ᠤᠯᠠᠭᠠᠨᠮᠦ᠋ᠷᠡᠨ  ᠪᠠᠯᠭᠠᠰᠤ
ᠨᠡᠶᠢᠲᠡᠯᠡᠭᠰᠡᠨ ᠴᠠᠭ᠄
2018-04-20
     ᠤᠯᠠᠭᠠᠨᠮᠦ᠋ᠷᠡᠨ ᠪᠠᠯᠭᠠᠰᠤ  ᠪᠤᠯ ᠤᠷᠳᠤᠰ ᠬᠤᠲᠠ ᠶᠢᠨ ᠡᠵᠡᠨ ᠬᠤᠷᠤᠭ᠎ᠠ ᠬᠤᠰᠢᠭᠤᠨ ᠤ ᠵᠡᠭᠦᠨ ᠡᠮᠦᠨ᠎ᠡ ᠭᠡᠰᠡᠭ ᠲᠤ  ᠪᠠᠶᠢᠷᠢᠯᠠᠵᠤ᠂ ᠱᠠᠨᠰᠢ ᠮᠤᠵᠢ ᠶᠢᠨ ᠳ᠋ᠠ ᠯᠢᠦ ᠲᠠ ᠪᠠᠯᠭᠠᠰᠤ ᠲᠠᠢ ᠮᠥᠷᠡᠨ ᠠᠯᠤᠰᠯᠠᠨ ᠵᠡᠷᠭᠡᠯᠳᠡᠵᠤ᠂ ᠪᠦᠬᠦ ᠪᠠᠯᠭᠠᠰᠤ ᠶᠢᠨ ᠨᠤᠲᠤᠭ ᠳᠡᠪᠢᠰᠭᠡᠷ ᠤᠨ ᠶᠡᠷᠤᠩᠬᠡᠢ ᠲᠠᠯᠠᠪᠠᠢ ᠨᠢ  ᠂ 726 ᠳᠡᠭᠰᠢ ᠳᠥᠷᠪᠡᠯᠵᠢᠨ ᠺᠢᠯᠤᠮᠲᠷ ᠪᠠᠶᠢᠵᠤ᠂ ᠲᠤᠭᠤᠷᠢᠭ ᠤᠨ ᠪᠥᠲᠤᠭᠡᠨ ᠪᠠᠶᠢᠭᠤᠯᠤᠯᠲᠠ ᠶᠢᠨ ᠲᠠᠯᠠᠪᠠᠢ ᠨᠢ 13 ᠳᠡᠭᠰᠢ ᠳᠥᠷᠪᠡᠯᠵᠢᠨ ᠺᠢᠯᠤᠮᠧᠲᠷ᠂ 16 ᠵᠠᠰᠠᠭ ᠵᠠᠬᠢᠷᠭᠠᠨ ᠤ ᠲᠤᠰᠬᠤᠨ᠂ 108 ᠲᠠᠷᠢᠶᠠᠯᠠᠩ ᠤᠶᠢᠯᠡᠳᠪᠤᠷᠢᠯᠡᠯ ᠤᠨ ᠪᠠᠭ᠎ᠠ ᠳᠤᠭᠤᠶᠢᠯᠠᠩ᠂ 4  ᠰᠠᠭᠤᠭᠠᠯᠢ ᠠᠷᠠᠳ ᠤᠨ ᠲᠤᠭᠤᠷᠢᠭ ᠲᠠᠢ᠂ ᠶᠡᠷᠦᠩᠬᠡᠢ ᠬᠦᠮᠦᠨ ᠠᠮᠠ ᠶᠢᠨ ᠲᠤᠭ᠎ᠠ ᠨᠢ 8.6 ᠲᠥᠮᠡ᠂ ᠲᠡᠭᠦᠨ ᠤ ᠳᠤᠲᠤᠷ᠎ᠠ ᠳᠠᠩᠰᠤᠯᠠᠭᠳᠠᠭᠰᠠᠨ ᠡᠷᠦᠬᠡ ᠠᠮᠠ ᠨᠢ 5.4 ᠲᠥᠮᠡ᠂  ᠨᠡᠭᠦᠳᠡᠯ ᠤᠨ ᠬᠦᠮᠦᠨ ᠠᠮᠠ 3.2 ᠲᠥᠮᠡᠨ ᠬᠦᠮᠦᠨ ᠪᠠᠶᠢᠵᠤ᠂ ᠪᠠᠯᠭᠠᠰᠤᠨ ᠤ ᠨᠠᠮ ᠤᠨ ᠬᠤᠷᠢᠶᠠᠨ ᠳᠤ 25 ᠨᠠᠮ ᠤᠨ ᠡᠭᠦᠷ  ᠬᠠᠷᠢᠶᠠᠯᠠᠭᠳᠠᠵᠤ᠂ ᠨᠡᠶᠢᠲᠡ 828 ᠨᠡᠷᠡᠰ ᠨᠠᠮ ᠤᠨ ᠭᠡᠰᠢᠭᠦᠳ ᠲᠠᠢ᠂ ᠡᠭᠦᠨ ᠳᠤ ᠮᠠᠯᠴᠢᠨ ᠲᠠᠷᠢᠶᠠᠴᠢᠨ ᠨᠠᠮ ᠤᠨ ᠭᠡᠰᠢᠭᠦᠨ 567 ᠬᠦᠮᠦᠨ ᠪᠠᠶᠢᠨ᠎ᠠ᠃      2017 ᠤᠨ ᠳᠤ ᠨᠤᠲᠤᠭ ᠤᠷᠤᠨ ᠤ ᠤᠶᠢᠯᠡᠳᠪᠤᠷᠢᠯᠡᠯ ᠤᠨ ᠶᠡᠷᠤᠩᠬᠡᠢ ᠥᠷᠲᠡᠭ ᠢ 396 ᠳ᠋ᠦᠩᠰᠢᠭᠤᠷ ᠲᠦᠭᠦᠷᠡᠭ ᠪᠡᠶᠡᠯᠡᠭᠦᠯᠵᠤ᠂ ᠨᠤᠲᠤᠭ ᠤᠷᠤᠨ ᠤ ᠭᠠᠶᠢᠯᠢ ᠳᠠᠲᠠᠪᠤᠷᠢ ᠶᠢᠨ ᠤᠷᠤᠯᠭ᠎ᠠ ᠨᠢ 140.3 ᠳ᠋ᠦᠩᠰᠢᠭᠤᠷ ᠲᠦᠭᠦᠷᠡᠭ ᠲᠤ ᠬᠦᠷᠴᠦ᠂ ᠪᠠᠯᠭᠠᠰᠤᠨ ᠤ ᠠᠵᠢᠯᠲᠠᠨ ᠪ᠊ ᠤᠷᠤᠯᠭ᠎ᠠ ᠪᠠ ᠬᠥᠳᠡᠭᠡ ᠲᠤᠰᠬᠤᠨ ᠤ ᠪᠠᠶᠢᠩᠭᠤ ᠰᠠᠭᠤᠷᠰᠢᠵᠤ ᠪᠠᠶᠢᠭ᠎ᠠ ᠲᠠᠷᠢᠶᠠᠴᠢᠨ ᠠᠷᠠᠳ ᠤᠨ ᠡᠵᠡᠮᠰᠢᠵᠤ ᠪᠤᠯᠬᠤ ᠤᠷᠤᠯᠭ᠎ᠠ ᠨᠢ ᠲᠤᠰ ᠪᠦᠷᠢ 52460 ᠲᠦᠭᠦᠷᠡᠭ ᠪᠠ 21240 ᠲᠦᠭᠦᠷᠡᠭ ᠲᠤ ᠬᠦᠷᠴᠤ᠂ ᠪᠦᠬᠦ ᠤᠯᠤᠰ ᠤᠨ ᠠᠵᠤ ᠠᠬᠤᠢ ᠶᠢᠨ ᠬᠥᠭᠵᠢᠭᠰᠡᠨ ᠪᠠᠯᠭᠠᠰᠤᠨ ᠤ ᠡᠩᠨᠡᠭᠡᠨ ᠳᠤ ᠠᠮᠵᠢᠯᠲᠠ ᠲᠠᠢ ᠠᠯᠬᠤᠨ ᠤᠷᠤᠭᠰᠠᠨ ᠪᠠᠶᠢᠨ᠎ᠠ᠃      ᠤᠯᠠᠭᠠᠨᠮᠦ᠋ᠷᠡᠨ ᠪᠠᠯᠭᠠᠰᠤᠨ ᠤ ᠬᠢᠵᠠᠭᠠᠷ ᠳᠤᠲᠤᠷᠠᠬᠢ ᠠᠭᠤᠷᠬᠠᠢ ᠶᠢᠨ ᠪᠤᠯᠠᠭᠳᠠᠴᠠ ᠪᠠ  ᠡᠬᠢ ᠪᠠᠶᠠᠯᠢᠭ ᠢᠶᠠᠷ ᠳᠠᠪᠠᠭᠤᠯᠢᠭ᠂ ᠤᠤᠯ ᠠᠴᠠ ︽ᠢᠪᠡᠭᠡᠯᠲᠤ ᠨᠠᠷᠠᠨ ᠤ ᠬᠠᠳᠠ︾ ᠭᠡᠮᠡᠨ ᠨᠡᠷᠡᠯᠡᠳᠡᠭ᠃ ᠪᠠᠶᠢᠴᠠᠭᠠᠨ ᠢᠯᠡᠷᠡᠭᠦᠯᠦᠭᠰᠡᠨ ᠨᠡᠭᠦᠷᠡᠰᠦᠨ ᠤ ᠪᠤᠯᠠᠭᠳᠠᠴᠠ ᠨᠢ ᠵᠠᠭᠤ ᠭᠠᠷᠦᠢ ᠳ᠋ᠦᠩᠰᠢᠭᠤᠷ ᠳᠤᠨ ᠳᠤ ᠬᠦᠷᠴᠦ᠂ ᠲᠤᠭᠤᠰᠤ ᠶᠢᠨ ᠠᠭᠤᠯᠠᠭᠳᠠᠴᠠ ᠎ ᠨᠢ ᠳᠤᠤᠷ᠎ᠠ᠂ ᠬᠦᠬᠦᠷ ᠤᠨ  ᠬᠤᠯᠢᠭᠳᠠᠴᠠ ᠨᠢ ᠳᠤᠤᠷ᠎ᠠ᠂ ᠹᠤᠰᠹᠤᠷ ᠤᠨ ᠬᠤᠯᠢᠭᠳᠠᠴᠠ ᠨᠢ ᠳᠤᠤᠷ᠎ᠠ ᠰᠢᠲᠠᠴᠠ ᠶᠢᠨ ᠡᠨᠧᠷᠭᠢ ᠪᠠᠷ ᠦᠨᠳᠤᠷ ᠵᠡᠷᠭᠡ ᠰᠠᠶᠢᠨ ᠴᠢᠨᠠᠷ ᠤᠨ ᠬᠦᠳᠡᠯᠬᠡᠬᠦ ᠬᠦᠴᠦᠨ ᠤ ᠨᠡᠭᠦᠷᠡᠰᠤ ᠪᠠᠷ ᠤᠯᠤᠰ ᠤᠨ ᠭᠠᠳᠠᠭᠠᠲᠤ ᠳᠤᠲᠤᠭᠠᠲᠤ ᠳᠤ ᠨᠡᠷᠡᠲᠠᠢ᠂ ᠮᠠᠨ ᠤ ᠤᠯᠤᠰ ᠤᠨ ᠱᠧᠨ ᠬᠤᠸᠠ ᠱᠧᠨ ᠳ᠋ᠦᠩ ᠨᠡᠭᠦᠷᠡᠰᠤᠨ ᠠᠵᠤ ᠠᠬᠤᠶᠢᠯᠠᠯ ᠤᠨ ᠺᠤᠮᠫᠠᠨᠢ ᠶᠢᠨ  ᠭᠤᠤᠯ ᠤᠶᠢᠯᠡᠳᠪᠤᠷᠢᠯᠡᠯ ᠤᠨ ᠬᠠᠷᠢᠶᠠᠨ ᠤ ᠤᠷᠤᠨ  ᠪᠤᠯᠵᠠᠢ᠃      ᠤᠯᠠᠭᠠᠨᠮᠦ᠋ᠷᠡᠨ ᠪᠠᠯᠭᠠᠰᠤᠨ ᠤ ᠰᠠᠭᠤᠷᠢᠰᠢᠵᠤ ᠪᠠᠶᠢᠭ᠎ᠠ ᠭᠠᠵᠠᠷ ᠤᠨ ᠪᠠᠶᠢᠴᠠ᠂ ᠤᠷᠴᠢᠨ ᠲᠤᠭᠤᠷᠢᠨ ᠤ ᠳᠠᠪᠠᠭᠤᠯᠢᠭ ᠨᠥᠬᠦᠴᠡᠯ ᠨᠢ ᠤᠨᠴᠠᠭᠠᠢ᠂ ᠬᠥᠬᠡᠬᠤᠲᠠ᠂ ᠪᠤᠭᠤᠲᠤ᠂ ᠤᠷᠳᠤᠰ ᠡᠨᠡᠬᠦ ᠥᠪᠦᠷ ᠮᠤᠩᠭᠤᠯ ᠤᠨ ᠭᠤᠷᠪᠠᠨ ᠠᠵᠤ ᠠᠬᠤᠶᠢᠯᠠᠯ ᠤᠨ ᠬᠥᠭᠵᠢᠯᠲᠡ ᠎ ᠢᠶᠠᠷ ᠬᠠᠮᠤᠭ ᠤᠨ ᠲᠥᠷᠭᠡᠨ ︽ᠠᠯᠲᠠᠨ ᠭᠤᠷᠪᠠᠯᠵᠢᠨ ᠥᠨᠴᠦᠭ︾ ᠪᠤᠯᠤᠭᠰᠠᠨ ᠬᠦᠷᠢᠶ᠎ᠡ ᠭᠡᠪᠴᠢᠶᠡᠨ ᠳᠤᠲᠤᠷ᠎ᠠ  ᠪᠠᠶᠢᠷᠰᠢᠵᠤ᠂ ᠪᠠᠯᠭᠠᠰᠤᠨ ᠤ ᠭᠡᠪᠴᠢᠶ᠎ᠡ ᠬᠢᠵᠠᠭᠠᠷ ᠳᠤᠲᠤᠷ᠎ᠠ, ᠠᠰᠠᠨᠰᠢᠷᠡᠭᠡ ᠠᠴᠠ ᠳ᠋ᠠ ᠯᠢᠦ ᠲᠠ ᠬᠦᠷᠬᠦ ᠨᠢᠭᠡᠳᠤᠭᠡᠷ ᠳᠡᠰ ᠤᠨ ᠵᠠᠰᠠᠮᠠᠯ ᠵᠠᠮ᠂ ᠪᠤᠭᠤᠲᠤ ᠠᠴᠠ ᠮᠤᠤ ᠮᠢᠩ ᠬᠦᠷᠬᠦ ᠦᠨᠳᠦᠷ  ᠬᠤᠷᠳᠤᠴᠠ ᠲᠠᠢ ᠵᠠᠰᠠᠮᠠᠯ ᠵᠠᠮ᠂ ᠪᠤᠭᠤᠲᠤ ᠠᠴᠠ ᠲᠡᠮᠡᠭᠡᠲᠦ ᠳᠤ ᠬᠦᠷᠬᠦ ᠲᠡᠮᠦᠷ ᠵᠠᠮ ᠪᠠ ᠤᠷᠳᠤᠰ ᠤᠨ ᠡᠵᠡᠨ ᠬᠤᠷᠤᠭᠠᠨ ᠤ ᠨᠢᠰᠬᠡᠯ ᠤᠨ ᠪᠠᠭᠤᠳᠠᠯ ᠵᠡᠷᠭᠡ ᠭᠤᠤᠯ ᠪᠤᠯᠬᠤ ᠵᠠᠮ ᠬᠠᠷᠢᠯᠴᠠᠭ᠎ᠠ ᠪᠦᠷᠢ ᠤᠯᠠᠭᠠᠨᠮᠦᠷᠡᠨ ᠤ ᠬᠢᠵᠠᠭᠠᠷ ᠢᠶᠠᠷ ᠥᠩᠭᠡᠷᠡᠵᠤ᠂ ᠵᠠᠰᠠᠮᠠᠯ ᠵᠠᠮ᠂ ᠭᠠᠯᠳᠤ ᠲᠡᠷᠭᠡᠨ ᠵᠠᠮ᠂ ᠨᠢᠰᠬᠡᠯ ᠤᠨ ᠪᠠᠭᠤᠳᠠᠯ ᠵᠡᠷᠭᠡ ᠪᠤᠰᠤᠭ᠎ᠠ ᠴᠤᠭᠴᠠ ᠶᠢᠨ ᠵᠠᠮ ᠬᠠᠷᠢᠯᠴᠠᠭᠠᠨ ᠤ ᠲᠤᠤᠷ ᠲᠠᠢ ᠪᠤᠯᠵᠤ᠂ ᠡᠵᠡᠨ ᠬᠤᠷᠤᠭ᠎ᠠ ᠪᠤᠯᠤᠨ ᠤᠷᠳᠤᠰ  ᠬᠤᠲᠠ ᠶᠢᠨ ᠤᠶᠢᠷ᠎ᠠ ᠤᠷᠴᠢᠮ ᠤᠨ ᠭᠠᠵᠠᠷ ᠤᠷᠤᠨ ᠤ ᠴᠢᠬᠤᠯᠠ ᠵᠠᠮ ᠬᠠᠷᠢᠯᠴᠠᠭᠠᠨ ᠰᠦᠯᠵᠢᠶᠡᠰᠦ ᠬᠥᠭᠦᠷᠭᠡ ᠪᠤᠯᠤᠭᠰᠠᠨ ᠪᠠᠶᠢᠨ᠎ᠠ᠃      ᠤᠶᠢᠷ᠎ᠠ ᠶᠢᠨ ᠬᠡᠳᠤᠨ ᠵᠢᠯ ᠤᠨ ᠳᠤᠲᠤᠷ᠎ᠠ ᠤᠯᠠᠭᠠᠨᠮᠦ᠋ᠷᠡᠨ ᠪᠠᠯᠭᠠᠰᠤ ᠨᠤᠲᠤᠭ ᠤᠷᠤᠨ ᠤ ᠡᠬᠢ ᠪᠠᠶᠠᠯᠢᠭ᠂ ᠤᠷᠴᠢᠨ ᠲᠤᠭᠤᠷᠢᠨ᠂ ᠵᠠᠮ ᠬᠠᠷᠢᠯᠴᠠᠭ᠎ᠠ᠂ ᠦᠨᠳᠦᠷ ᠳᠡᠭᠡᠲᠦ ᠬᠡᠮᠵᠢᠶᠡᠨ ᠤ ᠰᠢᠨᠵᠢᠯᠡᠬᠦ ᠤᠬᠠᠭᠠᠨ ᠤ ᠮᠡᠷᠭᠡᠵᠢᠯ ᠤᠨ ᠲᠠᠯᠠᠪᠠᠢ ᠪᠤᠯᠬᠤ ᠵᠡᠷᠭᠡ ᠳᠥᠷᠪᠡᠨ ᠲᠠᠯ᠎ᠠ ᠶᠢᠨ ᠳᠠᠪᠠᠭᠤᠯᠢᠭ ᠨᠥᠬᠦᠴᠡᠯ ᠢᠶᠠᠨ ᠠᠰᠢᠭᠯᠠᠵᠤ ᠬᠥᠳᠡᠯᠭᠡᠵᠤ ᠪᠤᠯᠬᠤ ᠠᠯᠢᠪᠠ ᠢᠳᠡᠪᠬᠢᠲᠠᠢ ᠨᠥᠬᠦᠴᠡᠯ ᠢ ᠳᠠᠶᠢᠴᠢᠯᠠᠨ ᠬᠥᠳᠡᠯᠭᠡᠵᠤ᠂ ᠠᠭᠤᠷᠬᠠᠢ ᠶᠢᠨ ᠠᠵᠤ ᠠᠬᠤᠶᠢᠯᠠᠯ ᠤᠨ ᠪᠥᠲᠤᠭᠡᠨ ᠪᠠᠶᠢᠭᠤᠯᠤᠯᠲᠠ ᠶᠢᠨ ᠤᠶᠢᠯᠡᠰ ᠢ ᠢᠳᠡᠪᠬᠡᠲᠠᠢ ᠳᠡᠮᠵᠢᠬᠦ ᠪᠠ ᠥᠷᠭᠡᠨ ᠤᠯᠠᠨ ᠲᠠᠷᠢᠶᠠᠴᠢᠨ ᠠᠵᠢᠯᠴᠢᠨ ᠢᠶᠠᠨ ᠳᠠᠭᠠᠭᠤᠯᠤᠨ ᠴᠢᠨᠡᠭᠯᠡᠭᠵᠢᠬᠦ ᠵᠠᠮ ᠢᠶᠠᠷ ᠡᠷᠴᠢᠮ ᠲᠠᠢ ᠠᠯᠬᠤᠵᠤ ᠲᠥᠷᠭᠡᠨ ᠢᠶᠠᠷ ᠳᠠᠪᠰᠢᠭᠰᠠᠨ ᠪᠠᠶᠢᠨ᠎ᠠ᠃  ᠤᠳᠤ ᠪᠦᠬᠦ ᠪᠠᠯᠭᠠᠰᠤᠨ ᠤ ᠭᠡᠪᠴᠢᠶᠡᠨ ᠳᠤ ᠨᠢᠭᠡᠨᠲᠡ ᠪᠥᠲᠦᠭᠡᠨ ᠪᠠᠶᠢᠭᠤᠯᠤᠭᠰᠠᠨ ᠪᠠ ᠶᠠᠭ ᠰᠠᠶᠢᠬᠠᠨ ᠪᠥᠲᠦᠭᠡᠨ ᠪᠠᠶᠢᠭᠤᠯᠵᠤ ᠪᠠᠶᠢᠭ᠎ᠠ ᠠᠵᠤ ᠠᠬᠤᠶᠢᠯᠠᠯ 294 ᠪᠠᠶᠢᠵᠤ᠂ ᠲᠡᠭᠦᠨ ᠤ ᠳᠤᠲᠤᠷ᠎ᠠ ᠱᠧᠨ ᠬᠤᠸᠠ ᠳ᠋ᠦᠩᠱᠧᠩ ᠨᠡᠭᠦᠷᠡᠰᠤᠨ ᠠᠵᠤ ᠠᠬᠤᠶᠢᠯᠠᠯ ᠤᠨ ᠺᠤᠮᠫᠠᠨᠢ᠂ ᠱᠧᠨ ᠳ᠋ᠦᠩ ᠲᠢᠶᠠᠨ ᠯᠥᠩ ᠺᠤᠮᠫᠠᠨᠢ᠂ ᠱᠧᠨ ᠬᠤᠸᠠ ᠶᠢᠨ ᠤᠷᠳᠤᠰ ᠳᠠᠬᠢ ᠨᠡᠭᠦᠷᠡᠰᠦ ᠪᠠᠷ ᠲᠤᠰᠤ ᠤᠶᠢᠯᠡᠳᠪᠤᠷᠢᠯᠡᠬᠦ ᠬᠤᠪᠢᠶᠠᠷᠢ ᠺᠤᠮᠫᠠᠨᠢ᠂ ᠤᠷᠳᠤᠰ ᠨᠢᠰᠬᠡᠯ ᠤᠨ ᠪᠠᠭᠤᠳᠠᠯ᠂ ᠭᠦᠸᠧ ᠬᠤᠸᠠ ᠴᠠᠬᠢᠯᠭᠠᠨ ᠭᠠᠷᠭᠠᠬᠤ ᠺᠤᠮᠫᠠᠨᠢ ᠵᠡᠷᠭᠡ ᠤᠯᠤᠰ ᠤᠨ ᠭᠠᠭᠴᠠᠭᠠᠷ ᠬᠤᠪᠢ ᠤᠷᠤᠭᠤᠯᠤᠭᠰᠠᠨ ᠪᠠ ᠤᠯᠠᠨ ᠢᠶᠠᠷ ᠬᠤᠪᠢ ᠤᠷᠤᠭᠤᠯᠤᠭᠰᠠᠨ ᠠᠵᠤ ᠠᠬᠤᠶᠢᠯᠠᠯ 24 ᠪᠠᠶᠢᠨ᠎ᠠ᠃      ᠤᠯᠠᠭᠠᠨᠮᠦ᠋ᠷᠡᠨ ᠪᠠᠯᠭᠠᠰᠤᠨ ᠤ ᠠᠵᠤ ᠠᠬᠤᠢ ᠶᠢᠨ ᠪᠥᠲᠦᠭᠡᠨ ᠪᠠᠶᠢᠭᠤᠯᠤᠯᠲᠠ ᠪᠠ ᠨᠡᠶᠢᠬᠡᠮ ᠤᠨ ᠡᠯ᠎ᠠ ᠲᠠᠯ᠎ᠠ ᠶᠢᠨ ᠤᠶᠢᠯᠡᠰ ᠪᠦᠬᠦ ᠤᠷᠤᠨ ᠤ ᠲᠡᠷᠢᠭᠦᠨ ᠪᠠᠶᠢᠷᠠᠨ ᠳᠤ ᠤᠷᠤᠵᠤ  ᠂ ᠤᠷᠢᠳ  ᠬᠤᠵᠢᠳ ︽ᠪᠦᠬᠦ ᠤᠯᠤᠰ ᠤᠨ ᠪᠤᠯᠪᠠᠰᠤᠨ ᠲᠤᠰᠬᠤᠨ ᠪᠠᠯᠭᠠᠰᠤ︾᠂ ︽ ᠪᠦᠬᠦ ᠤᠷᠤᠨ ᠤ ᠠᠷᠪᠠᠨ ᠰᠠᠶᠢᠨ ᠤᠳᠤᠨ ᠳᠡᠰ ᠤᠨ ᠰᠤᠶᠤᠯ ᠪᠤᠯᠪᠠᠰᠤᠨ ᠤ ᠪᠠᠯᠭᠠᠰᠤ︾  ᠂ ︽ ᠪᠦᠬᠦ  ᠤᠷᠤᠨ ᠤ  ᠵᠢᠵᠢᠭ ᠬᠤᠲᠠ ᠪᠠᠯᠭᠠᠰᠤᠨ ᠤ ᠪᠠᠶᠢᠭᠤᠯᠤᠯᠲᠠ ᠶᠢᠨ ᠲᠡᠷᠢᠭᠦᠨ ᠤ ᠨᠢᠭᠡᠴᠡ︾᠂ ︽ ᠪᠦᠬᠦ ᠤᠯᠤᠰ ᠤᠨ ᠤᠷᠴᠢᠨ ᠲᠤᠭᠤᠷᠢᠨ ᠭᠤᠸ᠎ᠠ ᠰᠠᠶᠢᠬᠠᠨ ᠰᠢᠶᠠᠩ ᠪᠠᠯᠭᠠᠰᠤ︾᠂ ︽ᠳᠤᠮᠳᠠᠳᠤ ᠤᠯᠤᠰ ᠤᠨ  ᠪᠤᠬᠢᠷᠳᠤᠯ ᠦᠭᠡᠢ ᠨᠡᠷᠡᠲᠤ ᠪᠠᠯᠭᠠᠰᠤ︾᠂ ︽ᠳᠤᠮᠳᠠᠳᠤ ᠤᠯᠤᠰ ᠤᠨ ᠪᠤᠬᠢᠷᠳᠤᠯ ᠦᠭᠡᠢ ᠨᠡᠷᠡᠲᠤ ᠪᠠᠯᠭᠠᠰᠤ︾᠂ ︽ᠥᠪᠡᠷᠳᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠤᠨ ᠲᠡᠷᠢᠭᠦᠨ ᠤ ᠪᠠᠯᠭᠠᠰᠤ︾  ᠵᠡᠷᠭᠡ ᠢᠷᠠᠭᠤ ᠠᠯᠳᠠᠷ ᠪᠠ ᠴᠤᠯᠠ ᠶᠢ ᠬᠦᠷᠲᠡᠭᠰᠡᠨ ᠪᠠᠶᠢᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号