2011 ᠤᠨ ᠤ ᠰᠤᠷᠠᠭ ᠵᠠᠩᠬᠢ ᠮᠡᠳᠡᠬᠦᠯᠦᠨ ᠬᠦᠷᠬᠡᠬᠦ ᠠᠵᠢᠯ ᠢ ᠤᠯᠠᠮ ᠨᠢᠬᠡ ᠠᠯᠬᠤᠮ ᠰᠠᠶᠢᠲᠤᠷ ᠬᠢᠬᠦ ᠲᠤᠬᠠᠢ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠠᠯ
ᠨᠡᠶᠢᠲᠡᠯᠡᠭᠰᠡᠨ ᠴᠠᠭ᠄
2011-05-31
                      ᠡᠵᠡᠨ ᠵᠠᠰᠠᠭ ᠠᠯᠪᠠᠨ ᠲᠠᠷᠬᠠᠭᠠᠬᠤ ﹇2011﹈ 39 ᠳ᠋ᠦ᠋ᠬᠡᠷ ᠲᠤᠭᠠᠳᠤ ᠡᠯ᠎ᠠ ᠪᠠᠯᠭᠠᠰᠤᠨ ᠤ ᠵᠠᠰᠠᠭ ᠤᠨ ᠤᠷᠳᠤᠨ᠂ ᠬᠤᠰᠢᠭᠤ ᠠᠷᠠᠳ ᠤᠨ ᠵᠠᠰᠠᠭ ᠤᠨ ᠤᠷᠳᠤᠨ ᠤ ᠡᠯ᠎ᠠ ᠪᠠᠶᠢᠭᠤᠯᠭ᠎ᠠ᠂ ᠡᠯ᠎ᠡ ᠰᠢᠭᠤᠳ ᠬᠠᠷᠢᠶ᠎ᠠ ᠨᠢᠬᠡᠴᠢ᠂ ᠡᠯ᠎ᠡ ᠬᠤᠯᠪᠤᠭᠳᠠᠯ ᠪᠦᠬᠦᠢ ᠠᠵᠤ ᠠᠬᠤᠶᠢᠯᠠᠯ᠄      ᠰᠤᠷᠠᠭ ᠵᠠᠩᠬᠢ ᠶᠢᠨ ᠦᠢᠯᠡᠴᠢᠯᠡᠬᠡᠨ ᠤ ᠴᠢᠳᠠᠪᠦᠷᠢ ᠶᠢ ᠨᠠᠩ ᠰᠠᠶᠢᠳᠦᠷ ᠪᠠᠳᠠᠷᠠᠭᠤᠯᠤᠨ᠂ ᠤᠤᠯ ᠨᠢ ᠤᠷᠤᠰᠢᠵᠤ ᠪᠠᠶᠢᠭ᠎ᠠ ᠰᠤᠷᠠᠭ ᠵᠠᠩᠬᠢ ᠶᠢ ᠮᠡᠳᠡᠬᠦᠯᠦᠨ ᠬᠦᠷᠬᠡᠬᠦ ᠨᠢ ᠤᠳᠠᠭᠠᠨ᠂ ᠰᠤᠷᠠᠭ ᠵᠠᠩᠬᠢ ᠶᠢᠨ ᠲᠤᠭ᠎ᠠ ᠬᠡᠮᠵᠢᠶ᠎ᠡ᠂ ᠶᠠᠰᠤ ᠴᠢᠨᠠᠷ ᠪᠠ ᠬᠦᠨᠴᠠ ᠨᠢ ᠬᠦᠷᠬᠦ ᠦᠬᠡᠢ᠂ ᠰᠤᠷᠠᠭ ᠵᠠᠩᠬᠢ ᠶᠢᠨ ᠪᠠᠶᠢᠴᠠᠭᠠᠨ ᠰᠤᠳᠤᠯᠤᠯᠳᠠ ᠨᠢ ᠬᠦᠨᠵᠡᠬᠡᠢ ᠪᠢᠰᠢ ᠵᠡᠷᠬᠡ ᠠᠰᠠᠭᠤᠳᠠᠯ ᠢ ᠪᠦᠳᠦᠮᠵᠢᠳᠡᠢ ᠰᠢᠢᠳᠪᠦᠷᠢᠯᠡᠵᠦ᠂ ᠴᠠᠭ ᠲᠤᠬᠠᠢ ᠳᠤᠨᠢ᠂ ᠤᠨᠤᠪᠴᠢᠳᠠᠢ ᠪᠠᠷ ᠮᠠᠨ ᠤ ᠬᠤᠰᠢᠭᠤᠨ ᠤ ᠠᠵᠢᠯ ᠤᠨ ᠬᠦᠳᠡᠯᠦᠯ ᠪᠠ ᠦᠷ᠎ᠡ ᠪᠦᠳᠦᠮᠵᠢ ᠶᠢ ᠲᠤᠰᠬᠠᠵᠤ᠂ ᠬᠤᠰᠢᠭᠤ ᠨᠠᠮ ᠤᠨ ᠬᠤᠷᠢᠶ᠎ᠠ ᠂ ᠵᠠᠰᠠᠭ ᠤᠨ ᠤᠷᠳᠤᠨ ᠤ ᠤᠳᠤᠷᠢᠳᠤᠯᠭ᠎ᠠ ᠳᠤ ᠪᠦᠬᠦ ᠳᠠᠯ᠎ᠠ ᠶᠢᠨ ᠠᠵᠢᠯ ᠢ ᠪᠦᠬᠦ ᠳᠠᠯ᠎ᠠ ᠪᠠᠷ ᠣᠶᠢᠯᠠᠭᠠᠭᠤᠯᠵᠤ᠂ ᠵᠦᠪ ᠤᠨᠤᠪᠴᠢᠳᠠᠢ ᠡᠵᠡᠮᠰᠢᠨ ᠵᠢᠯᠤᠭᠤᠳᠬᠤ ᠳᠤ ᠦᠷᠳᠡᠭ ᠲᠠᠢ ᠰᠤᠷᠠᠭ ᠵᠠᠩᠬᠢ ᠬᠠᠩᠭᠠᠵᠤ᠂ ᠰᠤᠷᠠᠭ ᠵᠠᠩᠬᠢ ᠶᠢᠨ ᠪᠠᠶᠢᠴᠠᠭᠠᠨ ᠲᠤᠳᠤᠯᠬᠤ ᠠᠵᠢᠯ ᠢ ᠰᠢᠨ᠎ᠠ ᠬᠢᠷᠢ ᠲᠦᠪᠰᠢᠨ ᠳᠤ ᠲᠦᠯᠬᠢᠨ ᠠᠬᠢᠭᠤᠯᠬᠤ ᠶᠢᠨ ᠲᠤᠰᠠᠳᠠ᠂ ᠬᠤᠰᠢᠭᠤ ᠵᠠᠰᠠᠭ ᠤᠨ ᠤᠷᠳᠤᠨ ᠢᠶᠠᠷ ᠵᠦᠪᠰᠢᠶᠠᠷᠡᠬᠦᠯᠦᠬᠡᠳ᠂ ᠡᠳᠦᠬᠡ ᠮᠠᠨ ᠤ ᠬᠤᠰᠢᠭᠤᠨ ᠤ ᠰᠤᠷᠠᠭ ᠵᠠᠩᠬᠢ ᠶᠢ ᠮᠡᠳᠡᠬᠦᠯᠦᠨ ᠬᠦᠷᠬᠡᠬᠦ ᠠᠵᠢᠯ ᠢ ᠤᠯᠠᠮ ᠨᠢᠬᠡ ᠠᠯᠬᠤᠮ ᠰᠠᠶᠢᠳᠤᠷ ᠬᠢᠬᠦ ᠲᠤᠬᠠᠢ ᠬᠤᠯᠪᠤᠭᠳᠠᠯ ᠪᠦᠬᠦᠢ ᠵᠦᠢᠯ ᠢ ᠲᠤᠤᠷ᠎ᠠ ᠮᠡᠳᠦ ᠮᠡᠳᠡᠭᠳᠡᠶ᠎ᠡ᠄      ᠨᠢᠬᠡ᠂ ᠰᠤᠷᠠᠭ ᠵᠠᠩᠬᠢ ᠮᠡᠳᠡᠬᠦᠯᠦᠨ ᠬᠦᠷᠬᠡᠬᠦ ᠭᠤᠤᠯᠳᠠᠯᠭ᠎ᠠ      ︵ᠨᠢᠬᠡ︶ ᠡᠯ᠎ᠡ ᠪᠠᠯᠭᠠᠰᠤ ᠪᠠᠶᠢᠭᠤᠯᠭ᠎ᠠ ᠶᠢᠨ ᠦᠪᠡᠷᠳᠡᠬᠡᠨ ᠵᠠᠰᠠᠬᠤ ᠤᠷᠤᠨ᠂ ᠬᠤᠳᠠ᠂ ᠬᠤᠰᠢᠭᠤᠨ ᠤ ᠴᠢᠬᠤᠯᠠ ᠪᠤᠯᠬᠤ ᠬᠤᠷᠠᠯ ᠤᠨ ᠵᠤᠷᠢᠭ ᠰᠠᠨᠠᠭ᠎ᠠ᠂ ᠠᠵᠢᠯ ᠤᠨ ᠪᠠᠶᠢᠷᠢᠯᠠᠭᠤᠯᠤᠯᠳᠠ᠂ ᠪᠤᠳᠠᠳᠤ ᠠᠷᠭ᠎ᠠ ᠵᠢᠴᠢ ᠠᠬᠢᠴᠠ ᠶᠢᠨ ᠪᠠᠶᠢᠳᠠᠯ ᠢ ᠴᠠᠭ ᠲᠤᠬᠠᠢ ᠳᠤᠨᠢ ᠬᠠᠷᠢᠭᠤ ᠲᠤᠰᠬᠠᠵᠤ᠂ ᠡᠯ᠎ᠡ ᠱᠠᠳᠣᠨ ᠤ ᠤᠳᠤᠷᠢᠳᠤᠯᠭ᠎ᠠ ᠳᠤ ᠡᠯ᠎ᠡ ᠲᠦᠷᠦᠯ ᠤᠨ ᠠᠵᠢᠯ ᠤᠨ ᠠᠬᠢᠴᠠ ᠶᠢ ᠴᠠᠭ ᠲᠤᠬᠠᠢ ᠳᠤᠨᠢ ᠡᠵᠡᠮᠰᠢᠬᠦ ᠳᠤ ᠲᠦᠬᠦᠮ ᠦᠵᠡᠬᠦᠯᠦᠨ᠎ᠠ᠃      ︵ᠬᠤᠶᠠᠷ︶ ᠵᠠᠰᠠᠭ ᠤᠨ ᠤᠷᠳᠤᠨ ᠤ ᠠᠵᠢᠯ ᠤᠨ ᠢᠯᠡᠳᠬᠡᠯ ᠳᠤ ᠲᠤᠷᠠᠳᠤᠭᠰᠠᠨ ᠬᠤᠳᠠ ᠶᠢᠨ ᠪᠠᠶᠢᠭᠤᠯᠤᠯᠳᠠ᠂ ᠰᠢᠨ᠎ᠠ ᠬᠡᠯᠪᠡᠷᠢ ᠶᠢᠨ ᠠᠵᠤ ᠦᠢᠯᠡᠳᠪᠦᠷᠢ᠂ ᠭᠤᠷᠪᠠᠳᠤᠭᠠᠷ ᠠᠵᠤ ᠦᠢᠯᠡᠰ᠂ ᠤᠳᠤᠬᠢᠴᠢᠯᠠᠭᠰᠠᠨ ᠮᠠᠯ ᠲᠠᠷᠢᠶᠠᠯᠠᠩ᠂ ᠮᠦᠩᠬᠦᠨ ᠬᠦᠢᠯᠬᠡᠬᠡ ᠶᠢᠨ ᠬᠦᠷᠦᠩᠬᠡ ᠡᠷᠬᠢᠯᠳᠠ ᠵᠡᠷᠬᠡ ᠠᠵᠢᠯ ᠳᠤ ᠬᠤᠯᠪᠤᠭᠳᠠᠭᠰᠠᠨ ᠡᠯ᠎ᠡ ᠲᠤᠮᠤ ᠢᠨᠵᠧᠨᠧᠷᠢᠩ ᠤᠨ ᠲᠦᠷᠦᠯ ᠵᠦᠢᠯ ᠵᠢᠴᠢ ᠠᠰᠢᠭ ᠬᠦᠷᠳᠡᠬᠦ ᠪᠤᠳᠠᠳᠤ ᠤᠴᠢᠷ ᠤᠨ ᠲᠤᠭᠤᠷᠢᠨ ᠳᠤ᠂ ᠡᠯ᠎ᠡ ᠲᠦᠷᠦᠯ ᠤᠨ ᠠᠵᠢᠯ ᠤᠨ ᠲᠤᠮᠳᠠ ᠢᠯᠡᠷᠡᠭᠰᠡᠨ ᠰᠢᠨ᠎ᠠ ᠪᠠᠶᠢᠳᠠᠯ᠂ ᠰᠢᠨ᠎ᠠ ᠠᠰᠠᠭᠤᠳᠠᠯ ᠢ ᠨᠠᠶᠢᠳᠠᠪᠤᠷᠢᠵᠢᠭᠤᠯᠭᠰᠠᠨ ᠪᠠᠶᠢᠳᠠᠯ ᠢ ᠴᠠᠭ ᠲᠤᠬᠠᠢ ᠳᠤᠨᠢ ᠲᠤᠰᠬᠠᠬᠤ᠃ ᠬᠠᠯᠠᠮᠰᠢᠯ ᠲᠠᠢ ᠬᠦᠴᠢᠷ ᠲᠠᠢ ᠠᠵᠢᠯ ᠳᠤ ᠬᠤᠯᠪᠤᠭᠳᠠᠬᠤ ᠬᠦᠴᠢᠷᠳᠡᠯ ᠪᠠ ᠠᠰᠠᠭᠤᠳᠠᠯ ᠳᠤ ᠬᠦᠨᠵᠡᠬᠡᠢ ᠰᠤᠳᠤᠯᠤᠯᠳᠠ ᠬᠢᠵᠦ᠂ ᠨᠠᠷᠢᠨ ᠵᠠᠳᠠᠯᠤᠨ᠂ ᠦᠨᠳᠦᠰᠦᠨ ᠪᠠᠶᠢᠳᠠᠯ ᠲᠠᠢ᠂ ᠵᠠᠳᠠᠯᠤᠯᠳᠠ ᠲᠠᠢ᠂ ᠪᠤᠯᠤᠯᠴᠠᠭᠠᠳᠤ ᠴᠢᠨᠠᠷ ᠤᠨ ᠰᠠᠨᠠᠭᠤᠯᠭ᠎ᠠ ᠲᠠᠢ ᠰᠤᠷᠠᠭ ᠵᠠᠩᠬᠢ ᠶᠢ ᠮᠡᠳᠡᠬᠦᠯᠦᠨ ᠬᠡᠬᠡᠵᠦ᠂ ᠤᠳᠤᠷᠢᠳᠤᠯᠭ᠎ᠠ ᠨᠠᠷ ᠤᠨ ᠰᠢᠢᠳᠪᠦᠷᠢᠳᠦ ᠪᠤᠳᠤᠯᠭ᠎ᠠ ᠲᠤᠳᠠᠭᠠᠬᠤ ᠳᠤ ᠯᠡᠪᠯᠡᠯᠳᠠ ᠬᠠᠩᠭᠠᠬᠤ ᠬᠡᠷᠡᠭᠳᠡᠢ᠃      ︵ᠭᠤᠷᠪᠠ︶ ᠡᠯ᠎ᠡ ᠪᠠᠯᠭᠠᠰᠤ ᠪᠠᠶᠢᠭᠤᠯᠭ᠎ᠠ ᠠᠴᠠ ᠲᠤᠰ ᠪᠡᠶ᠎ᠡ ᠶᠢᠨ ᠡᠷᠬᠡ ᠲᠤᠰᠢᠶᠠᠯ ᠤᠨ ᠠᠵᠢᠯ ᠢᠶᠠᠨ ᠨᠠᠷᠢᠨ ᠳ᠋ᠦᠩᠨᠡᠵᠦ᠂ ᠤᠨᠴᠠᠯᠢᠭ ᠲᠠᠢ᠂ ᠪᠤᠯᠪᠠᠰᠤᠷᠠᠩᠭᠤᠢ ᠬᠢᠬᠦ ᠠᠷᠭ᠎ᠠ ᠲᠠᠢ ᠲᠤᠷᠰᠢᠯᠭ᠎ᠠ ᠶᠢᠨ ᠴᠢᠨᠠᠷᠳᠠᠢ ᠰᠤᠷᠠᠭ ᠵᠠᠩᠬᠢ ᠶᠢ ᠪᠦᠷᠢᠯᠳᠦᠬᠦᠯᠵᠦ᠂ ᠴᠠᠭ ᠲᠤᠬᠠᠢ ᠳᠤᠨᠢ ᠳᠡᠭᠡᠭᠰᠢ ᠮᠡᠳᠡᠬᠦᠯᠵᠦ᠂ ᠤᠳᠤᠷᠢᠳᠤᠯᠭ᠎ᠠ ᠶᠢ ᠡᠯ᠎ᠡ ᠪᠠᠯᠭᠠᠰᠤ ᠪᠠᠶᠢᠭᠤᠯᠭ᠎ᠠ ᠶᠢᠨ ᠠᠵᠢᠯ ᠤᠨ ᠪᠠᠶᠢᠳᠠᠯ ᠢ ᠪᠦᠬᠦ ᠳᠠᠯ᠎ᠠ ᠪᠠᠷ ᠤᠶᠢᠯᠠᠭᠠᠭᠤᠯᠬᠤ ᠬᠡᠷᠡᠭᠳᠡᠢ᠃      ︵ᠲᠦᠷᠪᠡ︶ ᠨᠡᠶᠢᠬᠡᠮ ᠤᠨ ᠪᠠᠶᠢᠳᠠᠯ ᠠᠷᠠᠳ ᠤᠨ ᠰᠠᠨᠠᠭ᠎ᠠ ᠪᠠ ᠶᠠᠷᠢᠯᠴᠠᠭ᠎ᠠ ᠬᠡᠯᠡᠯᠴᠡᠭᠡ ᠶᠢ ᠢᠳᠡᠪᠬᠢᠳᠠᠢ ᠲᠤᠰᠬᠠᠬᠤ᠃ ᠨᠡᠶᠢᠬᠡᠮ ᠤᠨ ᠶᠠᠷᠢᠯᠴᠠᠭ᠎ᠠ ᠬᠡᠯᠡᠯᠴᠡᠭᠡ ᠳᠤ ᠲᠤᠰᠬᠠᠭᠰᠠᠨ ᠡᠯ᠎ᠡ ᠪᠠᠯᠭᠠᠰᠤ ᠪᠠᠶᠢᠭᠤᠯᠭ᠎ᠠ ᠲᠠᠢ ᠬᠠᠮᠢᠶ᠎ᠠ ᠎ ᠲᠠᠢ ᠨᠡᠶᠢᠬᠡᠮ ᠤᠨ ᠠᠩᠬᠠᠷᠤᠯ ᠲᠠᠢ ᠠᠰᠠᠭᠤᠳᠠᠯ ᠵᠢᠴᠢ ᠨᠡᠶᠢᠬᠡᠮ ᠤᠨ ᠲᠤᠭᠳᠠᠭᠤᠨ ᠢ ᠨᠦᠯᠦᠬᠡᠯᠡᠬᠦ ᠪᠤᠯᠤᠯᠴᠠᠭ᠎ᠠ ᠲᠠᠢ ᠡᠯ᠎ᠡ ᠲᠦᠷᠦᠯ ᠤᠨ ᠢᠯᠡᠷᠡᠯ ᠤᠨ ᠴᠢᠨᠠᠷ ᠲᠠᠢ᠂ ᠬᠠᠨᠳᠤᠯᠭᠠᠳᠤ ᠴᠢᠨᠠᠷ ᠲᠠᠢ ᠠᠰᠠᠭᠤᠳᠠᠯ ᠢ ᠴᠠᠭ ᠲᠤᠬᠠᠢ ᠳᠤᠨᠢ ᠳᠡᠭᠡᠭᠰᠢ ᠮᠡᠳᠡᠬᠦᠯᠬᠦ ᠬᠡᠷᠡᠭᠳᠡᠢ᠃      ︵ᠳᠠᠪᠤ︶ ᠦᠪᠡᠷᠳᠡᠬᠡᠨ ᠵᠠᠰᠠᠬᠤ ᠤᠷᠤᠨ᠂ ᠬᠤᠳᠠ ᠶᠢᠨ ᠤᠳᠤᠷᠢᠳᠤᠯᠭ᠎ᠠ ᠨᠠᠷ ᠤᠨ ᠮᠡᠨ ᠤ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠭᠰᠠᠨ ᠪᠠ ᠴᠢᠬᠤᠯᠠ ᠠᠵᠢᠯᠯᠠᠭ᠎ᠠ ᠶᠢᠨ ᠰᠤᠷᠠᠭ ᠵᠠᠩᠬᠢ ᠶᠢ ᠴᠠᠭ ᠲᠤᠬᠠᠢ ᠳᠤᠨᠢ ᠮᠡᠳᠡᠬᠦᠯᠬᠦ᠃      ︵ᠵᠢᠷᠭᠤᠭ᠎ᠠ︶ ᠡᠯ᠎ᠡ ᠪᠠᠯᠭᠠᠰᠤ ᠪᠠᠶᠢᠭᠤᠯᠭ᠎ᠠ ᠶᠢᠨ ᠤᠳᠤᠷᠢᠳᠤᠯᠭ᠎ᠠ ᠶᠢᠨ ᠦᠬᠡ ᠶᠠᠷᠢᠶ᠎ᠠ᠂ ᠠᠵᠢᠯ ᠤᠨ ᠰᠢᠨ᠎ᠠ ᠰᠡᠳᠬᠢᠴᠡ ᠪᠠ ᠰᠢᠨ᠎ᠠ ᠠᠷᠭ᠎ᠠ ᠵᠢᠴᠢ ᠪᠦᠬᠦ ᠬᠤᠰᠢᠭᠤᠨ ᠤ ᠡᠯ᠎ᠡ ᠲᠦᠷᠦᠯ ᠤᠨ ᠠᠵᠢᠯ ᠳᠤ ᠰᠠᠨᠠᠭᠤᠯᠭ᠎ᠠ ᠲᠤᠷᠠᠳᠴᠤ ᠤᠬᠠᠭᠠᠨ ᠪᠤᠳᠤᠯᠭ᠎ᠠ ᠭᠠᠷᠭᠠᠵᠤ ᠦᠭᠬᠦ ᠵᠡᠷᠭᠡ᠃      ︵ᠲᠤᠯᠤᠭ᠎ᠠ︶ ᠴᠢᠨᠠᠷ ᠲᠤᠭ᠎ᠠ ᠶᠢ ᠪᠠᠳᠤᠯᠠᠨ᠂ ᠴᠠᠭ ᠲᠠᠭᠠᠨ ᠰᠤᠷᠠᠭ ᠵᠠᠩᠬᠢ ᠶᠢᠨ ᠪᠤᠯᠵᠤᠭᠰᠠᠨ ᠡᠬᠢ ᠪᠢᠴᠢᠭ ᠢᠶᠠᠨ ᠪᠦᠳᠦᠮᠵᠢᠳᠡᠢ ᠪᠡᠶᠡᠯᠡᠬᠦᠯᠬᠦ᠃      ᠬᠤᠶᠠᠷ᠂ ᠰᠤᠷᠠᠭ ᠵᠠᠩᠬᠢ ᠶᠢ ᠮᠡᠳᠡᠬᠦᠯᠦᠨ ᠬᠦᠷᠬᠡᠬᠦ ᠱᠠᠭᠠᠷᠳᠠᠯᠭ᠎ᠠ      ︵ᠨᠢᠬᠡ︶ ᠰᠤᠷᠠᠭ ᠵᠠᠩᠬᠢ ᠶᠢᠨ ᠠᠵᠢᠯ ᠤᠨ ᠲᠦᠷᠢᠮ ᠢ ᠪᠠᠶᠢᠭᠤᠯᠤᠨ ᠪᠦᠷᠢᠨᠰᠢᠬᠦᠯᠬᠦ᠃ ᠡᠯ᠎ᠡ ᠪᠠᠯᠭᠠᠰᠤ ᠪᠠᠶᠢᠭᠤᠯᠭ᠎ᠠ ᠠᠴᠠ ᠪᠦᠬᠦ ᠬᠤᠰᠢᠭᠤᠨ ᠤ ᠠᠵᠤ ᠠᠬᠤᠢ ᠶᠢᠨ ᠬᠦᠭᠵᠢᠯᠳᠠ ᠳᠤ ᠦᠢᠯᠡᠴᠢᠯᠡᠬᠦ ᠶᠡᠭᠡ ᠳᠠᠯ᠎ᠠ ᠠᠴᠠ ᠡᠬᠦᠰᠴᠦ᠂ ᠤᠳᠤᠷᠢᠳᠤᠯᠭ᠎ᠠ ᠲᠤᠭᠳᠠᠭᠠᠵᠤ᠂ ᠰᠤᠷᠠᠭ ᠵᠠᠩᠬᠢ ᠶᠢᠨ ᠠᠵᠢᠯ ᠢ ᠬᠤᠪᠢᠶᠠᠷᠢᠯᠠᠨ ᠬᠠᠷᠢᠭᠤᠴᠠᠭᠤᠯᠵᠤ᠂ ᠪᠠᠰᠠ ᠭᠤᠤᠯ ᠡᠷᠬᠢᠯᠡᠬᠦ ᠰᠠᠯᠠᠭ᠎ᠠ ᠳᠠᠰᠤᠭ ᠪᠠ ᠠᠵᠢᠯᠳᠠᠨ ᠢ ᠲᠤᠭᠳᠠᠭᠠᠵᠤ᠂ ᠲᠤᠰᠬᠠᠢ ᠬᠦᠮᠦᠨ ᠲᠤᠰᠬᠠᠢ ᠮᠡᠳᠡᠬᠦᠯᠬᠦ ᠲᠦᠷᠢᠮ ᠢ ᠬᠡᠷᠡᠭᠵᠢᠬᠦᠯᠬᠦ ᠬᠡᠷᠡᠭᠳᠡᠢ᠃ ᠡᠯ᠎ᠡ ᠪᠠᠯᠭᠠᠰᠤ ᠪᠠᠶᠢᠭᠤᠯᠭ᠎ᠠ ︽ᠡᠵᠡᠨ ᠬᠤᠷᠤᠭ᠎ᠠ ᠬᠤᠰᠢᠭᠤᠨ ᠤ ᠰᠤᠷᠠᠭ ᠵᠠᠩᠬᠢ ᠶᠢ ᠮᠡᠳᠡᠬᠦᠯᠦᠨ ᠬᠦᠷᠬᠡᠬᠦ ᠠᠵᠢᠯ ᠤᠨ ᠬᠠᠷᠢᠯᠴᠠᠬᠤ ᠬᠦᠰᠦᠨᠦᠭᠳᠦ︾᠎ ᠶᠢ ᠲᠦᠷᠬᠡᠨ ᠳᠠᠭᠯᠠᠬᠤ ᠶᠢᠨ ᠬᠠᠮᠳᠤ 5 ᠰᠠᠷ᠎ᠠ ᠶᠢᠨ 28᠎ ᠠᠴᠠ ᠡᠮᠦᠨ᠎ᠠ ᠹᠠᠺᠰ ᠪᠠ ᠡᠯᠧᠺᠲᠷᠤᠨ ᠰᠢᠤᠳᠠᠨ ᠤ ᠬᠡᠯᠪᠡᠷᠢ ᠢᠶᠠᠷ ᠬᠤᠰᠢᠭᠤ ᠵᠠᠰᠠᠭ ᠤᠨ ᠤᠷᠳᠤᠨ ᠤ ᠠᠯᠪᠠᠨ ᠬᠡᠷ ᠤᠨ ᠶᠡᠷᠦᠩᠬᠡᠢ ᠰᠤᠷᠠᠭ ᠵᠠᠩᠬᠢ ᠶᠢᠨ ᠪᠠᠶᠢᠴᠠᠭᠠᠨ ᠰᠤᠳᠤᠯᠬᠤ ᠳᠠᠰᠤᠭ ᠲᠤ ᠮᠡᠳᠡᠬᠦᠯᠦᠨ ᠬᠦᠷᠬᠡᠬᠦ ᠬᠡᠷᠡᠭᠳᠡᠢ᠃      ︵ᠬᠤᠶᠠᠷ︶ ᠰᠤᠷᠠᠭ ᠵᠠᠩᠬᠢ ᠶᠢᠨ ᠴᠢᠨᠠᠷ ᠢ ᠦᠨᠡᠨᠬᠦ ᠳᠡᠭᠡᠭᠰᠢᠯᠡᠬᠦᠯᠬᠦ᠃ ᠰᠤᠷᠠᠭ ᠵᠠᠩᠬᠢ ᠮᠡᠳᠡᠬᠦᠯᠦᠨ ᠬᠦᠷᠬᠡᠬᠦ ᠳᠤ ᠪᠤᠳᠠᠳᠠᠢ ᠠᠴᠠ ᠡᠬᠦᠰᠴᠦ᠂ ᠲᠤᠭ᠎ᠠ ᠴᠢᠨᠠᠷ ᠢ ᠵᠡᠷᠭᠡ ᠪᠠᠷ ᠴᠢᠬᠤᠯᠠᠴᠢᠯᠠᠵᠤ᠂ ᠰᠠᠶᠢᠨ ᠮᠠᠭᠤ ᠶᠢ ᠨᠡᠶᠢᠯᠡᠬᠦᠯᠦᠨ ᠮᠡᠳᠡᠬᠦᠯᠬᠦ᠂ ᠲᠤᠭ᠎ᠠ ᠨᠢ ᠤᠨᠤᠪᠴᠢᠳᠠᠢ᠂ ᠵᠠᠳᠠᠯᠤᠯᠳᠠ ᠨᠢ ᠲᠤᠶᠢᠯᠪᠦᠷᠢᠳᠠᠢ᠂ ᠦᠬᠡ ᠬᠡᠯᠡ ᠨᠢ ᠲᠤᠪᠴᠢ ᠠᠪᠰᠠᠷᠬᠠᠨ᠂ ᠦᠵᠡᠯᠳᠠ ᠨᠢ ᠵᠦᠪ ᠪᠠᠶᠢᠬᠤ ᠶᠢ ᠪᠠᠷᠢᠮᠳᠠᠯᠠᠬᠤ ᠬᠡᠷᠡᠭᠳᠡᠢ᠃ ᠪᠠᠰᠠ ᠪᠠᠶᠢᠴᠠᠭᠠᠨ ᠰᠤᠳᠤᠯᠬᠤ ᠠᠵᠢᠯ ᠤᠨ ᠡᠷᠴᠢᠮ ᠢ ᠨᠡᠮᠡᠵᠦ᠂ ᠪᠦᠬᠦ ᠬᠤᠰᠢᠭᠤᠨ ᠤ ᠭᠤᠤᠯ ᠠᠵᠢᠯ ᠪᠠ ᠤᠳᠤᠷᠢᠳᠤᠯᠭ᠎ᠠ ᠶᠢᠨ ᠰᠢᠢᠳᠪᠦᠷᠢᠲᠦ ᠪᠤᠳᠤᠯᠭ᠎ᠠ ᠶᠢᠨ ᠬᠡᠷᠡᠭᠴᠡᠭᠡ ᠶᠢᠨ ᠲᠤᠭᠤᠷᠢᠨ ᠳᠤ ᠲᠤᠰ ᠪᠠᠶᠢᠭᠤᠯᠭ᠎ᠠ ᠶᠢᠨ ᠢᠶᠠᠨ ᠲᠤᠰᠢᠶᠠᠯ ᠪᠠ ᠠᠵᠢᠯ ᠤᠨ ᠪᠤᠳᠠᠳᠤ ᠪᠠᠶᠢᠳᠠᠯ ᠲᠠᠢ ᠤᠶᠠᠯᠳᠤᠭᠤᠯᠤᠨ᠂ ᠪᠠᠶᠢᠴᠠᠭᠠᠨ ᠰᠤᠳᠤᠯᠬᠤ᠂ ᠴᠢᠭᠯᠡᠯ ᠲᠤᠭᠳᠠᠭᠠᠨ᠂ ᠠᠰᠠᠭᠤᠳᠠᠯ ᠲᠠᠢ᠂ ᠵᠠᠳᠠᠯᠤᠯᠳᠠ ᠎ ᠲᠠᠢ᠂ ᠬᠠᠷᠢᠭᠤᠴᠠᠬᠤ ᠰᠠᠨᠠᠭᠤᠯᠭ᠎ᠠ ᠲᠠᠢ ᠵᠦᠢᠯ ᠢ ᠪᠠᠶᠢᠴᠠᠭᠠᠨ ᠰᠤᠳᠤᠯᠬᠤ ᠰᠤᠷᠠᠭ ᠵᠠᠩᠬᠢ ᠶᠢ ᠠᠭᠤᠳᠠᠯᠯᠠᠬᠤ ᠪᠠ ᠮᠡᠳᠡᠬᠦᠯᠬᠦ ᠠᠵᠢᠯ ᠢ ᠴᠢᠩᠭᠠᠳᠬᠠᠬᠤ᠃      ︵ᠭᠤᠷᠪᠠ︶ ᠮᠡᠳᠡᠬᠦᠯᠦᠨ ᠬᠦᠷᠬᠡᠬᠦ ᠰᠤᠷᠠᠭ ᠵᠠᠩᠬᠢ ᠶᠢᠨ ᠬᠤᠭᠤᠴᠠᠭᠠᠳᠤ ᠦᠢᠯᠡᠳᠦᠯ ᠢ ᠴᠢᠩᠭᠠᠳᠬᠠᠬᠤ ᠬᠡᠷᠡᠭᠳᠡᠢ᠃ ᠡᠯ᠎ᠡ ᠪᠠᠯᠭᠠᠰᠣ ᠪᠠᠶᠢᠭᠤᠯᠭ᠎ᠠ ᠠᠴᠠ ᠮᠡᠳᠡᠬᠦᠯᠬᠦ ᠰᠤᠷᠠᠭ ᠵᠠᠩᠬᠢ ᠶᠢᠨ ᠨᠡᠶᠢᠳᠠᠯᠢᠭ ᠴᠢᠨᠠᠷ᠂ ᠤᠨᠤᠪᠴᠢᠳᠤ ᠴᠢᠨᠠᠷ᠂ ᠬᠤᠭᠤᠴᠠᠭᠠᠳᠤ ᠦᠢᠯᠡᠳᠦᠯ ᠢ ᠦᠨᠡᠨᠬᠦ ᠪᠠᠳᠤᠯᠠᠵᠤ᠂ ᠬᠦᠳᠡᠯᠠᠩᠬᠦᠢ ᠴᠢᠨᠠᠷ ᠲᠠᠢ ᠠᠵᠢᠯ ᠢ ᠳᠠᠷᠤᠢ ᠳᠤᠨᠢ ᠮᠡᠳᠡᠬᠦᠯᠵᠦ᠂ ᠰᠤᠷᠠᠭ ᠵᠠᠩᠬᠢ ᠶᠢᠨ ᠪᠠᠶᠢᠳᠠᠯ ᠴᠡᠭ ᠡᠬᠦᠰᠬᠦ ᠠᠴᠠ ᠵᠠᠶᠢᠯᠠᠬᠤ ᠬᠡᠷᠡᠭᠳᠡᠢ᠃ ᠡᠬᠦᠨ ᠤ ᠵᠡᠷᠬᠡ᠂ ᠴᠢᠬᠤᠯᠠ ᠪᠠᠴᠢᠮ ᠰᠤᠷᠠᠭ ᠵᠠᠩᠬᠢ ᠶᠢ ᠮᠡᠳᠡᠬᠦᠯᠬᠦ ᠠᠵᠢᠯ ᠢ ᠦᠨᠡᠨᠬᠦ ᠰᠠᠶᠢᠲᠤᠷ ᠬᠢᠵᠦ᠂ ᠬᠤᠵᠢᠮᠳᠠᠵᠤ ᠮᠡᠳᠡᠬᠦᠯᠬᠦ᠂ ᠤᠷᠬᠢᠭᠳᠠᠭᠤᠯᠤᠨ ᠮᠡᠳᠡᠬᠦᠯᠬᠦ᠂ ᠪᠤᠷᠤᠭᠤ ᠮᠡᠳᠡᠬᠦᠯᠬᠦ ᠪᠠ ᠱᠠᠳᠣ ᠳᠠᠪᠠᠨ ᠮᠡᠳᠡᠬᠦᠯᠬᠦ ᠦᠵᠡᠭᠳᠠᠯ ᠡᠬᠦᠰᠬᠦ ᠶᠢ ᠡᠷᠡᠰ ᠳᠡᠪᠴᠢᠬᠦ ᠬᠡᠷᠡᠭᠳᠡᠢ᠃ ᠲᠤᠰᠢᠶᠠᠯ ᠤᠨ ᠢᠶᠠᠨ ᠬᠡᠪᠴᠢᠶᠠᠨ ᠲᠤᠳᠤᠷ᠎ᠠ ᠪᠦᠬᠦ ᠬᠤᠰᠢᠭᠤ ᠴᠢᠨᠠᠭᠰᠢ ᠪᠦᠬᠦ ᠬᠤᠳᠠ ᠶᠢᠨ ᠭᠤᠤᠯ ᠠᠵᠢᠯ ᠪᠠ ᠴᠢᠬᠤᠯᠠ ᠲᠦᠷᠦᠯ ᠵᠦᠢᠯ ᠲᠠᠢ ᠬᠤᠯᠪᠤᠭᠳᠠᠬᠤ ᠵᠦᠢᠯ ᠢ ᠨᠢᠬᠡ ᠤᠴᠢᠷ ᠢ ᠨᠢᠬᠡ ᠮᠡᠳᠡᠬᠦᠯᠵᠦ᠂ ᠠᠵᠢᠯ ᠤᠨ ᠠᠬᠢᠴᠠ ᠶᠢᠨ ᠪᠠᠶᠢᠳᠠᠯ ᠵᠢᠴᠢ ᠤᠷᠤᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤᠨᠢ ᠲᠤᠰᠬᠠᠬᠤ ᠬᠡᠷᠡᠭᠳᠡᠢ᠃      ︵ᠲᠦᠷᠪᠡ︶ ᠰᠤᠷᠠᠭ ᠵᠠᠩᠬᠢ ᠶᠢᠨ ᠠᠵᠢᠯ ᠢ ᠨᠡᠶᠢᠳᠠᠯᠡᠬᠦ ᠪᠠ ᠰᠢᠯᠭᠠᠨ ᠬᠢᠨᠠᠬᠤ ᠲᠦᠷᠢᠮ ᠢ ᠬᠡᠷᠡᠭᠵᠢᠬᠦᠯᠬᠦ ᠬᠡᠷᠡᠭᠳᠡᠢ᠃ ᠡᠨᠡ ᠵᠢᠯ ᠠᠴᠠ ᠡᠬᠢᠯᠡᠨ᠂ ᠡᠯ᠎ᠡ ᠪᠠᠶᠢᠭᠤᠯᠭ᠎ᠠ ᠶᠢᠨ ᠰᠤᠷᠠᠭ ᠵᠠᠩᠬᠢ ᠮᠡᠳᠡᠬᠦᠯᠬᠦ ᠠᠵᠢᠯ ᠢ ᠵᠢᠯ ᠤᠨ ᠠᠵᠢᠯ ᠤᠨ ᠬᠠᠷᠠᠯᠳᠠᠳᠤ ᠰᠢᠯᠭᠠᠨ ᠬᠢᠨᠠᠬᠤ ᠲᠦᠷᠢᠮ ᠳᠤ ᠤᠷᠤᠭᠤᠯᠵᠤ᠂ ᠰᠤᠷᠠᠭ ᠵᠠᠩᠬᠢ ᠮᠡᠳᠡᠬᠦᠯᠦᠨ ᠬᠦᠷᠬᠡᠬᠦ ᠪᠠ ᠬᠡᠷᠡᠭᠯᠡᠭᠰᠡᠨ ᠪᠠᠶᠢᠳᠠᠯ ᠳᠤ ᠲᠤᠭᠳᠠᠭᠠᠯ ᠶᠤᠰᠤᠭᠠᠷ ᠶᠡᠷᠦᠩᠬᠡᠢ ᠰᠢᠯᠭᠠᠨ ᠲᠤᠭᠳᠠᠭᠠᠯᠳᠠ ᠬᠢᠵᠦ᠂ ᠰᠠᠷ᠎ᠠ ᠪᠦᠷᠢ ᠪᠦᠷᠢᠳᠬᠡᠨ᠂ ᠰᠢᠯᠭᠠᠨ ᠬᠢᠨᠠᠬᠤ ᠲᠦᠷᠢᠮ ᠬᠡᠷᠡᠭᠵᠢᠬᠦᠯᠵᠦ᠂ ᠳᠠᠷᠢᠬᠦᠨ ᠤ ᠬᠢ ᠶᠢ ᠬᠦᠬᠢᠬᠦᠯᠦᠨ᠂ ᠬᠤᠴᠤᠷᠡᠩᠭᠤᠢ ᠶᠢ ᠱᠠᠭᠠᠷᠳᠠᠨ᠎ᠠ᠃ 2011 ᠤᠨ ᠤ 6 ᠰᠠᠷ᠎ᠠ ᠶᠢᠨ 1᠎ ᠠᠴᠠ ᠡᠬᠢᠯᠡᠵᠦ᠂ ᠡᠯ᠎ᠡ ᠪᠠᠯᠭᠠᠰᠤ ᠪᠠᠶᠢᠭᠤᠯᠭ᠎ᠠ ᠶᠢᠨ ᠭᠠᠷᠠᠭ ᠪᠦᠷᠢ ᠶᠢᠨ ᠮᠡᠳᠡᠬᠦᠯᠬᠦ ᠰᠤᠷᠠᠭ ᠵᠠᠩᠬᠢ ᠨᠢ 2 ᠵᠤᠷᠪᠤᠰ ᠠᠴᠠ ᠪᠠᠭ᠎ᠠ ᠪᠠᠶᠢᠵᠤ ᠪᠤᠯᠬᠤ ᠦᠬᠡᠢ᠂ ᠪᠦᠬᠦ ᠵᠢᠯ ᠳᠤ ᠮᠡᠳᠡᠬᠦᠯᠦᠨ ᠬᠦᠷᠬᠡᠬᠦ ᠶᠠᠷᠦᠩᠬᠡᠢ ᠪᠠᠶᠢᠴᠠᠭᠠᠨ ᠰᠤᠳᠤᠯᠤᠯᠳᠠ ᠶᠢᠨ ᠰᠤᠷᠠᠭ ᠵᠠᠩᠬᠢ ᠨᠢ 2᠎ ᠠᠴᠠ ᠪᠠᠭ᠎ᠠ ᠪᠠᠶᠢᠵᠤ ᠪᠤᠯᠬᠤ ᠦᠬᠡᠢ ᠪᠠᠶᠢᠵᠤ᠂ ᠬᠤᠪᠢ ᠳᠡᠮᠳᠡᠭᠯᠡᠬᠦ ᠲᠦᠷᠢᠮ ᠬᠡᠷᠡᠭᠵᠢᠬᠦᠯᠦᠨ᠎ᠠ᠃ ︽ᠡᠵᠡᠨ ᠬᠤᠷᠤᠭ᠎ᠠ ᠵᠠᠰᠠᠭ ᠤᠨ ᠮᠡᠳᠡᠭᠡ︾ ᠡᠰᠡᠬᠦᠯ᠎ᠡ ᠪᠤᠰᠤᠳ ᠰᠡᠳᠬᠦᠯ ᠳᠤ ᠬᠡᠷᠡᠭᠯᠡᠭᠳᠡᠭᠰᠡᠨ ᠰᠤᠷᠠᠭ ᠵᠠᠩᠬᠢ ᠪᠦᠬᠦᠨ ᠳᠤ ᠲᠤᠪᠴᠢ ᠴᠢᠮᠡᠭᠡ ᠳᠤ ᠵᠤᠷᠪᠤᠰ ᠪᠦᠷᠢ 2 ᠬᠤᠪᠢ ᠪᠤᠳᠤᠵᠤ᠂ ᠭᠠᠭᠴᠠ ᠲᠦᠷᠦᠯ ᠤᠨ ᠰᠤᠷᠠᠭ ᠵᠠᠩᠬᠢ ᠳᠤ ᠵᠤᠷᠪᠤᠰ ᠪᠦᠷᠢ 5 ᠬᠤᠪᠢ ᠪᠤᠳᠤᠵᠤ᠂ ᠰᠤᠳᠤᠯᠤᠯᠳᠠ ᠶᠢᠨ ᠰᠤᠷᠠᠭ ᠵᠠᠩᠬᠢ ᠳᠤ ᠵᠤᠬᠢᠶᠡᠯ ᠪᠦᠷᠢ 10 ᠬᠤᠪᠢ ᠪᠤᠳᠤᠨ᠎ᠠ︔ ᠤᠯᠠᠮᠵᠢᠯᠡᠨ ᠮᠡᠳᠡᠬᠦᠯᠦᠬᠡᠳ ᠬᠤᠳᠠ ᠶᠢᠨ ᠵᠠᠰᠠᠭ ᠤᠨ ᠤᠷᠳᠤᠨ ᠳᠤ ᠬᠡᠷᠡᠭᠯᠡᠭᠳᠡᠪᠡᠯ ᠵᠤᠷᠪᠤᠰ ᠪᠦᠷᠢ ᠳᠤ ᠲᠦᠷᠦᠯ ᠵᠦᠢᠯ ᠤᠨ ᠬᠢᠨᠢ ᠬᠤᠪᠢ ᠶᠢ ᠳᠠᠬᠢᠨ ᠢᠶᠠᠷ ᠪᠤᠳᠤᠨ᠎ᠠ︔ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠳᠤ ᠬᠡᠷᠡᠭᠯᠡᠭᠳᠡᠪᠡᠯ 2 ᠳᠠᠬᠢᠨ ᠬᠤᠪᠢ ᠪᠤᠳᠤᠨ᠎ᠠ︔ ᠬᠤᠰᠢᠭᠤ ᠤᠳᠤᠷᠢᠳᠤᠯᠭ᠎ᠠ ᠴᠤᠬᠤᠯᠠᠪᠤᠷᠢᠯᠠᠪᠠᠯ 10 ᠬᠤᠪᠢ ᠨᠡᠮᠡᠨ ᠪᠤᠳᠤᠵᠤ᠂ ᠬᠤᠳᠠ ᠶᠢᠨ ᠤᠳᠤᠷᠢᠳᠤᠯᠭ᠎ᠠ ᠴᠤᠬᠤᠯᠠᠪᠤᠷᠢᠯᠠᠪᠠᠯ 20 ᠬᠤᠪᠢ ᠨᠡᠮᠡᠵᠦ ᠪᠤᠳᠤᠨ᠎ᠠ︔ ᠨᠢᠬᠡ ᠰᠤᠷᠠᠭ ᠵᠠᠩᠬᠢ ᠬᠡᠷᠪᠡ ᠬᠤᠳᠠ᠂ ᠦᠪᠡᠷᠳᠡᠬᠡᠨ ᠵᠠᠰᠠᠬᠤ ᠤᠷᠤᠨ ᠳᠤ ᠵᠡᠷᠭᠡᠪᠡᠷ ᠬᠡᠷᠡᠭᠯᠡᠭᠳᠡᠬᠦ ᠡᠰᠡᠪᠠᠯ ᠬᠤᠳᠠ ᠬᠤᠰᠢᠭᠤ ᠶᠢᠨ ᠤᠳᠤᠷᠢᠳᠤᠯᠭ᠎ᠠ ᠠᠴᠠ ᠳᠡᠬᠦᠨ ᠢ ᠵᠡᠷᠭᠡᠪᠡᠷ ᠴᠤᠬᠤᠯᠠᠪᠤᠷᠢᠯᠠᠪᠠᠯ ᠬᠠᠮᠤᠭ ᠦᠨᠳᠦᠷ ᠬᠤᠪᠢ ᠪᠤᠳᠤᠨ᠎ᠠ᠃ ᠵᠢᠯ ᠤᠨ ᠡᠴᠤᠰ ᠲᠤ ᠪᠦᠬᠦ ᠬᠤᠰᠢᠭᠤᠨ ᠤ ᠰᠤᠷᠠᠭ ᠵᠠᠩᠬᠢ ᠶᠢᠨ ᠠᠵᠢᠯ ᠢ ᠦᠨᠡᠯᠡᠨ ᠠᠳᠠᠯᠢᠳᠬᠠᠵᠤ᠂ ᠡᠯ᠎ᠡ ᠪᠠᠯᠭᠠᠰᠤᠨ ᠤ ᠲᠦᠷᠦᠬᠦᠦ ᠭᠤᠷᠪᠠ᠂ ᠪᠠᠶᠢᠭᠤᠯᠭ᠎ᠠ ᠶᠢᠨ ᠲᠦᠷᠦᠬᠦᠦ ᠠᠷᠪᠠ ᠶᠢᠨ ᠨᠢᠬᠡᠴᠢ ᠪᠠ ᠬᠤᠪᠢ ᠬᠦᠮᠦᠨ ᠢ ᠬᠦᠬᠢᠬᠦᠯᠦᠨ᠎ᠠ︔ ᠡᠬᠦᠷᠭᠡ ᠪᠠᠨ ᠪᠡᠶᠡᠯᠡᠬᠦᠯᠦᠭᠰᠡᠨ ᠦᠬᠡᠢ ᠨᠢᠬᠡᠴᠢ ᠪᠠ ᠬᠤᠪᠢ ᠬᠦᠮᠦᠨ ᠢ ᠵᠠᠷᠯᠡᠨ ᠰᠢᠬᠦᠮᠵᠢᠯᠡᠨ᠎ᠡ᠃      ︵ᠳᠠᠪᠤ︶ ᠰᠤᠷᠠᠭ ᠵᠠᠩᠬᠢ ᠮᠡᠳᠡᠬᠦᠯᠦᠨ ᠬᠦᠷᠬᠡᠬᠦ ᠠᠷᠭ᠎ᠠ ᠮᠠᠶ᠋ᠢᠭ ᠡᠯ᠎ᠡ ᠪᠠᠯᠭᠠᠰᠤ ᠪᠠᠶᠢᠭᠤᠯᠭ᠎ᠠ ᠠᠴᠠ ᠪᠢᠴᠢᠭ ᠤᠨ ᠬᠡᠯᠪᠡᠷᠢ᠂ ᠡᠯᠧᠺᠲᠷᠤᠨ ᠬᠡᠯᠪᠡᠷᠢ᠂ ᠤᠳᠠᠰᠤ ᠵᠡᠷᠭᠡ ᠠᠷᠭ᠎ᠠ ᠮᠠᠶ᠋ᠢᠭ ᠠᠪᠴᠤ ᠬᠤᠰᠢᠭᠤ ᠵᠠᠰᠠᠭ ᠤᠨ ᠤᠷᠳᠤᠨ ᠤ ᠠᠯᠪᠠᠨ ᠬᠡᠷ ᠤᠨ ᠶᠠᠷᠦᠩᠬᠡᠢ ᠰᠤᠷᠠᠭ ᠵᠠᠩᠬᠢ ᠶᠢ ᠪᠠᠶᠢᠴᠠᠭᠠᠨ ᠰᠤᠳᠤᠯᠬᠤ ᠰᠠᠯᠠᠭᠠᠨ ᠳᠤ ᠰᠤᠷᠠᠭ ᠵᠠᠩᠬᠢ ᠪᠠᠨ ᠮᠡᠳᠡᠬᠦᠯᠦᠨ ᠬᠦᠷᠭᠡᠵᠦ ᠪᠤᠯᠤᠨ᠎ᠠ᠃ ᠤᠳᠠᠰᠤ᠄ 8691183 ︵ᠹᠠᠺᠰ︶᠂ ᠡᠯᠧᠺᠲᠷᠤᠨ ᠬᠠᠶ᠋ᠢᠭ᠄ yqzfxx@126.com᠂ ᠬᠠᠷᠢᠯᠴᠠᠬᠤ ᠬᠦᠮᠦᠨ᠄ ᠸᠠᠩ ᠿᠦᠩ᠂ ᠭᠠᠷ ᠤᠳᠠᠰᠤ᠄ 15149409216᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号