2012 ᠣᠨ ᠤ ᠪᠥᠬᠦ ᠬᠤᠰᠢᠭᠤᠨ ᠤ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠠᠵᠢᠯ ᠤᠨ ᠬᠤᠷᠠᠯ ᠢ ᠬᠤᠷᠠᠯᠳᠣᠭᠤᠯᠬᠤ ᠲᠣᠬᠠᠢ ᠡᠵᠡᠨ ᠬᠤᠷᠤᠭ᠎ᠠ‌ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2012-02-22
                     ᠡᠵᠡᠨ ᠵᠠᠰᠠᠭ ᠠᠯᠪᠠᠨ ᠲᠠᠷᠬᠠᠭᠠᠬᠤ ﹇2012﹈ 15 ᠳ᠋ᠣᠭᠠᠷ ᠳᠣᠭᠠᠲᠣ ᠡᠯ᠎ᠡ ᠪᠠᠯᠭᠠᠰᠣᠨ ᠤ ᠵᠠᠰᠠᠭ ᠤᠨ ᠣᠷᠳᠣᠨ᠂ ᠬᠤᠰᠢᠭᠤ ᠵᠠᠰᠠᠭ ᠤᠨ ᠣᠷᠳᠣᠨ ᠤ ᠡᠯ᠎ᠡ ᠪᠠᠶᠢᠭᠤᠯᠭ᠎ᠠ᠂ ᠬᠠᠮᠢᠶ᠎ᠠ ᠪᠥᠬᠦᠢ ᠪᠠᠶᠢᠭᠤᠯᠭ᠎ᠠ ᠨᠢᠭᠡᠴᠢ᠄      ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ 2012 ᠣᠨ ᠤ ᠪᠥᠬᠦ ᠬᠤᠰᠢᠭᠤᠨ ᠤ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠠᠵᠢᠯ ᠤᠨ ᠬᠤᠷᠠᠯ ᠢ ᠬᠤᠷᠠᠯᠳᠣᠭᠤᠯᠬᠤ ᠪᠠᠷ ᠲᠣᠭᠳᠠᠪᠡ᠃ ᠬᠠᠮᠢᠶ᠎ᠠ ᠪᠥᠬᠦᠢ ᠲᠣᠭᠳᠠᠭᠠᠯ ᠢ ᠲᠣᠣᠷᠠᠬᠢ ᠮᠡᠳᠣ ᠮᠡᠳᠡᠭᠳᠡᠪᠡ᠄      ᠨᠢᠬᠡ᠂ ᠬᠤᠷᠠᠯ ᠤᠨ ᠬᠤᠭᠤᠴᠠᠭ᠎ᠠ2012 ᠣᠨ ᠤ 2 ᠰᠠᠷ᠎ᠠ ᠶᠢᠨ 23᠎ ᠤ ᠥᠳᠠ ᠶᠢᠨ ᠡᠮᠣᠨ᠎ᠠ ᠶᠢᠨ 8᠄ 30 ᠴᠠᠭ ᠲᠤ ᠨᠡᠷ᠎ᠠ ᠪᠥᠷᠢᠳᠬᠡᠨ 9᠄ 00 ᠴᠠᠭ ᠲᠤ ᠬᠤᠷᠠᠯ ᠡᠬᠢᠯᠡᠨ᠎ᠠ᠂ ᠬᠤᠷᠠᠯ ᠤᠨ ᠬᠤᠭᠤᠴᠠᠭ᠎ᠠ ᠨᠢ ᠬᠠᠭᠠᠰ ᠡᠳᠣᠷ᠃      ᠬᠤᠶᠠᠷ᠂ ᠬᠤᠷᠠᠯ ᠤᠨ ᠭᠠᠵᠠᠷᠥᠢᠯᠡᠰ ᠪᠥᠳᠣᠬᠡᠬᠦ ᠶᠡᠭᠡ ᠠᠰᠠᠷ ᠤᠨ B ᠰᠠᠭᠤᠳᠠᠯ ᠤᠨ ᠭᠤᠷᠪᠠᠳᠣᠭᠠᠷ ᠠᠰᠠᠷ ᠤᠨ ᠬᠤᠷᠠᠯ ᠤᠨ ᠬᠡᠷ      ᠭᠤᠷᠪᠠ᠂ ᠬᠤᠷᠠᠯ ᠤᠨ ᠠᠭᠤᠯᠭ᠎ᠠ      ︵ᠨᠢᠬᠡ︶ 2011 ᠣᠨ ᠤ ᠪᠥᠬᠦ ᠬᠤᠰᠢᠭᠤᠨ ᠤ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠠᠵᠢᠯ ᠎ ᠢ ᠳ᠋ᠥᠡᠭᠨᠡᠵᠣ᠂ 2012 ᠣᠨ ᠤ ᠪᠥᠬᠦ ᠬᠤᠰᠢᠭᠤᠨ ᠤ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠠᠵᠢᠯ ᠢ ᠲᠣᠬᠢᠷᠠᠭᠤᠯᠣᠨ ᠪᠠᠶᠢᠷᠰᠢᠭᠤᠯᠣᠨ᠎ᠠ᠃      ︵ᠬᠤᠶᠠᠷ︶ 2011 ᠣᠨ ᠤ ᠪᠥᠬᠦ ᠬᠤᠰᠢᠭᠤᠨ ᠤ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠠᠵᠢᠯ ᠤᠨ ᠰᠢᠰᠲ᠋ᠧᠮ ᠤᠨ ᠲᠠᠷᠢᠭᠦᠨ ᠤ ᠬᠠᠮᠳᠣ ᠨᠢᠬᠡᠴᠨ ᠬᠢᠬᠡᠳ ᠲᠡᠷᠢᠭᠦᠨ ᠤ ᠬᠤᠪᠢ ᠭᠥᠮᠣᠨ ᠢ ᠰᠠᠶᠢᠰᠢᠶᠠᠨ ᠭᠥᠬᠢᠭᠦᠯᠣᠨ᠎ᠠ᠃      ︵ᠭᠤᠷᠪᠠ︶ ᠡᠯ᠎ᠡ ᠪᠠᠯᠭᠠᠰᠣ ᠲᠠᠢ ︿︿ᠲᠠᠷᠢᠶᠠᠯᠠᠩ ᠳᠤ ᠬᠡᠷᠡᠭᠰᠡᠭᠦ ᠭᠠᠵᠠᠷ ᠤᠨ ᠬᠠᠮᠠᠭᠠᠯᠠᠯᠳᠠ᠂ ᠲᠠᠭᠠᠭᠤᠯᠢ ᠣᠳᠣ ᠪᠠᠷ ᠬᠠᠣᠯᠢ ᠬᠡᠷᠡᠭᠵᠢᠬᠦᠯᠬᠦ ᠬᠠᠷᠠᠯᠳᠠᠲᠤ ᠬᠠᠷᠢᠭᠤᠴᠠᠯᠭ᠎ᠠ ᠶᠢᠨ ᠪᠢᠴᠢᠭ﹀﹀᠎ ᠤᠨ ᠬᠡᠷ᠎ᠡ ᠪᠠᠶᠢᠭᠤᠯᠣᠨ᠎ᠠ᠃     ᠲᠥᠷᠪᠡ᠂ ᠬᠤᠷᠠᠯ ᠳᠤ ᠣᠷᠣᠯᠴᠠᠬᠤ ᠬᠥᠮᠣᠰ      ︵ᠨᠢᠬᠡ︶ ᠬᠤᠰᠢᠭᠤᠨ ᠤ ᠲᠥᠷᠪᠡᠨ ᠶᠡᠭᠡ ᠣᠳᠣᠷᠢᠳᠬᠤ ᠪᠠᠭ ᠤᠨ ᠬᠤᠪᠢᠳᠠᠨ ᠬᠠᠮᠢᠶᠠᠷᠴᠣ ᠪᠥᠬᠦᠢ‌ᠣᠳᠣᠷᠢᠳᠣᠯᠭ᠎ᠠ      ︵ᠬᠤᠶᠠᠷ︶ ᠰᠢᠭᠦᠭᠦ ᠬᠤᠷᠢᠶ᠎ᠠ ᠊ ᠪᠠᠶᠢᠴᠠᠭᠠᠬᠤ ᠬᠤᠷᠢᠶ᠎ᠠ᠂ ᠲᠣᠳᠣᠭᠠᠳᠣ ᠶᠢ ᠬᠠᠮᠠᠭᠠᠯᠠᠬᠤ ᠲᠣᠪᠴᠢᠶ᠎ᠠ ᠶᠢᠨ ᠬᠠᠷᠢᠭᠤᠴᠠᠯᠭᠠᠳᠠᠨ      ︵ᠭᠤᠷᠪᠠ︶ ᠡᠯ᠎ᠡ ᠪᠠᠯᠭᠠᠰᠣᠨ ᠤ ᠪᠠᠯᠭᠠᠰᠣᠨ ᠲᠠᠷᠤᠭ᠎ᠠ ᠵᠢᠴᠢ ᠬᠤᠪᠢᠶᠠᠷᠯᠠᠨ ᠬᠠᠮᠢᠶᠠᠷᠴᠣ ᠪᠥᠬᠦᠢ ᠲᠡᠳ᠋ ᠪᠠᠯᠭᠠᠰᠣᠨ ᠲᠠᠷᠤᠭ᠎ᠠ      ︵ᠲᠥᠷᠪᠡ︶ ᠬᠠᠣᠯᠢ ᠭᠡᠷᠡᠭᠵᠢᠭᠦᠯᠭᠦ ᠠᠯᠪᠠᠨ ᠭᠡᠷ᠂ ᠭᠥᠭᠵᠢᠭᠦᠯᠣᠯᠳᠠ ᠦᠬᠡᠷᠡᠴᠢᠯᠡᠯᠳᠡ ᠶᠢᠨ ᠲᠣᠪᠴᠢᠶ᠎ᠠ᠂ ᠲᠥᠯᠣᠪᠵᠢᠭᠦᠯᠬᠡ ᠶᠢᠨ ᠲᠣᠪᠴᠢᠶ᠎ᠠ᠂ ᠣᠰᠣᠨ ᠠᠰᠢᠭᠯᠠᠯᠳᠠ ᠶᠢᠨ ᠲᠣᠪᠴᠢᠶ᠎ᠠ᠂ ᠣᠰᠣ ᠭᠥᠷᠣᠰᠣᠨ ᠤ ᠴᠢᠨᠠᠷ ᠢ ᠪᠠᠳᠣᠯᠠᠬᠤ ᠲᠣᠪᠴᠢᠶ᠎ᠠ᠂ ᠡᠳ᠋ ᠶᠢᠨ ᠵᠠᠰᠠᠭ ᠤᠨ ᠲᠣᠪᠴᠢᠶ᠎ᠠ᠂ ᠨᠡᠭᠦᠷᠡᠰᠣᠨ ᠲᠣᠪᠴᠢᠶ᠎ᠠ᠂ ᠣᠢ ᠰᠢᠭᠤᠢ ᠶᠢᠨ ᠲᠣᠪᠴᠢᠶ᠎ᠠ᠂ ᠮᠠᠯ ᠠᠵᠣ ᠠᠬᠤᠢ ᠶᠢᠨ ᠲᠣᠪᠴᠢᠶ᠎ᠠ᠂ ᠬᠡᠷ ᠪᠠᠶᠢᠰᠢᠩ ᠪᠡ ᠬᠤᠳᠠ ᠭᠥᠳᠡᠭᠡ ᠶᠢᠨ ᠲᠥᠯᠣᠪᠵᠢᠭᠦᠯᠬᠡ ᠪᠥᠳᠣᠬᠡᠨ ᠪᠠᠶᠢᠭᠤᠯᠣᠯᠳᠠ ᠶᠢᠨ ᠲᠣᠪᠴᠢᠶ᠎ᠠ᠂ ᠬᠡᠷ ᠭᠥᠷᠣᠩᠬᠡ ᠶᠢᠨ ᠥᠢᠯᠡᠰ ᠤᠨ ᠬᠠᠮᠢᠶᠠᠷᠣᠯᠳᠠ ᠶᠢᠨ ᠭᠤᠣᠯ ᠬᠠᠷᠢᠭᠤᠴᠠᠯᠭᠠᠳᠠᠨ᠃      ︵ᠲᠠᠪᠦ︶ ᠬᠤᠰᠢᠭᠤᠨ ᠤ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠰᠢᠰᠲ᠋ᠧᠮ ᠶᠢᠨ ᠪᠥᠬᠦ ᠺᠠᠳ᠋ᠷ ᠠᠵᠢᠯᠳᠠᠳ      ᠬᠤᠷᠠᠯ ᠤᠨ ᠱᠠᠭᠠᠷᠳᠠᠯᠭ᠎ᠠ      ︵ᠨᠢᠬᠡ︶ ᠬᠤᠷᠠᠯ ᠳᠤ ᠣᠷᠣᠯᠴᠠᠬᠤ ᠪᠠᠶᠢᠭᠤᠯᠣᠯᠭ᠎ᠠ ᠬᠤᠷᠠᠯ ᠤᠨ ᠱᠠᠭᠠᠷᠳᠠᠯᠭ᠎ᠠ ᠶᠣᠰᠣᠭᠠᠷ ᠬᠠᠮᠢᠶ᠎ᠠ ᠪᠥᠬᠦᠢ ᠭᠥᠮᠣᠰ ᠢ ᠵᠣᠬᠢᠶᠠᠨ ᠪᠠᠶᠢᠭᠤᠯᠵᠣ᠂ ᠲᠣᠭᠳᠠᠭᠰᠠᠨ ᠴᠠᠭ ᠳᠤᠨᠢ ᠬᠤᠷᠠᠯ ᠳᠤ ᠣᠷᠣᠯᠴᠠᠬᠤ ᠶᠢ ᠪᠠᠳᠣᠯᠠᠨ᠎ᠠ᠃ ᠭᠡᠷᠪᠡ ᠣᠨᠴᠠᠭᠠᠢ ᠶᠠᠪᠥᠳᠠᠯ ᠠᠴᠠ ᠰᠢᠯᠳᠠᠭᠠᠯᠠᠭᠳᠠᠨ ᠬᠤᠷᠠᠯ ᠳᠤ ᠣᠷᠣᠯᠴᠠᠵᠣ ᠲᠡᠶᠢᠯᠬᠦ ᠥᠬᠡᠢ ᠪᠣᠯ ᠡᠷᠬᠡᠪᠰᠢ ᠪᠢᠴᠢᠭ ᠤᠨ ᠬᠡᠯᠪᠡᠷᠢ ᠪᠠᠷ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠴᠢᠯᠣᠬᠡ ᠭᠤᠶᠣᠬᠤ ᠭᠠᠷᠳᠠᠮ ᠬᠦᠢᠴᠡᠳᠬᠡᠨ᠎ᠡ᠃      ︵ᠬᠤᠶᠠᠷ︶ ᠬᠤᠰᠢᠭᠤᠨ ᠤ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠲᠣᠪᠴᠢᠶ᠎ᠠ ᠠᠴᠠ ᠪᠥᠭᠦ ᠬᠤᠰᠢᠭᠤᠨ ᠤ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠠᠵᠢᠯ ᠤᠨ ᠰᠢᠰᠲ᠋ᠧᠮ ᠤᠨ ᠬᠤᠷᠠᠯ ᠳᠤ ᠣᠷᠣᠯᠴᠠᠭᠰᠠᠳ ᠲᠤ ᠮᠡᠳᠡᠭᠳᠠᠨ᠎ᠡ᠃      ︵ᠭᠤᠷᠪᠠ︶ ᠰᠣᠨᠢᠨ ᠮᠡᠳᠡᠭᠡ ᠰᠣᠷᠳᠠᠯᠴᠠᠯᠭ᠎ᠠ ᠶᠢᠨ ᠰᠠᠯᠠᠭ᠎ᠠ ᠮᠥᠴᠢᠷ ᠠᠴᠠ ᠲᠣᠬᠠᠢ ᠶᠢᠨ ᠴᠠᠭ ᠳᠤᠨᠢ ᠬᠤᠷᠠᠯ ᠶᠢ ᠮᠠᠳᠠᠬᠡᠯᠡᠭᠦ ᠠᠵᠢᠯ ᠢ ᠬᠠᠷᠢᠭᠤᠴᠠᠨ᠎ᠠ᠃      ︵ᠲᠥᠷᠪᠡ︶ ᠪᠠᠶᠢᠭᠤᠯᠭ᠎ᠠ ᠶᠢᠨ ᠭᠡᠷᠡᠭ ᠶᠠᠪᠥᠳᠠᠯ ᠤᠨ ᠲᠣᠪᠴᠢᠶ᠎ᠠ ᠠᠴᠠ ᠬᠤᠷᠠᠯ ᠤᠨ ᠲᠠᠯᠠᠪᠡᠢ ᠶᠢ ᠪᠠᠶᠢᠷᠢᠯᠡᠭᠤᠯᠬᠤ ᠵᠢᠴᠢ ᠬᠤᠷᠠᠯ ᠤᠨ ᠲᠠᠯᠠᠪᠡᠢ ᠶᠢᠨ ᠦᠢᠯᠡᠴᠢᠯᠡᠭᠡ ᠶᠢᠨ ᠠᠵᠢᠯ ᠢ ᠬᠠᠷᠢᠭᠤᠴᠠᠨ᠎ᠠ᠃                              2012 ᠣᠨ ᠤ 2 ᠰᠠᠷ᠎ᠠ ᠶᠢᠨ 22᠎ ᠤ ᠡᠳᠣᠷ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号