ᠨᠠᠷᠢᠨᠳᠣᠬᠤᠢ  ᠪᠠᠯᠭᠠᠰᠤ
ᠨᠡᠶᠢᠲᠡᠯᠡᠭᠰᠡᠨ ᠴᠠᠭ᠄
2018-04-20
     ᠨᠠᠷᠢᠨᠳᠤᠬᠤᠢ ᠪᠠᠯᠭᠠᠰᠤ ᠡᠵᠡᠨ ᠬᠤᠷᠤᠭ᠎ᠠ ᠬᠤᠰᠢᠭᠤᠨ ᠤ ᠵᠡᠭᠦᠨ ᠡᠮᠦᠨᠡᠲᠦ ᠭᠡᠰᠡᠭ ᠲᠤ ᠪᠠᠶᠢᠷᠢᠯᠠᠵᠤ᠂ 2005 ᠤᠨ ᠤ 11 ᠰᠠᠷ᠎ᠠ ᠳᠤ  ᠤᠤᠯ ᠤᠨ ᠨᠠᠷᠢᠨᠳᠣᠬᠤᠢ ᠪᠠᠯᠭᠠᠰᠤ ᠪᠤᠯᠤᠨ ᠲᠤᠬᠤᠢ ᠶᠢᠨ ᠵᠤᠤ ᠪᠠᠯᠭᠠᠰᠤ ᠪᠠᠷ ᠨᠡᠶᠢᠯᠡᠨ  ᠪᠦᠷᠢᠯᠳᠦᠵᠦ᠂ ᠠᠯᠪᠠᠨ ᠤ ᠭᠠᠵᠠᠷ ᠨᠢ ᠤᠤᠯ ᠤᠨ ᠲᠤᠬᠤᠢ ᠶᠢᠨ ᠵᠤᠤ ᠪᠠᠯᠭᠠᠰᠤᠨ ᠳᠤ  ᠪᠠᠶᠢᠷᠢᠯᠠᠪᠠ᠂ ᠵᠡᠭᠦᠨ ᠡᠮᠤᠨ᠎ᠡ ᠲᠠᠯ᠎ᠠ ᠪᠠᠷ ᠢᠶᠠᠨ ᠱᠠᠨᠰᠢ ᠮᠤᠵᠢ ᠶᠢᠨ ᠹᠦ᠋ ᠭᠦ᠋ ᠰᠢᠶᠠᠨ ᠪᠤᠯᠤᠨ ᠱᠧᠨ ᠮᠦ ᠰᠢᠶᠠᠨ ᠲᠠᠢ ᠵᠠᠬ᠎ᠠ ᠨᠡᠶᠢᠯᠡᠵᠤ᠂ ᠵᠡᠭᠦᠨ ᠬᠤᠶᠢᠳᠤ ᠪᠡᠶ᠎ᠡ ᠪᠠᠷ ᠢᠶᠠᠨ ᠵᠡᠭᠦᠨᠭᠠᠷ ᠬᠤᠰᠢᠭᠤ ᠪᠤᠯᠤᠨ ᠳ᠋ᠦᠩᠱᠧᠩ ᠲᠤᠭᠤᠷᠢᠭ ᠲᠠᠢ ᠵᠠᠬ᠎ᠠ ᠨᠡᠶᠢᠯᠡᠳᠡᠭ᠃ ᠪᠥᠬᠦ  ᠪᠠᠯᠭᠠᠰᠤ ᠨᠢ ᠨᠡᠶᠢᠲᠡ16 ᠵᠠᠰᠠᠭ ᠵᠠᠬᠢᠷᠭᠠᠨ ᠤ ᠲᠤᠰᠬᠤᠨ᠂ 117 ᠬᠤᠷᠰᠢᠶ᠎ᠠ ᠲᠠᠢ᠃ ᠶᠡᠷᠦᠩᠬᠡᠢ ᠲᠠᠯᠠᠪᠠᠢ ᠨᠢ 768.56  ᠲᠡᠭᠰᠢ ᠳᠦᠷᠪᠡᠯᠵᠢᠨ ᠺᠢᠯᠤᠮᠧᠲᠷ᠂ ᠪᠦᠬᠦ ᠪᠠᠯᠭᠠᠰᠤᠨ ᠤ ᠶᠡᠷᠦᠩᠬᠡᠢ ᠬᠦᠮᠦᠨ ᠠᠮᠠ ᠶᠢᠨ ᠲᠤᠭ᠎ᠠ ᠨᠢ 4.2  ᠲᠦᠮᠡ᠂ ᠡᠷᠤᠬᠡ ᠠᠮᠠ ᠳᠤ ᠳᠠᠩᠰᠠᠯᠠᠭᠰᠠ ᠬᠦᠮᠦᠨ ᠠᠮᠠ ᠨᠢ 1.7 ᠲᠦᠮᠡ᠂ ᠴᠥᠭᠡᠨ ᠲᠣᠭᠠᠲᠤ ᠦᠨᠳᠦᠰᠦᠲᠡᠨ ᠨᠢ 936 ᠬᠦᠮᠥᠨ ᠪᠠᠶᠢᠪᠠ᠃ ᠪᠠᠯᠭᠠᠰᠦᠨ ᠳᠤ ᠨᠡᠭᠦᠷᠡᠰᠦᠨ ᠤ ᠡᠬᠢ ᠪᠠᠶᠠᠯᠢᠭ ᠡᠯᠪᠡᠭ ᠲᠡᠯᠪᠡᠭ᠂ ᠨᠡᠶᠢᠲᠡᠯᠢᠭ ᠴᠢᠨᠠᠷ ᠪᠦᠬᠦᠢ ᠠᠵᠤ ᠤᠶᠢᠯᠡᠰ ᠤᠨ ᠠᠭᠤᠷᠬᠠᠢ ᠶᠢᠨ ᠤᠷᠤᠨ ᠪᠤᠯᠤᠨ᠎ᠠ᠃ ᠦᠢᠯᠡᠳᠪᠦᠷᠢ ᠠᠭᠤᠷᠬᠠᠢ ᠶᠢᠨ ᠠᠵᠤ ᠦᠢᠯᠡᠰ ᠨᠢ 58 ᠡᠷᠤᠬᠡ ᠪᠠᠶᠢᠵᠤ᠂ ᠡᠭᠦᠨ ᠤ ᠲᠤᠲᠤᠷ᠎ᠠ ᠨᠡᠭᠦᠷᠡᠰᠦᠨ ᠠᠭᠤᠷᠬᠠᠢ 50 ᠡᠷᠤᠬᠡ᠂ ᠴᠠᠬᠢᠯᠭᠠᠨ ᠦᠢᠯᠡᠳᠪᠦᠷᠢ 2 ᠡᠷᠦᠬᠡ᠂ ᠪᠣᠰᠣᠳ ᠠᠵᠤ ᠦᠢᠯᠡᠰ 6 ᠡᠷᠤᠬᠡ᠂ ᠪᠠᠰᠠ 18 ᠲᠣᠰᠣ ᠨᠡᠮᠡᠬᠦ ᠦᠷᠲᠡᠭᠡ ᠲᠠᠢ᠃      ᠥᠢᠷ᠎ᠠ ᠶᠢᠨ ᠵᠢᠯ ᠤᠳ ᠠᠴᠠ ᠨᠠᠷᠢᠨᠳᠣᠬᠤᠢ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠨᠢ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠵᠦᠪ ᠤᠨᠤᠪᠴᠢᠲᠠᠢ ᠤᠳᠤᠷᠢᠳᠤᠯᠭ᠎ᠠ ᠲᠤᠤᠷ᠎ᠠ᠂ ᠪᠦᠯᠬᠦᠮᠳᠡᠨ ᠨᠢᠭᠲᠠᠷᠠᠵᠤ ᠪᠠᠯᠭᠠᠰᠤᠨ ᠤ ᠪᠠᠨ ᠡᠯ᠎ᠡ ᠦᠨᠳᠦᠰᠦᠲᠡᠨ ᠤ ᠠᠷᠠᠳ ᠲᠦᠮᠡᠨ ᠢ ᠳᠠᠶᠢᠴᠢᠯᠠᠨ᠂ ᠪᠦᠬᠦ ᠬᠦᠴᠦᠨ ᠢᠶᠠᠷ ᠢᠶᠠᠨ ᠪᠠᠯᠭᠠᠰᠤᠨ ᠤ ᠪᠠᠨ ᠠᠵᠤ ᠠᠬᠤᠢ ᠨᠡᠶᠢᠭᠡᠮ ᠤᠨ ᠪᠦᠬᠦ ᠲᠠᠯ᠎ᠠ ᠶᠢᠨ ᠬᠦᠭᠵᠢᠯᠲᠡ ᠶᠢ ᠠᠬᠢᠭᠤᠯᠵᠤ᠂ᠠᠵᠤ ᠠᠬᠤᠢ ᠶᠢᠨ ᠲᠤᠭᠲᠠᠭᠤᠨ ᠬᠦᠭᠵᠢᠯᠲᠡ᠂ ᠠᠮᠢ ᠠᠬᠤᠢ ᠶᠢᠨ ᠢᠯᠡᠷᠬᠡᠢ ᠰᠠᠶᠢᠵᠢᠷᠠᠭᠤᠯᠤᠯᠲᠠ ᠢᠶᠠᠷ ᠢᠯᠡᠷᠡᠵᠦ᠂ ᠠᠵᠤ ᠠᠬᠤᠢ ᠶᠢᠨ ᠭᠤᠣᠯ ᠪᠣᠯᠬᠤ ᠭᠦᠢᠴᠡᠳᠬᠡᠯ ᠲᠤᠭ᠎ᠠ ᠶᠢᠨ ᠳᠣᠭᠲᠠᠭᠤᠨ ᠨᠡᠮᠡᠭᠳᠡᠯᠲᠡ᠂ ᠠᠵᠤ ᠠᠬᠤᠢ ᠶᠢᠨ ᠶᠡᠷᠦᠩᠬᠡᠢ ᠭᠦᠴᠦᠨ ᠢ ᠪᠦᠭᠦ  ᠬᠤᠲᠡ ᠶᠢᠨ ᠰᠤᠮᠤ ᠪᠠᠯᠭᠠᠰᠤᠨ ᠤ ᠳᠣᠲᠣᠷ᠎ᠠ ᠲᠡᠷᠢᠭᠦᠨ ᠪᠠᠶᠢᠷᠢᠨ ᠳᠤ ᠵᠢᠭᠰᠠᠭᠠᠭᠳᠠᠭᠰᠠᠨ ᠵᠡᠷᠭᠡ ᠣᠨᠴᠠ ᠰᠠᠶᠢᠨ ᠪᠠᠶᠢᠳᠠᠯ ᠢ ᠪᠦᠷᠢᠯᠳᠦᠭᠦᠯᠪᠡ᠃ 2017 ᠣᠨ ᠳᠤ ᠪᠠᠯᠭᠠᠰᠦᠨ ᠤ ᠬᠠᠷᠢᠶᠠᠨ ᠳᠣᠲᠣᠷᠠᠬᠢ ᠭᠠᠶᠢᠯᠢ ᠶᠢᠨ ᠣᠷᠣᠯᠠᠭ᠎ᠠ ᠶᠢ 67.52 ᠳ᠋ᠥᠩᠰᠢᠭᠤᠷ ᠲᠥᠭᠦᠷᠢᠭ ᠲᠤ ᠬᠦᠷᠭᠡᠵᠤ᠂ ᠣᠯᠠᠨ ᠨᠡᠶᠢᠲᠡ ᠶᠢᠨ ᠣᠷᠣᠯᠭ᠎ᠠ ᠶᠢᠨ ᠳᠦᠰᠦᠪᠯᠡᠯᠲᠡ ᠶᠢ 16.56 ᠳ᠋ᠦᠩᠰᠢᠭᠤᠷ ᠲᠦᠭᠦᠷᠢᠭ ᠲᠤ ᠬᠦᠷᠭᠡᠵᠦ᠂ ᠮᠠᠯᠴᠢᠨ ᠲᠦᠮᠡᠨ ᠤ ᠭᠦᠮᠦᠨ ᠪᠦᠷᠢ ᠶᠢᠨ ᠳᠤᠮᠳᠠᠴᠢ ᠣᠷᠣᠯᠭ᠎ᠠ ᠶᠢ ᠳᠣᠭᠲᠠᠭᠤᠨ ᠨᠡᠮᠡᠭᠳᠡᠭᠦᠯᠦᠭᠰᠡᠨ ᠪᠠᠶᠢᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号