ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠵᠤᠨ ᠤ ᠠᠮᠠᠷᠠᠯᠳᠠ ᠶᠢᠨ ᠠᠶᠤᠯᠬᠦᠢ ᠰᠤᠷᠭᠠᠨ ᠬᠦᠮᠦᠵᠢᠯ ᠤᠨ ᠠᠵᠢᠯ ᠢ ᠴᠢᠩᠭᠠᠳᠬᠠᠬᠤ ᠲᠤᠬᠠᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠮᠡᠳᠡᠭᠳᠡᠯ ᠢ ᠤᠷᠳᠤᠰ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠤᠯᠠᠮᠵᠢᠯᠠᠨ ᠶᠠᠪᠤᠭᠤᠯᠬᠤ ᠵᠦᠢᠯ ᠢ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠤᠯᠠᠮᠵᠢᠯᠠᠨ ᠳᠠᠷᠬᠠᠭᠠᠬᠤ ᠮᠡᠳᠡᠭᠳᠡᠯ
ᠨᠡᠶᠢᠲᠡᠯᠡᠭᠰᠡᠨ ᠴᠠᠭ᠄
2011-08-17
                    ᠡᠵᠡᠨ ᠵᠠᠰᠠᠭ ᠠᠯᠪᠠᠨ ᠲᠠᠷᠬᠠᠭᠠᠬᠤ ﹇2011﹈ 106 ᠳ᠋ᠣᠭᠠᠷ ᠲᠤᠭᠠᠳᠤ  ᠡᠯ᠎ᠠ ᠪᠠᠯᠭᠠᠰᠤᠨ ᠤ ᠵᠠᠰᠠᠭ ᠤᠨ ᠤᠷᠳᠤᠨ᠂ ᠬᠤᠰᠢᠭᠤ ᠠᠷᠠᠳ ᠤᠨ ᠵᠠᠰᠠᠭ ᠤᠨ ᠤᠷᠳᠤᠨ ᠤ ᠡᠯ᠎ᠠ ᠪᠠᠶᠢᠭᠤᠯᠭ᠎ᠠ᠂ ᠡᠯ᠎ᠠ ᠬᠤᠯᠪᠤᠭᠳᠠᠯ ᠪᠦᠬᠦᠢ ᠰᠢᠭᠤᠳ ᠬᠠᠷᠢᠶ᠎ᠠ ᠪᠠᠶᠢᠭᠤᠯᠭ᠎ᠠ᠂ ᠡᠯ᠎ᠡ ᠲᠤᠮᠤ ᠠᠵᠤ ᠠᠬᠤᠶᠢᠯᠠᠯ ᠠᠵᠢᠯ ᠦᠢᠯᠡᠰ ᠤᠨ ᠨᠢᠬᠡᠴᠢ᠄      ᠬᠤᠰᠢᠭᠤ ᠵᠠᠰᠠᠭ ᠤᠨ ᠤᠷᠳᠤᠨ ᠢᠶᠠᠷ ᠵᠦᠪᠰᠢᠶᠡᠷᠡᠬᠦᠯᠦᠬᠡᠳ᠂ ᠡᠳᠦᠬᠡ ︽ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠵᠤᠨ ᠤ ᠠᠮᠠᠷᠠᠯᠳᠠ ᠶᠢᠨ ᠠᠶᠤᠯᠬᠦᠢ ᠰᠤᠷᠭᠠᠨ ᠬᠦᠮᠦᠵᠢᠯ ᠤᠨ ᠠᠵᠢᠯ ᠢ ᠴᠢᠩᠭᠠᠳᠬᠠᠬᠤ ᠲᠤᠬᠠᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠮᠡᠳᠡᠭᠳᠡᠯ ᠢ ᠤᠷᠳᠤᠰ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠤᠯᠠᠮᠵᠢᠯᠠᠨ ᠶᠠᠪᠤᠭᠤᠯᠬᠤ ᠮᠡᠳᠡᠭᠳᠡᠯ︾ ︵ᠤᠷᠳᠤᠰ ᠵᠠᠰᠠᠭ ᠠᠯᠪᠠᠨ ᠳᠠᠷᠬᠠᠭᠠᠬᠤ ﹇2011﹈ 33 ᠳ᠋ᠤᠭᠠᠷ ᠲᠤᠭᠠᠳᠤ︶᠎ ᠢ ᠳᠠᠨᠠᠷ ᠲᠤ ᠤᠯᠠᠮᠵᠢᠯᠠᠨ ᠳᠠᠷᠬᠠᠭᠠᠪᠠ᠂ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠤᠰᠤᠭᠠᠢ᠃                                          2011 ᠤᠨ ᠤ 8 ᠰᠠᠷ᠎ᠠ ᠶᠢᠨ 17᠎ ᠤ ᠡᠳᠦᠷᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠵᠤᠨ ᠤ ᠠᠮᠠᠷᠠᠯᠳᠠ ᠶᠢᠨ ᠠᠶᠤᠯᠬᠦᠢ ᠰᠤᠷᠭᠠᠨ ᠬᠦᠮᠦᠵᠢᠯ ᠤᠨᠠᠵᠢᠯ ᠢ ᠴᠢᠩᠭᠠᠳᠬᠠᠬᠤ ᠲᠤᠬᠠᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠮᠡᠳᠡᠭᠳᠡᠯ ᠢ ᠤᠷᠳᠤᠰ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠤᠯᠠᠮᠵᠢᠯᠠᠨ ᠶᠠᠪᠤᠭᠤᠯᠬᠤ ᠮᠡᠳ᠋᠊‍ᠡᠭᠳᠡᠯ                 ᠤᠷᠳᠤᠰ ᠵᠠᠰᠠᠭ ᠠᠯᠪᠠᠨ ᠳᠠᠷᠬᠠᠭᠠᠬᠤ ﹇2011﹈ 33 ᠳ᠋ᠤᠭᠠᠷ ᠲᠤᠭᠠᠳᠤᠡᠯ᠎ᠡ ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ᠂ ᠬᠢᠶ᠎ᠡ ᠪᠠᠭᠰᠢ ᠰᠢᠨ᠎ᠠ ᠲᠤᠭᠤᠷᠢᠭ ᠤᠨ ᠬᠠᠮᠢᠶᠠᠷᠤᠯᠳᠠ ᠶᠢᠨ ᠵᠦᠪᠯᠡᠯ᠂ ᠬᠤᠳᠠ ᠶᠢᠨ ᠵᠠᠰᠠᠭ ᠤᠨ ᠤᠷᠳᠤᠨ ᠤ ᠡᠯ᠎ᠡ ᠪᠠᠶᠢᠭᠤᠯᠭ᠎ᠠ᠂ ᠡᠯ᠎ᠡ ᠰᠢᠭᠤᠳ ᠬᠠᠷᠢᠶ᠎ᠠ ᠨᠢᠬᠡᠴᠢ᠂ ᠡᠯ᠎ᠡ ᠲᠤᠮᠤ ᠠᠵᠤ ᠠᠬᠤᠶᠢᠯᠠᠯ ᠠᠵᠢᠯ ᠦᠢᠯᠡᠰ ᠤᠨ ᠨᠢᠬᠡᠴᠢ᠄      ᠬᠤᠳᠠ ᠶᠢᠨ ᠵᠠᠰᠠᠭ ᠤᠨ ᠤᠷᠳᠤᠨ ᠢᠶᠠᠷ ᠵᠦᠪᠰᠢᠶᠡᠷᠡᠬᠦᠯᠦᠬᠡᠳ᠂ ᠡᠳᠦᠬᠡ ︽ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠵᠤᠨ ᠤ ᠠᠮᠠᠷᠠᠯᠳᠠ ᠶᠢᠨ ᠠᠶᠤᠯᠬᠦᠢ ᠰᠤᠷᠭᠠᠨ ᠬᠦᠮᠦᠵᠢᠯ ᠤᠨ ᠠᠵᠢᠯ ᠢ ᠴᠢᠩᠭᠠᠳᠬᠠᠬᠤ ᠲᠤᠬᠠᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠮᠡᠳᠡᠭᠳᠡᠯ︾ ︵ᠦᠪᠦᠷ ᠵᠠᠰᠠᠭ ᠠᠯᠪᠠᠨ ᠳᠠᠷᠬᠠᠭᠠᠬᠤ ﹇2011﹈ 65 ᠳ᠋ᠤᠭᠠᠷ ᠲᠤᠭᠠᠳᠤ︶᠎ ᠢ ᠳᠠᠨᠠᠷ ᠲᠤ ᠤᠯᠠᠮᠵᠢᠯᠠᠨ ᠳᠠᠷᠬᠠᠭᠠᠪᠠ᠂ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠤᠰᠤᠭᠠᠢ                                       2011 ᠤᠨ ᠤ 8 ᠰᠠᠷ᠎ᠠ ᠶᠢᠨ 12᠎ ᠤᠨ ᠡᠳᠦᠷ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠵᠤᠨ ᠤ ᠠᠮᠠᠷᠠᠯᠳᠠ ᠶᠢᠨ ᠠᠶᠤᠯᠬᠦᠢ ᠰᠤᠷᠭᠠᠨ ᠬᠦᠮᠦᠵᠢᠯ ᠤᠨ ᠠᠵᠢᠯ ᠢ ᠴᠢᠩᠭᠠᠳᠬᠠᠬᠤ ᠲᠤᠬᠠᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠮᠡᠳᠡᠭᠳᠡᠯ            ᠦᠪᠦᠷ ᠵᠠᠰᠠᠭ ᠠᠯᠪᠠᠨ ᠳᠠᠷᠬᠠᠭᠠᠬᠤ ﹇2011﹈ 65 ᠳ᠋ᠤᠭᠠᠷ ᠲᠤᠭᠠᠳᠤ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠵᠠᠰᠠᠭ ᠤᠨ ᠤᠷᠳᠤᠨ᠂ ᠮᠠᠨᠵᠤᠤᠷ ᠬᠤᠳᠠ᠂ ᠡᠷᠢᠶᠠᠨ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠳᠡᠬᠡᠨ ᠵᠠᠰᠠᠬᠤ ᠤᠷᠤᠨ ᠤ ᠡᠯ᠎ᠡ ᠵᠦᠪᠯᠡᠯ᠂ ᠠᠯᠪᠠᠨ ᠲᠢᠩᠬᠢᠮ᠂ ᠲᠤᠪᠴᠢᠶ᠎ᠠ᠂ ᠡᠯ᠎ᠡ ᠲᠤᠮᠤ ᠠᠵᠤ ᠠᠬᠤᠶᠢᠯᠠᠯ ᠠᠵᠢᠯ ᠦᠢᠯᠡᠰ ᠤᠨ ᠨᠢᠬᠡᠴᠢ᠄     2011 ᠤᠨ ᠤ 8 ᠰᠠᠷ᠎ᠠ ᠶᠢᠨ 7᠎ ᠤ ᠡᠳᠦᠷ ᠤᠯᠠᠭᠠᠨᠴᠠᠪ ᠬᠤᠳᠠ ᠶᠢᠨ ᠱᠠᠩᠳᠣ ᠰᠢᠶᠠᠨ ᠤ ᠳ᠋ᠦᠩ ᠾᠧ ᠭᠤᠤᠯ ᠤᠨ ᠴᠦᠬᠦᠷᠦᠮ ᠳᠤ ᠲᠤᠮᠳᠠᠳᠤ ᠰᠤᠷᠭᠠᠭᠤᠯᠢ ᠶᠢᠨ 7 ᠰᠤᠷᠤᠭᠴᠢ ᠤᠰᠤᠨ ᠳᠤ ᠤᠨᠠᠵᠤ ᠦᠬᠦᠨ᠂ ᠤᠷᠳᠤᠰ ᠬᠤᠳᠠ ᠶᠢᠨ ᠳᠠᠯᠠᠳ ᠬᠤᠰᠢᠭᠤ ᠶᠢᠨ ᠵᠢᠬᠡᠰᠦᠳᠠᠢ ᠪᠠᠯᠭᠠᠰᠤᠨ ᠤ 3 ᠬᠡᠦᠬᠡᠳ ᠬᠠᠳᠤᠨ ᠭᠤᠤᠯ ᠤᠨ ᠭᠤᠤᠯ ᠤᠨ ᠵᠠᠮ ᠳᠤ ᠤᠨᠠᠨ ᠠᠯᠠᠭ᠎ᠠ ᠪᠤᠯᠤᠭᠰᠠᠨ ᠨᠢ ᠨᠡᠶᠢᠬᠡᠮ ᠤᠨ ᠠᠩᠬᠠᠷᠤᠯ ᠢ ᠳᠠᠳᠠᠪᠠ᠃ ᠲᠤᠮᠳᠠᠳᠤ ᠪᠠᠭ᠎ᠠ ᠰᠤᠷᠭᠠᠭᠤᠯᠢ ᠶᠢᠨ ᠵᠤᠨ ᠤ ᠠᠮᠠᠷᠠᠯᠳᠠ ᠶᠢᠨ ᠬᠤᠭᠤᠴᠠᠭᠠᠨ ᠤ ᠠᠶᠤᠯᠬᠦᠢ ᠰᠤᠷᠭᠠᠨ ᠬᠦᠮᠦᠵᠢᠯ ᠤᠨ ᠠᠵᠢᠯ ᠢ ᠦᠨᠡᠨᠬᠦ ᠰᠠᠶᠢᠲᠤᠷ ᠬᠢᠵᠦ᠂ ᠡᠶᠢᠮᠦᠷᠬᠦ ᠬᠡᠷᠡᠭ ᠤᠨ ᠳᠠᠬᠢᠨ ᠡᠬᠦᠰᠬᠦ ᠠᠴᠠ ᠵᠠᠶᠢᠯᠠᠰᠬᠢᠬᠤ ᠶᠢᠨ ᠲᠤᠯᠠᠳᠠ᠂ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠠᠴᠠ ᠵᠦᠪᠰᠢᠶᠡᠷᠡᠬᠡᠳ᠂ ᠡᠳᠦᠬᠡ ᠬᠤᠯᠪᠤᠭᠳᠠᠯ ᠪᠦᠬᠦᠢ ᠵᠦᠢᠯ ᠢ ᠲᠤᠤᠷ᠎ᠠ ᠮᠡᠳᠦ ᠮᠡᠳᠡᠭᠳᠡᠶ᠎ᠡ᠄      ᠨᠢᠬᠡ᠂ ᠡᠯ᠎ᠡ ᠱᠠᠳᠣᠨ ᠤ ᠠᠷᠠᠳ ᠤᠨ ᠵᠠᠰᠠᠭ ᠤᠨ ᠤᠷᠳᠤᠨ ᠪᠠ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤᠨ ᠪᠠᠶᠢᠭᠤᠯᠭ᠎ᠠ ᠠᠴᠠ ᠰᠤᠷᠤᠭᠴᠢ ᠶᠢᠨ ᠵᠤᠨ ᠤ ᠠᠮᠠᠷᠠᠯᠳᠠ ᠶᠢᠨ ᠠᠶᠤᠯᠬᠦᠢ ᠬᠦᠮᠦᠵᠢᠯ ᠢ ᠳᠡᠬᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠵᠦᠢᠯ ᠤᠨ ᠠᠷᠭ᠎ᠠ ᠪᠠᠷ ᠳᠡᠮᠵᠢᠵᠤ ᠰᠤᠷᠤᠭᠴᠢ ᠶᠢᠨ ᠠᠶᠤᠯᠬᠦᠢ ᠶᠢᠨ ᠰᠡᠷᠬᠡᠶᠢᠯᠡᠯᠬᠡ ᠶᠢᠨ ᠬᠦᠮᠦᠵᠢᠯ ᠢ ᠦᠷᠨᠢᠬᠦᠯᠦᠨ᠎ᠠ᠃ ᠬᠡᠷ ᠤᠨ ᠠᠬᠠᠮᠠᠳ ᠢ ᠬᠦᠮᠦᠵᠢᠬᠦᠯᠦᠨ ᠬᠢᠨᠠᠵᠤ ᠬᠠᠮᠠᠭᠠᠯᠠᠬᠤ ᠬᠠᠷᠢᠭᠤᠴᠠᠯᠭ᠎ᠠ ᠶᠢ ᠬᠦᠢᠴᠡᠳᠬᠡᠬᠦᠯᠵᠦ᠂ ᠨᠠᠰᠤᠨ ᠳᠤ ᠬᠦᠷᠦᠬᠡᠳᠦᠢ ᠬᠡᠦᠬᠡᠳ ᠭᠠᠳᠠᠭᠰᠢ ᠭᠠᠷᠬᠤ᠂ ᠤᠰᠤᠨ ᠳᠤ ᠲᠤᠭᠯᠠᠬᠤ ᠵᠡᠷᠭᠡ ᠠᠵᠢᠯᠯᠠᠭ᠎ᠠ ᠳᠤ ᠡᠷᠭᠡᠪᠰᠢ ᠬᠡᠷ ᠤᠨ ᠠᠬᠠᠮᠠᠳ ᠨᠢ ᠪᠠᠷᠠᠭᠠᠳᠠᠵᠤ ᠬᠠᠮᠠᠭᠠᠯᠠᠬᠤ ᠬᠡᠷᠡᠭᠳᠡᠢ︔ ᠨᠠᠰᠤᠨ ᠳᠤ ᠬᠦᠷᠦᠬᠡᠳᠦᠢ ᠰᠤᠷᠤᠭᠴᠢ ᠳᠤ ᠦᠪᠡᠷ ᠢ ᠪᠠᠨ ᠬᠠᠮᠠᠭᠠᠯᠠᠬᠤ ᠠᠶᠤᠯᠬᠦᠢ ᠤᠬᠠᠮᠰᠠᠷ ᠲᠠᠢ ᠪᠤᠯᠬᠤ ᠶᠢ ᠬᠦᠮᠦᠵᠢᠬᠦᠯᠦᠨ᠂ ᠬᠠᠨᠢ ᠨᠦᠬᠦᠳ ᠨᠢ ᠰᠠᠨᠠᠭᠠᠨ ᠠᠴᠠ ᠭᠠᠳᠠᠭᠤᠷ ᠠᠳᠠᠯ ᠲᠤᠬᠢᠶᠠᠯᠳᠤᠬᠤ ᠳᠤ᠂ ᠴᠠᠭ ᠲᠤᠬᠠᠢ ᠳᠤᠨᠢ ᠬᠠᠮᠢᠶ᠎ᠠ ᠪᠦᠬᠦᠢ ᠪᠠᠶᠢᠭᠤᠯᠭ᠎ᠠ ᠳᠤ ᠠᠪᠤᠷᠠᠨ ᠲᠤᠰᠠᠯᠠᠬᠤ ᠰᠤᠷᠠᠭ ᠵᠠᠩᠬᠢ ᠲᠠᠷᠬᠠᠭᠠᠬᠤ ᠬᠡᠷᠡᠭᠳᠡᠢ᠃ ᠨᠠᠰᠤᠨ ᠳᠤ ᠬᠦᠷᠦᠬᠡᠳᠦᠢ ᠬᠦᠮᠦᠨ ᠰᠤᠬᠤᠷ ᠪᠠᠯᠠᠢ ᠪᠠᠷ ᠠᠪᠤᠷᠠᠨ ᠲᠤᠰᠠᠯᠠᠬᠤ ᠶᠢ ᠴᠢᠬᠤᠯᠠᠴᠢᠯᠠᠬᠤ ᠦᠬᠡᠢ᠃      ᠬᠤᠶᠠᠷ᠂ ᠡᠯ᠎ᠡ ᠬᠤᠯᠪᠤᠭᠳᠠᠯ ᠪᠦᠬᠦᠢ ᠪᠠᠶᠢᠭᠤᠯᠭ᠎ᠠ ᠨᠢᠭᠡᠴᠢ ᠨᠢᠭᠳᠠ ᠬᠠᠷᠢᠯᠴᠠᠨ᠂ ᠵᠤᠬᠢᠴᠠᠭᠤᠯᠭ᠎ᠠ ᠪᠠᠨ ᠴᠢᠩᠭᠠᠳᠬᠠᠬᠤ᠃ ᠲᠤᠲᠤᠭᠠᠳᠤ ᠶᠢ ᠬᠠᠮᠠᠭᠠᠯᠠᠬᠤ᠂ ᠭᠠᠯ ᠰᠡᠷᠬᠡᠶᠢᠯᠡᠬᠦ᠂ ᠤᠰᠤᠨ ᠠᠰᠢᠭᠯᠠᠯᠳᠠ᠂ ᠵᠠᠮ ᠬᠠᠷᠢᠯᠴᠠᠭ᠎ᠠ ᠵᠡᠷᠭᠡ ᠪᠠᠶᠢᠭᠤᠯᠭ᠎ᠠ ᠠᠴᠠ ᠬᠠᠮᠢᠶᠠᠷᠤᠯᠳᠠ ᠪᠠᠨ ᠴᠢᠩᠭᠠᠳᠬᠠᠨ᠂ ᠡᠬᠦᠷᠬᠡ ᠲᠤᠰᠢᠶᠠᠯ ᠢᠶᠠᠨ ᠬᠦᠢᠴᠡᠳᠬᠡᠵᠦ᠂ ᠬᠠᠮᠵᠢᠯᠴᠠᠨ᠂ ᠡᠯ᠎ᠡ ᠵᠦᠢᠯ ᠤᠨ ᠠᠷᠭ᠎ᠠ ᠠᠪᠴᠤ᠂ ᠰᠤᠷᠤᠭᠴᠢ ᠶᠢᠨ ᠭᠠᠳᠠᠭᠰᠢ ᠭᠠᠷᠴᠤ ᠡᠬᠦᠰᠦᠬᠦ ᠪᠤᠯᠤᠯᠴᠠᠭ᠎ᠠ ᠲᠠᠢ ᠬᠡᠷᠡᠭ ᠢ ᠰᠡᠷᠬᠡᠶᠢᠯᠡᠬᠦ ᠬᠡᠷᠡᠭᠳᠡᠢ᠃ ᠡᠯ᠎ᠡ ᠭᠠᠵᠠᠷ ᠤᠷᠤᠨ᠂ ᠡᠯ᠎ᠡ ᠬᠤᠯᠪᠤᠭᠳᠠᠯ ᠪᠦᠬᠦᠢ ᠪᠠᠶᠢᠭᠤᠯᠭ᠎ᠠ ᠠᠴᠠ ᠷᠠᠳᠢᠤ᠋᠂ ᠲᠧᠯᠸᠢᠰ ᠵᠡᠷᠭᠡ ᠰᠤᠨᠢᠨ ᠮᠳᠡᠬᠡᠨ ᠤ ᠵᠠᠭᠤᠴᠢ ᠪᠠᠷ ᠳᠠᠮᠵᠢᠨ ᠤᠬᠠᠭᠤᠯᠭ᠎ᠠ ᠶᠢᠨ ᠡᠷᠴᠢᠮ ᠢᠶᠠᠨ ᠨᠡᠮᠡᠭᠳᠡᠬᠦᠯᠵᠦ᠂ ᠨᠡᠶᠢᠳᠠ ᠶᠢᠨ ᠠᠰᠠᠷᠠᠮᠵᠢ ᠶᠢᠨ ᠵᠠᠷ ᠮᠡᠳᠡᠭᠡ ᠡᠰᠡᠬᠦᠯ᠎ᠠ ᠦᠰᠦᠭ ᠢ ᠳᠡᠯᠭᠡᠴᠡ ᠳᠡᠭᠡᠷ᠎ᠡ ᠬᠦᠳᠡᠯᠦᠩᠬᠦᠢ ᠳᠡᠯᠬᠡᠵᠦ ᠰᠡᠷᠡᠮᠵᠢᠯᠡᠬᠦᠯᠬᠦ ᠵᠡᠷᠭᠡ ᠪᠠᠷ ᠳᠠᠮᠵᠢᠨ᠂ ᠰᠤᠷᠤᠭᠴᠢ ᠪᠠ ᠠᠬᠠᠮᠠᠳ ᠲᠤ ᠰᠡᠷᠡᠮᠵᠢ ᠶᠢᠨ ᠴᠢᠨᠠᠷ ᠲᠠᠢ ᠤᠬᠠᠭᠤᠯᠭ᠎ᠠ ᠬᠢᠵᠦ ᠂ ᠪᠦᠬᠦ ᠨᠡᠶᠢᠬᠡᠮ ᠢᠶᠠᠷ ᠢᠶᠠᠨ ᠰᠤᠷᠤᠭᠴᠢ ᠶᠢᠨ ᠠᠶᠤᠯᠬᠦᠢ ᠶᠢ ᠬᠠᠮᠵᠢᠯᠴᠠᠨ᠂ ᠡᠯ᠎ᠡ ᠵᠦᠢᠯ ᠤᠨ ᠬᠡᠷᠡᠭ ᠡᠬᠦᠰᠬᠦ ᠠᠴᠠ ᠵᠠᠶᠢᠯᠠᠬᠤ ᠬᠡᠷᠡᠭᠳᠡᠢ᠃      ᠭᠤᠷᠪᠠ᠂ ᠡᠯ᠎ᠡ ᠭᠠᠵᠠᠷ ᠤᠷᠤᠨ᠂ ᠡᠯ᠎ᠡ ᠬᠤᠯᠪᠤᠭᠳᠠᠯ ᠪᠦᠬᠦᠢ ᠪᠠᠶᠢᠭᠤᠯᠭ᠎ᠠ ᠨᠢᠬᠡᠴᠢ ᠠᠴᠠ ᠰᠤᠷᠠᠭ ᠵᠠᠩᠭᠢ ᠮᠡᠳᠡᠬᠦᠯᠦᠨ ᠬᠦᠷᠬᠡᠬᠦ ᠠᠵᠢᠯ ᠢ ᠨᠠᠷᠢᠨ ᠬᠢᠵᠦ᠂ ᠰᠤᠷᠤᠭᠴᠢ ᠶᠢᠨ ᠠᠳᠡᠯ ᠡᠬᠦᠰᠦᠪᠡᠯ᠂ ᠲᠠᠷᠠ ᠲᠤᠤᠷ᠎ᠠ ᠨᠢ ᠮᠡᠳᠡᠬᠦᠯᠵᠦ᠂ ᠪᠤᠷᠤᠭᠤ ᠮᠡᠳᠡᠬᠦᠯᠬᠦ᠂ ᠲᠤᠳᠠᠭᠤ ᠮᠡᠳᠡᠬᠦᠯᠬᠦ᠂ ᠮᠡᠳᠡᠬᠦᠯᠬᠦ ᠦᠬᠡᠢ ᠪᠠᠶᠢᠳᠠᠯ ᠡᠬᠦᠰᠬᠦ ᠶᠢ ᠳᠡᠪᠴᠢᠬᠦ ᠬᠡᠷᠡᠭᠳᠡᠢ᠃        ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠤᠨ ᠠᠯᠪᠠᠨ ᠲᠢᠩᠬᠢᠮ                                           2011 ᠤᠨ ᠤ 8 ᠰᠠᠷ᠎ᠠ ᠶᠢᠨ17᠎ ᠤ ᠡᠳᠤᠷ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号