ᠵᠠᠰᠠᠭ ᠪᠠᠯᠭᠠᠰᠤ
ᠨᠡᠶᠢᠲᠡᠯᠡᠭᠰᠡᠨ ᠴᠠᠭ᠄
2018-04-20
     ᠵᠠᠰᠠᠭ ᠪᠠᠯᠭᠠᠰᠤ ᠨᠢ ᠡᠵᠡᠨ ᠬᠤᠷᠤᠭ᠎ᠠ ᠬᠤᠰᠢᠭᠤᠨ ᠤ ᠪᠠᠷᠠᠭᠤᠨ ᠡᠮᠤᠨ᠎ᠡ ᠪᠠᠶᠢᠷᠢᠯᠠᠵᠤ᠂ ᠪᠠᠷᠠᠭᠤᠨ ᠢᠶᠠᠨ ᠬᠤᠨᠢᠴᠢᠨ ᠭᠤᠤᠯ ᠪᠠᠯᠭᠠᠰᠤ ᠲᠠᠢ ᠬᠦᠷᠰᠢᠯᠡᠵᠤ᠂ ᠡᠮᠤᠨ᠎ᠡ ᠢᠶᠠᠨ ᠱᠠᠨᠰᠢ ᠮᠦᠵᠢ ᠶᠢᠨ ᠱᠧᠨ ᠮᠤ᠋ ᠰᠢᠶᠠᠨ ᠲᠠᠢ ᠵᠠᠬ᠎ᠠ ᠨᠡᠶᠢᠯᠡᠨ᠂ ᠵᠡᠬᠦᠨ ᠢᠶᠠᠨ ᠴᠢᠩᠬᠢᠰ ᠤᠨ ᠤᠩᠭᠤᠨ ᠲᠠᠢ ᠵᠡᠷᠬᠡᠯᠳᠡᠭᠡ ᠪᠠᠶᠢᠵᠤ᠂ ᠪᠦᠬᠦ ᠪᠠᠯᠭᠠᠰᠤᠨ ᠤ ᠶᠡᠷᠤᠩᠬᠡᠢ ᠲᠠᠯᠡᠪᠡᠢ ᠨᠢ 1105.6 ᠲᠡᠭᠰᠢ ᠲᠦᠷᠪᠡᠯᠵᠢᠨ ᠺᠢᠯᠦᠮᠧᠲᠷ᠃ ᠪᠦᠬᠦ ᠪᠠᠯᠭᠠᠰᠤ 27 ᠭᠠᠴᠠᠭ᠎ᠠ ᠳᠤᠰᠬᠤᠨ᠂ 127 ᠪᠠᠷᠢᠭᠠᠳᠠ᠂ 3 ᠨᠡᠶᠢᠬᠡᠮ ᠲᠤᠭᠤᠷᠢᠭ ᠲᠠᠢ᠂ ᠨᠡᠶᠢᠲᠡ 9228 ᠡᠷᠤᠬᠡ᠂ 23948 ᠬᠦᠮᠦᠨ ᠠᠮᠠ ᠲᠠᠢ᠃ ᠮᠤᠩᠭᠤᠯ᠂ ᠮᠠᠨᠵᠤ᠂ ᠬᠤᠲᠤᠩ᠂ ᠯᠢ᠂ ᠢ᠂ ᠲᠦᠪᠡᠳ ᠵᠡᠷᠭᠡ ᠵᠢᠷᠭᠤᠭᠠᠨ ᠴᠦᠬᠡᠨ ᠲᠤᠭᠠᠳᠤ ᠦᠨᠳᠦᠰᠦᠲᠡᠨ ᠲᠠᠢ᠃ 2017 ᠤᠨ ᠤ ᠬᠤᠲᠠ ᠪᠠᠯᠭᠠᠰᠤ ᠶᠢᠨ ᠰᠠᠭᠤᠭᠠᠯᠢ ᠠᠷᠠᠳ ᠪᠤᠯᠤᠨ ᠮᠠᠯᠴᠢᠨ ᠲᠠᠷᠢᠶᠠᠴᠢᠳ ᠤᠨ ᠤᠷᠤᠯᠭ᠎ᠠ ᠨᠢ ᠲᠤᠰ ᠪᠦᠷᠢ 44835 ᠲᠦᠭᠦᠷᠢᠭ ᠪᠤᠯᠤᠨ 16882 ᠲᠦᠭᠦᠷᠢᠭ ᠲᠤ ᠬᠦᠷᠦᠭᠰᠡᠨ ᠪᠠᠶᠢᠨ᠎ᠠ᠃      — — ᠦᠨᠢ ᠤᠳᠠᠭᠠᠨ ᠲᠡᠤᠬᠡ ᠰᠤᠶᠤᠯ ᠲᠠᠢ᠃ ᠵᠠᠰᠠᠭ ᠪᠠᠯᠭᠠᠰᠤ ᠨᠢ ᠤᠤᠯ ᠤᠨ ᠲᠡᠭᠷᠢ ᠲᠡᠳᠭᠦᠭᠴᠢ ᠶᠢᠨ ᠦᠶ᠎ᠡ ᠶᠢᠨ ᠵᠠᠰᠠᠭ ᠬᠤᠰᠢᠭᠤᠨ ᠤ ᠸᠠᠩ ᠤᠨ ᠤᠷᠳᠤᠨ ᠤ ᠰᠠᠭᠤᠭ᠎ᠠ ᠭᠠᠵᠠᠷ ᠪᠠᠶᠢᠵᠤ᠂ ᠮᠦᠨᠴᠤ ᠤᠤᠯ ᠤᠨ ᠭᠤᠮᠢᠨᠳᠠᠩ ᠤᠨ ᠰᠦᠢ ᠶᠣᠸᠡᠨ ᠤ ᠬᠢᠵᠠᠭᠠᠷ ᠳᠠᠬᠢ ᠮᠣᠩᠭᠤᠯ ᠵᠠᠰᠠᠭ ᠤᠨ ᠵᠦᠪᠯᠡᠯ ᠤᠨ ᠪᠠᠶᠢᠭ᠎ᠠ ᠭᠠᠵᠠᠷ᠂ ᠶᠡᠭᠡ ᠵᠤᠤ ᠠᠶᠢᠮᠠᠭ ᠤᠨ ᠠᠶᠢᠮᠠᠭ ᠤᠨ ᠵᠠᠰᠠᠭ ᠤᠨ ᠤᠷᠳᠤᠨ᠂ ᠡᠵᠡᠨ ᠬᠤᠷᠤᠭ᠎ᠠ ᠬᠤᠰᠢᠭᠤᠨ ᠤ ᠬᠤᠰᠢᠭᠤ ᠵᠠᠰᠠᠭ ᠤᠨ ᠤᠷᠳᠤᠨ ᠤ ᠪᠠᠶᠢᠭ᠎ᠠ ᠭᠠᠵᠠᠷ ᠪᠠᠶᠢᠪᠠ᠃ 1942 ᠤᠨ ᠳᠤ ᠭᠤᠮᠢᠨᠳᠠᠩ ᠤᠨ ᠪᠡᠯᠴᠢᠬᠡᠷ ᠬᠠᠭᠠᠯᠪᠤᠷᠢᠯᠠᠬᠤ ᠶᠢ ᠡᠰᠡᠷᠭᠦᠴᠡᠭᠰᠡᠨ ︿︿ᠭᠤᠷᠪᠠᠨ ᠰᠠᠷ᠎ᠠ ᠶᠢᠨ ᠬᠤᠷᠢᠨ ᠵᠢᠷᠭᠤᠭᠠᠨ﹀﹀᠎ ᠤ ᠬᠡᠷᠡᠭ ᠬᠤᠪᠢᠰᠤᠯ ᠠᠳᠡ ᠡᠭᠦᠰᠦᠭᠰᠡᠨ ᠪᠠᠶᠢᠨ᠎ᠠ ᠃ ᠳᠡᠭᠡᠷ᠎ᠡ ᠵᠠᠭᠤᠨ ᠤ ᠳᠤᠭᠤᠶᠢᠯᠠᠩ ᠤᠨ ᠬᠦᠳᠡᠯᠭᠡᠭᠡᠨ ᠤ ᠲᠦᠷᠦᠬᠦᠴᠢ ᠸᠠᠩᠳᠠᠨᠨᠢᠮ᠎ᠠ ᠪᠤᠯ ᠮᠠᠨ ᠤ ᠪᠠᠯᠭᠠᠰᠤᠨ ᠤ ᠯᠠᠮ᠎ᠠ ᠶᠢᠨ ᠰᠦᠮ᠎ᠡ ᠶᠢᠨ ᠬᠡᠬᠡᠨ ᠪᠤᠯᠤᠨ᠎ᠠ᠃      — — ᠵᠠᠮ ᠲᠡᠭᠡᠭᠡᠪᠦᠷᠢ ᠳᠦᠭᠦᠮ ᠲᠦᠲᠡ᠃ ᠵᠠᠰᠠᠭ ᠪᠠᠯᠭᠠᠰᠤ ᠨᠢ ᠡᠮᠥᠨᠡᠰᠢ ᠬᠤᠶᠢᠰᠢ ᠬᠦᠬᠡᠬᠤᠲᠠ᠂ ᠪᠤᠭᠤᠲᠤ᠂ ᠰᠢ ᠠᠨ᠂ ᠵᠡᠬᠦᠨᠰᠢ ᠪᠠᠷᠠᠭᠤᠨᠰᠢ ᠪᠠᠨ ᠱᠠᠨᠰᠢ ᠭᠠᠨᠰᠣ ᠨᠢᠩᠰᠢᠶᠠ ᠶᠢ ᠬᠤᠯᠪᠤᠭᠰᠠᠨ ᠠᠭᠤᠯᠵᠠᠭᠤᠷ ᠳᠡᠭᠡᠷ᠎ᠡ ᠪᠠᠶᠢᠷᠢᠰᠢᠵᠤ᠂ 210 ᠤᠯᠤᠰ ᠤᠨ ᠲᠡᠰ ᠤᠨ ᠵᠠᠮ᠂ ᠪᠤᠤ ᠮᠣᠣ ᠦᠨᠳᠦᠷ ᠬᠤᠷᠳᠤᠴᠠᠳᠤ ᠵᠠᠰᠠᠮᠠᠯ ᠵᠠᠮ᠂ ᠹᠦ᠋ ᠱᠡᠨ ᠱᠤᠭᠤᠮ᠂ ᠯᠠᠨ ᠭᠠ ᠨᠢᠭᠡᠳᠦᠭᠡᠷ ᠳᠡᠰ ᠤᠨ ᠵᠠᠰᠠᠮᠠᠯ ᠵᠠᠮ᠂ ᠪᠤᠤ ᠰᠢ ᠪᠤᠯᠤᠨ ᠰᠢᠨ ᠧᠨ ᠲᠡᠮᠦᠷ ᠵᠠᠮ ᠪᠠᠯᠭᠠᠰᠤ ᠪᠠᠷ ᠳᠠᠭᠠᠷᠢᠨ ᠦᠩᠭᠡᠷᠡᠵᠤ ᠪᠠᠶᠢᠳᠠᠭ᠃     — — ᠠᠵᠤ ᠥᠢᠯᠡᠳᠪᠦᠷᠢ ᠶᠢᠨ ᠪᠦᠲᠦᠬᠡᠨ ᠪᠠᠶᠢᠭᠤᠯᠤᠯᠲᠠ ᠶᠢ ᠲᠤᠭᠳᠠᠭᠤᠨ ᠢᠶᠠᠷ ᠠᠬᠢᠭᠤᠯᠪᠠ᠃ ᠵᠠᠰᠠᠭ ᠪᠠᠯᠭᠠᠰᠤ ᠶᠢᠨ ᠠᠭᠤᠷᠬᠠᠢ ᠶᠢᠨ ᠡᠬᠢ ᠪᠠᠶᠠᠯᠢᠭ ᠡᠯᠪᠡᠭ ᠪᠠᠶᠠᠯᠢᠭ ᠪᠠᠶᠢᠵᠤ᠂ ᠨᠡᠭᠦᠷᠡᠰᠦᠨ ᠤ ᠪᠤᠯᠠᠭᠳᠠᠴᠠ ᠨᠢ ᠲᠡᠭᠰᠢ ᠳᠦᠷᠪᠡᠯᠵᠢᠨ ᠺᠢᠯᠤᠮᠧᠲᠷ ᠪᠦᠷᠢ ᠳᠤ 2000 ᠲᠦᠮᠡᠨ ᠲᠤᠨ ᠤ ᠬᠠᠳᠠᠭᠠᠯᠠᠭᠳᠠᠭᠴᠠ ᠲᠠᠢ ᠪᠠᠶᠢᠵᠣ᠂ ᠨᠢᠭᠡᠨᠲᠡ ᠢᠯᠡᠷᠡᠭᠦᠯᠦᠭᠰᠡᠨ ᠨᠡᠭᠦᠷᠡᠰᠦᠨ ᠤ ᠪᠤᠯᠠᠭᠳᠠᠴᠠ ᠨᠢ 220 ᠳ᠋ᠦᠩᠰᠢᠭᠤᠷ ᠲᠤᠨ ᠳᠤ ᠬᠦᠷᠪᠡ᠃ ᠡᠸ᠋ ᠷᠦᠩ ᠮᠠ ᠲᠠᠢ ᠬᠤᠤ᠂ ᠢ ᠲᠠᠢ ᠬᠤᠨᠢᠴᠢᠨ ᠭᠤᠤᠯ᠂ ᠬᠤᠤ ᠱᠧᠩ ᠰᠢᠷ᠎ᠠ ᠤᠰᠤ ᠪᠤᠯᠤᠨ ᠱᠧᠨ ᠬᠤᠸᠠ ᠳ᠋ᠦᠩᠰᠢᠭᠤᠷ ᠲᠤᠨ ᠤ ᠨᠡᠭᠦᠷᠡᠰᠦᠨ ᠠᠭᠤᠷᠬᠠᠢ ᠠᠳᠠ ᠪᠠᠶᠢᠵᠤ᠂ ᠲᠦᠷᠪᠡᠨ ᠶᠡᠭᠡ ᠨᠡᠭᠦᠷᠡᠰᠦᠨ ᠠᠭᠤᠷᠬᠠᠢ ᠠᠰᠢᠭᠯᠠᠯᠲᠠ ᠳᠤ ᠤᠷᠤᠭᠰᠡᠨ ᠤ ᠳᠠᠷᠠᠭ᠎ᠠ᠂ ᠵᠢᠯ ᠪᠦᠷᠢ ᠶᠢᠨ ᠨᠡᠭᠦᠷᠡᠰᠦᠨ ᠤ ᠭᠠᠷᠤᠯᠲᠠ ᠨᠢ ᠳ᠋ᠦᠩᠰᠢᠭᠤᠷ ᠲᠤᠨ ᠳᠤ ᠬᠦᠷᠬᠦ ᠪᠤᠯᠤᠨ᠎ᠠ᠃      — — ᠬᠤᠲᠠ ᠪᠠᠯᠭᠠᠰᠤᠨ ᠤ ᠪᠦᠲᠤᠭᠡᠨ ᠪᠠᠶᠢᠭᠤᠯᠤᠯᠲᠠ ᠠᠩᠬ᠎ᠠ ᠠᠯᠬᠤᠮ ᠲᠦᠯᠤᠪᠰᠢᠪᠡ᠃ ᠵᠠᠰᠠᠭ ᠪᠠᠯᠭᠠᠰᠤᠨ ᠤ ᠬᠤᠲᠠ ᠪᠠᠯᠭᠠᠰᠤᠨ ᠤ ᠶᠡᠷᠤᠩᠭᠡᠢ ᠠᠰᠢᠭᠯᠠᠬᠤ ᠭᠠᠵᠠᠷ ᠤᠨ ᠡᠵᠡᠮᠰᠢᠯ ᠤᠨ ᠲᠠᠯᠡᠪᠠᠢ ᠨᠢ  28.7 ᠲᠡᠭᠰᠢ ᠲᠦᠷᠪᠠᠯᠵᠢᠨ ᠺᠢᠯᠤᠮᠧᠲᠷ ᠪᠠᠶᠢᠵᠤ᠂ ︽ᠠᠭᠤᠯᠠ ᠤᠰᠤ ᠮᠠᠯᠴᠢᠨ ᠤ ᠲᠠᠭᠤᠯᠠᠯᠲᠤ ᠰᠢᠨ᠎ᠡ ᠬᠤᠲᠠ ᠶᠢᠨ ᠲᠤᠭᠤᠷᠢᠭ᠂ ᠠᠮᠠᠷᠠᠵᠤ ᠰᠡᠯᠡᠭᠦᠴᠡᠨ ᠦᠩᠭᠡᠷᠡᠭᠰᠡᠨ ᠢᠶᠠᠨ ᠲᠤᠷᠠᠰᠬᠠᠬᠤ ᠬᠠᠭᠤᠴᠢᠨ ᠬᠤᠲᠠ ᠶᠢᠨ ᠲᠤᠭᠤᠷᠢᠭ︾᠎ ᠤᠨ ᠪᠤᠷᠤ ᠲᠦᠯᠤᠪ ᠢᠶᠠᠷ ᠣᠷᠣᠨ ᠵᠠᠢ ᠶᠢ ᠪᠠᠶᠢᠷᠢᠯᠠᠭᠤᠯᠵᠣ᠂ ᠬᠠᠭᠤᠴᠢᠨ ᠪᠠᠯᠭᠠᠰᠤᠨ ᠲᠤᠭᠤᠷᠢᠭ ᠢ ᠦᠭᠡᠷᠡᠴᠢᠯᠡᠨ ᠵᠠᠰᠠᠵᠤ᠂ ᠰᠢᠨ᠎ᠡ ᠲᠤᠭᠤᠷᠢᠭ ᠤᠨ ᠪᠦᠲᠤᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠡᠬᠢᠯᠡᠭᠦᠯᠤᠨ᠂ ᠪᠠᠯᠭᠠᠰᠤᠨ ᠲᠤᠭᠤᠷᠢᠭ ᠤᠨ ᠲᠠᠯᠠᠪᠠᠢ ᠶᠢ 5 ᠲᠡᠭᠰᠢ ᠲᠦᠷᠪᠡᠯᠵᠢᠨ ᠺᠢᠯᠤᠮᠧᠲᠷ ᠬᠦᠷᠲᠡᠯ᠎ᠡ ᠦᠷᠭᠡᠤᠨᠬᠡᠪᠡ᠂᠂ ᠪᠠᠯᠭᠠᠰᠤᠨ ᠲᠤᠭᠤᠷᠢᠭ ᠤᠨ ᠵᠠᠮ ᠤᠨ ᠶᠡᠷᠥᠩᠬᠡᠢ ᠤᠷᠲᠤ ᠨᠢ 21.9 ᠺᠢᠯᠤᠮᠧᠲᠷ ᠲᠤ ᠬᠦᠷᠪᠡ᠃ ᠲᠦᠪᠯᠡᠷᠡᠬᠦᠯᠣᠨ ᠢᠯᠴᠢ ᠬᠠᠩᠭᠠᠬᠤ ᠲᠠᠯᠠᠪᠠᠢ ᠨᠢ 75 ᠲᠦᠮᠡᠨ ᠲᠡᠭᠰᠢ ᠲᠦᠷᠪᠠᠯᠵᠢᠨ ᠮᠧᠲᠷ ᠲᠤ ᠬᠦᠷᠴᠣ᠂ ᠨᠣᠭᠤᠭᠤᠷᠠᠭᠤᠯᠣᠯᠲᠠ ᠶᠢᠨ ᠲᠠᠯᠠᠪᠠᠢ ᠨᠢ 13.3 ᠲᠦᠮᠡᠨ ᠲᠡᠭᠰᠢ ᠲᠦᠷᠪᠠᠯᠵᠢᠨ ᠮᠧᠲᠷ ᠰᠢᠨ᠎ᠡ ᠪᠠᠷ ᠨᠡᠮᠡᠭᠳᠠᠨ᠂ ᠨᠣᠭᠤᠭᠤᠷᠠᠭᠤᠯᠣᠯᠲᠠ ᠶᠢᠨ ᠨᠤᠷᠮ᠎ᠠ ᠨᠢ 30% ᠬᠦᠷᠪᠡ᠃ ᠪᠠᠯᠭᠠᠰᠤᠨ ᠲᠤᠭᠤᠷᠢᠭ ᠤᠨ ᠤᠰᠤ ᠬᠠᠩᠭᠠᠬᠤ ᠬᠤᠭᠤᠯᠠᠢ ᠶᠢ 5 ᠺᠢᠯᠤᠮᠧᠲᠷ ᠤᠷᠲᠤᠤᠨᠬᠠᠵᠤ᠂ ᠡᠲᠤᠷ ᠪᠦᠷᠢ ᠲᠤᠮᠲᠠᠴᠢ ᠪᠠᠷ ᠤᠰᠤ ᠬᠠᠩᠭᠠᠬᠤ ᠴᠢᠲᠠᠮᠵᠢ ᠨᠢ 800 ᠪᠤᠰᠤᠭ᠎ᠠ ᠲᠦᠷᠪᠠᠯᠵᠢᠨ ᠮᠧᠲᠷ ᠬᠦᠷᠲᠠᠯ᠎ᠡ ᠨᠡᠮᠡᠭᠲᠡᠪᠡ᠃ ᠪᠤᠵᠠᠷ ᠤᠰᠤ ᠰᠡᠢᠳᠪᠣᠷᠢᠯᠡᠬᠦ ᠤᠶᠢᠯᠡᠳᠪᠦᠷᠢ ᠶᠢ ᠪᠦᠲᠤᠭᠡᠨ ᠪᠠᠶᠢᠭᠤᠯᠵᠣ᠂ ᠡᠲᠤᠷ ᠪᠦᠷᠢ ᠶᠢᠨ ᠪᠤᠵᠠᠷ ᠤᠰᠤ ᠶᠢ ᠴᠡᠪᠠᠷᠯᠡᠬᠦ ᠴᠢᠲᠠᠮᠵᠢ ᠨᠢ 750 ᠲᠤᠨ ᠳᠤ ᠬᠦᠷᠪᠡ᠃ ᠬᠤᠲᠠ ᠪᠠᠯᠭᠠᠰᠤᠨ ᠤ ᠲᠠᠰ ᠢ ᠲᠡᠭᠡᠭᠰᠢᠯᠡᠬᠦᠯᠤᠨ 8 ᠴᠢᠨᠠᠷ ᠰᠠᠶᠢᠲᠠᠢ ᠤᠷᠤᠨ ᠰᠠᠭᠤᠴᠠ ᠶᠢᠨ ᠲᠤᠭᠤᠷᠢᠭ ᠢ ᠪᠦᠲᠤᠭᠡᠨ ᠪᠠᠶᠢᠭᠤᠯᠤᠨ᠂ 50 ᠲᠦᠮᠡᠨ ᠲᠡᠭᠰᠢ ᠲᠦᠷᠪᠠᠯᠵᠢᠨ ᠮᠧᠲᠷ ᠬᠤᠲᠤᠯᠲᠤᠭᠠᠨ ᠤ ᠲᠠᠯᠠᠪᠠᠢ ᠶᠢ ᠨᠡᠬᠡᠬᠡᠨ ᠠᠰᠢᠭᠯᠠᠵᠣ᠂ ᠡᠭᠦᠨ ᠤ ᠲᠤᠲᠤᠷ᠎ᠠ ᠬᠦᠳᠡᠭᠡ ᠠᠵᠣ ᠠᠬᠤᠢ ᠶᠢᠨ ᠪᠦᠳᠦᠬᠡᠭᠳᠡᠬᠦᠨ ᠤ ᠠᠷᠠᠯᠵᠢᠶᠠᠨ ᠤ ᠵᠠᠬ᠎ᠠ ᠲᠡᠯᠭᠡᠬᠦᠷ᠂ ᠮᠠᠰᠢᠨ ᠲᠡᠷᠭᠡᠨ ᠤ ᠠᠷᠠᠯᠵᠢᠶᠠᠠ ᠎ ᠤ ᠬᠤᠲᠠ ᠵᠡᠷᠬᠡ ᠵᠠᠰᠠᠭ ᠤᠨ ᠤᠷᠲᠤᠨ ᠤ ᠪᠣᠴᠠᠭᠠᠵᠤ ᠨᠡᠬᠦᠯᠬᠡᠬᠦ ᠢᠨᠵᠧᠨᠧᠷᠢᠩ ᠪᠤᠯᠬᠤ ᠲᠦᠷᠦᠯ ᠵᠦᠢᠯ ᠨᠢ ᠰᠡᠬᠦᠯ ᠬᠤᠷᠢᠶᠠᠬᠤ ᠱᠠᠲᠤᠨ ᠳᠠᠭᠠᠨ ᠤᠷᠤᠪᠠ᠃ ᠬᠤᠲᠠ ᠪᠠᠯᠭᠠᠰᠤᠨ ᠤ ᠬᠦᠭᠵᠢᠯᠳᠡ ᠶᠢᠨ ᠲᠤᠭᠲᠠᠯᠴᠠᠭ᠎ᠠ ᠦᠨᠳᠤᠰᠤᠨ ᠳᠤ ᠎ ᠪᠠᠨ ᠪᠦᠷᠢᠯᠳᠤᠵᠤ᠂ ᠪᠠᠯᠭᠠᠰᠤᠨ ᠲᠤᠭᠤᠷᠢᠭ ᠤᠨ ᠬᠦᠭᠵᠢᠯᠳᠡ ᠠᠩᠬ᠎ᠠ ᠠᠯᠬᠤᠮ ᠬᠡᠪᠴᠢᠶᠠᠵᠤ᠂ ᠰᠠᠭᠤᠷᠢ ᠲᠦᠬᠦᠭᠡᠷᠤᠮᠵᠢ ᠦᠨᠳᠤᠰᠤᠨ ᠳᠤ ᠪᠠᠨ ᠠᠪᠴᠡᠯᠳᠤᠵᠤ᠂ ᠬᠤᠲᠠ ᠪᠠᠯᠭᠠᠰᠤᠨ ᠤ ᠴᠢᠲᠠᠮᠵᠢ ᠡᠲᠤᠷ ᠠᠴᠠ ᠡᠲᠤᠷ ᠲᠡᠭᠦᠯᠳᠡᠷᠵᠢᠨ᠂ ᠪᠠᠯᠭᠠᠰᠤᠨ ᠲᠤᠭᠤᠷᠢᠭ ᠤᠨ ᠲᠦᠷᠢ ᠪᠠᠶᠢᠲᠠᠯ ᠮᠥᠨ ᠴᠢᠨᠠᠷ ᠤᠨ ᠬᠤᠪᠢᠷᠠᠯᠲᠠ ᠭᠠᠷᠪᠠ᠃      — — ᠲᠠᠷᠢᠶᠠᠯᠠᠩ ᠮᠠᠯᠵᠢᠯ ᠤᠨ ᠦᠢᠯᠡᠰ ᠳᠤᠨᠨᠲᠠᠭᠤᠨ ᠢᠶᠠᠷ ᠬᠦᠭᠵᠢᠪᠡ᠃ ᠪᠦᠬᠦ ᠪᠠᠯᠭᠠᠰᠤᠨ ᠤ ᠤᠷᠭᠤᠮᠡᠯ ᠎ ᠤᠨ ᠪᠦᠷᠬᠦᠪᠴᠢ ᠶᠢᠨ ᠨᠤᠷᠮ᠎ᠠ ᠨᠢ 93 %᠎ ᠳᠤ ᠬᠦᠷᠴᠤ ᠤᠢ ᠰᠢᠭᠤᠢ ᠶᠢᠨ ᠪᠦᠷᠬᠦᠴᠢ ᠶᠢᠨ ᠨᠤᠷᠮ᠎ᠠ ᠨᠢ 42 %᠎ ᠲᠤ ᠬᠦᠷᠴᠤ᠂ ᠲᠠᠷᠢᠶᠠᠨ ᠭᠠᠵᠠᠷ ᠤᠨ ᠶᠢᠨ ᠲᠠᠯᠠᠪᠠᠢ ᠨᠢ 14.4 ᠲᠦᠮᠡᠨ ᠮᠤ᠋ ᠳᠤ ᠬᠦᠷᠪᠡ᠃ ᠦᠵᠡᠰᠭᠦᠯᠡᠩᠲᠤ ᠬᠦᠳᠡᠭᠡ ᠲᠤᠰᠬᠤᠨ ᠤ ᠪᠦᠲᠤᠭᠡᠨ ᠪᠠᠶᠢᠭᠤᠯᠤᠯᠲᠠ ᠪᠤᠯᠤᠨ ᠤᠷᠴᠢᠨ ᠲᠤᠭᠤᠷᠢᠨ ᠢᠶᠠᠨ ᠴᠡᠭᠴᠡᠯᠡᠬᠦ ᠢᠨᠵᠧᠨᠧᠷᠢᠩ ᠎ ᠢᠶᠠᠷ ᠲᠠᠮᠵᠢᠨ ᠠᠶᠢᠯ ᠲᠤᠰᠬᠤᠨ ᠤ ᠬᠤᠶᠢᠰᠢᠲᠠ ᠶᠢᠨ ᠬᠠᠮᠢᠶᠠᠷᠤᠯᠲᠠ ᠶᠢᠨ ᠳᠦᠷᠢᠮ ᠢ ᠰᠦᠪᠡᠭᠴᠢᠯᠡᠨ ᠪᠠᠶᠢᠭᠤᠯᠵᠤ᠂ ᠦᠩᠬᠡᠷᠡᠭᠰᠡᠨ ᠤ ᠪᠤᠵᠠᠷ ᠪᠤᠬᠢ ᠲᠤᠰᠬᠤᠨ ᠨᠢ ᠤᠲᠤᠬᠢ ᠴᠡᠪᠡᠷ ᠲᠡᠭᠰᠢ ᠰᠢᠨ᠎ᠡ ᠬᠦᠲᠡᠭᠡ ᠲᠤᠰᠬᠤᠨ ᠢᠶᠠᠷ ᠤᠷᠤᠯᠠᠭᠤᠯᠤᠨᠨᠳᠠᠨ᠂ ᠡᠷᠤᠭᠡ ᠪᠤᠯᠭᠠᠨ ᠠᠶᠠᠲᠠᠢ ᠲᠤᠬᠢᠯᠢᠭ ᠭᠡᠷ ᠤᠷᠤᠨ ᠳᠤ ᠰᠠᠭᠤᠨ᠂ ᠰᠠᠨᠠᠭ᠎ᠠ ᠠᠮᠤᠷ ᠴᠠᠬᠢᠯᠭᠠᠨ ᠬᠡᠷᠡᠭᠯᠨᠨ᠂ ᠲᠦᠭᠡᠭᠡᠯ ᠤᠰᠤ ᠤᠤᠭᠤᠨ᠂ ᠰᠠᠷᠠᠭᠤᠯ ᠲᠡᠭᠰᠢ ᠵᠠᠮ ᠢᠶᠠᠷ ᠵᠠᠮᠨᠠᠨ᠂ ᠠᠷᠠᠳ ᠲᠤ ᠲᠦᠬᠦᠮ ᠦᠵᠡᠬᠦᠯᠬᠦ ᠭᠡᠲᠤ ᠲᠡᠯᠭᠡᠬᠦᠷ᠂ ᠡᠮᠨᠡᠯᠭᠡ ᠶᠢᠨ ᠦᠷᠤᠭᠡ᠂ ᠰᠤᠶᠤᠯ ᠤᠨ ᠲᠠᠰᠤᠭ᠂ ᠺᠢᠨᠣ᠋ ᠲᠧᠯᠸᠢᠰ ᠴᠢᠮᠡᠭᠡ ᠨᠠᠪᠲᠡᠷᠡᠬᠦᠯᠭᠡ ᠵᠠᠷᠭᠡ ᠪᠦᠬᠦ ᠭᠦᠳᠡᠭᠡ ᠳᠤᠰᠬᠤᠨ ᠳᠤ ᠲᠦᠬᠡᠮᠡᠯᠵᠢᠪᠡ᠃ ᠬᠦᠲᠡᠭᠡ ᠲᠤᠰᠬᠤᠨ ᠤ ᠨᠠᠰᠤᠲᠠᠶᠢᠴᠤᠤᠨ ᠤᠨ ᠲᠠᠭᠠᠤᠨᠬᠠᠯ ᠪᠤᠯᠤᠨ ᠡᠮ ᠡᠮᠨᠡᠯᠭᠡ ᠶᠢᠨ ᠲᠠᠭᠠᠳᠬᠠᠯ ᠤᠨ ᠲᠦᠬᠡᠮᠡᠯᠵᠢᠯ ᠤᠨ ᠨᠤᠷᠮ᠎ᠠ ᠲᠤᠰ ᠪᠦᠷᠢ 93.1 %  ᠪᠠ 93.3 %᠎ ᠳᠤ ᠬᠦᠷᠪᠡ᠃ ᠲᠠᠷᠢᠶᠠᠯᠠᠩ ᠮᠠᠯᠵᠢᠯ ᠤᠨ ᠲᠠᠯᠡᠪᠡᠢ 35 ᠭᠠᠵᠠᠷ᠂ ᠪᠠᠶᠠᠰᠤᠯᠲᠤ ᠲᠠᠷᠢᠶᠠᠴᠢᠨ ᠮᠠᠯᠴᠢᠨ ᠡᠷᠤᠭᠡ ᠶᠢᠨ ᠭᠠᠵᠠᠷ ᠢ 24 ᠪᠦᠲᠤᠭᠡᠨ ᠪᠠᠶᠢᠭᠤᠯᠵᠤ᠂ ᠮᠠᠯ ᠤᠨ ᠰᠠᠷᠠᠪᠴᠢ 1930 ᠰᠠᠭᠤᠷᠢ 11.6 ᠲᠦᠮᠡᠨ ᠲᠡᠭᠰᠢ ᠲᠦᠷᠪᠡᠯᠵᠢᠨ ᠮᠧᠲᠷ ᠢᠶᠠᠷ ᠦᠭᠡᠷᠡᠴᠢᠯᠡᠨ ᠪᠡᠶᠢᠭᠤᠯᠵᠤ᠂ ᠮᠠᠯ ᠤᠨ ᠲᠤᠭ᠎ᠠ ᠲᠤᠯᠤᠭᠠᠢ 14.8 ᠲᠦᠮᠡᠨ ᠲᠤᠯᠤᠭᠠᠢ ᠎ ᠳᠤ ᠬᠦᠷᠪᠡ᠂᠂ ᠬᠡᠪᠴᠢᠶᠡᠵᠢᠭᠰᠡᠨ ᠲᠠᠷᠢᠶᠠᠯᠠᠬᠤ ᠡᠷᠤᠭᠡ 79 ᠬᠦᠷᠪᠡ᠃ ᠤᠯᠠᠭᠠᠨ ᠲᠠᠷᠢᠶᠠᠯᠠᠩ ᠮᠠᠯᠵᠢᠯ ᠠᠵᠤ ᠠᠬᠤᠢ ᠶᠢᠨ ᠰᠠᠭᠤᠷᠢᠨ ᠭᠠᠵᠠᠷ ᠢᠶᠠᠷ ᠲᠤᠯᠤᠭᠠᠶᠢᠯᠠᠭᠤᠯᠤᠨᠨᠰᠠᠨ ᠬᠤᠨᠢ᠂ ᠮᠢᠬᠠᠨ ᠦᠭᠡᠷ᠂ ᠰᠠᠭᠠᠯᠢ ᠶᠢᠨ ᠦᠨᠢᠶ᠎ᠠ ᠎ ᠶᠢᠨ ᠠᠵᠢᠯ ᠤᠶᠢᠯᠡᠰ ᠤᠨ ᠬᠡᠯᠬᠢᠶ᠎ᠠ ᠪᠦᠷᠢᠯᠳᠤᠪᠡ᠃ ᠲᠤᠭᠠᠩ ᠤᠨ ᠤᠪᠤᠭ᠎ᠠ ᠭᠠᠴᠠᠭ᠎ᠠ᠂ ᠴᠠᠭᠠᠨᠠᠭᠤᠷ ᠭᠠᠴᠠᠭ᠎ᠠ ᠶᠢᠨ ᠴᠠᠭᠠᠨ ᠢᠲᠡᠭᠡ᠂ ᠦᠨᠲᠤᠰᠤᠲᠡᠨ ᠤ ᠢᠲᠡᠭᠡᠨ ᠢ ᠪᠤᠯᠪᠠᠰᠤᠷᠠᠭᠤᠯᠬᠤ ᠤᠶᠢᠯᠠᠰ᠂ ᠲᠤᠯᠤᠭᠠᠨ ᠠᠭᠤᠢ ᠲᠤᠰᠬᠤᠨ ᠤ ᠨᠠᠷᠢᠮᠤ ᠪᠤᠲᠠᠭ᠎ᠠ ᠪᠤᠯᠤᠨ ᠬᠠᠭᠤᠷᠠᠢ ᠴᠠᠶᠢᠲᠠᠮ ᠲᠤᠰᠬᠤᠨ ᠤ ᠪᠤᠷᠭᠠᠰᠤᠨ ᠬᠦᠷᠤᠮᠡᠯ ᠤᠨ ᠠᠵᠢᠯ ᠤᠶᠢᠯᠠᠰ ᠤᠨ ᠬᠦᠭᠵᠢᠯᠲᠡ ᠶᠠᠭ ᠪᠤᠵᠠᠭᠠᠶᠢᠷᠠᠵᠤ ᠪᠠᠶᠢᠨ᠎ᠠ᠃      — — ᠬᠦᠳᠡᠭᠡ ᠲᠣᠰᠬᠤᠨ ᠤ ᠵᠣᠭᠠᠴᠠᠯ ᠤᠨ ᠦᠢᠯᠡᠰ ᠠᠩᠬ᠎ᠠ ᠠᠯᠬᠤᠮ ᠤᠨ ᠦᠷ᠎ᠡ ᠪᠦᠳᠦᠮᠵᠢ ᠣᠯᠪᠠ᠃ ᠵᠣᠭᠠᠴᠠᠯ ᠤᠨ ᠦᠢᠯᠡᠰ ᠢᠶᠠᠷ ᠰᠢᠶᠠᠩ ᠪᠠᠯᠭᠠᠰᠣᠨ ᠤ ᠠᠵᠣ ᠠᠬᠤᠢ ᠶᠢᠨ ᠪᠦᠲᠦᠴᠡ ᠶᠢᠨ ᠲᠣᠬᠢᠷᠠᠭᠤᠯᠣᠯᠲᠠ ᠶᠢᠨ ᠰᠢᠪᠳᠥᠯᠥᠯᠲᠠ ᠶᠢᠨ ᠴᠡᠭ ᠪᠣᠯᠭᠠᠬᠤ ᠶᠢ ᠪᠠᠷᠢᠮᠲᠠᠯᠠᠵᠣ᠂ ᠪᠦᠬᠦ ᠪᠠᠯᠭᠠᠰᠣᠨ ᠤ ᠵᠣᠭᠠᠴᠠᠯ ᠤᠨ ᠦᠢᠯᠡᠰ ᠤᠨ ᠬᠦᠭᠵᠢᠯᠲᠡ ᠶᠢ ᠴᠢᠩᠬᠢᠰ ᠤᠨ ᠣᠩᠭᠤᠨ ᠤ ᠵᠣᠭᠠᠴᠠᠯ ᠤᠨ ᠲᠦᠯᠥᠪᠯᠡᠭᠡ ᠲᠠᠢ ᠣᠶᠠᠯᠳᠠᠭᠤᠯᠣᠨ ᠪᠦᠬᠦ ᠬᠦᠴᠣᠨ ᠢᠶᠠᠷ ᠎ ᠢᠶᠠᠨ ᠲᠦᠯᠬᠢᠨ ᠠᠬᠢᠭᠤᠯᠪᠠ᠃ ᠬᠠᠭᠤᠴᠢᠨ ᠡᠵᠡᠨ ᠬᠤᠷᠤᠭ᠎ᠠ ᠬᠤᠰᠢᠭᠤᠨ ᠤ ᠬᠤᠶᠠᠳᠣᠭᠠᠷ ᠳᠣᠮᠳᠠᠳᠣ ᠰᠣᠷᠭᠠᠭᠤᠯᠢ ᠎ ᠶᠢᠨ ᠰᠣᠷᠭᠠᠭᠤᠯᠢ ᠶᠢᠨ ᠬᠦᠷᠢᠶ᠎ᠡ ᠪᠠᠷ ᠠᠴᠢᠶᠠᠯᠠᠭᠴᠢ ᠪᠣᠯᠭᠠᠭᠰᠠᠨ ︽ᠨᠢᠬᠡ ᠬᠦᠷᠢᠶ᠎ᠡ᠂ ᠬᠤᠶᠠᠷ ᠲᠣᠭᠤᠷᠢᠭ᠂ ᠭᠤᠷᠪᠠᠨ ᠣᠷᠳᠣᠨ᠂ ᠭᠤᠷᠪᠠᠨ ᠰᠠᠭᠤᠷᠢᠨ ᠭᠠᠵᠠᠷ︾᠎ ᠤᠨ ᠰᠣᠷᠴᠣ ᠰᠣᠳᠣᠯᠬᠤ ᠮᠠᠶ᠋ᠢᠭ ᠤᠨ ᠵᠣᠭᠠᠴᠠᠯ ᠤᠨ ᠲᠦᠷᠥᠯ ᠵᠦᠢᠯ ᠤᠨ ᠪᠦᠳᠦᠬᠡᠨ ᠪᠠᠶᠢᠭᠤᠯᠣᠯᠲᠠ ᠶᠢ ᠣᠳᠣ ᠶᠠᠭ ᠪᠦᠬᠦ ᠬᠦᠴᠣᠨ ᠢᠶᠠᠷ ᠪᠡᠶᠡᠯᠡᠬᠦᠯᠵᠦ ᠪᠣᠢ᠃ ᠴᠠᠭᠠᠨ ᠴᠠᠶᠢᠳᠠᠮ ᠲᠣᠰᠬᠤᠨ ᠤ ᠵᠣᠭᠠᠴᠠᠯ ᠤᠨ ᠬᠦᠭᠵᠢᠯᠲᠡ ᠶᠢᠨ ᠲᠦᠰᠣᠯ ᠢ ᠵᠣᠬᠢᠶᠠᠨ ᠪᠢᠴᠢᠵᠣ᠂ ᠲᠠᠯ᠎ᠠ ᠨᠣᠳᠤᠭ ᠢᠶᠠᠷ ᠣᠨᠣᠵᠣ ᠠᠶᠠᠯᠠᠬᠤ ᠠᠶᠢᠮᠠᠭ ᠤᠨ ᠬᠦᠭᠵᠢᠯᠲᠡ ᠶᠢᠨ ᠪᠠᠶᠢᠷᠢᠯᠠᠯ ᠢ ᠲᠣᠭᠲᠠᠭᠠᠵᠣ᠂ ᠨᠡᠬᠦᠳᠡᠯᠴᠢᠨ ᠬᠡᠬᠡᠷᠯᠡᠨ ᠪᠠᠭᠤᠳᠠᠯᠯᠠᠬᠤ ᠭᠠᠵᠠᠷ᠂ ᠭᠤᠳᠣᠮᠵᠢᠨ ᠳᠠᠬᠢ ᠦᠨᠳᠦᠰᠦᠳᠡᠨ ᠤ ᠵᠠᠩ ᠦᠢᠯᠡ ᠶᠢᠨ ᠪᠠᠭᠤᠳᠠᠯ ᠤᠨ ᠲᠦᠷᠦᠯ ᠵᠦᠢᠯ ᠢ ᠡᠬᠦᠰᠬᠡᠨ ᠪᠠᠶᠢᠭᠤᠯᠵᠣ᠂ ᠨᠢᠬᠡ ᠪᠦᠯᠦᠭ ᠬᠦᠳᠡᠭᠡ ᠠᠶᠢᠯ ᠤᠨ ᠪᠠᠶᠠᠰᠣᠯ ᠪᠣᠯᠣᠨ ᠦᠨᠳᠤᠰᠤᠲᠡ ᠤ ᠵᠠᠩ ᠦᠢᠯᠡ ᠶᠢᠨ ᠪᠠᠭᠤᠳᠠᠯ ᠎ ᠢ ᠠᠰᠢᠭᠯᠠᠯᠲᠠ ᠳᠤ ᠤᠷᠤᠭᠤᠯᠤᠨ᠂ ᠬᠤᠶᠠᠷ ᠬᠤᠭᠤᠴᠠᠭᠠᠨ ᠤ ᠵᠣᠭᠠᠴᠠᠯ ᠤᠨ ᠰᠣᠶᠣᠯ ᠤᠨ ᠨᠠᠶᠢᠷ ᠪᠠ ᠣᠯᠠᠨ ᠣᠳᠠᠭᠠᠨ ᠤ ᠶᠠᠪᠠᠭᠠᠨ ᠠᠶᠠᠯᠠᠯ᠂ ᠲᠣᠭᠤᠢ ᠲᠡᠷᠬᠡᠨ ᠤ ᠠᠶᠠᠯᠠᠯ᠂ ᠵᠢᠭᠠᠰᠣ ᠬᠦᠬᠢᠳᠡᠬᠦ᠂ ᠰᠣᠷᠴᠣ ᠰᠣᠳᠣᠯᠬᠤ ᠵᠡᠷᠬᠡ ᠰᠢᠷᠢᠰ ᠠᠵᠢᠯᠠᠭ᠎ᠠ ᠶᠢ ᠠᠮᠵᠢᠯᠲᠠᠲᠠᠢ ᠬᠠᠷᠢᠭᠤᠴᠠᠨ ᠡᠷᠬᠢᠯᠡᠵᠣ᠂ ᠨᠡᠶᠢᠲᠡ 4.8 ᠲᠦᠮᠡᠨ ᠬᠦᠮᠣᠨ ᠣᠳᠠᠭ᠎ᠠ ᠶᠢᠨ ᠵᠣᠭᠠᠴᠠᠭᠰᠠᠳ ᠢ ᠬᠦᠯᠢᠶᠡᠨ ᠠᠪᠴᠠᠢ᠃      — — ᠨᠠᠮ ᠤᠨ ᠪᠦᠲᠦᠬᠡᠨ ᠪᠠᠶᠢᠭᠤᠯᠣᠯᠲᠠ ᠶᠢᠨ ᠠᠵᠢᠯ ᠯᠠᠪᠳᠠᠭᠤᠨ ᠪᠠᠲᠣᠲᠠᠢ ᠠᠮᠵᠢᠯᠲᠠ ᠣᠯᠪᠠ᠃ ᠵᠠᠰᠠᠭ ᠪᠠᠯᠭᠠᠰᠣ ᠦᠨᠳᠦᠰᠣᠨ ᠱᠠᠲᠣᠨ ᠤ ᠨᠠᠮ ᠤᠨ ᠪᠦᠲᠦᠬᠡᠨ ᠪᠠᠶᠢᠭᠤᠯᠣᠯᠲᠠ ᠶᠢᠨ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠣ᠂ ᠪᠠᠷᠢᠮᠵᠢᠶᠠᠵᠢᠭᠰᠠᠨ ᠲᠣᠰᠬᠤᠨ ᠤ ᠠᠵᠢᠯᠯᠠᠭᠠᠨ ᠤ ᠲᠠᠰᠤᠭ ᠢ 27 ᠪᠠᠶᠢᠭᠤᠯᠵᠣ᠂ ᠨᠡᠶᠢᠬᠡᠮ ᠲᠣᠭᠤᠷᠢᠭ ᠤᠨ ᠬᠦᠳᠡᠯᠬᠡᠬᠡᠨ ᠤ ᠲᠠᠰᠤᠭ ᠢ 3 ᠪᠠᠶᠢᠭᠤᠯᠵᠣ᠂ ︽532︾ ᠠᠵᠢᠯᠯᠠᠬᠤ ᠠᠷᠭ᠎ᠠ ᠮᠠᠶ᠋ᠢᠭ᠂ ︽ᠲᠦᠷᠪᠡᠨ ᠡᠷᠬᠡ ᠲᠦᠷᠪᠡᠨ ᠲᠦᠷᠢᠮ ᠭᠤᠷᠪᠡᠨ ᠬᠢᠨᠡᠯᠲᠠ︾᠂ ᠲᠣᠰᠬᠤᠨ ᠤ ᠢᠷᠭᠡᠳ ᠤᠨ ᠲᠦᠯᠦᠬᠡᠯᠡᠭᠴᠢᠳ ᠤᠨ ᠶᠡᠭᠡ ᠬᠤᠷᠠᠯ ᠵᠡᠷᠬᠡ ᠲᠣᠰᠬᠤᠨ ᠢ ᠵᠠᠰᠠᠬᠤ ᠰᠢᠨ᠎ᠡ ᠠᠷᠭ᠎ᠠ ᠬᠡᠯᠪᠡᠷᠢ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠣ᠂ ᠲᠣᠰᠬᠤᠨ ᠤ ᠲᠡᠰ ᠤᠨ ᠠᠷᠳᠴᠢᠯᠠᠭᠰᠠᠨ ᠣᠯᠣᠰ ᠲᠦᠷᠣ ᠶᠢᠨ ᠪᠦᠲᠦᠬᠡᠨ ᠪᠠᠶᠢᠭᠤᠯᠣᠯᠲᠠ ᠶᠢᠨ ᠠᠬᠢᠴᠠ ᠶᠢ ᠲᠦᠷᠭᠡᠳᠬᠡᠪᠡ᠃ ︽ᠣᠳᠣᠨ ᠲᠡᠰ ᠤᠨ ᠰᠢᠯᠭᠠᠨ ᠲᠣᠭᠲᠠᠭᠠᠯᠲᠠ︾᠎ ᠶᠢᠨ ᠬᠠᠮᠢᠶᠠᠷᠣᠯᠲᠠ ᠶᠢᠨ ᠠᠷᠭ᠎ᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠪᠠ᠃ ︽ᠨᠠᠮ ᠤᠨ ᠡᠬᠦᠷ + ᠺᠣᠮᠫᠠᠨᠢ + ᠠᠶᠢᠯ ᠡᠷᠣᠬᠡ︾ ᠮᠠᠶ᠋ᠢᠭ ᠤᠨ ᠬᠦᠭᠵᠢᠯᠲᠠ ᠎ ᠶᠢᠨ ᠠᠷᠭ᠎ᠠ ᠶᠢᠨ ᠲᠠᠶᠢᠴᠢᠯᠠᠯᠲᠠ ᠲᠣᠣᠷ᠎ᠠ᠂ ᠨᠢᠬᠡᠨᠲᠡ 27 ᠬᠦᠳᠡᠯᠮᠦᠷᠢ ᠦᠢᠯᠡᠴᠢᠯᠡᠬᠡᠨ ᠤ ᠺᠣᠮᠫᠠᠨᠢ ᠬᠦᠭᠵᠢᠨ ᠪᠣᠵᠠᠭᠠᠶᠢᠷᠠᠪᠠ᠃ ︽ᠣᠳᠣᠷᠢᠳᠣᠯᠭ᠎ᠠ ᠬᠡᠰᠡᠭ ᠣᠷᠣᠨ ᠢ ᠲᠠᠭᠠᠭᠠᠴᠢᠯᠠᠬᠤ᠂ ᠰᠠᠯᠪᠣᠷᠢ ᠪᠠᠶᠢᠭᠤᠯᠭ᠎ᠠ ᠠᠴᠠ ᠲᠣᠰᠬᠤᠨ ᠲᠠᠭᠠᠭᠠᠴᠢᠯᠠᠬᠤ᠂ ᠺᠠᠳ᠋ᠷ ᠠᠴᠠ ᠡᠷᠣᠬᠡ ᠲᠠᠭᠠᠭᠠᠴᠢᠯᠠᠬᠤ︾ ᠠᠵᠢᠯ ᠤᠨ ᠬᠡᠯᠪᠡᠷᠢ ᠶᠢ ᠦᠷᠬᠦᠯᠵᠢᠯᠡᠨ ᠲᠦᠯᠬᠢᠨ ᠬᠡᠷᠡᠭᠵᠢᠬᠦᠯᠵᠤ᠂ ︽ᠬᠠᠶᠢᠷ᠎ᠠ ᠰᠡᠳᠬᠢᠯᠬᠡ ᠪᠠᠨ ᠣᠯᠠᠨ ᠲᠦᠮᠡᠨ ᠲᠠᠢ ᠬᠤᠯᠪᠣᠵᠤ᠂ ᠬᠦᠴᠣᠨ ᠴᠢᠷᠮᠠᠶᠢᠯᠭ᠎ᠠ ᠪᠠᠨ ᠬᠦᠴᠢᠷᠳᠡᠯᠲᠠᠢ ᠣᠷᠣᠨ ᠲᠡᠭᠡᠷ᠎ᠡ ᠲᠦᠪᠯᠡᠷᠡᠬᠦᠯᠵᠣ᠂ ᠣᠷᠣᠭᠤᠯᠣᠯᠲᠠ ᠵᠠᠷᠣᠴᠠᠭᠤᠯᠭ᠎ᠠ ᠪᠠᠨ ᠶᠠᠳᠠᠭᠤ ᠭᠠᠴᠠᠭ᠎ᠠ ᠲᠣᠰᠬᠤᠨ ᠵᠦᠭ ᠬᠡᠯᠪᠡᠶᠢᠯᠬᠡᠨ᠂ ᠰᠠᠯᠪᠣᠷᠢ ᠪᠠᠶᠢᠭᠤᠯᠭ᠎ᠠ ᠠᠴᠠ ᠦᠨᠳᠦᠰᠣᠨ ᠱᠠᠲᠣᠨ ᠳᠤ ᠬᠦᠢᠵᠡᠬᠡᠶᠢᠷᠡᠬᠦ︾ ᠮᠠᠯᠵᠢᠯ ᠲᠠᠷᠢᠶᠠᠯᠠᠩ᠂ ᠬᠦᠳᠡᠭᠡ ᠲᠣᠰᠬᠤᠨ᠂ ᠮᠠᠯᠴᠢᠨ ᠲᠠᠷᠢᠶᠠᠴᠢᠨ ᠳᠤ ᠦᠢᠯᠡᠴᠢᠯᠡᠬᠦ ᠪᠠᠶᠢᠩᠭᠤ ᠶᠢᠨ ᠲᠣᠭᠴᠠᠯᠴᠠᠭ᠎ᠠ ᠶᠢ ᠪᠦᠷᠢᠯᠳᠤᠭᠦᠯᠪᠡ᠃ ︽ᠬᠤᠶᠠᠷ ᠢ ᠰᠣᠷᠴᠣ ᠬᠢᠷᠢ ᠲᠡᠩᠴᠡᠭᠰᠡᠨ ᠨᠠᠮ ᠤᠨ ᠬᠡᠰᠢᠬᠦᠨ ᠪᠣᠯᠬᠤ︾ ᠠᠵᠢᠯᠯᠠᠭᠠᠨ ᠢ ᠬᠦᠨᠵᠡᠬᠡᠢ ᠦᠷᠨᠢᠬᠦᠯᠬᠦ ᠶᠢᠨ ᠬᠠᠮᠲᠤ ︽ᠵᠢᠱᠢᠶᠡᠴᠢ ᠠᠵᠢᠯᠯᠠᠭᠠᠨ︾ ︵ᠵᠢᠱᠢᠶᠡᠴᠢ ᠠᠵᠢᠯᠯᠠᠭᠠᠨ ᠤ ᠮᠦᠨ ᠴᠢᠨᠠᠷ ᠪᠣᠯ ᠲᠠᠷᠣᠢ ᠵᠣᠬᠢᠶᠠᠨ ᠪᠠᠶᠢᠭᠤᠯᠣᠯᠲᠠ ᠠᠴᠠ ᠣᠯᠠᠨ ᠲᠦᠮᠡᠨ ᠢ ᠲᠠᠶᠢᠴᠢᠯᠠᠨ ᠬᠠᠮᠲᠣ ᠪᠠᠷ ᠬᠦᠭᠵᠢᠯᠲᠠ ᠶᠢᠨ ᠠᠷᠭ᠎ᠠ ᠰᠦᠪᠡᠭᠴᠢᠯᠡᠬᠦ᠂ ᠣᠳᠣᠷᠢᠳᠬᠤ ᠪᠠᠭ ᠠᠴᠠ ᠺᠠᠳ᠋ᠷᠴᠣᠳ ᠢ ᠲᠠᠶᠢᠴᠢᠯᠠᠨ ᠠᠵᠢᠯ ᠬᠢᠵᠣ ᠦᠢᠯᠡᠰ ᠪᠣᠰᠬᠠᠬᠤ᠂ ᠺᠠᠳ᠋ᠷᠴᠣᠳ ᠠᠴᠠ ᠡᠷᠦᠬᠡ ᠶᠢ ᠲᠠᠶᠢᠴᠢᠯᠠᠨ ᠶᠠᠳᠠᠭᠤ ᠠᠴᠠ ᠠᠩᠬᠢᠵᠢᠷᠠᠨ ᠴᠢᠨᠡᠬᠡᠯᠢᠭᠵᠢᠯ ᠤᠨ ᠵᠠᠮ ᠳᠤ ᠣᠷᠣᠬᠤ᠂ ᠲᠡᠷᠢᠬᠦᠨ ᠠᠴᠠ ᠬᠤᠴᠣᠷᠬᠠᠳᠠᠮᠠᠯ ᠢ ᠲᠠᠶᠢᠴᠢᠯᠠᠨ ᠬᠠᠮᠲᠣ ᠪᠠᠷ ᠲᠠᠪᠰᠢᠬᠤ︶᠎ ᠲᠠᠢ ᠣᠶᠠᠯᠳᠠᠭᠤᠯᠣᠨ᠂ ᠦᠨᠳᠣᠰᠣᠨ ᠱᠠᠲᠣᠨ ᠤ ᠨᠠᠮ ᠤᠨ ᠵᠣᠬᠢᠶᠠᠨ ᠪᠠᠶᠢᠭᠤᠯᠣᠯᠲᠠ ᠶᠢᠨ ᠠᠮᠢᠵᠢᠷᠠᠯ᠂ ᠨᠢᠭᠲᠠᠷᠠᠯ ᠪᠠ ᠪᠠᠶᠢᠯᠳᠣᠬᠤ ᠬᠦᠴᠦᠨ ᠢ ᠣᠯᠠᠮ ᠨᠢᠬᠡ ᠠᠯᠬᠤᠮ ᠪᠠᠳᠠᠷᠠᠭᠤᠯᠣᠨ᠂ ᠨᠠᠮ ᠤᠨ ᠬᠡᠰᠢᠭᠦᠨ ᠺᠠᠳ᠋ᠷᠴᠣᠳ ᠤᠨ ᠬᠠᠷᠢᠭᠤᠴᠠᠯᠭᠠᠲᠣ ᠣᠬᠠᠮᠰᠠᠷ᠂ ᠲᠦᠷᠢᠮᠴᠢ ᠣᠬᠠᠮᠰᠠᠷ ᠢ ᠰᠡᠩᠬᠡᠷᠡᠬᠦᠯᠦᠨ᠂ ᠦᠷᠬᠡᠨ ᠣᠯᠠᠨ ᠺᠠᠳ᠋ᠷ ᠠᠵᠢᠯᠲᠠᠳ ᠤᠨ ᠠᠵᠢᠯ ᠬᠢᠵᠣ ᠦᠢᠯᠡᠰ ᠪᠣᠰᠬᠠᠬᠤ ᠴᠤᠭ ᠵᠢᠪᠬᠤᠭ᠎ᠠ ᠶᠢ ᠲᠠᠶᠢᠴᠢᠯᠠᠵᠤ᠂ ᠢᠳᠡᠪᠬᠢ ᠲᠡᠬᠦᠯᠳᠡᠷ ᠣᠪᠣᠷ ᠢᠶᠠᠷ ᠶᠠᠳᠠᠭᠤ ᠶᠢ ᠲᠡᠳᠬᠦᠬᠦ᠂ ᠦᠵᠡᠰᠬᠦᠯᠡᠩᠲᠣ ᠬᠦᠳᠡᠭᠡ ᠲᠣᠰᠬᠤᠨ ᠢ ᠪᠦᠲᠦᠬᠡᠨ ᠪᠠᠶᠢᠭᠤᠯᠬᠤ᠂ ᠠᠵᠣ ᠦᠢᠯᠡᠰ ᠤᠨ ᠬᠦᠭᠵᠢᠯᠲᠡ ᠪᠠ ᠪᠦᠲᠣᠴᠡ ᠶᠢ ᠰᠢᠯᠢᠳᠡᠭᠵᠢᠬᠦᠯᠬᠦ ᠵᠡᠷᠬᠡ ᠴᠢᠬᠤᠯᠠ ᠶᠡᠭᠡ ᠠᠵᠢᠯ ᠤᠨ ᠲᠣᠮᠳᠠ ᠣᠷᠣᠯᠴᠠᠵᠣ᠂ ᠨᠠᠮ ᠤᠨ ᠢᠪᠡᠬᠡᠯ ᠪᠣᠶᠠᠨᠰᠠᠭ ᠲᠦᠷᠤ ᠎ ᠶᠢᠨ ᠪᠣᠳᠣᠯᠭ᠎ᠠ ᠶᠢ ᠪᠣᠲᠠᠲᠠᠢ  ᠨᠠᠶᠢᠳᠠᠪᠤᠷᠢᠵᠢᠭᠤᠯᠤᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号