ᠪᠦᠬᠦ ᠬᠤᠰᠢᠭᠤᠨ ᠤ ᠢᠳᠡᠭᠡᠨ ᠤ ᠵᠦᠢᠯ ᠤᠨ ᠠᠶᠤᠯᠭᠦᠢ ᠠᠵᠢᠯ ᠢ ᠦᠷᠨᠢᠭᠦᠯᠦᠭᠰᠡᠨ ᠪᠠᠶᠢᠳᠠᠯ ᠳᠤ ᠰᠢᠮᠳᠠᠭᠤᠯᠤᠨ ᠪᠠᠶᠢᠴᠠᠭᠠᠯᠲᠠ ᠬᠢᠬᠦ ᠲᠤᠬᠠᠢ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2011-05-20
                     ᠡᠵᠡᠨ ᠵᠠᠰᠠᠭ ᠠᠯᠪᠠᠨ ᠲᠠᠷᠬᠠᠭᠠᠬᠤ ﹇2011﹈ 43 ᠳ᠋ᠤᠭᠠᠷ ᠲᠤᠭᠠᠲᠤᠡᠯ᠎ᠡ ᠪᠠᠯᠭᠠᠰᠤᠨ ᠤ ᠵᠠᠰᠠᠭ ᠤᠨ ᠤᠷᠳᠤᠨ᠂ ᠬᠤᠰᠢᠭᠤ ᠵᠠᠰᠠᠭ ᠤᠨ ᠤᠷᠳᠤᠨ ᠤ ᠡᠯ᠎ᠡ ᠪᠠᠶᠢᠭᠤᠯᠭ᠎ᠠ᠄      ᠪᠦᠬᠦ ᠬᠤᠰᠢᠭᠤᠨ ᠤ ᠢᠳᠡᠭᠡᠨ ᠤ ᠵᠦᠢᠯ ᠤᠨ ᠠᠶᠤᠯᠭᠦᠢ ᠠᠵᠢᠯ ᠢ ᠤᠯᠠᠮ ᠨᠢᠭᠡ ᠠᠯᠬᠤᠮ ᠰᠠᠶᠢᠳᠤᠷ ᠬᠢᠵᠦ᠂ ᠠᠷᠠᠳ ᠤᠯᠠᠨ ᠤ ᠢᠳᠡᠭᠡᠨ ᠤᠮᠳᠠᠭᠠᠨ ᠤ ᠠᠶᠤᠯᠬᠦᠢ ᠶᠢ ᠪᠠᠲᠤᠯᠠᠬᠤ ᠶᠢᠨ ᠲᠤᠯᠠᠲᠠ᠂ ᠬᠤᠰᠢᠭᠤ ᠠᠷᠠᠳ ᠤᠨ ᠵᠠᠰᠠᠭ ᠤᠨ ᠤᠷᠳᠤᠨ ᠪᠦᠬᠦ ᠬᠤᠰᠢᠭᠤᠨ ᠤ ᠢᠳᠡᠭᠡᠨ ᠤ ᠵᠦᠢᠯ ᠤᠨ ᠠᠶᠤᠯᠭᠦᠢ ᠶᠢ ᠵᠤᠬᠢᠴᠠᠭᠤᠯᠬᠤ ᠵᠦᠪᠯᠡᠯ ᠤᠨ ᠬᠠᠮᠢᠶ᠎ᠠ ᠪᠦᠬᠦᠢ ᠪᠦᠷᠢᠯᠳᠦᠭᠦᠨ ᠨᠢᠭᠡᠴᠢ ᠶᠢ ᠵᠤᠬᠢᠶᠠᠨ ᠪᠠᠶᠢᠭᠤᠯᠵᠤ ᠪᠦᠬᠦ ᠬᠤᠰᠢᠭᠤᠨ ᠤ ᠢᠳᠡᠭᠡᠨ ᠤ ᠵᠦᠢᠯ ᠤᠨ ᠠᠶᠤᠯᠭᠦᠢ ᠠᠵᠢᠯ ᠢ ᠦᠷᠨᠢᠭᠦᠯᠦᠭᠰᠡᠨ ᠪᠠᠶᠢᠳᠠᠯ ᠳᠤ ᠰᠢᠮᠳᠠᠭᠤᠯᠤᠯᠲᠠ ᠪᠠᠶᠢᠴᠠᠭᠠᠯᠲᠠ ᠬᠢᠬᠦ ᠪᠠᠷ ᠲᠤᠭᠲᠠᠪᠠ᠃ ᠡᠳᠦᠭᠡ ᠬᠠᠮᠢᠶ᠎ᠠ ᠪᠦᠬᠦᠢ ᠵᠦᠢᠯ ᠢ ᠲᠤᠤᠷ᠎ᠠ ᠮᠡᠳᠦ ᠮᠡᠳᠡᠭᠳᠡᠶ᠎ᠡ᠄      ᠨᠢᠭᠡ᠂ ᠰᠢᠮᠳᠠᠭᠤᠯᠤᠨ ᠪᠠᠶᠢᠴᠠᠭᠠᠬᠤ ᠠᠭᠤᠯᠭ᠎ᠠ      ᠡᠯ᠎ᠡ ᠪᠠᠯᠭᠠᠰᠤ ᠢᠳᠡᠭᠡᠨ ᠤ ᠵᠦᠢᠯ ᠤᠨ ᠠᠶᠤᠯᠭᠦᠢ ᠠᠵᠢᠯ ᠤᠨ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠤᠨ᠂ ᠠᠵᠢᠯᠲᠠᠨ ᠢ ᠲᠤᠬᠢᠷᠠᠭᠤᠯᠵᠤ ᠲᠤᠬᠠᠶᠢᠯᠠᠭᠰᠠᠨ  ᠠᠵᠢᠯ ᠳᠤ ᠬᠡᠷᠡᠭᠯᠡᠬᠦ ᠲᠡᠷᠭᠡ ᠪᠤᠯᠤᠨ ᠠᠵᠢᠯ ᠤᠨ ᠶᠠᠪᠤᠳᠠᠯ ᠢ ᠲᠤᠬᠢᠷᠠᠭᠤᠯᠤᠨ᠂ ᠤᠬᠠᠭᠤᠯᠭ᠎ᠠ ᠬᠦᠮᠦᠵᠢᠯ ᠦᠷᠨᠢᠭᠦᠯᠵᠦ᠂ ᠢᠳᠡᠭᠡᠨ ᠤ ᠵᠦᠢᠯ ᠤᠨ ᠠᠶᠤᠯᠭᠦᠢ ᠰᠤᠷᠠᠭ ᠵᠠᠩᠬᠢ ᠶᠢ ᠮᠡᠳᠡᠭᠦᠯᠦᠨ ᠬᠦᠷᠭᠡᠵᠦ᠂ ᠢᠳᠡᠭᠡᠨ ᠤ ᠵᠦᠢᠯ ᠤᠨ ᠠᠶᠤᠯᠭᠦᠢ ᠶᠢᠨ ᠭᠡᠮ ᠰᠤᠭᠤᠭ ᠢ ᠵᠢᠭᠰᠠᠭᠠᠨ ᠪᠠᠶᠢᠴᠠᠭᠠᠬᠤ ᠪᠠ ᠰᠢᠢᠳᠪᠦᠷᠢᠯᠡᠵᠦ᠂ ᠪᠠᠴᠢᠮ ᠪᠠᠶᠢᠳᠠᠯ ᠢ ᠠᠷᠭᠠᠴᠠᠬᠤ ᠵᠤᠬᠢᠴᠠᠮᠵᠢ ᠬᠢᠭᠡᠳ ᠪᠤᠰᠤᠳ ᠠᠵᠢᠯ ᠤᠨ ᠲᠦᠷᠢᠮ ᠵᠡᠷᠭᠡ ᠶᠢ ᠪᠠᠶᠢᠭᠤᠯᠤᠨ ᠪᠦᠷᠢᠨᠰᠢᠭᠦᠯᠵᠦ ︽ᠢᠳᠡᠭᠡᠨ ᠤ ᠵᠦᠢᠯ ᠤᠨ ᠠᠶᠤᠯᠭᠦᠢ ᠠᠵᠢᠯ ᠎ ᠤᠨ ᠬᠠᠷᠢᠭᠤᠴᠠᠯᠭ᠎ᠠ ᠶᠢᠨ ᠪᠢᠴᠢᠭ︾᠎ ᠤᠨ ᠡᠯ᠎ᠡ ᠲᠦᠷᠦᠯ ᠤᠨ ᠠᠵᠢᠯ ᠤᠨ ᠬᠠᠮᠢᠶ᠎ᠠ ᠪᠦᠬᠦᠢ ᠪᠠᠶᠢᠳᠠᠯ ᠢ ᠨᠡᠶᠢᠳᠠᠪᠤᠷᠢᠵᠢᠭᠤᠯᠬᠤ ᠬᠡᠷᠡᠭᠲᠡᠢ᠃      ᠬᠤᠶᠠᠷ᠂ ᠰᠢᠮᠳᠠᠭᠤᠯᠤᠨ ᠪᠠᠶᠢᠴᠠᠭᠠᠯᠲᠠ ᠬᠢᠬᠦ ᠠᠷᠭ᠎ᠠ ᠮᠠᠶ᠋ᠢᠭ      2011 ᠤᠨ ᠤ 5 ᠰᠠᠷ᠎ᠠ ᠶᠢᠨ 20᠎ ᠠᠴᠠ 29᠎ ᠤ ᠡᠳᠦᠷ ᠪᠤᠯᠳᠠᠯ᠎ᠠ᠂ ᠡᠯ᠎ᠡ ᠪᠠᠯᠭᠠᠰᠤᠨ ᠤ ᠵᠠᠰᠠᠭ ᠤᠨ ᠣᠷᠳᠣᠨ ᠠᠴᠠ ᠬᠠᠷᠢᠶᠠᠲᠤ ᠤᠷᠤᠨ ᠤ ᠪᠠᠨ ᠲᠤᠳᠤᠷᠠᠬᠢ ᠢᠳᠡᠭᠡᠨ ᠤ ᠵᠦᠢᠯ ᠤᠨ ᠠᠶᠤᠯᠭᠦᠢ ᠠᠵᠢᠯ ᠎ ᠳᠤ ᠦᠪᠡᠷ ᠤᠨ ᠪᠠᠶᠢᠴᠠᠭᠠᠯᠲᠠ ᠬᠢᠬᠦ ᠶᠢᠨ ᠬᠠᠮᠲᠤ ᠦᠪᠡᠷ ᠤᠨ ᠪᠠᠶᠢᠴᠠᠭᠠᠯᠲᠠ ᠳᠤ ᠢᠯᠡᠷᠡᠭᠰᠡᠨ ᠠᠰᠠᠭᠤᠳᠠᠯ ᠲᠠᠭᠠᠨ ᠴᠡᠭᠴᠡᠯᠡᠨ ᠵᠠᠰᠠᠯᠲᠠ ᠬᠢᠬᠦ ᠬᠡᠷᠡᠭᠲᠡᠢ᠃  2011 ᠤᠨ ᠤ 5 ᠰᠠᠷ᠎ᠠ ᠶᠢᠨ 30᠎ ᠠᠴᠠ 6 ᠰᠠᠷ᠎ᠠ ᠶᠢᠨ 3 ᠪᠤᠯᠳᠠᠯ᠎ᠠ᠂ ᠬᠤᠰᠢᠭᠤ ᠰᠢᠮᠳᠠᠭᠤᠯᠤᠯᠲᠠ ᠪᠠᠶᠢᠴᠠᠭᠠᠯᠲᠠ ᠶᠢᠨ ᠲᠤᠭᠤᠶᠢᠯᠠᠩ ᠪᠤᠲᠠᠲᠠᠢ ᠭᠠᠵᠠᠷ ᠤᠷᠤᠨ ᠳᠤᠨᠢ ᠰᠢᠮᠳᠠᠭᠤᠯᠤᠨ ᠪᠠᠶᠢᠴᠠᠭᠠᠯᠲᠠ ᠦᠷᠨᠢᠭᠦᠯᠦᠨ᠎ᠡ᠃ ᠲᠤᠰ ᠤᠳᠠᠭᠠᠨ ᠤ ᠰᠢᠮᠳᠠᠭᠤᠯᠤᠯᠲᠠ ᠪᠠᠶᠢᠴᠠᠭᠠᠯᠲᠠ ᠳᠤ ᠬᠠᠷᠢᠭᠤ ᠮᠡᠳᠡᠭᠦᠯᠬᠦ᠂ ᠮᠠᠲ᠋ᠧᠷᠢᠶᠠᠯ ᠢ ᠪᠠᠶᠢᠴᠠᠭᠠᠨ ᠦᠵᠡᠬᠦ᠂ ᠪᠤᠲᠠᠲᠠᠢ ᠭᠠᠵᠠᠷ ᠲᠤ ᠪᠠᠶᠢᠴᠠᠭᠠᠯᠲᠠ ᠬᠢᠬᠦ ᠠᠷᠭ᠎ᠠ ᠮᠠᠶ᠋ᠢᠭ ᠢ ᠠᠪᠤᠨ᠎ᠠ᠃ ᠬᠠᠷᠢᠭᠤ ᠮᠡᠳᠡᠭᠦᠯᠦᠯᠲᠡ ᠶᠢᠨ ᠮᠠᠲ᠋ᠧᠷᠢᠶᠠᠯ ᠳᠤ ᠠᠵᠢᠯ ᠤᠨ ᠠᠷᠭ᠎ᠠ ᠬᠡᠮᠵᠢᠶ᠎ᠡ᠂ ᠤᠷᠤᠰᠢᠵᠤ ᠪᠠᠶᠢᠭ᠎ᠠ ᠠᠰᠠᠭᠤᠳᠠᠯ ᠵᠡᠷᠭᠡ ᠶᠢ ᠪᠠᠭᠲᠠᠭᠠᠨ᠎ᠠ᠃      ᠭᠤᠷᠪᠠ᠂ ᠰᠢᠮᠳᠠᠭᠤᠯᠤᠯᠲᠠ ᠪᠠᠶᠢᠴᠠᠭᠠᠯᠲᠠ ᠶᠢᠨ ᠱᠠᠭᠠᠷᠳᠠᠯᠭ᠎ᠠ      ︵ᠨᠢᠭᠡ︶ ᠡᠯ᠎ᠡ ᠪᠠᠯᠭᠠᠰᠤᠨ ᠤ ᠵᠠᠰᠠᠭ ᠤᠨ ᠤᠷᠳᠤᠨ 2011 ᠣᠨ ᠤ ᠢᠳᠡᠭᠡᠨ ᠤ ᠵᠦᠢᠯ ᠤᠨ ᠠᠶᠤᠯᠭᠦᠢ ᠠᠵᠢᠯ ᠎ ᠤᠨ ᠬᠤᠷᠠᠯᠳᠤᠭᠠᠨ ᠳᠤ ᠭᠠᠷ ᠤᠨ ᠦᠰᠦᠭ ᠵᠢᠷᠤᠭᠰᠠᠨ ︽ᠢᠳᠡᠭᠡᠨ ᠤ ᠵᠦᠢᠯ ᠤᠨ ᠠᠶᠤᠯᠭᠦᠢ ᠠᠵᠢᠯ ᠎ ᠤᠨ ᠬᠠᠷᠢᠭᠤᠴᠠᠯᠭ᠎ᠠ ᠶᠢᠨ ᠡᠬᠡ ᠪᠢᠴᠢᠭ︾ ᠪᠤᠲᠠᠲᠠᠢ ᠱᠠᠭᠠᠷᠳᠠᠯᠭ᠎ᠠ ᠶᠤᠰᠤᠭᠠᠷ᠂ ᠨᠠᠷᠢᠨ ᠬᠢᠨᠠᠮᠠᠭᠠᠢ ᠦᠪᠡᠷ ᠤᠨ ᠪᠠᠶᠢᠴᠠᠭᠠᠯᠲᠠ ᠦᠷᠨᠢᠭᠦᠯᠵᠦ᠂ ᠠᠵᠢᠯ ᠢᠶᠠᠨ ᠴᠡᠭᠴᠡᠯᠡᠨ ᠵᠠᠰᠠᠵᠤ ᠬᠠᠷᠢᠭᠤ ᠮᠡᠳᠡᠭᠦᠯᠦᠯᠲᠡ ᠶᠢᠨ ᠠᠭᠤᠯᠭ᠎ᠠ ᠨᠢ ᠪᠦᠬᠦ ᠲᠠᠯ᠎ᠠ᠂ ᠤᠨᠤᠪᠴᠢᠲᠠᠢ᠂ ᠦᠨᠡᠨ ᠮᠦᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃      ︵ᠬᠤᠶᠠᠷ︶ ᠡᠯ᠎ᠡ ᠪᠠᠯᠭᠠᠰᠤ ᠪᠤᠲᠠᠲᠠᠢ ᠭᠠᠵᠠᠷ ᠰᠢᠮᠳᠠᠭᠤᠯᠤᠨ ᠪᠠᠶᠢᠴᠠᠭᠠᠬᠤ ᠵᠠᠮ ᠱᠤᠭᠤᠮ ᠢᠶᠠᠨ ᠤᠷᠢᠳᠴᠢᠯᠠᠨ ᠰᠠᠶᠢᠳᠦᠷ ᠲᠤᠬᠢᠷᠠᠭᠤᠯᠵᠤ᠂ ᠪᠤᠲᠠᠲᠠᠢ ᠰᠢᠮᠳᠠᠭᠤᠯᠤᠨ ᠪᠠᠶᠢᠴᠠᠭᠠᠬᠤ ᠴᠠᠭ ᠢ ᠠᠰᠳᠠᠭᠠᠨ ᠮᠡᠳᠡᠭᠳᠡᠨ᠎ᠡ᠃      ᠬᠠᠷᠢᠯᠴᠠᠬᠤ ᠬᠦᠮᠦᠨ᠄ ᠰᠠᠷᠠᠨ᠎ᠠ      ᠬᠠᠷᠢᠯᠴᠠᠬᠤ ᠤᠳᠠᠰᠤ᠄ 8691115
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号