ᠢᠳᠡᠭᠡᠨ ᠤ ᠵᠦᠢᠯ ᠤᠨ ᠠᠶᠤᠯᠬᠦᠢ ᠶᠢᠨ ᠠᠯᠪᠠᠡ ᠵᠢᠷᠤᠮ ᠤᠨ ᠬᠢᠨᠠᠭᠴᠢ ᠶᠢ ᠡᠯᠰᠡᠬᠦ ᠲᠤᠬᠠᠢ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2011-06-17
              ᠡᠵᠡᠨ ᠵᠡᠰᠠᠭ ᠠᠯᠪᠠᠨ ᠲᠠᠷᠬᠠᠭᠠᠬᠤ ﹇2011﹈ 75 ᠳ᠋ᠤᠭᠠᠷ ᠲᠤᠭᠠᠲᠤᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠄      ᠠᠷᠠᠳ ᠤᠯᠠᠨ ᠤ ᠪᠡᠶ᠎ᠡ ᠶᠢᠨ ᠡᠷᠡᠭᠦᠯ ᠮᠡᠨᠳᠦ ᠪᠠ ᠠᠮᠢ ᠨᠠᠰᠤᠨ ᠤ ᠠᠶᠤᠯᠬᠦᠢ ᠶᠢ ᠤᠯᠠᠮ ᠨᠢᠬᠡ ᠠᠯᠬᠤᠮ ᠪᠠᠲᠤᠯᠠᠵᠤ᠂ ᠢᠳᠡᠬᠡᠨ ᠤ ᠵᠦᠢᠯ ᠤᠨ ᠠᠶᠤᠯᠭᠦᠢ ᠶᠢ ᠭᠡᠮ ᠰᠤᠭᠤᠭ ᠢ ᠦᠭᠡᠶᠢᠰᠬᠡᠵᠦ᠂ ᠨᠡᠶᠢᠬᠡᠮ ᠤᠨ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠤᠯᠠᠲᠠ ᠡᠳᠦᠭᠡ ᠪᠦᠬᠦ ᠬᠤᠰᠢᠭᠤᠨ ᠤ ᠬᠡᠪᠴᠢᠶᠡᠨ ᠳᠤ ᠨᠢᠭᠡ ᠪᠦᠯᠦᠭ ᠨᠡᠶᠢᠲᠡ ᠶᠢᠨ ᠠᠰᠠᠷᠠᠮᠵᠢ ᠶᠢᠨ ᠠᠵᠢᠯ ᠦᠢᠯᠡᠰ ᠲᠤ ᠬᠠᠯᠠᠭᠤᠮᠰᠤᠭ᠂ ᠠᠷᠠᠳ ᠤᠨ ᠲᠦᠯᠦᠭᠡ ᠠᠵᠢᠯᠯᠠᠭᠴᠢ ᠠᠬᠠᠮᠠᠳ ᠨᠦᠬᠦᠳ ᠢ ᠤᠷᠢᠨ ᠬᠡᠷᠡᠭᠯᠡᠵᠦ᠂ ᠢᠳᠡᠭᠡᠨ ᠤ ᠵᠦᠢᠯ ᠤᠨ ᠠᠶᠤᠯᠭᠦᠢ ᠶᠢᠨ ᠠᠯᠪᠠᠨ ᠵᠢᠷᠦᠮ ᠤᠨ ᠬᠢᠨᠠᠭᠴᠢ ᠶᠢᠨ ᠠᠵᠢᠯ ᠢ ᠬᠠᠷᠢᠭᠤᠴᠠᠭᠤᠯᠤᠨ᠎ᠠ᠃ ᠪᠤᠲᠠᠲᠠᠢ ᠠᠭᠤᠯᠭ᠎ᠠ ᠨᠢ ᠲᠤᠤᠷ᠎ᠠ ᠮᠡᠲᠦ᠄      ᠨᠢᠭᠡ᠄ ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ᠄ ᠬᠤᠯᠪᠤᠭᠳᠠᠯ ᠪᠦᠬᠦᠢ ᠪᠠᠶᠢᠭᠤᠯᠭ᠎ᠠ ᠶᠢᠨ ᠬᠠᠤᠯᠢ ᠬᠡᠷᠡᠭᠵᠢᠬᠦᠯᠬᠦ ᠬᠦᠮᠦᠨ ᠢ ᠬᠠᠪᠰᠣᠷᠴᠦ ᠢᠳᠡᠭᠡᠨ ᠤ ᠵᠦᠢᠯ ᠤᠨ ᠠᠶᠤᠯᠭᠦᠢ ᠶᠢᠨ ᠮᠡᠳᠡᠯᠭᠡ ᠶᠢ ᠤᠬᠠᠭᠤᠯᠤᠨ᠂ ᠢᠳᠡᠭᠡᠨ ᠤ ᠵᠦᠢᠯ ᠢ ᠡᠵᠡᠩᠨᠡᠵᠦ ᠪᠤᠯᠪᠠᠰᠤᠷᠠᠭᠤᠯᠬᠤ ᠵᠠᠬ᠎ᠠ ᠲᠡᠯᠭᠡᠭᠦᠷ ᠲᠤ ᠬᠢᠨᠠᠯᠲᠠ ᠪᠠᠶᠢᠴᠠᠭᠠᠯᠲᠠ ᠦᠷᠨᠢᠭᠦᠯᠵᠦ᠂ ᠵᠠᠬ᠎ᠠ ᠲᠡᠯᠭᠡᠭᠦᠷ ᠤᠨ ᠬᠡᠪ ᠤᠨ ᠡᠮᠬᠢ ᠲᠢᠭᠯᠢᠮ ᠢ ᠬᠠᠮᠠᠭᠠᠯᠠᠨ᠃ ᠢᠳᠡᠭᠡᠨ ᠤ ᠵᠦᠢᠯ ᠤᠨ ᠠᠶᠤᠯᠭᠦᠢ ᠶᠢᠨ ᠬᠠᠤᠯᠢ ᠶᠢ ᠵᠦᠷᠢᠴᠡᠭᠰᠡᠨ ᠡᠵᠡᠩᠨᠡᠯᠲᠡ ᠶᠢᠨ ᠦᠢᠯᠡ ᠠᠵᠢᠯᠯᠠᠭ᠎ᠠ ᠳᠤ ᠬᠤᠷᠢᠭᠯᠠᠯᠲᠠ ᠬᠢᠬᠦ ᠶᠢᠨ ᠬᠠᠮᠲᠤ ᠬᠤᠯᠪᠤᠭᠳᠠᠯ ᠪᠦᠬᠦᠢ ᠪᠠᠶᠢᠭᠤᠯᠭ᠎ᠠ ᠳᠤ ᠴᠠᠭ ᠲᠤᠬᠠᠢ ᠲᠤᠨᠢ ᠲᠠᠰᠬᠠᠨ᠎ᠠ᠃      ᠬᠤᠶᠠᠷ᠂ ᠠᠵᠢᠯ ᠤᠨ ᠪᠠᠶᠢᠷᠢ ᠶᠢᠨ ᠱᠠᠭᠠᠷᠳᠠᠯᠭ᠎ᠠ᠄  ᠬᠠᠷᠢᠭᠤᠴᠠᠯᠭᠠᠳᠤ ᠰᠡᠳᠬᠢᠯᠭᠡ ᠪᠠᠷ ᠴᠢᠩᠭ᠎ᠠ᠂ ᠲᠦᠪ ᠭᠤᠤᠯᠴᠢ᠂ ᠵᠠᠩ ᠰᠤᠷᠳᠠᠯ ᠨᠢ ᠲᠦᠪᠯᠡᠭᠦᠨ᠂ ᠰᠠᠬᠢᠯᠭ᠎ᠠ ᠶᠢ ᠵᠢᠷᠤᠮᠯᠠᠨ ᠬᠠᠤᠯᠢ ᠶᠢ ᠰᠠᠬᠢᠬᠤ᠂ ᠠᠵᠢᠯ ᠤᠨ ᠪᠠᠶᠢᠷᠢ ᠎ ᠳᠠᠭᠠᠨ ᠬᠠᠶᠢᠷᠠᠳᠠᠢ᠂ ᠪᠡᠶ᠎ᠡ ᠮᠠᠬᠠᠪᠤᠳ ᠡᠷᠡᠭᠦᠯ ᠴᠢᠬᠢᠷᠠᠭ᠂ ᠢᠳᠡᠭᠡᠨ ᠤ ᠵᠦᠢᠯ ᠤᠨ ᠠᠶᠤᠯᠭᠦᠢ ᠶᠢᠨ ᠬᠠᠮᠢᠶ᠎ᠠ ᠲᠠᠢ ᠠᠵᠢᠯ ᠤᠨ ᠲᠤᠬᠠᠢ ᠪᠤᠲᠠᠲᠠᠢ ᠲᠤᠷᠰᠢᠯᠭ᠎ᠠ ᠲᠠᠢ ᠬᠦᠮᠦᠨ ᠢ ᠡᠩ ᠲᠡᠷᠢᠭᠦᠨ ᠳᠤ ᠰᠤᠩᠭᠤᠨ ᠬᠡᠷᠡᠭᠯᠡᠨ᠎ᠡ᠃      ᠭᠤᠷᠪᠠ᠂ ᠬᠦᠮᠦᠨ ᠤ ᠲᠤᠭᠠᠨ ᠤ ᠱᠠᠭᠠᠷᠳᠠᠯᠭ᠎ᠠ᠄ ᠨᠡᠶᠢᠲᠡ 100 ᠬᠦᠮᠦᠨ ᠤᠷᠢᠨ ᠬᠡᠷᠭᠯᠡᠬᠦ ᠪᠠᠷ ᠲᠦᠯᠦᠪᠯᠡᠵᠦ᠂ ᠡᠭᠦᠨ ᠳᠤ ᠠᠯᠳᠠᠨᠰᠢᠷᠡᠭᠡ ᠪᠠᠯᠭᠠᠰᠤ 30 ᠬᠦᠮᠦᠨ᠂ ᠤᠯᠠᠭᠠᠨᠮᠦᠷᠡᠨ ᠪᠠᠯᠭᠠᠰᠤ 20 ᠬᠦᠮᠦᠨ᠂ ᠨᠠᠷᠢᠨ ᠲᠤᠬᠤᠢ ᠪᠠᠯᠭᠠᠰᠤ 15 ᠬᠦᠮᠦᠨ᠂ ᠵᠠᠰᠠᠭ ᠪᠠᠯᠭᠠᠰᠤ 15 ᠬᠦᠮᠦᠨ᠂ ᠡᠵᠡᠨ ᠬᠤᠷᠤᠭ᠎ᠠ ᠪᠠᠯᠭᠠᠰᠤ 10 ᠬᠦᠮᠦᠨ᠂ ᠰᠤᠪᠤᠷᠭ᠎ᠠ ᠪᠠᠯᠭᠠᠰᠤ ᠬᠤᠨᠢᠴᠢᠨᠭᠤᠤᠯ ᠪᠠᠯᠭᠠᠰᠤ ᠲᠤᠰᠪᠤᠷᠢ 5 ᠬᠦᠮᠦᠨ᠃      ᠲᠦᠷᠪᠡ᠂ ᠨᠡᠷ᠎ᠡ ᠮᠡᠳᠡᠭᠦᠯᠬᠦ ᠴᠠᠭ᠂ ᠠᠷᠭ᠎ᠠ ᠮᠠᠶ᠋ᠢᠭ      ︵ᠨᠢᠭᠡ︶ ᠴᠠᠭ ᠬᠤᠭᠤᠴᠠᠭ᠎ᠠ᠄ 2011 ᠤᠨ ᠤ 6 ᠰᠠᠷ᠎ᠠ ᠶᠢᠨ 17᠎ ᠠᠴᠠ 6 ᠰᠠᠷ᠎ᠠ ᠶᠢᠨ 23᠎ ᠤ ᠡᠳᠦᠷ ᠪᠤᠯᠳᠠᠯ᠎ᠠ      ︵ᠬᠤᠶᠠᠷ︶ ᠠᠷᠭ᠎ᠠ ᠮᠠᠶ᠋ᠢᠭ᠄ ᠡᠯ᠎ᠡ ᠪᠠᠯᠭᠠᠰᠦᠨ ᠤ ᠵᠠᠰᠠᠭ ᠤᠨ ᠤᠷᠳᠤᠨ ᠠᠴᠠ ᠤᠷᠤᠨ ᠲᠤᠭ᠎ᠠ ᠶᠢᠨ ᠱᠠᠭᠠᠷᠳᠠᠯᠭ᠎ᠠ ᠶᠤᠰᠤᠭᠠᠷ ᠨᠡᠷ᠎ᠡ ᠮᠡᠳᠡᠭᠦᠯᠬᠦ ᠶᠢ ᠬᠠᠷᠢᠭᠤᠴᠠᠨ ᠵᠦ᠋ᠬᠢᠶᠠᠨ ᠪᠠᠶᠢᠭᠤᠯᠵᠤ ᠨᠡᠶᠢᠳᠠᠪᠤᠷᠢᠵᠢᠭᠤᠯᠤᠨ᠂ ᠤᠬᠠᠭᠤᠯᠤᠨ ᠲᠠᠶᠢᠴᠢᠯᠠᠬᠤ ᠠᠵᠢᠯ ᠢ ᠰᠠᠶᠢᠳᠤᠷ ᠬᠢᠵᠦ᠂ ᠢᠳᠡᠭᠡᠨ ᠤ ᠵᠦᠢᠯ ᠤᠨ ᠠᠶᠤᠯᠭᠦᠢ ᠶᠢᠨ ᠠᠵᠢᠯ ᠳᠤ ᠬᠠᠯᠠᠭᠤᠨ ᠰᠡᠳᠬᠢᠯ ᠢᠶᠠᠷ ᠬᠠᠮᠵᠢᠯᠴᠠᠨ᠂ ᠬᠠᠷᠠᠮ ᠦᠭᠡᠢ ᠡᠷᠭᠦᠬᠦ ᠲᠡᠳᠡᠭᠡᠷ ᠠᠬᠠᠮᠠᠳ ᠨᠦᠬᠦᠳ ᠢ ᠦᠨᠡᠨᠬᠦ ᠲᠡᠳᠡᠨ ᠤᠷᠤᠭᠤᠯᠵᠤ ᠲᠡᠳᠡᠨ ᠢ ᠨᠠᠰᠤᠲᠠᠢ ᠪᠤᠯᠪᠠᠴᠤ ᠬᠢᠬᠦ ᠠᠵᠢᠯ ᠲᠠᠢ ᠪᠤᠯᠭᠠᠵᠤ ᠦᠳᠦᠯᠦᠭᠡ ᠨᠠᠰᠤᠨ ᠤ ᠦᠢᠯᠡᠳᠦᠯ ᠢ ᠨᠢ ᠪᠠᠳᠠᠷᠠᠭᠤᠯᠬᠤ ᠬᠡᠷᠡᠭᠲᠡᠢ᠃ ᠡᠯ᠎ᠡ ᠪᠠᠯᠭᠠᠰᠤᠨ ᠠᠴᠠ ᠤᠷᠤᠨ ᠲᠤᠭᠠᠨ ᠤ ᠱᠠᠭᠠᠷᠳᠠᠯᠭ᠎ᠠ ᠢᠶᠠᠷ ᠨᠡᠷ᠎ᠡ ᠮᠡᠳᠡᠭᠦᠯᠬᠦ ᠡᠭᠦᠷᠭᠡ ᠶᠢ ᠪᠡᠶᠡᠯᠡᠬᠦᠯᠬᠦ ᠶᠢ ᠦᠨᠡᠨᠬᠦ ᠪᠠᠲᠤᠯᠠᠬᠤ ᠶᠢᠨ ᠬᠠᠮᠲᠤ 2011 ᠤᠨ ᠤ 6 ᠰᠠᠷ᠎ᠠ ᠶᠢᠨ 23᠎ ᠠᠴᠠ ᠡᠮᠦᠨ᠎ᠡ᠂ ᠨᠡᠷ᠎ᠡ ᠮᠡᠳᠡᠭᠦᠯᠦᠭᠰᠡᠨ ᠪᠠᠶᠢᠳᠠᠯ ᠳᠤ ᠬᠤᠷᠢᠶᠠᠩᠭᠤᠶᠢᠯᠠᠨ ᠳ᠋ᠦᠩᠨᠡᠯᠲᠡ ᠬᠢᠭᠰᠡᠨ ᠤ ᠲᠠᠷᠠᠭ᠎ᠠ᠂ ᠨᠡᠷ᠎ᠡ ᠮᠡᠳᠡᠭᠦᠯᠦᠭᠰᠡᠨ ᠬᠦᠰᠦᠨᠦᠭᠲᠦ ᠲᠠᠢ ᠬᠠᠮᠲᠤ ᠡᠵᠡᠨ ᠬᠤᠷᠤᠭ᠎ᠠ ᠬᠤᠰᠢᠭᠤᠨ ᠤ ᠢᠳᠡᠭᠡᠨ ᠤ ᠵᠦᠢᠯ ᠤᠨ ᠠᠶᠤᠯᠭᠦᠢ ᠶᠢᠨ ᠬᠠᠮᠢᠶᠠᠷᠤᠯᠲᠠ ᠶᠢᠨ ᠵᠦᠪᠯᠡᠯ ᠤᠨ ᠠᠯᠪᠠᠨ ᠭᠡᠷ ᠲᠤ ᠮᠡᠳᠡᠭᠦᠯᠦᠨ ᠬᠦᠷᠭᠡᠬᠦ ᠬᠡᠷᠡᠭᠲᠡᠢ᠃ ᠬᠠᠷᠢᠯᠴᠠᠬᠤ ᠬᠦᠮᠦᠨ᠄ ᠪᠤᠤ ᠪᠠᠶᠠᠯᠢᠭ᠂ 15049584422                              2011 ᠤᠨ ᠤ 6 ᠰᠠᠷ᠎ᠠ ᠶᠢᠨ 17᠎ ᠤ ᠡᠳᠦᠷ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号