ᠡᠵᠡᠨ ᠬᠤᠷᠤᠭ᠎ᠠ ᠪᠠᠯᠭᠠᠰᠤ
ᠨᠡᠶᠢᠲᠡᠯᠡᠭᠰᠡᠨ ᠴᠠᠭ᠄
2018-04-20
     ᠡᠵᠡᠨ ᠬᠤᠷᠤᠭ᠎ᠠ ᠭᠡᠳᠡᠭ ᠨᠢ ᠨᠢᠭᠡᠨ ᠦᠶ᠎ᠡ ᠶᠢᠨ ᠲᠡᠭᠷᠢᠯᠢᠭ ᠬᠦᠪᠡᠬᠦᠨ ᠴᠢᠩᠭᠢᠰ ᠬᠠᠭᠠᠨ ᠤ ᠮᠦᠩᠬᠡ ᠨᠤᠶᠢᠷᠰᠤᠭᠰᠠᠨ ᠴᠢᠩᠭᠢᠰ ᠬᠠᠭᠠᠨ ᠤ ᠤᠩᠭᠤᠨ ᠤ ᠰᠠᠭᠤᠷᠢᠯᠠᠵᠤ ᠪᠠᠶᠢᠭ᠎ᠠ ᠭᠠᠵᠠᠷ ᠢ ᠵᠢᠭᠠᠵᠤ᠂ ᠤᠯᠤᠰ ᠤᠨ 5A ᠲᠡᠰ ᠤᠨ ᠵᠢᠭᠤᠯᠴᠢᠯᠠᠯ ᠤᠨ ᠤᠷᠤᠨ ᠮᠥᠨ᠃ ᠪᠦᠬᠦ ᠪᠠᠯᠭᠠᠰᠤᠨ ᠤ ᠶᠡᠷᠦᠩᠬᠡᠢ ᠲᠠᠯᠠᠪᠠᠢ ᠨᠢ 717 ᠳᠡᠭᠰᠢ ᠳᠦᠷᠪᠡᠯᠵᠢᠨ ᠺᠢᠯᠤᠮᠧᠲᠷ᠂ 16 ᠭᠠᠴᠠᠭ᠎ᠠ ᠲᠤᠰᠬᠤᠨ 100 ᠪᠠᠷᠢᠭᠠᠳᠠ ᠪᠠᠷ ᠪᠦᠷᠢᠯᠳᠦᠵᠤ᠂ ᠨᠡᠶᠢᠳᠡ6972 ᠡᠷᠦᠬᠡ 16248 ᠬᠦᠮᠦᠨ ᠠᠮᠠ ᠲᠠᠢ᠂ ᠡᠭᠦᠨ ᠳᠤ ᠴᠦᠭᠡᠨ ᠲᠤᠭᠠᠲᠤ ᠦᠨᠳᠦᠰᠦᠲᠡᠨ 980 ᠡᠷᠦᠬᠡ 2279 ᠬᠦᠮᠥᠨ ᠲᠠᠢ᠃      ᠤᠶᠢᠷ᠎ᠠ ᠶᠢᠨ ᠵᠢᠯ ᠳᠤ ᠡᠵᠡᠨ ᠬᠤᠷᠤᠭ᠎ᠠ ᠪᠠᠯᠭᠠᠰᠤ ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠎ ᠪᠠᠨ ᠪᠤᠯᠭᠠᠨ᠂ ᠠᠵᠢᠯ ᠤᠨ ᠭᠤᠤᠯᠳᠠᠯᠭ᠎ᠠ ᠪᠠᠨ ᠠᠷᠪᠠᠨ ᠨᠠᠢᠮᠠ᠂ ᠶᠢᠰᠦᠳᠦᠭᠡᠷ ᠬᠤᠷᠠᠯ ᠤᠨ ᠵᠤᠷᠢᠭ ᠰᠠᠨᠠᠭᠠᠨ ᠳᠤ ᠲᠠᠯᠪᠢᠵᠤ᠂ ᠲᠦᠪ᠂ ᠤᠷᠤᠨ᠂ ᠬᠤᠲᠠ᠂ ᠬᠤᠰᠢᠭᠤᠨ ᠤ ᠴᠢᠬᠤᠯᠠ ᠰᠢᠢᠳᠪᠦᠷᠢ ᠶᠢ ᠳᠠᠭᠠᠵᠤ ᠪᠡᠶᠡᠯᠡᠭᠦᠯᠦᠨ᠂ ᠪᠦᠬᠦ ᠲᠠᠯ᠎ᠠ ᠪᠠᠷ ᠨᠠᠮ ᠢᠶᠠᠨ ᠴᠢᠩᠭ᠎ᠠ ᠵᠠᠰᠠᠬᠤ᠂ ᠶᠠᠳᠠᠭᠤ ᠠᠴᠠ ᠠᠩᠭᠢᠵᠢᠷᠠᠭᠤᠯᠤᠨ ᠪᠠᠬᠢᠯᠡᠯᠲᠡ ᠰᠢᠪᠲᠤᠯᠠᠬᠤ ᠠᠵᠢᠯ ᠵᠢᠴᠢ ᠠᠷᠠᠳ ᠲᠦᠮᠡᠨ ᠤ ᠠᠮᠢᠳᠤᠷᠠᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠶᠡᠭᠡ ᠠᠮᠵᠢᠯᠲᠠ ᠤᠯᠵᠠᠢ ᠃ ᠤᠶᠢᠷ᠎ᠠ ᠶᠢᠨ ᠲᠠᠪᠤᠨ ᠵᠢᠯ ᠳᠤ ᠮᠠᠨ ᠤ ᠪᠠᠯᠭᠠᠰᠤᠨ ᠤ ᠠᠵᠤ ᠦᠢᠯᠡᠳᠪᠦᠷᠢ ᠶᠢᠨ ᠶᠡᠷᠦᠩᠬᠡᠢ ᠦᠷᠲᠡᠭ 473.8 ᠳ᠋ᠦᠩᠰᠢᠭᠤᠷ ᠲᠤ ᠬᠦᠷᠴᠤ᠂ 13%᠎ ᠪᠠᠷ ᠳᠡᠭᠡᠭᠰᠢᠯᠡᠵᠠᠢ᠃ ᠲᠤᠭᠲᠠᠭᠰᠠᠨ ᠡᠳ᠋ ᠮᠦᠩᠭᠦᠨ ᠤ ᠪᠡᠯᠡ ᠤᠷᠤᠭᠤᠯᠤᠯᠳᠠ ᠨᠢ 44.4 ᠳ᠋ᠦᠩᠰᠢᠭᠤᠷ᠂ 24%᠎ ᠪᠠᠷ ᠨᠡᠮᠡᠭᠳᠡᠵᠠᠢ᠃ ᠰᠠᠭᠤᠭᠠᠯᠢ ᠠᠷᠠᠳ ᠤᠨ ᠤᠷᠤᠯᠭ᠎ᠠ ᠨᠢ ᠪᠦᠬᠦ ᠬᠤᠰᠢᠭᠤᠨ ᠤ ᠳᠤᠮᠳᠠᠴᠢ ᠳᠦᠪᠰᠢᠨ ᠳᠤ ᠬᠦᠷᠴᠤ᠂ ᠮᠠᠨ ᠤ ᠤᠷᠤᠨ ᠤ ᠠᠷᠪᠠᠨ ᠶᠡᠭᠡ ᠷᠢᠳᠢ ᠰᠢᠳᠢ ᠲᠠᠢ ᠪᠠᠯᠭᠠᠰᠤᠨ ᠤ ᠨᠢᠭᠡ ᠪᠠᠷ ᠨᠡᠷᠡᠯᠡᠭᠳᠡᠵᠤ᠂ ᠰᠠᠭᠤᠬᠤ ᠳᠤ ᠲᠤᠬᠢᠷᠠᠮᠵᠢᠳᠠᠢ᠂ ᠤᠷᠴᠢᠨ ᠲᠤᠭᠤᠷᠢᠨ ᠭᠤᠶᠢᠳᠠ ᠰᠠᠶᠢᠬᠠᠨ ᠮᠡᠳᠦ ᠪᠠᠷ ᠠᠯᠳᠠᠷᠰᠢᠵᠠᠢ᠃      ᠬᠤᠶᠢᠰᠢᠳᠠ ᠶᠢᠨ ᠬᠦᠭᠵᠢᠯᠳᠡ ᠳᠤ ᠪᠠᠨ ᠡᠵᠡᠨ ᠬᠤᠷᠤᠭ᠎ᠠ ᠪᠠᠯᠭᠠᠰᠤ ︽ᠴᠢᠩᠭᠢᠰ ᠬᠠᠭᠠᠨ ᠤ ᠤᠩᠭᠤᠨ ᠳᠤ ᠳᠦᠰᠢᠭᠯᠡᠨ᠂ ᠴᠢᠩᠭᠢᠰ ᠬᠠᠭᠠᠨ ᠤ ᠤᠩᠭᠤᠨ ᠳᠤ ᠦᠢᠯᠡᠴᠢᠯᠡᠵᠤ᠂ ᠴᠢᠩᠭᠢᠰ ᠬᠠᠭᠠᠨ ᠤ ᠤᠩᠭᠤᠨ ᠠᠴᠠ ᠰᠢᠮᠡᠵᠢᠨ᠎ᠡ︾ ᠭᠡᠬᠦ ᠵᠠᠮ ᠢᠶᠠᠨ ᠪᠠᠷᠢᠮᠲᠠᠯᠠᠵᠤ᠂  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠎ ᠤᠨ ᠤᠨᠴᠠᠯᠢᠭ ᠪᠦᠬᠦᠢ ᠨᠡᠶᠢᠬᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠᠷ ᠵᠢᠯᠤᠭᠤᠳᠬᠤ ᠬᠦᠴᠦᠨ ᠢᠶᠠᠨ ᠪᠤᠯᠭᠠᠵᠤ᠂  ᠳᠡᠭᠡᠷ᠎ᠡ ᠱᠠᠳᠤᠨ ᠤ ᠤᠳᠤᠷᠢᠳᠤᠯᠭ᠎ᠠ ᠶᠢ ᠲᠠᠭᠠᠨ᠂ ᠵᠢᠭᠤᠯᠴᠢᠯᠠᠯ ᠤᠨ ᠲᠤᠮᠤ ᠪᠠᠯᠭᠠᠰᠤ ᠪᠠ ᠬᠦᠳᠡᠭᠡ ᠲᠤᠰᠬᠤᠨ ᠢ ᠬᠦᠴᠦᠷᠬᠡᠭᠵᠢᠭᠦᠯᠬᠦ ︽ᠬᠤᠶᠠᠷ ᠶᠡᠭᠡ ᠪᠠᠶᠢᠯᠳᠤᠬᠤ ᠪᠤᠳᠤᠯᠭ᠎ᠠ︾᠎ ᠶᠢ ᠬᠡᠷᠡᠭᠵᠢᠭᠦᠯᠦᠨ᠂ ᠦᠨᠳᠦᠰᠦᠳᠡᠨ ᠤ ᠰᠤᠶᠤᠯ᠂ ᠵᠢᠭᠤᠯᠴᠢᠯᠠᠯ᠂ ᠬᠤᠲᠠᠴᠢᠯᠠᠯᠳᠠ᠂ ᠦᠢᠯᠡᠰᠴᠢᠯᠡᠯᠳᠡ᠂ ᠲᠠᠷᠢᠶᠠᠯᠠᠩ ᠮᠠᠯ ᠠᠵᠤ ᠦᠢᠯᠡᠰ ᠵᠢᠴᠢ ᠬᠤᠶᠠᠷ ᠭᠤᠷᠪᠠᠳᠤᠭᠠᠷ ᠠᠵᠤ ᠦᠢᠯᠡᠰ ᠢ ᠴᠦᠮ ᠬᠠᠷᠢᠯᠴᠠᠨ ᠤᠶᠠᠯᠳᠤᠭᠤᠯᠵᠤ ︽ᠭᠤᠷᠪᠠᠨ ᠶᠡᠭᠡ ᠤᠶᠠᠯᠳᠤᠯ︾᠎ ᠢ ᠲᠦᠷᠭᠡᠳᠬᠡᠵᠤ᠂ ᠲᠠᠷᠬᠠᠳ ᠰᠤᠶᠤᠯ ᠤᠨ ᠬᠦᠴᠦᠨ ᠎ ᠢ ᠪᠤᠵᠠᠭᠠᠶᠢᠷᠠᠭᠤᠯᠤᠨ᠂ ᠵᠢᠭᠤᠯᠴᠢᠯᠠᠯ ᠢ ᠲᠠᠶᠢᠴᠢᠯᠠᠵᠤ᠂ ᠮᠠᠯᠵᠢᠬᠤ ᠤᠷᠤᠨ ᠤ ᠬᠤᠴᠤᠷᠠᠩᠭᠤᠢ ᠪᠠᠶᠢᠳᠠᠯ ᠢ ᠬᠤᠪᠢᠷᠠᠭᠠᠨ᠂ ᠲᠤᠰᠬᠤᠨ ᠤ ᠠᠵᠤ ᠦᠢᠯᠡᠰ ᠢ ᠬᠦᠭᠵᠢᠭᠦᠯᠵᠤ᠂ ᠲᠠᠷᠢᠶᠠᠯᠠᠩ ᠮᠠᠯ ᠠᠵᠤ ᠦᠢᠯᠡᠰ ᠤᠨ ᠦᠢᠯᠡᠰᠴᠢᠯᠡᠯᠳᠡ᠂ ᠤᠳᠤᠬᠢᠴᠢᠯᠠᠯᠳᠠ᠂ ᠳᠤᠰᠬᠠᠶᠢᠵᠢᠯᠠᠯᠳᠠ᠂ ᠬᠡᠪᠴᠢᠶᠡᠵᠢᠯᠡᠯᠲᠠ ᠶᠢ ᠲᠡᠭᠡᠭᠰᠢᠯᠡᠭᠦᠯᠦᠨ ᠪᠦᠲᠦᠭᠡᠨ ᠪᠠᠶᠢᠭᠤᠯᠵᠤ᠂ ᠡᠵᠡᠨ ᠬᠤᠷᠤᠭ᠎ᠠ ᠪᠠᠯᠭᠠᠰᠤ ᠪᠠᠨ ᠤᠯᠤᠰ ᠤᠨ ᠨᠡᠷᠡᠲᠤ ᠲᠠᠷᠬᠠᠳ ᠰᠤᠶᠤᠯ ᠤᠨ ᠤᠨᠴᠠᠯᠢᠭ ᠪᠦᠬᠦᠢ ᠵᠢᠭᠤᠯᠴᠢᠯᠠᠯ ᠤᠨ ᠳᠤᠰᠬᠤᠨ᠂ ᠬᠦᠮᠦᠰ ᠤᠨ ᠬᠦᠰᠡᠨ ᠮᠦᠷᠦᠭᠡᠳᠬᠦ ᠵᠢᠭᠤᠯᠴᠢᠯᠠᠯ ᠤᠨ ᠲᠠᠷᠬᠠᠨ ᠤᠷᠤᠨ ᠪᠠ ᠪᠦᠬᠦ ᠬᠤᠲᠠ ᠶᠢᠨ ᠲᠠᠷᠢᠶᠠᠯᠠᠩ ᠮᠠᠯ ᠠᠵᠤ ᠦᠢᠯᠡᠰ ᠤᠨ ᠤᠳᠤᠬᠢᠴᠢᠯᠠᠯᠳᠠ ᠶᠢᠨ ᠪᠦᠲᠦᠭᠡᠨ ᠪᠠᠶᠢᠭᠤᠯᠤᠯᠳᠠ ᠶᠢᠨ ᠵᠢᠱᠢᠶᠡᠴᠢ ᠳᠤᠰᠬᠤᠨ ᠪᠤᠯᠭᠠᠬᠤ ︽ᠭᠤᠷᠪᠠᠨ ᠶᠡᠭᠡ ᠬᠠᠷᠠᠯᠳᠠ︾᠎ ᠪᠠᠨ ᠪᠡᠶᠡᠯᠡᠭᠦᠯᠬᠦ ᠪᠠᠷ ᠴᠢᠷᠮᠠᠶᠢᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号