2011 ᠤᠨ ᠤ ︽ᠰᠢᠷ᠎ᠠ ᠢ ᠱᠦᠭᠦᠷᠳᠡᠨ ᠬᠠᠤᠯᠢ ᠪᠤᠰᠤ ᠨᠤᠮ ᠬᠡᠪᠯᠡᠯ ᠢ ᠴᠡᠪᠡᠷᠯᠡᠨ ᠠᠷᠢᠯᠭᠠᠬᠤ︾ ᠠᠵᠢᠯ ᠤᠨ ᠲᠦᠰᠦᠯ ᠢ ᠲᠠᠷᠤᠮᠠᠯᠯᠠᠨ ᠲᠠᠷᠬᠠᠭᠠᠬᠤ ᠲᠤᠬᠠᠢ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2011-09-29
                           ᠡᠵᠡᠨ ᠵᠠᠰᠠᠭ ᠠᠯᠪᠠᠨ ᠲᠠᠷᠬᠠᠭᠠᠬᠤ ﹇2011﹈ 117 ᠳ᠋ᠤᠭᠠᠷ ᠲᠤᠭᠠᠲᠤᠡᠯ᠎ᠡ ᠪᠠᠯᠭᠠᠰᠤᠨ ᠤ ᠵᠠᠰᠠᠭ ᠤᠨ ᠤᠷᠳᠤᠨ ᠠᠴᠠ ᠶᠠᠷᠢᠯᠴᠠᠭᠠᠳ ᠡᠳᠦᠭᠡ ︽2011 ᠤᠨ ᠤ ︿ᠰᠢᠷ᠎ᠠ ᠢ ᠱᠦᠭᠦᠷᠳᠡᠨ ᠬᠠᠤᠯᠢ ᠪᠤᠰᠤ ᠨᠤᠮ ᠬᠡᠪᠯᠡᠯ ᠢ ᠴᠡᠪᠡᠷᠯᠡᠨ ᠠᠷᠢᠯᠭᠠᠬᠤ﹀ ᠠᠵᠢᠯ ᠤᠨ ᠲᠦᠰᠦᠯ︾᠎ ᠢ ᠲᠠ ᠨᠠᠷ ᠲᠤ ᠲᠠᠷᠬᠠᠭᠠᠨ ᠶᠠᠪᠤᠭᠤᠯᠪᠠ᠂ ᠨᠠᠷᠢᠨ ᠬᠢᠨᠠᠮᠠᠭᠠᠢ ᠵᠤᠬᠢᠶᠠᠨ ᠪᠠᠶᠢᠭᠤᠯᠤᠨ ᠬᠡᠷᠡᠭᠵᠢᠭᠦᠯᠦᠰᠦᠭᠡᠢ᠃                                     2011 ᠤᠨ ᠤ 9 ᠰᠠᠷ᠎ᠠ ᠶᠢᠨ 29᠎ ᠤ ᠡᠳᠦᠷ     ᠡᠵᠡᠨ ᠬᠤᠷᠤᠭ᠎ᠠ ᠬᠤᠰᠢᠭᠤᠨ ᠤ 2011 ᠤᠨ ᠤ  ︽ᠰᠢᠷ᠎ᠠ ᠢ ᠱᠦᠭᠦᠷᠳᠡᠨ     ᠬᠠᠤᠯᠢ ᠪᠤᠰᠤ ᠨᠤᠮ ᠬᠡᠪᠯᠡᠯ ᠢ ᠴᠡᠪᠡᠷᠯᠡᠨ ᠠᠷᠢᠯᠭᠠᠬᠤ︾ ᠠᠵᠢᠯ ᠤᠨ ᠲᠦᠰᠦᠯ          ᠨᠠᠮ ᠤᠨ ᠠᠷᠪᠠᠨ ᠲᠤᠯᠤᠳᠤᠭᠠᠷ ᠶᠡᠭᠡ ᠬᠤᠷᠠᠯ ᠪᠤᠯᠤᠨ ᠠᠷᠪᠠᠨ ᠲᠤᠯᠤᠳᠤᠭᠠᠷ ᠬᠤᠭᠤᠴᠭᠠᠨ ᠤ ᠭᠤᠷᠪᠠᠳᠤᠭᠠᠷ ᠂ ᠲᠦᠷᠪᠡᠳᠦᠬᠡᠷ᠂ ᠲᠠᠪᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠠᠯᠠᠭᠤᠯᠤᠨ ᠨᠡᠶᠢᠳᠠᠪᠤᠷᠢᠵᠢᠭᠤᠯᠵᠤ᠂ ᠮᠡᠳᠡᠯᠭᠡ ᠶᠢᠨ ᠦᠮᠴᠢᠯᠡᠬᠦ ᠡᠷᠬᠡ ᠶᠢ ᠬᠠᠮᠠᠭᠠᠯᠠᠬᠤ ᠡᠷᠴᠢᠮ ᠢ ᠴᠢᠩᠭᠠᠳᠬᠠᠨ᠂ ᠨᠡᠶᠢᠬᠡᠮ ᠤᠨ ᠰᠤᠶᠤᠯ ᠤᠨ  ᠤᠷᠴᠢᠨ ᠲᠤᠭᠤᠷᠢᠨ ᠢ ᠤᠯᠠᠮ ᠨᠢᠭᠡ ᠠᠯᠬᠤᠮ ᠠᠷᠢᠭᠤᠳᠬᠠᠵᠤ᠂ ᠨᠡᠶᠢᠬᠡᠮ ᠤᠨ ᠡᠶ᠎ᠡ ᠨᠡᠶᠢᠷᠠᠮᠳᠠᠭᠤ ᠲᠤᠭᠲᠠᠭᠤᠨ ᠢ ᠠᠬᠢᠭᠤᠯᠵᠤ᠂ ᠰᠤᠶᠤᠯ ᠤᠨ ᠬᠦᠴᠦᠷᠭᠡᠭ ᠬᠤᠰᠢᠭᠤ ᠶᠢ ᠪᠠᠶᠢᠭᠤᠯᠬᠤ ᠠᠯᠬᠤᠴᠠ ᠶᠢ ᠲᠦᠷᠭᠡᠳᠬᠡᠨ᠂ ᠪᠦᠬᠦ ᠬᠤᠰᠢᠭᠤᠨ ᠤ ᠠᠵᠢᠯ ᠤᠨ ᠶᠡᠭᠡ ᠪᠠᠶᠢᠳᠠᠯ ᠳᠤ ᠨᠡᠩ ᠰᠠᠶᠢᠨ ᠦᠢᠯᠡᠴᠢᠯᠡᠬᠦ ᠶᠢᠨ ᠲᠤᠯᠠᠳᠠ ︽︿2011 ᠤᠨ ᠤ ᠪᠦᠬᠦ ᠬᠤᠲᠠ ᠶᠢᠨ ︽ᠰᠢᠷ᠎ᠠ ᠢ ᠱᠦᠭᠦᠷᠳᠡᠨ ᠬᠠᠤᠯᠢ ᠪᠤᠰᠤ ᠨᠤᠮ ᠬᠡᠪᠯᠡᠯ ᠢ ᠴᠡᠪᠡᠷᠯᠡᠨ ᠠᠷᠢᠯᠭᠠᠬᠤ ᠠᠵᠢᠯ ᠤᠨ ᠲᠦᠰᠦᠯ﹀᠎ ᠢ ᠲᠠᠷᠤᠮᠠᠯᠯᠠᠨ ᠲᠠᠷᠬᠠᠭᠠᠬᠤ ᠲᠤᠬᠠᠢ ᠤᠷᠳᠤᠰ ᠬᠤᠲᠠ ᠶᠢᠨ ᠵᠠᠰᠠᠭ ᠤᠨ ᠤᠷᠳᠤᠨ ᠤ ᠠᠯᠪᠠᠨ ᠲᠢᠩᠬᠡᠮ ᠤᠨ ᠮᠡᠳᠡᠭᠳᠡᠯ︾ ︵ᠤᠷᠳᠤᠰ ᠨᠠᠮ ᠠᠯᠪᠠᠨ ᠲᠠᠷᠬᠠᠭᠠᠬᠤ ﹇2011﹈ 9 ᠳ᠋ᠤᠭᠡᠷ ᠲᠤᠭᠠᠲᠤ︶᠎ ᠤᠨ ᠵᠤᠷᠢᠭ ᠰᠠᠨᠠᠭ᠎ᠠ ᠶᠢ ᠦᠨᠳᠦᠰᠦᠯᠡᠵᠦ᠂ ᠮᠠᠨ ᠤ ᠬᠤᠰᠢᠭᠤᠨ ᠤ ᠪᠤᠳᠠᠲᠤ ᠪᠠᠶᠢᠳᠠᠯ ᠲᠠᠢ ᠤᠶᠠᠯᠳᠣᠭᠤᠯᠣᠨ᠂ ᠤᠨᠴᠤᠭᠤᠶᠢᠯᠠᠨ ᠲᠤᠰ ᠲᠦᠰᠦᠯ ᠢ ᠲᠤᠭᠲᠠᠭᠠᠪᠠ᠃      ᠨᠢᠭᠡ᠂ ᠵᠢᠯᠤᠭᠤᠳᠬᠤ ᠦᠵᠡᠯ ᠰᠠᠨᠠᠭ᠎ᠠ      ᠳ᠋ᠧᠩ ᠰᠢᠶᠤᠤ ᠫᠢᠩ ᠤᠨ ᠤᠨᠤᠯ ᠪᠤᠯᠤᠨ ︽ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠰᠢᠨᠵᠢᠯᠡᠬᠦ ᠤᠬᠠᠭᠠᠨᠴᠢ ᠬᠦᠭᠵᠢᠯᠲᠡ ᠶᠢᠨ ᠦᠵᠡᠯᠲᠡ ᠶᠢ ᠭᠦᠨᠵᠡᠭᠡᠢ ᠲᠤᠤᠱᠯᠠᠭᠠᠯᠤᠨ᠂ ᠨᠠᠮ ᠤᠨ ᠠᠷᠪᠠᠨ ᠲᠤᠯᠤᠳᠣᠭᠠᠷ ᠶᠡᠭᠡ ᠬᠤᠷᠠᠯ ᠪᠤᠯᠤᠨ ᠲᠤᠮᠳᠠᠲᠤ ᠤᠯᠤᠰ ᠤᠨ ᠡᠵᠡᠨ ᠬᠤᠷᠤᠭ᠎ᠠ ᠬᠤᠰᠢᠭᠤᠨ ᠤ ᠬᠤᠷᠢᠶ᠎ᠠ ᠶᠢᠨ ᠠᠷᠪᠠᠨ ᠲᠦᠷᠪᠡᠳᠦᠭᠡᠷ ᠤᠳᠠᠭ᠎ᠠ ᠶᠢᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠠᠷᠢᠮᠳᠠᠯᠠᠵᠤ᠂ ᠴᠤᠬᠢᠬᠤ ᠪᠠ ᠰᠡᠷᠭᠡᠶᠢᠯᠡᠬᠦ ᠶᠢ ᠵᠡᠷᠭᠡ ᠪᠠᠷ ᠠᠳᠬᠤᠵᠤ᠂ ᠦᠩᠭᠡ ᠦᠨᠳᠦᠰᠦ ᠶᠢ ᠨᠢ ᠬᠠᠮᠳᠤ ᠳᠤᠨᠢ ᠵᠠᠰᠠᠬᠤ᠂ ᠶᠡᠷᠦᠩᠬᠡᠶᠢᠯᠠᠨ ᠵᠠᠰᠠᠬᠤ᠂ ᠴᠢᠭᠯᠡᠯᠲᠡ ᠶᠢ ᠪᠠᠷᠢᠮᠳᠠᠯᠠᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠪᠠᠬᠢᠵᠢᠬᠦᠯᠬᠦ ᠪᠠᠷ ᠰᠠᠭᠤᠷᠢ ᠪᠤᠯᠭᠠᠨ᠂ ᠲᠤᠰᠬᠠᠢ ᠲᠦᠷᠦᠯ ᠤᠨ ᠠᠵᠢᠯᠯᠠᠭ᠎ᠠ ᠶᠢ ᠦᠷᠨᠢᠭᠦᠯᠬᠦ ᠪᠠᠷ ᠲᠠᠪᠴᠠᠩ ᠪᠤᠯᠭᠠᠵᠤ ᠂ ᠪᠠᠶᠢᠭᠤᠯᠤᠮᠵᠢ ᠶᠢᠨ ᠵᠤᠬᠢᠴᠠᠮᠵᠢ ᠪᠠᠶᠢᠭᠤᠯᠬᠤ ᠪᠠᠷ ᠪᠠᠳᠤᠯᠭ᠎ᠠ ᠪᠤᠯᠭᠠᠨ᠂ ᠠᠵᠢᠯ ᠤᠨ ᠠᠷᠭ᠎ᠠ ᠮᠠᠶ᠋ᠢᠭ ᠠᠷᠭ᠎ᠠ ᠬᠡᠮᠵᠢᠶ᠎ᠠ ᠪᠠᠨ ᠲᠠᠰᠤᠷᠠᠯᠲᠠ ᠦᠭᠡᠢ ᠰᠢᠨᠡᠴᠢᠯᠡᠨ᠂ ᠠᠵᠢᠯ ᠤᠨ ᠬᠠᠮᠢᠶᠠᠷᠬᠤ ᠬᠡᠪᠴᠢᠶ᠎ᠠ ᠶᠢ ᠦᠷᠭᠡᠳᠬᠡᠵᠦ᠂ ᠬᠠᠤᠯᠢ ᠴᠠᠭᠠᠵᠠ᠂ ᠵᠠᠰᠠᠭ ᠵᠠᠬᠢᠷᠭ᠎ᠠ᠂ ᠠᠵᠤ ᠠᠬᠤᠢ ᠵᠡᠷᠭᠡ ᠤᠯᠠᠨ ᠵᠦᠢᠯ ᠤᠨ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠤᠯᠤᠰ ᠲᠦᠷᠦ ᠶᠢᠨ ᠴᠢᠨᠠᠷᠲᠠᠢ ᠬᠠᠤᠯᠢ ᠪᠤᠰᠤ ᠬᠡᠪᠯᠡᠭᠳᠡᠬᠦᠨ ᠪᠤᠯᠤᠨ ᠬᠦᠨᠦᠭᠡᠯ ᠲᠠᠢ ᠰᠤᠷᠠᠭ ᠵᠠᠩᠭᠢ ᠶᠢ ᠡᠷᠡᠰ ᠪᠢᠲᠡᠭᠦᠮᠵᠢᠯᠡᠨ ᠬᠤᠷᠢᠭᠯᠠᠵᠤ᠂ ᠱᠠᠯᠢᠭ ᠵᠠᠪᠠᠭ᠋ᠠᠢ ᠪᠠ ᠡᠷᠭᠡ ᠳᠤ ᠬᠠᠯᠳᠠᠭᠰᠠᠨ ᠬᠠᠭᠤᠷᠮᠠᠭ ᠬᠡᠪᠯᠡᠯ ᠤᠨ ᠠᠵᠢᠯᠯᠠᠭ᠎ᠠ ᠳᠤ ᠬᠦᠨᠳᠦ ᠴᠤᠬᠢᠯᠲᠠ ᠦᠭᠴᠦ᠂ ᠰᠤᠶᠣᠯ ᠤᠨ ᠵᠠᠬ᠎ᠠ ᠲᠡᠯᠭᠡᠭᠦᠷ ᠪᠤᠯᠤᠨ ᠰᠣᠨᠢᠨ ᠮᠡᠳᠡᠭᠡᠨ ᠤ ᠬᠡᠪᠯᠡᠯ ᠤᠨ ᠠᠵᠢᠯ ᠲᠦᠷᠦᠯ ᠤᠨ ᠡᠮᠬᠢ ᠲᠢᠭᠯᠡᠮ ᠢ ᠴᠢᠩᠭ᠎ᠠ ᠴᠡᠭᠴᠡᠯᠡᠨ ᠵᠠᠰᠠᠵᠤ᠂ ᠰᠣᠶᠣᠯ ᠤᠨ ᠠᠶᠤᠯᠭᠦᠢ ᠶᠢ ᠦᠨᠡᠨᠬᠦ ᠬᠠᠮᠠᠭᠠᠯᠠᠨ᠂ ᠮᠡᠳᠡᠯᠭᠡ ᠶᠢᠨ ᠦᠮᠴᠢᠯᠡᠬᠦ ᠡᠷᠭᠡ ᠶᠢ ᠪᠦᠲᠦᠮᠵᠢᠲᠠᠢ ᠬᠠᠮᠠᠭᠠᠯᠠᠵᠤ᠂ ︽ᠠᠷᠪᠠᠨ ᠬᠤᠶᠠᠳᠤᠭᠠᠷ ᠲᠠᠪᠤᠨ ᠵᠢᠯ︾᠎ ᠤᠨ ᠬᠤᠭᠤᠴᠠᠭᠠᠨ ᠤ ᠬᠦᠭᠵᠢᠯᠲᠡ ᠳᠤ ᠰᠠᠶᠢᠨ ᠠᠯᠬᠤᠮ ᠢ ᠶᠠᠪᠤᠵᠤ ᠰᠠᠶᠢᠨ ᠪᠠᠶᠢᠳᠠᠯ ᠢ ᠪᠤᠢ ᠪᠤᠯᠭᠠᠬᠤ ᠬᠡᠷᠡᠭᠲᠠᠢ᠃      ᠬᠤᠶᠠᠷ᠂ ᠭᠤᠤᠯ ᠪᠤᠯᠬᠤ ᠡᠭᠦᠷᠭᠡ      ︵ᠨᠢᠭᠡ︶ ᠤᠯᠤᠰ ᠲᠦᠷᠦ ᠶᠢᠨ ᠴᠢᠨᠠᠷᠲᠠᠢ ᠬᠠᠤᠯᠢ ᠪᠤᠰᠤ ᠬᠡᠪᠯᠡᠭᠳᠡᠭᠦᠨ ᠪᠤᠯᠤᠨ ᠬᠦᠨᠦᠭᠡᠯ ᠲᠠᠢ ᠰᠤᠷᠠᠭ ᠵᠠᠩᠭᠢ ᠶᠢ ᠴᠢᠩᠭ᠎ᠠ ᠪᠠᠶᠢᠴᠠᠭᠠᠨ ᠬᠤᠷᠢᠭᠯᠠᠬᠤ     ᠤᠯᠤᠰ ᠲᠦᠷᠦ ᠶᠢᠨ ᠴᠢᠨᠠᠷᠲᠠᠢ ᠬᠠᠤᠯᠢ ᠪᠤᠰᠤ ᠬᠡᠪᠯᠡᠭᠳᠡᠬᠦᠨ ᠪᠤᠯᠤᠨ ᠬᠦᠨᠦᠭᠡᠯ ᠲᠠᠢ ᠰᠤᠷᠠᠭ ᠵᠠᠩᠭᠢ ᠳᠤ ᠭᠤᠣᠯᠳᠠᠭᠤ ᠲᠤᠮᠲᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠤ ᠲᠠᠭᠠᠷᠢᠯᠲᠠ ᠬᠢᠬᠦ᠂ ᠨᠡᠶᠢᠬᠡᠮ ᠵᠢᠷᠤᠮ ᠤᠨ ᠲᠦᠷᠢᠮ ᠲᠤᠭᠳᠠᠭᠠᠯ ᠪᠤᠯᠤᠨ ᠬᠠᠤᠯᠢ ᠴᠠᠭᠠᠵᠠ᠂ ᠰᠤᠨᠢᠨ ᠮᠡᠳᠡᠭᠡ ᠬᠡᠪᠯᠡᠯ ᠵᠡᠷᠭᠡ ᠤᠯᠤᠰ ᠲᠦᠷᠦ ᠶᠢᠨ ᠲᠦᠷᠢᠮ ᠳᠤ ᠲᠠᠭᠠᠷᠢᠯᠲᠠ ᠬᠢᠵᠦ᠂ ᠲᠤᠮᠲᠠᠲᠤ ᠤᠯᠤᠰ ᠤᠨ ᠲᠡᠤᠬᠡ ᠶᠢ ᠭᠠᠵᠢᠭᠤᠳᠠᠭᠤᠯᠵᠤ᠂ ᠦᠭᠡᠷᠡᠴᠢᠯᠡᠯᠲᠡ ᠨᠡᠭᠡᠭᠡᠯᠲᠡ ᠶᠢᠨ ᠦᠷ᠎ᠡ ᠪᠦᠲᠦᠭᠡᠯ ᠢ ᠦᠭᠡᠶᠢᠰᠬᠡᠨ᠂ ᠨᠠᠮ ᠪᠤᠯᠤᠨ ᠤᠯᠤᠰ ᠤᠨ ᠤᠳᠤᠷᠢᠳᠬᠤ ᠬᠦᠮᠦᠰ ᠢ ᠮᠠᠭᠤᠰᠢᠶᠠᠨ ᠬᠦᠨᠦᠭᠡᠬᠦ᠂ ᠤᠯᠤᠰ ᠢ ᠬᠠᠭᠠᠴᠠᠭᠤᠯᠬᠤ᠂ ᠦᠨᠳᠦᠰᠦᠲᠡᠨ ᠢ ᠡᠰᠡᠷᠭᠦᠴᠡᠳᠤᠭᠦᠯᠬᠦ᠂ ᠱᠠᠰᠢᠨ ᠰᠤᠷᠳᠠᠬᠤᠨ ᠤ ᠬᠡᠳᠡᠷᠡᠭᠦᠦ ᠦᠵᠡᠯ ᠰᠠᠨᠠᠭ᠎ᠠ ᠶᠢ ᠶᠡᠭᠡ ᠪᠠᠷ ᠤᠬᠠᠭᠤᠯᠤᠨ᠂ ᠨᠡᠶᠢᠬᠡᠮ ᠤᠨ ᠵᠦᠷᠢᠴᠡᠯ ᠢ ᠬᠤᠳᠭᠤᠨ ᠦᠳᠦᠭᠡᠵᠦ᠂ ᠤᠯᠠᠨ ᠲᠦᠮᠡᠨᠴᠢ ᠴᠢᠨᠠᠷ ᠲᠠᠢ ᠬᠡᠷᠡᠭ ᠤᠴᠢᠷ ᠢ ᠦᠳᠦᠭᠡᠭᠦ ᠵᠡᠷᠭᠡ ᠠᠭᠤᠯᠭ᠎ᠠ ᠶᠢ ᠪᠠᠭᠲᠠᠭᠠᠨᠨ᠎ᠠ᠃ ᠬᠢᠯᠢ ᠬᠢᠵᠠᠭᠠᠷ ᠤᠨ ᠲᠤᠭᠲᠠᠭᠤᠨ᠂ ᠦᠨᠳᠦᠰᠦᠲᠡᠨ ᠤ ᠪᠦᠯᠬᠦᠮᠳᠡᠯ᠂ ᠣᠯᠣᠰ ᠲᠦᠷᠦ ᠶᠢᠨ ᠠᠶᠤᠯᠬᠦᠢ ᠶᠢ ᠬᠠᠮᠠᠭᠠᠯᠠᠬᠤ ᠠᠵᠢᠯ ᠤᠨ ᠲᠤᠭᠤᠷᠢᠨ ᠳᠤ ᠤᠯᠤᠰ ᠲᠦᠷᠦ ᠶᠢᠨ ᠴᠢᠨᠠᠷᠲᠠᠢ ᠬᠠᠤᠯᠢ ᠪᠤᠰᠤ ᠬᠡᠪᠯᠡᠭᠳᠡᠭᠦᠨ ᠪᠠ ᠬᠦᠨᠦᠭᠡᠯ ᠎ ᠲᠠᠢ ᠰᠤᠷᠠᠭ ᠵᠠᠩᠭᠢ ᠶᠢ ᠪᠠᠶᠢᠴᠠᠭᠠᠨ ᠬᠤᠷᠢᠭᠯᠠᠬᠤ ᠶᠢ ︽ᠰᠢᠷ᠎ᠠ ᠢ ᠱᠦᠭᠦᠷᠳᠡᠨ ᠬᠠᠤᠯᠢ ᠪᠤᠰᠤ ᠨᠤᠮ ᠬᠡᠪᠯᠡᠯ ᠢ ᠴᠡᠪᠡᠷᠯᠡᠨ ᠠᠷᠢᠯᠭᠠᠬᠤ︾ ᠠᠵᠢᠯ ᠤᠨ ᠲᠡᠷᠢᠭᠦᠨ ᠡᠭᠦᠷᠭᠡ ᠪᠤᠯᠭᠠᠵᠤ᠂ ᠴᠤᠬᠢᠯᠲᠠ ᠦᠭᠬᠦ ᠠᠵᠢᠯᠯᠠᠭ᠎ᠠ ᠦᠷᠨᠢᠭᠦᠯᠦᠨ᠂ ᠪᠠᠶᠢᠴᠠᠭᠠᠨ ᠬᠤᠷᠢᠭᠯᠠᠬᠤ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠡᠶᠢᠳᠠᠪᠤᠷᠢᠵᠢᠭᠤᠯᠵᠤ᠂ ᠬᠢᠯᠢ ᠶᠢᠨ ᠲᠤᠳᠤᠷ᠎ᠠ ᠬᠡᠪᠯᠡᠬᠦ ᠶᠢ ᠴᠠᠭᠠᠵᠠᠯᠠᠨ᠂ ᠬᠠᠤᠯᠢ ᠪᠤᠰᠤ ᠪᠠᠷ ᠬᠡᠪᠯᠡᠵᠦ ᠦᠢᠯᠡᠳᠬᠦ ᠶᠢ ᠴᠠᠭᠠᠵᠠᠯᠠᠵᠤ᠂ ᠵᠠᠬ᠎ᠠ ᠲᠡᠯᠭᠡᠭᠦᠷ ᠲᠤ ᠬᠤᠳᠠᠯᠳᠤᠨ ᠪᠤᠷᠤᠯᠠᠭᠤᠯᠬᠤ ᠶᠢ ᠴᠠᠭᠠᠵᠠᠯᠠᠵᠤ᠂ ᠰᠦᠯᠵᠢᠶᠡᠨ ᠲᠡᠭᠡᠷ᠎ᠡ ᠲᠠᠷᠬᠠᠭᠠᠵᠤ ᠲᠠᠮᠵᠢᠭᠤᠯᠬᠤ ᠶᠢ ᠴᠠᠭᠠᠵᠠᠯᠠᠵᠤ᠂ ᠵᠠᠭᠤᠴᠢ ᠲᠡᠭᠡᠷ᠎ᠡ ᠰᠠᠷᠢᠭᠠᠯᠠᠬᠤ ᠶᠢ ᠴᠠᠭᠠᠵᠠᠯᠠᠬᠤ ᠬᠡᠷᠡᠭᠲᠠᠢ᠃ ᠨᠠᠮ ᠤᠨ ᠠᠷᠪᠠᠨ ᠨᠡᠶᠢᠮᠠᠳᠤᠭᠠᠷ ᠶᠡᠭᠡ ᠬᠤᠷᠠᠯ ᠤᠨ ᠠᠵᠢᠯᠲᠠᠨ ᠤ ᠶᠠᠪᠤᠳᠠᠯ ᠢ ᠲᠤᠬᠢᠷᠠᠭᠤᠯᠬᠤ ᠶᠢ ᠲᠤᠷ᠎ᠠ ᠪᠠᠷ ᠢᠶᠠᠨ ᠲᠠᠭᠠᠮᠠᠭᠯᠠᠬᠤ ᠨᠠᠮ ᠤᠨ ᠲᠣᠳᠣᠭᠠᠲᠣ ᠶᠢᠨ ᠲᠡᠮᠡᠴᠡᠯ ᠤᠨ ᠴᠤᠤᠷᠠᠬᠠᠯ ᠢ ᠵᠤᠬᠢᠶᠠᠬᠤ᠂ ᠤᠯᠤᠰ ᠲᠦᠷᠦ ᠶᠢᠨ ᠲᠦᠷᠢᠮ ᠤᠨ ᠦᠭᠡᠷᠡᠴᠢᠯᠡᠯᠲᠡ ᠶᠢ ᠰᠠᠷᠢᠭᠠᠯᠠᠬᠤ᠂ ᠲᠦᠪᠡᠳ ᠤᠨ ᠲᠤᠰᠠᠭᠠᠷ ᠲᠤᠭᠲᠠᠨᠢᠬᠤ ᠶᠢ ᠦᠯᠢᠶᠡᠨ ᠬᠦᠭᠡᠷᠳᠡᠬᠦ ᠪᠠ ᠦᠨᠳᠦᠰᠦᠲᠡᠨ ᠢ ᠬᠠᠭᠠᠴᠠᠭᠤᠯᠬᠤ ᠵᠡᠷᠭᠡ ᠤᠯᠤᠰ ᠲᠦᠷᠦ ᠶᠢᠨ ᠴᠢᠨᠠᠷᠲᠠᠢ ᠬᠠᠤᠯᠢ ᠪᠤᠰᠤ ᠬᠡᠪᠯᠡᠭᠳᠡᠭᠦᠨ ᠪᠤᠯᠤᠨ ᠬᠦᠨᠦᠭᠡᠯ ᠲᠠᠢ ᠰᠤᠷᠠᠭ ᠵᠠᠩᠭᠢ ᠶᠢ ᠭᠤᠤᠯᠳᠠᠯᠭ᠎ᠠ ᠲᠠᠢ ᠪᠠᠶᠢᠴᠠᠭᠠᠨ ᠬᠤᠷᠢᠭᠯᠠᠬᠤ ᠬᠡᠷᠡᠭᠲᠠᠢ᠃      ︵ᠬᠤᠶᠠᠷ︶ ᠱᠠᠯᠢᠭ ᠵᠠᠪᠠᠭ᠋ᠠᠢ ᠰᠤᠶᠤᠯ ᠤᠨ ᠡᠴᠦᠰ ᠯᠤᠪᠰᠢ ᠶᠢ ᠲᠠᠰᠤ ᠱᠦᠭᠦᠷᠲᠡᠨ ᠠᠷᠢᠯᠭᠠᠬᠤ      ᠪᠦᠬᠦ ᠤᠯᠤᠰ ᠤᠨ ᠪᠤᠯᠪᠠᠰᠦᠨ ᠬᠤᠲᠠ ᠶᠢ ᠡᠭᠦᠳᠦᠨ ᠪᠠᠶᠢᠭᠤᠯᠬᠤ ᠪᠦᠬᠦ ᠬᠤᠲᠠ ᠶᠢᠨ ᠠᠵᠢᠯᠯᠠᠭ᠎ᠠ ᠶᠢᠨ ᠲᠤᠭᠤᠷᠢᠨ ᠳᠤ᠂ ᠡᠬᠢ ᠰᠣᠷᠪᠤᠯᠵᠢ ᠠᠴᠠ ᠠᠳᠬᠤᠵᠤ᠂ ᠰᠠᠭᠤᠷᠢ ᠶᠢ ᠨᠢ ᠴᠤᠬᠢᠬᠤ ᠠᠰᠢᠭ ᠲᠤᠰᠠ ᠶᠢᠨ ᠬᠢᠯᠬᠢᠶᠡᠰᠦ ᠶᠢ ᠨᠢ ᠲᠤᠰᠤᠳᠠᠬᠤ ᠱᠠᠭᠠᠷᠳᠠᠯᠭ᠎ᠠ ᠶᠤᠰᠤᠭᠠᠷ᠂ ᠤᠷᠳᠤ ᠬᠤᠭᠤᠴᠠᠭ᠎ᠠ ᠪᠦᠳᠦᠮᠵᠢᠲᠠᠢ ᠵᠤᠬᠢᠴᠠᠮᠵᠢ ᠶᠢ ᠪᠠᠶᠢᠭᠤᠯᠤᠨ ᠪᠦᠷᠢᠨᠰᠢᠭᠦᠯᠬᠦ᠂ ᠢᠨᠲ᠋ᠧᠷᠨᠧᠲ ᠰᠦᠯᠵᠢᠶ᠎ᠡ ᠪᠤᠯᠤᠨ ᠭᠠᠷ ᠤᠳᠠᠰᠤᠨ ᠲᠡᠭᠡᠷᠡᠬᠢ ᠱᠠᠯᠢᠭ ᠵᠠᠪᠠᠭ᠋ᠠᠢ ᠰᠤᠷᠠᠭ ᠵᠠᠩᠬᠢ ᠶᠢ ᠲᠤᠰᠬᠠᠢ ᠲᠦᠷᠦᠯ ᠢᠶᠠᠷ ᠴᠡᠭᠴᠡᠯᠡᠨ ᠵᠠᠰᠠᠬᠤ ᠠᠵᠢᠯᠯᠭ᠎ᠠ ᠶᠢᠨ ᠦᠷ᠎ᠡ ᠪᠦᠳᠦᠭᠡᠯ ᠢ ᠪᠡᠬᠡᠵᠢᠭᠦᠯᠦᠨ ᠦᠷᠭᠡᠳᠬᠡᠵᠦ᠂ ᠲᠦᠷᠰᠦ ᠰᠢᠩᠭᠡᠭᠡᠯᠲᠡ ᠶᠢ ᠦᠢᠯᠡᠳᠴᠦ ᠲᠠᠷᠬᠠᠭᠠᠬᠤ᠂ ᠦᠭᠦᠯᠡᠯ ᠤᠨ ᠲᠠᠪᠴᠠᠩ ᠶᠢᠨ ᠬᠠᠮᠢᠶᠠᠷᠤᠯᠲᠠ ᠶᠢ ᠴᠢᠩᠭᠠᠳᠬᠠᠨ᠂ ᠨᠡᠭᠦᠳᠡᠯ ᠤᠶᠤᠨᠲᠤ ᠦᠵᠦᠭᠦᠷ᠂ ᠭᠠᠷ ᠤᠳᠠᠰᠤᠨ ᠤᠯᠠᠨ ᠵᠠᠭᠤᠴᠠᠲᠤ ᠺᠠᠷᠲ᠂ ᠡᠮ ᠡᠮᠨᠡᠯᠭᠡ ᠡᠷᠡᠭᠦᠯᠵᠢᠯ ᠤᠨ ᠰᠤᠷᠠᠭ ᠵᠠᠩᠬᠢ ᠶᠢᠨ ᠦᠢᠯᠡᠴᠢᠯᠡᠭᠡᠨ ᠤ ᠰᠦᠢᠯᠵᠢᠶ᠎ᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠠᠷ ᠤᠳᠠᠰᠤᠨ ᠤ ᠵᠠᠷᠣᠳᠠᠯ ᠢ ᠤᠷᠤᠯᠠᠵᠤ ᠬᠤᠷᠢᠶᠠᠬᠤ ᠵᠠᠷ ᠮᠡᠳᠡᠭᠡ ᠶᠢᠨ ᠡᠵᠡᠩᠨᠡᠯᠲᠡ᠂ ᠭᠤᠷᠪᠠᠳᠤᠭᠠᠷ ᠡᠳᠡᠭᠡᠳ ᠠᠴᠠ ᠤᠯᠭᠤᠬᠤ ᠲᠠᠪᠴᠠᠩ ᠢ ᠲᠦᠷᠢᠮᠵᠢᠯᠡᠬᠦ ᠪᠠ ᠬᠢᠨᠠᠯᠲᠠ ᠬᠠᠮᠢᠶᠠᠷᠤᠯᠲᠠ ᠬᠢᠬᠦ ᠶᠢ ᠴᠢᠩᠭᠠᠳᠬᠠᠨ᠂ ᠰᠦᠯᠵᠢᠶᠡᠨ ᠲᠡᠭᠡᠷ᠎ᠡ ᠪᠠ ᠭᠠᠷ ᠤᠳᠠᠰᠦᠨ ᠲᠡᠭᠡᠷᠡᠬᠢ ᠱᠠᠯᠢᠭ ᠵᠠᠪᠠᠭ᠋ᠠᠢ ᠰᠣᠷᠠᠭ ᠵᠠᠩᠭᠢ ᠶᠢ ᠤᠯᠠᠮ ᠨᠢᠭᠡ ᠠᠯᠬᠤᠮ ᠱᠦᠭᠦᠷᠲᠡᠨ ᠠᠷᠢᠯᠠᠭᠠᠬᠤ ᠬᠡᠷᠡᠭᠲᠠᠢ᠃ ᠰᠦᠯᠵᠢᠶᠡᠨ ᠤ ᠪᠠᠭᠠᠷ᠂ ᠴᠡᠭᠡᠨ ᠬᠡᠷᠡᠯ ᠤᠨ ᠲᠠᠭᠤᠨ ᠤ ᠲᠠᠪᠳᠠᠮᠵᠢ᠂ ᠰᠤᠷᠭᠠᠭᠤᠯᠢ ᠶᠢᠨ ᠬᠦᠷᠢᠶᠠᠨ ᠡᠷᠬᠢᠨ ᠲᠤᠭᠤᠷᠢᠨ ᠤ ᠣᠷᠴᠢᠨ ᠠᠬᠤᠢ ᠵᠡᠷᠭᠡ ᠭᠤᠤᠯᠳᠠᠯᠭᠠᠲᠤ ᠬᠦᠷᠢᠶ᠎ᠡ ᠬᠡᠪᠴᠢᠶ᠎ᠡ ᠪᠤᠯᠤᠨ ᠭᠤᠭᠴᠤᠭ᠎ᠠ ᠶᠢ ᠠᠯᠳᠠᠯ ᠦᠭᠡᠢ ᠠᠳᠬᠤᠵᠤ᠂ ᠱᠠᠯᠢᠭ ᠵᠠᠪᠠᠭ᠋ᠠᠢ᠂ ᠬᠤᠤᠷᠯᠠᠨ ᠠᠯᠠᠬᠤ ᠬᠦᠴᠦᠷᠭᠡᠭᠯᠡᠯ ᠤᠨ ᠠᠭᠤᠯᠭ᠎ᠠ ᠲᠠᠢ ᠨᠤᠮ ᠰᠤᠳᠣᠷ ᠰᠤᠨᠢᠨ ᠰᠡᠳᠬᠦᠯ᠂ ᠲᠦᠷᠢ ᠰᠢᠩᠭᠡᠭᠡᠯᠲᠡ ᠤᠨ ᠦᠢᠯᠡᠳᠬᠦᠨ᠂ ᠰᠦᠯᠵᠢᠶᠡᠨ ᠬᠡᠪᠯᠡᠭᠳᠡᠬᠦᠨ ᠪᠤᠯᠤᠨ ᠨᠠᠭᠠᠲᠤᠮ ᠤᠨ ᠵᠦᠭᠡᠯᠡᠨ ᠲᠤᠨᠤᠭ ᠢ ᠲᠡᠬᠢᠨ ᠲᠠᠪᠲᠠᠨ ᠱᠦᠭᠦᠷᠳᠡᠨ ᠠᠷᠢᠯᠭᠠᠵᠤ᠂ ᠲᠡᠳᠡᠭᠡᠷ ᠢ ᠭᠡᠳᠡᠷᠬᠦ ᠲᠠᠷᠬᠠᠭᠠᠨ ᠤᠯᠠᠮᠵᠢᠯᠠᠬᠤ ᠪᠠᠶᠢᠳᠠᠯ ᠢ ᠡᠷᠡᠰ ᠬᠤᠷᠢᠭᠯᠠᠬᠤ ᠬᠡᠷᠡᠭᠲᠠᠢ᠃      ︵ᠭᠤᠷᠪᠠ︶ ᠡᠷᠭᠡ ᠳᠤ ᠬᠠᠯᠳᠠᠭᠰᠠᠨ ᠬᠠᠭᠤᠷᠮᠠᠭ ᠬᠡᠪᠯᠡᠯ ᠦᠢᠯᠡ ᠠᠵᠢᠯᠯᠭ᠎ᠠ ᠶᠢ ᠶᠡᠬᠡᠪᠡᠷ ᠪᠠᠶᠢᠴᠠᠭᠠᠨ ᠰᠡᠶᠢᠳᠪᠦᠷᠢᠯᠡᠬᠦ      ᠬᠠᠭᠤᠷᠮᠠᠭ ᠬᠡᠪᠯᠡᠯ ᠤᠨ ᠪᠤᠷᠤᠯᠠᠭᠤᠯᠭ᠎ᠠ ᠰᠠᠶᠢᠲᠠᠢ ᠨᠤᠮ᠂ ᠪᠠᠭᠠᠵᠢ ᠪᠢᠴᠢᠭ᠂ ᠵᠢᠭᠠᠬᠤ ᠪᠢᠴᠢᠭ ᠮᠠᠲ᠋ᠧᠷᠢᠶᠠᠯ᠂ ᠵᠢᠭᠠᠬᠤ ᠶᠢ ᠲᠤᠰᠠᠯᠠᠬᠤ ᠮᠡᠲ᠋ᠧᠷᠢᠶᠠᠯ᠂ ᠺᠢᠨᠤ᠋ ᠲᠧᠯᠸᠢᠰ ᠲᠠᠭᠤᠤ ᠬᠦᠭᠵᠢᠮ ᠲᠦᠷᠢ ᠰᠢᠩᠭᠡᠭᠡᠯᠲᠡ ᠶᠢᠨ ᠦᠢᠯᠡᠳᠬᠦᠨ ᠵᠡᠷᠭᠡ ᠶᠢ ᠭᠤᠤᠯᠳᠠᠯᠭ᠎ᠠ ᠲᠠᠢ ᠪᠠᠶᠢᠴᠠᠭᠠᠨ ᠬᠤᠷᠢᠶᠠᠨ ᠠᠪᠬᠤ ᠬᠡᠷᠡᠭᠲᠠᠢ᠃ ᠬᠡᠪᠯᠡᠭᠳᠡᠬᠦᠨ ᠢ ᠦᠢᠯᠡᠳᠬᠦ᠂ ᠦᠢᠯᠡᠳᠪᠦᠷᠢᠯᠡᠬᠦ᠂ ᠪᠦᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ᠂ ᠲᠦᠷᠢᠶᠡᠰᠦᠯᠡᠬᠦ᠂ ᠺᠢᠨᠤ᠋ ᠭᠠᠷᠭᠠᠬᠤ ᠨᠢᠭᠡᠴᠢ ᠶᠢᠨ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠠᠭᠤᠷᠮᠠᠭ ᠬᠡᠪᠯᠡᠯ ᠢ ᠰᠢᠬᠠᠵᠤ ᠬᠤᠳᠠᠯᠳᠤᠬᠤ ᠪᠠ ᠬᠠᠤᠯᠢ ᠪᠤᠰᠤ ᠬᠡᠪᠯᠡᠭᠳᠡᠬᠦᠨ ᠤ ᠶᠠᠪᠤᠭᠤᠯ ᠬᠤᠳᠠᠯᠳᠤᠭᠠᠴᠢᠨ ᠤ ᠵᠠᠮ ᠤᠨ ᠲᠠᠭᠠᠤ ᠲᠡᠯᠭᠡᠭᠦᠷ ᠪᠤᠯᠤᠨ ᠭᠡᠷᠡᠴᠢ ᠦᠨᠡᠮᠯᠡᠯ ᠦᠭᠡᠢ ᠪᠠᠷ ᠡᠵᠡᠩᠨᠡᠭᠴᠢᠳ ᠢ ᠡᠷᠰ ᠴᠠᠭᠠᠵᠠᠯᠠᠬᠤ ᠬᠡᠷᠡᠭᠲᠠᠢ᠃ ᠡᠬᠢ ᠰᠣᠷᠪᠣᠯᠵᠢ ᠠᠴᠠ ᠵᠠᠰᠠᠬᠤ ᠶᠢ ᠴᠢᠩᠭᠠᠳᠬᠠᠵᠤ᠂ ᠬᠠᠤᠯᠢ ᠪᠤᠰᠤ ᠯᠠᠶᠢᠰᠠᠷ ᠫᠠᠶᠢᠰᠠ ᠶᠢ ᠦᠢᠯᠡᠳᠪᠦᠷᠢᠯᠡᠬᠦ ᠵᠠᠮ ᠢ ᠴᠡᠪᠠᠷᠯᠠᠨ ᠠᠷᠢᠯᠭᠠᠵᠤ᠂ ᠬᠠᠤᠯᠢ ᠪᠤᠰᠤ ᠦᠢᠯᠡᠳᠪᠦᠷᠢᠯᠡᠯ᠂ ᠬᠠᠳᠠᠭᠠᠯᠠᠮᠵᠢ ᠶᠢᠨ ᠡᠭᠦᠷ ᠴᠢᠭ ᠢ ᠭᠦᠨᠵᠡᠭᠡᠢ ᠠᠭᠤᠳᠠᠯᠠᠵᠤ᠂ ᠬᠡᠪᠯᠡᠭᠳᠡᠭᠦᠨ ᠤ ᠭᠤᠶᠠᠴᠢᠯᠠᠭᠰᠠᠨ ᠠᠵᠢᠯᠯᠭ᠎ᠠ ᠳᠤ ᠬᠦᠨᠳᠦ ᠴᠤᠬᠢᠯᠲᠠ ᠦᠭᠬᠦ ᠬᠡᠷᠡᠭᠲᠠᠢ᠃ ᠰᠦᠯᠵᠢᠶ᠎ᠡ ᠪᠤᠯᠤᠨ ᠭᠠᠷ ᠤᠳᠠᠰᠤᠨ ᠵᠠᠭᠤᠴᠢ ᠡᠷᠬᠡ ᠳᠤ ᠬᠠᠯᠳᠠᠭᠰᠠᠨ ᠦᠢᠯᠡ ᠠᠵᠢᠯᠯᠠᠭ᠎ᠠ ᠶᠢ ᠶᠡᠬᠡᠪᠠᠷ ᠪᠠᠶᠢᠴᠠᠭᠠᠨ ᠰᠡᠶᠢᠳᠪᠦᠷᠢᠯᠡᠵᠦ᠂ ᠵᠦᠪᠰᠢᠶᠡᠷᠡᠯ ᠤᠨ ᠡᠷᠬᠡ ᠤᠯᠤᠭᠠᠳᠦᠢ ᠪᠠᠷ ᠺᠢᠨᠤ᠋ ᠲᠧᠯᠸᠢᠰ ᠤᠨ ᠦᠢᠯᠡᠳᠬᠦᠨ ᠢ ᠲᠠᠮᠵᠢᠭᠤᠯᠤᠨ ᠲᠠᠷᠬᠠᠭᠠᠬᠤ ᠵᠡᠷᠭᠡ ᠡᠷᠬᠡ ᠳᠤ ᠬᠠᠯᠳᠠᠭᠰᠠᠨ ᠬᠠᠭᠤᠷᠮᠠᠭ ᠬᠡᠪᠯᠡᠭᠰᠡᠳ ᠲᠤ ᠢᠨᠲ᠋ᠧᠷᠨᠧᠲ ᠰᠦᠯᠵᠢᠶ᠎ᠡ ᠵᠠᠯᠭᠠᠵᠤ ᠤᠷᠤᠭᠤᠯᠬᠤ᠂ ᠦᠢᠯᠡᠴᠢᠯᠡᠭᠡ ᠶᠢᠨ ᠪᠠᠭᠠᠵᠢ ᠶᠢ ᠨᠡᠶᠢᠲᠠᠨ ᠬᠠᠮᠢᠶᠠᠷᠠᠬᠤ᠂ ᠰᠦᠯᠵᠢᠶᠡᠨ ᠤ ᠬᠠᠳᠠᠭᠠᠯᠠᠮᠵᠢ ᠶᠢᠨ ᠤᠷᠤᠨ ᠵᠠᠢ᠂ ᠤᠷᠤᠯᠠᠵᠤ ᠵᠠᠷᠤᠳᠠᠯ ᠬᠤᠷᠢᠶᠠᠬᠤ ᠪᠠ ᠬᠡᠲᠤ ᠠᠰᠢᠭ‌‍ᠭᠦ᠋ᠭᠡᠭᠡᠴᠡᠯᠳᠦᠬᠦ ᠦᠢᠯᠡᠴᠢᠯᠡᠭᠡ ᠶᠢ ᠳ᠋ᠦᠩᠨᠡᠨ ᠪᠤᠳᠤᠬᠤ ᠵᠡᠷᠭᠡ ᠬᠠᠤᠯᠢ ᠵᠦᠷᠢᠴᠡᠨ ᠲᠤᠭᠲᠠᠭᠠᠯ ᠢ ᠲᠡᠷᠰᠡᠯᠡᠭᠰᠡᠨ ᠦᠢᠯᠡ ᠠᠵᠢᠯᠯᠭ᠎ᠠ ᠬᠠᠩᠭᠠᠬᠤ ᠶᠢ ᠬᠦᠴᠦ ᠲᠠᠯᠪᠢᠨ ᠪᠠᠶᠢᠴᠠᠭᠠᠨ ᠰᠶᠢᠳᠪᠦᠷᠢᠯᠡᠬᠦ ᠬᠡᠷᠡᠭᠲᠠᠢ᠃ ᠵᠠᠰᠠᠭ ᠤᠨ ᠤᠷᠳᠤᠨ ᠤ ᠪᠠᠶᠢᠭᠤᠯᠭ᠎ᠠ ᠪᠤᠯᠤᠨ ᠠᠵᠤ ᠠᠬᠤᠶᠢᠯᠠᠯ ᠤᠨ ᠬᠡᠷᠡᠭᠯᠡᠬᠦ ᠵᠢᠩᠬᠢᠨᠢ ᠬᠡᠪᠯᠡᠯ ᠤᠨ ᠵᠦᠭᠡᠯᠡᠨ ᠲᠤᠨᠤᠭ ᠤᠨ ᠠᠵᠢᠯ ᠢ ᠢᠳᠡᠪᠬᠢᠲᠠᠢ ᠲᠦᠯᠬᠢᠨ ᠠᠬᠢᠭᠤᠯᠬᠤ ᠭᠡᠷᠡᠭᠲᠠᠢ᠃ ᠲᠡᠯᠡᠬᠡᠢ ᠶᠢᠨ ᠮᠡᠳᠡᠯᠭᠡ ᠶᠢᠨ ᠦᠮᠴᠢᠯᠡᠬᠦ ᠡᠳᠦᠷ ᠤᠨ ᠡᠮᠦᠨ᠎ᠡ ᠬᠤᠶᠢᠨ᠎ᠠ ᠬᠤᠰᠢᠭᠤ ︽ᠰᠢᠷ᠎ᠠ ᠢ ᠱᠦᠭᠦᠷᠳᠡᠨ ᠬᠠᠤᠯᠢ ᠪᠤᠰᠤ ᠨᠤᠮ ᠬᠡᠪᠯᠡᠯ ᠢ ᠴᠡᠪᠡᠷᠯᠡᠨ ᠠᠷᠢᠯᠭᠠᠬᠤ︾ ᠠᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠠᠴᠠ ᠨᠢᠭᠡᠳᠦᠯᠲᠡᠢ ᠵᠤᠬᠢᠶᠠᠨ ᠪᠠᠶᠢᠭᠤᠯᠤᠨ ᠪᠦᠬᠦ ᠬᠤᠰᠢᠭᠤᠨ ᠤ ᠴᠢᠨᠠᠷ ᠲᠠᠢ ᠡᠷᠬᠡ ᠳᠤ ᠬᠠᠯᠳᠠᠭᠰᠠᠨ ᠬᠠᠭᠤᠷᠮᠠᠭ ᠬᠡᠪᠯᠡᠯ ᠬᠢᠭᠡᠳ ᠬᠠᠤᠯᠢ ᠪᠤᠰᠤ ᠬᠡᠪᠯᠡᠭᠳᠡᠬᠦᠨ ᠢ ᠲᠦᠪᠯᠡᠷᠡᠭᠦᠯᠦᠨ ᠠᠷᠢᠯᠭᠠᠬᠤ ᠠᠵᠢᠯᠯᠠᠭ᠎ᠠ ᠶᠢ ᠦᠷᠨᠢᠭᠦᠯᠬᠦ ᠬᠡᠷᠡᠭᠲᠠᠢ᠃      ︵ᠲᠦᠷᠪᠡ︶ ᠬᠠᠤᠯᠢ ᠲᠤᠭᠳᠠᠭᠠᠯ ᠢ ᠵᠦᠷᠢᠴᠡᠭᠰᠡᠨ ᠬᠠᠤᠯᠢ ᠪᠤᠰᠤ ᠰᠤᠨᠢᠨ ᠰᠡᠳᠬᠦᠯ ᠪᠤᠯᠤᠨ ᠰᠦᠯᠵᠢᠶᠡᠨ ᠤ ᠰᠤᠨᠢᠨ ᠰᠡᠳᠬᠦᠯ ᠢ ᠴᠢᠩᠭ᠎ᠠ ᠴᠡᠭᠴᠡᠯᠡᠨ ᠵᠠᠰᠠᠬᠤ      ᠲᠣᠳᠣᠭᠠᠲᠣ ᠶᠢᠨ ᠰᠤᠨᠢᠨ ᠰᠡᠳᠬᠦᠯ ᠢ ᠴᠡᠭᠴᠡᠯᠡᠨ ᠵᠠᠰᠠᠬᠤ ᠪᠠᠷ ᠲᠤᠬᠢᠶᠠᠯ ᠪᠤᠯᠭᠠᠨ᠂ ᠬᠤᠳᠠᠯ ᠬᠠᠭᠤᠷᠮᠠᠭ᠂ ᠬᠠᠭᠤᠷᠮᠠᠭ ᠢᠶᠠᠷ ᠵᠤᠬᠢᠶᠠᠭᠰᠠᠨ ᠰᠤᠨᠢᠨ ᠰᠡᠳᠬᠦᠯ᠂ ᠬᠢᠯᠢ ᠶᠢᠨ ᠭᠠᠳᠠᠨ᠎ᠠ ᠲᠠᠩᠰᠠᠨ᠎ᠠ ᠲᠡᠮᠳᠡᠭᠯᠡᠨ ᠬᠢᠯᠢ ᠶᠢᠨ ᠲᠤᠳᠤᠭᠠᠲᠤ ᠳᠤ ᠬᠠᠤᠯᠢ ᠪᠤᠰᠤ ᠪᠠᠷ ᠨᠠᠶᠢᠷᠠᠭᠤᠯᠤᠨ ᠲᠠᠷᠬᠠᠭᠠᠭᠰᠠᠨ ᠰᠤᠨᠢᠨ ᠰᠡᠳᠬᠦᠯ᠂ ᠨᠢᠭᠡ ᠳ᠋ᠤᠭᠠᠷ ᠤᠯᠠᠨ ᠰᠤᠨᠢᠨ ᠰᠡᠳᠬᠦᠯ᠂ ᠵᠠᠷ ᠮᠡᠳᠡᠭᠡᠯᠡᠯ ᠤᠨ ᠬᠡᠪᠯᠡᠭᠳᠡᠬᠦᠨ ᠢ ᠠᠰᠢᠭᠯᠠᠭᠰᠠᠨ ᠬᠠᠤᠯᠢ ᠪᠤᠰᠤ ᠪᠠᠷ ᠬᠡᠪᠯᠡᠭᠰᠡᠨ ᠰᠤᠨᠢᠨ ᠰᠡᠳᠬᠦᠯ᠂ ᠬᠠᠤᠯᠢ ᠪᠤᠰᠤ ᠰᠤᠷᠭᠠᠨ ᠬᠦᠮᠦᠵᠢᠯ ᠤᠨ ᠲᠦᠷᠦᠯ ᠤᠨ ᠰᠤᠨᠢᠨ ᠮᠡᠳᠡᠭᠡ ᠬᠢᠭᠡᠳ ᠵᠦᠪᠰᠢᠶᠡᠷᠡᠯ ᠤᠯᠤᠭᠠᠲᠤᠢ ᠪᠠᠷ ᠲᠤᠷ᠎ᠠ ᠪᠠᠷ ᠢᠶᠠᠨ ᠤᠷᠤᠭᠤᠯᠤᠭᠰᠨ᠋ ᠬᠢᠯᠢ ᠶᠢᠨ ᠭᠠᠳᠠᠨᠠᠬᠢ ᠰᠤᠨᠢᠨ ᠰᠡᠳᠬᠦᠯ ᠢ ᠭᠤᠤᠯᠳᠠᠯᠭ᠎ᠠ ᠲᠠᠢ ᠪᠠᠶᠢᠴᠠᠭᠠᠨ ᠬᠤᠷᠢᠶᠠᠵᠤ ᠠᠪᠬᠤ ᠬᠡᠷᠡᠭᠲᠠᠢ᠃ ᠬᠠᠣᠯᠢ ᠪᠤᠰᠤ ᠪᠠᠷ ᠪᠠᠶᠢᠭᠤᠯᠤᠭᠰᠠᠨ ᠰᠤᠨᠢᠨ ᠰᠡᠳᠬᠦᠯ ᠤᠨ ᠬᠤᠷᠢᠶ᠎ᠠ᠂ ᠨᠠᠶᠢᠷᠠᠭᠤᠯᠬᠤ ᠬᠡᠯᠳᠡᠰ᠂ ᠰᠤᠷᠪᠤᠯᠵᠢᠯᠠᠭᠴᠢ ᠶᠢᠨ ᠦᠷᠳᠡᠭᠡ᠂ ᠠᠵᠢᠯ ᠤᠨ ᠦᠷᠳᠡᠭᠡ᠂ ᠰᠤᠨᠢᠨ ᠰᠡᠳᠬᠦᠯ ᠤᠨ ᠰᠦᠯᠵᠢᠶᠡᠨ ᠭᠠᠵᠠᠷ ᠢ ᠬᠠᠤᠯᠢ ᠶᠤᠰᠤ ᠪᠠᠷ ᠬᠦᠴᠦᠨ ᠦᠭᠡᠢ ᠪᠤᠯᠭᠠᠵᠤ᠂ ᠬᠤᠳᠠᠯ ᠬᠠᠭᠤᠷᠮᠠᠭ ᠰᠤᠨᠢᠨ ᠰᠡᠳᠬᠦᠯ᠂ ᠬᠤᠳᠠᠯ ᠰᠤᠷᠪᠤᠯᠵᠢᠯᠠᠭᠴᠢ᠂ ᠬᠤᠳᠠᠯ ᠰᠤᠷᠪᠤᠯᠵᠢᠯᠠᠭᠴᠢ ᠶᠢᠨ ᠦᠷᠳᠡᠭᠡ ᠳᠤ ᠡᠷᠡᠰ ᠴᠤᠬᠢᠯᠲᠠ ᠦᠭᠴᠦ᠂ ᠢᠯᠠᠩᠭᠤᠶ᠎ᠠ ᠬᠤᠳᠠᠯ ᠬᠠᠭᠤᠷᠮᠠᠭ ᠰᠤᠷᠪᠤᠯᠵᠢᠯᠠᠭᠴᠢ ᠪᠤᠶᠤ ᠰᠦᠯᠵᠢᠶ᠎ᠡ ᠰᠤᠨᠢᠨ ᠮᠡᠳᠡᠭᠡᠨ ᠤ ᠰᠤᠷᠪᠤᠯᠵᠢᠯᠠᠵᠤ ᠨᠠᠶᠢᠷᠠᠭᠤᠯᠬᠤ ᠬᠦᠮᠦᠨ ᠤ ᠪᠡᠶ᠎ᠡ ᠶᠢᠨ ᠭᠠᠷᠤᠯ ᠢᠶᠠᠷ ᠨᠡᠷ᠎ᠡ ᠵᠢᠭᠠᠵᠤ ᠮᠡᠬᠡᠯᠡᠨ ᠬᠠᠭᠤᠷᠬᠤ᠂ ᠬᠢᠬᠠᠵᠤ ᠮᠦᠯᠵᠢᠬᠦ᠂ ᠡᠳ᠋ ᠮᠦᠩᠬᠦ ᠴᠦᠯᠪᠡᠨ ᠬᠤᠷᠢᠶᠠᠬᠤ᠂ ᠨᠡᠶᠢᠬᠡᠮ ᠤᠨ ᠡᠮᠬᠢ ᠲᠢᠭᠯᠢᠮ ᠢ ᠰᠠᠮᠠᠷᠠᠭᠤᠯᠬᠤ ᠦᠢᠯᠡ ᠠᠵᠢᠯᠯᠠᠭ᠎ᠠ ᠳᠤ ᠴᠢᠩᠭ᠎ᠠ ᠴᠤᠬᠢᠯᠲᠠ ᠦᠭᠴᠦ᠂ ᠰᠤᠨᠢᠨ ᠰᠡᠳᠬᠦᠯ ᠤᠨ ᠵᠠᠬ᠎ᠠ ᠲᠡᠯᠭᠡᠭᠦᠷ ᠤᠨ ᠡᠮᠬᠢ ᠲᠢᠭᠯᠢᠮ ᠢ ᠴᠢᠩᠭ᠎ᠠ ᠲᠦᠷᠢᠮᠵᠢᠭᠦᠯᠬᠦ ᠬᠡᠷᠡᠭᠲᠠᠢ᠃     ᠭᠤᠷᠪᠠ᠂ ᠭᠤᠤᠯ ᠪᠤᠯᠬᠤ ᠠᠷᠭ᠎ᠠ ᠬᠡᠮᠵᠢᠶ᠎ᠡ      ︵ᠨᠢᠭᠡ︶ 6 ᠰᠠᠷ᠎ᠠ ᠶᠢᠨ ᠲᠤᠮᠳᠠᠴᠢ ᠠᠴᠠ ᠵᠢᠯ ᠤᠨ ᠡᠴᠦᠰ ᠪᠤᠯᠳᠠᠯ᠎ᠠ᠂ ᠬᠢᠯᠢ ᠬᠢᠵᠠᠭᠠᠷ ᠤᠨ ᠲᠤᠭᠲᠠᠭᠤᠨ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠪᠠᠷ ᠭᠤᠤᠯ ᠪᠤᠯᠭᠠᠭᠰᠠᠨ᠂ ᠤᠯᠤᠰ ᠲᠦᠷᠦ ᠤᠨ ᠴᠢᠨᠠᠷ ᠲᠠᠢ ᠬᠠᠤᠯᠢ ᠪᠤᠰᠤ ᠬᠡᠪᠯᠡᠭᠳᠡᠬᠦᠨ ᠢ ᠲᠤᠰᠬᠠᠢ ᠲᠦᠷᠦᠯ ᠢᠶᠠᠷ ᠵᠠᠰᠠᠬᠤ ᠠᠵᠢᠯᠯᠭ᠎ᠠ ᠢ ᠦᠷᠨᠢᠭᠦᠯᠵᠦ᠂ ᠢᠯᠠᠩᠭᠤᠶ᠎ᠠ ᠱᠠᠰᠢᠨ ᠰᠤᠷᠳᠠᠬᠤᠨ ᠤ ᠬᠡᠲᠦ ᠦᠵᠡᠯ ᠰᠠᠨᠠᠭ᠎ᠠ ᠶᠢ ᠤᠬᠠᠭᠤᠯᠬᠤ᠂ ᠨᠡᠶᠢᠬᠡᠮ ᠤᠨ ᠵᠦᠷᠢᠴᠡᠯ ᠢ ᠬᠤᠳᠬᠤᠨ ᠦᠳᠦᠭᠡᠬᠦ᠂ ᠤᠯᠠᠨ ᠲᠦᠮᠡᠨᠴᠢ ᠴᠢᠨᠠᠷᠲᠠᠢ ᠭᠡᠷ᠎ᠡ ᠢ ᠦᠳᠦᠭᠡᠬᠦ ᠵᠡᠷᠭᠡ ᠠᠭᠤᠯᠭ᠎ᠠ ᠲᠠᠢ ᠬᠡᠪᠯᠡᠭᠳᠡᠭᠦᠨ ᠢ ᠪᠢᠳᠡᠭᠦᠮᠵᠢᠯᠡᠨ ᠬᠤᠷᠢᠶᠠᠬᠤ ᠬᠡᠷᠡᠭᠲᠠᠢ᠃ ᠪᠦᠬᠦ ᠬᠤᠰᠢᠭᠤᠨ ᠤ ᠬᠡᠪᠯᠡᠯ ᠤᠨ ᠵᠠᠬ᠎ᠠ ᠲᠡᠯᠭᠡᠭᠦᠷ ᠲᠤ ᠲᠤᠤᠷ ᠲᠠᠲᠠᠬᠤ ᠮᠠᠶ᠋ᠢᠭ ᠤᠨ ᠶᠡᠭᠡ ᠪᠠᠶᠢᠴᠠᠭᠠᠯᠲᠠ ᠦᠷᠨᠢᠭᠦᠯᠦᠨ᠂ ᠲᠡᠭᠡᠭᠡᠪᠦᠷᠢᠯᠡᠬᠦ ᠭᠤᠭᠴᠤᠭ᠎ᠠ ᠢᠯᠠᠩᠭᠤᠶ᠎ᠠ ᠪᠤᠳᠠᠰ ᠤᠨ ᠬᠦᠢᠯᠭᠡᠭᠡ᠂ ᠬᠠᠳᠠᠭᠠᠯᠠᠮᠵᠢ ᠶᠢᠨ ᠲᠠᠯᠠᠪᠤᠷ ︵ᠦᠷᠳᠡᠭᠡ︶ ᠪᠤᠯᠤᠨ ᠠᠵᠤ ᠠᠬᠤᠶᠢᠯᠠᠯ ᠳᠤ ᠲᠦᠪᠯᠡᠷᠡᠩᠭᠦᠢ ᠴᠡᠭᠴᠡᠯᠡᠨ ᠵᠠᠰᠠᠯᠲᠠ ᠬᠢᠵᠦ᠂ ᠤᠯᠤᠰ ᠲᠦᠷᠦ ᠶᠢᠨ ᠴᠢᠨᠠᠷᠲᠠᠢ ᠬᠠᠤᠯᠢ ᠪᠤᠰᠤ ᠬᠡᠪᠯᠡᠭᠳᠡᠬᠦᠨ ᠢ ᠦᠢᠯᠡᠳᠦᠨ ᠬᠤᠳᠠᠯᠳᠤᠭᠰᠠᠨ ᠨᠢᠭᠡ ᠪᠦᠯᠦᠭ ᠲᠤᠮᠤ ᠬᠡᠷᠡᠭ ᠢ ᠡᠷᠡᠰ ᠪᠠᠶᠢᠴᠠᠭᠠᠨ ᠰᠡᠶᠢᠳᠪᠦᠷᠢᠯᠡᠬᠦ ᠬᠡᠷᠡᠭᠲᠠᠢ᠃      ︵ᠬᠤᠶᠠᠷ︶ 6 ᠰᠠᠷ᠎ᠠ ᠶᠢᠨ ᠡᠴᠦᠰ ᠠᠴᠠ 9 ᠰᠠᠷ᠎ᠠ ᠪᠤᠯᠳᠠᠯ᠎ᠠ᠂ ᠪᠦᠬᠦ ᠬᠤᠳᠠ ᠶᠢᠨ ᠪᠦᠬᠦ ᠤᠯᠤᠰ ᠤᠨ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠠ ᠠᠶᠢᠮᠠᠭ ᠢ ᠬᠠᠰᠤᠵᠤ ᠬᠤᠲᠠ ᠪᠠᠶᠢᠭᠤᠯᠬᠤ 10 ᠵᠢᠯ ᠤᠨ ᠰᠢᠰᠲ᠋ᠧᠮᠲᠤ ᠠᠵᠢᠯᠯᠠᠭ᠎ᠠ ᠳᠤ ᠰᠠᠶᠢᠨ ᠰᠠᠶᠢᠬᠠᠨ ᠣᠷᠴᠢᠨ ᠲᠤᠭᠤᠷᠢᠨ ᠢ ᠡᠭᠦᠳᠬᠦ ᠪᠠᠷ ᠬᠠᠷᠠᠯᠲᠠ ᠪᠤᠯᠭᠠᠨ ᠱᠠᠯᠢᠭ ᠵᠠᠪᠠᠭ᠋ᠠᠢ ᠰᠤᠷᠠᠭ ᠵᠠᠩᠭᠢ ᠪᠤᠯᠤᠨ ᠬᠡᠪᠯᠡᠭᠳᠡᠭᠦᠨ ᠤ ᠲᠤᠰᠬᠠᠢ ᠲᠦᠷᠦᠯ ᠤᠨ ᠠᠵᠢᠯᠯᠭ᠎ᠠ ᠳᠤ ᠴᠤᠬᠢᠯᠲᠠ ᠦᠭᠬᠦ ᠠᠵᠢᠯ ᠳᠤ ᠭᠦᠨᠵᠡᠭᠡᠢ ᠦᠷᠨᠢᠭᠦᠯᠬᠦ ᠬᠡᠷᠡᠭᠲᠠᠢ᠃ ᠬᠦᠳᠡᠯᠭᠡᠭᠦᠷ ᠢ ᠨᠢᠩᠵᠢᠬᠦ᠂ ᠬᠠᠷᠠᠭᠠᠨ ᠲᠠᠪᠲᠠᠮᠵᠢ ᠶᠢᠨ ᠰᠦᠯᠵᠢᠶ᠎ᠡ᠂ ᠭᠡᠰᠢᠭᠦᠳ ᠤᠨ ᠲᠤᠰᠬᠠᠢ ᠲᠤᠭᠤᠷᠢᠭ᠂ ᠰᠦᠯᠵᠢᠶᠡᠨ ᠲᠡᠭᠡᠷ᠎ᠡ ᠵᠤᠭᠤᠭᠳᠠᠬᠤ ᠭᠡᠷ᠂ ᠠᠭᠱᠠᠨ ᠵᠠᠭᠤᠷ᠎ᠠ ᠶᠢᠨ ᠴᠢᠮᠡᠭᠡᠯᠡᠯ ᠤᠨ ᠬᠠᠮᠲᠤᠯᠢᠭ᠂ ᠬᠠᠷᠠᠭᠠᠨ ᠲᠠᠪᠲᠠᠮᠵᠢ ᠶᠢ ᠲᠡᠮᠳᠡᠭᠯᠡᠬᠦ ᠦᠢᠯᠡᠴᠢᠯᠡᠭᠡ᠂ ᠰᠦᠯᠵᠢᠶᠡᠨ ᠲᠡᠭᠡᠷᠡᠬᠢ ᠪᠡᠯᠭᠡ ᠶᠢᠨ ᠬᠡᠷᠡᠭᠯᠡᠭᠡᠨ ᠤ ᠲᠠᠸᠠᠷ ᠤᠨ ᠲᠡᠯᠭᠡᠭᠦᠷ ᠪᠤᠯᠤᠨ ᠪᠡᠯᠭᠡ ᠶᠢᠨ ᠡᠮ ᠤᠨ ᠵᠦᠢᠯ ᠤᠨ ᠵᠠᠷ ᠮᠡᠳᠡᠭᠡ ᠵᠡᠷᠭᠡ ᠶᠢ ᠴᠡᠭᠴᠡᠯᠡᠨ ᠵᠠᠰᠠᠬᠤ ᠪᠠᠷ ᠭᠤᠤᠯᠳᠠᠯᠭ᠎ᠠ ᠪᠤᠯᠭᠠᠨ᠂ ᠰᠢᠷ᠎ᠠ ᠲᠠᠢ ᠬᠤᠯᠪᠤᠭᠳᠠᠭᠰᠠᠨ ᠢᠨᠲ᠋ᠧᠷᠨᠧᠲ ᠰᠦᠯᠵᠢᠶ᠎ᠡ ᠪᠤᠯᠤᠨ ᠭᠠᠷ ᠤᠳᠠᠰᠦᠨ ᠰᠦᠯᠵᠢᠶ᠎ᠡ ᠶᠢ ᠪᠠᠶᠢᠴᠠᠭᠠᠨ ᠰᠡᠶᠢᠳᠪᠦᠷᠢᠯᠡᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠰᠦᠯᠵᠢᠶ᠎ᠡ ᠲᠧᠯᠸᠢᠰ ᠢ ᠠᠰᠢᠭᠯᠠᠨ ᠱᠠᠯᠢᠭ ᠵᠠᠪᠠᠭ᠋ᠠᠢ ᠫᠷᠦᠭᠷᠡᠮ ᠢ ᠰᠤᠨᠤᠰᠴᠤ ᠲᠠᠮᠵᠢᠭᠤᠯᠬᠤ ᠦᠢᠯᠡ ᠠᠵᠢᠯᠯᠭ᠎ᠠ ᠳᠤ ᠲᠤᠰᠬᠠᠢ ᠴᠡᠭᠴᠡᠯᠡᠨ ᠵᠠᠰᠠᠯᠲᠠ ᠦᠷᠨᠢᠭᠦᠯᠵᠦ᠂ ᠱᠠᠯᠢᠭ ᠵᠠᠪᠬᠠᠢ ᠭᠡᠷᠡᠯ ᠳ᠋ᠢᠰᠺᠠ ᠦᠢᠯᠡᠳᠴᠦ ᠬᠤᠳᠠᠯᠳᠤᠬᠤ ᠠᠵᠢᠯᠯᠠᠭ᠎ᠠ ᠳᠤ ᠬᠦᠨᠳᠦ ᠴᠤᠬᠢᠯᠲᠠ ᠦᠭᠴᠦ᠂ ᠨᠢᠭᠡ ᠪᠦᠯᠦᠭ ᠭᠤᠤᠯᠳᠠᠯᠭ᠎ᠠ ᠲᠠᠢ ᠴᠢᠬᠤᠯᠠ ᠬᠡᠷᠡᠭ ᠢ ᠪᠠᠶᠢᠴᠠᠭᠠᠨ ᠰᠡᠶᠢᠳᠪᠦᠷᠢᠯᠡᠬᠦ ᠪᠠ ᠢᠯᠡᠴᠢᠯᠡᠬᠦ ᠬᠡᠷᠡᠭᠲᠠᠢ᠃      ︵ᠭᠤᠷᠪᠠ︶ 9 ᠰᠠᠷ᠎ᠠ ᠠᠴᠠ 11 ᠰᠠᠷ᠎ᠠ ᠪᠤᠯᠳᠠᠯ᠎ᠠ᠂ ᠪᠦᠬᠦ ᠬᠤᠰᠢᠭᠤᠨ ᠤ ᠲᠤᠳᠤᠭᠠᠲᠤ ᠶᠢᠨ ᠰᠤᠨᠢᠨ ᠰᠡᠳᠬᠦᠯ ᠢ ᠴᠡᠭᠴᠡᠯᠡᠨ ᠵᠠᠰᠠᠬᠤ ᠪᠠᠷ ᠭᠤᠤᠯᠳᠠᠯᠭ᠎ᠠ ᠪᠤᠯᠭᠠᠨ᠂ ᠬᠠᠤᠯᠢ ᠪᠤᠰᠤ ᠰᠤᠨᠢᠨ ᠰᠡᠳᠬᠦᠯ ᠳᠤ ᠲᠤᠰᠬᠠᠢ ᠲᠦᠷᠦᠯ ᠤᠨ ᠴᠤᠬᠢᠯᠲᠠ ᠦᠭᠬᠦ ᠠᠵᠢᠯᠯᠠᠭ᠎ᠠ ᠶᠢ ᠦᠷᠨᠢᠭᠦᠯᠦᠨ᠎ᠡ᠃ ᠪᠦᠬᠦ ᠬᠤᠰᠢᠭᠤᠨ ᠤ ᠰᠤᠨᠢᠨ ᠰᠡᠳᠬᠦᠯ ᠤᠨ ᠬᠡᠪᠯᠡᠯ ᠢ ᠲᠠᠷᠬᠠᠭᠠᠬᠤ ᠵᠠᠬ᠎ᠠ ᠲᠡᠯᠭᠡᠭᠦᠷ ᠢ ᠴᠡᠪᠡᠷᠯᠡᠨ ᠪᠠᠶᠢᠴᠠᠭᠠᠬᠤ᠂ ᠡᠯ᠎ᠡ ᠲᠦᠷᠦᠯ ᠤᠨ ᠲᠤᠭᠲᠠᠭᠠᠯ ᠢ ᠵᠦᠷᠢᠴᠡᠭᠰᠡᠨ ᠬᠠᠤᠯᠢ ᠪᠤᠰᠤ ᠰᠤᠨᠢᠨ ᠰᠡᠳᠬᠦᠯ ᠢ ᠬᠤᠷᠢᠶᠠᠨ ᠠᠪᠬᠤ ᠶᠢ ᠴᠢᠩᠭᠠᠳᠬᠠᠵᠤ᠂ ᠦᠢᠯᠡᠳᠴᠦ ᠬᠤᠳᠠᠯᠳᠤᠬᠤ ᠡᠬᠢ ᠶᠢ ᠨᠢ ᠭᠦᠨᠵᠡᠭᠡᠢ ᠨᠡᠬᠡᠮᠵᠢᠯᠡᠨ ᠪᠠᠶᠢᠴᠠᠭᠠᠨ᠂ ᠬᠠᠤᠯᠢ ᠪᠤᠰᠤ ᠨᠡᠶᠢᠷᠠᠭᠤᠯᠵᠤ ᠬᠡᠪᠯᠡᠬᠦ ᠲᠠᠷᠬᠠᠭᠠᠬᠤ ᠪᠠᠶᠢᠭᠤᠯᠤᠮᠵᠢ ᠪᠤᠯᠤᠨ ᠡᠭᠦᠷ ᠴᠢᠭ ᠢ ᠡᠷᠡᠰ ᠬᠦᠴᠦᠨ ᠦᠭᠡᠢ ᠪᠤᠯᠭᠠᠨ᠎ᠠ︔ ᠬᠤᠰᠢᠭᠤ ︽ᠰᠢᠷ᠎ᠠ ᠢ ᠱᠦᠭᠦᠷᠳᠡᠨ ᠬᠠᠤᠯᠢ ᠪᠤᠰᠤ ᠨᠤᠮ ᠬᠡᠪᠯᠡᠯ ᠢ ᠴᠡᠪᠡᠷᠯᠡᠨ ᠠᠷᠢᠯᠭᠠᠬᠤ︾ ᠠᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠠᠴᠠ  ᠬᠤᠯᠪᠤᠭᠳᠠᠯ ᠪᠦᠬᠦᠢ ᠪᠠᠶᠢᠭᠤᠯᠭ᠎ᠠ ᠨᠢᠭᠡᠴᠡ ᠳᠤ ᠲᠦᠪᠯᠡᠷᠡᠩᠭᠦᠢ ᠪᠠᠶᠢᠴᠠᠭᠠᠯᠲᠠ ᠬᠢᠵᠦ᠂ ᠬᠠᠤᠯᠢ ᠲᠤᠭᠲᠠᠭᠠᠯ ᠢ ᠵᠦᠷᠢᠴᠡᠨ ᠡᠵᠡᠩᠨᠡᠬᠦ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠡᠶᠢᠳᠪᠦᠷᠢᠯᠡᠬᠦ ᠬᠡᠷᠡᠭᠲᠠᠢ᠃      ᠲᠦᠷᠪᠡ᠂ ᠦᠨᠳᠦᠰᠦᠨ ᠱᠠᠭᠠᠷᠳᠠᠯᠭ᠎ᠠ      ︵ᠨᠢᠭᠡ︶ ᠤᠬᠠᠭᠤᠯᠭ᠎ᠠ ᠬᠦᠮᠦᠵᠢᠯ ᠢ ᠦᠷᠭᠡᠨ ᠢᠶᠠᠷ ᠦᠷᠨᠢᠬᠦᠯᠬᠦ᠃ ᠠᠵᠢᠯᠴᠢᠨ ᠤ ᠡᠪᠯᠡᠯ᠂ ᠡᠪ ᠬᠠᠮᠳᠤ ᠵᠠᠯᠠᠭᠤᠴᠣᠳ ᠤᠨ ᠡᠪᠯᠡᠯ᠂ ᠡᠮᠡᠭᠲᠠᠶᠢᠴᠣᠳ ᠤᠨ ᠬᠤᠯᠪᠤᠭ᠎ᠠ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠦᠪᠯᠡᠯ᠂ ᠬᠠᠮᠢᠶ᠎ᠠ ᠪᠦᠬᠦᠢ ᠠᠵᠢᠯ ᠲᠦᠷᠦᠯ ᠤᠨ ᠨᠡᠶᠢᠬᠡᠮᠯᠢᠭ ᠵᠠᠷᠭᠡ ᠠᠷᠠᠳ ᠤᠨ ᠪᠦᠯᠬᠦᠮ ︽ᠰᠢᠷ᠎ᠠ ᠢ ᠱᠦᠭᠦᠷᠳᠡᠨ ᠬᠠᠤᠯᠢ ᠪᠤᠰᠤ ᠨᠤᠮ ᠬᠡᠪᠯᠡᠯ ᠢ ᠴᠡᠪᠡᠷᠯᠡᠨ ᠠᠷᠢᠯᠭᠠᠬᠤ︾ ᠠᠵᠢᠯ ᠤᠨ ᠰᠠᠶᠢᠨ ᠲᠤᠷ᠎ᠠ ᠠᠴᠠ ᠪᠠᠨ ᠤᠷᠤᠯᠴᠠᠭᠴᠢ᠂ ᠬᠢᠨᠠᠭᠴᠢ ᠪᠤᠯᠤᠨ ᠰᠤᠷᠠᠭ ᠵᠠᠩᠭᠢᠴᠢ᠂ ᠨᠡᠶᠢᠬᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠶᠢ ᠬᠠᠮᠲᠤᠪᠠᠷ ᠰᠡᠷᠭᠡᠶᠢᠯᠡᠵᠦ᠂ ᠬᠠᠮᠲᠤᠪᠠᠷ ᠵᠠᠰᠠᠬᠤ ᠰᠦᠯᠵᠢᠶ᠎ᠡ ᠶᠢᠨ ᠦᠢᠯᠡᠳᠦᠯ ᠢ ᠭᠦᠢᠴᠡᠳ ᠪᠠᠲᠠᠷᠠᠭᠤᠯᠤᠨ᠂ ︽ᠰᠢᠷ᠎ᠠ ᠢ ᠱᠦᠭᠦᠷᠳᠡᠨ ᠬᠠᠤᠯᠢ ᠪᠤᠰᠤ ᠨᠤᠮ ᠬᠡᠪᠯᠡᠯ ᠢ ᠴᠡᠪᠡᠷᠯᠡᠨ ᠠᠷᠢᠯᠭᠠᠬᠤ︾ ᠠᠵᠢᠯ ᠤᠨ ᠤᠬᠠᠭᠤᠯᠭ᠎ᠠ ᠬᠦᠮᠦᠵᠢᠯ ᠢ ᠵᠤᠬᠢᠶᠠᠨ ᠪᠠᠶᠢᠭᠤᠯᠤᠨ ᠰᠣᠷᠭᠠᠭᠤᠯᠢ ᠳᠤ ᠤᠷᠤᠭᠤᠯᠬᠤ᠂ ᠠᠵᠤ ᠠᠬᠤᠶᠢᠯᠠᠯ ᠳᠤ ᠤᠷᠤᠭᠤᠯᠬᠤ᠂ ᠨᠡᠶᠢᠬᠡᠮ ᠲᠤᠭᠤᠷᠢᠭ ᠲᠤ ᠤᠷᠤᠭᠤᠯᠵᠤ᠂ ᠬᠦᠳᠡᠭᠡ ᠲᠤᠰᠬᠤᠨ ᠮᠠᠯᠵᠢᠬᠤ ᠤᠷᠤᠨ ᠳᠤ ᠤᠷᠤᠭᠤᠯᠬᠤ ᠠᠵᠢᠯᠯᠠᠭ᠎ᠠ ᠶᠢ ᠦᠷᠨᠢᠭᠦᠯᠵᠦ᠂ ᠠᠷᠠᠳ ᠤᠯᠠᠨ ᠤ ᠡᠯ᠎ᠡ ᠲᠦᠷᠦᠯ ᠤᠨ ᠬᠠᠤᠯᠢ ᠶᠤᠰᠤᠨ ᠤ ᠬᠡᠪᠯᠡᠭᠳᠡᠬᠦᠨ ᠪᠤᠯᠤᠨ ᠰᠣᠶᠤᠯ ᠤᠨ ᠬᠤᠭ ᠯᠤᠪᠰᠢ ᠶᠢ ᠤᠬᠠᠮᠰᠠᠷ ᠠᠴᠠ ᠪᠠᠨ ᠬᠤᠷᠢᠭᠯᠠᠬᠤ ᠶᠢ ᠵᠢᠯᠤᠭᠤᠳᠬᠤ ᠬᠡᠷᠡᠭᠲᠠᠢ᠃ ︽ᠰᠢᠷ᠎ᠠ ᠢ ᠱᠦᠭᠦᠷᠳᠡᠨ ᠬᠠᠤᠯᠢ ᠪᠤᠰᠤ ᠨᠤᠮ ᠬᠡᠪᠯᠡᠯ ᠢ ᠴᠡᠪᠡᠷᠯᠡᠨ ᠠᠷᠢᠯᠭᠠᠬᠤ︾ ᠠᠵᠢᠯ ᠤᠨ ᠵᠢᠯ ᠤᠨ ᠪᠠ ᠲᠤᠰᠬᠠᠢ ᠲᠦᠷᠦᠯ ᠤᠨ ᠠᠵᠢᠯᠯᠭ᠎ᠠ ᠶᠢ ᠤᠬᠠᠭᠤᠯᠤᠨ ᠮᠡᠳᠡᠭᠡᠯᠡᠬᠦ ᠲᠦᠰᠦᠯ ᠢ ᠵᠤᠬᠢᠶᠠᠵᠤ᠂ ᠰᠤᠨᠢᠨ ᠮᠡᠳᠡᠭᠡᠨ ᠤ ᠨᠢᠭᠡᠴᠡ ᠲᠠᠢ ᠬᠠᠮᠵᠢᠯᠴᠠᠨ ᠡᠯ᠎ᠡ ᠬᠤᠯᠪᠤᠭᠳᠠᠯ ᠪᠦᠬᠦᠢ ᠪᠠᠶᠢᠭᠤᠯᠭ᠎ᠠ ᠶᠢᠨ ᠠᠪᠤᠭᠰᠠᠨ ᠠᠷᠭ᠎ᠠ ᠬᠡᠮᠵᠢᠶ᠎ᠠ᠂ ᠪᠠᠶᠢᠴᠠᠭᠠᠨ ᠰᠢᠢᠳᠪᠦᠷᠢᠯᠡᠭᠰᠡᠨ ᠲᠤᠮᠤ ᠬᠡᠷᠡᠭ ᠴᠢᠬᠤᠯᠠ ᠬᠡᠷᠡᠭ᠂ ᠰᠦᠪᠡᠭᠴᠢᠯᠡᠵᠦ ᠤᠯᠤᠭᠰᠠᠨ ᠠᠮᠵᠢᠯᠲᠠ ᠲᠠᠢ ᠲᠤᠷᠰᠢᠯᠭ᠎ᠠ᠂ ᠴᠤᠯᠭᠤᠷᠠᠨ ᠭᠠᠷᠤᠭᠰᠠᠨ ᠲᠡᠷᠢᠭᠦᠨ ᠤ ᠨᠡᠶᠢᠳᠡᠯᠢᠭ ᠢ ᠴᠠᠭ ᠲᠤᠬᠠᠢ ᠳᠤᠨᠢ ᠮᠡᠳᠡᠭᠡᠯᠡᠨ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠳᠬᠠᠵᠤ᠂ ᠪᠦᠬᠦ ᠨᠡᠶᠢᠬᠡᠮ ᠳᠤ ︽ᠰᠢᠷ᠎ᠠ ᠢ ᠱᠦᠭᠦᠷᠳᠡᠨ ᠬᠠᠤᠯᠢ ᠪᠤᠰᠤ ᠨᠤᠮ ᠬᠡᠪᠯᠡᠯ ᠢ ᠴᠡᠪᠡᠷᠯᠡᠨ ᠠᠷᠢᠯᠭᠠᠬᠤ︾ ᠠᠵᠢᠯ ᠢ ᠵᠦᠪᠰᠢᠶᠡᠷᠡᠬᠦ᠂ ᠲᠡᠮᠵᠢᠬᠦ᠂ ᠣᠷᠣᠯᠴᠠᠬᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠠᠢ᠃     ︵ᠬᠤᠶᠠᠷ︶ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠬᠤ᠂ ᠡᠯ᠎ᠡ ᠬᠤᠯᠪᠤᠭᠳᠠᠯ ᠪᠦᠬᠦᠢ ᠪᠠᠶᠢᠭᠤᠯᠭ᠎ᠠ ᠠᠴᠠ ᠲᠤᠰᠢᠶᠠᠯ ᠬᠠᠷᠢᠭᠤᠴᠠᠯᠭ᠎ᠠ ᠶᠢᠨ ᠢᠶᠠᠨ ᠠᠵᠢᠯ ᠤᠨ ᠬᠤᠪᠢᠶᠠᠷᠢᠯᠠᠯ ᠶᠤᠰᠤᠭᠠᠷ᠂ ᠬᠠᠤᠯᠢ ᠪᠤᠰᠤ ᠬᠡᠪᠯᠡᠭᠳᠡᠬᠦᠨ ᠪᠤᠯᠤᠨ ᠬᠦᠨᠦᠭᠡᠯ ᠲᠠᠢ ᠰᠤᠷᠠᠭ ᠵᠠᠩᠬᠢ ᠶᠢ ᠤᠬᠠᠭᠤᠯᠬᠤ᠂ ᠬᠡᠪᠯᠡᠬᠦ᠂ ᠬᠡᠪᠯᠡᠨ ᠦᠢᠯᠡᠳᠬᠦ᠂ ᠬᠠᠳᠠᠭᠠᠯᠠᠨ ᠲᠡᠭᠡᠭᠡᠪᠦᠷᠢᠯᠡᠬᠦ᠂ ᠪᠤᠷᠤᠯᠠᠭᠤᠯᠤᠨ ᠬᠤᠳᠠᠯᠳᠤᠬᠤ᠂ ᠲᠠᠮᠵᠢᠭᠤᠯᠤᠨ ᠲᠠᠷᠬᠠᠭᠠᠬᠤ᠂ ᠬᠢᠯᠢ ᠳᠤ ᠣᠷᠣᠬᠤ ᠵᠡᠷᠭᠡ ᠡᠯ᠎ᠡ ᠭᠤᠭᠴᠤᠭ᠎ᠠ ᠳᠤ ᠪᠦᠬᠦ ᠶᠠᠪᠤᠴᠠ ᠶᠢᠨ ᠪᠠᠶᠢᠴᠠᠭᠠᠯᠲᠠ ᠬᠤᠷᠢᠭᠯᠠᠯᠲᠠ ᠬᠢᠬᠦ ᠶᠢᠨ ᠲᠠᠭᠠᠤ ᠠᠵᠢᠯ ᠤᠨ ᠤᠷᠢᠳᠴᠢᠯᠠᠭᠰᠠᠨ ᠲᠦᠰᠦᠯ ᠢ ᠲᠡᠭᠦᠯᠳᠡᠷᠵᠢᠬᠦᠯᠦᠨ᠂ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠠ ᠪᠠᠨ ᠨᠠᠷᠢᠯᠢᠭᠵᠢᠭᠤᠯᠬᠤ᠂ ᠬᠡᠨᠡᠳᠲᠡ ᠡᠭᠦᠰᠬᠦ ᠬᠡᠷᠡᠭ ᠶᠠᠪᠤᠳᠠᠯ ᠢ ᠢᠳᠡᠪᠬᠢᠲᠠᠢ ᠯᠠᠪᠳᠠᠭᠤᠨ ᠢᠶᠠᠷ ᠰᠡᠶᠢᠳᠪᠦᠷᠢᠯᠡᠬᠦ ᠬᠡᠷᠡᠭᠲᠠᠢ᠃ ᠲᠤᠳᠤᠭᠠᠲᠤ ᠶᠢ ᠬᠠᠮᠠᠭᠠᠯᠠᠬᠤ ᠪᠠᠶᠢᠭᠤᠯᠭ᠎ᠠ ᠠᠴᠠ ᠴᠢᠮᠡᠭᠡ ᠮᠡᠳᠡᠭᠡᠨ ᠤ ᠰᠤᠷᠠᠭ ᠵᠠᠩᠭᠢ ᠶᠢ ᠴᠤᠭᠯᠠᠭᠤᠯᠤᠨ ᠰᠤᠳᠤᠯᠵᠤ ᠮᠠᠭᠠᠳᠯᠠᠬᠤ ᠶᠢ ᠴᠢᠩᠭᠠᠳᠬᠠᠨ᠂ ᠴᠢᠬᠤᠯᠠ ᠰᠦᠪᠡᠭᠴᠢ ᠳᠤ ᠲᠠᠷᠤᠢ ᠳᠤᠨᠢ ᠮᠦᠷᠳᠡᠨ ᠪᠠᠶᠢᠴᠠᠭᠠᠯᠲᠠ ᠬᠢᠬᠦ ᠶᠢᠨ ᠬᠠᠮᠲᠤ ᠦᠢᠯᠡᠳᠬᠦ ᠶᠢ ᠡᠰᠡᠷᠭᠦᠴᠡᠬᠦ ᠠᠷᠭ᠎ᠠ ᠬᠡᠮᠵᠢᠶ᠎ᠠ ᠶᠢ ᠰᠣᠳᠣᠯᠣᠨ ᠬᠡᠷᠡᠭᠵᠢᠭᠦᠯᠬᠦ ᠬᠡᠷᠡᠭᠲᠠᠢ᠃ ᠬᠠᠮᠢᠶ᠎ᠠ ᠎ ᠲᠠᠢ ᠬᠡᠪᠯᠡᠭᠳᠡᠭᠦᠨ᠂ ᠲᠦᠷᠢ ᠰᠢᠩᠭᠡᠭᠡᠯᠲᠡ ᠶᠢᠨ ᠦᠢᠯᠡᠳᠬᠦᠨ ᠢ ᠬᠢᠯᠢ ᠠᠴᠠ ᠤᠷᠤᠭᠤᠯᠵᠤ ᠭᠠᠷᠭᠠᠬᠤ ᠲᠤᠭᠲᠠᠭᠠᠯ ᠎ ᠳᠤ ᠲᠤᠳᠤᠷᠬᠠᠢ ᠵᠢᠭᠠᠪᠤᠷᠢ ᠬᠢᠵᠦ᠂ ᠪᠠᠶᠢᠴᠠᠭᠠᠯᠲᠠ ᠶᠢᠨ ᠨᠤᠷᠮ᠎ᠠ ᠪᠠᠨ ᠲᠡᠭᠡᠭᠰᠢᠯᠡᠭᠦᠯᠤᠨ᠂ ᠬᠦᠨᠦᠭᠡᠯ ᠲᠠᠢ ᠬᠡᠪᠯᠡᠭᠳᠡᠭᠦᠨ ᠢ ᠬᠠᠮᠤᠭ ᠤᠨ ᠶᠡᠭᠡ ᠬᠡᠮᠵᠢᠶ᠎ᠠ ᠪᠠᠷ ᠮᠠᠨ ᠤ ᠬᠤᠰᠢᠭᠤᠨ ᠤ ᠬᠢᠯᠢ ᠶᠢᠨ ᠭᠠᠳᠠᠨ᠎ᠠ ᠪᠢᠳᠡᠭᠦᠮᠵᠢᠯᠡᠨ ᠬᠤᠷᠢᠭᠯᠠᠬᠤ ᠬᠡᠷᠡᠭᠲᠠᠢ᠃ ᠰᠤᠨᠢᠨ ᠮᠡᠳᠡᠭᠡᠨ ᠤ ᠬᠡᠪᠯᠡᠯ ᠤᠨ ᠪᠠᠶᠢᠭᠤᠯᠭ᠎ᠠ ᠠᠴᠠ ᠬᠡᠪᠯᠡᠭᠳᠡᠬᠦᠨ ᠢ ᠤᠷᠤᠭᠤᠯᠵᠤ ᠭᠠᠷᠬᠭᠠᠬᠠᠤ ᠨᠢᠭᠡᠴᠡ ᠶᠢ ᠬᠢᠨᠠᠨ ᠬᠠᠮᠢᠶᠠᠷᠠᠬᠤ ᠪᠠᠨ ᠴᠢᠩᠭᠠᠳᠬᠠᠨ᠂ ᠣᠯᠣᠰ ᠲᠦᠷᠦ ᠶᠢᠨ ᠴᠢᠨᠠᠷᠲᠠᠢ ᠬᠦᠨᠦᠭᠡᠯ ᠲᠠᠢ ᠬᠡᠪᠯᠡᠭᠳᠡᠭᠦᠨ ᠤ ᠭᠦᠢᠯᠭᠡᠭᠡᠨ ᠤ ᠠᠷᠭ᠎ᠠ ᠵᠠᠮ ᠢ ᠪᠦᠲᠦᠮᠵᠢᠲᠠᠢ ᠲᠠᠰᠣᠯᠵᠤ ᠬᠠᠶᠠᠬᠤ ᠬᠡᠷᠡᠭᠲᠠᠢ᠃ ᠰᠤᠶᠤᠯ ︵ᠰᠣᠨᠢᠨ ᠮᠡᠳᠡᠭᠡ ᠬᠡᠪᠯᠡᠯ︶ ᠲᠤᠳᠤᠭᠠᠲᠤ ᠶᠢ ᠬᠠᠮᠠᠭᠠᠯᠠᠬᠤ᠂ ᠦᠢᠯᠡᠳᠪᠦᠷᠢ ᠬᠤᠳᠠᠯᠳᠤᠭ᠎ᠠ᠂ ᠬᠤᠳᠠ ᠶᠢᠨ ᠬᠠᠮᠢᠶᠠᠷᠤᠯᠲᠠ ᠵᠡᠷᠭᠡ ᠪᠠᠶᠢᠭᠤᠯᠭ᠎ᠠ ᠠᠴᠠ ᠰᠤᠶᠣᠯ ᠤᠨ ᠵᠠᠬ᠎ᠠ ᠲᠡᠯᠭᠡᠭᠦᠷ ᠤᠨ ᠡᠳᠦᠷ ᠲᠤᠳᠤᠮ ᠤᠨ ᠪᠠᠶᠢᠴᠠᠭᠠᠯᠲᠠ ᠶᠢ ᠴᠢᠩᠭᠠᠳᠬᠠᠵᠤ ᠂ ᠵᠠᠬ᠎ᠠ ᠲᠡᠯᠭᠡᠭᠦᠷ ᠤᠨ ᠡᠷᠡᠭᠦᠯ ᠲᠢᠭᠯᠢᠮ ᠢ ᠦᠨᠡᠨᠬᠦ ᠪᠠᠲᠤᠯᠠᠬᠤ ᠬᠡᠷᠡᠭᠲᠠᠢ᠃ ᠲᠤᠳᠤᠭᠠᠲᠤ ᠶᠢ ᠬᠠᠮᠠᠭᠠᠯᠠᠬᠤ᠂ ᠰᠤᠶᠤᠯ ︵ᠰᠤᠨᠢᠨ ᠮᠡᠳᠡᠭᠡᠨ ᠤ ᠬᠡᠪᠯᠡᠯ︶ ᠪᠤᠯᠤᠨ ᠦᠨᠳᠦᠰᠦᠨ ᠴᠠᠬᠢᠯᠭᠠᠨ ᠬᠤᠯᠪᠤᠭᠠᠨ ᠤ ᠡᠷᠭᠢᠯᠲᠡ ᠰᠦᠯᠵᠢᠶ᠎ᠡ ᠰᠣᠷᠠᠭ ᠵᠠᠩᠭᠢ ᠶᠢᠨ ᠦᠢᠯᠡᠴᠢᠯᠡᠭᠡ ᠶᠢᠨ ᠠᠵᠤ ᠠᠬᠤᠶᠢᠯᠠᠯ ᠠᠴᠠ ᠰᠦᠯᠵᠢᠶᠡᠨ ᠤ ᠤᠯᠠᠨ ᠤ ᠪᠠᠶᠢᠳᠠᠯ ᠢ ᠬᠢᠨᠠᠨ ᠰᠢᠯᠭᠠᠬᠤ ᠠᠷᠭ᠎ᠠ ᠪᠠᠷᠢᠯ ᠢ ᠲᠡᠭᠦᠯᠳᠡᠷᠵᠢᠭᠦᠯᠦᠨ᠂ ᠬᠠᠤᠯᠢ ᠪᠤᠰᠤ ᠪᠠᠷ ᠲᠠᠮᠵᠢᠭᠤᠯᠤᠨ ᠲᠠᠷᠬᠠᠭᠠᠬᠤ ᠬᠦᠳᠦᠯᠦᠯ ᠢ ᠴᠠᠭ ᠲᠤᠬᠠᠢ ᠎ ᠳᠤᠨᠢ ᠡᠵᠡᠮᠰᠢᠵᠦ᠂ ᠬᠢᠯᠢ ᠶᠢᠨ ᠳᠤᠲᠤᠭᠠᠲᠤ ᠭᠠᠳᠠᠭᠠᠲᠤ ᠰᠦᠯᠵᠢᠶᠡᠨ ᠲᠡᠭᠡᠷ᠎ᠡ ᠨᠡᠶᠢᠳᠡᠯᠡᠬᠦ ᠡᠯ᠎ᠡ ᠲᠦᠷᠦᠯ ᠤᠨ ᠬᠠᠤᠯᠢ ᠶᠢ ᠵᠦᠷᠢᠴᠡᠬᠦ ᠪᠠ ᠬᠦᠨᠦᠭᠡᠯ ᠲᠠᠢ ᠰᠤᠷᠠᠭ ᠵᠠᠩᠭᠢ ᠶᠢ ᠡᠷᠡᠰ ᠬᠠᠰᠤᠬᠤ ᠪᠤᠶᠤ ᠲᠠᠪᠲᠠᠮᠵᠢ ᠶᠢ ᠬᠠᠯᠬᠠᠯᠠᠬᠤ ᠬᠡᠷᠡᠭᠲᠠᠢ᠃      ︵ᠭᠤᠷᠪᠠ︶ ᠲᠤᠮᠤ ᠬᠡᠷᠡᠭ ᠴᠢᠬᠤᠯᠠ ᠬᠡᠷᠡᠭ ᠢ ᠶᠡᠬᠡᠪᠡᠷ ᠪᠠᠶᠢᠴᠠᠭᠠᠨ ᠰᠡᠶᠢᠳᠪᠦᠷᠢᠯᠡᠬᠦ᠃ ᠡᠯ᠎ᠡ ᠬᠤᠯᠪᠤᠭᠳᠠᠯ ᠪᠦᠬᠦᠢ ᠪᠠᠶᠢᠭᠤᠯᠭ᠎ᠠ ᠠᠴᠠ ᠬᠡᠷᠡᠭ ᠢ ᠠᠳᠬᠤᠬᠤ ᠪᠠᠷ ᠭᠤᠤᠯ ᠪᠤᠯᠬᠤ ᠰᠢᠪᠲᠤᠯᠤᠯᠲᠠ ᠪᠤᠯᠭᠠᠵᠤ᠂ ᠲᠤᠮᠤ ᠬᠡᠷᠡᠭ ᠴᠢᠬᠤᠯᠠ ᠬᠡᠷᠡᠭ ᠢ ᠪᠠᠶᠢᠴᠠᠭᠠᠨ ᠰᠡᠶᠢᠳᠪᠦᠷᠢᠯᠡᠬᠦ ᠠᠵᠢᠯ ᠢ ᠦᠨᠡᠨᠬᠦ ᠴᠢᠩᠭᠠᠳᠬᠠᠨ᠂ ᠡᠵᠡᠮᠰᠢᠭᠰᠡᠨ ᠰᠦᠪᠡᠭᠴᠢ ᠶᠢ ᠭᠦᠨ ᠠᠭᠤᠳᠠᠯᠠᠨ ᠲᠦᠢᠯᠪᠤᠷᠢᠲᠠᠢ ᠪᠠᠶᠢᠴᠠᠭᠠᠵᠤ᠂ ᠡᠬᠢ ᠰᠤᠷᠪᠤᠯᠵᠢ ᠶᠢ ᠨᠢ ᠨᠡᠬᠡᠮᠵᠢᠯᠡᠬᠦ᠂ ᠡᠪᠰᠡᠯ ᠪᠦᠯᠦᠭ ᠢ ᠴᠤᠬᠢᠬᠤ᠂ ᠰᠦᠯᠵᠢᠶ᠎ᠡ ᠶᠢ ᠡᠪᠳᠡᠬᠦ ᠨᠢᠭᠡᠨᠲᠡ ᠢᠯᠡᠴᠢᠯᠡᠨ ᠪᠠᠷᠢᠭᠰᠠᠨ ᠬᠡᠷᠡᠭ ᠢ ᠲᠦᠷᠬᠡᠨ ᠵᠠᠷᠭᠤᠯᠳᠤᠬᠤ᠂ ᠲᠦᠷᠭᠡᠨ ᠬᠢᠨᠠᠬᠤ᠂ ᠲᠦᠷᠭᠡᠨ ᠲᠡᠭᠦᠰᠬᠡᠵᠦ᠂ ᠶᠠᠯ᠎ᠠ ᠬᠢᠭᠰᠡᠳ ᠲᠤ ᠴᠤᠬᠢᠯᠲᠠ ᠦᠭᠴᠦ᠂ ᠬᠠᠤᠯᠢ ᠵᠦᠷᠢᠴᠡᠭᠰᠡᠳ ᠢ ᠰᠦᠷᠳᠡᠭᠦᠯᠵᠦ᠂ ᠲᠠᠭᠠᠵᠤ ᠲᠡᠷᠪᠡᠭᠰᠡᠳ ᠢ ᠰᠡᠷᠡᠮᠵᠢᠭᠦᠯᠦᠨ᠂ ᠠᠵᠢᠯᠯᠠᠭᠰᠠᠳ ᠢ ᠬᠦᠮᠦᠵᠢᠭᠦᠯᠵᠦ᠂ ᠬᠡᠷᠡᠭᠯᠡᠭᠴᠢᠳ ᠢ ᠵᠤᠷᠢᠭᠵᠢᠭᠤᠯᠬᠤ ᠬᠡᠷᠡᠭᠲᠠᠢ᠃ ︽ᠰᠢᠷ᠎ᠠ ᠢ ᠱᠦᠭᠦᠷᠳᠡᠨ ᠬᠠᠤᠯᠢ ᠪᠤᠰᠤ ᠨᠤᠮ ᠬᠡᠪᠯᠡᠯ ᠢ ᠴᠡᠪᠡᠷᠯᠡᠨ ᠠᠷᠢᠯᠭᠠᠬᠤ︾ ᠠᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠤᠨ ᠵᠤᠬᠢᠴᠠᠭᠤᠯᠬᠤ ᠦᠢᠯᠡᠳᠦᠯ ᠪᠤᠯᠤᠨ ᠲᠤᠳᠤᠭᠠᠲᠤ ᠶᠢ ᠬᠠᠮᠠᠭᠠᠯᠠᠬᠤ ᠪᠠᠶᠢᠭᠤᠯᠭ᠎ᠠ ᠶᠢᠨ ᠭᠤᠤᠯ ᠬᠦᠴᠦᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠢᠭᠡ ᠪᠦᠯᠦᠭ ᠭᠤᠤᠯᠳᠠᠯᠭ᠎ᠠ ᠲᠠᠢ ᠬᠡᠷᠡᠭ ᠢ ᠫᠠᠶᠢᠰᠠ ᠡᠯᠭᠦᠨ ᠱᠠᠭᠠᠷᠳᠠᠨ ᠬᠢᠯᠭᠡᠬᠦ ᠬᠡᠷᠡᠭᠲᠠᠢ᠃ ︽ᠰᠢᠷ᠎ᠠ ᠢ ᠱᠦᠭᠦᠷᠳᠡᠨ ᠬᠠᠤᠯᠢ ᠪᠤᠰᠤ ᠨᠤᠮ ᠬᠡᠪᠯᠡᠯ ᠢ ᠴᠡᠪᠡᠷᠯᠡᠨ ᠠᠷᠢᠯᠭᠠᠬᠤ︾ ᠠᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠬᠡᠷ ᠠᠴᠠ ᠢᠯᠡᠴᠢᠯᠡᠨ ᠮᠡᠳᠡᠬᠦᠯᠬᠦ ᠢ ᠨᠠᠷᠢᠨ ᠬᠢᠨᠠᠮᠠᠭᠠᠢ ᠬᠦᠯᠢᠶᠡᠨ ᠠᠪᠴᠤ᠂ ᠬᠡᠷᠡᠭ ᠤᠨ ᠰᠦᠪᠡᠭᠴᠢ ᠶᠢ ᠦᠷᠭᠡᠳᠬᠡᠨ᠂ ᠬᠦᠬᠢᠭᠦᠯᠬᠦ ᠠᠷᠭ᠎ᠠ ᠶᠢ ᠲᠡᠭᠦᠯᠳᠡᠷᠵᠢᠬᠦᠯᠵᠦ᠂ ᠪᠡᠯᠡᠨ ᠵᠤᠭᠤᠰ ᠢᠶᠠᠷ ᠱᠠᠩᠨᠠᠬᠤ ᠶᠢ ᠴᠠᠭ ᠲᠤᠬᠠᠢ ᠳᠤᠨᠢ ᠪᠡᠶᠡᠯᠡᠭᠦᠯᠬᠦ ᠬᠡᠷᠡᠭᠲᠠᠢ᠃      ︵ᠲᠦᠷᠪᠡ︶ ᠬᠠᠮᠲᠤᠪᠠᠷ ᠰᠡᠷᠭᠡᠶᠢᠯᠡᠵᠦ᠂ ᠬᠠᠮᠵᠢᠯᠴᠠᠨ ᠠᠵᠢᠯᠯᠠᠬᠤ ᠵᠤᠬᠢᠴᠠᠮᠵᠢ ᠶᠢ ᠲᠡᠭᠦᠯᠳᠡᠷᠵᠢᠬᠦᠯᠬᠦ᠃ ᠡᠯ᠎ᠡ ᠬᠤᠯᠪᠤᠭᠳᠠᠯ ᠪᠦᠬᠦᠢ ᠪᠠᠶᠢᠭᠤᠯᠭ᠎ᠠ ᠠᠴᠠ ᠬᠠᠮᠳᠤᠪᠠᠷ ᠰᠡᠷᠭᠡᠶᠢᠯᠡᠵᠦ ᠬᠠᠮᠵᠢᠯᠴᠠᠨ ᠠᠵᠢᠯᠯᠠᠬᠤ ᠵᠤᠬᠢᠴᠠᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠢᠯ ᠤᠨ ᠴᠤᠪᠤᠷᠠᠯ ᠢ ᠤᠯᠠᠮ ᠨᠢᠭᠡ ᠠᠯᠬᠤᠮ ᠲᠤᠳᠤᠷᠬᠠᠢ ᠪᠤᠯᠭᠠᠨ᠂ ᠠᠵᠢᠯ ᠤᠨ ᠬᠤᠪᠢᠶᠠᠷᠢᠯᠠᠯ ᠢᠶᠠᠨ ᠨᠠᠷᠢᠯᠢᠭᠵᠢᠭᠤᠯᠤᠨ᠂ ᠬᠠᠷᠢᠭᠤᠴᠠᠯᠭ᠎ᠠ ᠪᠠᠨ ᠨᠡᠶᠢᠳᠠᠪᠤᠷᠢᠵᠢᠭᠤᠯᠵᠤ ᠮᠡᠳᠡᠭᠡ ᠴᠢᠮᠡᠭᠡ ᠶᠢ ᠤᠷᠢᠳᠴᠢᠯᠠᠨ ᠰᠡᠷᠡᠮᠵᠢᠯᠡᠬᠦ᠂ ᠬᠤᠯᠪᠤᠭᠠᠯᠠᠨ ᠪᠢᠳᠡᠭᠦᠮᠵᠢᠯᠡᠬᠦ᠂ ᠬᠡᠷᠡᠭ ᠢ ᠬᠠᠮᠵᠢᠯᠴᠠᠨ ᠪᠠᠶᠢᠴᠠᠭᠠᠬᠤ ᠵᠡᠷᠭᠡ ᠠᠵᠢᠯ ᠤᠨ ᠵᠤᠬᠢᠴᠠᠮᠵᠢ ᠶᠢ ᠲᠡᠭᠦᠯᠳᠡᠷᠵᠢᠬᠦᠯᠦᠨ᠂ ᠤᠯᠤᠰ ᠲᠦᠷᠦ ᠶᠢᠨ ᠴᠢᠨᠠᠷᠲᠠᠢ ᠬᠠᠤᠯᠢ ᠪᠤᠰᠤ ᠬᠡᠪᠯᠡᠭᠳᠡᠬᠦᠨ ᠢ ᠡᠷᠡᠰ ᠪᠠᠶᠢᠴᠠᠭᠠᠨ ᠬᠤᠷᠢᠶᠠᠵᠤ ᠪᠢᠳᠡᠭᠦᠮᠵᠢᠯᠡᠨ᠂ ᠤᠯᠤᠰ ᠲᠦᠷᠦ ᠶᠢᠨ ᠰᠤᠶᠤᠯ ᠤᠨ ᠠᠶᠤᠯᠭᠦᠢ ᠢ ᠦᠨᠡᠨᠬᠦ ᠪᠠᠲᠤᠯᠠᠬᠤ ᠬᠡᠷᠡᠭᠲᠠᠢ᠃      ︵ᠲᠠᠪᠤ︶ ᠦᠭᠡᠷᠡᠴᠢᠯᠡᠯᠲᠡ ᠬᠢᠵᠦ᠂ ᠰᠢᠨ᠎ᠡ ᠶᠢ ᠡᠭᠦᠳᠬᠦ ᠶᠢ ᠯᠠᠪᠳᠠᠭᠤᠨ ᠢᠶᠠᠷ ᠲᠦᠯᠬᠢᠨ ᠠᠬᠢᠭᠤᠯᠬᠤ᠃ ︽ᠰᠢᠷ᠎ᠠ ᠢ ᠱᠦᠭᠦᠷᠳᠡᠨ ᠬᠠᠤᠯᠢ ᠪᠤᠰᠤ ᠨᠤᠮ ᠬᠡᠪᠯᠡᠯ ᠢ ᠴᠡᠪᠡᠷᠯᠡᠨ ᠠᠷᠢᠯᠭᠠᠬᠤ︾ ᠠᠵᠢᠯ ᠤᠨ ᠲᠤᠷᠰᠢᠯᠭ᠎ᠠ ᠪᠠ ᠵᠢᠮ᠎ᠡ ᠶᠤᠰᠤ ᠶᠢ ᠰᠣᠳᠣᠯᠬᠤ᠂ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠠᠰᠠᠭᠤᠳᠠᠯ ᠳᠤ ᠨᠠᠷᠢᠨ ᠬᠢᠨᠠᠮᠠᠭᠠᠢ ᠵᠠᠳᠠᠯᠤᠯᠲᠠ ᠬᠢᠵᠦ᠂ ︽ᠰᠢᠷ᠎ᠠ ᠢ ᠱᠦᠭᠦᠷᠳᠡᠨ ᠬᠠᠤᠯᠢ ᠪᠤᠰᠤ ᠨᠤᠮ ᠬᠡᠪᠯᠡᠯ ᠢ ᠴᠡᠪᠡᠷᠯᠡᠨ ᠠᠷᠢᠯᠭᠠᠬᠤ︾ ᠠᠵᠢᠯ ᠢ ᠶᠠᠷᠢᠯᠴᠠᠨ ᠰᠣᠳᠣᠯᠬᠤ ᠬᠤᠷᠠᠯ ᠢ ᠴᠠᠭ ᠲᠠᠭᠠᠨ ᠲᠤᠬᠢᠷᠠᠭᠤᠯᠤᠨ ᠬᠤᠷᠠᠯᠳᠤᠭᠤᠯᠬᠤ ᠬᠡᠷᠡᠭᠲᠠᠢ᠃ ᠠᠵᠢᠯ ᠤᠨ ᠰᠢᠰᠲ᠋ᠧᠮᠲᠤ ᠴᠢᠨᠠᠷ ᠪᠤᠯᠤᠨ ᠵᠢᠯᠤᠭᠤᠳᠤᠯᠭ᠎ᠠ ᠶᠢᠨ ᠴᠢᠠᠨᠷ ᠢ ᠴᠢᠩᠭᠠᠳᠬᠠᠨ᠂ ᠡᠳᠦᠷ ᠲᠤᠳᠤᠮ ᠤᠨ ᠬᠢᠨᠠᠯᠲᠠ ᠬᠠᠮᠢᠶᠠᠷᠣᠯᠲᠠ᠂ ᠬᠤᠯᠪᠤᠭᠠᠯᠠᠨ ᠪᠢᠳᠡᠭᠦᠮᠵᠢᠯᠡᠬᠦ᠂ ᠬᠡᠷᠡᠭ ᠢ ᠪᠠᠶᠢᠴᠭᠠᠨ ᠰᠡᠶᠢᠳᠪᠦᠷᠢᠯᠡᠬᠦ᠂ ᠤᠷᠤᠨ ᠲᠤᠭᠤᠷᠢᠭ ᠤᠨ ᠬᠠᠮᠵᠢᠯᠴᠠᠨ ᠠᠵᠢᠯᠯᠠᠬᠤ ᠵᠡᠷᠭᠡ ᠠᠵᠢᠯ ᠤᠨ ᠴᠤᠪᠤᠷᠠᠯ ᠢ ᠭᠤᠤᠯᠳᠠᠯᠭ᠎ᠠ ᠲᠠᠢ ᠰᠢᠯᠤᠭᠤᠳᠬᠠᠬᠤ ᠬᠡᠷᠡᠭᠲᠠᠢ᠃ ᠲᠤᠷᠰᠢᠯᠲᠠ ᠶᠢᠨ ᠴᠢᠭ ᠤᠨ ᠰᠦᠪᠡᠭᠴᠢᠯᠡᠯ ᠪᠠ ᠦᠯᠢᠭᠡᠷ ᠵᠢᠱᠢᠶ᠎ᠡ ᠪᠠᠷ ᠵᠢᠯᠤᠭᠤᠳᠬᠤ ᠢᠳᠡᠪᠬᠢᠲᠠᠢ ᠦᠢᠯᠡᠳᠦᠯ ᠢ ᠪᠦᠷᠢᠨ ᠪᠠᠳᠠᠷᠠᠭᠤᠯᠵᠤ᠂ ᠠᠯᠳᠠᠨᠰᠢᠷᠡᠭᠡ ᠪᠠᠯᠭᠠᠰᠤᠨ ᠤ ᠪᠠᠭᠠᠷ᠂ ᠰᠤᠷᠭᠠᠭᠤᠯᠢ ᠶᠢᠨ ᠬᠦᠷᠢᠶᠠᠨ ᠤ ᠡᠷᠭᠢᠨ ᠲᠤᠭᠤᠷᠢᠨ᠂ ᠺᠤᠮᠫᠢᠤᠲ᠋ᠧᠷ᠂ ᠭᠠᠷ ᠤᠳᠠᠰᠤᠨ ᠤ ᠪᠤᠷᠤᠯᠠᠭᠤᠯᠤᠨ ᠬᠤᠳᠠᠯᠳᠤᠬᠤ᠂ ᠰᠡᠯᠪᠢᠨ ᠵᠠᠰᠠᠬᠤ ᠲᠠᠯᠠᠪᠤᠷ ᠭᠠᠵᠠᠷ ᠤᠨ ᠬᠢᠨᠠᠯᠲᠠ ᠬᠠᠮᠢᠶᠠᠷᠤᠯᠲᠠ ᠢ ᠲᠤᠭᠲᠠᠭᠠᠬᠤ ᠪᠠ ᠶᠠᠪᠤᠭᠤᠯ ᠬᠤᠳᠠᠯᠳᠤᠭᠠᠴᠢᠨ᠂ ᠵᠠᠮ ᠤᠨ ᠲᠠᠭᠠᠤ ᠲᠡᠯᠭᠡᠭᠦᠷ ᠭᠡᠷᠡᠴᠢ ᠦᠨᠡᠮᠯᠡᠯ ᠦᠭᠡᠢ ᠡᠵᠡᠩᠨᠡᠭᠴᠢᠳ ᠤᠨ ᠠᠵᠢᠯ ᠤᠨ ᠲᠤᠷᠰᠢᠯᠲᠠ ᠶᠢᠨ ᠴᠢᠭ ᠤᠨ ᠭᠠᠵᠠᠷ ᠤᠷᠤᠨ ᠢ ᠴᠡᠭᠴᠡᠯᠡᠨ ᠵᠠᠰᠠᠵᠤ ᠂ ᠠᠯᠲᠠᠨᠰᠢᠷᠡᠭᠡ ᠪᠠᠯᠭᠠᠰᠤ ᠶᠢ ︽ᠰᠢᠷ᠎ᠠ ᠶᠢ ᠱᠦᠭᠦᠷᠳᠡᠨ ᠬᠠᠤᠯᠢ ᠪᠤᠰᠤ ᠨᠤᠮ ᠬᠡᠪᠯᠡᠯ ᠢ ᠴᠡᠪᠡᠷᠯᠡᠨ ᠠᠷᠢᠯᠭᠠᠬᠤ︾᠎ ᠶᠢ ᠨᠡᠶᠢᠬᠡᠮ ᠲᠤᠭᠤᠷᠢᠭ ᠲᠤ ᠤᠷᠤᠭᠤᠯᠬᠤ ᠲᠣᠷᠰᠢᠯᠲᠠ ᠶᠢᠨ ᠴᠢᠭ ᠤᠨ ᠭᠠᠵᠠᠷ ᠤᠷᠤᠨ ᠢᠶᠠᠷ ᠲᠤᠭᠲᠠᠭᠠᠨ᠎ᠠ᠃      ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠠ      ᠡᠯ᠎ᠡ ᠬᠤᠯᠪᠤᠭᠳᠠᠯ ᠪᠦᠬᠦᠢ ᠪᠠᠶᠢᠭᠤᠯᠭ᠎ᠠ ᠠᠴᠠ ︽ᠰᠢᠷ᠎ᠠ ᠢ ᠱᠦᠭᠦᠷᠳᠡᠨ ᠬᠠᠤᠯᠢ ᠪᠤᠰᠤ ᠨᠤᠮ ᠬᠡᠪᠯᠡᠯ ᠢ ᠴᠡᠪᠡᠷᠯᠡᠨ ᠠᠷᠢᠯᠭᠠᠬᠤ︾ ᠠᠵᠢᠯ ᠢ ᠴᠢᠩᠭᠠᠳᠬᠠᠬᠤ ᠠᠴᠠ ᠰᠤᠯᠠᠷᠠᠭᠤᠯᠵᠤ ᠪᠤᠯᠬᠤ ᠦᠭᠡᠢ᠃ ᠱᠠᠭᠠᠷᠳᠠᠯᠭ᠎ᠠ ᠶᠤᠰᠤᠭᠠᠷ ︽ᠰᠢᠷ᠎ᠠ ᠢ ᠱᠦᠭᠦᠷᠳᠡᠨ ᠬᠠᠤᠯᠢ ᠪᠤᠰᠤ ᠨᠤᠮ ᠬᠡᠪᠯᠡᠯ ᠢ ᠴᠡᠪᠡᠷᠯᠡᠨ ᠠᠷᠢᠯᠭᠠᠬᠤ︾ ᠠᠵᠢᠯ ᠤᠨ ᠤᠳᠤᠷᠢᠳᠤᠯᠭ᠎ᠠ ᠪᠠᠲᠤᠯᠭ᠎ᠠ ᠶᠢ ᠤᠯᠠᠮ ᠨᠢᠭᠡ ᠠᠯᠬᠤᠮ ᠪᠠᠬᠢᠵᠢᠬᠦᠯᠦᠨ᠂ ᠬᠡᠷᠡᠭ ᠮᠡᠳᠡᠭᠦ ᠤᠳᠤᠷᠢᠳᠣᠯᠭ᠎ᠠ ᠲᠠᠢ᠂ ᠠᠵᠢᠯ ᠬᠢᠬᠦ ᠬᠦᠮᠦᠨ ᠲᠠᠢ ᠬᠡᠷᠡᠭ ᠡᠷᠬᠢᠯᠡᠬᠦ ᠵᠠᠷᠤᠳᠠᠯ ᠲᠠᠢ᠂ ᠬᠡᠷᠡᠭ ᠬᠠᠮᠢᠶᠠᠷᠠᠬᠤ ᠲᠦᠷᠢᠮ ᠲᠠᠢ ᠪᠠᠶᠢᠬᠤ ᠶᠢ ᠦᠨᠡᠨᠬᠦ ᠪᠡᠶᠡᠯᠡᠭᠦᠯᠦᠨ᠂ ᠡᠯ᠎ᠡ ᠲᠦᠷᠦᠯ ᠤᠨ ᠠᠵᠢᠯ ᠤᠨ ᠡᠭᠦᠷᠭᠡ ᠶᠢ ᠪᠤᠲᠠᠳᠠᠢ ᠭᠠᠵᠠᠷ ᠲᠤᠨᠢ ᠨᠡᠶᠢᠳᠠᠪᠤᠷᠢᠵᠢᠭᠤᠯᠬᠤ ᠬᠡᠷᠡᠭᠲᠠᠢ      ︵ᠨᠢᠭᠡ︶ ᠵᠤᠬᠢᠶᠠᠨ ᠪᠠᠶᠢᠭᠤᠯᠤᠯᠲᠠ ᠶᠢᠨ ᠤᠳᠤᠷᠢᠳᠣᠯᠭ᠎ᠠ ᠪᠠᠨ ᠴᠢᠩᠭᠠᠳᠬᠠᠬᠤ᠃ ᠪᠠᠶᠢᠭᠤᠯᠭ᠎ᠠ ᠶᠢᠨ ᠵᠤᠬᠢᠴᠠᠮᠵᠢ ᠶᠢ ᠲᠡᠭᠦᠯᠳᠡᠷᠵᠢᠬᠦᠯᠬᠦ᠂ ᠡᠯ᠎ᠡ ᠪᠠᠯᠭᠠᠰᠤ᠂ ᠡᠯ᠎ᠡ ᠬᠤᠯᠪᠤᠭᠳᠠᠯ ᠪᠦᠬᠦᠢ ᠪᠠᠶᠢᠭᠤᠯᠭ᠎ᠠ ᠠᠴᠠ ︽ᠰᠢᠷ᠎ᠠ ᠢ ᠱᠦᠭᠦᠷᠳᠡᠨ ᠬᠠᠤᠯᠢ ᠪᠤᠰᠤ ᠨᠤᠮ ᠬᠡᠪᠯᠡᠯ ᠢ ᠴᠡᠪᠡᠷᠯᠡᠨ ᠠᠷᠢᠯᠭᠠᠬᠤ︾ ᠠᠵᠢᠯ ᠢ ᠡᠳᠦᠷ ᠲᠤᠳᠤᠮ ᠤᠨ ᠴᠢᠬᠤᠯᠠ ᠵᠦᠪᠯᠡᠬᠦ ᠵᠦᠢᠯ ᠲᠡᠭᠡᠷ᠎ᠡ ᠲᠠᠯᠪᠢᠵᠦ᠂ ᠠᠵᠢᠯ ᠤᠨ ᠭᠤᠤᠯᠳᠠᠯᠭ᠎ᠠ ᠳᠠᠭᠠᠨ ᠤᠷᠤᠭᠤᠯᠤᠨ᠂ ᠲᠤᠰᠬᠠᠢ ᠰᠣᠳᠣᠯᠣᠨ ᠪᠠᠶᠢᠷᠢᠯᠠᠭᠤᠯᠬᠤ ᠬᠡᠷᠡᠭᠲᠠᠢ᠃ ︽ᠰᠢᠷ᠎ᠠ ᠢ ᠱᠦᠭᠦᠷᠳᠡᠨ ᠬᠠᠤᠯᠢ ᠪᠤᠰᠤ ᠨᠤᠮ ᠬᠡᠪᠯᠡᠯ ᠢ ᠴᠡᠪᠡᠷᠯᠡᠨ ᠠᠷᠢᠯᠭᠠᠬᠤ︾ ᠠᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠠᠴᠠ ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ ᠲᠤᠳᠤᠷᠬᠠᠶᠢᠯᠠᠨ᠂ ᠠᠵᠢᠯᠲᠠᠨ ᠢ ᠨᠡᠶᠢᠳᠠᠪᠤᠷᠢᠵᠢᠭᠤᠯᠵᠤ᠂ ︽ᠰᠢᠷ᠎ᠠ ᠢ ᠱᠦᠭᠦᠷᠳᠡᠨ ᠬᠠᠤᠯᠢ ᠪᠤᠰᠤ ᠨᠤᠮ ᠬᠡᠪᠯᠡᠯ ᠢ ᠴᠡᠪᠡᠷᠯᠡᠨ ᠠᠷᠢᠯᠭᠠᠬᠤ︾ ᠠᠵᠢᠯ ᠤᠨ ᠬᠡᠮᠵᠢᠶ᠎ᠠ ᠪᠠᠨ ᠦᠨᠡᠨᠬᠦ ᠴᠢᠩᠭᠠᠳᠬᠠᠨ᠂ ᠠᠵᠢᠯ ᠢᠶᠠᠨ ᠦᠷᠨᠢᠭᠦᠯᠬᠦ ᠢ ᠦᠨᠡᠨᠬᠦ ᠪᠠᠲᠤᠯᠠᠬᠤ ᠬᠡᠷᠡᠭᠲᠠᠢ᠃ ᠰᠤᠶᠤᠯ ᠤᠨ ᠵᠠᠬ᠎ᠠ ᠲᠡᠯᠭᠡᠭᠦᠷ ᠲᠤ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠪᠠᠶᠢᠭᠤᠯᠭ᠎ᠠ ᠠᠴᠠ ︽ᠰᠢᠷ᠎ᠠ ᠢ ᠱᠦᠭᠦᠷᠳᠡᠨ ᠬᠠᠤᠯᠢ ᠪᠤᠰᠤ ᠨᠤᠮ ᠬᠡᠪᠯᠡᠯ ᠢ ᠴᠡᠪᠡᠷᠯᠡᠨ ᠠᠷᠢᠯᠭᠠᠬᠤ︾ ᠶᠡᠷᠦᠩᠬᠡᠢ ᠵᠤᠬᠢᠴᠠᠭᠤᠯᠭ᠎ᠠ ᠶᠢᠨ ᠴᠢᠬᠤᠯᠠ ᠪᠤᠯᠬᠤ ᠲᠤᠰᠢᠶᠠᠯ ᠬᠠᠷᠢᠭᠤᠴᠠᠯᠭ᠎ᠠ ᠪᠠᠨ ᠪᠤᠯᠭᠠᠨ᠂ ᠲᠤᠰᠬᠠᠢ ᠬᠦᠮᠦᠨ ᠢᠶᠠᠷ ᠬᠠᠷᠢᠭᠤᠴᠠᠭᠤᠯᠬᠤ ᠶᠢ ᠦᠨᠡᠨᠬᠦ ᠪᠠᠲᠤᠯᠠᠬᠤ ᠬᠡᠷᠡᠭᠲᠠᠢ᠃ ᠲᠤᠰᠬᠤᠨ ᠤ ᠲᠡᠰ ᠤᠨ ︽ᠰᠢᠷ᠎ᠠ ᠢ ᠱᠦᠭᠦᠷᠳᠡᠨ ᠬᠠᠤᠯᠢ ᠪᠤᠰᠤ ᠨᠤᠮ ᠬᠡᠪᠯᠡᠯ ᠢ ᠴᠡᠪᠡᠷᠯᠡᠨ ᠠᠷᠢᠯᠭᠠᠬᠤ︾ ᠠᠵᠢᠯ ᠤᠨ ᠡᠷᠴᠢᠮ ᠢ ᠤᠯᠠᠮ ᠨᠢᠭᠡ ᠠᠯᠬᠤᠮ ᠴᠢᠩᠭᠠᠳᠬᠠᠨ᠂ ᠭᠠᠴᠠᠭ᠎ᠠ ᠲᠤᠰᠬᠤᠨ᠂ ᠨᠡᠶᠢᠬᠡᠮ ᠲᠤᠭᠤᠷᠢᠭ ᠤᠨ ᠨᠠᠮ ᠤᠨ ᠵᠤᠬᠢᠶᠠᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢ ᠲᠤᠳᠤᠷᠬᠠᠶᠢᠯᠠᠨ᠂ ᠦᠨᠳᠦᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠤᠤᠯᠳᠠᠭᠤ ᠬᠦᠮᠦᠨ ᠠᠮᠠ ᠶᠢᠨ ᠲᠤᠭ᠎ᠠ ᠬᠡᠮᠵᠢᠶ᠎ᠡ ᠨᠡᠯᠢᠶᠡᠳ ᠤᠯᠠᠨ᠂ ᠬᠡᠪᠯᠡᠭᠳᠡᠭᠦᠨ ᠤ ᠵᠠᠬ᠎ᠠ ᠲᠡᠯᠭᠡᠭᠦᠷ ᠨᠡᠯᠢᠶᠡᠳ ᠬᠦᠭᠵᠢᠶᠡᠨᠲᠠᠢ ᠭᠠᠵᠠᠷ ᠲᠤ ︽ᠰᠢᠷ᠎ᠠ ᠢ ᠱᠦᠭᠦᠷᠳᠡᠨ ᠬᠠᠤᠯᠢ ᠪᠤᠰᠤ ᠨᠤᠮ ᠬᠡᠪᠯᠡᠯ ᠢ ᠴᠡᠪᠡᠷᠯᠡᠨ ᠠᠷᠢᠯᠭᠠᠬᠤ︾ ᠠᠵᠢᠯ ᠤᠨ ᠲᠤᠭᠲᠠᠯᠴᠠᠭ᠎ᠠ ᠪᠤᠯᠤᠨ ᠠᠵᠢᠯᠯᠠᠬᠤ ᠵᠤᠬᠢᠴᠠᠮᠵᠢ ᠶᠢ ᠪᠠᠶᠢᠭᠤᠯᠤᠨ ᠪᠦᠷᠢᠨᠰᠢᠭᠦᠯᠵᠤ᠂ ᠦᠨᠳᠦᠰᠦᠨ ᠱᠠᠲᠤᠨ ᠤ ︽ᠰᠢᠷ᠎ᠠ ᠢ ᠱᠦᠭᠦᠷᠳᠡᠨ ᠬᠠᠤᠯᠢ ᠪᠤᠰᠤ ᠨᠤᠮ ᠬᠡᠪᠯᠡᠯ ᠢ ᠴᠡᠪᠡᠷᠯᠡᠨ ᠠᠷᠢᠯᠭᠠᠬᠤ︾ ᠠᠵᠢᠯ ᠢ ᠠᠳᠬᠤᠬᠤ ᠬᠦᠮᠦᠨ ᠲᠠᠢ᠂ ᠬᠠᠮᠢᠶᠠᠷᠠᠬᠤ ᠬᠦᠮᠦᠨ ᠲᠠᠢ ᠪᠦᠲᠦᠮᠵᠢᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃      ︵ᠬᠤᠶᠠᠷ︶ ᠠᠵᠢᠯ ᠤᠨ ᠵᠤᠬᠢᠴᠠᠭᠤᠯᠭ᠎ᠠ ᠪᠠᠨ ᠴᠢᠩᠭᠠᠳᠬᠠᠨ᠂ ᠪᠦᠬᠦᠯᠢ ᠴᠤᠭᠴᠠᠲᠤ ᠪᠠᠶᠢᠷᠢᠯᠠᠭᠤᠯᠤᠯᠲᠠ ᠶᠢ ᠲᠡᠭᠦᠯᠳᠡᠷᠵᠡᠭᠦᠯᠬᠦ᠃ ᠡᠯ᠎ᠡ ᠬᠤᠯᠪᠤᠭᠳᠠᠯ ᠪᠦᠬᠦᠢ ᠪᠠᠶᠢᠭᠤᠯᠭ᠎ᠠ ᠪᠤᠯᠤᠨ ︽ᠰᠢᠷ᠎ᠠ ᠢ ᠱᠦᠭᠦᠷᠳᠡᠨ ᠬᠠᠤᠯᠢ ᠪᠤᠰᠤ ᠨᠤᠮ ᠬᠡᠪᠯᠡᠯ ᠢ ᠴᠡᠪᠡᠷᠯᠡᠨ ᠠᠷᠢᠯᠭᠠᠬᠤ︾ ᠠᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠠᠴᠠ ᠬᠠᠷᠢᠯᠴᠠᠨ ᠬᠠᠮᠵᠢᠯᠴᠠᠨ ᠨᠢᠭᠳᠠ ᠬᠠᠷᠢᠯᠴᠠᠵᠤ᠂ ᠰᠣᠷᠠᠭ ᠵᠠᠩᠭᠢ ᠶᠢᠨ ᠰᠤᠯᠢᠯᠴᠠᠭ᠎ᠠ ᠪᠠᠨ ᠴᠢᠩᠭᠠᠳᠬᠠᠨ᠂ ᠲᠦᠷᠭᠡᠨ ᠲᠤᠰᠬᠤ᠂ ᠪᠦᠬᠦᠯᠢ ᠴᠤᠭᠴᠠᠲᠤ ᠰᠡᠷᠭᠡᠶᠢᠯᠡᠨ ᠡᠵᠡᠮᠳᠡᠬᠦ ᠠᠵᠢᠯ ᠤᠨ ᠪᠦᠲᠦᠴᠡ ᠮᠠᠶ᠋ᠢᠭ ᠢ ᠪᠦᠷᠢᠯᠳᠦᠭᠦᠯᠬᠦ ᠪᠠᠷ ᠴᠢᠷᠮᠠᠶᠢᠬᠤ ᠬᠡᠷᠡᠭᠲᠠᠢ᠃  ︽ᠰᠢᠷ᠎ᠠ ᠢ ᠱᠦᠭᠦᠷᠳᠡᠨ ᠬᠠᠤᠯᠢ ᠪᠤᠰᠤ ᠨᠤᠮ ᠬᠡᠪᠯᠡᠯ ᠢ ᠴᠡᠪᠡᠷᠯᠡᠨ ᠠᠷᠢᠯᠭᠠᠬᠤ︾ ᠠᠵᠢᠯ ᠤᠨ ᠤᠳᠤᠷᠢᠳᠬᠤ ᠲᠤᠭᠤᠶᠢᠯᠠᠩ ᠤᠨ ᠲᠤᠭᠤᠶᠢᠯᠠᠩ ᠤᠨ ᠲᠠᠷᠤᠭ᠎ᠠ ᠠᠴᠠ ᠵᠢᠯᠤᠭᠤᠳᠤᠯᠭ᠎ᠠ ᠪᠠᠨ ᠴᠢᠩᠭᠠᠳᠬᠠᠵᠤ᠂ ᠤᠷᠢᠳᠴᠢᠯᠠᠨ ᠵᠢᠯᠤᠭᠤᠳᠴᠤ᠂ ᠴᠢᠬᠤᠯᠠ ᠠᠰᠠᠭᠤᠳᠠᠯ ᠢ ᠪᠡᠶ᠎ᠡ ᠪᠠᠷ ᠢᠶᠠᠨ ᠵᠤᠬᠢᠴᠠᠭᠤᠯᠤᠨ ᠰᠶᠢᠳᠪᠦᠷᠢᠯᠡᠬᠦ ᠬᠡᠷᠡᠭᠲᠡᠢ᠃ ︽ᠰᠢᠷ᠎ᠠ ᠢ ᠱᠦᠭᠦᠷᠳᠡᠨ ᠬᠠᠤᠯᠢ ᠪᠤᠰᠤ ᠨᠤᠮ ᠬᠡᠪᠯᠡᠯ ᠢ ᠴᠡᠪᠡᠷᠯᠡᠨ ᠠᠷᠢᠯᠭᠠᠬᠤ︾ ᠠᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠠᠴᠠ ᠶᠡᠷᠦᠩᠬᠡᠢ᠂ ᠵᠢᠯᠤᠭᠤᠳᠤᠯᠭ᠎ᠠ᠂ ᠵᠤᠬᠢᠴᠠᠭᠤᠯᠬᠤ᠂ ᠰᠢᠮᠳᠠᠭᠤᠯᠤᠨ ᠪᠠᠶᠢᠴᠠᠭᠠᠬᠤ ᠡᠷᠭᠡ ᠲᠤᠰᠢᠶᠠᠯ ᠢᠶᠠᠨ ᠠᠵᠢᠯ ᠤᠨ ᠲᠤᠰᠢᠶᠠᠯ ᠢᠶᠠᠨ ᠨᠠᠷᠢᠨ ᠬᠢᠨᠠᠮᠠᠭᠠᠢ ᠭᠦᠢᠴᠡᠳᠬᠡᠨ᠂ ᠡᠯ᠎ᠡ ᠪᠦᠷᠢᠯᠳᠦᠭᠦᠨ ᠨᠢᠭᠡᠴᠡ ᠎ ᠠᠴᠠ ᠲᠤᠰ ᠲᠤᠰ ᠶᠢᠨ ᠢᠶᠠᠨ ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠨ᠂ ᠡᠯ᠎ᠡ ᠪᠦᠷᠢᠯᠳᠦᠭᠦᠨ ᠨᠢᠭᠡᠴᠡ ᠠᠴᠠ ᠲᠤᠰ ᠲᠤᠰ ᠤᠨ ᠢᠶᠠᠨ ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠬᠠᠮᠢᠶ᠎ᠠ ᠪᠦᠬᠦᠢ ᠬᠠᠤᠯᠢ ᠬᠡᠷᠡᠭᠵᠢᠬᠦᠯᠬᠦ ᠪᠠᠶᠢᠭᠤᠯᠤᠮᠵᠢ ᠠᠴᠠ ︽ᠰᠢᠷ᠎ᠠ ᠢ ᠱᠦᠭᠦᠷᠳᠡᠨ ᠬᠠᠤᠯᠢ ᠪᠤᠰᠤ ᠨᠤᠮ ᠬᠡᠪᠯᠡᠯ ᠢ ᠴᠡᠪᠡᠷᠯᠡᠨ ᠠᠷᠢᠯᠭᠠᠬᠤ︾ ᠬᠠᠤᠯᠢ ᠬᠡᠷᠡᠭᠵᠢᠬᠦᠯᠦᠯᠲᠡ ᠶᠢᠨ ᠡᠭᠦᠷᠭᠡ ᠪᠠᠨ ᠨᠠᠷᠢᠨ ᠬᠢᠨᠠᠮᠠᠭᠠᠢ ᠨᠡᠶᠢᠳᠠᠪᠤᠷᠢᠵᠢᠭᠤᠯᠤᠨ᠂ ᠡᠴᠦᠰ ᠢᠶᠠᠷ ᠠᠳᠬᠤᠵᠤ᠂ ᠬᠠᠮᠲᠤᠪᠠᠷ ᠬᠠᠮᠢᠶᠠᠷᠤᠭᠰᠠᠨ ᠨᠡᠶᠢᠯᠡᠯᠮᠡᠯ ᠬᠦᠴᠦ ᠶᠢ ᠪᠦᠷᠢᠯᠳᠦᠬᠦᠯᠬᠦ ᠬᠡᠷᠡᠭᠲᠠᠢ᠃      ︵ᠭᠤᠷᠪᠠ︶ ᠬᠢᠨᠠᠨ ᠵᠢᠯᠤᠭᠤᠳᠬᠤ ᠪᠠᠶᠢᠴᠠᠭᠠᠯᠲᠠ ᠪᠠᠨ ᠴᠢᠩᠭᠠᠳᠬᠠᠨ᠂ ᠬᠠᠷᠢᠭᠤᠴᠠᠯᠭ᠎ᠠ ᠬᠠᠮᠢᠶᠠᠷᠤᠯᠲᠠ ᠶᠢ ᠲᠡᠭᠦᠯᠳᠡᠷᠵᠢᠬᠦᠯᠬᠦ᠃ ᠡᠯ᠎ᠡ ᠬᠤᠯᠪᠤᠭᠳᠠᠯ ᠪᠦᠬᠦᠢ ᠪᠠᠶᠢᠭᠤᠯᠭ᠎ᠠ ᠠᠴᠠ ︽ᠬᠠᠷᠢᠶ᠎ᠠ ᠭᠠᠵᠠᠷ ᠲᠤᠨᠢ ᠬᠠᠮᠢᠶᠠᠷᠠᠬᠤ︾ ᠪᠠ ︽ᠬᠡᠨ ᠭᠤᠤᠯ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠶᠤᠰᠤᠭᠠᠷ᠂ ᠬᠠᠷᠢᠭᠤᠴᠠᠯᠭ᠎ᠠ ᠬᠠᠮᠢᠶᠠᠷᠤᠯᠲᠠ ᠪᠠᠨ ᠴᠢᠩᠭᠠᠳᠬᠠᠨ᠂ ᠲᠡᠰ ᠲᠡᠰ ᠢᠶᠠᠷ ᠬᠠᠷᠢᠭᠤᠴᠠᠯᠭ᠎ᠠ ᠶᠢᠨ ᠪᠢᠴᠢᠭ ᠲᠡᠭᠡᠷ᠎ᠡ ᠭᠠᠷ ᠤᠨ ᠦᠰᠦᠭ ᠵᠢᠷᠤᠵᠤ᠂ ᠱᠠᠲᠤ ᠬᠤᠪᠢᠶᠠᠨ ᠬᠠᠷᠢᠭᠤᠴᠠᠬᠤ᠂ ᠬᠠᠷᠢᠭᠤᠴᠠᠯᠭ᠎ᠠ ᠶᠢ ᠬᠦᠮᠦᠨ ᠳᠤᠨᠢ ᠨᠡᠶᠢᠳᠠᠪᠤᠷᠢᠵᠢᠭᠤᠯᠬᠤ ᠶᠢ ᠪᠡᠶᠡᠯᠡᠭᠦᠯᠬᠦ ᠬᠡᠷᠡᠭᠲᠠᠢ᠃ ᠭᠤᠤᠯᠳᠠᠯᠭ᠎ᠠ ᠲᠠᠢ ᠠᠵᠢᠯ᠂ ᠭᠤᠤᠯᠳᠠᠯᠭ᠎ᠠ ᠶᠢ ᠲᠡᠷᠡ ᠲᠠᠷᠤᠢ ᠳᠤᠨᠢ ᠬᠢᠨᠠᠨ ᠵᠢᠯᠤᠭᠤᠳᠴᠤ ᠪᠠᠶᠢᠴᠠᠭᠠᠯᠲᠠ ᠬᠢᠵᠦ᠂ ᠠᠵᠢᠯ ᠤᠨ ᠬᠠᠷᠢᠭᠤᠴᠠᠯᠭ᠎ᠠ ᠨᠢ ᠲᠤᠳᠤᠷᠬᠠᠢ ᠦᠭᠡᠢ᠂ ᠡᠭᠦᠷᠭᠡ ᠨᠢ ᠲᠤᠳᠤ ᠪᠤᠰᠤ᠂ ᠨᠡᠶᠢᠳᠠᠪᠤᠷᠢᠵᠢᠭᠤᠯᠤᠯᠲᠠ ᠨᠢ ᠬᠦᠷᠦᠯᠴᠡᠬᠦ ᠦᠭᠡᠢ ᠭᠠᠵᠠᠷ ᠤᠷᠤᠨ ᠪᠤᠯᠤᠨ ᠨᠢᠭᠡᠴᠡ ᠶᠢ ᠨᠢᠭᠳᠠᠯᠠᠨ ᠰᠢᠭᠦᠮᠵᠢᠯᠡᠬᠦ ᠬᠡᠷᠡᠭᠲᠠᠢ᠃ ᠬᠠᠮᠢᠶ᠎ᠠ ᠲᠠᠢ ᠬᠠᠮᠢᠶᠠᠷᠤᠯᠲᠠ ᠶᠢᠨ ᠪᠠᠶᠢᠭᠤᠯᠭ᠎ᠠ ᠠᠴᠠ ᠬᠤᠯᠪᠤᠭᠳᠠᠯ ᠪᠦᠬᠦᠢ ᠡᠵᠡᠩᠨᠡᠯᠲᠡ ᠶᠢᠨ ᠨᠢᠭᠡᠴᠡ ᠶᠢ ᠨᠡᠶᠢᠬᠡᠮ ᠢᠯᠡ ᠪᠠᠷ ᠠᠮᠠᠯᠳᠠᠬᠤ ᠶᠢ ᠢᠳᠡᠪᠬᠢᠲᠠᠢ ᠠᠬᠢᠭᠤᠯᠵᠤ᠂ ᠠᠵᠢᠯ ᠲᠦᠷᠦᠯ ᠤᠨ ᠪᠡᠶ᠎ᠡ ᠪᠠᠨ ᠪᠠᠷᠢᠬᠤ ᠶᠢ ᠴᠢᠩᠭᠠᠳᠬᠠᠨ᠂ ᠰᠠᠬᠢᠯᠭ᠎ᠠ ᠶᠢ ᠵᠢᠷᠤᠮᠯᠠᠨ ᠬᠠᠤᠯᠢ ᠶᠢ ᠴᠢᠩᠭ᠎ᠠ ᠰᠠᠬᠢᠵᠤ᠂ ᠨᠡᠶᠢᠬᠡᠮ ᠤᠨ ᠬᠠᠷᠢᠭᠤᠴᠠᠯᠭ᠎ᠠ ᠶᠢ ᠦᠨᠡᠨᠬᠦ ᠭᠦᠢᠴᠡᠳᠬᠡᠬᠦ ᠬᠡᠷᠡᠭᠲᠠᠢ᠃ ᠬᠠᠷᠢᠭᠤᠴᠠᠯᠭ᠎ᠠ ᠪᠠᠨ ᠠᠯᠳᠠᠵᠤ᠂ ᠲᠤᠰᠢᠶᠠᠯ ᠢᠶᠠᠨ ᠭᠤᠳᠤᠭᠠᠬᠤ ᠵᠡᠷᠭᠡ ᠠᠴᠠ ᠬᠦᠨᠳᠦ ᠦᠷ᠎ᠡ ᠳ᠋ᠦᠩ ᠪᠤᠢ ᠪᠤᠯᠭᠠᠭᠰᠠᠨ ᠢ ᠨᠢ ᠬᠠᠮᠢᠶ᠎ᠠ ᠲᠠᠢ ᠬᠠᠷᠢᠭᠤᠴᠠᠭᠴᠢ ᠬᠦᠮᠦᠨ ᠠᠴᠠ ᠡᠷᠡᠰ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠠᠢ᠃ ᠡᠯ᠎ᠡ ᠬᠤᠯᠪᠤᠭᠳᠠᠯ ᠪᠦᠬᠦᠢ ᠪᠠᠶᠢᠭᠤᠯᠭ᠎ᠠ ᠠᠴᠠ ᠪᠤᠳᠠᠲᠠᠢ ᠠᠷᠭ᠎ᠠ ᠬᠡᠮᠵᠢᠶ᠎ᠠ ᠪᠤᠯᠤᠨ ᠠᠷᠭ᠎ᠠ ᠶᠢ ᠰᠤᠳᠤᠯᠤᠨ ᠲᠤᠭᠲᠠᠭᠠᠵᠤ᠂ ᠰᠠᠬᠢᠯᠭ᠎ᠠ ᠪᠠᠲᠤ ᠬᠠᠤᠯᠢ ᠲᠤᠭᠲᠠᠭᠠᠯ ᠢ ᠴᠢᠩᠭᠠᠳᠬᠠᠨ᠂  ᠨᠠᠮ ᠤᠨ ᠭᠡᠰᠢᠭᠦᠨ ᠺᠠᠳᠠᠷ ᠬᠠᠤᠯᠢ ᠪᠤᠰᠤ ᠬᠡᠪᠯᠡᠭᠳᠡᠬᠦᠨ ᠨᠠᠶᠢᠷᠠᠭᠤᠯᠵᠤ ᠬᠡᠪᠯᠡᠬᠦ ᠶᠢ ᠴᠢᠩᠭ᠎ᠠ ᠴᠠᠭᠠᠵᠠᠯᠠᠵᠤ᠂ ᠬᠦᠨᠦᠭᠡᠯ ᠲᠠᠢ ᠬᠡᠪᠯᠡᠭᠳᠡᠭᠦᠨ ᠢ ᠠᠪᠴᠤ ᠬᠢᠯᠢ ᠳᠤ ᠤᠷᠤᠬᠤ ᠶᠢ ᠴᠢᠩᠭ᠎ᠠ ᠴᠠᠭᠠᠵᠠᠯᠠᠨ᠂ ᠠᠯᠪᠠᠨ ᠲᠤᠰᠢᠶᠠᠯᠲᠠᠨ ᠵᠤᠬᠢᠶᠠᠨ ᠪᠠᠶᠢᠭᠤᠯᠤᠯᠲᠠ ᠶᠢᠨ ᠵᠤᠪᠰᠢᠶᠡᠷᠡᠯ ᠦᠭᠡᠢ ᠪᠠᠷ ᠬᠢᠯᠢ ᠶᠢᠨ ᠭᠠᠳᠠᠨ᠎ᠠ ᠨᠤᠮ ᠰᠤᠳᠤᠷ ᠬᠡᠪᠯᠡᠬᠦ ᠪᠠ ᠵᠤᠬᠢᠶᠠᠯ ᠨᠡᠶᠢᠳᠡᠯᠡᠬᠦ ᠶᠢ ᠴᠢᠩᠭ᠎ᠠ ᠴᠠᠭᠠᠵᠠᠯᠠᠨ᠎ᠠ᠃      ︵ᠲᠦᠷᠪᠡ︶ ᠵᠠᠷᠤᠳᠠᠯ ᠤᠨ ᠪᠠᠶᠢᠭᠤᠯᠭ᠎ᠠ ᠶᠢ ᠴᠢᠩᠭᠠᠳᠬᠠᠨ᠂ ᠮᠡᠷᠭᠡᠵᠢᠯ ᠤᠨ ᠲᠤᠨᠤᠭᠯᠠᠯ ᠢ ᠲᠡᠭᠦᠯᠲᠡᠷᠵᠢᠬᠦᠯᠬᠦ ᠃ ᠬᠤᠰᠢᠭᠤ ᠡᠳ᠋ ᠤᠨ ᠵᠠᠰᠠᠭ ᠤᠨ ᠪᠠᠶᠢᠭᠤᠯᠭ᠎ᠠ ᠠᠴᠠ ︽ᠰᠢᠷ᠎ᠠ ᠢ ᠱᠦᠭᠦᠷᠳᠡᠨ ᠬᠠᠤᠯᠢ ᠪᠤᠰᠤ ᠨᠤᠮ ᠬᠡᠪᠯᠡᠯ ᠢ ᠴᠡᠪᠡᠷᠯᠡᠨ ᠠᠷᠢᠯᠭᠠᠬᠤ︾ ᠲᠤᠰᠬᠠᠢ ᠲᠦᠷᠦᠯ ᠤᠨ ᠵᠠᠷᠤᠳᠠᠯ ᠭᠠᠷᠭᠠᠬᠤ ᠶᠢᠨ ᠬᠠᠮᠲᠤ ᠲᠤᠰ ᠱᠠᠲᠤᠨ ᠤ ᠡᠳ᠋ ᠤᠨ ᠵᠠᠰᠠᠭ ᠤᠨ ᠲᠦᠰᠦᠪ ᠲᠤ ᠤᠷᠤᠭᠤᠯᠤᠨ᠂ ᠵᠠᠷᠤᠳᠠᠯ ᠢ ᠵᠢᠯ ᠲᠠᠷᠠᠭᠠᠯᠠᠨ ᠨᠡᠮᠡᠬᠦ᠂ ᠲᠤᠭ᠎ᠠ ᠶᠤᠰᠤᠭᠠᠷ ᠨᠡᠶᠢᠳᠠᠪᠤᠷᠢᠵᠢᠭᠤᠯᠬᠤ᠂ ᠲᠤᠰᠬᠠᠢ ᠵᠤᠭᠤᠰ ᠢ ᠲᠤᠰᠬᠠᠢ ᠬᠡᠷᠡᠭᠯᠡᠬᠦ ᠶᠢ ᠪᠡᠶᠡᠯᠡᠭᠦᠯᠬᠦ ᠶᠢ ᠪᠡᠶᠡᠯᠡᠭᠦᠯᠬᠦ ᠶᠢᠨ ᠲᠠᠭᠠᠤ ᠤᠷᠳᠤ ᠬᠤᠭᠤᠴᠠᠭ᠎ᠠ ᠲᠠᠢ ᠲᠤᠭᠲᠠᠭᠤᠨ ᠪᠡᠯᠡ ᠤᠷᠤᠭᠤᠯᠤᠯᠲᠠ ᠶᠢᠨ ᠪᠠᠲᠤᠯᠠᠭ᠎ᠠ ᠶᠢᠨ ᠵᠤᠬᠢᠴᠠᠮᠵᠢ ᠶᠢ ᠰᠤᠳᠤᠯᠤᠨ ᠪᠠᠶᠢᠭᠤᠯᠬᠤ ᠬᠡᠷᠡᠭᠲᠠᠢ᠃ ︽ᠰᠢᠷ᠎ᠠ ᠢ ᠱᠦᠭᠦᠷᠳᠡᠨ ᠬᠠᠤᠯᠢ ᠪᠤᠰᠤ ᠨᠤᠮ ᠬᠡᠪᠯᠡᠯ ᠢ ᠴᠡᠪᠡᠷᠯᠡᠨ ᠠᠷᠢᠯᠭᠠᠬᠤ︾ ᠠᠵᠢᠯ ᠤᠨ ᠤᠳᠤᠷᠢᠳᠬᠤ ᠲᠤᠭᠤᠶᠢᠯᠠᠩ ᠠᠴᠠ ᠤᠯᠤᠰ ᠤᠨ ᠲᠤᠭᠳᠠᠭᠠᠯ ᠢ ᠦᠨᠳᠦᠰᠦᠯᠡᠨ ᠬᠤᠯᠪᠤᠭᠳᠠᠯ ᠪᠦᠬᠦᠢ ᠨᠡᠮᠡᠭᠦᠷᠢ ᠵᠤᠭᠤᠰ ᠤᠨ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠨᠡᠶᠢᠳᠠᠪᠤᠷᠢᠵᠢᠭᠤᠯᠤᠨ᠂ ᠬᠡᠷᠡᠭ ᠰᠢᠢᠳᠬᠡᠬᠦ ᠨᠦᠬᠦᠪᠦᠷᠢ ᠶᠢᠨ ᠲᠡᠮᠵᠢᠬᠦ ᠡᠷᠴᠢᠮ ᠢ ᠨᠡᠮᠡᠭᠳᠡᠭᠦᠯᠦᠨ᠎ᠡ︔ ᠪᠡᠯᠡ ᠤᠷᠤᠭᠤᠯᠤᠯᠲᠠ ᠶᠢ ᠨᠡᠮᠡᠭᠳᠡᠭᠦᠯᠵᠦ᠂ ︽ᠰᠢᠷ᠎ᠠ ᠢ ᠱᠦᠭᠦᠷᠳᠡᠨ ᠬᠠᠤᠯᠢ ᠪᠤᠰᠤ ᠨᠤᠮ ᠬᠡᠪᠯᠡᠯ ᠢ ᠴᠡᠪᠡᠷᠯᠡᠨ ᠠᠷᠢᠯᠭᠠᠬᠤ︾ ᠠᠵᠢᠯ ᠤᠨ ᠪᠠᠶᠢᠭᠤᠯᠤᠮᠵᠢ ᠳᠤ ᠵᠠᠬ᠎ᠠ ᠲᠡᠯᠭᠡᠭᠦᠷ ᠤᠨ ᠬᠢᠨᠠᠯᠲᠠ ᠬᠠᠮᠢᠶᠠᠷᠤᠯᠲᠠ ᠳᠤ ᠬᠡᠷᠡᠭᠯᠡᠬᠦ ᠲᠦᠬᠦᠭᠡᠷᠦᠮᠵᠢ᠂ ᠪᠠᠭᠠᠵᠢ ᠬᠡᠷᠡᠭᠰᠡᠯ ᠢ ᠨᠡᠮᠡᠨ ᠲᠤᠬᠢᠷᠠᠭᠤᠯᠵᠤ᠂ ᠲᠤᠨᠤᠭᠯᠠᠯ ᠤᠨ ᠪᠠᠲᠤᠯᠠᠭ᠎ᠠ ᠶᠢᠨ ᠴᠢᠳᠠᠪᠤᠷᠢ ᠶᠢ ᠦᠨᠡᠨᠬᠦ ᠲᠡᠭᠡᠭᠰᠢᠯᠡᠬᠦᠯᠬᠦ ᠬᠡᠷᠡᠭᠲᠠᠢ᠃      ︵ᠲᠠᠪᠤ︶ ᠡᠩᠨᠡᠭᠡᠨ ᠤ ᠪᠠᠶᠢᠭᠤᠯᠤᠯᠲᠠ ᠶᠢ ᠪᠠᠬᠢᠵᠢᠭᠦᠯᠦᠨ᠂ ᠬᠦᠮᠦᠨ ᠬᠡᠷᠡᠭᠯᠡᠬᠦ ᠵᠤᠬᠢᠴᠠᠮᠵᠢ ᠶᠢ ᠲᠡᠭᠦᠯᠳᠡᠷᠵᠢᠬᠦᠯᠬᠦ᠃ ᠡᠯ᠎ᠡ ᠬᠤᠯᠪᠤᠭᠳᠠᠯ ᠪᠦᠬᠦᠢ ᠪᠠᠶᠢᠭᠤᠯᠭ᠎ᠠ ᠠᠴᠠ ᠤᠯᠤᠰ ᠲᠦᠷᠦ ᠶᠢᠨ ᠤᠬᠠᠮᠰᠠᠷ ᠢᠶᠠᠷ ᠴᠢᠩᠭ᠎ᠠ᠂ ᠠᠵᠢᠯ ᠮᠡᠷᠭᠡᠵᠢᠯ ᠳᠡᠭᠡᠨ ᠮᠡᠷᠭᠡᠰᠢᠭᠰᠡᠨ᠂ ᠠᠵᠢᠯ ᠤᠨ ᠰᠣᠷᠳᠠᠯ ᠲᠦᠪ᠂ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠱᠠᠭᠠᠷᠳᠠᠯᠭ᠎ᠠ ᠶᠤᠰᠤᠭᠠᠷ᠂ ︽ᠰᠢᠷ᠎ᠠ ᠢ ᠱᠦᠭᠦᠷᠳᠡᠨ ᠬᠠᠤᠯᠢ ᠪᠤᠰᠤ ᠨᠤᠮ ᠬᠡᠪᠯᠡᠯ ᠢ ᠴᠡᠪᠡᠷᠯᠡᠨ ᠠᠷᠢᠯᠭᠠᠬᠤ︾ ᠠᠵᠢᠯᠯᠠᠬᠤ ᠺᠠᠳᠠᠷ ᠢ ᠲᠤᠬᠢᠷᠠᠭᠤᠯᠤᠨ ᠪᠦᠷᠢᠳᠦᠭᠦᠯᠬᠦ᠂ ᠰᠤᠷᠭᠠᠨ ᠬᠦᠮᠦᠵᠢᠯ ᠤᠨ ᠬᠠᠮᠢᠶᠠᠷᠤᠯᠲᠠ ᠪᠤᠯᠤᠨ ᠠᠵᠢᠯ ᠮᠡᠷᠭᠡᠵᠢᠯ ᠤᠨ ᠪᠤᠯᠪᠠᠰᠣᠷᠠᠯ ᠢ ᠴᠢᠩᠭᠠᠳᠬᠠᠨ᠂ ︽ᠰᠢᠷ᠎ᠠ ᠢ ᠱᠦᠭᠦᠷᠳᠡᠨ ᠬᠠᠤᠯᠢ ᠪᠤᠰᠤ ᠨᠤᠮ ᠬᠡᠪᠯᠡᠯ ᠢ ᠴᠡᠪᠡᠷᠯᠡᠨ ᠠᠷᠢᠯᠭᠠᠬᠤ︾ ᠠᠵᠢᠯ ᠤᠨ ᠡᠩᠨᠡᠭᠡᠨ ᠤ ᠤᠯᠤᠰ ᠲᠦᠷᠦ ᠶᠢᠨ ᠬᠡᠪ ᠰᠤᠷᠳᠠᠯ ᠪᠤᠯᠤᠨ ᠠᠵᠢᠯ ᠮᠡᠷᠭᠡᠵᠢᠯ ᠤᠨ ᠴᠢᠳᠠᠪᠤᠷᠢ ᠶᠢ ᠲᠠᠰᠤᠷᠠᠯᠲᠠ ᠦᠭᠡᠢ ᠲᠡᠭᠡᠭᠰᠢᠯᠡᠬᠦᠯᠦᠨ᠎ᠡ᠃ ᠤᠯᠤᠰ ᠲᠦᠷᠦ ᠶᠢᠨ ᠲᠠᠯ᠎ᠠ᠂ ᠠᠵᠢᠯ ᠤᠨ ᠲᠠᠯ᠎ᠠ᠂ ᠠᠮᠢᠳᠤᠷᠠᠯ ᠤᠨ ᠲᠠᠯ᠎ᠠ ᠪᠠᠷ ︽ᠰᠢᠷ᠎ᠠ ᠢ ᠱᠦᠭᠦᠷᠳᠡᠨ ᠬᠠᠤᠯᠢ ᠪᠤᠰᠤ ᠨᠤᠮ ᠬᠡᠪᠯᠡᠯ ᠢ ᠴᠡᠪᠡᠷᠯᠡᠨ ᠠᠷᠢᠯᠭᠠᠬᠤ︾ ᠠᠵᠢᠯ ᠤᠨ ᠨᠢᠭᠡᠳᠦᠭᠡᠷ ᠹᠷᠤᠨᠲ ᠶᠢᠨ ᠨᠦᠬᠦᠳ ᠢ ᠬᠠᠯᠠᠮᠵᠢᠯᠠᠨ ᠬᠠᠶᠢᠷᠠᠯᠠᠵᠤ᠂ ᠲᠡᠳᠡ ᠨᠠᠷ ᠤᠨ ᠪᠤᠲᠠᠲᠠᠢ ᠬᠦᠴᠢᠷᠳᠡᠯ ᠢ ᠨᠢ ᠰᠶᠢᠳᠪᠦᠷᠢᠯᠡᠬᠦ ᠬᠡᠷᠡᠭᠲᠠᠢ᠃ ︽ᠰᠢᠷ᠎ᠠ ᠢ ᠱᠦᠭᠦᠷᠳᠡᠨ ᠬᠠᠤᠯᠢ ᠪᠤᠰᠤ ᠨᠤᠮ ᠬᠡᠪᠯᠡᠯ ᠢ ᠴᠡᠪᠡᠷᠯᠡᠨ ᠠᠷᠢᠯᠭᠠᠬᠤ︾ ᠬᠠᠤᠯᠢ ᠬᠡᠷᠡᠭᠵᠢᠭᠦᠯᠬᠦ ᠬᠦᠮᠦᠨ ᠳᠤ ᠬᠦᠮᠦᠨ ᠤ ᠪᠡᠶ᠎ᠡ ᠶᠢᠨ ᠰᠠᠨᠠᠭᠠᠨ ᠳᠤ ᠦᠭᠡᠢ ᠭᠡᠮᠳᠦᠭᠡᠬᠦ ᠲᠠᠭᠠᠳᠬᠠᠯ ᠵᠡᠷᠭᠡ ᠲᠠᠭᠠᠳᠬᠠᠯ ᠤᠨ ᠲᠦᠷᠦᠯ ᠢ ᠦᠷᠭᠦᠯᠵᠢᠯᠡᠨ ᠠᠪᠬᠤ ᠬᠡᠷᠡᠭᠲᠠᠢ᠃      ︵ᠵᠢᠷᠭᠤᠭ᠎ᠠ︶ ᠶᠡᠷᠦᠩᠬᠡᠶᠢᠯᠡᠨ ᠰᠢᠯᠭᠠᠨ ᠲᠤᠭᠲᠠᠭᠠᠬᠤ ᠶᠢ ᠴᠢᠩᠭᠠᠳᠬᠠᠨ᠂ ᠬᠡᠮᠵᠢᠶᠡᠯᠡᠬᠦ ᠰᠢᠯᠭᠠᠨ ᠬᠢᠨᠠᠯᠲᠠ ᠶᠢ ᠲᠡᠭᠦᠯᠳᠡᠷᠵᠢᠬᠦᠯᠬᠦ᠃ ᠡᠯ᠎ᠡ ᠪᠠᠯᠭᠠᠰᠤ᠂ ᠡᠯ᠎ᠡ ᠬᠤᠯᠪᠤᠭᠳᠠᠯ ᠪᠦᠬᠦᠢ ᠪᠠᠶᠢᠭᠤᠯᠭ᠎ᠠ ᠠᠴᠠ ︽ᠰᠢᠷ᠎ᠠ ᠢ ᠱᠦᠭᠦᠷᠳᠡᠨ ᠬᠠᠤᠯᠢ ᠪᠤᠰᠤ ᠨᠤᠮ ᠬᠡᠪᠯᠡᠯ ᠢ ᠴᠡᠪᠡᠷᠯᠡᠨ ᠠᠷᠢᠯᠭᠠᠬᠤ︾ ᠠᠵᠢᠯ ᠢ ᠤᠶᠤᠨ ᠤ ᠪᠤᠯᠪᠠᠰᠤᠨ ᠤ ᠪᠠᠶᠢᠭᠤᠯᠤᠯᠲᠠ᠂ ᠨᠡᠶᠢᠬᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ᠂ ᠠᠮᠤᠷ ᠲᠦᠪᠰᠢᠨ ᠤ ᠪᠠᠶᠢᠭᠤᠯᠤᠯᠲᠠ᠂ ᠨᠠᠰᠤᠨ ᠳᠤ ᠦᠯᠦ ᠬᠦᠷᠦᠭᠡᠳᠦᠢ ᠬᠦᠮᠦᠨ ᠤ ᠦᠵᠡᠯ ᠰᠠᠨᠠᠭ᠎ᠠ ᠶᠤᠰᠤ ᠮᠤᠷᠠᠯ ᠤᠨ ᠪᠠᠶᠢᠭᠤᠯᠤᠯᠲᠠ᠂ ᠨᠠᠮ ᠵᠠᠰᠠᠭ ᠤᠨ ᠤᠳᠤᠷᠢᠳᠬᠤ ᠺᠠᠲᠠᠷ ᠤᠨ ᠵᠠᠰᠠᠭ ᠤᠨ ᠠᠮᠵᠢᠯᠲᠠ ᠶᠢ ᠰᠢᠯᠭᠠᠨ ᠬᠢᠨᠠᠬᠤ ᠪᠠ ᠬᠠᠷᠠᠯᠲᠠᠲᠤ ᠬᠠᠮᠢᠶᠠᠷᠤᠯᠲᠠ ᠵᠡᠷᠭᠡ ᠲᠠᠢ ᠤᠶᠠᠯᠳᠤᠭᠤᠯᠤᠨ᠂ ᠵᠤᠬᠢᠴᠠᠩᠭᠤᠢ ᠲᠦᠯᠬᠢᠨ ᠠᠬᠢᠭᠤᠯᠵᠤ᠂ ᠶᠠᠷᠦᠩᠬᠡᠶᠢᠯᠡᠨ ᠦᠨᠡᠨ ᠲᠤᠭᠲᠠᠭᠠᠬᠤ ᠬᠡᠷᠡᠭᠲᠠᠢ᠃ ︽ᠰᠢᠷ᠎ᠠ ᠢ ᠱᠦᠭᠦᠷᠳᠡᠨ ᠬᠠᠤᠯᠢ ᠪᠤᠰᠤ ᠨᠤᠮ ᠬᠡᠪᠯᠡᠯ ᠢ ᠴᠡᠪᠡᠷᠯᠡᠨ ᠠᠷᠢᠯᠭᠠᠬᠤ︾ ᠠᠵᠢᠯ ᠳᠤ ᠬᠦᠨᠳᠦ ᠶᠡᠭᠡ ᠬᠠᠷᠢᠭᠤᠴᠠᠯᠭ᠎ᠠ ᠠᠳᠡᠯ ᠭᠠᠷᠭᠠᠭᠰᠠᠨ ᠭᠠᠵᠠᠷ ᠤᠷᠤᠨ ᠪᠤᠯᠤᠨ ᠨᠢᠭᠡᠴᠡ ᠳᠤ ᠨᠢᠭᠡ ᠪᠧᠯᠲ ᠪᠠᠷ ᠦᠭᠡᠶᠢᠰᠬᠡᠬᠦ ᠲᠦᠷᠢᠮ ᠢ ᠬᠡᠷᠡᠭᠵᠢᠬᠦᠯᠦᠨ᠎ᠡ᠃ ᠬᠤᠰᠢᠭᠤ ︽ᠰᠢᠷ᠎ᠠ ᠢ ᠱᠦᠭᠦᠷᠳᠡᠨ ᠬᠠᠤᠯᠢ ᠪᠤᠰᠤ ᠨᠤᠮ ᠬᠡᠪᠯᠡᠯ ᠢ ᠴᠡᠪᠡᠷᠯᠡᠨ ᠠᠷᠢᠯᠭᠠᠬᠤ︾ ᠠᠵᠢᠯ ᠤᠨ ᠤᠳᠤᠷᠢᠳᠬᠤ ᠲᠤᠭᠤᠶᠢᠯᠠᠩ  ᠠᠵᠢᠯ ᠳᠠᠭᠠᠨ ᠬᠢᠨᠠᠠ ᠲᠤᠭᠲᠠᠭᠠᠯ ᠬᠢᠵᠦ᠂ ︽ᠰᠢᠷ᠎ᠠ ᠢ ᠱᠦᠭᠦᠷᠳᠡᠨ ᠬᠠᠤᠯᠢ ᠪᠤᠰᠤ ᠨᠤᠮ ᠬᠡᠪᠯᠡᠯ ᠢ ᠴᠡᠪᠡᠷᠯᠡᠨ ᠠᠷᠢᠯᠭᠠᠬᠤ︾ ᠠᠵᠢᠯ ᠳᠤ ᠡᠬᠦᠳᠦᠭᠰᠡᠨ ᠰᠢᠨ᠎ᠡ ᠦᠷ᠎ᠡ ᠪᠦᠳᠦᠭᠡᠯ ᠢ ᠲᠡᠯᠭᠡᠷᠡᠭᠦᠯᠦᠨ᠎ᠡ᠃ ᠰᠢᠯᠭᠠᠨ ᠬᠢᠨᠠᠬᠤ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠬᠦᠯᠦᠨ ᠬᠡᠮᠵᠢᠶᠡᠯᠡᠵᠦ᠂ ᠤᠷᠮᠠᠰᠢᠭᠤᠯᠬᠤ ᠵᠤᠬᠢᠴᠠᠮᠵᠢ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠠᠢ᠂ ᠭᠠᠪᠢᠶ᠎ᠠ ᠶᠢ ᠨᠢ ᠱᠠᠩᠨᠠᠯ ᠢᠶᠠᠷ ᠦᠨᠡᠯᠡᠨ᠂ ᠲᠡᠷᠢᠬᠦᠨ ᠤ ᠬᠢ ᠶᠢ ᠨᠢ ᠵᠤᠷᠢᠭᠵᠢᠭᠤᠯᠬᠤ ᠬᠡᠷᠡᠭᠲᠠᠢ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号