ᠡᠵᠡᠨ ᠬᠤᠷᠤᠭ᠎ᠠ ᠬᠤᠰᠢᠭᠤᠨ ᠤ ᠵᠠᠰᠠᠭ ᠤᠨ ᠶᠠᠪᠤᠳᠠᠯ ᠤᠨ ᠰᠤᠷᠠᠭ ᠵᠠᠩᠭᠢ ᠶᠢᠨ ᠠᠵᠢᠯ ᠤᠨ ᠲᠦᠷᠢᠮ ᠢ ᠲᠠᠷᠤᠮᠠᠯᠯᠠᠨ ᠲᠠᠷᠬᠠᠭᠠᠬᠤ ᠲᠤᠬᠠᠢ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2011-09-22
                       ᠡᠵᠡᠨ ᠵᠠᠰᠠᠭ ᠠᠯᠪᠠᠨ ᠲᠠᠷᠬᠠᠭᠠᠬᠤ ﹇2011﹈ 111 ᠳ᠋ᠤᠭᠠᠷ ᠲᠤᠭᠠᠲᠤᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠬᠤᠰᠢᠭᠤ ᠠᠷᠠᠳ ᠤᠨ ᠵᠠᠰᠠᠭ ᠤᠨ ᠤᠷᠳᠤᠨ ᠤ ᠡᠯ᠎ᠡ ᠪᠠᠶᠢᠭᠤᠯᠭ᠎ᠠ᠂ ᠡᠯ᠎ᠡ ᠰᠢᠭᠤᠳ ᠬᠠᠷᠢᠶ᠎ᠠ ᠨᠢᠭᠡᠴᠡ᠄      ᠵᠠᠰᠠᠭ ᠤᠨ ᠶᠠᠪᠤᠳᠠᠯ ᠤᠨ ᠰᠤᠷᠠᠭ ᠵᠠᠩᠬᠢ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠤᠯᠠᠲᠠ ︽2011 ᠤᠨ ᠤ ᠪᠦᠬᠦ ᠬᠤᠲᠠ ᠶᠢᠨ ᠵᠠᠰᠠᠭ ᠤᠨ ᠶᠠᠪᠤᠳᠠᠯ ᠤᠨ ᠰᠤᠷᠠᠭ ᠵᠠᠩᠬᠢ ᠶᠢ ᠮᠡᠳᠡᠭᠦᠯᠵᠦ ᠬᠦᠷᠭᠡᠬᠦ ᠭᠤᠤᠯᠳᠠᠯᠭ᠎ᠠ ᠶᠢ ᠲᠠᠷᠤᠮᠠᠯᠯᠠᠨ ᠲᠠᠷᠬᠠᠭᠠᠬᠤ ᠲᠤᠬᠠᠢ ᠤᠷᠳᠤᠰ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠮᠡᠳᠡᠭᠳᠡᠯ︾ ︵ᠤᠷᠳᠤᠰ ᠵᠠᠰᠠᠭ ᠠᠯᠪᠠᠨ ᠲᠠᠷᠬᠠᠭᠠᠭᠰᠠᠨ ﹇2011﹈ 34 ᠳ᠋ᠤᠬᠡᠷ ᠲᠤᠭᠠᠲᠤ᠂ ︽ᠵᠠᠰᠠᠭ ᠤᠨ ᠶᠠᠪᠤᠳᠠᠯ ᠤᠨ ᠰᠤᠷᠠᠭ ᠵᠠᠩᠭᠢ ᠶᠢᠨ ᠠᠵᠢᠯ ᠢ ᠬᠠᠷᠢᠭᠤᠴᠠᠭᠴᠢ ᠬᠦᠮᠦᠨ ᠢ ᠲᠤᠳᠤᠷᠬᠠᠶᠢᠯᠠᠬᠤ ᠲᠤᠬᠠᠢ ᠤᠷᠳᠤᠰ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠭᠢᠮ ᠤᠨ ᠮᠡᠳᠡᠭᠳᠡᠯ︾ ︵ᠤᠷᠳᠤᠰ ᠵᠠᠰᠠᠭ ᠠᠯᠪᠠᠨ ᠵᠠᠬᠢᠳᠠᠯ ﹇2011﹈ 119 ᠳ᠋ᠤᠬᠡᠷ ᠲᠤᠭᠠᠲᠤ︶ ᠪᠤᠯᠤᠨ ︽2011 ᠤᠨ ᠤ ᠰᠤᠷᠠᠭ ᠵᠠᠩᠬᠢ ᠮᠡᠳᠡᠭᠦᠯᠵᠦ ᠬᠦᠷᠭᠡᠬᠦ ᠠᠵᠢᠯ ᠢ ᠤᠯᠠᠮ ᠨᠢᠭᠡ ᠠᠠᠯᠬᠤᠮ ᠰᠠᠶᠢᠳᠤᠷ ᠬᠢᠬᠦ ᠲᠤᠬᠠᠢ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ︾ ︵ᠡᠵᠡᠨ ᠵᠠᠰᠠᠭ ᠠᠯᠪᠠᠨ ᠲᠠᠷᠬᠠᠭᠠᠬᠤ ﹇2011﹈ 39 ᠳ᠋ᠤᠬᠡᠷ ᠲᠤᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠦᠨᠳᠦᠰᠦᠯᠡᠵᠦ᠂ ᠬᠤᠰᠢᠭᠤ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠭᠦᠯᠦᠭᠡᠳ᠂ ᠡᠳᠦᠭᠡ ︽ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠵᠠᠰᠠᠭ ᠤᠨ ᠶᠠᠪᠤᠳᠠᠯ ᠤᠨ ᠰᠤᠷᠠᠭ ᠵᠠᠩᠬᠢ ᠶᠢᠨ ᠠᠵᠢᠯ ᠤᠨ ᠲᠦᠷᠢᠮ︾ ᠲᠠ ᠨᠠᠷ ᠲᠤ ᠲᠠᠷᠤᠮᠠᠯᠯᠠᠨ ᠲᠠᠷᠬᠠᠭᠠᠬᠤ ᠶᠢᠨ ᠬᠠᠮᠲᠤ ᠲᠤᠤᠷᠠᠬᠢ ᠮᠡᠲᠦ ᠰᠠᠨᠠᠯ ᠲᠤᠷᠠᠳᠪᠠ᠂ ᠬᠠᠮᠳᠤ ᠳᠤᠨᠢ ᠲᠣᠣᠱᠯᠠᠭᠤᠯᠤᠨ ᠬᠡᠷᠡᠭᠵᠢᠭᠦᠯᠦᠰᠦᠭᠡᠢ᠃      ᠨᠢᠭᠡ᠂ ᠵᠠᠰᠠᠭ ᠤᠨ ᠶᠠᠪᠤᠳᠠᠯ ᠤᠨ ᠰᠤᠷᠠᠭ ᠵᠠᠩᠬᠢ ᠶᠢ ᠮᠡᠳᠡᠭᠦᠯᠵᠦ ᠬᠦᠷᠭᠡᠬᠦ ᠠᠵᠢᠯ ᠢ ᠲᠡᠭᠡᠲᠦ ᠬᠡᠮᠵᠢᠶ᠎ᠠ ᠪᠠᠷ ᠴᠢᠬᠤᠯᠠᠴᠢᠯᠠᠬᠤ ᠬᠡᠷᠡᠭᠲᠠᠢ᠃      ᠵᠠᠰᠠᠭ ᠤᠨ ᠶᠠᠪᠤᠳᠠᠯ ᠤᠨ ᠰᠤᠷᠠᠭ ᠵᠠᠩᠬᠢ ᠪᠤᠯ ᠡᠯ᠎ᠡ ᠱᠠᠲᠤᠨ ᠤ ᠤᠳᠤᠷᠢᠳᠤᠯᠭ᠎ᠠ ᠶᠢᠨ ᠰᠢᠨᠵᠢᠯᠡᠬᠦ ᠤᠬᠠᠭᠠᠨᠴᠢ ᠰᠡᠶᠢᠳᠪᠦᠷᠢᠲᠤ ᠪᠤᠳᠤᠯᠭ᠎ᠠ ᠶᠢᠨ ᠴᠢᠬᠤᠯᠠ ᠪᠤᠯᠬᠤ ᠦᠨᠳᠦᠰᠦᠯᠡᠯ ᠮᠦᠨ᠂ ᠵᠠᠰᠠᠭ ᠤᠨ ᠶᠠᠪᠤᠳᠠᠯ ᠤᠨ ᠰᠤᠷᠠᠭ ᠵᠠᠩᠬᠢ ᠶᠢ ᠮᠡᠳᠡᠬᠦᠯᠵᠦ ᠬᠦᠷᠭᠡᠬᠦ ᠠᠵᠢᠯ ᠢ ᠰᠠᠶᠢᠲᠤᠷ ᠬᠢᠬᠦ ᠨᠢ ᠡᠯ᠎ᠡ ᠱᠠᠲᠤᠨ ᠤ ᠤᠳᠤᠷᠢᠳᠤᠯᠭ᠎ᠠ ᠶᠢᠨ ᠰᠢᠨᠵᠢᠯᠡᠬᠦ ᠤᠬᠠᠭᠠᠨᠴᠢ ᠰᠡᠶᠢᠳᠪᠦᠷᠢᠲᠤ ᠪᠤᠳᠤᠯᠭ᠎ᠠ ᠲᠤᠭᠲᠠᠭᠠᠬᠤ ᠪᠠ ᠠᠵᠢᠯ ᠤᠨ ᠵᠢᠯᠤᠭᠤᠳᠤᠯᠭ᠎ᠠ ᠳᠤ ᠦᠷ᠎ᠡ ᠪᠦᠲᠦᠮᠵᠢ ᠲᠠᠢ᠂ ᠬᠤᠷᠳᠤᠨ ᠱᠠᠯᠠᠮᠠᠭᠠᠢ ᠦᠢᠯᠡᠴᠢᠯᠡᠭᠡ ᠬᠠᠩᠭᠠᠵᠤ ᠪᠤᠯᠤᠨ᠎ᠠ᠃ ᠡᠯ᠎ᠡ ᠪᠠᠯᠭᠠᠰᠤ᠂ ᠡᠯ᠎ᠡ ᠪᠠᠶᠢᠭᠤᠯᠭ᠎ᠠ ᠶᠢᠨ ᠭᠤᠤᠯ ᠪᠤᠯᠬᠤ ᠬᠠᠷᠢᠭᠤᠴᠠᠯᠭᠠᠲᠠᠨ ᠠᠴᠠ ᠵᠠᠰᠠᠭ ᠤᠨ ᠶᠠᠪᠤᠳᠠᠯ ᠤᠨ ᠰᠤᠷᠠᠭ ᠵᠠᠩᠬᠢ ᠶᠢ ᠮᠡᠳᠡᠭᠦᠯᠵᠦ ᠬᠦᠷᠭᠡᠬᠦ ᠠᠵᠢᠯ ᠢ ᠲᠡᠭᠡᠲᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠬᠡ ᠪᠠᠨ ᠲᠠᠰᠤᠷᠠᠯᠳᠠ ᠦᠭᠡᠢ ᠴᠢᠩᠭᠠᠳᠬᠠᠵᠤ᠂ ︽ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠵᠠᠰᠠᠭ ᠤᠨ ᠶᠠᠪᠤᠳᠠᠯ ᠤᠨ ᠰᠤᠷᠠᠭ ᠵᠠᠩᠬᠢ ᠶᠢᠨ ᠠᠵᠢᠯ ᠤᠨ ᠲᠦᠷᠢᠮ︾᠎ ᠤᠨ ᠬᠤᠯᠪᠤᠭᠳᠠᠯ ᠪᠦᠬᠦᠢ ᠴᠢᠩᠭ᠎ᠠ ᠱᠠᠭᠠᠷᠳᠠᠯᠭ᠎ᠠ ᠶᠤᠰᠤᠭᠠᠷ᠂ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠨ᠂ ᠦᠨᠳᠦᠷ ᠴᠢᠨᠠᠷ ᠴᠢᠨᠰᠠᠭ᠎ᠠ᠂ ᠦᠨᠳᠦᠷ ᠬᠢᠷᠢ ᠲᠦᠪᠰᠢᠨ ᠢᠶᠠᠷ ᠡᠯ᠎ᠡ ᠲᠦᠷᠦᠯ ‍ᠣᠨ‌ᠵᠠᠰᠠᠭ ᠤᠨ ᠶᠠᠪᠤᠳᠠᠯ ᠤᠨ ᠰᠤᠷᠠᠭ ᠵᠠᠩᠬᠢ ᠶᠢ ᠮᠡᠳᠡᠭᠦᠯᠦᠨ ᠬᠦᠷᠭᠡᠬᠦ ᠠᠵᠢᠯ ᠢ ᠪᠠᠲᠤᠯᠠᠬᠤ ᠬᠡᠷᠡᠭᠲᠠᠢ᠃      ᠬᠤᠶᠠᠷ᠂ ᠵᠠᠰᠠᠭ ᠤᠨ ᠶᠠᠪᠤᠳᠠᠯ ᠤᠨ ᠰᠤᠷᠠᠭ ᠵᠠᠩᠬᠢ ᠶᠢ ᠮᠡᠳᠡᠭᠦᠯᠵᠦ ᠬᠦᠷᠭᠡᠬᠦ ᠠᠵᠢᠯ ᠤᠨ ᠴᠠᠭ ᠤᠨ ᠴᠢᠨᠠᠷ ᠬᠢᠭᠡᠳ ᠤᠨᠤᠪᠴᠢᠲᠤ ᠴᠢᠨᠠᠷ ᠢ ᠴᠢᠷᠮᠠᠶᠢᠨ ᠲᠡᠭᠡᠭᠰᠢᠯᠡᠬᠦᠯᠬᠦ ᠬᠡᠷᠡᠭᠲᠠᠢ᠃ ︽ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠵᠠᠰᠠᠭ ᠤᠨ ᠶᠠᠪᠤᠳᠠᠯ ᠤᠨ ᠰᠤᠷᠠᠭ ᠵᠠᠩᠬᠢ ᠶᠢᠨ ᠠᠵᠢᠯ ᠤᠨ ᠲᠦᠷᠢᠮ︾᠎ ᠤᠨ ᠲᠤᠮᠳᠠᠬᠢ ᠱᠠᠭᠠᠷᠳᠠᠯᠭ᠎ᠠ ᠶᠤᠰᠤᠭᠠᠷ᠂ ᠡᠯ᠎ᠡ ᠪᠠᠯᠭᠠᠰᠤ᠂ ᠡᠯ᠎ᠡ ᠪᠠᠶᠢᠭᠤᠯᠭ᠎ᠠ ᠶᠢᠨ ᠡᠯ᠎ᠡ ᠵᠠᠩᠭᠢᠯᠠᠭ᠎ᠠ ᠶᠢᠨ ᠬᠠᠷᠢᠭᠤᠴᠠᠯᠲᠠᠨ ᠠᠴᠠ ᠲᠡᠭᠡᠲᠦ ᠬᠡᠮᠵᠢᠶ᠎ᠡ ᠪᠠᠷ ᠬᠠᠷᠢᠭᠤᠴᠠᠬᠤ ᠤᠪᠤᠷ ᠢᠶᠠᠷ ︽ᠭᠤᠤᠯ ᠰᠡᠳᠦᠪ ᠨᠢ ᠢᠯᠡᠷᠬᠡᠢ᠂ ᠦᠵᠡᠯᠲᠡ ᠨᠢ ᠲᠤᠲᠤ᠂ ᠭᠡᠰᠡᠭ ᠪᠠᠳᠠᠭ ᠨᠢ ᠲᠤᠳᠤᠷᠬᠠᠢ᠂ ᠦᠭᠡ ᠨᠢ ᠲᠤᠪᠴᠢ ᠠᠪᠰᠠᠷᠬᠠᠨ︾ ᠪᠠᠶᠢᠬᠤ ᠴᠢᠩᠭ᠎ᠠ ᠱᠠᠭᠠᠷᠳᠠᠯᠭ᠎ᠠ ᠶᠤᠰᠤᠭᠠᠷ᠂ ᠡᠯ᠎ᠡ ᠲᠦᠷᠦᠯ ᠤᠨ ᠵᠠᠰᠠᠭ ᠤᠨ ᠶᠠᠪᠤᠳᠠᠯ ᠤᠨ ᠰᠤᠷᠠᠭ ᠵᠠᠩᠬᠢ ᠶᠢ ᠴᠢᠩᠭ᠎ᠠ ᠬᠢᠨᠠᠵᠤ᠂ ᠴᠠᠭ ᠲᠤᠬᠠᠢ ᠳᠤᠨᠢ ᠮᠡᠳᠡᠭᠦᠯᠬᠦ ᠬᠡᠷᠡᠭᠲᠠᠢ᠃ ᠡᠯ᠎ᠡ ᠲᠦᠷᠦᠯ ᠤᠨ ᠵᠠᠰᠠᠭ ᠤᠨ ᠶᠠᠪᠤᠳᠠᠯ ᠤᠨ ᠰᠤᠷᠠᠭ ᠵᠠᠩᠬᠢ ᠶᠢ ᠬᠠᠮᠤᠭ ᠪᠠᠭ᠎ᠠ ᠬᠠᠭᠤᠳᠠᠰᠤ ᠪᠠᠷ ᠪᠦᠷᠢᠨ ᠪᠦᠳᠦᠨ᠂ ᠤᠨᠤᠪᠴᠢᠲᠠᠢ᠂ ᠴᠠᠭ ᠲᠤᠬᠠᠢ ᠳᠤᠨᠢ ᠰᠤᠷᠠᠭ ᠵᠠᠩᠬᠢ ᠶᠢᠨ ᠠᠭᠤᠯᠭ᠎ᠠ ᠶᠢ ᠢᠯᠡᠳᠬᠡᠬᠦ ᠶᠢ ᠦᠨᠡᠨᠬᠦ ᠪᠠᠲᠤᠯᠠᠵᠤ᠂ ᠰᠤᠷᠠᠭ ᠵᠠᠩᠬᠢ ᠶᠢᠨ ᠬᠦᠴᠦᠨ ᠵᠦᠢᠯ ᠢ ᠤᠷᠬᠢᠭᠳᠠᠭᠤᠯᠵᠤ ᠪᠤᠯᠬᠤ ᠦᠭᠡᠢ᠃      ᠭᠤᠷᠪᠠ᠂ ᠰᠤᠷᠠᠭ ᠵᠠᠩᠬᠢ ᠶᠢᠨ ᠡᠬᠡ ᠪᠢᠴᠢᠭ ᠬᠤᠷᠢᠶᠠᠬᠤ ᠮᠡᠳᠡᠭᠦᠯᠬᠦ ᠬᠦᠷᠭᠡᠬᠦ ᠠᠵᠢᠯ ᠢ ᠨᠠᠷᠢᠨ ᠬᠢᠨᠠᠮᠠᠭᠠᠢ ᠪᠡᠶᠡᠯᠡᠬᠦᠯᠬᠦ ᠬᠡᠷᠡᠭᠲᠠᠢ      ᠡᠯ᠎ᠡ ᠪᠠᠯᠭᠠᠰᠤ᠂ ᠡᠯ᠎ᠡ ᠪᠠᠶᠢᠭᠤᠯᠭ᠎ᠠ ᠶᠢᠨ ᠭᠤᠤᠯ ᠬᠠᠷᠢᠭᠤᠴᠠᠯᠭᠠᠲᠠᠨ ᠠᠴᠠ ᠵᠠᠰᠠᠭ ᠤᠨ ᠶᠠᠪᠤᠳᠠᠯ ᠤᠨ ᠡᠬᠡ ᠪᠢᠴᠢᠭ ᠬᠤᠷᠢᠶᠠᠬᠤ ᠠᠵᠢᠯ ᠢ ᠲᠡᠭᠡᠲᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠤᠰᠬᠠᠢ ᠬᠦᠮᠦᠨ ᠵᠢᠭᠠᠨ ᠲᠤᠭᠲᠠᠭᠠᠵᠤ᠂ ᠰᠤᠷᠠᠭ ᠵᠠᠩᠬᠢ ᠶᠢᠨ ᠡᠬᠡ ᠪᠢᠴᠢᠭ ᠬᠤᠷᠢᠶᠠᠬᠤ ᠪᠤᠳᠠᠲᠠᠢ ᠱᠠᠭᠠᠷᠳᠠᠯᠭ᠎ᠠ ᠶᠢ ᠦᠨᠳᠦᠰᠦᠯᠡᠵᠦ᠂ ᠲᠤᠭᠲᠠᠭᠰᠠᠨ ᠴᠠᠭ ᠤᠨ ᠲᠤᠳᠤᠷ᠎ᠠ ᠬᠡᠷᠡᠭᠴᠡᠭᠡ ᠪᠦᠬᠦᠢ ᠮᠠᠲ᠋ᠧᠷᠢᠶᠠᠯ ᠢᠶᠠᠨ ᠴᠢᠨᠠᠷ ᠲᠤᠭ᠎ᠠ ᠶᠢ ᠪᠠᠲᠤᠯᠠᠨ ᠬᠤᠰᠢᠭᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠲᠤ ᠮᠡᠳᠡᠭᠦᠯᠦᠨ ᠬᠦᠷᠭᠡᠬᠦ ᠬᠡᠷᠡᠭᠲᠠᠢ᠃                                         2011 ᠤᠨ ᠤ 9 ᠰᠠᠷ᠎ᠠ ᠶᠢᠨ 22᠎ ᠤᠨ ᠡᠳᠦᠷᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠵᠠᠰᠠᠭ ᠤᠨ ᠶᠠᠪᠤᠳᠠᠯ ᠤᠨ ᠰᠤᠷᠠᠭ ᠵᠠᠩᠬᠢ ᠶᠢᠨ ᠠᠵᠢᠯ ᠤᠨ ᠲᠦᠷᠢᠮ      ᠪᠦᠬᠦ ᠬᠤᠰᠢᠭᠤᠨ ᠤ ᠵᠠᠰᠠᠭ ᠤᠨ ᠶᠠᠪᠤᠳᠠᠯ ᠤᠨ ᠰᠤᠷᠠᠭ ᠵᠠᠩᠬᠢ ᠶᠢᠨ ᠠᠵᠢᠯ ᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠰᠤᠷᠠᠭ ᠵᠠᠩᠬᠢ ᠶᠢᠨ ᠠᠵᠢᠯ ᠤᠨ ᠲᠦᠷᠢᠮᠵᠢᠯᠲᠡ ᠰᠢᠨᠵᠢᠯᠡᠬᠦ ᠤᠬᠠᠭᠠᠨᠴᠢᠯᠠᠯᠲᠠ᠂ ᠵᠢᠷᠦᠮᠵᠢᠯᠲᠠ ᠶᠢ ᠴᠢᠷᠮᠠᠶᠢᠨ ᠪᠠᠶᠡᠯᠡᠭᠦᠯᠵᠦ᠂ ᠵᠠᠰᠠᠭ ᠤᠨ ᠶᠠᠪᠤᠳᠠᠯ ᠤᠨ ᠰᠤᠷᠠᠭ ᠵᠠᠩᠬᠢ ᠶᠢᠨ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠲᠡᠭᠡᠭᠰᠢᠯᠡᠭᠦᠯᠦᠨ᠂ ᠦᠨᠳᠦᠷ ᠦᠷ᠎ᠡ ᠪᠦᠲᠦᠮᠵᠢ᠂ ᠲᠦᠷᠭᠡᠨ ᠠᠶᠢᠵᠢᠮ ᠪᠠᠷ ᠡᠯ᠎ᠡ ᠱᠠᠲᠤᠨ ᠤ ᠣᠳᠣᠷᠢᠳᠣᠯᠭ᠎ᠠ ᠶᠢᠨ ᠰᠢᠨᠵᠢᠯᠡᠬᠦ ᠤᠬᠠᠭᠠᠨᠴᠢ ᠰᠡᠶᠢᠳᠪᠦᠷᠢᠲᠤ ᠪᠤᠳᠤᠯᠭ᠎ᠠ ᠲᠤᠭᠲᠠᠭᠠᠬᠤ ᠪᠠ ᠠᠵᠢᠯ ᠤᠨ ᠵᠢᠯᠤᠭᠤᠳᠤᠯᠭ᠎ᠠ ᠳᠤ ᠦᠢᠯᠡᠴᠢᠯᠡᠬᠦ ᠶᠢᠨ ᠲᠤᠯᠠᠲᠠ᠂ ᠲᠤᠰ ᠲᠦᠷᠢᠮ ᠢ ᠤᠨᠴᠣᠭᠤᠶᠢᠯᠠᠨ ᠲᠤᠭᠲᠠᠭᠠᠪᠠ᠃      ᠨᠢᠭᠡ᠂ ᠰᠤᠷᠠᠭ ᠵᠠᠩᠬᠢ ᠮᠡᠳᠡᠭᠦᠯᠵᠦ ᠬᠦᠷᠭᠡᠬᠦ      ᠵᠠᠰᠠᠭ ᠤᠨ ᠶᠠᠪᠤᠳᠠᠯ ᠤᠨ ᠰᠤᠷᠠᠭ ᠵᠠᠩᠬᠢ ᠪᠤᠯ ᠠᠵᠤ ᠠᠬᠤᠢ ᠪᠠ ᠨᠡᠶᠢᠬᠡᠮ ᠤᠨ ᠠᠮᠢᠳᠤᠷᠠᠯ ᠲᠤᠮᠲᠠ ᠠᠴᠠ ᠴᠤᠭᠯᠠᠭᠤᠯᠵᠤ᠂ ᠵᠠᠳᠠᠯᠵᠤ᠂ ᠮᠡᠬᠡᠯᠡᠵᠦ ᠭᠠᠷᠭᠠᠭᠰᠠᠨ᠂ ᠬᠤᠰᠢᠭᠤ ᠵᠠᠰᠠᠭ ᠤᠨ ᠤᠷᠳᠤᠨ ᠤ ᠤᠳᠤᠷᠢᠳᠤᠯᠭ᠎ᠠ ᠶᠢᠨ ᠰᠡᠶᠢᠳᠪᠦᠷᠢᠲᠦ ᠪᠤᠳᠤᠯᠭ᠎ᠠ ᠲᠤᠭᠲᠠᠭᠠᠬᠤ ᠵᠢᠴᠢ ᠠᠵᠢᠯ ᠤᠨ ᠵᠢᠯᠤᠭᠤᠳᠤᠯᠭ᠎ᠠ ᠳᠤ ᠦᠢᠯᠡᠴᠢᠯᠡᠬᠦ ᠶᠢ ᠪᠡᠶᠡᠯᠡᠬᠦᠯᠬᠦ ᠰᠤᠷᠠᠭ ᠵᠠᠩᠬᠢ ᠪᠤᠯᠤᠨ᠎ᠠ᠃ ᠡᠭᠦᠨ ᠳᠤ ᠭᠤᠤᠯᠳᠠᠭᠤ᠄      ︵ᠨᠢᠭᠡ︶ ᠲᠡᠭᠡᠷ᠎ᠡ ᠱᠠᠲᠤᠨ ᠤ ᠨᠠᠮ ᠤᠨ ᠬᠤᠷᠢᠶ᠎ᠠ᠂ ᠵᠰᠠᠭ ᠤᠨ ᠤᠷᠳᠤᠨ ᠪᠤᠯᠤᠨ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠴᠢᠬᠤᠯᠠ ᠶᠡᠭᠡ ᠰᠡᠶᠢᠳᠪᠦᠷᠢᠲᠤ ᠪᠤᠳᠤᠯᠭ᠎ᠠ᠂ ᠠᠵᠢᠯ ᠤᠨ ᠴᠢᠭᠯᠡᠯᠲᠡ ᠠᠵᠢᠯ ᠤᠨ ᠪᠠᠶᠢᠷᠢᠯᠠᠭᠤᠯᠤᠯᠲᠠ᠂ ᠬᠤᠷᠠᠯ ᠤᠨ ᠪᠢᠴᠢᠭ ᠮᠡᠲ᠋ᠧᠷᠢᠶᠠᠯ ᠤᠨ ᠵᠤᠷᠢᠭ ᠰᠠᠨᠠᠭ᠎ᠠ ᠶᠢ ᠰᠤᠷᠤᠯᠴᠠᠵᠤ᠂ ᠲᠤᠤᠱᠠᠯᠠᠭᠤᠯᠤᠨ ᠨᠡᠶᠢᠳᠠᠪᠤᠷᠢᠵᠢᠭᠤᠯᠤᠭᠰᠠᠨ ᠪᠠᠶᠢᠳᠠᠯ ᠢ ᠬᠠᠷᠢᠭᠤ ᠲᠤᠰᠬᠠᠵᠤ ᠲᠠᠮᠵᠢᠭᠤᠯᠤᠨ᠎ᠠ᠃      ︵ᠬᠤᠶᠠᠷ︶ ᠲᠡᠭᠡᠷ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠤᠳᠤᠷᠢᠳᠤᠯᠭ᠎ᠠ ᠣᠳᠣᠬᠠᠨ ᠤ ᠠᠩᠬᠠᠷᠴᠤ ᠪᠠᠶᠢᠭ᠎ᠠ ᠴᠢᠬᠤᠯᠠ ᠠᠰᠠᠭᠤᠳᠠᠯ᠂ ᠠᠵᠢᠯ ᠤᠨ ᠲᠤᠮᠳᠠᠬᠢ ᠬᠦᠴᠢᠷ ᠲᠠᠢ ᠠᠰᠠᠭᠤᠳᠠᠯ᠂ ᠤᠯᠠᠨ ᠲᠦᠮᠡᠨ ᠤ ᠬᠠᠯᠠᠮᠵᠢᠯᠠᠵᠤ ᠪᠠᠶᠢᠭ᠎ᠠ ᠠᠩᠬᠠᠷᠤᠯ ᠲᠠᠢ ᠠᠰᠠᠭᠤᠳᠠᠯ ᠬᠢᠭᠡᠳ ᠪᠦᠬᠦ ᠲᠠᠯ᠎ᠠ ᠳᠤ ᠵᠤᠬᠢᠬᠤ ᠨᠦᠯᠦᠭᠡ ᠎ ᠲᠠᠢ ᠬᠠᠨᠳᠤᠯᠭᠠᠲᠤ ᠴᠢᠨᠠᠷ᠂ ᠢᠯᠡᠷᠡᠯ ᠤᠨ ᠴᠢᠨᠠᠷ ᠲᠠᠢ ᠠᠰᠠᠭᠤᠳᠠᠯ ᠪᠤᠯᠤᠨ᠎ᠠ᠃      ( ᠭᠤᠷᠪᠠ) ᠡᠯ᠎ᠡ ᠪᠠᠯᠭᠠᠰᠤ᠂ ᠡᠯ᠎ᠡ ᠪᠠᠶᠢᠭᠤᠯᠭ᠎ᠠ ᠤᠨ ᠭᠤᠤᠯ ᠪᠤᠯᠬᠤ ᠠᠵᠢᠯ ᠤᠨ ᠪᠠᠶᠢᠳᠠᠯ᠂ ᠪᠦᠬᠦ ᠲᠠᠯ᠎ᠠ ᠎ ᠶᠢᠨ ᠴᠢᠨᠠᠷ ᠲᠠᠢ ᠠᠵᠢᠯ ᠤᠨ ᠪᠠᠶᠢᠷᠢᠯᠠᠭᠤᠯᠤᠯᠲᠠ᠂ ᠠᠵᠢᠯ ᠤᠨ ᠠᠬᠢᠴᠠ ᠶᠢᠨ ᠪᠠᠶᠢᠳᠠᠯ ᠪᠤᠯᠤᠨ ᠠᠵᠢᠯ ᠤᠨ ᠲᠤᠮᠳᠠᠬᠢ ᠠᠰᠠᠭᠤᠳᠠᠯ ᠬᠢᠭᠡᠳ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠪᠠᠭᠤᠯᠭᠠᠭᠰᠠᠨ ᠡᠯ᠎ᠡ ᠲᠦᠷᠦᠯ ᠤᠨ ᠭᠤᠤᠯᠳᠠᠯᠭᠠᠲᠤ ᠠᠵᠢᠯ ᠪᠤᠯᠤᠨ ᠬᠠᠷᠠᠯᠲᠠᠲᠤ ᠬᠠᠷᠢᠭᠤᠴᠠᠯᠭ᠎ᠠ ᠶᠢᠨ ᠠᠵᠢᠯ ᠢ ᠦᠷᠨᠢᠭᠦᠯᠦᠭᠰᠡᠨ ᠪᠠᠶᠢᠳᠠᠯ      ︵ᠲᠦᠷᠪᠡ︶ ᠦᠭᠡᠷᠡᠴᠢᠯᠡᠯᠲᠡ ᠨᠡᠭᠡᠭᠡᠯᠲᠡ᠂ ᠠᠵᠤ ᠠᠬᠤᠢ ᠶᠢᠨ ᠬᠦᠭᠵᠢᠯᠲᠠ ᠪᠤᠯᠤᠨ ᠤᠶᠤᠨ ᠤ ᠪᠤᠯᠪᠠᠰᠦᠨ ᠤ ᠪᠠᠶᠢᠭᠤᠯᠤᠲᠠ ᠶᠢᠨ ᠲᠤᠮᠲᠠ ᠪᠤᠢ ᠪᠤᠯᠤᠭᠰᠠᠨ ᠰᠢᠨ᠎ᠡ ᠪᠠᠶᠢᠳᠠᠯ᠂ ᠰᠢᠨ᠎ᠡ ᠲᠤᠷᠰᠢᠯᠭ᠎ᠠ᠂ ᠰᠢᠨ᠎ᠡ ᠡᠵᠡᠩᠨᠡᠬᠦ ᠵᠢᠴᠢ ᠨᠡᠶᠢᠳᠡᠯᠢᠭ ᠴᠢᠨᠠᠷ ᠲᠠᠢ ᠴᠢᠬᠤᠯᠠ ᠪᠠᠶᠢᠳᠠᠯ᠃     ( ᠲᠠᠪᠤ︶ ᠴᠢᠬᠤᠯᠠ ᠶᠡᠭᠡ ᠨᠡᠶᠢᠬᠡᠮ ᠤᠨ ᠪᠠᠶᠢᠳᠠᠯ᠂ ᠬᠢᠵᠢᠭ ᠤᠨ ᠪᠠᠶᠢᠳᠠᠯ᠂ ᠬᠦᠨᠳᠦ ᠴᠢᠬᠤᠯᠠ ᠪᠠᠶᠢᠭᠠᠯᠢ ᠎ ᠶᠢᠨ ᠭᠠᠮᠰᠢᠭ᠂ ᠬᠦᠨᠳᠦ ᠶᠡᠭᠡ ᠠᠳᠡᠯ ᠵᠡᠷᠭᠡ ᠭᠡᠨᠡᠳᠲᠡ ᠶᠢᠨ ᠴᠢᠨᠠᠷ ᠲᠠᠢ ᠤᠯᠠᠨ ᠨᠡᠶᠢᠲᠡ ᠶᠢᠨ ᠬᠡᠷᠡᠭ ᠤᠴᠢᠷ ᠤᠨ ᠲᠠᠯ᠎ᠠ ᠪᠠᠷ ᠬᠢ ᠪᠠᠶᠢᠳᠠᠯ᠃      ︵ᠵᠢᠷᠭᠤᠭ᠎ᠠ︶ ᠨᠡᠶᠢᠬᠡᠮ ᠤᠨ ᠡᠯ᠎ᠡ ᠡᠳᠡᠭᠡᠳ ᠬᠢᠭᠡᠳ ᠺᠠᠳᠠᠷ ᠤᠯᠠᠨ ᠲᠦᠮᠡᠨ ᠠᠴᠠ ᠡᠯ᠎ᠡ ᠲᠠᠯ᠎ᠠ ᠶᠢᠨ ᠪᠠᠶᠢᠳᠠᠯ ᠤᠨ ᠴᠢᠬᠤᠯᠠ ᠲᠤᠰᠬᠠᠯ ᠪᠠ ᠰᠠᠨᠠᠯ᠃      ︵ᠲᠤᠯᠤᠭ᠎ᠠ︶ ᠴᠢᠬᠤᠯᠠ ᠪᠤᠯᠬᠤ ᠨᠡᠶᠢᠬᠡᠮ ᠤᠨ ᠬᠦᠳᠠᠯᠦᠯ ᠵᠢᠴᠢ ᠯᠠᠪᠯᠠᠯᠲᠠ ᠶᠢᠨ ᠦᠨ᠎ᠡ ᠦᠷᠳᠡᠭ ᠲᠠᠢ ᠭᠠᠳᠠᠨ᠎ᠠ ᠭᠠᠵᠠᠷ ᠤᠨ ᠰᠤᠷᠠᠭ ᠵᠠᠩᠬᠢ᠃      ︵ᠨᠡᠢᠮᠠ︶ ᠲᠡᠭᠡᠷ᠎ᠡ ᠱᠠᠲᠤᠨ ᠤ ᠵᠠᠰᠠᠭ ᠤᠨ ᠤᠷᠳᠤᠨ ᠪᠤᠯᠤᠨ ᠤᠳᠤᠷᠢᠳᠤᠯᠭ᠎ᠠ ᠳᠤ ᠬᠠᠩᠭᠠᠬᠤ ᠴᠢᠬᠤᠯᠠ ᠎ ᠲᠠᠢ ᠪᠤᠰᠤᠳ ᠰᠤᠷᠠᠭ ᠵᠠᠩᠬᠢ᠃      ᠬᠤᠶᠠᠷ᠂ ᠰᠤᠷᠠᠭ ᠵᠠᠩᠬᠢ‌‍ᠶᠢ ᠮᠡᠳᠡᠭᠦᠯᠵᠦ ᠬᠦᠷᠭᠡᠬᠦ ᠵᠠᠷᠴᠢᠮ      ᠵᠠᠰᠠᠭ ᠤᠨ ᠶᠠᠪᠤᠳᠠᠯ ‍ᠤᠨ‌‍ᠰᠤᠷᠠᠭ ᠵᠠᠩᠬᠢ ᠶᠢᠨ ᠠᠵᠢᠯ ᠳᠤ ᠨᠠᠮ ᠤᠨ ᠱᠤᠭᠤᠮ᠂ ᠴᠢᠭᠯᠡᠯᠲᠡ᠂ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠬᠡᠷᠡᠭᠵᠡᠬᠦᠯᠵᠦ᠂ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠴᠢᠩᠭ᠎ᠠ ᠱᠠᠭᠠᠷᠳᠠᠯᠭ᠎ᠠ ᠶᠤᠰᠤᠭᠠᠷ ᠵᠤᠬᠢᠶᠠᠨ ᠪᠠᠶᠢᠭᠤᠯᠤᠨ ᠦᠷᠨᠢᠬᠦᠯᠵᠦ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠎ ᠤ ᠭᠤᠤᠯ ᠠᠵᠢᠯ ᠤᠨ ᠲᠤᠭᠤᠷᠢᠨ ᠳᠤ᠂ ᠦᠨᠡᠨ ᠠᠴᠠ ᠵᠦᠪ ᠢ ᠡᠷᠢᠬᠦ ᠵᠠᠷᠴᠢᠮ ᠢ ᠪᠠᠷᠢᠮᠳᠠᠯᠠᠨ᠂ ᠴᠠᠭ ᠲᠤᠬᠠᠢ ᠎ ᠳᠤᠨᠢ᠂ ᠦᠨᠡᠨ ᠮᠦᠨ ᠢᠶᠠᠷ ᠤᠨᠤᠪᠴᠢᠲᠠᠢ ᠪᠠᠷ ᠮᠡᠳᠡᠭᠦᠯᠵᠦ ᠬᠦᠷᠭᠡᠬᠦ ᠰᠤᠷᠠᠭ ᠵᠠᠩᠬᠢ ᠪᠤᠯᠤᠨ ᠬᠠᠷᠢᠭᠤ ᠲᠤᠰᠬᠠᠬᠤ ᠰᠤᠷᠠᠭ ᠵᠠᠩᠬᠢ ᠪᠠᠨ ᠪᠦᠬᠦ ᠲᠠᠯ᠎ᠠ ᠪᠠᠷ ᠵᠦᠪᠯᠡᠨ ᠬᠠᠪᠰᠤᠷᠬᠤ᠂ ᠦᠢᠯᠡᠴᠢᠯᠡᠬᠦ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠬᠡᠷᠡᠭᠲᠠᠢ᠃      ᠭᠤᠷᠪᠠ᠂ ᠰᠤᠷᠠᠭ ᠵᠠᠩᠬᠢ ᠶᠢᠨ ᠠᠵᠢᠯ ᠤᠨ ᠪᠠᠶᠢᠭᠤᠯᠤᠮᠵᠢ      ᠵᠠᠰᠠᠭ ᠤᠨ ᠤᠷᠳᠤᠨ ᠤ ᠰᠢᠰᠲ᠋ᠧᠮ ᠤᠨ ᠵᠠᠰᠠᠭ ᠤᠨ ᠶᠠᠪᠤᠳᠠᠯ ‍ᠤᠨ‌‍ᠰᠤᠷᠠᠭ ᠵᠠᠩᠬᠢ ᠶᠢᠨ ᠠᠵᠢᠯ ᠳᠤ ᠱᠠᠲᠤ ᠬᠤᠪᠢᠶᠠᠨ ᠬᠠᠮᠢᠶᠠᠷᠤᠯᠲᠠ ᠬᠢᠬᠦ ᠶᠢ ᠬᠡᠷᠡᠭᠵᠡᠭᠦᠯᠵᠦ᠂ ᠬᠤᠰᠢᠭᠤ ᠵᠰᠠᠭ ᠤᠨ ᠤᠷᠳᠤᠨ ᠤ ᠠᠯᠪᠠᠨ ᠬᠡᠷ ᠠᠴᠠ ᠡᠯ᠎ᠡ ᠪᠠᠯᠭᠠᠰᠤ ᠪᠤᠯᠤᠨ ᠬᠤᠰᠢᠭᠤ ᠰᠢᠭᠤᠳ ᠬᠠᠷᠢᠶ᠎ᠠ ᠡᠯ᠎ᠡ ᠪᠠᠶᠢᠭᠤᠯᠭ᠎ᠠ ᠶᠢᠨ ᠰᠤᠷᠠᠭ ᠵᠠᠩᠬᠢ ᠶᠢᠨ ᠠᠵᠢᠯ ᠲᠠᠢ ᠬᠠᠷᠢᠯᠴᠠᠬᠤ ᠪᠠ ᠵᠢᠯᠤᠭᠤᠳᠬᠤ ᠶᠢ ᠬᠠᠷᠢᠭᠤᠴᠠᠨ᠎ᠠ᠂ ᠡᠯ᠎ᠡ ᠪᠠᠯᠭᠠᠰᠤ ᠪᠤᠯᠤᠨ ᠬᠤᠰᠢᠭᠤ ᠰᠢᠭᠤᠳ ᠬᠠᠷᠢᠶ᠎ᠠ ᠡᠯ᠎ᠡ ᠪᠠᠶᠢᠭᠤᠯᠭ᠎ᠠ ᠠᠴᠠ ᠬᠠᠷᠢᠶᠠᠳᠤ ᠨᠢᠭᠡᠴᠡ ᠶᠢᠨ ᠢᠶᠠᠨ ᠰᠤᠷᠠᠭ ᠵᠠᠩᠬᠢ ᠶᠢᠨ ᠠᠵᠢᠯ ᠢ ᠬᠠᠷᠢᠯᠴᠠᠬᠤ ᠪᠠ ᠵᠢᠯᠤᠭᠤᠳᠬᠤ ᠎ ᠶᠢ ᠬᠠᠷᠢᠭᠤᠴᠠᠨ᠎ᠠ᠃ ᠡᠯ᠎ᠡ ᠪᠠᠯᠭᠠᠰᠤ ᠬᠢᠭᠡᠳ ᠬᠤᠰᠢᠭᠤ ᠰᠢᠭᠤᠳ ᠬᠠᠷᠢᠶ᠎ᠠ ᠡᠯ᠎ᠡ ᠪᠠᠶᠢᠭᠤᠯᠭ᠎ᠠ ᠠᠴᠠ ᠲᠤᠰᠬᠠᠢ ᠬᠦᠮᠦᠨ ᠢ ᠵᠢᠭᠠᠨ ᠲᠤᠭᠲᠠᠭᠠᠵᠤ ᠰᠤᠷᠠᠭ ᠵᠠᠩᠬᠢ ᠶᠢᠨ ᠠᠵᠢᠯ ᠢ ᠬᠠᠷᠢᠭᠤᠴᠠᠭᠤᠯᠵᠤ᠂ ᠠᠯᠪᠠᠨ ᠭᠡᠷ ᠠᠴᠠ ᠲᠤᠰ ᠱᠠᠲᠤᠨ ᠤ ᠵᠠᠰᠠᠭ ᠤᠨ ᠤᠷᠳᠤᠨ ᠪᠤᠯᠤᠨ ᠲᠡᠭᠡᠷ᠎ᠡ ᠱᠠᠲᠤᠨ ᠤ ᠵᠠᠰᠠᠭ ᠤᠨ ᠤᠷᠳᠤᠨ ᠳᠤ ᠰᠤᠷᠠᠭ ᠵᠠᠩᠬᠢ ᠬᠠᠩᠭᠠᠬᠤ ᠎ ᠶᠢ ᠭᠤᠤᠯ ᠪᠤᠯᠬᠤ ᠲᠤᠰᠢᠶᠠᠯ ᠢᠶᠠᠨ ᠬᠢᠴᠢᠶᠡᠩᠭᠦᠶᠢᠯᠡᠨ ᠭᠦᠢᠴᠡᠳᠬᠡᠵᠤ  ᠦᠨᠡᠨᠬᠦ ᠬᠡᠷᠡᠭᠵᠡᠬᠦᠯᠬᠦ ᠬᠡᠷᠡᠭᠲᠠᠢ᠃      ᠡᠯ᠎ᠡ ᠱᠠᠲᠤᠨ ᠤ ᠰᠤᠷᠠᠭ ᠵᠠᠩᠬᠢ ᠶᠢᠨ ᠪᠠᠶᠢᠭᠤᠯᠤᠮᠵᠢ ᠶᠢᠨ ᠭᠤᠤᠯ ᠲᠤᠰᠢᠶᠠᠯ ᠬᠠᠷᠢᠭᠤᠴᠠᠯᠭ᠎ᠠ ᠪᠤᠯ᠄      ︵ᠨᠢᠭᠡ︶ ᠲᠡᠭᠡᠷ᠎ᠡ ᠱᠠᠲᠤᠨ ᠤ ᠵᠠᠰᠠᠭ ᠤᠨ ᠤᠷᠳᠤᠨ ᠪᠤᠯᠤᠨ ᠲᠤᠰ ᠱᠠᠲᠤᠨ ᠤ ᠵᠠᠰᠠᠭ ᠤᠨ ᠤᠷᠳᠤᠨ ᠤ ᠱᠠᠭᠠᠷᠳᠠᠯᠭ᠎ᠠ ᠶᠢ ᠦᠨᠳᠦᠰᠦᠯᠡᠵᠦ᠂ ᠲᠤᠰ ᠪᠠᠯᠭᠠᠰᠤ᠂ ᠲᠤᠰ ᠪᠠᠶᠢᠭᠤᠯᠭ᠎ᠠ ᠶᠢᠨ ᠢᠶᠠᠨ ᠪᠤᠲᠠᠲᠠᠢ ᠲᠠᠢ ᠤᠶᠠᠯᠳᠤᠭᠤᠯᠤᠨ᠂ ᠰᠤᠷᠠᠭ ᠵᠠᠩᠬᠢ ᠶᠢᠨ ᠠᠵᠢᠯ ᠤᠨ ᠲᠦᠷᠢᠮ ᠢ ᠰᠤᠳᠤᠯᠤᠨ ᠲᠤᠭᠲᠠᠭᠠᠭᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠡᠭᠦᠯᠦᠨ᠎ᠡ᠃      ︵ᠬᠤᠶᠠᠷ︶ ᠡᠯ᠎ᠡ ᠲᠦᠷᠦᠯ ᠤᠨ ᠰᠤᠷᠠᠭ ᠵᠠᠩᠬᠢ ᠶᠢᠨ ᠠᠵᠢᠯ ᠤᠨ ᠲᠦᠷᠢᠮ ᠢ ᠪᠠᠶᠢᠭᠤᠯᠬᠤ ᠪᠠ ᠪᠦᠷᠢᠨᠰᠢᠭᠦᠯᠵᠦ᠂ ᠰᠤᠷᠠᠭ ᠵᠠᠩᠬᠢ ᠶᠢ ᠴᠤᠭᠯᠠᠭᠤᠯᠬᠤ ᠪᠤᠯᠪᠠᠰᠤᠷᠠᠭᠤᠯᠬᠤ᠂ ᠲᠠᠮᠵᠢᠭᠤᠯᠬᠤ ᠬᠠᠮᠢᠶᠠᠷᠠᠬᠤ ᠵᠡᠷᠭᠡ ᠡᠳᠦᠷ ᠲᠤᠳᠤᠮ ᠤᠨ ᠠᠵᠢᠯ ᠢ ᠰᠠᠶᠢᠲᠤᠷ ᠬᠢᠨ᠎ᠡ᠃      ︵ᠭᠤᠷᠪᠠ︶ ᠰᠤᠷᠠᠭ ᠵᠠᠩᠬᠢ ᠶᠢᠨ ᠲᠤᠳᠤᠭᠠᠲᠤ ᠶᠢᠨ ᠰᠡᠳᠬᠦᠯ ᠢ ᠨᠡᠶᠢᠷᠠᠭᠤᠯᠬᠤ ᠪᠠ ᠭᠡᠰᠡᠭ ᠰᠤᠷᠠᠭ ᠵᠠᠩᠬᠢ ᠎ ᠶᠢ ᠰᠣᠷᠪᠤᠯᠵᠢᠯᠠᠨ ᠪᠢᠴᠢᠬᠦ ᠠᠵᠢᠯ ᠢ ᠬᠠᠷᠢᠭᠤᠴᠠᠨ᠎ᠠ᠃     ︵ᠲᠦᠷᠪᠡ︶ ᠰᠤᠷᠠᠭ ᠵᠠᠩᠬᠢ ᠶᠢᠨ ᠰᠦᠯᠵᠢᠶ᠎ᠡ ᠶᠢ ᠪᠠᠶᠢᠭᠤᠯᠤᠨ ᠪᠦᠷᠢᠨᠰᠢᠭᠦᠯᠬᠦ ᠵᠡᠷᠭᠡ ᠱᠠᠲᠤ ᠬᠤᠪᠢᠶᠠᠨ ᠰᠣᠷᠠᠭ ᠵᠠᠩᠬᠢ ᠶᠢᠨ ᠰᠦᠯᠵᠢᠶ᠎ᠡ ᠶᠢ ᠵᠤᠬᠢᠶᠠᠨ ᠪᠠᠶᠢᠭᠤᠯᠬᠤ᠂ ᠬᠤᠯᠪᠤᠭᠠᠯᠠᠬᠤ ᠪᠠ ᠠᠵᠢᠯ ᠮᠡᠷᠭᠡᠵᠢᠯ ᠤᠨ ᠵᠢᠯᠤᠭᠤᠳᠤᠯᠭ᠎ᠠ ᠬᠢᠬᠦ ᠶᠢ ᠡᠬᠦᠷᠭᠡᠯᠡᠨ᠎ᠡ᠃      ︵ᠲᠠᠪᠤ︶ ᠰᠤᠷᠠᠭ ᠵᠠᠩᠬᠢ ᠶᠢᠨ ᠠᠵᠢᠯ ᠤᠨ ᠲᠤᠷᠰᠢᠯᠭ᠎ᠠ ᠰᠤᠯᠢᠯᠴᠠᠬᠤ᠂ ᠠᠵᠢᠯ ᠮᠡᠷᠭᠡᠵᠢᠯ ᠤᠨ ᠪᠤᠯᠪᠠᠰᠦᠷᠠᠯ ᠵᠢᠴᠢ ᠰᠤᠷᠠᠭ ᠵᠠᠩᠬᠢ ᠶᠢᠨ ᠠᠵᠢᠯ ᠢ ᠰᠢᠯᠭᠠᠨ ᠦᠨᠡᠨᠬᠦ ᠵᠤᠬᠢᠶᠠᠨ ᠪᠠᠶᠢᠭᠤᠯᠤᠨ ᠦᠷᠨᠢᠭᠦᠯᠦᠨ᠎ᠡ᠃      ᠲᠦᠷᠪᠡ᠂ ᠰᠤᠷᠠᠭ ᠵᠠᠩᠬᠢ ᠶᠢᠨ ᠴᠢᠨᠠᠷ ᠴᠢᠨᠰᠠᠭ᠎ᠠ      ᠵᠠᠰᠠᠭ ᠤᠨ ᠶᠠᠪᠤᠳᠠᠯ ᠤᠨ ᠰᠤᠷᠠᠭ ᠵᠠᠩᠬᠢ ᠲᠤᠤᠷ᠎ᠠ ᠵᠢᠭᠰᠠᠭᠠᠭᠰᠠᠨ ᠨᠦᠬᠦᠴᠡᠯ ᠳᠤ ᠨᠡᠶᠢᠴᠡᠬᠦ ᠬᠡᠷᠡᠭᠲᠠᠢ᠃      ︵ᠨᠢᠭᠡ︶ ᠦᠨᠡᠨ ᠠᠴᠠ ᠵᠦᠪ ᠢ ᠡᠷᠢᠵᠦ᠂ ᠪᠤᠰᠤᠳᠴᠢ ᠲᠠᠯ᠎ᠠ ᠶᠢ ᠬᠦᠨᠳᠦᠳᠭᠡᠨ ᠰᠠᠶᠢᠨ ᠪᠤᠯ ᠰᠠᠶᠢᠨ ᠪᠠᠨ ᠮᠡᠳᠡᠭᠦᠯᠵᠦ᠂ ᠮᠠᠭᠤ ᠪᠤᠯ ᠮᠠᠭᠤ ᠪᠠᠨ ᠮᠡᠳᠡᠬᠦᠯᠵᠦ᠂ ᠬᠠᠷᠢᠭᠤ ᠲᠤᠰᠬᠠᠭᠰᠠᠨ ᠤᠴᠢᠷ ᠨᠢ ᠦᠨᠡᠨ ᠮᠠᠭᠠᠳ ᠤᠨᠤᠪᠴᠢᠲᠠᠢ ᠪᠠᠶᠢᠵᠤ᠂ ᠲᠡᠤᠬᠡ ᠪᠤᠯᠤᠨ ᠦᠢᠯᠡᠳᠦᠯᠭᠡ ᠶᠢᠨ ᠰᠢᠯᠭᠠᠯᠲᠠ ᠶᠢ ᠲᠠᠭᠠᠭᠠᠵᠤ ᠲᠡᠶᠢᠯᠬᠦ ᠬᠡᠷᠡᠭᠲᠠᠢ᠃      ︵ᠬᠤᠶᠠᠷ︶ ᠪᠠᠴᠢᠮ ᠬᠡᠷᠡᠭ᠂ ᠴᠢᠬᠤᠯᠠ ᠬᠡᠷᠡᠭ ᠪᠤᠯᠤᠨ ᠭᠡᠨᠡᠳᠲᠡ ᠡᠭᠦᠰᠦᠭᠰᠡᠨ ᠬᠡᠷᠡᠭ ᠢ ᠴᠠᠭ ᠲᠤᠬᠠᠢ ᠳᠤ ᠎ ᠨᠢ ᠮᠡᠳᠡᠭᠦᠯᠦᠨ ᠬᠦᠷᠭᠡᠵᠦ᠂ ᠴᠢᠬᠤᠯᠠ ᠲᠠᠢ ᠦᠶ᠎ᠡ ᠳᠤ ᠦᠷᠭᠦᠯᠵᠢᠯᠡᠨ ᠮᠡᠳᠡᠭᠦᠯᠬᠦ ᠬᠡᠷᠡᠭᠲᠠᠢ᠃      ︵ᠭᠤᠷᠪᠠ︶ ᠭᠤᠤᠯ ᠰᠡᠳᠦᠪ ᠨᠢ ᠲᠤᠳᠤᠷᠠᠭᠤᠨ᠂ ᠠᠭᠤᠯᠭ᠎ᠠ ᠨᠢ ᠲᠦᠪᠯᠡᠷᠡᠭᠦᠨ᠂ ᠦᠰᠦᠭ ᠪᠢᠴᠢᠭ ᠨᠢ ᠲᠤᠪᠴᠢ ᠠᠪᠰᠠᠷᠬᠠᠨ᠂ ᠲᠡᠰ ᠲᠠᠷᠠᠭ᠎ᠠ ᠨᠢ ᠲᠤᠳᠤᠷᠬᠠᠢ ᠪᠠᠶᠢᠵᠤ᠂ ᠲᠤᠭ᠎ᠠ ᠮᠠᠭᠠᠳ᠂ ᠪᠤᠳᠠᠳᠤ ᠵᠢᠱᠢᠶ᠎ᠠ᠂ ᠨᠢᠭᠡᠴᠢ᠂ ᠨᠡᠷ᠎ᠡ ᠲᠤᠮᠢᠶ᠎ᠠ ᠨᠢ ᠠᠯᠢ ᠪᠣᠯᠬᠤ ᠪᠠᠷ ᠤᠨᠤᠪᠴᠢᠲᠠᠢ ᠪᠠᠶᠢᠬᠤ ᠬᠡᠷᠡᠭᠲᠠᠢ᠃ ᠪᠤᠳᠠᠳᠥ ᠪᠠᠶᠢᠳᠠᠯ ᠲᠠᠢ ᠤᠶᠠᠯᠳᠤᠭᠤᠯᠤᠨ᠂ ᠲᠤᠰ ᠪᠠᠯᠭᠠᠰᠤ᠂ ᠲᠤᠰ ᠪᠠᠶᠢᠭᠤᠯᠭ᠎ᠠ ᠢᠶᠠᠨ ᠦᠨᠳᠤᠰᠦᠯᠡᠵᠦ ᠡᠯ᠎ᠡ ᠵᠦᠢᠯ ᠤᠨ ᠪᠠᠶᠢᠳᠠᠯ ᠪᠤᠯᠤᠨ ᠠᠰᠠᠭᠤᠳᠠᠯ ᠢ ᠲᠤᠰᠬᠠᠬᠤ ᠬᠡᠷᠡᠭᠲᠠᠢ᠃      ︵ᠲᠦᠷᠪᠡ︶ ᠲᠤᠰᠬᠠᠭᠰᠠᠨ ᠠᠰᠠᠭᠤᠳᠠᠯ ᠨᠢ ᠲᠡᠭᠡᠲᠦ ᠬᠡᠮᠵᠢᠶᠠᠨ ᠤ ᠪᠠᠶᠢᠵᠤ᠂ ᠬᠦᠨᠵᠡᠭᠡᠢ ᠪᠠᠶᠢᠬᠤ᠂ ᠪᠠᠶᠢᠳᠠᠯ ᠲᠠᠢ᠂ ᠵᠠᠳᠠᠯᠤᠯᠲᠠ ᠲᠠᠢ᠂ ᠲᠦᠰᠦᠭᠡᠯᠡᠯ ᠲᠠᠢ᠂ ᠰᠠᠨᠠᠭᠤᠯᠭ᠎ᠠ ᠲᠠᠢ᠂ ᠴᠢᠨᠠᠷ ᠤᠨ ᠵᠠᠳᠠᠯᠤᠯᠲᠠ ᠲᠠᠢ ᠮᠦᠷᠳᠡᠭᠡᠨ ᠬᠡᠮᠵᠢᠶᠠᠨ ᠤ ᠵᠠᠳᠠᠯᠤᠯᠲᠠ ᠲᠠᠢ ᠪᠠᠶᠢᠬᠤ ᠶᠢ ᠴᠢᠷᠮᠠᠶᠢᠨ ᠪᠡᠶᠡᠯᠡᠬᠦᠯᠬᠦ ᠬᠡᠷᠡᠭᠲᠠᠢ᠃      ︵ᠲᠠᠪᠤ︶ ᠲᠤᠰᠬᠠᠭᠰᠠᠨ ᠪᠠᠶᠢᠳᠠᠯ᠂ ᠠᠰᠠᠭᠤᠳᠠᠯ᠂ ᠠᠵᠢᠯ ᠤᠨ ᠰᠡᠳᠬᠢᠴᠡ᠂ ᠠᠷᠭ᠎ᠠ ᠬᠡᠮᠵᠢᠶ᠎ᠡ᠂ ᠲᠤᠷᠰᠢᠯᠭ᠎ᠠ ᠵᠡᠷᠭᠡ ᠨᠢ ᠠᠯᠢ ᠪᠤᠯᠬᠤ ᠪᠠᠷ ᠰᠢᠨ᠎ᠡ ᠰᠠᠨᠠᠭ᠎ᠠ ᠪᠠᠶᠢᠬᠤ ᠬᠡᠷᠡᠭᠲᠠᠢ᠃     ᠲᠠᠪᠤ᠂ ᠠᠵᠢᠯ ᠤᠨ ᠲᠡᠰ ᠲᠠᠷᠠᠭ᠎ᠠ      ︵ᠨᠢᠭᠡ︶ ᠰᠤᠷᠠᠭ ᠵᠠᠩᠬᠢ ᠶᠢ ᠰᠡᠶᠢᠳᠪᠦᠷᠢᠯᠡᠬᠦ᠃ ᠰᠤᠷᠠᠭ ᠵᠠᠩᠬᠢ ᠶᠢ ᠰᠡᠶᠢᠳᠪᠦᠷᠢᠯᠡᠬᠦ ᠪᠤᠯ ᠰᠤᠷᠠᠭ ᠵᠠᠩᠬᠢ ᠎ ᠶᠢᠨ ᠠᠵᠢᠯ ᠤᠨ ᠨᠢᠭᠡ ᠴᠢᠬᠤᠯᠠ ᠭᠤᠭᠴᠤᠭ᠎ᠠ ᠪᠤᠯᠤᠨ᠎ᠠ᠂ ᠡᠭᠦᠨ ᠳᠤ ᠰᠤᠷᠠᠭ ᠵᠠᠩᠬᠢ ᠴᠤᠭᠯᠠᠭᠤᠯᠬᠤ᠂ ᠰᠢᠭᠰᠢᠬᠦ᠂ ᠪᠤᠯᠪᠠᠰᠣᠷᠠᠭᠤᠯᠬᠤ ᠵᠡᠷᠭᠡ ᠶᠢ ᠪᠠᠭᠲᠠᠭᠠᠨ᠎ᠠ᠃ ᠰᠤᠷᠠᠭ ᠵᠠᠩᠬᠢ ᠴᠤᠭᠯᠠᠭᠤᠯᠬᠤ ᠰᠤᠷᠠᠭ ᠵᠠᠩᠬᠢ ᠶᠢᠨ ᠰᠦᠯᠵᠢᠶ᠎ᠡ ᠳᠤ ᠲᠦᠰᠢᠭᠯᠡᠨ ᠴᠠᠭ ᠲᠤᠬᠠᠢ ᠳᠤ ᠨᠢ ᠡᠯ᠎ᠡ ᠪᠠᠯᠭᠠᠰᠤ᠂ ᠡᠯ᠎ᠡ ᠪᠠᠶᠢᠭᠤᠯᠭ᠎ᠠ ᠶᠢᠨ ᠮᠡᠳᠡᠭᠦᠯᠦᠨ ᠬᠦᠷᠭᠡᠭᠰᠡᠨ ᠰᠤᠷᠠᠭ ᠵᠠᠩᠬᠢ ᠶᠢ ᠬᠤᠷᠢᠶᠠᠩᠭᠤᠶᠢᠯᠠᠨ ᠳ᠋ᠦᠩᠨᠡᠨ᠎ᠡ︔ ᠰᠤᠷᠠᠭ ᠵᠠᠩᠬᠢ ᠶᠢ ᠰᠢᠭᠰᠢᠬᠦ ᠪᠤᠯ ᠴᠤᠭᠯᠠᠭᠤᠯᠤᠭᠰᠠᠨ ᠶᠡᠭᠡ ᠬᠡᠮᠵᠢᠶᠠᠨ ᠎ ᠤ ᠠᠩᠬᠠᠨ ᠤ ᠭᠡᠰᠡᠭ ᠪᠤᠰᠠᠭ ᠰᠤᠷᠠᠭ ᠵᠠᠩᠬᠢ ᠳᠤ ᠲᠦᠷᠦᠯ ᠬᠤᠪᠢᠶᠠᠨ ᠢᠯᠭᠠᠵᠤ᠂ ᠰᠢᠭᠠᠷᠤ ᠶᠢ ᠬᠠᠶᠠᠵᠤ ᠰᠢᠯᠢᠳᠡᠭ ᠎ ᠢ ᠠᠪᠴᠤ᠂ ᠬᠠᠭᠤᠷᠮᠠᠭ ᠢ ᠲᠠᠶᠠᠭᠳᠠᠵᠤ ᠦᠨᠡᠨ ᠢ ᠦᠯᠡᠳᠡᠭᠡᠨ᠂ ᠬᠡᠷᠡᠭᠴᠡᠬᠡᠳᠠᠢ ᠰᠤᠷᠠᠭ ᠵᠠᠩᠬᠢ ᠶᠢ ᠨᠢ‌‍ᠰᠤᠩᠭᠤᠨ᠎ᠠ︔ ᠰᠤᠷᠠᠭ ᠵᠠᠩᠬᠢ ᠶᠢ ᠪᠤᠯᠪᠠᠰᠤᠷᠠᠭᠤᠯᠬᠤ ᠪᠤᠯ ᠰᠢᠭᠰᠢᠵᠦ ᠰᠤᠩᠭᠤᠭᠰᠠᠨ ᠰᠤᠷᠠᠭ ᠵᠠᠩᠬᠢ ᠪᠠᠨ ᠵᠠᠰᠠᠪᠤᠷᠢᠯᠠᠬᠤ᠂ ᠪᠤᠯᠪᠠᠰᠤᠷᠠᠭᠤᠯᠬᠤ᠂ ᠬᠤᠷᠢᠶᠠᠩᠭᠤᠶᠢᠯᠠᠬᠤ ᠶᠡᠷᠦᠩᠬᠡᠶᠢᠯᠡᠬᠦ ᠵᠡᠷᠭᠡ ᠪᠤᠯᠪᠠᠰᠤᠷᠠᠭᠤᠯᠬᠤ ᠰᠶᠢᠳᠪᠦᠷᠢᠯᠡᠯᠲᠡ ᠬᠢᠵᠦ᠂ ᠲᠡᠭᠦᠨ  ᠎ ᠤ ᠪᠤᠳᠠᠲᠤ ᠬᠡᠷᠡᠭ ᠨᠢ ᠤᠨᠤᠪᠴᠢᠲᠠᠢ᠂ ᠦᠰᠦᠭ ᠪᠢᠴᠢᠭ ᠨᠢ ᠨᠠᠷᠢᠨ ᠪᠤᠯᠪᠠᠰᠤᠷᠠᠩᠭᠤᠢ᠂ ᠭᠤᠤᠯ ᠰᠡᠳᠦᠪ ᠎ ᠨᠢ ᠢᠯᠡ ᠲᠤᠳᠤ ᠰᠤᠷᠠᠭ ᠵᠠᠩᠬᠢ ᠪᠤᠯᠭᠠᠨ᠎ᠠ᠃      ︵ᠬᠤᠶᠠᠷ︶ ᠰᠤᠷᠠᠭ ᠵᠠᠩᠬᠢ ᠶᠢ ᠬᠢᠨᠠᠨ ᠲᠠᠷᠬᠠᠭᠠᠬᠤ᠃ ᠰᠤᠷᠠᠭ ᠵᠠᠩᠬᠢ ᠶᠢ ᠲᠠᠷᠬᠠᠭᠠᠬᠤ ᠡᠬᠡ ᠪᠢᠴᠢᠭ ᠢ ᠬᠢᠨᠠᠨ ᠭᠠᠷ ᠤᠨ ᠦᠰᠦᠭ ᠵᠢᠷᠤᠬᠤ ᠲᠦᠷᠢᠮ ᠢ ᠴᠢᠩᠭᠠᠷᠠᠭᠤᠯᠬᠤ ᠬᠡᠷᠡᠭᠲᠠᠢ᠃ ᠰᠣᠷᠠᠭ ᠵᠠᠩᠬᠢ ᠶᠢᠨ ᠡᠬᠡ ᠪᠢᠴᠢᠭ ᠢ ᠲᠠᠷᠤᠮᠠᠯᠯᠠᠨ ᠲᠠᠷᠬᠠᠭᠠᠬᠤ ᠠᠴᠠ ᠡᠮᠤᠨ᠎ᠡ ᠭᠤᠤᠯ ᠬᠠᠮᠢᠶᠠᠷᠠᠬᠤ ᠤᠳᠤᠷᠢᠳᠤᠯᠭ᠎ᠠ ᠠᠴᠠ ᠬᠢᠨᠠᠨ ᠬᠠᠷᠭᠤᠭᠤᠯᠬᠤ᠂ ᠭᠠᠷ ᠎ ᠤᠨ ᠦᠰᠦᠭ ᠵᠢᠷᠤᠬᠤ ᠶᠠᠪᠤᠴᠠ ᠶᠢ ᠦᠩᠭᠡᠷᠡᠭᠡᠬᠦ ᠬᠡᠷᠡᠭᠲᠠᠢ᠃      ︵ᠭᠤᠷᠪᠠ︶ ᠰᠤᠷᠠᠭ ᠵᠠᠩᠬᠢ ᠶᠢ ᠲᠠᠮᠵᠢᠭᠤᠯᠬᠤ᠃ ᠰᠤᠷᠠᠭ ᠵᠠᠩᠬᠢ ᠶᠢ ᠲᠠᠮᠵᠢᠭᠤᠯᠬᠤ ᠪᠤᠯ ᠰᠤᠷᠠᠭ ᠵᠠᠩᠬᠢ ᠎ ᠶᠢᠨ ᠬᠤᠭᠤᠴᠠᠭᠠᠲᠤ ᠦᠢᠯᠡᠳᠦᠯ ᠢ ᠨᠦᠯᠦᠭᠡᠯᠡᠬᠦ ᠴᠢᠬᠤᠯᠠ ᠭᠤᠭᠴᠤᠭ᠎ᠠ ᠪᠤᠯᠤᠨ᠎ᠠ᠃ ᠰᠤᠷᠠᠭ ᠵᠠᠩᠬᠢ ᠶᠢ ᠦᠳᠲᠦᠷ ᠲᠦᠷᠭᠡᠨ᠂ ᠴᠠᠭ ᠲᠤᠬᠠᠢ ᠳᠤ ᠨᠢ ᠲᠠᠮᠵᠢᠭᠤᠯᠬᠤ ᠶᠢ ᠪᠠᠲᠤᠯᠠᠬᠤ ᠶᠢᠨ ᠲᠤᠯᠠᠲᠠ᠂ ᠵᠠᠰᠠᠭ ᠤᠨ ᠤᠷᠳᠤᠨ ᠤ ᠰᠢᠰᠲ᠋ᠧᠮ ᠤᠨ ᠠᠯᠪᠠᠨ ᠭᠡᠷ ᠠᠴᠠ ᠤᠳᠤᠬᠢᠴᠢᠯᠠᠭᠰᠠᠨ ᠠᠯᠪᠠᠯᠠᠬᠤ ᠠᠷᠭ᠎ᠠ ᠬᠡᠷᠡᠭᠯᠡᠭᠦᠷ ᠢ ᠭᠦᠢᠴᠡᠳ ᠠᠰᠢᠭᠯᠠᠨ ᠡᠯ᠎ᠡ ᠭᠤᠭᠴᠤᠭ᠎ᠠ ᠶᠢᠨ ᠠᠯᠪᠠᠨ ᠭᠡᠷ ᠤᠨ ᠠᠵᠢᠯ  ᠎ ᠤᠨ ᠠᠤᠲ᠋ᠠᠴᠢᠯᠠᠯᠲᠠ ᠶᠢ ᠲᠡᠭᠡᠭᠰᠢᠯᠡᠬᠦᠯᠬᠦ ᠬᠡᠷᠡᠭᠲᠠᠢ᠃      1᠂ ᠴᠢᠬᠤᠯᠠ ᠶᠡᠭᠡ ᠨᠡᠶᠢᠬᠡᠮ ᠤᠨ ᠪᠠᠶᠢᠳᠠᠯ᠂ ᠬᠢᠵᠢᠭ ᠤᠨ ᠪᠠᠶᠢᠳᠠᠯ᠂ ᠭᠠᠮᠰᠢᠭ ᠤᠨ ᠪᠠᠶᠢᠳᠠᠯ ᠤᠨ ᠠᠳᠡᠯ ᠵᠡᠷᠭᠡ ᠭᠡᠨᠡᠳᠲᠡ ᠶᠢᠨ ᠴᠢᠨᠠᠷᠲᠠᠢ ᠬᠡᠷᠡᠭ ᠤᠴᠢᠷ ᠤᠨ ᠰᠤᠷᠠᠭ ᠵᠠᠩᠬᠢ ᠶᠢ ᠮᠡᠳᠡᠭᠦᠯᠬᠦ ᠠᠵᠢᠯ ᠳᠤ ︽ᠡᠵᠡᠨ ᠬᠤᠷᠤᠭ᠎ᠠ ᠬᠤᠰᠢᠭᠤᠨ ᠤ ᠭᠡᠨᠡᠳᠲᠡ ᠶᠢᠨ ᠴᠢᠨᠠᠷᠲᠠᠢ ᠬᠡᠷᠡᠭ ᠤᠴᠢᠷ ᠤᠨ ᠰᠤᠷᠠᠭ ᠵᠠᠩᠬᠢ ᠶᠢ ᠮᠡᠳᠡᠭᠦᠯᠬᠦ ᠲᠦᠷᠢᠮ︾᠎ ᠢ ᠬᠡᠷᠡᠭᠵᠢᠬᠦᠯᠦᠨ᠎ᠡ᠃      2᠂ ᠲᠡᠭᠡᠷ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠴᠢᠬᠤᠯᠠ ᠶᠡᠭᠡ ᠠᠵᠢᠯ ᠤᠨ ᠪᠠᠶᠢᠷᠢᠯᠠᠭᠤᠯᠤᠯᠲᠠ ᠶᠢ ᠲᠤᠤᠱᠠᠯᠠᠭᠤᠯᠬᠤ᠂ ᠨᠡᠶᠢᠳᠠᠪᠤᠷᠢᠵᠢᠭᠤᠯᠤᠭᠰᠠᠨ ᠪᠠᠶᠢᠳᠠᠯ᠂ ᠡᠩ ᠤᠨ ᠪᠠᠶᠢᠳᠠᠯ ᠳᠤ᠂ ᠲᠤᠰ ᠪᠠᠯᠭᠠᠰᠤ᠂ ᠲᠤᠰ ᠪᠠᠶᠢᠭᠤᠯᠭ᠎ᠠ ᠠᠴᠠ ᠪᠠᠨ ᠰᠤᠳᠤᠯᠵᠤ ᠲᠤᠬᠢᠷᠠᠭᠤᠯᠤᠭᠰᠠᠨ ᠤ ᠲᠠᠷᠠᠭ᠎ᠠ ᠲᠠᠷᠤᠢ ᠳᠤ ᠨᠢ ᠬᠠᠷᠢᠭᠤ ᠲᠤᠰᠬᠠᠵᠤ᠂ ᠬᠠᠮᠤᠭ ᠤᠳᠠᠭᠠᠨ ᠲᠠᠭᠠᠨ 5 ᠡᠳᠦᠷ ᠠᠴᠠ ᠬᠡᠳᠦᠷᠡᠬᠦᠯᠵᠦ ᠪᠤᠯᠬᠤ ᠦᠭᠡᠢ᠃      3᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠪᠠᠭᠤᠯᠭᠠᠭᠰᠠᠨ ᠵᠢᠯ ᠤᠨ ᠠᠵᠤ ᠠᠬᠤᠢ  ᠨᠡᠶᠢᠬᠡᠮ ᠤᠨ ᠬᠦᠭᠵᠢᠯᠲᠡ ᠶᠢᠨ ᠬᠠᠷᠠᠯᠲᠠᠲᠤ ᠬᠠᠷᠢᠭᠤᠴᠠᠯᠭ᠎ᠠ ᠶᠢ ᠤᠯᠠᠷᠢᠯ ᠪᠦᠷᠢ ᠨᠢᠭᠡ ᠤᠳᠠᠭ᠎ᠠ ᠬᠡᠷᠡᠭᠵᠡᠭᠦᠯᠦᠯᠲᠡ ᠎ ᠶᠢᠨ ᠠᠬᠢᠴᠠ ᠶᠢᠨ ᠪᠠᠶᠢᠳᠠᠯ ᠢ ᠮᠡᠳᠡᠭᠦᠯᠬᠦ ᠬᠡᠷᠡᠭᠲᠠᠢ᠃      4᠂ ᠶᠡᠷᠦᠩᠬᠡᠶᠢᠯᠡᠨ ᠵᠠᠳᠠᠯᠵᠤ ᠰᠣᠳᠤᠯᠬᠤ ᠶᠡᠷᠦᠩᠬᠢ ᠴᠢᠨᠠᠷ ᠲᠠᠢ ᠰᠤᠷᠠᠭ ᠵᠠᠩᠬᠢ᠂ ᠲᠤᠷᠰᠢᠯᠭ᠎ᠠ ᠶᠢᠨ ᠴᠢᠨᠠᠷ ᠎ ᠲᠠᠢ ᠰᠤᠷᠠᠭ ᠵᠠᠩᠬᠢ᠂ ᠱᠠᠲᠤ ᠦᠶ᠎ᠡ ᠪᠦᠷᠢ ᠶᠢᠨ ᠡᠯ᠎ᠡ ᠲᠦᠷᠦᠯ ᠤᠨ ᠭᠤᠤᠯ ᠠᠵᠢᠯ ᠤᠨ ᠠᠬᠢᠴᠠ ᠶᠢᠨ ᠪᠠᠶᠢᠳᠠᠯ ᠬᠢᠭᠡᠳ ᠦᠷᠭᠦᠯᠵᠢᠯᠡᠨ ᠬᠠᠷᠢᠭᠤ ᠲᠤᠰᠬᠠᠬᠤ ᠴᠢᠬᠤᠯᠠ ᠰᠤᠷᠠᠭ ᠵᠠᠩᠬᠢ ᠶᠢ ᠲᠤᠬᠢᠷᠠᠮᠵᠢᠲᠠᠢ ᠴᠠᠭ ᠳᠤ ᠨᠢ ᠮᠡᠳᠡᠭᠦᠯᠵᠦ ᠂ ᠬᠤᠭᠤᠴᠠᠭᠠᠲᠤ ᠦᠢᠯᠡᠳᠦᠯ ᠢ ᠠᠩᠬᠠᠷᠬᠤ ᠬᠡᠷᠡᠭᠲᠠᠢ᠃      ︵ᠲᠦᠷᠪᠡ︶ ᠰᠤᠷᠠᠭ ᠵᠠᠩᠬᠢ ᠶᠢᠨ ᠬᠠᠮᠢᠶᠠᠷᠤᠯᠲᠠ᠃ ᠰᠤᠷᠠᠭ ᠵᠠᠩᠬᠢ ᠶᠢᠨ ᠬᠠᠮᠢᠶᠠᠷᠤᠯᠲᠠ ᠶᠢ ᠲᠡᠮᠳᠡᠭᠯᠡᠬᠦ᠂ ᠪᠦᠷᠢᠳᠬᠡᠭᠦ᠂ ᠨᠡᠶᠢᠳᠡᠯᠡᠬᠦ᠂ ᠡᠪᠬᠡᠮᠡᠯ ᠳᠤ ᠤᠷᠤᠭᠤᠯᠬᠤ ᠪᠠ ᠰᠤᠷᠠᠭ ᠵᠠᠩᠬᠢ ᠶᠢᠨ ᠲᠤᠳᠤᠭᠠᠲᠤ ᠰᠡᠳᠬᠦᠯ ᠤᠨ ᠬᠠᠮᠢᠶᠠᠷᠤᠯᠲᠠ ᠵᠡᠷᠭᠡ ᠶᠢ ᠪᠠᠭᠲᠠᠭᠠᠨ᠎ᠠ᠃ ᠰᠤᠷᠠᠭ ᠵᠠᠩᠬᠢ ᠶᠢ ᠲᠡᠮᠳᠡᠭᠯᠡᠬᠦ᠂ ᠪᠦᠷᠢᠳᠬᠡᠬᠦ ᠠᠵᠢᠯ ᠢ ᠰᠠᠶᠢᠳᠤᠷ ᠬᠢᠵᠦ᠂ ᠬᠤᠷᠢᠶᠠᠭᠰᠠᠨ ᠰᠤᠷᠠᠭ ᠵᠠᠩᠬᠢ ᠪᠠᠨ ᠲᠤᠰ ᠡᠳᠦᠷ ᠨᠢ ᠲᠡᠮᠳᠡᠭᠯᠡᠨ᠎ᠡ︔ ᠴᠤᠭᠯᠠᠭᠤᠯᠬᠤ ᠪᠠ ᠤᠴᠢᠷ ᠬᠡᠷᠡᠭᠯᠡᠬᠦ ᠰᠤᠷᠠᠭ ᠵᠠᠩᠬᠢ ᠳᠠᠭᠠᠨ ᠲᠤᠬᠢᠷᠠᠮᠵᠢᠲᠠᠢ ᠲᠤᠭ᠎ᠠ ᠪᠦᠷᠢᠳᠬᠡᠯ ᠬᠢᠬᠦ ᠶᠢᠨ ᠬᠠᠮᠲᠤ ᠴᠠᠭ ᠲᠤᠬᠠᠢ ᠳᠤ ᠨᠢ ᠨᠡᠶᠢᠳᠡᠯᠡᠨ᠎ᠡ︔ ᠡᠯ᠎ᠡ ᠪᠠᠯᠭᠠᠰᠤ᠂ ᠡᠯ᠎ᠡ ᠪᠠᠶᠢᠭᠤᠯᠭ᠎ᠠ ᠶᠢᠨ ᠠᠯᠪᠠᠨ ᠭᠡᠷ ᠠᠴᠠ ᠬᠤᠰᠢᠭᠤ ᠵᠠᠰᠠᠭ ᠤᠨ ᠤᠷᠳᠤᠨ ᠢ ᠬᠠᠪᠰᠤᠷᠴᠤ ︽ᠡᠵᠡᠨ ᠬᠤᠷᠤᠭ᠎ᠠ ᠵᠠᠰᠠᠭ ᠤᠨ ᠮᠡᠳᠡᠭᠡ︾᠎ ᠶᠢᠨ ᠲᠤᠳᠤᠭᠠᠲᠤ ᠰᠡᠳᠬᠦᠯ ᠢ ᠰᠠᠶᠢᠳᠤᠷ ᠨᠡᠶᠢᠷᠠᠭᠤᠯᠵᠤ᠂ ᠡᠯ᠎ᠡ ᠪᠠᠯᠭᠠᠰᠤ᠂ ᠡᠯ᠎ᠡ ᠪᠠᠶᠢᠭᠤᠯᠭ᠎ᠠ ᠶᠢ ᠱᠠᠭᠠᠷᠳᠠᠵᠤ᠂ ᠭᠠᠷᠠᠭ ᠪᠦᠷᠢ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ ᠲᠤ ᠠᠲᠠᠭ ᠎ ᠲᠠᠭᠠᠨ 2 ᠵᠤᠷᠪᠤᠰ ᠰᠤᠷᠠᠭ ᠵᠠᠩᠬᠢ ᠮᠡᠳᠡᠭᠦᠯᠬᠦ ᠬᠡᠷᠡᠭᠲᠠᠢ᠃      ︵ᠲᠠᠪᠤ︶ ᠰᠤᠷᠠᠭ ᠵᠠᠩᠬᠢ ᠶᠢ ᠪᠠᠶᠢᠴᠠᠭᠠᠨ ᠰᠤᠳᠤᠯᠬᠤ᠃ ᠰᠤᠷᠠᠭ ᠵᠠᠩᠬᠢ ᠶᠢ ᠪᠠᠶᠢᠴᠠᠭᠠᠨ ᠰᠣᠳᠤᠯᠬᠤ ᠠᠵᠢᠯ ᠢ ᠨᠠᠷᠢᠨ ᠬᠢᠨᠠᠮᠠᠭᠠᠢ ᠰᠠᠶᠢᠳᠤᠷ ᠠᠳᠬᠤᠵᠤ᠂ ᠭᠦᠨ ᠲᠠᠪᠬᠤᠷᠭ᠎ᠠ ᠶᠢᠨ ᠰᠤᠷᠠᠭ ᠵᠠᠩᠬᠢ ᠶᠢ ᠤᠯᠵᠤ ᠮᠡᠳᠡᠨ᠂ ᠰᠤᠷᠠᠭ ᠵᠠᠩᠬᠢ ᠶᠢᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠵᠦ᠂ ᠶᠡᠭᠡ ᠬᠡᠮᠵᠢᠶᠠᠨ ᠤ ᠰᠤᠷᠠᠭ ᠵᠠᠩᠬᠢ ᠶᠢᠨ ᠲᠤᠳᠤᠷ᠎ᠠ ᠎ ᠠᠴᠠ ᠲᠡᠭᠡᠷ᠎ᠡ ᠱᠠᠲᠤᠨ ᠤ ᠵᠠᠰᠠᠭ ᠤᠨ ᠤᠷᠳᠤᠨ ᠤ ᠬᠠᠮᠤᠭ ᠠᠴᠠ ᠬᠠᠯᠠᠮᠵᠢᠯᠠᠵᠤ ᠪᠠᠶᠢᠭ᠎ᠠ ᠪᠠ ᠰᠶᠢᠳᠪᠦᠷᠢᠯᠡᠬᠦ ᠴᠢᠬᠤᠯᠠ ᠲᠠᠢ ᠠᠰᠠᠭᠤᠳᠠᠯ ᠳᠤ ᠪᠠᠶᠢᠴᠠᠭᠠᠨ ᠰᠣᠳᠣᠯᠣᠯᠲᠠ ᠬᠢᠬᠦ ᠳᠡᠭᠡᠨ ᠴᠢᠳᠠᠮᠠᠭᠠᠢ ᠪᠠᠶᠢᠵᠤ᠂ ᠲᠡᠭᠡᠷ᠎ᠡ ᠱᠠᠲᠤᠨ ᠤ ᠵᠠᠰᠠᠭ ᠤᠨ ᠣᠷᠳᠣᠨ ᠳᠤ ᠪᠠᠶᠢᠳᠠᠯ ᠲᠠᠢ᠂ ᠵᠠᠳᠠᠯᠣᠯᠲᠠ ᠲᠠᠢ᠂ ᠰᠠᠨᠠᠭᠤᠯᠭ᠎ᠠ ᠲᠠᠢ ᠪᠠᠶᠢᠴᠠᠭᠠᠨ ᠰᠣᠳᠣᠯᠣᠯᠲᠠ ᠶᠢᠨ ᠮᠡᠳᠡᠭᠦᠯᠦᠯᠲᠡ ᠶᠢ ᠬᠠᠩᠭᠠᠬᠤ ᠬᠡᠷᠡᠭᠲᠠᠢ᠃ ᠡᠯ᠎ᠡ ᠪᠠᠯᠭᠠᠰᠤ᠂ ᠡᠯ᠎ᠡ ᠪᠠᠶᠢᠭᠤᠯᠭ᠎ᠠ ᠶᠢᠨ ᠠᠯᠪᠠᠨ ᠭᠡᠷ ᠵᠢᠯ ᠪᠦᠷᠢ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ ᠲᠤ 2᠎ ᠠᠴᠠ ᠲᠡᠭᠡᠭᠰᠢ ᠭᠦᠨᠵᠡᠭᠡᠢ ᠪᠠᠶᠢᠴᠠᠭᠠᠨ ᠰᠤᠳᠤᠯᠤᠯᠲᠠ ᠪᠠᠷ ᠲᠠᠮᠵᠢᠭᠠᠳ ᠪᠦᠷᠢᠯᠳᠦᠭᠰᠡᠨ ᠦᠨᠳᠦᠷ ᠴᠢᠨᠠᠷ ᠴᠢᠨᠰᠠᠭ᠎ᠠ ᠲᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠮᠡᠳᠡᠭᠦᠯᠦᠨ ᠬᠦᠷᠭᠡᠵᠦ᠂ ᠬᠤᠰᠢᠭᠤ ᠵᠠᠰᠠᠭ ᠤᠨ ᠤᠷᠳᠤᠨ ᠤ ᠤᠳᠤᠷᠳᠤᠯᠭ᠎ᠠ ᠶᠢᠨ ᠰᠡᠶᠢᠳᠪᠦᠷᠢᠲᠤ ᠪᠤᠳᠤᠯᠭ᠎ᠠ ᠲᠤᠭᠲᠠᠭᠠᠬᠤ ᠳᠤ ᠯᠠᠪᠯᠠᠯᠲᠠ ᠬᠠᠩᠭᠠᠬᠤ ᠬᠡᠷᠡᠭᠲᠠᠢ᠃     ᠵᠢᠷᠭᠤᠭ᠎ᠠ᠂ ᠠᠵᠢᠯ ᠤᠨ ᠲᠦᠷᠢᠮ      ︵ᠨᠢᠭᠡ︶ ᠲᠡᠭᠡᠭᠰᠢ ᠮᠡᠳᠡᠭᠦᠯᠬᠦ ᠶᠢ ᠬᠢᠨᠠᠵᠤ ᠭᠠᠷ ᠤᠨ ᠦᠰᠦᠭ ᠵᠢᠷᠤᠬᠤ ᠲᠦᠷᠢᠮ᠃ ᠲᠡᠭᠡᠭᠰᠢ ᠮᠡᠳᠡᠭᠦᠯᠬᠦ ᠵᠠᠰᠠᠭ ᠤᠨ ᠶᠠᠪᠤᠳᠠᠯ ᠤᠨ ᠰᠤᠷᠠᠭ ᠵᠠᠩᠬᠢ ᠶᠢ ᠤᠨᠤᠪᠴᠢᠲᠠᠢ᠂ ᠦᠨᠡᠨ ᠮᠠᠭᠠᠳ ᠪᠠᠶᠢᠯᠭᠠᠬᠤ ᠶᠢᠨ ᠲᠤᠯᠠᠲᠠ᠂ ᠪᠦᠬᠦ ᠲᠠᠯ᠎ᠠ ᠶᠢᠨ ᠴᠢᠨᠠᠷ ᠲᠠᠢ ᠬᠤᠯᠪᠤᠭᠲᠠᠬᠤ ᠡᠯ᠎ᠡ ᠲᠦᠷᠦᠯ ᠤᠨ ᠴᠢᠬᠤᠯᠠ ᠪᠤᠯᠬᠤ ᠠᠵᠢᠯ ᠤᠨ ᠲᠤᠬᠢᠷᠠᠭᠤᠯᠤᠯᠲᠠ ᠬᠢᠭᠡᠳ ᠵᠠᠷᠢᠮ ᠴᠢᠬᠤᠯᠠ ᠶᠡᠭᠡ ᠭᠠᠮᠰᠢᠭ᠂ ᠴᠢᠬᠤᠯᠠ ᠬᠡᠷᠡᠭ ᠤᠴᠢᠷ ᠵᠡᠷᠭᠡ ᠶᠢᠨ ᠠᠭᠤᠯᠭ᠎ᠠ ᠲᠠᠢ ᠰᠤᠷᠠᠭ ᠵᠠᠩᠬᠢ ᠶᠢ ᠪᠠᠶᠢᠭᠤᠯᠭ᠎ᠠ ᠶᠢᠨ ᠭᠤᠤᠯ ᠤᠳᠤᠷᠢᠳᠤᠯᠭ᠎ᠠ ᠠᠴᠠ ᠬᠢᠨᠠᠨ ᠬᠠᠷᠭᠤᠭᠤᠯᠵᠤ ᠭᠠᠷ ᠤᠨ ᠦᠰᠦᠭ ᠵᠢᠷᠤᠨ ᠲᠠᠷᠬᠠᠭᠠᠨ᠎ᠠ︔ ᠡᠯ᠎ᠡ ᠲᠦᠷᠦᠯ ᠤᠨ ᠠᠵᠢᠯ ᠤᠨ ᠲᠤᠮᠲᠠ ᠠᠪᠤᠭᠰᠠᠨ ᠬᠢᠬᠦ ᠠᠷᠭ᠎ᠠ᠂ ᠤᠯᠤᠭᠰᠠᠨ ᠲᠤᠷᠰᠢᠯᠭ᠎ᠠ᠂ ᠤᠷᠤᠰᠢᠵᠤ ᠪᠠᠶᠢᠭ᠎ᠠ ᠠᠰᠠᠭᠤᠳᠠᠯ ᠬᠢᠭᠡᠳ ᠡᠯ᠎ᠡ ᠲᠦᠷᠦᠯ ᠤᠨ ᠠᠵᠢᠯ ᠤᠨ ᠱᠠᠲᠤᠴᠢ ᠴᠢᠨᠠᠷ ᠲᠠᠢ ᠠᠬᠢᠴᠠ ᠶᠢᠨ ᠪᠠᠶᠢᠳᠠᠯ ᠤᠨ ᠰᠤᠷᠠᠭ ᠵᠠᠩᠬᠢ ᠶᠢ ᠪᠠᠶᠢᠭᠤᠯᠭ᠎ᠠ ᠶᠢᠨ ᠬᠤᠪᠢᠳᠠᠨ ᠬᠠᠮᠢᠶᠠᠷᠠᠴᠤ ᠪᠠᠶᠢᠭ᠎ᠠ ᠤᠳᠤᠷᠢᠳᠤᠯᠭ᠎ᠠ ᠬᠢᠨᠠᠨ ᠬᠠᠷᠭᠤᠭᠤᠯᠵᠤ ᠭᠠᠷ ᠤᠨ ᠦᠰᠦᠭ ᠵᠢᠷᠦᠵᠦ ᠲᠠᠷᠬᠠᠭᠠᠨ᠎ᠠ᠃ ᠪᠠᠴᠢᠮ ᠴᠢᠬᠤᠯᠠ ᠰᠤᠷᠠᠭ ᠵᠠᠩᠬᠢ ᠶᠢ ᠡᠷᠬᠡᠪᠡᠰᠢ ᠬᠤᠰᠢᠭᠤ ᠠᠷᠠᠳ ᠤᠨ ᠵᠠᠰᠠᠭ ᠎ ᠤᠨ ᠤᠷᠳᠤᠨ ᠠᠴᠠ ᠬᠢᠨᠠᠨ ᠬᠠᠷᠭᠤᠭᠤᠭᠰᠠᠨ ᠤ ᠲᠠᠷᠠᠭ᠎ᠠ ᠲᠡᠭᠡᠭᠰᠢ ᠮᠡᠳᠡᠭᠦᠯᠵᠦ᠂ ᠬᠤᠰᠢᠭᠤ ᠠᠷᠠᠳ ᠤᠨ ᠵᠠᠰᠠᠭ ᠤᠨ ᠤᠷᠳᠤᠨ ᠢᠶᠠᠷ ᠬᠢᠨᠠᠨ ᠬᠠᠷᠭᠤᠭᠤᠯᠤᠭᠰᠠᠨ ᠦᠭᠡᠢ ᠪᠤᠯ᠂ ᠶᠠᠮᠠᠷᠪᠠ ᠨᠢᠭᠡᠴᠡ᠂ ᠬᠤᠪᠢ ᠬᠦᠮᠦᠨ ᠲᠤᠷ᠎ᠠ ᠪᠠᠷ ᠢᠶᠠᠨ ᠱᠠᠲᠤ ᠠᠯᠤᠰᠯᠠᠨ ᠪᠠᠴᠢᠮ ᠴᠢᠬᠤᠯᠠ ᠶᠡᠭᠡ ᠰᠤᠷᠠᠭ ᠵᠠᠩᠬᠢ ᠶᠢ ᠲᠡᠭᠡᠭᠰᠢ ᠮᠡᠳᠡᠭᠦᠯᠵᠦ ᠪᠤᠯᠬᠤ ᠦᠭᠡᠢ᠂ ᠡᠰᠡᠪᠡᠯ ᠬᠤᠯᠪᠤᠭᠳᠠᠯ ᠪᠦᠬᠦᠢ ᠤᠳᠤᠷᠢᠳᠤᠯᠭ᠎ᠠ ᠪᠤᠯᠤᠨ ᠬᠦᠮᠦᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ ᠬᠤᠰᠢᠭᠤ ᠵᠠᠰᠠᠭ ᠎ ᠤᠨ ᠤᠷᠳᠤᠨ ᠤ ᠠᠯᠪᠠᠨ ᠭᠡᠷ ᠠᠴᠠ ᠦᠪᠡᠷᠳᠡᠬᠡᠨ ᠵᠠᠰᠠᠬᠤ ᠤᠷᠤᠨ᠂ ᠬᠤᠳᠠ ᠶᠢᠨ ᠵᠠᠰᠠᠭ ᠤᠨ ᠤᠷᠳᠤᠨ ᠤ ᠰᠦᠯᠵᠢᠶᠡᠨ ᠲᠡᠭᠡᠷ᠎ᠡ ᠲᠡᠭᠡᠭᠰᠢ ᠮᠡᠳᠡᠭᠦᠯᠬᠦ ᠰᠤᠷᠠᠭ ᠵᠠᠩᠬᠢ ᠶᠢ ᠲᠤᠰᠬᠠᠢ ᠰᠤᠷᠠᠭ ᠵᠠᠩᠬᠢ ᠶᠢᠨ ᠨᠠᠷᠢᠨ ᠪᠢᠴᠢᠭᠡᠴᠢ ᠎ ᠠᠴᠠ ᠨᠢᠭᠡᠳᠦᠯᠲᠠᠢ ᠲᠡᠭᠡᠭᠰᠢ ᠮᠡᠳᠡᠭᠦᠯᠦᠨ᠎ᠡ᠃ ᠴᠢᠬᠤᠯᠠ ᠶᠡᠭᠡ ᠠᠳᠡᠯ᠂ ᠭᠡᠨᠡᠳᠲᠡ ᠶᠢᠨ ᠴᠢᠨᠠᠷ ᠬᠡᠷᠡᠭ ᠤᠴᠢᠷ ᠶᠡᠭᠡ ᠴᠢᠬᠤᠯᠠ ᠰᠤᠷᠠᠭ ᠵᠠᠩᠬᠢ ᠶᠢ ᠬᠤᠪᠢᠳᠠᠨ ᠬᠠᠮᠢᠶᠠᠷᠠᠬᠤ ᠬᠤᠰᠢᠭᠤ ᠲᠡᠳ᠋ ᠲᠠᠷᠤᠭ᠎ᠠ ᠡᠰᠡᠭᠦᠯ᠎ᠡ ᠬᠤᠰᠢᠭᠤ ᠲᠠᠷᠤᠭ᠎ᠠ ᠎ ᠶᠢᠨ ᠵᠦᠪᠰᠢᠶᠡᠷᠡᠯ ᠢ ᠤᠯᠤᠭᠰᠠᠨ ᠤ ᠲᠠᠷᠠᠭ᠎ᠠ ᠲᠡᠭᠡᠭᠰᠢ ᠮᠡᠳᠡᠭᠦᠯᠬᠦ ᠬᠡᠷᠡᠭᠲᠠᠢ᠃      ︵ᠬᠤᠶᠠᠷ︶ ᠬᠠᠷᠢᠭᠤᠴᠠᠯᠭ᠎ᠠ ᠨᠡᠬᠡᠮᠵᠢᠯᠡᠬᠦ ᠲᠦᠷᠢᠮ᠃ ᠴᠢᠬᠤᠯᠠ ᠶᠡᠭᠡ ᠭᠠᠮᠰᠢᠭ ᠤᠨ ᠪᠠᠶᠢᠳᠠᠯ ᠬᠢᠭᠡᠳ ᠵᠠᠷᠢᠮ ᠭᠡᠨᠡᠳᠲᠡ ᠡᠭᠦᠰᠦᠭᠰᠡᠨ ᠬᠡᠷᠡᠭ ᠤᠴᠢᠷ ᠤᠨ ᠪᠠᠴᠢᠮ ᠬᠡᠷᠡᠭ ᠢ ᠪᠠᠴᠢᠮ ᠮᠡᠳᠡᠭᠦᠯᠵᠦ᠂ ᠲᠡᠭᠡᠭᠰᠢ ᠮᠡᠳᠡᠭᠦᠯᠬᠦ ᠴᠠᠭ ᠢ ᠴᠢᠩᠭ᠎ᠠ ᠪᠠᠷᠢᠮᠲᠠᠯᠠᠵᠤ ᠵᠠᠰᠠᠭ ᠤᠨ ᠶᠠᠪᠤᠳᠠᠯ ᠤᠨ ᠰᠤᠷᠠᠭ ᠵᠠᠩᠬᠢ ᠶᠢᠨ ᠠᠵᠢᠯ ᠤᠨ ᠲᠤᠭᠲᠠᠭᠠᠯ ᠢ ᠵᠦᠷᠢᠴᠡᠨ ᠂ ᠴᠢᠬᠤᠯᠠ ᠰᠤᠷᠠᠭ ᠵᠠᠩᠬᠢ ᠶᠢ ᠮᠡᠳᠡᠭᠦᠯᠬᠦ ᠦᠭᠡᠢ᠂ ᠤᠰᠤᠯᠳᠠᠵᠤ ᠮᠡᠳᠡᠬᠦᠯᠬᠦ᠂ ᠲᠤᠳᠠᠭᠤ ᠮᠡᠳᠡᠭᠦᠯᠬᠦ᠂ ᠮᠡᠳᠡᠭᠦᠯᠬᠦ ᠨᠢᠭᠤᠬᠤ᠂ ᠪᠤᠷᠤᠭᠤ ᠮᠡᠳᠡᠬᠦᠯᠬᠦ ᠬᠤᠯᠪᠤᠭᠳᠠᠯ ᠪᠦᠬᠦᠢ ᠪᠠᠯᠭᠠᠰᠤ ᠪᠤᠯᠤᠨ ᠪᠠᠶᠢᠭᠤᠯᠭ᠎ᠠ ᠶᠢᠨ ᠰᠤᠷᠠᠭ ᠵᠠᠩᠬᠢ ᠶᠢᠨ ᠠᠵᠢᠯ ᠳᠤ ᠲᠡᠷᠢᠬᠦᠨ ᠢᠶᠠᠷ ᠰᠤᠩᠭᠤᠬᠤ ᠬᠢᠷᠢ ᠭᠡᠮ ᠳᠤ ᠨᠢ ᠬᠦᠴᠦᠨ ᠦᠭᠡᠢ ᠪᠤᠯᠭᠠᠨ᠎ᠠ︔ ᠶᠡᠬᠡᠬᠡᠨ ᠬᠤᠬᠢᠷᠠᠯ ᠪᠤᠶᠤ ᠮᠠᠭᠤ ᠨᠡᠶᠢᠬᠡᠮ ᠤᠨ ᠨᠦᠯᠦᠭᠡ ᠪᠤᠢ ᠪᠤᠯᠭᠠᠭᠰᠠᠨ ᠨᠢᠭᠡᠴᠡ ᠪᠤᠯᠤᠨ ᠬᠤᠪᠢ ᠬᠦᠮᠦᠨ ᠢ ᠨᠡᠶᠢᠳᠡᠯᠡᠨ ᠰᠢᠭᠦᠮᠵᠢᠯᠡᠨ᠎ᠡ︔ ᠪᠤᠳᠠᠲᠤ ᠬᠤᠬᠢᠷᠠᠯ ᠪᠤᠶᠤ ᠬᠦᠨᠳᠦ ᠨᠤᠴᠢᠲᠠᠢ ᠨᠡᠶᠢᠬᠡᠮ ᠤᠨ ᠨᠦᠯᠦᠭᠡ ᠪᠤᠢ ᠪᠤᠯᠭᠠᠭᠰᠠᠨ ᠨᠢᠭᠡᠴᠡ ᠪᠤᠯᠤᠨ ᠬᠤᠪᠢ ᠬᠦᠮᠦᠨ ᠳᠤ ᠵᠤᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠶᠢᠨ ᠰᠢᠢᠳᠬᠡᠯ ᠤᠯᠭᠤᠨ᠎ᠠ᠃      ︵ᠭᠤᠷᠪᠠ︶ ᠰᠤᠷᠠᠭ ᠵᠠᠩᠬᠢ ᠶᠢᠨ ᠪᠤᠯᠵᠤᠬᠤ ᠲᠦᠷᠢᠮ᠃ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ ᠎ ᠠᠴᠠ ᠬᠤᠰᠢᠭᠤ ᠵᠠᠰᠠᠭ ᠤᠨ ᠤᠷᠳᠤᠨ ᠤ ᠭᠤᠤᠯ ᠠᠵᠢᠯ ᠤᠨ ᠲᠤᠭᠤᠷᠢᠨ ᠳᠤ ᠲᠤᠭᠲᠠᠭᠰᠠᠨ ᠬᠤᠭᠤᠴᠠᠭ᠎ᠠ ᠪᠤᠶᠤ ᠬᠤᠭᠤᠴᠠᠭ᠎ᠠ ᠲᠤᠭᠲᠠᠭᠠᠬᠤ ᠦᠭᠡᠢ ᠪᠠᠷ ᠰᠤᠷᠠᠭ ᠵᠠᠩᠬᠢ ᠶᠢᠨ ᠬᠡᠷᠡᠭᠴᠡᠭᠡ ᠭᠤᠤᠯᠳᠠᠯᠭ᠎ᠠ ᠶᠢ ᠲᠠᠷᠬᠠᠭᠠᠬᠤ ᠶᠢᠨ ᠬᠠᠮᠲᠤ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠣᠳᠠᠰᠤ ᠪᠠᠷ ᠪᠤᠯᠵᠤᠬᠤ  ᠪᠡᠶ᠎ᠡ ᠪᠠᠷ ᠢᠶᠠᠨ ᠭᠠᠷᠴᠤ ᠪᠠᠶᠢᠴᠠᠭᠠᠨ ᠰᠣᠳᠣᠯᠬᠤ ᠵᠡᠷᠭᠡ ᠠᠷᠭ᠎ᠠ ᠶᠢ ᠠᠪᠴᠤ᠂ ᠡᠯ᠎ᠡ ᠪᠠᠯᠭᠠᠰᠤ᠂ ᠡᠯ᠎ᠡ ᠪᠠᠶᠢᠭᠤᠯᠭ᠎ᠠ ᠪᠤᠯᠤᠨ ᠰᠤᠷᠠᠭ ᠵᠠᠩᠬᠢ ᠎ ᠶᠢ ᠮᠡᠳᠡᠭᠦᠯᠬᠦ ᠬᠦᠷᠭᠡᠬᠦ ᠬᠦᠮᠦᠨ ᠳᠤ ᠭᠠᠷᠴᠠᠭ ᠭᠠᠷᠭᠠᠵᠤ᠂ ᠱᠠᠭᠠᠷᠳᠠᠯᠭ᠎ᠠ ᠲᠤᠷᠠᠳᠤᠨ᠂ ᠰᠠᠨᠠᠭᠠᠴᠢᠯᠭ᠎ᠠ ᠦᠭᠡᠢ ᠪᠠᠷ ᠰᠤᠷᠠᠭ ᠵᠠᠩᠬᠢ ᠶᠢ ᠬᠦᠯᠢᠶᠡᠵᠦ ᠲᠦᠰᠢᠭᠯᠡᠵᠦ ᠪᠠᠶᠢᠭᠰᠠᠨ ᠢ ᠰᠠᠨᠠᠭᠠᠴᠢᠯᠠᠭ᠎ᠠ ᠪᠠᠨ ᠰᠤᠷᠠᠭ ᠵᠠᠩᠬᠢ ᠶᠢ ᠢᠯᠡᠷᠡᠭᠦᠯᠦᠨ᠂ ᠰᠤᠷᠠᠭ ᠵᠠᠩᠬᠢ ᠶᠢᠨ ᠬᠤᠭᠤᠴᠠᠭᠠᠲᠤ ᠦᠢᠯᠡᠳᠦᠯ ᠢ ᠦᠨᠡᠨᠬᠦ ᠪᠠᠲᠤᠯᠠᠵᠤ᠂ ᠵᠰᠠᠭ ᠤᠨ ᠶᠠᠪᠤᠳᠠᠯ ᠤᠨ ᠰᠤᠷᠠᠭ ᠵᠠᠩᠬᠢ ᠎ ᠶᠢᠨ ᠠᠵᠢᠯ ᠤᠨ ᠴᠢᠨᠠᠷ ᠴᠢᠨᠰᠠᠭ᠎ᠠ ᠶᠢ ᠦᠨᠡᠨᠬᠦ ᠲᠡᠭᠡᠭᠰᠢᠯᠡᠬᠦᠯᠬᠦ ᠬᠡᠷᠡᠭᠲᠠᠢ᠃      ︵ᠲᠦᠷᠪᠡ︶ ᠪᠠᠶᠢᠳᠠᠯ ᠢ ᠨᠡᠶᠢᠳᠡᠯᠡᠬᠦ ᠲᠦᠷᠢᠮ᠃ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ ᠠᠴᠠ ᠬᠤᠭᠤᠴᠠᠭ᠎ᠠ ᠲᠤᠭᠲᠠᠭᠠᠬᠤ ᠦᠭᠡᠢ ᠪᠠᠷ ︽ᠰᠤᠷᠠᠭ ᠵᠠᠩᠬᠢ ᠮᠡᠳᠡᠭᠦᠯᠦᠨ ᠬᠦᠷᠭᠡᠬᠦ ᠪᠠ ᠬᠡᠷᠡᠭᠯᠡᠭᠰᠡᠨ ᠪᠠᠶᠢᠳᠠᠯ ᠢ ᠨᠡᠶᠢᠳᠡᠯᠡᠬᠦ︾᠎ ᠢ ᠨᠡᠶᠢᠷᠠᠭᠤᠯᠤᠨ᠂ ᠡᠯ᠎ᠡ ᠪᠠᠯᠭᠠᠰᠤ᠂ ᠡᠯ᠎ᠡ ᠪᠠᠶᠢᠭᠤᠯᠭ᠎ᠠ ᠶᠢᠨ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ ᠲᠤ ᠰᠤᠷᠠᠭ ᠵᠠᠩᠬᠢ ᠮᠡᠳᠡᠭᠦᠯᠵᠦ ᠬᠦᠷᠭᠡᠬᠦ᠂ ᠬᠡᠷᠡᠭᠯᠡᠭᠰᠡᠨ ᠪᠠᠶᠢᠳᠠᠯ ᠢ ᠦᠨᠳᠦᠰᠦᠯᠡᠨ᠂ ᠪᠦᠬᠦ ᠬᠤᠰᠢᠭᠤᠨ ᠤ ᠵᠠᠰᠠᠭ ᠤᠨ ᠶᠠᠪᠤᠳᠠᠯ ᠤᠨ ᠰᠤᠷᠠᠭ ᠵᠠᠩᠬᠢ ᠶᠢᠨ ᠠᠵᠢᠯ ᠳᠤ ᠬᠡᠮᠵᠢᠶᠡᠯᠡᠭᠰᠡᠨ ᠰᠢᠯᠭᠠᠨ ᠬᠢᠨᠠᠯᠲᠠ ᠦᠷᠨᠢᠬᠦᠯᠵᠦ᠂ ᠵᠢᠯ ᠤᠨ ᠵᠠᠰᠠᠭ ᠤᠨ ᠶᠠᠪᠤᠳᠠᠯ ᠤᠨ ᠰᠤᠷᠠᠭ ᠵᠠᠩᠬᠢ ᠶᠢᠨ ᠠᠵᠢᠯ ᠤᠨ ᠲᠡᠷᠢᠬᠦᠨ ᠤ ᠨᠢᠭᠡᠴᠢ ᠪᠤᠯᠤᠨ ᠲᠡᠷᠢᠬᠦᠨ ᠤ ᠬᠤᠪᠢ ᠬᠦᠮᠦᠨ ᠢ ᠦᠨᠡᠯᠡᠨ ᠰᠤᠩᠭᠤᠵᠤ ᠨᠡᠶᠢᠲᠡᠯᠡᠨ ᠬᠦᠬᠢᠭᠦᠯᠦᠨ᠎ᠡ︔ ᠵᠢᠯ ᠤᠨ ᠵᠠᠰᠠᠭ ᠤᠨ ᠶᠠᠪᠤᠳᠠᠯ ᠎ ᠤᠨ ᠰᠤᠷᠠᠭ ᠵᠠᠩᠬᠢ ᠶᠢ ᠮᠡᠳᠡᠭᠦᠯᠦᠨ ᠬᠦᠷᠭᠡᠭᠰᠡᠨ ᠴᠢᠨᠠᠷ ᠲᠤᠭ᠎ᠠ ᠨᠢ ᠪᠠᠷᠤᠭᠳᠠᠭᠰᠠᠨ ᠪᠠᠯᠭᠠᠰᠤ᠂ ᠪᠠᠶᠢᠭᠤᠯᠭ᠎ᠠ ᠶᠢ ᠨᠢᠭᠲᠠᠯᠠᠨ ᠰᠢᠭᠦᠮᠵᠢᠯᠡᠨ᠎ᠡ᠃      ︵ᠲᠠᠪᠤ︶ ᠠᠵᠢᠯᠯᠠᠬᠤ ᠤᠷᠮᠠᠰᠢᠭᠤᠯᠬᠤ ᠲᠦᠷᠢᠮ᠃ ᠡᠯ᠎ᠡ ᠱᠠᠲᠤᠨ ᠤ ᠡᠯ᠎ᠡ ᠪᠠᠶᠢᠭᠤᠯᠭ᠎ᠠ ᠶᠢᠨ ᠰᠤᠷᠠᠭ ᠵᠠᠩᠬᠢ ᠶᠢᠨ ᠵᠠᠰᠠᠭ ᠤᠨ ᠶᠠᠪᠤᠳᠠᠯ ᠤᠨ ᠰᠤᠷᠠᠭ ᠵᠠᠩᠬᠢ ᠶᠢ ᠮᠡᠳᠡᠭᠦᠯᠦᠨ ᠬᠦᠷᠭᠡᠬᠦ ᠠᠵᠢᠯ ᠤᠨ ᠢᠳᠡᠪᠬᠢᠵᠢᠯ ᠢ ᠭᠦᠢᠴᠡᠳ ᠪᠠᠳᠠᠷᠠᠭᠤᠯᠬᠤ ᠶᠢᠨ ᠲᠤᠯᠠᠲᠠ᠂ ᠡᠯ᠎ᠡ ᠪᠠᠯᠭᠠᠰᠤ᠂ ᠡᠯ᠎ᠡ ᠪᠠᠶᠢᠭᠤᠯᠭ᠎ᠠ ᠠᠴᠠ ᠪᠤᠳᠠᠲᠤ ᠪᠠᠶᠢᠳᠠᠯ ᠢ ᠲᠠᠩᠰᠤᠯᠠᠨ ᠵᠠᠰᠠᠭ ᠤᠨ ᠶᠠᠪᠤᠳᠠᠯ ᠤᠨ ᠰᠤᠷᠠᠭ ᠵᠠᠩᠬᠢ ᠶᠢ ᠮᠡᠳᠡᠭᠦᠯᠦᠨ ᠬᠦᠷᠭᠡᠬᠦ ᠰᠤᠷᠠᠭ ᠵᠠᠩᠬᠢ ᠳᠤ ᠵᠤᠬᠢᠬᠤ ᠡᠬᠡ ᠪᠢᠴᠢᠭ ᠤᠨ ᠰᠡᠷᠡᠮᠵᠢ ᠪᠤᠶᠤ ᠬᠦᠬᠢᠭᠦᠯᠦᠨ ᠱᠠᠩᠨᠠᠨ᠎ᠠ᠃      ᠲᠤᠯᠤᠭ᠎ᠠ᠂ ᠠᠵᠢᠯ ᠮᠡᠷᠭᠡᠵᠢᠯ ᠤᠨ ᠪᠠᠶᠢᠭᠤᠯᠤᠯᠲᠠ ᠪᠤᠯᠤᠨ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ      ︵ᠨᠢᠭᠡ︶ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ᠃ ᠡᠯ᠎ᠡ ᠪᠠᠯᠭᠠᠰᠤ᠂ ᠡᠯ᠎ᠡ ᠪᠠᠶᠢᠭᠤᠯᠭ᠎ᠠ ᠶᠢᠨ ᠭᠤᠤᠯ ᠬᠠᠷᠢᠭᠤᠴᠠᠯᠭᠠᠲᠠᠨ ᠲᠤᠰ ᠪᠠᠯᠭᠠᠰᠤ᠂ ᠡᠯ᠎ᠡ ᠪᠠᠶᠢᠭᠤᠯᠭ᠎ᠠ ᠶᠢᠨ ᠢᠶᠠᠨ ᠵᠠᠰᠠᠭ ᠤᠨ ᠶᠠᠪᠤᠳᠠᠯ ᠎ ᠤᠨ ᠠᠵᠢᠯ ᠤᠨ ᠨᠢᠭᠡᠳᠦᠭᠡᠷ ᠬᠠᠷᠢᠭᠤᠴᠠᠭᠴᠢ ᠶᠢᠨ ᠠᠵᠢᠯ ᠢ ᠬᠠᠷᠢᠭᠤᠴᠠᠨ᠂ ᠲᠤᠰ ᠪᠠᠯᠭᠠᠰᠤ᠂ ᠲᠤᠰ ᠪᠠᠶᠢᠭᠤᠯᠭ᠎ᠠ ᠎ ᠶᠢᠨ ᠢᠶᠠᠨ ᠵᠠᠰᠠᠭ ᠤᠨ ᠶᠠᠪᠤᠳᠠᠯ ᠤᠨ ᠠᠵᠢᠯ ᠢ ᠶᠡᠷᠦᠩᠬᠡᠶᠢᠯᠡᠨ ᠬᠠᠷᠢᠭᠤᠴᠠᠨ᠎ᠠ᠃ ᠬᠡᠷᠪᠡ ᠤᠨᠴᠤᠭᠤᠢ ᠲᠤᠳᠤᠷᠬᠠᠶᠢᠯᠠᠬᠤ ᠦᠭᠡᠢ ᠪᠤᠯ᠂ ᠡᠯ᠎ᠡ ᠪᠠᠯᠭᠠᠰᠤ᠂ ᠡᠯ᠎ᠡ ᠪᠠᠶᠢᠭᠤᠯᠭ᠎ᠠ ᠶᠢᠨ ᠪᠠᠶᠢᠩᠭᠤ ᠶᠢᠨ ᠠᠵᠢᠯ ᠢ ᠬᠤᠪᠢᠶᠠᠷᠢᠯᠠᠨ ᠬᠠᠮᠢᠶᠠᠷᠠᠬᠤ ᠲᠡᠳ᠋ ᠲᠤᠰᠢᠶᠠᠯ ᠠᠴᠠ ᠰᠤᠷᠠᠭ ᠵᠠᠩᠬᠢ ᠶᠢᠨ ᠠᠵᠢᠯ ᠢ ᠬᠤᠪᠢᠶᠠᠷᠢᠯᠠᠨ ᠬᠠᠮᠢᠶᠠᠷᠴᠤ᠂ ᠲᠤᠰ ᠪᠠᠯᠭᠠᠰᠤ᠂ ᠲᠤᠰ ᠪᠠᠶᠢᠭᠤᠯᠭ᠎ᠠ ᠶᠢᠨ ᠢᠶᠠᠨ ᠵᠠᠰᠠᠭ ᠤᠨ ᠶᠠᠪᠤᠳᠠᠯ ᠤᠨ ᠰᠤᠷᠠᠭ ᠵᠠᠩᠬᠢ ᠶᠢᠨ ᠠᠵᠢᠯ ᠤᠨ ᠰᠢᠭᠤᠳ ᠬᠠᠷᠢᠭᠤᠴᠠᠬᠤ ᠬᠦᠮᠦᠨ ᠪᠤᠯᠵᠤ᠂ ᠲᠤᠰ ᠪᠠᠯᠭᠠᠰᠤ᠂ ᠲᠤᠰ ᠪᠠᠶᠢᠭᠤᠯᠭ᠎ᠠ ᠶᠢᠨ ᠢᠶᠠᠨ ᠵᠠᠰᠠᠭ ᠤᠨ ᠶᠠᠪᠤᠳᠠᠯ ᠤᠨ ᠰᠤᠷᠠᠭ ᠵᠠᠩᠬᠢ ᠶᠢ ᠮᠡᠳᠡᠭᠦᠯᠵᠦ ᠬᠦᠷᠭᠡᠬᠦ ᠠᠵᠢᠯ ᠢ ᠬᠠᠷᠢᠭᠤᠴᠠᠨ ᠨᠡᠶᠢᠳᠠᠪᠤᠷᠢᠵᠢᠭᠤᠯᠤᠨ᠎ᠠ︔ ᠡᠯ᠎ᠡ ᠪᠠᠯᠭᠠᠰᠤᠨ ᠤ ᠵᠠᠰᠠᠭ ᠤᠨ ᠤᠷᠳᠤᠨ ᠎ ᠤ ᠠᠯᠪᠠᠨ ᠭᠡᠷ᠂ ᠡᠯ᠎ᠡ ᠪᠠᠶᠢᠭᠤᠯᠭ᠎ᠠ ᠶᠢᠨ ᠠᠯᠪᠠᠨ ᠭᠡᠷ ᠤᠨ ᠭᠤᠤᠯ ᠬᠠᠷᠢᠭᠤᠴᠠᠯᠭᠠᠲᠠᠨ ᠠᠴᠠ ᠲᠤᠰ ᠪᠠᠯᠭᠠᠰᠤ᠂ ᠲᠤᠰ ᠪᠠᠶᠢᠭᠤᠯᠭ᠎ᠠ ᠶᠢᠨ ᠢᠶᠠᠨ ᠠᠯᠪᠠᠨ ᠭᠡᠷ ᠤᠨ ᠵᠠᠰᠠᠭ ᠤᠨ ᠶᠠᠪᠤᠳᠠᠯ ᠤᠨ ᠰᠤᠷᠠᠭ ᠵᠠᠩᠬᠢ ᠶᠢᠨ ᠠᠵᠢᠯ ᠤᠨ ᠪᠤᠲᠠᠲᠠᠢ ᠬᠠᠷᠢᠭᠤᠴᠠᠭᠴᠢ ᠬᠦᠮᠦᠨ ᠪᠤᠯᠤᠨ᠎ᠠ︔ ᠡᠯ᠎ᠡ ᠪᠠᠯᠭᠠᠰᠤᠨ ᠤ ᠵᠠᠰᠠᠭ ᠤᠨ ᠤᠷᠳᠤᠨ ᠤ ᠠᠯᠪᠠᠨ ᠭᠡᠷ ᠠᠴᠠ ᠵᠠᠰᠠᠭ ᠤᠨ ᠶᠠᠪᠤᠳᠠᠯ ᠤᠨ ᠰᠤᠷᠠᠭ ᠵᠠᠩᠬᠢ ᠶᠢᠨ ᠠᠵᠢᠯ ᠢ ᠰᠢᠭᠤᠳ ᠠᠵᠢᠯᠯᠠᠬᠤ ᠬᠦᠮᠦᠨ ᠪᠤᠲᠠᠲᠠᠢ ᠬᠠᠷᠢᠭᠤᠴᠠᠨ ᠬᠠᠮᠢᠶᠠᠷᠤᠨ᠎ᠠ᠃ ᠡᠯ᠎ᠡ ᠪᠠᠯᠭᠠᠰᠤ᠂ ᠡᠯ᠎ᠡ ᠪᠠᠶᠢᠭᠤᠯᠭ᠎ᠠ ᠶᠢᠨ ᠵᠠᠰᠠᠭ ᠤᠨ ᠶᠠᠪᠤᠳᠠᠯ ᠤᠨ ᠰᠤᠷᠠᠭ ᠵᠠᠩᠬᠢ ᠶᠢ ᠪᠤᠳᠠᠲᠠᠢ ᠬᠠᠷᠢᠭᠤᠴᠠᠭᠴᠢ ᠬᠦᠮᠦᠨ ᠪᠤᠯᠤᠨ ᠰᠢᠭᠤᠳ ᠠᠵᠢᠯᠯᠠᠬᠤ ᠬᠦᠮᠦᠨ ᠠᠴᠠ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ ᠲᠠᠢ ᠢᠳᠡᠪᠬᠢᠲᠠᠢ ᠰᠠᠨᠠᠭᠠᠴᠢᠯᠭ᠎ᠠ ᠠᠴᠠ ᠪᠠᠨ ᠬᠠᠷᠢᠯᠴᠠᠭ᠎ᠠ ᠬᠤᠯᠪᠤᠭ᠎ᠠ ᠠᠪᠤᠯᠴᠠᠵᠤ᠂ ᠰᠤᠷᠠᠭ ᠵᠠᠩᠬᠢ ᠶᠢ ᠰᠠᠭᠠᠳ ᠦᠭᠡᠢ ᠨᠡᠪᠲᠡᠷᠡᠬᠦ ᠮᠡᠳᠡᠭᠦᠯᠦᠨ ᠬᠦᠷᠭᠡᠬᠦ ᠶᠢ ᠦᠨᠡᠨᠬᠦ ᠪᠠᠲᠤᠯᠠᠨ᠎ᠠ᠃ ᠡᠭᠦᠨ ᠤ ᠵᠠᠷᠭᠡ ᠰᠤᠷᠠᠭ ᠵᠠᠩᠬᠢ ᠶᠢᠨ ᠠᠵᠢᠯ ᠤᠨ ᠡᠩᠨᠡᠭᠡ ᠶᠢᠨ ᠬᠠᠷᠢᠴᠠᠩᠭᠤᠢ ᠲᠤᠭᠲᠠᠭᠤᠨ ᠢ ᠪᠠᠲᠤᠯᠠᠨ᠂ ᠬᠦᠮᠦᠨ ᠨᠢ ᠬᠤᠪᠢᠷᠠᠯᠲᠠ ᠭᠠᠷᠬᠤ ᠦᠶᠡᠰ ᠲᠠᠷᠤᠢ ᠳᠤ ᠨᠢ ᠨᠦᠬᠦᠬᠦ ᠶᠢᠨ ᠬᠠᠮᠲᠤ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ ᠲᠤ ᠮᠡᠳᠡᠭᠦᠯᠵᠦ᠂ ᠡᠯ᠎ᠡ ᠱᠠᠲᠤᠨ ᠤ ᠰᠤᠷᠠᠭ ᠵᠠᠩᠬᠢ ᠶᠢᠨ ᠬᠡᠪ ᠶᠤᠰᠤᠭᠠᠷ ᠠᠵᠢᠯᠯᠠᠬᠤ ᠶᠢ ᠪᠠᠲᠤᠯᠠᠬᠤ ᠬᠡᠷᠡᠭᠲᠠᠢ᠃      ︵ᠬᠤᠶᠠᠷ︶ ᠰᠤᠷᠠᠭ ᠵᠠᠩᠬᠢ ᠶᠢᠨ ᠰᠦᠯᠵᠢᠶ᠎ᠡ ᠶᠢ ᠪᠦᠷᠢᠨᠰᠢᠭᠦᠯᠬᠦ᠃ ᠪᠦᠬᠦ ᠬᠤᠰᠢᠭᠤᠨ ᠤ ᠵᠠᠰᠠᠭ ᠤᠨ ᠤᠷᠳᠤᠨ ᠤ ᠰᠢᠰᠲ᠋ᠧᠮ ᠤᠨ ᠰᠤᠷᠠᠭ ᠵᠠᠩᠬᠢ ᠶᠢᠨ ᠰᠦᠯᠵᠢᠶ᠎ᠡ᠂ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ ᠪᠠᠷ ᠲᠦᠪ ᠪᠤᠯᠭᠠᠵᠤ᠂ ᠡᠯ᠎ᠡ ᠪᠠᠯᠭᠠᠰᠤ ᠪᠤᠯᠤᠨ ᠬᠤᠰᠢᠭᠤ ᠰᠢᠭᠤᠳ ᠬᠠᠷᠢᠶ᠎ᠠ ᠡᠯ᠎ᠡ ᠪᠠᠶᠢᠭᠤᠯᠭ᠎ᠠ ᠶᠢᠨ ᠠᠯᠪᠠᠨ ᠭᠡᠷ ᠢᠶᠠᠷ ᠪᠦᠷᠢᠯᠳᠦᠨ᠂ ᠡᠯ᠎ᠡ ᠪᠠᠯᠭᠠᠰᠤ᠂ ᠡᠯ᠎ᠡ ᠪᠠᠶᠢᠭᠤᠯᠭ᠎ᠠ ᠴᠤ ᠲᠤᠰ ᠭᠠᠵᠠᠷ ᠲᠤᠰ ᠪᠠᠶᠢᠭᠤᠯᠭ᠎ᠠ ᠲᠭᠠᠨ ᠵᠤᠬᠢᠴᠠᠩᠭᠤᠢ ᠰᠤᠷᠠᠭ ᠵᠠᠩᠬᠢ ᠶᠢᠨ ᠰᠦᠯᠵᠢᠶ᠎ᠡ ᠶᠢ ᠪᠠᠶᠢᠭᠤᠯᠤᠨ᠎ᠠ᠃ ᠰᠤᠷᠠᠭ ᠵᠠᠩᠬᠢ ᠶᠢᠨ ᠰᠦᠯᠵᠢᠶ᠎ᠡ ᠱᠠᠲᠤ ᠬᠤᠪᠢᠶᠠᠨ ᠬᠠᠮᠢᠶᠠᠷᠤᠯᠲᠠ ᠬᠢᠵᠦ᠂ ᠲᠡᠭᠡᠷ᠎ᠡ ᠲᠤᠤᠷ᠎ᠠ ᠵᠡᠬᠦᠨ ᠪᠠᠷᠠᠭᠤᠨ ᠬᠤᠭᠤᠷᠤᠨᠲᠤ ᠪᠠᠨ ᠦᠷᠭᠦᠯᠵᠢ ᠬᠠᠷᠢᠯᠴᠠᠵᠦ ᠰᠤᠷᠠᠭ ᠵᠠᠩᠬᠢ ᠢ ᠰᠦᠯᠵᠢᠶᠡᠨ ᠤ ᠪᠦᠬᠦᠯᠢ ᠴᠤᠭᠴᠠ ᠶᠢᠨ ᠦᠢᠯᠡᠳᠦᠯ ᠢ ᠬᠦᠢᠴᠡᠳ ᠪᠠᠳᠠᠷᠠᠭᠤᠯᠤᠨ᠂ ᠰᠤᠷᠠᠭ ᠵᠠᠩᠬᠢ ᠶᠢᠨ ᠠᠷᠭ᠎ᠠ ᠵᠠᠮ ᠢ ᠰᠢᠯᠤᠭᠤᠳᠬᠠᠬᠤ ᠶᠢ ᠪᠠᠲᠤᠯᠠᠬᠤ ᠬᠡᠷᠡᠭᠲᠠᠢ᠃      ︵ᠭᠤᠷᠪᠠ︶ ᠵᠠᠰᠠᠭ ᠤᠨ ᠶᠠᠪᠤᠳᠠᠯ ᠤᠨ ᠰᠦᠯᠵᠢᠶ᠎ᠡ ᠶᠢᠨ ᠬᠠᠮᠢᠶᠠᠷᠤᠯᠲᠠ ᠶᠢ ᠴᠢᠩᠭᠠᠳᠬᠠᠬᠤ᠃ ᠡᠯ᠎ᠡ ᠪᠠᠯᠭᠠᠰᠤ᠂ ᠡᠯ᠎ᠡ ᠪᠠᠶᠢᠭᠤᠯᠭ᠎ᠠ ᠠᠴᠠ ᠰᠤᠷᠠᠭ ᠵᠠᠩᠭᠢᠴᠢᠯᠠᠯᠲᠠ ᠶᠢᠨ ᠪᠠᠶᠢᠭᠤᠯᠤᠯᠲᠠ ᠶᠢ ᠴᠢᠩᠭᠠᠳᠬᠠᠨ᠂ ᠰᠦᠯᠵᠢᠶ᠎ᠡ ᠎ ᠶᠢᠨ ᠬᠠᠮᠢᠶᠠᠷᠤᠯᠲᠠ᠂ ᠬᠠᠮᠠᠭᠠᠯᠠᠯᠲᠠ ᠶᠢᠨ ᠲᠦᠷᠢᠮ ᠢ ᠴᠢᠩᠭ᠎ᠠ ᠪᠠᠶᠢᠭᠤᠯᠵᠤ᠂ ᠰᠦᠯᠵᠢᠶ᠎ᠡ ᠶᠢᠨ ᠬᠡᠪ ᠤᠨ ᠶᠤᠰᠤᠭᠠᠷ ᠠᠵᠢᠯᠯᠠᠬᠤ ᠪᠠ ᠰᠤᠷᠠᠭ ᠵᠠᠩᠬᠢ ᠶᠢ ᠰᠠᠭᠠᠳ ᠦᠭᠡᠢ ᠲᠠᠮᠵᠢᠭᠤᠯᠬᠤ ᠶᠢ ᠪᠠᠲᠤᠯᠠᠵᠤ᠂ ᠰᠤᠷᠠᠭ ᠵᠠᠩᠬᠢ ᠶᠢᠨ ᠠᠵᠢᠯ ᠎ ᠤᠨ ᠬᠡᠪ ᠤᠨ ᠶᠤᠰᠤᠭᠠᠷ ᠶᠠᠪᠤᠭᠳᠠᠠᠬᠤ ᠶᠢ ᠪᠠᠲᠤᠯᠠᠵᠤ᠂ ᠰᠤᠷᠠᠭ ᠵᠠᠩᠬᠢ ᠶᠢ ᠦᠳᠳᠦᠷ ᠲᠦᠷᠭᠡᠨ ᠤᠨᠤᠪᠴᠢᠲᠠᠢ᠂ ᠠᠶᠤᠯᠭᠦᠢ ᠪᠠᠷ ᠰᠡᠶᠢᠳᠪᠦᠷᠢᠯᠡᠬᠦ᠂ ᠲᠡᠮᠵᠢᠭᠤᠯᠬᠤ ᠪᠠ ᠬᠠᠳᠠᠭᠠᠯᠠᠬᠤ ᠶᠢ ᠪᠡᠶᠡᠯᠡᠬᠦᠯᠬᠦ ᠬᠡᠷᠡᠭᠲᠠᠢ᠃ ᠬᠠᠮᠢᠶ᠎ᠠ ᠪᠦᠬᠦᠢ ᠠᠶᠤᠯᠭᠦᠢ ᠶᠢᠨ ᠨᠢᠭᠤᠴᠠ ᠶᠢ ᠴᠢᠩᠭ᠎ᠠ ᠲᠤᠭᠲᠠᠭᠠᠨ ᠵᠢᠷᠤᠮᠯᠠᠵᠤ᠂ ᠰᠦᠯᠵᠢᠶ᠎ᠡ ᠶᠢᠨ ᠠᠶᠤᠯᠭᠦᠢ ᠶᠢᠨ ᠨᠢᠭᠤᠴᠠ ᠶᠢ ᠬᠠᠮᠢᠶᠠᠷᠬᠤ ᠲᠦᠷᠢᠮ ᠪᠤᠯᠤᠨ ᠠᠷᠭ᠎ᠠ ᠬᠡᠮᠵᠢᠶ᠎ᠡ ᠶᠢ ᠪᠠᠶᠢᠭᠤᠯᠤᠨ ᠪᠦᠷᠢᠨᠰᠢᠭᠦᠯᠵᠦ᠂ ᠲᠤᠳᠤᠭᠠᠲᠤ ᠭᠠᠳᠠᠭᠠᠲᠤ ᠰᠦᠯᠵᠢᠶ᠎ᠡ ᠳᠤ ᠡᠷᠬᠡᠪᠡᠰᠢ ᠹᠢᠽᠢᠺ ᠤᠨ ᠲᠤᠰᠠᠭᠠᠷᠯᠠᠯ ᠬᠢᠬᠦ ᠬᠡᠷᠡᠭᠲᠠᠢ᠃      ︵ᠲᠦᠷᠪᠡ︶ ᠠᠵᠢᠯ ᠮᠡᠷᠭᠡᠵᠢᠯ ᠤᠨ ᠮᠡᠷᠭᠡᠵᠢᠯ ᠢ ᠴᠢᠩᠭᠠᠳᠬᠠᠬᠤ᠃ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ ᠠᠴᠠ ᠲᠤᠬᠢᠷᠠᠮᠵᠢᠲᠠᠢ ᠴᠠᠭ ᠲᠤ ᠰᠤᠷᠠᠭ ᠵᠠᠩᠬᠢ ᠶᠢᠨ ᠠᠵᠢᠯ ᠮᠡᠷᠭᠡᠵᠢᠯ ᠤᠨ ᠪᠤᠯᠪᠠᠰᠤᠷᠠᠯ ᠢ ᠵᠤᠬᠢᠶᠠᠨ ᠪᠠᠶᠢᠭᠤᠯᠵᠤ᠂ ᠰᠤᠷᠠᠭ ᠵᠠᠩᠬᠢ ᠶᠢᠨ ᠤᠯᠤᠰ ᠲᠦᠷᠦ ᠦᠵᠡᠯ ᠰᠠᠨᠠᠭᠠᠨ ᠤ ᠬᠡᠪ ᠰᠤᠷᠳᠠᠯ᠂ ᠤᠨᠤᠯ ᠤᠨ ᠬᠢᠷᠢ ᠬᠡᠮᠵᠢᠶ᠎ᠡ ᠪᠤᠯᠤᠨ ᠪᠤᠳᠠᠲᠤ ᠠᠵᠢᠯ ᠤᠨ ᠴᠢᠳᠠᠪᠤᠷᠢ ᠶᠢ ᠴᠢᠷᠮᠠᠶᠢᠨ ᠲᠡᠭᠡᠭᠰᠢᠯᠡᠬᠦᠯᠬᠦ᠃ ᠡᠭᠦᠨ ᠤ ᠵᠡᠷᠭᠡ ᠪᠠᠷ ᠡᠯ᠎ᠡ ᠪᠠᠶᠢᠭᠤᠯᠭ᠎ᠠ᠂ ᠡᠯ᠎ᠡ ᠪᠠᠯᠭᠠᠰᠤ ᠶᠢᠨ ᠠᠵᠢᠯ ᠮᠡᠷᠭᠡᠵᠢᠯ ᠤᠨ ᠵᠢᠯᠤᠭᠤᠳᠤᠯᠭ᠎ᠠ ᠶᠢ ᠴᠢᠩᠭᠠᠳᠬᠠᠨ᠂ ᠡᠯ᠎ᠡ ᠱᠠᠲᠤᠨ ᠤ ᠰᠤᠷᠠᠭ ᠵᠠᠩᠬᠢ ᠶᠢᠨ ᠪᠠᠶᠢᠭᠤᠯᠭ᠎ᠠ ᠶᠢᠨ ᠬᠦᠨᠳᠡᠯᠡᠨ ᠭᠤᠤᠯᠲᠤ ᠬᠠᠷᠢᠯᠴᠠᠭ᠎ᠠ ᠶᠢ ᠪᠠᠬᠢᠵᠢᠭᠦᠯᠦᠨ᠂ ᠠᠵᠢᠯ ᠮᠡᠷᠭᠡᠵᠢᠯ ᠎ ᠤᠨ ᠰᠤᠷᠤᠯᠴᠠᠯᠭ᠎ᠠ ᠪᠤᠯᠤᠨ ᠰᠤᠯᠢᠯᠴᠠᠭ᠎ᠠ ᠶᠢ ᠨᠠᠷᠢᠨ ᠬᠢᠨᠠᠮᠠᠭᠠᠢ ᠦᠷᠨᠢᠭᠦᠯᠵᠦ᠂ ᠬᠦᠷᠦᠯᠴᠡᠬᠦ ᠦᠭᠡᠢ ᠲᠠᠯ᠎ᠠ ᠪᠠᠨ ᠨᠦᠬᠦᠪᠦᠷᠢᠯᠡᠵᠦ᠂ ᠰᠤᠷᠠᠭ ᠵᠠᠩᠬᠢ ᠶᠢᠨ ᠠᠵᠢᠯ ᠤᠨ ᠬᠢᠷᠢ ᠲᠦᠪᠰᠢᠨ ᠢᠶᠠᠨ ᠲᠡᠭᠡᠭᠰᠢᠯᠡᠬᠦᠯᠬᠦ ᠬᠡᠷᠡᠭᠲᠠᠢ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号