ᠦᠪᠡᠷᠳᠡᠬᠡᠨ ᠵᠠᠰᠠᠬᠤ ᠤᠷᠤᠨ ᠤ ᠵᠠᠰᠠᠭ ᠤ ᠤᠷᠳᠤᠨ ᠤ ᠰᠤᠷᠠᠭ ᠵᠠᠩᠬᠢ ᠶᠢ ᠭᠤᠶᠤᠴᠢᠯᠠᠯ ᠢᠶᠠᠷ ᠢᠯᠡᠴᠢᠯᠡᠬᠦ ᠲᠦᠷᠢᠮ ᠢ ᠲᠠᠷᠤᠮᠠᠯᠯᠠᠨ ᠳᠠᠷᠠᠬᠠᠭᠠᠬᠤ ᠲᠤᠬᠠᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠮᠡᠳᠡᠭᠳᠡᠯ ᠢ ᠤᠷᠳᠤᠰ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠤᠯᠡᠮᠵᠢᠯᠡᠨ ᠳᠠᠷᠬᠠᠭᠠᠭᠰᠠᠨ ᠵᠦᠢᠯ ᠢ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠤᠯᠠᠮᠵᠢᠯᠡᠨ ᠶᠠᠪᠤᠭᠤᠯᠬᠤ ᠮᠡᠳᠡᠭᠳᠠᠯ
ᠨᠡᠶᠢᠲᠡᠯᠡᠭᠰᠡᠨ ᠴᠠᠭ᠄
2011-05-13
                         ᠡᠵᠡᠨ ᠵᠠᠰᠠᠭ ᠠᠯᠪᠠᠨ ᠲᠠᠷᠬᠠᠭᠠᠬᠤ ﹇2011﹈ 46 ᠳ᠋ᠤᠭᠠᠷ ᠲᠤᠭᠠᠳᠤᠡᠯ᠎ᠠ ᠪᠠᠯᠭᠠᠰᠤᠨ ᠤ ᠵᠠᠰᠠᠭ ᠤᠨ ᠤᠷᠳᠤᠨ᠂ ᠬᠤᠰᠢᠭᠤ ᠠᠷᠠᠳ ᠤᠨ ᠵᠠᠰᠠᠭ ᠤᠨ ᠤᠷᠳᠤᠨ ᠤ ᠡᠯ᠎ᠠ ᠪᠠᠶᠢᠭᠤᠯᠭ᠎ᠠ᠂ ᠡᠯ᠎ᠡ ᠰᠢᠭᠤᠳ ᠬᠠᠷᠢᠶ᠎ᠠ ᠨᠢᠬᠡᠴᠢ᠂ ᠡᠯ᠎ᠡ ᠲᠤᠮᠤ ᠠᠵᠤ ᠠᠬᠤᠶᠢᠯᠠᠯ ᠠᠵᠢᠯ ᠦᠢᠯᠡᠰ ᠤᠨ ᠨᠢᠬᠡᠴᠢ᠄      ᠡᠳᠦᠬᠡ ︽ᠦᠪᠡᠷᠳᠡᠬᠡᠨ ᠵᠠᠰᠠᠬᠤ ᠤᠷᠤᠨ ᠤ ᠵᠠᠰᠠᠭ ᠤ ᠤᠷᠳᠤᠨ ᠤ ᠰᠤᠷᠠᠭ ᠵᠠᠩᠬᠢ ᠶᠢ ᠭᠤᠶᠤᠴᠢᠯᠠᠯ ᠢᠶᠠᠷ ᠢᠯᠡᠴᠢᠯᠡᠬᠦ ᠲᠦᠷᠢᠮ ᠢ ᠲᠠᠷᠤᠮᠠᠯᠯᠠᠨ ᠳᠠᠷᠠᠬᠠᠭᠠᠬᠤ ᠲᠤᠬᠠᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠮᠡᠳᠡᠭᠳᠡᠯ ᠢ ᠤᠷᠳᠤᠰ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠤᠯᠡᠮᠵᠢᠯᠡᠨ ᠳᠠᠷᠬᠠᠭᠠᠬᠤ ᠮᠡᠳᠡᠭᠳᠡᠯ︾ ︵ᠤᠷᠳᠤᠰ ᠵᠠᠰᠠᠭ ᠠᠯᠪᠠᠨ ᠳᠠᠷᠬᠠᠭᠠᠬᠤ ﹇2011﹈ 5 ᠳ᠋ᠤᠭᠠᠷ ᠲᠤᠭᠠᠳᠤ︶᠎ ᠢ ᠳᠠᠨᠠᠷ ᠲᠤ ᠤᠯᠠᠮᠵᠢᠯᠡᠨ ᠶᠠᠪᠤᠭᠤᠯᠪᠠ᠂ ᠪᠤᠳᠠᠳᠤ ᠪᠠᠶᠢᠳᠠᠯ ᠎ ᠲᠠᠢ ᠪᠠᠨ ᠤᠶᠠᠯᠳᠤᠭᠤᠯᠵᠤ᠂ ᠨᠠᠷᠢᠨ ᠬᠢᠨᠠᠮᠠᠭᠠᠢ ᠲᠤᠤᠱᠯᠠᠭᠤᠯᠤᠨ ᠬᠡᠷᠡᠭᠵᠢᠬᠦᠯᠦᠰᠦᠭᠡᠢ᠃                   ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ                                               2011 ᠤᠨ ᠤ 5 ᠰᠠᠷ᠎ᠠ ᠶᠢᠨ 13᠎ ᠤ ᠡᠳᠦᠷ      ᠦᠪᠡᠷᠳᠡᠬᠡᠨ ᠵᠠᠰᠠᠬᠤ ᠤᠷᠤᠨ ᠤ ᠵᠠᠰᠠᠭ ᠤ ᠤᠷᠳᠤᠨ ᠤ ᠰᠤᠷᠠᠭ ᠵᠠᠩᠬᠢ ᠶᠢ ᠭᠤᠶᠤᠴᠢᠯᠠᠯ ᠢᠶᠠᠷ ᠢᠯᠡᠴᠢᠯᠡᠬᠦ ᠲᠦᠷᠢᠮ ᠢ ᠲᠠᠷᠤᠮᠠᠯᠯᠠᠨ ᠳᠠᠷᠠᠬᠠᠭᠠᠬᠤ ᠲᠤᠬᠠᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠮᠡᠳᠡᠭᠳᠡᠯ ᠢ ᠤᠷᠳᠤᠰ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠯᠡᠮᠵᠢᠯᠡᠨ ᠳᠠᠷᠬᠠᠭᠠᠬᠤ ᠮᠡᠳᠡᠭᠳᠡᠯ                    ᠤᠷᠳᠤᠰ ᠵᠠᠰᠠᠭ ᠠᠯᠪᠠᠨ ᠳᠠᠷᠬᠠᠭᠠᠬᠤ ﹇2011﹈ 15 ᠳ᠋ᠤᠭᠠᠷ ᠲᠤᠭᠠᠳᠤ ᠡᠯ᠎ᠡ ᠬᠤᠰᠢᠭᠤ ᠲᠤᠭᠤᠷᠢᠭ ᠤᠨ ᠵᠠᠰᠠᠭ ᠤᠨ ᠤᠷᠳᠤᠨ᠂ ᠬᠢᠶ᠎ᠡ ᠪᠠᠭᠰᠢ ᠰᠢᠨ᠎ᠠ ᠲᠤᠭᠤᠷᠢᠭ ᠤᠨ ᠬᠠᠮᠢᠶᠠᠷᠤᠯᠳᠠ ᠶᠢᠨ ᠵᠦᠪᠯᠡᠯ᠂ ᠬᠤᠳᠠ ᠶᠢᠨ ᠵᠠᠰᠠᠭ ᠤᠨ ᠤᠷᠳᠤᠨ ᠤ ᠡᠯ᠎ᠡ ᠪᠠᠶᠢᠭᠤᠯᠭ᠎ᠠ᠂ ᠡᠯ᠎ᠡ ᠰᠢᠭᠤᠳ ᠬᠠᠷᠢᠶ᠎ᠡ ᠨᠢᠬᠡᠴᠢ᠂ ᠡᠯ᠎ᠡ ᠬᠤᠯᠪᠤᠭᠳᠠᠯ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠬᠡᠴᠢ᠄      ᠬᠤᠳᠠ ᠶᠢᠨ ᠵᠠᠰᠠᠭ ᠤᠨ ᠤᠷᠳᠤᠨ ᠢᠶᠠᠷ ᠵᠦᠪᠰᠢᠶᠡᠷᠡᠬᠦᠯᠦᠭᠡᠳ᠂ ᠡᠳᠦᠬᠡ ︽ᠦᠪᠡᠷᠳᠡᠬᠡᠨ ᠵᠠᠰᠠᠬᠤ ᠤᠷᠤᠨ ᠤ ᠵᠠᠰᠠᠭ ᠤ ᠤᠷᠳᠤᠨ ᠤ ᠰᠤᠷᠠᠭ ᠵᠠᠩᠬᠢ ᠶᠢ ᠭᠤᠶᠤᠴᠢᠯᠠᠯ ᠢᠶᠠᠷ ᠢᠯᠡᠴᠢᠯᠡᠬᠦ ᠲᠦᠷᠢᠮ ᠢ ᠲᠠᠷᠤᠮᠠᠯᠯᠠᠨ ᠳᠠᠷᠠᠬᠠᠭᠠᠬᠤ ᠲᠤᠬᠠᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠮᠡᠳᠡᠭᠳᠡᠯ︾ ︵ᠦᠪᠦᠷ ᠵᠠᠰᠠᠭ ᠠᠯᠪᠠᠨ ᠳᠠᠷᠬᠠᠭᠠᠬᠤ ﹇2011﹈ 27 ᠳ᠋ᠣᠭᠠᠷ ᠲᠤᠭᠠᠳᠤ︶᠎ ᠢ ᠳᠠᠨᠠᠷ ᠲᠤ ᠤᠯᠠᠮᠵᠢᠯᠠᠨ ᠶᠠᠪᠤᠭᠤᠯᠪᠠ᠂ ᠨᠠᠷᠢᠨ ᠬᠢᠨᠠᠮᠠᠭᠠᠢ ᠲᠤᠤᠱᠯᠠᠭᠤᠯᠤᠨ ᠬᠡᠷᠡᠭᠵᠢᠬᠦᠯᠦᠰᠦᠭᠡᠢ᠃                                     ᠤᠷᠳᠤᠰ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ                                            2011 ᠤᠨ ᠤ 3 ᠰᠠᠷ᠎ᠠ ᠶᠢᠨ 18᠎ ᠤ ᠡᠳᠦᠷᠦᠪᠡᠷᠳᠡᠬᠡᠨ ᠵᠠᠰᠠᠬᠤ ᠤᠷᠤᠨ ᠤ ᠵᠠᠰᠠᠭ ᠤ ᠤᠷᠳᠤᠨ ᠤ ᠰᠤᠷᠠᠭ ᠵᠠᠩᠬᠢ ᠶᠢ ᠭᠤᠶᠤᠴᠢᠯᠠᠯ ᠢᠶᠠᠷ ᠢᠯᠡᠴᠢᠯᠡᠬᠦ ᠲᠦᠷᠢᠮ ᠢ ᠲᠠᠷᠤᠮᠠᠯᠯᠠᠨ ᠳᠠᠷᠠᠬᠠᠭᠠᠬᠤ ᠲᠤᠬᠠᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠮᠡᠳᠡᠭᠳᠡᠯ               ᠦᠪᠦᠷ ᠵᠠᠰᠠᠭ ᠠᠯᠪᠠᠨ ᠳᠠᠷᠬᠠᠭᠠᠬᠤ ﹇2011﹈ 27 ᠳ᠋ᠣᠭᠠᠷ ᠲᠤᠭᠠᠳᠤᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠵᠠᠰᠠᠭ ᠤᠨ ᠤᠷᠳᠤᠨ᠂ ᠮᠠᠨᠵᠤᠤᠷ ᠬᠤᠳᠠ᠂ ᠡᠷᠢᠶᠠᠨ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠳᠡᠬᠡᠨ ᠵᠠᠰᠠᠬᠤ ᠤᠷᠤᠨ ᠤ ᠡᠯ᠎ᠡ ᠵᠦᠪᠯᠡᠯ᠂ ᠠᠯᠪᠠᠨ ᠲᠢᠩᠬᠢᠮ᠂ ᠲᠤᠪᠴᠢᠶ᠎ᠠ᠂ ᠡᠯ᠎ᠡ ᠲᠤᠮᠤ ᠠᠵᠤ ᠠᠬᠤᠶᠢᠯᠠᠯ ᠠᠵᠢᠯ ᠦᠢᠯᠡᠰ ᠤᠨ ᠨᠢᠬᠡᠴᠢ᠄      ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠢᠶᠠᠷ ᠵᠦᠪᠰᠢᠶᠡᠷᠡᠬᠦᠯᠦᠭᠡᠳ᠂ ᠡᠳᠦᠬᠡ ︽ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠰᠤᠷᠠᠭ ᠵᠠᠩᠬᠢ ᠶᠢ ᠭᠤᠶᠤᠴᠢᠯᠠᠯ ᠢᠶᠠᠷ ᠢᠯᠡᠴᠢᠯᠡᠬᠦ ᠲᠦᠷᠢᠮ︾᠎ ᠢ ᠳᠠᠨᠠᠷ ᠲᠤ ᠳᠠᠷᠬᠠᠭᠠᠨ ᠶᠠᠪᠤᠭᠤᠯᠪᠠ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠤ᠂ ᠨᠠᠷᠢᠨ ᠬᠢᠨᠠᠮᠠᠭᠠᠢ ᠲᠤᠤᠱᠯᠠᠭᠤᠯᠤᠨ ᠬᠡᠷᠡᠭᠵᠢᠬᠦᠯᠦᠰᠦᠭᠡᠢ᠃            ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠲᠢᠩᠬᠢᠮ                                              2011 ᠤᠨ ᠤ 2 ᠰᠠᠷ᠎ᠠ ᠶᠢᠨ 25᠎ ᠤ ᠡᠳᠦᠷ          ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ           ᠵᠠᠰᠠᠭ ᠤ ᠤᠷᠳᠤᠨ ᠤ ᠰᠤᠷᠠᠭ ᠵᠠᠩᠬᠢ ᠶᠢ ᠭᠤᠶᠤᠴᠢᠯᠠᠯ ᠢᠶᠠᠷ ᠢᠯᠡᠴᠢᠯᠡᠬᠦ ᠲᠦᠷᠢᠮ      ᠨᠢᠬᠡᠳᠦᠭᠡᠷ ᠵᠤᠷᠪᠤᠰ   ᠡᠷᠬᠡᠳᠦ ᠠᠷᠠᠳ᠂ ᠬᠠᠤᠯᠢ ᠶᠢᠨ ᠡᠷᠬᠡᠳᠡᠨ ᠪᠠ ᠪᠤᠰᠤᠳ ᠵᠤᠬᠢᠶᠠᠨ ᠪᠠᠶᠢᠭᠤᠯᠤᠯᠳᠠ ᠶᠢᠨ ᠬᠠᠤᠯᠢ ᠶᠤᠰᠤᠭᠠᠷ ᠵᠠᠰᠠᠭ ᠤᠨ ᠤᠷᠳᠤᠨ ᠤ ᠰᠤᠷᠠᠭ ᠵᠠᠩᠬᠢ ᠶᠢ ᠤᠯᠵᠤ ᠬᠦᠷᠳᠡᠬᠦ ᠶᠢ ᠤᠯᠠᠮ ᠨᠢᠬᠡ ᠠᠯᠬᠤᠮ ᠪᠠᠳᠤᠯᠠᠬᠤ ᠶᠢᠨ ᠲᠤᠯᠠᠳᠠ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡᠴᠢᠯᠡᠬᠦ ᠲᠦᠷᠢᠮ︾᠎ ᠤᠨ ᠬᠠᠮᠢᠶ᠎ᠠ ᠪᠦᠬᠦᠢ ᠲᠤᠭᠳᠠᠭᠠᠯ ᠢ ᠦᠨᠳᠦᠰᠦᠯᠡᠨ᠂ ᠲᠤᠰ ᠲᠦᠷᠢᠮ ᠢ ᠲᠤᠭᠳᠠᠭᠠᠪᠠ᠃      ᠬᠤᠶᠠᠳᠤᠭᠠᠷ ᠵᠤᠷᠪᠤᠰ  ᠲᠤᠰ ᠲᠦᠷᠢᠮ ᠳᠤ ᠨᠡᠷᠡᠶᠢᠳᠡᠭᠳᠡᠬᠦ ᠢᠯᠡᠴᠢᠯᠡᠬᠦ ᠪᠠᠷ ᠭᠤᠶᠤᠴᠢᠯᠠᠬᠤ ᠭᠡᠳᠡᠭ ᠨᠢ ᠡᠷᠬᠡᠳᠦ ᠠᠷᠠᠳ᠂ ᠬᠠᠤᠯᠢ ᠶᠢᠨ ᠡᠷᠬᠡᠳᠡᠨ ᠪᠠ ᠪᠤᠰᠤᠳ ᠵᠤᠬᠢᠶᠠᠨ ᠪᠠᠶᠢᠭᠤᠯᠤᠯᠳᠠ ︵ᠲᠤᠷᠤᠭᠰᠢ ᠭᠤᠶᠤᠴᠢᠯᠠᠭᠴᠢ ᠬᠡᠮᠡᠨ ᠲᠤᠪᠴᠢᠯᠠᠨ᠎ᠠ︶ ᠲᠤᠰ ᠪᠡᠶ᠎ᠡ ᠶᠢᠨ ᠦᠢᠯᠡᠳᠪᠦᠷᠢᠯᠡᠯ᠂ ᠠᠮᠢᠳᠤᠷᠠᠯ᠂ ᠰᠢᠨᠵᠢᠯᠡᠭᠡ ᠵᠡᠷᠬᠡ ᠤᠨᠴᠤᠭᠠᠢ ᠬᠡᠷᠡᠭᠴᠡᠭᠡ ᠶᠢ ᠦᠨᠳᠦᠰᠦᠯᠡᠨ᠂ ᠵᠠᠰᠠᠭ ᠵᠠᠬᠢᠷᠭᠠᠨ ᠤ ᠪᠠᠶᠢᠭᠤᠯᠭ᠎ᠠ ︵ᠬᠠᠤᠯᠢ ᠴᠠᠭᠠᠵᠠ᠂ ᠬᠠᠤᠯᠢ ᠲᠤᠭᠳᠠᠭᠠᠯ ᠤᠨ ᠡᠷᠬᠡ ᠤᠯᠭᠤᠬᠤ ᠤᠯᠠᠨ ᠨᠡᠶᠢᠳᠠ ᠶᠢᠨ ᠠᠵᠢᠯ ᠢ ᠬᠠᠮᠢᠶᠠᠷᠬᠤ ᠴᠢᠳᠠᠪᠦᠷᠢᠳᠠᠢ ᠵᠤᠬᠢᠶᠠᠨ ᠪᠠᠶᠢᠭᠤᠯᠤᠯᠳᠠ ᠶᠢ ᠠᠭᠤᠯᠤᠨ᠎ᠠ︶᠎ ᠳᠤ ᠨᠡᠶᠢᠬᠡᠮ ᠤᠨ ᠰᠠᠨᠠᠭᠠᠴᠢᠯᠭ᠎ᠠ ᠲᠠᠢ ᠪᠠᠷ ᠢᠯᠡ ᠪᠤᠯᠭᠠᠭᠠᠳᠤᠢ ᠵᠠᠰᠠᠭ ᠤᠨ ᠤᠷᠳᠤᠨ ᠤ ᠰᠤᠷᠠᠭ ᠵᠠᠩᠬᠢ ᠶᠢ ᠭᠤᠶᠤᠴᠢᠯᠠᠬᠤ ᠵᠦᠢᠯ ᠢ᠂ ᠵᠠᠰᠠᠭ ᠵᠠᠬᠢᠷᠭᠠᠨ ᠤ ᠪᠠᠶᠢᠭᠤᠯᠭ᠎ᠠ ᠲᠤᠭᠳᠠᠭᠠᠯ ᠶᠤᠰᠤᠭᠠᠷ ᠬᠦᠯᠢᠶᠡᠨ ᠠᠪᠴᠤ ᠰᠢᠢᠳᠪᠦᠷᠢᠯᠡᠬᠦ ᠶᠢ ᠵᠢᠭᠠᠵᠤ ᠪᠠᠶᠢᠨ᠎ᠠ᠃     ᠭᠤᠷᠪᠠᠳᠤᠭᠠᠷ ᠵᠤᠷᠪᠤᠰ   ᠭᠤᠶᠤᠴᠢᠯᠠᠬᠤ ᠦᠨᠳᠦᠰᠦᠨ ᠵᠠᠷᠴᠢᠮ ᠪᠤᠯ ᠬᠠᠤᠯᠢ ᠶᠤᠰᠤᠭᠠᠷ ᠢᠯᠡ ᠪᠤᠯᠭᠠᠬᠤ᠂ ᠦᠨᠡᠨ ᠪᠤᠳᠠᠳᠠᠢ᠂ ᠲᠦᠪ ᠭᠤᠤᠯᠴᠢ ᠪᠠᠶᠢᠬᠤ᠂ ᠪᠤᠳᠠᠳᠤ ᠠᠮᠵᠢᠯᠳᠠ ᠶᠢ ᠴᠢᠬᠤᠯᠠᠴᠢᠯᠠᠬᠤ᠂ ᠠᠷᠠᠳ ᠲᠤ ᠲᠦᠬᠦᠮ ᠦᠵᠡᠬᠦᠯᠬᠦ ᠪᠤᠯᠤᠨ᠎ᠠ᠃      ᠲᠦᠪᠡᠳᠦᠬᠡᠷ ᠵᠤᠷᠪᠤᠰ   ᠭᠤᠶᠤᠴᠢᠯᠠᠬᠤ ᠵᠠᠰᠠᠭ ᠤᠨ ᠤᠷᠳᠤᠨ ᠤ ᠰᠤᠷᠠᠭ ᠵᠠᠩᠬᠢ ᠳᠤ᠄      ︵ᠨᠢᠬᠡ︶ ᠵᠦᠪᠬᠡᠨ ᠭᠤᠶᠤᠴᠢᠯᠠᠭᠴᠢ ᠪᠠ ᠠᠰᠢᠭ ᠬᠦᠨᠦᠬᠡᠯ ᠤᠨ ᠬᠠᠷᠢᠴᠠᠭ᠎ᠠ ᠲᠠᠢ ᠬᠤᠯᠪᠤᠭᠳᠠᠬᠤ ᠬᠦᠮᠦᠨ ᠤ ᠦᠢᠯᠡᠳᠪᠦᠷᠢᠯᠡᠯ᠂ ᠠᠮᠢᠳᠤᠷᠠᠯ᠂ ᠰᠢᠨᠵᠢᠯᠡᠭᠡ ᠵᠡᠷᠬᠡ ᠲᠠᠢ ᠬᠤᠯᠪᠤᠭᠳᠠᠵᠤ᠂ ᠨᠡᠶᠢᠬᠡᠮ ᠨᠡᠶᠢᠳᠠ ᠳᠤ ᠦᠷᠬᠡᠨ ᠮᠡᠳᠡᠬᠦᠯᠬᠦ ᠴᠢᠬᠤᠯᠠ ᠦᠬᠡᠢ ᠪᠤᠶᠤ ᠤᠷᠤᠯᠴᠠᠬᠤ ᠴᠢᠬᠤᠯᠠ ᠦᠬᠡᠢ ᠵᠠᠰᠠᠭ ᠤᠨ ᠤᠷᠳᠤᠨ ᠤ ᠰᠤᠷᠠᠭ ᠵᠠᠩᠬᠢ ᠶᠢ ᠪᠠᠭᠳᠠᠭᠠᠨ᠎ᠠ᠃      ︵ᠬᠤᠶᠠᠷ︶ ᠵᠠᠰᠠᠭ ᠵᠠᠬᠢᠷᠭᠠᠨ ᠤ ᠠᠯᠪᠠᠨ ᠪᠠᠶᠢᠭᠤᠯᠭ᠎ᠠ ᠠᠴᠠ ᠬᠢᠨᠠᠨ ᠲᠤᠭᠳᠠᠭᠠᠭᠠᠳ ᠢᠯᠡ ᠪᠤᠯᠭᠠᠭᠰᠠᠨ ᠴᠣ᠋ ᠤᠯᠤᠰ ᠤᠨ ᠠᠮᠤᠷ ᠲᠦᠪᠰᠢᠨ᠂ ᠨᠡᠶᠢᠳᠠ ᠶᠢᠨ ᠠᠮᠤᠷ ᠲᠦᠪᠰᠢᠨ᠂ ᠠᠵᠤ ᠠᠬᠤᠢ ᠶᠢᠨ ᠠᠮᠤᠷ ᠲᠦᠪᠰᠢᠨ ᠪᠠ ᠨᠡᠶᠢᠬᠡᠮ ᠤᠨ ᠲᠤᠭᠳᠠᠭᠤᠨ ᠳᠤ ᠠᠶᠤᠯ ᠪᠤᠯᠬᠤ ᠦᠬᠡᠢ ᠬᠡᠵᠦ ᠦᠵᠡᠬᠦ ᠵᠠᠰᠠᠭ ᠤᠨ ᠤᠷᠳᠤᠨ ᠤ ᠰᠤᠷᠠᠭ ᠵᠠᠩᠬᠢ ᠶᠢ ᠪᠠᠭᠳᠠᠭᠠᠨ᠎ᠠ᠃      ︵ᠭᠤᠷᠪᠠ︶ ᠬᠠᠤᠯᠢ ᠶᠤᠰᠤᠭᠠᠷ ᠢᠯᠡ ᠪᠤᠯᠭᠠᠬᠤ ᠪᠠᠷ ᠭᠤᠶᠤᠴᠢᠯᠠᠬᠤ ᠪᠤᠰᠤᠳ ᠵᠦᠢᠯ ᠤᠨ ᠵᠠᠰᠠᠭ ᠤᠨ ᠤᠷᠳᠤᠨ ᠤ ᠰᠤᠷᠠᠭ ᠵᠠᠩᠬᠢ ᠶᠢ ᠪᠠᠭᠳᠠᠭᠠᠨ᠎ᠠ᠃      ᠳᠠᠪᠤᠳᠤᠭᠠᠷ ᠵᠤᠷᠪᠤᠰ   ᠭᠤᠶᠤᠴᠢᠯᠠᠭᠴᠢ ᠠᠴᠠ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡᠴᠢᠯᠡᠬᠦ ᠶᠢ ᠭᠤᠶᠤᠴᠢᠯᠠᠬᠤ ᠳᠤ᠂ ᠵᠠᠬᠢᠳᠠᠯ ᠴᠢᠮᠡᠭᠡ᠂ ᠹᠠᠺᠰ᠂ ᠡᠯᠧᠺᠲᠷᠤᠨ ᠰᠢᠤᠳᠠᠨ ᠵᠦᠢᠯ ᠵᠡᠷᠬᠡ ᠠᠷᠭ᠎ᠠ ᠶᠢ ᠬᠡᠷᠡᠭᠯᠡᠵᠦ ᠵᠠᠰᠠᠭ ᠵᠠᠬᠢᠷᠭᠠᠨ ᠤ ᠠᠯᠪᠠᠨ ᠪᠠᠶᠢᠭᠤᠯᠭ᠎ᠠ ᠳᠤ ᠲᠤᠷᠠᠳᠤᠯᠭ᠎ᠠ ᠭᠠᠷᠭᠠᠵᠤ ᠪᠤᠯᠤᠨ᠎ᠠ︔ ᠪᠢᠴᠢᠭ ᠤᠨ ᠬᠡᠯᠪᠡᠷᠢ ᠬᠡᠷᠡᠭᠯᠡᠬᠦ ᠳᠤ ᠬᠦᠴᠢᠷ ᠲᠠᠢ ᠪᠤᠯ᠂ ᠭᠤᠶᠤᠴᠢᠯᠠᠭᠴᠢ ᠠᠮᠠ ᠪᠠᠷ ᠬᠡᠯᠡᠵᠦ ᠲᠤᠷᠠᠳᠤᠯᠭ᠎ᠠ ᠭᠠᠷᠭᠠᠵᠤ ᠪᠤᠯᠤᠨ᠎ᠠ᠃ ᠲᠤᠰ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠵᠠᠰᠠᠭ ᠵᠠᠬᠢᠷᠭᠠᠨ ᠤ ᠠᠯᠪᠠᠨ ᠪᠠᠶᠢᠭᠤᠯᠭ᠎ᠠ ᠠᠴᠠ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡᠴᠢᠯᠡᠬᠦ ᠭᠤᠶᠤᠴᠢᠯᠠᠯ ᠢ ᠨᠢ ᠤᠷᠤᠯᠠᠨ ᠲᠠᠭᠯᠠᠨ᠎ᠠ᠃      ᠭᠤᠶᠤᠴᠢᠯᠠᠭᠴᠢ ᠰᠦᠯᠵᠢᠶ᠎ᠡ ᠪᠠᠷ ᠳᠠᠮᠵᠢᠨ ᠭᠤᠶᠤᠴᠢᠯᠠᠪᠠᠯ᠂ ᠬᠦᠯᠢᠶᠡᠨ ᠠᠪᠬᠤ ᠪᠠᠶᠢᠭᠤᠯᠭ᠎ᠠ ᠶᠢᠨ ᠡᠯᠧᠺᠲᠷᠤᠨ ᠰᠢᠤᠳᠠᠨ ᠬᠠᠶᠢᠷᠴᠠᠭ ᠲᠤ ᠬᠦᠷᠬᠡᠨ᠎ᠡ︔ ᠵᠠᠬᠢᠳᠠᠯ ᠴᠢᠮᠡᠭᠡ᠂ ᠹᠠᠺᠰ ᠤᠨ ᠬᠡᠯᠪᠡᠷᠢ ᠪᠠᠷ ᠭᠤᠶᠤᠴᠢᠯᠠᠪᠠᠯ ᠵᠠᠬᠢᠳᠠᠯ ᠤᠨ ᠲᠤᠭᠳᠤᠢ ᠡᠰᠡᠬᠦᠯ᠎ᠡ ᠹᠠᠺᠰ ᠤᠨ ᠨᠢᠭᠤᠷ ᠤᠨ ᠵᠡᠬᠦᠨ ᠲᠤᠤᠷ᠎ᠠ ᠦᠨᠴᠦᠭ ᠲᠤ ︽ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡᠴᠢᠯᠡᠬᠦ ᠭᠤᠶᠤᠴᠢᠯᠠᠯ︾ ᠬᠡᠵᠦ ᠲᠤᠳᠤᠷᠬᠠᠶᠢᠯᠠᠨ᠎ᠠ᠃      ᠵᠢᠷᠭᠤᠳᠤᠭᠠᠷ ᠪᠦᠯᠦᠭ   ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡᠴᠢᠯᠡᠬᠦ ᠭᠤᠶᠤᠴᠢᠯᠠᠯ ᠳᠤ ᠲᠤᠤᠷ᠎ᠠ ᠠᠭᠤᠯᠭ᠎ᠠ ᠶᠢ ᠪᠠᠭᠳᠠᠭᠠᠬᠤ ᠬᠡᠷᠡᠭᠳᠡᠢ᠄      ︵ᠨᠢᠬᠡ︶ ᠭᠤᠶᠤᠴᠢᠯᠠᠭᠴᠢ ᠶᠢᠨ ᠤᠪᠤᠭ ᠨᠡᠷ᠎ᠡ᠂ ᠬᠡᠷᠡᠴᠢ ᠶᠢᠨ ᠨᠡᠷ᠎ᠡ ᠵᠢᠴᠢ ᠳ᠋ᠤᠭᠠᠷ ᠡᠰᠡᠬᠦᠯ᠎ᠡ ᠲᠦᠯᠦᠬᠡᠯᠡᠬᠦ ᠳᠡᠮᠳᠡᠭ᠂ ᠬᠠᠷᠢᠯᠴᠠᠬᠤ ᠠᠷᠭ᠎ᠠ︔      ︵ᠬᠤᠶᠠᠷ︶ ᠢᠯᠡᠴᠢᠯᠡᠬᠦ ᠪᠠᠷ ᠭᠤᠶᠤᠴᠢᠯᠠᠬᠤ ᠵᠠᠰᠠᠭ ᠤᠨ ᠤᠷᠳᠤᠨ ᠤ ᠰᠤᠷᠠᠭ ᠵᠠᠩᠬᠢ ᠳᠠᠬᠢ ᠠᠭᠤᠯᠭ᠎ᠠ ᠶᠢ ᠲᠦᠷᠰᠦᠯᠡᠬᠦ︔      ︵ᠭᠤᠷᠪᠠ︶ ᠢᠯᠡᠴᠢᠯᠡᠬᠦ ᠪᠠᠷ ᠭᠤᠶᠤᠴᠢᠯᠠᠬᠤ ᠵᠠᠰᠠᠭ ᠤᠨ ᠤᠷᠳᠤᠨ ᠤ ᠰᠤᠷᠠᠭ ᠵᠠᠩᠬᠢ ᠶᠢᠨ ᠬᠡᠯᠪᠡᠷᠢ ᠶᠢᠨ ᠱᠠᠭᠠᠷᠳᠠᠯᠭ᠎ᠠ︔      ︵ᠲᠦᠷᠪᠡ︶ ᠭᠤᠶᠤᠴᠢᠯᠠᠭᠴᠢ ᠭᠠᠷ ᠤᠨ ᠦᠰᠦᠭ ᠵᠢᠷᠤᠬᠤ ᠡᠰᠡᠬᠦᠯ᠎ᠡ ᠳᠠᠮᠠᠭ᠎ᠠ ᠳᠠᠷᠤᠬᠤ᠃      ᠲᠤᠯᠤᠳᠤᠭᠠᠷ ᠵᠤᠷᠪᠤᠰ   ᠵᠠᠰᠠᠭ ᠵᠠᠬᠢᠷᠭᠠᠨ ᠤ ᠠᠯᠪᠠᠨ ᠪᠠᠶᠢᠭᠤᠯᠭ᠎ᠠ ᠶᠢᠨ ᠡᠬᠦᠳᠠ ᠡᠷᠦᠬᠡ ᠶᠢᠨ ᠰᠠᠶᠢᠲ ᠳᠡᠭᠡᠷ᠎ᠡ ︽ᠢᠯᠡᠴᠢᠯᠡᠬᠦ ᠪᠠᠷ ᠭᠤᠶᠤᠴᠢᠯᠠᠬᠤ ᠲᠤᠰᠬᠠᠢ ᠪᠤᠯᠤᠩ︾ ᠭᠠᠷᠭᠠᠵᠤ᠂ ᠭᠤᠶᠤᠴᠢᠯᠠᠬᠤ ᠬᠦᠰᠦᠨᠦᠭᠳᠦ ᠶᠢ ᠬᠠᠩᠭᠠᠵᠤ᠂ ᠭᠤᠶᠤᠴᠢᠯᠠᠭᠴᠢ ᠶᠢᠨ ᠰᠦᠯᠵᠢᠶ᠎ᠡ ᠳᠡᠭᠡᠷ᠎ᠡ ᠭᠤᠶᠤᠴᠢᠯᠠᠬᠤ ᠳᠤ ᠲᠦᠬᠦᠮ ᠦᠵᠡᠬᠦᠯᠦᠨ᠎ᠠ᠃ ᠵᠠᠰᠠᠭ ᠵᠠᠬᠢᠷᠭᠠᠨ ᠤ ᠠᠯᠪᠠᠨ ᠪᠠᠶᠢᠭᠤᠯᠭ᠎ᠠ ᠪᠠᠰᠠ ᠳᠠᠷᠬᠠᠭᠠᠬᠤ᠂ ᠭᠤᠪᠢᠭᠤᠯᠬᠤ ᠵᠡᠷᠭᠡ ᠤᠯᠠᠨ ᠠᠷᠭ᠎ᠠ ᠢᠶᠠᠷ ᠭᠤᠶᠤᠴᠢᠯᠠᠬᠤ ᠬᠦᠰᠦᠨᠦᠭᠳᠦ ᠶᠢᠨ ᠬᠡᠯᠪᠡᠷᠢ ᠶᠢ ᠬᠠᠩᠭᠠᠨ᠎ᠠ᠃      ᠨᠠᠢᠮᠠᠳᠤᠭᠠᠷ ᠵᠤᠷᠪᠤᠰ  ᠵᠠᠰᠠᠭ ᠵᠠᠬᠢᠷᠭᠠᠨ ᠤ ᠠᠯᠪᠠᠨ ᠪᠠᠶᠢᠭᠤᠯᠭ᠎ᠠ ᠠᠴᠠ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡᠴᠢᠯᠡᠬᠦ ᠭᠤᠶᠤᠴᠢᠯᠠᠯ ᠢ ᠭᠠᠷᠳᠠᠭᠰᠠᠨ ᠤ ᠳᠠᠷᠠᠭ᠎ᠠ ᠳᠠᠷᠤᠢ ᠳᠠᠮᠳᠡᠭᠯᠡᠯ ᠬᠢᠬᠦ ᠶᠢᠨ ᠬᠠᠮᠳᠤ ᠭᠤᠶᠤᠴᠢᠯᠠᠭᠴᠢ ᠳᠤ ︽ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡᠴᠢᠯᠡᠬᠦ ᠭᠤᠶᠤᠴᠢᠯᠠᠯ ᠢ ᠬᠤᠷᠢᠶᠠᠨ ᠠᠪᠤᠭᠰᠠᠨ ᠬᠠᠷᠢᠭᠤ ᠪᠠᠷᠢᠮᠳᠠ︾᠎ ᠶᠢ ᠬᠠᠷᠢᠭᠤ ᠲᠤᠰᠬᠠᠬᠤ ᠬᠡᠷᠡᠭᠳᠡᠢ᠃      ᠶᠢᠰᠦᠳᠦᠬᠡᠷ ᠵᠤᠷᠪᠤᠰ   ᠭᠤᠶᠤᠴᠢᠯᠠᠬᠤ ᠵᠠᠰᠠᠭ ᠤᠨ ᠤᠷᠳᠤᠨ ᠤ ᠰᠤᠷᠠᠭ ᠵᠠᠩᠬᠢ ᠳᠤ ᠵᠠᠰᠠᠭ ᠵᠠᠬᠢᠷᠭᠠᠨ ᠤ ᠠᠯᠪᠠᠨ ᠪᠠᠶᠢᠭᠤᠯᠭ᠎ᠠ ᠠᠴᠠ ᠲᠤᠤᠷ᠎ᠠ ᠪᠠᠶᠢᠳᠠᠯ ᠢ ᠦᠨᠳᠦᠰᠦᠯᠡᠨ ᠲᠤᠰᠪᠤᠷᠢ ᠬᠠᠷᠢᠭᠤ ᠦᠭᠬᠦᠨ᠎ᠠ᠄      ︵ᠨᠢᠬᠡ︶ ᠰᠠᠨᠠᠭᠠᠴᠢᠯᠭ᠎ᠠ ᠪᠠᠷ ᠢᠯᠡᠴᠢᠯᠡᠬᠦ ᠬᠡᠪᠴᠢᠶᠠᠨ ᠳᠤ ᠬᠠᠷᠢᠶᠠᠯᠠᠭᠳᠠᠬᠤ ᠮᠦᠷᠳᠡᠬᠡᠨ ᠨᠢᠬᠡᠨᠳᠠ ᠨᠡᠶᠢᠬᠡᠮ ᠳᠤ ᠢᠯᠡᠴᠢᠯᠡᠭᠰᠡᠨ ᠪᠤᠯ ᠭᠤᠶᠤᠴᠢᠯᠠᠭᠴᠢ ᠳᠤ ᠲᠤᠰ ᠰᠤᠷᠠᠭ ᠵᠠᠩᠬᠢ ᠶᠢ ᠤᠯᠬᠤ ᠠᠷᠭ᠎ᠠ ᠮᠠᠶ᠋ᠢᠭ ᠶᠢ ᠮᠡᠳᠡᠭᠳᠡᠬᠦ ᠬᠡᠷᠡᠭᠳᠡᠢ︔ ᠰᠠᠨᠠᠭᠠᠴᠢᠯᠭ᠎ᠠ ᠪᠠᠷ ᠢᠯᠡᠴᠢᠯᠡᠬᠦ ᠬᠡᠪᠴᠢᠶᠡᠨ ᠳᠤ ᠬᠠᠷᠢᠶᠠᠯᠠᠭᠳᠠᠵᠤ ᠪᠠᠶᠢᠪᠠᠴᠤ ᠨᠡᠶᠢᠬᠡᠮ ᠳᠡᠭᠡᠷ᠎ᠡ ᠢᠯᠡᠴᠢᠯᠡᠭᠰᠡᠨ ᠦᠬᠡᠢ ᠪᠤᠯ ᠨᠡᠶᠢᠬᠡᠮ ᠳᠠᠭᠡᠷ᠎ᠡ ᠢᠯᠡ ᠪᠤᠯᠭᠠᠬᠤ ᠶᠢᠨ ᠬᠠᠮᠳᠤ ᠭᠤᠶᠤᠴᠢᠯᠠᠭᠴᠢ ᠬᠦᠮᠦᠨ ᠳᠤ ᠮᠡᠳᠡᠭᠳᠡᠬᠦ ᠬᠡᠷᠡᠭᠳᠡᠢ᠃      ︵ᠬᠤᠶᠠᠷ︶ ᠢᠯᠡᠴᠢᠯᠡᠬᠦ ᠬᠡᠪᠴᠢᠶᠡᠨ ᠳᠤ ᠬᠠᠷᠢᠶᠠᠯᠠᠭᠳᠠᠬᠤ ᠦᠬᠡᠢ ᠪᠤᠯ᠂ ᠢᠯᠡᠴᠢᠯᠡᠬᠦ ᠦᠬᠡᠢ ᠮᠡᠳᠡᠭᠳᠡᠯ ᠤᠨ ᠪᠢᠴᠢᠭ ᠬᠢᠬᠦ ᠶᠢᠨ ᠬᠠᠮᠳᠤ ᠤᠴᠢᠷ ᠰᠢᠯᠳᠠᠭᠠᠨ ᠢ ᠨᠢ ᠲᠤᠳᠤᠷᠬᠠᠶᠢᠯᠠᠬᠤ ᠬᠡᠷᠡᠭᠳᠡᠢ᠃      ︵ᠭᠤᠷᠪᠠ︶ ᠲᠤᠰ ᠵᠠᠰᠠᠭ ᠵᠠᠬᠢᠷᠭᠠᠨ ᠤ ᠠᠯᠪᠠᠨ ᠪᠠᠶᠢᠭᠤᠯᠭ᠎ᠠ ᠢᠯᠡᠴᠢᠯᠡᠬᠦ ᠳᠤ ᠬᠠᠤᠯᠢ ᠶᠤᠰᠤᠭᠠᠷ ᠬᠠᠷᠢᠶᠠᠯᠠᠭᠳᠠᠬᠤ ᠦᠬᠡᠢ ᠡᠰᠡᠬᠦᠯ᠎ᠡ ᠲᠤᠰ ᠵᠠᠰᠠᠭ ᠤᠨ ᠤᠷᠳᠤᠨ ᠤ ᠰᠤᠷᠠᠭ ᠵᠠᠩᠬᠢ ᠤᠷᠤᠰᠢᠬᠤ ᠶᠬᠡᠢ ᠪᠤᠯ ᠲᠤᠰ ᠠᠯᠪᠠᠨ ᠪᠠᠶᠢᠭᠤᠯᠭ᠎ᠠ ᠶᠢᠨ ᠵᠠᠰᠠᠭ ᠤᠨ ᠤᠷᠳᠤᠨ ᠤ ᠰᠤᠷᠠᠭ ᠵᠠᠩᠬᠢ ᠪᠢᠰᠢ ᠬᠡᠰᠡᠨ ᠮᠡᠳᠡᠭᠳᠡᠯ ᠬᠢᠵᠦ ᠭᠤᠶᠤᠴᠢᠯᠠᠭᠴᠢ ᠳᠤ ᠮᠡᠳᠡᠭᠳᠡᠬᠦ ᠬᠡᠷᠡᠭᠳᠡᠢ︔ ᠲᠤᠰ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡᠴᠢᠯᠡᠬᠦ ᠶᠢ ᠲᠤᠭᠳᠠᠭᠠᠵᠤ ᠪᠤᠯᠬᠤ ᠠᠯᠪᠠᠨ ᠪᠠᠶᠢᠭᠤᠯᠭ᠎ᠠ ᠶᠢ ᠭᠤᠶᠤᠴᠢᠯᠠᠭᠴᠢ ᠳᠤ ᠠᠯᠪᠠᠨ ᠪᠠᠶᠢᠭᠤᠯᠭ᠎ᠠ ᠶᠢᠨ ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠢ ᠮᠡᠳᠡᠭᠳᠡᠬᠦ ᠬᠡᠷᠡᠭᠳᠡᠢ᠃      ︵ᠲᠤᠷᠪᠠ︶ ᠭᠤᠶᠤᠴᠢᠯᠠᠯ ᠤᠨ ᠠᠭᠤᠯᠭ᠎ᠠ ᠨᠢ ᠲᠤᠲᠤᠷᠬᠠᠢ ᠪᠤᠰᠤ ᠪᠤᠯ ᠭᠤᠶᠤᠴᠢᠯᠠᠭᠴᠢ ᠳᠤ ᠦᠬᠡᠷᠡᠴᠢᠯᠡᠨ ᠨᠦᠬᠦᠪᠦᠷᠢᠯᠡᠬᠦ ᠳᠠᠬᠢᠨ ᠭᠤᠶᠤᠴᠢᠯᠠᠬᠤ ᠶᠢ ᠮᠡᠳᠡᠭᠳᠡᠬᠦ ᠬᠡᠷᠡᠭᠳᠡᠢ᠃      ᠠᠷᠪᠠᠳᠤᠭᠠᠷ ᠵᠤᠷᠪᠤᠰ   ᠭᠤᠶᠤᠴᠢᠯᠠᠭᠰᠠᠨ ᠠᠭᠤᠯᠭ᠎ᠠ ᠳᠤ ᠢᠯᠡᠴᠢᠯᠡᠵᠤ ᠪᠤᠯᠬᠤ ᠦᠬᠡᠢ ᠠᠭᠤᠯᠭ᠎ᠠ ᠪᠠᠶᠢᠪᠠᠯ᠂ ᠢᠯᠭᠠᠵᠤ ᠰᠢᠢᠳᠪᠦᠷᠢᠯᠡᠵᠦ ᠪᠤᠯᠬᠤ ᠶᠢ ᠨᠢ ᠵᠠᠰᠠᠭ ᠵᠠᠬᠢᠷᠭᠠᠨ ᠤ ᠠᠯᠪᠠᠨ ᠪᠠᠶᠢᠭᠤᠯᠭ᠎ᠠ ᠠᠴᠠ ᠭᠤᠶᠤᠴᠢᠯᠠᠭᠴᠢ ᠳᠤ ᠢᠯᠡᠴᠢᠯᠡᠵᠦ ᠪᠤᠯᠬᠤ ᠦᠬᠡᠢ ᠰᠤᠷᠠᠭ ᠵᠠᠩᠬᠢ ᠶᠢᠨ ᠠᠭᠤᠯᠭ᠎ᠠ ᠶᠢ ᠬᠠᠩᠭᠠᠵᠤ ᠦᠭᠬᠦ ᠬᠡᠷᠡᠭᠳᠡᠢ᠃      ᠠᠷᠪᠠᠨ ᠨᠢᠭᠡᠳᠦᠬᠡᠷ ᠵᠤᠷᠪᠤᠰ   ᠵᠠᠰᠠᠭ ᠵᠠᠬᠢᠷᠭᠠᠨ ᠤ ᠠᠯᠪᠠᠨ ᠪᠠᠶᠢᠭᠤᠯᠭ᠎ᠠ ᠠᠴᠠ ᠢᠯᠡᠴᠢᠯᠡᠬᠦ ᠪᠠᠷ ᠭᠤᠶᠤᠴᠢᠯᠠᠬᠤ ᠵᠠᠰᠠᠭ ᠤᠨ ᠤᠷᠳᠤᠨ ᠤ ᠰᠤᠷᠠᠭ ᠵᠠᠩᠬᠢ ᠳᠤ ᠬᠤᠳᠠᠯᠳᠤᠭᠠᠨ ᠤ ᠨᠢᠭᠤᠴᠠ ᠬᠤᠪᠢ ᠶᠢᠨ ᠨᠢᠭᠤᠴᠠ ᠬᠤᠯᠪᠤᠭᠳᠠᠬᠤ ᠶᠢ ᠮᠡᠳᠡᠵᠦ᠂ ᠢᠯᠡᠴᠢᠯᠡᠭᠰᠡᠨ ᠤ ᠳᠠᠷᠠᠭ᠎ᠠ ᠭᠤᠷᠪᠠᠳᠤᠭᠠᠷ ᠡᠳᠡᠭᠡᠳ ᠤᠨ ᠬᠠᠤᠯᠢ ᠶᠤᠰᠤᠨ ᠤ ᠡᠷᠬᠡ ᠠᠰᠢᠭ ᠢ ᠬᠤᠬᠢᠷᠠᠭᠤᠯᠬᠤ ᠪᠤᠯᠤᠯᠴᠠᠭ᠎ᠠ ᠲᠠᠢ ᠪᠤᠯ᠂ ᠪᠢᠴᠢᠭ ᠤᠨ ᠬᠡᠯᠪᠡᠷᠢ ᠪᠠᠷ ᠭᠤᠷᠪᠠᠳᠤᠭᠠᠷ ᠡᠳᠡᠭᠡᠳ ᠤᠨ ᠰᠠᠨᠠᠯ ᠢ ᠠᠪᠴᠤ᠂ ᠳᠠᠷᠠ ᠨᠢ ᠢᠯᠡᠴᠢᠯᠡᠬᠦ ᠶᠢ ᠵᠦᠪᠰᠢᠶᠡᠷᠡᠭᠰᠡᠨ ᠪᠤᠯ ᠢᠯᠡᠴᠢᠯᠡᠵᠦ ᠪᠤᠯᠤᠨ᠎ᠠ︔ ᠭᠤᠷᠪᠠᠳᠤᠭᠠᠷ ᠡᠳᠡᠭᠡᠳ ᠠᠴᠠ ᠢᠯᠡᠴᠢᠯᠡᠬᠦ ᠶᠢ ᠵᠦᠪᠰᠢᠶᠡᠷᠡᠬᠦ ᠦᠬᠡᠢ ᠪᠤᠯ ᠢᠯᠡᠴᠢᠯᠡᠵᠦ ᠪᠤᠯᠬᠤ ᠦᠬᠡᠢ᠃ ᠬᠡᠪᠡᠴᠦ ᠵᠠᠰᠠᠭ ᠵᠠᠬᠢᠷᠭᠠᠨ ᠤ ᠠᠯᠪᠠᠨ ᠪᠠᠶᠢᠭᠤᠯᠭ᠎ᠠ ᠠᠴᠠ ᠢᠯᠡᠴᠢᠯᠡᠬᠦ ᠦᠬᠡᠢ ᠪᠤᠯ ᠨᠡᠶᠢᠳᠠ ᠶᠢᠨ ᠠᠰᠢᠭ ᠲᠤᠰᠠ ᠳᠤ ᠬᠦᠨᠳᠦ ᠶᠡᠭᠡ ᠨᠦᠯᠦᠬᠡ ᠪᠤᠯᠤᠨ᠎ᠠ ᠬᠡᠵᠦ ᠦᠵᠡᠪᠠᠯ᠂ ᠢᠯᠡᠴᠢᠯᠡᠬᠦ ᠶᠢᠨ ᠬᠠᠮᠳᠤ᠂ ᠢᠯᠡᠴᠢᠯᠡᠬᠦ ᠪᠠᠷ ᠲᠤᠭᠳᠠᠭᠰᠠᠨ ᠠᠭᠤᠯᠭ᠎ᠠ ᠪᠠ ᠤᠴᠢᠷ ᠰᠢᠯᠳᠠᠭᠠᠨ ᠢ ᠪᠢᠴᠢᠭ ᠤᠨ ᠬᠡᠯᠪᠡᠷᠢ ᠪᠠᠷ ᠭᠤᠷᠪᠠᠳᠤᠭᠠᠷ ᠡᠳᠡᠭᠡᠳ ᠳᠤ ᠮᠡᠳᠡᠭᠳᠡᠬᠦ ᠬᠡᠷᠡᠭᠳᠡᠢ᠃      ᠠᠷᠪᠠᠨ ᠬᠤᠶᠠᠳᠤᠭᠠᠷ ᠵᠤᠷᠪᠤᠰ   ᠵᠠᠰᠠᠭ ᠵᠠᠬᠢᠷᠭᠠᠨ ᠤ ᠠᠯᠪᠠᠨ ᠪᠠᠶᠢᠭᠤᠯᠭ᠎ᠠ ᠭᠤᠶᠤᠴᠢᠯᠠᠯ ᠭᠠᠷᠳᠠᠭᠰᠠᠨ ᠳᠠᠷᠠᠭ᠎ᠠ ᠲᠤᠤᠷ᠎ᠠ ᠨᠢ ᠬᠠᠷᠢᠭᠤᠯᠵᠤ ᠳᠠᠶᠢᠯᠪᠠᠯ ᠲᠤᠤᠷ᠎ᠠ ᠨᠢ ᠬᠠᠷᠢᠭᠤᠯᠵᠤ᠂ ᠲᠤᠤᠷ᠎ᠠ ᠨᠢ ᠬᠠᠷᠢᠭᠤᠯᠵᠤ ᠳᠠᠶᠢᠯᠬᠦ ᠦᠬᠡᠢ ᠪᠤᠯ ᠭᠠᠷᠳᠠᠭᠰᠠᠨ ᠡᠳᠦᠷ ᠠᠴᠠ ᠡᠬᠢᠯᠡᠨ 15 ᠡᠳᠦᠷ ᠤᠨ ᠲᠤᠲᠤᠷ᠎ᠠ ᠬᠠᠷᠢᠭᠤᠯᠳᠠ ᠦᠭᠴᠦ︔ ᠵᠠᠷᠢᠮ ᠪᠤᠰᠤᠳᠴᠢ ᠰᠢᠯᠳᠠᠭᠠᠨ ᠠᠴᠠ ᠪᠤᠯᠵᠤ ᠬᠤᠭᠤᠴᠠᠭ᠎ᠠ ᠳᠠᠭᠠᠨ ᠬᠠᠷᠢᠭᠤᠯᠵᠤ ᠳᠠᠶᠢᠯᠬᠦ ᠦᠬᠡᠢ ᠪᠤᠯ ᠵᠠᠰᠠᠭ ᠤᠨ ᠤᠷᠳᠤᠨ ᠤ ᠰᠤᠷᠠᠭ ᠵᠠᠩᠬᠢ ᠢᠯᠡᠴᠢᠯᠡᠬᠦ ᠠᠵᠢᠯ ᠤᠨ ᠪᠠᠶᠢᠭᠤᠯᠤᠮᠵᠢ ᠶᠢᠨ ᠬᠠᠷᠢᠭᠤᠴᠠᠯᠭᠠᠳᠠᠨ ᠢᠶᠠᠷ ᠵᠦᠪᠰᠢᠶᠡᠷᠡᠬᠦᠯᠬᠦ ᠶᠢᠨ ᠬᠠᠮᠳᠤ ᠭᠤᠶᠤᠴᠢᠯᠠᠭᠴᠢ ᠳᠤ ᠮᠡᠳᠡᠭᠳᠡᠬᠦ ᠬᠡᠷᠡᠭᠳᠡᠢ᠂ ᠬᠠᠷᠢᠭᠤᠯᠬᠤ ᠡᠳᠦᠷ ᠶᠢ ᠨᠢ ᠤᠷᠳᠤᠳᠬᠠᠪᠠᠴᠤ ᠬᠠᠮᠤᠭ ᠤᠳᠠᠭᠠᠨ ᠳᠠᠭᠠᠨ 15 ᠠᠵᠢᠯ ᠤᠨ ᠡᠳᠦᠷ ᠠᠴᠠ ᠬᠡᠳᠦᠷᠡᠬᠦᠯᠵᠦ ᠪᠤᠯᠬᠤ ᠦᠬᠡᠢ᠃ ᠢᠯᠡᠴᠢᠯᠡᠬᠦ ᠪᠠᠷ ᠭᠤᠶᠤᠴᠢᠯᠠᠭᠰᠠᠨ ᠵᠠᠰᠠᠭ ᠤᠨ ᠤᠷᠳᠤᠨ ᠤ ᠰᠤᠷᠠᠭ ᠵᠠᠩᠬᠢ ᠳᠤ ᠭᠤᠷᠪᠠᠳᠤᠭᠠᠷ ᠡᠳᠡᠭᠡᠳ ᠤᠨ ᠠᠰᠢᠭ ᠲᠤᠰᠠ ᠬᠤᠯᠪᠤᠭᠳᠠᠪᠠᠯ᠂ ᠵᠠᠰᠠᠭ ᠵᠠᠬᠢᠷᠭᠠᠨ ᠤ ᠠᠯᠪᠠᠨ ᠪᠠᠶᠢᠭᠤᠯᠭ᠎ᠠ ᠠᠴᠠ ᠭᠤᠷᠪᠠᠳᠤᠭᠠᠷ ᠡᠳᠡᠭᠡᠳ ᠤᠨ ᠰᠠᠨᠠᠯ ᠢ ᠠᠪᠬᠤ ᠳᠤ ᠬᠡᠷᠡᠭᠰᠡᠬᠦ ᠴᠠᠭ ᠬᠤᠭᠤᠴᠠᠭ᠎ᠠ ᠶᠢ ᠲᠤᠰ ᠲᠤᠭᠳᠠᠭᠠᠯ ᠤᠨ ᠬᠢᠵᠠᠭᠠᠷᠳᠤ ᠬᠤᠭᠤᠴᠠᠭᠠᠨ ᠳᠤ ᠤᠷᠤᠭᠤᠯᠵᠤ ᠪᠤᠯᠬᠤ ᠦᠬᠡᠢ᠃     ᠠᠷᠪᠠᠨ ᠭᠤᠷᠪᠠᠳᠤᠭᠠᠷ ᠵᠤᠷᠪᠤᠰ  ᠵᠠᠰᠠᠭ ᠵᠠᠬᠢᠷᠭᠠᠨ ᠤ ᠠᠯᠪᠠᠨ ᠪᠠᠶᠢᠭᠤᠯᠭ᠎ᠠ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡᠴᠢᠯᠡᠬᠦ ᠳᠤ ᠭᠤᠶᠤᠴᠢᠯᠠᠭᠴᠢ ᠶᠢᠨ ᠱᠠᠭᠠᠷᠳᠠᠭᠰᠠᠨ ᠬᠡᠯᠪᠡᠷᠢ ᠶᠤᠰᠤᠭᠠᠷ ᠨᠢ ᠬᠠᠩᠭᠠᠵᠤ ᠦᠭᠬᠦ ᠬᠡᠷᠡᠭᠳᠡᠢ᠃ ᠲᠠᠷᠡ ᠬᠡᠯᠪᠡᠷᠢ ᠪᠠᠷ ᠨᠢ ᠬᠠᠩᠭᠠᠵᠤ ᠳᠡᠶᠢᠯᠬᠦ ᠦᠬᠡᠢ ᠪᠤᠯ ᠭᠤᠶᠤᠴᠢᠯᠠᠭᠴᠢ ᠳᠤ ᠬᠠᠮᠢᠶ᠎ᠠ ᠪᠦᠬᠦᠢ ᠮᠠᠲ᠋ᠧᠷᠢᠶᠠᠯ ᠢ ᠤᠩᠰᠢᠬᠤ ᠶᠢ ᠲᠤᠬᠢᠷᠠᠭᠤᠯᠬᠤ ᠪᠠᠷ ᠳᠠᠮᠵᠢᠭᠤᠯᠤᠨ ᠬᠠᠭᠤᠯᠤᠪᠤᠷᠢ ᠵᠦᠢᠯ ᠢ ᠬᠠᠩᠭᠠᠬᠤ ᠪᠤᠶᠤ ᠪᠤᠰᠤᠳ ᠲᠤᠬᠢᠷᠠᠮᠵᠢᠳᠡᠢ ᠬᠡᠯᠪᠡᠷᠢ ᠶᠢ ᠬᠠᠩᠭᠠᠬᠤ ᠬᠡᠷᠡᠭᠳᠡᠢ᠃      ᠠᠷᠪᠠᠨ ᠲᠦᠷᠪᠡᠳᠦᠬᠡᠷ ᠵᠤᠷᠪᠤᠰ   ᠵᠠᠰᠠᠭ ᠵᠠᠬᠢᠷᠭᠠᠨ ᠤ ᠠᠯᠪᠠᠨ ᠪᠠᠶᠢᠭᠤᠯᠭ᠎ᠠ ᠵᠠᠰᠠᠭ ᠤᠨ ᠤᠷᠳᠤᠨ ᠤ ᠰᠤᠷᠠᠭ ᠵᠠᠩᠬᠢ ᠶᠢ ᠭᠤᠶᠤᠴᠢᠯᠠᠬᠤ ᠶᠢ ᠬᠠᠩᠭᠠᠬᠤ ᠳᠤ ᠪᠠᠶᠢᠴᠠᠭᠠᠨ ᠡᠷᠢᠬᠦ᠂ ᠪᠠᠭᠤᠯᠭᠠᠬᠤ᠂ ᠭᠤᠪᠢᠭᠤᠯᠬᠤ ᠵᠡᠷᠬᠡ ᠦᠪᠡᠷ ᠤᠨ ᠦᠷᠳᠡᠭ ᠤᠨ ᠵᠠᠷᠤᠳᠠᠯ ᠢ ᠬᠤᠷᠢᠶᠠᠬᠤ ᠠᠴᠠ ᠭᠠᠳᠠᠨ᠎ᠠ ᠪᠤᠰᠤᠳ ᠵᠦᠢᠯ ᠤᠨ ᠵᠠᠷᠤᠳᠠᠯ ᠬᠤᠷᠢᠶᠠᠵᠤ ᠪᠤᠯᠬᠤ ᠦᠬᠡᠢ᠃ ᠵᠠᠰᠠᠭ ᠵᠠᠬᠢᠷᠭᠠᠨ ᠤ ᠠᠯᠪᠠᠨ ᠪᠠᠶᠢᠭᠤᠯᠭ᠎ᠠ ᠪᠤᠰᠤᠳ ᠵᠤᠬᠢᠶᠠᠨ ᠪᠠᠶᠢᠭᠤᠯᠤᠯᠳᠠ᠂ ᠬᠤᠪᠢ ᠬᠦᠮᠦᠨ ᠢᠶᠠᠷ ᠳᠠᠮᠵᠢᠨ ᠲᠦᠯᠦᠪᠦᠷᠢᠲᠦ ᠦᠢᠯᠡᠴᠢᠯᠡᠭᠡ ᠬᠢᠬᠦ ᠠᠷᠭ᠎ᠠ ᠮᠠᠶ᠋ᠢᠭ ᠢᠶᠠᠷ ᠵᠠᠰᠠᠭ ᠤᠨ ᠤᠷᠳᠤᠨ ᠤ ᠰᠤᠷᠠᠭ ᠵᠠᠩᠬᠢ ᠶᠢ ᠬᠠᠩᠭᠠᠵᠤ ᠪᠤᠯᠬᠤ ᠦᠬᠡᠢ᠃ ᠵᠠᠰᠠᠭ ᠵᠠᠬᠢᠷᠭᠠᠨ ᠤ ᠠᠯᠪᠠᠨ ᠪᠠᠶᠢᠭᠤᠯᠭ᠎ᠠ ᠠᠴᠠ ᠪᠠᠶᠢᠴᠠᠭᠠᠨ ᠡᠷᠢᠬᠦ᠂ ᠪᠠᠭᠤᠯᠭᠠᠬᠤ᠂ ᠭᠤᠪᠢᠭᠤᠯᠬᠤ ᠵᠡᠷᠬᠡ ᠦᠪᠡᠷ ᠤᠨ ᠦᠷᠳᠡᠭ ᠤᠨ ᠵᠠᠷᠤᠳᠠᠯ ᠢ ᠬᠤᠷᠢᠶᠠᠬᠤ ᠳᠤ᠂ ᠦᠨ᠎ᠡ ᠬᠠᠩᠰᠢ ᠶᠢᠨ ᠪᠠᠶᠢᠭᠤᠯᠭ᠎ᠠ ᠶᠢᠨ ᠲᠤᠭᠳᠠᠭᠠᠯ ᠶᠤᠰᠤᠭᠠᠷ ᠵᠠᠷᠤᠳᠠᠯ ᠬᠤᠷᠢᠶᠠᠬᠤ ᠪᠠᠷᠢᠮᠵᠢᠶ᠎ᠡ ᠶᠢ ᠬᠡᠷᠡᠭᠵᠢᠬᠦᠯᠬᠦ ᠬᠡᠷᠡᠭᠳᠡᠢ᠃      ᠠᠷᠪᠠᠨ ᠳᠠᠪᠤᠳᠤᠭᠠᠷ ᠵᠤᠷᠪᠤᠰ   ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡᠴᠢᠯᠡᠬᠦ ᠪᠠᠷ ᠭᠤᠶᠤᠴᠢᠯᠠᠬᠤ ᠡᠷᠭᠡᠳᠦ ᠠᠷᠠᠳ ᠦᠨᠡᠨᠬᠦ ᠠᠵᠤ ᠠᠬᠤᠶᠢᠯᠠᠯ ᠤᠨ ᠬᠦᠴᠢᠷ ᠲᠠᠢ ᠪᠤᠯ ᠲᠤᠰ ᠬᠦᠮᠦᠨ ᠨᠢ ᠭᠤᠶᠤᠴᠢᠯᠠᠬᠤ ᠪᠠᠷ ᠳᠠᠮᠵᠢᠨ ᠂ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡᠴᠢᠯᠡᠬᠦ ᠠᠵᠢᠯ ᠤᠨ ᠪᠠᠶᠢᠭᠤᠯᠤᠮᠵᠢ ᠶᠢᠨ ᠬᠠᠷᠢᠭᠤᠴᠠᠯᠭᠠᠳᠠᠨ ᠬᠢᠨᠠᠨ ᠬᠠᠷᠭᠤᠭᠤᠯᠤᠭᠠᠳ ᠵᠦᠪᠰᠢᠶᠡᠷᠡᠪᠠᠯ ᠬᠠᠮᠢᠶ᠎ᠠ ᠪᠦᠬᠦᠢ ᠵᠠᠷᠤᠳᠠᠯ ᠢ ᠬᠠᠰᠤᠨ ᠬᠡᠯᠳᠦᠷᠡᠬᠦᠯᠵᠦ ᠪᠤᠯᠤᠨ᠎ᠠ᠃ ᠠᠷᠪᠠᠨ ᠵᠢᠷᠭᠤᠳᠤᠭᠠᠷ ᠵᠤᠷᠪᠤᠰ   ᠭᠤᠶᠤᠴᠢᠯᠠᠭᠴᠢ ᠠᠴᠠ ᠵᠠᠰᠠᠭ ᠵᠠᠬᠢᠷᠭᠠᠨ ᠤ ᠠᠯᠪᠠᠨ ᠪᠠᠶᠢᠭᠤᠯᠭ᠎ᠠ ᠨᠢ ᠲᠤᠭᠳᠠᠭᠠᠯ ᠶᠤᠰᠤᠭᠠᠷ ᠢᠯᠡᠴᠢᠯᠡᠬᠦ ᠪᠠᠷ ᠭᠤᠶᠤᠴᠢᠯᠠᠬᠤ ᠡᠬᠦᠷᠬᠡ ᠶᠢ ᠪᠡᠶᠡᠯᠡᠬᠦᠯᠦᠭᠰᠡᠨ ᠦᠬᠡᠢ ᠬᠡᠵᠦ ᠦᠵᠡᠪᠡᠯ᠂ ᠲᠤᠰ ᠵᠠᠰᠠᠭ ᠵᠠᠬᠢᠷᠭᠠᠨ ᠤ ᠠᠯᠪᠠᠨ ᠪᠠᠶᠢᠭᠤᠯᠭ᠎ᠠ ᠶᠢᠨ ᠳᠠᠭᠡᠷ᠎ᠡ ᠱᠠᠳᠣᠨ ᠤ ᠬᠢᠨᠠᠨ ᠪᠠᠶᠢᠴᠠᠭᠠᠬᠤ ᠪᠠᠶᠢᠭᠤᠯᠭ᠎ᠠ᠂ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡᠴᠢᠯᠡᠬᠦ ᠠᠵᠢᠯ ᠢ ᠭᠤᠤᠯ ᠬᠠᠮᠢᠶᠠᠷᠬᠤ ᠪᠠᠶᠢᠭᠤᠯᠭ᠎ᠠ ᠳᠤ ᠢᠯᠡᠴᠢᠯᠡᠨ ᠮᠡᠳᠡᠬᠦᠯᠵᠦ ᠪᠤᠯᠤᠨ᠎ᠠ᠃ ᠮᠡᠳᠡᠬᠦᠯᠦᠯᠳᠡ ᠤᠯᠤᠭᠰᠠᠨ ᠪᠠᠶᠢᠭᠤᠯᠭ᠎ᠠ ᠠᠴᠠ ᠪᠠᠶᠢᠴᠠᠭᠠᠨ ᠰᠢᠢᠳᠪᠦᠷᠢᠯᠡᠬᠦ ᠶᠢᠨ ᠬᠠᠮᠳᠤ ᠪᠠᠶᠢᠳᠠᠯ ᠢᠶᠠᠨ ᠦᠨᠳᠦᠰᠦᠯᠡᠵᠦ ᠭᠤᠶᠤᠴᠢᠯᠠᠭᠴᠢ ᠳᠤ ᠬᠠᠷᠢᠭᠤ ᠦᠭᠬᠦᠨ᠎ᠡ᠃      ᠭᠤᠶᠤᠴᠢᠯᠠᠭᠴᠢ ᠠᠴᠠ ᠵᠠᠰᠠᠭ ᠵᠠᠬᠢᠷᠭᠠᠨ ᠤ ᠠᠯᠪᠠᠨ ᠪᠠᠶᠢᠭᠤᠯᠭ᠎ᠠ ᠵᠠᠰᠠᠭ ᠤᠨ ᠤᠷᠳᠤᠨ ᠤ ᠰᠤᠷᠠᠭ ᠵᠠᠩᠬᠢ ᠶᠢ ᠭᠤᠶᠤᠴᠢᠯᠠᠭᠴᠢ ᠠᠵᠢᠯ ᠤᠨ ᠲᠤᠮᠳᠠᠬᠢ ᠪᠤᠳᠠᠳᠠᠢ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠨᠢ ᠳᠡᠬᠦᠨ ᠤ ᠬᠠᠤᠯᠢ ᠶᠤᠰᠤᠨ ᠤ ᠡᠷᠬᠡ ᠠᠰᠢᠭ ᠲᠤ ᠬᠠᠯᠳᠠᠭᠰᠠᠨ ᠪᠤᠯ ᠬᠠᠤᠯᠢ ᠶᠤᠰᠤᠭᠠᠷ ᠵᠠᠰᠠᠭ ᠵᠠᠬᠢᠷᠭᠠᠨ ᠤ ᠳᠠᠬᠢᠨ ᠵᠦᠪᠯᠡᠬᠦ ᠶᠢ ᠭᠤᠶᠤᠴᠢᠯᠠᠬᠤ ᠪᠤᠶᠤ ᠵᠰᠠᠭ ᠵᠠᠬᠢᠷᠭᠠᠨ ᠤ ᠵᠠᠷᠭᠤ ᠲᠤᠷᠠᠳᠤᠨ ᠭᠠᠷᠭᠠᠵᠤ ᠪᠤᠯᠤᠨ᠎ᠠ᠃      ᠠᠷᠪᠠᠨ ᠲᠤᠯᠤᠳᠤᠭᠠᠷ ᠵᠤᠷᠪᠤᠰ   ᠡᠯ᠎ᠡ ᠭᠠᠵᠠᠷ ᠤᠷᠤᠨ᠂ ᠪᠠᠶᠢᠭᠤᠯᠭ᠎ᠠ ᠠᠴᠠ ᠢᠯᠡᠴᠢᠯᠡᠬᠦ ᠶᠢ ᠭᠤᠶᠤᠴᠢᠯᠠᠬᠤ ᠠᠵᠢᠯ ᠤᠨ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠳᠡᠢ᠃ ᠡᠯ᠎ᠡ ᠱᠠᠳᠣᠨ ᠤ ᠬᠢᠨᠠᠨ ᠪᠠᠶᠢᠴᠠᠭᠠᠬᠤ ᠪᠠᠶᠢᠭᠤᠯᠭ᠎ᠠ᠂ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡᠴᠢᠯᠡᠬᠦ ᠠᠵᠢᠯ ᠤᠨ ᠭᠤᠤᠯ ᠬᠠᠮᠢᠶᠠᠷᠬᠤ ᠪᠠᠶᠢᠭᠤᠯᠭ᠎ᠠ ᠠᠴᠠ ᠬᠤᠭᠤᠴᠠᠭ᠎ᠠ ᠲᠤᠭᠳᠠᠭᠠᠨ ᠬᠢᠨᠠᠯᠳᠠ ᠪᠠᠶᠢᠴᠠᠭᠠᠯᠳᠠ ᠵᠤᠬᠢᠶᠠᠨ ᠪᠠᠶᠢᠭᠤᠯᠵᠤ᠂ ᠬᠠᠤᠯᠢ ᠶᠤᠰᠤᠭᠠᠷ ᠢᠯᠡᠴᠢᠯᠡᠬᠦ ᠡᠬᠦᠷᠬᠡ ᠶᠢ ᠪᠡᠶᠡᠯᠡᠬᠦᠯᠦᠭᠰᠡᠨ ᠦᠬᠡᠢ ᠪᠠᠶᠢᠪᠠᠯ ᠳᠡᠬᠦᠨ ᠢ ᠰᠢᠮᠳᠠᠭᠤᠯᠤᠨ ᠴᠠᠭ ᠳᠠᠷᠤᠢ ᠳᠤᠨᠢ ᠵᠠᠯᠠᠷᠠᠭᠤᠯᠬᠤ ᠬᠡᠷᠡᠭᠳᠡᠢ᠃      ᠠᠷᠪᠠᠨ ᠨᠠᠢᠮᠠᠳᠤᠭᠠᠷ ᠵᠤᠷᠪᠤᠰ  ᠵᠠᠰᠠᠭ ᠵᠠᠬᠢᠷᠭᠠᠨ ᠤ ᠠᠯᠪᠠᠨ ᠪᠠᠶᠢᠭᠤᠯᠭ᠎ᠠ ᠲᠤᠰ ᠲᠦᠷᠢᠮ ᠢ ᠵᠦᠷᠢᠴᠡᠵᠦ ᠲᠤᠤᠷ᠎ᠠ ᠪᠠᠶᠢᠳᠠᠯ ᠤᠨ ᠨᠢᠬᠡ ᠨᠢ ᠪᠠᠶᠢᠬᠤ ᠳᠤ ᠬᠦᠷᠪᠠᠯ᠂ ᠠᠳᠠᠯᠢ ᠱᠠᠳᠣᠨ ᠤ ᠬᠢᠨᠠᠨ ᠪᠠᠶᠢᠴᠠᠭᠠᠬᠤ ᠪᠠᠶᠢᠭᠤᠯᠭ᠎ᠠ ᠪᠤᠶᠤ ᠳᠡᠭᠡᠷ᠎ᠡ ᠱᠠᠳᠣᠨ ᠤ ᠵᠠᠰᠠᠭ ᠵᠠᠬᠢᠷᠭᠠᠨ ᠤ ᠠᠯᠪᠠᠨ ᠪᠠᠶᠢᠭᠤᠯᠭ᠎ᠠ ᠠᠴᠠ ᠵᠠᠷᠯᠢᠭᠳᠠᠨ ᠵᠠᠯᠠᠷᠠᠭᠤᠯᠤᠨ᠎ᠠ︔ ᠪᠠᠶᠢᠳᠠᠯ ᠨᠢ ᠬᠦᠨᠳᠦ ᠨᠤᠴᠢᠳᠠᠢ ᠪᠤᠯ ᠵᠠᠰᠠᠭ ᠵᠠᠬᠢᠷᠭᠠᠨ ᠤ ᠠᠯᠪᠠᠨ ᠪᠠᠶᠢᠭᠤᠯᠭ᠎ᠠ ᠶᠢᠨ ᠰᠢᠭᠤᠳ ᠬᠠᠷᠢᠭᠤᠴᠠᠬᠤ ᠭᠤᠤᠯ ᠬᠠᠮᠢᠶᠠᠷᠬᠤ ᠬᠦᠮᠦᠨ ᠪᠠ ᠰᠢᠭᠤᠳ ᠬᠠᠷᠢᠭᠤᠴᠠᠭᠴᠢ ᠳᠤ ᠬᠠᠤᠯᠢ ᠶᠤᠰᠤᠭᠠᠷ ᠰᠢᠢᠳᠬᠡᠯ ᠤᠯᠭᠤᠨ᠎ᠠ︔ ᠶᠡᠯ᠎ᠡ ᠲᠠᠢ ᠪᠤᠯ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠬᠦᠯᠵᠦ ᠡᠷᠡᠬᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠠ᠃      ︵ᠨᠢᠬᠡ︶ ᠭᠤᠶᠤᠴᠢᠯᠠᠭᠴᠢ ᠠᠴᠠ ᠵᠠᠰᠠᠭ ᠤᠨ ᠤᠷᠳᠤᠨ ᠤ ᠰᠤᠷᠠᠭ ᠵᠠᠩᠬᠢ ᠶᠢ ᠨᠢᠭᠤᠬᠤ ᠪᠤᠶᠤ ᠬᠠᠩᠭᠠᠬᠤ ᠦᠬᠡᠢ᠂ ᠡᠰᠡᠬᠦᠯ᠎ᠡ ᠬᠤᠳᠠᠯ ᠵᠠᠰᠠᠭ ᠤᠨ ᠤᠷᠳᠤᠨ ᠤ ᠰᠤᠷᠠᠭ ᠵᠠᠩᠬᠢ ᠬᠠᠩᠭᠠᠬᠤ︔      ︵ᠬᠤᠶᠠᠷ︶ ᠮᠡᠳᠡᠭᠳᠡᠬᠦ ᠠᠯᠪᠠ ᠶᠢ ᠬᠦᠢᠴᠡᠳᠬᠡᠭᠰᠡᠨ ᠦᠬᠡᠢ ᠠᠴᠠ ᠪᠤᠯᠵᠤ ᠭᠤᠷᠪᠠᠳᠣᠭᠠᠷ ᠬᠦᠮᠦᠨ ᠤ ᠬᠠᠤᠯᠢ ᠶᠤᠰᠤᠨ ᠤ ᠡᠷᠬᠡ ᠠᠰᠢᠭ ᠳᠤ ᠬᠤᠬᠢᠷᠠᠯ ᠤᠴᠠᠷᠠᠭᠤᠯᠬᠤ︔      ︵ᠭᠤᠷᠪᠠ︶ ᠲᠤᠭᠳᠠᠭᠠᠯ ᠢ ᠵᠦᠷᠢᠴᠡᠨ ᠵᠠᠷᠤᠳᠠᠯ ᠬᠤᠷᠢᠶᠠᠬᠤ︔      ︵ᠲᠦᠷᠪᠡ︶ ᠰᠠᠬᠢᠯᠭ᠎ᠠ ᠪᠠᠳᠤ᠂ ᠬᠠᠤᠯᠢ ᠴᠠᠭᠠᠵᠠ ᠶᠢ ᠵᠦᠷᠢᠴᠡᠬᠦ ᠪᠤᠰᠤᠳ ᠵᠦᠢᠯ᠃      ᠠᠷᠪᠠ ᠶᠢᠰᠦᠳᠦᠬᠡᠷ ᠵᠤᠷᠪᠤᠰ   ᠡᠯ᠎ᠡ ᠭᠠᠵᠠᠷ᠂ ᠪᠠᠶᠢᠭᠤᠯᠭ᠎ᠠ ᠶᠢᠨ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡᠴᠢᠯᠡᠬᠦ ᠠᠵᠢᠯ ᠤᠨ ᠪᠠᠶᠢᠭᠤᠯᠤᠮᠵᠢ ᠢᠯᠡᠴᠢᠯᠡᠬᠦ ᠪᠠᠷ ᠭᠤᠶᠤᠴᠢᠯᠠᠬᠤ ᠵᠠᠰᠠᠭ ᠤᠨ ᠤᠷᠳᠤᠨ ᠤ ᠰᠤᠷᠠᠭ ᠵᠠᠩᠬᠢ ᠶᠢᠨ ᠬᠤᠯᠪᠤᠭᠳᠠᠯ ᠪᠦᠬᠦᠢ ᠪᠠᠶᠢᠳᠠᠯ ᠢ ᠳᠡᠮᠳᠡᠭᠯᠡᠨ᠂ ᠵᠢᠯ ᠤᠨ ᠮᠡᠳᠡᠬᠦᠯᠦᠯᠳᠠ ᠳᠤ ᠲᠤᠰ ᠵᠢᠯ ᠤᠨ ᠬᠦᠯᠢᠶᠡᠨ ᠠᠪᠴᠤ ᠰᠢᠢᠳᠪᠦᠷᠢᠯᠡᠭᠰᠡᠨ ᠢᠯᠡᠴᠢᠯᠡᠬᠦ ᠶᠢ ᠭᠤᠶᠤᠴᠢᠯᠠᠭᠰᠨ ᠵᠠᠰᠠᠭ ᠤᠨ ᠤᠷᠳᠤᠨ ᠤ ᠰᠤᠷᠠᠭ ᠵᠠᠩᠬᠢ ᠶᠢᠨ ᠬᠠᠭᠤᠳᠠᠰᠤ ᠲᠤᠭ᠎ᠠ ᠵᠢᠴᠢ ᠰᠢᠢᠳᠪᠦᠷᠢᠯᠡᠭᠰᠡᠨ ᠪᠠᠶᠢᠳᠠᠯ ᠢ ᠮᠡᠳᠡᠬᠦᠯᠬᠦ ᠬᠡᠷᠡᠭᠳᠡᠢ᠃      ᠬᠤᠷᠢᠳᠤᠭᠠᠷ ᠵᠤᠷᠪᠤᠰ   ᠰᠤᠷᠭᠠᠨ ᠬᠦᠮᠦᠵᠢᠯ᠂ ᠡᠮ ᠡᠮᠨᠡᠯᠭᠡ᠂ ᠡᠷᠡᠬᠦᠯ ᠭᠠᠮᠠᠭᠠᠯᠠᠯ᠂ ᠲᠦᠯᠦᠪᠯᠡᠬᠡᠲᠦ ᠦᠷᠡᠵᠢᠯ᠂ ᠤᠰᠤ ᠬᠠᠩᠭᠠᠬᠤ᠂ ᠴᠠᠬᠢᠯᠭᠠᠨ ᠬᠠᠩᠭᠠᠬᠤ᠂ ᠢᠯᠴᠢ ᠬᠠᠯᠭᠠᠬᠤ᠂ ᠤᠷᠴᠢᠨ ᠲᠤᠭᠤᠷᠢᠨ᠂ ᠤᠯᠠᠨ ᠨᠡᠶᠢᠳᠠ ᠶᠢᠨ ᠵᠠᠮ ᠬᠠᠷᠢᠯᠴᠠᠭ᠎ᠠ ᠵᠡᠷᠭᠡ ᠠᠷᠠᠳ ᠤᠨ ᠠᠰᠢᠭ ᠲᠤᠰᠠ ᠲᠠᠢ ᠨᠢᠭᠳᠠ ᠬᠤᠯᠪᠤᠭᠳᠠᠯ ᠲᠠᠢ ᠤᠯᠠᠨ ᠨᠡᠶᠢᠳᠠ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠬᠡᠴᠢ ᠶᠢᠨ ᠰᠤᠷᠠᠭ ᠵᠠᠩᠬᠢ ᠶᠢ ᠢᠯᠡᠴᠢᠯᠡᠬᠦ ᠪᠠᠷ ᠭᠤᠶᠤᠴᠢᠯᠠᠬᠤ ᠠᠵᠢᠯ ᠳᠤ ᠲᠤᠰ ᠲᠦᠷᠢᠮ ᠢᠶᠠᠷ ᠯᠠᠪᠯᠠᠯᠳᠠ ᠪᠤᠯᠭᠠᠨ ᠬᠡᠷᠡᠭᠵᠢᠬᠦᠯᠦᠨ᠎ᠠ᠃      ᠬᠤᠷᠢᠨ ᠨᠢᠬᠡᠳᠦᠭᠡᠷ ᠵᠤᠷᠪᠤᠰ   ᠲᠤᠰ ᠲᠦᠷᠢᠮ ᠤᠨ ᠬᠡᠷᠡᠭᠵᠢᠬᠦᠯᠦᠯᠳᠠ ᠶᠢᠨ ᠪᠠᠶᠢᠳᠠᠯ ᠢ ᠡᠯ᠎ᠡ ᠠᠶᠢᠮᠠᠭ ᠬᠤᠳᠠ᠂ ᠦᠪᠡᠷᠳᠡᠬᠡᠨ ᠵᠠᠰᠠᠬᠤ ᠤᠷᠤᠨ ᠤ ᠡᠯ᠎ᠡ ᠪᠠᠶᠢᠭᠤᠯᠭ᠎ᠠ ᠠᠴᠠ ᠵᠠᠰᠠᠭ ᠤᠨ ᠶᠠᠪᠤᠳᠠᠯ ᠢ ᠢᠯᠡᠴᠢᠯᠡᠬᠦ ᠠᠵᠢᠯ ᠤᠨ ᠵᠢᠯ ᠤᠨ ᠬᠠᠷᠠᠯᠳᠠᠳᠤ ᠬᠢᠨᠠᠯᠳᠠ ᠰᠢᠯᠭᠠᠯᠳᠠ ᠳᠤ ᠬᠠᠮᠳᠤ ᠳᠤᠨᠢ ᠤᠷᠤᠭᠤᠯᠤᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号