ᠭᠠᠳᠠᠭᠠᠲᠤ ᠶᠠᠪᠤᠳᠠᠯ ᠤᠨ ᠠᠵᠢᠯᠳᠠᠨ ᠰᠤᠭᠤᠯᠤᠨ ᠲᠠᠲᠠᠵᠤ ᠤᠷᠤᠯᠳᠤᠭᠠᠨ ᠤ ᠦᠢᠯᠡᠴᠢᠯᠡᠭᠡ ᠶᠢᠨ ᠠᠵᠢᠯ ᠢ ᠰᠠᠶᠢᠳᠦᠷ ᠬᠢᠬᠦ ᠲᠤᠬᠠᠢ ᠡᠵᠡᠨ ᠬᠤᠷᠤᠭ᠎ᠠ ᠬᠤᠰᠢᠭᠤᠨ ᠤ ᠠᠷᠠᠳ‌‍ᠣᠨ ᠵᠠᠰᠠᠭ ᠤᠨ ᠤᠷᠳᠤᠨ ᠤᠨ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2011-08-12
                       ᠡᠵᠡᠨ ᠵᠠᠰᠠᠭ ᠠᠯᠪᠠᠨ ᠲᠠᠷᠬᠠᠭᠠᠬᠤ ﹇2011﹈ 105 ᠳ᠋ᠤᠭᠠᠷ ᠲᠤᠭᠠᠲᠤᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠬᠤᠰᠢᠭᠤᠨ ᠤ ᠬᠠᠮᠢᠶ᠎ᠠ ᠪᠦᠬᠦᠢ ᠰᠢᠭᠤᠳ ᠬᠠᠷᠢᠶ᠎ᠠ ᠪᠠᠶᠢᠭᠤᠯᠭ᠎ᠠ᠄      ᠪᠦᠬᠦ ᠤᠯᠤᠰ ᠤᠨ ᠮᠤᠷᠢᠨ ᠮᠡᠷᠭᠡᠵᠢᠯ ᠤᠨ ᠭᠤᠷᠪᠠᠨ ᠲᠦᠷᠦᠯ ᠤᠨ ᠬᠡᠭᠡᠷᠯᠡᠨ ᠭᠦᠶᠦᠬᠦ ᠤᠷᠤᠯᠳᠤᠭᠠᠨ᠂ ᠠᠽᠢᠶ᠎ᠠ ᠲᠢᠪ ᠤᠨ ᠪᠤᠶᠢᠺᠤ ᠪᠦᠮᠪᠦᠭᠡ ᠶᠢᠨ ᠲᠡᠷᠢᠭᠦᠨ ᠰᠢᠯᠭᠠᠷᠠᠭᠤᠯᠬᠤ ᠤᠷᠤᠯᠳᠤᠭᠠᠨ ᠤ ᠲᠤᠰ ᠲᠤᠰ 2011 ᠣᠨ ᠤ 8 ᠰᠠᠷ᠎ᠠ ᠶᠢᠨ 19᠎ ᠠᠴᠠ 21᠂ 9 ᠰᠠᠷ᠎ᠠ ᠶᠢᠨ 3᠎ ᠠᠴᠠ 12 ᠡᠳᠦᠷ ᠤᠨ ᠬᠤᠭᠤᠷᠤᠨᠲᠣ ᠮᠠᠨ ᠬᠤᠰᠢᠭᠤᠨ ᠳᠤ ᠶᠠᠪᠤᠭᠳᠠᠬᠤ ᠪᠤᠯᠤᠨ᠎ᠠ᠃ ᠲᠡᠭᠡᠷᠡᠬᠢ ᠬᠤᠶᠠᠷ ᠲᠦᠷᠦᠯ ᠤᠨ ᠴᠢᠬᠤᠯᠠ ᠲᠤᠮᠤ ᠤᠷᠤᠯᠳᠤᠭᠠᠨ ᠤ ᠤᠷᠤᠭᠰᠢᠲᠠᠢ ᠶᠠᠪᠤᠭᠳᠠᠬᠤ ᠶᠢ ᠪᠦᠬᠦ ᠲᠠᠯ᠎ᠠ ᠪᠠᠷ ᠪᠠᠲᠤᠯᠠᠵᠤ᠂ ᠠᠽᠢᠶ᠎ᠠ ᠲᠢᠪ ᠪᠠ ᠪᠦᠬᠦ ᠤᠯᠤᠰ ᠤᠨ ᠡᠯ᠎ᠡ ᠭᠠᠵᠠᠷ ᠤᠷᠤᠨ ᠤ ᠨᠡᠶᠢᠵᠠ ᠨᠦᠬᠦᠳ ᠤᠨ ᠮᠠᠨ ᠤ ᠬᠤᠰᠢᠭᠤᠨ ᠤ ᠭᠦᠨ ᠵᠤᠵᠠᠭᠠᠨ ᠦᠨᠳᠦᠰᠦᠲᠡᠨ ᠤ ᠰᠤᠶᠤᠯ ᠪᠤᠯᠪᠠᠰᠤᠨ ᠪᠠ ᠬᠠᠯᠠᠭᠤᠨ ᠲᠤᠳᠤᠨᠤᠰᠤᠭ ᠦᠢᠯᠡᠴᠢᠯᠡᠭᠡ ᠶᠢ ᠭᠦᠢᠴᠡᠳ ᠬᠦᠷᠲᠡᠬᠦ ᠶᠢ ᠪᠠᠲᠤᠯᠠᠬᠤ ᠶᠢᠨ ᠲᠤᠯᠠᠲᠠ᠂ ᠰᠤᠳᠤᠯᠬᠤ ᠎ ᠪᠠᠷ ᠲᠠᠮᠵᠢᠭᠠᠳ ᠬᠠᠮᠢᠶ᠎ᠠ ᠪᠦᠬᠦᠢ ᠪᠠᠶᠢᠭᠤᠯᠭ᠎ᠠ᠂ ᠨᠢᠭᠡᠴᠡ ᠠᠴᠠ ᠡᠷᠬᠡᠪᠡᠰᠢ ᠨᠢᠭᠡ ᠪᠦᠯᠦᠭ ᠭᠠᠳᠠᠭᠠᠲᠤ ᠬᠡᠯᠡᠨ ᠤ ᠰᠠᠭᠤᠷᠢ ᠰᠠᠶᠢᠨ᠂ ᠲᠤᠬᠠᠶᠢᠯᠠᠭᠰᠠᠨ ᠠᠵᠢᠯ ᠤᠨ ᠬᠡᠪ ᠴᠢᠨᠠᠷ ᠢᠶᠠᠷ ᠪᠠᠲᠤ ᠪᠠᠬᠢ ᠪᠤᠯᠤᠨ ᠤᠯᠤᠰ ᠲᠦᠷᠦ ᠶᠢᠨ ᠦᠵᠡᠯ ᠤᠬᠠᠮᠰᠠᠷ ᠬᠢᠷᠢ ᠬᠦᠷᠦᠭᠰᠡᠨ ᠠᠵᠢᠯᠲᠠᠨ ᠰᠤᠭᠤᠯᠤᠨ ᠲᠠᠲᠠᠵᠦ ᠤᠷᠤᠯᠳᠤᠭᠠᠨ ᠤ ᠭᠠᠳᠠᠭᠠᠳᠤ ᠶᠠᠪᠤᠳᠠᠯ ᠤᠨ ᠵᠤᠴᠢᠯᠠᠬᠤ ᠵᠢᠴᠢ ᠬᠠᠮᠢᠶ᠎ᠠ ᠪᠦᠬᠦᠢ ᠦᠢᠯᠡᠴᠢᠯᠡᠭᠡ ᠶᠢᠨ ᠠᠵᠢᠯ ᠢ ᠰᠠᠶᠢᠳᠦᠷ ᠬᠢᠨ᠎ᠡ᠃ ᠡᠳᠦᠭᠡ ᠬᠠᠮᠢᠶ᠎ᠠ ᠪᠦᠬᠦᠢ ᠤᠴᠢᠷ ᠶᠠᠪᠤᠳᠠᠯ ᠢ ᠲᠤᠤᠷᠠᠬᠢ ᠮᠡᠳᠦ ᠮᠡᠳᠡᠭᠳᠡᠪᠡ᠄      ᠨᠢᠬᠡ᠂ ᠰᠤᠭᠤᠯᠤᠨ ᠲᠠᠳᠠᠬᠤ ᠬᠤᠭᠤᠴᠠᠭ᠎ᠠ ᠄ 8 ᠰᠠᠷ᠎ᠠ ᠶᠢᠨ 16᠎ ᠤ ᠡᠳᠦᠷ ᠡᠬᠢᠯᠡᠨ᠂ ᠬᠠᠮᠢᠶ᠎ᠠ ᠪᠦᠬᠦᠢ ᠪᠤᠯᠪᠠᠰᠦᠷᠠᠯ ᠬᠢᠵᠦ᠂ 8 ᠰᠠᠷ᠎ᠠ ᠶᠢᠨ 19᠎ ᠠᠴᠠ 21᠎ ᠤ ᠡᠳᠦᠷ ᠪᠤᠯᠳᠠᠯ᠎ᠠ ᠪᠦᠬᠦ ᠤᠯᠤᠰ ᠤᠨ ᠮᠤᠷᠢᠨ ᠮᠡᠷᠭᠡᠵᠢᠯ ᠤᠨ ᠭᠤᠷᠪᠠᠨ ᠲᠦᠷᠦᠯ ᠤᠨ ᠬᠡᠭᠡᠷᠯᠡᠨ ᠭᠦᠶᠦᠬᠦ ᠤᠷᠤᠯᠳᠤᠭᠠᠨ ᠳᠤ ᠦᠢᠯᠡᠴᠢᠯᠡᠨ᠎ᠡ︔ 9 ᠰᠠᠷ᠎ᠠ ᠶᠢᠨ 3᠎ ᠠᠴᠠ 12 ᠪᠤᠯᠳᠠᠯ᠎ᠠ ᠠᠽᠢᠶ᠎ᠠ ᠲᠢᠪ ᠤᠨ ᠪᠤᠶᠢᠺᠦ ᠪᠦᠮᠪᠦᠭᠡ ᠶᠢᠨ ᠲᠡᠷᠢᠭᠦᠨ ᠰᠢᠯᠭᠠᠷᠠᠭᠤᠯᠬᠤ ᠤᠷᠤᠯᠳᠤᠭᠠᠨ ᠤ ᠭᠠᠳᠠᠭᠠᠳᠤ ᠶᠠᠪᠤᠳᠠᠯ ᠤᠨ ᠤᠭᠳᠤᠵᠦ ᠵᠤᠴᠢᠯᠠᠬᠤ ᠪᠠ ᠤᠷᠤᠯᠳᠤᠭᠠᠨ ᠤ ᠦᠢᠯᠡᠴᠢᠯᠡᠭᠡ ᠶᠢᠨ ᠠᠵᠢᠯ ᠳᠤ ᠦᠢᠯᠡᠴᠢᠯᠡᠨ᠎ᠡ᠃      ᠬᠤᠶᠠᠷ᠂ ᠨᠡᠷ᠎ᠡ ᠮᠡᠳᠡᠭᠦᠯᠬᠦ ᠴᠠᠭ ᠬᠤᠭᠤᠴᠠᠭ᠎ᠠ ᠵᠢᠴᠢ ᠨᠡᠷ᠎ᠡ ᠮᠡᠳᠡᠭᠦᠯᠬᠦ ᠭᠠᠵᠠᠷ᠄      ᠰᠤᠭᠤᠯᠤᠨ ᠲᠠᠳᠠᠭᠰᠠᠳ 8 ᠰᠠᠷ᠎ᠠ ᠶᠢᠨ 15᠎ ᠤ ᠡᠳᠦᠷ ᠤᠨ ᠦᠳᠡ ᠶᠢᠨ ᠬᠤᠶᠢᠨ᠎ᠠ ᠶᠢᠨ 16᠄00᠎ ᠠᠴᠠ ᠡᠮᠦᠨ᠎ᠡ ᠬᠤᠰᠢᠭᠤ ᠠᠷᠠᠳ ᠤᠨ ᠵᠠᠰᠠᠭ ᠤᠨ ᠣᠷᠳᠣᠨ ᠤ ᠭᠠᠳᠠᠭᠠᠲᠤ ᠶᠠᠪᠤᠳᠠᠯ ᠤᠨ ᠠᠯᠪᠠᠨ ᠭᠡᠷ 1619 ᠳ᠋ᠤᠭᠠᠷ ᠭᠡᠷ ᠲᠤ ᠨᠡᠷ᠎ᠡ ᠮᠡᠳᠡᠭᠦᠯᠦᠨ᠎ᠡ︔ 8 ᠰᠠᠷ᠎ᠠ ᠶᠢᠨ 16᠎ ᠠᠴᠠ ᠡᠬᠢᠯᠡᠨ ᠬᠠᠮᠢᠶ᠎ᠠ ᠪᠦᠬᠦᠢ ᠮᠡᠳᠡᠯᠭᠡ ᠶᠢᠨ ᠪᠤᠯᠪᠠᠰᠤᠷᠠᠯ ᠬᠢᠯᠭᠡᠨ᠎ᠡ᠃ ᠬᠠᠷᠢᠯᠴᠠᠬᠤ ᠬᠦᠮᠦᠨ᠄ ᠯᠢᠤ ᠴᠦᠨ ᠰᠢᠶᠠ   ᠬᠠᠷᠢᠯᠴᠠᠬᠤ ᠤᠳᠠᠰᠤ᠄ 8691118        ᠭᠤᠷᠪᠠ᠄ ᠰᠤᠭᠤᠯᠤᠨ ᠲᠠᠲᠠᠬᠤ ᠬᠦᠮᠦᠰ᠄      ᠵᠠᠩ ᠵᠧᠨ ᠶᠤᠸᠠᠨ    ᠬᠤᠰᠢᠭᠤ ᠪᠤᠯᠪᠠᠰᠤᠨ ᠬᠤᠲᠠ ᠪᠠᠶᠢᠭᠤᠯᠬᠤ ᠠᠯᠪᠠᠡ ᠭᠡᠷ      ᠫᠠᠨ     ᠵᠢᠦᠸᠠᠨ    ᠬᠤᠰᠢᠭᠤ ᠤᠬᠠᠭᠤᠯᠬᠤ ᠭᠡᠯᠲᠡᠰ      ᠰᠠᠷᠠᠨᠳᠤᠨᠠᠯ          ᠬᠤᠰᠢᠭᠤ ᠰᠠᠬᠢᠯᠭ᠎ᠠ ᠪᠠᠲᠤ ᠶᠢ ᠪᠠᠶᠢᠴᠠᠭᠠᠬᠤ ᠬᠤᠷᠢᠶ᠎ᠠ      ᠬᠠᠪᠤᠷ              ᠬᠤᠰᠢᠭᠤ ᠠᠵᠤ ᠠᠬᠤᠢ ᠠᠷᠢᠯᠵᠢᠶᠠᠨ ᠤ ᠲᠤᠪᠴᠢᠶ᠎ᠠ      ᠭᠤᠤ        ᠶᠠᠨ    ᠬᠤᠰᠢᠭᠤ ᠠᠵᠤ ᠠᠬᠤᠢ ᠠᠷᠢᠯᠵᠢᠶᠠᠨ ᠤ ᠲᠤᠪᠴᠢᠶ᠎ᠠ      ᠲᠠᠨ᠎ᠠ                ᠬᠤᠰᠢᠭᠤ ᠠᠵᠤ ᠠᠬᠤᠢ ᠠᠷᠢᠯᠵᠢᠶᠠᠨ ᠤ ᠲᠤᠪᠴᠢᠶ᠎ᠠ      ᠸᠠᠩ ᠰᠢᠶᠤᠤ ᠷᠦᠩ    ᠡᠵᠡᠨ ᠬᠤᠷᠤᠭ᠎ᠠ ᠬᠤᠰᠢᠭᠤᠨ ᠤ ᠲᠡᠭᠡᠳᠦ ᠵᠡᠷᠭᠡ ᠶᠢᠨ ᠲᠤᠮᠲᠠᠲᠤ ᠰᠤᠷᠭᠠᠭᠤᠯᠢ      ᠭᠦᠸᠧ       ᠰᠢᠶᠠ    ᠡᠵᠡᠨ ᠬᠤᠷᠤᠭ᠎ᠠ ᠬᠤᠰᠢᠭᠤᠨ ᠤ ᠲᠡᠭᠡᠳᠦ ᠵᠡᠷᠭᠡ ᠶᠢᠨ ᠲᠤᠮᠲᠠᠲᠤ ᠰᠤᠷᠭᠠᠭᠤᠯᠢ      ᠯᠢ ᠭᠤᠸᠠᠩ ᠵᠢᠶᠦ᠋ᠨ    ᠡᠵᠡᠨ ᠬᠤᠷᠤᠭ᠎ᠠ ᠬᠤᠰᠢᠭᠤᠨ ᠤ ᠲᠡᠭᠡᠳᠦ ᠵᠡᠷᠭᠡ ᠶᠢᠨ ᠲᠤᠮᠲᠠᠲᠤ ᠰᠤᠷᠭᠠᠭᠤᠯᠢ      ᠯᠢ    ᠬᠤᠢ    ᠯᠢᠨ    ᠡᠵᠡᠨ ᠬᠤᠷᠤᠭ᠎ᠠ ᠬᠤᠰᠢᠭᠤᠨ ᠤ ᠲᠡᠭᠡᠳᠦ ᠵᠡᠷᠭᠡ ᠶᠢᠨ ᠲᠤᠮᠲᠠᠲᠤ ᠰᠤᠷᠭᠠᠭᠤᠯᠢ      ᠭᠤᠤ  ᠰᠢᠶᠤᠤ  ᠹᠠᠩ    ᠡᠵᠡᠨ ᠬᠤᠷᠤᠭ᠎ᠠ ᠬᠤᠰᠢᠭᠤᠨ ᠤ ᠲᠡᠭᠡᠳᠦ ᠵᠡᠷᠭᠡ ᠶᠢᠨ ᠲᠤᠮᠲᠠᠲᠤ ᠰᠤᠷᠭᠠᠭᠤᠯᠢ      ᠬᠤ᠋   ᠬᠠᠢ   ᠰᠢᠶᠠ    ᠡᠵᠡᠨ ᠬᠤᠷᠤᠭ᠎ᠠ ᠬᠤᠰᠢᠭᠤᠨ ᠤ ᠲᠡᠭᠡᠳᠦ ᠵᠡᠷᠭᠡ ᠶᠢᠨ ᠲᠤᠮᠲᠠᠲᠤ ᠰᠤᠷᠭᠠᠭᠤᠯᠢ      ᠲᠡᠭᠡᠷᠡᠬᠢ ᠰᠤᠭᠤᠯᠤᠨ ᠲᠠᠳᠠᠭᠰᠠᠳ ᠤᠨ ᠬᠠᠷᠢᠶ᠎ᠠ ᠪᠠᠶᠢᠭᠤᠯᠭ᠎ᠠ ᠠᠴᠠ ᠲᠤᠰ ᠬᠡᠷᠡᠭ ᠢ ᠴᠢᠬᠤᠯᠠᠴᠢᠯᠠᠨ ᠦᠵᠡᠵᠦ᠂ ᠲᠤᠮᠤ ᠬᠡᠯᠪᠡᠷᠢ ᠶᠢᠨ ᠲᠠᠮᠢᠷ ᠤᠨ ᠤᠷᠤᠯᠳᠤᠭᠠᠨ ᠡᠷᠬᠢᠯᠡᠬᠦ ᠪᠠ ᠲᠤᠮᠤ ᠬᠡᠯᠪᠡᠷᠢ ᠶᠢᠨ ᠵᠤᠴᠢᠯᠠᠭ᠎ᠠ ᠲᠠᠶᠢᠯᠠᠯᠭ᠎ᠠ ᠬᠢᠬᠦ ᠠᠵᠢᠯ ᠤᠨ ᠴᠢᠬᠤᠯᠠ ᠠᠴᠢ ᠬᠤᠯᠨᠪᠤᠭᠳᠠᠯ ᠢ ᠭᠦᠢᠴᠡᠳ ᠲᠠᠨᠢᠵᠦ᠂ ᠲᠡᠮᠵᠢᠯᠭᠡ ᠦᠵᠡᠬᠦᠯᠬᠦ ᠪᠠ ᠬᠠᠪᠰᠤᠷᠠᠯᠴᠠᠵᠤ᠂ ᠰᠤᠭᠤᠯᠤᠨ ᠲᠠᠳᠠᠭᠳᠠᠭᠰᠠᠨ ᠬᠦᠮᠦᠨ ᠢ ᠴᠠᠭ ᠲᠤᠬᠠᠢ ᠲᠤᠨᠢ ᠨᠡᠷ᠎ᠡ ᠮᠡᠳᠡᠭᠦᠯᠵᠦ᠂ ᠶᠤᠰᠤᠨ ᠲᠡᠭᠡᠷ᠎ᠡ ᠪᠠᠨ ᠴᠢᠯᠦᠭᠡ ᠡᠷᠢᠵᠦ ᠪᠤᠯᠬᠤ ᠦᠭᠡᠢ᠃                                              2011 ᠤᠨ ᠤ 8 ᠰᠠᠷ᠎ᠠ ᠶᠢᠨ 28᠎ ᠤ ᠡᠳᠦᠷ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号