ᠡᠵᠡᠨ ᠬᠤᠷᠤᠭ᠎ᠠ ᠬᠤᠰᠢᠭᠤᠨ ᠤ ᠪᠠᠶᠢᠭᠠᠯᠢ ᠶᠢᠨ ᠰᠢᠲᠠᠮᠠᠬᠠᠢ ᠬᠡᠢ ᠶᠢ ᠶᠡᠷᠦᠩᠬᠡᠶᠢᠯᠡᠨ ᠠᠰᠢᠭᠯᠠᠬᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠵᠤᠬᠢᠴᠠᠭᠤᠯᠬᠤ ᠤᠳᠤᠷᠢᠳᠬᠤ ᠲᠤᠭᠤᠶᠢᠯᠠᠩ ᠎ ᠢ ᠪᠠᠶᠢᠭᠤᠯᠬᠤ ᠲᠤᠬᠠᠢ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2011-07-30
                         ᠡᠵᠡᠨ ᠵᠠᠰᠠᠭ ᠠᠯᠪᠠᠨ ᠲᠠᠷᠬᠠᠭᠠᠬᠤ ﹇2011﹈102 ᠳ᠋ᠤᠭᠠᠷ ᠲᠤᠭᠠᠲᠤᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠬᠤᠰᠢᠭᠤ ᠵᠠᠰᠠᠭ ᠤᠨ ᠤᠷᠳᠤᠨ ᠤ ᠡᠯ᠎ᠡ ᠪᠠᠶᠢᠭᠤᠯᠭ᠎ᠠ᠂ ᠡᠯ᠎ᠡ ᠰᠢᠭᠤᠳ ᠬᠠᠷᠢᠶ᠎ᠠ ᠨᠢᠭᠡᠴᠡ᠂ ᠡᠯ᠎ᠡ ᠬᠤᠯᠪᠤᠭᠳᠠᠯ ᠪᠦᠬᠦᠢ ᠠᠵᠤ ᠠᠬᠤᠶᠢᠯᠠᠯ᠄     ᠠᠵᠤ ᠦᠢᠯᠡᠰ ᠤᠨ ᠪᠦᠲᠦᠴᠡ ᠶᠢᠨ ᠬᠡᠯᠪᠡᠷᠢ ᠶᠢᠨ ᠬᠤᠪᠢᠷᠠᠯᠲᠠ ᠶᠢ ᠲᠡᠰ ᠲᠡᠪᠰᠢᠭᠦᠯᠬᠦ ᠠᠬᠢᠴᠠ ᠶᠢ ᠦᠡᠨᠡᠬᠦ ᠠᠬᠢᠭᠤᠯᠵᠤ᠂ ᠡᠨᠧᠷᠬᠢ ᠠᠷᠪᠢᠯᠠᠵᠤ ᠪᠤᠬᠢᠷᠳᠠᠯ ᠢ ᠪᠠᠭᠤᠷᠠᠭᠤᠯᠬᠤ ᠪᠤᠲᠠᠲᠠᠢ ᠠᠷᠭ᠎ᠠ ᠬᠡᠮᠵᠢᠶ᠎ᠠ ᠶᠢ ᠲᠤᠤᠱᠠᠯᠠᠭᠤᠯᠤᠨ᠂ ᠬᠤᠲᠠ ᠶᠢᠨ ᠭᠤᠤᠯᠳᠠᠯᠭᠠᠲᠤ ᠲᠤᠭᠤᠷᠢᠭ ᠪᠤᠯᠤᠨ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠪᠠᠶᠢᠭᠠᠯᠢ ᠶᠢᠨ ᠰᠢᠲᠠᠮᠠᠬᠠᠢ ᠬᠡᠢ ᠶᠢ ᠶᠡᠷᠦᠩᠬᠡᠶᠢᠯᠡᠨ ᠠᠰᠢᠭᠯᠠᠬᠤ ᠢᠨᠵᠧᠨᠧᠷᠢᠩ ᠤᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢᠨ ᠲᠤᠯᠠᠳᠠ᠂ ᠬᠤᠰᠢᠭᠤ ᠠᠷᠠᠳ ᠤᠨ ᠵᠠᠰᠠᠭ ᠤᠨ ᠤᠷᠳᠤᠨ ᠠᠴᠠ ᠶᠠᠷᠢᠯᠴᠠᠭᠠᠳ᠂ ᠡᠵᠡᠨ ᠬᠤᠷᠤᠭ᠎ᠠ ᠬᠤᠰᠢᠭᠤᠨ ᠤ ᠪᠠᠶᠢᠭᠠᠯᠢ ᠶᠢᠨ ᠰᠢᠳᠠᠮᠠᠬᠠᠢ ᠬᠡᠢ ᠶᠢ ᠶᠡᠷᠦᠩᠬᠡᠶᠢᠯᠡᠨ ᠠᠰᠢᠭᠯᠠᠬᠤ ᠢᠨᠵᠧᠨᠧᠷᠢᠩ ᠢ ᠪᠠᠶᠢᠭᠤᠯᠵᠤ᠂ ᠵᠤᠬᠢᠴᠠᠭᠤᠯᠬᠤ ᠲᠤᠭᠤᠶᠢᠯᠠᠩ ᠢ ᠪᠠᠶᠢᠭᠤᠯᠬᠤ ᠪᠠᠷ ᠲᠤᠭᠲᠠᠪᠠ᠃ ᠡᠳᠦᠭᠡ ᠤᠳᠤᠷᠢᠳᠬᠤ ᠲᠤᠭᠤᠶᠢᠯᠠᠩ ᠤᠨ ᠪᠤᠲᠠᠲᠠᠢ ᠪᠦᠷᠢᠯᠳᠦᠭᠦᠨ ᠢ ᠲᠤᠤᠷ᠎ᠠ ᠮᠡᠳᠦ ᠮᠡᠳᠡᠭᠳᠡᠪᠡ᠃      ᠲᠤᠭᠤᠶᠢᠯᠠᠩ ᠤᠨ ᠲᠠᠷᠤᠭ᠎ᠠ᠄ ᠯᠢᠤ ᠵᠢᠶᠧ    ᠬᠤᠰᠢᠭᠤ ᠠᠷᠠᠳ ᠤᠨ ᠵᠠᠰᠠᠭ ᠤᠨ ᠤᠷᠳᠤᠨ ᠤ                                            ᠬᠤᠰᠢᠭᠤ ᠲᠡᠳ᠋ ᠲᠠᠷᠤᠭ᠎ᠠ      ᠲᠤᠭᠤᠶᠢᠯᠠᠩ ᠤᠨ ᠲᠡᠳ᠋ ᠲᠠᠷᠤᠭ᠎ᠠ ᠪᠠᠲᠤᠵᠠᠶᠠᠭ᠎ᠠ    ᠬᠤᠰᠢᠭᠤ ᠠᠷᠠᠳ ᠤᠨ ᠵᠠᠰᠠᠭ ᠤᠨ ᠤᠷᠳᠤᠨ ᠤ                                                 ᠬᠤᠰᠢᠭᠤ ᠲᠡᠳ᠋ ᠲᠠᠷᠤᠭ᠎ᠠ               ᠭᠤᠤ   ᠢ  ᠳ᠋ᠦᠩ    ᠬᠤᠰᠢᠭᠤ ᠠᠷᠠᠳ ᠤᠨ ᠵᠠᠰᠠᠭ ᠤᠨ ᠤᠷᠳᠤᠨ ᠤ                                    ᠬᠤᠰᠢᠭᠤ ᠲᠡᠳ᠋ ᠲᠠᠷᠤᠭ᠎ᠠ       ᠪᠦᠷᠢᠯᠳᠦᠭᠦᠨ᠄ ᠡᠤ    ᠷᠦᠢ    ᠬᠦᠭᠵᠢᠭᠦᠯᠦᠯᠲᠡ ᠦᠭᠡᠷᠡᠴᠢᠯᠡᠯᠲᠡ ᠶᠢᠨ ᠲᠤᠪᠴᠢᠶᠠᠨ ᠲᠠᠷᠤᠭ᠎ᠠ              ᠪᠢᠶᠠᠨ  ᠶᠦᠩ ᠰᠢᠶᠠᠩ   ᠠᠵᠤ ᠠᠬᠤᠢ ᠠᠷᠠᠯᠵᠢᠶᠠᠨ ᠤ ᠶᠠᠪᠤᠳᠠᠯ ᠤᠨ ᠲᠤᠪᠴᠢᠶᠠᠨ ᠲᠠᠷᠤᠭ᠎ᠠ              ᠴᠢᠶᠤᠤ       ᠭᠠᠩ    ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠲᠠᠷᠤᠭ᠎ᠠ              ᠪᠠᠢ  ᠭᠤᠸᠠᠩ  ᠫᠢᠩ    ᠣᠰᠤᠨ ᠠᠰᠢᠭᠯᠠᠯᠲᠠ ᠶᠢᠨ ᠲᠤᠪᠴᠢᠶᠠᠨ ᠲᠠᠷᠤᠭ᠎ᠠ              ᠸᠠᠩ   ᠰᠢᠦᠢ  ᠫᠢᠩ    ᠤᠰᠤᠨ ᠠᠰᠢᠭᠯᠠᠯᠲᠠ ᠶᠢᠨ ᠲᠤᠪᠴᠢᠶᠠᠨ ᠲᠠᠷᠤᠭ᠎ᠠ              ᠭᠤᠤ  ᠶᠦᠩ  ᠭᠠᠩ    ᠤᠰᠤ ᠰᠢᠷᠦᠢ ᠶᠢ ᠬᠠᠮᠠᠭᠠᠯᠠᠬᠤ ᠲᠤᠪᠴᠢᠶᠠᠨ ᠲᠠᠷᠤᠭ᠎ᠠ              ᠬᠤ᠋   ᠶᠠᠨ    ᠭᠠᠩ    ᠤᠯᠤᠰ ᠭᠠᠵᠠᠷ ᠰᠢᠷᠦᠢ ᠡᠬᠢ ᠪᠠᠶᠠᠯᠢᠭ ᠤᠨ ᠲᠤᠪᠴᠢᠶᠠᠨ ᠲᠠᠷᠤᠭ᠎ᠠ              ᠶᠠᠩ       ᠭᠤᠸᠠᠩ    ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠤᠪᠴᠢᠶᠠᠨ ᠲᠠᠷᠤᠭ᠎ᠠ              ᠯᠢᠨ  ᠶᠦᠩ  ᠭᠠᠩ    ᠲᠦᠯᠦᠪᠵᠢᠬᠦᠯᠭᠡ ᠶᠢᠨ ᠲᠤᠪᠴᠢᠶᠠᠨ ᠲᠠᠷᠤᠭ᠎ᠠ              ᠸᠧᠨ         ᠬᠤᠤ    ᠵᠠᠰᠠᠭ ᠪᠠᠯᠭᠠᠰᠤᠨ ᠤ ᠲᠠᠷᠤᠭ᠎ᠠ              ᠶᠠᠩ  ᠵᠢᠶᠦ᠋ᠨ  ᠯᠢ    ᠬᠤᠨᠢᠴᠢᠨᠭᠤᠤᠯ ᠪᠠᠯᠭᠠᠰᠤᠨ ᠤ ᠲᠠᠷᠤᠭ᠎ᠠ              ᠡᠾᠧ   ᠵᠠᠨ   ᠫᠢᠩ    ᠡᠵᠡᠨ ᠬᠤᠷᠤᠭ᠎ᠠ ᠪᠠᠯᠭᠠᠰᠤᠨ ᠤ ᠲᠠᠷᠤᠭ᠎ᠠ      ᠤᠳᠤᠷᠢᠳᠬᠤ ᠲᠤᠭᠤᠶᠢᠯᠠᠩ ᠨᠢᠭᠡᠳᠦᠯᠲᠡᠢ ᠲᠦᠯᠦᠪᠯᠡᠵᠦ ᠵᠢᠯᠤᠭᠤᠳᠬᠤ᠂ ᠮᠡᠨ ᠤ ᠬᠤᠰᠢᠭᠤ ᠬᠢᠭᠡᠳ ᠲᠤᠮᠲᠠᠳᠤ ᠤᠯᠤᠰ ᠤᠨ ᠴᠢᠯᠠᠭᠤᠨ ᠲᠤᠰᠤᠨ ᠤ ᠪᠠᠶᠢᠭᠠᠯᠢ ᠶᠢᠨ ᠰᠢᠳᠠᠮᠠᠬᠠᠢ ᠭᠡᠢ ᠶᠢᠨ ᠬᠤᠪᠢ ᠤᠷᠤᠭᠤᠯᠤᠭᠰᠠᠨ ᠪᠦᠷᠢᠨ ᠪᠤᠰᠤ ᠺᠤᠮᠫᠠᠨᠢ ᠶᠢᠨ ᠴᠠᠩ ᠴᠢᠨ ᠲᠤᠰᠤᠨ ᠠᠢ ᠶᠢᠨ ᠬᠤᠪᠢᠶᠠᠷᠢ ᠺᠤᠮᠫᠠᠨᠢ᠂ ᠲᠤᠮᠳᠠᠲᠤ ᠤᠯᠤᠰ ᠤᠨ ᠴᠢᠯᠠᠭᠤᠨ ᠲᠤᠰᠤᠨ ᠬᠢᠮᠢ ᠶᠢᠨ ᠠᠵᠤ ᠦᠢᠯᠡᠳᠪᠦᠷᠢ ᠶᠢᠨ ᠬᠤᠪᠢ ᠤᠷᠤᠭᠤᠯᠤᠭᠰᠠᠨ ᠪᠦᠷᠢᠨ ᠪᠤᠰᠤ ᠺᠤᠮᠫᠠᠨᠢ ᠶᠢᠨ ᠬᠤᠸᠠᠪᠸᠢ ᠬᠤᠪᠢᠶᠡᠷᠢ ᠺᠤᠮᠫᠠᠨᠢ ᠵᠡᠷᠭᠡ ᠬᠤᠯᠪᠤᠭᠳᠠᠯ ᠪᠦᠬᠦᠢ ᠺᠤᠮᠫᠠᠨᠢ ᠪᠠᠶᠢᠭᠠᠯᠢ ᠶᠢᠨ ᠰᠢᠳᠠᠮᠠᠬᠠᠢ ᠬᠡᠢ ᠶᠢ ᠮᠠᠯᠲᠠᠬᠤ᠂ ᠪᠤᠯᠪᠠᠰᠤᠷᠠᠭᠤᠯᠬᠤ᠂ ᠪᠤᠷᠤᠯᠠᠭᠤᠯᠤᠨ ᠬᠤᠳᠠᠯᠳᠤᠬᠤ ᠵᠡᠷᠭᠡ ᠡᠯ᠎ᠡ ᠲᠦᠷᠦᠯ ‍ᠣᠨ‌ᠢᠨᠵᠧᠨᠧᠷᠢᠩ ᠤᠨ ᠬᠡᠷᠡᠭᠵᠢᠭᠦᠯᠦᠯᠲᠡ ᠶᠢᠨ ᠶᠠᠪᠤᠴᠠ ᠲᠠᠬᠢ ᠴᠢᠬᠤᠯᠠ ᠶᠡᠭᠡ ᠠᠰᠠᠭᠤᠳᠠᠯ ᠢ ᠵᠤᠬᠢᠴᠠᠭᠤᠯᠤᠨ ᠰᠶᠢᠳᠪᠦᠷᠢᠯᠡᠬᠦ ᠶᠢ ᠬᠠᠷᠢᠭᠤᠴᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠠᠢ᠃ ᠤᠳᠤᠷᠢᠳᠤᠬᠤ ᠲᠤᠭᠤᠶᠢᠯᠠᠩ ᠤᠨ ᠪᠤᠲᠠᠲᠠᠢ ᠠᠵᠢᠯ ᠤᠨ ᠬᠤᠪᠢᠶᠠᠷᠢᠯᠠᠯ᠄ ᠯᠢᠤ ᠵᠢᠸᠧ ᠬᠤᠰᠢᠭᠤ ᠲᠡᠳ᠋ ᠲᠠᠷᠤᠭ᠎ᠠ᠄ ᠵᠠᠰᠠᠭ ᠤᠨ ᠪᠤᠳᠠᠰ ᠤᠨ ᠭᠦᠢᠯᠭᠡᠭᠡᠨ ᠤ ᠬᠦᠷᠢᠶᠡᠯᠡᠩ ᠲᠤᠭᠤᠷᠢᠭ ᠤᠨ ᠲᠤᠳᠤᠷᠠᠬᠢ ᠪᠠᠶᠢᠭᠠᠯᠢ ᠶᠢᠨ ᠰᠢᠳᠠᠮᠠᠬᠠᠢ ᠬᠡᠢ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠲᠠᠢ ᠬᠤᠯᠪᠤᠭᠳᠠᠯ ᠪᠦᠬᠦᠢ ᠤᠴᠢᠷ ᠢ ᠬᠠᠷᠢᠭᠤᠴᠠᠨ ᠵᠤᠬᠢᠴᠠᠭᠤᠯᠤᠨ᠎ᠠ᠃ ᠪᠠᠲᠤᠵᠠᠶᠠᠭ᠎ᠠ ᠬᠤᠰᠢᠭᠤ ᠲᠡᠳ᠋ ᠲᠠᠷᠤᠭ᠎ᠠ ᠪᠠᠶᠢᠭᠠᠯᠢ ᠶᠢᠨ ᠰᠢᠳᠠᠮᠠᠬᠠᠢ ᠭᠡᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠭᠠᠵᠠᠷ ᠲᠠᠲᠠᠪᠤᠷᠢᠯᠠᠬᠤ ᠬᠤᠯᠪᠤᠭᠳᠠᠯ ᠪᠦᠬᠦᠢ ᠤᠴᠢᠷ ᠢ ᠬᠠᠷᠢᠭᠤᠴᠠᠨ ᠵᠤᠬᠢᠴᠠᠭᠤᠯᠤᠨ᠎ᠠ︔ ᠭᠤᠤ ᠢ ᠳ᠋ᠦᠩ ᠬᠤᠰᠢᠭᠤ ᠲᠡᠳ᠋ ᠲᠠᠷᠤᠭ᠎ᠠ ᠪᠠᠶᠢᠭᠠᠯᠢ ᠶᠢᠨ ᠰᠢᠳᠠᠮᠠᠬᠠᠢ ᠭᠡᠢ ᠶᠢᠨ ᠢᠨᠵᠧᠨᠧᠷᠢᠩ ᠤᠨ ᠬᠤᠭᠤᠯᠠᠢ ᠶᠢᠨ ᠪᠦᠳᠦᠭᠡᠨ ᠪᠠᠶᠢᠭᠤᠯᠤᠯᠲᠠ᠂ ᠪᠠᠶᠢᠭᠠᠯᠢ ᠶᠢᠨ ᠰᠢᠲᠠᠮᠠᠬᠠᠢ ᠬᠡᠢ ᠶᠢ ᠮᠠᠯᠲᠠᠬᠤ᠂ ᠪᠤᠯᠪᠠᠰᠤᠷᠠᠭᠤᠯᠬᠤ᠂ ᠪᠤᠷᠤᠯᠠᠭᠤᠯᠤᠨ ᠬᠤᠳᠠᠯᠳᠤᠬᠤ ᠵᠡᠷᠭᠡ ᠬᠤᠯᠪᠤᠭᠳᠠᠯ ᠪᠦᠬᠦᠢ ᠤᠴᠢᠷ ᠢ ᠬᠠᠷᠢᠭᠤᠴᠠᠨ ᠵᠤᠬᠢᠴᠠᠭᠤᠯᠤᠨ᠎ᠠ᠃ ᠤᠳᠤᠷᠢᠳᠬᠤ ᠲᠤᠭᠤᠶᠢᠯᠠᠩ ᠲᠤᠤᠷ᠎ᠠ ᠪᠠᠨ ᠠᠯᠪᠠᠨ ᠭᠡᠷ ᠪᠠᠶᠢᠭᠤᠯᠵᠤ᠂ ᠠᠯᠪᠠᠨ ᠭᠡᠷ ᠢ ᠬᠤᠰᠢᠭᠤ ᠠᠵᠤ ᠠᠬᠤᠢ ᠠᠷᠢᠯᠵᠢᠶᠠᠨ ᠤ ᠶᠠᠪᠤᠳᠠᠯ ᠤᠨ ᠲᠤᠪᠴᠢᠶ᠎ᠠ ᠪᠤᠯᠤᠨ ᠰᠤᠷᠠᠭ ᠵᠠᠩᠭᠢᠴᠢᠯᠠᠯᠲᠠ ᠶᠢᠨ ᠲᠤᠪᠴᠢᠶ᠎ᠠ ᠎ ᠳᠤ ᠭᠠᠷᠭᠠᠵᠤ᠂ ᠪᠢᠶᠡᠨ ᠶᠦᠩ ᠰᠢᠶᠠᠩ ᠠᠴᠠ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠠᠪᠰᠤᠷᠭᠠᠨ᠎ᠠ᠃      ᠡᠯ᠎ᠡ ᠬᠤᠯᠪᠤᠭᠳᠠᠯ ᠪᠦᠬᠦᠢ ᠪᠠᠯᠭᠠᠰᠤ ᠠᠴᠠ ᠵᠤᠬᠢᠴᠠᠩᠭᠤᠢ ᠤᠳᠤᠷᠢᠳᠬᠤ ᠲᠤᠭᠤᠶᠢᠯᠠᠩ ᠪᠠᠶᠢᠭᠤᠯᠵᠤ᠂ ᠪᠠᠯᠭᠠᠰᠤᠨ ᠲᠠᠷᠤᠭ᠎ᠠ ᠲᠤᠭᠤᠶᠢᠯᠠᠩ ᠤᠨ ᠲᠠᠷᠤᠭ᠎ᠠ ᠶᠢ ᠡᠭᠦᠷᠭᠡᠯᠡᠵᠦ᠂ ᠬᠤᠪᠢᠲᠠᠨ ᠬᠠᠮᠢᠶᠠᠷᠠᠬᠤ ᠲᠡᠳ᠋ ᠪᠠᠯᠭᠠᠰᠤᠨ ᠲᠠᠷᠤᠭ᠎ᠠ ᠲᠤᠭᠤᠶᠢᠯᠠᠩ ᠤᠨ ᠲᠡᠳ᠋ ᠲᠠᠷᠤᠭ᠎ᠠ ᠶᠢ ᠬᠠᠷᠢᠭᠤᠴᠠᠨ᠂ ᠲᠤᠰᠬᠠᠢ ᠦᠢᠯᠡᠴᠢᠯᠡᠨ ᠵᠤᠬᠢᠴᠠᠭᠤᠯᠬᠤ ᠠᠵᠢᠯ ᠤᠨ ᠲᠤᠭᠤᠶᠢᠯᠠᠩ ᠢ ᠪᠦᠷᠢᠯᠳᠦᠭᠦᠯᠬᠦ ᠬᠡᠷᠡᠭᠲᠡᠢ᠃ ᠡᠯ᠎ᠡ ᠬᠤᠯᠪᠤᠭᠳᠠᠯ ᠪᠦᠬᠦᠢ ᠪᠠᠶᠢᠭᠤᠯᠭ᠎ᠠ ᠠᠴᠠ ᠲᠤᠰᠬᠠᠢ ᠬᠦᠮᠦᠨ ᠢᠶᠠᠷ ᠬᠠᠷᠢᠭᠤᠴᠠᠭᠤᠯᠵᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠰᠢᠯᠢᠳᠡᠭ ᠦᠢᠯᠡᠴᠢᠯᠡᠭᠡ ᠬᠠᠩᠭᠠᠨ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠰᠢᠭᠯᠠᠯᠲᠠ ᠳᠤ ᠤᠷᠤᠬᠤ ᠶᠢ ᠪᠦᠬᠦ ᠬᠦᠴᠦᠨ ᠢᠶᠠᠷ ᠲᠦᠯᠬᠢᠨ ᠠᠬᠢᠭᠤᠯᠬᠤ ᠬᠡᠷᠡᠭᠲᠡᠢ᠃ ᠬᠤᠶᠢᠰᠢᠲᠠ᠂ ᠬᠤᠰᠢᠭᠤᠨ ᠤ ᠣᠳᠣᠷᠢᠳᠣᠯᠭ᠎ᠠ ᠶᠢ ᠭᠠᠷᠭᠠᠪᠠᠯ᠂ ᠤᠳᠤᠷᠢᠳᠬᠤ ᠲᠤᠭᠤᠶᠢᠯᠠᠩ ᠤᠨ ᠪᠤᠰᠤᠳ ᠪᠦᠷᠢᠯᠳᠦᠭᠦᠨ ᠳᠤ ᠬᠤᠪᠢᠷᠠᠯᠲᠠ ᠭᠠᠷᠪᠠᠯ᠂ ᠲᠡᠭᠦᠨ ᠤ ᠵᠠᠰᠠᠭ ᠵᠠᠬᠢᠷᠭᠠᠨ ᠤ ᠲᠤᠰᠢᠶᠠᠯ ᠢ ᠤᠷᠤᠯᠠᠭᠴᠢ ᠠᠴᠠ ᠦᠪᠡᠷ ᠢᠶᠠᠨ ᠬᠠᠷᠢᠭᠤᠴᠠᠨ᠎ᠠ᠂ ᠲᠠᠬᠢᠵᠦ ᠮᠡᠳᠡᠭᠳᠡᠯ ᠪᠠᠭᠤᠯᠭᠠᠬᠤ ᠦᠭᠡᠢ᠃                                              2011 ᠤᠨ ᠤ 7 ᠰᠠᠷ᠎ᠠ ᠶᠢᠨ 30᠎ ᠤ ᠡᠳᠦᠷ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号