ᠠᠵᠤ ᠠᠬᠤᠶᠢᠯᠠᠯ ᠤᠨ ᠨᠢᠭᠡ ᠢᠵᠢ ᠬᠦᠰᠦᠨᠦᠭ  ᠢᠶᠠᠷ ᠦᠭᠡᠷᠡᠴᠢᠯᠡᠯᠲᠡ ᠶᠢ ᠪᠦᠷᠢᠳᠬᠡᠬᠦ ᠠᠵᠢᠯ ᠢ ᠰᠠᠶᠢᠳᠤᠷ ᠬᠢᠬᠦ ᠲᠤᠬᠠᠢ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2012-01-19
                      ᠡᠵᠡᠨ ᠵᠠᠰᠠᠭ ᠠᠯᠪᠠᠨ ᠲᠠᠷᠬᠠᠭᠠᠬᠤ ﹇2012﹈ 3 ᠳ᠋ᠤᠭᠠᠷ ᠲᠤᠭᠠᠳᠤᠡᠯ᠎ᠠ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠡᠯ᠎ᠠ ᠪᠠᠶᠢᠭᠤᠯᠭ᠎ᠠ᠂ ᠡᠯ᠎ᠡ ᠰᠢᠭᠤᠳ ᠬᠠᠷᠢᠶ᠎ᠠ ᠪᠠᠶᠢᠭᠤᠯᠭ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠄      ᠤᠯᠤᠰ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ︽ᠠᠵᠤ ᠠᠬᠤᠶᠢᠯᠠᠯ ᠤᠨ ᠨᠢᠭᠡ ᠢᠵᠢ ᠬᠦᠰᠦᠨᠦᠭ ᠢᠶᠠᠷ ᠦᠭᠡᠷᠡᠴᠢᠯᠡᠯᠲᠡ ᠶᠢ ᠪᠦᠷᠢᠳᠬᠡᠬᠦ ᠠᠵᠢᠯ ᠢ ᠰᠠᠶᠢᠳᠤᠷ ᠬᠢᠬᠦ ᠲᠤᠬᠠᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠮᠡᠳᠡᠭᠳᠡᠯ︾ ︵ᠦᠪᠦᠷ ᠵᠠᠰᠠᠭ ᠠᠯᠪᠠᠨ ᠲᠠᠷᠬᠠᠭᠠᠬᠤ ﹇2011﹈124 ᠳ᠋ᠤᠬᠡᠷ ᠲᠤᠭᠠᠲᠤ︶᠎ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠨᠡᠶᠢᠳᠠᠪᠤᠷᠢᠵᠢᠭᠤᠯᠵᠤ᠂ ᠮᠠᠨ ᠤ ᠬᠤᠰᠢᠭᠤᠨ ᠤ ︽ᠠᠵᠤ ᠠᠬᠤᠶᠢᠯᠠᠯ ᠤᠨ ᠨᠢᠭᠡ ᠢᠵᠢ ᠬᠦᠰᠦᠨᠦᠭ︾ ᠎ ᠢᠶᠠᠷ ᠦᠭᠡᠷᠡᠴᠢᠯᠡᠯᠲᠡ ᠶᠢ ᠪᠦᠷᠢᠳᠬᠡᠬᠦ ᠠᠵᠢᠯ ᠢ ᠠᠬᠢᠭᠤᠯᠵᠤ᠂ ᠪᠦᠷᠢᠳᠭᠡᠯ ᠪᠠᠶᠢᠴᠠᠭᠠᠯᠲᠠ ᠶᠢᠨ ᠠᠵᠢᠯ ᠤᠨ ᠲᠦᠷᠢᠮᠵᠢᠯᠲᠠᠢ ᠴᠢᠨᠠᠷ᠂ ᠨᠢᠭᠡᠳᠦᠯᠲᠠᠢ ᠴᠢᠨᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠵᠠᠰᠠᠭ ᠤᠨ ᠤᠷᠳᠤᠨ ᠤ ᠪᠦᠷᠢᠳᠬᠡᠯ ᠤᠨ ᠢᠳᠡᠭᠡᠭᠦᠯᠬᠦ ᠬᠦᠴᠦᠨ ᠢ ᠲᠡᠭᠡᠭᠰᠢᠯᠡᠬᠦᠯᠬᠦ ᠶᠢᠨ ᠲᠤᠯᠠᠲᠠ᠂ ᠬᠤᠰᠢᠭᠤ ᠵᠠᠰᠠᠭ ᠤᠨ ᠤᠷᠳᠤᠨ ᠢᠶᠠᠷ ᠵᠦᠪᠰᠢᠶᠡᠷᠡᠭᠳᠡᠵᠦ᠂ ᠡᠳᠦᠭᠡ ᠬᠠᠮᠢᠶ᠎ᠠ ᠪᠦᠬᠦᠢ ᠵᠦᠢᠯᠡᠰ ᠢ ᠲᠤᠤᠷᠠᠬᠢ ᠮᠡᠳᠦ ᠮᠡᠳᠡᠭᠳᠡᠪᠡ᠃      ᠨᠢᠭᠡ᠂ ︽ᠠᠵᠤ ᠠᠬᠤᠶᠢᠯᠠᠯ ᠤᠨ ᠨᠢᠭᠡ ᠢᠵᠢ ᠬᠦᠰᠦᠨᠦᠭ︾᠎ ᠢᠶᠠᠷ ᠦᠭᠡᠷᠡᠴᠢᠯᠡᠯᠲᠡ ᠶᠢ ᠪᠦᠷᠢᠳᠬᠡᠬᠦ ᠠᠵᠢᠯ ᠢ ᠬᠡᠷᠡᠭᠵᠢᠬᠦᠯᠬᠦ ᠶᠢᠨ ᠴᠢᠬᠤᠯᠠ ᠴᠢᠨᠠᠷ ᠢ ᠪᠦᠷᠢᠮᠦᠰᠦᠨ ᠲᠠᠨᠢᠬᠤ      ︽ᠠᠵᠤ ᠠᠬᠤᠶᠢᠯᠠᠯ ᠤᠨ ᠨᠢᠭᠡ ᠢᠵᠢ ᠬᠦᠰᠦᠨᠦᠭ︾᠎ ᠢᠶᠠᠷ ᠦᠭᠡᠷᠡᠴᠢᠯᠡᠯᠲᠡ ᠶᠢ ᠪᠦᠷᠢᠳᠬᠡᠬᠦ ᠪᠤᠯ ᠲᠠᠷᠬᠠᠢ ᠪᠤᠲᠠᠷᠬᠠᠢ ᠬᠡᠷᠡᠭᠵᠢᠬᠦᠯᠦᠭᠰᠡᠨ ᠡᠯ᠎ᠡ ᠲᠦᠷᠦᠯ ᠤᠨ ᠠᠵᠤ ᠠᠬᠤᠶᠢᠯᠠᠯ ᠤᠨ ᠪᠦᠷᠢᠳᠭᠡᠨ ᠪᠠᠶᠢᠴᠠᠭᠠᠯᠲᠠ ᠶᠢ ᠨᠢᠬᠡᠳᠬᠡᠵᠦ ᠂ ᠪᠦᠷᠢᠳᠭᠡᠯ ᠤᠨ ᠮᠡᠳᠡᠬᠦᠯᠬᠦ ᠬᠦᠰᠦᠨᠦᠭᠲᠦ ᠶᠢ ᠨᠢᠭᠡᠳᠦᠯᠲᠠᠢ ᠲᠦᠯᠦᠪᠯᠡᠵᠦ᠂ ᠪᠠᠶᠢᠴᠠᠭᠠᠬᠤ ᠨᠢᠭᠡᠴᠡ ᠶᠢ ᠨᠢᠭᠡᠳᠦᠯᠲᠠᠢ ᠲᠤᠭᠲᠠᠭᠠᠵᠤ᠂ ᠠᠵᠤ ᠠᠬᠤᠶᠢᠯᠠᠯ ᠤᠨ ᠲᠤᠭ᠎ᠠ ᠪᠠᠷᠢᠮᠲᠠ ᠶᠢ ᠰᠦᠯᠵᠢᠶᠡᠨ ᠲᠡᠭᠡᠷ᠎ᠠ ᠨᠢᠭᠡᠳᠦᠯᠲᠠᠢ ᠴᠤᠭᠯᠠᠭᠤᠯᠵᠤ᠂  ᠨᠢᠭᠡᠳᠦᠯᠲᠠᠢ ᠰᠤᠹᠲ ᠶᠢᠨ ᠰᠢᠰᠲ᠋ᠧᠮ ᠢᠶᠠᠷ ᠲᠤᠭ᠎ᠠ ᠪᠠᠷᠢᠮᠲᠠ ᠶᠢ ᠰᠢᠢᠳᠪᠦᠷᠢᠯᠡᠨ᠎ᠡ᠂ ᠪᠠᠶᠢᠴᠠᠭᠠᠬᠤ ᠨᠢᠭᠡᠴᠡ ᠠᠴᠠ ᠰᠦᠯᠵᠢᠶ᠎ᠡ ᠪᠠᠷ ᠲᠠᠮᠵᠢᠭᠤᠯᠤᠨ ᠰᠢᠭᠤᠳ ᠤᠯᠤᠰ ᠤᠨ ᠪᠦᠷᠢᠳᠭᠡᠯ ᠤᠨ ᠲᠠᠪᠴᠠᠩ ᠳᠤ ᠡᠯᠧᠺᠲᠷᠣᠨ ᠬᠡᠯᠪᠡᠷᠢ ᠶᠢᠨ ᠬᠦᠰᠦᠨᠦᠭ ᠢᠶᠠᠷ ᠮᠡᠳᠡᠭᠦᠯᠦᠨ᠎ᠡ᠂ ᠡᠯ᠎ᠡ ᠱᠠᠲᠤᠨ ᠤ ᠪᠦᠷᠢᠳᠭᠡᠯ ᠤᠨ ᠨᠢᠭᠡᠴᠡ‌ᠨᠧᠲ ᠢᠶᠠᠷ ᠬᠢᠨᠠᠨ ᠰᠢᠯᠭᠠᠷᠠᠭᠤᠯᠬᠤ ᠶᠢᠨ ᠬᠠᠮᠲᠤ ᠪᠦᠷᠢᠳᠭᠡᠯ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠨ᠎ᠠ᠃ ᠤᠯᠤᠰ ᠠᠴᠠ ᠲᠠᠮ ᠢᠶᠠᠷ ᠴᠤᠭᠯᠠᠭᠤᠯᠵᠤ᠂ ᠡᠯ᠎ᠡ ᠱᠠᠲᠤᠨ ᠤ ᠪᠦᠷᠢᠳᠬᠡᠯ ᠤᠨ ᠪᠠᠶᠢᠭᠤᠯᠤᠮᠵᠢ ᠠᠴᠠ ᠤᠤᠯ ᠲᠤᠭ᠎ᠠ ᠪᠠᠷᠢᠮᠲᠠ ᠶᠢ ᠱᠠᠲᠤ ᠱᠠᠲᠤ ᠪᠠᠷ ᠲᠡᠭᠡᠭᠰᠢ ᠪᠠᠨ ᠮᠡᠳᠡᠭᠦᠯᠵᠦ᠂ ᠡᠯ᠎ᠡ ᠱᠠᠲᠤᠨ ᠤ ᠪᠦᠷᠢᠳᠬᠡᠯ ᠤᠨ ᠪᠠᠶᠢᠭᠤᠯᠤᠮᠵᠢ ᠨᠧᠲ ᠢᠶᠠᠷ ᠴᠤᠭ ᠲᠠᠭᠠᠨ ᠬᠠᠮᠲᠤ ᠡᠳ᠋ᠯᠡᠵᠦ᠂ ᠲᠤᠰᠬᠠᠢ ᠬᠤᠪᠢᠶᠠᠷᠢᠯᠠᠨ ᠪᠦᠷᠢᠳᠭᠡᠬᠦ ᠠᠴᠠ ᠲᠤᠰᠬᠠᠢ ᠮᠡᠷᠭᠡᠵᠢᠯ ᠤᠨ ᠬᠤᠭᠤᠷᠤᠨᠳᠦᠬᠢ ᠲᠡᠭᠡᠲᠦ ᠬᠡᠮᠵᠢᠶᠡᠨ ᠤ ᠨᠡᠶᠢᠯᠡᠯᠲᠡ ᠪᠤᠯᠭᠠᠨ ᠬᠤᠪᠢᠷᠠᠭᠤᠯᠤᠨ᠎ᠠ᠃ ᠪᠦᠷᠢᠳᠬᠡᠬᠦ ᠶᠠᠪᠤᠴᠠ ᠳᠤ ᠡᠵᠡᠮᠰᠢᠬᠦ ᠳᠤ ᠬᠦᠴᠢᠷᠲᠠᠢ ᠪᠠᠶᠢᠳᠠᠯ ᠢ ᠪᠦᠷᠢᠳᠭᠡᠬᠦ ᠶᠠᠪᠤᠴᠠ ᠶᠢᠨ ᠲᠡᠭᠡᠲᠦ ᠬᠡᠮᠵᠢᠶᠠᠨ ᠤ ᠡᠵᠡᠮᠰᠢᠵᠦ ᠪᠤᠯᠬᠤ ᠲᠡᠰᠢ ᠬᠤᠪᠢᠷᠠᠭᠤᠯᠤᠨ᠎ᠠ᠃      ︽ᠠᠵᠤ ᠠᠬᠤᠶᠢᠯᠠᠯ ᠤᠨ ᠨᠢᠭᠡ ᠢᠵᠢ ᠬᠦᠰᠦᠨᠦᠭ︾᠎ ᠢᠶᠠᠷ ᠦᠭᠡᠷᠡᠴᠢᠯᠡᠯᠲᠡ ᠶᠢ ᠪᠦᠷᠢᠳᠬᠡᠬᠦ ᠠᠵᠢᠯ ᠢ ᠬᠡᠷᠡᠭᠵᠢᠭᠦᠯᠬᠦ ᠪᠠᠷ ᠲᠠᠮᠵᠢᠨ ᠪᠦᠷᠢᠳᠭᠡᠨ ᠪᠠᠶᠢᠴᠠᠭᠠᠬᠤ ᠨᠢᠭᠡᠴᠡ ᠠᠴᠠ ᠰᠦᠯᠵᠢᠶ᠎ᠡ ᠪᠠᠷ ᠲᠠᠮᠵᠢᠭᠤᠯᠤᠨ ᠰᠢᠭᠤᠳ ᠤᠯᠤᠰ ᠤᠨ ᠪᠦᠷᠢᠳᠭᠡᠯ ᠲᠤᠭ᠎ᠠ ᠪᠠᠷᠢᠮᠲᠠ ᠰᠡᠶᠢᠳᠪᠦᠷᠢᠯᠡᠬᠦ ᠲᠠᠪᠴᠠᠩ ᠳᠤ ᠡᠬᠡ ᠲᠤᠭ᠎ᠠ ᠪᠠᠷᠢᠮᠲᠠ ᠶᠢ ᠮᠡᠳᠡᠭᠦᠯᠦᠨ᠎ᠡ᠃ ᠡᠯ᠎ᠡ ᠱᠠᠲᠤᠨ ᠤ ᠪᠦᠷᠢᠳᠭᠡᠯ ᠤᠨ ᠨᠢᠭᠡᠴᠡ ᠨᠧᠲ ᠢᠶᠠᠷ ᠬᠢᠨᠠᠬᠠᠤ᠂ ᠪᠠᠶᠢᠴᠠᠭᠠᠬᠤ᠂ ᠲᠤᠭ᠎ᠠ ᠪᠠᠷᠢᠮᠲᠠ ᠶᠢ ᠬᠤᠷᠢᠶᠠᠩᠭᠤᠶᠢᠯᠠᠵᠤ᠂ ᠲᠤᠮᠳᠠᠬᠢ ᠵᠠᠩᠭᠢᠯᠠᠭ᠎ᠠ ᠳᠤ ᠪᠦᠷᠢᠳᠭᠡᠯ ᠤᠨ ᠲᠤᠭ᠎ᠠ ᠪᠠᠷᠢᠮᠲᠠ ᠶᠢ ᠬᠤᠪᠢᠷᠠᠭᠤᠯᠬᠤ ᠪᠠ ᠨᠦᠯᠦᠭᠡᠯᠡᠬᠦ ᠶᠢ ᠦᠭᠡᠶᠢᠰᠬᠡᠵᠦ᠂ ᠡᠯ᠎ᠡ ᠱᠠᠲᠤᠨ ᠤ ᠵᠠᠰᠠᠭ ᠤᠨ ᠤᠷᠳᠤᠨ᠂ ᠡᠯ᠎ᠡ ᠲᠦᠷᠦᠯ ᠤᠨ ᠠᠵᠤ ᠠᠬᠤᠢ ᠶᠢᠨ ᠴᠤᠭᠴᠠ ᠪᠠ ᠨᠡᠶᠢᠬᠡᠮ ᠤᠨ ᠤᠯᠠᠨ ᠨᠡᠶᠢᠲᠡ ᠶᠢᠨ ᠬᠡᠷᠡᠭᠴᠡᠭᠡ ᠶᠢ ᠬᠠᠩᠭᠠᠬᠤ ᠪᠠᠷ ᠪᠠᠷᠠᠬᠤ ᠦᠭᠡᠢ ᠢᠷᠭᠡᠨ ᠤ ᠠᠵᠤ ᠠᠬᠤᠢ ᠶᠢᠨ ᠲᠤᠭᠠᠴᠠᠭ᠎ᠠ ᠬᠢᠬᠦ ᠬᠡᠷᠡᠭᠴᠡᠭᠡ ᠬᠠᠩᠭᠠᠵᠤ᠂ ᠪᠠᠶᠢᠴᠠᠭᠠᠬᠤ ᠨᠢᠭᠡᠴᠡ ᠶᠢᠨ ᠲᠠᠭᠯᠠᠬᠤ ᠳᠤ ᠲᠦᠭᠦᠮ᠂ ᠦᠨᠳᠦᠰᠦᠨ ᠱᠠᠲᠤᠨ ᠤ ᠪᠦᠷᠢᠳᠭᠡᠯ ᠤᠨ ᠪᠠᠶᠢᠭᠤᠯᠤᠮᠵᠢ ᠶᠢᠨ ᠲᠠᠷᠤᠭᠠᠰᠦ ᠶᠢ ᠬᠦᠩᠭᠡᠯᠡᠵᠦ᠂ ᠨᠢᠭᠡᠳᠦᠯᠲᠠᠢ ᠲᠦᠷᠢᠮᠵᠢᠭᠰᠡᠨ ᠪᠦᠷᠢᠳᠬᠡᠯ ᠤᠨ ᠪᠠᠶᠢᠴᠠᠭᠠᠬᠤ ᠲᠦᠷᠢᠮ ᠢ ᠪᠠᠶᠢᠭᠤᠯᠤᠨ᠎ᠠ᠃      ︽ᠠᠵᠤ ᠠᠬᠤᠶᠢᠯᠠᠯ ᠤᠨ ᠨᠢᠭᠡ ᠢᠵᠢ ᠬᠦᠰᠦᠨᠦᠭ︾᠎ ᠢᠶᠠᠷ ᠦᠭᠡᠷᠡᠴᠢᠯᠡᠯᠲᠡ ᠶᠢ ᠪᠦᠷᠢᠳᠬᠡᠬᠦ ᠪᠤᠯ ᠬᠠᠷᠢᠴᠠᠩᠭᠤᠢ ᠬᠤᠴᠤᠷᠤᠩᠭᠤᠢ ᠮᠦᠷᠳᠡᠭᠡᠨ ᠪᠦᠷᠢᠳᠭᠡᠯ ᠤᠨ ᠰᠢᠨᠵᠢᠯᠡᠬᠦ ᠤᠬᠠᠭᠠᠨᠴᠢ ᠬᠦᠭᠵᠢᠯᠲᠡ ᠶᠢ ᠬᠠᠷᠰᠢᠯᠡᠵᠤ ᠪᠠᠶᠢᠭ᠎ᠠ ᠤᠯᠠᠮᠵᠢᠯᠠᠯᠲᠤ ᠦᠢᠯᠡᠳᠪᠦᠷᠢᠯᠡᠯ ᠤᠨ ᠬᠡᠯᠪᠡᠷᠢ᠂ ᠬᠠᠮᠢᠶᠠᠷᠤᠯᠲᠠ ᠶᠢᠨ ᠴᠤᠭᠴᠠᠮᠵᠢ ᠪᠠ ᠠᠵᠢᠯ ᠤᠨ ᠪᠠᠶᠢᠭᠤᠯᠤᠮᠵᠢ ᠳᠤ ᠠᠪᠤᠭᠰᠠᠨ ᠴᠢᠬᠤᠯᠠ ᠶᠡᠭᠡ ᠦᠭᠡᠷᠡᠴᠢᠯᠡᠯᠲᠡ ᠪᠤᠯᠤᠨ᠎ᠠ᠃ ᠪᠦᠷᠢᠳᠭᠡᠯ ᠤᠨ ᠴᠢᠳᠠᠪᠤᠷᠢ ᠶᠢ ᠪᠦᠬᠦ ᠲᠠᠯ᠎ᠠ ᠪᠠᠷ ᠲᠡᠭᠡᠭᠰᠢᠯᠡᠬᠦᠯᠬᠦ ᠳᠤ ᠲᠤᠩ ᠶᠡᠭᠡ ᠦᠢᠯᠡᠳᠦᠯ ᠲᠠᠢ᠂ ᠡᠯ᠎ᠡ ᠪᠠᠯᠭᠠᠰᠤ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠠᠴᠠ ︽ᠠᠵᠤ ᠠᠬᠤᠶᠢᠯᠠᠯ ᠤᠨ ᠨᠢᠭᠡ ᠢᠵᠢ ᠬᠦᠰᠦᠨᠦᠭ︾᠎ ᠢᠶᠠᠷ ᠦᠭᠡᠷᠡᠴᠢᠯᠡᠯᠲᠡ ᠶᠢ ᠪᠦᠷᠢᠳᠬᠡᠬᠦ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠦ᠂ ᠲᠠᠨᠢᠯᠲᠠ ᠪᠠᠨ ᠲᠡᠭᠡᠭᠰᠢᠯᠡᠭᠦᠯᠦᠨ᠂ ᠬᠢᠨᠠᠮᠠᠭᠠᠢ ᠬᠡᠷᠡᠭᠵᠢᠬᠦᠯᠦᠨ᠂ ᠲᠡᠭᠡᠳᠦ ᠪᠠᠷᠢᠮᠵᠢᠶ᠎ᠡ ᠴᠢᠨᠠᠷᠵᠢᠭᠤᠨ ᠢᠶᠠᠷ ᠦᠭᠡᠷᠡᠴᠢᠯᠡᠯᠲᠡ ᠶᠢᠨ ᠡᠭᠦᠷᠭᠡ ᠪᠠᠨ ᠪᠡᠶᠡᠯᠡᠭᠦᠯᠦᠨ᠎ᠡ᠃      ᠬᠤᠶᠠᠷ᠂ ᠬᠡᠷᠡᠭᠵᠢᠬᠦᠯᠬᠦ ᠱᠠᠲᠤ ᠪᠠ ᠭᠤᠤᠯ ᠡᠭᠦᠷᠭᠡ      ᠪᠦᠬᠦ ᠬᠤᠲᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠢ ᠦᠨᠳᠦᠰᠦᠯᠡᠨ᠂ ᠮᠠᠨ ᠤ ᠬᠤᠰᠢᠭᠤ ︽ᠠᠵᠤ ᠠᠬᠤᠶᠢᠯᠠᠯ ᠤᠨ ᠨᠢᠭᠡ ᠢᠵᠢ ᠬᠦᠰᠦᠨᠦᠭ︾᠎ ᠢᠶᠠᠷ ᠦᠭᠡᠷᠡᠴᠢᠯᠡᠯᠲᠡ ᠶᠢ ᠪᠦᠷᠢᠳᠬᠡᠬᠦ ᠠᠵᠢᠯ ᠢ 2011 ᠤᠨ ᠤ ᠵᠢᠯ ᠤᠨ ᠮᠡᠳᠡᠭᠦᠯᠦᠯᠲᠡ ᠪᠠ 2012 ᠤᠨ ᠤ ᠮᠡᠳᠡᠬᠦᠯᠦᠯᠲᠡ ᠲᠤᠭᠲᠠᠭᠠᠬᠤ ᠠᠴᠠ ᠡᠬᠢᠯᠡᠨ᠂ ᠪᠦᠬᠦ ᠬᠤᠰᠢᠭᠤᠨ ᠤ ᠬᠦᠷᠢᠶ᠎ᠡ ᠬᠡᠪᠴᠢᠶᠡᠨ ᠳᠠᠬᠢ ᠪᠦᠬᠦᠲᠡ ︽ᠭᠤᠷᠪᠠᠨ ᠲᠡᠭᠡᠭᠰᠢ︾ ᠠᠵᠤ ᠠᠬᠤᠢ ᠳᠤ ᠨᠢᠭᠡ ᠢᠵᠢ ᠬᠦᠰᠦᠨᠦᠭ ᠤᠨ ᠲᠦᠷᠢᠮ ᠬᠡᠷᠡᠭᠵᠢᠭᠦᠯᠦᠨ᠎ᠡ᠃ 2013 ᠤᠨ ᠠᠴᠠ 2015 ᠤᠨ ᠤ ᠬᠤᠭᠤᠷᠤᠨᠳᠦ ︽ᠨᠢᠭᠡ ᠢᠵᠢ ᠬᠦᠰᠦᠨᠦᠭ︾ ᠬᠡᠷᠡᠭᠵᠢᠬᠦᠯᠬᠦ ᠬᠦᠷᠢᠶ᠎ᠡ ᠬᠡᠪᠴᠢᠶ᠎ᠡ ᠶᠢ ︽ᠭᠤᠷᠪᠠᠨ ᠲᠡᠭᠡᠭᠰᠢ︾ ᠠᠵᠤ ᠠᠬᠤᠢ ᠠᠴᠠ ᠠᠵᠤ ᠦᠢᠯᠡᠳᠪᠦᠷᠢ᠂ ᠪᠠᠷᠢᠯᠭ᠎ᠠ ᠶᠢᠨ ᠦᠢᠯᠡᠰ ᠲᠤ ᠦᠷᠭᠡᠳᠬᠡᠨ᠂ ᠪᠦᠷᠢᠳᠭᠡᠯ ᠤᠨ ᠠᠵᠢᠯ ᠤᠨ ᠲᠤᠬᠠᠶᠢᠯᠠᠭᠰᠠᠨ ᠠᠵᠢᠯ ᠤᠨ ᠪᠠᠶᠢᠴᠠᠭᠠᠯᠲᠠ ᠶᠢᠨ ᠨᠢᠭᠡ ᠴᠤᠭᠴᠠᠵᠢᠯᠲᠠ ᠶᠢ ᠪᠡᠶᠡᠯᠡᠭᠦᠯᠦᠨ᠎ᠡ᠃     ᠭᠤᠷᠪᠠ᠃ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠠᠵᠤ ᠠᠬᠤᠢ ᠶᠢᠨ ᠨᠢᠭᠡ ᠢᠵᠢ ᠬᠦᠰᠦᠨᠦᠭ ᠤᠨ ᠠᠵᠢᠯ ᠤᠨ ᠤᠷᠤᠭᠰᠢᠲᠠᠢ ᠬᠡᠷᠡᠭᠵᠢᠭᠦᠯᠦᠭᠳᠡᠬᠦ ᠶᠢ ᠪᠠᠳᠤᠯᠠᠬᠤ      ︵ᠨᠢᠭᠡ︶ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠭᠠᠳᠬᠠᠬᠤ᠃ ︽ᠠᠵᠤ ᠠᠬᠤᠶᠢᠯᠠᠯ ᠤᠨ ᠨᠢᠭᠡ ᠢᠵᠢ ᠬᠦᠰᠦᠨᠦᠭ︾᠎ ᠢᠶᠠᠷ ᠦᠭᠡᠷᠡᠴᠢᠯᠡᠯᠲᠡ ᠶᠢ ᠪᠦᠷᠢᠳᠬᠡᠬᠦ ᠠᠵᠢᠯ ᠤᠨ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠦᠨᠡᠨᠬᠦ ᠴᠢᠩᠭᠠᠳᠬᠠᠵᠤ᠂ ᠬᠤᠰᠢᠭᠤ ᠵᠠᠰᠠᠭ ᠤᠨ ᠤᠷᠳᠤᠨ ᠠᠴᠠ ᠪᠦᠬᠦ ᠬᠤᠰᠢᠭᠤᠨ ᠤ ︽ᠠᠵᠤ ᠠᠬᠤᠶᠢᠯᠠᠯ ᠤᠨ ᠨᠢᠭᠡ ᠢᠵᠢ ᠬᠦᠰᠦᠨᠦᠭ︾᠎ ᠢᠶᠠᠷ ᠦᠭᠡᠷᠡᠴᠢᠯᠡᠯᠲᠡ ᠎ ᠶᠢ ᠪᠦᠷᠢᠳᠬᠡᠬᠦ ᠠᠵᠢᠯ ᠤᠨ ᠤᠳᠤᠷᠢᠳᠬᠤ ᠲᠤᠭᠤᠶᠢᠯᠠᠩ ᠪᠠᠶᠢᠭᠤᠯᠵᠤ᠂ ︽ᠠᠵᠤ ᠠᠬᠤᠶᠢᠯᠠᠯ ᠤᠨ ᠨᠢᠭᠡ ᠢᠵᠢ ᠬᠦᠰᠦᠨᠦᠭ︾᠎ ᠢᠶᠠᠷ ᠦᠭᠡᠷᠡᠴᠢᠯᠡᠯᠲᠡ ᠶᠢ ᠪᠦᠷᠢᠳᠬᠡᠬᠦ ᠠᠵᠢᠯ ᠤᠨ ᠤᠳᠤᠷᠢᠳᠬᠤ ᠪᠠ ᠬᠢᠨᠠᠨ ᠪᠠᠶᠢᠴᠠᠭᠠᠬᠤ ᠠᠵᠢᠯ ᠢ ᠴᠢᠩᠭᠠᠳᠬᠠᠨ᠂ ᠡᠯ᠎ᠡ ᠪᠠᠯᠭᠠᠰᠤ ᠶᠢᠨ ᠬᠤᠯᠪᠤᠭᠳᠠᠯ ᠪᠦᠬᠦᠢ ᠪᠠᠶᠢᠭᠤᠯᠭ᠎ᠠ ᠬᠠᠷᠭᠠᠯᠵᠠᠭᠰᠠᠨ ᠪᠠᠶᠢᠭᠤᠯᠤᠮᠵᠢ ᠪᠠᠶᠢᠭᠤᠯᠤᠨ᠂ ᠲᠤᠰ ᠠᠵᠢᠯ ᠢ ᠨᠠᠶᠢᠳᠠᠪᠤᠷᠢᠵᠢᠭᠤᠯᠤᠨ᠎ᠠ᠃     ︵ᠬᠤᠶᠠᠷ︶ ᠨᠠᠷᠢᠨ ᠬᠢᠨᠠᠭᠠᠮᠠᠢ ᠨᠠᠶᠢᠳᠠᠪᠤᠷᠢᠵᠢᠭᠤᠯᠬᠤ᠃ ᠡᠯ᠎ᠡ ᠪᠠᠯᠭᠠᠰᠤᠨ ᠤ ᠵᠠᠰᠠᠭ ᠤᠨ ᠤᠷᠳᠤᠨ᠂ ᠡᠯ᠎ᠡ ᠬᠤᠯᠪᠤᠭᠳᠠᠯ ᠪᠦᠬᠦᠢ ᠪᠠᠶᠢᠭᠤᠯᠭ᠎ᠠ ᠠᠴᠠ ︽ᠠᠵᠤ ᠠᠬᠤᠶᠢᠯᠠᠯ ᠤᠨ ᠨᠢᠭᠡ ᠢᠵᠢ ᠬᠦᠰᠦᠨᠦᠭ︾᠎ ᠢᠶᠠᠷ ᠦᠭᠡᠷᠡᠴᠢᠯᠡᠯᠲᠡ ᠶᠢ ᠪᠦᠷᠢᠳᠬᠡᠬᠦ ᠠᠵᠢᠯ ᠢ ᠡᠳᠦᠷ ᠲᠤᠳᠤᠮ ᠤᠨ ᠴᠢᠬᠤᠯᠠ ᠵᠦᠪᠯᠡᠯᠭᠡ ᠳᠤ ᠤᠷᠤᠭᠤᠯᠤᠨ᠂ ᠠᠵᠢᠯᠲᠠᠨ᠂ ᠰᠦᠢᠳᠭᠡᠯ ᠤᠨ ᠪᠠᠲᠤᠯᠠᠭ᠎ᠠ ᠶᠢᠨ ᠪᠠᠶᠢᠭᠤᠯᠤᠮᠵᠢ ᠪᠠᠶᠢᠭᠤᠯᠤᠨ᠎ᠠ᠃ ᠤᠷᠤᠭᠤᠯᠤᠯᠲᠠ ᠪᠠᠨ ᠴᠢᠩᠭᠠᠳᠬᠠᠨ ᠂ ᠣᠯᠣᠰ ᠤᠨ︽ᠠᠵᠤ ᠠᠬᠤᠶᠢᠯᠠᠯ ᠤᠨ ᠨᠢᠭᠡ ᠢᠵᠢ ᠬᠦᠰᠦᠨᠦᠭ︾᠎ ᠤᠨ ᠲᠤᠭ᠎ᠠ ᠪᠠᠷᠢᠮᠲᠠ ᠶᠢᠨ ᠴᠤᠭᠯᠠᠭᠤᠯᠬᠤ ᠰᠢᠰᠲ᠋ᠧᠮ ᠤᠨ ᠱᠠᠭᠠᠷᠳᠠᠯᠭ᠎ᠠ ᠶᠤᠰᠤᠭᠠᠷ᠂ ᠪᠦᠲᠦᠴᠡ ᠨᠢ ᠵᠤᠬᠢᠴᠠᠮᠵᠢ ᠲᠠᠢ᠂ ᠬᠠᠮᠤᠷᠠᠬᠤ ᠬᠡᠪᠴᠢᠶ᠎ᠡ ᠪᠠᠷ ᠦᠷᠭᠡᠨ᠂ ᠠᠮᠤᠷ ᠲᠦᠪᠰᠢᠨ ᠮᠦᠷᠳᠡᠭᠡᠨ ᠬᠡᠷᠡᠭᠴᠡᠭᠡ ᠪᠠᠷ ᠪᠦᠷᠢᠨ ᠪᠦᠷᠢᠳᠬᠡᠯ ᠤᠨ ᠰᠤᠷᠠᠭ ᠵᠠᠩᠬᠢ ᠰᠦᠯᠵᠢᠶᠡᠨ ᠤ ᠰᠢᠰᠲ᠋ᠧᠮ ᠢ ᠪᠠᠶᠢᠭᠤᠯᠤᠨ᠎ᠠ᠃ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠶᠢᠨ ᠬᠠᠷᠢᠭᠤᠴᠠᠯᠭ᠎ᠠ ᠶᠢ ᠲᠤᠳᠤᠷᠬᠠᠶᠢᠯᠠᠨ᠎ᠠ᠃ ᠪᠦᠷᠢᠳᠭᠡᠯ ᠤᠨ ᠪᠠᠶᠢᠭᠤᠯᠭ᠎ᠠ ᠨᠢᠭᠡᠴᠡ ᠨᠢ ︽ᠠᠵᠤ ᠠᠬᠤᠶᠢᠯᠠᠯ ᠤᠨ ᠨᠢᠭᠡ ᠢᠵᠢ ᠬᠦᠰᠦᠨᠦᠭ︾᠎ ᠢᠶᠠᠷ ᠦᠭᠡᠷᠡᠴᠢᠯᠡᠯᠲᠡ ᠶᠢ ᠪᠦᠷᠢᠳᠬᠡᠬᠦ ᠠᠵᠢᠯ ᠤᠨ ᠬᠤᠰᠢᠭᠤᠴᠢ ᠪᠠᠶᠢᠭᠤᠯᠭ᠎ᠠ ᠪᠤᠯᠤᠭᠰᠠᠨ ᠤ ᠬᠤᠪᠢ ᠳᠤ᠂ ᠲᠦᠰᠦᠪ ᠲᠤᠭᠲᠠᠭᠠᠬᠤ᠂ ᠰᠤᠹᠲ ᠎ ᠶᠢᠨ ᠨᠡᠭᠡᠭᠡᠯᠲᠡ᠂ ᠲᠠᠪᠴᠠᠩ ᠤᠨ ᠪᠠᠶᠢᠭᠤᠯᠤᠯᠲᠠ᠂ ᠠᠵᠤ ᠠᠬᠤᠶᠢᠯᠠᠯ ᠤᠨ ᠪᠤᠯᠪᠠᠰᠤᠷᠠᠯ᠂ ᠲᠤᠭ᠎ᠠ ᠪᠠᠷᠢᠮᠲᠠ ᠴᠤᠭᠯᠠᠭᠤᠯᠬᠤ ᠵᠡᠷᠭᠡ ᠠᠵᠢᠯ ᠢ ᠬᠠᠷᠢᠭᠤᠴᠠᠨ᠎ᠠ︔ ᠤᠷᠤᠨ ᠲᠤᠭ᠎ᠠ᠂ ᠠᠷᠠᠳ ᠤᠨ ᠶᠠᠪᠤᠳᠠᠯ᠂ ᠭᠠᠶᠢᠯᠢ ᠶᠢᠨ ᠶᠠᠪᠤᠳᠠᠯ ᠂ ᠦᠢᠯᠡᠳᠪᠦᠷᠢ ᠬᠤᠳᠠᠯᠳᠤᠭ᠎ᠠ ᠵᠡᠷᠭᠡ ᠪᠠᠶᠢᠭᠤᠯᠭ᠎ᠠ ᠨᠢᠭᠡᠴᠡ ᠠᠴᠠ ᠪᠦᠷᠢᠳᠭᠡᠯ ᠤᠨ ᠪᠠᠶᠢᠭᠤᠯᠭ᠎ᠠ ᠳᠤ ᠲᠤᠰ ᠪᠠᠶᠢᠭᠤᠯᠭ᠎ᠠ ᠶᠢᠨ ᠢᠶᠠᠨ ᠵᠠᠰᠠᠭ ᠵᠠᠬᠢᠷᠭᠠᠨ ᠤ ᠪᠠᠨ ᠲᠡᠮᠳᠡᠭᠯᠡᠯ ᠢᠶᠠᠨ ᠢᠳᠡᠪᠬᠢᠲᠠᠢ ᠬᠠᠩᠭᠠᠬᠤ ᠪᠠᠷ ᠪᠠᠷᠠᠬᠤ ᠦᠭᠡᠢ ᠪᠦᠷᠢᠳᠭᠡᠯ ᠤᠨ ᠨᠢᠭᠡᠴᠡ ᠶᠢ ᠬᠠᠪᠰᠤᠷᠠᠨ ᠲᠤᠭᠲᠠᠭᠰᠠᠨ ᠬᠤᠭᠤᠴᠠᠭᠠᠨ ᠳᠤ ᠲᠡᠮᠳᠡᠭᠯᠡᠯ ᠤᠨ ᠬᠦᠮᠦᠷᠭᠡ᠂ ᠬᠠᠮᠠᠭᠠᠯᠠᠬᠤ ᠪᠠ ᠨᠤᠲᠠᠯᠠᠬᠤ ᠠᠵᠢᠯ ᠤᠨ ᠪᠠᠶᠢᠴᠠᠭᠠᠯᠲᠠ ᠶᠢ ᠰᠠᠶᠢᠳᠤᠷ ᠬᠢᠨ᠎ᠡ᠃     ︵ᠭᠤᠷᠪᠠ︶ ᠦᠨᠳᠦᠰᠦᠨ ᠠᠵᠢᠯ ᠢ ᠰᠠᠶᠢᠳᠤᠷ ᠬᠢᠬᠦ᠃ ᠡᠯ᠎ᠡ ᠪᠠᠯᠭᠠᠰᠤ᠂ ᠡᠯ᠎ᠡ ᠬᠤᠯᠪᠤᠭᠳᠠᠯ ᠪᠦᠬᠦᠢ ᠪᠠᠶᠢᠭᠤᠯᠭ᠎ᠠ ᠠᠴᠠ ᠪᠠᠶᠢᠴᠠᠭᠠᠬᠤ ᠪᠠᠶᠢᠭᠤᠯᠭ᠎ᠠ ᠶᠢ ᠰᠢᠪᠠᠲᠠᠨ︽ᠠᠵᠤ ᠠᠬᠤᠶᠢᠯᠠᠯ ᠤᠨ ᠨᠢᠭᠡ ᠢᠵᠢ ᠬᠦᠰᠦᠨᠦᠭ︾᠎ ᠤᠨ ᠱᠠᠭᠠᠷᠳᠠᠯᠭ᠎ᠠ ᠶᠤᠰᠤᠭᠠᠷ᠂ ᠲᠤᠰ ᠪᠠᠶᠢᠭᠤᠯᠭ᠎ᠠ ᠶᠢᠨ ᠢᠶᠠᠨ ᠪᠦᠷᠢᠳᠭᠡᠯ ᠤᠨ ᠦᠨᠳᠦᠰᠦᠨ ᠠᠵᠢᠯ ᠢ ᠰᠠᠶᠢᠳᠦᠷ ᠬᠢᠵᠦ᠂ ᠪᠦᠷᠢᠳᠭᠡᠯ ᠤᠨ ᠬᠠᠷᠢᠭᠤᠴᠠᠯᠭᠠᠲᠠᠨ ᠢ ᠲᠤᠳᠤᠷᠬᠠᠶᠢᠯᠠᠨ᠂ ᠲᠤᠰᠬᠠᠢ ᠪᠦᠷᠢᠳᠭᠡᠯ ᠤᠨ ᠠᠵᠢᠯᠲᠠᠨ ᠰᠤᠩᠭᠤᠨ᠂ ᠪᠦᠷᠢᠳᠭᠡᠯ ᠤᠨ ᠲᠠᠩᠰᠠ ᠲᠡᠮᠳᠡᠭᠯᠡᠯ ᠢᠶᠠᠨ ᠪᠦᠷᠢᠨᠰᠢᠭᠦᠯᠦᠨ᠎ᠡ᠃ ᠡᠭᠦᠨ ᠤ ᠬᠠᠮᠲᠤ᠂ ᠲᠡᠭᠡᠷ᠎ᠡ ᠱᠠᠲᠤᠨ ᠤ ᠪᠦᠷᠢᠳᠭᠡᠯ ᠤᠨ ᠪᠠᠶᠢᠭᠤᠯᠭ᠎ᠠ ᠶᠢᠨ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠪᠠ ᠬᠢᠨᠠᠨ ᠪᠠᠶᠢᠴᠠᠭᠠᠯᠲᠠ ᠶᠢ ᠰᠠᠨᠠᠭᠠᠴᠢᠯᠭ᠎ᠠ ᠲᠠᠢ ᠪᠠᠷ ᠬᠦᠯᠢᠶᠡᠨ᠂ ᠪᠦᠷᠢᠳᠭᠡᠯ ᠤᠨ ᠬᠠᠤᠯᠢ ᠲᠦᠷᠢᠮ ᠪᠠ ᠤᠯᠤᠰ ᠤᠨ ᠪᠦᠷᠢᠳᠬᠡᠯ ᠤᠨ ᠲᠦᠷᠢᠮ ᠢ ᠨᠠᠷᠢᠨ ᠬᠢᠨᠠᠮᠠᠭᠠᠢ ᠬᠡᠷᠡᠭᠵᠢᠭᠦᠯᠵᠦ᠂ ᠪᠦᠷᠢᠳᠭᠡᠯ ᠤᠨ ᠲᠤᠭ᠎ᠠ ᠪᠠᠷᠢᠮᠲᠠ ᠶᠢᠨ ᠪᠤᠰᠤᠳᠴᠢ ᠦᠨᠡᠨ ᠮᠠᠭᠠᠳ ᠴᠢᠨᠠᠷ ᠢ ᠪᠠᠲᠤᠯᠠᠨ᠎ᠠ᠃                                              2012 ᠤᠨ ᠤ 1 ᠰᠠᠷ᠎ᠠ ᠶᠢᠨ 9᠎ ᠤ ᠡᠳᠤᠷ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号