ᠰᠤᠪᠤᠷᠭ᠎ᠠ ᠪᠠᠯᠭᠠᠰᠤ
ᠨᠡᠶᠢᠲᠡᠯᠡᠭᠰᠡᠨ ᠴᠠᠭ᠄
2018-04-20
    ᠰᠤᠪᠤᠷᠭ᠎ᠠ ᠪᠠᠯᠭᠠᠰᠤ ᠡᠵᠡᠨ ᠬᠤᠷᠤᠭ᠎ᠠ ᠬᠤᠰᠢᠭᠤᠨ ᠤ ᠪᠠᠷᠠᠭᠤᠨ ᠬᠤᠶᠢᠳᠤ ᠪᠡᠶ᠎ᠡ ᠳᠤ ᠪᠠᠶᠢᠷᠢᠰᠢᠵᠤ᠂ 2005 ᠤᠨ ᠳᠤ ᠤᠤᠯ ᠤᠨ ᠰᠤᠪᠤᠷᠭ᠎ᠠ ᠰᠤᠮᠤ᠂ ᠲᠠᠶᠢᠵᠢᠨᠠᠷ ᠵᠤᠤ ᠪᠠᠯᠭᠠᠰᠤ᠂ ᠬᠤᠲᠤᠩ ᠤᠨ ᠰᠦᠮ᠎ᠡ ᠰᠢᠶᠠᠩ ᠢ ᠨᠡᠶᠢᠯᠡᠭᠦᠯᠦᠨ  ᠪᠥᠷᠢᠯᠳᠥᠭᠰᠡᠨ ᠶᠤᠮ᠃ ᠰᠤᠪᠤᠷᠭ᠎ᠠ ᠪᠠᠯᠭᠠᠰᠤ ᠨᠢ ᠬᠢᠵᠠᠭᠠᠷ ᠲᠤᠲᠤᠷ᠎ᠠ ᠪᠠᠶᠢᠭ᠎ᠠ ᠴᠠᠭᠠᠨ ᠰᠤᠪᠤᠷᠭ᠎ᠠ ᠎ ᠠᠴᠠ ᠨᠡᠷᠡᠶᠢᠳᠤᠵᠠᠢ᠃ ᠪᠦᠬᠦ ᠪᠠᠯᠭᠠᠰᠤᠨ ᠤ ᠶᠡᠷᠦᠩᠭᠡᠢ ᠲᠠᠯᠠᠪᠠᠢ ᠨᠢ 944 ᠲᠡᠭᠰᠢ ᠲᠦᠷᠪᠡᠯᠵᠢᠨ ᠺᠢᠯᠤᠮᠧᠲᠷ᠂ ᠬᠢᠵᠠᠭᠠᠷ ᠲᠤᠲᠤᠷ᠎ᠠ ᠢᠬᠢᠷ᠎ᠡ ᠨᠠᠭᠤᠷ᠂ ᠬᠠᠳᠠᠲᠤ ᠨᠠᠭᠤᠷ᠂ ᠭᠤᠸᠠᠩ ᠮᠢᠩ ᠨᠠᠭᠤᠷ᠂ ᠠᠯᠠᠱᠠ ᠲᠤᠬᠤᠢ ᠬᠤᠪᠤᠷ ᠴᠤᠬᠠᠭ ᠴᠠᠬᠤᠯᠠᠢ ᠶᠢᠨ ᠬᠠᠮᠠᠭᠠᠯᠠᠯᠲᠠ ᠶᠢᠨ ᠲᠤᠭᠤᠷᠢᠭ ᠬᠡᠬᠦ ᠲᠦᠷᠪᠡᠨ ᠶᠡᠭᠡ ᠨᠠᠭᠤᠷ ᠪᠠᠶᠢᠵᠤ᠂ ᠤᠷᠭᠤᠮᠠᠯ ᠤᠨ ᠬᠤᠴᠢᠯᠭ᠎ᠠ᠂ ᠪᠦᠷᠭᠦᠴᠡ ᠨᠢ 90 %᠎ ᠳᠤ ᠬᠦᠷᠪᠡ᠃ 27 ᠵᠠᠰᠠᠭ ᠵᠠᠬᠢᠷᠭᠠᠨ ᠤ ᠲᠤᠰᠬᠤᠨ᠂ 154 ᠲᠠᠷᠢᠶᠠᠯᠠᠩ ᠥᠢᠯᠡᠰ ᠤᠨ ᠬᠤᠷᠰᠢᠶᠠᠵᠢᠯ ᠲᠠᠢ  ᠂ ᠨᠡᠶᠢᠳᠡ 10107 ᠡᠷᠦᠬᠡ ᠶᠢᠨ 22469 ᠬᠦᠮᠦᠨ ᠲᠠᠢ ᠪᠠᠶᠢᠵᠤ᠂ ᠡᠭᠦᠨ ᠎ ᠤ ᠲᠤᠲᠤᠷ᠎ᠠ ᠴᠦᠭᠡᠨ ᠲᠤᠭᠠᠲᠤ ᠦᠨᠳᠦᠰᠦᠲᠡᠨ 1285 ᠬᠦᠮᠦᠨ᠂ ᠨᠤᠲᠤᠭ ᠲᠤ ᠰᠠᠭᠤᠵᠤ ᠪᠠᠶᠢᠭ᠎ᠠ ᠨᠢ 5416 ᠡᠷᠦᠬᠡ ᠶᠢᠨ10235 ᠬᠦᠮᠦᠨ ᠲᠠᠢ᠃ ᠶᠡᠷᠦᠩᠬᠡᠢ ᠲᠠᠷᠢᠶᠠᠯᠠᠩ ᠤᠨ ᠭᠠᠵᠠᠷ 12.95 ᠲᠦᠮᠡᠨ ᠮᠤ᠋᠂ ᠮᠠᠯ ᠤᠨ ᠲᠤᠭ᠎ᠠ 11.7 ᠲᠦᠮᠡ᠂ ᠡᠭᠦᠨ ᠳᠤ ︽ᠮᠡᠩᠭᠡ︾  ᠎ ᠶᠢᠨ ᠨᠤᠤᠯᠤᠭᠤᠷ ᠤᠨ ᠢᠮᠠᠭ᠎ᠠ 8.5 ᠲᠦᠮᠡ ᠪᠠᠶᠢᠵᠤ  ᠂ ᠨᠡᠷ᠎ᠡ ᠠᠯᠲᠠᠷᠰᠢᠭᠰᠠᠨ ︽ᠮᠡᠩᠭᠡ︾ ᠦᠪᠦᠷ ᠮᠤᠩᠭᠤᠯ ᠤᠨ ᠨᠤᠤᠯᠤᠭᠤᠷ ᠤᠨ ᠢᠮᠠᠭᠠᠨ ᠤ ᠭᠤᠤᠯ ᠭᠠᠷᠤᠯᠲᠠ ᠶᠢᠨ ᠭᠠᠵᠠᠷ ᠪᠤᠯᠤᠨ᠎ᠠ  ᠂ ᠮᠦᠨᠴᠦ ᠤᠯᠤᠰ ᠤᠨ 4A ᠳᠡᠰ ᠤᠨ ᠵᠤᠭᠠᠴᠠᠯ ᠤᠨ ᠤᠷᠤᠨ᠂ ︽ᠰᠤᠪᠤᠷᠭ᠎ᠠ ᠲᠠᠯ᠎ᠠ ᠨᠤᠲᠤᠭ ᠎ ᠤᠨ ᠵᠤᠭᠠᠴᠠᠯ ᠤᠨ ᠭᠠᠵᠠᠷ︾ ᠪᠠ ᠤᠷᠳᠤᠰ ᠵᠢᠶᠠᠩᠰᠤ ᠠᠵᠤ ᠦᠢᠯᠡᠳᠪᠦᠷᠢ ᠶᠢᠨ ᠲᠤᠭᠤᠷᠢᠭ ᠤᠨ ᠪᠠᠶᠢᠷᠢᠯᠡᠵᠤ ᠪᠠᠶᠢᠬᠤ ᠭᠠᠵᠠᠷ ᠪᠤᠯᠤᠨ᠎ᠠ᠃ ᠰᠤᠪᠤᠷᠭ᠎ᠠ ᠪᠠᠯᠭᠠᠰᠤ ᠤᠷᠢᠳ ᠬᠤᠵᠢᠳ  ︽ᠪᠦᠬᠦ ᠤᠯᠤᠰ ᠤᠨ ᠠᠷᠪᠠᠨ ᠰᠢᠯᠢᠳᠡᠭ ᠪᠠᠶᠢᠭᠠᠯᠢᠯᠢᠭ ᠰᠢᠶᠠᠩ ᠪᠠᠯᠭᠠᠰᠤ︾᠂  ︽ᠪᠥᠬᠦ ᠤᠷᠤᠨ ᠤ ᠤᠷᠴᠢᠨ ᠲᠤᠭᠤᠷᠢᠨ ᠭᠤᠶᠦ ᠰᠠᠶᠢᠬᠠᠨ ᠰᠢᠶᠠᠩ ᠪᠠᠯᠭᠠᠰᠤ︾᠂ ︽ᠤᠯᠤᠰ ᠤᠨ ᠳᠡᠰ ᠤᠨ ᠠᠮᠢ ᠠᠬᠤᠢ ᠶᠢᠨ ᠰᠢᠶᠠᠩ ᠪᠠᠯᠭᠠᠰᠤ︾  ᠪᠡ ︽ᠪᠦᠬᠦ ᠬᠤᠲᠠ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠵᠢᠱᠢᠶᠡᠴᠢ ᠬᠠᠮᠲᠤ︾ ᠵᠡᠷᠭᠡ ᠢᠷᠠᠭᠤ ᠠᠯᠳᠠᠷ ᠢ ᠤᠯᠪᠠ᠃        ᠠᠵᠤ ᠥᠢᠯᠡᠰ ᠤᠨ ᠪᠦᠲᠦᠴᠡ ᠶᠢᠨ ᠬᠡᠯᠪᠡᠷᠢ ᠶᠢᠨ ᠬᠤᠪᠢᠷᠠᠯᠲᠠ ᠶᠢᠨ ᠳᠡᠰ ᠳᠡᠪᠰᠢᠬᠦ  ᠪᠠᠶᠢᠯᠲᠤᠬᠤ ᠪᠤᠲᠤᠯᠭ᠎ᠠ ᠶᠢᠨ ᠲᠤᠷᠠᠲᠤᠯᠲᠠ ᠶᠢ ᠲᠠᠭᠠᠯᠲᠤᠨ᠂ ᠰᠤᠪᠤᠷᠭ᠎ᠠ ᠪᠠᠯᠭᠠᠰᠤ ᠶᠢᠨ ᠺᠠᠳ᠋ᠷ ᠤᠯᠠᠨ ᠲᠦᠮᠡᠨ ᠵᠠᠪᠰᠢᠶᠠᠨ ᠢ  ᠪᠠᠷᠢᠮᠲᠠᠯᠠᠨ᠂  ᠴᠢᠩᠭ᠎ᠠ ᠠᠳᠬᠤᠵᠤ ᠰᠢᠷᠭᠠᠭᠤ ᠠᠵᠢᠯᠯᠠᠨ᠂ ᠤᠳᠤᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ᠂ ᠲᠠᠯ᠎ᠠ ᠨᠤᠲᠤᠭ ᠤᠨ ᠰᠤᠶᠤᠯ ᠵᠢᠭᠤᠯᠴᠢᠯᠠᠯ᠂ ᠬᠦᠳᠡᠯᠮᠦᠷᠢ ᠦᠢᠯᠡᠴᠢᠯᠡᠭᠡᠨ ᠤ ᠦᠢᠯᠡᠰ ᠢᠶᠠᠷ ᠭᠤᠤᠯᠯᠠᠭᠰᠠᠨ ᠤᠯᠠᠨ ᠲᠤᠶᠢᠯᠲᠤ ᠲᠤᠯᠭᠠᠭᠤᠷᠢᠲᠤ ᠠᠵᠤ ᠦᠢᠯᠡᠰ ᠤᠨ ᠭᠦᠭᠵᠢᠯᠲᠡ ᠶᠢᠨ ᠪᠠᠶᠢᠷᠢᠯᠠᠭᠤᠯᠤᠯᠲᠠ ᠶᠢ ᠠᠩᠬ᠎ᠠ ᠠᠯᠬᠤᠮ ᠪᠦᠷᠢᠯᠳᠦᠭᠦᠯᠵᠦ ᠠᠵᠤ ᠠᠬᠤᠢ ᠪᠠ ᠨᠠᠶᠢᠬᠡᠮ ᠤᠨ ᠡᠯ᠎ᠡ ᠲᠦᠷᠦᠯ ᠤᠨ ᠠᠵᠢᠯ ᠦᠢᠯᠡᠰ ᠶᠡᠬᠡᠬᠡᠨ ᠲᠠᠪᠰᠢᠯᠲᠠ ᠲᠠᠢ ᠪᠤᠯᠵᠠᠢ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号