬᠡᠷᠡᠭ ᠶᠠᠪᠤᠳᠠᠯ ᠢ ᠰᠢᠢᠳᠪᠦᠷᠢᠯᠡᠬᠦ᠂ ᠭᠤᠤᠯᠳᠠᠯᠭᠠᠳᠤ ᠢᠨᠵᠧᠨᠧᠷᠢᠩ ᠳᠤ ᠬᠢᠨᠠᠯᠳᠠ ᠬᠠᠮᠢᠶᠠᠷᠤᠯᠳᠠ ᠲᠠᠯᠪᠢᠬᠤ ᠬᠢᠬᠡᠳ ᠭᠤᠤᠯ ᠠᠵᠢᠯ ᠳᠤ ᠪᠠᠶᠢᠷᠢᠯᠠᠭᠤᠯᠤᠯᠳᠠ ᠨᠠᠶᠢᠳᠠᠪᠤᠷᠢᠵᠢᠭᠤᠯᠤᠯᠳᠠ ᠬᠢᠬᠦ ᠶᠢ ᠪᠡᠶᠡᠯᠡᠬᠦᠯᠦᠨ᠎ᠠ᠃      ᠲᠦᠯᠦᠪᠯᠡᠬᠦ ᠨᠢᠬᠡᠴᠢ᠄ ᠡᠯᠧᠺᠲᠷᠤᠨ ᠵᠠᠰᠠᠭ ᠤᠨ ᠶᠠᠪᠤᠳᠠᠯ ᠤᠨ ᠲᠦᠪ ︵ᠬᠠᠷᠢᠭᠤᠴᠠᠭᠴᠢ᠄ ᠯᠢᠤ ᠶᠢᠩ ᠰᠢᠤ︶      ᠲᠡᠷᠢᠬᠦᠯᠡᠵᠤ ᠪᠠᠶᠢᠭᠤᠯᠬᠤ ᠨᠢᠬᠡᠴᠢ᠄ ᠡᠯ᠎ᠠ ᠡᠯᠧᠺᠲᠷᠤᠨ ᠵᠠᠰᠠᠭ ᠤᠨ ᠶᠠᠪᠤᠳᠠᠯ ᠤᠨ ᠲᠦᠪ ︵ ᠬᠠᠷᠢᠭᠤᠴᠠᠭᠴᠢ ᠄ ᠯᠢᠤ ᠶᠢᠩ ᠰᠢᠤ︶      ᠬᠠᠮᠵᠢᠯᠴᠠᠬᠤ ᠨᠢᠬᠡᠴᠢ᠄ ᠡᠯ᠎ᠠ ᠪᠠᠯᠭᠠᠰᠤᠨ ᠤ ᠵᠠᠰᠠᠭ ᠤᠨ ᠤᠷᠳᠤᠨ᠂ ᠬᠤᠰᠢᠭᠤ ᠰᠢᠭᠤᠳ ᠬᠠᠷᠢᠶ᠎ᠠ ᠡᠯ᠎ᠠ ᠵᠠᠰᠠᠭ ᠵᠠᠬᠢᠷᠭ᠎ᠠ ᠠᠵᠢᠯ ᠦᠢᠯᠡᠰ ᠤᠨ ᠨᠢᠬᠡᠴᠢ ︵ᠬᠠᠷᠢᠭᠤᠴᠠᠭᠴᠢ᠄ ᠡᠯ᠎ᠠ ᠪᠠᠯᠭᠠᠰᠤᠨ ᠤ ᠪᠠᠯᠭᠠᠰᠤᠨ ᠲᠠᠷᠤᠭ᠎ᠠ᠂ ᠬᠤᠰᠢᠭᠤ ᠰᠢᠭᠤᠳ ᠬᠠᠷᠢᠶ᠎ᠠ ᠡᠯ᠎ᠠ ᠵᠠᠰᠠᠭ ᠵᠠᠬᠢᠷᠭ᠎ᠠ᠂ ᠠᠵᠢᠯ ᠦᠢᠯᠡᠰ ᠤᠨ ᠪᠠᠶᠢᠭᠤᠯᠭ᠎ᠠ ᠨᠢᠬᠡᠴᠢ ᠶᠢᠨ ᠬᠠᠷᠢᠭᠤᠴᠠᠯᠭᠠᠳᠠᠨ︶      ᠪᠦᠳᠦᠬᠡᠨ ᠪᠠᠶᠢᠭᠤᠯᠬᠤ ᠬᠤᠭᠤᠴᠠᠭ᠎ᠠ᠄ 2011 ᠤᠨ ᠤ 4 ᠰᠠᠷ᠎ᠠ ᠶᠢᠨ 9᠎ ᠠᠴᠠ 2011 ᠤᠨ ᠤ 7 ᠰᠠᠷ᠎ᠠ ᠶᠢᠨ 5 ᠬᠦᠷᠳᠡᠯ᠎ᠠ      ᠬᠡᠷᠡᠭᠵᠢᠬᠦᠯᠬᠦ ᠠᠯᠬᠤᠮ ᠲᠠᠷᠠᠭ᠎ᠠ᠄ 3 ᠱᠠᠳᠤ ᠬᠤᠪᠢᠶᠠᠵᠤ ᠬᠡᠷᠡᠭᠵᠢᠬᠦᠯᠦᠨ᠎ᠠ᠃ ᠨᠢᠬᠡ ᠡᠮᠦᠨᠡᠬᠢ ᠬᠤᠭᠤᠴᠠᠭᠠᠨ ᠤ ᠪᠡᠯᠡᠳᠬᠡᠯ ᠱᠠᠳᠤ᠂ ᠬᠡᠷᠡᠭᠴᠡᠭᠡ ᠪᠦᠬᠦᠢ ᠵᠠᠳᠠᠯᠤᠯᠳᠠ᠂ ᠲᠦᠰᠦᠯ ᠨᠠᠶᠢᠷᠠᠭᠤᠯᠬᠤ ᠵᠡᠷᠬᠡ ᠶᠢ ᠪᠠᠭᠳᠠᠭᠠᠵᠤ᠂ 4 ᠰᠠᠷ᠎ᠠ ᠶᠢᠨ 30᠎ ᠠᠴᠠ ᠡᠮᠦᠨ᠎ᠠ ᠲᠠᠭᠤᠰᠬᠠᠨ᠎ᠠ︔ ᠬᠤᠶᠠᠷ ᠢᠨᠵᠧᠨᠧᠷᠢᠩ ᠤᠨ ᠪᠠᠷᠢᠯᠭ᠎ᠠ ᠶᠢᠨ ᠱᠠᠳᠤ᠂ ᠲᠠᠭᠠᠭᠠᠴᠢᠯᠠᠯᠳᠠ ᠵᠠᠷᠯᠠᠬᠤ ᠪᠠᠷᠢᠯᠭ᠎ᠠ᠂ ᠢᠨᠵᠧᠨᠧᠷᠢᠩ ᠶᠢᠨ ᠠᠩᠬ᠎ᠠ ᠬᠤᠷᠢᠶᠠᠨ ᠰᠢᠯᠭᠠᠯᠳᠠ᠂ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠵᠡᠷᠬᠡ ᠶᠢ ᠪᠠᠭᠳᠠᠭᠠᠵᠤ᠂ 7 ᠰᠠᠷ᠎ᠠ ᠶᠢᠨ 1᠎ ᠠᠴᠠ ᠡᠮᠦᠨ᠎ᠠ ᠲᠠᠭᠤᠰᠬᠠᠨ᠎ᠠ︔ ᠭᠤᠷᠪᠠ ᠂ ᠦᠷ᠎ᠠ ᠪᠦᠳᠦᠬᠡᠯ ᠢ ᠰᠢᠯᠭᠠᠨ ᠬᠤᠷᠢᠶᠠᠬᠤ ᠱᠠᠳᠤ᠂ ᠢᠨᠵᠧᠨᠧᠷᠢᠩ ᠤᠨ ᠬᠠᠮᠤᠭ ᠡᠴᠦᠰ ᠤᠨ ᠰᠢᠯᠭᠠᠨ ᠬᠤᠷᠢᠶᠠᠯᠳᠠ ᠪᠠ ᠮᠠᠲ᠋ᠧᠷᠢᠶᠠᠯ ᠢ ᠲᠤᠰᠢᠶᠠᠨ  ᠡᠪᠬᠡᠮᠡᠯ ᠳᠤ ᠤᠷᠤᠭᠤᠯᠬᠤ ᠶᠢ ᠪᠠᠭᠳᠠᠭᠠᠵᠤ᠂ 7 ᠰᠠᠷ᠎ᠠ ᠶᠢᠨ 5᠎ ᠠᠴᠠ ᠡᠮᠦᠨ᠎ᠠ ᠲᠠᠭᠤᠰᠬᠠᠬᠤ ᠬᠡᠷᠡᠭᠳᠠᠢ᠃      ︵ᠨᠡᠢᠮᠠ︶ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠪᠠ ᠡᠯᠧᠺᠲᠷᠤᠨ ᠬᠢᠨᠠᠨ ᠪᠠᠶᠢᠴᠠᠭᠠᠯᠳᠠ ᠶᠢᠨ ᠰᠢᠰᠲ᠋ᠧᠮ ᠢ ᠪᠦᠳᠦᠬᠡᠨ ᠪᠠᠶᠢᠭᠤᠯᠬᠤ ᠲᠦᠷᠦᠯ ᠵᠦᠢᠯ      ᠪᠦᠳᠦᠬᠡᠨ ᠪᠠᠶᠢᠭᠤᠯᠬᠤ ᠠᠭᠤᠯᠭ᠎ᠠ᠄ ᠰᠤᠷᠠᠭ ᠵᠠᠩᠬᠢᠴᠢᠯᠠᠯᠳᠠ ᠶᠢᠨ ᠠᠷᠭ᠎ᠠ ᠪᠠᠷᠢᠯ ᠢᠶᠠᠷ ᠲᠠᠮᠵᠢᠵᠤ᠂ ᠪᠦᠬᠦ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠨᠢᠬᠡ ᠠᠵᠢᠯ ᠤᠨ ᠲᠠᠪᠴᠠᠩ ᠲᠡᠬᠡᠷ᠎ᠠ ᠲᠦᠪᠯᠡᠷᠬᠦᠯᠵᠤ᠂ ᠨᠢᠬᠡᠳᠦᠯᠳᠠᠢ ᠤᠳᠠᠰᠤᠨ ᠲᠡᠬᠡᠷ᠎ᠠ ᠵᠠᠰᠠᠭ ᠵᠠᠬᠢᠷᠭᠠᠨ ᠤ ᠵᠦᠪᠰᠢᠶᠡᠷᠡᠬᠦ ᠦᠢᠯᠡᠴᠢᠯᠡᠬᠡᠨ ᠤ ᠲᠤᠮᠤ ᠲᠢᠩᠬᠢᠮ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠰᠦᠯᠵᠢᠶᠠᠨ ᠲᠡᠬᠡᠷᠡᠬᠢ ᠰᠤᠷᠠᠭ ᠵᠠᠩᠬᠢ ᠶᠢ ᠢᠯᠡ ᠪᠤᠯᠭᠠᠬᠤ ᠡᠬᠦᠳᠡ ᠡᠷᠦᠬᠡ ᠪᠤᠯᠤᠨ ᠪᠦᠬᠦ ᠶᠠᠪᠤᠴᠠ ᠳᠤ ᠵᠠᠰᠠᠭ ᠵᠠᠬᠢᠷᠭᠠᠨ ᠬᠢᠨᠠᠨ ᠵᠦᠪᠰᠢᠶᠡᠷᠡᠬᠦ ᠡᠯᠧᠺᠲᠷᠤᠨ ᠬᠢᠨᠠᠨ ᠪᠠᠶᠢᠴᠠᠭᠠᠯᠳᠠ ᠶᠢᠨ ᠰᠢᠰᠲ᠋ᠧᠮ ᠢ ᠪᠠᠶᠢᠭᠤᠯᠵᠤ᠂ ᠬᠢᠨᠠᠨ ᠵᠦᠪᠰᠢᠶᠡᠷᠡᠬᠦ ᠦᠢᠯᠡᠳᠦᠯ ᠴᠢᠳᠠᠪᠤᠷᠢ ᠪᠤᠯᠤᠨ ᠨᠡᠪᠳᠡᠴᠡ ᠶᠢ ᠲᠡᠬᠡᠭᠰᠢᠯᠡᠬᠦᠯᠬᠦ ᠬᠡᠷᠡᠭᠳᠠᠢ᠃      ᠲᠦᠯᠦᠪᠯᠡᠬᠦ ᠨᠢᠬᠡᠴᠢ᠄ ᠬᠤᠰᠢᠭᠤ ᠵᠠᠰᠠᠭ ᠤᠨ ᠤᠷᠳᠤᠨ ᠤ ᠠᠯᠪᠠᠨ ᠬᠡᠷ ︵ᠬᠠᠷᠢᠭᠤᠴᠠᠭᠴᠢ᠄ ᠸᠠᠩ ᠬᠤᠸᠠ︶      ᠲᠡᠷᠢᠬᠦᠯᠡᠵᠤ ᠪᠦᠳᠦᠬᠡᠨ ᠪᠠᠶᠢᠭᠤᠯᠬᠤ ᠨᠢᠬᠡᠴᠢ᠄ ᠵᠠᠰᠠᠭ ᠤᠨ ᠤᠷᠳᠤᠨ ᠤ ᠠᠯᠪᠠᠨ ᠬᠡᠷ᠂ ᠬᠢᠨᠠᠨ ᠪᠠᠶᠢᠴᠠᠭᠠᠬᠤ ᠲᠤᠪᠴᠢᠶ᠎ᠠ᠂ ᠡᠯᠧᠺᠲᠷᠤᠨ ᠵᠠᠰᠠᠭ ᠤᠨ ᠶᠠᠪᠤᠳᠠᠯ ᠤᠨ ᠲᠦᠪ ︵ᠬᠠᠷᠢᠭᠤᠴᠠᠭᠴᠢ᠄ ᠸᠠᠩ ᠬᠤᠸᠠ᠂ ᠸᠠᠩ ᠵᠢᠶᠦ᠋ᠨ᠂ ᠯᠢᠤ ᠶᠢᠩ ᠰᠢᠤ︶      ᠬᠠᠮᠵᠢᠯᠴᠠᠬᠤ ᠨᠢᠬᠡᠴᠢ᠄ ᠡᠯ᠎ᠠ ᠵᠠᠰᠠᠭ ᠵᠠᠬᠢᠷᠭᠠᠨ ᠤ ᠵᠦᠪᠰᠢᠶᠡᠷᠡᠯ ᠤᠨ ᠲᠦᠷᠦᠯ ᠵᠦᠢᠯ ᠳᠤ ᠬᠤᠯᠪᠤᠭᠳᠠᠬᠤ ᠪᠠᠶᠢᠭᠤᠯᠭ᠎ᠠ᠂ ᠡᠯ᠎ᠠ ᠪᠠᠯᠭᠠᠰᠤᠨ ᠤ ᠵᠠᠰᠠᠭ ᠤᠨ ᠤᠷᠳᠤᠨ ︵ᠬᠠᠷᠢᠭᠤᠴᠠᠭᠴᠢ᠄ ᠡᠯ᠎ᠠ ᠵᠠᠰᠠᠭ ᠵᠠᠬᠢᠷᠭᠠᠨ ᠤ ᠵᠦᠪᠰᠢᠶᠡᠷᠡᠯ ᠤᠨ ᠪᠠᠶᠢᠭᠤᠯᠭ᠎ᠠ ᠨᠢᠬᠡᠴᠢ ᠶᠢᠨ ᠭᠤᠤᠯ ᠬᠠᠷᠢᠭᠤᠴᠠᠯᠭᠠᠳᠠᠨ᠂ ᠡᠯ᠎ᠠ ᠪᠠᠯᠭᠠᠰᠤᠨ ᠤ ᠪᠠᠯᠭᠠᠰᠤᠨ ᠲᠠᠷᠤᠭ᠎ᠠ      ᠪᠦᠳᠦᠬᠡᠨ ᠪᠠᠶᠢᠭᠤᠯᠬᠤ ᠬᠤᠭᠤᠴᠠᠭ᠎ᠠ᠄ 2011 ᠤᠨ ᠤ4 ᠰᠠᠷ᠎ᠠ ᠶᠢᠨ 9᠎ ᠠᠴᠠ 2011 ᠤᠨ ᠤ 7 ᠰᠠᠷ᠎ᠠ ᠶᠢᠨ 25 ᠬᠦᠷᠳᠡᠯ᠎ᠠ      ᠬᠡᠷᠡᠭᠵᠢᠬᠦᠯᠬᠦ ᠠᠯᠬᠤᠮ ᠳᠠᠷᠠᠭ᠎ᠠ᠄ 3 ᠱᠠᠳᠤ ᠬᠤᠪᠢᠶᠠᠵᠤ ᠬᠡᠷᠡᠭᠵᠢᠬᠦᠯᠦᠨ᠎ᠠ᠃ ᠨᠢᠬᠡ᠂ ᠡᠮᠦᠨᠡᠬᠢ ᠬᠤᠭᠤᠴᠠᠭᠠᠨ ᠤ ᠪᠡᠯᠡᠳᠬᠡᠯ ᠱᠠᠳᠤ᠂ ᠬᠡᠷᠡᠭᠴᠡᠭᠡ ᠪᠦᠬᠦᠢ ᠵᠠᠳᠠᠯᠤᠯᠳᠠ ᠲᠦᠰᠦᠯ ᠢ ᠨᠠᠶᠢᠷᠠᠭᠤᠯᠬᠤ ᠵᠠᠷᠬᠡ ᠶᠢ ᠪᠠᠭᠳᠠᠭᠠᠵᠤ᠂ 5 ᠰᠠᠷ᠎ᠠ ᠶᠢᠨ 30᠎ ᠠᠴᠠ ᠡᠮᠦᠨ᠎ᠠ ᠲᠠᠭᠤᠰᠬᠠᠨ᠎ᠠ︔ ᠬᠤᠶᠠᠷ ᠢᠨᠵᠧᠨᠧᠷᠢᠩ ᠤᠨ ᠪᠠᠷᠢᠯᠭ᠎ᠠ ᠶᠢᠨ ᠱᠠᠳᠤ ᠲᠠᠭᠠᠭᠠᠴᠢᠯᠠᠯᠳᠠ ᠵᠠᠷᠯᠠᠬᠤ᠂ ᠪᠠᠷᠢᠯᠭ᠎ᠠ᠂ ᠢᠨᠵᠧᠨᠧᠷᠢᠩ ᠤᠨ ᠠᠩᠬ᠎ᠠ ᠠᠯᠬᠤᠮ ᠤᠨ ᠰᠢᠯᠭᠠᠨ ᠬᠤᠷᠢᠶᠠᠬᠤ᠂ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠵᠡᠷᠬᠡ ᠶᠢ ᠪᠠᠭᠳᠠᠭᠠᠵᠤ᠂ 7 ᠰᠠᠷ᠎ᠠ ᠶᠢᠨ 20᠎ ᠠᠴᠠ ᠡᠮᠦᠨ᠎ᠠ ᠲᠠᠭᠤᠰᠬᠠᠨ᠎ᠠ︔ ᠭᠤᠷᠪᠠ᠂ ᠦᠷ᠎ᠠ ᠪᠦᠳᠦᠬᠡᠯ ᠢ ᠰᠢᠯᠭᠠᠨ ᠬᠤᠷᠢᠶᠠᠬᠤ ᠱᠠᠳᠤ᠃ ᠢᠨᠵᠧᠨᠧᠷᠢᠩ ᠤᠨ ᠮᠦᠨ ᠡᠴᠦᠰ ᠤᠨ ᠰᠢᠯᠭᠠᠨ ᠬᠤᠷᠢᠶᠠᠯᠳᠠ ᠬᠢᠬᠡᠳ ᠮᠠᠲ᠋ᠧᠷᠢᠶᠠᠯ ᠢ ᠲᠤᠰᠢᠶᠠᠵᠤ  ᠡᠪᠬᠡᠮᠡᠯ ᠳᠤ ᠤᠷᠤᠭᠤᠯᠬᠤ ᠵᠡᠷᠬᠡ ᠶᠢ ᠪᠠᠭᠳᠠᠭᠠᠵᠤ᠂ 7 ᠰᠠᠷ᠎ᠠ ᠶᠢᠨ 25᠎ ᠠᠴᠠ ᠡᠮᠦᠨ᠎ᠠ ᠲᠠᠭᠤᠰᠬᠠᠬᠤ ᠬᠡᠷᠡᠭᠳᠠᠢ᠃      ︵ᠶᠢᠰᠦ︶ ᠬᠤᠳᠠ ᠶᠢᠨ ᠠᠷᠠᠳ ᠤᠨ ᠺᠠᠷᠲ ᠶᠢᠨ ᠲᠦᠷᠦᠯ ᠵᠦᠢᠯ      ᠪᠦᠳᠦᠬᠡᠨ ᠪᠠᠶᠢᠭᠤᠯᠬᠤ ᠠᠭᠤᠯᠭ᠎ᠠ᠄ ᠰᠤᠷᠠᠭ ᠵᠠᠩᠬᠢᠴᠢᠯᠠᠯᠳᠠ ᠶᠢᠨ ᠠᠷᠭ᠎ᠠ ᠪᠠᠷᠢᠯ ᠢᠶᠠᠷ ᠲᠠᠮᠵᠢᠨ ᠬᠤᠳᠠ ᠶᠢᠨ ᠦᠢᠯᠡᠴᠢᠯᠡᠬᠡᠨ ᠤ ᠦᠢᠯᠡᠳᠦᠯ ᠴᠢᠳᠠᠪᠤᠷᠢ ᠶᠢ ᠲᠡᠬᠡᠭᠰᠢᠯᠡᠬᠦᠯᠵᠤ᠂ ᠬᠤᠳᠠ ᠶᠢᠨ ᠰᠠᠭᠤᠭᠠᠯᠢ ᠠᠷᠠᠳ ᠤᠨ ᠠᠮᠢᠳᠤᠷᠠᠯ ᠳᠤ ᠲᠦᠬᠦᠮ ᠦᠵᠡᠬᠦᠯᠦᠨ ᠡᠮᠨᠡᠯᠬᠡ᠂ ᠨᠡᠶᠢᠬᠡᠮ ᠤᠨ ᠪᠠᠳᠤᠯᠠᠭ᠎ᠠ᠂ ᠤᠯᠠᠨ ᠨᠡᠶᠢᠳᠡ ᠶᠢᠨ ᠵᠠᠮ ᠬᠠᠷᠢᠯᠴᠠᠭ᠎ᠠ᠂ ᠭᠠᠷ ᠤᠳᠠᠰᠤ ᠳ᠋ᠢᠶᠠᠩᠬᠤᠸᠠ ᠶᠢᠨ ᠵᠠᠷᠤᠳᠠᠯ ᠢ ᠤᠷᠤᠯᠠᠨ ᠲᠤᠰᠢᠶᠠᠬᠤ᠂ ᠮᠦᠩᠬᠦᠨ ᠬᠦᠢᠯᠬᠡᠬᠡᠨ ᠤ ᠬᠡᠷᠡᠭᠯᠡᠭᠡ᠂ ᠤᠰᠤ ᠴᠠᠬᠢᠯᠭᠠᠨ ᠬᠡᠢ ᠵᠡᠷᠬᠡ ᠤᠯᠠᠨ ᠨᠡᠶᠢᠳᠡ ᠶᠢᠨ ᠠᠵᠢᠯ ᠦᠢᠯᠡᠰ ᠤᠨ ᠴᠢᠨᠠᠷ ᠲᠠᠢ ᠵᠠᠷᠤᠳᠠᠯ ᠬᠤᠷᠢᠶᠠᠬᠤ ᠦᠢᠯᠡᠴᠢᠯᠡᠭᠡ ᠶᠢ ᠬᠠᠩᠭᠠᠬᠤ ᠶᠢᠨ ᠬᠠᠮᠳᠤ ᠪᠠᠩᠬᠢ ᠶᠢᠨ ᠬᠤᠯᠪᠤᠭᠠᠯᠠᠯ ᠤᠨ ᠦᠭᠬᠦ ᠤᠯᠭᠤᠬᠤ ᠦᠢᠯᠡᠳᠦᠯ ᠴᠢᠳᠠᠪᠤᠷᠢ ᠶᠢ ᠬᠠᠷᠢᠭᠤᠴᠠᠨ᠎ᠠ᠃ ᠡᠬᠦᠨ ᠤ ᠬᠠᠮᠳᠤ ᠰᠠᠭᠤᠭᠠᠯᠢ ᠠᠷᠠᠳ ᠤᠨ ᠺᠠᠷᠲ ᠪᠠᠰᠠ ᠺᠠᠷᠲ ᠠᠪᠤᠭᠴᠢ ᠶᠢᠨ ᠪᠡᠶ᠎ᠠ ᠶᠢᠨ ᠭᠠᠷᠤᠯ ᠢ ᠢᠯᠭᠠᠵᠤ ᠲᠠᠨᠢᠬᠤ᠂ ᠬᠤᠪᠢ ᠬᠦᠮᠦᠨ ᠤ ᠰᠤᠷᠠᠭ ᠵᠠᠩᠬᠢ ᠶᠢ ᠲᠡᠮᠳᠡᠭᠯᠡᠬᠦ ᠵᠡᠷᠬᠡ ᠦᠢᠯᠡᠳᠦᠯ ᠴᠢᠳᠠᠪᠤᠷᠢ ᠲᠠᠢ ᠪᠠᠶᠢᠵᠤ᠂ ᠨᠢᠬᠡ ᠺᠠᠷᠲ ᠨᠢ ᠤᠯᠠᠨ ᠬᠡᠷᠡᠭᠴᠡᠭᠡ ᠲᠠᠢ᠂ ᠨᠢᠬᠡ ᠺᠠᠷᠲ ᠢ ᠨᠡᠶᠢᠳᠡᠮ ᠬᠡᠷᠡᠭᠯᠡᠬᠦ ᠵᠡᠷᠬᠡ ᠤᠨᠴᠠᠯᠢᠭ ᠢ ᠢᠯᠡᠷᠡᠬᠦᠯᠦᠨ᠂ ᠰᠠᠭᠤᠭᠠᠯᠢ ᠠᠷᠠᠳ ᠤᠨ ᠠᠮᠢᠳᠤᠷᠠᠯ ᠲᠤ ᠲᠦᠬᠦᠮ ᠦᠵᠡᠬᠦᠯᠦᠨ᠎ᠠ᠃      ᠲᠦᠯᠦᠪᠯᠡᠬᠦ ᠨᠢᠬᠡᠴᠢ᠄ ᠡᠯᠧᠺᠲᠷᠤᠨ ᠵᠠᠰᠠᠭ ᠤᠨ ᠶᠠᠪᠤᠳᠠᠯ ᠤᠨ ᠲᠦᠪ ︵ᠬᠠᠷᠢᠭᠤᠴᠠᠭᠴᠢ᠄ ᠯᠢᠤ ᠶᠢᠩ ᠰᠢᠤ︶      ᠲᠡᠷᠢᠬᠦᠯᠡᠵᠤ ᠪᠠᠶᠢᠭᠤᠯᠬᠤ ᠨᠢᠬᠡᠴᠢ᠄ ᠡᠯᠧᠺᠲᠷᠤᠨ ᠵᠠᠰᠠᠭ ᠤᠨ ᠶᠠᠪᠤᠳᠠᠯ ᠤᠨ ᠲᠦᠪ ︵ᠬᠠᠷᠢᠭᠤᠴᠠᠭᠴᠢ᠄ ᠯᠢᠤ ᠶᠢᠩ ᠰᠢᠤ︶      ᠬᠠᠮᠵᠢᠯᠴᠠᠬᠤ ᠨᠢᠬᠡᠴᠢ᠄ ᠲᠤᠳᠤᠭᠠᠳᠤ ᠶᠢ ᠬᠠᠮᠭᠠᠯᠠᠬᠤ ᠲᠤᠪᠴᠢᠶ᠎ᠠ᠂ ᠨᠡᠶᠢᠬᠡᠮ ᠤᠨ ᠪᠠᠳᠤᠯᠠᠭ᠎ᠠ ᠶᠢᠨ ᠲᠤᠪᠴᠢᠶ᠎ᠠ᠂ ᠲᠦᠬᠡᠬᠡᠯ ᠤᠰᠤᠨ ᠤ ᠦᠢᠯᠡᠳᠪᠦᠷᠢ᠂ ᠴᠠᠬᠢᠯᠭᠠᠨ ᠬᠠᠩᠭᠠᠬᠤ ᠲᠤᠪᠴᠢᠶ᠎ᠠ᠂ ᠬᠡᠷ ᠪᠠᠶᠢᠰᠢᠩ ᠤᠨ ᠬᠠᠮᠢᠶᠠᠷᠤᠯᠳᠠ ᠶᠢᠨ ᠲᠤᠪᠴᠢᠶ᠎ᠠ᠂ ᠵᠠᠮ ᠬᠠᠷᠢᠯᠴᠠᠭᠠᠨ ᠤ ᠲᠤᠪᠴᠢᠶ᠎ᠠ ᠵᠡᠷᠬᠡ ᠬᠠᠮᠢᠶ᠎ᠠ ᠲᠠᠢ ᠪᠠᠶᠢᠭᠤᠯᠭ᠎ᠠ ᠨᠢᠬᠡᠴᠢ ︵ᠬᠠᠷᠢᠭᠤᠴᠠᠭᠴᠢ᠄ ᠴᠢᠤ ᠶᠢᠨ ᠬᠤᠸᠠ᠂ ᠳ᠋ᠤᠸᠠᠨ ᠪᠤᠤ ᠹᠧᠩ᠂ ᠴᠢᠶᠤᠤ ᠱᠤ᠋ ᠬᠤᠩ᠂ ᠯᠢ ᠬᠤᠩ᠂ ᠯᠢ ᠶᠢᠨ ᠹᠧᠩ᠂ ᠵᠠᠩ ᠹᠠᠨ︶      ᠪᠦᠳᠦᠬᠡᠨ ᠪᠠᠶᠢᠭᠤᠯᠬᠤ ᠬᠤᠭᠤᠴᠠᠭ᠎ᠠ᠄ 2011 ᠤᠨ ᠤ 4 ᠰᠠᠷ᠎ᠠ ᠶᠢᠨ 9᠎ ᠠᠴᠠ 2011 ᠤᠨ ᠤ 7 ᠰᠠᠷ᠎ᠠ ᠶᠢᠨ 8 ᠬᠦᠷᠳᠡᠯ᠎ᠠ      ᠬᠡᠷᠡᠭᠵᠢᠬᠦᠯᠬᠦ ᠠᠯᠬᠤᠮ ᠲᠠᠷᠠᠭ᠎ᠠ᠄ 3 ᠱᠠᠳᠤ ᠬᠤᠪᠢᠶᠠᠵᠤ ᠬᠡᠷᠡᠭᠵᠢᠬᠦᠯᠦᠨ᠎ᠠ᠃ ᠨᠢᠬᠡ᠂ ᠡᠮᠦᠨᠡᠬᠢ ᠬᠤᠭᠤᠴᠠᠭᠠᠨ ᠤ ᠪᠡᠯᠡᠳᠬᠡᠯ ᠱᠠᠳᠤ᠂ ᠤᠷᠤᠨ ᠪᠠᠶᠢᠷᠢ ᠲᠤᠭᠳᠠᠭᠠᠬᠤ ᠵᠢᠴᠢ ᠪᠦᠳᠦᠬᠡᠨ ᠪᠠᠶᠢᠭᠤᠯᠤᠯᠳᠠ ᠶᠢᠨ ᠲᠦᠰᠦᠯ ᠢ ᠨᠠᠶᠢᠷᠠᠭᠤᠯᠬᠤ ᠵᠡᠷᠬᠡ ᠶᠢ ᠪᠠᠭᠳᠠᠭᠠᠵᠤ᠂ 4 ᠰᠠᠷ᠎ᠠ ᠶᠢᠨ 30᠎ ᠠᠴᠠ ᠡᠮᠦᠨ᠎ᠠ ᠲᠠᠭᠤᠰᠬᠠᠨ᠎ᠠ᠃ ᠬᠤᠶᠠᠷ᠂ ᠢᠨᠵᠧᠨᠧᠷᠢᠩ ᠤᠨ ᠲᠦᠷᠦᠯ ᠵᠦᠢᠯ ᠢ ᠬᠡᠷᠡᠭᠵᠢᠬᠦᠯᠬᠦ ᠱᠠᠳᠤ᠂ ᠬᠦᠮᠦᠨ ᠠᠮᠠ ᠶᠢᠨ ᠰᠠᠭᠤᠷᠢ ᠲᠤᠭ᠎ᠠ ᠪᠠᠷᠢᠮᠳᠠ ᠶᠢᠨ ᠬᠦᠮᠦᠷᠬᠡ ᠶᠢ ᠪᠠᠶᠢᠭᠤᠯᠬᠤ᠂ ᠬᠤᠳᠠ ᠶᠢᠨ ᠠᠷᠠᠳ ᠤᠨ ᠺᠠᠷᠲ ᠶᠢᠨ ᠲᠡᠪᠴᠠᠩ ᠢ ᠪᠠᠶᠢᠭᠤᠯᠬᠤ ᠵᠡᠷᠬᠡ ᠶᠢ ᠪᠠᠭᠳᠠᠭᠠᠵᠤ᠂ 5 ᠰᠠᠷ᠎ᠠ ᠶᠢᠨ 25᠎ ᠠᠴᠠ ᠡᠮᠦᠨ᠎ᠠ ᠲᠠᠭᠤᠰᠬᠠᠨ᠎ᠠ᠃ ᠭᠤᠷᠪᠠ᠂ ᠬᠤᠳᠠ ᠶᠢᠨ ᠠᠷᠠᠳ ᠤᠨ ᠺᠠᠷᠲ ᠶᠢᠨ ᠠᠵᠢᠯ ᠮᠡᠷᠬᠡᠵᠢᠯ ᠢ ᠲᠡᠯᠬᠡᠷᠡᠬᠦᠯᠬᠦ ᠱᠠᠳᠤ᠂ ᠪᠦᠬᠦ ᠬᠤᠰᠢᠭᠤᠨ ᠤ ᠦᠷᠬᠡᠨ ᠤᠯᠠᠨ ᠠᠷᠠᠳ ᠲᠤ ᠬᠤᠳᠠ ᠶᠢᠨ ᠠᠷᠠᠳ ᠤᠨ ᠺᠠᠷᠲ ᠬᠡᠷᠡᠭᠯᠡᠬᠦ ᠶᠢ ᠤᠬᠠᠭᠤᠯᠤᠨ ᠲᠡᠯᠬᠡᠷᠡᠬᠦᠯᠵᠤ᠂ 7 ᠰᠠᠷ᠎ᠠ ᠶᠢᠨ 8᠎ ᠠᠴᠠ ᠡᠮᠦᠨ᠎ᠠ ᠲᠠᠭᠤᠰᠬᠠᠬᠤ ᠬᠡᠷᠡᠭᠳᠠᠢ᠃      ︵ᠠᠷᠪᠠ︶ ᠬᠤᠳᠠ ᠬᠦᠳᠡᠭᠡ ᠶᠢ ᠨᠢᠬᠡᠳᠦᠯᠳᠠᠢ ᠲᠦᠯᠦᠪᠯᠡᠬᠦ ᠰᠤᠷᠠᠭ ᠵᠠᠩᠬᠢᠴᠢᠯᠠᠯᠳᠠ ᠶᠢᠨ ᠲᠤᠷᠰᠢᠯᠳᠠ ᠶᠢᠨ ᠴᠢᠭ ᠤ ᠲᠦᠷᠦᠯ ᠵᠦᠢᠯ      ᠪᠦᠳᠦᠬᠡᠨ ᠪᠠᠶᠢᠭᠤᠯᠬᠤ ᠠᠭᠤᠯᠭ᠎ᠠ᠄ ᠦᠷᠬᠡᠨ ᠤᠯᠠᠨ ᠮᠠᠯᠴᠢᠨ ᠲᠠᠷᠢᠶᠠᠴᠢᠨ ᠳᠤ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠮᠡᠷᠬᠡᠵᠢᠯ᠂ ᠡᠵᠡᠩᠨᠡᠯᠳᠡ ᠬᠠᠮᠢᠶᠠᠷᠤᠯᠳᠠ᠂ ᠵᠠᠬ᠎ᠠ ᠲᠡᠯᠬᠡᠬᠦᠷ ᠤᠨ ᠰᠤᠷᠠᠭ ᠵᠠᠩᠬᠢ ᠪᠤᠯᠤᠨ ᠵᠠᠰᠠᠭ ᠤᠨ ᠶᠠᠪᠤᠳᠠᠯ ᠤᠨ ᠰᠤᠷᠠᠭ ᠵᠠᠩᠬᠢ ᠶᠢᠨ ᠯᠠᠪᠯᠠᠯᠭ᠎ᠠ᠂ ᠲᠠᠷᠢᠵᠤ ᠲᠡᠵᠢᠬᠡᠵᠤ ᠦᠷᠡᠵᠢᠬᠦᠯᠬᠦ ᠮᠡᠷᠬᠡᠵᠢᠯ ᠤᠨ ᠠᠯᠪᠠᠯᠠᠯᠭ᠎ᠠ ᠵᠡᠷᠬᠡ ᠦᠢᠯᠡᠴᠢᠯᠡᠭᠡ ᠶᠢ ᠴᠠᠭ ᠲᠤᠬᠠᠢ ᠳᠤᠨᠢ ᠪᠦᠳᠦᠮᠵᠢᠳᠠᠢ ᠬᠠᠩᠭᠠᠵᠤ᠂ ᠬᠤᠳᠠ ᠬᠦᠳᠡᠭᠡ ᠶᠢᠨ ᠨᠢᠬᠡ ᠴᠤᠭᠴᠠᠵᠢᠭᠰᠠᠨ ᠠᠬᠢᠴᠠ ᠶᠢ ᠲᠦᠯᠬᠢᠨ ᠠᠬᠢᠭᠤᠯᠵᠤ᠂ ᠬᠤᠳᠠ ᠬᠦᠳᠡᠭᠡ ᠶᠢ ᠨᠢᠬᠡᠳᠦᠯᠳᠠᠢ ᠲᠦᠯᠦᠪᠯᠡᠵᠤ᠂ ᠤᠯᠠᠨ ᠨᠡᠶᠢᠳᠡ ᠶᠢᠨ ᠦᠢᠯᠡᠴᠢᠯᠡᠬᠦ ᠶᠢ ᠲᠡᠩᠴᠡᠬᠦᠷᠢᠰᠢᠬᠦᠯᠬᠦ ᠳᠤ ᠰᠠᠭᠤᠷᠢ ᠲᠠᠯᠪᠢᠨ᠎ᠠ᠃      ᠲᠦᠯᠦᠪᠯᠡᠬᠦ ᠨᠢᠬᠡᠴᠢ᠄ ᠡᠯᠧᠺᠲᠷᠤᠨ ᠵᠠᠰᠠᠭ ᠤᠨ ᠶᠠᠪᠤᠳᠠᠯ ᠤᠨ ᠲᠦᠪ᠄ ︵ᠬᠠᠷᠢᠭᠤᠴᠠᠭᠴᠢ᠄ ᠯᠢᠤ ᠶᠢᠩ ᠰᠢᠤ︶      ᠲᠡᠷᠢᠬᠦᠯᠡᠵᠤ ᠪᠠᠶᠢᠭᠤᠯᠬᠤ ᠨᠢᠬᠡᠴᠢ᠄ ᠡᠯ᠎ᠠ ᠪᠠᠯᠭᠠᠰᠤᠨ ᠤ ᠵᠠᠰᠠᠭ ᠤᠨ ᠤᠷᠳᠤᠨ ︵ᠬᠠᠷᠢᠭᠤᠴᠠᠭᠴᠢ᠄ ᠡᠯ᠎ᠠ ᠪᠠᠯᠭᠠᠰᠤᠨ ᠤ ᠵᠠᠰᠠᠭ ᠤᠨ ᠤᠷᠳᠤᠨ ᠤ ᠪᠠᠯᠭᠠᠰᠤᠨ ᠲᠠᠷᠤᠭ᠎ᠠ︶      ᠬᠠᠮᠵᠢᠯᠴᠠᠬᠤ ᠨᠢᠬᠡᠴᠢ᠄ ᠡᠯᠧᠺᠲᠷᠤᠨ ᠵᠠᠰᠠᠭ ᠤᠨ ᠶᠠᠪᠤᠳᠠᠯ ᠤᠨ ᠲᠦᠪ᠂ ᠡᠯ᠎ᠠ ᠲᠤᠮᠤ ᠬᠡᠷᠡᠭᠵᠢᠬᠦᠯᠵᠤ᠂ ᠡᠵᠡᠩᠨᠡᠬᠦ ᠬᠤᠳᠠᠯᠳᠤᠭᠠᠴᠢᠨ ︵ᠬᠠᠷᠢᠭᠤᠴᠠᠭᠴᠢ ᠯᠢᠤ ᠶᠢᠩ ᠰᠢᠤ ᠡᠯ᠎ᠡ ᠲᠤᠮᠤ ᠬᠡᠷᠡᠭᠵᠢᠬᠦᠯᠵᠤ ᠡᠵᠡᠩᠨᠡᠬᠦ ᠬᠤᠳᠠᠯᠳᠤᠭᠠᠴᠢᠨ ᠤ ᠬᠠᠷᠢᠭᠤᠴᠠᠯᠭᠠᠳᠠᠨ︶      ᠪᠦᠳᠦᠬᠡᠨ ᠪᠠᠶᠢᠭᠤᠯᠬᠤ ᠬᠤᠭᠤᠴᠠᠭ᠎ᠠ᠄ 2011 ᠤᠨ ᠤ 4 ᠰᠠᠷ᠎ᠠ ᠶᠢᠨ 9᠎ ᠠᠴᠠ 2011 ᠤᠨ ᠤ 7 ᠰᠠᠷ᠎ᠠ ᠶᠢᠨ 29 ᠬᠦᠷᠳᠡᠯ᠎ᠠ      ᠬᠡᠷᠡᠭᠵᠢᠬᠦᠯᠬᠦ ᠠᠯᠬᠤᠮ ᠲᠠᠷᠠᠭ᠎ᠠ᠄ 3 ᠱᠠᠳᠤ ᠬᠤᠪᠢᠶᠠᠵᠤ ᠬᠡᠷᠡᠭᠵᠢᠬᠦᠯᠦᠨ᠎ᠠ᠃ ᠨᠢᠬᠡ᠂ ᠡᠮᠦᠨᠡᠬᠢ ᠬᠤᠭᠤᠴᠠᠭᠠᠨ ᠤ ᠪᠡᠯᠡᠳᠬᠡᠯ ᠱᠠᠳᠤ᠂ ᠬᠡᠷᠡᠭᠴᠡᠭᠡ ᠪᠦᠬᠦᠢ ᠵᠠᠳᠠᠯᠤᠯᠳᠠ ᠬᠢᠬᠡᠳ ᠤᠷᠤᠨ ᠪᠠᠶᠢᠷᠢ ᠲᠤᠭᠳᠠᠭᠠᠬᠤ᠂ ᠲᠦᠰᠦᠯ ᠢ ᠨᠠᠶᠢᠷᠠᠭᠤᠯᠬᠤ ᠵᠡᠷᠬᠡ ᠶᠢ ᠪᠠᠭᠳᠠᠭᠠᠵᠤ᠂ 4 ᠰᠠᠷ᠎ᠠ ᠶᠢᠨ 30᠎ ᠠᠴᠠ ᠡᠮᠦᠨ᠎ᠠ ᠲᠠᠭᠤᠰᠬᠠᠨ᠎ᠠ᠃ ᠬᠤᠶᠠᠷ ᠢᠨᠵᠧᠨᠧᠷᠢᠩ ᠤᠨ ᠪᠠᠷᠢᠯᠭ᠎ᠠ ᠶᠢᠨ ᠱᠠᠳᠤ ᠲᠠᠭᠠᠭᠠᠴᠢᠯᠠᠯᠳᠠ ᠵᠠᠷᠯᠠᠬᠤ᠂ ᠪᠠᠷᠢᠯᠭ᠎ᠠ᠂ ᠢᠨᠵᠧᠨᠧᠷᠢᠩ ᠤᠨ ᠠᠩᠬ᠎ᠠ ᠠᠯᠬᠤᠮ ᠤᠨ ᠰᠢᠯᠭᠠᠨ ᠬᠤᠷᠢᠶᠠᠬᠤ᠂ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠵᠡᠷᠬᠡ ᠶᠢ ᠪᠠᠭᠳᠠᠭᠠᠵᠤ᠂ 6 ᠰᠠᠷ᠎ᠠ ᠶᠢᠨ 30᠎ ᠠᠴᠠ ᠡᠮᠦᠨ᠎ᠠ ᠲᠠᠭᠤᠰᠬᠠᠨ᠎ᠠ᠃ ᠭᠤᠷᠪᠠ ᠦᠷ᠎ᠠ ᠪᠦᠳᠦᠬᠡᠯ ᠢ ᠰᠢᠯᠭᠠᠨ ᠬᠤᠷᠢᠶᠠᠬᠤ ᠱᠠᠳᠤ᠃ ᠢᠨᠵᠧᠨᠧᠷᠢᠩ ᠤᠨ ᠬᠠᠮᠤᠭ ᠡᠴᠦᠰ ᠤᠨ ᠰᠢᠯᠭᠠᠨ ᠬᠤᠷᠢᠶᠠᠯᠳᠠ ᠪᠤᠯᠤᠨ ᠮᠠᠲ᠋ᠧᠷᠢᠶᠠᠯ ᠢ ᠲᠤᠰᠢᠶᠠᠵᠤ  ᠡᠪᠬᠡᠮᠡᠯ ᠳᠤ ᠤᠷᠤᠭᠤᠯᠬᠤ ᠵᠡᠷᠬᠡ ᠶᠢ ᠪᠠᠭᠳᠠᠭᠠᠵᠤ᠂ 7 ᠰᠠᠷ᠎ᠠ ᠶᠢᠨ 29᠎ ᠠᠴᠠ ᠡᠮᠦᠨ᠎ᠠ ᠲᠠᠭᠤᠰᠬᠠᠬᠤ ᠬᠡᠷᠡᠭᠳᠠᠢ᠃      ︵ᠠᠷᠪᠠᠨ ᠨᠢᠬᠡ︶ ᠲᠤᠭᠠᠴᠢᠯᠠᠭᠰᠠᠨ ᠬᠤᠳᠠ ᠶᠢᠨ ᠬᠠᠮᠢᠶᠠᠷᠤᠯᠳᠠ ᠶᠢᠨ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ      ᠪᠦᠳᠦᠬᠡᠨ ᠪᠠᠶᠢᠭᠤᠯᠬᠤ ᠠᠭᠤᠯᠭ᠎ᠠ᠄ ᠲᠤᠤᠷ ᠰᠦᠯᠵᠢᠶᠠᠨ ᠤ ᠮᠡᠷᠬᠡᠵᠢᠯ ᠢ ᠠᠰᠢᠭᠯᠠᠨ ᠰᠤᠷᠠᠭ ᠵᠠᠩᠬᠢ ᠪᠠᠨ ᠲᠠᠷᠤᠢ ᠳᠤᠨᠢ ᠲᠤᠭ᠎ᠠ ᠪᠠᠷᠢᠮᠳᠠ ᠶᠢᠨ ᠬᠠᠮᠢᠶᠠᠷᠤᠯᠳᠠ ᠶᠢᠨ ᠲᠦᠪ ᠲᠤ ᠲᠠᠮᠵᠢᠭᠤᠯᠤᠨ ᠬᠦᠷᠬᠡᠵᠤ᠂ ᠬᠠᠷᠢᠭᠤᠴᠠᠭᠴᠢ ᠲᠤᠤᠷ ᠰᠦᠯᠵᠢᠶ᠎ᠠ ᠪᠠᠷ ᠲᠠᠮᠵᠢᠨ ᠪᠦᠬᠦ ᠨᠡᠶᠢᠬᠡᠮ ᠢ ᠬᠠᠮᠢᠶᠠᠷᠬᠤ ᠪᠠ ᠦᠢᠯᠡᠴᠢᠯᠡᠬᠦ ᠶᠢ ᠪᠡᠶᠡᠯᠡᠬᠦᠯᠵᠤ ᠴᠠᠭ ᠲᠤᠬᠠᠢ ᠎ ᠳᠤᠨᠢ ᠬᠤᠳᠠ ᠶᠢᠨ ᠪᠤᠢ ᠪᠦᠬᠦᠢ ᠬᠡᠰᠡᠭ ᠪᠠ ᠬᠡᠷᠡᠭ ᠲᠤ ᠬᠢᠨᠠᠨ ᠬᠠᠮᠢᠶᠠᠷᠤᠯᠳᠠ ᠬᠢᠵᠤ᠂ ᠪᠤᠢ ᠪᠦᠬᠦᠢ ᠨᠡᠶᠢᠬᠡᠮ ᠲᠤᠭᠤᠷᠢᠭ᠂ ᠵᠢᠵᠢᠭ ᠲᠤᠭᠤᠷᠢᠭ ᠠᠰᠠᠷ ᠲᠢᠩᠬᠢᠮ ᠬᠡᠷ ᠤᠷᠤᠨ᠂ ᠬᠦᠮᠦᠨ ᠬᠠᠷ᠎ᠠ ︵ᠨᠡᠬᠦᠳᠡᠯ ᠬᠦᠮᠦᠨ ᠠᠮᠠ︶᠎ ᠤᠨ ᠨᠡᠶᠢᠬᠡᠮ ᠤᠨ ᠵᠦᠷᠢᠴᠡᠯ ᠮᠦᠷᠬᠦᠯᠳᠦᠬᠡᠨ ᠢ ᠠᠷᠢᠯᠭᠠᠨ ᠡᠶᠡᠳᠦᠬᠦᠯᠦᠨ᠎ᠠ᠃      ᠲᠦᠯᠦᠪᠯᠡᠭᠰᠡᠨ ᠨᠢᠬᠡᠴᠢ᠄ ᠡᠯᠧᠺᠲᠷᠤᠨ ᠵᠠᠰᠠᠭ ᠤᠨ ᠶᠠᠪᠤᠳᠠᠯ ᠤᠨ ᠲᠦᠪ ︵ᠬᠠᠷᠢᠭᠤᠴᠠᠭᠴᠢ᠄ ᠯᠢᠤ ᠶᠢᠩ ᠰᠢᠤ︶      ᠲᠡᠷᠢᠬᠦᠯᠡᠵᠤ ᠪᠠᠶᠢᠭᠤᠯᠬᠤ ᠨᠢᠬᠡᠴᠢ᠄ ᠬᠤᠳᠠ ᠶᠢᠨ ᠪᠦᠳᠦᠬᠡᠨ ᠪᠠᠶᠢᠭᠤᠯᠤᠯᠳᠠ ᠶᠢᠨ ᠲᠤᠪᠴᠢᠶ᠎ᠠ᠂ ᠠᠷᠠᠳ ᠤᠨ ᠶᠠᠪᠤᠳᠠᠯ ᠤᠨ ᠲᠤᠪᠴᠢᠶ᠎ᠠ ︵ᠬᠠᠷᠢᠭᠤᠴᠠᠭᠴᠢ᠄ ᠶᠠᠩ ᡁᠢ ᠭᠤᠸᠠᠩ᠂ ᠭᠤᠤ ᠰᠢᠶᠤᠤ ᠬᠤᠩ︶      ᠬᠠᠮᠵᠢᠯᠴᠠᠬᠤ ᠨᠢᠬᠡᠴᠢ᠄ ᠡᠯᠧᠺᠲᠷᠣᠨ ᠵᠠᠰᠠᠭ ᠤᠨ ᠶᠠᠪᠤᠳᠠᠯ ᠤᠨ ᠲᠦᠪ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠤᠪᠴᠢᠶ᠎ᠠ᠂ ᠲᠦᠯᠦᠪᠯᠡᠬᠡᠳᠤ ᠦᠷᠡᠵᠢᠯ ᠤᠨ ᠲᠤᠪᠴᠢᠶ᠎ᠠ᠂ ᠠᠯᠳᠠᠰᠢᠷᠡᠭᠡ ᠪᠠᠯᠭᠠᠰᠤᠨ ᠤ ᠵᠠᠰᠠᠭ ᠤᠨ ᠤᠷᠳᠤᠨ ︵ᠬᠠᠷᠢᠭᠤᠴᠠᠭᠴᠢ ᠬᠦᠮᠦᠰ᠄ ᠯᠢᠤ ᠶᠢᠩ ᠰᠢᠤ᠂ ᠬᠤ᠋ ᠶᠠᠨ ᠭᠠᠩ᠂ ᠬᠤ᠋ ᠰᠢᠨ ᠶᠤᠸᠠᠨ᠂ ᠵᠤᠤ ᠵᠦᠩ ᠴᠠᠩ︶      ᠪᠦᠳᠦᠬᠡᠨ ᠪᠠᠶᠢᠭᠤᠯᠬᠤ ᠬᠤᠭᠤᠴᠠᠭ᠎ᠠ᠄ 2011 ᠤᠨ ᠤ 4 ᠰᠠᠷ᠎ᠠ ᠶᠢᠨ 9᠎ ᠠᠴᠠ 2011 ᠤᠨ ᠤ 9 ᠰᠠᠷ᠎ᠠ ᠶᠢᠨ 7 ᠬᠦᠷᠳᠡᠯ᠎ᠡ      ᠬᠡᠷᠡᠭᠵᠢᠬᠦᠯᠬᠦ ᠠᠯᠬᠤᠮ ᠲᠠᠷᠠᠭ᠎ᠠ᠄ 4 ᠱᠠᠳᠤ ᠬᠤᠪᠢᠶᠠᠵᠤ ᠬᠡᠷᠡᠭᠵᠢᠬᠦᠯᠦᠨ᠎ᠠ᠃ ᠨᠢᠬᠡ᠂ ᠡᠮᠦᠨᠡᠬᠢ ᠬᠤᠭᠤᠴᠠᠭᠠᠨ ᠤ ᠪᠡᠯᠡᠳᠬᠡᠯ ᠱᠠᠳᠤ᠂ ᠲᠦᠯᠦᠪᠵᠢᠬᠦᠯᠦᠬᠡ ᠶᠢ ᠨᠠᠶᠢᠷᠠᠭᠤᠯᠬᠤ᠂ ᠪᠠᠷᠢᠯᠭ᠎ᠠ ᠶᠢᠨ ᠲᠦᠰᠦᠯ ᠢ ᠲᠦᠯᠦᠪᠯᠡᠬᠦ᠂ ᠲᠤᠰᠬᠠᠢ ᠮᠡᠷᠬᠡᠵᠢᠯᠳᠡᠨ ᠤ ᠨᠤᠳᠠᠯᠠᠯ᠂ ᠤᠭᠰᠠᠷᠠᠭ᠎ᠠ ᠲᠤᠨᠤᠭ ᠢ ᠴᠤᠭᠯᠠᠭᠤᠯᠬᠤ ᠵᠡᠷᠬᠡ ᠶᠢ ᠪᠠᠭᠳᠠᠭᠠᠵᠤ ᠂ 5 ᠰᠠᠷ᠎ᠠ ᠶᠢᠨ 10᠎ ᠠᠴᠠ ᠡᠮᠦᠨ᠎ᠠ ᠲᠠᠭᠤᠰᠬᠠᠨ᠎ᠠ᠃ ᠬᠤᠶᠠᠷ᠂ ᠢᠨᠵᠧᠨᠧᠷᠢᠩ ᠢ ᠬᠡᠷᠡᠭᠵᠢᠬᠦᠯᠬᠦ ᠱᠠᠳᠤ᠂ ᠲᠠᠭᠠᠭᠠᠴᠢᠯᠠᠯᠳᠠ ᠵᠠᠷᠯᠠᠬᠤ᠂ ᠪᠠᠷᠢᠯᠭ᠎ᠠ ᠪᠠᠷᠢᠬᠤ᠂ ᠢᠨᠵᠧᠨᠧᠷᠢᠩ ᠤᠨ ᠠᠩᠬ᠎ᠠ ᠠᠯᠬᠤᠮ ᠤᠨ ᠰᠢᠯᠭᠠᠨ ᠬᠤᠷᠢᠶᠠᠯᠳᠠ ᠵᠡᠷᠬᠡ ᠶᠢ ᠪᠠᠭᠳᠠᠭᠠᠵᠤ᠂ 7 ᠰᠠᠷ᠎ᠠ ᠶᠢᠨ 28᠎ ᠠᠴᠠ ᠡᠮᠦᠨ᠎ᠠ ᠲᠠᠭᠤᠰᠬᠠᠨ᠎ᠠ᠃ ᠭᠤᠷᠪᠠ᠂ ᠴᠢᠨᠠᠷ ᠴᠢᠨᠰᠠᠭ᠎ᠠ ᠶᠢ ᠬᠠᠯᠠᠨ ᠰᠠᠶᠢᠵᠢᠷᠠᠭᠤᠯᠬᠤ ᠱᠠᠳᠤ᠂ ᠱᠠᠭᠠᠷᠳᠠᠯᠭ᠎ᠠ ᠳᠤ ᠦᠯᠦ ᠨᠡᠶᠢᠴᠡᠬᠦ ᠪᠠ ᠬᠠᠮᠢᠶ᠎ᠠ ᠪᠦᠬᠦᠢ ᠪᠠᠷᠢᠮᠵᠢᠶ᠎ᠠ ᠶᠢᠨ ᠭᠤᠭᠴᠤᠭ᠎ᠠ ᠳᠤ ᠵᠠᠰᠠᠯᠳᠠ ᠬᠢᠵᠤ ᠪᠠᠷᠢᠯᠭ᠎ᠠ ᠶᠢᠨ ᠴᠢᠨᠠᠷ ᠴᠢᠨᠰᠠᠭ᠎ᠠ ᠶᠢ ᠦᠨᠡᠨᠬᠦ ᠪᠠᠳᠤᠯᠠᠵᠤ᠂ 8 ᠰᠠᠷ᠎ᠠ ᠶᠢᠨ 30᠎ ᠠᠴᠠ ᠡᠮᠦᠨ᠎ᠠ ᠲᠠᠭᠤᠰᠬᠠᠨ᠎ᠠ᠃ ᠲᠦᠷᠪᠡ ᠦᠷ᠎ᠠ ᠪᠦᠳᠦᠬᠡᠯ ᠢ ᠬᠤᠷᠢᠶᠠᠨ ᠰᠢᠯᠭᠠᠬᠤ ᠱᠠᠳᠤ᠃ ᠢᠨᠵᠧᠨᠧᠷᠢᠩ ᠤᠨ ᠬᠠᠮᠤᠭ ᠡᠴᠦᠰ ᠤᠨ ᠬᠤᠷᠢᠶᠠᠨ ᠰᠢᠯᠭᠠᠯᠳᠠ ᠪᠤᠯᠤᠨ ᠲᠤᠰᠢᠶᠠᠬᠤ  ᠡᠪᠬᠡᠮᠡᠯ ᠳᠤ ᠤᠷᠤᠭᠤᠯᠬᠤ ᠶᠢ ᠪᠠᠭᠳᠠᠭᠠᠵᠤ᠂ 9 ᠰᠠᠷ᠎ᠠ ᠶᠢᠨ 7᠎ ᠠᠴᠠ ᠡᠮᠦᠨ᠎ᠠ ᠲᠠᠭᠤᠰᠬᠠᠬᠤ ᠬᠡᠷᠡᠭᠳᠠᠢ᠃      ︵ᠠᠷᠪᠠᠨ ᠬᠤᠶᠠᠷ︶ ᠰᠤᠷᠠᠭ ᠵᠠᠩᠬᠢ ᠶᠢᠨ ᠠᠵᠤ ᠦᠢᠯᠡᠰ ᠢ ᠪᠤᠶᠢᠵᠢᠭᠤᠯᠬᠤ ᠲᠦᠷᠦᠯ ᠵᠦᠢᠯ      ᠪᠦᠳᠦᠬᠡᠨ ᠪᠠᠶᠢᠭᠤᠯᠬᠤ ᠠᠭᠤᠯᠭ᠎ᠠ᠄《 ᠲᠤᠭᠠᠴᠢᠯᠠᠭᠰᠠᠨ ᠡᠵᠡᠨ ᠬᠤᠷᠤᠭ᠎ᠠ 》᠎ ᠶᠢ ᠪᠠᠶᠢᠭᠤᠯᠬᠤ ᠲᠠᠢ ᠤᠶᠠᠯᠳᠤᠭᠤᠯᠤᠨ ᠲᠤᠤᠷ ᠰᠦᠯᠵᠢᠶᠠᠨ ᠤ ᠰᠠᠭᠤᠷᠢ ᠲᠦᠬᠦᠬᠡᠷᠦᠮᠵᠢ ᠶᠢᠨ ᠪᠠᠶᠢᠭᠤᠯᠤᠯᠳᠠ ᠪᠤᠯᠤᠨ ᠰᠤᠷᠠᠭ ᠵᠠᠩᠬᠢ ᠶᠢᠨ ᠡᠬᠢ ᠪᠠᠶᠠᠯᠢᠭ ᠢ ᠨᠡᠬᠡᠬᠡᠨ ᠠᠰᠢᠭᠯᠠᠬᠤ ᠪᠠᠷ ᠭᠤᠤᠯ ᠪᠤᠯᠭᠠᠵᠤ᠂ ᠰᠤᠷᠠᠭ ᠵᠠᠩᠬᠢ ᠶᠢᠨ ᠦᠢᠯᠡᠴᠢᠯᠡᠭᠡ ᠶᠢᠨ ᠦᠢᠯᠡᠰ ᠢ ᠪᠤᠶᠢᠵᠢᠭᠤᠯᠵᠤ᠂ ᠤᠷᠤᠨ ᠪᠦᠰᠡ ᠶᠢᠨ ᠴᠢᠨᠠᠷ ᠲᠠᠢ ᠰᠤᠷᠠᠭ ᠵᠠᠩᠬᠢ ᠶᠢᠨ ᠦᠢᠯᠡᠴᠢᠯᠡᠬᠡᠨ ᠤ ᠲᠦᠪ ᠢ ᠠᠩᠬ᠎ᠠ ᠪᠠᠶᠢᠭᠤᠯᠤᠨ᠎ᠠ᠃ ᠪᠦᠬᠦ ᠬᠤᠳᠠ ᠶᠢᠨ ᠰᠤᠷᠠᠭ ᠵᠠᠩᠬᠢ ᠶᠢᠨ ᠠᠵᠤ ᠦᠢᠯᠡᠰ ᠤᠨ ᠪᠠᠶᠢᠷᠢᠯᠠᠭᠤᠯᠤᠯᠳᠠ ᠲᠦᠯᠦᠪᠵᠢᠬᠦᠯᠦᠬᠡ ᠶᠤᠰᠤᠭᠠᠷ᠂ ᠪᠦᠬᠦ ᠬᠤᠳᠠ ᠶᠢᠨ ᠪᠤᠳᠡᠰ ᠤᠨ ᠢᠨᠲ᠋ᠧᠷᠨᠧᠲ ᠰᠦᠯᠵᠢᠶ᠎ᠠ ᠶᠢᠨ ᠠᠵᠤ ᠦᠢᠯᠡᠰ ᠤᠨ ᠰᠠᠭᠤᠷᠢᠨ ᠢ ᠡᠬᠦᠳᠴᠤ᠂ ᠮᠠᠨ ᠤ ᠬᠤᠰᠢᠭᠤᠨ ᠤ ᠰᠤᠷᠠᠭ ᠵᠠᠩᠬᠢ ᠶᠢᠨ ᠠᠵᠤ ᠦᠢᠯᠡᠰ ᠤᠨ ᠪᠦᠬᠦᠯᠢ ᠬᠢᠷᠢ ᠲᠦᠪᠰᠢᠨ ᠢ ᠲᠡᠬᠡᠭᠰᠢᠯᠡᠬᠦᠯᠦᠨ᠎ᠠ᠃      ᠲᠦᠯᠦᠪᠯᠡᠬᠦ ᠨᠢᠬᠡᠴᠢ᠄ ᠡᠯᠧᠺᠲᠷᠤᠨ ᠵᠠᠰᠠᠭ ᠤᠨ ᠶᠠᠪᠤᠳᠠᠯ ᠤᠨ ᠲᠦᠪ ︵ᠬᠠᠷᠢᠭᠤᠴᠠᠭᠴᠢ᠄ ᠯᠢᠦ ᠶᠢᠩ ᠰᠢᠤ︶      ᠲᠡᠷᠢᠬᠦᠯᠡᠵᠤ ᠪᠠᠶᠢᠭᠤᠯᠬᠤ ᠨᠢᠬᠡᠴᠢ᠄ ᠡᠯᠧᠺᠲᠷᠤᠨ ᠵᠠᠰᠠᠭ ᠤᠨ ᠲᠦᠪ ︵ᠬᠠᠷᠢᠭᠤᠴᠠᠭᠴᠢ ᠯᠢᠤ ᠶᠢᠩ ᠰᠢᠤ︶      ᠪᠦᠷᠢᠯᠳᠦᠬᠦᠨ ᠨᠢᠬᠡᠴᠢ᠄ ᠠᠵᠤ ᠠᠬᠤᠢ ᠠᠷᠠᠯᠵᠢᠶᠠᠨ ᠤ ᠶᠠᠪᠤᠳᠠᠯ ᠤᠨ ᠲᠤᠪᠴᠢᠶ᠎ᠠ ︵ᠬᠠᠷᠢᠭᠤᠴᠠᠭᠴᠢ᠄ ᠪᠠᠶᠠᠨ ᠶᠦᠩ ᠰᠢᠶᠠᠩ︶      ᠪᠦᠳᠦᠬᠡᠨ ᠪᠠᠶᠢᠭᠤᠯᠬᠤ ᠬᠤᠭᠤᠴᠠᠭ᠎ᠠ᠄ 2011 ᠤᠨ ᠤ 4 ᠰᠠᠷ᠎ᠠ ᠶᠢᠨ 9᠎ ᠠᠴᠠ 2011 ᠤᠨ ᠤ 8 ᠰᠠᠷ᠎ᠠ ᠶᠢᠨ 10 ᠬᠦᠷᠳᠡᠯ᠎ᠠ      ᠬᠡᠷᠡᠭᠵᠢᠬᠦᠯᠬᠦ ᠠᠯᠬᠤᠮ ᠲᠠᠷᠠᠭ᠎ᠠ᠄ 3 ᠱᠠᠳᠤ ᠬᠤᠪᠢᠶᠠᠵᠤ ᠬᠡᠷᠡᠭᠵᠢᠬᠦᠯᠦᠨ᠎ᠠ᠃ ᠨᠢᠬᠡ᠂ ᠲᠦᠷᠦ ᠶᠢᠨ ᠪᠤᠳᠤᠯᠭ᠎ᠠ ᠶᠢ ᠰᠤᠳᠤᠯᠬᠤ ᠱᠠᠳᠤ᠂ ᠤᠯᠤᠰ ᠤᠨ ᠲᠤᠳᠤᠭᠠᠳᠤ ᠭᠠᠳᠠᠭᠠᠳᠤ ᠶᠢᠨ ᠰᠤᠷᠠᠭ ᠵᠠᠩᠬᠢ ᠶᠢᠨ ᠠᠵᠤ ᠦᠢᠯᠡᠰ ᠢ ᠪᠦᠢᠵᠢᠭᠤᠯᠬᠤ ᠲᠠᠯ᠎ᠠ ᠪᠠᠷ ᠬᠢ ᠲᠦᠷᠦ ᠶᠢᠨ ᠪᠤᠳᠤᠯᠭ᠎ᠠ ᠶᠢ ᠢᠳᠡᠪᠬᠢᠳᠠᠢ ᠦᠢᠯᠭᠠᠬᠤ ᠪᠠ ᠰᠤᠳᠤᠯᠵᠤ᠂ ᠮᠠᠨ ᠤ ᠬᠤᠰᠢᠭᠤᠨ ᠤ ᠰᠤᠷᠠᠭ ᠵᠠᠩᠬᠢᠴᠢᠯᠠᠯᠳᠠ ᠶᠢᠨ ᠠᠵᠤ ᠦᠢᠯᠡᠰ ᠲᠤ ᠲᠤᠬᠢᠷᠠᠭᠰᠠᠨ ᠠᠵᠢᠯ ᠮᠡᠷᠬᠡᠵᠢᠯ ᠢ ᠰᠦᠪᠡᠭᠴᠢᠯᠠᠨ᠂ 5 ᠰᠠᠷ᠎ᠠ ᠶᠢᠨ 30᠎ ᠠᠴᠠ ᠡᠮᠦᠨ᠎ᠠ ᠲᠠᠭᠤᠰᠬᠠᠨ᠎ᠠ᠃ ᠬᠤᠶᠠᠷ ᠡᠬᠡ ᠨᠤᠤᠷᠠᠭ ᠢ ᠲᠤᠭᠳᠠᠭᠠᠬᠤ ᠱᠠᠳᠤ ᠂ ᠮᠠᠨ ᠤ ᠬᠤᠰᠢᠭᠤᠨ ᠤ ᠪᠠᠨ ᠪᠤᠳᠠᠳᠤ ᠪᠠᠶᠢᠳᠠᠯ ᠲᠠᠢ ᠤᠶᠠᠯᠳᠤᠭᠤᠯᠵᠤ᠂ ᠲᠤᠰᠬᠠᠢ ᠮᠠᠷᠬᠡᠵᠢᠯᠳᠡᠨ ᠡᠷᠳᠡᠮᠳᠡᠨ ᠢ ᠵᠤᠬᠢᠶᠠᠨ ᠪᠠᠶᠢᠭᠤᠯᠵᠤ ᠰᠤᠷᠠᠭ ᠵᠠᠩᠬᠢᠴᠢᠯᠠᠯᠳᠠ ᠶᠢᠨ ᠠᠵᠤ ᠦᠢᠯᠡᠰ ᠢ ᠪᠤᠶᠢᠵᠢᠭᠤᠯᠬᠤ ᠡᠬᠡ ᠨᠤᠤᠷᠠᠭ ᠢ ᠨᠠᠶᠢᠷᠠᠭᠤᠯᠤᠨ ᠪᠢᠴᠢᠵᠤ᠂ 7 ᠰᠠᠷ᠎ᠠ ᠶᠢᠨ 31᠎ ᠠᠴᠠ ᠡᠮᠦᠨ᠎ᠠ ᠲᠠᠭᠤᠰᠬᠠᠨ᠎ᠠ᠃ ᠭᠤᠷᠪᠠ ᠦᠨᠡᠯᠡᠵᠤ ᠨᠤᠳᠠᠯᠠᠬᠤ ᠱᠠᠳᠤ ᠲᠤᠰᠬᠠᠢ ᠮᠡᠷᠬᠡᠵᠢᠯᠳᠡᠨ ᠤ ᠨᠤᠳᠠᠯᠠᠯ ᠤᠨ ᠬᠤᠷᠠᠯ ᠬᠤᠷᠠᠯᠳᠤᠭᠠᠨ᠂ ᠪᠤᠶᠢᠵᠢᠭᠤᠯᠬᠤ ᠡᠬᠡ ᠨᠤᠤᠷᠠᠭ ᠤᠨ ᠪᠤᠯᠤᠯᠴᠠᠭᠠᠳᠤ ᠴᠢᠨᠠᠷ ᠪᠤᠯᠤᠨ ᠰᠢᠨᠵᠢᠯᠡᠬᠦ ᠤᠬᠠᠭᠠᠨᠴᠢ ᠴᠢᠨᠠᠷ ᠲᠤ ᠨᠤᠳᠠᠯᠠᠯ ᠬᠢᠵᠤ 8 ᠰᠠᠷ᠎ᠠ ᠶᠢᠨ10᠎ ᠠᠴᠠ ᠡᠮᠦᠨ᠎ᠠ ᠲᠠᠭᠤᠰᠬᠠᠬᠤ ᠬᠡᠷᠡᠭᠳᠠᠢ᠃      ᠲᠦᠷᠪᠡ᠂ ᠠᠵᠢᠯ ᠤᠨ ᠱᠠᠭᠠᠷᠳᠠᠯᠭ᠎ᠠ      ᠨᠢᠬᠡ᠂ ᠵᠤᠬᠢᠶᠠᠨ ᠪᠠᠶᠢᠭᠤᠯᠤᠯᠳᠠ ᠶᠢᠨ ᠬᠠᠮᠢᠶᠠᠷᠤᠯᠳᠠ ᠪᠠᠨ ᠴᠢᠩᠭᠠᠳᠬᠠᠬᠤ᠃《   ᠲᠤᠭᠠᠴᠢᠯᠠᠭᠰᠠᠨ ᠡᠵᠡᠨ ᠬᠤᠷᠤᠭ᠎ᠠ 》 ᠪᠤᠯ ᠨᠢᠬᠡ ᠲᠦᠷᠦᠯ ᠵᠦᠢᠯ ᠤᠨ ᠮᠤᠨᠳᠠᠭ ᠶᠡᠭᠡ ᠮᠦᠷᠳᠡᠬᠡᠨ ᠪᠤᠳᠤᠯᠢᠶᠠᠨᠳᠠᠢ ᠰᠢᠰᠲ᠋ᠧᠮ ᠢᠨᠵᠧᠨᠧᠷᠢᠩ ᠪᠤᠯᠤᠨ᠎ᠠ᠃ ᠡᠯ᠎ᠠ ᠬᠠᠮᠢᠶ᠎ᠠ ᠪᠦᠬᠦᠢ ᠪᠠᠶᠢᠭᠤᠯᠭ᠎ᠠ ᠠᠴᠠ ᠡᠨᠡ ᠠᠵᠢᠯ ᠤᠨ ᠴᠢᠬᠤᠯᠠ ᠴᠢᠨᠠᠷ ᠢ ᠬᠦᠢᠴᠡᠳ ᠲᠠᠨᠢᠵᠤ᠂ ᠦᠨᠡᠨᠬᠦ ᠰᠠᠶᠢᠳᠤᠷ ᠱᠠᠯᠠᠪᠳᠠᠨ ᠰᠠᠶᠢᠳᠤᠷ ᠠᠳᠬᠤᠵᠤ ᠠᠮᠵᠢᠯᠳᠠ ᠤᠯᠬᠤ ᠪᠠᠷ ᠴᠢᠷᠮᠠᠶᠢᠬᠤ ᠬᠡᠷᠡᠭᠳᠠᠢ᠃ ᠲᠦᠷᠦᠯ ᠵᠦᠢᠯ ᠢ ᠲᠦᠯᠬᠢᠨ ᠠᠬᠢᠭᠤᠯᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠡᠰ ᠲᠡᠰ ᠢᠶᠠᠷ ᠡᠬᠦᠷᠬᠡ ᠪᠠᠨ ᠬᠤᠪᠢᠶᠠᠷᠢᠯᠠᠵᠤ᠂ ᠬᠠᠷᠢᠭᠤᠴᠠᠯᠭ᠎ᠠ ᠪᠠᠨ ᠬᠦᠮᠦᠨ ᠳᠤᠨᠢ ᠨᠠᠶᠢᠳᠠᠪᠤᠷᠢᠵᠢᠭᠤᠯᠬᠤ ᠬᠡᠷᠡᠭᠳᠠᠢ᠃ ᠲᠦᠷᠦᠯ ᠵᠦᠢᠯ ᠤᠨ ᠡᠯ᠎ᠠ ᠪᠠᠶᠢᠭᠤᠯᠭ᠎ᠠ ᠨᠢᠬᠡᠴᠢ ᠠᠴᠠ ᠲᠦᠷᠦᠯ ᠵᠦᠢᠯ ᠢ ᠤᠳᠤᠷᠢᠳᠬᠤ ᠲᠤᠭᠤᠶᠢᠯᠠᠩ ᠪᠠᠶᠢᠭᠤᠯᠤᠨ᠂ ᠪᠠᠶᠢᠭᠤᠯᠭ᠎ᠠ ᠶᠢᠨ ᠨᠢᠬᠡᠳᠦᠬᠡᠷ ᠭᠠᠷ ᠲᠤᠭᠤᠶᠢᠯᠠᠩ ᠤᠨ ᠲᠠᠷᠤᠭ᠎ᠠ ᠶᠢ ᠬᠠᠷᠢᠭᠤᠴᠠᠨ᠂ ᠦᠪᠡᠷ ᠢᠶᠠᠨ ᠠᠳᠬᠤᠬᠤ ᠬᠡᠷᠡᠭᠳᠠᠢ︔ ᠬᠤᠪᠢᠳᠠᠨ ᠬᠠᠮᠢᠶᠠᠷᠬᠤ ᠤᠳᠤᠷᠢᠳᠤᠯᠭ᠎ᠠ ᠠᠴᠠ ᠪᠤᠳᠠᠳᠠᠢ ᠠᠳᠬᠤᠬᠤ ᠶᠢᠨ ᠬᠠᠮᠳᠤ ᠪᠠᠭ᠎ᠠ ᠳᠠᠭᠠᠨ 1 ᠨᠡᠷ᠎ᠠ ᠲᠤᠰᠬᠠᠢ ᠠᠵᠢᠯᠳᠠᠨ ᠢ ᠲᠤᠭᠳᠠᠭᠠᠵᠤ᠂ ᠡᠯ᠎ᠠ ᠲᠦᠷᠦᠯ ᠤᠨ ᠠᠵᠢᠯ ᠢ ᠪᠤᠳᠠᠳᠠᠢ ᠤᠷᠤᠨᠵᠢᠭᠤᠯᠬᠤ ᠶᠢ ᠲᠦᠯᠬᠢᠨ ᠠᠬᠢᠭᠤᠯᠬᠤ ᠬᠡᠷᠡᠭᠳᠠᠢ᠃ ᠨᠠᠮ ᠤᠨ ᠬᠤᠷᠢᠶᠠᠨ ᠤ ᠰᠢᠮᠳᠠᠭᠤᠯᠤᠨ ᠪᠠᠶᠢᠴᠠᠭᠠᠬᠤ ᠲᠤᠰᠬᠠᠢ ᠲᠠᠰᠤᠭ ᠪᠤᠯᠤᠨ ᠵᠠᠰᠠᠭ ᠤᠨ ᠤᠷᠳᠤᠨ ᠤ ᠰᠢᠮᠳᠠᠭᠤᠯᠤᠨ ᠪᠠᠶᠢᠴᠠᠭᠠᠬᠤ ᠲᠠᠰᠤᠭ ᠠᠴᠠ ᠲᠦᠷᠦᠯ ᠵᠦᠢᠯ ᠤᠨ ᠬᠡᠷᠡᠭᠵᠢᠬᠦᠯᠦᠯᠳᠡ ᠶᠢᠨ ᠶᠠᠪᠤᠴᠠ ᠳᠤ ᠲᠤᠭᠳᠠᠮᠠᠯ ᠪᠤᠰᠤ ᠬᠤᠭᠤᠴᠠᠭ᠎ᠠ ᠲᠠᠢ ᠪᠠᠷ ᠰᠢᠮᠳᠠᠭᠤᠯᠤᠯᠳᠠ ᠪᠠᠶᠢᠴᠠᠭᠠᠯᠳᠠ ᠬᠢᠵᠤ᠂ ᠢᠨᠵᠧᠨᠧᠷᠢᠩ ᠢ ᠬᠡᠷᠡᠭᠵᠢᠬᠦᠯᠬᠦ ᠶᠠᠪᠤᠴᠠ ᠳᠤ ᠰᠢᠯᠳᠠᠭᠯᠠᠬᠤ᠂ ᠪᠤᠯᠢᠶᠠᠯᠴᠠᠬᠤ ᠵᠡᠷᠬᠡ ᠶᠢᠨ ᠬᠢᠬᠦᠢ ᠦᠢᠯᠡ ᠠᠵᠢᠯᠯᠠᠭ᠎ᠠ ᠶᠢ ᠮᠡᠳᠡᠬᠡᠯᠡᠨ ᠰᠢᠬᠦᠮᠵᠢᠯᠡᠵᠤ᠂ ᠪᠠᠶᠢᠳᠠᠯ ᠨᠢ ᠤᠨᠴᠠ ᠮᠠᠭᠤ᠂ ᠢᠨᠵᠧᠨᠧᠷᠢᠩ ᠤᠨ ᠠᠬᠢᠴᠠ ᠶᠢ ᠨᠦᠯᠦᠬᠡᠯᠡᠭᠰᠡᠨ ᠪᠠ ᠠᠵᠤ ᠠᠬᠤᠢ ᠶᠢᠨ ᠬᠤᠬᠢᠷᠠᠯ ᠤᠴᠠᠷᠠᠭᠤᠯᠤᠭᠰᠠᠨ ᠬᠠᠷᠢᠭᠤᠴᠠᠭᠴᠢ ᠬᠦᠮᠦᠨ ᠢ ᠰᠠᠬᠢᠯᠭ᠎ᠠ ᠪᠠᠳᠤ ᠪᠠᠶᠢᠴᠠᠭᠠᠬᠤ᠂ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠴᠢᠩᠭ᠎ᠠ ᠰᠢᠢᠳᠪᠦᠷᠢᠯᠡᠬᠦ ᠬᠡᠷᠡᠭᠳᠠᠢ᠃      ᠬᠤᠶᠠᠷ᠂ ᠡᠮᠬᠢ ᠲᠠᠷᠠᠭ᠎ᠠ ᠶᠢ ᠴᠢᠩᠭ᠎ᠠ ᠲᠦᠷᠢᠮᠵᠢᠬᠦᠯᠬᠦ᠃ ᠲᠤᠭᠠᠴᠢᠯᠠᠭᠰᠠᠨ ᠡᠵᠡᠨ ᠬᠤᠷᠤᠭ᠎ᠠ ᠶᠢᠨ ᠢᠨᠵᠧᠨᠧᠷᠢᠩ ᠤᠨ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢᠨ ᠪᠠᠶᠢᠭᠤᠯᠭ᠎ᠠ ᠨᠢᠬᠡᠴᠢ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢᠨ ᠬᠠᠮᠢᠶᠠᠷᠤᠯᠳᠠ ᠶᠢᠨ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠤ᠂ ᠲᠠᠭᠠᠭᠠᠴᠢᠯᠠᠯᠳᠠ ᠵᠠᠷᠯᠠᠵᠤ ᠲᠠᠭᠠᠭᠠᠴᠢᠯᠠᠯᠳᠠ ᠬᠦᠯᠢᠶᠡᠬᠦ᠂ ᠵᠠᠰᠠᠭ ᠤᠨ ᠤᠷᠳᠤᠨ ᠠᠴᠠ ᠬᠤᠳᠠᠯᠳᠤᠨ ᠠᠪᠬᠤ᠂ ᠢᠨᠵᠧᠨᠧᠷᠢᠩ ᠤᠨ ᠬᠢᠨᠠᠯᠳᠠ ᠬᠠᠮᠢᠶᠠᠷᠤᠯᠳᠠ᠂ ᠬᠡᠷ᠎ᠠ ᠶᠢᠨ ᠬᠠᠮᠢᠶᠠᠷᠤᠯᠳᠠ ᠵᠡᠷᠬᠡ ᠡᠯ᠎ᠠ ᠲᠦᠷᠦᠯ ᠤᠨ ᠠᠵᠢᠯ ᠤᠨ ᠲᠦᠷᠢᠮ ᠢ ᠴᠢᠩᠭ᠎ᠠ ᠬᠡᠷᠡᠭᠵᠢᠬᠦᠯᠬᠦ ᠬᠡᠷᠡᠭᠳᠠᠢ᠃      ᠭᠤᠷᠪᠠ᠂ ᠪᠦᠳᠦᠬᠡᠨ ᠪᠠᠶᠢᠭᠤᠯᠤᠯᠳᠠ ᠶᠢᠨ ᠲᠦᠷᠢᠮᠵᠢᠯ ᠢ ᠪᠠᠷᠢᠮᠳᠠᠯᠠᠬᠤ᠃ ᠤᠯᠤᠰ ᠦᠪᠡᠷᠳᠡᠬᠡᠨ ᠵᠠᠰᠠᠬᠤ ᠤᠷᠤᠨ ᠪᠤᠯᠤᠨ ᠬᠤᠳᠠ ᠶᠢᠨ ᠬᠠᠮᠢᠶ᠎ᠠ ᠪᠦᠬᠦᠢ《  ᠲᠤᠭᠠᠴᠢᠯᠠᠭᠰᠠᠨ ᠬᠤᠳᠠ 》᠎ ᠶᠢᠨ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ᠂ ᠰᠢᠯᠭᠠᠨ ᠬᠤᠷᠢᠶᠠᠬᠤ ᠪᠠᠷᠢᠮᠵᠢᠶ᠎ᠠ ᠶᠢ ᠴᠢᠩᠭ᠎ᠠ ᠪᠠᠷᠢᠮᠳᠠᠯᠠᠨ᠂ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠨᠠᠷᠢᠨ ᠬᠢᠨᠠᠮᠠᠭᠠᠢ ᠰᠠᠶᠢᠳᠤᠷ ᠬᠢᠬᠦ ᠬᠡᠷᠡᠭᠳᠠᠢ᠃《  ᠲᠤᠭᠠᠴᠢᠯᠠᠭᠰᠠᠨ ᠡᠵᠡᠨ ᠬᠤᠷᠤᠭ᠎ᠠ 》᠎ ᠶᠢᠨ ᠲᠠᠪᠴᠠᠩ ᠤᠨ ᠪᠦᠳᠦᠬᠡᠨ ᠪᠠᠶᠢᠭᠤᠯᠬᠤ ᠳᠤ《 ᠭᠤᠷᠪᠠᠨ ᠨᠢᠬᠡᠳᠦᠯᠳᠠᠢ 》 ︵ᠲᠠᠷᠣᠢ ᠠᠵᠢᠯ ᠮᠡᠷᠬᠡᠵᠢᠯ ᠤᠨ ᠴᠤᠪᠤᠷᠠᠯ ᠨᠢ ᠨᠢᠬᠡᠳᠦᠯᠳᠠᠢ᠂ ᠪᠠᠷᠢᠮᠵᠢᠶ᠎ᠠ ᠲᠡᠮᠳᠡᠭ ᠨᠢ ᠨᠢᠬᠡᠳᠦᠯᠳᠠᠢ᠂ ᠲᠤᠭ᠎ᠠ ᠪᠦᠷᠢᠳᠬᠡᠯ ᠤᠨ ᠠᠮᠠ ᠰᠡᠬᠡᠷ ᠨᠢ ᠨᠢᠬᠡᠳᠦᠯᠳᠠᠢ︶ ᠪᠠᠶᠢᠬᠤ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢᠨ ᠦᠪᠡᠷ ᠤᠨ ᠦᠷᠳᠡᠭ ᠢ ᠦᠨᠡᠨᠬᠦ ᠪᠠᠭᠠᠰᠬᠠᠨ᠂ ᠡᠷᠬᠢᠯᠳᠡ ᠶᠢᠨ ᠦᠷ᠎ᠠ ᠠᠰᠢᠭ ᠢ ᠲᠡᠬᠡᠭᠰᠢᠯᠡᠬᠦᠯᠬᠦ ᠬᠡᠷᠡᠭᠳᠠᠢ᠃      ᠲᠦᠷᠪᠡ᠂ ᠴᠢᠳᠠᠪᠤᠷᠢᠳᠠᠨ ᠤ ᠪᠤᠯᠪᠠᠰᠤᠷᠠᠯ ᠢ ᠰᠠᠶᠢᠳᠤᠷ ᠬᠢᠬᠦ᠃ ᠲᠤᠭᠠᠴᠢᠯᠠᠭᠰᠠᠨ ᠡᠵᠡᠨ ᠬᠤᠷᠤᠭ᠎ᠠ ᠶᠢᠨ ᠢᠨᠵᠧᠨᠧᠷᠢᠩ ᠤᠨ ᠡᠯ᠎ᠠ ᠲᠦᠷᠦᠯ ᠵᠦᠢᠯ ᠢ ᠪᠠᠶᠢᠭᠤᠯᠤᠭᠰᠠᠨ ᠤ ᠰᠡᠬᠦᠯᠡᠷ᠂ᠲᠠᠭᠠᠭᠠᠴᠢᠯᠠᠨ ᠪᠠᠶᠢᠭᠤᠯᠤᠭᠰᠠᠨ ᠬᠤᠳᠠᠯᠳᠤᠭᠠᠴᠢᠨ ᠠᠴᠠ ᠰᠤᠷᠠᠭ ᠵᠠᠩᠬᠢ ᠶᠢᠨ ᠰᠢᠰᠲ᠋ᠧᠮ ᠢ ᠪᠤᠳᠠᠳᠠᠢ ᠬᠢᠬᠦ ᠠᠵᠢᠯᠳᠠᠨ ᠢ ᠵᠤᠬᠢᠶᠠᠨ ᠪᠠᠶᠢᠭᠤᠯᠤᠨ ᠪᠤᠯᠪᠠᠰᠤᠷᠠᠯ ᠬᠢᠬᠦ ᠬᠡᠷᠡᠭᠳᠠᠢ᠃ ᠬᠤᠰᠢᠭᠤ ᠵᠠᠰᠠᠭ ᠤᠨ ᠤᠷᠳᠤᠨ ᠠᠴᠠ ᠪᠦᠬᠦ ᠬᠤᠰᠢᠭᠤᠨ ᠤ ᠠᠯᠪᠠᠳᠠᠨ ᠤ ᠰᠤᠷᠠᠭ ᠵᠠᠩᠬᠢᠴᠢᠯᠠᠯᠳᠠ ᠶᠢ ᠡᠬᠡᠯᠵᠢᠯᠠᠨ ᠪᠤᠯᠪᠠᠰᠤᠷᠠᠭᠤᠯᠬᠤ ᠠᠵᠢᠯ ᠢ ᠨᠢᠬᠡᠳᠦᠯᠳᠠᠢ ᠵᠤᠬᠢᠶᠠᠨ ᠪᠠᠶᠢᠭᠤᠯᠵᠤ᠂ ᠠᠯᠪᠠᠳᠠᠨ ᠤ ᠲᠤᠤᠷ ᠰᠦᠯᠵᠢᠶ᠎ᠠ ᠵᠢᠴᠢ ᠺᠤᠮᠫᠢᠦ᠋ᠲ᠋ᠧᠷ ᠢ ᠤᠷᠤᠯᠳᠤᠬᠤ ᠮᠡᠷᠬᠡᠵᠢᠯ ᠴᠢᠳᠠᠪᠤᠷᠢ ᠶᠢ ᠲᠡᠬᠡᠭᠰᠢᠯᠡᠬᠦᠯᠵᠤ᠂ ᠰᠤᠷᠠᠭ ᠵᠠᠩᠬᠢᠴᠢᠯᠠᠯᠳᠠ ᠶᠢᠨ ᠮᠡᠳᠡᠯᠬᠡ ᠶᠢ ᠪᠠᠶᠠᠯᠢᠭᠵᠢᠭᠤᠯᠬᠤ ᠬᠡᠷᠡᠭᠳᠠᠢ᠃      ᠲᠠᠪᠤ᠂ ᠪᠠᠳᠤᠯᠠᠭ᠎ᠠ ᠶᠢᠨ ᠠᠵᠢᠯ ᠢ ᠨᠠᠶᠢᠳᠠᠪᠤᠷᠢᠵᠢᠭᠤᠯᠬᠤ᠃ ᠲᠤᠭᠠᠴᠢᠯᠠᠭᠰᠠᠨ ᠬᠤᠳᠠ ᠶᠢᠨ ᠬᠠᠮᠢᠶᠠᠷᠤᠯᠳᠠ ᠶᠢᠨ ᠠᠵᠢᠯ ᠤᠨ ᠠᠭᠤᠯᠭ᠎ᠠ ᠨᠢ ᠡᠯᠪᠡᠭ ᠪᠠᠶᠠᠯᠢᠭ ᠲᠤᠯᠠ ᠡᠯ᠎ᠠ ᠬᠠᠮᠢᠶ᠎ᠠ ᠪᠦᠬᠦᠢ ᠪᠠᠶᠢᠭᠤᠯᠭ᠎ᠠ ᠨᠢᠬᠡᠴᠢ ᠠᠴᠠ ᠢᠳᠡᠪᠬᠢᠳᠠᠢ ᠨᠦᠬᠦᠴᠡᠯ ᠢ ᠪᠦᠷᠢᠯᠳᠦᠬᠦᠯᠵᠤ᠂ ᠬᠦᠮᠦᠨ ᠤ ᠬᠦᠴᠦ᠂ ᠪᠤᠳᠡᠰ ᠤᠨ ᠬᠦᠴᠦ᠂ ᠪᠡᠯᠡ᠂ ᠮᠦᠩᠬᠦ᠂ ᠮᠡᠷᠬᠡᠵᠢᠯ ᠵᠡᠷᠬᠡ ᠡᠯ᠎ᠠ ᠲᠦᠷᠦᠯ ᠪᠠᠷ ᠪᠦᠳᠦᠮᠵᠢᠳᠠᠢ ᠪᠠᠳᠤᠯᠠᠭ᠎ᠠ ᠬᠠᠩᠭᠠᠬᠤ ᠬᠡᠷᠡᠭᠳᠠᠢ᠃ ᠪᠦᠳᠦᠬᠡᠨ ᠪᠠᠶᠢᠭᠤᠯᠤᠯᠳᠠ ᠶᠢᠨ ᠶᠠᠪᠤᠴᠠ ᠳᠤ ᠲᠤᠬᠢᠶᠠᠯᠳᠤᠭᠰᠠᠨ ᠪᠤᠳᠠᠳᠠᠢ ᠬᠦᠴᠢᠷ ᠠᠰᠠᠭᠤᠳᠠᠯ ᠢ ᠬᠠᠮᠢᠶ᠎ᠠ ᠪᠦᠬᠦᠢ ᠪᠠᠶᠢᠭᠤᠯᠭ᠎ᠠ ᠨᠢᠬᠡᠴᠢ ᠠᠴᠠ ᠪᠦᠬᠦ ᠬᠦᠴᠦᠨ ᠢᠶᠠᠷ ᠢᠶᠠᠨ ᠬᠠᠮᠵᠢᠯᠴᠠᠨ ᠰᠢᠢᠳᠪᠦᠷᠢᠯᠡᠵᠤ᠂ ᠠᠵᠢᠯ ᠤᠨ ᠡᠬᠦᠷᠬᠡ ᠬᠤᠭᠤᠴᠠᠭ᠎ᠠ ᠶᠤᠰᠤᠭᠠᠷ ᠪᠡᠶᠡᠯᠡᠬᠦᠯᠬᠦ ᠶᠢ ᠪᠠᠳᠤᠯᠠᠬᠤ ᠬᠡᠷᠡᠭᠳᠠᠢ᠃      ᠵᠢᠷᠭᠤᠭ᠎ᠠ᠂ ᠲᠦᠷᠦᠯ ᠵᠦᠢᠯ ᠤᠨ ᠦᠨᠡᠯᠡᠯᠳᠡ ᠦᠷᠨᠢᠬᠦᠯᠬᠦ᠃ ᠲᠦᠷᠦᠯ ᠵᠦᠢᠯ ᠢ ᠬᠢᠨᠠᠨ ᠵᠦᠪᠰᠢᠶᠡᠷᠡᠬᠦ ᠪᠠᠶᠢᠭᠤᠯᠭ᠎ᠠ ᠠᠴᠠ ᠲᠤᠭᠠᠴᠢᠯᠠᠭᠰᠠᠨ ᠡᠵᠡᠨ ᠬᠤᠷᠤᠭ᠎ᠠ ᠶᠢᠨ ᠢᠨᠵᠧᠨᠧᠷᠢᠩ ᠤᠨ ᠲᠦᠷᠦᠯ ᠵᠦᠢᠯ ᠤᠨ ᠠᠵᠢᠯ ᠲᠠᠭᠤᠰᠤᠭᠰᠠᠨ ᠰᠢᠯᠭᠠᠨ ᠬᠤᠷᠢᠶᠠᠯᠳᠠ ᠬᠢᠭᠰᠡᠨ ᠤ ᠰᠡᠬᠦᠯᠡᠷᠬᠢ ᠡᠷᠬᠢᠯᠳᠠ ᠶᠢᠨ ᠪᠠᠶᠢᠳᠠᠯ ᠢ ᠦᠨᠳᠦᠰᠦᠯᠡᠵᠤ᠂ ᠲᠤᠬᠢᠷᠠᠭᠰᠠᠨ ᠴᠠᠭ ᠲᠤ ᠲᠤᠰᠬᠠᠢ ᠮᠡᠷᠬᠡᠵᠢᠯᠳᠡᠨ ᠪᠤᠶᠤ ᠬᠠᠮᠢᠶ᠎ᠠ ᠪᠦᠬᠦᠢ ᠪᠠᠶᠢᠭᠤᠯᠤᠮᠵᠢ ᠶᠢ ᠵᠤᠬᠢᠶᠠᠨ ᠪᠠᠶᠢᠭᠤᠯᠤᠨ ᠨᠠᠶᠢᠳᠠᠵᠤ ᠲᠦᠷᠦᠯ ᠵᠦᠢᠯ ᠤᠨ ᠰᠢᠰᠲ᠋ᠧᠮ ᠤᠨ ᠡᠷᠬᠢᠯᠳᠡ ᠶᠢᠨ ᠦᠷ᠎ᠠ ᠠᠰᠢᠭ᠂ ᠬᠡᠷᠡᠭᠯᠡᠯᠳᠡ ᠶᠢᠨ ᠦᠷ᠎ᠠ ᠪᠦᠳᠦᠬᠡᠯ ᠵᠡᠷᠬᠡ ᠪᠠᠶᠢᠳᠠᠯ ᠳᠤ ᠰᠡᠬᠦᠯ ᠤᠨ ᠦᠨᠡᠯᠡᠯᠳᠡ ᠬᠢᠬᠦ ᠬᠡᠷᠡᠭᠳᠠᠢ᠃ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠨᠢ ᠪᠦᠳᠦᠬᠡᠨ ᠪᠠᠶᠢᠭᠤᠯᠤᠯᠳᠠ ᠶᠢᠨ ᠬᠠᠷᠠᠯᠳᠠ ᠶᠢ ᠪᠡᠶᠡᠯᠡᠬᠦᠯᠦᠭᠰᠡᠨ ᠦᠬᠡᠢ ᠡᠰᠡᠬᠦᠯ᠎ᠠ ᠵᠢᠱᠢᠭᠰᠡᠨ ᠦᠷ᠎ᠠ ᠪᠦᠳᠦᠬᠡᠯ ᠳᠤ ᠬᠦᠷᠦᠭᠰᠡᠨ ᠦᠬᠡᠢ ᠬᠡᠵᠤ ᠰᠡᠬᠦᠯ ᠤᠨ ᠦᠨᠡᠯᠡᠯᠳᠡ ᠠᠴᠠ ᠦᠵᠡᠭᠰᠡᠨ ᠪᠤᠯ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢᠨ ᠪᠠᠶᠢᠭᠤᠯᠭ᠎ᠠ ᠠᠴᠠ ᠬᠤᠭᠤᠴᠠᠭ᠎ᠠ ᠬᠢᠵᠠᠭᠠᠷᠯᠠᠨ ᠬᠠᠯᠠᠨ ᠵᠠᠰᠠᠯᠳᠠ ᠬᠢᠬᠦ ᠬᠡᠷᠡᠭᠳᠠᠢ᠃ ᠬᠠᠯᠠᠨ ᠵᠠᠰᠠᠯᠳᠠ ᠬᠢᠬᠦ ᠶᠢ ᠲᠡᠪᠴᠡᠬᠦ ᠡᠰᠡᠬᠦᠯ᠎ᠠ ᠬᠠᠯᠠᠨ ᠵᠠᠰᠠᠯᠳᠠ ᠬᠢᠬᠡᠳ ᠮᠦᠨ ᠱᠠᠭᠠᠷᠳᠠᠯᠭ᠎ᠠ ᠳᠤ ᠨᠡᠶᠢᠴᠡᠬᠦ ᠦᠬᠡᠢ ᠪᠤᠯ ᠲᠦᠷᠦᠯ ᠵᠦᠢᠯ ᠢ ᠬᠢᠨᠠᠨ ᠵᠦᠪᠰᠢᠶᠡᠷᠡᠬᠦ ᠪᠠᠶᠢᠭᠤᠯᠭ᠎ᠠ ᠠᠴᠠ ᠨᠡᠶᠢᠳᠡ ᠳᠤ ᠵᠠᠷᠯᠠᠨ ᠰᠢᠬᠦᠮᠵᠢᠯᠡᠬᠦ ᠬᠡᠷᠡᠭᠳᠠᠢ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号