ᠠᠯᠲᠠᠨᠰᠢᠷᠡᠭᠡ ᠪᠠᠯᠭᠠᠰᠤ
ᠨᠡᠶᠢᠲᠡᠯᠡᠭᠰᠡᠨ ᠴᠠᠭ᠄
2018-04-20
     ᠠᠯᠲᠠᠨᠰᠢᠷᠡᠭᠡ ᠪᠠᠯᠭᠠᠰᠤ ᠪᠤᠯ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠎ ᠤ ᠰᠠᠭᠤᠷᠢᠰᠢᠵᠤ ᠪᠠᠶᠢᠭ᠎ᠠ ᠭᠠᠵᠠᠷ᠂ ᠮᠦᠨᠴᠤ ᠪᠦᠬᠦ ᠬᠤᠰᠢᠭᠤᠨ ᠤ ᠤᠯᠤᠰ ᠲᠦᠷᠦ᠂ ᠠᠵᠤ ᠠᠬᠤᠢ᠂ ᠰᠤᠶᠤᠯ ᠤᠨ ᠲᠦᠪ᠂ ᠤᠷᠳᠤᠰ ᠬᠤᠲᠠ ᠶᠢᠨ ︽ᠨᠢᠬᠡ ᠬᠤᠲᠠ ᠬᠤᠶᠠᠷ ᠲᠤᠭᠤᠷᠢᠭ᠂ ᠬᠤᠶᠠᠷ ᠰᠦᠷᠦᠭᠵᠢᠯ︾᠎ ᠤᠨ ᠬᠤᠲᠠ ᠶᠢᠨ ᠭᠤᠤᠯᠳᠠᠯᠭᠠᠲᠤ ᠪᠦᠷᠢᠯᠳᠦᠬᠦᠨ ᠬᠡᠰᠡᠭ ᠪᠤᠯᠤᠨ ᠡᠵᠡᠨ ᠬᠤᠷᠤᠭ᠎ᠠ ᠬᠤᠰᠢᠭᠤᠨ ᠤ ᠭᠤᠷᠪᠠᠨ ᠬᠤᠲᠠ ᠪᠠᠯᠭᠠᠰᠤᠨ ᠤ ᠪᠦᠲᠦᠴᠡ ᠶᠢᠨ ᠭᠤᠤᠯᠳᠠᠯᠭᠠᠲᠤ ᠲᠤᠭᠤᠷᠢᠭ ᠤᠨ ᠨᠢᠬᠡ᠂ ᠮᠦᠨᠴᠦ ︽ᠪᠦᠬᠦ ᠤᠯᠤᠰ ᠤᠨ ᠡᠷᠡᠬᠦᠯ ᠬᠠᠮᠠᠭᠠᠯᠠᠯ ᠤᠨ ᠬᠤᠲᠠ ᠪᠠᠯᠭᠠᠰᠤ︾᠂ ︽ᠪᠦᠬᠦ ᠤᠯᠤᠰ ᠤᠨ ᠪᠤᠯᠪᠠᠰᠤᠨ ᠬᠤᠲᠠ︾ ᠪᠤᠯᠤᠨ᠎ᠠ᠃    ᠠᠯᠲᠠᠨᠰᠢᠷᠡᠭᠡ ᠪᠠᠯᠭᠠᠰᠤᠨ ᠤ ᠶᠡᠷᠦᠩᠬᠡᠢ ᠲᠠᠯᠠᠪᠠᠢ ᠨᠢ 300 ᠲᠡᠭᠰᠢ ᠳᠦᠷᠪᠡᠯᠵᠢᠨ ᠺᠢᠯᠤᠮᠧᠲᠷ᠂ ᠨᠡᠶᠢᠲᠡ 6.57 ᠲᠦᠮᠡᠨ ᠡᠷᠦᠬᠡ᠂ 19.54 ᠲᠦᠮᠡᠨ ᠬᠦᠮᠦᠨ ᠠᠮᠠ ᠲᠠᠢ᠃ ᠨᠢᠬᠡ ᠬᠡᠰᠡᠭ ᠨᠢ ᠠᠩᠬᠠᠨ ᠤ ᠲᠠᠷᠢᠶᠠᠯᠠᠩ ᠤᠨ ᠤᠷᠤᠨ ᠢᠶᠠᠷ ᠪᠦᠷᠢᠯᠳᠦᠵᠤ᠂ ᠨᠡᠶᠢᠲᠡ 8 ᠳᠤᠰᠬᠤᠨ 46 ᠬᠤᠷᠰᠢᠶ᠎ᠠ ᠲᠠᠢ᠂ ᠶᠡᠷᠦᠩᠬᠡᠢ ᠲᠠᠯᠠᠪᠠᠢ ᠨᠢ 45 ᠲᠦᠮᠡᠨ ᠮᠤ᠋᠂ ᠮᠠᠯᠴᠢᠨ ᠲᠠᠷᠢᠶᠠᠴᠢᠨ ᠨᠡᠶᠢᠲᠡ 3479 ᠡᠷᠦᠬᠡ᠂ 8240 ᠬᠦᠮᠦᠨ ᠲᠠᠢ᠃ ᠤᠳᠤ ᠶᠢᠨ ᠤᠯᠠᠭᠠᠨᠮᠦ᠋ᠷᠡᠨ ᠨᠠᠭᠤᠷ ᠤᠨ ᠡᠮᠦᠨ᠎ᠡ ᠬᠦᠪᠡᠭᠡᠨ ᠤ ᠦᠨᠳᠦᠷ ᠳᠠᠪᠬᠤᠷᠭᠠᠲᠤ ᠠᠰᠠᠷ ᠤᠨ ᠲᠤᠭᠤᠷᠢᠭ ᠵᠢᠴᠢ ᠠᠭᠠᠷ ᠠᠶᠠᠯᠠᠯ ᠤᠨ ᠭᠠᠷᠠᠮ ᠤᠨ ᠡᠳ᠋ ᠪᠠᠷᠠᠭᠠᠨ ᠤ ᠬᠦᠢᠯᠬᠡᠬᠡᠨ ᠤ ᠲᠤᠭᠤᠷᠢᠭ ᠢ ᠪᠦᠷ ᠠᠯᠲᠠᠨᠰᠢᠷᠡᠭᠡ ᠪᠠᠯᠭᠠᠰᠤᠨ ᠤ ᠨᠡᠶᠢᠬᠡᠮ ᠲᠤᠭᠤᠷᠢᠭ ᠎ ᠤᠨ ᠬᠠᠮᠢᠶᠠᠷᠤᠯᠲᠠ ᠳᠤ ᠤᠷᠤᠭᠤᠯᠵᠤ᠂ ᠡᠳᠦᠬᠡ 14 ᠨᠡᠶᠢᠬᠡᠮ ᠲᠤᠭᠤᠷᠢᠭ᠂ ᠨᠡᠶᠢᠲᠡ 6.23 ᠲᠦᠮᠡᠨ ᠡᠷᠦᠬᠡ᠂ 18.72 ᠲᠦᠮᠡᠨ ᠬᠦᠮᠦᠨ ᠠᠮᠠ ᠲᠠᠢ ᠪᠠᠯᠭᠠᠰᠤ ᠪᠤᠯᠤᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号