ᠬᠤᠨᠢᠴᠢᠨ ᠭᠤᠤᠯ ᠪᠠᠯᠭᠠᠰᠤ
ᠨᠡᠶᠢᠲᠡᠯᠡᠭᠰᠡᠨ ᠴᠠᠭ᠄
2018-04-20
    ᠬᠤᠨᠢᠴᠢᠨ ᠭᠤᠤᠯ᠂ ᠡᠵᠡᠨ ᠬᠤᠷᠤᠭ᠎ᠠ ᠬᠤᠰᠢᠭᠤᠨ ᠤ ᠪᠠᠷᠠᠭᠤᠨ ᠬᠡᠰᠡᠭ ᠲᠤ ᠪᠠᠶᠢᠷᠢᠯᠠᠵᠤ᠂ ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠤᠨ ᠦᠢᠯᠡᠰ ᠤᠨ ᠲᠤᠮᠤ ᠪᠠᠯᠭᠠᠰᠤ ᠪᠤᠯᠤᠨ᠎ᠠ᠃ ᠪᠠᠷᠠᠭᠤᠨ ᠬᠤᠶᠢᠳᠤ ᠲᠠᠯ᠎ᠠ ᠪᠠᠷ ᠢᠶᠠᠨ ᠦᠤᠰᠢᠨ ᠬᠤᠰᠢᠭᠤ᠂ ᠬᠠᠩᠭᠢᠨ ᠬᠤᠰᠢᠭᠤ ᠲᠠᠢ ᠬᠢᠯᠢ ᠨᠡᠶᠢᠯᠡᠵᠦ᠂ ᠵᠡᠬᠦᠨ ᠪᠠ ᠡᠮᠦᠨ᠎ᠡ ᠲᠠᠯ᠎ᠠ ᠨᠢ ᠰᠤᠪᠤᠷᠭ᠎ᠠ ᠪᠠᠯᠭᠠᠰᠤ᠂ ᠡᠵᠡᠨ ᠬᠤᠷᠤᠭ᠎ᠠ ᠪᠠᠯᠭᠠᠰᠤ᠂ ᠵᠠᠰᠠᠭ ᠪᠠᠯᠭᠠᠰᠤ ᠲᠠᠢ ᠵᠠᠬ᠎ᠠ ᠨᠡᠶᠢᠯᠡᠵᠦ ᠪᠠᠶᠢᠳᠠᠭ᠃ ᠪᠦᠬᠦ ᠪᠠᠯᠭᠠᠰᠤᠨ ᠤ ᠶᠡᠷᠦᠩᠬᠡᠢ ᠲᠠᠯᠠᠪᠠᠢ ᠨᠢ 1000 ᠲᠡᠭᠰᠢ ᠲᠦᠷᠪᠡᠯᠵᠢᠨ ᠺᠢᠯᠤᠮᠧᠲᠷ᠂ 28 ᠵᠠᠰᠠᠭ ᠵᠠᠬᠢᠷᠭᠠᠨ ᠤ ᠲᠤᠰᠬᠤᠨ ᠪᠠ 1 ᠨᠡᠬᠦᠳᠡᠯ ᠠᠷᠠᠳ ᠤᠨ ᠲᠤᠭᠤᠷᠢᠭ ᠲᠠᠢ᠂ 185 ᠲᠤᠰᠬᠤᠨ ᠤ ᠠᠷᠠᠳ ᠤᠨ ᠲᠤᠭᠤᠶᠢᠯᠠᠩ ᠪᠠᠶᠢᠵᠤ᠂  28079 ᠬᠦᠮᠦᠨ ᠠᠮᠠ ᠲᠠᠢ᠃ ᠪᠦᠬᠦ ᠪᠠᠯᠭᠠᠰᠤᠨ ᠳᠤ 2 ᠡᠷᠡᠬᠦᠯ ᠬᠠᠮᠠᠭᠠᠯᠠᠯ ᠤᠨ ᠬᠦᠷᠢᠶᠡᠯᠡᠩ᠂ 2 ᠪᠠᠭ᠎ᠠ ᠰᠤᠷᠭᠠᠭᠤᠯᠢ᠂ 2 ᠬᠡᠤᠬᠡᠳ ᠤᠨ ᠴᠡᠴᠡᠷᠯᠢᠭ ᠲᠠᠢ᠃ ᠪᠦᠬᠦ ᠪᠠᠯᠭᠠᠰᠤᠨ ᠤ ᠶᠡᠷᠦᠩᠬᠡᠢ ᠲᠠᠷᠢᠶᠠᠨ ᠭᠠᠵᠠᠷ ᠤᠨ ᠲᠠᠯᠠᠪᠠᠢ ᠨᠢ 11 ᠲᠦᠮᠡᠨ ᠮᠤ᠋᠂ ᠤᠶᠢᠳᠤ ᠭᠠᠵᠠᠷ 68 ᠲᠦᠮᠡᠨ ᠮᠤ᠋᠃ ᠬᠤᠨᠢᠴᠢᠨ ᠭᠤᠤᠯ ᠪᠠᠯᠭᠠᠰᠤ ᠡᠳ᠋ ᠪᠠᠷᠠᠭ᠎ᠠ ᠡᠬᠢ ᠪᠠᠶᠠᠯᠢᠭ ᠎ ᠢᠶᠠᠷ ᠡᠯᠪᠡᠭ᠂ ᠵᠠᠮ ᠬᠠᠷᠢᠯᠴᠠᠭ᠎ᠠ ᠲᠦᠬᠦᠮ ᠲᠦᠳᠡ᠂ ᠳ᠋ᠦᠩᠱᠧᠩ ᠠᠴᠠ ᠦᠬᠠᠢ ᠬᠦᠷᠬᠦ ᠲᠡᠮᠦᠷ ᠵᠠᠮ ᠤᠨ ᠲᠠᠭᠠᠤ ᠎ ᠳᠤ ᠪᠠᠶᠢᠵᠤ᠂ ᠦᠬᠠᠢ ᠠᠴᠠ ᠠᠯᠳᠠᠨᠰᠢᠷᠡᠭᠡ ᠬᠦᠷᠬᠦ ᠱᠤᠭᠤᠮ᠂ ᠠᠯᠳᠠᠨᠰᠢᠷᠡᠭᠡ ᠠᠴᠠ ᠲᠦᠴᠢᠨ ᠭᠠᠵᠠᠷ ᠤᠨ ᠰᠢᠯᠢ ᠬᠦᠷᠬᠦ ᠱᠤᠭᠤᠮ᠂ ᠠᠨ ᠨᠠ ᠱᠤᠭᠤᠮ ᠨᠢ ᠬᠢᠯᠢ ᠪᠠᠷ ᠦᠩᠬᠡᠷᠡᠵᠦ᠂ ᠪᠦᠬᠦ ᠪᠠᠯᠭᠠᠰᠤᠨ ᠤ ᠬᠠᠶᠢᠷ ᠴᠢᠯᠠᠭᠤᠨ ᠵᠠᠮ ᠎ ᠤᠨ ᠲᠡᠷᠬᠡ ᠨᠡᠪᠳᠡᠷᠡᠬᠦ ᠤᠷᠳᠤ ᠨᠢ 239 ᠺᠢᠯᠤᠮᠧᠲᠷ᠂ ᠵᠠᠰᠠᠮᠠᠯ ᠵᠠᠮ 345 ᠺᠢᠯᠤᠮᠧᠲᠷ᠂ ᠬᠠᠷᠢᠶᠠᠨ ᠳᠤ ᠬᠤᠯᠪᠤᠭ᠎ᠠ ᠨᠡᠪᠳᠡᠷᠡᠯᠴᠡᠭᠡ ᠶᠢ ᠪᠦᠬᠦᠨ ᠢ ᠪᠦᠷᠬᠦᠬᠦᠯᠪᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号