2017 ᠤᠨ ᠤ ᠵᠠᠰᠠᠭ ᠤᠨ ᠣᠷᠳᠣᠨ ᠤ ᠠᠵᠢᠯ ᠤᠨ ᠢᠯᠡᠳᠭᠡᠯ
ᠨᠡᠶᠢᠲᠡᠯᠡᠭᠰᠡᠨ ᠴᠠᠭ᠄
2018/5/9
            ᠵᠠᠰᠠᠭ ᠤᠨ ᠣᠷᠳᠣᠨ  ᠤ ᠠᠵᠢᠯ  ᠤᠨ ᠢᠯᠡᠳᠭᠡᠯ     2017 ᠣᠨ ᠤ 12 ᠰᠠᠷ᠎ᠠ ᠶᠢᠨ 7᠎ ᠤ ᠡᠳᠦᠷ ᠡᠵᠡᠨ ᠬᠤᠷᠤᠭ᠎ᠠ ᠬᠤᠰᠢᠭᠤᠨ ᠤ ᠠᠷᠪᠠᠨ ᠳᠣᠯᠣᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠣᠭᠠᠷ ᠬᠤᠷᠠᠯᠳᠣᠭᠠᠨ ᠳᠡᠭᠡᠷ᠎ᠡ   ᠡᠵᠡᠨ ᠬᠤᠷᠤᠭ᠎ᠠ  ᠬᠤᠰᠢᠭᠤᠨ ᠤ  ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ                                                  ᠬᠤᠧᠠ ᠷᠦᠢ ᠹᠧᠩᠲᠦᠯᠦᠭᠡᠯᠡᠭᠴᠢᠳ ᠡ᠄      ᠣᠳᠣ᠂ ᠪᠢ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠶᠡᠭᠡ ᠬᠤᠷᠠᠯ ᠳᠤ ᠦᠩᠭᠡᠷᠡᠭᠰᠡᠨ ᠲᠠᠪᠣᠨ ᠵᠢᠯ ᠤᠨ ᠠᠵᠢᠯ ᠤᠨ ᠢᠯᠡᠳᠭᠡᠯ ᠬᠢᠵᠤ᠂ ᠬᠤᠶᠢᠰᠢᠳᠠ ᠶᠢᠨ ᠲᠠᠪᠤᠨ ᠵᠢᠯ ᠤᠨ ᠠᠵᠢᠯ ᠳᠤ ᠰᠠᠨᠠᠭᠤᠯᠭ᠎ᠠ ᠳᠣᠷᠠᠳᠣᠶ᠎ᠠ᠂ ᠬᠢᠨᠠᠨ ᠵᠦᠪᠯᠡᠬᠦ ᠪᠣᠯᠪᠠᠣ᠂ ᠮᠦᠨᠴᠦ ᠣᠯᠣᠰ ᠲᠦᠷᠣ ᠶᠢᠨ ᠵᠦᠪᠯᠡᠯᠭᠡᠨ ᠤ ᠭᠡᠰᠢᠭᠦᠨ ᠪᠠ ᠬᠤᠷᠠᠯ ᠳᠤ ᠰᠤᠯᠠ  ᠣᠷᠣᠯᠴᠠᠭᠰᠠᠨ ᠨᠦᠬᠦᠳ ᠡᠴᠡ‌‍ᠰᠠᠨᠠᠯ ᠵᠦᠪᠯᠡᠯ ᠢᠶᠠᠨ ᠳᠡᠪᠰᠢᠭᠦᠯᠬᠦ ᠪᠣᠯᠪᠠᠤ᠃     ᠨᠢᠭᠡ᠂ ᠦᠩᠭᠡᠷᠡᠭᠰᠡᠨ ᠲᠠᠪᠣᠨ ᠵᠢᠯ ᠤᠨ ᠠᠵᠢᠯ ᠤᠨ ᠡᠷᠭᠢᠴᠡᠭᠦᠯᠦᠯ      ᠦᠩᠭᠡᠷᠡᠭᠰᠡᠨ ᠲᠠᠪᠣᠨ ᠵᠢᠯ ᠪᠣᠯ ᠮᠠᠨ ᠤ ᠬᠤᠰᠢᠭᠤᠨ ᠤ ᠭᠦᠭᠵᠢᠯᠳᠡ ᠶᠢᠨ ᠲᠡᠦᠬᠡᠨ ᠳᠡᠭᠡᠷᠡᠬᠢ ᠣᠨᠴᠠᠭᠠᠢ᠂ ᠶᠡᠷᠦ ᠪᠤᠰᠤ ᠶᠢᠨ ᠲᠠᠪᠤᠨ ᠵᠢᠯ ᠶᠤᠮ᠃ ᠪᠦᠬᠦ ᠬᠤᠰᠢᠭᠤᠨ ᠤ ᠡᠯ᠎ᠡ ᠲᠦᠷᠥᠯ ᠤᠨ ᠠᠵᠢᠯ ᠦᠢᠯᠡᠰ ᠨᠢ ᠬᠦᠨᠳᠦ ᠴᠢᠬᠤᠯᠠ ᠰᠤᠷᠢᠯᠳᠠ ᠶᠢᠨ ᠳᠣᠮᠳᠠ ᠬᠠᠲᠠᠭᠤᠵᠢᠨ ᠲᠡᠮᠡᠴᠡᠵᠦ᠂ ᠪᠣᠳᠠᠳᠠᠢ ᠶᠢ ᠡᠷᠬᠢᠮᠯᠡᠨ ᠡᠷᠡᠯᠬᠡᠭᠯᠡᠨ ᠤᠷᠤᠭᠰᠢᠯᠠᠭᠰᠠᠨ ᠲᠠᠪᠤᠨ ᠵᠢᠯ ᠪᠤᠯᠤᠨ᠎ᠠ᠃ ᠲᠠᠪᠣᠨ ᠵᠢᠯ ᠤᠨ ᠲᠤᠷᠰᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠨᠠᠮ ᠤᠨ ᠬᠤᠷᠢᠶ᠎ᠡ ᠶᠢᠨ ᠡᠷᠡᠰ ᠴᠢᠩᠭ᠎ᠠ ᠵᠢᠯᠣᠭᠤᠳᠣᠯᠭ᠎ᠠ ᠳᠣᠣᠷ᠎ᠠ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ  ᠬᠢᠭᠡᠳ ᠣᠯᠣᠰ ᠲᠦᠷᠣ ᠤᠨ ᠵᠦᠪᠯᠡᠯᠭᠡᠨ ᠤ ᠬᠢᠨᠠᠯᠳᠠ ᠪᠠ ᠳᠡᠮᠵᠢᠯᠭᠡ ᠳᠣᠣᠷ᠎ᠡ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠢ ᠪᠦᠯᠬᠦᠮᠳᠡᠨ ᠳᠠᠶᠢᠴᠢᠯᠠᠵᠤ᠂ ᠬᠦᠴᠦᠨ ᠴᠢᠳᠠᠯ ᠢᠶᠠᠨ ᠨᠢᠭᠡᠳᠬᠡᠵᠤ᠂ ᠪᠠᠬᠢᠯᠡᠯᠳᠡ ᠶᠢ ᠰᠢᠪᠳᠣᠯᠣᠨ ᠪᠡᠷᠬᠡᠰᠢᠶᠡᠯ ᠢ ᠳᠠᠭᠤᠯᠠᠨ᠂ ᠪᠦᠬᠦ ᠬᠦᠴᠦ ᠪᠠᠷ ᠮᠡᠷᠡᠶᠢᠨ ᠲᠡᠮᠡᠴᠡᠵᠤ᠂ ᠨᠡᠭᠦᠷᠡᠰᠦᠨ ᠤ ᠵᠠᠬ᠎ᠠ ᠳᠡᠯᠭᠡᠭᠦᠷ ᠤᠨ ᠦᠨ᠎ᠡ ᠥᠷᠳᠡᠭ ᠤᠨ ᠳᠣᠷᠣᠭᠰᠢᠯᠠᠯᠳᠠ᠂ ᠡᠳ᠋ ᠤᠨ ᠵᠠᠰᠠᠭ ᠤᠨ ᠣᠷᠣᠯᠭ᠎ᠠ ᠭᠠᠷᠤᠯᠭ᠎ᠠ ᠶᠢᠨ ᠵᠦᠷᠢᠴᠡᠯ ᠨᠢ ᠬᠡᠪ ᠤᠨ ᠪᠤᠰᠤ ᠳᠣᠪᠣᠶᠢᠮ᠎ᠠ᠂ ᠵᠠᠰᠠᠭ ᠤᠨ ᠣᠷᠳᠣᠨ ᠤ ᠴᠢᠨᠠᠷ ᠎ ᠲᠠᠢ  ᠦᠷᠢ ᠰᠢᠷᠢ᠂ ᠨᠡᠬᠦᠳᠡᠯ ᠠᠷᠠᠳ ᠤᠨ ᠲᠤᠬᠢᠷᠠᠭᠤᠯᠤᠯᠳᠠ  ᠂ ᠠᠷᠠᠳ ᠤᠨ ᠵᠢᠭᠡᠯᠡᠯᠭᠡ ᠲᠠᠢ  ᠬᠤᠯᠪᠣᠭᠳᠠᠨ ᠬᠤᠯᠢᠯᠳᠤᠭᠰᠠᠨ ᠬᠡᠷᠡᠭ ᠵᠡᠷᠭᠡ ᠡᠯ᠎ᠡ ᠵᠦᠢᠯ ᠤᠨ ᠬᠦᠴᠢᠷ ᠪᠡᠷᠬᠡᠰᠢᠶᠡᠯ ᠬᠢᠭᠡᠳ ᠠᠶᠤᠯ ᠲᠦᠭᠰᠢᠭᠦᠷᠢ ᠲᠠᠢ ᠬᠠᠲᠠᠭᠤ ᠴᠢᠩᠭ᠎ᠠ ᠰᠤᠷᠢᠯᠳᠠ ᠶᠢ ᠢᠯᠠᠨ ᠳᠠᠪᠠᠵᠤ᠂ ᠠᠵᠤ ᠠᠬᠤᠢ ᠨᠡᠶᠢᠭᠡᠮ ᠯᠠᠪᠳᠠᠭᠤᠨ ᠪᠠᠳᠤᠳᠠᠢ ᠡᠷᠡᠬᠦᠯ ᠬᠦᠭᠵᠢᠯᠳᠡ ᠶᠢᠨ ᠪᠠᠶᠢᠳᠠᠯ ᠢ ᠬᠠᠳᠠᠭᠠᠯᠠᠵᠤ᠂ ᠴᠢᠨᠡᠭᠡᠯᠢᠭ  ᠨᠡᠶᠢᠬᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠪᠠᠳᠤ ᠰᠠᠭᠤᠷᠢ ᠶᠢ ᠲᠠᠯᠪᠢᠭᠰᠠᠨ ᠪᠠᠶᠢᠨ᠎ᠠ᠃      ᠡᠨᠡ ᠲᠠᠪᠤᠨ ᠵᠢᠯ᠂  ᠬᠤᠷᠸ᠎ᠠ ᠠᠵᠤ ᠠᠬᠤᠢ ᠶᠢᠨ ᠡᠭᠡᠳᠡᠷᠡᠭᠡᠨ ᠪᠤᠳᠤᠯᠢᠶᠠᠨᠳᠠᠢ ᠪᠠᠶᠢᠳᠠᠯ ᠲᠤᠤᠷ᠎ᠠ᠂ ᠪᠢᠳᠠ ᠰᠠᠨᠠᠭᠠᠴᠢᠯᠭᠠᠳᠠᠢ ᠪᠠᠷ ᠳᠠᠭᠠᠷᠢᠯᠳᠠ ᠬᠢᠵᠤ᠂ ᠲᠤᠬᠢᠶᠠᠯ ᠢ ᠠᠳᠬᠤᠨ᠂ ᠪᠦᠬᠦᠶᠢᠯᠡ ᠠᠵᠤ ᠠᠬᠤᠢ ᠶᠢᠨ ᠬᠠᠳᠠᠭᠤ ᠰᠢᠯᠭᠠᠯᠳᠠ ᠲᠤᠮᠳᠠᠬᠢ ᠲᠤᠭᠳᠠᠭᠤᠨ ᠡᠷᠬᠢᠯᠳᠡ ᠶᠢ ᠪᠠᠶᠠᠯᠡᠬᠦᠯᠵᠦ ᠴᠢᠳᠠᠭᠰᠠᠨ ᠪᠠᠶᠢᠨ᠎ᠠ  ᠃ ᠭᠤᠶᠢᠪᠢᠰᠢ ᠦᠭᠡᠢ ᠪᠠᠷ ᠲᠦᠷᠥᠯ ᠵᠦᠢᠯ ᠢ ᠠᠳᠬᠤᠨ᠂ ᠪᠡᠯᠡ ᠣᠷᠣᠭᠤᠯᠣᠯᠳᠠ ᠶᠢ ᠠᠬᠢᠭᠤᠯᠵᠤ᠂ ᠳ᠋ᠦᠩᠰᠢᠭᠤᠷ ᠲᠦᠭᠦᠷᠢᠭ ᠠᠴᠠ ᠲᠡᠬᠡᠭᠰᠢᠬᠢ ᠬᠦᠨᠳᠦ ᠴᠢᠬᠤᠯᠠ ᠲᠦᠷᠦᠯ ᠵᠦᠢᠯ ᠢ 225 ᠬᠡᠷᠡᠭᠵᠢᠬᠦᠯᠵᠦ᠂1525 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠣᠯᠳᠠ ᠶᠢ ᠪᠡᠶᠡᠯᠡᠭᠦᠯᠦᠭᠰᠡᠨ ᠪᠠᠶᠢᠨ᠎ᠠ᠃ ᠭᠤᠶᠢᠪᠢᠰᠢ ᠦᠭᠡᠢ ᠪᠠᠷ ᠨᠡᠭᠦᠷᠡᠰᠦᠨ ᠠᠵᠤ ᠠᠬᠤᠶᠢᠯᠠᠯ ᠢ ᠠᠳᠬᠤᠨ᠂ ᠭᠤᠣᠯ ᠦᠢᠯᠡᠰ ᠢ ᠯᠠᠪᠳᠠᠭᠤᠨ ᠬᠦᠭᠵᠢᠬᠦᠯᠵᠦ᠂ ᠣᠯᠣᠰ ᠠᠴᠠ ᠨᠡᠭᠦᠷᠡᠰᠦᠨ ᠠᠵᠣ ᠠᠬᠤᠶᠢᠯᠠᠯ ᠤᠨ ᠭᠠᠷᠣᠯᠳᠠ ᠪᠠᠨ ᠪᠠᠭᠠᠰᠬᠠᠬᠤ ᠶᠢ ᠲᠦᠯᠭᠢᠨ  ᠠᠬᠢᠭᠤᠯᠵᠤ᠂ ᠰᠤᠳᠤᠨ ᠴᠢᠨᠠᠷᠯᠢᠭ ᠪᠣᠬᠢᠷᠳᠣᠯ ᠦᠭᠡᠢ ᠨᠡᠭᠦᠷᠡᠰᠦᠨ ᠤ ᠬᠡᠷᠡᠭᠴᠡᠭᠡ ᠶᠢᠨ ᠱᠠᠭᠠᠷᠳᠠᠯᠭ᠎ᠠ ᠳᠠᠰᠣᠷᠠᠯᠳᠠ ᠦᠭᠡᠢ ᠨᠡᠮᠡᠭᠳᠡᠭᠰᠡᠨ ᠵᠠᠬ᠎ᠠ ᠳᠡᠯᠭᠡᠭᠦᠷ ᠶᠢᠨ ᠲᠣᠬᠢᠶᠠᠯ ᠢ ᠠᠳᠬᠤᠨ᠂  ᠬᠠᠮᠤᠭ ᠤᠨ ᠶᠡᠭᠡ ᠬᠡᠮᠵᠢᠶᠡᠨ ᠤ ᠬᠠᠪᠰᠤᠷᠤᠯᠭ᠎ᠠ ᠪᠠᠷ ᠲᠠᠮᠵᠢᠭᠤᠯᠤᠨ᠂ ᠭᠠᠵᠠᠷ ᠤᠷᠤᠨ ᠤ ᠨᠡᠬᠦᠷᠡᠰᠦᠨ ᠠᠭᠤᠷᠬᠠᠢ ᠎ ᠶᠢᠨ ᠠᠯᠳᠠᠭᠳᠠᠯ ᠢ ᠡᠷᠬᠢᠬᠦᠯᠵᠦ᠂ ᠠᠭᠤᠷᠬᠠᠢ ᠶᠢᠨ ᠬᠤᠳᠳᠤᠭ ᠤᠨ ᠲᠤᠮᠳᠠᠴᠢ ᠦᠷᠳᠡᠭ ᠢ ᠲᠤᠭᠳᠠᠭᠤᠨ ᠦᠰᠦᠯᠳᠡ ᠲᠠᠢ ᠪᠤᠯᠭᠠᠨ᠂ 8.8 ᠲᠤᠨ ᠪᠤᠬᠢᠷᠳᠤᠯ ᠦᠬᠡᠢ ᠨᠡᠬᠦᠷᠡᠰᠦ ᠶᠢ ᠭᠠᠳᠠᠭᠰᠢ ᠭᠠᠷᠭᠠᠵᠤ᠂ ᠪᠦᠬᠦ ᠬᠤᠳᠠ ᠶᠢᠨ ᠶᠡᠷᠦᠩᠬᠡᠢ ᠪᠤᠷᠤᠯᠠᠭᠤᠯᠤᠯᠳᠠ ᠶᠢᠨ 32 %᠎ ᠢ ᠡᠵᠡᠯᠡᠬᠦᠯᠦᠨ᠂ ᠪᠦᠬᠦᠶᠢᠯᠡ ᠠᠵᠤ ᠠᠬᠤᠢ ᠶᠢᠨ ᠬᠦᠴᠢᠷᠳᠡᠯ ᠠᠴᠠ ᠰᠠᠯᠤᠨ ᠲᠤᠭᠳᠠᠭᠤᠨ ᠢᠶᠠᠷ ᠲᠡᠭᠡᠭᠰᠢᠯᠡᠵᠤ᠂ ᠲᠤᠭᠳᠠᠭᠤᠨ ᠤ ᠲᠤᠮᠳᠠ ᠰᠠᠶᠢᠨ ᠲᠡᠰᠢ ᠬᠦᠭᠵᠢᠬᠦ ᠶᠢ ᠬᠦᠴᠦᠳᠠᠢ ᠲᠠᠶᠢᠴᠢᠯᠠᠪᠠ᠃      ᠡᠨᠡ ᠲᠠᠪᠤᠨ ᠵᠢᠯ᠂ ᠬᠡᠪ ᠤᠨ ᠪᠤᠰᠤ ᠪᠠᠷ ᠲᠤᠪᠤᠶᠢᠭᠰᠠᠨ ᠡᠳ᠋ ᠤᠨ ᠵᠠᠰᠠᠭ ᠤᠨ ᠤᠷᠤᠯᠭ᠎ᠠ ᠭᠠᠷᠤᠯᠭ᠎ᠠ ᠶᠢᠨ ᠵᠦᠷᠢᠴᠡᠯ ᠲᠤᠤᠷ᠎ᠠ᠂ ᠪᠢᠳᠠ ᠡᠳ᠋ ᠤᠨ ᠬᠦᠴᠦᠨ ᠎ ᠢᠶᠠᠨ ᠲᠦᠪᠯᠡᠷᠡᠬᠦᠯᠵᠦ᠂ ᠤᠨᠢᠨ ᠲᠡᠬᠡᠷ᠎ᠡ ᠨᠢ ᠬᠦᠴᠦᠯᠡᠵᠦ᠂ ᠠᠷᠠᠳ ᠤᠨ ᠠᠮᠢᠳᠤᠷᠠᠯ ᠢ ᠬᠦᠨᠳᠦ ᠬᠠᠳᠠᠭᠤ ᠰᠢᠯᠭᠠᠯᠳᠠ ᠶᠢᠨ ᠲᠤᠮᠳᠠ ᠦᠷᠬᠦᠯᠵᠢᠯᠡᠨ ᠲᠡᠬᠡᠭᠰᠢᠯᠡᠬᠦᠯᠦᠭᠰᠡᠨ ᠪᠠᠶᠢᠨ᠎ᠠ᠃ ᠡᠳ᠋ ᠤᠨ ᠵᠠᠰᠠᠭ ᠤᠨ ᠤᠷᠤᠯᠭ᠎ᠠ ᠶᠢᠨ ᠨᠡᠮᠡᠭᠳᠡᠯ ᠲᠤᠶᠢᠯ ᠤᠨ ᠬᠦᠴᠢᠷᠳᠠᠢ ᠡᠷᠬᠡᠪᠰᠢ ᠪᠠᠳᠤᠯᠠᠬᠤ ᠵᠠᠷᠤᠳᠠᠯ ᠦᠷᠬᠦᠯᠵᠢᠯᠡᠨ ᠨᠡᠮᠡᠭᠳᠡᠭᠰᠡᠨ ᠪᠠᠶᠢᠳᠠᠯ ᠲᠤᠤᠷ᠎ᠠ᠂ ᠪᠦᠬᠦ ᠬᠤᠰᠢᠭᠤᠨ ᠤ ᠠᠷᠠᠳ ᠤᠨ ᠠᠮᠢᠳᠤᠷᠠᠯ ᠢ ᠪᠠᠳᠤᠯᠠᠬᠤ ᠪᠠ ᠰᠠᠶᠢᠵᠢᠷᠠᠭᠤᠯᠬᠤ ᠲᠡᠬᠡᠷ᠎ᠡ ᠬᠡᠷᠡᠭᠯᠡᠨ᠂ ᠤᠤᠯ ᠤᠨ 2012 ᠤᠨ ᠎ ᠤ 68.1%᠎ ᠠᠴᠠ 80.7%  ᠎ ᠳᠤ ᠬᠦᠷᠬᠡᠵᠦ᠂ ᠤᠳᠤ ᠪᠠᠶᠢᠭ᠎ᠠ ᠲᠠᠩᠰᠠᠨ ᠳᠠᠬᠢ ᠺᠠᠷᠲ ᠭᠠᠷᠳᠠᠭᠤᠯᠤᠭᠰᠠᠨ ᠶᠠᠳᠠᠭᠤ ᠬᠦᠴᠢᠷᠳᠡᠯᠳᠠᠢ ᠡᠷᠦᠬᠡ ᠪᠦᠬᠦᠨ ᠢ ᠶᠠᠳᠠᠭᠤ ᠎ ᠠᠴᠠ ᠠᠩᠭᠢᠵᠢᠷᠠᠭᠤᠯᠵᠤ᠂ ᠬᠤᠳᠠ ᠬᠦᠳᠡᠭᠡ ᠶᠢᠨ ᠡᠮ ᠡᠮᠨᠡᠯᠬᠡ ᠶᠢᠨ ᠲᠠᠭᠠᠳᠬᠠᠯ᠂ ᠨᠠᠰᠤᠵᠢᠯ ᠤᠨ ᠲᠠᠭᠠᠳᠬᠠᠯ᠂ ᠨᠡᠶᠢᠬᠡᠮ ᠤᠨ ᠠᠪᠤᠷᠠᠨ ᠲᠤᠰᠠᠯᠠᠬᠤ ᠵᠡᠷᠬᠡ ᠪᠠᠳᠤᠯᠠᠭ᠎ᠠ ᠪᠠ ᠠᠪᠤᠷᠠᠨ ᠲᠤᠰᠠᠯᠠᠬᠤ ᠲᠦᠷᠦ ᠶᠢᠨ ᠪᠤᠳᠤᠯᠭ᠎ᠠ ᠵᠢᠯ ᠲᠠᠷᠠᠭᠠᠯᠠᠨ ᠪᠠᠷᠢᠮᠵᠢᠶ᠎ᠠ ᠪᠠᠨ ᠲᠡᠬᠡᠭᠰᠢᠯᠡᠬᠦᠯᠵᠦ ᠪᠦᠷᠬᠦᠴᠡ ᠪᠠᠨ ᠶᠡᠬᠡᠳᠬᠡᠨ᠂ ᠬᠤᠳᠠ ᠬᠦᠳᠡᠭᠡ ᠎ ᠶᠢᠨ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ ᠤᠨ ᠬᠤᠷᠳᠤᠴᠠ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠠᠴᠠ ᠦᠨᠳᠦᠷ ᠪᠠᠶᠢᠵᠤ᠂ ᠬᠦᠳᠡᠭᠡ ᠲᠤᠰᠬᠤᠨ ᠮᠠᠯᠵᠢᠬᠤ ᠤᠷᠤᠨ ᠤ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ ᠤᠨ ᠬᠤᠷᠳᠤᠴᠠ ᠶᠢ ᠲᠠᠪᠠᠵᠤ᠂ ᠠᠷᠠᠳ ᠤᠨ ᠠᠮᠢᠳᠤᠷᠠᠯ ᠤᠨ ᠪᠤᠶᠠᠨ ᠬᠡᠰᠡᠭ ᠢᠯᠡᠷᠬᠡᠢ ᠲᠡᠯᠬᠡᠷᠡᠭᠰᠡᠨ ᠪᠠᠶᠢᠨ᠎ᠠ᠃      ᠡᠨᠡ ᠲᠠᠪᠣᠨ ᠵᠢᠯ᠂ ᠬᠤᠷᠠᠮᠳᠤᠨ ᠲᠠᠪᠬᠤᠷᠯᠠᠭᠰᠠᠨ ᠬᠠᠳᠠᠭᠤ ᠴᠢᠩᠭ᠎ᠠ ᠦᠷᠢᠰᠦᠯᠳᠦᠬᠡᠨ ᠳᠤ  ᠬᠠᠨᠳᠣᠵᠣ᠂  ᠵᠦᠷᠢᠴᠡᠯ ᠮᠦᠷᠭᠦᠯᠳᠦᠭᠡᠨ  ᠎ ᠢ ᠰᠢᠭᠤᠳ ᠬᠦᠯᠢᠶᠡᠨ᠂ ᠪᠣᠯᠭᠤᠮᠵᠢᠳᠠᠢ ᠠᠷᠭᠠᠴᠠᠭᠠᠨ᠂ ᠠᠶᠤᠯ ᠲᠦᠭᠰᠢᠭᠦᠷᠢ ᠶᠢᠨ ᠳᠠᠯᠳᠠ ᠭᠡᠮ ᠢ ᠬᠦᠨᠳᠦ ᠴᠢᠩᠭ᠎ᠠ ᠰᠢᠯᠭᠠᠯᠳᠠ ᠶᠢᠨ ᠳᠣᠮᠳᠠ ᠠᠷᠢᠯᠭᠠᠵᠤ ᠴᠢᠳᠠᠪᠠ᠃ ᠭᠡᠷ ᠭᠠᠵᠠᠷ ᠬᠦᠷᠦᠩᠭᠡ ᠶᠢᠨ ᠬᠦᠷᠢᠶ᠎ᠡ ᠴᠠᠷ᠎ᠠ  ᠎ ᠳᠠᠬᠢ ᠳᠣᠪᠣᠶᠢᠮ᠎ᠠ ᠠᠰᠠᠭᠤᠳᠠᠯ ᠢ ᠲᠦᠪᠯᠡᠷᠡᠭᠦᠯᠦᠨ ᠰᠢᠢᠳᠪᠦᠷᠢᠯᠡᠵᠤ᠂ ᠨᠤᠷᠠᠭᠠᠵᠤ ᠨᠡᠭᠦᠯᠭᠡᠬᠦ ᠲᠠᠧᠠᠷᠴᠢᠯᠠᠭᠰᠠᠨ ᠳᠣᠬᠢᠷᠠᠭᠤᠯᠤᠯᠳᠠ ᠲᠠᠢ ᠤᠶᠠᠯᠳᠣᠭᠤᠯᠣᠨ᠂ ᠪᠦᠬᠦ ᠣᠷᠣᠨ ᠳᠤ ︽ᠭᠡᠷ ᠤᠨ ᠪᠢᠯᠧᠲ︾᠎ ᠢ ᠡᠭᠦᠳᠡᠯᠳᠦ ᠴᠢᠨᠠᠷ ᠲᠠᠢ ᠠᠰᠢᠭᠯᠠᠬᠤ ᠶᠢ ᠤᠷᠢᠳᠴᠢᠯᠠᠨ ᠬᠡᠷᠡᠭᠵᠢᠭᠦᠯᠵᠤ᠂ 5993 ᠡᠷᠦᠬᠡ ᠶᠢᠨ 90.2 ᠲᠦᠮᠡᠨ ᠳᠡᠭᠰᠢ ᠳᠦᠷᠪᠡᠯᠵᠢᠨ ᠮᠧᠲᠷ  ᠎ ᠤᠨ ᠨᠡᠭᠦᠯᠭᠡᠨ ᠲᠦᠪᠬᠢᠨᠡᠭᠦᠯᠬᠦ ᠦᠯᠡᠳᠡᠭᠳᠡᠯ ᠠᠰᠠᠭᠤᠳᠠᠯ ᠢ ᠳᠠᠶᠢᠴᠢᠯᠠᠨ ᠰᠢᠢᠳᠪᠦᠷᠢᠯᠡᠵᠤ᠂ ᠨᠤᠷᠠᠭᠠᠵᠤ ᠨᠡᠭᠦᠯᠭᠡᠬᠦ ᠶᠡᠷᠦᠩᠬᠡᠢ ᠡᠭᠦᠷᠭᠡ ᠶᠢᠨ99.2% ᠎ ᠢ ᠪᠡᠶᠡᠯᠡᠭᠦᠯᠪᠡ᠃ ᠬᠤᠳᠠ ᠶᠢᠨ ᠲᠦᠪ ᠲᠣᠭᠤᠷᠢᠭ ᠤᠨ ︽ᠬᠠᠭᠠᠰ  ᠬᠠᠶᠠᠭᠰᠠᠨ︾ ᠭᠡᠷ ᠭᠠᠵᠠᠷ ᠬᠦᠷᠦᠩᠭᠡ ᠶᠢᠨ ᠲᠦᠷᠦᠯ ᠵᠦᠢᠯ ᠢ ᠪᠦᠬᠦᠨ ᠢ ᠡᠬᠢᠯᠡᠭᠦᠯᠦᠨ ᠪᠠᠶᠢᠭᠤᠯᠵᠤ᠂ ᠭᠡᠷ ᠭᠠᠵᠠᠷ ᠬᠦᠷᠦᠩᠭᠡ ᠶᠢᠨ ᠬᠦᠷᠢᠶ᠎ᠡ ᠴᠠᠷ᠎ᠠ  ᠎ ᠳᠠᠬᠢ ᠬᠤᠯᠪᠣᠯᠳᠠᠯ  ᠵᠦᠷᠢᠴᠡᠯ ᠢ ᠠᠯᠬᠤᠮ ᠠᠯᠬᠤᠮ ᠢᠶᠠᠷ ᠰᠢᠢᠳᠪᠦᠷᠢᠯᠡᠵᠤ᠂ ᠬᠦᠭᠵᠢᠯᠳᠡ ᠶᠢᠨ ᠬᠦᠴᠢᠷ ᠪᠠᠶᠢᠳᠠᠯ ᠠᠴᠠ ᠠᠭᠠᠵᠢᠮ ᠢᠶᠠᠷ  ᠰᠠᠯᠭᠠᠪᠠ᠃ ᠵᠠᠰᠠᠭ  ᠎ ᠤᠨ ᠣᠷᠳᠣᠨ ᠤ ᠴᠢᠨᠠᠷᠳᠠᠢ ᠥᠷᠢ ᠰᠢᠷᠢ ᠶᠢᠨ ᠠᠰᠠᠭᠤᠳᠠᠯ ᠢ ᠬᠦᠴᠦᠳᠠᠢ ᠰᠢᠢᠳᠪᠦᠷᠢᠯᠡᠵᠤ᠂ ᠠᠵᠤ  ᠠᠬᠤᠶᠢᠯᠠᠯ ᠤᠨ ᠮᠦᠩᠭᠦᠨ ᠭᠦᠢᠯᠭᠡᠭᠡᠨ  ᠎ ᠤ ᠠᠶᠣᠯ ᠲᠦᠭᠰᠢᠭᠦᠷᠢ ᠶᠢ ᠬᠦᠴᠦᠯᠡᠨ ᠰᠡᠷᠭᠡᠶᠢᠯᠡᠵᠤ᠂ ᠨᠢᠭᠡ ᠪᠦᠯᠦᠭ ᠪᠠᠷᠢᠯᠭ᠎ᠠ ᠶᠢᠨ ᠦᠭᠴᠡᠭᠡ᠂ ᠠᠷᠠᠳ  ᠎ ᠤᠨ ᠵᠢᠭᠡᠯᠡᠯᠭᠡ ᠵᠡᠷᠭᠡ ᠬᠠᠷᠢᠯᠴᠠᠨ  ᠬᠤᠳᠬᠤᠯᠳᠦᠭ᠌ᠰᠠᠨ ︽ᠭᠤᠷᠪᠠᠯᠵᠢᠨ ᠦᠷᠢ︾ ︽ᠣᠯᠠᠨ ᠲᠠᠯ᠎ᠠ ᠶᠢᠨ ᠥᠷᠢ︾᠎ ᠶᠢᠨ ᠠᠰᠠᠭᠤᠳᠠᠯ ᠢ ᠰᠢᠢᠳᠪᠦᠷᠢᠯᠡᠵᠤ᠂ ᠠᠷᠠᠳ ᠣᠯᠠᠨ ᠤ ᠬᠤᠪᠢ ᠪᠡᠶ᠎ᠡ ᠶᠢᠨ ᠠᠰᠢᠭ ᠲᠤᠰᠠ ᠳᠤ ᠬᠠᠯᠳᠠᠭᠰᠠᠨ ᠬᠠᠯᠠᠮᠰᠢᠯ ᠬᠦᠴᠢᠷᠳᠡᠯ ᠲᠠᠢ ᠠᠰᠠᠭᠤᠳᠠᠯ ᠪᠦᠳᠦᠮᠵᠢᠳᠠᠢ ᠰᠢᠢᠳᠪᠦᠷᠢᠯᠡᠭᠳᠡᠭᠰᠡᠨ ᠪᠠᠶᠢᠨ᠎ᠠ᠃ ᠴᠢᠩᠭ᠎ᠠ ᠠᠶᠤᠯ ᠲᠦᠭᠰᠢᠭᠦᠷᠢ ᠶᠢᠨ ᠦᠷᠢᠰᠦᠯᠳᠦᠭᠡᠨ ᠳᠤ ᠬᠠᠨᠳᠣᠵᠣ᠂ ᠪᠢᠳᠠ ᠵᠦᠷᠢᠴᠡᠯ ᠎ ᠲᠠᠢ ᠰᠢᠭᠤᠳ ᠬᠠᠷᠠᠭᠤᠯᠵᠤ᠂ ᠪᠤᠯᠭᠤᠮᠵᠢᠳᠠᠢ ᠰᠢᠢᠳᠪᠦᠷᠢᠯᠡᠨ᠂ᠠᠶᠤᠯ ᠲᠦᠭᠰᠢᠭᠦᠷᠢ ᠶᠢᠨ ᠳᠠᠯᠳᠠ ᠭᠡᠮ ᠨᠢ ᠴᠢᠬᠤᠯᠠ ᠶᠡᠭᠡ ᠰᠤᠷᠢᠯᠳᠠ ᠶᠢᠨ ᠳᠣᠮᠳᠠ ᠳᠣᠭᠳᠠᠭᠤᠨ ᠢᠶᠠᠷ ᠰᠢᠢᠳᠪᠦᠷᠢᠯᠡᠭᠳᠡᠪᠡ᠃      ᠡᠨᠡ ᠲᠠᠪᠤᠨ ᠵᠢᠯ ᠂ ᠬᠠᠳᠠᠭᠤ ᠪᠡᠷᠭᠡ ᠦᠭᠡᠷᠡᠴᠢᠯᠡᠯᠳᠡ ᠬᠦᠭᠵᠢᠯᠳᠡ ᠶᠢᠨ ᠡᠭᠦᠷᠭᠡ ᠳᠤ ᠬᠠᠨᠳᠤᠨ᠂  ᠪᠢᠳᠠ ᠵᠣᠷᠢᠭᠳᠠᠢ ᠪᠠᠷ ᠬᠠᠷᠢᠴᠠᠭᠤᠯᠭ᠎ᠠ ᠡᠭᠦᠷᠴᠦ᠂ ᠬᠦᠴᠢᠷ ᠪᠡᠷᠬᠡ ᠠᠴᠠ ᠦᠯᠦ ᠠᠶᠦᠨ᠂ ᠵᠠᠰᠠᠭ ᠪᠠᠷᠢᠬᠤ ᠴᠢᠳᠠᠪᠦᠷᠢ ᠬᠠᠲᠠᠭᠤ ᠴᠢᠩᠭ᠎ᠠ ᠰᠢᠯᠭᠠᠯᠳᠠ ᠶᠢᠨ ᠳᠣᠮᠳᠠ ᠪᠦᠬᠦ ᠲᠠᠯ᠎ᠠ ᠪᠠᠷ ᠳᠡᠭᠡᠭᠰᠢᠯᠡᠪᠡ᠃ ᠠᠵᠤ ᠠᠬᠤᠢ ᠶᠢᠨ ᠬᠦᠭᠵᠢᠯᠳᠡ ᠶᠢᠨ ᠰᠢᠨ᠎ᠡ ᠪᠠᠶᠢᠳᠠᠯ ᠳᠤ ᠬᠥᠳᠡᠯᠥᠩᠭᠦᠢ ᠵᠤᠬᠢᠴᠠᠨ᠂ ᠠᠵᠤ ᠠᠬᠤᠢ  ᠨᠡᠶᠢᠬᠢᠮ ᠤᠨ ᠬᠦᠭᠵᠢᠯᠳᠡ ᠶᠢᠨ ᠰᠠᠨᠠᠭᠠᠴᠢᠯᠭᠠᠳᠣ ᠡᠷᠬᠡ ᠶᠢ ᠪᠠᠲᠤ ᠡᠵᠡᠮᠰᠢᠵᠤ᠂ ᠨᠡᠭᠦᠷᠡᠰᠦᠨ ᠤ ᠠᠵᠤ ᠦᠢᠯᠡᠰ ᠤᠨ ᠡᠷᠡᠭᠦᠯ ᠬᠦᠭᠵᠢᠯᠳᠡ ᠶᠢᠨ 18 ᠵᠣᠷᠪᠤᠰ ᠠᠷᠭ᠎ᠠ ᠬᠡᠮᠵᠢᠶ᠎ᠡ᠂ ᠵᠤᠭᠠᠴᠠᠯ ᠤᠨ ᠦᠢᠯᠡᠰ ᠤᠨ ᠬᠦᠭᠵᠢᠯᠳᠡ‌‍ᠬᠢᠭᠡᠳ ᠬᠤᠳᠠᠯᠳᠣᠭᠠᠴᠢᠨ ᠤᠷᠢᠵᠤ ᠪᠡᠯᠡ ᠣᠷᠤᠭᠤᠯᠬᠤ ᠬᠠᠷᠠᠭᠠᠯᠵᠠᠯᠳᠤ ᠲᠦᠷᠤ ᠶᠢᠨ ᠪᠣᠳᠣᠯᠭ᠎ᠠ ᠵᠡᠷᠭᠡ ᠰᠢᠷᠢᠰ ᠲᠦᠷᠤ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠣᠭᠳᠠᠭᠠᠨ ᠬᠡᠷᠡᠭᠵᠢᠭᠦᠯᠵᠦ᠂  ᠨᠡᠯᠢᠶᠡᠳ ᠰᠠᠶᠢᠨ ᠢᠶᠠᠷ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠣᠭᠠᠷ ᠣᠳᠠᠭᠠᠨ ᠤ ᠬᠤᠷᠠᠯᠳᠣᠭᠠᠨ ᠳᠡᠭᠡᠷ᠎ᠡ ᠳᠣᠭᠳᠠᠭᠠᠭᠰᠠᠨ ᠭᠤᠣᠯ ᠬᠠᠷᠠᠯᠳᠠ ᠶᠢᠨ ᠡᠭᠦᠷᠭᠡ ᠪᠠᠨ ᠪᠡᠶᠡᠯᠡᠭᠦᠯᠦᠨ᠂ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠢᠶᠠᠨ ᠠᠮᠵᠢᠯᠳᠠ ᠲᠠᠢ ᠲᠡᠭᠦᠰᠬᠡᠵᠤ᠂ ᠵᠠᠰᠠᠭ ᠤᠨ ᠣᠷᠳᠣᠨ ᠤ ᠠᠵᠢᠯ ᠪᠡᠶᠡᠯᠡᠭᠦᠯᠬᠦ ᠴᠢᠳᠠᠮᠵᠢ ᠬᠢᠭᠡᠳ ᠵᠠᠰᠠᠭ ᠤᠨ ᠢᠲᠡᠭᠡᠯ ᠬᠦᠨᠳᠦ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃      ᠦᠩᠭᠡᠷᠡᠭᠰᠡᠨ ᠲᠠᠪᠤᠨ ᠵᠢᠯ ᠤᠨ ᠠᠵᠢᠯ ᠤᠨ ᠠᠮᠵᠢᠯᠳᠠ ᠪᠦᠳᠦᠮᠵᠢ ᠶᠢ ᠡᠷᠭᠢᠴᠡᠭᠦᠯᠪᠡᠯ᠂ ᠭᠤᠣᠯ ᠳᠣᠣᠷᠠᠬᠢ ᠳᠣᠯᠣᠭᠠᠨ ᠲᠠᠯ᠎ᠠ ᠪᠠᠷ ᠢᠯᠡᠷᠡᠭᠰᠡᠨ ᠪᠠᠶᠢᠨ᠎ᠠ᠃      ᠨᠢᠭᠡ ᠳᠤ ᠶᠡᠷᠦᠩᠬᠡᠢ ᠪᠤᠳᠠᠳᠤ ᠬᠦᠴᠦᠨ ᠰᠢᠨ᠎ᠡ ᠨᠢᠭᠡᠨ ᠳᠡᠭᠲᠡᠷ ᠲᠤ ᠳᠠᠪᠰᠢᠭᠰᠠᠨ ᠪᠠᠶᠢᠨ᠎ᠠ᠃ ᠲᠠᠪᠤᠨ ᠵᠢᠯ ᠳᠤ ᠪᠡᠶᠡᠯᠡᠭᠦᠯᠦᠭᠰᠡᠨ‌ᠭᠠᠵᠠᠷ ᠣᠷᠣᠨ  ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠨᠢ ᠨᠡᠶᠢᠳᠡ ᠪᠠᠷᠤᠭ 3307.5 ᠳ᠋ᠦᠩᠰᠢᠭᠤᠷ ᠲᠦᠭᠦᠷᠢᠭ ᠲᠤ ᠬᠦᠷᠴᠦ᠂ ᠵᠢᠯ ᠪᠦᠷᠢ 7.3%᠎ ᠪᠠᠷ ᠨᠡᠮᠡᠭᠳᠡᠭᠰᠡᠨ ᠪᠠᠶᠢᠨ᠎ᠠ᠃ ᠡᠩ ᠤᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠨᠢ 357.8 ᠳ᠋ᠦᠩᠰᠢᠭᠤᠷ ᠲᠦᠭᠦᠷᠢᠭ ᠲᠤ ᠬᠦᠷᠴᠦ᠂ ᠵᠢᠯ ᠪᠦᠷᠢ 4.6%᠎ ᠪᠠᠷ ᠨᠡᠮᠡᠭᠳᠡᠪᠡ᠃ ᠳᠣᠭᠳᠠᠮᠠᠯ ᠬᠥᠷᠥᠩᠭᠡ ᠶᠢᠨ ᠪᠡᠯᠡ ᠣᠷᠣᠭᠤᠯᠣᠯᠳᠠ 2062 ᠳ᠋ᠦᠩᠰᠢᠭᠤᠷ ᠲᠤ ᠬᠦᠷᠴᠦ᠂ ᠵᠢᠯ ᠪᠦᠷᠢ 10%᠎ ᠪᠠᠷ ᠨᠡᠮᠡᠭᠳᠡᠪᠡ᠃ ᠨᠡᠶᠢᠬᠡᠮ ᠤᠨ ᠬᠡᠷᠡᠭᠯᠡᠭᠡᠨ ᠤ ᠵᠦᠢᠯᠡᠰ ᠤᠨ ᠵᠢᠵᠢᠭᠯᠡᠨ ᠬᠤᠳᠠᠯᠳᠣᠭᠰᠠᠨ ᠶᠡᠷᠥᠩᠬᠡᠢ ᠥᠷᠳᠡᠭ 245.1 ᠳ᠋ᠦᠩᠰᠢᠭᠤᠷ ᠲᠦᠭᠦᠷᠢᠭ ᠲᠤ ᠬᠦᠷᠴᠦ᠂ ᠵᠢᠯ ᠪᠦᠷᠢ 9.6%᠎ ᠪᠠᠷ ᠨᠡᠮᠡᠭᠳᠡᠪᠡ  ᠃ ᠬᠤᠲᠠ ᠪᠠᠯᠭᠠᠰᠣᠨ ᠤ ᠰᠠᠭᠤᠭᠠᠯᠢ ᠠᠷᠠᠳ ᠤᠨ ᠬᠦᠮᠦᠨ ᠪᠦᠷᠢ ᠶᠢᠨ ᠡᠵᠡᠮᠰᠢᠵᠤ ᠪᠣᠯᠬᠤᠶᠢᠴᠠ ᠣᠷᠣᠯᠭ᠎ᠠ ᠨᠢ ᠲᠤᠰ ᠪᠦᠷᠢ 2012 ᠣᠨ ᠤ 34586 ᠲᠦᠭᠦᠷᠢᠭ ᠪᠤᠯᠤᠨ 11452 ᠲᠦᠭᠦᠷᠢᠭ ᠠᠴᠠ44835 ᠲᠦᠭᠦᠷᠢᠭ ᠪᠠ16882 ᠲᠦᠭᠦᠷᠢᠭ  ᠨᠡᠮᠡᠭᠳᠡᠵᠦ᠂ ᠵᠢᠯ ᠪᠦᠷᠢ 7.7% ᠪᠠ 9.3% ᠲᠦᠭᠦᠷᠢᠭ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠨᠢ 58 ᠡᠷᠦᠬᠡ ᠳᠤ ᠬᠦᠷᠴᠦ᠂ ᠭᠤᠣᠯ ᠡᠵᠡᠩᠨᠡᠵᠤ ᠪᠠᠶᠢᠭ᠎ᠠ ᠲᠤᠬᠠᠶᠢᠯᠠᠭᠰᠠᠨ ᠠᠵᠢᠯ ᠤᠨ ᠣᠷᠣᠯᠭ᠎ᠠ ᠨᠢ ᠳ᠋ᠦᠩᠰᠢᠭᠤᠷ ᠲᠦᠭᠦᠷᠢᠭ ᠦᠩᠭᠡᠷᠡᠭᠰᠡᠨ ᠠᠵᠤ ᠠᠬᠤᠶᠢᠯᠠᠯ ᠨᠢ 37 ᠡᠷᠦᠭᠡ ᠳᠤ ᠬᠦᠷᠦᠨ᠂ ᠠᠰᠢᠭ ᠬᠤᠨᠵᠢᠪᠤᠷᠢ ᠬᠢᠭᠡᠳ ᠠᠰᠢᠭ ᠭᠠᠶᠢᠯᠢ ᠨᠢ ᠵᠢᠯ ᠪᠦᠷᠢ ᠲᠤᠰ ᠲᠤᠰ 6.7% ᠬᠢᠭᠡᠳ 5.9%᠎ ᠪᠠᠷ ᠨᠡᠮᠡᠭᠳᠡᠪᠡ᠃ ᠭᠤᠣᠯᠳᠠᠯᠭᠠᠳᠣ ᠠᠵᠤ ᠠᠬᠤᠢ ᠶᠢᠨ ᠬᠦᠢᠴᠡᠳᠭᠡᠯ ᠲᠤᠭ᠎ᠠ ᠨᠢ ᠰᠠᠭᠤᠷᠢ ᠲᠣᠭᠠᠨ ᠤ ᠦᠨᠳᠦᠷ ᠪᠠᠶᠢᠷᠢᠨ ᠳᠡᠭᠡᠷ᠎ᠡ ᠳᠣᠮᠳᠠ ᠦᠨᠳᠦᠷ ᠤᠨ ᠬᠤᠷᠳᠤᠴᠠ ᠪᠠᠷ ᠳᠡᠭᠡᠭᠰᠢᠯᠡᠵᠦ᠂ ᠶᠡᠷᠦᠩᠬᠡᠢ ᠦᠷᠢᠰᠦᠯᠳᠦᠬᠦ ᠬᠦᠴᠦᠨ ᠨᠢ ᠪᠦᠬᠦ ᠤᠯᠤᠰ ᠤᠨ ᠵᠠᠭᠤᠨ ᠬᠦᠴᠦᠷᠬᠡᠭ ᠰᠢᠶᠠᠨ ᠤ19 ᠳ᠋ᠦ᠋ᠭᠡᠷ ᠲᠤ ᠳᠠᠪᠰᠢᠨ ᠣᠷᠤᠵᠤ᠂ ᠦᠪᠡᠷᠳᠡᠭᠡᠨ ᠵᠠᠰᠠᠬᠤ ᠣᠷᠣᠨ ᠤ ᠲᠡᠷᠢᠭᠦᠨ ᠤ ᠡᠩᠨᠡᠭᠡᠨ ᠳᠤ ᠳᠣᠭᠳᠠᠭᠤᠨ ᠢᠶᠠᠷ ᠰᠠᠭᠤᠷᠢᠰᠢᠭᠰᠠᠨ ᠪᠠᠶᠢᠨ᠎ᠠ᠃      ᠬᠤᠶᠠᠷ ᠲᠤ ᠪᠦᠳᠦᠴᠡ ᠶᠢᠨ ᠲᠤᠬᠢᠷᠠᠭᠤᠯᠤᠯᠳᠠ ᠨᠢ ᠰᠢᠨ᠎ᠡ ᠨᠢᠭᠡᠨ ᠠᠯᠬᠤᠮ ᠳᠤ ᠠᠯᠬᠤᠨ ᠣᠷᠣᠪᠠ᠃  ᠭᠤᠷᠪᠠᠳᠤᠭᠠᠷ ᠠᠵᠤ ᠠᠬᠤᠶᠢᠯᠠᠯ ᠤᠨ ᠬᠠᠷᠢᠴᠠᠯ ᠨᠢ 2012 ᠣᠨ ᠤ 1.2 : 62 : 36.8᠎ ᠠᠴᠠ 1.1 : 57.8 : 41.1᠎ ᠪᠠᠷ ᠳᠣᠬᠢᠷᠠᠭᠤᠯᠤᠭᠳᠠᠵᠤ᠂ ᠨᠢᠭᠡᠳᠦᠭᠡᠷ ᠠᠵᠤ ᠠᠬᠤᠶᠢᠯᠠᠯ ᠨᠢ ᠬᠠᠷᠢᠴᠠᠩᠭᠤᠢ ᠪᠠᠷ ᠳᠣᠭᠳᠠᠭᠤᠨ ᠢᠶᠠᠨ ᠪᠠᠳᠤᠯᠠᠵᠤ᠂ ᠬᠤᠶᠠᠳᠤᠭᠠᠷ ᠠᠵᠤ ᠠᠬᠤᠶᠢᠯᠠᠯ ᠤᠨ ᠬᠤᠪᠢ ᠶᠢᠨ ᠵᠢᠩ ᠨᠢ ᠵᠢᠯ ᠳᠠᠷᠠᠭᠠᠯᠠᠨ ᠳᠣᠷᠣᠭᠰᠢᠯᠠᠨ᠂ ᠭᠤᠷᠪᠠᠳᠤᠭᠠᠷ ᠠᠵᠤ ᠠᠬᠤᠶᠢᠯᠠᠯ ᠤᠨ ᠬᠤᠪᠢ ᠶᠢᠨ ᠵᠢᠩ ᠨᠢ ᠯᠠᠪᠳᠠᠭᠤᠨ ᠢᠶᠠᠷ ᠳᠡᠭᠡᠭᠰᠢᠯᠡᠪᠡ᠃ ᠮᠠᠯ ᠲᠠᠷᠢᠶᠠᠯᠠᠩ ᠤᠨ ᠠᠵᠤ ᠠᠬᠤᠶᠢᠯᠠᠯ ᠤᠨ ᠬᠢᠷᠢ ᠲᠦᠪᠰᠢᠨ ᠢᠯᠡᠳᠳᠡ ᠳᠡᠭᠡᠭᠰᠢᠯᠡᠪᠡ᠃ ᠮᠠᠯ ᠲᠠᠷᠢᠶᠠᠯᠠᠩ ᠤᠨ ᠠᠵᠤ ᠠᠬᠤᠶᠢᠯᠠᠯ ᠤᠨ ᠨᠡᠷᠡᠳᠦ ᠲᠡᠮᠳᠡᠭ ᠤᠨ ᠬᠦᠭᠵᠢᠯᠳᠡ ᠶᠢᠨ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠭᠤᠷᠪᠠᠯᠠᠭᠰᠠᠨ ᠪᠦᠳᠦᠭᠡᠭᠳᠡᠬᠦᠨ ᠨᠢᠭᠡ ᠲᠡᠮᠳᠡᠭ︾᠎ ᠤᠨ ᠮᠠᠯ ᠲᠠᠷᠢᠶᠠᠯᠠᠩ ᠤᠨ ᠪᠦᠳᠦᠬᠡᠭᠳᠡᠭᠦᠨ13 ᠦᠨᠡᠯᠡᠭᠳᠡᠵᠦ᠂ ︽ᠮᠡᠩᠭᠡ ᠶᠢᠨ ᠴᠠᠭᠠᠨ ᠨᠣᠣᠯᠣᠷ ᠤᠨ ᠢᠮᠠᠭ᠎ᠠ︾ ᠣᠷᠳᠣᠰ ᠤᠨ ᠨᠡᠷᠡᠳᠦ ᠲᠠᠸᠠᠷ ᠤᠨ ᠲᠡᠮᠳᠡᠭ ᠪᠤᠯᠭᠠᠬᠤ ᠪᠠᠷ ᠪᠥᠳᠥᠮᠵᠢᠲᠠᠢ᠂ ᠳᠡᠵᠢᠭᠡᠵᠤ ᠥᠷᠡᠵᠢᠭᠦᠯᠭᠦ ᠰᠠᠭᠤᠷᠢᠨ ᠭᠠᠵᠠᠷ ᠨᠢ ᠦᠪᠡᠷᠳᠡᠭᠡᠨ ᠵᠠᠰᠠᠬᠤ ᠣᠷᠣᠨ ᠤ ᠮᠠᠯ ᠲᠠᠷᠢᠶᠠᠯᠠᠩ ᠤᠨ ᠠᠵᠣ ᠠᠬᠤᠶᠢᠯᠠᠯ ᠤᠨ ᠣᠨᠴᠠᠭᠠᠢ ᠰᠢᠨᠵᠢᠯᠡᠭᠡ ᠮᠡᠷᠭᠡᠵᠢᠯ ᠤᠨ ᠠᠵᠤ ᠠᠬᠤᠶᠢᠯᠠᠯ ᠤᠨ ᠰᠠᠭᠤᠷᠢᠨ ᠭᠠᠵᠠᠷ ᠢᠶᠠᠷ ᠳᠣᠭᠳᠠᠭᠠᠭᠳᠠᠪᠠ᠃ ᠮᠠᠯ ᠲᠠᠷᠢᠶᠠᠯᠠᠩ ᠤᠨ ᠠᠵᠤ  ᠦᠢᠯᠡᠰᠵᠢᠭᠦᠯᠦᠯᠳᠡ ᠳᠤ1.8 ᠳ᠋ᠦᠩᠰᠢᠭᠤᠷ ᠲᠦᠭᠦᠷᠢᠭ ᠤᠨ ᠪᠡᠯᠡ ᠮᠦᠩᠭᠦ ᠣᠷᠣᠭᠤᠯᠣᠨ᠂ ᠬᠤᠳᠠ ᠶᠢᠨ ᠲᠡᠰ ᠠᠴᠠ ᠳᠡᠭᠡᠭᠰᠢᠬᠢ ᠮᠠᠯ ᠲᠠᠷᠢᠶᠠᠯᠠᠩ ᠤᠨ ᠠᠵᠤ ᠠᠬᠤᠶᠢᠯᠠᠯ ᠨᠢ 34 ᠡᠷᠦᠬᠡ ᠳᠤ ᠬᠦᠷᠴᠦ᠂ 53%᠎ ᠤᠨ ᠲᠣᠯᠣᠭᠠᠶᠢᠯᠠᠭᠴᠢ ᠠᠵᠤ ᠠᠬᠤᠶᠢᠯᠠᠯ ᠨᠢ ᠮᠠᠯᠴᠢᠨ ᠲᠠᠷᠢᠶᠠᠴᠢᠨ ᠲᠠᠢ ᠨᠢᠭᠲᠠ ᠬᠠᠷᠢᠴᠠᠭ᠎ᠠ ᠲᠠᠢ ᠠᠰᠢᠭ ᠬᠤᠨᠵᠢᠪᠤᠷᠢ ᠶᠢᠨ ᠬᠤᠯᠪᠣᠯᠳᠣᠬᠤ ᠪᠠᠶᠢᠭᠤᠯᠤᠮᠵᠢ ᠶᠢ ᠪᠠᠶᠢᠭᠤᠯᠤᠭᠰᠠᠨ ᠪᠠᠶᠢᠨ᠎ᠠ᠃ ᠠᠵᠤ ᠦᠢᠯᠡᠳᠪᠦᠷᠢ ᠶᠢᠨ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠪᠦᠳᠦᠮᠵᠢ ᠶᠢ ᠨᠡᠮᠡᠭᠳᠡᠭᠦᠯᠪᠡ᠃ ︽ᠰᠢᠨ᠎ᠡ ᠵᠡᠭᠡᠯᠢ ᠶᠢᠨ ᠲᠣᠶᠢᠭ ᠤᠨ ᠰᠥᠮ᠎ᠡ ᠶᠢᠨ ᠠᠭᠤᠷᠬᠠᠢ ᠶᠢᠨ ᠣᠷᠣᠨ ᠤ ᠶᠡᠷᠦᠩᠬᠡᠢ ᠲᠦᠯᠦᠪᠵᠢᠭᠦᠯᠭᠡ  ︾ ᠬᠢᠭᠡᠳ ᠮᠠ ᠲᠠᠢ ᠬᠤᠤ᠂ ᠵᠤᠸᠠᠨ ᠯᠥᠩ ᠸᠠᠨ᠂ ᠬᠤᠨᠢᠴᠢᠨ ᠭᠤᠣᠯ ᠵᠡᠷᠭᠡ ᠲᠤᠮᠤ ᠬᠡᠯᠪᠡᠷᠢ ᠶᠢᠨ ᠨᠡᠭᠦᠷᠡᠰᠦᠨ ᠠᠭᠤᠷᠬᠠᠢ ᠶᠢᠨ ᠠᠭᠤᠷᠠᠬᠠᠢ ᠮᠠᠯᠳᠠᠬᠤ ᠵᠦᠪᠰᠢᠶᠡᠷᠡᠯ ᠤᠨ ᠦᠨᠡᠮᠯᠡᠯ ᠢᠶᠠᠨ ᠣᠯᠵᠣ᠂ ᠭᠠᠵᠠᠷ ᠣᠷᠣᠨ ᠤ ᠪᠣᠬᠢᠷᠳᠣᠯ ᠦᠭᠡᠢ ᠨᠡᠭᠦᠷᠡᠰᠦ ᠶᠢᠨ ᠦᠢᠯᠡᠳᠪᠦᠷᠢᠯᠡᠯ ᠤᠨ ᠬᠦᠴᠦᠨ ᠨᠢ 2012 ᠣᠨ ᠠᠴᠠ 6000 ᠲᠦᠮᠡᠨ ᠲᠤᠨ ᠨᠡᠮᠡᠭᠳᠡᠨ᠂ ᠴᠡᠪᠡᠷ ᠡᠨᠧᠷᠭᠢ ᠶᠢᠨ ᠭᠠᠷᠭᠠᠯᠳᠠ ᠶᠢᠨ ᠰᠠᠭᠤᠷᠢᠨ ᠭᠠᠵᠠᠷ ᠠᠩᠬᠠᠨ ᠤ ᠲᠦᠯᠦᠪ ᠎ ᠳᠡᠭᠡᠨ ᠣᠷᠣᠭᠰᠠᠨ ᠪᠠᠶᠢᠨ᠎ᠠ᠃ ᠬᠤᠢ ᠨᠧᠩ ᠨᠡᠭᠦᠷᠡᠰᠦ ᠪᠠᠷ ᠰᠢᠳᠠᠮᠠᠬᠠᠢ ᠬᠡᠢ ᠦᠢᠯᠡᠳᠪᠦᠷᠢᠯᠡᠬᠦ᠂  ᠣᠯᠣᠰ ᠤᠨ ᠴᠠᠬᠢᠯᠭᠠᠨ ᠨᠡᠭᠦᠷᠡᠰᠦᠨ ᠴᠠᠬᠢᠯᠭᠠᠨ ᠨᠢᠭᠡ ᠴᠣᠭᠴᠠᠵᠢᠯᠳᠠ ᠵᠡᠷᠭᠡ ᠨᠢᠭᠡ ᠪᠦᠯᠦᠭ ᠦᠪᠡᠷᠮᠢᠴᠡ ᠣᠨᠴᠠᠯᠢᠭᠳᠤ ᠳᠡᠭᠡᠳᠦ ᠲᠡᠰ ᠤᠨ ᠪᠦᠳᠦᠴᠡ ᠶᠢᠨ ᠬᠡᠯᠪᠡᠷᠢ ᠪᠠᠨ ᠬᠤᠪᠢᠷᠠᠭᠤᠯᠤᠭᠰᠠᠨ ᠬᠤᠰᠢᠭᠤᠴᠢ ᠠᠵᠤ ᠦᠢᠯᠡᠰ ᠤᠨ ᠬᠡᠯᠬᠢᠶ᠎ᠡ ᠶᠢᠨ ᠥᠷᠭᠡᠳᠬᠡᠭᠰᠡᠨ ᠲᠦᠷᠦᠯ ᠵᠦᠢᠯ ᠨᠢ ᠠᠰᠢᠭᠯᠠᠯᠳᠠ ᠳᠤ ᠣᠷᠣᠵᠣ᠂ ᠨᠡᠭᠦᠷᠡᠰᠦ ᠶᠢᠨ ᠬᠤᠪᠢᠷᠠᠭᠠᠯᠳᠠ ᠶᠢᠨ ᠨᠣᠷᠮ᠎ᠠ ᠨᠢ 2012 ᠣᠨ ᠤ 2.7%᠎ ᠠᠴᠠ6.5%᠎ ᠪᠠᠷ ᠳᠡᠭᠡᠭᠰᠢᠯᠡᠪᠡ᠃ ᠵᠦᠩ ᠮᠧᠢ ᠮᠠᠰᠢᠨ ᠲᠣᠨᠣᠭᠯᠠᠯ ᠦᠢᠯᠡᠳᠪᠦᠷᠢᠯᠡᠬᠦ᠂ ᠴᠢᠩ ᠶᠠᠨ ᠡᠯᠡᠰᠦᠨ ᠪᠣᠷᠭᠠᠰᠣ ᠵᠡᠷᠭᠡ ᠨᠢᠭᠡ ᠪᠦᠯᠦᠭ ᠨᠡᠭᠦᠷᠡᠰᠦᠨ ᠪᠤᠰᠤ ᠠᠵᠤ ᠠᠬᠤᠶᠢᠯᠠᠯ ᠤᠨ ᠲᠦᠷᠦᠯ ᠵᠦᠢᠯ ᠠᠰᠢᠭᠯᠠᠯᠳᠠ ᠳᠤ ᠣᠷᠣᠵᠣ᠂ ᠨᠡᠭᠦᠷᠡᠰᠦᠨ ᠪᠤᠰᠤ ᠠᠵᠤ ᠠᠬᠤᠶᠢᠯᠠᠯ ᠤᠨ ᠨᠡᠮᠡᠯᠳᠡ ᠥᠷᠳᠡᠭ ᠤᠨ ᠨᠡᠮᠡᠭᠳᠡᠯ ᠨᠢ ᠡᠬᠢ ᠪᠠᠶᠠᠯᠢᠭ ᠤᠨ ᠬᠡᠯᠪᠡᠷᠢᠳᠦ ᠠᠵᠤ ᠠᠬᠤᠶᠢᠯᠠᠯ ᠠᠴᠠ9.5 ᠵᠠᠭᠤᠨ ᠤ ᠨᠢᠭᠡᠴᠢ ᠦᠨᠳᠦᠷ ᠪᠤᠯᠤᠭᠰᠠᠨ ᠪᠠᠶᠢᠨ᠎ᠠ᠃ ᠣᠳᠣ ᠦᠶ᠎ᠡ ᠶᠢᠨ ᠦᠢᠯᠡᠴᠢᠯᠡᠯᠭᠡᠨ ᠤ ᠦᠢᠯᠡᠰ ᠨᠢ ᠦᠷᠨᠢᠭᠦᠨ ᠬᠦᠭᠵᠢᠭᠰᠡᠨ ᠪᠠᠶᠢᠨ᠎ᠠ᠃ ᠪᠦᠬᠦ ᠬᠤᠲᠠ ᠳᠤ ᠬᠠᠮᠤᠭ ᠲᠠᠷᠢᠭᠦᠨ ᠳᠤ ᠪᠦᠬᠦ ᠬᠡᠪᠴᠢᠶᠡᠵᠢᠯ ᠤᠨ ᠵᠢᠭᠤᠯᠴᠢᠯᠠᠯ ᠤᠨ ᠵᠢᠱᠢᠶᠡᠴᠢ ᠣᠷᠣᠨ ᠢ ᠪᠦᠳᠦᠭᠡᠨ ᠪᠠᠶᠢᠭᠤᠯᠵᠤ᠂ ︽ᠪᠦᠬᠦ ᠬᠡᠪᠴᠢᠶᠡᠵᠢᠯ ᠤᠨ ᠵᠢᠭᠤᠯᠴᠢᠯᠠᠯ ᠤᠨ ᠳᠡᠭᠡᠳᠦ ᠳᠠᠪᠬᠤᠷᠭᠠᠳᠤ ᠲᠥᠯᠦᠪᠯᠡᠭᠡ ᠬᠢᠭᠡᠳ ᠭᠤᠷᠪᠠᠨ ᠵᠢᠯ ᠤᠨ ᠠᠵᠢᠯᠯᠠᠭᠠᠨ ᠤ ᠲᠥᠯᠦᠪᠯᠡᠭᠡ︾᠎ ᠶᠢ ᠨᠠᠶᠢᠷᠠᠭᠤᠯᠤᠨ ᠵᠤᠬᠢᠶᠠᠵᠤ ᠨᠠᠶᠢᠳᠠᠪᠦᠷᠢᠵᠢᠭᠤᠯᠤᠨ᠂ ᠡᠷᠳᠡᠨᠢ ᠶᠢᠨ ᠲᠣᠪᠴᠢ ᠰᠣᠶᠣᠯ ᠤᠨ ᠠᠵᠤ ᠦᠢᠯᠡᠰ ᠤᠨ ᠬᠦᠷᠢᠶᠡᠯᠡᠩ ᠬᠢᠭᠡᠳ ᠦᠪᠦᠷ ᠮᠣᠩᠭᠤᠯ ᠤᠨ ᠪᠤᠷᠬᠠᠨ ᠱᠠᠰᠢᠨ ᠤ ᠰᠤᠶᠤᠯ ᠤᠨ ᠮᠥᠽᠸᠢ ᠵᠡᠷᠬᠡ ᠬᠤᠶᠠᠷ 4A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠠᠮᠵᠢᠯᠳᠠ ᠲᠠᠢ ᠪᠦᠳᠦᠭᠡᠨ ᠪᠠᠶᠢᠭᠤᠯᠵᠤ᠂ ᠬᠠᠰᠢᠶᠠᠳᠣ ᠠᠶᠢᠮᠠᠭ᠂ ᠵᠢᠷᠭᠠᠯᠠᠩᠳᠤ ᠲᠠᠷᠢᠶ᠎ᠠ ᠶᠢᠨ ᠭᠥᠷᠢᠶᠡᠯᠡᠩ ᠵᠡᠷᠭᠡ 8 ᠬᠦᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ  ᠭᠠᠵᠠᠷ᠂ ᠨᠢᠭᠡ ᠪᠦᠯᠦᠭ ᠦᠪᠡᠷᠮᠢᠴᠡ ᠣᠨᠴᠠᠯᠢᠭ ᠎ ᠲᠠᠢ ᠨᠠᠷᠢᠯᠢᠭ ᠬᠢᠴᠡ ᠲᠠᠢ ᠵᠢᠭᠤᠯᠴᠢᠯᠠᠯ ᠤᠨ ᠵᠠᠮ ᠱᠤᠭᠤᠮ ᠪᠤᠢ ᠪᠤᠯᠵᠤ ᠪᠦᠷᠢᠯᠳᠦᠭᠰᠡᠨ ᠪᠠᠶᠢᠨ᠎ᠠ᠃ ᠵᠢᠭᠤᠯᠴᠢᠯᠠᠯ ᠤᠨ ᠵᠤᠴᠢᠨ ᠨᠡᠶᠢᠳᠡ1284 ᠲᠦᠮᠡᠨ ᠬᠦᠮᠦᠨ ᠤᠳᠠᠭ᠎ᠠ ᠳᠤ ᠬᠦᠷᠴᠦ᠂ ᠵᠢᠭᠤᠯᠴᠢᠯᠠᠯ ᠤᠨ ᠣᠷᠣᠯᠭ᠎ᠠ  ᠎ ᠶᠢ129.5 ᠳ᠋ᠦᠩᠰᠢᠭᠤᠷ ᠲᠦᠭᠦᠷᠢᠭ ᠪᠡᠶᠡᠯᠡᠭᠦᠯᠵᠤ᠂ ᠲᠠᠪᠤᠨ ᠵᠢᠯ ᠳᠠᠷᠠᠭᠠᠯᠠᠨ 10%᠎ ᠠᠴᠠ ᠳᠡᠭᠡᠭᠰᠢ ᠨᠡᠮᠡᠭᠳᠡᠨ᠂ ᠵᠢᠭᠤᠯᠴᠢᠯᠠᠯ ᠤᠨ ᠦᠢᠯᠡᠰ ᠬᠡᠯᠪᠡᠷᠢ ᠪᠠᠨ ᠬᠤᠪᠢᠷᠠᠭᠤᠯᠤᠨ ᠲᠡᠰ ᠳᠠᠪᠰᠢᠭᠦ ᠳᠤ ᠪᠤᠳᠠᠳᠤ ᠲᠤᠯᠭᠠᠭᠤᠷᠢ ᠬᠦᠴᠦᠨ ᠪᠣᠯᠤᠭᠰᠠᠨ ᠪᠠᠶᠢᠨ᠎ᠠ᠃ ᠵᠠᠬ᠎ᠠ ᠳᠡᠯᠭᠡᠭᠦᠷ ᠤᠨ ᠠᠷᠭ᠎ᠠ ᠬᠡᠮᠵᠢᠶ᠎ᠡ ᠶᠢ ᠠᠰᠢᠭᠯᠠᠨ ᠣᠷᠳᠣᠰ ᠣᠯᠠᠨ ᠣᠯᠣᠰ ᠤᠨ ᠠᠷᠭᠤᠮᠠᠭ ᠬᠦᠯᠦᠭ ᠤᠨ ᠰᠣᠶᠣᠯ ᠤᠨ ᠪᠠᠶᠠᠷ ᠵᠡᠷᠭᠡ10 ᠬᠡᠳᠦᠨ ᠲᠦᠷᠦᠯ ᠤᠨ ᠨᠡᠷᠡᠲᠦ ᠤᠷᠤᠯᠳᠤᠭᠠᠨ ᠢ ᠣᠷᠢᠵᠣ ᠠᠪᠴᠢᠷᠠᠭᠠᠳ᠂ ᠵᠤᠭᠤᠭᠯᠠᠵᠤ ᠬᠤᠨᠤᠭᠯᠠᠬᠤ ᠬᠤᠲᠠ ᠶᠢᠨ ᠠᠷᠠᠯᠵᠢᠶ᠎ᠠ ᠬᠤᠳᠠᠯᠳᠤᠭ᠎ᠠ ᠵᠡᠷᠭᠡ ᠠᠮᠢᠳᠣᠷᠠᠯ ᠤᠨ ᠴᠢᠨᠠᠷᠳᠠᠢ ᠦᠢᠯᠡᠴᠢᠯᠡᠭᠡᠨ ᠤ ᠦᠢᠯᠡᠰ ᠤᠨ ᠬᠡᠷᠡᠭᠯᠡᠭᠡ ᠵᠠᠷᠤᠳᠠᠯ ᠥᠷᠭᠦᠯᠵᠢᠯᠡᠨ ᠳᠡᠭᠡᠭᠰᠢᠯᠡᠭᠰᠡᠨ ᠪᠠᠶᠢᠨ᠎ᠠ᠃  ᠣᠳᠣ ᠦᠶ᠎ᠡ ᠶᠢᠨ ᠡᠳ᠋ ᠪᠠᠷᠠᠭᠠᠨ ᠤ ᠭᠦᠢᠯᠭᠡᠭᠡᠨ ᠤ ᠦᠢᠯᠡᠰ ᠦᠳᠳᠦᠷ ᠲᠦᠷᠭᠡᠨ ᠬᠦᠭᠵᠢᠵᠦ᠂ ᠵᠠᠰᠠᠭ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠤᠭᠤᠷᠢᠭ ᠬᠢᠭᠡᠳ ᠡᠵᠡᠨ ᠬᠤᠷᠤᠭ᠎ᠠ ᠬᠤᠰᠢᠭᠤᠨ ᠤ ᠨᠡᠭᠦᠷᠡᠰᠦᠨ ᠭᠦᠢᠯᠭᠡᠭᠡᠨ ᠤ ᠬᠦᠷᠢᠶᠡᠯᠡᠩ ᠲᠤᠭᠤᠷᠢᠭ ᠤᠨ ᠡᠵᠡᠩᠨᠡᠯᠳᠡ ᠶᠢᠨ ᠬᠢᠷᠢ ᠲᠦᠪᠰᠢᠨ ᠢᠯᠡᠳᠳᠡ ᠳᠡᠭᠡᠭᠰᠢᠯᠡᠨ᠂ ᠣᠷᠳᠣᠰ ᠠᠭᠠᠷ ᠤᠨ ᠭᠠᠷᠠᠮ ᠤᠨ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠤᠭᠤᠷᠢᠭ ᠤᠨ ᠶᠡᠷᠦᠩᠬᠡᠢ ᠭᠠᠶᠢᠯᠢ ᠪᠠᠳᠣᠯᠠᠬᠤ ᠣᠷᠣᠨ ᠵᠢᠩᠬᠢᠨᠢ ᠎ ᠢᠶᠠᠷ ᠵᠦᠪᠰᠢᠶᠡᠷᠡᠭᠳᠡᠨ᠂ ᠭᠤᠷᠪᠠᠳᠣᠭᠠᠷ ᠠᠵᠤ ᠥᠢᠯᠡᠰ ᠤᠨ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠨᠢ 2012 ᠣᠨ ᠠᠴᠠ ᠤ ᠬᠢ ᠵᠠᠭᠤᠨ ᠤ 4.3᠎ ᠪᠠᠷ ᠳᠡᠭᠡᠭᠰᠢᠯᠡᠭᠰᠡᠨ ᠪᠠᠶᠢᠨ᠎ᠠ᠃      ᠭᠤᠷᠪᠠ ᠳᠤ ᠬᠤᠲᠠ ᠪᠠᠯᠭᠠᠰᠣᠨ ᠤ ᠳᠦᠷᠢ ᠳᠦᠷᠬᠦ ᠨᠢ ᠰᠢᠨ᠎ᠡ ᠬᠤᠪᠢᠷᠠᠯᠳᠠ ᠭᠠᠷᠣᠭᠰᠠᠨ ᠪᠠᠶᠢᠨ᠎ᠠ᠃  ᠴᠢᠨᠡᠷ ᠳᠡᠰ ᠪᠥᠭᠦᠢ ᠬᠤᠲᠠ ᠶᠢ ᠪᠦᠳᠦᠭᠡᠨ ᠪᠠᠶᠢᠭᠤᠯᠬᠤ ᠶᠢ ᠪᠦᠬᠦ ᠬᠦᠴᠦ ᠪᠠᠷ ᠲᠦᠯᠬᠢᠨ ᠠᠬᠢᠭᠤᠯᠤᠭᠰᠠᠨ ᠪᠠᠶᠢᠨ᠎ᠠ᠃  ᠬᠤᠲᠠ ᠶᠢᠨ  ᠲᠣᠭᠤᠷᠢᠭ ᠲᠤ ᠦᠢᠯᠡᠴᠢᠯᠡᠬᠦ ᠴᠢᠳᠠᠪᠬᠢ ᠶᠢ ᠳᠠᠰᠣᠷᠠᠯᠳᠠ ᠦᠭᠡᠢ ᠲᠡᠭᠦᠯᠳᠡᠷᠵᠢᠭᠦᠯᠵᠤ᠂ ᠰᠢᠨ᠎ᠡ ᠪᠠᠷ ᠦᠷᠭᠡᠳᠬᠡᠨ ᠥᠭᠡᠷᠡᠴᠢᠯᠡᠨ ᠪᠠᠶᠢᠭᠤᠯᠤᠭᠰᠠᠨ ᠬᠤᠳᠠ ᠶᠢᠨ ᠵᠠᠬᠢᠷᠭᠠᠨ ᠤ ᠵᠠᠮ ᠨᠢ 114 ᠺᠢᠯᠣᠮᠧᠲᠷ᠂ ᠡᠯ᠎ᠡ ᠵᠦᠢᠯ ᠤᠨ ᠬᠤᠭᠤᠯᠠᠢ ᠲᠤᠤᠷ ᠎ ᠨᠢ 381 ᠺᠢᠯᠣᠮᠧᠲᠷ᠂ ᠨᠢᠭᠡᠳᠦᠯᠳᠠᠢ ᠳᠣᠯᠠᠭᠠᠨ ᠬᠠᠩᠭᠠᠭᠰᠠᠨ‌ᠨᠤᠷᠮ᠎ᠠ ᠨᠢ 99%᠂ ᠪᠠᠶᠢᠭᠠᠯᠢ ᠶᠢᠨ ᠰᠢᠳᠠᠮᠠᠬᠠᠢ ᠬᠡᠢ ᠶᠢᠨ ᠬᠠᠩᠭᠠᠯᠭ᠎ᠠ ᠶᠢᠨ ᠪᠦᠷᠬᠦᠴᠡ ᠶᠢᠨ ᠨᠣᠷᠮ᠎ᠠ᠂ ᠪᠣᠬᠢᠷᠳᠣᠯ  ᠤᠰᠤ ᠶᠢ ᠰᠢᠢᠳᠪᠦᠷᠢᠯᠡᠬᠦ ᠨᠣᠷᠮ᠎ᠠ᠂ ᠬᠤᠭ ᠢ ᠬᠤᠣᠷ ᠦᠭᠡᠶᠢᠵᠢᠭᠦᠯᠦᠨ ᠰᠢᠢᠳᠪᠦᠷᠢᠯᠡᠬᠦ ᠨᠤᠷᠮ᠎ᠠ ᠨᠢ ᠨᠡᠶᠢᠳᠡᠮ ᠳᠡᠭᠡᠨ 95%᠎ ᠠᠴᠠ ᠳᠡᠭᠡᠭᠰᠢ ᠪᠠᠶᠢᠵᠤ᠂ ᠪᠠᠶᠢᠩᠭᠤ ᠰᠠᠭᠤᠭ᠎ᠠ ᠬᠦᠮᠦᠨ ᠠᠮᠠ ᠶᠢᠨ ᠬᠤᠲᠠᠵᠢᠯᠳᠠ ᠶᠢᠨ  ᠨᠤᠷᠮ᠎ᠠ ᠨᠢ 70%᠎ ᠳᠤ ᠬᠦᠷᠦᠭᠰᠡᠨ ᠪᠠᠶᠢᠨ᠎ᠠ᠃  ᠵᠡᠭᠦᠨ ᠣᠯᠠᠭᠠᠨᠨᠠᠭᠤᠷ ᠤᠨ ᠨᠤᠭᠤ ᠭᠠᠵᠠᠷ ᠤᠨ ᠴᠡᠴᠡᠷᠯᠢᠭ ᠢ ᠨᠠᠷᠢᠯᠢᠭ ᠴᠣᠭᠴᠠᠯᠠᠨ ᠪᠠᠶᠢᠭᠤᠯᠵᠤ᠂ ᠵᠢᠶᠥ᠋ᠨ ᠸᠠᠩ ᠤᠨ ᠣᠷᠳᠣᠨ ᠤ ᠠᠭᠤᠳᠠᠮ ᠲᠠᠯᠠᠪᠠᠢ ᠵᠡᠷᠭᠡ ᠬᠤᠲᠠ ᠶᠢᠨ ᠨᠡᠶᠢᠳᠡ ᠶᠢᠨ ᠰᠡᠯᠡᠭᠦᠴᠡᠯ ᠤᠨ ᠣᠷᠣᠨ᠂ ᠴᠡᠴᠡᠷᠯᠢᠭ  ᠵᠠᠮ᠂ ᠯᠢᠦ ᠭᠧᠦ ᠭᠤᠣᠯ ᠤᠨ ᠡᠮᠦᠨ᠎ᠡ ᠵᠠᠮ᠂ ᠪᠢᠨ ᠬᠠᠢ ᠵᠡᠭᠦᠨ ᠵᠠᠮ ᠵᠡᠷᠭᠡ26 ᠵᠤᠷᠪᠤᠰ ᠬᠤᠳᠠ ᠶᠢᠨ ᠵᠠᠬᠢᠷᠭᠠᠨ ᠤ ᠵᠠᠮ ᠱᠤᠭᠤᠮ ᠬᠢᠭᠡᠳ ᠵᠠᠰᠠᠵᠤ ᠪᠠᠷᠠᠭᠠᠭᠰᠠᠨ ᠦᠭᠡᠢ ᠵᠠᠮ ᠨᠢ ᠨᠢᠭᠡᠨᠲᠡ ᠲᠡᠷᠭᠡ ᠨᠡᠪᠲᠡᠷᠡᠬᠦ ᠢ ᠪᠡᠶᠡᠯᠡᠭᠦᠯᠦᠭᠰᠡᠨ ᠪᠠᠶᠢᠨ᠎ᠠ᠃ ᠲᠣᠬᠢᠶᠠᠯ ᠢ ᠡᠵᠡᠮᠳᠡᠨ  ᠬᠠᠭᠤᠴᠢᠨ ᠲᠤᠭᠤᠷᠢᠭ ᠤᠨ ᠨᠤᠷᠠᠭᠠᠵᠤ ᠨᠡᠭᠦᠯᠭᠡᠬᠦ ᠠᠵᠢᠯ ᠢ ᠲᠦᠯᠬᠢᠨ ᠠᠬᠢᠭᠤᠯᠵᠤ᠂ ᠬᠠᠭᠤᠴᠢᠨ ᠬᠤᠲᠠ ᠶᠢᠨ ᠨᠤᠷᠠᠭᠠᠨ ᠨᠡᠭᠦᠯᠭᠡᠬᠦ ᠦᠯᠡᠳᠡᠭᠳᠡᠯ ᠬᠡᠰᠡᠭ ᠣᠷᠣᠨ ᠪᠣᠯᠣᠨ ᠬᠤᠲᠠ ᠶᠢᠨ ᠳᠣᠮᠳᠠᠬᠢ ᠲᠣᠰᠬᠤᠨ ᠵᠡᠷᠭᠡ ᠴᠢᠬᠤᠯᠠ ᠬᠦᠷᠢᠶ᠎ᠡ ᠬᠡᠪᠴᠢᠶ᠎ᠡ ᠶᠢᠨ9132 ᠡᠷᠦᠬᠡ ᠠᠶᠤᠯᠳᠤ ᠭᠡᠷ ᠪᠠᠶᠢᠰᠢᠩ ᠢ ᠳᠠᠲᠠᠪᠤᠷᠢᠯᠠᠨ ᠳᠣᠬᠢᠷᠠᠭᠤᠯᠵᠤ᠂ 3 ᠲᠦᠮᠡ ᠢᠯᠡᠭᠦᠦ ᠠᠷᠠᠳ ᠲᠦᠮᠡᠨ ᠳᠤ ᠳᠤᠬᠢᠯᠠᠭ ᠣᠷᠣᠨ ᠰᠠᠭᠤᠴᠠ ᠲᠤᠬᠢᠷᠠᠭᠤᠯᠵᠤ ᠦᠭᠭᠦᠭᠰᠡᠨ ᠪᠠᠶᠢᠨ᠎ᠠ᠃ ᠨᠦᠬᠡᠴᠡᠯᠡᠭᠳᠡᠭᠰᠡᠨ13991 ᠰᠠᠭᠤᠬᠤ ᠣᠷᠣᠨ ᠰᠠᠭᠤᠴᠠ180.6 ᠲᠦᠮᠡᠨ ᠲᠡᠭᠰᠢ ᠳᠦᠷᠪᠡᠯᠵᠢᠨ ᠮᠧᠲᠷ᠂ ᠨᠦᠬᠡᠴᠡᠯᠡᠭᠳᠡᠭᠰᠡᠨ ᠬᠤᠳᠠᠯᠳᠤᠭᠠᠨ ᠤ ᠦᠢᠯᠡᠰ ᠤᠨ ᠭᠡᠷ ᠢ 55.8 ᠲᠦᠮᠡᠨ‌‍ᠲ᠋ᠡᠭᠰᠢ ᠳᠦᠷᠪᠡᠯᠵᠢᠨ ᠮᠧᠲᠷ ᠬᠤᠳᠠᠯᠳᠤᠭᠰᠠᠨ ᠪᠠᠶᠢᠨ᠎ᠠ᠃ 3.6 ᠳ᠋ᠦᠩᠰᠢᠭᠤᠷ ᠲᠦᠭᠦᠷᠢᠭ ᠤᠨ ᠪᠡᠯᠡ ᠮᠦᠩᠭᠦ ᠵᠠᠷᠤᠴᠠᠭᠤᠯᠤᠨ ︽ᠴᠢᠨᠠᠷ ᠳᠡᠰ ᠪᠥᠬᠦᠢ ᠰᠠᠭᠤᠭᠠᠯᠢ ᠠᠷᠠᠳ ᠤᠨ ᠲᠤᠭᠤᠷᠢᠭ ᠢ ᠪᠦᠳᠦᠭᠡᠨ  ᠪᠠᠶᠢᠭᠤᠯᠬᠤ ᠭᠤᠷᠪᠠᠨ ᠵᠢᠯ ᠤᠨ ᠠᠵᠢᠯ ᠤᠨ ᠲᠦᠯᠦᠪᠯᠡᠭᠡ︾᠎ ᠶᠢ ᠬᠡᠷᠡᠭᠵᠢᠭᠦᠯᠵᠦ᠂ 71 ᠰᠠᠭᠤᠭᠠᠯᠢ ᠠᠷᠠᠳ ᠤᠨ ᠲᠣᠭᠤᠷᠢᠭ ᠤᠨ ᠭᠡᠷ ᠪᠠᠶᠢᠰᠢᠩ ᠤᠨ ᠰᠡᠯᠪᠢᠨ ᠵᠠᠰᠠᠯᠲᠠ᠂ ᠰᠠᠭᠤᠷᠢ ᠲᠣᠨᠤᠭ ᠲᠦᠬᠦᠭᠡᠷᠦᠮᠵᠢ ᠶᠢᠨ ᠲᠤᠬᠢᠷᠠᠭᠤᠯᠤᠯᠳᠠ ᠬᠢᠭᠡᠳ ᠦᠵᠡᠮᠵᠢ ᠶᠢᠨ ᠨᠤᠭᠤᠭᠠᠷᠠᠭᠤᠯᠤᠯᠳᠠ ᠶᠢᠨ ᠥᠭᠡᠷᠡᠴᠢᠯᠡᠯᠲᠡ ᠶᠢᠨ ᠢᠨᠵᠧᠨᠧᠷᠢᠩ ᠤᠨ ᠳᠡᠭᠡᠭᠰᠢᠯᠡᠭᠦᠯᠦᠯᠳᠡ ᠶᠢ ᠪᠡᠶᠡᠯᠡᠭᠦᠯᠦᠨ᠂ ᠠᠷᠠᠳ ᠲᠦᠮᠡᠨ ᠤ ᠲᠤᠰᠬᠠᠯ ᠢᠶᠠᠷ ᠴᠢᠩᠭ᠎ᠠ ᠦᠯᠡᠳᠡᠭᠳᠡᠯ ᠠᠰᠠᠭᠤᠳᠠᠯ ᠨᠢ ᠪᠦᠳᠦᠮᠵᠢᠳᠠᠢ ᠰᠢᠢᠳᠪᠦᠷᠢᠯᠡᠭᠳᠡᠭᠰᠡᠨ ᠪᠠᠶᠢᠨ᠎ᠠ᠃ ᠪᠦᠬᠦ ᠲᠠᠯ᠎ᠠ ᠪᠠᠷ ᠴᠡᠴᠡᠷᠯᠢᠭᠵᠢᠭᠦᠯᠦᠯᠳᠡ ᠨᠣᠭᠤᠭᠠᠷᠠᠭᠤᠯᠤᠯᠳᠠ ᠦᠵᠡᠮᠵᠢ ᠶᠢᠨ ᠳᠡᠭᠡᠭᠰᠢᠯᠡᠭᠦᠯᠦᠯᠳᠡ ᠶᠢ ᠲᠦᠯᠬᠢᠨ ᠠᠬᠢᠭᠤᠯᠵᠤ᠂ ᠪᠦᠳᠦᠭᠡᠨ ᠪᠠᠶᠢᠭᠤᠯᠤᠭᠳᠠᠭᠰᠠᠨ ᠣᠷᠣᠨ ᠤ ᠨᠤᠭᠤᠭᠠᠷᠠᠭᠤᠯᠤᠯᠳᠠ ᠶᠢᠨ ᠭᠠᠵᠠᠷ ᠤᠨ ᠨᠣᠷᠮ᠎ᠠ ᠬᠢᠭᠡᠳ ᠨᠣᠭᠤᠭᠠᠷᠠᠭᠤᠯᠣᠯᠳᠠ ᠶᠢᠨ ᠪᠦᠷᠭᠦᠭᠰᠡᠨ ᠨᠣᠷᠮ᠎ᠠ ᠎ ᠨᠢ ᠲᠤᠰ ᠪᠦᠷᠢ46.1% ᠪᠣᠯᠣᠨ47.2%᠎ ᠎ ᠲᠤ ᠬᠦᠷᠴᠦ᠂ ᠬᠦᠮᠦᠨ ᠪᠦᠷᠢ ᠶᠢᠨ ᠴᠡᠴᠡᠷᠯᠢᠭ ᠤᠨ ᠨᠣᠭᠤᠭᠠᠷᠠᠭᠤᠯᠤᠭᠰᠠᠨ ᠭᠠᠵᠠᠷ ᠤᠨ ᠲᠠᠯᠠᠪᠠᠢ ᠨᠢ107.4 ᠲᠡᠭᠰᠢ ᠳᠦᠷᠪᠡᠯᠵᠢᠨ ᠮᠧᠲᠷ ᠲᠤ ᠬᠦᠷᠦᠨ᠂ ᠰᠠᠭᠤᠭᠠᠯᠢ ᠠᠷᠠᠳ ᠤᠨ ᠡᠭᠦᠳᠡ ᠪᠠᠷ ᠭᠠᠷᠪᠠᠯ《 300 ᠮᠧᠲᠷ ᠤᠨ ᠳᠣᠲᠣᠷ᠎ᠠ ᠨᠣᠭᠤᠭᠠᠨ᠂ 500 ᠮᠧᠲᠷ ᠤᠨ ᠳᠣᠲᠣᠷ᠎ᠠ ᠴᠡᠴᠡᠷᠯᠢᠭ ᠢ  ᠣᠯᠵᠤ ᠬᠠᠷᠠᠬᠤ》᠎ ᠶᠢ ᠪᠡᠶᠡᠯᠡᠭᠦᠯᠦᠨ᠂ ᠪᠦᠬᠦ ᠣᠷᠣᠨ ᠤ ᠠᠩᠬᠠᠳᠠᠭᠴᠢ ︽ᠤᠯᠤᠰ ᠤᠨ ᠴᠡᠴᠡᠷᠯᠢᠭᠲᠦ ᠬᠤᠳᠠ︾᠎ ᠪᠠᠷ ᠦᠨᠡᠯᠡᠭᠳᠡᠭᠰᠡᠨ ᠪᠠᠶᠢᠨ᠎ᠠ᠃ ᠪᠦᠬᠦ ᠬᠦᠴᠦ ᠪᠠᠷ ᠦᠵᠡᠰᠬᠦᠯᠡᠩᠳᠦ ᠬᠦᠳᠡᠭᠡ ᠲᠣᠰᠬᠤᠨ ᠤ ᠪᠦᠳᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠪᠠ᠃ 225 ᠨᠡᠯᠢᠶᠡᠳ ᠶᠡᠭᠡ ᠠᠶᠢᠯ ᠲᠤᠰᠬᠤᠨ ᠬᠢᠭᠡᠳ7 ᠪᠠᠯᠭᠠᠰᠣᠨ ᠣᠷᠣᠨ᠂ ᠬᠡᠷᠡᠭ ᠡᠷᠬᠢᠯᠡᠬᠦ ᠭᠠᠵᠠᠷ ᠢ ᠨᠢᠭᠡᠳᠦᠯᠳᠠᠢ ᠥᠭᠡᠷᠡᠴᠢᠯᠡᠨ ᠵᠠᠰᠠᠵᠤ᠂ 292 ᠰᠠᠭᠤᠬᠤ ᠣᠷᠣᠨ ᠰᠠᠭᠤᠴᠠ ᠨᠢ ᠨᠡᠯᠢᠶᠡᠳ ᠲᠠᠷᠬᠠᠢ ᠠᠶᠢᠯ ᠲᠣᠰᠬᠤᠨ ᠢ ᠱᠠᠲᠤᠯᠠᠨ  ᠥᠭᠡᠷᠡᠴᠢᠯᠡᠵᠤ᠂1.1 ᠲᠦᠮᠡᠨ ᠡᠷᠦᠭᠡ ᠠᠶᠤᠯᠳᠤ ᠭᠡᠷ ᠪᠠᠶᠢᠰᠢᠩ ᠲᠠᠢ ᠠᠷᠠᠳ ᠲᠦᠮᠡᠨ ᠢ ᠰᠢᠨ᠎ᠡ ᠣᠷᠣᠨ ᠰᠠᠭᠤᠴᠠ ᠳᠤ ᠨᠡᠭᠦᠯᠭᠡᠵᠤ᠂ 3.6 ᠲᠦᠮᠡᠨ ᠬᠦᠮᠦᠨ ᠠᠮᠠ ᠶᠢᠨ ᠠᠶᠤᠯᠭᠦᠢ ᠤᠰᠤ ᠬᠡᠷᠡᠭᠯᠡᠬᠦ ᠠᠰᠠᠭᠤᠳᠠᠯ ᠢ ᠰᠢᠢᠳᠪᠦᠷᠢᠯᠡᠵᠦ᠂1722 ᠺᠢᠯᠣᠮᠧᠲᠷ ᠲᠤᠰᠬᠤᠨ ᠳᠤ ᠨᠡᠪᠳᠡᠷᠡᠬᠦ ᠵᠠᠮ ᠬᠢᠭᠡᠳ ᠵᠡᠭᠡᠯᠢ ᠭᠤᠳᠤᠮᠵᠢ ᠶᠢᠨ  ᠬᠠᠲᠠᠭᠤᠷᠠᠭᠤᠯᠤᠯᠲᠠ ᠶᠢ ᠪᠡᠶᠡᠯᠡᠭᠦᠯᠵᠦ᠂ 10.2 ᠲᠦᠮᠡᠨ ᠠᠷᠠᠳ ᠠᠰᠢᠭ  ᠬᠦᠷᠳᠡᠭᠰᠡᠨ ᠪᠠᠶᠢᠨ᠎ᠠ᠃ ᠡᠯ᠎ᠡ ᠪᠠᠯᠭᠠᠰᠣᠨ ᠤ ᠪᠠᠯᠭᠠᠰᠣᠨ ᠤ ᠲᠤᠭᠤᠷᠢᠭ ᠬᠢᠭᠡᠳ ᠬᠡᠷᠡᠭ ᠡᠷᠬᠢᠯᠡᠬᠦ ᠭᠠᠵᠠᠷ ᠤᠨ ᠵᠠᠰᠠᠭ ᠵᠠᠬᠢᠷᠭᠠᠨ ᠤ ᠵᠠᠮ᠂ ᠰᠠᠭᠤᠷᠢ ᠬᠤᠭᠤᠯᠠᠢ ᠲᠤᠤᠷ ᠪᠦᠬᠦ ᠲᠠᠯ᠎ᠠ ᠪᠠᠷ ᠥᠭᠡᠷᠡᠴᠢᠯᠡᠭᠳᠡᠨ ᠳᠡᠭᠡᠭᠰᠢᠯᠡᠭᠳᠡᠵᠦ  ᠂ ᠭᠤᠣᠯᠳᠠᠯᠭᠠᠳᠣ ᠲᠣᠰᠬᠤᠨ᠂ ᠵᠠᠮ ᠤᠨ ᠣᠶᠢᠷ᠎ᠠ ᠬᠠᠪᠢ ᠪᠦᠬᠦᠨ ᠢ ᠰᠢᠨᠡᠳᠭᠡᠨ ᠨᠣᠭᠤᠭᠠᠷᠠᠭᠤᠯᠵᠤ᠂ ᠨᠡᠶᠢᠳᠡ ᠶᠢᠨ ᠥᠢᠯᠡᠴᠢᠯᠡᠬᠡᠨ᠂ ᠦᠨᠳᠦᠰᠦᠨ ᠳᠡᠭᠡᠨ ᠪᠦᠬᠦᠨ ᠢ ᠪᠦᠷᠬᠦᠨ᠂ ᠮᠠᠯᠵᠢᠬᠤ ᠲᠠᠷᠢᠶᠠᠯᠠᠬᠤ ᠣᠷᠣᠨ ᠤ ᠪᠦᠬᠦᠶᠢᠯᠡ ᠳᠦᠷᠢ ᠳᠦᠷᠬᠦ  ᠴᠣ ᠰᠢᠨ᠎ᠡ ᠬᠤᠪᠢᠷᠠᠯᠳᠠ ᠭᠠᠷᠣᠭᠰᠠᠨ ᠪᠠᠶᠢᠨ᠎ᠠ᠃ ᠯᠣᠩᠬᠤ ᠶᠢᠨ ᠵᠠᠪᠠ ᠪᠣᠯᠣᠨ ᠤᠯᠠᠭᠠᠨᠮᠦᠷᠡᠨ ᠲᠣᠰᠬᠤᠨ《 ᠳᠣᠮᠳᠠᠳᠣ ᠣᠯᠣᠰ ᠤᠨ ᠦᠵᠡᠰᠬᠦᠯᠡᠩᠳᠦ ᠰᠡᠯᠡᠭᠦᠴᠡᠯ ᠤᠨ ᠬᠦᠳᠡᠭᠡ ᠲᠣᠰᠬᠤᠨ》᠎ ᠢᠶᠠᠷ ᠦᠨᠡᠯᠡᠭᠳᠡᠨ᠂ ᠬᠠᠰᠢᠶᠠᠳᠤ ᠵᠡᠷᠭᠡ 11 ᠲᠣᠰᠬᠤᠨ ᠦᠪᠡᠷᠳᠡᠭᠡᠨ ᠵᠠᠰᠠᠬᠤ ᠣᠷᠣᠨ ᠤ ᠲᠡᠰ ᠤᠨ ᠰᠢᠨ᠎ᠡ ᠬᠦᠳᠡᠭᠡ ᠲᠣᠰᠬᠤᠨ ᠰᠢᠨ᠎ᠡ ᠮᠠᠯᠵᠢᠬᠤ ᠣᠷᠣᠨ ᠤ ᠪᠦᠳᠦᠭᠡᠨ ᠪᠠᠶᠢᠭᠤᠯᠤᠯᠳᠠ ᠶᠢᠨ ᠵᠢᠱᠢᠶ᠎ᠡ ᠦᠵᠡᠭᠦᠯᠬᠦ ᠭᠠᠵᠠᠷ ᠣᠷᠣᠨ ᠢᠶᠠᠷ ᠭᠤᠶᠤᠪᠴᠢᠯᠠᠨ ᠮᠡᠳᠡᠭᠦᠯᠵᠤ᠂  ᠪᠦᠬᠦ ᠣᠷᠣᠨ ᠤ  ᠴᠣᠷᠢ ᠶᠢᠨ ᠭᠠᠭᠴᠠ《 ᠣᠯᠣᠰ ᠤᠨ ᠲᠠᠰ ᠤᠨ ᠲᠠᠷᠢᠶᠠᠯᠠᠩ ᠮᠠᠯ ᠠᠵᠤ ᠠᠬᠤᠶᠢᠯᠠᠯ ᠪᠠ ᠬᠦᠳᠡᠭᠡ ᠲᠣᠰᠬᠤᠨ ᠤ ᠵᠢᠭᠤᠯᠴᠢᠯᠠᠯ ᠤᠨ ᠵᠢᠱᠢᠶᠡᠴᠢ ᠬᠤᠰᠢᠭᠤ》᠎ ᠪᠠᠷ ᠦᠨᠡᠯᠡᠭᠳᠡᠪᠡ᠃      ᠳᠥᠷᠪᠡ ᠳᠤ ᠬᠦᠭᠵᠢᠯᠳᠡ ᠶᠢᠨ ᠣᠷᠴᠢᠨ ᠲᠤᠭᠤᠷᠢᠨ ᠢ  ᠰᠠᠶᠢᠵᠢᠷᠠᠭᠤᠯᠪᠠ᠃ ᠰᠢᠨ᠎ᠡ ᠪᠠᠷ ᠨᠡᠮᠡᠭᠳᠡᠭᠰᠡᠨ ᠵᠠᠰᠠᠮᠠᠯ ᠵᠠᠮ ᠤᠨ ᠤᠷᠲᠤ ᠨᠢ 1906 ᠺᠢᠯᠣᠮᠧᠲᠷ ᠂ ᠪᠦᠬᠦ ᠬᠤᠰᠢᠭᠤᠨ ᠤ ᠵᠠᠰᠠᠮᠠᠯ ᠵᠠᠮ ᠤᠨ ᠶᠡᠷᠦᠩᠬᠡᠢ ᠤᠷᠳᠤ 4259 ᠺᠢᠯᠣᠮᠧᠲᠷ ᠲᠤ ᠬᠦᠷᠴᠦ᠂ ︽ᠭᠤᠷᠪᠠᠨ ᠬᠦᠨᠳᠡᠯᠡᠨ ᠳᠥᠷᠪᠡᠨ ᠭᠤᠯᠳᠤ︾ ᠵᠠᠰᠠᠮᠠᠯ ᠵᠠᠮ ᠤᠨ ᠰᠦᠯᠵᠢᠶ᠎ᠡ ᠦᠨᠳᠦᠰᠦᠨ ᠳᠡᠭᠡᠨ ᠪᠦᠷᠢᠯᠳᠦᠪᠡ  ᠃ ᠲᠡᠮᠦᠷ ᠵᠠᠮ ᠤᠨ ᠲᠡᠭᠡᠭᠡᠪᠦᠷᠢ ᠶᠢᠨ ᠠᠶᠠᠨ ᠤ ᠤᠷᠳᠤ ᠨᠢ 237.6 ᠺᠢᠯᠣᠮᠧᠲᠷ ᠲᠤ ᠬᠦᠷᠴᠦ᠂ ᠣᠷᠳᠣᠰ ᠭᠠᠯᠳᠣ ᠲᠡᠷᠭᠡᠨ ᠤ ᠥᠷᠳᠡᠭᠡ ᠪᠦᠬᠦ ᠲᠠᠯ᠎ᠠ ᠪᠠᠷ ᠬᠡᠷᠡᠭᠯᠡᠯᠳᠡ ᠳᠤ ᠤᠷᠤᠬᠤ ᠶᠢᠨ ᠬᠠᠮᠳᠤ ᠲᠡᠭᠡᠭᠡᠪᠦᠷᠢ ᠶᠢᠨ ᠬᠤᠷᠳᠤᠨ ᠭᠠᠯᠳᠤ ᠲᠡᠷᠭᠡ ᠶᠢ ᠨᠠᠪᠳᠡᠷᠡᠭᠦᠯᠦᠨ᠂ ᠵᠢᠯ ᠤᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ ᠨᠢ 40 ᠲᠦᠮᠡᠨ ᠬᠦᠮᠦᠨ ᠤᠳᠠᠭ᠎ᠠ ᠳᠤ ᠬᠦᠷᠪᠡ᠃ ᠣᠷᠳᠣᠰ ᠤᠨ ᠡᠵᠡᠨ ᠬᠤᠷᠤᠭ᠎ᠠ ᠣᠯᠠᠨ ᠣᠯᠣᠰ ᠤᠨ ᠨᠢᠰᠭᠡᠯ ᠤᠨ ᠪᠠᠭᠤᠳᠠᠯ ᠪᠦᠬᠦ ᠣᠷᠣᠨ ᠤ ᠳᠥᠷᠪᠡᠳᠡᠬᠢ ᠭᠠᠳᠠᠭᠠᠳᠣ ᠳᠤ ᠨᠡᠭᠡᠭᠡᠯᠳᠡ ᠲᠠᠢ ᠣᠯᠠᠨ ᠤᠯᠤᠰ ᠤᠨ ᠠᠭᠠᠷ ᠤᠨ ᠠᠶᠠᠯᠠᠯ ᠤᠨ ᠭᠠᠷᠠᠮ ᠪᠤᠯᠵᠤ᠂ ᠤᠯᠤᠰ ᠤᠨ ᠳᠣᠲᠣᠭᠠᠳᠣ ᠶᠢᠨ 41 ᠬᠤᠲᠠ ᠲᠠᠢ ᠠᠶᠠᠯᠠᠯ ᠨᠡᠪᠳᠡᠷᠡᠯᠴᠡᠨ᠂ ᠣᠷᠣᠰ᠂ ᠲᠠᠶᠢᠯᠠᠨᠳ᠋ ᠤᠯᠤᠰ ᠵᠡᠷᠭᠡ 8 ᠵᠤᠷᠪᠤᠰ ᠣᠯᠠᠨ ᠤᠯᠤᠰ ᠤᠨ ᠠᠭᠠᠷ ᠤᠨ ᠠᠶᠠᠯᠠᠯ ᠤᠨ ᠱᠤᠭᠤᠮ ᠢ ᠨᠡᠪᠳᠡᠷᠡᠭᠦᠯᠵᠤ᠂ ᠵᠢᠯ ᠤᠨ ᠵᠤᠭᠠᠴᠠᠭᠰᠠᠳ ᠤᠨ ᠳᠡᠭᠡᠭᠡᠪᠤᠷᠢ ᠶᠢᠨ ᠬᠡᠮᠵᠢᠶ᠎ᠡ 200 ᠲᠦᠮᠡᠨ ᠬᠦᠮᠦᠨ ᠳᠤ ᠬᠦᠷᠦᠨ᠂ ᠭᠠᠳᠠᠭᠠᠳᠣ ᠳᠣᠲᠣᠭᠠᠳᠣ ᠲᠠᠢ ᠨᠡᠪᠳᠡᠷᠡᠯᠴᠡᠨ᠂ ᠳᠥᠷᠪᠡᠨ ᠵᠦᠭ ᠨᠠᠢᠮᠠᠨ ᠵᠣᠪᠬᠢᠰ ᠢ ᠰᠤᠨᠳᠠᠯᠠᠭᠰᠠᠨ ᠪᠣᠰᠤᠭ᠎ᠠ ᠪᠡᠶᠡᠳᠣ ᠵᠠᠮ ᠬᠠᠷᠢᠯᠴᠠᠭᠠᠨ ᠤ ᠪᠦᠲᠦᠴᠡ ᠶᠢ ᠦᠨᠳᠦᠰᠦᠨ ᠳᠡᠭᠡᠨ ᠪᠦᠷᠢᠯᠳᠦᠭᠦᠯᠪᠡ᠃ ᠵᠡᠭᠦᠨ ᠪᠠᠷᠠᠭᠤᠨ ᠤᠯᠠᠭᠠᠨᠨᠠᠭᠤᠷ ᠠᠴᠠ ᠤᠰᠤ ᠵᠠᠯᠠᠨ ᠣᠷᠣᠭᠤᠯᠵᠤ᠂ ᠱᠧᠨ ᠬᠤᠸᠠ ᠨᠡᠭᠦᠷᠡᠰᠤ ᠶᠢ ᠰᠢᠩᠭᠡᠵᠢᠭᠦᠯᠭᠦ ᠥᠢᠯᠡᠳᠪᠤᠷᠢᠯᠡᠯ ᠤᠨ ᠱᠤᠭᠤᠮ ᠤᠨ ᠤᠰᠤ ᠬᠠᠩᠭᠠᠬᠤ ᠵᠡᠷᠭᠡ ᠢᠨᠵᠧᠨᠧᠷᠢᠩ ᠢ ᠡᠬᠢᠯᠡᠭᠦᠯᠵᠤ᠂ ᠵᠢᠯ ᠤᠨ ᠤᠰᠤ ᠳᠠᠮᠵᠢᠭᠤᠯᠬᠤ ᠴᠢᠳᠠᠪᠤᠷᠢ ᠶᠢ 4745 ᠲᠥᠮᠡᠨ ᠪᠣᠰᠤᠭ᠎ᠠ ᠳᠦᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠪᠡ᠃ ᠬᠦᠳᠡᠭᠡ ᠲᠣᠰᠬᠤᠨ ᠤ ᠴᠠᠬᠢᠯᠭᠠᠨ ᠲᠣᠣᠷ ᠢ 4108 ᠺᠢᠯᠣᠮᠧᠲᠷ ᠥᠭᠡᠷᠡᠴᠢᠯᠡᠨ᠂ ᠰᠢᠨ᠎ᠡ ᠨᠡᠮᠡᠭᠳᠡᠭᠰᠡᠨ ᠴᠠᠬᠢᠯᠭᠠᠨ ᠬᠠᠩᠭᠠᠬᠤ ᠪᠠᠭᠳᠠᠭᠠᠮᠵᠢ ᠶᠢ 2536 ᠰᠠᠶ᠎ᠠ ᠸᠤᠯᠲ ᠠᠮᠫᠧᠷ ᠰᠢᠨ᠎ᠡ ᠪᠠᠷ ᠨᠡᠮᠡᠭᠳᠡᠭᠦᠯᠵᠤ᠂ ᠠᠯᠳᠠᠨᠰᠢᠷᠡᠭᠡ ᠪᠠᠯᠭᠠᠰᠣᠨ ᠤ ᠬᠤᠳᠠ ᠶᠢᠨ ᠲᠤᠭᠤᠷᠢᠭ ᠤᠨ ᠴᠠᠬᠢᠯᠭᠠᠨ ᠲᠦᠭᠡᠭᠡᠬᠦ ᠰᠦᠯᠵᠢᠶ᠎ᠡ ᠶᠢᠨ ᠬᠠᠷᠢᠯᠴᠠᠨ ᠬᠤᠯᠪᠤᠯᠳᠤᠭᠰᠠᠨ ᠨᠣᠷᠮ᠎ᠠ ᠨᠢ 74%᠎ ᠳᠤ ᠬᠦᠷᠪᠡ᠃ ᠦᠪᠦᠷ ᠮᠣᠩᠭᠤᠯ ᠤᠨ ᠴᠢᠩᠬᠢᠰ ᠬᠠᠭᠠᠨ ᠤᠯᠤᠰ ᠤᠨ ᠣᠢ ᠰᠢᠭᠤᠢ ᠶᠢᠨ ᠴᠡᠴᠡᠷᠯᠢᠭ ᠢ ᠠᠮᠵᠢᠯᠳᠠ ᠲᠠᠢ ᠪᠥᠳᠥᠭᠡᠨ ᠪᠠᠶᠢᠭᠤᠯᠵᠤ᠂ ᠪᠡᠭᠡᠵᠢᠩ ᠲᠢᠶᠠᠨᠵᠢᠨ ᠤ ᠰᠡᠯᠬᠢ ᠰᠢᠷᠤᠢ ᠵᠢᠨ‌ᠡᠭᠦᠰᠦᠯᠳᠡ ᠶᠢᠨ ᠴᠡᠭᠴᠡᠯᠡᠯᠳᠡ᠂ ︽ᠳᠥᠷᠪᠡᠨ ᠲᠣᠭᠤᠷᠢᠭ ᠠᠷᠪᠠᠨ ᠱᠤᠭᠤᠮ ᠨᠢᠭᠡ ᠰᠢᠨ᠎ᠡ ᠲᠣᠰᠬᠤᠨ︾ ᠵᠡᠷᠭᠡ ᠣᠢ ᠰᠢᠭᠤᠢ ᠶᠢᠨ ᠠᠮᠢ ᠠᠬᠤᠢ ᠶᠢᠨ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠣᠢ ᠰᠢᠭᠤᠢ ᠶᠢᠨ ᠠᠮᠢ ᠠᠬᠤᠢ ᠶᠢᠨ ᠪᠦᠳᠦᠭᠡᠨ ᠪᠠᠶᠢᠭᠤᠯᠣᠯᠳᠠ ᠶᠢ 38.5 ᠲᠦᠮᠡᠨ ᠮᠣ᠋ ᠵᠠᠰᠠᠨ ᠴᠡᠭᠴᠡᠯᠡᠵᠤ᠂ 1.2 ᠲᠦᠮᠡᠨ ᠡᠷᠦᠬᠡ ᠮᠠᠯᠴᠢᠨ ᠲᠠᠷᠢᠶᠠᠴᠢᠨ ᠢ ᠳᠠᠶᠢᠴᠢᠯᠡᠨ ᠲᠤᠰ ᠭᠠᠵᠠᠷ ᠤᠨ ᠮᠣᠳᠣᠨ ᠴᠢᠬᠢ ᠶᠢ 1463 ᠲᠦᠮᠡᠨ ᠰᠠᠭᠤᠷᠢ ᠰᠢᠩᠭᠡᠭᠡᠪᠡ᠃  ᠭᠥᠷᠥᠰᠥ ᠰᠢᠷᠤᠢ ᠶᠢᠨ ᠡᠪᠳᠡᠭᠳᠡᠯ ᠢ 66.8 ᠲᠦᠮᠡᠨ ᠮᠣ᠋ ᠪᠡᠶᠡᠯᠡᠭᠦᠯᠵᠤ᠂ ᠬᠡᠭᠡᠷ᠎ᠡ ᠲᠠᠯ᠎ᠠ ᠶᠢᠨ ᠤᠷᠭᠤᠮᠠᠯ ᠤᠨ ᠪᠥᠷᠭᠦᠴᠡ ᠶᠢ 53.3 ᠲᠦᠮᠡᠨ ᠮᠣ᠋ ᠰᠡᠷᠭᠦᠭᠡᠵᠤ᠂ ᠣᠢ ᠰᠢᠭᠤᠢ ᠶᠢᠨ ᠪᠦᠷᠬᠦᠴᠡ ᠶᠢᠨ ᠨᠣᠷᠮ᠎ᠠ ᠬᠢᠭᠡᠳ ᠤᠷᠭᠤᠮᠠᠯ ᠤᠨ ᠪᠦᠷᠬᠦᠴᠡ ᠶᠢᠨ ᠬᠡᠮᠵᠢᠶ᠎ᠡ ᠲᠣᠰ ᠪᠦᠷᠢ 36.4% ᠪᠣᠯᠣᠨ 89%᠎ ᠳᠤ ᠬᠦᠷᠪᠡ᠃ ︽ᠣᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠳᠠᠴᠢᠷᠰᠢᠯ ᠢ ᠰᠡᠷᠭᠡᠶᠢᠯᠡᠨ ᠵᠠᠰᠠᠬᠤ ᠨᠡᠶᠢᠳᠡ ᠶᠢᠨ ᠭᠡᠷ᠎ᠡ︾᠎ ᠶᠢᠨ ᠠᠷᠪᠠᠨ ᠭᠤᠷᠪᠠᠳᠤᠭᠠᠷ ᠣᠳᠠᠭᠠᠨ ᠤ ᠭᠡᠷ᠎ᠡ ᠪᠠᠶᠢᠭᠤᠯᠬᠤ ᠲᠠᠯ᠎ᠠ ᠶᠢᠨ ᠬᠢᠨ ᠤ ᠶᠡᠭᠡ ᠬᠤᠷᠠᠯ ᠤᠨ ᠬᠤᠭᠤᠴᠠᠭᠠᠨ ᠳᠤ᠂ 196 ᠭᠡᠷ᠎ᠡ  ᠪᠠᠶᠢᠭᠤᠯᠬᠤ ᠲᠠᠯ᠎ᠠ ᠶᠢᠨ ᠬᠢᠨ 20 ᠢᠯᠡᠭᠦᠥ ᠣᠯᠠᠨ ᠣᠯᠣᠰ ᠎ ᠤᠨ ᠵᠤᠬᠢᠶᠠᠨ ᠪᠠᠶᠢᠭᠤᠯᠤᠯᠳᠠ ᠳᠤ ᠮᠠᠨ ᠤ ᠬᠤᠰᠢᠭᠤᠨ ᠤ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠬᠢᠭᠡᠳ ᠳᠠᠴᠢᠷᠰᠢᠯ ᠢ ᠴᠡᠭᠴᠡᠯᠡᠭᠰᠡᠨ ᠦᠷ᠎ᠡ ᠪᠦᠳᠦᠮᠵᠢ ᠶᠢ ᠪᠦᠬᠦ ᠲᠠᠯ᠎ᠠ ᠪᠠᠷ‌ᠥᠵᠡᠭᠦᠯᠵᠤ᠂ ᠣᠯᠠᠨ ᠣᠯᠣᠰ ᠤᠨ ᠨᠡᠶᠢᠬᠡᠮ ᠤᠨ ᠦᠨᠳᠦᠷ ᠦᠨᠡᠯᠡᠯᠳᠡ ᠶᠢ ᠤᠯᠪᠠ᠃ ᠠᠭᠤᠷᠬᠠᠢ ᠶᠢᠨ ᠣᠷᠣᠨ ᠤ ᠠᠷᠠᠳ ᠢ 2329 ᠡᠷᠦᠬᠡ 5994 ᠬᠦᠮᠦᠨ ᠨᠡᠭᠦᠯᠭᠡᠵᠤ᠂ ᠠᠮᠢ ᠠᠬᠤᠢ ᠶᠢᠨ ᠨᠡᠭᠦᠯᠭᠡᠭᠰᠡᠨ ᠠᠷᠠᠳ 1398 ᠡᠷᠦᠬᠡ 4453 ᠬᠦᠮᠦᠨ᠃ 4.3 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠵᠣ᠂ ︽ᠦᠵᠡᠰᠬᠦᠯᠡᠩᠳᠦ ᠰᠠᠶᠢᠬᠠᠨ ᠭᠡᠷ ᠣᠷᠣᠨ ᠢ ᠪᠦᠳᠦᠭᠡᠨ ᠪᠠᠶᠢᠭᠤᠯᠬᠤ︾ ᠤᠷᠴᠢᠨ ᠲᠤᠭᠤᠷᠢᠨ ᠢ ᠶᠡᠷᠥᠩᠭᠡᠶᠢᠯᠡᠨ ᠵᠠᠰᠠᠬᠤ ᠲᠤᠰᠬᠠᠢ ᠲᠥᠷᠥᠯ ᠤᠨ ᠠᠵᠢᠯᠯᠠᠭ᠎ᠠ ᠶᠢ ᠥᠷᠨᠢᠭᠦᠯᠥᠨ᠂ ᠭᠤᠣᠯ ᠵᠠᠮ ᠬᠠᠷᠢᠯᠴᠠᠭᠠᠨ ᠤ ᠱᠤᠭᠤᠮ ᠬᠢᠭᠡᠳ ᠠᠭᠤᠷᠬᠠᠢ ᠶᠢᠨ ᠣᠷᠣᠨ ᠤ ᠣᠶᠢᠷ᠎ᠠ ᠬᠠᠪᠢ ᠶᠢᠨ ᠣᠷᠴᠢᠨ ᠲᠤᠭᠤᠷᠢᠨ ᠢ ᠢᠯᠡᠳᠳᠡ ᠰᠠᠶᠢᠵᠢᠷᠠᠭᠤᠯᠪᠠ᠃  ︽ᠠᠷᠪᠠᠨ ᠬᠤᠶᠠᠳᠤᠭᠠᠷ ᠲᠠᠪᠤᠨ ᠵᠢᠯ ︾᠎ ᠤᠨ ᠡᠨᠧᠷᠭᠢ ᠶᠢ ᠠᠷᠪᠢᠯᠠᠨ ᠬᠠᠶᠠᠭᠳᠠᠮᠠᠯ ᠢ ᠪᠠᠭᠠᠰᠬᠠᠬᠤ ᠡᠭᠦᠷᠭᠡ ᠪᠠᠨ ᠪᠦᠬᠦ ᠲᠠᠯ᠎ᠠ ᠪᠠᠷ ᠪᠡᠶᠡᠯᠡᠭᠦᠯᠦᠨ᠂ ᠲᠦᠮᠡᠨ ᠲᠦᠭᠦᠷᠢᠭ ᠤᠨGDP ᠡᠨᠧᠷᠭᠢ ᠶᠢᠨ ᠬᠤᠷᠣᠭᠳᠠᠯ ᠵᠢᠯ ᠪᠦᠷᠢ 2.5%᠎ ᠎ ᠪᠠᠷ ᠳᠣᠷᠣᠭᠰᠢᠯᠠᠵᠤ᠂ ᠠᠭᠠᠷ ᠤᠨ ᠴᠡᠪᠡᠷᠴᠡ ᠶᠢᠨ ᠨᠣᠷᠮ᠎ᠠ ᠳᠣᠮᠳᠠᠴᠢ ᠪᠠᠷ 90%᠎ ᠠᠴᠠ ᠳᠡᠭᠡᠭᠰᠢ ᠪᠤᠯᠪᠠ᠃      ᠲᠠᠪᠤ ᠳᠤ ᠥᠭᠡᠷᠡᠴᠢᠯᠡᠯᠳᠡ ᠬᠢᠵᠤ ᠰᠢᠨ᠎ᠡ ᠶᠢ ᠡᠭᠦᠳᠬᠦ  ᠰᠢᠨ᠎ᠡ ᠰᠢᠪᠳᠤᠯᠤᠯᠳᠠ ᠶᠢ ᠤᠯᠪᠠ᠃ ᠦᠭᠡᠷᠡᠴᠢᠯᠡᠯᠳᠡ ᠬᠢᠵᠤ ᠪᠤᠭᠤᠮᠢ ᠶᠢ ᠰᠢᠪᠳᠤᠯᠬᠤ ᠶᠢ ᠪᠠᠷᠢᠮᠳᠠᠯᠠᠵᠤ᠂ ᠰᠢᠨ᠎ᠡ ᠶᠢ ᠡᠭᠦᠳᠬᠦ ᠪᠠᠷ ᠠᠮᠢᠵᠢᠷᠠᠯ ᠤᠨ ᠬᠦᠴᠦ ᠪᠠᠨ ᠳᠡᠭᠡᠭᠰᠢᠯᠡᠭᠦᠯᠭᠦ  ᠎ ᠶᠢ ᠪᠠᠷᠢᠮᠳᠠᠯᠠᠵᠤ᠂ ᠠᠵᠤ ᠠᠬᠤᠢ᠂ ᠰᠤᠶᠤᠯ  ᠂ ᠨᠡᠶᠢᠬᠡᠮ᠂ ᠠᠮᠢ ᠠᠬᠤᠢ ᠵᠡᠷᠭᠡ ᠬᠦᠷᠢᠶ᠎ᠡ  ᠭᠡᠪᠴᠢᠶᠠᠨ ᠤ ᠥᠷᠭᠦᠯᠵᠢᠯᠡᠯ ᠬᠢᠭᠡᠳ ᠥᠪᠡᠰᠥᠪᠡᠨ ᠰᠤᠩᠭᠤᠭᠰᠠᠨ ᠦᠭᠡᠷᠴᠢᠯᠡᠯᠳᠡ ᠶᠢᠨ ᠡᠭᠦᠷᠭᠡ ᠶᠢ 273 ᠲᠦᠷᠦᠯ ᠪᠡᠶᠡᠯᠡᠭᠦᠯᠵᠤ᠂ ᠳᠦᠷᠢᠮᠵᠢᠯ ᠤᠨ ᠴᠢᠨᠠᠷ ᠲᠠᠢ ᠦᠭᠡᠷᠡᠴᠢᠯᠡᠯᠳᠡ ᠶᠢᠨ ᠦᠷ᠎ᠡ ᠪᠦᠳᠦᠮᠵᠢ ᠶᠢ165 ᠨᠡᠶᠢᠳᠡᠯᠡᠪᠡ᠃ ︽ᠪᠠᠭᠤᠯᠭᠠᠬᠤ ᠬᠠᠮᠢᠶᠠᠷᠬᠤ  ᠥᠢᠯᠡᠴᠢᠯᠡᠬᠦ  ︾ ᠦᠭᠡᠷᠡᠴᠢᠯᠡᠯᠳᠡ ᠶᠢ ᠦᠷᠭᠦᠯᠵᠢᠯᠡᠨ ᠭᠦᠨᠵᠡᠭᠡᠶᠢᠷᠡᠭᠦᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯᠳᠡ᠂ ᠶᠡᠷᠥᠩᠭᠡᠶᠢᠯᠡᠭᠰᠡᠨ ᠬᠠᠤᠯᠢ ᠬᠡᠷᠡᠭᠵᠢᠭᠦᠯᠥᠯᠳᠡ᠂ ᠤᠯᠤᠰ ᠎ ᠤᠨ ᠦᠮᠴᠢᠯᠡᠯᠳᠤ ᠣᠯᠣᠰ ᠤᠨ ᠠᠵᠤ ᠠᠬᠤᠶᠢᠯᠠᠯ ᠵᠡᠷᠭᠡ ᠬᠦᠷᠢᠶ᠎ᠡ ᠬᠡᠪᠴᠢᠶᠡᠨ ᠤ ᠥᠭᠡᠷᠡᠴᠢᠯᠡᠯᠳᠡ ᠰᠢᠪᠳᠤᠯᠤᠯᠳᠡ ᠶᠢᠨ ᠴᠢᠨᠠᠷ ᠲᠠᠢ ᠠᠬᠢᠴᠠ ᠶᠢ ᠤᠯᠪᠠ᠃ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠦᠭᠡᠷᠡᠴᠢᠯᠡᠯᠳᠡ ᠶᠢ ᠭᠥᠨᠵᠡᠭᠡᠶᠢᠷᠡᠭᠦᠯᠵᠤ᠂ ᠠᠵᠤ ᠠᠬᠤᠶᠢᠯᠠᠯ ᠲᠠᠢ ᠬᠤᠯᠪᠣᠭᠳᠠᠭᠰᠠᠨ ᠥᠨᠡᠮᠯᠡᠯ ᠢ ︽ᠣᠯᠠᠨ ᠥᠨᠡᠮᠯᠡᠯ ᠢ ᠨᠢᠭᠡ ᠥᠨᠡᠮᠯᠡᠯ ᠪᠤᠯᠭᠠᠵᠤ ᠨᠡᠶᠢᠯᠡᠭᠦᠯᠦᠨ᠂ ᠨᠢᠭᠡ ᠥᠨᠡᠮᠯᠡᠯ ᠨᠢᠭᠡ ᠨᠤᠮᠧᠷ ᠲᠠᠢ  ︾ ᠪᠤᠯᠭᠠᠬᠤ ᠶᠢ ᠪᠦᠬᠦ ᠲᠠᠯ᠎ᠠ ᠪᠠᠷ ᠭᠡᠷᠡᠭᠵᠢᠭᠦᠯᠵᠤ᠂ ᠰᠢᠨ᠎ᠡ ᠪᠠᠷ ᠳᠠᠩᠰᠠᠯᠠᠭᠰᠠᠨ ᠠᠵᠣ ᠠᠬᠤᠶᠢᠯᠠᠯ ᠵᠢᠯ ᠪᠦᠷᠢ 20.1%᠎ ᠪᠠᠷ ᠨᠡᠮᠡᠭᠳᠡᠪᠡ᠃ ᠪᠦᠬᠦ ᠬᠤᠳᠠ ᠳᠤ ᠬᠠᠮᠤᠭ ᠲᠡᠷᠢᠭᠦᠨ ᠳᠤ ᠬᠤᠳᠠᠯᠳᠤᠭᠠᠴᠢᠨ ᠤᠷᠢᠬᠤ ᠲᠤᠪᠴᠢᠶ᠎ᠠ ᠶᠢ ᠪᠠᠶᠢᠭᠤᠯᠪᠠ᠃ ᠡᠯ᠎ᠡ ᠪᠠᠯᠭᠠᠰᠣ ᠬᠢᠭᠡᠳ ᠲᠠᠷᠢᠶᠠᠯᠠᠩ ᠮᠠᠯ ᠠᠵᠤ ᠠᠬᠤᠢ᠂ ᠣᠢ ᠰᠢᠭᠤᠢ᠂ ᠤᠰᠤᠨ ᠠᠰᠢᠭᠯᠠᠯᠳᠠ᠂ ᠰᠣᠶᠣᠯ ᠵᠢᠭᠤᠯᠴᠢᠯᠠᠯ ᠵᠡᠷᠭᠡ ᠬᠦᠷᠢᠶ᠎ᠡ ᠬᠡᠪᠴᠢᠶᠡᠨ ᠳᠤ  ᠶᠡᠷᠥᠩᠬᠡᠶᠢᠯᠡᠭᠰᠡᠨ ᠬᠠᠤᠯᠢ ᠭᠡᠷᠡᠭᠵᠢᠭᠦᠯᠥᠯᠳᠡ ᠶᠢᠨ ᠲᠤᠪᠴᠢᠶ᠎ᠠ ᠶᠢ ᠪᠠᠶᠢᠭᠤᠯᠪᠠ᠃ ᠰᠣᠶᠣᠯ ᠵᠢᠭᠤᠯᠴᠢᠯᠠᠯ ᠤᠨ ᠵᠦᠪᠯᠡᠯ + ᠵᠢᠭᠤᠯᠴᠢᠯᠠᠯ ᠤᠨ ᠴᠠᠭᠳᠠᠭ᠎ᠠ᠂ ᠵᠢᠭᠤᠯᠴᠢᠯᠠᠯ ᠤᠨ ᠲᠤᠭᠤᠷᠢᠨ ᠰᠢᠭᠦᠬᠦ ᠲᠢᠩᠬᠢᠮ᠂ ᠵᠢᠭᠤᠯᠴᠢᠯᠠᠯ ᠤᠨ ᠦᠢᠯᠡᠳᠪᠦᠷᠢ ᠬᠤᠳᠠᠯᠳᠤᠭ᠎ᠠ ᠶᠢᠨ ᠬᠤᠪᠢᠶᠠᠷᠢ ᠲᠤᠪᠴᠢᠶ᠎ᠠ ᠶᠢᠨ  ︽1+3︾ ᠠᠵᠢᠯ ᠤᠨ ᠳᠤᠭᠳᠠᠯᠴᠠᠭ᠎ᠠ ᠶᠢ ᠪᠠᠶᠢᠭᠤᠯᠪᠠ᠃ ᠭᠠᠵᠠᠷ ᠰᠢᠷᠤᠢ ᠨᠤᠲᠤᠭ ᠪᠡᠯᠴᠢᠭᠡᠷ ᠤᠨ ᠡᠷᠬᠡ ᠶᠢᠨ ᠲᠠᠩᠰᠠᠯᠠᠯᠳᠠ ᠶᠢ ᠥᠨᠳᠦᠰᠦᠨ ᠳᠡᠭᠡᠨ ᠪᠡᠶᠡᠯᠡᠭᠦᠯᠪᠡ᠃ ᠨᠡᠶᠢᠬᠡᠮ ᠤᠨ ᠠᠵᠢᠯᠳᠠᠨ ᠤ ᠡᠩᠨᠡᠭᠡ ᠶᠢᠨ ᠪᠦᠲᠦᠭᠡᠨ ᠪᠠᠶᠢᠭᠤᠯᠤᠯᠳᠠ ᠶᠢ ᠴᠢᠩᠭᠠᠳᠬᠠᠨ᠂ 437 ᠨᠡᠷᠡᠰ ᠪᠡᠯᠡᠳᠭᠡᠯ ᠴᠢᠳᠠᠪᠤᠷᠢᠳᠠᠨ ᠢ ᠨᠡᠶᠢᠬᠡᠮ ᠤᠨ ᠠᠵᠢᠯᠳᠠᠨ ᠪᠣᠯᠭᠠᠪᠠ᠃ 3 ᠵᠣᠷᠪᠣᠰ ᠵᠠᠰᠠᠭ ᠤᠨ ᠣᠷᠳᠣᠨ ᠠᠴᠠ ᠵᠢᠭᠡᠯᠡᠯᠭᠡ ᠶᠢ ᠪᠤᠴᠠᠭᠠᠵᠤ ᠪᠠᠶᠢᠭ᠎ᠠ ᠬᠤᠶᠠᠳᠤᠭᠠᠷ ᠲᠡᠰ ᠤᠨ ᠵᠠᠰᠠᠮᠠᠯ ᠵᠠᠮ ᠤᠨ ᠰᠥᠢᠳᠭᠡᠯ ᠬᠤᠷᠢᠶᠠᠬᠤ ᠶᠢ ᠵᠤᠭᠰᠤᠭᠠᠪᠠ᠃ ᠬᠤᠶᠠᠳᠤᠭᠠᠷ ᠬᠡᠥᠬᠡᠳ ᠠᠪᠬᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠡᠶᠢᠳᠡᠪᠤᠷᠢᠵᠢᠭᠤᠯᠪᠠ᠃ ᠡᠷᠦᠬᠡ ᠠᠮᠠ ᠶᠢᠨ ᠬᠠᠮᠢᠶᠠᠷᠤᠯᠳᠠ ᠶᠢᠨ ᠳᠦᠷᠢᠮ ᠤᠨ ᠥᠭᠡᠷᠡᠴᠢᠯᠡᠯᠳᠡ ᠶᠢ ᠭᠥᠨᠵᠡᠭᠡᠶᠢᠷᠡᠭᠦᠯᠵᠤ᠂ 3392 ᠨᠡᠷᠡᠰ ᠲᠦᠷᠦ ᠶᠢᠨ ᠪᠤᠳᠤᠯᠭ᠎ᠠ ᠶᠢᠨ ᠭᠠᠳᠠᠨ᠎ᠠ ᠲᠦᠷᠦᠭᠰᠡᠨ ᠬᠡᠥᠬᠡᠳ ᠪᠤᠯᠤᠨ ᠪᠤᠰᠤᠳ ᠡᠷᠦᠭᠡ ᠠᠮᠠ ᠶᠢᠨ ᠲᠠᠩᠰᠠ ᠥᠭᠡᠢ ᠬᠦᠮᠦᠰ ᠲᠤ ᠡᠷᠦᠬᠡ ᠠᠮᠠ ᠶᠢᠨ ᠲᠠᠩᠰᠠ ᠣᠷᠣᠭᠤᠯᠵᠤ ᠥᠭᠪᠡ᠃ ︽ᠣᠯᠠᠨ ᠳᠠᠶᠠᠭᠠᠷ ᠢᠶᠠᠨ ᠦᠢᠯᠡᠰ ᠪᠦᠳᠦᠭᠡᠵᠤ᠂ ᠰᠢᠨ᠎ᠡ ᠶᠢ ᠡᠬᠦᠳᠬᠦ︾᠎ ᠶᠢ ᠭᠦᠨᠵᠡᠭᠡᠢ ᠠᠬᠢᠭᠤᠯᠵᠤ᠂ ᠲᠡᠭᠷᠢᠯᠢᠭ ᠣᠷᠣᠨ ᠤ ᠤᠯᠠᠨ ᠳᠠᠶᠠᠭᠠᠷ ᠢᠶᠠᠨ ᠦᠢᠯᠡᠰ ᠪᠦᠳᠦᠭᠡᠬᠦ ᠬᠦᠷᠢᠶᠡᠯᠡᠩ  ᠎ ᠢ ᠥᠪᠡᠷᠳᠡᠭᠡᠨ ᠵᠠᠰᠠᠬᠤ ᠣᠷᠣᠨ ᠤ ᠲᠡᠰ ᠤᠨ ᠥᠢᠯᠡᠰ ᠪᠦᠳᠦᠭᠡᠬᠦ ᠣᠷᠣᠨ ᠵᠠᠢ ᠪᠠᠷ ᠪᠠᠶᠢᠭᠤᠯᠵᠤ᠂ ᠲᠦᠮᠡᠨ ᠪᠦᠲᠦᠭᠡᠯᠴᠢ ᠣᠷᠣᠨ ᠵᠠᠢ 3᠎ ᠶᠢ ᠪᠣᠶᠢᠵᠢᠭᠤᠯᠣᠨ᠂  ᠤᠯᠤᠰ ᠤᠨ ᠲᠣᠰᠬᠠᠢ ᠠᠰᠢᠭ ᠤᠨ ᠮᠡᠷᠭᠡᠵᠢᠯ 87 ᠲᠦᠷᠦᠯ ᠢ ᠣᠷᠣᠭᠤᠯᠵᠤ᠂ ᠰᠢᠨ᠎ᠡ ᠶᠢ ᠡᠭᠦᠳᠦᠨ ᠥᠢᠯᠡᠰ ᠪᠦᠳᠦᠭᠡᠬᠦ ᠳᠠᠶᠢᠴᠢᠯᠠᠯᠳᠠ ᠶᠢᠨ ᠦᠢᠯᠡᠳᠦᠯ ᠠᠯᠬᠤᠮ ᠠᠯᠬᠤᠮ ᠢᠯᠡᠷᠬᠡᠢ ᠪᠤᠯᠪᠠ᠃      ᠵᠢᠷᠭᠤᠭ᠎ᠠ ᠳᠤ ᠠᠷᠠᠳ ᠤᠨ ᠠᠮᠢᠳᠤᠷᠠᠯ ᠤᠨ ᠪᠠᠲᠤᠯᠠᠭ᠎ᠠ ᠰᠢᠨ᠎ᠡ ᠥᠷ᠎ᠡ ᠳ᠋ᠦᠩ ᠣᠯᠪᠠ᠃ ᠶᠡᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠣᠯᠬᠤ ᠠᠵᠢᠯ ᠎ ᠨᠢ ᠢᠯᠡᠷᠬᠡᠢ ᠦᠷ᠎ᠡ ᠪᠦᠳᠦᠮᠵᠢᠳᠠᠢ ᠪᠣᠯᠪᠠ᠃ ᠠᠰᠠᠭᠤᠳᠠᠯ ᠎ ᠤᠨ ᠤᠳᠤᠷᠢᠳᠤᠮᠵᠢ ᠪᠣᠯᠣᠨ ᠣᠨᠣᠪᠴᠢᠳᠠᠢ ᠲᠦᠷᠦ ᠶᠢᠨ ᠪᠤᠳᠤᠯᠭ᠎ᠠ ᠶᠢ ᠪᠠᠷᠢᠮᠳᠠᠯᠠᠨ᠂ ᠣᠨᠢᠨ ᠳᠡᠭᠡᠷ᠎ᠡ ᠎ ᠨᠢ ᠶᠠᠳᠠᠭᠤ ᠶᠢ ᠲᠡᠳᠬᠦᠬᠦ ᠳᠦᠷᠪᠡᠨ ᠲᠡᠰ ᠤᠨ ᠬᠤᠯᠪᠤᠭᠠᠯᠠᠨ ᠳᠠᠭᠠᠭᠠᠴᠢᠯᠠᠬᠤ ᠪᠠᠶᠢᠭᠤᠯᠤᠮᠵᠢ ᠶᠢ ᠪᠠᠶᠢᠭᠤᠯᠵᠤ᠂ ᠪᠦᠬᠦ ᠲᠠᠯ᠎ᠠ ᠪᠠᠷ ︽1+5︾᠎ ᠶᠢᠨ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠪᠠᠶᠢᠭᠤᠯᠤᠨ ᠲᠤᠤᠱᠯᠠᠭᠤᠯᠵᠤ᠂ ᠠᠵᠤ ᠦᠢᠯᠡᠰ ᠢᠶᠠᠷ ᠳᠡᠮᠵᠢᠬᠦ᠂ ᠰᠣᠷᠭᠠᠨ ᠬᠦᠮᠦᠵᠢᠯ ᠢ ᠲᠣᠰᠠᠯᠠᠬᠤ᠂ ᠮᠦᠩᠭᠦᠨ ᠭᠦᠢᠯᠭᠡᠭᠡ ᠪᠠᠷ ᠲᠡᠳᠬᠦᠬᠦ᠂ ᠮᠠᠯ ᠲᠠᠷᠢᠶᠠᠯᠠᠩ ᠤᠨ ᠪᠦᠳᠦᠭᠡᠭᠳᠡᠭᠦᠨ ᠢ ᠨᠦᠬᠦᠪᠦᠷᠢᠯᠡᠬᠦ᠂ ᠦᠭᠡᠷ᠎ᠡ ᠭᠠᠵᠠᠷ ᠨᠡᠭᠦᠯᠭᠡᠬᠦ᠂ ᠡᠮ ᠡᠮᠨᠡᠯᠭᠡ ᠪᠠᠷ ᠠᠪᠤᠷᠠᠨ ᠲᠤᠰᠠᠯᠠᠬᠤ ᠵᠡᠷᠭᠡ ᠲᠦᠷᠦ ᠶᠢᠨ ᠪᠣᠳᠣᠯᠭ᠎ᠠ ᠬᠢᠭᠡᠳ ︽ᠵᠠᠬᠢᠶᠠᠯᠠᠭ᠎ᠠ ᠶᠢᠨ ᠬᠡᠯᠪᠡᠷᠢᠳᠤ︾ ᠣᠨᠢᠨ ᠳᠡᠭᠡᠷ᠎ᠡ ᠨᠢ  ᠶᠠᠳᠠᠭᠤ ᠶᠢ ᠲᠡᠳᠬᠦᠬᠦ ᠶᠢ ᠭᠦᠨᠵᠡᠭᠡᠢ ᠬᠡᠷᠡᠭᠵᠢᠭᠦᠯᠦᠨ᠂ ᠡᠯ᠎ᠡ ᠲᠥᠷᠥᠯ ᠤᠨ ᠶᠡᠳᠠᠭᠤ ᠶᠢ ᠲᠡᠳᠬᠦᠬᠦ ᠳᠤ ᠨᠡᠶᠢᠳᠡ 4.6 ᠳ᠋ᠦᠩᠰᠢᠭᠤᠷ ᠲᠦᠭᠦᠷᠢᠭ  ᠤᠨ ᠪᠡᠯᠡ ᠮᠦᠩᠭᠦ ᠶᠢ ᠵᠠᠷᠤᠴᠠᠭᠤᠯᠵᠤ᠂ ᠣᠯᠣᠰ ᠤᠨ ᠪᠠᠷᠢᠮᠵᠢᠶ᠎ᠠ ᠱᠤᠭᠤᠮ ᠠᠴᠠ ᠲᠤᠭᠤᠭᠰᠢᠬᠢ 1085 ᠨᠡᠷ᠎ᠡ ᠶᠠᠳᠠᠭᠤ ᠬᠦᠴᠢᠷᠳᠡᠯᠳᠠᠢ ᠬᠦᠮᠦᠨ ᠠᠮᠠ ᠶᠢ ᠳᠤᠭᠳᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠵᠤ᠂ 5360 ᠨᠡᠷᠡᠰ ᠬᠤᠳᠠ ᠬᠦᠳᠡᠭᠡ ᠲᠤᠰᠬᠤᠨ ᠮᠠᠯᠵᠢᠬᠤ ᠣᠷᠣᠨ ᠤ ᠳᠤᠤᠷ᠎ᠠ ᠪᠠᠲᠤᠯᠠᠭ᠎ᠠ ᠶᠢᠨ ᠱᠤᠭᠤᠮ ᠠᠴᠠ ᠳᠣᠣᠷ᠎ᠡ ᠣᠷᠣᠯᠭ᠎ᠠ ᠲᠠᠢ ᠬᠦᠮᠦᠨ ᠠᠮᠠ ᠶᠢᠨ ᠵᠢᠯ ᠤᠨ ᠳᠤᠮᠳᠠᠴᠢ ᠣᠷᠣᠯᠭ᠎ᠠ ᠶᠢ 20% ᠳᠠᠪᠠᠭᠤᠯᠣᠭᠰᠠᠨ ᠪᠠᠶᠢᠨ᠎ᠠ᠃ ᠨᠡᠶᠢᠳᠠ ᠶᠢᠨ ᠦᠢᠯᠡᠴᠢᠯᠡᠯᠭᠡᠨ ᠤ ᠬᠢᠷᠢ ᠲᠦᠪᠰᠢᠨ ᠦᠷᠭᠦᠯᠵᠢᠯᠡᠨ ᠲᠡᠭᠡᠭᠰᠢᠯᠡᠪᠡ᠃ 6.4 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠯᠳᠠ ᠪᠠᠷ 17 ᠰᠤᠷᠭᠠᠭᠤᠯᠢ ᠶᠢ ᠪᠠᠶᠢᠭᠤᠯᠤᠨ ᠥᠷᠭᠡᠳᠬᠡᠵᠤ᠂ ᠬᠤᠳᠠ ᠶᠢᠨ ᠨᠢᠭᠡᠳᠦᠭᠡᠷ ᠲᠤᠮᠳᠠᠳᠤ ᠰᠣᠷᠭᠠᠭᠤᠯᠢ ᠶᠢᠨ ᠡᠵᠡᠨ ᠬᠤᠷᠤᠭ᠎ᠠ ᠬᠤᠰᠢᠭᠤᠨ ᠳᠠᠬᠢ ᠬᠤᠪᠢᠶᠠᠷᠢ ᠰᠤᠷᠭᠠᠭᠤᠯᠢ᠂ ᠪᠡᠭᠡᠵᠢᠩ ᠤᠨ ᠪᠠᠭᠰᠢ ᠶᠢᠨ ᠶᠡᠭᠡ ᠰᠣᠷᠭᠠᠭᠤᠯᠢ ᠶᠢᠨ ᠬᠤᠶᠠᠳᠤᠭᠠᠷ ᠬᠠᠷᠢᠶᠠᠳᠤ ᠰᠤᠷᠭᠠᠭᠤᠯᠢ ᠶᠢ ᠬᠠᠮᠳᠣ ᠪᠠᠷ ᠪᠦᠳᠦᠭᠡᠨ ᠪᠠᠶᠢᠭᠤᠯᠤᠨ᠂ ᠰᠢᠯᠢᠳᠡᠭ ᠴᠢᠨᠠᠷᠳᠤ ᠰᠣᠷᠭᠠᠨ ᠬᠦᠮᠦᠵᠢᠯ ᠤᠨ ᠡᠬᠢ ᠪᠠᠶᠠᠯᠢᠭ ᠤᠨ ᠪᠦᠷᠬᠦᠯᠳᠡ ᠳᠠᠰᠣᠷᠠᠯᠳᠠ ᠦᠭᠡᠢ ᠥᠷᠭᠡᠳᠦᠭᠰᠡᠨ ᠪᠠᠶᠢᠨ᠎ᠠ ᠃ ᠨᠡᠶᠢᠳᠡ 693 ᠨᠡᠷᠡᠰ ᠶᠡᠭᠡ ᠰᠣᠷᠭᠠᠭᠤᠯᠢ ᠠᠴᠠ ᠲᠡᠭᠦᠰᠦᠭᠰᠡᠨ ᠰᠢᠯᠢᠳᠡᠭ ᠣᠶᠣᠳᠠᠨ ᠢ ᠡᠯᠰᠡᠨ ᠨᠢᠭᠡᠳᠦᠭᠡᠷ ᠹᠠᠷᠤᠨᠲ ᠲᠡᠭᠡᠷ᠎ᠡ ᠪᠠᠭᠰᠢᠯᠠᠭᠤᠯᠪᠠ᠃ ᠦᠨᠳᠦᠷ ᠪᠠᠷᠢᠮᠵᠢᠶ᠎ᠠ ᠪᠠᠷ ᠤᠯᠤᠰ ᠤᠨ ᠰᠢᠶᠠᠨ ᠤ ᠬᠡᠪᠴᠢᠶ᠎ᠡ ᠶᠢᠨ ᠠᠯᠪᠠᠨ ᠵᠢᠷᠤᠮ ᠤᠨ ᠰᠣᠷᠭᠠᠨ ᠬᠦᠮᠦᠵᠢᠯ ᠤᠨ ᠲᠡᠩᠴᠡᠭᠦᠷᠢᠳᠠᠢ ᠬᠦᠭᠵᠢᠭᠦᠯᠬᠦ ᠪᠠᠷᠢᠮᠵᠢᠶ᠎ᠠ ᠶᠢᠨ ᠰᠢᠯᠭᠠᠨ ᠪᠠᠶᠢᠴᠠᠭᠠᠯᠳᠠ ᠶᠢ ᠦᠩᠭᠡᠷᠡᠭᠡᠵᠤ᠂  ᠵᠢᠩᠬᠢᠨᠢ ᠠᠩᠭᠢ ᠶᠢᠨ ᠪᠠᠷᠢᠮᠵᠢᠶ᠎ᠡ ᠳᠤ ᠬᠦᠷᠦᠭᠰᠡᠨ ᠨᠤᠷᠮ᠎ᠠ 2012 ᠣᠨ ᠤ 59.1%᠎ ᠠᠴᠠ ᠳᠡᠭᠡᠭᠰᠢᠯᠡᠭᠡᠳ 75.2% ᠎ ᠲᠤ ᠬᠦᠷᠴᠦ᠂ ᠳᠡᠭᠡᠭᠰᠢᠯᠡᠯᠲᠡ ᠶᠢᠨ ᠬᠡᠮᠵᠢᠶ᠎ᠡ ᠨᠢ ᠪᠦᠬᠦ ᠬᠤᠳᠠ ᠳᠤ ᠭᠤᠷᠪᠠᠨ ᠵᠢᠯ ᠲᠠᠷᠠᠭᠠᠯᠠᠭᠰᠠᠨ ᠨᠢᠭᠡᠳᠦᠭᠡᠷ ᠨᠡᠷ᠎ᠡ ᠪᠠᠨ ᠪᠠᠳᠤᠯᠠᠪᠠ᠃ ᠰᠢᠨ᠎ᠡ ᠪᠠᠷ 4 ᠡᠮᠨᠡᠯᠬᠡ ᠶᠢᠨ ᠬᠤᠷᠢᠶ᠎ᠠ᠂ ᠡᠬᠡ ᠨᠢᠯᠬᠠᠰ ᠤᠨ ᠡᠷᠡᠭᠦᠯ ᠬᠠᠮᠠᠭᠠᠯᠠᠯ ᠤᠨ ᠬᠤᠷᠢᠶ᠎ᠠ᠂ 36 ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠠᠰᠢᠭᠯᠠᠯᠳᠠ ᠳᠤ ᠣᠷᠤᠭᠤᠯᠵᠤ᠂ ᠬᠤᠰᠢᠭᠤ ᠪᠠᠯᠭᠠᠰᠤ ᠲᠤᠰᠬᠤᠨ ᠤ ᠭᠤᠷᠪᠠᠨ ᠲᠡᠰ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠤᠤᠷ ᠰᠦᠯᠵᠢᠶ᠎ᠡ ᠤᠯᠠᠮ ᠨᠢᠭᠡ ᠠᠯᠬᠤᠮ ᠲᠡᠭᠦᠯᠳᠡᠷᠵᠢᠪᠡ᠃ ᠬᠤᠳᠠ ᠪᠡᠯᠭᠠᠰᠤᠨ ᠤ ᠰᠢᠨ᠎ᠡ ᠪᠠᠷ ᠨᠡᠮᠡᠭᠳᠡᠭᠰᠡᠨ‌ᠠᠵᠢᠯ ᠣᠯᠣᠭᠰᠠᠳ 1.9 ᠲᠦᠮᠡᠨ ᠬᠦᠮᠦᠨ᠂ ᠬᠤᠳᠠ ᠪᠠᠯᠭᠠᠰᠤᠨ ᠤ ᠠᠵᠢᠯ ᠠᠯᠳᠠᠭᠰᠠᠳ ᠤᠨ ᠨᠤᠷᠮ᠎ᠠ ᠶᠢ 3%᠎ ᠶᠢᠨ ᠳᠤᠲᠤᠷ᠎ᠠ ᠬᠢᠵᠠᠭᠠᠷᠯᠠᠨ᠂ ᠲᠠᠪᠤᠨ ᠵᠢᠯ ᠳᠠᠷᠠᠭᠠᠯᠠᠨ ᠪᠦᠬᠦ ᠬᠤᠳᠠ ᠶᠢᠨ ᠳᠤᠤᠷ᠎ᠠ ᠬᠢᠷᠢ ᠲᠦᠪᠰᠢᠨ ᠳᠤ ᠪᠠᠶᠢᠯᠭᠠᠪᠠ᠃ ᠨᠡᠶᠢᠬᠡᠮ ᠲᠤᠭᠤᠷᠢᠭ᠂ ᠭᠠᠴᠠᠭ᠎ᠠ ᠲᠤᠰᠬᠤᠨ ᠤ ᠶᠡᠷᠥᠩᠭᠡᠶᠢᠯᠡᠭᠰᠡᠨ ᠦᠢᠯᠡᠴᠢᠯᠡᠭᠡᠨ ᠤ ᠲᠦᠪ ᠵᠡᠷᠭᠡ ᠨᠢᠭᠡ ᠪᠦᠯᠦᠭ ᠰᠤᠶᠤᠯ ᠢᠶᠠᠷ ᠠᠷᠠᠳ ᠢ ᠬᠠᠷᠠᠭᠠᠯᠵᠠᠬᠤ ᠢᠨᠵᠧᠨᠧᠷᠢᠩ ᠢ ᠪᠠᠶᠢᠭᠤᠯᠤᠨ ᠬᠡᠷᠡᠭᠯᠡᠯᠳᠡ ᠳᠤ ᠤᠷᠤᠭᠤᠯᠤᠨ᠂ ᠪᠦᠬᠦ ᠠᠷᠠᠳ ᠤᠨ ᠪᠡᠶ᠎ᠡ ᠪᠠᠨ ᠪᠤᠯᠪᠠᠰᠤᠷᠠᠭᠤᠯᠬᠤ ᠬᠦᠳᠡᠯᠭᠡᠭᠡᠨ ᠨᠢ ᠡᠩ ᠤᠨ ᠲᠠᠳᠬᠠᠯ ᠪᠤᠯᠤᠨ ᠲᠡᠯᠬᠡᠷᠡᠵᠦ᠂ ᠣᠯᠠᠨ ᠲᠦᠮᠡᠨ ᠤ ᠤᠶᠤᠨ ᠵᠣᠷᠢᠭ ᠰᠠᠨᠠᠭ᠎ᠠ ᠰᠤᠶᠤᠯ ᠤᠨ ᠠᠮᠢᠳᠣᠷᠠᠯ ᠳᠠᠰᠣᠷᠠᠯᠳᠠ ᠥᠭᠡᠢ ᠪᠠᠶᠠᠯᠢᠭᠵᠢᠭᠤᠯᠤᠭᠰᠠᠨ ᠪᠠᠶᠢᠨ᠎ᠠ᠃ ᠨᠠᠮ ᠤᠨ ᠪᠠᠶᠢᠭᠤᠯᠤᠯᠳᠠ ᠶᠢᠨ ᠳᠠᠶᠢᠴᠢᠯᠠᠯᠳᠠ ᠪᠠᠨ ᠴᠢᠩᠭᠠᠳᠬᠠᠨ᠂ ᠨᠡᠶᠢᠬᠡᠮ ᠲᠤᠭᠤᠷᠢᠭ ᠤᠨ ︽ᠰᠡᠳᠬᠢᠯ ᠢ ᠳᠤᠯᠠᠭᠠᠴᠠᠭᠤᠯᠬᠤ︾ ᠦᠢᠯᠡᠴᠢᠯᠡᠭᠡᠨ ᠤ ᠨᠡᠷᠡᠲᠦ ᠲᠡᠮᠲᠡᠭᠳᠦ ᠶᠢ ᠡᠭᠦᠳᠦᠨ ᠪᠠᠶᠢᠭᠤᠯᠵᠤ᠂ ᠰᠠᠭᠤᠭᠠᠯᠢ ᠠᠷᠠᠳ ᠤᠨ ᠵᠤᠯ ᠵᠢᠷᠭᠠᠯ ᠤᠨ ᠵᠢᠭᠠᠯᠳᠠ ᠲᠤᠭ᠎ᠠ ᠳᠠᠰᠣᠷᠠᠯᠳᠠ ᠦᠭᠡᠢ ᠳᠡᠭᠡᠭᠰᠢᠯᠡᠪᠡ᠃ ᠨᠡᠶᠢᠬᠡᠮ ᠤᠨ ᠪᠠᠳᠤᠯᠠᠭ᠎ᠠ ᠶᠢᠨ ᠬᠢᠷᠢ ᠲᠦᠪᠰᠢᠨ ᠢᠯᠡᠳᠳᠡ ᠲᠡᠭᠡᠭᠰᠢᠯᠡᠭᠰᠡᠨ ᠪᠠᠶᠢᠨ᠎ᠠ᠃ ᠬᠤᠳᠠ ᠪᠠᠯᠭᠠᠰᠣᠨ ᠤ ᠰᠠᠭᠤᠭᠠᠯᠢ ᠠᠷᠠᠳ ᠪᠤᠯᠤᠨ ᠮᠠᠯᠴᠢᠨ ᠲᠠᠷᠢᠶᠠᠴᠢᠨ ᠤ ᠡᠮ ᠡᠮᠨᠡᠯᠭᠡ ᠶᠢᠨ ᠳᠠᠭᠠᠳᠬᠠᠯ ᠤᠨ ᠨᠢᠭᠡᠳᠦᠭᠦᠯᠬᠦ ᠶᠢ ᠪᠡᠶᠡᠯᠡᠭᠦᠯᠵᠦ᠂ ᠤᠨᠳᠤᠤ ᠭᠠᠵᠠᠷ ᠡᠮᠨᠡᠯᠭᠡ ᠳᠤ ᠰᠠᠭᠤᠭᠰᠠᠨ ᠰᠥᠢᠳᠭᠡᠯ ᠢ ᠰᠢᠭᠤᠳ ᠳᠠᠩᠰᠠᠨ ᠠᠴᠠ ᠲᠠᠶᠢᠯᠬᠤ ᠶᠢ ᠪᠡᠶᠡᠯᠡᠭᠦᠯᠦᠨ᠂ ᠶᠠᠳᠠᠭᠤ ᠬᠦᠴᠢᠷᠳᠡᠯᠳᠠᠢ ᠬᠦᠮᠦᠨ‌ᠡᠮᠨᠡᠯᠭᠡ ᠳᠤ ᠰᠠᠭᠤᠬᠤ ᠳᠤ ︽ᠤᠷᠢᠳᠠᠪᠠᠷ ᠡᠪᠡᠳᠴᠢᠨ ᠢᠶᠠᠨ ᠦᠵᠡᠭᠦᠯᠵᠤ᠂ ᠳᠠᠷᠠᠭ᠎ᠠ ᠨᠢ ᠰᠦᠢᠳᠭᠡᠯ ᠲᠤᠰᠢᠶᠠᠬᠤ︾ ᠠᠵᠢᠯ ᠤᠨ ᠳᠤᠭᠳᠠᠯᠴᠠᠭ᠎ᠠ ᠶᠢ ᠪᠠᠶᠢᠭᠤᠯᠪᠠ᠃ ᠠᠯᠪᠠᠨ ᠪᠠᠶᠢᠭᠤᠯᠭ᠎ᠠ ᠠᠵᠢᠯ ᠥᠢᠯᠡᠰ ᠤᠨ ᠨᠢᠬᠡᠴᠢ ᠶᠢᠨ ᠠᠵᠢᠯᠳᠠᠨ ᠠᠵᠢᠯᠴᠢᠨ ᠤ ᠨᠠᠰᠣᠵᠢᠯ ᠤᠨ ᠳᠠᠭᠠᠳᠬᠠᠯ ᠤᠨ ᠲᠦᠷᠢᠮ ᠤᠨ ᠦᠭᠡᠷᠡᠴᠢᠯᠡᠯᠳᠡ ᠶᠢ ᠡᠬᠢᠯᠡᠭᠦᠯᠦᠨ ᠬᠡᠷᠡᠭᠯᠡᠵᠦ᠂ ᠨᠠᠰᠤᠵᠢᠯ ᠤᠨ ᠳᠠᠭᠠᠳᠬᠠᠯ ᠤᠨ ᠬᠠᠤᠯᠢᠴᠢᠯᠠᠭᠰᠠᠨ ᠠᠷᠠᠳ ᠣᠯᠠᠨ ᠤ ᠪᠥᠷᠬᠦᠯᠳᠡ ᠶᠢ ᠪᠡᠶᠡᠯᠡᠭᠦᠯᠪᠡ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠨᠦᠬᠦᠪᠦᠷᠢ ᠶᠢᠨ ᠪᠠᠷᠢᠮᠵᠢᠶ᠎ᠠ ᠪᠣᠯᠣᠨ ᠠᠵᠣ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠨ ᠠᠵᠢᠯ ᠠᠴᠠ ᠪᠠᠨ ᠪᠠᠭᠤᠭᠰᠠᠨ ᠬᠦᠮᠦᠰ ᠤᠨ ᠨᠠᠰᠣᠳᠠᠨ ᠢ ᠠᠰᠠᠷᠠᠬᠤ ᠳᠠᠭᠠᠳᠬᠠᠯ 2012 ᠣᠨ ᠠᠴᠠ ᠬᠦᠮᠦᠨ ᠪᠦᠷᠢ᠂ ᠵᠢᠯ ᠲᠤᠳᠤᠮ ᠲᠤᠮᠳᠠᠴᠢ ᠪᠠᠷ 290 ᠲᠥᠭᠦᠷᠢᠭ ᠪᠠ 389 ᠲᠦᠭᠦᠷᠢᠭ ᠎ ᠢᠶᠠᠷ ᠨᠡᠮᠡᠭᠳᠡᠪᠡ᠃ 5707 ᠭᠠᠵᠠᠷ ᠨᠤᠲᠤᠭ ᠢᠶᠠᠨ ᠠᠯᠳᠠᠭᠰᠠᠨ ᠮᠠᠯᠴᠢᠨ ᠲᠠᠷᠢᠶᠠᠴᠢᠨ ᠢ ᠠᠵᠤ ᠠᠬᠤᠶᠢᠯᠠᠯ ᠤᠨ ᠠᠵᠢᠯᠳᠠᠨ ᠠᠵᠢᠯᠴᠢᠨ ᠤ ᠨᠠᠰᠣᠵᠢᠯ ᠤᠨ ᠳᠠᠭᠠᠳᠬᠠᠯ ᠤᠨ ᠬᠦᠷᠢᠶ᠎ᠡ ᠬᠡᠪᠴᠢᠶᠠᠨ ᠳᠤ ᠣᠷᠣᠭᠤᠯᠵᠣ᠂ 180 ᠨᠡᠷᠡᠰ ᠲᠤᠰᠬᠤᠨ ᠤ ᠲᠡᠰ ᠤᠨ ᠠᠮᠢᠳᠠᠨ ᠤ ᠬᠢᠵᠢᠭ ᠢ ᠰᠡᠷᠭᠡᠶᠢᠯᠡᠭᠴᠢ ᠶᠢ ᠨᠠᠰᠣᠳᠠᠨ ᠢ ᠠᠰᠠᠷᠠᠬᠤ ᠪᠠᠲᠤᠯᠠᠭ᠎ᠠ ᠶᠢᠨ ᠰᠢᠰᠲ᠋ᠧᠮ ᠳᠤ ᠣᠷᠣᠭᠤᠯᠣᠭᠰᠠᠨ ᠪᠠᠶᠢᠨ᠎ᠠ᠃ ᠲᠠᠪᠤᠨ ᠵᠢᠯ ᠳᠠᠷᠠᠭᠠᠯᠠᠨ 5.4 ᠲᠦᠮᠡ ᠭᠠᠷᠦᠢ ᠡᠷᠦᠬᠡ ᠶᠢᠨ ᠳᠤᠤᠷ᠎ᠠ ᠣᠷᠣᠯᠭ᠎ᠠ ᠲᠠᠢ ᠪᠠᠶᠢᠩᠭᠤ ᠰᠠᠭᠤᠭ᠎ᠠ ᠮᠠᠯᠴᠢᠨ ᠲᠠᠷᠢᠶᠠᠴᠢᠨ ᠡᠷᠦᠬᠡ ᠪᠤᠯᠭᠠᠨ ᠳᠤ 600 ᠲᠦᠭᠦᠷᠢᠭ ᠤᠨ ︽ᠲᠤᠯᠠᠭᠠᠯᠠᠮᠵᠢ ᠶᠢᠨ ᠨᠡᠭᠦᠷᠡᠰᠦ︾᠎ ᠶᠢᠨ ᠨᠦᠭᠦᠪᠦᠷᠢ ᠮᠦᠩᠭᠦ ᠥᠭᠪᠡ᠃ ᠬᠤᠰᠢᠭᠤᠨ ᠤ ᠡᠷᠦᠬᠡ ᠠᠮᠠ ᠲᠠᠢ ᠳᠤᠤᠷ᠎ᠠ ᠪᠠᠲᠤᠯᠠᠭ᠎ᠠ ᠶᠢᠨ ᠭᠡᠷ ᠪᠦᠯᠢ ᠶᠢᠨ ᠶᠡᠭᠡ ᠰᠣᠷᠭᠠᠭᠤᠯᠢ ᠶᠢᠨ ᠣᠶᠣᠳᠠᠨ ᠨᠡᠶᠢᠳᠡ 583 ᠬᠦᠮᠦᠨ‌ᠤᠳᠠᠭ᠎ᠠ ᠳᠤ 1097 ᠲᠦᠮᠡᠨ ᠲᠦᠭᠦᠷᠢᠭ ᠤᠨ ᠰᠣᠷᠣᠯᠭ᠎ᠠ ᠶᠢᠨ ᠨᠦᠬᠦᠪᠦᠷᠢ ᠮᠦᠩᠭᠦ ᠭᠠᠷᠳᠠᠭᠤᠯᠪᠠ᠃ ᠳᠤᠤᠷ᠎ᠡ ᠪᠠᠲᠤᠯᠠᠭᠠᠲᠤ᠂ ᠲᠠᠪᠤᠨ ᠪᠠᠲᠤᠯᠠᠭᠠᠲᠤ᠂ ᠵᠡᠮᠳᠡᠭ ᠬᠦᠮᠦᠨ᠂ ᠣᠨᠴᠠᠭᠠᠢ ᠬᠦᠴᠢᠷᠳᠡᠯᠳᠠᠢ  ᠵᠡᠷᠭᠡ ᠡᠯ᠎ᠡ ᠲᠦᠷᠦᠯ ᠤᠨ ᠳᠤᠤᠷ᠎ᠠ ᠪᠠᠲᠤᠯᠠᠭ᠎ᠠ ᠶᠢᠨ ᠡᠳᠡᠭᠡᠳ ᠲᠤ 2.9 ᠳ᠋ᠦᠩᠰᠢᠭᠤᠷ ᠲᠦᠭᠦᠷᠢᠭ ᠤᠨ ᠪᠡᠯᠡ ᠮᠦᠩᠭᠦ ᠣᠯᠭᠤᠵᠣ᠂ 10 ᠲᠦᠮᠡᠨ ᠬᠦᠮᠦᠨ ᠤᠳᠠᠭ᠎ᠠ ᠠᠰᠢᠭ ᠬᠦᠷᠳᠡᠬᠡᠭᠰᠡᠨ ᠪᠠᠶᠢᠨ᠎ᠠ᠃ ᠠᠵᠢᠯᠴᠢᠨ ᠲᠠᠷᠢᠶᠠᠴᠢᠨ ᠤ ᠡᠷᠬᠡ ᠠᠰᠢᠭ ᠤᠨ ᠪᠠᠳᠣᠯᠠᠭ᠎ᠠ ᠶᠢ ᠴᠢᠩᠭᠠᠳᠬᠠᠵᠤ᠂ ᠠᠵᠢᠯᠴᠢᠨ ᠲᠠᠷᠢᠶᠠᠴᠢᠨ ᠳᠤ ᠦᠷᠢᠲᠦᠭᠰᠡᠨ ᠴᠠᠯᠢᠩ ᠮᠥᠩᠭᠦ ᠶᠢ 6.1 ᠳ᠋ᠦᠩᠰᠢᠭᠤᠷ ᠲᠦᠭᠦᠷᠢᠭ ᠢᠯᠭᠠᠷᠠᠭᠤᠯᠤᠨ ᠤᠯᠭᠤᠵᠤ ᠦᠭᠭᠦᠭᠰᠡᠨ ᠪᠠᠶᠢᠨ᠎ᠠ᠃ ᠡᠷᠡᠭᠦᠦ ᠶᠢᠨ ᠬᠡᠷᠡᠭ ᠪᠤᠯᠤᠨ ᠠᠮᠤᠷ ᠢ ᠬᠠᠮᠠᠭᠠᠯᠠᠬᠤ ᠬᠡᠷᠡᠭ ᠵᠠᠷᠭᠤ ᠶᠢ ᠵᠢᠯ ᠪᠦᠷᠢ 34% ᠪᠤᠯᠤᠨ16%᠎ ᠪᠠᠷ ᠪᠠᠭᠤᠷᠠᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠳᠤᠭᠳᠠᠭᠤᠨ ᠪᠠᠶᠢᠳᠠᠯ ᠢ ᠬᠠᠮᠠᠭᠠᠯᠠᠬᠤ ᠪᠠ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠦᠷᠭᠦᠯᠵᠢᠯᠡᠨ ᠳᠤᠭᠳᠠᠭᠤᠨ ᠪᠠᠶᠢᠯᠭᠠᠵᠤ᠂ ᠢᠳᠡᠭᠡᠨ ᠤᠮᠳᠠᠭᠠᠨ ᠪᠠ ᠡᠮ ᠤᠨ ᠵᠦᠢᠯᠡᠰ ᠤᠨ ᠠᠶᠤᠯᠭᠦᠢ ᠶᠢᠨ ᠬᠡᠷᠡᠭ ᠠᠳᠡᠯ ᠡᠭᠦᠰᠦᠭᠰᠡᠨ ᠦᠭᠡᠢ ᠠᠴᠠ ︽ᠪᠦᠬᠦ ᠣᠯᠣᠰ ᠤᠨ ᠢᠳᠡᠭᠡᠨ ᠤᠮᠳᠠᠭᠠᠨ ᠤ ᠠᠶᠤᠯᠭᠦᠢ ᠶᠢᠨ ᠵᠢᠱᠢᠶ᠎ᠡ ᠦᠵᠡᠭᠦᠯᠬᠦ ᠰᠢᠶᠠᠨ︾᠎ ᠢᠶᠠᠷ ᠦᠨᠡᠯᠡᠭᠳᠡᠪᠡ᠃ 3.1 ᠳ᠋ᠦᠩᠰᠢᠭᠤᠷ ᠲᠦᠭᠦᠷᠢᠭ ᠤᠨ ᠪᠡᠯᠡ ᠮᠥᠩᠭᠦ ᠶᠢ ᠴᠦᠭᠡᠨ ᠲᠤᠭᠠᠳᠤ ᠦᠨᠳᠦᠰᠦᠳᠡᠨ ᠤ ᠠᠵᠢᠯ ᠦᠢᠯᠡᠰ ᠤᠨ ᠬᠦᠭᠵᠢᠯᠳᠡ ᠬᠢᠭᠡᠳ ᠱᠠᠰᠢᠨ ᠰᠣᠷᠳᠠᠬᠤᠨ ᠤ ᠬᠡᠷᠡᠭ ᠶᠠᠪᠤᠳᠠᠯ ᠤᠨ ᠠᠵᠢᠯᠯᠠᠭᠠᠨ ᠳᠤ ᠵᠠᠷᠣᠴᠠᠭᠤᠯᠣᠨ᠂ ︽ᠪᠦᠬᠦ ᠣᠷᠣᠨ ᠤ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠡᠭᠦᠳᠦᠨ ᠪᠠᠶᠢᠭᠤᠯᠬᠤ ᠠᠵᠢᠯᠯᠭᠠᠨ ᠤ ᠵᠢᠱᠢᠶᠡᠴᠢ ᠬᠤᠰᠢᠭᠤ︾᠎ ᠪᠠᠷ ᠦᠨᠡᠯᠡᠭᠳᠡᠪᠡ᠃       ᠲᠤᠯᠤᠭ᠎ᠠ ᠳᠤ ᠵᠠᠰᠠᠭ ᠤᠨ ᠣᠷᠳᠣᠨ ᠦᠪᠡᠷ ᠤᠨ ᠪᠦᠳᠦᠭᠡᠨ ᠪᠠᠶᠢᠭᠤᠯᠤᠯᠳᠠ ᠶᠢᠨ ᠰᠢᠨ᠎ᠡ‌‍ᠪᠠᠶᠢᠳᠠᠯ ᠢᠶᠠᠨ ᠪᠠᠳᠠᠷᠠᠭᠤᠯᠪᠠ᠃ ᠪᠦᠬᠦ ᠲᠠᠯ᠎ᠠ ᠪᠠᠷ ᠵᠠᠰᠠᠭ ᠤᠨ ᠣᠷᠳᠣᠨ ᠤ ᠰᠢᠰᠲ᠋ᠧᠮ ᠤᠨ ᠨᠠᠮ ᠢᠶᠠᠨ ᠴᠢᠩᠭ᠎ᠠ ᠵᠠᠰᠠᠬᠤ᠂ ᠵᠠᠰᠠᠭ ᠢ ᠴᠢᠩᠭ᠎ᠠ ᠪᠠᠷᠢᠬᠤ ᠭᠤᠤᠯ ᠴᠣᠭᠴᠠ ᠶᠢᠨ ᠬᠠᠷᠢᠭᠤᠴᠠᠯᠭ᠎ᠠ ᠬᠢᠭᠡᠳ ︽ᠨᠢᠭᠡ ᠪᠠᠶᠢᠷᠢ ᠬᠤᠤᠰ ᠬᠠᠷᠢᠭᠤᠴᠠᠯᠭ᠎ᠠ︾᠎ ᠶᠢᠨ ᠬᠠᠷᠢᠭᠤᠴᠠᠯᠭ᠎ᠠ ᠶᠢᠨ ᠳᠦᠷᠢᠮ ᠢ ᠳᠣᠭᠳᠠᠭᠠᠨ᠂ ︽ᠨᠠᠶᠢᠷ ᠲᠠᠯᠪᠢᠬᠤ ᠦᠭᠡᠢ︾ ᠣᠪᠣᠷ ᠢᠶᠠᠷ  ᠢᠯᠵᠠᠷᠠᠯ ᠢ ᠡᠰᠡᠷᠭᠦᠴᠡᠬᠦ ᠶᠢ ᠪᠠᠷᠢᠮᠳᠠᠯᠠᠵᠤ᠂  ᠳᠠᠩᠰᠠᠯᠠᠭᠰᠠᠨ ᠵᠠᠷᠭᠤ  ᠨᠡᠶᠢᠳᠡ 321 ᠪᠠᠶᠢᠵᠤ᠂ 352 ᠬᠦᠮᠦᠨ ᠳᠤ ᠨᠠᠮ ᠵᠠᠰᠠᠭ ᠤᠨ ᠰᠠᠬᠢᠯᠭ᠎ᠠ ᠪᠠᠳᠤ ᠶᠢᠨ  ᠰᠢᠢᠳᠬᠡᠯ ᠢ ᠦᠭᠭᠦᠭᠰᠡᠨ ᠪᠠᠶᠢᠨ᠎ᠠ᠃ ᠨᠠᠮ ᠤᠨ ᠤᠯᠠᠨ ᠲᠦᠮᠡᠨᠴᠢ ᠱᠤᠭᠤᠮ ᠤᠨ ᠬᠦᠮᠦᠵᠢᠯ ᠦᠢᠯᠡᠳᠦᠯᠭᠡ ᠶᠢᠨ ᠠᠵᠢᠯᠠᠯᠭ᠎ᠠ ᠶᠢ ᠭᠦᠨᠵᠡᠭᠡᠢ ᠦᠷᠨᠢᠭᠦᠯᠵᠦ᠂ ︽ᠭᠤᠷᠪᠠᠨ ᠴᠢᠩᠭ᠎ᠠ ᠭᠤᠷᠪᠠᠨ ᠪᠤᠳᠠᠳᠠᠢ︾ ᠲᠣᠰᠬᠠᠢ ᠰᠡᠳᠦᠪᠳᠦ ᠬᠦᠮᠦᠵᠢᠯ ᠬᠢᠭᠡᠳ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠤᠯᠬᠤ︾ ᠬᠦᠮᠦᠵᠢᠯ ᠢ ᠰᠣᠷᠣᠯᠴᠠᠵᠤ᠂ ᠲᠦᠪ ᠬᠤᠷᠢᠶᠠᠨ ᠤ ᠨᠠᠢᠮᠠᠨ ᠵᠤᠷᠪᠤᠰ ᠳᠤᠭᠳᠠᠭᠠᠯ ᠤᠨ ᠵᠤᠷᠢᠭ ᠰᠠᠨᠠᠭ᠎ᠠ ᠶᠢ ᠴᠢᠩᠭ᠎ᠠ ᠪᠠᠷ ᠨᠠᠶᠢᠳᠠᠪᠤᠷᠢᠵᠢᠭᠤᠯᠵᠤ᠂ ᠪᠦᠬᠦ ᠬᠦᠴᠦ ᠪᠠᠷ ︽ᠳᠦᠷᠪᠡᠨ ᠰᠣᠷᠲᠠᠯ︾᠎ ᠤᠨ ᠠᠰᠠᠭᠤᠳᠠᠯ ᠤᠨ ᠴᠡᠭᠴᠡᠯᠡᠯᠳᠡ ᠶᠢ ᠴᠢᠩᠭᠠᠳᠬᠠᠵᠤ᠂ ᠨᠠᠮ ᠵᠠᠰᠠᠭ ᠤᠨ ᠰᠣᠷᠲᠠᠯ᠂ ᠨᠡᠶᠢᠬᠡᠮ ᠤᠨ ᠰᠣᠷᠳᠠᠯ ᠦᠷᠭᠦᠯᠵᠢᠯᠡᠨ ᠰᠠᠶᠢᠵᠢᠷᠠᠭᠰᠠᠨ ᠪᠠᠶᠢᠨ᠎ᠠ᠃ ᠲᠦᠪ ᠬᠤᠷᠢᠶ᠎ᠠ᠂ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠪᠠ ᠬᠤᠳᠠ ᠶᠢᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠬᠠᠷᠢᠭᠤ ᠲᠤᠰᠬᠠᠯᠳᠠ ᠶᠢᠨ ᠰᠠᠨᠠᠯ ᠢ ᠦᠭᠡᠷᠠᠴᠢᠯᠡᠵᠤ ᠰᠠᠶᠢᠵᠢᠷᠠᠭᠤᠯᠤᠨ ᠪᠦᠬᠦ ᠲᠠᠯ᠎ᠠ ᠪᠠᠷ ᠲᠤᠤᠱᠯᠠᠭᠤᠯᠪᠠ᠃ ᠤᠬᠠᠮᠰᠠᠷ ᠠᠴᠠ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠶᠢᠨ ᠬᠢᠨᠠᠯᠳᠠ᠂ ᠠᠵᠢᠯ ᠤᠨ ᠬᠢᠨᠠᠯᠳᠠ ᠪᠤᠯᠤᠨ ᠣᠯᠣᠰ ᠲᠦᠷᠦ ᠶᠢᠨ ᠵᠦᠪᠯᠡᠯᠭᠡᠨ ᠤ ᠠᠷᠠᠳᠴᠢᠯᠠᠯ ᠤᠨ ᠬᠢᠨᠠᠯᠳᠠ ᠶᠢ ᠬᠦᠯᠢᠶᠡᠨ᠂  ᠬᠤᠰᠢᠭᠤᠨ ᠤ ᠠᠷᠠᠳ ᠤᠨ ᠲᠦᠯᠦᠬᠡᠯᠡᠭᠴᠢᠳ ᠤᠨ ᠰᠠᠨᠠᠯ ᠵᠦᠪᠯᠡᠯᠭᠡ ᠶᠢ 167 ᠵᠦᠢᠯ ᠰᠢᠢᠳᠪᠦᠷᠢᠯᠡᠵᠦ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠳᠣᠷᠠᠳᠣᠭᠰᠠᠨ ᠰᠠᠨᠠᠯ ᠢ 361 ᠵᠦᠢᠯ ᠰᠢᠢᠳᠪᠦᠷᠢᠯᠡᠨ᠂ ᠰᠢᠢᠳᠪᠦᠷᠢᠯᠡᠭᠰᠡᠨ ᠨᠤᠷᠮ᠎ᠠ ᠨᠢ 100%᠎ ᠳᠤ ᠬᠦᠷᠦᠭᠰᠡᠨ ᠪᠠᠶᠢᠨ᠎ᠠ᠃ ᠠᠯᠪᠠᠨ ᠲᠡᠷᠭᠡ ᠶᠢᠨ ᠦᠭᠡᠷᠴᠢᠯᠡᠯᠳᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠠᠯᠪᠠᠨ ᠳᠤ ᠬᠡᠷᠡᠭᠯᠡᠬᠦ ᠭᠡᠷ ᠪᠠᠶᠢᠰᠢᠩ ᠢ 2.3 ᠲᠦᠮᠡᠨ ᠲᠡᠭᠰᠢ ᠳᠦᠷᠪᠡᠯᠵᠢᠨ ᠮᠧᠲᠷ ᠪᠤᠴᠠᠭᠠᠨ᠂ ︽ᠭᠤᠷᠪᠠᠨ ᠠᠯᠪᠠᠨ ᠤ ᠵᠠᠷᠣᠳᠠᠯ︾ 2012 ᠣᠨ ᠠᠴᠠ 85.6%᠎ ᠪᠠᠷ ᠪᠠᠭᠤᠷᠠᠭᠰᠠᠨ ᠪᠠᠶᠢᠨ᠎ᠠ᠃ 598 ᠵᠠᠰᠠᠭ ᠤᠨ ᠣᠷᠳᠣᠨ ᠤ ᠪᠡᠯᠡ ᠣᠷᠤᠭᠤᠯᠤᠯᠳᠠ ᠵᠢᠨ‌‍ᠲ᠋ᠦ᠋ᠷᠦᠯ ᠵᠦᠢᠯ ᠤᠨ ᠬᠢᠨᠠᠨ ᠪᠤᠳᠤᠯᠳᠠ ᠶᠢ ᠪᠡᠶᠡᠯᠡᠭᠦᠯᠦᠨ᠂ ᠡᠳ᠋ ᠤᠨ ᠵᠠᠰᠠᠭ ᠤᠨ ᠪᠡᠯᠡ ᠮᠦᠩᠭᠦ ᠶᠢ 50 ᠳ᠋ᠦᠩᠰᠢᠭᠤᠷ ᠲᠦᠭᠦᠷᠢᠭ ᠠᠷᠪᠢᠯᠠᠭᠰᠠᠨ ᠪᠠᠶᠢᠨ᠎ᠠ᠃ ᠬᠠᠤᠯᠢ ᠪᠠᠷ ᠵᠠᠰᠠᠭ ᠪᠠᠷᠢᠬᠤ ᠪᠠᠶᠢᠭᠤᠯᠤᠯᠳᠠ ᠶᠢᠨ ᠰᠢᠨ᠎ᠡ ᠠᠮᠵᠢᠯᠳᠠ ᠣᠯᠵᠣ᠂ ︽ᠪᠦᠬᠦ ᠣᠷᠣᠨ ᠤ ᠬᠠᠣᠯᠢ ᠪᠠᠷ ᠵᠠᠰᠠᠭ ᠶᠠᠪᠤᠭᠤᠯᠬᠤ ᠲᠡᠷᠢᠭᠦᠨ ᠤ ᠬᠤᠰᠢᠭᠤ︾᠎ ᠪᠠᠷ ᠦᠨᠡᠯᠡᠭᠳᠡᠪᠡ᠃ ᠦᠨᠳᠦᠷ ᠪᠠᠷᠢᠮᠵᠢᠶ᠎ᠠ ᠪᠠᠷ ᠣᠯᠣᠰ ᠤᠨ ︽ᠵᠢᠷᠭᠤᠳᠤᠭᠠᠷ ᠲᠠᠪᠤᠨ ᠵᠢᠯ︾᠎ ᠤᠨ ᠬᠠᠤᠯᠢ ᠶᠢ ᠲᠦᠭᠡᠮᠡᠯᠵᠢᠭᠦᠯᠦᠭᠰᠡᠨ ᠰᠢᠯᠭᠠᠨ ᠪᠠᠶᠢᠴᠠᠭᠠᠯᠳᠠ ᠶᠢ ᠥᠩᠭᠡᠷᠡᠭᠡᠨ᠂ ᠪᠦᠬᠦ ᠬᠤᠳᠠ ᠶᠢᠨ ᠴᠣᠷᠢ ᠶᠢᠨ ᠭᠠᠭᠴᠠ ︽ᠪᠦᠬᠦ ᠣᠷᠣᠨ ᠤ ︿ᠵᠢᠷᠭᠤᠳᠤᠭᠠᠷ ᠲᠠᠪᠤᠨ ᠵᠢᠯ ᠤᠨ﹀ ᠬᠠᠤᠯᠢ ᠶᠢ ᠲᠦᠭᠡᠮᠡᠯᠵᠢᠭᠦᠯᠦᠭᠰᠡᠨ ᠲᠡᠷᠢᠭᠦᠨ ᠤ ᠬᠤᠰᠢᠭᠤ︾᠎ ᠪᠠᠷ ᠦᠨᠡᠯᠡᠭᠳᠡᠭᠰᠡᠨ ᠪᠠᠶᠢᠨ᠎ᠠ᠃ ᠡᠬᠡ ᠨᠢᠯᠬᠠᠰ ᠬᠡᠥᠬᠡᠳ ᠤᠨ ᠡᠷᠬᠡ ᠠᠰᠢᠭ ᠢ ᠦᠷ᠎ᠡ ᠪᠦᠳᠦᠮᠵᠢᠳᠠᠢ ᠬᠠᠮᠠᠭᠠᠯᠠᠵᠤ᠂ ︽ᠳᠤᠮᠳᠠᠳᠤ ᠤᠯᠤᠰ ᠤᠨ ︿ᠡᠬᠡ ᠨᠢᠯᠬᠠᠰ ᠤᠨ ᠬᠦᠭᠵᠢᠯᠳᠡ ᠶᠢᠨ ᠬᠦᠳᠦᠯᠪᠦᠷᠢ﹀᠎ ᠶᠢ ᠬᠡᠷᠡᠭᠵᠢᠭᠦᠯᠦᠭᠰᠡᠨ ᠣᠯᠣᠰ ᠤᠨ ᠲᠡᠰ ᠤᠨ ᠵᠢᠱᠢᠶᠡᠴᠢ ᠬᠤᠰᠢᠭᠤ︾᠎ ᠪᠠᠷ ᠦᠨᠡᠯᠡᠭᠳᠡᠪᠡ᠃ ᠡᠭᠦᠨ ᠤ ᠬᠠᠮᠳᠤ ᠲᠤᠭ᠎ᠠ ᠪᠦᠷᠢᠳᠭᠡᠯ᠂ ᠲᠠᠩᠰᠠ ᠡᠪᠬᠡᠮᠡᠯ᠂ ᠵᠠᠮ ᠬᠠᠷᠢᠯᠴᠠᠭᠠᠨ ᠤ ᠬᠠᠮᠢᠶᠠᠷᠤᠯᠳᠠ ᠪᠤᠯᠤᠨ ᠣᠶᠤᠨ ᠤ ᠪᠤᠯᠪᠠᠰᠤᠨ᠂ ᠣᠯᠣᠰ ᠢᠶᠠᠨ ᠬᠠᠮᠠᠭᠠᠯᠠᠨ ᠳᠠᠶᠢᠴᠢᠯᠠᠬᠤ ᠵᠡᠷᠭᠡ ᠪᠤᠰᠤᠳ ᠠᠵᠢᠯ ᠪᠦᠭᠦᠳᠡᠭᠡᠷ ᠰᠢᠨ᠎ᠡ ᠠᠮᠵᠢᠯᠳᠠ ᠣᠯᠪᠠ᠃      ᠲᠦᠯᠦᠭᠡᠯᠡᠭᠴᠢᠳ ᠡ᠂ ᠦᠩᠭᠡᠷᠡᠭᠰᠡᠨ ᠲᠠᠪᠤᠨ ᠵᠢᠯ ᠳᠤ ᠨᠠᠷᠢᠨ ᠪᠤᠳᠤᠯᠢᠶᠠᠨᠳᠠᠢ ᠬᠤᠪᠢᠷᠠᠯᠳᠠ ᠶᠡᠬᠡᠳᠠᠢ ᠬᠦᠭᠵᠢᠯᠳᠡ ᠶᠢᠨ ᠪᠠᠶᠢᠳᠠᠯ ᠳᠤ ᠬᠠᠨᠳᠤᠨ᠂ ᠪᠢᠳᠠ ᠬᠦᠨᠳᠦ ᠶᠡᠭᠡ ᠦᠷᠢᠰᠦᠯᠳᠦᠭᠡᠨ ᠢ ᠪᠦᠳᠦᠮᠵᠢᠳᠠᠢ ᠲᠠᠭᠠᠭᠠᠨ᠂ ᠬᠦᠨᠳᠦ ᠶᠡᠭᠡ ᠠᠶᠤᠯ ᠲᠦᠭᠰᠢᠭᠦᠷᠢ ᠶᠢ ᠪᠦᠬᠦ ᠬᠦᠴᠦ ᠪᠠᠷ ᠰᠢᠢᠳᠪᠦᠷᠢᠯᠡᠨ᠂ ᠴᠢᠬᠤᠯᠠ ᠶᠡᠭᠡ ᠵᠦᠷᠢᠴᠡᠯ ᠮᠦᠷᠭᠦᠯᠳᠦᠭᠡᠨ ᠢ  ᠬᠦᠴᠦᠯᠡᠨ ᠰᠢᠢᠳᠪᠦᠷᠢᠯᠡᠵᠦ᠂ ᠠᠵᠤ ᠠᠬᠤᠢ ᠨᠡᠶᠢᠬᠡᠮ ᠤᠨ ᠡᠯ᠎ᠡ ᠲᠦᠷᠦᠯ ᠤᠨ ᠠᠵᠢᠯ ᠦᠢᠯᠡᠰ ᠬᠢᠷᠢ ᠪᠦᠳᠦᠮᠵᠢ ᠣᠯᠣᠭᠰᠠᠨ ᠨᠢ ᠲᠤᠶᠢᠯ ᠤᠨ ᠬᠢᠯᠪᠠᠷ ᠪᠤᠰᠤ ᠶᠣᠮ᠃ ᠡᠨᠡ ᠪᠤᠯ ᠳᠡᠭᠡᠳᠦ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ᠂ ᠮᠦᠨᠴᠣ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠣᠯᠣᠰ ᠲᠦᠷᠦ ᠶᠢᠨ ᠵᠦᠪᠯᠡᠯᠭᠡᠨ ᠤ ᠪᠦᠬᠦ ᠬᠦᠴᠦ ᠪᠠᠷ ᠳᠡᠮᠵᠢᠯᠭᠡ ᠦᠵᠡᠭᠦᠯᠦᠭᠰᠡᠨ ᠤ ᠦᠷ᠎ᠡ ᠳ᠋ᠦᠩ ᠶᠣᠮ᠂ ᠮᠦᠨᠴᠤ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠬᠦᠴᠦ ᠢᠶᠠᠨ ᠬᠠᠮᠳᠣᠳᠬᠠᠨ ᠪᠠᠬᠢᠯᠡᠯᠳᠡ ᠶᠢ ᠰᠢᠪᠳᠤᠯᠤᠨ᠂ ᠮᠡᠷᠡᠶᠢᠨ ᠴᠢᠷᠮᠠᠶᠢᠭᠰᠠᠨ ᠤ ᠦᠷ᠎ᠡ ᠳ᠋ᠦᠩ ᠪᠤᠯᠤᠨ᠎ᠠ᠃ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ᠂ ᠪᠦᠬᠦ ᠬᠤᠰᠢᠭᠤᠨ ᠤ ᠦᠷᠭᠡᠨ ᠣᠯᠠᠨ ᠺᠠᠳ᠋ᠷ ᠣᠯᠠᠨ ᠲᠦᠮᠡᠨ᠂ ᠡᠵᠡᠨ ᠬᠤᠷᠤᠭ᠎ᠠ ᠬᠤᠰᠢᠭᠤᠨ ᠤ ᠬᠦᠭᠵᠢᠯᠳᠡ ᠳᠤ ᠬᠠᠯᠠᠭᠤᠨ ᠳᠡᠮᠵᠢᠯᠭᠡ ᠦᠭᠭᠦᠭᠰᠡᠨ ᠨᠡᠶᠢᠬᠡᠮ ᠤᠨ ᠡᠯ᠎ᠡ ᠡᠳᠡᠭᠡᠳ ᠤᠨ ᠬᠢᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠤ᠂ᠡᠷᠬᠢᠮ ᠳᠡᠭᠡᠳᠦ ᠬᠦᠨᠳᠦᠳᠭᠡᠯ ᠤᠨ ᠰᠠᠨᠠᠭ᠎ᠠ ᠪᠠᠨ ᠢᠯᠡᠳᠭᠡᠶ᠎ᠡ︕      ᠪᠢᠳᠠ ᠬᠦᠭᠵᠢᠯᠳᠡ ᠶᠢᠨ ᠦᠷ᠎ᠡ ᠪᠦᠳᠦᠮᠵᠢ ᠪᠠᠨ ᠨᠤᠳᠠᠯᠬᠤ ᠮᠦᠷᠳᠡᠭᠡᠨ᠂ ᠨᠡᠩ ᠴᠢᠨᠠᠭᠰᠢ ᠲᠤᠯᠭᠠᠷᠠᠭᠰᠠᠨ ᠠᠰᠠᠭᠤᠳᠠᠯ ᠪᠤᠯᠤᠨ ᠦᠷᠢᠰᠦᠯᠳᠦᠭᠡᠨ ᠢᠶᠠᠨ ᠣᠯᠵᠣ ᠬᠠᠷᠠᠬᠤ ᠬᠡᠷᠡᠭᠳᠡᠢ᠃ ᠣᠷᠳᠣ ᠣᠳᠠᠭᠠᠨ ᠬᠤᠭᠤᠴᠠᠭᠠᠨ ᠤ ᠳᠠᠰᠣᠷᠠᠯᠳᠠ ᠦᠭᠡᠢ ᠴᠢᠷᠮᠠᠶᠢᠯᠭ᠎ᠠ ᠪᠠᠷ ᠪᠦᠬᠦ ᠬᠤᠰᠢᠭᠤᠨ ᠤ ᠶᠡᠷᠦᠩᠬᠡᠢ ᠪᠤᠳᠠᠳᠤ ᠬᠦᠴᠦᠨ᠂ ᠬᠦᠭᠵᠢᠯᠳᠡ ᠶᠢᠨ ᠬᠢᠷᠢ ᠲᠦᠪᠰᠢᠨ᠂ ᠦᠨᠳᠦᠰᠦᠨ ᠨᠦᠬᠦᠴᠡᠯ ᠪᠤᠯᠤᠨ ᠠᠷᠠᠳ ᠤᠨ ᠠᠮᠢᠳᠣᠷᠠᠯ ᠤᠨ ᠴᠢᠨᠠᠷ ᠴᠢᠨᠰᠠᠭ᠎ᠠ ᠰᠢᠨ᠎ᠡ ᠨᠢᠭᠡᠨ ᠲᠡᠭᠳᠡᠷ ᠲᠤ ᠠᠯᠬᠤᠨ ᠣᠷᠣᠵᠠᠢ᠃ ᠭᠡᠪᠡᠴᠦ ᠬᠦᠭᠵᠢᠯᠳᠡ ᠶᠢᠨ ᠲᠡᠩᠴᠡᠭᠦᠷᠢ ᠦᠭᠡᠢ ᠪᠦᠷᠢᠨ ᠪᠤᠰᠤ ᠠᠰᠠᠭᠤᠳᠠᠯ ᠨᠢ ᠮᠦᠨ ᠯᠠ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠱᠠᠭᠠᠷᠳᠠᠯᠭ᠎ᠠ ᠶᠢ  ᠬᠠᠩᠭᠠᠬᠤ ᠶᠢᠨ ᠭᠤᠣᠯ ᠬᠢᠵᠠᠭᠠᠷᠯᠠᠯ ᠡᠯᠧᠮᠧᠨ᠋ᠲ ᠪᠤᠯᠵᠤ ᠪᠠᠶᠢᠨ᠎ᠠ᠃ ᠠᠵᠤ ᠦᠢᠯᠡᠰ ᠤᠨ ᠪᠦᠳᠦᠴᠡ ᠨᠢ ᠵᠤᠬᠢᠰ ᠦᠭᠡᠢ᠂ ᠡᠬᠢ ᠪᠠᠶᠠᠯᠢᠭ ᠤᠨ ᠬᠡᠯᠪᠡᠷᠢ ᠶᠢᠨ ᠠᠵᠤ ᠦᠢᠯᠡᠰ ᠤᠨ ᠬᠤᠪᠢ ᠶᠢᠨ ᠵᠢᠩ  ᠦᠨᠳᠦᠷ᠂ ᠭᠤᠷᠪᠠᠳᠤᠭᠠᠷ ᠠᠵᠤ ᠦᠢᠯᠡᠰ ᠮᠦᠨᠴᠦ ᠡᠬᠢᠯᠡᠯᠳᠡ ᠶᠢᠨ ᠱᠠᠳᠤᠨ ᠳᠤ ᠣᠷᠣᠰᠢᠵᠤ᠂ ᠬᠡᠯᠪᠡᠷᠢ ᠶᠢ ᠬᠤᠪᠢᠷᠠᠭᠤᠯᠤᠨ ᠬᠦᠭᠵᠢᠭᠦᠯᠬᠦ ᠡᠭᠦᠷᠭᠡ ᠬᠦᠨᠳᠦ ᠵᠠᠮ ᠬᠤᠯᠠ᠂ ᠬᠢᠵᠠᠭᠠᠷᠯᠠᠭᠰᠠᠨ ᠳᠣᠭᠳᠠᠯᠴᠠᠭᠠᠨ ᠤ ᠪᠠᠶᠢᠭᠤᠯᠤᠮᠵᠢ ᠶᠢᠨ ᠰᠠᠭᠠᠳ ᠬᠠᠷᠰᠢ ᠮᠦᠨ ᠯᠠ ᠪᠠᠭ᠎ᠠ ᠪᠤᠰᠤ᠂ ᠦᠭᠡᠷᠡᠴᠢᠯᠡᠨ ᠰᠢᠨ᠎ᠡ ᠶᠢ ᠡᠭᠦᠳᠬᠦ ᠬᠦᠴᠦᠨ ᠢᠶᠠᠨ ᠦᠷᠭᠦᠯᠵᠢᠯᠡᠨ ᠨᠡᠮᠡᠭᠳᠡᠭᠦᠯᠬᠦ ᠶᠢ ᠱᠠᠭᠠᠷᠳᠠᠵᠤ᠂ ᠬᠤᠲᠠ ᠶᠢᠨ ᠴᠢᠨᠠᠷ ᠲᠡᠰ ᠢ ᠳᠡᠭᠡᠭᠰᠢᠯᠡᠭᠦᠯᠵᠦ᠂ ᠠᠵᠤ ᠦᠢᠯᠡᠰ ᠎ ᠤᠨ ᠬᠤᠲᠠ ᠪᠠᠯᠭᠠᠰᠤ ᠳᠤᠯᠠᠭᠠᠭᠤᠷᠢᠯᠠᠬᠤ ᠴᠢᠳᠠᠪᠬᠢ ᠬᠦᠷᠦᠯᠴᠡᠬᠦ ᠦᠭᠡᠢ᠂ ᠠᠶᠤᠯᠭᠦᠢ ᠶᠢᠨ ᠬᠦᠭᠵᠢᠯᠳᠡ ᠶᠢᠨ ᠰᠠᠭᠤᠷᠢ ᠲᠤᠭᠳᠠᠭᠤᠨ ᠪᠤᠰᠤ᠂ ᠨᠡᠶᠢᠬᠡᠮ ᠤᠨ ᠠᠵᠤ ᠦᠢᠯᠡᠰ ᠤᠨ ᠬᠦᠭᠵᠢᠯᠳᠡ ᠪᠠᠰᠠ ᠬᠦᠢᠴᠡᠳ ᠪᠤᠰᠤ᠂ ᠰᠤᠷᠭᠠᠨ ᠬᠦᠮᠦᠵᠢᠯ ᠵᠢᠭᠠᠨ ᠰᠣᠷᠭᠠᠯᠳᠠ᠂ ᠡᠮ ᠡᠮᠨᠡᠯᠭᠡ  ᠡᠷᠡᠭᠦᠯ ᠬᠠᠮᠠᠭᠠᠯᠠᠯ ᠵᠡᠷᠭᠡ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠳ᠋ᠦᠩᠱᠧᠩ᠂ ᠬᠢᠶ᠎ᠡ ᠪᠠᠭᠰᠢ ᠶᠢᠨ ᠲᠤᠭᠤᠷᠢᠭ ᠠᠴᠠ ᠵᠦᠷᠢᠶ᠎ᠡ ᠲᠠᠢ ᠪᠠᠶᠢᠵᠤ᠂ ᠵᠠᠰᠠᠭ ᠤᠨ ᠣᠷᠳᠣᠨ ᠤ ᠴᠢᠨᠠᠷᠳᠠᠢ ᠥᠷᠢ ᠰᠢᠷᠢ᠂ ᠠᠷᠠᠳ ᠤᠨ ᠵᠢᠭᠡᠯᠡᠯᠭᠡ ᠪᠣᠯᠣᠨ ᠠᠵᠤ ᠠᠬᠤᠶᠢᠯᠠᠯ ᠤᠨ ᠮᠦᠩᠭᠦᠨ ᠭᠦᠢᠯᠭᠡᠭᠡᠨ ᠤ ᠬᠤᠭᠤᠷᠣᠨᠳᠤ ᠳᠠᠪᠬᠤᠷᠯᠠᠭᠳᠠᠨ᠂ ᠡᠳ᠋ ᠤᠨ ᠵᠠᠰᠠᠭ ᠤᠨ ᠣᠷᠣᠯᠭ᠎ᠠ ᠪᠠ ᠪᠠᠳᠣᠯᠠᠭ᠎ᠠ ᠎ ᠲᠠᠢ ᠵᠠᠷᠤᠯᠭ᠎ᠠ ᠶᠢᠨ ᠵᠦᠷᠢᠴᠡᠯ ᠤᠯᠠᠮ ᠨᠢᠭᠡ ᠠᠯᠬᠤᠮ ᠳᠣᠪᠣᠶᠢᠮ᠎ᠠ ᠢᠯᠡᠷᠬᠡᠢ ᠵᠡᠷᠭᠡ ᠠᠰᠠᠭᠤᠳᠠᠯ ᠳᠤ ᠴᠢᠭᠯᠡᠬᠦᠯᠦᠨ ᠪᠢᠳᠠ ᠬᠤᠵᠢᠮ ᠤᠨ ᠠᠵᠢᠯ ᠤᠨ ᠳᠤᠮᠳᠠ ᠪᠠᠨ ᠬᠦᠴᠦᠳᠠᠢ ᠠᠷᠭ᠎ᠠ ᠬᠡᠮᠵᠢᠶ᠎ᠡ ᠠᠪᠴᠤ ᠰᠢᠢᠳᠪᠦᠷᠢᠯᠡᠨ᠎ᠡ᠃     ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠰᠠᠨᠠᠭᠤᠯᠭ᠎ᠠ      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠮᠠᠨ ᠤ ᠤᠯᠤᠰ ᠤᠨ ᠨᠡᠶᠢᠬᠡᠮ ᠵᠢᠷᠤᠮ ᠤᠨ ᠤᠳᠤᠬᠢᠴᠢᠯᠠᠯᠳᠠ ᠶᠢᠨ ᠪᠦᠳᠦᠭᠡᠨ ᠪᠠᠶᠢᠭᠤᠯᠤᠯᠳᠠ ᠳᠤ ᠰᠢᠨ᠎ᠡ ᠪᠠᠶᠢᠯᠳᠤᠬᠤ ᠪᠤᠳᠤᠯᠭ᠎ᠠ ᠶᠢ ᠪᠠᠶᠢᠷᠢᠯᠠᠭᠤᠯᠤᠨ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠳᠠ ᠪᠠᠷ ᠳᠤᠮᠳᠠᠳᠤ ᠤᠯᠤᠰ ᠤᠨ ᠣᠨᠴᠠᠯᠢᠭ ᠲᠠᠢ ᠨᠡᠶᠢᠬᠡᠮ ᠵᠢᠷᠤᠮ ᠤᠨ ᠦᠢᠯᠡᠰ ᠢ ᠲᠦᠯᠬᠢᠨ ᠠᠬᠢᠭᠤᠯᠬᠤ ᠶᠢ ᠳᠤᠲᠤᠷᠬᠠᠢ ᠪᠤᠯᠭᠠᠵᠤ᠂ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠤᠭᠰᠠᠨ ᠰᠠᠭᠤᠷᠢᠨ ᠳᠡᠭᠡᠷ᠎ᠡ ᠬᠤᠶᠠᠷ ᠠᠯᠬᠤᠮ ᠬᠤᠪᠢᠶᠠᠨ ᠣᠷᠤᠭᠰᠢᠯᠠᠵᠤ ᠨᠡᠶᠢᠬᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ ᠤᠨ ᠠᠤᠭ᠎ᠠ ᠬᠠᠷᠠᠯᠳᠠ ᠶᠢ ᠳᠤᠷᠠᠳᠤᠨ ᠭᠠᠷᠭᠠᠵᠤ᠂ ᠣᠳᠣ ᠠᠴᠠ ᠲᠤᠰ ᠵᠠᠭᠤᠨ ᠤ ᠳᠤᠮᠳᠠ ᠦᠶ᠎ᠡ ᠪᠤᠯᠬᠤ ᠳᠤ ᠮᠠᠨ ᠤ ᠤᠯᠤᠰ  ᠣᠳᠣᠬᠢᠴᠢᠯᠠᠭᠰᠠᠨ ᠬᠦᠴᠦᠷᠬᠡᠭ ᠠᠤᠭ᠎ᠠ ᠲᠦᠯᠦᠪᠯᠡᠭᠡ ᠶᠢ ᠵᠢᠷᠤᠭᠯᠠᠨ᠎ᠠ᠃ ᠡᠨᠡ ᠨᠢ ᠵᠦᠪᠬᠡᠨ ︽ᠬᠤᠣᠰ ᠵᠠᠭᠤᠨ ᠵᠢᠯ︾᠎ ᠢ ᠪᠡᠶᠡᠯᠡᠭᠦᠯᠬᠦ ᠲᠡᠮᠡᠴᠡᠬᠦ ᠬᠠᠷᠠᠯᠳᠠ ᠶᠢᠨ ᠴᠠᠭ ᠤᠨ ᠬᠤᠪᠢᠶᠠᠷᠢ ᠪᠤᠯᠬᠤ ᠪᠠᠷ ᠦᠯᠦ ᠪᠠᠷᠠᠮ᠂ ᠨᠡᠩ ᠴᠢᠨᠠᠭᠰᠢ ᠪᠦᠬᠦ ᠲᠠᠯ᠎ᠠ ᠪᠠᠷ ᠨᠡᠶᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠣᠯᠣᠰ ᠢ ᠪᠦᠳᠦᠭᠡᠨ ᠪᠠᠶᠢᠭᠤᠯᠵᠤ ᠳᠣᠮᠳᠠᠳᠣ ᠶᠢᠨ ᠦᠨᠳᠦᠰᠦᠳᠡᠨ ᠤ ᠠᠭᠤᠤ ᠶᠡᠭᠡ ᠰᠡᠷᠭᠦᠨ ᠮᠠᠨᠳᠣᠯᠳᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠵᠠᠮ ᠱᠤᠭᠤᠮ ᠢ ᠪᠡᠶᠡᠯᠡᠭᠦᠯᠦᠨ᠎ᠡ᠃      ᠠᠤᠭ᠎ᠠ ᠲᠦᠯᠦᠪᠯᠡᠭᠡ ᠨᠢ ᠬᠦᠮᠦᠨ ᠤ ᠰᠡᠳᠬᠢᠯ ᠢ ᠨᠢᠭᠳᠠᠷᠠᠭᠤᠯᠤᠨ᠂ ᠪᠤᠳᠠᠳᠠᠢ ᠠᠵᠢᠯᠯᠠᠬᠤ ᠨᠢ ᠢᠷᠡᠭᠡᠳᠦᠢ ᠶᠢ ᠴᠣᠭᠴᠠᠯᠠᠨ᠎ᠠ᠃ ᠬᠤᠶᠢᠰᠢᠳᠠ ᠶᠢᠨ ᠲᠠᠪᠤᠨ ᠵᠢᠯ ᠪᠣᠯ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠳᠠ ᠣᠯᠬᠤ ᠱᠠᠳᠣ᠂ ᠣᠳᠣᠬᠢᠴᠢᠯᠠᠯᠳᠠ ᠶᠢᠨ ᠪᠦᠳᠦᠭᠡᠨ ᠪᠠᠶᠢᠭᠤᠯᠤᠯᠳᠠ ᠶᠢ ᠡᠬᠢᠯᠡᠭᠦᠯᠬᠦ  ᠰᠢᠨ᠎ᠡ ᠠᠶᠠᠨ ᠤ ᠴᠢᠬᠤᠯᠠ ᠴᠠᠭ ᠬᠤᠭᠤᠴᠠᠭ᠎ᠠ᠂ ᠵᠠᠰᠠᠭ ᠤᠨ ᠣᠷᠳᠣᠨ ᠤ ᠠᠵᠢᠯ ᠢ ᠰᠠᠶᠢᠳᠣᠷ ᠬᠢᠬᠦ ᠨᠢ ᠲᠦᠢᠯ ᠤᠨ ᠴᠢᠬᠤᠯᠠ ᠣᠳᠬ᠎ᠠ ᠠᠭᠤᠯᠭ᠎ᠠ ᠎ ᠲᠠᠢ ᠶᠤᠮ᠃ ᠢᠷᠡᠭᠡᠳᠦᠢ ᠶᠢᠨ ᠲᠠᠪᠤᠨ ᠵᠢᠯ  ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠰᠡᠳᠬᠢᠴᠡ ᠪᠤᠯ᠄ ᠲᠤᠮᠳᠠᠳᠤ ᠤᠯᠤᠰ ᠤᠨ ᠣᠨᠴᠠᠯᠢᠭ ᠲᠠᠢ ᠨᠡᠶᠢᠬᠡᠮ ᠵᠢᠷᠣᠮ ᠤᠨ ᠠᠭᠤᠤ ᠶᠡᠭᠡ ᠲᠤᠭ ᠢ ᠦᠨᠳᠦᠷ ᠮᠠᠨᠳᠣᠭᠤᠯᠣᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠣ ᠣᠯᠣᠰ ᠤᠨ  ᠣᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠣ᠂  ᠪᠦᠬᠦ ᠲᠠᠯ᠎ᠠ ᠪᠠᠷ ᠬᠤᠰᠢᠭᠤᠨ ᠤ ᠠᠷᠪᠠᠨ ᠲᠠᠪᠤᠳᠤᠭᠠᠷ ᠤᠳᠠᠭᠠᠨ ᠤ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠬᠢᠭᠡᠳ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠳᠦᠷᠪᠡᠳᠦᠭᠡᠷ ᠤᠳᠠᠭᠠᠨ ᠤ ᠪᠦᠭᠦᠳᠡ ᠬᠤᠷᠠᠯᠳᠤᠭᠠᠨ ᠤ ᠪᠤᠳᠠᠳᠤ ᠪᠠᠶᠢᠷᠢᠯᠠᠭᠤᠯᠤᠳᠠ ᠶᠢ  ᠲᠤᠤᠱᠯᠠᠭᠤᠯᠤᠨ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠳᠠ ᠶᠢ  ᠨᠢᠭᠡᠳᠦᠯᠳᠠᠢ ᠲᠦᠯᠦᠪᠯᠡᠨ ᠠᠬᠢᠭᠤᠯᠵᠤ᠂ ︽ᠲᠦᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠳᠠ ᠶᠢ ᠵᠣᠬᠢᠴᠠᠩᠭᠤᠢ ᠲᠦᠯᠬᠢᠨ ᠠᠬᠢᠭᠤᠯᠵᠤ᠂ ᠬᠦᠭᠵᠢᠯᠳᠡ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠪᠠᠷ ᠭᠤᠤᠯ ᠪᠤᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠥᠭᠡᠷᠡᠴᠢᠯᠡᠯᠳᠡ ᠶᠢ ᠭᠦᠨᠵᠡᠭᠡᠶᠢᠷᠡᠭᠦᠯᠬᠦ ᠪᠠᠷ ᠭᠤᠤᠯ ᠱᠤᠭᠤᠮ ᠢᠶᠠᠨ  ᠪᠤᠯᠭᠠᠨ᠂ ᠪᠤᠳᠠᠳᠤ ᠴᠣᠭᠴᠠᠲᠤ ᠠᠵᠤ ᠠᠬᠤᠢ ᠎ ᠶᠢᠨ ᠳᠠᠪᠠᠭᠤᠯᠢᠭ ᠢ ᠬᠦᠴᠦᠯᠡᠨ ᠪᠤᠢ ᠪᠤᠯᠭᠠᠵᠤ᠂ ᠬᠤᠳᠠ ᠬᠦᠳᠡᠭᠡ ᠶᠢᠨ ᠵᠤᠬᠢᠴᠠᠩᠭᠤᠢ ᠬᠦᠭᠵᠢᠯᠳᠡ ᠶᠢ ᠬᠦᠴᠦᠯᠡᠨ ᠳᠦᠯᠬᠢᠨ ᠠᠬᠢᠭᠤᠯᠤᠨ᠂  ᠣᠯᠠᠨ ᠲᠦᠮᠡᠨ ᠤ ᠵᠤᠯ ᠵᠢᠷᠭᠠᠯ ᠤᠨ ᠵᠢᠭᠠᠯᠳᠠ ᠲᠤᠭ᠎ᠠ ᠶᠢ ᠬᠦᠴᠦᠯᠡᠨ ᠳᠡᠭᠡᠭᠰᠢᠯᠡᠭᠦᠯᠵᠦ᠂ ᠨᠡᠩ ᠶᠡᠭᠡ ᠪᠤᠳᠠᠳᠤ ᠬᠦᠴᠦᠨ ᠲᠠᠢ᠂ ᠨᠡᠩ ᠴᠢᠨᠠᠷ ᠲᠡᠰ ᠤᠨ ᠪᠦᠬᠦᠢ ᠨᠡᠩ ᠭᠤᠸ᠎ᠠ ᠦᠵᠡᠰᠬᠦᠯᠡᠩ᠂ ᠨᠡᠩ ᠵᠤᠯ ᠵᠢᠷᠭᠠᠯᠳᠤ ᠡᠵᠡᠨ ᠬᠤᠷᠤᠭ᠎ᠠ ᠶᠢ ᠪᠦᠳᠦᠭᠡᠨ ᠪᠠᠶᠢᠭᠤᠯᠵᠤ᠂ ︽ᠦᠵᠡᠰᠭᠦᠯᠡᠩᠳᠦ ᠰᠠᠶᠢᠬᠠᠨ ᠦᠪᠦᠷ ᠮᠣᠩᠭᠤᠯ ᠢᠶᠠᠨ  ᠪᠦᠳᠦᠭᠡᠨ ᠪᠠᠶᠢᠭᠤᠯᠵᠤ᠂ ᠠᠭᠤᠣ ᠶᠡᠭᠡ ᠳᠤᠮᠳᠠᠳᠣ ᠶᠢᠨ ᠵᠡᠭᠦᠳᠦ ᠪᠠᠨ ᠬᠠᠮᠳᠦᠪᠡᠷ ᠲᠡᠷᠭᠡᠯᠰᠢᠭᠦᠯᠬᠦ︾ ᠦᠢᠯᠡᠳᠦᠯᠭᠡ ᠶᠢᠨ ᠳᠣᠮᠳᠠ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠳᠠ ᠶᠢ ᠣᠯᠵᠣ᠂  ᠡᠬᠢ ᠪᠠᠶᠠᠯᠢᠭ ᠤᠨ ᠬᠡᠯᠪᠡᠷᠢ ᠶᠢᠨ ᠭᠠᠵᠠᠷ ᠣᠷᠣᠨ ᠤ ᠬᠡᠯᠪᠡᠷᠢ ᠪᠠᠨ ᠬᠤᠪᠢᠷᠠᠭᠤᠯᠤᠨ ᠬᠦᠭᠵᠢᠬᠦ ᠰᠢᠨ᠎ᠡ ᠪᠠᠶᠢᠳᠠᠯ ᠢ  ᠡᠩ ᠲᠡᠷᠢᠭᠦᠨ ᠳᠤ ᠡᠬᠢᠯᠡᠭᠦᠯᠦᠨ᠎ᠡ᠃      ᠢᠷᠡᠬᠦ ᠲᠠᠪᠣᠨ ᠵᠢᠯ ᠤᠨ ᠵᠢᠯᠣᠭᠤᠳᠣᠯᠭ᠎ᠠ ᠶᠢᠨ ᠴᠢᠨᠠᠷ ᠲᠠᠢ ᠬᠠᠷᠠᠯᠳᠠ ᠪᠤᠯ      — ᠴᠢᠨᠡᠭᠡᠯᠢᠭ ᠨᠡᠶᠢᠬᠡᠮ ᠢ  ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠳᠠ ᠶᠢ ᠣᠯᠵᠣ᠂ ᠰᠢᠨ᠎ᠡ ᠴᠠᠭ ᠦᠶ᠎ᠡ ᠶᠢᠨ ᠬᠦᠭᠵᠢᠯᠳᠡ ᠶᠢ ᠲᠡᠮᠡᠴᠡᠬᠦ ᠰᠢᠨ᠎ᠡ ᠠᠶᠠᠨ ᠢ ᠴᠢᠷᠮᠠᠶᠢᠨ ᠡᠬᠢᠯᠡᠭᠦᠯᠦᠨ᠎ᠡ᠃ ᠠᠵᠤ ᠠᠬᠤᠢ᠂ ᠣᠯᠣᠰ ᠲᠦᠷᠦ᠂ ᠰᠣᠶᠣᠯ᠂ ᠨᠡᠶᠢᠭᠡᠮ ᠬᠢᠭᠡᠳ ᠠᠮᠢ ᠠᠬᠤᠢ ᠶᠢᠨ ᠪᠤᠯᠪᠠᠰᠣᠨ ᠤ ᠪᠦᠳᠦᠭᠡᠨ ᠪᠠᠶᠢᠭᠤᠯᠤᠯᠳᠠ ᠶᠢ ᠨᠢᠭᠡᠳᠦᠯᠳᠠᠢ ᠲᠦᠯᠭᠢᠨ ᠠᠬᠢᠭᠤᠯᠵᠤ᠂ ᠭᠤᠣᠯᠳᠠᠯᠭ᠎ᠠ ᠶᠢ ᠠᠳᠬᠤᠬᠤ ᠶᠢ ᠳᠣᠪᠣᠶᠢᠯᠭᠠᠵᠣ᠂ ᠬᠦᠷᠦᠯᠴᠡᠬᠦ ᠦᠭᠡᠢ ᠲᠠᠯ᠎ᠠ ᠶᠢ ᠨᠦᠬᠦᠪᠦᠷᠢᠯᠡᠨ᠂ ᠪᠠᠭᠤᠷᠢ ᠲᠠᠯ᠎ᠠ ᠶᠢ ᠬᠦᠴᠦᠷᠬᠡᠭᠵᠢᠭᠦᠯᠦᠨ᠂ ᠡᠷᠡᠰ ᠲᠠᠰᠣᠷᠬᠠᠢ ᠪᠠᠷ ᠬᠦᠨᠳᠦ ᠴᠢᠬᠤᠯᠠ ᠠᠶᠣᠯ ᠲᠦᠭᠰᠢᠭᠦᠷᠢ ᠶᠢ ᠰᠡᠷᠭᠡᠶᠢᠯᠡᠵᠤ ᠰᠢᠢᠳᠪᠦᠷᠢᠯᠡᠨ᠂  ᠣᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠠᠵᠢᠯ ᠪᠠ ᠪᠤᠬᠢᠷᠳᠣᠯ ᠢ ᠰᠡᠷᠭᠡᠶᠢᠯᠡᠨ ᠴᠡᠭᠴᠡᠯᠡᠬᠦ  ᠪᠣᠭᠤᠮᠲᠠ ᠰᠢᠪᠳᠣᠯᠬᠤ ᠠᠵᠢᠯ ᠢ ᠢᠯᠠᠨ ᠳᠠᠪᠠᠵᠤ  ᠂ ︽ᠦᠵᠡᠰᠬᠦᠯᠡᠩᠳᠦ ᠣᠷᠳᠣᠰ᠂ ᠴᠢᠨᠠᠷ ᠲᠡᠰ ᠤᠨ ᠣᠷᠳᠣᠰ᠂ ᠵᠤᠯ ᠵᠢᠷᠭᠠᠯᠳᠣ ᠣᠷᠳᠣᠰ︾᠎ ᠢ ᠪᠦᠳᠦᠭᠡᠨ ᠪᠠᠶᠢᠭᠤᠯᠬᠤ ᠶᠢᠨ ᠬᠤᠰᠢᠭᠤᠴᠢ ᠴᠡᠷᠢᠭ ᠪᠣᠯᠬᠤ ᠪᠠᠷ ᠴᠢᠷᠮᠠᠶᠢᠵᠣ᠂ 2020 ᠣᠨ ᠪᠣᠯᠬᠤ ᠳᠤ ᠪᠦᠬᠦ ᠣᠯᠣᠰ ᠲᠠᠢ ᠮᠦᠷᠦ ᠵᠡᠷᠭᠡᠴᠡᠨ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠭᠦᠯᠵᠤ᠂ ᠭᠠᠵᠠᠷ ᠣᠷᠣᠨ ᠤ ᠪᠤᠳᠠᠳᠤ ᠬᠦᠴᠦᠨ᠂ ᠠᠷᠠᠳ ᠤᠨ ᠠᠮᠢᠳᠣᠷᠠᠯ ᠤᠨ ᠬᠢᠷᠢ ᠲᠦᠪᠰᠢᠨ᠂ ᠨᠡᠶᠢᠬᠡᠮ ᠤᠨ ᠪᠤᠯᠪᠠᠰᠣᠨ ᠤ ᠬᠢᠷᠢ ᠬᠡᠮᠵᠢᠶ᠎ᠡ ᠶᠢ ᠪᠦᠬᠦ ᠣᠯᠣᠰ ᠤᠨ ᠵᠠᠭᠤᠨ ᠬᠦᠴᠦᠷᠭᠡᠭ ᠰᠢᠶᠠᠨ ᠤ ᠲᠡᠷᠢᠭᠦᠨ ᠡᠩᠨᠡᠭᠡᠨ ᠳᠤ ᠣᠷᠤᠭᠤᠯᠤᠨ ᠡᠵᠡᠨ ᠬᠤᠷᠤᠭ᠎ᠠ ᠬᠤᠰᠢᠭᠤᠨ ᠤ ᠬᠦᠭᠵᠢᠯᠳᠡ ᠶᠢᠨ ᠰᠢᠨ᠎ᠡ ᠳᠠᠪᠠᠭᠤᠯᠢᠭ ᠢ ᠳᠠᠬᠢᠨ ᠡᠭᠦᠳᠴᠦ᠂ ᠠᠰᠢᠭᠳᠠᠢ ᠪᠠᠶᠢᠳᠠᠯ ᠢ ᠠᠰᠢᠭᠯᠠᠵᠤ ᠣᠳᠣᠬᠢᠴᠢᠯᠠᠯᠳᠠ ᠶᠢᠨ ᠪᠦᠳᠦᠭᠡᠨ ᠪᠠᠶᠢᠭᠤᠯᠣᠯᠳᠠ ᠶᠢᠨ ᠰᠢᠨ᠎ᠡ ᠠᠶᠠᠨ ᠢ ᠡᠬᠢᠯᠡᠭᠦᠯᠬᠦ ᠪᠠᠷ ᠴᠢᠷᠮᠠᠶᠢᠨ᠎ᠠ᠃      — ᠬᠦᠭᠵᠢᠯᠳᠡ ᠶᠢᠨ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠲᠦᠯᠬᠢᠨ ᠠᠬᠢᠭᠤᠯᠵᠤ᠂ ᠰᠢᠨ᠎ᠡ ᠴᠠᠭ ᠦᠶ᠎ᠡ ᠶᠢᠨ ᠬᠦᠭᠵᠢᠯᠳᠡ ᠶᠢᠨ ᠦᠷᠢᠰᠦᠯᠳᠦᠭᠡᠨ ᠤ ᠳᠠᠪᠠᠭᠤᠯᠢᠭ ᠢ ᠴᠢᠷᠮᠠᠶᠢᠨ ᠪᠠᠶᠢᠭᠤᠯᠤᠨ᠎ᠠ᠃  ᠰᠢᠨ᠎ᠡ ᠬᠦᠭᠵᠢᠯᠳᠡ ᠶᠢᠨ ᠦᠵᠡᠯᠳᠡ ᠶᠢ ᠪᠠᠲᠤ  ᠪᠤᠢ ᠪᠤᠯᠭᠠᠨ ᠬᠡᠷᠡᠭᠵᠢᠭᠦᠯᠵᠦ᠂ᠶᠠᠰᠣ ᠴᠢᠨᠠᠷ ᠨᠢ ᠨᠢᠭᠡᠳᠦᠭᠡᠷ᠂ ᠦᠷ᠎ᠡ ᠠᠰᠢᠭ ᠨᠢ ᠲᠡᠷᠢᠭᠦᠨ ᠎ ᠳᠤ ᠪᠠᠶᠢᠬᠤ ᠶᠢ ᠪᠠᠷᠢᠮᠳᠠᠯᠠᠨ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠥᠭᠡᠷᠡᠴᠢᠯᠡᠯᠳᠡ ᠶᠢ ᠭᠦᠨᠵᠡᠭᠡᠶᠢᠷᠡᠭᠦᠯᠵᠤ᠂ ᠴᠡᠪᠡᠷ ᠡᠨᠧᠷᠭᠢ᠂ ᠳᠡᠭᠡᠳᠦ ᠰᠢᠨ᠎ᠡ ᠮᠡᠷᠭᠡᠵᠢᠯ᠂ ᠰᠣᠶᠣᠯ ᠵᠢᠭᠤᠯᠴᠢᠯᠠᠯ ᠪᠣᠯᠣᠨ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠵᠡᠷᠭᠡ ᠠᠵᠤ ᠠᠬᠤᠶᠢᠯᠠᠯ ᠢ ᠬᠤᠪᠢᠷᠠᠭᠤᠯᠤᠨ ᠦᠨᠳᠦᠷ ᠴᠢᠨᠠᠷ ᠴᠢᠨᠰᠠᠭ᠎ᠠ ᠦᠭᠡᠳᠡ ᠬᠦᠭᠵᠢᠬᠦ ᠶᠢ ᠲᠦᠯᠬᠢᠨ ᠠᠬᠢᠭᠤᠯᠤᠨ᠂ ᠪᠤᠳᠠᠳᠣ ᠴᠣᠭᠴᠠᠲᠤ ᠠᠵᠤ ᠠᠬᠤᠢ᠂ ᠰᠢᠨᠵᠢᠯᠡᠭᠡ ᠮᠡᠷᠭᠡᠵᠢᠯ ᠤᠨ ᠰᠢᠨᠡᠴᠢᠯᠡᠯᠲᠡ᠂ ᠣᠳᠣᠬᠢᠴᠢᠯᠠᠭᠰᠠᠨ ᠮᠥᠩᠭᠦᠨ ᠭᠦᠢᠯᠭᠡᠭᠡᠨ᠂ ᠬᠦᠮᠦᠨ ᠤ ᠬᠦᠴᠦᠨ ᠤ ᠡᠬᠢ ᠪᠠᠶᠠᠯᠢᠭ ᠬᠠᠮᠳᠤ ᠪᠠᠷ ᠬᠦᠭᠵᠢᠭᠰᠡᠨ ᠣᠳᠣᠬᠢᠴᠢᠯᠠᠭᠰᠠᠨ ᠠᠵᠤ ᠠᠬᠤᠶᠢᠯᠠᠯ ᠤᠨ ᠰᠢᠰᠲ᠋ᠧᠮ ᠢ ᠪᠠᠶᠢᠭᠤᠯᠵᠤ᠂ ᠨᠡᠩ ᠦᠨᠳᠦᠷ ᠴᠢᠨᠠᠷ ᠴᠢᠨᠰᠠᠭ᠎ᠠ ᠲᠠᠢ᠂ ᠦᠨᠳᠦᠷ ᠦᠷ᠎ᠡ ᠠᠰᠢᠭ ᠲᠠᠢ᠂ ᠨᠡᠩ ᠦᠷᠭᠦᠯᠵᠢᠯᠡᠭᠰᠡᠨ ᠬᠦᠭᠵᠢᠯᠳᠡ ᠎ ᠶᠢ ᠪᠡᠶᠡᠯᠡᠭᠦᠯᠦᠨ᠎ᠡ᠃ 2022 ᠣᠨ ᠪᠣᠯᠳᠠᠯ᠎ᠠ ᠭᠤᠷᠪᠠᠳᠤᠭᠠᠷ ᠠᠵᠤ ᠦᠢᠯᠡᠰ ᠤᠨ ᠡᠵᠡᠯᠡᠬᠦ ᠬᠠᠷᠢᠴᠠᠯ ᠢ 45%᠎ ᠠᠴᠠ ᠳᠡᠭᠡᠭᠰᠢ ᠪᠤᠯᠭᠠᠵᠤ᠂ ᠰᠢᠨ᠎ᠡ ᠶᠢ ᠡᠭᠦᠳᠬᠦ ᠎ ᠶᠢ ᠬᠦᠭᠵᠢᠯᠳᠡ ᠶᠢ ᠳᠠᠶᠢᠴᠢᠯᠠᠬᠤ ᠶᠢᠨ ᠰᠢᠨ᠎ᠡ  ᠬᠦᠳᠡᠯᠭᠡᠭᠴᠢ ᠬᠦᠴᠦᠨ ᠪᠤᠯᠭᠠᠨ᠎ᠠ᠃      — ᠬᠤᠳᠠ ᠬᠦᠳᠡᠭᠡ ᠶᠢᠨ ᠣᠷᠴᠢᠨ ᠲᠤᠭᠤᠷᠢᠨ ᠨᠡᠩ ᠭᠤᠶᠤ ᠪᠤᠯᠬᠤ ᠶᠢ ᠲᠦᠯᠬᠢᠨ ᠠᠬᠢᠭᠤᠯᠵᠤ᠂  ᠰᠢᠨ᠎ᠡ ᠴᠠᠭ ᠦᠶ᠎ᠡ ᠶᠢᠨ ᠭᠤᠶᠢᠳᠠ ᠰᠠᠶᠢᠬᠠᠨ ᠦᠵᠡᠮᠵᠢᠳᠦ ᠵᠢᠷᠤᠭ ᠢ ᠴᠢᠷᠮᠠᠶᠢᠨ ᠵᠢᠷᠤᠭᠯᠠᠨ᠎ᠠ᠃ ᠬᠥᠬᠡ ᠠᠭᠤᠯᠠ ᠬᠥᠬᠡᠮᠳᠦᠭ ᠤᠰᠤ ᠪᠤᠯ ᠠᠯᠳᠠ ᠮᠦᠩᠭᠦᠨ ᠠᠭᠤᠯᠠ ᠪᠤᠯᠬᠤ ᠶᠤᠮ︕  ᠪᠤᠬᠢᠷᠳᠤᠯ ᠦᠭᠡᠢ ᠬᠦᠭᠵᠢᠬᠦ ᠦᠵᠡᠯᠳᠡ ᠶᠢ ᠪᠠᠳᠤᠳᠠᠢ ᠪᠤᠢ ᠪᠤᠯᠭᠠᠨ᠂ ᠴᠢᠨᠠᠷ ᠲᠡᠰ ᠤᠨ ᠬᠤᠳᠠ᠂ ᠦᠵᠡᠰᠬᠦᠯᠡᠩᠳᠣ ᠰᠠᠶᠢᠬᠠᠨ ᠬᠦᠳᠡᠭᠡ ᠲᠤᠰᠬᠤᠨ᠂ ᠬᠠᠮᠤᠭ ᠤᠨ ᠭᠤᠶᠤ ᠠᠭᠤᠷᠬᠠᠢ ᠶᠢᠨ ᠣᠷᠣᠨ ᠤ ᠪᠦᠳᠦᠭᠡᠨ ᠪᠠᠶᠢᠭᠤᠯᠤᠯᠳᠠ ᠶᠢ ᠨᠢᠭᠡᠳᠦᠯᠳᠠᠢ ᠲᠦᠯᠬᠢᠨ ᠠᠬᠢᠭᠤᠯᠵᠤ᠂ ᠬᠠᠮᠤᠭ ᠶᠡᠭᠡ ᠬᠢᠵᠠᠭᠠᠷᠯᠠᠯ ᠢᠶᠠᠷ ᠠᠮᠢ ᠠᠬᠤᠢ ᠶᠢᠨ ᠬᠦᠷᠦᠩᠭᠡ ᠶᠢ ᠨᠡᠮᠡᠭᠳᠡᠭᠦᠯᠦᠨ᠂ ᠬᠠᠮᠤᠭ ᠶᠡᠭᠡ ᠬᠢᠵᠠᠭᠠᠷᠯᠠᠯ ᠢᠶᠠᠷ ᠣᠷᠴᠢᠨ ᠲᠤᠭᠤᠷᠢᠨ ᠤ ᠦᠷᠢ ᠶᠢ ᠪᠠᠭᠠᠰᠬᠠᠨ᠂ ᠬᠠᠮᠤᠭ ᠶᠡᠭᠡ ᠬᠢᠵᠠᠭᠠᠷᠯᠠᠯ ᠢᠶᠠᠷ ᠠᠮᠢ ᠠᠬᠤᠢ ᠶᠢᠨ ᠪᠤᠯᠪᠠᠰᠣᠨ ᠤ ᠬᠦᠭᠵᠢᠯᠳᠡ ᠶᠢ ᠴᠢᠩᠭᠠᠳᠬᠠᠨ᠂ ᠪᠦᠬᠦ ᠬᠡᠪᠴᠢᠶᠡᠨ ᠤ ᠪᠦᠬᠦ ᠴᠠᠭ ᠤᠨ ᠨᠤᠭᠤᠭᠠᠨ ᠢ ᠪᠦᠳᠦᠭᠡᠨ ᠪᠠᠶᠢᠭᠤᠯᠵᠤ᠂ ᠴᠡᠴᠡᠷᠯᠢᠭ ᠤᠨ ᠤᠷ᠎ᠠ ᠮᠡᠷᠭᠡᠵᠢᠯ ᠢᠶᠠᠨ ᠳᠡᠯᠭᠡᠨ ᠦᠵᠡᠭᠦᠯᠵᠤ᠂ ᠡᠵᠡᠨ ᠬᠤᠷᠤᠭ᠎ᠠ  ᠶᠢᠨ ᠦᠵᠡᠰᠬᠦᠯᠡᠩᠳᠣ ᠰᠠᠶᠢᠬᠠᠨ ᠰᠤᠶᠤᠯ ᠢᠷᠭᠡᠨᠰᠢᠯ ᠤᠨ ᠳᠦᠷᠢ ᠳᠦᠷᠬᠦ ᠶᠢ ᠱᠣᠭᠤᠨ ᠪᠦᠳᠦᠭᠡᠵᠤ᠂ ᠦᠵᠡᠰᠬᠦᠯᠡᠩᠳᠦ ᠰᠠᠶᠢᠬᠠᠨ ᠬᠦᠳᠡᠭᠡ ᠲᠤᠰᠬᠤᠨ᠂ ᠭᠤᠶᠤᠮᠰᠤᠭ ᠰᠠᠶᠢᠬᠠᠨ ᠠᠭᠤᠯᠠ ᠤᠰᠤ᠂ ᠰᠤᠶᠤᠯ ᠢᠷᠭᠡᠨᠰᠢᠯ ᠤᠨ ᠠᠭᠤᠰᠤᠯᠳᠤᠯ  ᠰᠠᠶᠢᠳᠠᠢ ᠡᠵᠡᠨ ᠬᠤᠷᠤᠭ᠎ᠠ ᠶᠢ ᠪᠦᠳᠦᠭᠡᠨ ᠪᠠᠶᠢᠭᠤᠯᠤᠨ᠎ᠠ      — ᠠᠷᠠᠳ ᠤᠨ ᠠᠮᠢᠳᠣᠷᠠᠯ ᠢ ᠨᠡᠩ  ᠰᠠᠶᠢᠨ ᠰᠠᠶᠢᠬᠠᠨ ᠪᠤᠯᠭᠠᠬᠤ ᠶᠢ ᠪᠡᠶᠡᠯᠡᠭᠦᠯᠦᠨ᠂  ᠰᠢᠨ᠎ᠡ ᠴᠠᠭ ᠦᠶ᠎ᠡ ᠶᠢᠨ ᠬᠦᠭᠵᠢᠯᠳᠡ ᠶᠢᠨ ᠵᠤᠯ ᠵᠢᠷᠭᠠᠯᠳᠤ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ ᠠᠷᠠᠳ ᠲᠦᠮᠡᠨ ᠤ ᠰᠠᠶᠢᠨ ᠰᠠᠶᠢᠬᠠᠨ ᠠᠮᠢᠳᠣᠷᠠᠯ ᠤᠨ ᠬᠦᠰᠡᠯ ᠡᠷᠡᠮᠡᠯᠵᠡᠯ ᠪᠣᠯ ᠪᠢᠳᠠᠨ ᠤ ᠦᠨᠢᠳᠡ ᠶᠢᠨ ᠲᠡᠮᠡᠴᠡᠬᠦ  ᠬᠠᠷᠠᠯᠳᠠ ᠪᠤᠯᠤᠨ᠎ᠠ︕ ᠪᠦᠬᠦ ᠲᠠᠯ᠎ᠠ ᠪᠠᠷ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠤᠯᠤᠨ ᠪᠠᠳᠤᠯᠠᠬᠤ ᠠᠵᠢᠯ ᠢ ᠰᠠᠶᠢᠳᠤᠷ  ᠬᠢᠵᠤ᠂ ᠰᠢᠨ᠎ᠡ ᠴᠠᠭ ᠦᠶ᠎ᠡ ᠶᠢᠨ ᠨᠡᠩ ᠰᠢᠯᠢᠳᠡᠭ ᠰᠣᠷᠭᠠᠨ ᠬᠦᠮᠦᠵᠢᠯ᠂  ᠯᠠᠪᠳᠠᠭᠤᠨ‌‍ᠲ᠋ᠤᠭᠳᠠᠭᠤᠨ ᠠᠵᠢᠯ ᠦᠢᠯᠡᠰ᠂ ᠬᠠᠨᠤᠮᠵᠢᠳᠠᠢ ᠣᠷᠣᠯᠭ᠎ᠠ᠂ ᠨᠠᠶᠢᠳᠠᠪᠤᠷᠢᠳᠠᠢ ᠨᠡᠶᠢᠬᠡᠮ ᠤᠨ ᠪᠠᠳᠤᠯᠠᠭ᠎ᠠ᠂ ᠦᠨᠳᠦᠷ ᠬᠢᠷᠢ ᠲᠦᠪᠰᠢᠨ ᠲᠠᠢ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ᠂ ᠲᠣᠬᠢᠯᠢᠭ ᠣᠷᠣᠨ ᠰᠠᠭᠤᠴᠠ ᠶᠢᠨ ᠨᠦᠬᠦᠴᠡᠯ᠂ ᠭᠤᠶᠢᠳᠠ ᠰᠠᠶᠢᠬᠠᠨ ᠣᠷᠴᠢᠨ ᠲᠤᠭᠤᠷᠢᠨ᠂ ᠣᠶᠣᠨ ᠤ ᠪᠤᠯᠪᠠᠰᠤᠨ ᠤ ᠠᠮᠢᠳᠤᠷᠠᠯ  ᠢ ᠪᠠᠶᠠᠯᠢᠭᠵᠢᠭᠤᠯᠤᠨ᠂ ᠡᠯ᠎ᠡ ᠦᠨᠳᠦᠰᠦᠳᠡᠨ ᠤ ᠠᠷᠠᠳ ᠲᠦᠮᠡᠨ ᠤ ᠠᠮᠢᠳᠣᠷᠠᠯ ᠢ ᠵᠢᠯ ᠠᠴᠠ ᠵᠢᠯ ᠰᠠᠶᠢᠨ ᠪᠤᠯᠭᠠᠬᠤ ᠪᠠᠷ ᠴᠢᠷᠮᠠᠶᠢᠨ᠎ᠠ᠃      ᠲᠡᠭᠡᠷ᠎ᠡ ᠲᠤᠷᠠᠳᠤᠭᠰᠠᠨ ᠬᠠᠷᠠᠯᠳᠠ ᠶᠢᠨ ᠲᠤᠭᠤᠷᠢᠨ ᠳᠤ᠂ ᠬᠤᠶᠢᠰᠢᠳᠠ ᠶᠢᠨ ᠲᠠᠪᠤᠨ ᠵᠢᠯ ᠤᠨ ᠭᠤᠤᠯ ᠪᠤᠯᠬᠤ ᠠᠵᠢᠯ ᠤᠨ ᠡᠬᠦᠷᠬᠡ ᠪᠤᠯ᠄      ︵ᠨᠢᠬᠡ︶ ᠰᠢᠨ᠎ᠡ ᠬᠥᠭᠵᠢᠯᠳᠡ ᠶᠢᠨ ᠤᠶᠢᠯᠠᠭᠠᠭᠳᠠᠬᠤᠨ ᠢ ᠲᠤᠤᠱᠯᠠᠭᠤᠯᠵᠤ᠂ ᠠᠵᠤ ᠥᠢᠯᠡᠰ ᠤᠨ ᠬᠡᠯᠪᠡᠷᠢ ᠶᠢᠨ ᠬᠤᠪᠢᠷᠠᠭᠤᠯᠤᠯᠳᠠ ᠶᠢ ᠲᠥᠷᠬᠡᠳᠬᠡᠨ᠂ ᠪᠤᠳᠠᠳᠤ  ᠠᠵᠤ ᠠᠬᠤᠢ ᠶᠢᠨ ᠬᠥᠭᠵᠢᠯᠳᠡ ᠶᠢᠨ ᠲᠠᠪᠠᠭᠤᠯᠢᠭ ᠢ ᠪᠤᠢ ᠪᠤᠯᠭᠠᠨ᠎ᠠ᠃      ᠨᠢᠬᠡ ᠳᠤ ᠭᠤᠤᠯᠯᠠᠬᠤ ᠠᠵᠤ ᠥᠢᠯᠡᠰ ᠢ ᠪᠠᠳᠤᠳᠬᠠᠨ ᠲᠡᠰ ᠠᠬᠢᠭᠤᠯᠵᠤ᠂ ᠪᠤᠳᠠᠳᠤ  ᠠᠵᠤ ᠠᠬᠤᠢ ᠶᠢᠨ ᠥᠷᠢᠰᠥᠯᠳᠥᠬᠦ ᠬᠥᠴᠥᠨ ᠢ ᠴᠢᠩᠭᠠᠳᠬᠠᠨ᠎ᠠ᠃ ᠰᠢᠨ᠎ᠡ ᠬᠡᠯᠪᠡᠷᠢ ᠶᠢᠨ ᠠᠵᠤ ᠥᠢᠯᠡᠳᠪᠥᠷᠢᠵᠢᠯᠳᠡ ᠶᠢᠨ ᠲᠤᠭᠤᠷᠢᠨ ᠳᠤ᠂ ᠴᠡᠪᠡᠷ ᠡᠨᠧᠷᠬᠢ ᠪᠤᠯᠤᠨ ᠤᠳᠤ ᠥᠶ᠎ᠡ ᠶᠢᠨ ᠨᠡᠭᠦᠷᠡᠰᠦ ᠬᠢᠮᠢ ᠶᠢᠨ ᠠᠵᠤ ᠥᠢᠯᠡᠰ ᠢ ᠬᠥᠭᠵᠢᠬᠦᠯᠥᠨ ᠪᠤᠵᠠᠭᠠᠶᠢᠷᠠᠭᠤᠯᠵᠤ᠂ ᠤᠷᠤᠨ ᠨᠤᠳᠤᠭ ᠤᠨ ᠭᠤᠤᠯᠯᠠᠬᠤ ᠠᠵᠤ ᠥᠢᠯᠡᠰ ᠲᠡᠭᠡᠳᠥ ᠲᠡᠰ ᠲᠠᠪᠬᠤᠷᠭᠠᠨ ᠤ ᠥᠷᠳᠡᠭ ᠤᠨ ᠬᠡᠯᠬᠢᠶᠡᠵᠢᠯ ᠲᠡᠰ ᠵᠦᠭ ᠬᠥᠭᠵᠢᠬᠦ ᠶᠢ ᠠᠬᠢᠭᠤᠯᠤᠨ᠎ᠠ᠃ ᠤᠯᠤᠰ ᠤᠨ ᠨᠡᠬᠦᠷᠡᠰᠥᠨ ᠤ ᠵᠠᠬ᠎ᠠ ᠲᠡᠯᠬᠡᠬᠦᠷ ᠤᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠥᠬᠡᠷᠡᠴᠢᠯᠡᠯᠳᠡ ᠶᠢ ᠬᠥᠨᠵᠡᠬᠡᠶᠢᠷᠡᠬᠦᠯᠵᠤ᠂ ᠬᠤᠴᠤᠷᠤᠩᠭᠤᠢ ᠥᠢᠯᠡᠳᠪᠥᠷᠢᠯᠡᠯ ᠤᠨ ᠴᠢᠳᠠᠪᠬᠢ ᠶᠢ ᠵᠤᠭᠰᠤᠭᠠᠬᠤ ᠲᠥᠷᠥ ᠶᠢᠨ ᠪᠤᠳᠤᠯᠭ᠎ᠠ ᠶᠢᠨ ᠠᠵᠨ ᠲᠤᠭᠢᠶᠠᠯ ᠢ ᠰᠠᠶᠢᠳᠤᠷ ᠡᠵᠡᠮᠳᠡᠨ᠂ ᠨᠡᠬᠦᠷᠡᠰᠥᠨ ᠤ ᠠᠵᠤ ᠥᠢᠯᠡᠰ ᠮᠤᠵᠢ ᠤᠷᠤᠨ ᠬᠤᠳᠠ ᠠᠯᠤᠰᠯᠠᠨ ᠥᠢᠯᠡᠳᠪᠥᠷᠢᠯᠡᠯ ᠤᠨ ᠴᠢᠳᠠᠪᠬᠢ ᠪᠠᠨ ᠰᠤᠯᠢᠬᠤ ᠶᠢ ᠵᠤᠷᠢᠭᠵᠢᠭᠤᠯᠵᠤ᠂ ᠤᠷᠤᠨ ᠨᠤᠳᠤᠭ ᠤᠨ ᠰᠢᠯᠢᠳᠡᠭ ᠨᠡᠬᠦᠷᠡᠰᠥᠨ ᠤ ᠥᠢᠯᠡᠳᠪᠥᠷᠢᠯᠡᠯ ᠤᠨ ᠴᠢᠳᠠᠪᠬᠢ ᠶᠢᠨ ᠥᠢᠯᠡᠳᠥᠯ ᠢᠶᠠᠨ ᠪᠠᠳᠠᠷᠠᠭᠤᠯᠬᠤ ᠤᠷᠤᠨ ᠵᠠᠢ ᠶᠢ ᠥᠷᠬᠡᠳᠬᠡᠨ᠎ᠡ᠃ ᠲᠠᠪᠤᠨ ᠵᠢᠯ ᠤᠨ ᠲᠤᠳᠤᠷ᠎ᠠ᠂ ᠥᠢᠯᠡᠳᠪᠥᠷᠢᠯᠡᠯ ᠤᠨ ᠴᠢᠳᠠᠪᠬᠢ ᠶᠢ ᠰᠢᠨ᠎ᠡ ᠪᠠᠷ4000 ᠲᠥᠮᠡᠨ ᠲᠤᠨ  ᠨᠡᠮᠡᠭᠳᠡᠭᠦᠯᠵᠤ᠂ ᠪᠥᠬᠦ ᠬᠤᠰᠢᠭᠤᠨ ᠤ ᠨᠡᠬᠦᠷᠡᠰᠥᠨ ᠤ ᠥᠢᠯᠡᠳᠪᠥᠷᠢᠯᠡᠯ ᠤᠨ ᠴᠢᠳᠠᠪᠬᠢ ᠎ ᠶᠢ 2.5 ᠳ᠋ᠥᠡᠭᠰᠢᠭᠤᠷ ᠲᠤᠨ ᠳᠤ  ᠬᠦᠷᠭᠡᠨ᠎ᠡ᠃ ᠡᠬᠦᠨ ᠤ ᠬᠠᠮᠳᠤ ᠤᠯᠠᠨ ᠵᠤᠶᠢᠯ ᠤᠨ ᠠᠷᠭ᠎ᠠ ᠠᠪᠴᠠᠯ ᠢᠶᠠᠷ ᠨᠡᠬᠦᠷᠡᠰᠥᠨ ᠤ ᠪᠤᠷᠤᠯᠠᠭᠤᠯᠤᠯᠳᠠ ᠶᠢᠨ ᠵᠠᠬ᠎ᠠ ᠲᠡᠯᠬᠡᠬᠦᠷ ᠢ ᠲᠤᠭᠳᠠᠭᠤᠨ ᠪᠤᠯᠭᠠᠵᠤ᠂ ᠵᠠᠬ᠎ᠠ ᠲᠡᠯᠬᠡᠬᠦᠷ ᠲᠠᠬᠢ ᠡᠵᠡᠨ ᠬᠤᠷᠤᠭ᠎ᠠ ᠬᠤᠰᠢᠭᠤᠨ ᠤ ᠰᠢᠯᠢᠳᠡᠭ ᠨᠡᠬᠦᠷᠡᠰᠥᠨ ᠤ ᠡᠵᠡᠯᠡᠬᠦ ᠬᠠᠷᠢᠴᠠᠯ ᠢ ᠲᠠᠰᠤᠷᠠᠯᠳᠠ ᠥᠬᠡᠢ ᠨᠡᠮᠡᠭᠳᠡᠭᠦᠯᠥᠨ᠎ᠡ᠃ ᠨᠡᠬᠦᠷᠡᠰᠥ ᠪᠠᠷ ᠰᠠᠭᠤᠷᠢ ᠪᠤᠯᠭᠠᠵᠤ᠂ ᠤᠯᠠᠨ ᠲᠠᠯᠠᠵᠢᠭᠰᠠᠨ ᠬᠤᠪᠢᠷᠠᠭᠤᠯᠤᠯᠳᠠ ᠶᠢ ᠪᠠᠷᠢᠮᠳᠠᠯᠠᠨ᠂ ᠱᠧᠩ ᠶᠤᠸᠠᠨ ᠨᠡᠭᠦᠷᠡᠰᠦ ᠬᠢᠮᠢ ᠶᠢᠨ ᠠᠵᠤ ᠥᠢᠯᠡᠳᠪᠥᠷᠢ ᠶᠢᠨ ᠰᠠᠭᠤᠷᠢᠨ ᠭᠠᠵᠠᠷ ᠲᠤ ᠤᠰᠤ ᠪᠦᠷᠢᠯᠭᠡᠬᠦ ᠬᠡᠮᠵᠢᠶ᠎ᠡ ᠨᠢ ᠪᠠᠭ᠎ᠠ᠂ ᠡᠷᠬᠢᠯᠳᠥᠬᠦᠯᠥᠨ ᠬᠡᠷᠡᠭᠯᠡᠬᠦ ᠨᠤᠷᠮ᠎ᠠ ᠨᠢ ᠥᠨᠳᠥᠷ ᠲᠤᠤᠷᠠᠳᠤ ᠬᠡᠰᠡᠭ ᠤᠨ ᠨᠡᠬᠦᠷᠡᠰᠥᠨ ᠤ ᠴᠢᠨᠠᠷ ᠢᠯᠭᠠᠨ ᠠᠰᠢᠭᠯᠠᠬᠤ ᠲᠥᠷᠥᠯ ᠵᠤᠶᠢᠯ ᠢ ᠬᠡᠷᠡᠭᠵᠢᠬᠦᠯᠥᠨ᠎ᠡ᠃ ᠨᠡᠬᠦᠷᠡᠰᠥ ᠪᠠᠷ ᠲᠤᠰᠤ ᠥᠢᠯᠡᠳᠪᠥᠷᠢᠯᠡᠬᠦ᠂ ᠨᠡᠬᠦᠷᠡᠰᠥ ᠪᠠᠷ ᠬᠡᠢ ᠥᠢᠯᠡᠳᠪᠥᠷᠢᠯᠡᠬᠦ ᠥᠢᠯᠡᠳᠪᠥᠷᠢᠯᠡᠯ ᠤᠨ ᠬᠡᠪᠴᠢᠶ᠎ᠡ ᠶᠢ ᠥᠷᠬᠡᠳᠬᠡᠨ᠂ ᠱᠧᠨ ᠬᠤᠸ᠋ᠨ ᠪᠥᠯᠥᠭᠯᠡᠯ ᠤᠨ ᠨᠡᠬᠦᠷᠡᠰᠥ ᠪᠠᠷ ᠲᠤᠰᠤ ᠥᠢᠯᠡᠳᠪᠥᠷᠢᠯᠡᠬᠦ ᠬᠤᠶᠠᠷ᠂ ᠭᠤᠷᠪᠠᠳᠤᠭᠠᠷ ᠵᠤᠷᠪᠤᠰ ᠥᠢᠯᠡᠳᠪᠥᠷᠢᠯᠡᠯ ᠤᠨ ᠱᠤᠭᠤᠮ᠂ ᠬᠤᠢ ᠨᠸᠡᠭ ᠨᠡᠬᠦᠷᠡᠰᠦᠨ ᠬᠡᠢ ᠶᠢᠨ ᠬᠤᠶᠠᠳᠤᠭᠠᠷ ᠬᠤᠭᠤᠴᠠᠭᠠᠨ ᠤ ᠲᠥᠷᠥᠯ ᠵᠤᠶᠢᠯ ᠵᠡᠷᠬᠡ ᠶᠢᠨ ᠪᠠᠶᠢᠭᠤᠯᠤᠯᠳᠠ ᠶᠢᠨ ᠠᠬᠢᠴᠠ ᠶᠢ ᠲᠥᠷᠬᠡᠳᠬᠡᠵᠤ᠂ ᠮᠢᠩᠭᠠᠨ ᠲᠥᠮᠡᠨ ᠲᠤᠨ ᠤ ᠲᠡᠰ ᠤᠨ ᠨᠡᠭᠦᠷᠡᠰᠦ ᠬᠢᠮᠢ ᠶᠢᠨ ᠠᠵᠤ ᠥᠢᠯᠡᠳᠪᠥᠷᠢ ᠶᠢᠨ ᠪᠥᠳᠥᠬᠡᠭᠳᠡᠭᠦᠨ ᠥᠢᠯᠡᠳᠪᠥᠷᠢᠯᠡᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠪᠠᠶᠢᠭᠠᠯᠢ ᠶᠢᠨ ᠰᠢᠳᠠᠮᠠᠬᠠᠢ ᠬᠡᠢ᠂ ᠨᠡᠬᠦᠷᠡᠰᠥᠨ ᠤ ᠲᠠᠪᠬᠤᠷᠭ᠎ᠠ ᠶᠢᠨ ᠬᠡᠢ ᠶᠢ ᠬᠠᠶᠢᠨ ᠢᠯᠡᠷᠡᠬᠦᠯᠵᠤ ᠨᠡᠬᠡᠬᠡᠬᠦ ᠬᠥᠴᠥᠯᠡᠴᠡ ᠪᠠᠨ ᠴᠢᠩᠭᠠᠳᠬᠠᠵᠤ᠂ ᠵᠸᠡᠭ ᠲᠠᠢ ᠢ ᠳ᠋ᠠ ᠰᠢᠨ᠎ᠡ ᠡᠨᠧᠷᠬᠢ ᠪᠠᠶᠢᠭᠠᠯᠢ ᠶᠢᠨ ᠰᠢᠳᠠᠮᠠᠬᠠᠢ ᠬᠡᠢ ᠶᠢ ᠶᠡᠷᠥᠩᠭᠡᠶᠢᠯᠡᠨ ᠨᠡᠬᠡᠬᠡᠵᠤ ᠠᠰᠢᠭᠯᠠᠬᠤ ᠲᠥᠷᠥᠯ ᠵᠤᠶᠢᠯ ᠵᠡᠷᠬᠡ ᠶᠢᠨ ᠰᠢᠨ᠎ᠡ ᠴᠡᠪᠡᠷ ᠡᠨᠧᠷᠬᠢ ᠶᠢᠨ ᠲᠥᠷᠥᠯ ᠵᠤᠶᠢᠯ ᠠᠰᠢᠭᠯᠠᠯᠳᠠ ᠳᠤ ᠤᠷᠤᠵᠤ ᠥᠷ᠎ᠡ ᠠᠰᠢᠭ ᠭᠠᠷᠭᠠᠬᠤ ᠶᠢ ᠠᠬᠢᠭᠤᠯᠤᠨ᠎ᠠ᠃ 2022 ᠤᠨ ᠪᠤᠯᠳᠠᠯ᠎ᠠ᠂ ᠪᠥᠬᠦ ᠬᠤᠰᠢᠭᠤᠨ ᠤ ᠨᠡᠬᠦᠷᠡᠰᠥ ᠪᠠᠷ ᠲᠤᠰᠤ ᠥᠢᠯᠡᠳᠪᠥᠷᠢᠯᠡᠬᠦ ᠴᠢᠳᠠᠪᠬᠢ ᠶᠢ 400 ᠲᠥᠮᠡᠨ ᠲᠣᠨ ᠳᠤ ᠬᠥᠷᠬᠡᠵᠤ᠂ ᠨᠡᠬᠦᠷᠡᠰᠥ ᠪᠠᠷ ᠬᠡᠢ ᠥᠢᠯᠡᠳᠪᠥᠷᠢᠯᠡᠬᠦ ᠴᠢᠳᠠᠪᠬᠢ ᠶᠢ 20 ᠳ᠋ᠥᠡᠭᠰᠢᠭᠤᠷ ᠪᠤᠰᠤᠭ᠎ᠠ ᠲᠥᠷᠪᠡᠯᠵᠢᠨ ᠮᠧᠲᠷ ᠲᠤ ᠬᠥᠷᠬᠡᠵᠤ᠂ ᠤᠯᠤᠰ ᠤᠨ ᠭᠤᠤᠯᠳᠠᠯᠭ᠎ᠠ ᠲᠠᠢ ᠴᠡᠪᠡᠷ ᠡᠨᠧᠷᠬᠢ ᠭᠠᠳᠠᠭᠰᠢ ᠭᠠᠷᠭᠠᠬᠤ ᠰᠠᠭᠤᠷᠢᠨ᠂ ᠨᠡᠬᠦᠷᠡᠰᠥᠨ ᠤ ᠴᠢᠨᠠᠷ ᠲᠡᠰ ᠢᠯᠭᠠᠨ ᠠᠰᠢᠭᠯᠠᠬᠤ ᠵᠢᠱᠢᠶ᠎ᠡ ᠥᠵᠡᠬᠦᠯᠥᠯᠳᠡ ᠶᠢᠨ ᠰᠠᠭᠤᠷᠢᠨ ᠭᠠᠵᠠᠷ ᠪᠠ ᠨᠠᠭᠦᠷᠡᠰᠦ ᠬᠢᠮᠢ ᠶᠢᠨ ᠠᠵᠤ ᠥᠢᠯᠡᠳᠪᠥᠷᠢ ᠶᠢᠨ ᠪᠤᠬᠢᠷᠳᠤᠯ ᠥᠬᠡᠢ ᠡᠷᠬᠢᠯᠳᠡᠳᠥ ᠬᠥᠭᠵᠢᠯᠳᠡ ᠶᠢᠨ ᠰᠠᠭᠤᠷᠢᠨ ᠵᠡᠷᠬᠡ ᠶᠢ ᠪᠠᠶᠢᠭᠤᠯᠬᠤ ᠪᠠᠷ ᠴᠢᠷᠮᠠᠶᠢᠨ᠎ᠠ᠃      ᠬᠤᠶᠠᠷ ᠲᠤ ᠰᠢᠨ᠎ᠡ ᠬᠡᠯᠪᠡᠷᠢ ᠶᠢᠨ ᠠᠵᠤ ᠥᠢᠯᠡᠰ ᠢ ᠪᠤᠵᠠᠭᠠᠶᠢᠷᠠᠭᠤᠯᠤᠨ ᠬᠥᠭᠵᠢᠬᠦᠯᠵᠤ᠂ ᠪᠤᠳᠠᠳᠤ ᠠᠵᠤ ᠠᠬᠤᠢ ᠶᠢᠨ ᠰᠢᠨ᠎ᠡ ᠬᠦᠳᠡᠯᠭᠡᠭᠴᠢ ᠬᠥᠴᠥᠨ ᠢ ᠲᠥᠪᠯᠡᠷᠡᠬᠦᠯᠥᠨ᠎ᠡ᠃ ᠤᠨᠤᠪᠴᠢᠳᠠᠢ ᠪᠠᠷ ᠠᠷᠠᠯᠵᠢᠶᠠᠴᠢᠨ ᠤᠷᠢᠬᠤ ᠶᠢ ᠪᠥᠬᠦ ᠲᠠᠯ᠎ᠠ ᠪᠠᠷ ᠶᠠᠪᠤᠭᠳᠠᠭᠤᠯᠵᠤ᠂ ᠰᠢᠨ᠎ᠡ ᠡᠨᠧᠷᠬᠢ᠂ ᠰᠢᠨ᠎ᠡ ᠮᠠᠲ᠋ᠧᠷᠢᠶᠠᠯ᠂ ᠲᠡᠬᠡᠳᠥ ᠲᠡᠰ ᠎ ᠤᠨ ᠲᠤᠨᠤᠭ ᠲᠥᠬᠦᠬᠡᠷᠥᠮᠵᠢ ᠵᠡᠷᠬᠡ ᠪᠠᠶᠢᠯᠳᠤᠬᠤ ᠪᠤᠳᠤᠯᠭ᠎ᠠ ᠶᠢᠨ ᠴᠢᠨᠠᠷ ᠲᠠᠢ ᠰᠢᠨ᠎ᠡ ᠬᠡᠯᠪᠡᠷᠢ ᠶᠢᠨ ᠠᠵᠤ ᠥᠢᠯᠡᠰ ᠢ ᠤᠷᠢᠨ ᠤᠷᠤᠭᠤᠯᠵᠤ ᠪᠤᠶᠢᠵᠢᠭᠤᠯᠤᠨ᠂ ᠪᠤᠳᠠᠰ ᠤᠨ ᠬᠤᠯᠪᠤᠭᠠᠯᠠᠯ ᠤᠨ ᠲᠤᠤᠷᠵᠢᠯ᠂ ᠲᠤᠮᠤ ᠳ᠋ᠠᠶᠢᠲᠨ᠂ ᠬᠥᠮᠥᠨ ᠤ ᠬᠥᠴᠥᠨ ᠤ  ᠣᠶᠣᠨ ᠴᠢᠳᠠᠪᠦᠷᠢ ᠪᠤᠯᠤᠨ ᠪᠤᠳᠠᠳᠤ ᠠᠵᠤ ᠠᠬᠤᠢ ᠶᠢᠨ ᠬᠥᠨᠵᠡᠬᠡᠢ ᠠᠭᠤᠰᠤᠯᠴᠠᠯ ᠢ ᠠᠬᠢᠭᠤᠯᠤᠨ᠎ᠠ᠃ ᠤᠷᠤᠨ ᠨᠤᠳᠤᠭ ᠤᠨ ᠰᠢᠯᠢᠳᠡᠭ ᠠᠵᠤ ᠥᠢᠯᠡᠰ ᠵᠢᠴᠢ ᠤᠶᠢᠷ᠎ᠠ ᠤᠷᠴᠢᠮ ᠤᠨ ᠨᠡᠬᠦᠷᠡᠰᠥ ᠥᠢᠯᠡᠳᠪᠥᠷᠢᠯᠡᠬᠦ ᠤᠷᠤᠨ ᠤ ᠵᠠᠬ᠎ᠠ ᠲᠡᠯᠬᠡᠬᠦᠷ ᠤᠨ ᠱᠠᠭᠠᠷᠳᠠᠯᠭ᠎ᠠ ᠶᠢᠨ ᠲᠤᠭᠤᠷᠢᠨ ᠳᠤ᠂ ︽ᠲᠡᠭᠡᠳᠥ ᠤᠬᠢ ᠰᠤᠳᠤᠨ ᠲᠤᠰᠬᠠᠢ︾ ᠬᠥᠭᠵᠢᠯᠳᠡ ᠶᠢᠨ ᠬᠠᠨᠳᠤᠰᠢ ᠶᠢ ᠲᠤᠪᠤᠶᠢᠯᠭᠠᠨ᠂ ᠨᠢᠬᠡ ᠪᠥᠯᠥᠭ  ᠨᠡᠭᠦᠷᠡᠰᠦ ᠶᠢ ᠤᠷᠢᠳᠴᠢᠯᠠᠨ ᠨᠡᠭᠡᠭᠡᠬᠦ᠂ ᠠᠭᠤᠷᠬᠠᠢ ᠳᠤ ᠬᠡᠷᠡᠭᠯᠡᠬᠦ ᠮᠠᠲ᠋ᠧᠷᠢᠶᠠᠯ᠂ ᠠᠭᠤᠷᠬᠠᠢ ᠳᠤ ᠬᠡᠷᠡᠭᠯᠡᠬᠦ ᠲᠥᠬᠦᠬᠡᠷᠥᠮᠵᠢ ᠵᠡᠷᠬᠡ  ᠶᠢ ᠦᠢᠯᠡᠳᠪᠦᠷᠢᠯᠡᠬᠦ ᠠᠵᠤ ᠠᠬᠤᠶᠢᠯᠠᠯ ᠢ ᠢᠳᠡᠪᠬᠢᠳᠡᠢ ᠤᠷᠢᠨ ᠤᠷᠤᠭᠤᠯᠵᠤ᠂ ᠪᠠᠷᠠᠭᠤᠨ ᠬᠤᠶᠢᠳᠤ ᠤᠷᠤᠨ ᠤ ᠲᠡᠷᠢᠬᠦᠨ ᠤ ᠨᠡᠬᠦᠷᠡᠰᠥᠨ ᠮᠠᠰᠢᠨ ᠰᠡᠯᠪᠢᠨ ᠵᠠᠰᠠᠬᠤ ᠰᠠᠭᠤᠷᠢᠨ᠂ ᠠᠭᠤᠷᠬᠠᠢ ᠳᠤ ᠬᠡᠷᠡᠭᠯᠡᠬᠦ ᠲᠥᠬᠦᠬᠡᠷᠥᠮᠵᠢ ᠶᠢᠨ ᠥᠢᠯᠡᠳᠪᠥᠷᠢ ᠶᠢᠨ ᠰᠠᠭᠤᠷᠢᠨ ᠪᠤᠯᠤᠨ ᠥᠢᠯᠡᠳᠪᠥᠷᠢᠯᠡᠯ ᠤᠨ ᠲᠥᠬᠦᠷᠵᠢᠬᠦᠯᠥᠭᠰᠡᠨ ᠥᠢᠯᠡᠴᠢᠯᠡᠬᠡᠨ ᠤ ᠰᠠᠭᠤᠷᠢᠨ ᠢ ᠪᠠᠶᠢᠭᠤᠯᠤᠨ᠎ᠠ᠃ ᠴᠢᠩᠬᠤᠸ᠋ᠨ ᠶᠡᠭᠡ ᠰᠤᠷᠭᠠᠭᠤᠯᠢ ᠶᠢᠨ ᠤᠢ ᠰᠢᠭᠤᠢ ᠶᠢᠨ ᠮᠡᠷᠬᠡᠵᠢᠯ ᠤᠨ ᠨᠡᠬᠡᠬᠡᠯᠳᠡ ᠶᠢᠨ ᠲᠥᠪ ᠵᠡᠷᠬᠡ ᠶᠢᠨ ᠰᠤᠳᠤᠯᠭᠠᠨ ᠤ ᠪᠠᠶᠢᠭᠤᠯᠤᠮᠵᠢ ᠪᠤᠯᠤᠨ ᠴᠢᠳᠠᠪᠤᠷᠢᠳᠠᠨ ᠎ ᠤ ᠠᠵᠢᠯ ᠤᠨ ᠥᠷᠳᠡᠭᠡ ᠶᠢ ᠤᠷᠢᠨ ᠤᠷᠤᠭᠤᠯᠵᠤ᠂ ᠲᠡᠭᠡᠳᠥ ᠰᠢᠨ᠎ᠡ ᠮᠡᠷᠬᠡᠵᠢᠯ ᠤᠨ ᠠᠵᠤ ᠠᠬᠤᠶᠢᠯᠠᠯ ᠤᠨ ᠪᠤᠶᠢᠵᠢᠭᠤᠯᠤᠯᠳᠠ ᠶᠢᠨ ᠰᠠᠭᠤᠷᠢᠨ ᠢ ᠪᠠᠶᠢᠭᠤᠯᠤᠨ᠎ᠠ᠃ ᠤᠷᠳᠤᠰ ᠲᠠᠬᠢ ᠵᠢᠶᠠᠩᠰᠤ ᠶᠢᠨ ᠠᠵᠤ ᠥᠢᠯᠡᠳᠪᠥᠷᠢ ᠶᠢᠨ ᠬᠥᠷᠢᠶᠡᠯᠡᠩ ᠲᠤᠭᠤᠷᠢᠭ ᠲᠤ ᠲᠥᠰᠢᠭᠯᠡᠨ᠂ ᠵᠢᠶᠠᠩᠰᠤ ᠮᠤᠵᠢ ᠯᠤᠭ᠎ᠠ ᠶᠢᠨ ᠬᠠᠮᠵᠢᠯᠴᠠᠭ᠎ᠠ ᠪᠠᠨ ᠪᠥᠬᠦ ᠲᠠᠯ᠎ᠠ ᠪᠠᠷ ᠠᠬᠢᠭᠤᠯᠵᠤ᠂ ᠲᠡᠷᠢᠬᠦᠨ ᠤ ᠠᠵᠤ ᠥᠢᠯᠡᠰ ᠤᠨ ᠰᠢᠯᠵᠢᠬᠦᠯᠥᠯᠳᠡ ᠶᠢ ᠲᠥᠷᠬᠡᠳᠬᠡᠨ᠂ ᠡᠯᠧᠺᠲᠷᠤᠨ ᠰᠤᠷᠠᠭ ᠵᠠᠩᠭᠢ᠂ ᠰᠢᠨ᠎ᠡ ᠮᠠᠲ᠋ᠧᠷᠢᠶᠠᠯ᠂ ᠲᠣᠮᠤ ᠳ᠋ᠠᠶᠢᠲᠨ ᠵᠡᠷᠬᠡ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷ ᠲᠠᠢ ᠰᠢᠨ᠎ᠡ ᠬᠡᠯᠪᠡᠷᠢ ᠶᠢᠨ ᠠᠵᠤ ᠥᠢᠯᠡᠰ ᠤᠨ ᠤᠷᠤᠵᠤ ᠰᠠᠭᠤᠷᠢᠰᠢᠬᠤ ᠶᠢ ᠲᠥᠷᠬᠡᠳᠬᠡᠨ᠂ ᠥᠷᠢᠰᠥᠯᠳᠥᠬᠦ ᠬᠥᠴᠥᠨ ᠢᠶᠠᠷ ᠬᠠᠮᠤᠭ ᠴᠢᠩᠭ᠎ᠠ᠂ ᠲᠤᠮᠳᠠ ᠲᠡᠭᠡᠳᠥ ᠲᠡᠰ ᠤᠨ ᠲᠥᠬᠦᠬᠡᠷᠥᠮᠵᠢ ᠥᠢᠯᠡᠳᠪᠥᠷᠢᠯᠡᠬᠦ ᠥᠢᠯᠡᠰ ᠤᠨ ᠴᠤᠭᠯᠠᠷᠠᠯ ᠢ ᠪᠠᠶᠢᠭᠤᠯᠤᠨ᠎ᠠ᠃      ᠭᠤᠷᠪᠠ ᠳᠤ ᠰᠤᠶᠤᠯ ᠵᠢᠭᠤᠯᠴᠢᠯᠠᠯ ᠤᠨ ᠥᠢᠯᠡᠰ ᠢ ᠶᠡᠭᠡ ᠪᠠᠷ ᠬᠥᠭᠵᠢᠬᠦᠯᠵᠤ᠂ ᠪᠤᠳᠠᠳᠤ ᠠᠵᠤ ᠠᠬᠤᠢ ᠶᠢᠨ ᠰᠢᠨ᠎ᠡ ᠬᠥᠭᠵᠢᠯᠳᠡ ᠶᠢᠨ ᠪᠤᠯᠤᠮᠵᠢ ᠶᠢ ᠨᠡᠬᠡᠬᠡᠨ᠎ᠡ᠃  ᠪᠥᠬᠦ ᠬᠡᠪᠴᠢᠶᠡᠨ ᠤ ᠵᠢᠭᠤᠯᠴᠢᠯᠠᠯ᠂ ᠲᠥᠷᠪᠡᠨ ᠤᠯᠠᠷᠢᠯ ᠤᠨ ᠵᠢᠭᠤᠯᠴᠢᠯᠠᠯ ᠤᠨ ᠥᠢᠯᠡᠰ ᠢ ᠶᠡᠭᠡ ᠪᠠᠷ ᠬᠥᠭᠵᠢᠭᠦᠯᠵᠤ᠂ ᠪᠥᠬᠦ ᠬᠤᠳᠠ ᠶᠢᠨ ᠬᠡᠪᠴᠢᠶᠡᠨ ᠳᠤ ᠡᠩ ᠲᠡᠷᠢᠬᠦᠨ ᠳᠤ ᠪᠥᠬᠦ ᠬᠡᠪᠴᠢᠶᠡᠨ ᠤ ᠵᠢᠭᠤᠯᠴᠢᠯᠠᠯ ᠤᠨ ᠵᠢᠱᠢᠶ᠎ᠡ ᠥᠵᠡᠬᠦᠯᠥᠯᠳᠡ ᠶᠢᠨ ᠤᠷᠤᠨ ᠢ ᠪᠠᠶᠢᠭᠤᠯᠤᠨ᠎ᠠ᠃ ᠴᠢᠨᠠᠷ ᠲᠡᠰ ᠲᠠᠢ ᠵᠢᠭᠤᠯᠴᠢᠯᠠᠯ ᠤᠨ ᠥᠵᠡᠮᠵᠢ ᠶᠢᠨ ᠤᠷᠤᠨ ᠢ ᠴᠢᠷᠮᠠᠶᠢᠨ ᠪᠠᠶᠢᠭᠤᠯᠤᠨ᠎ᠠ᠃ ᠮᠤᠩᠭᠤᠯ ᠢᠵᠠᠭᠤᠷ ᠰᠤᠶᠤᠯ ᠤᠨ ᠡᠬᠢ ᠪᠠᠶᠠᠯᠢᠭ ᠢ ᠬᠥᠨᠵᠡᠬᠡᠢ ᠠᠭᠤᠳᠠᠯᠠᠨ᠂ ᠴᠢᠩᠭᠢᠰ ᠬᠠᠭᠠᠨ ᠤ ᠤᠡᠭᠭᠤᠨ ᠤ ᠵᠢᠭᠤᠯᠴᠢᠯᠠᠯ ᠤᠨ ᠤᠷᠤᠨ ᠤ ᠲᠠᠭᠠᠭᠤᠯᠤᠭᠴᠢ ᠶᠢᠨ ᠥᠢᠯᠡᠳᠥᠯ ᠢ ᠰᠠᠶᠢᠳᠤᠷ ᠪᠠᠳᠠᠷᠠᠭᠤᠯᠤᠨ᠂ ᠵᠢᠭᠤᠯᠴᠢᠯᠠᠯ ᠤᠨ ᠦᠢᠯᠡᠰ ᠤᠨ ᠦᠢᠯᠡᠴᠢᠯᠡᠭᠡᠨ ᠤ ᠴᠢᠳᠠᠪᠬᠢ ᠶᠢ ᠲᠡᠭᠦᠯᠳᠡᠷᠵᠢᠬᠦᠯᠥᠨ᠂  ᠴᠢᠨᠠᠷ ᠲᠡᠰ  ᠢ ᠳᠡᠭᠡᠭᠰᠢᠯᠡᠭᠦᠯᠦᠨ᠂ ᠵᠢᠭᠤᠯᠴᠢᠯᠠᠯ ᠤᠨ ᠰᠣᠳᠣᠨ ᠵᠠᠮ ᠢ ᠡᠭᠦᠳᠦᠨ᠂ ᠴᠢᠩᠭᠢᠰ ᠬᠠᠭᠠᠨ ᠤ ᠤᠡᠭᠭᠤᠨ ᠤ ᠵᠢᠭᠤᠯᠴᠢᠯᠠᠯ ᠤᠨ ᠤᠷᠤᠨ ᠢᠶᠠᠷ ᠲᠦᠪ ᠪᠤᠯᠭᠠᠵᠤ᠂ ᠡᠷᠳᠡᠨᠢ ᠶᠢᠨ ᠲᠤᠪᠴᠢ ᠰᠤᠶᠤᠯ ᠤᠨ ᠠᠵᠤ ᠥᠢᠯᠡᠰ ᠤᠨ ᠬᠥᠷᠢᠶᠡᠯᠡᠩ᠂ ᠥᠪᠥᠷ ᠮᠤᠩᠭᠤᠯ ᠤᠨ ᠪᠤᠷᠬᠠᠨ ᠱᠠᠰᠢᠨ ᠤ ᠰᠤᠶᠤᠯ ᠤᠨ ᠮᠥᠽᠸᠢ᠂ ᠰᠤᠪᠤᠷᠭ᠎ᠠ ᠶᠢᠨ ᠲᠠᠯ᠎ᠠ ᠨᠤᠳᠤᠭ᠂ ᠤᠯᠠᠭᠠᠠᠨᠠᠭᠤᠷ ᠨᠤᠭᠤ ᠭᠠᠵᠠᠷ ᠤᠨ ᠴᠡᠴᠡᠷᠯᠢᠭ᠂ ᠵᠢᠶᠥ᠋ᠨ ᠸᠠᠩ ᠤᠨ ᠤᠷᠳᠤᠨ ᠵᠡᠷᠬᠡ ᠶᠢᠨ ᠥᠵᠡᠮᠵᠢ ᠶᠢᠨ ᠤᠷᠤᠨ ᠢᠶᠠᠷ ᠲᠤᠯᠭᠠᠭᠤᠷᠢᠯᠠᠯ ᠪᠤᠯᠭᠠᠭᠰᠠᠨ ᠤᠬᠢ ᠰᠢᠯᠢᠳᠡᠭ ᠵᠢᠭᠤᠯᠴᠢᠯᠠᠯ ᠤᠨ ᠵᠠᠮ ᠱᠤᠭᠤᠮ ᠢ ᠭᠠᠷᠭᠠᠨ᠎ᠠ᠃ ᠡᠷᠳᠡᠨᠢ ᠶᠢᠨ ᠲᠤᠪᠴᠢ ᠰᠤᠶᠤᠯ ᠤᠨ ᠠᠵᠤ ᠥᠢᠯᠡᠰ ᠤᠨ ᠬᠥᠷᠢᠶᠡᠯᠡᠩ ᠤᠨ ᠨᠢᠬᠡ ᠬᠤᠶᠠᠳᠤᠭᠠᠷ ᠬᠤᠭᠤᠴᠠᠭᠠᠨ ᠤ ᠪᠠᠶᠢᠭᠤᠯᠤᠯᠳᠠ ᠶᠢᠨ ᠢᠨᠵᠧᠨᠧᠷᠢᠩ ᠢ ᠪᠥᠬᠦ ᠲᠠᠯ᠎ᠠ ᠪᠠᠷ ᠪᠠᠶᠢᠭᠤᠯᠤᠨ᠂ ᠥᠵᠡᠮᠵᠢ ᠶᠢᠨ ᠤᠷᠤᠨ ᠤ ᠥᠢᠯᠡᠴᠢᠯᠡᠭᠡ᠂ ᠰᠤᠶᠤᠯ ᠤᠨ ᠲᠡᠯᠬᠡᠨ ᠦᠵᠡᠭᠦᠯᠦᠯᠭᠡ᠂ ᠺᠢᠨᠣ᠋ ᠲᠧᠯᠧᠰ ᠰᠡᠬᠦᠳᠡᠷᠯᠡᠬᠦ ᠴᠢᠳᠠᠪᠬᠢ ᠶᠢ  ᠲᠡᠭᠦᠯᠳᠡᠷᠵᠢᠭᠦᠯᠵᠤ᠂ ᠬᠦᠷᠢᠶᠡᠯᠡᠩ  ᠎ ᠤᠨ ᠥᠨᠳᠥᠷ ᠠᠰᠢᠭᠳᠤ ᠡᠵᠡᠩᠨᠡᠯᠳᠡ ᠶᠢ ᠢᠳᠡᠪᠬᠢᠳᠡᠢ ᠠᠬᠢᠭᠤᠯᠤᠨ᠂ ᠤᠯᠤᠰ ᠤᠨ ᠲᠡᠰ ᠤᠨ ᠮᠤᠩᠭᠤᠯ ᠢᠵᠠᠭᠤᠷ ᠰᠤᠶᠤᠯ ᠤᠨ ᠰᠤᠳᠤᠯᠭᠠᠨ ᠤ ᠲᠡᠯᠬᠡᠨ ᠥᠵᠡᠬᠦᠯᠥᠯᠳᠡ ᠤᠨ ᠰᠠᠭᠤᠷᠢᠨ ᠪᠤᠯᠤᠨ ᠪᠥᠬᠦ ᠤᠯᠤᠰ ᠤᠨ ᠠᠩᠬᠠᠳᠠᠭᠴᠢ ᠮᠤᠩᠭᠤᠯ ᠢᠵᠠᠭᠤᠷ ᠰᠤᠶᠤᠯ ᠤᠨ ᠵᠢᠭᠤᠯᠴᠢᠯᠠᠯ ᠤᠨ ᠶᠡᠷᠥᠩᠭᠡᠶᠢᠯᠡᠭᠰᠡᠨ ᠴᠤᠭᠴᠠ ᠶᠢ ᠪᠠᠶᠢᠭᠤᠯᠤᠨ᠂ ᠤᠯᠤᠰ ᠤᠨ 5A ᠲᠡᠰ ᠤᠨ ᠵᠢᠭᠤᠯᠴᠢᠯᠠᠯ ᠤᠨ ᠤᠷᠤᠨ ᠪᠤᠯᠭᠠᠨ ᠪᠠᠶᠢᠭᠤᠯᠬᠤ ᠪᠠᠷ ᠴᠢᠷᠮᠠᠶᠢᠨ᠎ᠠ᠃ ᠵᠠᠬ᠎ᠠ ᠲᠡᠯᠬᠡᠬᠦᠷᠴᠢᠯᠡᠭᠰᠡᠨ ᠠᠷᠭ᠎ᠠ ᠠᠪᠴᠠᠯ ᠢᠶᠠᠷ ᠡᠷᠬᠢᠬᠦᠯᠬᠡᠨ ᠲᠤᠬᠤᠢ᠂ ᠰᠢᠪᠠᠷᠳᠠᠢ ᠵᠡᠷᠬᠡ ᠶᠢᠨ ᠥᠵᠡᠮᠵᠢ ᠶᠢᠨ ᠤᠷᠤᠨ ᠤ ᠪᠠᠶᠢᠭᠤᠯᠤᠯᠳᠠ ᠶᠢ ᠲᠥᠷᠬᠡᠳᠬᠡᠵᠤ᠂ ᠤᠯᠠᠭᠠᠠᠨᠠᠭᠤᠷ  ᠨᠤᠭᠤ ᠭᠠᠵᠠᠷ ᠤᠨ ᠴᠡᠴᠡᠷᠯᠢᠭ ᠢ ᠪᠠᠶᠢᠭᠤᠯᠤᠨ᠂ ᠭᠤᠤᠯ ᠬᠤᠳᠠ ᠲᠤᠭᠤᠷᠢᠭ ᠤᠨ ᠬᠤᠤᠰ ᠥᠬᠡᠢ ᠰᠠᠶᠢᠬᠠᠨ ᠤᠰᠤᠨ ᠲᠡᠭᠡᠷᠡᠬᠢ ᠠᠮᠢ ᠠᠬᠤᠢ ᠶᠢᠨ  ᠴᠡᠩᠬᠡᠯ ᠤᠨ ᠬᠦᠷᠢᠶᠡᠯᠡᠩ ᠢ ᠪᠠᠶᠢᠭᠤᠯᠤᠨ᠎ᠠ᠃ ᠮᠤᠷᠢᠨ ᠤ ᠠᠵᠤ ᠥᠢᠯᠡᠰ ᠢ ᠬᠥᠮᠥᠵᠢᠬᠦᠯᠥᠨ ᠪᠤᠵᠠᠭᠠᠶᠢᠷᠠᠭᠤᠯᠵᠤ᠂ ᠢ ᠲᠠᠢ ᠶᠡᠭᠡ ᠭᠤᠪᠢ ᠶᠢᠨ ᠮᠤᠷᠢᠨ ᠤ ᠥᠢᠯᠡᠰ ᠤᠨ ᠮᠤᠷᠢ ᠪᠤᠶᠢᠵᠢᠭᠤᠯᠬᠤ  ᠠᠵᠤ ᠦᠢᠯᠡᠰ ᠎ ᠤᠨ ᠲᠥᠷᠥᠯ ᠵᠤᠶᠢᠯ ᠢ  ᠬᠦᠴᠦᠯᠡᠨ ᠳᠡᠮᠵᠢᠵᠤ  ᠂ ︽ᠲᠤᠮᠳᠠᠳᠤ ᠤᠯᠤᠰ ᠤᠨ ᠡᠵᠡᠨ ᠬᠤᠷᠤᠭ᠎ᠠ ᠶᠢᠨ ᠮᠤᠷᠢᠨ ᠤ ᠬᠠᠷᠢᠶᠠᠯᠠᠯ ᠠᠮᠢᠳᠠᠳ ᠤᠨ ᠡᠪᠡᠳᠴᠢᠨ ᠬᠢᠵᠢᠭ ᠥᠬᠡᠢ ᠤᠷᠤᠨ︾᠎ ᠢ ᠪᠠᠶᠢᠭᠤᠯᠤᠨ᠂ ᠤᠷᠳᠤᠰ ᠤᠨ ᠤᠯᠠᠨ ᠤᠯᠤᠰ ᠤᠨ ᠮᠤᠷᠢ ᠪᠤᠶᠢᠵᠢᠭᠤᠯᠬᠤ ᠰᠠᠭᠤᠷᠢᠨ ᠭᠠᠵᠠᠷ ᠢ ᠪᠠᠶᠢᠭᠤᠯᠤᠨ᠎ᠠ᠃ ︽ᠤᠶᠤᠨ ᠪᠢᠯᠢᠭᠳᠦ ᠵᠢᠭᠤᠯᠴᠢᠯᠠᠯ︾᠂ ︽ᠵᠤᠷᠯᠤᠩ ᠤᠨ ᠥᠬᠡᠷᠡᠴᠢᠯᠡᠯᠳᠡ︾ ᠪᠤᠯᠤᠨ ᠵᠢᠭᠤᠯᠴᠢᠯᠠᠯ ᠤᠨ ᠥᠢᠯᠡᠴᠢᠯᠡᠬᠡᠨ ᠤ ᠴᠢᠨᠠᠷ ᠢ ᠲᠡᠭᠡᠭᠰᠢᠯᠡᠬᠦᠯᠬᠦ ᠠᠵᠢᠯᠯᠠᠭ᠎ᠠ ᠶᠢ ᠥᠷᠬᠦᠯᠵᠢᠯᠡᠨ ᠠᠬᠢᠭᠤᠯᠵᠤ᠂ ᠥᠵᠡᠮᠵᠢ ᠶᠢᠨ ᠤᠷᠤᠨ ᠤ ᠶᠡᠷᠥᠩᠭᠡᠶᠢᠯᠡᠭᠰᠡᠨ ᠥᠢᠯᠡᠴᠢᠯᠡᠬᠡᠨ ᠤ ᠬᠢᠷᠢ ᠲᠥᠪᠰᠢᠨ ᠢ ᠪᠥᠬᠦ ᠲᠠᠯ᠎ᠠ ᠪᠠᠷ ᠲᠡᠭᠡᠭᠰᠢᠯᠡᠬᠦᠯᠥᠨ᠎ᠡ᠃ ᠵᠢᠭᠤᠯᠴᠢᠯᠠᠯ ᠤᠨ  ᠲᠤᠰᠬᠠᠢ ᠵᠠᠮ ᠱᠤᠭᠤᠮ᠂ ᠥᠵᠡᠮᠵᠢ ᠶᠢᠨ ᠱᠤᠭᠤᠮ᠂ ᠮᠤᠷᠢᠨ ᠵᠠᠮ ᠪᠤᠯᠤᠨ ᠮᠤᠷᠢ ᠤᠨᠤᠵᠤ ᠠᠶᠠᠯᠠᠬᠤ ᠵᠠᠮ ᠱᠤᠭᠤᠮ ᠢ ᠨᠢᠬᠡᠳᠥᠯᠳᠡᠢ ᠲᠥᠯᠥᠪᠵᠢᠬᠦᠯᠥᠨ ᠪᠠᠶᠢᠭᠤᠯᠵᠤ᠂ ᠥᠵᠡᠮᠵᠢ ᠶᠢᠨ ᠤᠷᠤᠨ ᠨᠤᠭᠤᠳ ᠬᠠᠷᠢᠯᠴᠠᠨ ᠬᠠᠮᠵᠢᠯᠴᠠᠵᠤ ᠬᠠᠷᠢᠯᠴᠠᠨ ᠨᠡᠪᠳᠡᠷᠡᠯᠴᠡᠨ᠂ ᠵᠤᠭᠠᠴᠠᠭᠰᠠᠳ ᠤᠨ ︽ᠬᠤᠷᠳᠤᠨ ᠬᠥᠷᠴᠥ ᠤᠳᠠᠭᠠᠨ ᠲᠤᠭᠤᠷᠢᠬᠤ︾᠎ ᠶᠢ ᠪᠡᠶᠡᠯᠡᠬᠦᠯᠥᠨ᠎ᠡ᠃ ᠵᠢᠭᠤᠯᠴᠢᠯᠠᠯ ᠤᠨ ᠰᠢᠨ᠎ᠡ‌ᠥᠢᠯᠡᠰ ᠤᠨ  ᠪᠠᠶᠢᠳᠠᠯ ᠢ ᠪᠦᠬᠦ ᠬᠦᠴᠦ ᠪᠠᠷ ᠬᠦᠭᠵᠢᠭᠦᠯᠦᠨ᠎ᠡ᠃ ︽ᠵᠢᠭᠤᠯᠴᠢᠯᠠᠯ + ᠰᠤᠶᠤᠯ︾᠂ ︽ᠵᠢᠭᠤᠯᠴᠢᠯᠠᠯ + ᠪᠡᠶ᠎ᠡ ᠲᠠᠮᠢᠷ︾᠂ ︽ᠵᠢᠭᠤᠯᠴᠢᠯᠠᠯ + ᠡᠷᠡᠬᠦᠯᠵᠢᠯ ᠰᠤᠪᠢᠯᠠᠯ︾ ᠵᠡᠷᠬᠡ ᠶᠢᠨ ᠬᠠᠮ ᠬᠡᠯᠪᠡᠷᠢ ᠶᠢᠨ ᠰᠢᠨ᠎ᠡ ᠦᠢᠯᠡᠰ ᠤᠨ ᠪᠠᠶᠢᠳᠠᠯ ᠢ ᠢᠳᠡᠪᠬᠢᠳᠡᠢ ᠬᠥᠭᠵᠢᠬᠦᠯᠥᠨ᠂ ᠵᠢᠭᠤᠯᠴᠢᠯᠠᠯ ᠤᠨ ᠬᠡᠷᠡᠭᠯᠡᠬᠡᠨ ᠤ ᠰᠢᠨ᠎ᠡ ᠬᠢᠯᠠᠰ ᠴᠡᠭ ᠢ ᠴᠣᠭᠴᠠᠯᠠᠨ᠎ᠠ᠃ ᠴᠠᠰᠤ ᠮᠥᠰᠥᠨ ᠤ ᠵᠢᠭᠤᠯᠴᠢᠯᠠᠯ᠂ ᠡᠪᠥᠯ ᠤᠨ ᠤᠯᠠᠷᠢᠯ ᠤᠨ ᠵᠢᠭᠠᠰᠤ ᠬᠥᠬᠢᠳᠡᠬᠦ ᠵᠡᠷᠬᠡ ᠶᠢᠨ ᠡᠪᠥᠯ ᠤᠨ ᠤᠯᠠᠷᠢᠯ ᠤᠨ ᠵᠢᠭᠤᠯᠴᠢᠯᠠᠯ ᠤᠨ ᠪᠥᠳᠥᠬᠡᠭᠳᠡᠭᠦᠨ ᠢ ᠨᠡᠬᠡᠬᠡᠨ᠂ ᠮᠠᠶᠢᠬᠠᠨ ᠤ ᠬᠤᠧᠠᠷᠠᠨ᠂ ᠡᠯᠡᠰᠥᠨ ᠣᠷᠣᠢ ᠶᠢᠨ ᠴᠡᠴᠡᠷᠯᠢᠭ᠂ ᠥᠷᠬᠡᠳᠬᠡᠯ ᠪᠤᠯᠪᠠᠰᠤᠷᠠᠯ ᠵᠡᠷᠬᠡ ᠶᠢᠨ ᠬᠡᠬᠡᠷ᠎ᠡ ᠭᠠᠳᠠᠨᠠᠬᠢ ᠰᠡᠯᠡᠬᠦᠴᠠᠯ ᠤᠨ ᠲᠥᠷᠥᠯ ᠵᠤᠶᠢᠯ ᠢ ᠲᠦᠷᠭᠡᠳᠬᠡᠨ ᠪᠠᠶᠢᠭᠤᠯᠵᠤ᠂ ᠠᠵᠤ ᠥᠢᠯᠡᠳᠪᠥᠷᠢ ᠶᠢᠨ ᠵᠢᠭᠤᠯᠴᠢᠯᠠᠯ᠂ ᠡᠷᠡᠬᠦᠯᠵᠢᠯ ᠰᠤᠪᠢᠯᠠᠯᠳᠠ ᠶᠢᠨ ᠵᠢᠭᠤᠯᠴᠢᠯᠠᠯ ᠵᠡᠷᠬᠡ ᠶᠢᠨ ᠬᠡᠪᠴᠢᠶ᠎ᠡ ᠠᠯᠤᠰᠯᠠᠭᠰᠠᠨ ᠵᠢᠭᠤᠯᠴᠢᠯᠠᠯ ᠤᠨ ᠦᠢᠯᠡᠰ ᠤᠨ ᠪᠠᠶᠢᠳᠠᠯ ᠢ ᠰᠢᠨ᠎ᠡ ᠪᠠᠷ ᠨᠡᠬᠡᠬᠡᠨ ᠬᠥᠭᠵᠢᠬᠦᠯᠵᠤ ᠂ ᠠᠷᠠᠳ ᠤᠨ ᠭᠡᠷ ᠲᠤ ᠬᠤᠨᠤᠭᠯᠠᠬᠤ ᠤᠨᠴᠠᠯᠢᠭᠳᠤ ᠵᠢᠭᠤᠯᠴᠢᠯᠠᠯ᠂ ᠰᠤᠷᠴᠤ ᠰᠤᠳᠤᠯᠤᠨ ᠵᠢᠭᠤᠯᠴᠢᠯᠠᠬᠤ᠂ ᠬᠤᠪᠢᠰᠬᠠᠯ ᠤᠨ ᠤᠷᠤᠨ ᠳᠤ ᠵᠢᠭᠤᠯᠴᠢᠯᠠᠬᠤ ᠵᠡᠷᠬᠡ ᠎ ᠶᠢᠨ ᠤᠨᠴᠠᠯᠢᠭᠳᠤ ᠵᠢᠭᠤᠯᠴᠢᠯᠠᠯ ᠤᠨ ᠨᠡᠷ᠎ᠡ ᠲᠡᠮᠳᠡᠭ ᠢ ᠪᠤᠢ ᠪᠤᠯᠭᠠᠨ᠂  ᠤᠶᠢᠷ᠎ᠠ ᠬᠠᠪᠢ ᠪᠠᠷ ᠵᠢᠭᠤᠯᠴᠢᠯᠠᠬᠤ᠂ ᠭᠠᠷᠠᠭ ᠤᠨ ᠰᠡᠬᠦᠯᠴᠢ ᠪᠠᠷ ᠵᠢᠭᠤᠯᠴᠢᠯᠠᠬᠤ᠂ ᠥᠪᠡᠷ ᠢᠶᠠᠨ ᠮᠠᠰᠢᠨ ᠵᠢᠯᠣᠭᠤᠳᠴᠣ ᠵᠢᠭᠤᠯᠴᠢᠯᠠᠬᠤ ᠶᠢ ᠳᠠᠶᠢᠴᠢᠯᠠᠨ ᠬᠥᠭᠵᠢᠬᠦᠯᠵᠤ᠂ ᠪᠥᠬᠦ ᠬᠡᠪᠴᠢᠶᠡᠨ ᠤ ᠵᠢᠭᠤᠯᠴᠢᠯᠠᠯ ᠤᠨ ᠥᠢᠯᠡᠰ ᠤᠨ ᠤᠯᠠᠷᠢᠯ ᠤᠨ ᠬᠢᠵᠠᠭᠠᠷᠯᠠᠯ ᠢ ᠡᠪᠳᠡᠨ᠂ ᠵᠢᠭᠤᠯᠴᠢᠯᠠᠯ ᠤᠨ ᠬᠡᠷᠡᠭᠯᠡᠭᠡ ᠶᠢ ᠲᠡᠭᠡᠳᠥ ᠴᠢᠨᠠᠷ ᠲᠡᠰ  ᠵᠦᠭ ᠬᠦᠭᠵᠢᠭᠦᠯᠬᠦ᠂ ᠵᠢᠭᠤᠯᠴᠢᠯᠠᠬᠤ ᠠᠷᠭ᠎ᠠ  ᠎ ᠶᠢ ︽ᠬᠤᠨᠣᠭᠯᠠᠨ ᠵᠢᠭᠤᠯᠴᠢᠯᠠᠬᠤ ︾ ᠵᠦᠭ ᠬᠤᠪᠢᠷᠭᠠᠨ᠎ᠠ᠃ ᠰᠤᠶᠤᠯ ᠤᠨ ᠵᠢᠭᠤᠯᠴᠢᠯᠠᠯ ᠤᠨ  ᠨᠡᠷᠡᠳᠦ ᠲᠡᠮᠳᠡᠭ ᠢ ᠪᠥᠬᠦ ᠲᠠᠯ᠎ᠠ ᠪᠠᠷ ᠪᠤᠰᠬᠠᠨ᠎ᠠ᠃ᠡᠵᠡᠨ ᠬᠤᠷᠤᠭ᠎ᠠ ᠬᠤᠰᠢᠭᠤᠨ ᠤ ᠤᠯᠠᠨ ᠤᠯᠤᠰ ᠎ ᠤᠨ ᠨᠢᠰᠬᠡᠯ ᠤᠨ ᠪᠠᠭᠤᠳᠠᠯ ᠪᠤᠯᠤᠨ ᠤᠷᠳᠤᠰ ᠤᠨ ᠭᠠᠯᠳᠥ ᠲᠡᠷᠭᠡᠨ ᠤ ᠥᠷᠳᠡᠬᠡᠨ ᠤ ᠲᠠᠪᠠᠭᠤᠯᠢᠭ ᠲᠤ ᠲᠥᠰᠢᠭᠯᠡᠵᠤ᠂ ᠴᠢᠩᠭᠢᠰ ᠬᠠᠭᠠᠨ ᠵᠢᠴᠢ ᠮᠤᠩᠭᠤᠯ ᠢᠵᠠᠭᠤᠷ ᠰᠤᠶᠤᠯ ᠤᠨ ᠲᠡᠯᠡᠬᠡᠢ ᠳᠠᠬᠢ ᠨᠡᠷ᠎ᠡ ᠨᠥᠯᠥᠬᠡ ᠶᠢ ᠠᠰᠢᠭᠯᠠᠨ᠂ ᠲᠤᠤᠷ ᠰᠥᠯᠵᠢᠶ᠎ᠡ ᠶᠢ ᠠᠰᠢᠭᠯᠠᠭᠰᠠᠨ ᠦᠢᠯᠡᠳᠦᠯᠴᠡᠨ ᠡᠵᠡᠩᠨᠡᠨ ᠪᠣᠷᠤᠯᠠᠭᠤᠯᠬᠤ᠂ ᠨᠠᠷᠢᠯᠢᠭ ᠤᠨᠤᠪᠴᠢᠳᠠᠢ ᠡᠵᠡᠩᠨᠡᠨ ᠪᠣᠷᠤᠯᠠᠭᠤᠯᠬᠤ ᠶᠢ ᠠᠬᠢᠭᠤᠯᠤᠨ᠂ ᠡᠵᠡᠨ ᠬᠤᠷᠤᠭ᠎ᠠ ᠶᠢᠨ ᠵᠢᠭᠤᠯᠴᠢᠯᠠᠯ ᠤᠨ ᠠᠯᠳᠠᠷᠰᠢᠯ ᠢ ᠳᠡᠭᠡᠭᠰᠢᠯᠡᠭᠦᠯᠦᠨ᠂ ︽ᠲᠡᠭᠷᠢᠯᠢᠭ ᠲᠠᠷᠬᠠᠨ ᠤᠷᠤᠨ᠂ ᠡᠵᠡᠨ ᠬᠤᠷᠤᠭ᠎ᠠ︾᠎ ᠶᠢᠨ ᠵᠢᠭᠤᠯᠴᠢᠯᠠᠯ ᠤᠨ ᠨᠡᠷᠡᠳᠦ ᠲᠡᠮᠳᠡᠭ ᠢ ᠪᠤᠢ ᠪᠣᠯᠭᠠᠨ᠂ ᠤᠯᠤᠰ ᠤᠨ ᠲᠤᠳᠤᠭᠠᠳᠤ ᠭᠠᠳᠠᠭᠠᠳᠤ ᠳᠤ ᠠᠯᠳᠠᠷ ᠲᠠᠢ ᠵᠢᠭᠤᠯᠴᠢᠯᠠᠯ ᠤᠨ ᠤᠷᠤᠨ ᠪᠤᠯᠭᠠᠨ ᠪᠠᠶᠢᠭᠤᠯᠤᠨ᠎ᠠ᠃ ᠬᠤᠶᠢᠰᠢᠳᠠ ᠶᠢᠨ ᠲᠠᠪᠤᠨ ᠵᠢᠯ ᠳᠤ᠂  ᠵᠤᠭᠠᠴᠠᠭᠰᠠᠳ ᠢ ᠬᠥᠯᠢᠶᠡᠨ ᠵᠤᠴᠢᠯᠠᠬᠤ ᠬᠡᠮᠵᠢᠶ᠎ᠡ ᠪᠤᠯᠤᠨ ᠵᠢᠭᠤᠯᠴᠢᠯᠠᠯ ᠤᠨ ᠤᠷᠤᠯᠭ᠎ᠠ ᠶᠢ ᠵᠢᠯ ᠪᠥᠷᠢ ᠲᠤᠰ ᠲᠤᠰ 15%᠎ ᠠᠴᠠ ᠲᠡᠭᠡᠭᠰᠢ ᠪᠤᠯᠭᠠᠨ᠎ᠠ᠃      ᠲᠥᠷᠪᠡ ᠳᠤ ᠣᠳᠣᠬᠢᠴᠢᠯᠠᠭᠰᠠᠨ ᠥᠢᠯᠡᠴᠢᠯᠡᠬᠡᠨ ᠤ ᠥᠢᠯᠡᠰ ᠤᠨ ᠬᠥᠭᠵᠢᠯᠳᠡ ᠶᠢ ᠲᠥᠷᠬᠡᠳᠬᠡᠵᠤ᠂ ᠪᠤᠳᠠᠳᠤ ᠴᠤᠭᠴᠠᠳᠤ ᠠᠵᠤ ᠠᠬᠤᠢ ᠶᠢᠨ ᠰᠢᠨ᠎ᠡ ᠠᠮᠢᠯᠠᠯ ᠤᠨ ᠬᠥᠴᠥᠨ ᠢ  ᠳᠠᠶᠢᠴᠢᠯᠠᠨ᠎ᠠ᠃  ᠡᠵᠡᠨ ᠬᠤᠷᠤᠭ᠎ᠠ ᠬᠤᠰᠢᠭᠤ ᠤᠯᠤᠰ ᠤᠨ ᠨᠢᠰᠬᠡᠯ ᠤᠨ ᠪᠠᠭᠤᠳᠠᠯ ᠤᠨ ᠠᠭᠠᠷ ᠠᠶᠠᠯᠠᠯ ᠤᠨ ᠵᠠᠩᠭᠢᠯᠠᠭ᠎ᠠ ᠪᠤᠯᠤᠨ ᠠᠭᠠᠷ ᠠᠶᠠᠯᠠᠯ ᠤᠨ ᠭᠠᠷᠠᠮ ᠤᠨ ᠶᠡᠷᠥᠩᠭᠡᠶᠢᠯᠡᠭᠰᠡᠨ ᠭᠠᠶᠢᠯᠢ ᠪᠠᠳᠤᠯᠠᠬᠤ ᠤᠷᠤᠨ ᠤ ᠲᠠᠪᠠᠭᠤᠯᠢᠭ ᠲᠤ ᠲᠥᠰᠢᠭᠯᠡᠨ᠂ ᠠᠭᠠᠷ ᠠᠶᠠᠯᠠᠯ ᠤᠨ ᠪᠤᠳᠠᠰ ᠤᠨ ᠭᠦᠢᠯᠭᠡᠭᠡ᠂ ᠬᠦᠯᠳᠡᠭᠦᠷ ᠢᠳᠡᠭᠡᠨ ᠤ ᠬᠡᠯᠬᠢᠶᠡᠳᠦ ᠪᠣᠳᠠᠰ ᠤᠨ ᠬᠦᠢᠯᠭᠡᠭᠡ ᠵᠡᠷᠭᠡ ᠰᠢᠨ᠎ᠡ ᠪᠠᠷ ᠬᠦᠭᠵᠢᠵᠦ ᠪᠠᠶᠢᠭ᠎ᠠ  ᠪᠤᠳᠠᠰ ᠤᠨ ᠭᠦᠢᠯᠭᠡᠭᠡᠨ ᠤ ᠦᠢᠯᠡᠰ ᠢ ᠢᠳᠡᠪᠬᠢᠳᠠᠢ ᠬᠦᠭᠵᠢᠭᠦᠯᠦᠨ᠎ᠡ᠃  ᠯᠣᠩᠬᠤ ᠶᠢᠨ ᠵᠠᠪᠠ ᠥᠷᠳᠡᠬᠡᠨ ᠤ ᠡᠳ᠋ ᠪᠠᠷᠠᠭᠠᠨ ᠤ ᠲᠠᠯᠠᠪᠠᠢ ᠵᠢᠴᠢ ᠲᠡᠮᠥᠷ ᠵᠠᠮ ᠤᠨ ᠲᠤᠰᠬᠠᠢ ᠱᠤᠭᠤᠮ ᠤᠨ ᠪᠠᠶᠢᠭᠤᠯᠤᠯᠳᠠ ᠶᠢ ᠪᠥᠬᠦ ᠲᠠᠯ᠎ᠠ ᠎ ᠪᠠᠷ ᠠᠬᠢᠭᠤᠯᠤᠨ᠂ ᠪᠥᠬᠦ ᠬᠤᠳᠠ ᠵᠢᠴᠢ ᠤᠶᠢᠷ᠎ᠠ ᠬᠠᠪᠢ ᠶᠢᠨ ᠭᠠᠵᠠᠷ ᠤᠷᠤᠨ ᠤ ᠨᠥᠯᠦᠭᠡᠯᠡᠭᠰᠡᠨ ᠲᠡᠷᠢᠬᠦᠨ ᠤ  ᠪᠦᠷᠢᠨ ᠪᠠᠷᠠᠭ᠎ᠠ ᠶᠢ ᠲᠥᠪᠯᠡᠷᠡᠬᠦᠯᠥᠨ ᠲᠠᠷᠬᠠᠭᠠᠬᠤ ᠭᠠᠵᠠᠷ ᠢ ᠪᠠᠶᠢᠭᠤᠯᠤᠨ᠎ᠠ᠃ ᠤᠷᠤᠨ ᠨᠤᠳᠤᠭ ᠤᠨ ᠮᠠᠰᠢᠨ ᠲᠡᠷᠬᠡᠨ ᠤ ᠵᠥᠬᠡᠬᠡᠪᠥᠷᠢᠯᠡᠯᠳᠡ ᠶᠢᠨ  ᠪᠥᠯᠥᠭᠯᠡᠯ ᠢ ᠪᠤᠵᠠᠭᠠᠶᠢᠷᠠᠭᠤᠯᠤᠨ ᠪᠤᠶᠢᠵᠢᠭᠤᠯᠵᠤ᠂ ᠲᠡᠮᠥᠷ ᠵᠠᠮ ᠤᠨ ᠲᠡᠭᠡᠭᠡᠪᠥᠷᠢ᠂ ᠠᠯᠤᠰ ᠤᠨ ᠵᠥᠬᠡᠬᠡᠪᠥᠷᠢ ᠪᠤᠯᠤᠨ ᠤᠶᠢᠷ᠎ᠠ ᠬᠠᠪᠢ ᠶᠢᠨ ᠵᠥᠬᠡᠬᠡᠪᠥᠷᠢᠯᠡᠯᠳᠡ ᠶᠢ ᠨᠢᠬᠡᠳᠥᠯᠳᠡᠢ ᠲᠥᠯᠥᠪᠵᠢᠬᠦᠯᠥᠨ ᠠᠳᠬᠤᠵᠤ᠂ ᠨᠡᠭᠦᠷᠡᠰᠦ ᠵᠦᠭᠡᠭᠡᠪᠦᠷᠢᠯᠡᠬᠦ ᠮᠠᠰᠢᠨ ᠲᠡᠷᠭᠡ ᠶᠢ ᠺᠤᠮᠫᠠᠨᠢᠴᠢᠯᠠᠭᠰᠠᠨ ᠬᠠᠷᠢᠶᠠᠯᠠᠯ ᠭᠠᠵᠠᠷ ᠲᠤ ᠲᠠᠩᠰᠠᠯᠠᠨ ᠬᠠᠮᠢᠶᠠᠷᠴᠤ᠂ ᠵᠥᠬᠡᠬᠡᠪᠥᠷᠢᠯᠡᠯᠳᠡ ᠶᠢᠨ ᠭᠠᠶᠢᠯᠢ ᠶᠢ ᠤᠷᠤᠨ ᠨᠤᠳᠤᠭ ᠲᠤ ᠲᠠᠩᠰᠠᠯᠠᠨ ᠲᠤᠰᠢᠶᠠᠬᠤ ᠶᠢ ᠪᠡᠶᠡᠯᠡᠬᠦᠯᠥᠨ᠎ᠡ᠃ ᠨᠡᠬᠦᠷᠡᠰᠥᠨ ᠤ ᠡᠵᠡᠩᠨᠡᠯᠳᠡ ᠪᠤᠷᠤᠯᠠᠭᠤᠯᠤᠯᠳᠠ ᠶᠢ ᠨᠢᠬᠡᠳᠥᠯᠳᠡᠢ ᠲᠠᠰᠤᠯᠤᠨ ᠪᠤᠳᠤᠬᠤ ᠲᠠᠪᠴᠠᠩ ᠢ ᠰᠥᠪᠡᠭᠴᠢᠯᠡᠨ ᠪᠠᠶᠢᠭᠤᠯᠵᠤ᠂ ᠤᠷᠤᠨ ᠨᠤᠳᠤᠭ ᠤᠨ ᠨᠡᠬᠦᠷᠡᠰᠥ ᠶᠢ ᠦᠢᠯᠡᠳᠪᠦᠷᠢᠯᠡᠨ ᠪᠣᠷᠤᠯᠠᠭᠤᠯᠬᠤ᠂ ᠠᠯᠤᠰ ᠤᠨ ᠵᠦᠭᠡᠭᠡᠪᠦᠷᠢ ᠪᠠ ᠣᠶᠢᠷ᠎ᠡ ᠬᠠᠪᠢ ᠶᠢᠨ ᠵᠦᠭᠡᠭᠡᠪᠦᠷᠢᠯᠡᠯᠳᠡ ᠎ ᠶᠢ ᠳᠠᠪᠴᠠᠩ ᠳᠤ ᠣᠷᠤᠭᠤᠯᠤᠨ ᠳᠦᠷᠢᠮᠵᠢᠭᠦᠯᠦᠨ ᠬᠠᠮᠢᠶᠠᠷᠴᠦ᠂ ᠡᠯ᠎ᠡ ᠲᠥᠷᠥᠯ ᠤᠨ ᠭᠠᠶᠢᠯᠢ ᠶᠢ ᠬᠠᠷᠢᠶᠠᠯᠠᠯ ᠭᠠᠵᠠᠷ ᠲᠤ ᠨᠢ ᠲᠠᠰᠤᠯᠤᠨ ᠪᠤᠳᠤᠬᠤ ᠶᠢ  ᠪᠡᠶᠡᠯᠡᠬᠦᠯᠥᠨ᠎ᠡ᠃ ᠵᠠᠰᠠᠭ  ᠡᠳ᠋ ᠪᠠᠷᠠᠭᠠᠨ ᠤ ᠬᠥᠷᠢᠶᠡᠯᠡᠩ  ᠂  ᠡᠵᠡᠨ ᠬᠤᠷᠤᠭ᠎ᠠ ᠬᠤᠰᠢᠭᠤᠨ ᠤ ᠨᠡᠬᠦᠷᠡᠰᠥᠨ ᠤ  ᠡᠳ᠋ ᠪᠠᠷᠠᠭᠠᠨ ᠤ ᠬᠥᠢᠯᠬᠡᠬᠡᠨ ᠤ ᠬᠦᠷᠢᠶᠡᠯᠡᠩ ᠤᠨ ᠬᠥᠮᠥᠷᠬᠡᠯᠡᠨ ᠬᠠᠳᠠᠭᠠᠯᠠᠬᠤ ᠪᠤᠳᠠᠰ ᠤᠨ ᠬᠥᠢᠯᠬᠡᠬᠡ ᠵᠢᠴᠢ ᠤᠬᠢᠶᠠᠵᠤ ᠰᠤᠩᠭᠤᠬᠤ ᠲᠦᠬᠦᠷᠵᠢᠭᠰᠡᠨ ᠥᠢᠯᠡᠴᠢᠯᠡᠭᠡ ᠶᠢᠨ ᠲᠥᠬᠦᠬᠡᠷᠥᠮᠵᠢ ᠶᠢᠨ ᠪᠠᠶᠢᠭᠤᠯᠤᠯᠳᠠ ᠶᠢ ᠲᠥᠷᠬᠡᠳᠬᠡᠨ ᠠᠬᠢᠭᠤᠯᠵᠤ᠂ ᠨᠡᠬᠦᠷᠡᠰᠥᠨ ᠤ ᠡᠳ᠋ ᠪᠠᠷᠠᠭᠠᠨ ᠤ ᠭᠦᠢᠯᠭᠡᠭᠡᠨ ᠤ ᠦᠢᠯᠡᠰ ᠢ ᠤᠯᠠᠮ ᠨᠢᠬᠡ ᠠᠯᠬᠤᠮ ᠪᠤᠵᠠᠭᠠᠶᠢᠷᠠᠭᠤᠯᠤᠨ᠎ᠠ᠃ 2022 ᠤᠨ ᠪᠤᠯᠳᠠᠯ᠎ᠠ᠂ ᠪᠥᠬᠦ ᠤᠷᠤᠨ ᠤ ᠲᠡᠷᠢᠬᠦᠨ ᠤ ᠤᠳᠤ ᠥᠶ᠎ᠡ ᠶᠢᠨ ᠨᠡᠬᠦᠷᠡᠰᠥᠨ ᠤ ᠡᠳ᠋ ᠪᠠᠷᠠᠭᠠᠨ ᠤ ᠬᠥᠢᠯᠬᠡᠬᠡᠨ ᠤ ᠲᠥᠪᠯᠡᠷᠡᠬᠦᠯᠥᠨ ᠲᠠᠷᠬᠠᠭᠠᠬᠤ ᠰᠠᠭᠤᠷᠢᠨ ᠪᠤᠯᠤᠨ ᠪᠠᠷᠠᠭᠤᠨ ᠬᠤᠶᠢᠳᠤ ᠶᠢᠨ ᠭᠠᠵᠠᠷ ᠤᠷᠤᠨ ᠤ ᠴᠢᠬᠤᠯᠨ ᠨᠥᠯᠥᠬᠡᠯᠡᠬᠦ ᠬᠥᠴᠥᠨ ᠲᠠᠢ ᠨᠡᠬᠦᠷᠡᠰᠥᠨ ᠤ ᠪᠤᠳᠠᠰ ᠤᠨ ᠬᠥᠢᠯᠬᠡᠬᠡ ᠶᠢᠨ ᠲᠤᠳᠤᠭᠠᠳᠤ ᠬᠠᠭᠤᠷᠠᠢ ᠶᠢᠨ ᠭᠠᠷᠠᠮ ᠢ ᠪᠠᠶᠢᠭᠤᠯᠬᠤ ᠪᠠᠷ ᠴᠢᠷᠮᠠᠶᠢᠨ᠎ᠠ᠃ ᠡᠯᠧᠺᠲᠷᠤᠨ ᠬᠤᠳᠠᠯᠳᠤᠭᠠᠨ ᠤ ᠶᠠᠪᠤᠳᠠᠯ ᠢ ᠢᠳᠡᠪᠬᠢᠳᠡᠢ ᠬᠥᠭᠵᠢᠬᠦᠯᠥᠨ᠎ᠡ᠃ ᠠᠯᠳᠠᠨᠰᠢᠷᠡᠭᠡ ᠪᠠᠯᠭᠠᠰᠤᠨ ᠤ ᠲᠤᠨᠤᠭ ᠲᠥᠬᠦᠬᠡᠷᠥᠮᠵᠢ ᠥᠢᠯᠡᠳᠪᠥᠷᠢᠯᠡᠬᠦ ᠰᠠᠭᠤᠷᠢᠨ ᠭᠠᠵᠠᠷ ᠤᠨ ᠰᠤᠯᠨ ᠦᠢᠯᠡᠳᠪᠦᠷᠢ ᠶᠢᠨ ᠬᠡᠷ ᠢ ᠠᠰᠢᠭᠯᠠᠨ᠂ ᠡᠵᠡᠨ ᠬᠤᠷᠤᠭ᠎ᠠ ᠶᠢᠨ ᠡᠯᠧᠺᠲᠷᠤᠨ  ᠬᠤᠳᠠᠯᠳᠤᠭᠠᠨ ᠤ ᠶᠡᠪᠤᠳᠠᠯ ᠤᠨ ᠠᠵᠤ ᠥᠢᠯᠡᠰ ᠤᠨ ᠬᠦᠷᠢᠶᠡᠯᠡᠩ ᠢ ᠪᠠᠶᠢᠭᠤᠯᠵᠤ᠂ ᠬᠤᠳᠠ ᠶᠢᠨ ᠲᠤᠳᠤᠭᠠᠳᠤ ᠵᠢᠴᠢ ᠤᠶᠢᠷ᠎ᠠ ᠬᠠᠪᠢ ᠶᠢᠨ ᠭᠠᠵᠠᠷ ᠤᠷᠤᠨ ᠤ ᠡᠯᠧᠺᠲᠷᠤᠨ ᠬᠤᠳᠠᠯᠳᠤᠭᠠᠨ ᠤ ᠠᠵᠤ ᠠᠬᠤᠶᠢᠯᠠᠯ ᠳᠤ ᠡᠳ᠋ ᠪᠠᠷᠠᠭᠠᠨ ᠤ ᠬᠥᠮᠥᠷᠬᠡ᠂ ᠬᠦᠯᠳᠡᠭᠦᠷ ᠢᠳᠡᠭᠡᠨ ᠤ ᠬᠡᠯᠬᠢᠶᠡᠵᠢᠯᠳᠤ ᠪᠤᠳᠠᠰ ᠤᠨ ᠬᠥᠢᠯᠬᠡᠬᠡ᠂ ᠬᠤᠲᠠ ᠳᠣᠲᠣᠷ᠎ᠠ ᠲᠤᠭᠢᠷᠠᠭᠤᠯᠤᠨ ᠬᠥᠷᠬᠡᠬᠦ ᠵᠡᠷᠬᠡ ᠶᠢᠨ ᠨᠢᠬᠡ ᠥᠷᠳᠡᠬᠡᠴᠢᠯᠡᠭᠰᠡᠨ ᠮᠠᠶ᠋ᠢᠭ ᠤᠨ ᠥᠢᠯᠡᠴᠢᠯᠡᠬᠡᠨ ᠤ ᠡᠵᠡᠩᠨᠡᠯᠳᠡ ᠶᠢᠨ ᠲᠥᠪ ᠢ ᠪᠠᠶᠢᠭᠤᠯᠤᠨ᠎ᠠ᠃ ᠢ ᠨᠸᠡᠭ ᠲᠥᠡᠭ ᠡᠨᠧᠷᠭᠢ ᠶᠢᠨ ᠲᠤᠨᠤᠭ ᠲᠥᠬᠦᠬᠡᠷᠥᠮᠵᠢ ᠶᠢᠨ ᠮᠡᠷᠬᠡᠵᠢᠯ ᠵᠢᠴᠢ ᠪᠥᠳᠥᠬᠡᠭᠳᠡᠭᠦᠨ ᠤ ᠡᠯᠧᠺᠲᠷᠤᠨ ᠬᠤᠳᠠᠯᠳᠤᠭᠠᠨ ᠤ ᠲᠠᠪᠴᠠᠩ ᠢ ᠲᠦᠷᠭᠡᠳᠬᠡᠨ ᠲᠡᠭᠦᠯᠳᠡᠷᠵᠢᠬᠦᠯᠵᠤ᠂ ᠬᠤᠰᠢᠭᠤᠨ ᠤ ᠲᠤᠳᠤᠭᠠᠳᠤ ᠵᠢᠴᠢ ᠤᠶᠢᠷ᠎ᠠ ᠤᠷᠴᠢᠮ ᠤᠨ ᠭᠠᠵᠠᠷ ᠤᠷᠤᠨ ᠤ ᠴᠡᠪᠡᠷᠴᠢ ᠨᠡᠬᠦᠷᠡᠰᠥ᠂ ᠠᠭᠤᠷᠬᠠᠢ ᠶᠢᠨ ᠲᠥᠬᠦᠬᠡᠷᠥᠮᠵᠢ᠂ ᠠᠭᠤᠷᠬᠠᠢ ᠶᠢᠨ ᠬᠤᠷᠤᠭᠳᠠᠯ ᠲᠠᠢ ᠮᠠᠲ᠋ᠧᠷᠢᠶᠠᠯ ᠵᠡᠷᠬᠡ ᠭᠤᠣᠯ ᠪᠥᠳᠥᠬᠡᠭᠳᠡᠭᠦᠨ ᠤ  ᠰᠥᠯᠵᠢᠶᠡᠨ ᠲᠡᠭᠡᠷᠡᠬᠢ ᠰᠤᠯᠢᠯᠴᠠᠭ᠎ᠠ ᠶᠢ ᠲᠠᠳᠠᠨ ᠠᠪᠴᠢᠷᠠᠵᠤ᠂ ᠨᠡᠬᠦᠷᠡᠰᠥᠨ ᠤ ᠠᠷᠠᠯᠵᠢᠶᠠᠨ ᠤ ᠲᠠᠪᠴᠠᠩ᠂ ᠨᠡᠬᠦᠷᠡᠰᠥ ᠪᠤᠯᠤᠨ ᠨᠡᠭᠦᠷᠡᠰᠦ ᠬᠢᠮᠢ ᠶᠢᠨ ᠠᠵᠤ ᠥᠢᠯᠡᠳᠪᠥᠷᠢ ᠶᠢᠨ ᠪᠥᠳᠥᠬᠡᠭᠳᠡᠭᠦᠨ ᠵᠢᠴᠢ ᠡᠳ᠋ ᠪᠠᠷᠠᠭ᠎ᠠ ᠲᠤᠨᠤᠭ ᠲᠥᠬᠦᠬᠡᠷᠥᠮᠵᠢ ᠶᠢᠨ ᠰᠥᠯᠵᠢᠶᠡᠨ ᠲᠡᠭᠡᠷᠡᠬᠢ ᠰᠤᠯᠢᠯᠴᠠᠭᠠᠨ ᠤ ᠥᠢᠯᠡᠰ ᠢ ᠥᠷᠬᠡᠳᠬᠡᠨ᠎ᠡ᠃ ᠬᠤᠪᠢ ᠶᠢᠨ ᠠᠵᠤ ᠥᠢᠯᠡᠳᠪᠥᠷᠢ ᠠᠷᠠᠯᠵᠢᠶᠠᠨ ᠤ ᠡᠷᠥᠬᠡ ᠪᠠ ᠲᠤᠮᠳᠠ ᠪᠠᠭ᠎ᠠ ᠵᠢᠵᠢᠭ ᠠᠵᠤ ᠠᠬᠤᠶᠢᠯᠠᠯ ᠎ ᠤᠨ ᠲᠤᠤ ᠪᠤᠤ ᠵᠡᠷᠬᠡ ᠡᠯᠧᠺᠲᠷᠤᠨ ᠬᠤᠳᠠᠯᠳᠤᠭᠠᠨ ᠤ ᠨᠡᠷᠡᠳᠥ ᠲᠠᠪᠴᠠᠩ ᠲᠡᠭᠡᠷ᠎ᠡ ᠡᠵᠡᠨ ᠬᠤᠷᠤᠭ᠎ᠠ ᠶᠢᠨ ᠣᠨᠴᠠᠯᠢᠭ ᠲᠠᠢ ᠪᠥᠳᠥᠬᠡᠭᠳᠡᠭᠦᠨ ᠤ ᠪᠤᠷᠤᠯᠠᠭᠤᠯᠤᠯᠳᠠ ᠎ ᠶᠢᠨ ᠴᠡᠭ ᠭᠠᠷᠭᠠᠬᠤ ᠶᠢ ᠵᠤᠷᠢᠭᠵᠢᠭᠤᠯᠤᠨ᠎ᠠ᠃ ︽ᠡᠯᠧᠺᠲᠷᠤᠨ ᠬᠤᠳᠠᠯᠳᠤᠭ᠎ᠠ ᠶᠢ ᠬᠥᠳᠡᠭᠡ ᠪᠠᠭᠤᠯᠭᠠᠬᠤ︾ ᠢᠨᠵᠧᠨᠧᠷᠢᠩ ᠢ ᠬᠡᠷᠡᠭᠵᠢᠬᠦᠯᠵᠤ᠂ ᠲᠤᠰᠬᠤᠨ ᠤ ᠨᠡᠶᠢᠳᠡ ᠶᠢᠨ ᠵᠤᠬᠢᠶᠠᠨ ᠪᠠᠶᠢᠭᠤᠯᠤᠯᠳᠠ ᠪᠤᠯᠤᠨ ᠡᠯᠧᠺᠲᠷᠤᠨ ᠬᠤᠳᠠᠯᠳᠤᠭᠠᠨ ᠤ ᠠᠵᠤ ᠠᠬᠤᠶᠢᠯᠠᠯ ᠤᠨ ᠬᠠᠮᠵᠢᠯᠴᠠᠭᠠᠨ ᠤ ᠳᠤᠭᠳᠠᠯᠴᠠᠭ᠎ᠠ ᠶᠢ ᠰᠥᠪᠡᠭᠴᠢᠯᠡᠨ ᠪᠠᠶᠢᠭᠤᠯᠵᠤ᠂  ᠤᠨᠴᠠᠯᠢᠭᠳᠤ  ᠲᠠᠷᠢᠶᠠᠯᠠᠩ ᠮᠠᠯ ᠠᠵᠤ ᠠᠬᠤᠢ ᠶᠢᠨ ᠪᠥᠳᠥᠬᠡᠭᠳᠡᠭᠦᠨ ᠢ ᠲᠠᠶᠢᠴᠢᠯᠠᠨ ᠪᠣᠷᠤᠯᠠᠭᠤᠯᠤᠨ᠎ᠠ᠃ ᠤᠳᠤ ᠥᠶ᠎ᠡ ᠶᠢᠨ ᠮᠥᠡᠭᠭᠦᠨ ᠬᠥᠢᠯᠬᠡᠬᠡᠨ ᠎ ᠤ ᠥᠢᠯᠡᠰ ᠤᠨ ᠬᠥᠭᠵᠢᠯᠳᠡ ᠶᠢ ᠲᠥᠷᠬᠡᠳᠬᠡᠨ᠎ᠡ᠃ ᠶᠡᠷᠥᠩᠭᠡᠢ ᠬᠡᠯᠳᠡᠰ ᠤᠨ ᠠᠵᠤ ᠠᠬᠤᠢ ᠶᠢ ᠢᠳᠡᠪᠬᠢᠳᠡᠢ ᠬᠥᠭᠵᠢᠭᠦᠯᠵᠤ᠂  ᠬᠢᠯᠢ ᠶᠢᠨ ᠳᠣᠲᠤᠷᠠᠬᠢ ᠠᠵᠤ ᠠᠬᠤᠶᠢᠯᠠᠯ ᠢ ᠵᠢᠯᠣᠭᠤᠳᠣᠨ ᠬᠤᠰᠢᠭᠤᠨ ᠤ ᠲᠤᠳᠤᠷᠠᠬᠢ ᠮᠥᠡᠭᠭᠦᠨ ᠬᠥᠢᠯᠬᠡᠬᠡᠨ ᠤ ᠪᠠᠶᠢᠭᠤᠯᠤᠮᠵᠢ ᠳᠤ  ᠲᠠᠰᠤᠯᠤᠨ ᠪᠤᠳᠤᠯᠳᠠ ᠬᠢᠵᠤ᠂ ᠨᠡᠩ ᠤᠯᠠᠨ ᠪᠡᠯᠨ ᠮᠥᠡᠭᠭᠦ ᠎ ᠶᠢ ᠲᠤᠬᠠᠢ ᠶᠢᠨ ᠭᠠᠵᠠᠷ ᠤᠨ ᠮᠥᠡᠭᠭᠦᠨ ᠬᠥᠢᠯᠬᠡᠬᠡᠨ ᠤ ᠪᠠᠶᠢᠭᠤᠯᠤᠮᠵᠢ ᠳᠤ ᠥᠯᠡᠳᠡᠬᠡᠨ᠂ ᠪᠤᠳᠠᠳᠤ ᠴᠤᠭᠴᠠᠳᠤ ᠠᠵᠤ ᠠᠬᠤᠢ ᠳᠤ ᠪᠡᠯᠨ ᠤᠷᠤᠭᠤᠯᠬᠤ ᠶᠢ ᠠᠬᠢᠭᠤᠯᠤᠨ᠎ᠠ᠃ ᠠᠵᠤ ᠠᠬᠤᠶᠢᠯᠠᠯ ᠤᠨ ᠰᠢᠭᠤᠳ ᠪᠡᠯᠡ ᠮᠦᠩᠭᠦ ᠴᠤᠭᠯᠠᠭᠤᠯᠬᠤ ᠬᠠᠷᠢᠴᠠᠯ ᠢ ᠲᠡᠭᠡᠭᠰᠢᠯᠡᠬᠦᠯᠥᠨ᠂ 1-2 ᠲᠤᠬᠠᠢ ᠶᠢᠨ ᠭᠠᠵᠠᠷ ᠤᠨ ᠠᠵᠤ ᠠᠬᠤᠶᠢᠯᠠᠯ ᠤᠨ ᠵᠠᠬ᠎ᠠ ᠲᠡᠯᠭᠡᠭᠦᠷ ᠲᠤ ᠭᠠᠷᠴᠤ ᠪᠡᠯᠨ ᠮᠦᠩᠭᠦ ᠴᠤᠭᠯᠠᠭᠤᠯᠬᠤ ᠶᠢ ᠠᠬᠢᠭᠤᠯᠵᠤ᠂ ᠰᠢᠨ᠎ᠡ ᠭᠤᠷᠪᠠᠨ ᠬᠠᠪᠳᠠᠰᠣᠲᠣ ᠳᠤ ᠫᠠᠶᠢᠰᠨ ᠡᠯᠬᠦᠭᠰᠡᠨ ᠠᠵᠤ ᠠᠬᠤᠶᠢᠯᠠᠯ ᠢ 5᠎ ᠳᠤ ᠬᠥᠷᠬᠡᠵᠤ᠂ ᠣᠷᠣᠨ ᠤ ᠰᠲ᠋ᠣᠺ ᠶᠢᠨ ᠡᠷᠬᠡ ᠶᠢᠨ ᠰᠤᠯᠢᠯᠴᠠᠭᠠᠨ ᠤ ᠲᠥᠪ ᠲᠤ ᠫᠠᠶᠢᠰᠨ ᠡᠯᠬᠦᠭᠰᠡᠨ ᠠᠵᠤ ᠠᠬᠤᠶᠢᠯᠠᠯ ᠢ 50᠎ ᠳᠤ ᠬᠥᠷᠬᠡᠨ᠂ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠦᠪᠡᠷ ᠤᠨ ᠥᠷᠳᠡᠭ ᠢ ᠲᠤᠷᠤᠭᠰᠢᠯᠠᠭᠤᠯᠵᠤ᠂ ᠪᠡᠯᠨ ᠮᠥᠡᠭᠭᠦᠨ ᠤ ᠪᠠᠳᠤᠯᠠᠭ᠎ᠠ ᠶᠢᠨ ᠴᠢᠳᠠᠪᠤᠷᠢ ᠶᠢ ᠲᠡᠭᠡᠭᠰᠢᠯᠡᠬᠦᠯᠥᠨ᠎ᠡ᠃ ᠡᠯ᠎ᠡ ᠲᠥᠷᠥᠯ ᠤᠨ ᠮᠥᠡᠭᠭᠦᠨ ᠬᠥᠢᠯᠬᠡᠬᠡᠨ ᠤ ᠵᠤᠬᠢᠶᠠᠨ ᠪᠠᠶᠢᠭᠤᠯᠤᠯᠳᠠ ᠬᠤᠰᠢᠭᠤᠨ ᠤ ᠲᠤᠳᠤᠷ᠎ᠠ ᠰᠠᠯᠪᠤᠷᠢ ᠪᠠᠶᠢᠭᠤᠯᠤᠮᠵᠢ ᠪᠤᠯᠤᠨ ᠥᠢᠯᠡᠴᠢᠯᠡᠬᠡᠨ ᠤ ᠴᠡᠭ ᠭᠠᠷᠭᠠᠵᠤ᠂ ᠡᠯ᠎ᠡ ᠲᠥᠷᠥᠯ ᠤᠨ ᠰᠠᠯᠪᠤᠷᠢ ᠪᠠᠶᠢᠭᠤᠯᠤᠮᠵᠢ ᠶᠢ 5᠂ ᠥᠢᠯᠡᠴᠢᠯᠡᠬᠡᠨ ᠤ ᠴᠡᠭ ᠢ 10᠎ ᠠᠴᠠ ᠲᠡᠭᠡᠭᠰᠢ ᠰᠢᠨ᠎ᠡ ᠪᠠᠷ ᠪᠠᠶᠢᠭᠤᠯᠤᠨ᠎ᠠ᠃ ᠵᠢᠵᠢᠭ ᠪᠢᠴᠢᠯ ᠠᠵᠤ ᠠᠬᠤᠶᠢᠯᠠᠯ ᠪᠤᠯᠤᠨ ᠭᠤᠷᠪᠠᠨ ᠲᠠᠷᠢᠶᠠᠯᠠᠯ ᠭᠤᠷᠪᠠᠨ ᠮᠠᠯᠵᠢᠯ ᠳᠤ ᠲᠤᠰᠠᠯᠠᠬᠤ ᠵᠢᠬᠡᠯᠡᠯᠬᠡ ᠶᠢᠨ ᠲᠥᠭᠰᠢᠬᠦᠷᠢ ᠶᠢ ᠨᠥᠬᠦᠪᠥᠷᠢᠯᠡᠬᠦ ᠰᠠᠭᠤᠷᠢ ᠮᠥᠡᠭᠭᠦ᠂ ᠵᠠᠰᠠᠭ ᠤᠨ ᠤᠷᠳᠤᠨ᠂ ᠪᠠᠩᠭᠢ ᠪᠤᠯᠤᠨ ᠲᠠᠭᠠᠭᠠᠯᠳᠠ ᠶᠢᠨ ᠪᠠᠶᠢᠭᠤᠯᠤᠮᠵᠢ ᠶᠢᠨ ᠲᠥᠭᠰᠢᠬᠦᠷᠢ ᠶᠢ ᠬᠤᠪᠢᠶᠠᠨ ᠡᠬᠦᠷᠬᠡᠯᠡᠬᠦ ᠪᠠᠶᠢᠭᠤᠯᠤᠮᠵᠢ ᠶᠢ ᠪᠠᠶᠢᠭᠤᠯᠤᠨ᠎ᠠ᠃ ᠮᠥᠡᠭᠭᠦᠨ ᠬᠥᠢᠯᠬᠡᠬᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠠᠷᠭ᠎ᠠ ᠮᠠᠶᠠᠭ᠂ ᠲᠥᠷᠥ ᠶᠢᠨ ᠪᠤᠳᠤᠯᠭ᠎ᠠ ᠶᠢᠨ ᠲᠡᠮᠵᠢᠯᠭᠡ ᠵᠡᠷᠬᠡ ᠲᠠᠯ᠎ᠠ ᠪᠠᠷ ᠵᠤᠷᠢᠭᠳᠠᠢ ᠰᠢᠨ᠎ᠡ ᠶᠢ ᠡᠬᠦᠳᠬᠦ ᠶᠢ ᠵᠤᠷᠢᠭᠵᠢᠭᠤᠯᠤᠨ᠂ ᠲᠥᠬᠡᠮᠡᠯ ᠬᠠᠷᠠᠭᠠᠯᠵᠠᠯ ᠤᠨ ᠮᠥᠡᠭᠭᠦᠨ ᠬᠥᠢᠯᠬᠡᠬᠡ ᠶᠢ ᠭᠤᠤᠯᠳᠠᠯᠭ᠎ᠠ ᠲᠠᠢ ᠬᠥᠭᠵᠢᠬᠦᠯᠵᠤ᠂ ᠵᠢᠵᠢᠭ ᠪᠢᠴᠢᠯ ᠠᠵᠤ ᠠᠬᠤᠶᠢᠯᠠᠯ᠂ ᠭᠤᠷᠪᠠᠨ ᠲᠠᠷᠢᠶᠠᠯᠠᠯ ᠭᠤᠷᠪᠠᠨ  ᠮᠠᠯᠵᠢᠯ ᠪᠠ ᠶᠠᠳᠠᠭᠤ ᠠᠴᠠ ᠠᠩᠭᠢᠵᠢᠷᠠᠭᠤᠯᠤᠨ ᠰᠢᠪᠳᠤᠯᠤᠯᠳᠠ ᠲᠠᠪᠠᠭ᠋ᠤ ᠲᠠᠯ᠎ᠠ ᠶᠢ ᠬᠦᠴᠦᠯᠡᠨ ᠲᠡᠮᠵᠢᠵᠤ᠂ ᠮᠥᠡᠭᠭᠦᠨ ᠬᠥᠢᠯᠬᠡᠬᠡᠨ ᠤ ᠥᠢᠯᠡᠴᠢᠯᠡᠬᠡᠨ ᠤ ᠪᠤᠳᠠᠳᠤ ᠴᠤᠭᠴᠠᠳᠤ ᠠᠵᠤ ᠠᠬᠤᠢ ᠶᠢᠨ ᠰᠢᠨ᠎ᠡ ᠬᠡᠪ ᠮᠠᠶ᠋ᠢᠭ ᠢ ᠪᠥᠷᠢᠯᠳᠥᠬᠦᠯᠥᠨ᠎ᠡ᠃      ᠲᠥᠯᠥᠬᠡᠯᠡᠭᠴᠢᠳ ᠡ᠂ ᠰᠢᠨ᠎ᠡ ᠴᠠᠭ ᠥᠶ᠎ᠡ ᠶᠢᠨ ᠠᠵᠤ ᠠᠬᠤᠢ ᠨᠢᠬᠡᠨᠳᠡ ᠲᠤᠮᠳᠠ ᠲᠡᠭᠡᠳᠥ ᠬᠤᠷᠳᠤᠴᠠ ᠶᠢᠨ ᠥᠰᠥᠯᠳᠡ ᠠᠴᠠ ᠪᠠᠨ ᠲᠡᠭᠡᠳᠥ ᠴᠢᠨᠠᠷ ᠴᠢᠨᠰᠠᠭ᠎ᠠ ᠲᠠᠢ ᠬᠥᠭᠵᠢᠯᠳᠡ ᠲᠡᠰᠢ ᠬᠤᠪᠢᠷᠠᠵᠠᠢ᠃ ᠪᠢᠳᠠ ᠡᠷᠬᠡᠪᠰᠢ ᠰᠢᠨ᠎ᠡ ᠬᠥᠭᠵᠢᠯᠳᠡ ᠶᠢᠨ ᠤᠶᠢᠯᠠᠭᠠᠭᠳᠠᠬᠤᠨ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠨᠭ᠍ᠭᠠᠯᠭ᠎ᠠ ᠶᠢᠨ ᠲᠤᠭᠳᠠᠯᠴᠠᠭᠠᠨ ᠤ ᠴᠢᠨᠠᠷ ᠴᠢᠨᠰᠠᠭ᠎ᠠ ᠶᠢ ᠲᠡᠭᠡᠭᠰᠢᠯᠡᠬᠦᠯᠬᠦ ᠪᠠᠷ ᠭᠤᠤᠯ ᠬᠠᠨᠳᠤᠰᠢ ᠪᠤᠯᠭᠠᠨ᠂ ᠠᠵᠤ ᠠᠬᠤᠢ ᠶᠢᠨ ᠬᠥᠭᠵᠢᠯᠳᠡ ᠶᠢᠨ ᠬᠥᠴᠥᠯᠡᠬᠦ ᠴᠡᠭ ᠢ ᠪᠤᠳᠠᠳᠤ ᠴᠤᠭᠴᠠᠳᠤ ᠠᠵᠤ ᠠᠬᠤᠢ ᠳᠤ ᠲᠠᠯᠪᠢᠵᠤ᠂ ᠪᠤᠳᠠᠳᠤ ᠴᠤᠭᠴᠠᠳᠤ ᠠᠵᠤ ᠠᠬᠤᠢ ᠶᠢᠨ ᠴᠢᠨᠠᠷ ᠴᠢᠨᠰᠠᠭᠠᠨ ᠤ ᠲᠠᠪᠠᠭᠤᠯᠢᠭ ᠢ ᠲᠠᠰᠤᠷᠠᠯᠳᠠ ᠥᠬᠡᠢ ᠴᠢᠩᠭᠠᠳᠬᠠᠨ᠂ ᠨᠡᠩ ᠥᠨᠳᠥᠷ ᠲᠡᠰ ᠲᠠᠪᠬᠤᠷᠭ᠎ᠠ ᠲᠠᠢ ᠦᠷᠭᠦᠯᠵᠢᠯᠡᠬᠦᠶᠢᠴᠡ ᠬᠥᠭᠵᠢᠯᠳᠡ ᠶᠢ ᠪᠡᠶᠡᠯᠡᠬᠦᠯᠬᠦ ᠪᠠᠷ ᠴᠢᠷᠮᠠᠶᠢᠨ᠎ᠠ᠃      ︵ᠬᠤᠶᠠᠷ︶ ᠴᠢᠨᠠᠷ ᠲᠡᠰ ᠪᠦᠬᠦᠢ ᠬᠤᠳᠠ ᠶᠢᠨ ᠪᠠᠶᠢᠭᠤᠯᠤᠯᠳᠠ ᠶᠢ  ᠲᠦᠷᠭᠡᠳᠬᠡᠨ᠂ ᠬᠥᠳᠡᠭᠡ ᠲᠤᠰᠬᠤᠨ  ᠢ ᠬᠥᠭᠵᠢᠬᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠥᠨ᠂ ᠬᠤᠳᠠ ᠬᠥᠳᠡᠭᠡ ᠶᠢᠨ ᠤᠷᠤᠨ ᠬᠡᠪᠴᠢᠶᠡᠨ ᠤ  ᠵᠣᠬᠢᠴᠠᠩᠭᠤᠢ ᠬᠥᠭᠵᠢᠯᠳᠡ ᠶᠢᠨ ᠬᠢᠷᠢ ᠲᠥᠪᠰᠢᠨ ᠢ ᠴᠢᠷᠮᠠᠶᠢᠨ ᠲᠡᠭᠡᠭᠰᠢᠯᠡᠬᠦᠯᠥᠨ᠎ᠡ᠃      ᠨᠢᠬᠡ ᠳᠤ ᠴᠢᠨᠠᠷ ᠲᠡᠰ ᠪᠦᠬᠦᠢ ᠬᠤᠳᠠ ᠶᠢ ᠲᠦᠷᠭᠡᠳᠬᠡᠨ ᠪᠠᠶᠢᠭᠤᠯᠤᠨ᠎ᠠ᠃ ᠬᠥᠮᠥᠨ ᠢᠶᠠᠷ ᠭᠤᠤᠯ ᠪᠤᠯᠭᠠᠭᠰᠠᠨ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢ ᠢᠳᠡᠪᠬᠢᠳᠡᠢ ᠠᠬᠢᠭᠤᠯᠵᠤ᠂ ︽ᠡᠵᠡᠨ ᠬᠤᠷᠤᠭ᠎ᠠ ᠬᠤᠰᠢᠭᠤᠨ ᠤ ᠬᠤᠰᠢᠭᠤᠨ ᠤ ᠬᠡᠪᠴᠢᠶᠡᠨ ᠤ ᠤᠷᠤᠨ ᠵᠠᠢ ᠶᠢᠨ ᠪᠠᠶᠢᠯᠳᠤᠬᠤ ᠪᠤᠳᠤᠯᠭ᠎ᠠ ᠶᠢᠨ ᠲᠦᠯᠦᠪᠵᠢᠭᠦᠯᠭᠡ︾ ᠪᠤᠯᠤᠨ ︽ᠠᠯᠳᠠᠨᠰᠢᠷᠡᠭᠡ ᠪᠠᠯᠭᠠᠰᠤᠨ ᠤ ᠭᠤᠤᠯ ᠬᠤᠳᠠ ᠲᠤᠭᠤᠷᠢᠭ ᠤᠨ ᠡᠵᠡᠮᠳᠡᠬᠦ ᠴᠢᠨᠠᠷ ᠲᠠᠢ ᠨᠠᠷᠢᠨ ᠲᠦᠯᠦᠪᠵᠢᠭᠦᠯᠭᠡ︾᠎ ᠶᠢ ᠰᠢᠨ᠎ᠡ ᠪᠠᠷ ᠵᠠᠰᠠᠨ ᠨᠠᠶᠢᠷᠠᠭᠤᠯᠵᠤ᠂ ᠬᠤᠳᠠ ᠶᠢᠨ ᠲᠦᠯᠦᠪᠯᠡᠭᠡ ᠶᠢ ᠰᠢᠯᠢᠳᠡᠭᠵᠢᠭᠦᠯᠵᠤ᠂ ᠬᠤᠳᠠ ᠶᠢᠨ ᠴᠢᠳᠠᠪᠬᠢ ᠶᠢ ᠲᠡᠭᠦᠯᠳᠡᠷᠵᠢᠬᠦᠯᠥᠨ᠂ ᠭᠤᠤᠯ ᠬᠤᠳᠠ ᠲᠤᠭᠤᠷᠢᠭ ᠤᠨ ᠨᠢᠬᠡ ᠴᠤᠭᠴᠠᠵᠢᠭᠤᠯᠤᠯᠳᠠ ᠶᠢ ᠬᠥᠨᠵᠡᠬᠡᠢ ᠠᠭᠤᠰᠤᠯᠴᠠᠭᠤᠯᠵᠤ᠂ ᠢᠯᠨ ᠲᠤᠳᠤ ᠣᠨᠴᠠᠯᠢᠭ ᠲᠠᠢ᠂ ᠠᠵᠤ ᠦᠢᠯᠡᠰ ᠬᠤᠲᠠ ᠶᠢ ᠤᠶᠠᠯᠳᠤᠭᠤᠯᠤᠭᠰᠠᠨ᠂ ᠣᠯᠠᠨ ᠤ ᠲᠠᠭᠠᠰᠢᠶᠠᠯ ᠴᠤᠭᠯᠠᠷᠠᠭᠰᠠᠨ ᠤᠳᠤᠬᠢᠴᠢᠯᠠᠭᠰᠠᠨ ᠤᠷᠤᠨ ᠬᠡᠪᠴᠢᠶᠡᠨ ᠤ ᠴᠢᠨᠠᠷ ᠪᠥᠬᠦᠢ ᠭᠤᠤᠯ ᠬᠤᠳᠠ ᠶᠢ ᠪᠠᠶᠢᠭᠤᠯᠤᠨ᠎ᠠ᠃ ᠴᠢᠨᠠᠷ ᠲᠡᠰ ᠤᠨ ᠳᠡᠭᠡᠭᠰᠢᠯᠡᠯᠳᠡ ᠶᠢ ᠲᠤᠪᠤᠶᠢᠯᠭᠠᠨ᠎ᠠ᠃ ︽ᠴᠡᠴᠡᠷᠯᠢᠭᠵᠢᠭᠰᠡᠨ ᠬᠤᠳᠠ︾᠎ ᠶᠢ ᠲᠦᠷᠭᠡᠳᠬᠡᠨ ᠪᠠᠶᠢᠭᠤᠯᠵᠤ᠂ ᠪᠠᠶᠢᠷᠢᠯᠠᠭᠤᠯᠤᠯᠳᠠ ᠲᠤᠭᠢᠷᠠᠮᠵᠢᠳᠠᠢ᠂ ᠤᠯᠠᠨ ᠵᠤᠶᠢᠯ ᠤᠨ ᠤᠷᠭᠤᠮᠠᠯ ᠲᠠᠢ᠂ ᠭᠤᠶᠢᠳᠠ ᠰᠠᠶᠢᠬᠠᠨ ᠦᠵᠡᠮᠵᠢ ᠲᠠᠢ ᠬᠤᠳᠠ ᠶᠢᠨ ᠴᠡᠴᠡᠷᠯᠢᠭ ᠤᠨ ᠤᠷᠠᠯᠢᠭ ᠤᠨ ᠰᠢᠰᠲ᠋ᠧᠮ ᠢ ᠪᠤᠢ ᠪᠤᠯᠭᠠᠵᠤ᠂ ︽ᠭᠤᠷᠪᠠᠨ ᠤᠯᠠᠷᠢᠯ ᠳᠤ ᠴᠡᠴᠡᠭ ᠲᠠᠢ᠂ ᠲᠥᠷᠪᠡᠨ ᠤᠯᠠᠷᠢᠯ ᠳᠤ ᠨᠤᠭᠤᠭᠠᠨ︾ ᠪᠠᠶᠢᠬᠤ ᠶᠢ ᠪᠡᠶᠡᠯᠡᠬᠦᠯᠥᠨ᠎ᠡ᠃ ᠮᠤᠩᠭᠤᠯ ᠢᠵᠠᠭᠤᠷ ᠰᠤᠶᠤᠯ ᠢ ᠬᠤᠳᠠ ᠶᠢᠨ ᠲᠦᠯᠦᠪᠵᠢᠭᠦᠯᠭᠡ ᠪᠠᠶᠢᠭᠤᠯᠤᠯᠳᠠ ᠳᠤ  ᠭᠦᠨᠵᠡᠭᠡᠶᠢᠷᠡᠭᠦᠯᠦᠨ᠂ ᠬᠤᠳᠠ ᠶᠢ ᠨᠡᠩ ᠬᠥᠨ ᠵᠤᠵᠠᠭᠠᠨ ᠰᠤᠶᠤᠯ ᠤᠨ ᠠᠭᠤᠯᠤᠭᠳᠠᠬᠤᠨ ᠲᠠᠢ ᠪᠤᠯᠭᠠᠨ᠂ ᠥᠨᠳᠥᠰᠥᠳᠡᠨ ᠤ ᠥᠪᠡᠷᠮᠢᠴᠠ ᠤᠨᠴᠠᠯᠢᠭ ᠲᠠᠢ ᠬᠤᠳᠠ ᠎ ᠶᠢᠨ ᠥᠵᠡᠮᠵᠢ ᠶᠢ ᠪᠤᠢ ᠪᠤᠯᠭᠠᠨ᠎ᠠ᠃ ︽ᠬᠠᠭᠠᠰ ᠬᠠᠶᠠᠭᠰᠠᠨ ᠪᠠᠷᠢᠯᠭ᠎ᠠ︾᠎ ᠶᠢᠨ ᠢᠨᠵᠧᠨᠧᠷᠢᠩ ᠢ ᠪᠦᠬᠦ ᠲᠠᠯ᠎ᠠ ᠪᠠᠷ ᠳᠠᠭᠤᠰᠬᠠᠵᠤ᠂ ᠬᠠᠭᠤᠴᠢᠨ ᠬᠤᠳᠠ ᠶᠢᠨ ᠨᠤᠷᠠᠭᠠᠨ ᠰᠢᠯᠵᠢᠬᠦᠯᠥᠯᠳᠡ ᠪᠠ ᠪᠤᠭᠤᠨᠢ ᠰᠠᠷᠠᠪᠴᠢᠳᠤ ᠬᠡᠷ ᠪᠠᠶᠢᠰᠢᠩ ᠤᠨ ᠥᠬᠡᠷᠡᠴᠢᠯᠡᠯᠳᠡ ᠠᠴᠠ ᠥᠯᠡᠳᠡᠭᠰᠡᠨ ᠠᠰᠠᠭᠤᠳᠠᠯ ᠢ ᠭᠦᠢᠴᠡᠳ ᠰᠢᠢᠳᠪᠥᠷᠢᠯᠡᠨ᠎ᠡ᠃ ᠬᠡᠷ ᠬᠥᠷᠥᠩᠭᠡ ᠶᠢᠨ ᠢᠯᠡᠬᠦᠳᠡᠯ ᠢ ᠰᠢᠢᠳᠪᠥᠷᠢᠯᠡᠬᠦ ᠶᠢ ᠳᠣᠭᠳᠠᠭᠤᠨ ᠢᠶᠠᠷ ᠠᠬᠢᠭᠤᠯᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠪᠡᠯᠨ ᠮᠥᠡᠭᠭᠦ ᠎ ᠪᠠᠨ ᠬᠤᠷᠢᠶᠠᠨ ᠠᠪᠬᠤ ᠪᠠᠷ ᠲᠡᠮᠵᠢᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠲᠡᠯᠬᠡᠬᠦᠷ ᠤᠨ ᠲᠤᠭᠳᠠᠭᠤᠨ ᠡᠷᠡᠬᠦᠯ ᠬᠥᠭᠵᠢᠯᠳᠡ ᠶᠢ ᠠᠬᠢᠭᠤᠯᠤᠨ᠎ᠠ᠃ ᠥᠨᠳᠥᠷ ᠠᠰᠠᠷ ᠤᠨ ᠲᠤᠭᠤᠷᠢᠭ ᠤᠨ ᠰᠠᠭᠤᠷᠢ ᠲᠥᠬᠦᠬᠡᠷᠥᠮᠵᠢ ᠪᠤᠯᠤᠨ ᠢᠵᠢ ᠥᠢᠯᠡᠴᠢᠯᠡᠬᠡᠨ ᠤ ᠴᠢᠳᠠᠪᠬᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠤ᠂ ᠤᠷᠤᠰᠢᠨ ᠠᠮᠢᠳᠣᠷᠠᠬᠤ ᠥᠢᠯᠡᠰ ᠪᠤᠰᠬᠠᠬᠤ ᠳᠤ ᠲᠤᠭᠢᠷᠠᠮᠵᠢᠳᠠᠢ ᠴᠢᠨᠠᠷ ᠴᠢᠨᠰᠠᠭ᠎ᠠ ᠶᠢ ᠪᠥᠬᠦ ᠲᠠᠯ᠎ᠠ ᠪᠠᠷ ᠲᠡᠭᠡᠭᠰᠢᠯᠡᠬᠦᠯᠥᠨ᠂ ᠡᠵᠡᠨ ᠬᠤᠷᠤᠭ᠎ᠠ ᠬᠤᠰᠢᠭᠤᠨ ᠤ ᠬᠤᠳᠠ ᠶᠢᠨ ᠰᠢᠨ᠎ᠡ ᠤᠷᠤᠨ ᠨᠤᠲᠤᠭ ᠤᠨ ᠢᠯᠡᠷᠬᠡᠶᠢᠯᠡᠯ ᠤᠨ ᠪᠠᠷᠢᠯᠭ᠎ᠠ ᠶᠢ ᠪᠠᠶᠢᠭᠤᠯᠤᠨ᠎ᠠ᠃ ᠬᠤᠳᠠ ᠶᠢᠨ ᠤᠰᠤᠨ ᠤ  ᠡᠷᠭᠢᠯᠳᠡ ᠶᠢᠨ ᠰᠢᠰᠲ᠋ᠧᠮ ᠢ ᠵᠣᠬᠢᠰᠳᠠᠢ ᠲᠤᠭᠢᠷᠠᠭᠤᠯᠵᠤ᠂ ︽ᠭᠤᠷᠪᠠᠨ ᠭᠤᠤᠯ ᠬᠤᠶᠠᠷ ᠨᠠᠭᠤᠷ︾᠎ ᠢ ᠨᠡᠪᠳᠡᠷᠡᠬᠦᠯᠥᠨ᠂ ᠲᠤᠳᠤᠭᠰᠢ ᠭᠠᠳᠠᠭᠰᠢ ᠡᠷᠬᠢᠯᠳᠥᠭᠰᠡᠨ ᠬᠤᠳᠠ ᠶᠢᠨ ᠨᠠᠮᠤᠭ ᠭᠠᠵᠠᠷ ᠤᠨ ᠠᠮᠢ ᠠᠬᠤᠢ ᠶᠢᠨ ᠤᠰᠤᠨ ᠰᠢᠰᠲ᠋ᠧᠮ ᠢ ᠪᠤᠢ ᠪᠤᠯᠭᠠᠨ᠎ᠠ᠃ ᠬᠤᠳᠠ ᠶᠢᠨ ᠭᠠᠵᠠᠷ ᠲᠡᠭᠡᠷᠡᠭᠢ ᠪᠠ ᠭᠠᠵᠠᠷ ᠲᠤᠤᠷᠠᠬᠢ ᠪᠠᠶᠢᠭᠤᠯᠤᠯᠳᠠ ᠶᠢ ᠨᠢᠬᠡᠳᠥᠯᠳᠡᠢ ᠲᠥᠯᠥᠪᠵᠢᠬᠦᠯᠵᠤ᠂ ᠤᠰᠤ ᠬᠠᠨᠭ᠍ᠭᠠᠬᠤ ᠪᠠ ᠤᠰᠤ ᠳᠠᠲᠠᠷᠠᠭᠤᠯᠬᠤ᠂ ᠪᠣᠬᠢᠷᠳᠣᠯ ᠢ ᠭᠠᠳᠠᠭᠰᠢᠯᠠᠭᠤᠯᠬᠤ ᠵᠡᠷᠬᠡ ᠭᠠᠵᠠᠷ ᠲᠤᠤᠷᠠᠬᠢ ᠡᠯ᠎ᠡ ᠲᠥᠷᠥᠯ ᠤᠨ ᠬᠤᠭᠤᠯᠠᠢ ᠶᠢ ᠵᠠᠰᠠᠨ ᠰᠠᠶᠢᠵᠢᠷᠠᠭᠤᠯᠤᠨ᠎ᠠ᠃ ᠠᠵᠤ ᠥᠢᠯᠡᠰ ᠤᠨ ᠲᠤᠯᠭᠠᠭᠤᠷᠢᠯᠠᠯ ᠢ ᠲᠤᠪᠤᠶᠢᠯᠭᠠᠨ᠎ᠠ᠃ ᠭᠤᠤᠯ ᠬᠤᠳᠠ ᠲᠤᠭᠤᠷᠢᠭ ᠤᠨ ᠬᠤᠳᠠᠯᠳᠤᠭᠠᠨ ᠤ ᠥᠢᠯᠡᠰ ᠤᠨ ᠲᠦᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠵᠤ᠂ ᠠᠷᠠᠯᠵᠢᠶ᠎ᠠ ᠬᠤᠳᠠᠯᠳᠤᠭᠠᠨ ᠤ ᠥᠢᠯᠡᠴᠢᠯᠡᠬᠡᠨ ᠤ ᠥᠢᠯᠡᠰ ᠤᠨ ᠬᠥᠭᠵᠢᠯᠳᠡ ᠶᠢ ᠲᠦᠷᠭᠡᠳᠬᠡᠬᠦ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠶᠢ ᠳᠣᠭᠳᠠᠭᠠᠨ ᠭᠠᠷᠭᠠᠵᠤ᠂  ᠠᠷᠠᠯᠵᠢᠶ᠎ᠡ ᠬᠤᠳᠠᠯᠳᠤᠭᠠᠨ ᠤ ᠥᠢᠯᠡᠰ ᠤᠨ ᠥᠷᠨᠢᠬᠦᠨ ᠬᠥᠭᠵᠢᠯᠳᠡ ᠶᠢ ᠠᠬᠢᠭᠤᠯᠤᠨ᠎ᠠ᠃ ᠨᠡᠷᠡᠳᠠᠢ ᠢᠳᠡᠬᠡᠨ ᠤᠮᠳᠠᠭᠠᠨ ᠤ ᠠᠵᠤ ᠠᠬᠤᠶᠢᠯᠠᠯ ᠢ ᠢᠳᠡᠪᠬᠢᠳᠠᠢ ᠣᠷᠣᠭᠤᠯᠵᠣ᠂ ᠣᠷᠣᠨ ᠨᠤᠳᠤᠭ ᠤᠨ ᠢᠳᠡᠭᠡᠨ ᠤᠮᠳᠠᠭᠠᠨ ᠤ ᠠᠵᠤ ᠦᠢᠯᠡᠰ ᠢ ᠳᠡᠮᠵᠢᠵᠤ᠂ ᠡᠵᠡᠨ ᠬᠤᠷᠤᠭ᠎ᠠ ᠬᠤᠰᠢᠭᠤᠨ ᠤ ᠤᠨᠴᠠᠯᠢᠭᠳᠤ ᠠᠮᠳᠠᠳᠤ ᠢᠳᠡᠬᠡᠨ ᠤ  ᠨᠡᠷᠡᠳᠦ ᠲᠡᠮᠳᠡᠭ ᠢ  ᠪᠤᠢ ᠪᠤᠯᠭᠠᠵᠤ᠂ ᠳᠦᠰᠦᠪᠯᠡᠨ ᠳᠡᠯᠭᠡᠷᠡᠭᠦᠯᠵᠤ᠂ ᠢᠳᠡᠬᠡᠨ ᠤᠮᠳᠠᠭᠠᠨ ᠎ ᠤ ᠠᠵᠢᠯ ᠥᠢᠯᠡᠰ ᠤᠨ ᠶᠡᠷᠥᠩᠭᠡᠶᠢᠯᠡᠭᠰᠡᠨ ᠥᠢᠯᠡᠴᠢᠯᠡᠬᠡᠨ ᠤ ᠬᠢᠷᠢ ᠲᠥᠪᠰᠢᠨ ᠢ ᠲᠡᠭᠡᠭᠰᠢᠯᠡᠬᠦᠯᠥᠨ᠎ᠡ᠃ ᠤᠳᠤᠨ ᠲᠡᠰ ᠤᠨ ᠵᠤᠴᠢᠳ ᠤᠨ ᠪᠠᠭᠤᠳᠠᠯ᠂ ᠨᠡᠷᠡᠳᠦ ᠲᠡᠮᠳᠡᠭᠳᠦ ᠬᠡᠯᠬᠢᠶ᠎ᠡ ᠵᠡᠷᠬᠡ ᠨᠡᠷᠡᠳᠦ ᠡᠵᠡᠩᠨᠡᠯᠳᠡ ᠶᠢᠨ ᠬᠤᠳᠠᠯᠳᠤᠭᠠᠴᠢᠨ ᠢ ᠢᠳᠡᠪᠬᠢᠳᠡᠢ ᠤᠷᠢᠨ ᠤᠷᠤᠭᠤᠯᠵᠤ᠂ ᠭᠤᠤᠯ ᠬᠤᠳᠠ ᠲᠤᠭᠤᠷᠢᠭ ᠤᠨ ᠰᠤᠯᠨ ᠬᠤᠳᠠᠯᠳᠣᠭᠠᠨ ᠤ ᠭᠠᠵᠠᠷ ᠬᠦᠷᠦᠩᠭᠡ ᠶᠢ ᠡᠬᠢᠯᠡᠬᠦᠯᠥᠨ᠂ ᠤᠨᠴᠠᠯᠢᠭᠳᠤ  ᠬᠤᠳᠠᠯᠳᠤᠭᠠᠨ ᠤ ᠥᠢᠯᠡᠰ ᠤᠨ ᠵᠡᠬᠡᠯᠢ  ᠲᠣᠭᠤᠷᠢᠭ ᠢ ᠴᠣᠭᠴᠠᠯᠠᠵᠤ᠂ ᠲᠡᠭᠡᠳᠥ ᠲᠡᠰ ᠲᠠᠪᠬᠤᠷᠭᠠᠨ ᠤ ᠬᠡᠷᠡᠭᠯᠡᠭᠡ᠂ ᠤᠯᠠᠨ ᠨᠡᠶᠢᠳᠡ ᠶᠢᠨ ᠬᠡᠷᠡᠭᠯᠡᠭᠡ᠂ ᠣᠶᠢᠯᠡᠭᠠᠬᠤ ᠬᠡᠯᠪᠡᠷᠢ ᠶᠢᠨ ᠬᠡᠷᠡᠭᠯᠡᠭᠡ ᠵᠡᠷᠬᠡ ᠤᠯᠠᠨ ᠡᠰᠢᠵᠢᠭᠰᠡᠨ ᠬᠡᠷᠡᠭᠯᠡᠬᠡᠨ ᠤ ᠵᠠᠬ᠎ᠠ ᠲᠡᠯᠬᠡᠬᠦᠷ ᠢ ᠥᠷᠬᠡᠳᠬᠡᠵᠤ᠂ ᠪᠠᠷᠠᠭ᠎ᠠ ᠬᠤᠳᠠᠯᠳᠤᠨ ᠠᠪᠬᠤ᠂ ᠢᠳᠡᠬᠡᠨ ᠤᠮᠳᠠᠭᠠᠨ᠂ ᠰᠡᠯᠡᠬᠦᠴᠡᠯ᠂ ᠵᠤᠭ᠎ᠠ ᠴᠡᠩᠭᠡᠯ ᠵᠡᠷᠬᠡ  ᠴᠢᠳᠠᠪᠬᠢ ᠶᠢ ᠨᠢᠬᠡ ᠴᠤᠭᠴᠠᠵᠢᠭᠤᠯᠤᠭᠰᠠᠨ ᠶᠡᠷᠥᠩᠭᠡᠶᠢᠯᠡᠭᠰᠡᠨ ᠠᠷᠠᠯᠵᠢᠶ᠎ᠡ ᠬᠤᠳᠠᠯᠳᠤᠭᠠᠨ ᠤ ᠥᠢᠯᠡᠴᠢᠯᠡᠬᠡᠨ ᠤ ᠲᠤᠭᠳᠠᠯᠴᠠᠭ᠎ᠠ ᠶᠢ ᠪᠥᠷᠢᠯᠳᠥᠬᠦᠯᠥᠨ᠎ᠡ᠃ ᠤᠶᠢᠷ᠎ᠠ ᠬᠠᠪᠢ ᠶᠢᠨ ᠠᠵᠤ ᠥᠢᠯᠡᠰ ᠤᠨ ᠬᠥᠷᠢᠶᠡᠯᠡᠩ ᠲᠤᠭᠤᠷᠢᠭ ᠤᠨ ᠲᠤᠮᠤ ᠬᠡᠯᠪᠡᠷᠢ ᠶᠢᠨ ᠠᠵᠤ ᠠᠬᠤᠶᠢᠯᠠᠯ ᠢ ᠠᠩᠬᠠᠷᠤᠨ᠂ ᠠᠵᠤ ᠠᠬᠤᠶᠢᠯᠠᠯ ᠤᠨ ᠶᠡᠷᠥᠩᠭᠡᠢ ᠬᠡᠯᠳᠡᠰ ᠢ ᠢᠳᠡᠪᠬᠢᠳᠠᠢ ᠤᠷᠢᠨ ᠤᠷᠤᠭᠤᠯᠵᠤ᠂ ᠶᠡᠷᠥᠩᠭᠡᠢ ᠬᠡᠯᠳᠡᠰ ᠤᠨ ᠠᠵᠤ ᠠᠬᠤᠢ ᠶᠢ ᠬᠥᠭᠵᠢᠬᠦᠯᠥᠨ᠎ᠡ᠃ ᠠᠵᠤ ᠥᠢᠯᠡᠰ ᠢᠶᠠᠷ ᠬᠥᠮᠥᠨ ᠴᠤᠭᠯᠠᠷᠠᠭᠤᠯᠤᠨ᠂ ᠬᠤᠳᠠ ᠪᠠᠷ ᠬᠥᠮᠥᠨ ᠥᠯᠡᠳᠡᠬᠡᠵᠤ᠂ ᠭᠤᠤᠯ ᠬᠤᠳᠠ ᠲᠤᠭᠤᠷᠢᠭ ᠤᠨ ︽ᠬᠥᠮᠥᠨ ᠴᠥᠬᠡᠷᠡᠬᠦ︾ ᠪᠠ ︽ᠠᠵᠤ ᠥᠢᠯᠡᠰ ᠡᠵᠡᠬᠦᠶᠢᠷᠡᠬᠦ︾ ᠬᠤᠶᠠᠷ ᠶᠡᠭᠡ ᠬᠥᠴᠢᠷᠳᠡᠢ ᠠᠰᠠᠭᠤᠳᠠᠯ ᠢ ᠰᠢᠢᠳᠪᠥᠷᠢᠯᠡᠨ᠎ᠡ᠃ ᠨᠠᠷᠢᠯᠢᠭ ᠬᠠᠮᠢᠶᠠᠷᠤᠯᠳᠠ ᠶᠢ ᠲᠤᠪᠤᠶᠢᠯᠭᠠᠨ᠎ᠠ᠃ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠳᠠ ᠵᠢᠨ‌‍ᠲ᠋ᠥ᠋ᠷᠥᠯ ᠬᠤᠪᠢᠶᠠᠨ ᠬᠡᠷᠡᠭᠵᠢᠬᠦᠯᠬᠦ ᠨᠠᠷᠢᠨ ᠲᠥᠷᠢᠮ ᠢ ᠲᠤᠭᠳᠠᠭᠠᠵᠤ᠂ ᠬᠤᠳᠠ ᠶᠢᠨ ᠵᠡᠬᠡᠯᠢ ᠥᠵᠡᠮᠵᠢ᠂  ᠵᠠᠮ᠂ ᠮᠤᠳᠤ᠂ ᠡᠪᠡᠰᠦ ᠴᠡᠴᠡᠭ  ᠢ ᠨᠠᠷᠢᠨ ᠬᠢᠨᠠᠮᠠᠭᠠᠢ ᠦᠢᠯᠡᠳᠴᠦ᠂ ︽ᠬᠤᠸᠠᠷ ᠬᠠᠳᠬᠤᠬᠤ︾ ᠡᠷᠳᠡᠮ ᠢᠶᠠᠷ ᠬᠤᠳᠠ ᠶᠢᠨ ᠨᠠᠷᠢᠯᠢᠭᠵᠢᠭᠰᠠᠨ ᠬᠠᠮᠢᠶᠠᠷᠤᠯᠳᠠ ᠶᠢ ᠠᠬᠢᠭᠤᠯᠤᠨ᠎ᠠ᠃ ᠰᠢᠨ᠎ᠡ ᠭᠡᠯᠪᠡᠷᠢ ᠶᠢᠨ ᠤᠶᠤᠨᠯᠢᠭ ᠬᠤᠳᠠ ᠶᠢᠨ ᠪᠠᠶᠢᠭᠤᠯᠤᠯᠳᠠ ᠶᠢ ᠲᠦᠷᠭᠡᠳᠬᠡᠨ ᠠᠬᠢᠭᠤᠯᠵᠤ᠂ ᠰᠠᠭᠤᠷᠢ ᠲᠤᠭ᠎ᠠ ᠪᠠᠷᠢᠮᠳᠠ ᠶᠢᠨ ᠬᠥᠮᠥᠷᠬᠡ᠂ ᠨᠡᠶᠢᠳᠡ ᠶᠢᠨ ᠰᠤᠷᠠᠭ ᠵᠠᠩᠭᠢ ᠶᠢ ᠬᠠᠮᠳᠤ ᠪᠠᠷ ᠡᠳ᠋ᠯᠡᠭᠦ᠂ ᠤᠶᠤᠨᠯᠢᠭ ᠬᠤᠳᠠ ᠶᠢᠨ ᠬᠠᠮᠢᠶᠠᠷᠤᠯᠳᠠ᠂ ᠤᠶᠤᠨᠯᠢᠭ ᠨᠡᠶᠢᠬᠡᠮ ᠲᠤᠭᠤᠷᠢᠭ ᠵᠡᠷᠬᠡ ᠲᠥᠷᠥᠯ ᠵᠤᠶᠢᠯ ᠤᠨ ᠪᠠᠶᠢᠭᠤᠯᠤᠯᠳᠠ ᠶᠢ  ᠭᠤᠤᠯᠯᠠᠨ ᠠᠬᠢᠭᠤᠯᠤᠨ᠂ ᠤᠶᠤᠨᠯᠢᠭ ᠦᠨᠳᠦᠷ ᠪᠦᠳᠦᠮᠵᠢᠳᠦ ᠬᠤᠳᠠ ᠶᠢᠨ ᠬᠠᠮᠢᠶᠠᠷᠤᠯᠳᠠ ᠶᠢᠨ ᠲᠤᠭᠳᠠᠯᠴᠠᠭ᠎ᠠ ᠶᠢ ᠪᠠᠶᠢᠭᠤᠯᠤᠨ᠎ᠠ᠃ ᠠᠳᠠᠯ ᠥᠢᠯᠡᠰ ᠤᠨ ᠠᠵᠤ ᠠᠬᠤᠶᠢᠯᠠᠯ ᠤᠨ ᠬᠠᠮᠢᠶᠠᠷᠤᠯᠳᠠ ᠶᠢ ᠪᠥᠬᠦ ᠲᠠᠯ᠎ᠠ ᠪᠠᠷ ᠲᠥᠷᠢᠮᠵᠢᠬᠦᠯᠵᠤ᠂ ᠰᠢᠯᠢᠳᠡᠭ  ᠎ ᠨᠢ ᠢᠯᠠᠵᠤ ᠰᠢᠭᠠᠷᠤ ᠨᠢ ᠢᠯᠠᠭᠳᠠᠬᠤ ᠬᠠᠮᠢᠶᠠᠷᠤᠯᠳᠠ ᠶᠢᠨ ᠳᠤᠭᠳᠠᠯᠴᠠᠭ᠎ᠠ ᠶᠢ ᠪᠠᠶᠢᠭᠤᠯᠤᠨ᠎ᠠ᠃ ᠬᠤᠢ ᠵᠥᠡᠭ ᠵᠢᠥᠢ ᠶᠧ ᠠᠳᠠᠯ ᠥᠢᠯᠡᠰ ᠤᠨ ᠥᠢᠯᠡᠴᠢᠯᠡᠬᠡᠨ ᠤ ᠺᠤᠮᠫᠠᠨᠢ ᠳᠤ ᠲᠥᠰᠢᠭᠯᠡᠨ᠂ ᠪᠤᠰᠤᠳ ᠠᠳᠠᠯ ᠥᠢᠯᠡᠰ ᠤᠨ ᠠᠵᠤ ᠠᠬᠤᠶᠢᠯᠠᠯ ᠢ ᠵᠢᠯᠣᠭᠤᠳᠣᠨ᠂ ᠬᠤᠯᠪᠤᠭᠠᠯᠠᠬᠤ᠂ ᠨᠢᠬᠡᠳᠬᠡᠬᠦ᠂ ᠲᠠᠭᠢᠨ ᠵᠤᠬᠢᠶᠠᠨ ᠪᠠᠶᠢᠭᠤᠯᠬᠤ ᠵᠡᠷᠬᠡ ᠠᠷᠭ᠎ᠠ ᠪᠠᠷ   ᠳᠠᠮᠵᠢᠨ ᠲᠥᠷᠢᠮᠵᠢᠬᠦᠯᠥᠨ᠂  ᠨᠡᠷᠡᠳᠦ ᠲᠡᠮᠳᠡᠭᠵᠢᠭᠦᠯᠦᠨ᠂ ᠠᠳᠠᠯ ᠥᠢᠯᠡᠰ ᠤᠨ ᠥᠢᠯᠡᠴᠢᠯᠡᠬᠡᠨ ᠤ ᠬᠢᠷᠢ ᠲᠥᠪᠰᠢᠨ ᠢ ᠦᠨᠡᠨᠬᠦ ᠲᠡᠭᠡᠭᠰᠢᠯᠡᠬᠦᠯᠥᠨ᠎ᠡ᠃ ᠴᠢᠨᠠᠷ ᠲᠡᠰ ᠪᠦᠬᠦᠢ ᠰᠠᠭᠤᠭᠠᠯᠢ ᠲᠤᠭᠤᠷᠢᠭ ᠤᠨ ᠥᠷᠬᠦᠯᠵᠢᠯᠡᠯᠳᠥ ᠬᠠᠮᠢᠶᠠᠷᠤᠯᠳᠠ ᠶᠢ ᠴᠢᠩᠭᠠᠳᠬᠠᠵᠤ᠂ ᠡᠵᠡᠩᠨᠡᠨ ᠬᠠᠮᠠᠭᠠᠯᠠᠬᠤ ᠳᠠᠭᠠᠭᠠᠮᠠᠭᠠᠢ ᠳᠣᠭᠳᠠᠯᠴᠠᠭ᠎ᠠ ᠶᠢ ᠪᠠᠶᠢᠭᠤᠯᠤᠨ᠎ᠠ᠃ ᠬᠤᠳᠠ ᠶᠢᠨ ᠠᠮᠢᠳᠤᠷᠠᠯ ᠤᠨ ᠬᠤᠭ ᠢ ᠲᠥᠷᠥᠯ ᠬᠤᠪᠢᠶᠠᠨ ᠬᠠᠮᠢᠶᠠᠷᠬᠤ ᠶᠢ ᠢᠳᠡᠪᠬᠢᠳᠠᠢ ᠠᠬᠢᠭᠤᠯᠤᠨ᠎ᠠ᠃ ᠭᠤᠤᠯ ᠬᠤᠳᠠ ᠲᠤᠭᠤᠷᠢᠭ ᠤᠨ ᠬᠥᠮᠥᠨ ᠠᠮᠨ ᠶᠢᠨ ᠲᠠᠷᠬᠠᠯᠳᠠ ᠶᠢᠨ ᠪᠠᠶᠢᠳᠠᠯ ᠢ ᠥᠨᠳᠥᠰᠥᠯᠡᠵᠤ  ᠂ 8 ᠨᠡᠶᠢᠬᠡᠮ ᠲᠤᠭᠤᠷᠢᠭ ᠢ ᠰᠢᠨ᠎ᠡ ᠪᠠᠷ ᠪᠠᠶᠢᠭᠤᠯᠤᠨ᠂ ᠰᠠᠭᠤᠭᠠᠯᠢ ᠠᠷᠠᠳ ᠲᠤ ᠲᠥᠬᠦᠮ ᠲᠥᠳᠡ ᠦᠨᠳᠦᠷ ᠪᠦᠳᠦᠮᠵᠢᠳᠤ ︽ᠬᠡᠷ  ᠤᠨ ᠡᠭᠦᠳᠡᠨ ᠳᠠᠬᠢ ᠥᠢᠯᠡᠴᠢᠯᠡᠭᠡ︾᠎ ᠶᠢ ᠬᠠᠨᠭ᠍ᠭᠠᠨ᠎ᠠ᠃ ᠨᠡᠶᠢᠬᠡᠮ ᠵᠢᠷᠤᠮ ᠤᠨ ᠭᠤᠤᠯᠯᠠᠬᠤ ᠥᠷᠳᠡᠭ ᠤᠨ ᠥᠵᠡᠯᠳᠡ ᠶᠢ ᠶᠡᠭᠡ ᠪᠠᠷ ᠤᠬᠠᠭᠤᠯᠵᠤ᠂ ᠬᠤᠳᠠ ᠶᠢᠨ ᠪᠤᠯᠪᠠᠰᠤᠨ ᠤ ᠪᠠᠶᠢᠭᠤᠯᠤᠯᠳᠠ ᠪᠤᠯᠤᠨ ᠨᠤᠳᠤᠭ ᠤᠨ ᠰᠤᠷᠳᠠᠯ ᠤᠨ ᠪᠤᠯᠪᠠᠰᠤᠨ ᠤ ᠶᠡᠭᠡ ᠠᠵᠢᠯᠯᠠᠭ᠎ᠠ ᠶᠢ ᠥᠷᠨᠢᠬᠦᠯᠵᠤ᠂ ᠬᠤᠳᠠ ᠶᠢᠨ ᠠᠷᠠᠳ ᠢ ᠢᠳᠡᠪᠬᠢᠳᠡᠢ ᠲᠠᠶᠢᠴᠢᠯᠠᠨ᠂ ᠬᠤᠳᠠ ᠶᠢᠨ ᠬᠠᠮᠢᠶᠠᠷᠤᠯᠳᠠ ᠪᠤᠯᠤᠨ ᠬᠤᠳᠠ ᠶᠢᠨ ᠰᠠᠶᠢᠨ ᠲᠤᠷᠠᠴᠤᠤᠯ ᠤᠨ ᠥᠢᠯᠡᠴᠢᠯᠡᠭᠡ ᠳᠤ ᠤᠷᠤᠯᠴᠠᠭᠤᠯᠵᠤ᠂ ᠬᠠᠮᠳᠤ ᠪᠠᠷ ᠪᠠᠶᠢᠭᠤᠯᠤᠨ ᠬᠠᠮᠳᠤ ᠪᠠᠷ ᠵᠠᠰᠠᠵᠤ᠂ ᠬᠠᠮᠳᠤ ᠪᠠᠷ ᠡᠳ᠋ᠯᠡᠨ ᠬᠠᠮᠳᠤ ᠪᠠᠷ ᠠᠰᠢᠭ ᠬᠥᠷᠳᠡᠬᠦ ᠶᠢ ᠪᠡᠶᠡᠯᠡᠬᠦᠯᠵᠤ᠂ ᠬᠤᠳᠠ ᠶᠢᠨ ᠪᠤᠯᠪᠠᠰᠤᠨ ᠤ ᠲᠥᠷᠢ ᠲᠥᠷᠬᠦ ᠶᠢ ᠰᠠᠶᠢᠵᠢᠷᠠᠭᠤᠯᠤᠨ᠎ᠠ᠃      ᠬᠤᠶᠠᠷ ᠲᠤ ᠬᠥᠳᠡᠭᠡ ᠲᠤᠰᠬᠤᠨ ᠢ ᠬᠥᠭᠵᠢᠬᠦᠯᠥᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠥᠨᠵᠡᠬᠡᠢ ᠬᠡᠷᠡᠭᠵᠢᠬᠦᠯᠥᠨ᠎ᠡ᠃ ︽ᠠᠵᠢᠯ ᠥᠢᠯᠡᠰ ᠥᠷᠨᠢᠩᠭᠦᠢ᠂ ᠠᠮᠢ ᠠᠬᠤᠢ ᠤᠷᠤᠰᠢᠨ ᠰᠠᠭᠤᠬᠤ ᠳᠤ ᠲᠤᠭᠢᠷᠠᠮᠵᠢᠳᠠᠢ᠂ ᠨᠤᠳᠤᠭ ᠤᠨ ᠵᠠᠩᠰᠢᠯ ᠪᠤᠯᠪᠠᠰᠤᠨ᠂ ᠵᠠᠰᠠᠯᠳᠠ ᠥᠷ᠎ᠡ ᠪᠥᠳᠥᠮᠵᠢ ᠰᠠᠶᠢᠳᠠᠢ᠂ ᠠᠮᠢᠳᠤᠷᠠᠯ ᠪᠠᠶᠠᠨ ᠴᠢᠨᠡᠭᠡᠯᠢᠭ︾ ᠪᠠᠶᠢᠬᠤ ᠶᠡᠷᠥᠩᠭᠡᠢ ᠱᠠᠭᠠᠷᠳᠠᠯᠭ᠎ᠠ ᠶᠤᠰᠤᠭᠠᠷ᠂ ᠮᠠᠯ ᠲᠠᠷᠢᠶᠠᠯᠠᠩ ᠤᠨ ᠥᠢᠯᠡᠰ᠂ ᠬᠥᠳᠡᠭᠡ ᠲᠤᠰᠬᠤᠨ ᠢ ᠤᠷᠢᠳᠠᠪᠠᠷ ᠬᠥᠭᠵᠢᠬᠦᠯᠬᠦ ᠶᠢ ᠢᠮᠠᠭᠳᠠ ᠪᠠᠷᠢᠮᠳᠠᠯᠠᠨ᠎ᠠ᠃ ᠬᠥᠳᠡᠭᠡ ᠠᠵᠤ ᠠᠬᠤᠢ ᠶᠢᠨ ᠥᠢᠯᠡᠰ ᠤᠨ ᠤᠳᠤᠬᠢᠴᠢᠯᠠᠯᠳᠠ ᠶᠢ ᠠᠬᠢᠭᠤᠯᠤᠨ᠎ᠠ᠃  ᠠᠭᠤᠷ ᠠᠮᠢᠰᠬᠤᠯ ᠴᠡᠪᠡᠷ᠂ ᠭᠠᠵᠠᠷ ᠲᠤᠤᠷᠠᠬᠢ ᠤᠰᠤ ᠪᠤᠯᠤᠨ ᠬᠥᠷᠥᠰᠥ ᠰᠢᠷᠥᠢ ᠶᠢᠨ ᠴᠡᠪᠡᠷᠴᠠ ᠶᠢᠨ ᠬᠡᠮᠵᠢᠶ᠎ᠡ ᠥᠨᠳᠥᠷ ᠪᠠᠶᠢᠬᠤ ᠲᠠᠪᠠᠭᠤᠯᠢᠭ ᠢ ᠬᠥᠢᠴᠡᠳ ᠪᠠᠳᠠᠷᠠᠭᠤᠯᠤᠨ᠂ ︽ᠪᠤᠬᠢᠷᠳᠤᠯ ᠥᠬᠡᠢ  ᠂ ᠤᠬᠢ ᠰᠢᠯᠢᠳᠡᠭᠵᠢᠬᠦᠯᠬᠦ︾ ᠤᠳᠤᠬᠢᠴᠢᠯᠠᠭᠰᠠᠨ ᠬᠥᠳᠡᠭᠡ ᠠᠵᠤ ᠠᠬᠤᠢ ᠶᠢᠨ ᠥᠢᠯᠡᠰ ᠤᠨ ᠵᠠᠮ ᠢ ᠪᠠᠷᠢᠮᠳᠠᠯᠠᠨ᠂ ᠬᠥᠳᠡᠭᠡ ᠠᠵᠤ ᠠᠬᠤᠢ ᠶᠢᠨ ᠪᠥᠳᠥᠬᠡᠭᠳᠡᠭᠦᠨ ᠤ ᠬᠠᠨᠭ᠍ᠭᠠᠯᠭ᠎ᠠ ᠶᠢᠨ ᠬᠡᠮᠵᠢᠶ᠎ᠡ ᠪᠤᠯᠤᠨ ᠬᠠᠨᠭ᠍ᠭᠠᠯᠭ᠎ᠠ ᠶᠢᠨ ᠴᠢᠳᠠᠪᠤᠷᠢ ᠶᠢ ᠲᠡᠭᠡᠭᠰᠢᠯᠡᠬᠦᠯᠥᠨ᠎ᠡ᠃ ᠭᠠᠵᠠᠷ ᠤᠨ ᠭᠠᠷᠤᠯᠳᠠ ᠬᠥᠳᠡᠭᠡ ᠠᠵᠤ ᠠᠬᠤᠢ ᠶᠢᠨ ᠪᠥᠳᠥᠬᠡᠭᠳᠡᠭᠦᠨ ᠤ ᠴᠢᠨᠠᠷ ᠴᠢᠨᠰᠠᠭ᠎ᠠ ᠶᠢᠨ ᠠᠮᠤᠷ ᠲᠥᠪᠰᠢᠨ ᠤ ᠪᠠᠷᠢᠮᠵᠢᠶ᠎ᠠ ᠶᠢᠨ ᠲᠤᠭᠳᠠᠯᠴᠠᠭ᠎ᠠ ᠪᠤᠯᠤᠨ ᠮᠥᠷᠳᠡᠬᠦ ᠲᠤᠭᠳᠠᠯᠴᠠᠭ᠎ᠠ ᠶᠢ ᠪᠠᠶᠢᠭᠤᠯᠤᠨ᠂ ᠤᠭ ᠭᠠᠷᠤᠯᠳᠠ ᠶᠢᠨ ᠭᠠᠵᠠᠷ ᠢ ᠬᠠᠮᠠᠭᠠᠯᠠᠬᠤ ᠪᠤᠯᠤᠨ ᠪᠤᠬᠢᠷᠳᠤᠯ ᠥᠬᠡᠢ᠂ ᠤᠷᠭᠠᠨᠢᠭ᠂ ᠨᠡᠶᠢᠳᠡ ᠶᠢᠨ ᠬᠤᠤᠷᠳᠠᠯ ᠥᠬᠡᠢ ᠬᠡᠷᠡᠴᠢᠯᠡᠯ ᠢ ᠪᠥᠬᠦ ᠲᠠᠯ᠎ᠠ ᠪᠠᠷ ᠬᠡᠷᠡᠭᠵᠢᠬᠦᠯᠵᠤ᠂ ︽ᠭᠤᠷᠪᠠᠨ ᠴᠢᠨᠠᠷ ᠴᠢᠨᠰᠠᠭ᠎ᠠ ᠨᠢᠬᠡ ᠪᠠᠷᠢᠮᠵᠢᠶ᠎ᠠ︾᠎ ᠲᠠᠢ ᠪᠥᠳᠥᠬᠡᠭᠳᠡᠬᠦᠨ ᠢ 10᠎ ᠠᠴᠠ ᠲᠡᠭᠡᠭᠰᠢ ᠰᠢᠨ᠎ᠡ ᠪᠠᠷ ᠨᠡᠮᠡᠭᠳᠡᠭᠦᠯᠥᠨ᠎ᠡ᠃ ᠲᠤᠯᠤᠭᠠᠶᠢᠯᠠᠭᠴᠢ ᠠᠵᠤ ᠠᠬᠤᠶᠢᠯᠠᠯ ᠤᠨ ᠲᠠᠭᠠᠭᠤᠯᠤᠭᠴᠢ ᠶᠢᠨ ᠥᠢᠯᠡᠳᠥᠯ ᠢ ᠬᠥᠢᠴᠡᠳ ᠪᠠᠳᠠᠷᠠᠭᠤᠯᠵᠤ᠂ ᠬᠤᠳᠠ ᠶᠢᠨ ᠠᠵᠤ ᠠᠬᠤᠢ᠂ ᠵᠠᠬᠢᠶᠠᠯᠠᠭ᠎ᠠ ᠶᠢᠨ ᠲᠠᠷᠢᠶᠠᠯᠠᠩ ᠤᠨ ᠥᠢᠯᠡᠰ ᠤᠨ ᠲᠤᠭᠤᠷᠢᠨ ᠳᠤ᠂ ᠰᠠᠭᠤᠭ᠎ᠠ ᠭᠠᠵᠠᠷ ᠤᠨ ᠤᠶᠢᠷ᠎ᠠ ᠬᠠᠪᠢ ᠶᠢᠨ ᠠᠵᠤ ᠥᠢᠯᠡᠳᠪᠥᠷᠢ ᠠᠭᠤᠷᠬᠠᠢ ᠶᠢᠨ ᠠᠵᠤ ᠠᠬᠤᠶᠢᠯᠠᠯ ᠤᠨ ᠪᠤᠷᠤᠯᠠᠭᠤᠯᠭ᠎ᠠ ᠲᠠᠢ ᠬᠠᠷᠢᠴᠠᠬᠤ ᠶᠢ ᠪᠥᠬᠦ ᠲᠠᠯ᠎ᠠ ᠪᠠᠷ ᠬᠥᠨᠵᠡᠬᠡᠶᠢᠷᠡᠬᠦᠯᠵᠤ᠂ ᠶᠠᠳᠠᠭᠤ ᠬᠥᠴᠢᠷᠳᠡᠯ ᠲᠠᠢ ᠮᠠᠯᠴᠢᠨ ᠲᠠᠷᠢᠶᠠᠴᠢᠳ ᠤᠨ ᠤᠷᠤᠯᠭ᠎ᠠ ᠶᠢᠨ ᠥᠰᠥᠯᠳᠡ ᠶᠢ ᠲᠤᠭᠳᠠᠭᠤᠨ ᠪᠤᠯᠭᠠᠵᠤ᠂ ᠭᠤᠤᠯ ᠬᠤᠳᠠ ᠲᠤᠭᠤᠷᠢᠭ ᠪᠤᠯᠤᠨ ᠠᠵᠤ ᠥᠢᠯᠡᠳᠪᠥᠷᠢ ᠠᠭᠤᠷᠬᠠᠢ ᠶᠢᠨ ᠠᠵᠤ ᠠᠬᠤᠶᠢᠯᠠᠯ ᠤᠨ ᠠᠷᠤ ᠲᠠᠯ᠎ᠠ ᠶᠢᠨ ᠬᠠᠨᠭ᠍ᠭᠠᠯᠭ᠎ᠠ ᠶᠢᠨ ︽ᠢᠳᠡᠰᠢᠨ ᠨᠤᠭᠤᠭ᠎ᠠ︾᠎ ᠶᠢᠨ ᠢᠨᠵᠧᠨᠧᠷᠢᠩ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠲᠠᠷᠢᠶᠠᠨ ᠬᠥᠷᠢᠶᠡᠯᠡᠩ ᠤᠨ ᠶᠡᠷᠥᠩᠭᠡᠢ ᠴᠤᠭᠴᠠ ᠶᠢᠨ ᠪᠠᠶᠢᠭᠤᠯᠤᠯᠳᠠ ᠶᠢ ᠢᠳᠡᠪᠬᠢᠳᠡᠢ ᠠᠬᠢᠭᠤᠯᠵᠤ᠂ ᠥᠪᠡᠷᠳᠡᠬᠡᠨ ᠵᠠᠰᠠᠬᠤ ᠤᠷᠤᠨ ᠤ ᠲᠡᠰ᠂ ᠴᠢᠨᠠᠭᠰᠢᠯᠠᠭᠠᠳ ᠤᠯᠤᠰ ᠤᠨ ᠲᠡᠰ ᠤᠨ ᠲᠠᠷᠢᠶᠠᠯᠠᠩ ᠤᠨ ᠶᠡᠷᠥᠩᠭᠡᠢ ᠴᠤᠭᠴᠠ ᠶᠢᠨ ᠪᠠᠶᠢᠭᠤᠯᠤᠯᠳᠠ ᠶᠢᠨ ᠲᠤᠷᠰᠢᠯᠳᠠ ᠶᠢᠨ ᠴᠡᠭ ᠢ ᠪᠠᠶᠢᠭᠤᠯᠤᠨ᠎ᠠ᠃ ᠲᠤᠰᠬᠤᠨ ᠤ ᠨᠡᠶᠢᠳᠡ ᠶᠢᠨ ᠠᠵᠤ ᠠᠬᠤᠢ ᠶᠢ ᠬᠥᠭᠵᠢᠬᠦᠯᠥᠨ᠎ᠡ᠃ ᠲᠤᠰᠬᠤᠨ ᠤ ᠪᠠᠶᠢᠳᠠᠯ ᠢ ᠥᠨᠳᠥᠰᠥᠯᠡᠨ᠂ ᠲᠥᠷᠥᠯ ᠢᠯᠭᠠᠨ ᠵᠢᠯᠤᠭᠤᠳᠴᠤ᠂ ᠠᠵᠤ ᠥᠢᠯᠡᠰ ᠤᠨ ᠰᠠᠭᠤᠷᠢ ᠮᠥᠡᠭᠭᠦᠨ ᠤ ᠲᠤᠰᠬᠤᠨ ᠤ ᠨᠡᠶᠢᠳᠡ ᠶᠢᠨ ᠠᠵᠤ ᠠᠬᠤᠢ ᠳᠠᠬᠢ ᠲᠡᠮᠵᠢᠯᠬᠡ ᠶᠢᠨ ᠬᠥᠴᠥᠯᠡᠴᠡ ᠶᠢ ᠨᠡᠮᠡᠭᠳᠡᠭᠦᠯᠥᠨ᠎ᠡ᠃ ᠬᠥᠳᠡᠭᠡ ᠠᠵᠤ ᠠᠬᠤᠢ ᠶᠢᠨ ᠡᠵᠡᠩᠨᠡᠯᠳᠡ ᠶᠢᠨ ᠬᠡᠪ ᠵᠠᠭᠪᠤᠷ ᠢ ᠰᠢᠨᠡᠴᠢᠯᠡᠨ᠂ ᠨᠤᠭᠤᠭ᠎ᠠ ᠵᠢᠮᠢᠰ ᠲᠡᠭᠦᠬᠦ᠂ ᠭᠠᠵᠠᠷ ᠲᠠᠭᠠᠭᠠᠴᠢᠯᠠᠨ ᠡᠵᠡᠩᠨᠡᠬᠦ᠂ ᠬᠡᠷ ᠪᠥᠯᠢ ᠶᠢᠨ ᠮᠠᠯᠵᠢᠯ ᠤᠨ ᠲᠠᠯᠠᠪᠠᠢ ᠵᠡᠷᠬᠡ ᠶᠢᠨ ᠰᠢᠨ᠎ᠡ ᠬᠡᠯᠪᠡᠷᠢ ᠶᠢᠨ ᠬᠥᠳᠡᠭᠡ ᠠᠵᠤ ᠠᠬᠤᠢ ᠶᠢᠨ ᠥᠢᠯᠡᠰ ᠤᠨ ᠬᠥᠭᠵᠢᠯᠳᠡ ᠶᠢᠨ ᠪᠠᠶᠢᠳᠠᠯ ᠢ ᠬᠥᠭᠵᠢᠬᠦᠯᠥᠨ ᠪᠤᠵᠠᠭᠠᠶᠢᠷᠠᠭᠤᠯᠵᠤ᠂ ᠪᠠᠷᠢᠮᠵᠢᠶᠠᠵᠢᠵᠤ ᠲᠥᠷᠢᠮᠵᠢᠬᠦᠯᠥᠭᠰᠡᠨ ᠬᠡᠷ ᠪᠥᠯᠢ ᠶᠢᠨ ᠮᠠᠯ ᠲᠠᠷᠢᠶᠠᠯᠠᠩ ᠤᠨ ᠲᠠᠯᠠᠪᠠᠢ ᠶᠢ100᠎ ᠠᠴᠠ ᠲᠡᠭᠡᠭᠰᠢ ᠳᠤ ᠪᠠᠶᠢᠯᠭᠠᠨ᠎ᠠ᠃ ᠨᠠᠮ ᠤᠨ ᠪᠠᠶᠢᠭᠤᠯᠤᠯᠳᠠ ᠪᠠᠷ ᠤᠳᠤᠷᠢᠳᠤᠮᠵᠢ ᠪᠤᠯᠭᠠᠬᠤ ᠲᠠᠢ ᠤᠶᠠᠯᠳᠤᠭᠤᠯᠵᠤ᠂ ᠬᠡᠷ ᠪᠥᠯᠢ ᠶᠢᠨ ᠲᠠᠷᠢᠶᠠᠨ ᠲᠠᠯᠠᠪᠠᠢ᠂ ᠲᠤᠰᠬᠠᠢ ᠮᠡᠷᠬᠡᠵᠢᠯ ᠤᠨ ᠶᠡᠭᠡ ᠡᠷᠥᠬᠡ᠂ ᠮᠠᠯᠴᠢᠨ ᠲᠠᠷᠢᠶᠠᠴᠢᠳ ᠤᠨ ᠬᠤᠷᠰᠢᠶᠠᠵᠢᠯ ᠵᠡᠷᠬᠡ ᠎ ᠶᠢᠨ ᠡᠵᠡᠩᠨᠡᠯᠳᠡ ᠶᠢᠨ ᠭᠤᠤᠯ ᠴᠤᠭᠴᠠ ᠶᠢᠨ ᠬᠥᠷᠢᠶ᠎ᠡ ᠬᠡᠪᠴᠢᠶ᠎ᠡ ᠶᠢ ᠨᠡᠮᠡᠭᠳᠡᠭᠦᠯᠵᠤ᠂ ᠵᠢᠱᠢᠶ᠎ᠡ ᠥᠵᠡᠬᠦᠯᠥᠨ ᠲᠠᠭᠠᠭᠤᠯᠬᠤ ᠥᠷ᠎ᠡ ᠠᠰᠢᠭ ᠢ ᠨᠡᠮᠡᠭᠳᠡᠭᠦᠯᠥᠨ᠎ᠡ᠃ 2022 ᠤᠨ ᠪᠤᠯᠳᠠᠯ᠎ᠠ᠂ 90%᠎ ᠠᠴᠠ ᠲᠡᠭᠡᠭᠰᠢᠬᠢ ᠬᠥᠳᠡᠭᠡ ᠠᠵᠤ ᠠᠬᠤᠢ ᠶᠢᠨ ᠲᠤᠯᠤᠭᠠᠶᠢᠯᠠᠭᠴᠢ ᠠᠵᠤ ᠠᠬᠤᠶᠢᠯᠠᠯ ᠪᠤᠯᠤᠨ ᠮᠠᠯᠴᠢᠨ ᠲᠠᠷᠢᠶᠠᠴᠢᠳ ᠤᠨ ᠨᠢᠭᠳᠠ ᠬᠤᠯᠪᠤᠭᠠᠯᠠᠯ ᠤᠨ ᠪᠠᠶᠢᠭᠤᠯᠤᠮᠵᠢ ᠶᠢ ᠪᠠᠶᠢᠭᠤᠯᠤᠨ᠎ᠠ᠃      ᠭᠤᠷᠪᠠ ᠳᠤ ᠬᠤᠳᠠ ᠬᠥᠳᠡᠭᠡ ᠶᠢᠨ ᠨᠡᠶᠢᠳᠡ ᠶᠢᠨ ᠥᠢᠯᠡᠴᠢᠯᠡᠬᠡᠨ ᠤ ᠲᠡᠩᠴᠡᠭᠦᠷᠢᠰᠢᠯ ᠢ ᠠᠬᠢᠭᠤᠯᠤᠨ᠎ᠠ᠃ ᠥᠵᠡᠰᠬᠦᠯᠡᠩᠳᠥ ᠬᠥᠳᠡᠭᠡ ᠲᠤᠰᠬᠤᠨ ᠤ ᠪᠥᠳᠥᠬᠡᠨ ᠪᠠᠶᠢᠭᠤᠯᠤᠯᠳᠠ ᠶᠢᠨ ᠥᠷ᠎ᠡ ᠪᠥᠳᠥᠬᠡᠯ ᠢ ᠪᠠᠳᠤᠳᠬᠠᠵᠤ᠂ ᠬᠥᠳᠡᠭᠡ ᠲᠤᠰᠬᠤᠨ ᠮᠠᠯᠵᠢᠬᠤ ᠤᠷᠤᠨ ᠤ ᠨᠡᠶᠢᠳᠡ ᠶᠢᠨ ᠡᠳ᠋ ᠤᠨ ᠵᠠᠰᠠᠭ ᠤᠨ ᠤᠷᠳᠤ ᠬᠤᠭᠤᠴᠠᠭᠠᠨ ᠤ ᠲᠤᠭᠳᠠᠭᠤᠨ ᠬᠥᠭᠵᠢᠯᠳᠡ ᠶᠢᠨ ᠪᠠᠶᠢᠭᠤᠯᠤᠮᠵᠢ ᠶᠢ ᠲᠡᠭᠦᠯᠳᠡᠷᠵᠢᠬᠦᠯᠥᠨ᠂ ᠥᠨᠳᠥᠰᠥᠨ ᠱᠠᠳᠤᠨ ᠤ ᠰᠤᠷᠭᠠᠨ ᠬᠥᠮᠥᠵᠢᠯ᠂ ᠡᠮ ᠡᠮᠨᠡᠯᠬᠡ᠂ ᠰᠤᠶᠤᠯ ᠎ ᠤᠨ ᠬᠥᠭᠵᠢᠯᠳᠡ ᠶᠢᠨ ᠬᠢᠷᠢ ᠲᠥᠪᠰᠢᠨ ᠢ ᠲᠡᠭᠡᠭᠰᠢᠯᠡᠬᠦᠯᠵᠤ᠂ ᠬᠥᠳᠡᠭᠡ ᠲᠤᠰᠬᠤᠨ ᠮᠠᠯᠵᠢᠬᠤ ᠤᠷᠤᠨ ᠤ ᠤᠯᠠᠨ ᠲᠥᠮᠡᠨ ᠳᠤ ᠨᠡᠩ ᠰᠢᠯᠢᠳᠡᠭ ᠨᠡᠶᠢᠳᠡ ᠶᠢᠨ ᠥᠢᠯᠡᠴᠢᠯᠡᠭᠡ ᠬᠥᠷᠳᠡᠬᠡᠨ᠎ᠡ᠃ ᠡᠯ᠎ᠡ ᠪᠠᠯᠭᠠᠰᠤᠨ ᠤ ᠲᠤᠭᠤᠷᠢᠭ ᠲᠤ ᠴᠥᠮ ᠲᠥᠪᠯᠡᠷᠡᠬᠦᠯᠥᠭᠰᠡᠨ ᠲᠤᠯᠠᠭᠠᠯᠠᠭ᠎ᠠ ᠬᠢᠨ᠎ᠡ᠃ ᠪᠤᠢ ᠪᠥᠬᠦᠢ ᠵᠠᠰᠠᠭ ᠵᠠᠬᠢᠷᠭᠠᠨ ᠤ ᠲᠤᠰᠬᠤᠨ ᠳᠤ ᠴᠥᠮ ᠰᠥᠯᠵᠢᠶᠡᠨ ᠤ ᠥᠷᠬᠡᠨ ᠪᠥᠰᠡ ᠶᠢ ᠪᠥᠷᠬᠦᠬᠦᠯᠵᠤ᠂ ᠨᠥᠬᠦᠴᠠᠯ ᠲᠠᠢ ᠲᠤᠰᠬᠤᠨ ᠨᠢ ᠬᠠᠶᠠᠭᠳᠠᠮᠠᠯ ᠪᠤᠳᠠᠰ ᠢ ᠨᠢᠬᠡᠳᠥᠯᠳᠡᠢ ᠡᠬᠡᠬᠦᠯᠥᠨ ᠬᠤᠷᠢᠶᠠᠵᠤ᠂ ᠬᠠᠶᠠᠭᠳᠠᠮᠠᠯ ᠤᠰᠤ ᠶᠢ ᠲᠥᠪᠯᠡᠷᠡᠬᠦᠯᠥᠨ ᠰᠢᠢᠳᠪᠥᠷᠢᠯᠡᠵᠤ᠂ ᠬᠥᠳᠡᠭᠡ ᠲᠤᠰᠬᠤᠨ ᠮᠠᠯᠵᠢᠬᠤ ᠤᠷᠤᠨ ᠤ ︽ᠵᠤᠷᠯᠤᠩ ᠤᠨ ᠬᠤᠪᠢᠰᠬᠠᠯᠳᠠ︾᠎ ᠶᠢ ᠪᠡᠶᠡᠯᠡᠬᠦᠯᠥᠨ᠂ ᠠᠷᠠᠳ ᠤᠯᠠᠨ ᠤ ᠠᠮᠢᠳᠤᠷᠠᠯ ᠤᠨ ᠴᠢᠨᠠᠷ ᠲᠡᠰ ᠢ ᠨᠥᠯᠥᠬᠡᠯᠡᠵᠤ ᠪᠠᠶᠢᠭ᠎ᠠ ᠬᠥᠷᠥᠯᠴᠠᠬᠦ ᠥᠬᠡᠢ ᠲᠠᠯ᠎ᠠ ᠶᠢ ᠨᠥᠬᠦᠪᠥᠷᠢᠯᠡᠨ᠎ᠡ᠃ ᠪᠥᠬᠦ ᠬᠡᠪᠴᠢᠶᠡᠨ ᠤ ᠵᠢᠭᠤᠯᠴᠢᠯᠠᠯ ᠲᠠᠢ ᠤᠶᠠᠯᠳᠤᠭᠤᠯᠵᠤ᠂ ᠲᠤᠬᠠᠢ ᠶᠢᠨ ᠭᠠᠵᠠᠷ ᠲᠤ ᠨᠢ ᠵᠤᠬᠢᠴᠠᠭᠤᠯᠤᠨ᠂ ᠲᠤᠰᠬᠤᠨ ᠪᠥᠷᠢ ᠶᠢᠨ ᠪᠠᠶᠢᠳᠠᠯ ᠢ ᠥᠨᠳᠥᠰᠥᠯᠡᠨ ᠲᠥᠷᠥ ᠶᠢᠨ ᠪᠤᠳᠤᠯᠭ᠎ᠠ ᠲᠤᠭᠳᠠᠭᠠᠵᠤ᠂ ᠬᠥᠳᠡᠭᠡ ᠲᠤᠰᠬᠤᠨ ᠮᠠᠯᠵᠢᠬᠤ ᠤᠷᠤᠨ ᠤ ᠪᠠᠶᠢᠭᠠᠯᠢᠯᠢᠭ ᠪᠠᠶᠢᠳᠠᠯ ᠪᠤᠯᠤᠨ ᠤᠷᠤᠨ ᠰᠠᠭᠤᠴᠠ ᠶᠢᠨ ᠨᠥᠬᠦᠴᠠᠯ ᠢ ᠰᠢᠯᠢᠳᠡᠭᠵᠢᠬᠦᠯᠥᠨ ᠭᠤᠸᠠᠯᠢᠭᠵᠢᠭᠤᠯᠤᠨ᠎ᠠ᠃ 2022 ᠤᠨ ᠪᠤᠯᠳᠠᠯ᠎ᠠ ᠥᠪᠡᠷᠳᠡᠬᠡᠨ ᠵᠠᠰᠠᠬᠤ ᠤᠷᠤᠨ ᠤ ᠲᠡᠰ ᠤᠨ ᠰᠢᠨ᠎ᠡ ᠬᠥᠳᠡᠭᠡ ᠲᠤᠰᠬᠤᠨ ᠰᠢᠨ᠎ᠡ ᠮᠠᠯᠵᠢᠬᠤ ᠤᠷᠤᠨ ᠤ ᠪᠠᠶᠢᠭᠤᠯᠤᠯᠳᠠ ᠶᠢᠨ ᠵᠢᠱᠢᠶ᠎ᠡ ᠥᠵᠡᠬᠦᠯᠬᠦ‍ ᠴᠢᠭ ᠢ 40 ᠭᠠᠷᠭᠠᠵᠤ᠂ ᠥᠵᠡᠰᠬᠦᠯᠡᠩᠳᠥ ᠬᠥᠳᠡᠭᠡ ᠲᠤᠰᠬᠤᠨ ᠤ ᠪᠥᠷᠬᠦᠴᠠ ᠶᠢᠨ ᠨᠤᠷᠮ᠎ᠠ ᠶᠢ 90%᠎ ᠠᠴᠠ ᠲᠡᠭᠡᠭᠰᠢ ᠬᠥᠷᠬᠡᠨ᠎ᠡ᠃      ᠲᠥᠯᠥᠬᠡᠯᠡᠭᠴᠢᠳ ᠡ᠂ ᠬᠤᠳᠠ ᠬᠥᠳᠡᠭᠡ ᠶᠢᠨ ᠡᠶ᠎ᠡ ᠵᠤᠬᠢᠴᠠᠯᠳᠤ ᠬᠥᠭᠵᠢᠯᠳᠡ ᠶᠢ ᠠᠬᠢᠭᠤᠯᠬᠤ ᠪᠤᠯ ᠥᠵᠡᠰᠬᠦᠯᠡᠩᠳᠥ ᠬᠡᠷ ᠤᠷᠤᠨ ᠢᠶᠠᠨ ᠪᠠᠶᠢᠭᠤᠯᠬᠤ ᠶᠢᠨ ᠴᠢᠬᠤᠯᠨ ᠠᠷᠭ᠎ᠠ ᠠᠪᠴᠠᠯ ᠪᠤᠯᠤᠨ᠎ᠠ᠃ ᠪᠢᠳᠠ ᠡᠷᠬᠡᠪᠰᠢ ︽ᠬᠤᠳᠠ ᠬᠥᠳᠡᠭᠡ ᠶᠢ ᠨᠢᠬᠡᠳᠦᠯᠳᠠᠢ ᠲᠦᠯᠦᠪᠵᠢᠬᠦᠯᠬᠦ︾ ᠥᠵᠡᠯ ᠰᠠᠨᠠᠭ᠎ᠠ ᠶᠢ ᠪᠠᠳᠤ ᠪᠤᠯᠭᠠᠵᠤ᠂ ᠴᠢᠨᠠᠷ ᠲᠡᠰ ᠲᠠᠢ ᠬᠤᠳᠠ᠂ ᠥᠵᠡᠰᠬᠦᠯᠡᠩᠳᠥ ᠬᠥᠳᠡᠭᠡ ᠲᠤᠰᠬᠤᠨ ᠢ ᠪᠠᠶᠢᠭᠤᠯᠤᠨ᠂ ᠨᠡᠶᠢᠳᠡ ᠶᠢᠨ ᠥᠢᠯᠡᠴᠢᠯᠡᠬᠡᠨ ᠤ ᠲᠡᠩᠴᠡᠭᠦᠷᠢᠰᠢᠯ ᠢ ᠠᠬᠢᠭᠤᠯᠤᠨ᠂ ᠪᠥᠬᠦ ᠬᠤᠰᠢᠭᠤᠨ ᠎ ᠤ ᠡᠯ᠎ᠡ ᠥᠨᠳᠥᠰᠥᠳᠡᠨ ᠤ ᠠᠷᠠᠳ ᠤᠯᠠᠨ ᠤ ᠠᠮᠢᠳᠤᠷᠠᠯ ᠢ ᠨᠢ ᠨᠡᠩ ᠢᠯᠡᠬᠦᠥ ᠲᠥᠬᠦᠮ᠂ ᠲᠠᠭᠠᠯᠠᠮᠵᠢᠳᠠᠢ᠂ ᠭᠤᠸ᠎ᠠ ᠰᠠᠶᠢᠬᠠᠨ ᠪᠤᠯᠭᠠᠨ᠎ᠠ᠃      ︵ᠭᠤᠷᠪᠠ︶ ᠠᠮᠢ ᠠᠬᠤᠢ ᠶᠢᠨ ᠪᠠᠶᠢᠭᠤᠯᠤᠯᠳᠠ ᠶᠢ ᠥᠷᠬᠦᠯᠵᠢᠯᠡᠨ ᠴᠢᠩᠭᠠᠳᠬᠠᠵᠤ᠂ ᠤᠷᠴᠢᠨ ᠲᠤᠭᠤᠷᠢᠨ ᠤ ᠬᠠᠮᠠᠭᠠᠯᠠᠯᠳᠠ ᠶᠢ ᠪᠥᠬᠦ ᠲᠠᠯ᠎ᠠ ᠪᠠᠷ ᠴᠢᠩᠭᠠᠳᠬᠠᠨ᠂ ᠨᠤᠮᠢᠨ ᠨᠤᠭᠤᠭᠠᠨ ᠠᠮᠢ ᠠᠬᠤᠢ ᠶᠢᠨ ᠬᠠᠯᠬᠠᠪᠴᠢ ᠶᠢ ᠪᠤᠢ ᠪᠤᠯᠭᠠᠨ᠎ᠠ᠃      ᠨᠢᠬᠡ ᠳᠤ᠂ ᠠᠮᠢ ᠠᠬᠤᠢ ᠶᠢᠨ ᠬᠠᠮᠠᠭᠠᠯᠠᠯᠳᠠ ᠶᠢᠨ ᠥᠷ᠎ᠡ ᠪᠥᠳᠥᠬᠡᠯ ᠢ ᠪᠠᠳᠤᠳᠬᠠᠨ᠎ᠠ᠃ ᠤᠰᠤᠨ ᠤ ᠰᠤᠷᠪᠤᠯᠵᠢ᠂ ᠭᠠᠵᠠᠷ ᠰᠢᠷᠥᠢ᠂ ᠬᠠᠭᠠᠯᠪᠤᠷᠢᠯᠠᠭᠰᠠᠨ ᠭᠠᠵᠠᠷ᠂ ᠤᠢ ᠪᠤᠯᠤᠨ ᠲᠠᠯ᠎ᠠ ᠨᠤᠳᠤᠭ ᠤᠨ ᠬᠠᠮᠢᠶᠠᠷᠤᠯᠳᠠ ᠶᠢᠨ ︽ᠲᠠᠪᠤᠨ ᠤᠯᠠᠭᠠᠨ ᠱᠤᠭᠤᠮ︾᠎ ᠢ ᠪᠠᠳᠤ ᠰᠠᠬᠢᠵᠤ᠂ ᠠᠮᠢ ᠠᠬᠤᠢ ᠶᠢᠨ ᠬᠠᠮᠠᠭᠠᠯᠠᠯᠳᠠ ᠶᠢᠨ ᠤᠯᠠᠭᠠᠨ ᠱᠤᠭᠤᠮ᠂ ᠥᠨᠢ ᠡᠬᠦᠷᠢᠳᠡ ᠶᠢᠨ ᠥᠨᠳᠥᠰᠥᠨ ᠲᠠᠷᠢᠶᠠᠨ ᠭᠠᠵᠠᠷ᠂ ᠬᠤᠳᠠ ᠪᠠᠯᠭᠠᠰᠤᠨ ᠤ ᠨᠡᠬᠡᠬᠡᠯᠳᠡ ᠶᠢᠨ ᠬᠢᠵᠠᠭᠠᠷ ᠵᠡᠷᠬᠡ ᠶᠢᠨ ᠭᠤᠷᠪᠠᠨ ᠵᠤᠷᠪᠤᠰ ᠬᠢᠵᠠᠭᠠᠷᠯᠠᠯ ᠤᠨ ᠤᠳᠠᠰᠤᠨ ᠤ ᠲᠤᠭᠳᠠᠭᠠᠯᠳᠠ ᠶᠢᠨ ᠠᠵᠢᠯ ᠢ ᠪᠡᠶᠡᠯᠡᠬᠦᠯᠥᠨ᠎ᠡ᠃ ᠥᠨᠳᠥᠰᠥᠨ ᠲᠠᠯ᠎ᠠ ᠨᠤᠳᠤᠭ ᠤᠨ ᠬᠠᠮᠠᠭᠠᠯᠠᠯᠳᠠ᠂ ᠮᠠᠯ ᠤᠨ ᠪᠡᠯᠴᠢᠬᠡᠷ ᠤᠨ ᠲᠡᠩᠴᠡᠭᠦᠷᠢᠰᠢᠯ ᠪᠤᠯᠤᠨ ᠪᠡᠯᠴᠢᠬᠡᠷᠯᠡᠬᠦᠯᠬᠦ ᠶᠢ ᠬᠤᠷᠢᠭᠯᠠᠬᠤ ᠲᠥᠷᠥ ᠶᠢᠨ ᠪᠤᠳᠤᠯᠭ᠎ᠠ ᠶᠢ ᠬᠡᠷᠡᠭᠵᠢᠬᠦᠯᠵᠤ᠂ ᠪᠠᠶᠢᠭᠠᠯᠢᠯᠢᠭ ᠡᠬᠢ ᠪᠠᠶᠠᠯᠢᠭ  ᠡᠳ᠋ ᠬᠥᠷᠥᠩᠭᠡ ᠶᠢᠨ ᠦᠷᠢ ᠦᠭᠴᠡᠬᠡᠨ ᠤ ᠬᠥᠰᠥᠨᠥᠭᠳᠥ᠂ ᠤᠳᠤᠷᠢᠳᠬᠤ ᠺᠠᠳ᠋ᠷᠴᠤᠳ ᠠᠵᠢᠯ ᠠᠴᠠ ᠪᠠᠨ ᠰᠠᠯᠤᠭᠰᠠᠨ ᠴᠤ ᠪᠠᠶᠢᠭᠠᠯᠢᠯᠢᠭ ᠡᠬᠢ ᠪᠠᠶᠠᠯᠢᠭ ᠪᠤᠯᠤᠨ ᠡᠳ᠋ ᠬᠥᠷᠥᠩᠭᠡ ᠶᠢᠨ ᠲᠤᠬᠠᠢ ᠨᠢᠭᠳᠠᠯᠠᠨ ᠪᠤᠳᠤᠯᠳᠠ ᠬᠢᠬᠦ᠂ ᠠᠮᠢ ᠠᠬᠤᠢ ᠶᠢᠨ ᠤᠷᠴᠢᠨ ᠢ ᠬᠤᠬᠢᠷᠠᠭᠤᠯᠪᠠᠯ ᠬᠠᠷᠢᠭᠤᠴᠠᠯᠭ᠎ᠠ ᠶᠢ ᠨᠠᠰᠤᠨ ᠲᠤᠷᠰᠢᠳᠠ ᠨᠡᠬᠡᠮᠵᠢᠯᠡᠬᠦ ᠲᠥᠷᠢᠮ ᠢ ᠪᠥᠬᠦ ᠲᠠᠯ᠎ᠠ ᠎ ᠪᠠᠷ ᠬᠡᠷᠡᠭᠵᠢᠬᠦᠯᠥᠨ᠎ᠡ᠃ ᠠᠮᠢ ᠠᠬᠤᠢ ᠶᠢᠨ ᠬᠠᠮᠠᠭᠠᠯᠠᠯᠳᠠ᠂ ᠠᠮᠢ ᠠᠬᠤᠢ ᠶᠢᠨ ᠰᠤᠶᠤᠯ᠂ ᠠᠮᠢ ᠠᠬᠤᠢ ᠶᠢᠨ ᠵᠢᠭᠤᠯᠴᠢᠯᠠᠯ ᠵᠡᠷᠬᠡ ᠶᠢᠨ ᠴᠢᠳᠠᠪᠬᠢ ᠶᠢ ᠨᠢᠬᠡᠳᠬᠡᠭᠰᠡᠨ ᠴᠢᠩᠭᠢᠰ ᠬᠠᠭᠠᠨ ᠨᠡᠷᠡᠮᠵᠢᠳᠦ ᠤᠯᠤᠰ ᠤᠨ ᠤᠢ ᠰᠢᠭᠤᠢ ᠶᠢᠨ ᠴᠡᠴᠡᠷᠯᠢᠭ ᠤᠨ ᠪᠠᠶᠢᠭᠤᠯᠤᠯᠳᠠ ᠶᠢ ᠲᠥᠷᠬᠡᠳᠬᠡᠨ᠎ᠡ᠃ ᠤᠶᠢᠵᠢᠭᠤᠯᠤᠯᠳᠠ ᠬᠢᠵᠤ ᠮᠤᠳᠤ ᠲᠠᠷᠢᠬᠤ ᠬᠥᠴᠥᠯᠡᠴᠡ ᠶᠢ ᠥᠷᠬᠦᠯᠵᠢᠯᠡᠨ ᠴᠢᠩᠭᠠᠳᠬᠠᠵᠤ᠂ ︽ᠢᠨᠲ᠋ᠧᠷᠨᠧᠲ ᠰᠥᠯᠵᠢᠶ᠎ᠡ + ᠠᠯᠪᠠᠨ ᠵᠢᠷᠤᠮ ᠤᠨ ᠮᠤᠳᠤ ᠲᠠᠷᠢᠬᠤ︾ ᠲᠤᠷᠰᠢᠯᠳᠠ ᠶᠢᠨ ᠪᠠᠶᠢᠭᠤᠯᠤᠯᠳᠠ ᠶᠢ ᠡᠩ ᠲᠡᠷᠢᠬᠦᠨ ᠳᠤ ᠲᠤᠷᠰᠢᠨ ᠬᠡᠷᠡᠭᠵᠢᠬᠦᠯᠵᠤ᠂ ᠪᠡᠬᠡᠵᠢᠩ ᠲᠢᠶᠡᠨᠵᠢᠨ ᠤ ᠰᠠᠯᠬᠢ ᠰᠢᠷᠤᠢ ᠶᠢᠨ ᠡᠬᠦᠰᠦᠯᠳᠠ ᠶᠢ ᠵᠠᠰᠠᠬᠤ ᠬᠤᠶᠠᠳᠤᠭᠠᠷ ᠬᠤᠭᠤᠴᠠᠭ᠎ᠠ᠂ ︽ᠭᠤᠷᠪᠠᠨ ᠤᠮᠠᠷᠠᠳᠤ︾᠎ ᠶᠢᠨ ᠰᠡᠷᠬᠡᠶᠢᠯᠡᠯᠳᠡ ᠶᠢᠨ ᠤᠢ ᠵᠡᠷᠬᠡ ᠶᠢᠨ ᠭᠤᠤᠯᠳᠠᠯᠭ᠎ᠠ ᠲᠠᠢ ᠠᠮᠢ ᠠᠬᠤᠢ ᠶᠢᠨ  ᠢᠨᠵᠧᠨᠧᠷᠢᠩ ᠢ ᠥᠷᠬᠦᠯᠵᠢᠯᠡᠨ ᠠᠳᠬᠤᠵᠤ᠂ ᠠᠮᠢ ᠠᠬᠤᠢ ᠶᠢᠨ ᠪᠠᠶᠢᠭᠤᠯᠤᠯᠳᠠ ᠶᠢ ᠮᠤᠳᠤ ᠲᠠᠷᠢᠵᠤ ᠨᠤᠭᠤᠭᠠᠨ ᠥᠡᠭᠭᠡ ᠨᠡᠮᠡᠷᠢᠯᠡᠬᠦ ᠠᠴᠠ ᠴᠢᠨᠠᠷ ᠲᠡᠰ ᠤᠨ ᠲᠡᠬᠡᠭᠰᠢᠯᠡᠯᠳᠡ ᠶᠢᠨ ᠬᠤᠪᠢᠷᠠᠭᠠᠯᠳᠠ ᠶᠢ ᠠᠬᠢᠭᠤᠯᠵᠤ᠂ ᠤᠯᠤᠰ ᠤᠨ ᠤᠮᠠᠷᠠᠳᠤ ᠬᠢᠵᠠᠭᠠᠷ ᠤᠨ ᠠᠮᠢ ᠠᠬᠤᠢ ᠶᠢᠨ ᠠᠮᠤᠷ ᠲᠥᠪᠰᠢᠨ ᠤ ᠪᠠᠲᠤ ᠪᠠᠬᠢ ᠡᠵᠡᠨ ᠬᠤᠷᠤᠭ᠎ᠠ ᠬᠤᠰᠢᠭᠤᠨ ᠤ ᠬᠠᠯᠬᠠᠪᠴᠢ ᠶᠢ ᠪᠤᠰᠬᠠᠨ᠎ᠠ᠃      ᠬᠤᠶᠠᠷ ᠲᠤ᠂ ᠠᠮᠢ ᠠᠬᠤᠢ ᠶᠢᠨ ᠤᠷᠴᠢᠨ ᠲᠤᠭᠤᠷᠢᠨ ᠤ ᠵᠠᠰᠠᠯᠳᠠ ᠶᠢ ᠴᠢᠩᠭᠠᠳᠬᠠᠨ᠎ᠠ᠃ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠠᠮᠤᠭ ᠴᠢᠩᠭ᠎ᠠ ᠵᠥᠪᠰᠢᠶᠡᠷᠡᠯ ᠤᠨ ᠬᠢᠨᠠᠯᠳᠠ ᠶᠢ ᠪᠠᠷᠢᠮᠳᠠᠯᠠᠵᠤ᠂ ᠤᠷᠴᠢᠨ ᠲᠤᠭᠤᠷᠢᠨ ᠤ ᠲᠠᠭᠠᠭᠠᠴᠠ ᠪᠠᠷ ᠠᠵᠤ ᠥᠢᠯᠡᠰ ᠢ ᠲᠤᠭᠳᠠᠭᠠᠨ᠂ ᠲᠥᠷᠥᠯ ᠵᠤᠶᠢᠯ ᠢ ᠲᠤᠭᠳᠠᠭᠠᠵᠤ᠂ ᠪᠤᠬᠢᠷᠳᠤᠯ ᠲᠠᠢ ᠠᠵᠤ ᠠᠬᠤᠶᠢᠯᠠᠯ ᠢ ᠤᠭᠳᠤ ᠤᠷᠤᠭᠤᠯᠬᠤ ᠥᠬᠡᠢ᠃ ᠤᠰᠤ ᠵᠠᠰᠠᠵᠤ᠂ ᠴᠢᠨᠠᠷ ᠢ ᠰᠠᠶᠢᠵᠢᠷᠠᠭᠤᠯᠬᠤ᠂ ᠠᠭᠠᠷ ᠤᠨ ᠲᠠᠪᠬᠤᠷᠭ᠎ᠠ ᠶᠢᠨ ᠪᠤᠬᠢᠷᠳᠤᠯ ᠤᠨ ᠰᠡᠷᠬᠡᠶᠢᠯᠡᠯᠳᠡ ᠵᠠᠰᠠᠯᠳᠠ᠂ ᠤᠰᠤᠨ ᠤ ᠡᠬᠢ ᠶᠢᠨ ᠬᠠᠮᠠᠭᠠᠯᠠᠯᠳᠠ᠂ ᠬᠥᠷᠥᠰᠥ ᠰᠢᠷᠥᠢ ᠶᠢᠨ ᠪᠤᠬᠢᠷᠳᠤᠯ ᠤᠨ ᠬᠠᠮᠢᠶᠠᠷᠤᠯᠳᠠ ᠪᠤᠯᠤᠨ ᠵᠠᠰᠠᠯᠳᠠ ᠰᠡᠯᠪᠢᠯᠳᠠ ᠵᠡᠷᠬᠡ ᠶᠢ ᠪᠥᠬᠦ ᠲᠠᠯ᠎ᠠ ᠪᠠᠷ ᠬᠡᠷᠡᠭᠵᠢᠬᠦᠯᠵᠤ᠂ ᠠᠮᠢ ᠠᠬᠤᠢ ᠶᠢᠨ ᠤᠷᠴᠢᠨ ᠲᠤᠭᠤᠷᠢᠨ ᠤ ᠴᠢᠨᠰᠠᠭ᠎ᠠ ᠶᠢ ᠰᠠᠶᠢᠵᠢᠷᠠᠭᠤᠯᠤᠨ᠂ ᠴᠡᠩᠭᠡ ᠤᠰᠤ ᠬᠥᠬᠡ ᠲᠡᠭᠷᠢ ᠨᠤᠭᠤᠭᠠᠨ ᠭᠠᠵᠠᠷ ᠎ ᠢ ᠬᠠᠮᠠᠭᠠᠯᠠᠨ᠎ᠠ᠃ ᠪᠥᠬᠦ ᠬᠤᠰᠢᠭᠤᠨ ᠤ ᠪᠤᠬᠢᠷ ᠤᠰᠤᠨ ᠤ ᠬᠡᠷᠡᠭᠯᠡᠯᠳᠡ ᠶᠢᠨ ᠶᠡᠷᠥᠩᠬᠡᠢ ᠲᠥᠰᠥᠪᠵᠢᠬᠦᠯᠬᠡ ᠶᠢ ᠰᠠᠶᠢᠳᠤᠷ ᠨᠠᠶᠢᠷᠠᠭᠤᠯᠵᠤ᠂ ᠠᠭᠤᠷᠬᠠᠢ ᠶᠢᠨ ᠤᠷᠤᠨ ᠎ ᠤ ᠪᠤᠬᠢᠷ ᠤᠰᠤ ᠶᠢ ᠰᠠᠶᠢᠳᠤᠷ ᠨᠡᠬᠡᠬᠡᠨ ᠠᠰᠢᠭᠯᠠᠵᠤ᠂ ᠠᠮᠢ ᠠᠬᠤᠢ ᠶᠢᠨ ᠨᠤᠭᠤᠭᠠᠷᠠᠭᠤᠯᠤᠯᠳᠠ᠂ ᠬᠤᠳᠠ ᠶᠢᠨ ᠤᠰᠤᠨ ᠰᠢᠰᠲ᠋ᠧᠮ ᠵᠢᠴᠢ ᠭᠤᠤᠯᠳᠠᠯᠭᠠᠳᠤ ᠲᠥᠷᠥᠯ ᠵᠤᠶᠢᠯ ᠳᠤ ᠨᠢᠬᠡᠳᠥᠯᠳᠡᠢ ᠲᠥᠯᠥᠪᠵᠢᠬᠦᠯᠥᠨ ᠠᠰᠢᠭᠯᠠᠵᠤ᠂ ᠠᠭᠤᠷᠬᠠᠢ ᠶᠢᠨ ᠪᠤᠬᠢᠷ ᠤᠰᠤ ᠶᠢ ᠶᠡᠷᠥᠩᠭᠡᠶᠢᠯᠡᠨ ᠠᠰᠢᠭᠯᠠᠬᠤ ᠵᠢᠱᠢᠶ᠎ᠡ ᠥᠵᠡᠬᠦᠯᠬᠦ ᠤᠷᠤᠨ ᠢ ᠪᠠᠶᠢᠭᠤᠯᠤᠨ᠎ᠠ᠃ ᠤᠷᠤᠰᠬᠠᠯ ᠤᠰᠤᠨ ᠤ ᠤᠷᠴᠢᠨ ᠲᠤᠭᠤᠷᠢᠨ ᠤ ᠵᠠᠰᠠᠯᠳᠠ ᠪᠠ ᠬᠠᠮᠠᠭᠠᠯᠠᠯᠳᠠ ᠶᠢ ᠴᠢᠩᠭᠠᠳᠬᠠᠵᠤ᠂ ᠤᠯᠠᠭᠠᠠᠮᠥ᠋ᠷᠡᠨ᠂ ᠪᠤᠬ᠎ᠠ ᠶᠢᠨ ᠭᠤᠤᠯ ᠤᠨ ᠰᠠᠪᠠ ᠭᠠᠵᠠᠷ ᠤᠨ ᠤᠷᠴᠢᠨ ᠲᠤᠭᠤᠷᠢᠨ ᠤ ᠵᠠᠰᠠᠯᠳᠠ ᠶᠢ ᠲᠤᠪᠤᠶᠢᠯᠭᠠᠨ ᠠᠳᠬᠤᠵᠤ᠂ ᠭᠤᠤᠯᠳᠠᠯᠭᠠᠳᠤ ᠤᠷᠤᠰᠬᠠᠯ ᠤᠰᠤᠨ ᠤ ᠴᠢᠨᠠᠷ ᠢ ᠭᠠᠵᠠᠷ ᠤᠨ ᠭᠠᠳᠠᠷᠭᠤ ᠎ ᠶᠢᠨ III ᠬᠡᠯᠪᠡᠷᠢ ᠶᠢᠨ ᠪᠠᠷᠢᠮᠵᠢᠶ᠎ᠠ ᠳᠤ ᠬᠥᠷᠬᠡᠬᠦ ᠶᠢ ᠪᠡᠶᠡᠯᠡᠬᠦᠯᠥᠨ᠎ᠡ᠃ ︽ᠰᠥᠯᠪᠡᠷᠬᠡᠢ ᠨᠤᠤᠷᠬᠠᠢ ᠪᠤᠵᠠᠷ︾ ᠤᠷᠴᠢᠨ ᠲᠤᠭᠤᠷᠢᠨ ᠤ ᠴᠡᠭᠴᠡᠯᠡᠯᠳᠡ ᠶᠢ ᠴᠢᠩᠭᠠᠳᠬᠠᠵᠤ᠂ ︽ᠬᠠᠮᠤᠭ ᠰᠠᠶᠢᠬᠠᠨ ᠠᠭᠤᠷᠬᠠᠢ ᠶᠢᠨ ᠤᠷᠤᠨ︾ ᠪᠠ ᠨᠡᠬᠦᠷᠡᠰᠥ ᠮᠠᠯᠳᠠᠭᠰᠠᠨ ᠲᠤᠷᠤᠭᠰᠢ ᠶᠡᠬᠦᠷᠡᠭᠰᠡᠨ ᠭᠠᠵᠠᠷ ᠤᠨ ᠶᠡᠷᠥᠩᠭᠡᠶᠢᠯᠡᠭᠰᠡᠨ ᠵᠠᠰᠠᠯᠳᠠ ᠶᠢᠨ  ᠢᠨᠵᠧᠨᠧᠷᠢᠩ ᠤᠨ ᠪᠠᠶᠢᠭᠤᠯᠤᠯᠳᠠ ᠶᠢ ᠠᠬᠢᠭᠤᠯᠵᠤ᠂ ᠨᠤᠮᠢᠨ ᠨᠤᠭᠤᠭᠠᠨ ᠠᠭᠤᠷᠬᠠᠢ ᠶᠢᠨ ᠤᠷᠤᠨ᠂ ᠠᠮᠢ ᠠᠬᠤᠢ ᠶᠢᠨ ᠠᠭᠤᠷᠬᠠᠢ ᠶᠢᠨ ᠤᠷᠤᠨ᠂ ᠡᠶ᠎ᠡ ᠵᠤᠬᠢᠴᠠᠯᠳᠤ ᠠᠭᠤᠷᠬᠠᠢ ᠶᠢᠨ ᠤᠷᠤᠨ ᠢ ᠪᠠᠶᠢᠭᠤᠯᠤᠨ᠎ᠠ᠃      ᠭᠤᠷᠪᠠ ᠳᠤ᠂ ᠪᠤᠬᠢᠷᠳᠤᠯ ᠥᠬᠡᠢ ᠲᠤᠤᠷ᠎ᠠ ᠨᠡᠬᠦᠷᠡᠰᠥᠳᠥ᠋ᠷᠥᠭᠴᠢᠳᠤ ᠡᠷᠬᠢᠯᠳᠡᠳᠥ ᠠᠵᠤ ᠠᠬᠤᠢ ᠶᠢ ᠬᠥᠭᠵᠢᠬᠦᠯᠥᠨ᠎ᠡ᠃ ᠡᠨᠧᠷᠬᠢ ᠠᠷᠪᠢᠯᠠᠨ ᠤᠷᠴᠢᠨ ᠲᠤᠭᠤᠷᠢᠨ ᠢ ᠬᠠᠮᠠᠭᠠᠯᠠᠬᠤ᠂  ᠴᠡᠪᠡᠷᠴᠢ ᠥᠢᠯᠡᠳᠪᠥᠷᠢᠯᠡᠯ᠂ ᠴᠡᠪᠡᠷᠴᠢ ᠡᠨᠧᠷᠬᠢ ᠶᠢᠨ ᠠᠵᠤ ᠥᠢᠯᠡᠰ ᠢ ᠶᠡᠭᠡ ᠪᠠᠷ ᠬᠥᠭᠵᠢᠬᠦᠯᠵᠤ᠂ ᠡᠬᠢ ᠪᠠᠶᠠᠯᠢᠭ ᠢ ᠪᠥᠬᠦ ᠲᠠᠯ᠎ᠠ ᠎ ᠪᠠᠷ ᠠᠷᠪᠢᠯᠠᠬᠤ ᠪᠠ ᠲᠠᠬᠢᠨ ᠠᠰᠢᠭᠯᠠᠬᠤ ᠶᠢ ᠠᠬᠢᠭᠤᠯᠵᠤ᠂ ᠨᠡᠬᠦᠷᠡᠰᠥ ᠪᠠᠷ ᠴᠠᠬᠢᠯᠭᠠᠨ ᠭᠠᠷᠭᠠᠬᠤ᠂ ᠨᠡᠬᠦᠷᠡᠰᠥᠨ ᠤ ᠬᠢᠮᠢ ᠶᠢᠨ ᠠᠵᠤ ᠥᠢᠯᠡᠳᠪᠥᠷᠢ ᠵᠡᠷᠬᠡ ᠶᠢᠨ ᠰᠥᠢᠳᠥᠯ ᠶᠡᠬᠡᠳᠡᠢ ᠠᠵᠤ ᠥᠢᠯᠡᠰ ᠢ ᠪᠤᠬᠢᠷᠳᠤᠯ ᠥᠬᠡᠢ ᠡᠷᠬᠢᠯᠳᠡᠳᠥ ᠴᠢᠭᠯᠡᠯ ᠲᠡᠰᠢ ᠬᠥᠭᠵᠢᠬᠦᠯᠥᠨ᠎ᠡ᠃ ᠨᠤᠭᠤᠭᠠᠷᠠᠭᠤᠯᠤᠯᠳᠠ ᠶᠢᠨ ᠮᠡᠷᠬᠡᠵᠢᠯ ᠤᠨ ᠰᠤᠳᠤᠯᠤᠯᠳᠠ ᠨᠡᠬᠡᠬᠡᠯᠳᠡ᠂ ᠬᠤᠪᠢᠷᠠᠭᠤᠯᠤᠯᠳᠠ᠂ ᠲᠥᠬᠡᠮᠡᠯᠵᠢᠬᠦᠯᠥᠯᠳᠡ ᠶᠢ ᠵᠤᠷᠢᠭᠵᠢᠭᠤᠯᠤᠨ᠂ ᠪᠤᠷᠭᠠᠰᠤ᠂ ᠤᠯᠤᠰᠤ ᠵᠡᠷᠬᠡ ᠶᠢᠨ ᠤᠢ ᠰᠢᠭᠤᠢ ᠡᠯᠡᠰᠥᠨ ᠤ ᠠᠵᠤ ᠥᠢᠯᠡᠰ ᠢ ᠢᠳᠡᠪᠬᠢᠳᠡᠢ ᠪᠤᠶᠢᠵᠢᠭᠤᠯᠤᠨ ᠬᠥᠭᠵᠢᠬᠦᠯᠵᠤ᠂ 10 ᠲᠥᠮᠡᠨ ᠪᠤᠰᠤᠭ᠎ᠠ ᠲᠥᠷᠪᠡᠯᠵᠢᠨ ᠮᠧᠲᠷ ᠤᠨ ᠪᠤᠷᠭᠠᠰᠤᠨ ᠤ ᠥᠢᠯᠡᠳᠪᠥᠷᠢᠯᠡᠯ ᠤᠨ ᠱᠤᠭᠤᠮ ᠵᠢᠴᠢ 30 ᠲᠥᠮᠡᠨ ᠪᠤᠰᠤᠭ᠎ᠠ ᠲᠥᠷᠪᠡᠯᠵᠢᠨ ᠮᠧᠲᠷ ᠤᠨ ᠤᠭᠰᠠᠷᠠᠨ ᠲᠤᠭᠢᠷᠠᠭᠤᠯᠬᠤ ᠬᠡᠯᠪᠡᠷᠢ ᠶᠢᠨ ᠮᠤᠳᠤᠨ ᠪᠥᠳᠥᠴᠠ ᠲᠠᠢ ᠬᠡᠷ ᠤᠨ ᠥᠢᠯᠡᠳᠪᠥᠷᠢᠯᠡᠯ ᠤᠨ ᠱᠤᠭᠤᠮ ᠤᠨ ᠪᠠᠶᠢᠭᠤᠯᠤᠯᠳᠠ ᠶᠢ ᠲᠥᠷᠬᠡᠳᠬᠡᠨ᠂ ᠪᠥᠬᠦ ᠤᠯᠤᠰ ᠤᠨ ᠪᠤᠬᠢᠷᠳᠤᠯ ᠥᠬᠡᠢ ᠪᠠᠷᠢᠯᠭ᠎ᠠ ᠶᠢᠨ ᠮᠠᠲ᠋ᠧᠷᠢᠶᠠᠯ ᠤᠨ ᠥᠢᠯᠡᠳᠪᠥᠷᠢᠯᠡᠯ ᠪᠤᠯᠪᠠᠰᠤᠷᠠᠭᠤᠯᠤᠯᠳᠠ ᠶᠢᠨ ᠰᠠᠭᠤᠷᠢᠨ ᠪᠠ ᠤᠯᠤᠰ ᠤᠨ ᠪᠤᠬᠢᠷᠳᠤᠯ ᠥᠬᠡᠢ ᠤᠷᠤᠨ ᠰᠠᠭᠤᠴᠠ ᠵᠢᠴᠢ ᠤᠭᠰᠠᠷᠠᠨ ᠲᠤᠭᠢᠷᠠᠭᠤᠯᠬᠤ ᠮᠠᠶ᠋ᠢᠭ ᠤᠨ ᠪᠥᠳᠥᠬᠡᠨ ᠪᠠᠶᠢᠭᠤᠯᠤᠯᠳᠠ ᠶᠢᠨ ᠥᠢᠯᠡᠳᠪᠥᠷᠢᠯᠡᠯ ᠤᠨ ᠵᠢᠱᠢᠶ᠎ᠡ ᠥᠵᠡᠬᠦᠯᠬᠦ ᠰᠠᠭᠤᠷᠢᠨ ᠢ ᠪᠠᠶᠢᠭᠤᠯᠤᠨ᠎ᠠ᠃      ᠲᠥᠯᠥᠬᠡᠯᠡᠭᠴᠢᠳ ᠡ᠂ ᠡᠵᠡᠨ ᠬᠤᠷᠤᠭ᠎ᠠ ᠬᠤᠰᠢᠭᠤᠨ ᠤ ᠡᠨᠡᠬᠦ ᠨᠤᠮᠢᠨ ᠨᠤᠭᠤᠭᠠᠨ ᠥᠡᠭᠭᠡᠳᠥ ᠨᠡᠷ᠎ᠡ ᠶᠢᠨ ᠬᠠᠭᠤᠳᠠᠰᠤ ᠶᠢᠨ ᠢᠷᠡᠯᠳᠡ ᠬᠢᠯᠪᠠᠷ ᠪᠤᠰᠤ ᠶᠤᠮ ᠃ ᠡᠬᠦᠨ ᠳᠤ ᠬᠡᠳᠥᠨ ᠥᠶ᠎ᠡ ᠶᠢᠨ ᠬᠥᠮᠥᠰ ᠤᠨ ᠤᠶᠤᠨ ᠤᠬᠠᠭᠠᠨ ᠬᠥᠴᠥ ᠬᠥᠯᠥᠰᠥ ᠰᠢᠩᠭᠡᠵᠤ ᠪᠤᠢ᠃ ᠪᠢᠳᠠ ᠡᠷᠬᠡᠪᠰᠢ ᠨᠢᠳᠤᠨ ᠴᠡᠴᠡᠬᠡᠢ ᠪᠠᠨ ᠬᠠᠮᠠᠭᠠᠯᠠᠬᠤ ᠰᠢᠭ᠋ ᠢᠶᠠᠷ ᠠᠮᠢ ᠠᠬᠤᠢ ᠶᠢᠨ ᠤᠷᠴᠢᠨ ᠢᠶᠠᠨ ᠬᠠᠮᠠᠭᠠᠯᠠᠵᠤ᠂ ᠠᠮᠢ ᠪᠡᠶ᠎ᠡ ᠲᠠᠢ ᠪᠠᠨ ᠠᠳᠠᠯᠢᠬᠠᠨ ᠢᠶᠠᠷ ᠠᠮᠢ ᠠᠬᠤᠢ ᠳᠤ ᠬᠠᠨᠳᠤᠨ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠴᠢᠩᠭ᠎ᠠ ᠠᠳᠬᠤᠵᠤ᠂ ᠬᠠᠮᠤᠭ ᠰᠠᠶᠢᠬᠠᠨ ᠥᠵᠡᠮᠵᠢ ᠶᠢ ᠤᠯᠠᠨ ᠲᠥᠮᠡᠨ ᠳᠤ ᠬᠠᠷᠠᠭᠤᠯᠤᠨ᠂ ᠤᠷᠤᠰᠢᠨ ᠰᠠᠭᠤᠬᠤ ᠳᠤ ᠲᠤᠭᠢᠷᠠᠮᠵᠢᠳᠠᠢ ᠠᠮᠢ ᠠᠬᠤᠢ ᠶᠢ ᠥᠷ᠎ᠡ ᠬᠤᠶᠢᠴᠢᠰ ᠲᠠᠭᠠᠨ ᠥᠯᠡᠳᠡᠬᠡᠵᠤ᠂ ᠨᠤᠮᠢᠨ ᠨᠤᠭᠤᠭᠠᠨ ᠥᠡᠭᠭᠡ ᠶᠢ ᠡᠵᠡᠨ ᠬᠤᠷᠤᠭ᠎ᠠ ᠬᠤᠰᠢᠭᠤᠨ ᠤ ᠡᠬᠦᠷᠢᠳᠡ ᠶᠢᠨ ᠥᠡᠭᠭᠡ ᠪᠤᠯᠭᠠᠵᠠᠭᠠᠶ᠎ᠠ᠃      ︵ᠲᠥᠷᠪᠡ︶ ᠥᠬᠡᠷᠡᠴᠢᠯᠡᠯᠳᠡ ᠰᠢᠨ᠎ᠡ ᠡᠬᠦᠳᠥᠯᠳᠡ ᠶᠢ ᠬᠥᠨᠵᠡᠬᠡᠢ ᠠᠬᠢᠭᠤᠯᠤᠨ᠂ ᠴᠢᠬᠤᠯᠨ ᠵᠠᠩᠬᠢᠯᠠᠭ᠎ᠠ ᠶᠢᠨ ᠪᠠᠳᠤᠯᠠᠭ᠎ᠠ ᠶᠢ ᠲᠠᠰᠤᠷᠠᠯᠳᠠ ᠥᠬᠡᠢ ᠴᠢᠩᠭᠠᠳᠬᠠᠵᠤ᠂ ᠠᠵᠤ ᠠᠬᠤᠢ ᠶᠢᠨ ᠭᠥᠭᠵᠢᠯᠳᠡ ᠶᠢᠨ ᠬᠥᠳᠡᠯᠭᠡᠭᠴᠢ ᠬᠥᠴᠥᠨ ᠢ  ᠴᠢᠩᠭᠠᠳᠬᠠᠨ᠎ᠠ᠃      ᠨᠢᠬᠡ᠂ ᠰᠢᠨ᠎ᠡ ᠶᠢ ᠡᠬᠦᠳᠬᠦ ᠬᠥᠳᠡᠯᠬᠡᠭᠴᠢ ᠬᠥᠴᠥᠨ ᠢ ᠬᠥᠨᠵᠡᠬᠡᠶᠢᠷᠡᠬᠦᠯᠥᠨ ᠠᠬᠢᠭᠤᠯᠤᠨ᠎ᠠ᠃ ᠡᠯ᠎ᠡ ᠱᠠᠳᠤᠨ ᠤ ᠰᠢᠨᠵᠢᠯᠡᠭᠡ ᠮᠡᠷᠬᠡᠵᠢᠯ ᠤᠨ ᠰᠢᠨ᠎ᠡ ᠶᠢ ᠡᠬᠦᠳᠬᠦ ᠲᠡᠳᠬᠦᠯᠳᠡ ᠶᠢᠨ ᠲᠥᠷᠥ ᠶᠢᠨ ᠪᠤᠳᠤᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ᠂ ᠰᠢᠨ᠎ᠡ ᠶᠢ ᠡᠬᠦᠳᠬᠦ ᠬᠡᠯᠬᠢᠶᠡᠵᠢᠯ ᠪᠤᠯᠤᠨ ᠠᠵᠤ ᠥᠢᠯᠡᠰ ᠤᠨ ᠬᠡᠯᠬᠢᠶᠡᠵᠢᠯ᠂ ᠪᠡᠯᠨ ᠮᠥᠡᠭᠭᠦᠨ ᠤ ᠬᠡᠯᠬᠢᠶᠡᠵᠢᠯ᠂ ᠪᠡᠯᠨ ᠮᠥᠡᠭᠭᠦᠨ ᠤ ᠬᠡᠯᠬᠢᠶᠡᠵᠢᠯ᠂ ᠴᠢᠳᠠᠪᠤᠷᠢᠳᠠᠨ ᠤ ᠬᠡᠯᠬᠢᠶᠡᠵᠢᠯ ᠢ ᠵᠤᠬᠢᠴᠠᠭᠤᠯᠤᠨ ᠠᠭᠤᠰᠤᠯᠴᠠᠭᠤᠯᠵᠤ ᠬᠥᠭᠵᠢᠬᠦᠯᠥᠨ᠂ ᠪᠥᠬᠦ ᠬᠤᠰᠢᠭᠤᠨ ᠤ ᠰᠢᠨᠵᠢᠯᠡᠭᠡ ᠮᠡᠷᠬᠡᠵᠢᠯ ᠤᠨ ᠰᠢᠨ᠎ᠡ ᠶᠢ ᠡᠬᠦᠳᠬᠦ ᠲᠠᠯ᠎ᠠ ᠪᠠᠷ ᠨᠡᠯᠢᠶᠡᠳ ᠶᠡᠭᠡ ᠲᠠᠪᠠᠯᠳᠠ ᠲᠠᠢ ᠪᠤᠯᠭᠠᠵᠤ᠂ ᠪᠠᠷᠠᠭᠤᠨ ᠬᠡᠰᠡᠭ ᠎ ᠤᠨ ᠰᠢᠨ᠎ᠡ ᠶᠢ ᠡᠬᠦᠳᠬᠦ ᠬᠡᠯᠪᠡᠷᠢ ᠶᠢᠨ ᠬᠤᠳᠠ ᠶᠢᠨ ᠡᠮᠥᠨ᠎ᠡ ᠡᠩᠨᠡᠬᠡᠨ ᠳᠤ ᠴᠢᠷᠮᠠᠶᠢᠨ ᠤᠷᠤᠭᠤᠯᠤᠨ᠎ᠠ᠃ ᠴᠡᠪᠡᠷᠴᠢ ᠡᠨᠧᠷᠬᠢ᠂ ᠲᠡᠭᠡᠳᠥ ᠰᠢᠨ᠎ᠡ ᠮᠡᠷᠬᠡᠵᠢᠯ᠂ ᠲᠤᠨᠤᠭ ᠲᠥᠬᠦᠬᠡᠷᠥᠮᠵᠢ ᠶᠢᠨ ᠥᠢᠯᠡᠳᠪᠥᠷᠢᠯᠡᠯ᠂ ᠤᠢ ᠰᠢᠭᠤᠢ ᠡᠯᠡᠰᠥᠨ ᠤ ᠠᠵᠤ ᠠᠬᠤᠢ ᠶᠢᠨ ᠲᠤᠭᠤᠷᠢᠨ ᠳᠤ ᠤᠯᠤᠰ ᠤᠨ ᠲᠤᠳᠤᠭᠠᠳᠤ ᠭᠠᠳᠠᠭᠠᠳᠤ ᠶᠢᠨ ᠨᠡᠷ᠎ᠡ ᠎ ᠲᠠᠢ ᠲᠡᠭᠡᠳᠥ ᠰᠤᠷᠭᠠᠭᠤᠯᠢ᠂ ᠰᠤᠳᠤᠯᠭᠠᠨ ᠤ ᠬᠥᠷᠢᠶᠡᠯᠡᠩ ᠲᠠᠢ ᠥᠢᠯᠡᠳᠪᠥᠷᠢᠯᠡᠯ ᠰᠤᠷᠤᠯᠴᠠᠯᠭ᠎ᠠ ᠰᠤᠳᠤᠯᠭᠠᠨ ᠥᠷᠨᠢᠬᠦᠯᠵᠤ᠂ ᠰᠢᠨᠵᠢᠯᠡᠭᠡ ᠮᠡᠷᠭᠡᠵᠢᠯ ᠤᠨ ᠰᠢᠨ᠎ᠡ ᠎ ᠶᠢ ᠡᠬᠦᠳᠬᠦ ᠲᠠᠪᠴᠠᠩ ᠤᠨ ᠪᠠᠶᠢᠭᠤᠯᠤᠯᠳᠠ᠂ ᠥᠷ᠎ᠡ ᠪᠥᠳᠥᠬᠡᠯ ᠤᠨ ᠬᠤᠪᠢᠷᠠᠭᠤᠯᠤᠯᠳᠠ ᠪᠤᠯᠤᠨ ᠮᠡᠷᠬᠡᠵᠢᠯ ᠤᠨ ᠰᠢᠨᠡᠴᠢᠯᠡᠯᠳᠡ ᠶᠢ ᠭᠤᠤᠯᠳᠠᠯᠭ᠎ᠠ ᠲᠠᠢ ᠲᠡᠮᠵᠢᠨ᠂ ᠰᠢᠨᠵᠢᠯᠡᠭᠡ ᠮᠡᠷᠬᠡᠵᠢᠯ ᠤᠨ ᠰᠢᠨ᠎ᠡ ᠶᠢ ᠡᠬᠦᠳᠬᠦ ᠴᠢᠳᠠᠪᠤᠷᠢ ᠶᠢ ᠥᠨᠡᠩᠭᠦ ᠲᠡᠭᠡᠭᠰᠢᠯᠡᠬᠦᠯᠥᠨ᠎ᠡ᠃ ︽ᠤᠯᠠᠨ ᠲᠥᠮᠡᠨ ᠥᠢᠯᠡᠰ ᠪᠤᠰᠬᠠᠵᠤ᠂ ᠲᠥᠮᠡᠨ ᠤᠯᠠᠨ ᠰᠢᠨ᠎ᠡ ᠎ ᠶᠢ ᠡᠬᠦᠳᠬᠦ︾᠎ ᠶᠢ ᠬᠥᠨᠵᠡᠬᠡᠢ ᠠᠬᠢᠭᠤᠯᠤᠨ᠂ ᠲᠥᠭᠰᠢᠬᠦᠷᠢ ᠶᠢᠨ ᠬᠤᠪᠢᠶᠠᠷᠢᠯᠠᠯᠳᠠ᠂ ᠮᠥᠡᠭᠬᠦᠨ ᠬᠥᠢᠯᠬᠡᠬᠡᠨ ᠤ ᠥᠢᠯᠡᠴᠢᠯᠡᠭᠡ ᠵᠡᠷᠬᠡ ᠲᠡᠳᠭᠦᠯᠳᠡ ᠶᠢᠨ ᠲᠥᠷᠥ ᠎ ᠶᠢᠨ ᠪᠤᠳᠤᠯᠭ᠎ᠠ ᠶᠢ ᠤᠯᠠᠮ ᠨᠢᠬᠡ ᠠᠯᠬᠤᠮ ᠲᠡᠭᠦᠯᠳᠡᠷᠵᠢᠬᠦᠯᠥᠨ᠂ ᠰᠢᠨ᠎ᠡ ᠮᠡᠷᠬᠡᠵᠢᠯ᠂ ᠰᠢᠨ᠎ᠡ ᠠᠵᠤ ᠥᠢᠯᠡᠰ᠂ ᠠᠵᠢᠯ ᠤᠨ ᠰᠢᠨ᠎ᠡ ᠤᠪᠤᠷ ᠢ ᠬᠦᠮᠦᠵᠢᠬᠦᠯᠬᠦ ᠶᠢ ᠲᠦᠷᠬᠡᠳᠬᠡᠵᠤ᠂ ᠰᠤᠯᠨ ᠤᠷᠤᠨ ᠰᠠᠭᠤᠴᠠ ᠶᠢ ᠠᠰᠢᠭᠯᠠᠨ ︽ᠬᠤᠶᠠᠷ ᠢ ᠡᠬᠦᠳᠬᠦ︾ ᠲᠡᠭᠡᠲᠦ ᠲᠡᠰ ᠤᠨ ᠭᠠᠵᠠᠷ ᠪᠤᠯᠭᠠᠨ ᠪᠠᠶᠢᠭᠤᠯᠵᠤ᠂ ᠤᠶᠤᠳᠠᠳ᠂ ᠲᠡᠭᠡᠳᠥ ᠲᠡᠰ ᠲᠠᠪᠬᠤᠷᠭ᠎ᠠ ᠶᠢᠨ ᠴᠢᠳᠠᠪᠤᠷᠢᠳᠠᠳ ᠢ ᠲᠠᠳᠠᠨ ᠠᠪᠴᠢᠷᠠᠵᠤ᠂ ᠰᠢᠨ᠎ᠡ ᠶᠢ ᠡᠬᠦᠳᠥᠨ ᠥᠢᠯᠡᠰ ᠪᠥᠳᠥᠬᠡᠵᠤ᠂ ᠴᠢᠳᠠᠪᠤᠷᠢᠳᠠᠨ ᠢᠶᠠᠷ ᠲᠠᠭᠠᠭᠤᠯᠬᠤ ᠡᠷᠡᠬᠦᠯ ᠰᠠᠶᠢᠬᠠᠨ ᠪᠠᠶᠢᠭᠤᠯᠤᠮᠵᠢ ᠪᠠ ᠰᠢᠨ᠎ᠡ ᠶᠢ ᠡᠬᠦᠳᠬᠦ ᠲᠠᠪᠠᠭᠤᠯᠢᠭ ᠢ ᠪᠤᠢ ᠪᠤᠯᠭᠠᠨ᠎ᠠ᠃ 2022 ᠤᠨ ᠪᠤᠯᠳᠠᠯ᠎ᠠ᠂ ᠲᠡᠭᠷᠢᠯᠢᠭ ᠤᠷᠤᠨ ᠤ ᠤᠯᠠᠨ ᠲᠥᠮᠡᠨ ᠤ ᠥᠢᠯᠡᠰ ᠪᠦᠳᠦᠬᠡᠬᠦ ᠬᠥᠷᠢᠶᠡᠯᠡᠩ ᠢ ᠤᠯᠤᠰ ᠤᠨ ᠲᠡᠰ ᠤᠨ ︽ᠬᠤᠤᠰ ᠡᠬᠦᠳᠥᠯᠳᠡ︾᠎ ᠶᠢᠨ ᠵᠢᠱᠢᠶ᠎ᠡ ᠥᠵᠡᠬᠦᠯᠬᠦ ᠰᠠᠭᠤᠷᠢᠨ ᠪᠤᠯᠭᠠᠨ ᠪᠠᠶᠢᠭᠤᠯᠵᠤ᠂ ᠤᠯᠤᠰ ᠤᠨ ᠲᠡᠰ ᠤᠨ ᠲᠥᠮᠡᠨ ᠤ ᠥᠢᠯᠡᠰ ᠪᠤᠰᠬᠠᠯᠳᠠ ᠶᠢᠨ ᠤᠷᠤᠨ ᠵᠠᠢ 2᠂ ᠥᠪᠡᠷᠳᠡᠬᠡᠨ ᠵᠠᠰᠠᠬᠤ ᠤᠷᠤᠨ ᠤ ᠲᠡᠰ ᠤᠨ ᠤᠯᠠᠨ ᠲᠥᠮᠡᠨ ᠤ ᠥᠢᠯᠡᠰ ᠪᠤᠰᠬᠠᠯᠳᠠ ᠶᠢᠨ ᠤᠷᠤᠨ ᠵᠠᠢ 3 ᠂ ᠵᠢᠵᠢᠭ ᠪᠢᠴᠢᠯ ᠠᠵᠤ ᠠᠬᠤᠶᠢᠯᠠᠯ ᠢ 600 ᠰᠢᠨ᠎ᠡ ᠪᠠᠷ ᠪᠤᠶᠢᠵᠢᠭᠤᠯᠵᠤ᠂ 5000᠎ ᠠᠴᠠ ᠲᠡᠭᠡᠭᠰᠢ ᠠᠵᠢᠯ ᠤᠨ ᠪᠠᠶᠢᠷᠢ ᠬᠠᠨᠭ᠍ᠭᠠᠨ᠎ᠠ᠃ ᠨᠡᠶᠢᠳᠡ ᠶᠢᠨ ᠪᠤᠰᠤ ᠥᠮᠴᠢᠯᠡᠯᠳᠥ ᠠᠵᠤ ᠠᠬᠤᠶᠢᠯᠠᠯ ᠢ ᠲᠡᠮᠵᠢᠬᠦ ᠬᠥᠴᠥᠯᠡᠴᠡ ᠪᠠᠨ ᠴᠢᠩᠭᠠᠳᠬᠠᠵᠤ᠂ ᠠᠵᠤ ᠠᠬᠤᠶᠢᠯᠠᠯᠳᠠᠨ ᠢ ︽ᠨᠡᠶᠢᠬᠡᠮ ᠢᠶᠠᠷ ᠢᠶᠠᠨ ᠬᠥᠨᠳᠥᠳᠬᠡᠵᠤ᠂ ᠵᠠᠰᠠᠭ ᠤᠨ ᠤᠷᠳᠤᠨ ᠴᠢᠬᠤᠯᠠᠴᠢᠯᠠᠨ᠂ ᠠᠵᠤ ᠠᠬᠤᠢ ᠲᠥᠰᠢᠭᠯᠡᠵᠤ᠂ ᠬᠠᠤᠯᠢ ᠵᠠᠰᠠᠯᠳᠠ ᠬᠥᠨᠳᠥ ᠳᠤ ᠥᠵᠡᠳᠡᠭ︾ ᠰᠢᠯᠢᠳᠡᠭ ᠰᠠᠶᠢᠨ ᠠᠭᠤᠷ ᠠᠮᠢᠰᠬᠤᠯ ᠢ ᠢᠳᠡᠪᠬᠢᠳᠡᠢ ᠪᠤᠢ ᠪᠤᠯᠭᠠᠵᠤ᠂ ᠠᠵᠤ ᠠᠬᠤᠶᠢᠯᠠᠯ ᠤᠨ ᠵᠤᠷᠢᠭ ᠰᠠᠨᠠᠭ᠎ᠠ ᠶᠢ ᠰᠡᠷᠬᠦᠬᠡᠨ ᠬᠠᠮᠠᠭᠠᠯᠠᠵᠤ᠂ ᠠᠵᠤ ᠠᠬᠤᠶᠢᠯᠠᠯᠳᠠᠨ ᠢ ᠰᠠᠨᠠᠭ᠎ᠠ ᠠᠮᠤᠷ ᠡᠵᠡᠩᠨᠡᠯᠳᠡ ᠬᠢᠯᠬᠡᠵᠤ᠂ ᠰᠠᠨᠠᠭ᠎ᠠ ᠠᠮᠤᠷ ᠪᠡᠯᠨ ᠤᠷᠤᠭᠤᠯᠤᠨ᠂ ᠰᠠᠨᠠᠭ᠎ᠠ ᠠᠮᠤᠷ ᠥᠢᠯᠡᠰ ᠪᠤᠰᠬᠠᠬᠤ ᠶᠢ ᠵᠤᠷᠢᠭᠵᠢᠭᠤᠯᠤᠨ᠎ᠠ᠃ 2022 ᠣᠨ ᠪᠣᠯᠬᠤ ᠳᠤ ᠨᠡᠶᠢᠳᠡ ᠶᠢᠨ ᠪᠤᠰᠤ ᠥᠮᠴᠢᠯᠡᠯᠳᠥ ᠠᠵᠤ ᠠᠬᠤᠶᠢᠯᠠᠯ ᠤᠨ ᠪᠦᠬᠦᠶᠢᠯᠡ ᠴᠤᠭᠴᠠ ᠶᠢᠨ ᠠᠵᠤ ᠠᠬᠤᠶᠢᠯᠠᠯ ᠳᠠᠬᠢ ᠡᠵᠡᠯᠡᠬᠦ ᠬᠤᠪᠢ ᠶᠢᠨ ᠬᠠᠷᠢᠴᠠᠯ ᠢ 75%᠎ ᠳᠤ ᠬᠦᠷᠭᠡᠨ᠎ᠡ᠃      ᠬᠤᠶᠠᠷ᠂ ᠭᠤᠤᠯᠳᠠᠯᠭ᠎ᠠ ᠲᠠᠢ ᠬᠥᠷᠢᠶ᠎ᠡ ᠬᠡᠪᠴᠢᠶᠡᠨ ᠤ ᠥᠬᠡᠷᠡᠴᠢᠯᠡᠯᠳᠡ ᠶᠢ ᠬᠥᠨᠵᠡᠬᠡᠶᠢᠷᠡᠬᠦᠯᠥᠨ᠎ᠡ᠃ ᠤᠯᠤᠰ᠂ ᠥᠪᠡᠷᠳᠡᠬᠡᠨ ᠵᠠᠰᠠᠬᠤ ᠤᠷᠤᠨ ᠪᠤᠯᠤᠨ ᠬᠤᠳᠠ ᠶᠢᠨ ᠲᠤᠷᠰᠢᠯᠳᠠ ᠥᠬᠡᠷᠡᠴᠢᠯᠡᠯᠳᠡ ᠶᠢᠨ ᠡᠬᠦᠷᠬᠡ ᠶᠢ ᠥᠨᠳᠥᠷ ᠪᠠᠷᠢᠮᠵᠢᠶ᠎ᠠ ᠪᠠᠷ ᠪᠡᠶᠡᠯᠡᠬᠦᠯᠵᠤ᠂ ᠥᠪᠡᠷᠳᠡᠬᠡᠨ ᠰᠤᠩᠭᠤᠭᠰᠠᠨ ᠥᠬᠡᠷᠡᠴᠢᠯᠡᠯᠳᠡ ᠶᠢᠨ ᠡᠬᠦᠷᠬᠡ ᠎ ᠳᠤ ᠪᠤᠳᠠᠳᠠᠢ ᠰᠢᠪᠳᠤᠯᠤᠯᠳᠠ ᠪᠠ ᠵᠢᠱᠢᠶ᠎ᠡ ᠥᠵᠡᠬᠦᠯᠥᠯᠳᠡ ᠶᠢᠨ ᠴᠢᠨᠠᠷ ᠲᠠᠢ ᠥᠷ᠎ᠡ ᠪᠥᠳᠥᠮᠵᠢ ᠭᠠᠷᠭᠠᠨ᠎ᠠ᠃ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠵᠤ᠂ ᠰᠤᠷᠭᠠᠨ ᠬᠥᠮᠥᠵᠢᠯ᠂ ᠡᠮ ᠡᠮᠨᠡᠯᠬᠡ᠂ ᠨᠡᠶᠢᠬᠡᠮ ᠤᠨ ᠲᠠᠭᠠᠳᠬᠠᠯ ᠵᠡᠷᠬᠡ ᠬᠥᠷᠢᠶ᠎ᠡ ᠬᠡᠪᠴᠢᠶᠡᠨ ᠳᠤ ᠴᠢᠬᠤᠯᠨ ᠶᠡᠭᠡ ᠠᠬᠢᠴᠠ ᠲᠠᠢ ᠪᠤᠯᠭᠠᠵᠤ᠂ ᠠᠷᠠᠳ ᠤᠯᠠᠨ ᠳᠤ ᠨᠡᠩ ᠤᠯᠠᠨ ᠥᠬᠡᠷᠡᠴᠢᠯᠡᠯᠳᠡ ᠶᠢᠨ ᠥᠷ᠎ᠡ ᠪᠥᠳᠥᠬᠡᠯ ᠢ ᠡᠳ᠋ᠯᠡᠬᠦᠯᠥᠨ᠎ᠡ᠃ ᠤᠯᠤᠰ ᠤᠨ ᠠᠵᠤ ᠠᠬᠤᠶᠢᠯᠠᠯ ᠤᠨ ᠥᠬᠡᠷᠡᠴᠢᠯᠡᠯᠳᠡ ᠶᠢ ᠬᠥᠨᠵᠡᠬᠡᠶᠢᠷᠡᠬᠦᠯᠵᠤ᠂ ᠶᠡᠷᠥᠩᠭᠡᠶᠢᠯᠡᠭᠰᠡᠨ ᠬᠢᠨᠠᠯᠳᠠ ᠬᠠᠮᠢᠶᠠᠷᠤᠯᠳᠠ ᠪᠤᠯᠤᠨ ᠥᠷ᠎ᠡ ᠠᠰᠢᠭ ᠤᠨ ᠬᠢᠨᠠᠯᠳᠠ ᠶᠢ ᠴᠢᠩᠭᠠᠳᠬᠠᠵᠤ᠂ ᠬᠤᠰᠢᠭᠤᠨ ᠳᠤ ᠬᠠᠷᠢᠶᠠᠯᠠᠭᠳᠠᠬᠤ 62 ᠤᠯᠤᠰ ᠤᠨ ᠠᠵᠤ ᠠᠬᠤᠶᠢᠯᠠᠯ ᠢ ᠲᠥᠷᠥᠯ ᠬᠤᠪᠢᠶᠠᠨ ᠲᠠᠭᠢᠨ ᠴᠤᠮᠬᠠᠳᠬᠠᠵᠤ᠂ ᠤᠯᠤᠰ ᠤᠨ ᠠᠵᠤ ᠠᠬᠤᠶᠢᠯᠠᠯ ᠤᠨ ᠪᠤᠳᠠᠳᠤ ᠬᠥᠴᠥᠨ ᠢ ᠪᠤᠵᠠᠭᠠᠶᠢᠷᠠᠭᠤᠯᠤᠨ᠎ᠠ᠃ ᠤᠰᠤᠨ ᠤ ᠶᠠᠪᠤᠳᠠᠯ ᠤᠨ ᠪᠥᠯᠥᠭᠯᠡᠯ ᠢ ᠪᠠᠶᠢᠭᠤᠯᠵᠤ᠂ ᠪᠥᠬᠦ ᠬᠤᠰᠢᠭᠤᠨ ᠤ ᠨᠡᠬᠦᠷᠡᠰᠥᠨ ᠲᠠᠪᠬᠤᠷᠭ᠎ᠠ ᠶᠢᠨ ᠪᠤᠬᠢᠷᠳᠤᠯ ᠲᠠᠢ ᠤᠰᠤ᠂ ᠬᠠᠶᠠᠭᠳᠠᠮᠠᠯ ᠤᠰᠤ ᠪᠤᠯᠤᠨ ᠲᠤᠮᠳᠠ ᠬᠡᠰᠡᠭ ᠤᠨ ᠤᠰᠤᠨ ᠤ ᠲᠥᠷᠢᠮᠵᠢᠭᠰᠡᠨ ᠬᠠᠮᠢᠶᠠᠷᠤᠯᠳᠠ᠂ ᠥᠷ᠎ᠡ ᠠᠰᠢᠭ ᠰᠠᠶᠢᠳᠠᠢ ᠡᠷᠬᠢᠯᠳᠡ ᠶᠢ ᠪᠡᠶᠡᠯᠡᠬᠦᠯᠥᠨ᠎ᠡ᠃ ᠱᠸᠡᠭ ᠶᠤᠸᠠᠨ ᠨᠡᠬᠦᠷᠡᠰᠥᠨ ᠤ ᠵᠥᠬᠡᠬᠡᠪᠥᠷᠢᠯᠡᠯᠳᠡ ᠪᠤᠷᠤᠯᠠᠭᠤᠯᠤᠯᠳᠠ ᠶᠢᠨ ᠺᠤᠮᠫᠠᠨᠢ ᠶᠢ ᠬᠥᠴᠥᠷᠭᠡᠭᠵᠢᠬᠦᠯᠵᠤ᠂ ᠨᠡᠬᠦᠷᠡᠰᠥᠨ ᠤ ᠵᠥᠬᠡᠬᠡᠪᠥᠷᠢᠯᠡᠯᠳᠡ ᠪᠤᠷᠤᠯᠠᠭᠤᠯᠤᠯᠳᠠ ᠶᠢᠨ ᠴᠢᠳᠠᠪᠤᠷᠢ ᠶᠢ ᠲᠠᠰᠤᠷᠠᠯᠳᠠ ᠥᠬᠡᠢ ᠨᠡᠮᠡᠭᠳᠡᠭᠦᠯᠥᠨ᠂ ᠲᠡᠳᠡᠨ ᠤ ᠡᠬᠢ ᠪᠠᠶᠠᠯᠢᠭ ᠤᠨ ᠴᠤᠮᠬᠠᠳᠬᠠᠯᠳᠠ᠂ ᠪᠠᠶᠢᠭᠠᠯᠢ ᠶᠢᠨ ᠠᠶᠤᠯ ᠭᠠᠮᠰᠢᠭ ᠤᠨ ᠵᠠᠰᠠᠯᠳᠠ ᠳᠤ ᠤᠷᠤᠯᠴᠠᠬᠤ ᠶᠢ ᠲᠡᠮᠵᠢᠨ᠂ ᠥᠷ᠎ᠡ ᠠᠰᠢᠭ ᠢ ᠬᠠᠮᠤᠭ ᠶᠡᠭᠡ ᠪᠠᠷ ᠪᠡᠶᠡᠯᠡᠬᠦᠯᠬᠦ ᠪᠠᠷ ᠴᠢᠷᠮᠠᠶᠢᠨ᠎ᠠ᠃ ᠤᠯᠤᠰ ᠤᠨ ᠥᠮᠴᠢᠯᠡᠯᠳᠥ ᠪᠡᠯᠨ ᠴᠤᠭᠯᠠᠷᠠᠭᠤᠯᠬᠤ ᠲᠠᠪᠴᠠᠩ ᠺᠤᠮᠫᠠᠨᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠲᠥᠷᠬᠡᠳᠬᠡᠵᠤ᠂ ᠪᠤᠳᠠᠳᠤ ᠴᠤᠭᠴᠠᠳᠤ ᠠᠵᠤ ᠠᠬᠤᠢ ᠳᠤ ᠥᠢᠯᠡᠴᠢᠯᠡᠬᠦ ᠴᠢᠳᠠᠪᠤᠷᠢ ᠶᠢ ᠨᠢ ᠴᠢᠩᠭᠠᠳᠬᠠᠨ᠎ᠠ᠃  ᠠᠵᠤ ᠥᠢᠯᠡᠰ ᠤᠨ ᠬᠥᠭᠵᠢᠯᠳᠡ ᠶᠢᠨ ᠰᠠᠭᠤᠷᠢ ᠮᠥᠡᠭᠭᠦ ᠶᠢ ᠪᠠᠶᠢᠭᠤᠯᠵᠤ᠂ ᠲᠠᠭᠢᠨ ᠢᠶᠠᠷ ᠨᠡᠮᠡᠭᠳᠡᠭᠦ ᠥᠷ᠎ᠡ ᠠᠰᠢᠭ ᠢ ᠪᠠᠳᠠᠷᠠᠭᠤᠯᠤᠨ᠂ ᠠᠵᠤ ᠥᠢᠯᠡᠰ ᠤᠨ ᠬᠡᠯᠪᠡᠷᠢ ᠪᠠᠨ ᠬᠤᠪᠢᠷᠠᠭᠠᠨ ᠲᠡᠰ ᠲᠡᠪᠰᠢᠬᠦᠯᠬᠦ ᠶᠢ ᠠᠬᠢᠭᠤᠯᠤᠨ᠎ᠠ᠃ ︽ᠪᠠᠭᠤᠯᠭᠠᠬᠤ ᠬᠠᠮᠢᠶᠠᠷᠬᠤ ᠥᠢᠯᠡᠴᠢᠯᠡᠬᠦ︾ ᠥᠬᠡᠷᠡᠴᠢᠯᠡᠯᠳᠡ ᠶᠢ ᠥᠷᠬᠦᠯᠵᠢᠯᠡᠨ ᠬᠥᠨᠵᠡᠬᠡᠶᠢᠷᠡᠬᠦᠯᠵᠤ᠂ ᠵᠠᠰᠠᠭ ᠵᠠᠬᠢᠷᠭᠠᠨ ᠤ ᠪᠤᠰᠤ ᠬᠢᠨᠠᠨ ᠵᠥᠪᠰᠢᠶᠡᠷᠡᠯᠳᠡ ᠶᠢ ᠪᠥᠬᠦ ᠲᠠᠯ᠎ᠠ ᠪᠠᠷ ᠥᠬᠡᠶᠢᠰᠬᠡᠵᠤ᠂ ᠨᠡᠶᠢᠳᠡ ᠶᠢᠨ ᠪᠤᠰᠤ ᠦᠮᠴᠢᠯᠡᠯᠳᠦ ᠠᠵᠤ ᠠᠬᠤᠶᠢᠯᠠᠯ ᠬᠠᠤᠯᠢ ᠶᠤᠰᠤᠭᠠᠷ ᠤᠯᠠᠨ ᠬᠥᠷᠢᠶ᠎ᠡ ᠬᠡᠪᠴᠢᠶᠡᠨ ᠳᠤ ᠤᠷᠤᠬᠤ ᠶᠢ ᠵᠤᠷᠢᠭᠵᠢᠭᠤᠯᠤᠨ᠂ ᠨᠡᠶᠢᠳᠡ ᠶᠢᠨ ᠪᠤᠰᠤ ᠦᠮᠴᠢᠯᠡᠯᠳᠦ ᠠᠵᠤ ᠠᠬᠤᠢ ᠶᠢᠨ ᠠᠮᠢᠵᠢᠷᠠᠯ ᠎ ᠤᠨ ᠬᠥᠴᠥᠨ ᠢ ᠰᠡᠷᠬᠦᠬᠡᠨ᠎ᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯᠳᠡ ᠪᠤᠯᠤᠨ ᠠᠷᠠᠳ ᠲᠤ ᠲᠥᠬᠦᠮ ᠥᠵᠡᠬᠦᠯᠬᠦ ᠥᠢᠯᠡᠴᠢᠯᠡᠭᠡ ᠶᠢ ᠨᠢᠬᠡ ᠴᠤᠭᠴᠠᠵᠢᠭᠰᠠᠨ ︽ᠦᠡᠳᠡᠬᠡᠵᠢᠬᠦᠯᠦᠭᠰᠡᠨ︾ ᠵᠠᠰᠠᠭ ᠤᠨ ᠶᠠᠪᠤᠳᠠᠯ ᠤᠨ ᠥᠢᠯᠡᠴᠢᠯᠡᠬᠡᠨ ᠤ ᠲᠥᠪ ᠤᠨ ᠪᠠᠶᠢᠭᠤᠯᠤᠯᠳᠠ ᠶᠢ ᠲᠥᠷᠬᠡᠳᠬᠡᠵᠤ᠂ ᠵᠠᠰᠠᠭ ᠤᠨ ᠶᠠᠪᠤᠳᠠᠯ ᠤᠨ ᠰᠥᠯᠵᠢᠶᠡᠨ ᠎ ᠤ ᠶᠡᠭᠡ ᠲᠢᠩᠭᠢᠮ ᠢ ᠢᠵᠢᠯ ᠠᠯᠬᠤᠮ ᠢᠶᠠᠷ ᠪᠠᠶᠢᠭᠤᠯᠵᠤ᠂ ︽ᠬᠦᠶᠦᠯᠬᠡᠬᠦ  ᠦᠬᠡᠢ︾᠂ ︽ᠬᠡᠳᠥᠷᠡᠬᠦ ᠳᠡᠭᠡᠨ ᠨᠢᠬᠡ ᠤᠳᠠᠭ᠎ᠠ ᠬᠦᠶᠦᠯᠬᠡᠬᠦ︾ ᠨᠠᠷᠢᠨ ᠲᠠᠩᠰᠨ ᠶᠢ ᠲᠤᠭᠳᠠᠭᠠᠵᠤ᠂ ᠥᠢᠯᠡᠴᠢᠯᠡᠬᠡᠨ ᠤ ᠶᠠᠪᠤᠴᠠ ᠶᠢ ᠤᠯᠠᠮ ᠨᠢᠬᠡ ᠠᠯᠬᠤᠮ ᠰᠢᠯᠢᠳᠡᠭᠵᠢᠬᠦᠯᠥᠨ᠂ ᠬᠡᠷᠡᠭ ᠰᠢᠢᠳᠪᠦᠷᠢᠯᠡᠬᠦ ᠬᠤᠭᠤᠴᠠᠭ᠎ᠠ ᠶᠢ ᠤᠬᠤᠷ ᠪᠤᠯᠭᠠᠵᠤ᠂ ᠪᠠᠷᠠᠭᠤᠨ ᠬᠡᠰᠡᠭ ᠤᠨ ᠬᠠᠮᠤᠭ ᠰᠢᠯᠢᠳᠡᠭ ᠠᠵᠤ ᠥᠢᠯᠡᠰ ᠤᠨ ᠬᠥᠭᠵᠢᠯᠳᠡ ᠶᠢᠨ ᠵᠥᠬᠡᠯᠡᠨ ᠤᠷᠴᠢᠨ ᠲᠤᠭᠤᠷᠢᠨ ᠢ ᠪᠤᠢ ᠪᠤᠯᠭᠠᠨ᠎ᠠ᠃      ᠭᠤᠷᠪᠠ᠂ ᠴᠢᠬᠤᠯᠨ ᠬᠦᠴᠦᠨ ᠵᠦᠢᠯ ᠤᠨ ᠪᠠᠳᠤᠯᠠᠭ᠎ᠠ ᠶᠢᠨ ᠴᠢᠳᠠᠪᠤᠷᠢ ᠶᠢ ᠴᠢᠩᠭᠠᠳᠬᠠᠨ᠎ᠠ᠃ ︽ᠠᠵᠤ ᠥᠢᠯᠡᠰ ᠢ ᠰᠥᠷᠥᠭᠵᠢᠬᠦᠯᠵᠤ᠂ ᠲᠥᠷᠥᠯ ᠵᠤᠶᠢᠯ ᠢ ᠲᠥᠪᠯᠡᠷᠡᠬᠦᠯᠥᠨ᠂ ᠴᠢᠬᠤᠯᠨ ᠬᠥᠴᠥᠰᠥ ᠶᠢ ᠲᠥᠪᠯᠡᠷᠡᠬᠦᠯᠬᠦ︾ ᠬᠥᠭᠵᠢᠯᠳᠡ ᠶᠢᠨ ᠱᠠᠭᠠᠷᠳᠠᠯᠭ᠎ᠠ ᠶᠤᠰᠤᠭᠠᠷ᠂ ᠠᠵᠤ ᠥᠢᠯᠡᠰ ᠤᠨ ᠬᠥᠷᠢᠶᠡᠯᠡᠩ ᠲᠤᠭᠤᠷᠢᠭ ᠤᠨ ᠰᠠᠭᠤᠷᠢ  ᠲᠥᠬᠦᠷᠵᠢᠬᠦᠯᠥᠯᠳᠡ ᠪᠤᠯᠤᠨ ᠥᠢᠯᠡᠴᠢᠯᠡᠬᠡᠨ ᠤ ᠴᠢᠳᠠᠪᠬᠢ ᠶᠢ ᠤᠯᠠᠮ ᠨᠢᠬᠡ ᠠᠯᠬᠤᠮ ᠲᠡᠬᠦᠯᠳᠡᠷᠵᠢᠬᠦᠯᠵᠤ᠂ ᠤᠰᠤ᠂ ᠴᠠᠬᠢᠯᠭᠠᠨ᠂ ᠢᠯᠴᠢ᠂ ᠬᠡᠢ ᠶᠢᠨ ᠬᠠᠩᠭᠠᠯᠭ᠎ᠠ ᠪᠠ ᠬᠤᠭ ᠨᠤᠪᠰᠢ ᠰᠢᠢᠳᠪᠦᠷᠢᠯᠡᠬᠦ ᠲᠥᠪᠰᠢᠨ ᠢᠶᠠᠨ ᠲᠡᠭᠡᠭᠰᠢᠯᠡᠬᠦᠯᠥᠨ᠂ ᠬᠥᠷᠢᠶᠡᠯᠡᠩ ᠲᠤᠭᠤᠷᠢᠭ ᠤᠨ ᠲᠠᠭᠠᠭᠠᠴᠠ ᠶᠢ ᠨᠡᠮᠡᠭᠳᠡᠭᠦᠯᠥᠨ᠎ᠡ᠃ ᠴᠠᠬᠢᠯᠭᠠᠨ ᠎ ᠤ ᠲᠤᠤᠷ ᠤᠨ ᠪᠠᠶᠢᠷᠢᠯᠠᠭᠤᠯᠤᠯᠳᠠ ᠶᠢᠨ ᠲᠦᠯᠦᠪᠵᠢᠬᠦᠯᠬᠡ ᠶᠢ ᠰᠢᠯᠢᠳᠡᠭᠵᠢᠬᠦᠯᠥᠨ᠂ ᠬᠤᠨᠢᠴᠢᠨ ᠭᠤᠤᠯ ᠤᠨ 500 ᠺᠢᠯᠤᠸᠤᠯᠲ ᠤᠨ ᠲᠥᠷᠥᠯ ᠵᠤᠶᠢᠯ ᠪᠤᠯᠤᠨ ᠱᠸᠡᠭ ᠶᠤᠸᠠᠨ ᠤ 220 ᠺᠢᠯᠤᠸᠤᠯᠲ ᠤᠨ ᠲᠥᠷᠥᠯ ᠵᠤᠶᠢᠯ ᠵᠡᠷᠬᠡ ᠶᠢᠨ 6 ᠭᠤᠤᠯᠳᠠᠯᠭᠠᠳᠤ ᠴᠠᠬᠢᠯᠭᠠᠨ ᠬᠥᠷᠬᠡᠬᠦ ᠴᠠᠬᠢᠯᠭᠠᠨ ᠬᠤᠪᠢᠰᠬᠠᠬᠤ  ᠢᠨᠵᠧᠨᠧᠷᠢᠩ ᠢ ᠪᠥᠬᠦᠨ ᠢ ᠪᠠᠶᠢᠭᠤᠯᠤᠨ ᠠᠰᠢᠭᠯᠠᠯᠳᠠ ᠳᠤ ᠤᠷᠤᠭᠤᠯᠵᠤ᠂ ᠭᠤᠤᠯ ᠬᠤᠳᠠ ᠲᠤᠭᠤᠷᠢᠭ ᠪᠤᠯᠤᠨ ᠭᠤᠤᠯᠳᠠᠯᠭᠠᠳᠤ ᠬᠥᠷᠢᠶ᠎ᠡ ᠬᠡᠪᠴᠢᠶ᠎ᠡ᠂ ᠭᠤᠤᠯᠳᠠᠯᠭᠠᠳᠤ ᠤᠷᠤᠨ ᠪᠠᠶᠢᠷᠢ ᠳᠤ ᠬᠤᠤᠰ ᠱᠤᠭᠤᠮ ᠢᠶᠠᠷ ᠴᠠᠬᠢᠯᠭᠠᠨ ᠬᠠᠨᠭ᠍ᠭᠠᠬᠤ ᠶᠢ ᠪᠡᠶᠡᠯᠡᠬᠦᠯᠥᠨ᠂ 500 ᠺᠢᠯᠤᠸᠤᠯᠲ ᠤᠨ ᠴᠠᠬᠢᠯᠭᠠᠨ ᠲᠤᠤᠷ ᠢᠶᠠᠷ ᠲᠤᠯᠭᠠᠭᠤᠷᠢᠯᠠᠵᠤ᠂ 220 ᠺᠢᠯᠤᠸᠤᠯᠲ ᠤᠨ ᠴᠠᠬᠢᠯᠭᠠᠨ ᠲᠤᠤᠷ ᠢᠶᠠᠷ ᠭᠤᠤᠯᠯᠠᠭᠰᠠᠨ᠂110 ᠺᠢᠯᠤᠸᠤᠯᠲ ᠤᠨ ᠴᠠᠬᠢᠯᠭᠠᠨ ᠲᠤᠤᠷ ᠢᠶᠠᠷ ᠰᠠᠴᠤᠷᠠᠭ ᠪᠤᠯᠭᠠᠭᠰᠠᠨ ᠴᠠᠬᠢᠯᠭᠠᠨ ᠬᠥᠴᠥᠨ ᠤ ᠪᠠᠳᠤᠯᠠᠭ᠎ᠠ ᠶᠢᠨ ᠲᠤᠭᠳᠠᠯᠴᠠᠭ᠎ᠠ ᠶᠢ ᠪᠤᠢ ᠪᠤᠯᠭᠠᠨ᠎ᠠ᠃ ᠲᠤᠳᠤᠭᠠᠳᠤ ᠭᠠᠳᠠᠭᠠᠳᠤ ᠶᠢ ᠬᠤᠯᠪᠤᠨ᠂ ᠬᠤᠳᠠ ᠬᠥᠳᠡᠭᠡ ᠶᠢ ᠪᠥᠷᠬᠦᠭᠰᠡᠨ ᠵᠠᠰᠠᠮᠠᠯ ᠵᠠᠮ᠂ ᠵᠠᠮ ᠬᠠᠷᠢᠯᠴᠠᠭᠠᠨ ᠤ ᠵᠥᠬᠡᠬᠡᠪᠥᠷᠢ ᠶᠢᠨ ᠲᠤᠤᠷᠵᠢᠯ ᠢ ᠪᠥᠬᠦ ᠲᠠᠯ᠎ᠠ ᠪᠠᠷ ᠪᠠᠶᠢᠭᠤᠯᠤᠨ᠂ ᠳ᠋ᠦᠩᠱᠧᠩ ᠠᠴᠠ ᠦᠬᠠᠢ ᠬᠦᠷᠬᠦ ᠪᠤᠭᠤᠲᠤ ᠠᠴᠠ ᠰᠢ ᠠᠨ ᠬᠦᠷᠬᠦ ᠲᠡᠮᠦᠷ ᠵᠠᠮ ᠤᠨ ᠬᠠᠷᠢᠯᠴᠠᠭᠠᠨ ᠤ ᠱᠤᠭᠤᠮ᠂ ᠵᠡᠭᠦᠨᠭᠠᠷ ᠠᠴᠠ ᠰᠠᠶᠢᠨᠳᠤᠷ᠎ᠠ ᠬᠦᠷᠬᠦ ᠲᠡᠮᠦᠷ ᠵᠠᠮ ᠤᠨ ᠡᠵᠡᠨ ᠬᠤᠷᠤᠭᠠᠨ ᠳᠠᠬᠢ ᠭᠡᠰᠡᠭ ᠤᠨ ᠦᠷᠬᠦᠯᠵᠢᠯᠡᠨ ᠵᠠᠰᠠᠬᠤ ᠲᠥᠷᠥᠯ ᠵᠤᠶᠢᠯ ᠢ ᠪᠠᠶᠢᠭᠤᠯᠤᠨ ᠠᠰᠢᠭᠯᠠᠯᠳᠠ ᠳᠤ ᠤᠷᠤᠭᠤᠯᠵᠤ᠂ ᠠᠭᠤᠷᠬᠠᠢ ᠶᠢᠨ ᠤᠷᠤᠨ ᠠᠵᠤ ᠥᠢᠯᠡᠳᠪᠥᠷᠢ ᠶᠢᠨ ᠬᠥᠷᠢᠶᠡᠯᠡᠩ ᠲᠤᠭᠤᠷᠢᠭ ᠪᠤᠯᠤᠨ ᠡᠳ᠋ ᠪᠠᠷᠠᠭᠠᠨ ᠤ ᠬᠥᠢᠯᠬᠡᠬᠡᠨ ᠤ ᠰᠠᠭᠤᠷᠢᠨ ᠭᠠᠵᠠᠷ ᠢ ᠪᠥᠷᠬᠦᠭᠰᠡᠨ ᠲᠡᠮᠥᠷ ᠵᠠᠮ ᠤᠨ ᠲᠥᠪᠯᠡᠷᠡᠬᠦᠯᠥᠨ ᠲᠠᠷᠬᠠᠭᠠᠬᠤ ᠵᠥᠬᠡᠬᠡᠪᠥᠷᠢ ᠶᠢᠨ ᠰᠢᠰᠲ᠋ᠧᠮ ᠢ ᠪᠥᠷᠢᠯᠳᠥᠬᠦᠯᠥᠨ᠎ᠡ᠃ ᠤᠯᠤᠰ ᠎ ᠠᠴᠠ ᠥᠨᠳᠥᠷ ᠬᠤᠷᠳᠤᠴᠠᠳᠤ ᠲᠡᠮᠥᠷ ᠵᠠᠮ ᠤᠨ ᠲᠤᠤᠷᠵᠢᠯ ᠤᠨ ᠪᠠᠶᠢᠭᠤᠯᠤᠯᠳᠠ ᠶᠢ ᠲᠦᠷᠬᠡᠳᠬᠡᠬᠦ ᠠᠵᠨ ᠲᠤᠭᠢᠶᠠᠯ ᠢ ᠠᠳᠬᠤᠨ᠂  ᠪᠤᠭᠤᠳᠤ ᠤᠷᠳᠤᠰ ᠲᠡᠮᠡᠬᠡᠳᠥ ᠎ ᠶᠢᠨ ᠥᠨᠳᠥᠷ ᠬᠤᠷᠳᠤᠴᠠᠳᠤ ᠲᠡᠮᠥᠷ ᠵᠠᠮ ᠤᠨ ᠪᠠᠶᠢᠭᠤᠯᠤᠯᠳᠠ ᠶᠢᠨ ᠠᠵᠢᠯ ᠢ ᠪᠦᠬᠦ ᠬᠦᠴᠦ ᠪᠠᠷ ᠬᠠᠮᠵᠢᠯᠴᠠᠵᠤ᠂ ᠥᠨᠳᠥᠷ ᠬᠤᠷᠳᠤᠴᠠᠳᠤ ᠲᠡᠮᠥᠷ ᠵᠠᠮ ᠥᠬᠡᠢ ᠪᠠᠶᠢᠭᠰᠠᠨ ᠲᠡᠥᠬᠡ ᠶᠢ ᠡᠴᠥᠰᠯᠡᠬᠦᠯᠥᠨ᠂ ︽ᠤᠶᠤᠨ ᠪᠢᠯᠢᠭᠳᠦ ᠡᠵᠨᠨ ᠬᠤᠷᠤᠭ᠎ᠠ︾᠎ ᠶᠢᠨ ᠪᠠᠶᠢᠭᠤᠯᠤᠯᠳᠠ ᠶᠢ ᠲᠥᠷᠬᠡᠳᠬᠡᠵᠤ᠂ ᠬᠤᠰᠢᠭᠤᠨ ᠤ ᠶᠡᠭᠡ ᠳ᠋ᠠᠶᠢᠲᠨ ᠶᠢᠨ ᠲᠥᠪ  ᠎ ᠲᠤ ᠲᠥᠰᠢᠭᠯᠡᠨ᠂ ᠡᠯ᠎ᠡ ᠪᠠᠯᠭᠠᠰᠤ ᠡᠯ᠎ᠡ ᠰᠠᠯᠠᠭ᠎ᠠ ᠮᠦᠴᠢᠷ ᠪᠤᠯᠤᠨ ᠬᠠᠮᠢᠶ᠎ᠠ ᠪᠥᠬᠦᠢ ᠠᠵᠤ ᠠᠬᠤᠶᠢᠯᠠᠯ ᠤᠨ ᠲᠤᠭ᠎ᠠ  ᠪᠠᠷᠢᠮᠳᠠ ᠰᠤᠷᠠᠭ ᠵᠠᠩᠭᠢ ᠶᠢᠨ ᠡᠬᠢ ᠪᠠᠶᠠᠯᠢᠭ ᠢ ᠴᠤᠮᠬᠠᠳᠬᠠᠨ᠂ ᠰᠤᠷᠠᠭ ᠵᠠᠩᠭᠢ ᠶᠢ ᠬᠠᠮᠳᠤ ᠪᠠᠷ ᠡᠳ᠋ᠯᠡᠬᠦ᠂ ᠨᠢᠬᠡᠳᠥᠯᠳᠡᠢ ᠲᠤᠬᠢᠷᠠᠭᠤᠯᠬᠤ ᠶᠢ ᠪᠡᠶᠡᠯᠡᠬᠦᠯᠵᠦ᠂ ᠶᠡᠷᠥᠩᠭᠡᠶᠢᠯᠡᠭᠰᠡᠨ ᠬᠢᠨᠠᠯᠳᠠ ᠬᠠᠮᠢᠶᠠᠷᠤᠯᠳᠠ ᠂ ᠨᠡᠶᠢᠬᠡᠮ ᠤᠨ ᠬᠠᠮᠢᠶᠠᠷᠤᠯᠳᠠ᠂ ᠰᠠᠭᠤᠭᠠᠯᠢ ᠠᠷᠠᠳ ᠤᠨ ᠥᠢᠯᠡᠴᠢᠯᠡᠭᠡ ᠳᠤ ᠰᠤᠷᠠᠭ ᠵᠠᠩᠭᠢᠴᠢᠯᠠᠯᠳᠠ ᠶᠢᠨ ᠲᠥᠰᠢᠭ ᠬᠠᠨᠭ᠍ᠭᠠᠨ᠎ᠠ᠃      ᠲᠥᠯᠥᠬᠡᠯᠡᠭᠴᠢᠳ ᠡ᠂ ᠥᠬᠡᠷᠡᠴᠢᠯᠡᠯᠳᠡ ᠬᠢᠵᠦ ᠰᠢᠨ᠎ᠡ ᠶᠢ ᠡᠬᠦᠳᠬᠦ ᠪᠤᠯ ᠬᠥᠭᠵᠢᠯᠳᠡ ᠶᠢ ᠲᠠᠶᠢᠴᠢᠯᠠᠬᠤ ᠨᠢᠬᠡᠳᠥᠬᠡᠷ ᠬᠥᠳᠡᠯᠬᠡᠭᠴᠢ ᠬᠥᠴᠥᠨ ᠪᠤᠯᠤᠨ᠎ᠠ  ︕  ᠪᠢᠳᠠ ᠡᠷᠬᠡᠪᠰᠢ  ᠲᠤᠭᠳᠠᠯᠴᠠᠭ᠎ᠠ᠂ ᠠᠵᠢᠯ ᠤᠨ ᠤᠶᠢᠯᠠᠭᠠᠭᠳᠠᠬᠤᠨ᠂ ᠠᠷᠭ᠎ᠠ ᠪᠠᠷᠢᠯ ᠤᠨ ᠰᠢᠨ᠎ᠡ ᠡᠬᠦᠳᠥᠯᠳᠡ ᠶᠢ ᠪᠥᠬᠦ ᠲᠠᠯ᠎ᠠ ᠪᠠᠷ ᠠᠬᠢᠭᠤᠯᠵᠤ᠂ ᠰᠢᠨ᠎ᠡ ᠰᠡᠳᠬᠢᠴᠠ ᠰᠢᠨ᠎ᠡ ᠠᠷᠭ᠎ᠠ ᠬᠡᠮᠵᠢᠶ᠎ᠡ ᠪᠠᠷ ᠡᠯ᠎ᠡ ᠲᠥᠷᠥᠯ ᠤᠨ ᠠᠵᠢᠯ ᠢᠶᠠᠨ ᠪᠥᠳᠥᠬᠡᠯᠴᠢ ᠪᠠᠷ ᠥᠷᠨᠢᠬᠦᠯᠵᠤ᠂ ᠪᠥᠬᠦ ᠨᠡᠶᠢᠬᠡᠮ ᠢᠶᠠᠷ ᠢᠶᠠᠨ ᠬᠥᠭᠵᠢᠯᠳᠡ ᠶᠢ ᠲᠠᠶᠢᠴᠢᠯᠠᠬᠤ ᠠᠮᠢᠵᠢᠷᠠᠯ ᠤᠨ ᠬᠥᠴᠥᠨ ᠪᠤᠯᠤᠨ ᠥᠷᠢᠰᠥᠯᠳᠥᠬᠦ ᠬᠥᠴᠥᠨ ᠢ ᠬᠠᠮᠤᠭ ᠶᠡᠭᠡ ᠬᠡᠮᠵᠢᠶᠡᠨ ᠳᠤ ᠪᠠᠳᠠᠷᠠᠭᠤᠯᠤᠨ᠎ᠠ᠃      ︵ᠲᠠᠪᠤ︶ ᠠᠷᠠᠳ ᠤᠨ ᠠᠮᠢᠳᠤᠷᠠᠯ ᠤᠨ ᠪᠠᠳᠤᠯᠠᠭ᠎ᠠ ᠶᠢ ᠲᠠᠰᠤᠷᠠᠯᠳᠠ ᠥᠬᠡᠢ ᠴᠢᠩᠭᠠᠳᠬᠠᠨ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠲᠦᠷᠬᠡᠳᠬᠡᠨ ᠲᠡᠬᠡᠭᠰᠢᠯᠡᠬᠦᠯᠵᠦ᠂ ᠡᠯ᠎ᠡ ᠥᠨᠳᠥᠰᠥᠳᠡᠨ ᠤ ᠠᠷᠠᠳ ᠤᠯᠠᠨ ᠤ ᠬᠥᠷᠳᠡᠮᠵᠢ ᠶᠢᠨ ᠰᠡᠳᠬᠢᠯᠬᠡ᠂ ᠵᠤᠯ ᠵᠢᠷᠭᠠᠯᠳᠤ ᠰᠡᠳᠬᠢᠯᠬᠡ᠂ ᠠᠮᠤᠷ ᠲᠥᠪᠰᠢᠨ ᠤ ᠰᠡᠳᠬᠢᠯᠬᠡ ᠶᠢ ᠨᠡᠮᠡᠭᠳᠡᠭᠦᠯᠥᠨ᠎ᠡ᠃      ᠨᠢᠬᠡ ᠳᠤ᠂ ᠶᠠᠳᠠᠭᠤ ᠠᠴᠠ ᠠᠩᠬᠢᠵᠢᠷᠠᠭᠤᠯᠵᠤ ᠪᠤᠭᠤᠮᠳᠠ ᠰᠢᠪᠳᠤᠯᠬᠤ ᠢᠯᠡᠯᠳᠡ ᠶᠢ ᠤᠯᠤᠨ᠎ᠠ᠃ ᠰᠢ ᠶᠢᠨ ᠫᠢᠡᠭ ᠶᠡᠷᠥᠩᠭᠡᠢ ᠱᠥᠵᠢ᠄ ︽ᠴᠢᠨᠡᠬᠡᠯᠢᠭ ᠨᠡᠶᠢᠬᠡᠮ ᠢ ᠪᠥᠬᠦ ᠲᠠᠯ᠎ᠠ ᠪᠠᠷ ᠪᠠᠶᠢᠭᠤᠯᠬᠤ ᠳᠤ ᠨᠢᠬᠡ ᠶᠢ ᠴᠤ ᠲᠤᠳᠠᠭᠳᠠᠭᠤᠯᠵᠤ ᠪᠤᠯᠬᠤ ᠥᠬᠡᠢ᠃ ᠬᠠᠮᠳᠤ ᠪᠠᠷ ᠴᠢᠨᠡᠬᠡᠯᠢᠭᠵᠢᠬᠦ ᠵᠠᠮ ᠲᠡᠭᠡᠷ᠎ᠡ ᠨᠢᠬᠡ ᠶᠢ ᠴᠤ ᠤᠷᠬᠢᠭᠳᠠᠭᠤᠯᠵᠤ ᠪᠤᠯᠬᠤ ᠥᠬᠡᠢ︾ ᠬᠡᠵᠤ ᠠᠬᠢᠨ ᠲᠠᠭᠢᠨ ᠴᠢᠬᠤᠯᠠᠴᠢᠯᠠᠵᠠᠢ᠃ ᠶᠠᠳᠠᠭᠤ ᠠᠴᠠ ᠠᠩᠭᠢᠵᠢᠷᠠᠭᠤᠯᠬᠤ ᠠᠵᠢᠯ ᠢ ᠲᠡᠷᠢᠬᠦᠨ ᠤ ᠠᠷᠠᠳ ᠤᠨ ᠠᠮᠢᠳᠤᠷᠠᠯ ᠎ ᠤᠨ  ᠢᠨᠵᠧᠨᠧᠷᠢᠩ ᠪᠤᠯᠭᠠᠨ ᠠᠳᠬᠤᠵᠤ᠂ ᠭᠤᠤᠯ ᠬᠠᠷᠢᠭᠤᠴᠠᠯᠭᠠᠳᠠᠨ ᠶᠡᠷᠥᠩᠭᠡᠶᠢᠯᠡᠨ ᠬᠠᠷᠢᠭᠤᠴᠠᠬᠤ ᠲᠥᠷᠢᠮ ᠢ ᠴᠢᠩᠭᠠᠳᠬᠠᠨ᠂ ᠡᠯ᠎ᠡ ᠠᠵᠢᠯ ᠲᠥᠷᠥᠯ᠂ ᠡᠯ᠎ᠡ ᠰᠠᠯᠠᠭ᠎ᠠ ᠮᠦᠴᠢᠷ ᠤᠨ ᠬᠥᠮᠥᠨ ᠪᠤᠳᠠᠰ ᠤᠨ ᠬᠥᠴᠥᠨ ᠡᠳ᠋ ᠤᠨ ᠬᠥᠴᠥᠨ ᠢ ᠲᠥᠪᠯᠡᠷᠡᠬᠦᠯᠥᠨ᠂ ᠶᠠᠳᠠᠭᠤ ᠶᠢ ᠲᠡᠳᠬᠦᠬᠦ ᠢᠳᠡᠬᠡᠯ ᠢ ᠲᠡᠳᠬᠦᠬᠦ᠂ ᠤᠶᠤᠨ ᠤᠬᠠᠭᠠᠨ ᠎ ᠢ ᠲᠡᠳᠭᠦᠬᠦ ᠲᠠᠢ ᠤᠶᠠᠯᠳᠤᠭᠤᠯᠤᠨ᠂ ᠠᠵᠢᠯ ᠥᠢᠯᠡᠰ ᠢᠶᠠᠷ ᠲᠡᠳᠭᠦᠬᠦ  ᠂ ᠥᠬᠡᠷ᠎ᠡ ᠭᠠᠵᠠᠷ ᠲᠤ ᠨᠡᠬᠦᠯᠬᠡᠬᠦ᠂ ᠰᠤᠷᠭᠠᠨ ᠬᠥᠮᠥᠵᠢᠯ ᠢ ᠲᠡᠳᠬᠦᠬᠦ᠂ ᠡᠮ ᠡᠮᠨᠡᠯᠬᠡ ᠪᠠᠷ ᠠᠪᠤᠷᠠᠨ ᠲᠡᠳᠭᠦᠬᠦ᠂ ᠠᠮᠢ ᠠᠬᠤᠢ ᠪᠠᠷ ᠶᠠᠳᠠᠭᠤ ᠠᠴᠠ ᠠᠩᠭᠢᠵᠢᠷᠠᠭᠤᠯᠬᠤ᠂ ᠬᠠᠮᠤᠭ ᠲᠤᠤᠷ᠎ᠠ ᠪᠠᠳᠤᠯᠠᠭ᠎ᠠ ᠶᠢ ᠬᠠᠨᠭ᠍ᠭᠠᠬᠤ ︽ᠵᠢᠷᠭᠤᠭᠠᠨ ᠨᠢᠬᠡ ᠪᠥᠯᠥᠭ︾᠎ ᠤᠨ ᠲᠡᠮᠵᠢᠨ ᠲᠡᠳᠭᠦᠬᠦ ᠲᠥᠷᠥ ᠶᠢᠨ ᠪᠤᠳᠤᠯᠭ᠎ᠠ ᠶᠢ ᠪᠥᠬᠦ ᠲᠠᠯ᠎ᠠ ᠪᠠᠷ ᠨᠠᠶᠢᠳᠠᠪᠦᠷᠢᠵᠢᠭᠤᠯᠤᠨ᠎ᠠ᠃ ᠡᠷᠡᠬᠦᠯ ᠢᠶᠠᠷ ᠶᠠᠳᠠᠭᠤ ᠶᠢ ᠲᠡᠳᠭᠦᠬᠦ ᠶᠢ ᠬᠥᠨᠵᠡᠬᠡᠢ ᠠᠬᠢᠭᠤᠯᠤᠨ᠂ ᠠᠵᠤ ᠥᠢᠯᠡᠰ ᠢᠶᠠᠷ ᠲᠡᠳᠭᠦᠬᠦ ᠶᠢ ᠲᠤᠪᠤᠶᠢᠯᠭᠠᠨ ᠠᠳᠬᠤᠵᠤ᠂ ᠲᠠᠷᠢᠶᠠᠯᠠᠩ ᠤᠨ ᠮᠠᠰᠢᠨ ᠤ ᠨᠥᠬᠦᠪᠥᠷᠢ᠂ ᠬᠠᠷᠢᠯᠴᠠᠨ ᠲᠤᠰᠠᠯᠠᠬᠤ ᠵᠤᠬᠢᠶᠠᠨ ᠪᠠᠶᠢᠭᠤᠯᠤᠯᠳᠠ᠂ ᠡᠯᠧᠺᠲᠷᠤᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠵᠡᠷᠬᠡ ᠶᠢᠨ ᠲᠥᠷᠥᠯ ᠵᠤᠶᠢᠯ ᠢ ᠬᠡᠷᠡᠭᠵᠢᠬᠦᠯᠥᠨ᠂ ︽ᠺᠤᠮᠫᠠᠨᠢ + ᠰᠠᠭᠤᠷᠢᠨ ᠭᠠᠵᠠᠷ + ᠬᠤᠷᠰᠢᠶᠠᠵᠢᠯ + ᠮᠠᠯᠴᠢᠨ ᠲᠠᠷᠢᠶᠠᠴᠢᠨ ᠡᠷᠥᠬᠡ︾ ᠵᠡᠷᠬᠡ ᠶᠢᠨ ᠬᠡᠯᠪᠡᠷᠢ ᠪᠠᠷ ᠲᠠᠮᠵᠢᠨ ᠲᠤᠰᠬᠤᠨ ᠤ ᠨᠡᠶᠢᠳᠡ ᠶᠢᠨ ᠠᠵᠤ ᠠᠬᠤᠢ ᠶᠢ ᠬᠥᠭᠵᠢᠬᠦᠯᠵᠤ᠂ ᠶᠠᠳᠠᠭᠤ ᠬᠥᠴᠢᠷᠳᠡᠯ ᠲᠠᠢ ᠡᠷᠥᠬᠡ ᠶᠢ ᠲᠠᠶᠢᠴᠢᠯᠠᠨ ᠲᠥᠬᠦᠬᠡᠷᠥᠮᠵᠢᠳᠥ ᠲᠠᠷᠢᠶᠠᠯᠠᠩ᠂ ᠤᠨᠴᠠᠯᠢᠭᠳᠤ ᠲᠡᠵᠢᠬᠡᠵᠦ ᠦᠷᠡᠵᠢᠬᠦᠯᠬᠦ᠂ ᠬᠥᠳᠡᠭᠡ ᠲᠤᠰᠬᠤᠨ ᠤ ᠵᠢᠭᠤᠯᠴᠢᠯᠠᠯ᠂ ᠤᠢ ᠰᠢᠭᠤᠢ ᠡᠯᠡᠰᠥᠨ ᠎ ᠤ ᠥᠢᠯᠡᠰ ᠵᠡᠷᠬᠡ ᠶᠢᠨ ᠤᠨᠴᠠᠯᠢᠭᠳᠤ ᠠᠵᠤ ᠥᠢᠯᠡᠰ ᠢ ᠬᠦᠭᠵᠢᠬᠦᠯᠬᠦ ᠪᠠᠷ ᠲᠠᠶᠢᠴᠢᠯᠠᠵᠤ᠂ ᠶᠠᠳᠠᠭᠤ ᠬᠥᠴᠢᠷᠳᠡᠯ ᠲᠠᠢ ᠮᠠᠯᠴᠢᠨ ᠲᠠᠷᠢᠶᠠᠴᠢᠳ ᠢ ᠲᠠᠶᠢᠴᠢᠯᠠᠨ ᠤᠷᠤᠯᠭ᠎ᠠ ᠶᠢ ᠨᠢ ᠨᠡᠮᠡᠭᠳᠡᠭᠦᠯᠥᠨ ᠴᠢᠨᠡᠬᠡᠯᠢᠭᠵᠢᠬᠦᠯᠦᠨ᠎ᠡ᠃ ᠶᠠᠳᠠᠭᠤ ᠬᠥᠴᠢᠷᠳᠡᠯ ᠲᠠᠢ ᠬᠥᠮᠥᠰ ᠢ ᠶᠠᠳᠠᠭᠤ ᠠᠴᠠ ᠠᠩᠭᠢᠵᠢᠷᠠᠭᠤᠯᠤᠭᠰᠠᠨ ᠤ ᠲᠠᠷᠠᠭ᠎ᠠ ᠲᠤᠭᠳᠠᠭᠰᠠᠨ ᠬᠤᠭᠤᠴᠠᠭᠠᠨ ᠳᠤ ︽ᠡᠷᠬᠢᠵᠦ ᠬᠠᠷᠠᠬᠤ︾ ᠴᠠᠭ ᠲᠤ ᠡᠷᠬᠢᠨ ᠥᠵᠡᠵᠤ᠂ ᠬᠥᠮᠥᠨ ᠲᠤᠮᠳᠠᠴᠢ ᠶᠢᠨ ᠴᠡᠪᠡᠷ ᠤᠷᠤᠯᠭ᠎ᠠ ᠨᠢ ᠪᠥᠬᠦ ᠬᠤᠳᠠ ᠶᠢᠨ ᠬᠥᠳᠡᠭᠡ ᠲᠤᠰᠬᠤᠨ ᠮᠠᠯᠵᠢᠬᠤ ᠤᠷᠤᠨ ᠤ ᠲᠤᠤᠷ᠎ᠠ ᠪᠠᠳᠤᠯᠠᠭ᠎ᠠ ᠶᠢᠨ ᠱᠤᠭᠤᠮ ᠠᠴᠠ ᠲᠤᠤᠷ᠎ᠠ ᠪᠠᠶᠢᠭ᠎ᠠ ᠶᠢ ᠨᠢ ᠥᠷᠬᠦᠯᠵᠢᠯᠡᠨ ᠲᠡᠳᠬᠦᠵᠤ᠂ ᠨᠢᠬᠡ ᠲᠤᠰᠬᠤᠨ ᠨᠢᠬᠡ ᠡᠷᠥᠬᠡ ᠨᠢᠬᠡ ᠬᠥᠮᠥᠨ ᠢ ᠴᠤ ᠤᠷᠬᠢᠭᠳᠠᠭᠤᠯᠬᠤ ᠥᠬᠡᠢ ᠪᠠᠷ ᠴᠢᠷᠮᠠᠶᠢᠨ᠂  ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠬᠦᠯᠥᠨ᠎ᠡ᠃ 2020 ᠤᠨ ᠪᠤᠯᠳᠠᠯ᠎ᠠ᠂ ᠬᠥᠳᠡᠭᠡ ᠲᠤᠰᠬᠤᠨ ᠮᠠᠯᠵᠢᠬᠤ ᠤᠷᠤᠨ ᠤ ᠶᠠᠳᠠᠭᠤ ᠬᠥᠴᠢᠷᠳᠡᠯ ᠲᠠᠢ ᠬᠥᠮᠥᠨ ᠠᠮᠠ ᠶᠢ ᠢᠵᠢᠯ ᠠᠯᠬᠤᠮ ᠢᠶᠠᠷ ᠪᠥᠬᠦ ᠲᠠᠯ᠎ᠠ ᠪᠠᠷ ᠴᠢᠨᠡᠬᠡᠯᠢᠭ ᠨᠡᠶᠢᠬᠡᠮ ᠳᠤ ᠤᠷᠤᠭᠤᠯᠤᠨ᠎ᠠ᠃      ᠬᠤᠶᠠᠷ ᠲᠤ᠂ ᠰᠢᠯᠢᠳᠡᠭ ᠴᠢᠨᠠᠷ ᠲᠠᠢ ᠨᠡᠶᠢᠳᠡ ᠶᠢᠨ ᠦᠢᠯᠡᠴᠢᠯᠡᠭᠡ ᠶᠢ ᠪᠥᠬᠦ ᠬᠥᠴᠥᠨ ᠢᠶᠠᠷ ᠬᠠᠩᠭᠠᠨ᠎ᠠ᠃ ᠰᠤᠷᠭᠠᠨ ᠬᠥᠮᠥᠵᠢᠯ ᠢ ᠡᠩ ᠲᠡᠷᠢᠬᠦᠨ ᠳᠤ ᠬᠥᠭᠵᠢᠬᠦᠯᠬᠦ ᠪᠠᠶᠢᠯᠳᠤᠬᠤ ᠪᠤᠳᠤᠯᠭ᠎ᠠ ᠶᠢ ᠬᠥᠨᠵᠡᠬᠡᠢ ᠨᠠᠶᠢᠳᠠᠪᠤᠷᠢᠵᠢᠭᠤᠯᠤᠨ᠎ᠠ᠃ ᠰᠣᠷᠭᠠᠨ ᠬᠦᠮᠦᠵᠢᠯ ᠤᠨ ᠪᠡᠯᠡ ᠣᠷᠤᠭᠤᠯᠤᠯᠳᠠ ᠶᠢᠨ ᠬᠦᠴᠦ ᠪᠠᠨ ᠪᠦᠬᠦ ᠲᠠᠯ᠎ᠠ ᠪᠠᠷ ᠨᠡᠮᠡᠭᠳᠡᠭᠦᠯᠵᠦ᠂  ᠮᠤᠩᠭᠤᠯ ᠥᠨᠳᠥᠰᠥᠳᠡᠨ ᠤ ᠲᠤᠮᠳᠠᠳᠤ ᠰᠤᠷᠭᠠᠭᠤᠯᠢ ᠵᠡᠷᠬᠡ ᠶᠢᠨ14 ᠰᠤᠷᠭᠠᠭᠤᠯᠢ ︵ᠬᠡᠥᠬᠡᠳ ᠤᠨ ᠴᠡᠴᠡᠷᠯᠢᠭ︶᠎ ᠶᠢ ᠰᠢᠨ᠎ᠡ ᠪᠠᠷ ᠪᠠᠶᠢᠭᠤᠯᠤᠨ᠂ ᠴᠥᠬᠡᠨ ᠰᠤᠷᠤᠭᠴᠢ ᠲᠠᠢ ᠠᠩᠭᠢ ᠶᠢᠨ ᠰᠤᠷᠭᠠᠨ ᠬᠥᠮᠥᠵᠢᠯ ᠢ ᠥᠨᠳᠥᠰᠥᠨ ᠳᠡᠭᠡᠨ ᠪᠡᠶᠡᠯᠡᠬᠦᠯᠥᠨ᠎ᠡ᠃ ᠪᠠᠭᠰᠢ ᠶᠢᠨ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠵᠤ᠂ ᠠᠵᠢᠯ ᠲᠡᠭᠡᠷ᠎ᠡ ᠪᠠᠶᠢᠭ᠎ᠠ ᠪᠠᠭᠰᠢ ᠶᠢᠨ ᠪᠤᠯᠪᠠᠰᠤᠷᠠᠯ ᠢ ᠴᠢᠩᠭᠠᠳᠬᠠᠨ᠂ ᠨᠡᠷᠡᠳᠥ ᠰᠢᠯᠢᠳᠡᠭ ᠪᠠᠭᠰᠢ᠂ ᠰᠤᠷᠭᠠᠭᠤᠯᠢ ᠶᠢᠨ ᠵᠠᠬᠢᠷᠤᠯ ᠢ ᠥᠷᠬᠦᠯᠵᠢᠯᠡᠨ ᠤᠷᠢᠨ ᠤᠷᠤᠭᠤᠯᠬᠤ ᠪᠠ ᠬᠥᠮᠥᠵᠢᠬᠦᠯᠵᠤ᠂ ᠪᠠᠭᠰᠢ ᠶᠢᠨ ᠰᠤᠷᠭᠠᠭᠤᠯᠢ ᠠᠴᠠ ᠲᠡᠭᠦᠰᠥᠭᠰᠡᠨ ᠰᠢᠯᠢᠳᠡᠭ ᠰᠤᠷᠤᠭᠴᠢᠳ ᠢ ᠵᠢᠭᠠᠨ ᠰᠤᠷᠭᠠᠯᠳᠠ ᠶᠢᠨ ᠨᠢᠭᠡᠳᠦᠭᠡᠷ ᠹᠠᠷᠤᠨᠲ ᠳᠡᠭᠡᠷ᠎ᠡ ᠪᠠᠭᠰᠢᠯᠠᠭᠤᠯᠤᠨ᠎ᠠ᠃ ᠪᠠᠶᠢᠭᠤᠯᠤᠮᠵᠢ ᠲᠤᠭᠳᠠᠯᠴᠠᠭ᠎ᠠ ᠶᠢ ᠰᠢᠨᠡᠴᠢᠯᠡᠨ᠂ ᠤᠯᠤᠰ ᠤᠨ ᠲᠤᠳᠤᠭᠠᠳᠤ ᠶᠢᠨ ᠲᠡᠷᠢᠬᠦᠨ ᠤ ᠰᠤᠷᠭᠠᠭᠤᠯᠢ ᠲᠠᠢ ᠬᠠᠮᠵᠢᠯᠴᠠᠨ ᠰᠤᠷᠭᠠᠭᠤᠯᠢ ᠡᠷᠬᠢᠯᠡᠬᠦ ᠶᠢ ᠰᠥᠪᠡᠭᠴᠢᠯᠡᠵᠤ᠂ ᠰᠤᠷᠭᠠᠨ ᠬᠥᠮᠥᠵᠢᠯ ᠤᠨ ᠰᠢᠨ᠎ᠡ ᠤᠶᠢᠯᠠᠭᠠᠭᠳᠠᠬᠤᠨ᠂ ᠬᠠᠮᠢᠶᠠᠷᠤᠯᠳᠠ ᠶᠢᠨ ᠰᠢᠨ᠎ᠡ ᠲᠤᠭᠳᠠᠯᠴᠠᠭ᠎ᠠ᠂ ᠪᠠᠭᠰᠢ ᠶᠢᠨ ᠰᠢᠨ᠎ᠡ ᠬᠥᠴᠥᠨ ᠵᠡᠷᠬᠡ ᠶᠢ ᠪᠥᠬᠦ ᠲᠠᠯ᠎ᠠ ᠪᠠᠷ ᠤᠷᠢᠵᠤ ᠤᠷᠤᠭᠤᠯᠤᠨ᠎ᠠ᠃ ᠪᠠᠭᠰᠢ ᠨᠠᠷ ᠠᠵᠢᠯ ᠤᠨ ᠪᠠᠶᠢᠷᠢᠨ ᠳᠤ ᠦᠷᠢᠰᠦᠯᠳᠦᠨ᠂ ᠮᠡᠷᠬᠡᠵᠢᠯ ᠤᠨ ᠴᠤᠯᠠ ᠶᠢᠨ ᠦᠨᠡᠯᠡᠯᠳᠡ᠂ ᠲᠤᠰᠢᠶᠠᠯ ᠤᠨ ᠵᠡᠷᠬᠡ ᠶᠢ ᠬᠢᠨᠠᠨ ᠲᠤᠭᠳᠠᠭᠠᠬᠤ᠂ ᠵᠥᠢ ᠵᠤᠬᠢᠰᠳᠠᠢ ᠰᠢᠯᠵᠢᠬᠦ᠂ ᠮᠡᠷᠬᠡᠵᠢᠯ ᠤᠨ ᠲᠡᠬᠡᠳᠦ ᠴᠤᠯᠠ ᠶᠢ ᠲᠤᠤᠷ᠎ᠠ ᠴᠠᠯᠢᠩ ᠎ ᠢᠶᠠᠷ ᠬᠥᠯᠥᠰᠥᠯᠡᠬᠦ᠂ ᠮᠡᠷᠬᠡᠵᠢᠯ ᠤᠨ ᠲᠤᠤᠷ᠎ᠠ ᠴᠤᠯᠠ ᠶᠢ ᠥᠨᠳᠥᠷ ᠴᠠᠯᠢᠩ ᠢᠶᠠᠷ ᠬᠥᠯᠥᠰᠥᠯᠡᠬᠦ ᠵᠡᠷᠬᠡ ᠶᠢᠨ ᠰᠤᠷᠭᠠᠨ ᠬᠥᠮᠥᠵᠢᠯ ᠤᠨ ᠬᠥᠷᠢᠶ᠎ᠡ ᠬᠡᠪᠴᠢᠶᠡᠨ ᠤ ᠶᠡᠷᠥᠩᠭᠡᠶᠢᠯᠡᠭᠰᠡᠨ ᠥᠬᠡᠷᠡᠴᠢᠯᠡᠯᠳᠡ ᠶᠢ ᠬᠥᠨᠵᠡᠬᠡᠢ ᠶᠠᠪᠤᠭᠳᠠᠭᠤᠯᠵᠤ᠂ ᠪᠠᠭᠰᠢ ᠨᠠᠷ ᠤᠨ ᠠᠵᠢᠯ ᠤᠨ ᠢᠳᠡᠪᠬᠢ ᠴᠢᠨᠠᠷ᠂ ᠰᠠᠨᠠᠭᠠᠴᠢᠯᠭᠠᠳᠤ ᠴᠢᠨᠠᠷ ᠪᠤᠯᠤᠨ ᠪᠥᠳᠥᠭᠡᠯᠴᠢ ᠴᠢᠨᠠᠷ ᠢ ᠬᠠᠮᠤᠭ ᠶᠡᠭᠡ  ᠬᠡᠪᠴᠢᠶ᠎ᠡ ᠪᠠᠷ ᠲᠠᠶᠢᠴᠢᠯᠠᠵᠤ᠂ ᠬᠠᠮᠤᠭ ᠤᠬᠤᠷᠬᠠᠨ ᠬᠤᠭᠤᠴᠠᠭᠠᠨ ᠳᠤ ᠰᠤᠷᠭᠠᠨ ᠬᠥᠮᠥᠵᠢᠯ ᠵᠢᠭᠠᠨ ᠰᠤᠷᠭᠠᠯᠳᠠ ᠶᠢᠨ ᠶᠡᠷᠥᠩᠭᠡᠢ ᠬᠢᠷᠢ ᠲᠥᠪᠰᠢᠨ ᠢ ᠪᠥᠬᠦ ᠬᠤᠳᠠ ᠶᠢᠨ ᠲᠡᠷᠢᠬᠦᠨ ᠤ ᠵᠢᠭᠰᠠᠭᠠᠯ ᠤᠨ ᠡᠩᠨᠡᠬᠡᠨ ᠳᠤ ᠲᠡᠪᠰᠢᠬᠦ ᠶᠢ ᠠᠬᠢᠭᠤᠯᠤᠨ᠎ᠠ᠃ ︽ᠡᠷᠡᠬᠦᠯ ᠴᠢᠬᠢᠷᠠᠭ ᠡᠵᠡᠨ ᠬᠤᠷᠤᠭ᠎ᠠ︾᠎ ᠶᠢᠨ ᠢᠨᠵᠧᠨᠧᠷᠢᠩ ᠢ ᠬᠡᠷᠡᠭᠵᠢᠬᠦᠯᠦᠨ᠎ᠡ᠃ ᠡᠮᠴᠢᠯᠡᠭᠡ ᠡᠷᠡᠬᠦᠯ ᠬᠠᠮᠠᠭᠠᠯᠠᠯ ᠤᠨ ᠪᠠᠯᠠ ᠤᠷᠤᠭᠤᠯᠤᠯᠳᠠ ᠶᠢᠨ ᠬᠦᠴᠦᠯᠡᠴᠡ ᠪᠠᠨ ᠤᠯᠠᠮ ᠨᠢᠬᠡ ᠠᠯᠬᠤᠮ ᠴᠢᠩᠭᠠᠳᠬᠠᠵᠤ᠂ ᠤᠯᠤᠰ ᠤᠨ ᠲᠤᠳᠤᠭᠠᠳᠤ ᠶᠢᠨ ᠨᠡᠷᠡᠳᠥ ᠭᠤᠷᠪᠠᠨ ᠬᠥᠬᠡ ᠲᠡᠰ ᠤᠨ ᠡᠮᠨᠡᠯᠬᠡ ᠶᠢᠨ ᠬᠤᠷᠢᠶ᠎ᠠ ᠪᠤᠯᠤᠨ ᠬᠤᠰᠢᠭᠤᠨ ᠲᠡᠰ ᠤᠨ ᠡᠮᠨᠡᠯᠬᠡ ᠶᠢᠨ ᠬᠤᠷᠢᠶ᠎ᠠ ᠲᠠᠢ ᠬᠤᠯᠪᠤᠭᠠᠯᠠᠭᠰᠠᠨ ᠴᠤᠭᠴᠠ ᠶᠢ ᠢᠳᠡᠪᠬᠢᠳᠡᠢ ᠰᠥᠪᠡᠭᠴᠢᠯᠡᠨ ᠪᠠᠶᠢᠭᠤᠯᠵᠤ᠂ ᠲᠤᠭᠢᠷᠠᠮᠵᠢᠳᠠᠢ ᠨᠥᠬᠦᠴᠠᠯ ᠳᠤ ᠲᠤᠮᠤ ᠬᠡᠯᠪᠡᠷᠢ ᠶᠢᠨ ᠶᠡᠷᠥᠩᠭᠡᠶᠢᠯᠡᠭᠰᠡᠨ ᠡᠮᠨᠡᠯᠬᠡ ᠶᠢᠨ ᠬᠤᠷᠢᠶ᠎ᠠ ᠶᠢ ᠰᠢᠨ᠎ᠡ ᠪᠠᠷ ᠪᠠᠶᠢᠭᠤᠯᠤᠨ᠎ᠠ᠃ ᠡᠮᠴᠢᠯᠡᠭᠡ ᠡᠷᠡᠬᠦᠯ ᠬᠠᠮᠠᠭᠠᠯᠠᠯ ᠤᠨ ᠰᠤᠷᠠᠭ ᠵᠠᠩᠬᠢᠵᠢᠯᠳᠠ ᠶᠢᠨ ᠪᠠᠶᠢᠭᠤᠯᠤᠯᠳᠠ ᠶᠢ ᠲᠥᠷᠬᠡᠳᠬᠡᠨ᠂ ᠥᠢᠯᠡᠴᠢᠯᠡᠬᠡᠨ ᠤ ᠥᠷ᠎ᠡ ᠪᠦᠳᠦᠮᠵᠢ ᠪᠤᠯᠤᠨ ᠬᠢᠷᠢ ᠲᠥᠪᠰᠢᠨ ᠢ ᠲᠡᠭᠡᠭᠰᠢᠯᠡᠬᠦᠯᠥᠨ᠎ᠡ᠃ ᠮᠤᠩᠭᠤᠯ ᠬᠢᠲᠠᠳ ᠡᠮ ᠡᠮᠨᠡᠯᠬᠡ ᠶᠢᠨ ᠥᠢᠯᠡᠰ ᠤᠨ ᠬᠥᠭᠵᠢᠯᠳᠡ ᠶᠢ ᠲᠥᠷᠬᠡᠳᠬᠡᠵᠤ᠂ ᠲᠤᠰᠬᠠᠢ ᠲᠥᠷᠥᠯ ᠤᠨ ᠡᠮᠨᠡᠯᠬᠡ ᠶᠢᠨ ᠬᠤᠷᠢᠶ᠎ᠠ ᠶᠢ ᠭᠤᠤᠯᠳᠠᠯᠭ᠎ᠠ ᠲᠠᠢ ᠪᠠᠶᠢᠭᠤᠯᠤᠨ᠂ ᠲᠤᠰᠬᠠᠢ ᠲᠥᠷᠥᠯ ᠤᠨ ᠡᠪᠡᠳᠴᠢᠨ ᠠᠨᠠᠭᠠᠬᠤ ᠲᠠᠯ᠎ᠠ ᠪᠠᠷ ᠥᠪᠡᠷ ᠤᠨ ᠤᠨᠴᠠᠯᠢᠭ ᠢᠶᠠᠨ ᠪᠥᠷᠢᠯᠳᠥᠬᠦᠯᠥᠨ᠎ᠡ᠃ ᠨᠢᠬᠡ ᠪᠥᠯᠥᠭ ᠡᠮᠴᠢ ᠶᠢᠨ ᠶᠤᠰᠤ ᠰᠤᠷᠳᠠᠬᠤᠨ ᠢᠶᠠᠷ ᠡᠷᠬᠢᠮ ᠲᠡᠬᠡᠳᠦ᠂ ᠮᠡᠷᠬᠡᠵᠢᠯ ᠴᠤᠯᠭᠤᠷᠠᠭᠰᠠᠨ ᠬᠡᠪ ᠪᠤᠯᠪᠠᠰᠤᠷᠠᠯ ᠢᠶᠠᠷ ᠦᠨᠳᠦᠷ ᠴᠢᠳᠠᠪᠤᠷᠢᠳᠠᠳ ᠤᠨ ᠡᠩᠨᠡᠭᠡ ᠶᠢ ᠪᠠᠶᠢᠭᠤᠯᠤᠨ᠂ ᠠᠷᠠᠳ ᠤᠯᠠᠨ ᠳᠤ ᠬᠡᠷ ᠤᠨ ᠢᠶᠠᠨ ᠲᠡᠷᠭᠡᠳᠡ ᠰᠢᠯᠢᠳᠡᠭ ᠡᠮᠴᠢᠯᠡᠬᠡᠨ ᠤ ᠥᠢᠯᠡᠴᠢᠯᠡᠭᠡ ᠎ ᠶᠢ ᠬᠦᠷᠳᠡᠬᠡᠨ᠎ᠡ᠃ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠨᠤᠮ ᠤᠨ ᠰᠠᠩ᠂ ᠰᠤᠶᠤᠯ ᠤᠨ ᠤᠷᠳᠤᠨ ᠤ ᠶᠡᠷᠥᠩᠭᠡᠢ ᠬᠤᠪᠢᠶᠠᠷᠢ ᠤᠷᠳᠤᠨ ᠤ ᠲᠥᠷᠢᠮᠳᠤ ᠪᠠᠶᠢᠭᠤᠯᠤᠯᠳᠠ ᠶᠢ ᠲᠥᠷᠬᠡᠳᠬᠡᠨ᠂ ᠨᠡᠶᠢᠳᠡ ᠶᠢᠨ ᠰᠢᠯᠢᠳᠡᠭ ᠰᠤᠶᠤᠯ ᠤᠨ ᠥᠢᠯᠡᠴᠢᠯᠡᠭᠡ ᠶᠢ ᠥᠨᠳᠥᠰᠥᠨ ᠱᠠᠳᠤᠨ ᠎ ᠳᠤ ᠬᠥᠷᠳᠡᠯ᠎ᠡ ᠥᠷᠬᠡᠳᠬᠡᠨ᠎ᠡ᠃ ︽ᠤᠯᠠᠭᠠᠠᠮᠥ᠋ᠴᠢᠷ︾᠎ ᠤᠨ ᠰᠤᠶᠤᠯ ᠤᠨ ᠨᠡᠷᠡᠳᠦ ᠲᠡᠮᠳᠡᠭ ᠢ ᠲᠠᠭᠢᠨ ᠱᠤᠭᠤᠵᠤ᠂ ᠨᠢᠭᠡ ᠪᠦᠯᠦᠭ ᠵᠣᠬᠢᠶᠠᠵᠤ ᠨᠠᠶᠢᠷᠠᠭᠤᠯᠬᠤ ᠳᠤ  ᠭᠠᠷᠮᠠᠭᠠᠶᠢᠯᠠᠭᠰᠠᠨ ᠲᠤᠭᠯᠠᠭᠴᠢᠳ ᠢ ᠬᠦᠮᠦᠵᠢᠭᠦᠯᠵᠦ᠂ ᠨᠡᠩ ᠤᠯᠠᠨ ᠠᠮᠢᠳᠤᠷᠠᠯ ᠲᠠᠢ ᠤᠶᠢᠷᠠᠳᠤᠭᠰᠠᠨ  ᠂ ᠤᠯᠠᠮᠵᠢᠯᠠᠭᠳᠠᠵᠤ ᠪᠤᠯᠬᠤ᠂ ᠥᠯᠡᠳᠡᠵᠤ ᠪᠤᠯᠬᠤ ᠰᠢᠯᠢᠳᠡᠭ ᠪᠥᠳᠥᠬᠡᠯ ᠢ ᠨᠡᠩ ᠤᠯᠠᠨ ᠵᠤᠬᠢᠶᠠᠨ ᠪᠦᠳᠦᠬᠡᠵᠦ᠂ ᠥᠨᠳᠥᠰᠥᠨ ᠱᠠᠳᠤᠨ ᠤ ᠤᠯᠠᠨ ᠲᠥᠮᠡᠨ ᠳᠤ ᠨᠡᠩ ᠰᠠᠶᠢᠨ ᠢᠶᠠᠷ ᠥᠢᠯᠡᠴᠢᠯᠡᠨ᠎ᠡ᠃ ᠪᠥᠬᠦ ᠠᠷᠠᠳ ᠢᠶᠠᠷ ᠢᠶᠠᠨ ᠪᠡᠶ᠎ᠡ ᠴᠢᠬᠢᠷᠠᠭᠵᠢᠭᠤᠯᠬᠤ ᠰᠠᠭᠤᠷᠢ ᠲᠥᠬᠦᠬᠡᠷᠥᠮᠵᠢ ᠪᠤᠯᠤᠨ ᠥᠢᠯᠡᠴᠢᠯᠡᠬᠡᠨ ᠤ ᠰᠥᠯᠵᠢᠶ᠎ᠡ ᠶᠢ ᠲᠡᠭᠦᠯᠳᠡᠷᠵᠢᠬᠦᠯᠥᠨ᠂ ᠤᠯᠠᠨ ᠲᠥᠮᠡᠨᠴᠢ ᠴᠢᠨᠠᠷ ᠲᠠᠢ ᠰᠤᠶᠤᠯ ᠤᠷᠠᠯᠢᠭ ᠪᠡᠶ᠎ᠡ ᠲᠠᠮᠢᠷ ᠤᠨ ᠬᠥᠳᠡᠯᠬᠡᠬᠡᠨ ᠢ ᠥᠷᠬᠡᠨ ᠢᠶᠠᠷ ᠥᠷᠨᠢᠬᠦᠯᠥᠨ᠎ᠡ᠃ ᠵᠠᠬ᠎ᠠ ᠲᠡᠯᠬᠡᠬᠦᠷᠵᠢᠭᠰᠡᠨ ᠠᠷᠭ᠎ᠠ ᠪᠠᠷᠢᠯ ᠢ ᠠᠰᠢᠭᠯᠠᠨ᠂ ᠠᠵᠤ ᠠᠬᠤᠶᠢᠯᠠᠯ ᠪᠤᠯᠤᠨ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢ ᠤᠷᠢᠨ ᠡᠯ᠎ᠡ ᠲᠥᠷᠥᠯ ᠤᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠡᠷᠬᠢᠯᠡᠵᠤ᠂ ᠤᠯᠠᠨ ᠲᠥᠮᠡᠨ ᠤ ᠪᠡᠶ᠎ᠡ ᠤᠨ ᠲᠠᠮᠢᠷ᠂ ᠦᠷᠢᠰᠦᠯᠳᠦᠬᠡᠨ ᠤ ᠪᠡᠶ᠎ᠡ ᠶᠢᠨ ᠲᠠᠮᠢᠷ᠂ ᠪᠡᠶ᠎ᠡ ᠶᠢᠨ ᠲᠠᠮᠢᠷ ᠤᠨ ᠠᠵᠤ ᠥᠢᠯᠡᠰ ᠤᠨ ᠵᠤᠬᠢᠴᠠᠯᠳᠤ ᠬᠥᠭᠵᠢᠯᠳᠡ ᠶᠢ ᠠᠬᠢᠭᠤᠯᠤᠨ᠂ ᠠᠷᠠᠳ ᠤᠯᠠᠨ ᠤ ᠡᠳᠥᠷ ᠢᠷᠡᠬᠦᠶ᠎ᠡ ᠨᠡᠮᠡᠭᠳᠡᠵᠤ ᠪᠠᠶᠢᠭ᠎ᠠ ᠤᠶᠤᠨ ᠤ ᠰᠤᠶᠤᠯ ᠤᠨ ᠬᠡᠷᠡᠭᠴᠡᠭᠡ ᠶᠢ ᠬᠠᠨᠭ᠍ᠭᠠᠨ᠎ᠠ᠃ ᠴᠢᠩᠭᠢᠰ ᠬᠠᠭᠠᠨ ᠤ ᠤᠯᠠᠮᠵᠢᠯᠠᠯᠳᠤ ᠰᠤᠶᠤᠯ ᠪᠤᠯᠤᠨ ᠪᠤᠳᠠᠰ ᠤᠨ ᠪᠤᠰᠤ ᠰᠤᠶᠤᠯ ᠤᠨ ᠥᠪ ᠤᠨ ᠬᠠᠮᠠᠭᠠᠯᠠᠯᠳᠠ ᠤᠯᠠᠮᠵᠢᠯᠠᠯᠳᠤ ᠶᠢ ᠴᠢᠩᠭᠠᠳᠬᠠᠨ᠂ ᠮᠤᠩᠭᠤᠯ ᠢᠵᠠᠭᠤᠷ ᠰᠤᠶᠤᠯ ᠢ ᠢᠯᠡᠷᠡᠬᠦᠯᠥᠭᠰᠡᠨ ᠥᠨᠳᠥᠰᠥᠳᠡᠨ ᠤ ᠰᠤᠶᠤᠯ ᠤᠷᠠᠯᠢᠭ ᠤᠨ ᠰᠤᠳᠤᠨ ᠢ ᠪᠦᠳᠦᠬᠡᠵᠦ᠂ ᠡᠵᠡᠨ ᠬᠤᠷᠤᠭ᠎ᠠ ᠬᠤᠰᠢᠭᠤᠨ ᠤ ᠰᠤᠶᠤᠯ ᠤᠨ ᠠᠮᠢ ᠠᠬᠤᠢ ᠶᠢᠨ ᠬᠠᠮᠠᠭᠠᠯᠠᠯᠳᠠ ᠶᠢᠨ ᠤᠷᠤᠨ ᠢ ᠪᠠᠶᠢᠭᠤᠯᠤᠨ᠎ᠠ᠃      ᠭᠤᠷᠪᠠ ᠳᠤ᠂ ᠠᠵᠢᠯ ᠤᠯᠭᠤᠵᠤ ᠤᠷᠤᠯᠭ᠎ᠠ ᠨᠡᠮᠡᠭᠳᠠᠬᠦᠯᠬᠦ ᠬᠢᠷᠢ ᠲᠦᠪᠰᠢᠨ ᠢ ᠪᠦᠬᠦ ᠬᠦᠴᠦᠨ ᠢᠶᠠᠷ ᠲᠡᠬᠡᠭᠰᠢᠯᠡᠬᠦᠯᠦᠨ᠎ᠡ᠃ ᠠᠵᠢᠯ ᠣᠯᠭᠤᠯᠳᠠ ᠶᠢᠨ ᠦᠢᠯᠡᠴᠢᠯᠡᠭᠡᠨ ᠤ ᠳᠠᠪᠴᠠᠩ ᠢ ᠢᠳᠡᠪᠬᠢᠳᠠᠢ ᠪᠠᠶᠢᠭᠤᠯᠵᠤ᠂ ᠥᠨᠡᠨ ᠨᠡᠷ᠎ᠡ ᠶᠢᠨ ᠲᠦᠷᠢᠮ ᠤᠨ ᠬᠠᠮᠢᠶᠠᠷᠤᠯᠳᠠ ᠶᠢᠨ ᠳ᠋ᠠᠶᠢᠲ᠋ᠠ ᠶᠢᠨ ᠰᠠᠩ ᠢ ᠪᠠᠶᠢᠭᠤᠯᠤᠨ᠂ ᠠᠵᠤ ᠠᠬᠤᠶᠢᠯᠠᠯ ᠤᠨ ᠲᠣᠰᠬᠠᠢ ᠠᠵᠢᠯᠴᠢᠨ ᠡᠯᠰᠡᠬᠦ ᠶᠢ ᠵᠣᠬᠢᠶᠠᠨ ᠪᠠᠶᠢᠭᠤᠯᠬᠤ ᠪᠠᠷ ᠲᠠᠮᠵᠢᠨ᠂ ︽ᠵᠠᠬᠢᠶᠠᠯᠠᠭ᠎ᠠ ᠶᠢᠨ ᠬᠡᠯᠪᠡᠷᠢᠳᠦ︾ ᠮᠡᠷᠬᠡᠵᠢᠯ ᠤᠨ ᠪᠤᠯᠪᠠᠰᠤᠷᠠᠯ ᠢ ᠦᠷᠨᠢᠭᠦᠯᠦᠨ᠂ ᠪᠡᠶ᠎ᠡ ᠪᠠᠨ ᠲᠠᠭᠠᠭᠠᠵᠤ ᠥᠢᠯᠡᠰ ᠪᠤᠰᠬᠠᠬᠤ ᠵᠡᠷᠭᠡ ᠠᠷᠭ᠎ᠠ ᠪᠠᠷᠢᠯ ᠢ ᠵᠤᠷᠢᠭᠵᠢᠭᠤᠯᠵᠤ᠂ ᠤᠶᠤᠳᠠᠳ᠂ ᠠᠵᠢᠯ ᠦᠬᠡᠢ ᠬᠡᠷ ᠪᠦᠯᠢ᠂ ᠭᠠᠳᠠᠨ᠎ᠠ ᠠᠴᠠ ᠢᠷᠡᠭᠰᠡᠨ ᠵᠡᠷᠬᠡ ᠭᠤᠤᠯᠳᠠᠯᠭᠠᠳᠤ ᠬᠥᠮᠥᠰ ᠤᠨ ᠨᠡᠩ ᠬᠦᠢᠴᠡᠳ ᠨᠡᠩ ᠥᠨᠳᠥᠷ ᠴᠢᠨᠠᠷ ᠴᠢᠨᠰᠠᠭ᠎ᠠ ᠲᠠᠢ ᠠᠵᠢᠯ  ᠤᠯᠭᠤᠬᠤ ᠶᠢ ᠪᠡᠶᠡᠯᠡᠬᠦᠯᠬᠦ ᠶᠢ ᠪᠠᠳᠤᠯᠠᠵᠤ᠂ ᠤᠷᠴᠢᠨ ᠲᠤᠭᠤᠷᠢᠨ ᠤ ᠠᠷᠢᠭᠤᠨ ᠴᠡᠪᠡᠷ ᠤᠨ ᠬᠠᠮᠠᠭᠠᠯᠠᠯᠳᠠ᠂ ᠴᠡᠴᠡᠷᠯᠢᠭᠵᠢᠬᠦᠯᠬᠡ᠂ ᠬᠤᠳᠠ ᠶᠢᠨ ᠥᠢᠯᠡᠴᠢᠯᠡᠭᠡ ᠵᠡᠷᠬᠡ ᠶᠢᠨ ᠬᠥᠳᠡᠯᠮᠥᠷᠢ ᠥᠢᠯᠡᠴᠢᠯᠡᠬᠡᠨ ᠤ ᠠᠵᠢᠯ ᠤᠨ ᠪᠠᠶᠢᠷᠢ ᠶᠢᠨ 60%᠎ ᠠᠴᠠ ᠲᠡᠭᠡᠭᠰᠢᠬᠢ ᠶᠢ ᠨᠢ ᠨᠡᠬᠦᠯᠬᠡᠨ ᠰᠢᠯᠵᠢᠬᠦᠯᠥᠭᠰᠡᠨ ᠮᠠᠯᠴᠢᠨ ᠲᠠᠷᠢᠶᠠᠴᠢᠳ ᠤᠨ ᠠᠵᠢᠯ ᠤᠯᠭᠤᠯᠳᠠ ᠳᠤ ᠵᠤᠷᠢᠭᠤᠯᠵᠤ᠂ ᠪᠥᠳᠥᠴᠠ ᠶᠢᠨ ᠴᠢᠨᠠᠷ ᠲᠠᠢ ᠠᠵᠢᠯ ᠤᠯᠭᠤᠯᠳᠠ ᠶᠢᠨ ᠠᠰᠠᠭᠤᠳᠠᠯ ᠢ ᠪᠥᠳᠥᠮᠵᠢᠳᠡᠢ ᠰᠢᠢᠳᠪᠥᠷᠢᠯᠡᠨ᠂ ᠬᠤᠳᠠ ᠪᠠᠯᠭᠠᠰᠤᠨ ᠤ ᠲᠠᠩᠰᠠᠯᠠᠭᠰᠠᠨ ᠠᠵᠢᠯ ᠠᠯᠳᠠᠭᠰᠠᠨ ᠨᠤᠷᠮ᠎ᠠ ᠶᠢ 3%᠎ ᠶᠢᠨ ᠲᠤᠳᠤᠷ᠎ᠠ ᠪᠠᠳᠤᠯᠠᠨ᠎ᠠ᠃  ᠭᠡᠷ ᠪᠠᠶᠢᠰᠢᠩ ᠭᠠᠵᠠᠷᠨ ᠬᠥᠷᠦᠩᠭᠡ ᠶᠢᠨ ᠬᠠᠳᠠᠭᠠᠯᠠᠭᠳᠠᠴᠠ ᠶᠢ ᠪᠠᠭᠠᠰᠬᠠᠬᠤ ᠲᠠᠢ ᠣᠶᠠᠯᠳᠣᠭᠤᠯᠣᠨ᠂ ᠬᠤᠨᠤᠭ᠂ ᠢᠳᠡᠬᠡᠨ ᠤᠮᠳᠠᠭᠠᠨ᠂ ᠪᠣᠯᠪᠠᠰᠣᠷᠠᠯ ᠵᠡᠷᠭᠡ ᠶᠢ ᠨᠢᠭᠡ ᠴᠤᠭᠴᠠᠵᠢᠭᠤᠯᠤᠭᠰᠠᠨ ᠨᠡᠶᠢᠲᠡ ᠶᠢᠨ ᠣᠷᠣᠨ ᠰᠠᠭᠤᠴᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠦᠪ ᠢ ᠪᠦᠳᠦᠭᠡᠨ ᠪᠠᠶᠢᠭᠤᠯᠵᠤ᠂ ᠠᠵᠢᠯ ᠡᠷᠬᠢᠯᠡᠭᠴᠢᠳ ᠤᠨ ᠠᠮᠢᠳᠤᠷᠠᠯ ᠤᠨ ᠵᠠᠷᠤᠳᠠᠯ ᠢ ᠪᠦᠳᠦᠮᠵᠢᠳᠠᠢ ᠪᠠᠭᠤᠷᠠᠭᠤᠯᠣᠨ᠎ᠠ᠃ ᠬᠥᠳᠡᠭᠡ ᠲᠤᠰᠬᠤᠨ ᠤ ᠭᠠᠵᠠᠷ ᠰᠢᠷᠥᠢ ᠶᠢᠨ ᠲᠥᠷᠢᠮ ᠤᠨ ᠥᠬᠡᠷᠡᠴᠢᠯᠡᠯᠳᠡ ᠶᠢ ᠲᠥᠷᠬᠡᠳᠬᠡᠵᠤ᠂ ᠮᠠᠯᠴᠢᠨ ᠲᠠᠷᠢᠶᠠᠴᠢᠳ ᠤᠷᠤᠨ ᠰᠠᠭᠤᠴᠠ ᠶᠢᠨ ᠭᠠᠵᠠᠷ ᠤᠨ ᠥᠮᠴᠢᠯᠡᠯ ᠤᠨ ᠡᠷᠬᠡ ᠪᠠᠷ ᠪᠠᠷᠢᠴᠠᠭ᠎ᠠ ᠬᠢᠬᠦ ᠶᠢ ᠵᠥᠪᠰᠢᠶᠡᠷᠡᠨ᠎ᠡ᠃ ︽ᠬᠤᠶᠠᠳᠤᠭᠠᠷ ᠡᠬᠡᠯᠵᠢ ᠶᠢᠨ ᠭᠠᠵᠠᠷ ᠰᠢᠷᠥᠢ ᠶᠢᠨ ᠲᠠᠭᠠᠭᠠᠴᠢᠯᠠᠯᠳᠠ ᠶᠢᠨ ᠬᠤᠭᠤᠴᠠᠭ᠎ᠠ ᠲᠤᠯᠤᠭᠰᠠᠨ ᠤ ᠲᠠᠷᠠᠭ᠎ᠠ ᠲᠠᠭᠢᠨ ᠭᠤᠴᠢᠨ ᠵᠢᠯ ᠤᠷᠳᠤᠳᠬᠠᠬᠤ︾ ᠬᠥᠳᠡᠭᠡ ᠲᠤᠰᠬᠤᠨ ᠤ ᠭᠠᠵᠠᠷ ᠰᠢᠷᠥᠢ ᠶᠢᠨ ᠲᠠᠭᠠᠭᠠᠴᠢᠯᠠᠯᠳᠠ ᠶᠢᠨ ᠲᠥᠷᠥ ᠶᠢᠨ ᠪᠤᠳᠤᠯᠭ᠎ᠠ ᠶᠢ ᠰᠠᠶᠢᠳᠤᠷ ᠨᠠᠶᠢᠳᠠᠪᠦᠷᠢᠵᠢᠭᠤᠯᠵᠤ᠂ ᠮᠠᠯᠴᠢᠨ ᠲᠠᠷᠢᠶᠠᠴᠢᠳ ᠢ ᠵᠢᠯᠤᠭᠤᠳᠤᠨ᠂ ᠭᠠᠵᠠᠷ ᠰᠢᠷᠥᠢ ᠶᠢᠨ ᠲᠠᠭᠠᠭᠠᠴᠢᠯᠠᠯᠳᠠ ᠡᠵᠡᠩᠨᠡᠯᠳᠡ ᠶᠢᠨ ᠡᠷᠬᠡ ᠶᠢ ᠲᠤᠰᠬᠠᠢ ᠮᠡᠷᠬᠡᠵᠢᠯ ᠤᠨ ᠲᠤᠮᠤ ᠡᠷᠥᠬᠡ᠂ ᠬᠡᠷ ᠪᠥᠯᠢ ᠶᠢᠨ ᠮᠠᠯᠵᠢᠯ ᠤᠨ ᠲᠠᠯᠠᠪᠠᠢ᠂ ᠮᠠᠯᠴᠢᠨ ᠲᠠᠷᠢᠶᠠᠴᠢᠳ ᠤᠨ ᠬᠤᠷᠰᠢᠶᠠᠵᠢᠯ᠂  ᠲᠠᠷᠢᠶᠠᠯᠠᠩ ᠮᠠᠯ ᠠᠵᠤ ᠥᠢᠯᠡᠰ ᠤᠨ ᠲᠤᠯᠤᠭᠠᠶᠢᠯᠠᠭᠴᠢ ᠠᠵᠤ ᠥᠢᠯᠡᠰ ᠲᠡᠰᠢ ᠰᠢᠯᠵᠢᠬᠦᠯᠥᠨ᠎ᠡ᠃ ᠠᠵᠤ ᠠᠬᠤᠶᠢᠯᠠᠯ ᠠᠵᠢᠯ ᠥᠢᠯᠡᠰ ᠤᠨ ᠨᠢᠬᠡᠴᠢ ᠶᠢᠨ ᠠᠵᠢᠯᠳᠠᠨ ᠪᠤᠯᠤᠨ ᠠᠯᠪᠠᠳᠠᠳ ᠤᠨ ᠴᠠᠯᠢᠩ ᠤᠨ ᠬᠡᠪ ᠤᠨ ᠥᠰᠥᠯᠳᠡ ᠶᠢᠨ ᠲᠤᠭᠳᠠᠯᠴᠠᠭ᠎ᠠ ᠶᠢ ᠲᠡᠭᠦᠯᠳᠡᠷᠵᠢᠬᠦᠯᠵᠤ᠂ ᠠᠷᠠᠳ ᠢ ᠬᠠᠷᠠᠭᠠᠯᠵᠠᠬᠤ ᠡᠯ᠎ᠡ ᠲᠥᠷᠥᠯ ᠤᠨ ᠲᠦᠷᠤ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠦᠷᠢᠵᠢᠭᠤᠯᠵᠤ᠂ ᠬᠠᠮᠤᠭ ᠲᠤᠤᠷ᠎ᠠ ᠴᠠᠯᠢᠩ ᠤᠨ ᠪᠠᠳᠤᠯᠠᠭ᠎ᠠ ᠶᠢᠨ ᠲᠥᠷᠢᠮ ᠢ ᠴᠢᠩᠭ᠎ᠠ ᠬᠡᠷᠡᠭᠵᠢᠬᠦᠯᠥᠨ᠂ ᠠᠵᠤ ᠠᠬᠤᠶᠢᠯᠠᠯ ᠤᠨ ᠠᠵᠢᠯᠳᠠᠳ ᠤᠨ ᠤᠷᠤᠯᠭ᠎ᠠ ᠪᠤᠯᠤᠨ ᠠᠵᠤ ᠠᠬᠤᠶᠢᠯᠠᠯ ᠤᠨ ᠥᠷ᠎ᠡ ᠠᠰᠢᠭ ᠤᠨ ᠢᠵᠢᠯ ᠠᠯᠬᠤᠮ ᠢᠶᠠᠷ ᠥᠰᠬᠦ ᠶᠢ ᠠᠬᠢᠭᠤᠯᠤᠨ᠂ ᠠᠷᠭ᠎ᠠ ᠪᠥᠬᠦᠨ ᠢ ᠰᠥᠪᠡᠭᠴᠢᠯᠡᠵᠤ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠴᠠᠯᠢᠩ ᠤᠨ ᠴᠢᠨᠠᠷ ᠲᠠᠢ᠂ ᠡᠵᠡᠩᠨᠡᠯᠳᠡ ᠶᠢᠨ ᠴᠢᠨᠠᠷ ᠲᠠᠢ᠂ ᠡᠳ᠋ ᠬᠥᠷᠥᠩᠭᠡ ᠶᠢᠨ ᠴᠢᠨᠠᠷ ᠲᠠᠢ᠂ ᠲᠥᠷᠥ ᠶᠢᠨ ᠪᠤᠳᠤᠯᠭ᠎ᠠ ᠶᠢᠨ ᠴᠢᠨᠠᠷ ᠲᠠᠢ ᠤᠷᠤᠯᠭ᠎ᠠ ᠎ ᠶᠢ ᠨᠡᠮᠡᠭᠳᠡᠭᠦᠯᠥᠨ᠎ᠡ᠃ ᠬᠤᠶᠢᠰᠢᠳᠠ ᠶᠢᠨ ᠲᠠᠪᠤᠨ ᠵᠢᠯ ᠳᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢᠨ ᠥᠰᠥᠯᠳᠡ ᠶᠢᠨ ᠬᠤᠷᠳᠤᠴᠠ ᠶᠢ ᠠᠵᠤ ᠠᠬᠤᠢ ᠶᠢᠨ ᠥᠰᠥᠯᠳᠡ ᠶᠢᠨ ᠬᠤᠷᠳᠤᠴᠠ ᠠᠴᠠ ᠥᠨᠳᠥᠷ ᠪᠠᠶᠢᠯᠭᠠᠨ᠂ ᠮᠠᠯᠴᠢᠨ ᠲᠠᠷᠢᠶᠠᠴᠢᠳ ᠤᠨ ᠤᠷᠤᠯᠭ᠎ᠠ ᠶᠢᠨ ᠥᠰᠥᠯᠳᠡ ᠶᠢᠨ ᠬᠤᠷᠳᠤᠴᠠ ᠶᠢ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠤᠷᠤᠯᠭ᠎ᠠ ᠶᠢᠨ ᠥᠰᠥᠯᠳᠡ ᠠᠴᠠ ᠬᠤᠷᠳᠤᠨ ᠪᠠᠶᠢᠯᠭᠠᠬᠤ ᠶᠢ ᠪᠠᠳᠤᠯᠠᠨ᠎ᠠ᠃      ᠲᠥᠷᠪᠡ ᠳᠤ᠂  ᠨᠡᠩ ᠤᠯᠠᠨ ᠡᠰᠢᠵᠢᠭᠰᠡᠨ ᠨᠡᠶᠢᠬᠡᠮ ᠤᠨ ᠪᠠᠳᠤᠯᠠᠭ᠎ᠠ ᠶᠢᠨ ᠲᠤᠭᠳᠠᠯᠴᠠᠭ᠎ᠠ ᠶᠢ ᠲᠡᠭᠦᠯᠳᠡᠷᠵᠢᠬᠦᠯᠥᠨ᠎ᠡ᠃  ᠨᠡᠶᠢᠬᠡᠮ ᠤᠨ ᠲᠠᠭᠠᠳᠬᠠᠯ ᠤᠨ ᠪᠥᠷᠬᠦᠴᠠ ᠶᠢᠨ ᠬᠡᠪᠴᠢᠶ᠎ᠡ ᠶᠢ ᠥᠷᠬᠦᠯᠵᠢᠯᠡᠨ ᠥᠷᠬᠡᠳᠬᠡᠵᠤ᠂ ᠬᠤᠳᠠ ᠪᠠᠯᠭᠠᠰᠤᠨ ᠤ ᠠᠵᠢᠯᠴᠢᠨ ᠠᠵᠢᠯᠳᠠᠳ ᠪᠤᠯᠤᠨ ᠬᠤᠳᠠ ᠬᠥᠳᠡᠭᠡ ᠶᠢᠨ ᠰᠠᠭᠤᠭᠠᠯᠢ ᠠᠷᠠᠳ ᠎ ᠤᠨ ᠨᠠᠰᠤᠵᠢᠯ ᠤᠨ ᠲᠠᠭᠠᠳᠬᠠᠯ ᠤᠨ ᠥᠨᠳᠥᠰᠥᠨ ᠲᠥᠷᠢᠮ ᠢ ᠲᠡᠭᠦᠯᠳᠡᠷᠵᠢᠬᠦᠯᠥᠨ᠂ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠨ ᠠᠵᠢᠯᠳᠠᠳ ᠪᠤᠯᠤᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠤᠨ ᠤᠯᠭᠤᠮᠵᠢ ᠶᠢᠨ ᠬᠢᠷᠢ ᠲᠥᠪᠰᠢᠨ ᠢ ᠯᠠᠪᠳᠠᠭᠤᠨ ᠢᠶᠠᠷ ᠲᠡᠭᠡᠭᠰᠢᠯᠡᠬᠦᠯᠥᠨ᠎ᠡ᠃ ︽ᠵᠢᠷᠭᠤᠭᠠᠨ ᠨᠢᠬᠡᠳᠥᠯᠳᠡᠢ︾ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠬᠡ ᠶᠢᠨ ᠲᠠᠭᠠᠳᠬᠠᠯ ᠤᠨ ᠲᠥᠷᠢᠮ ᠢ ᠬᠡᠷᠡᠭᠵᠢᠬᠦᠯᠥᠨ᠂  ᠬᠠᠮᠢᠶᠠᠷᠤᠯᠳᠠ ᠥᠢᠯᠡᠴᠢᠯᠡᠭᠡ ᠨᠡᠩ ᠲᠦᠷᠢᠮᠵᠢᠬᠦᠨ᠂ ᠪᠤᠰᠤᠳ ᠭᠠᠵᠠᠷ ᠲᠤ ᠡᠪᠡᠳᠴᠢᠨ ᠡᠮᠨᠡᠬᠦᠯᠬᠦ ᠳᠤ ᠨᠡᠩ ᠲᠥᠬᠦᠮ ᠲᠦᠳᠡ᠂ ᠲᠠᠭᠠᠳᠬᠠᠯ ᠤᠨ ᠲᠥᠷᠢᠮ ᠨᠡᠩ ᠲᠡᠭᠦᠯᠳᠡᠷᠵᠢᠭᠰᠡᠨ ᠡᠮ ᠡᠮᠨᠡᠯᠬᠡ ᠶᠢᠨ ᠲᠠᠭᠠᠳᠬᠠᠯ ᠤᠨ ᠲᠤᠭᠳᠠᠯᠴᠠᠭ᠎ᠠ ᠶᠢ ᠪᠠᠶᠢᠭᠤᠯᠤᠨ᠎ᠠ᠃ ᠠᠪᠤᠷᠠᠨ ᠲᠤᠰᠠᠯᠠᠬᠤ ᠡᠬᠢ ᠪᠠᠶᠠᠯᠢᠭ ᠢ ᠴᠤᠮᠬᠠᠳᠬᠠᠨ᠂ ᠪᠠᠳᠤᠯᠠᠭ᠎ᠠ ᠎ ᠶᠢᠨ ᠠᠷᠭ᠎ᠠ ᠮᠠᠶ᠋ᠢᠭ ᠢ ᠰᠢᠨᠡᠴᠢᠯᠡᠵᠤ᠂ ᠤᠨᠴᠠ ᠬᠥᠴᠢᠷᠳᠡᠯ ᠲᠠᠢ ᠶᠠᠳᠠᠭᠤ ᠵᠥᠳᠡᠬᠦᠥ ᠤᠯᠠᠨ ᠲᠥᠮᠡᠨ ᠳᠤ ︽ᠲᠤᠰᠠᠯᠠᠮᠵᠢ ᠬᠥᠰᠡᠬᠦ ᠭᠠᠵᠠᠷ ᠲᠠᠢ᠂ ᠴᠠᠭ ᠲᠤᠬᠠᠢ ᠎ ᠳᠤᠨᠢ ᠲᠤᠰᠠᠯᠠᠮᠵᠢ ᠬᠦᠷᠳᠡᠬᠡᠬᠦ︾᠂ ︽ᠶᠡᠭᠡ ᠠᠪᠤᠷᠠᠨ  ᠲᠤᠰᠠᠯᠠᠬᠤ︾ ᠲᠤᠭᠳᠠᠯᠴᠠᠭ᠎ᠠ ᠶᠢ ᠪᠠᠶᠢᠭᠤᠯᠤᠨ᠂ ᠪᠤᠢ ᠪᠥᠬᠦᠢ ᠶᠠᠳᠠᠭᠤ ᠬᠥᠴᠢᠷᠳᠡᠯ ᠲᠠᠢ ᠤᠯᠠᠨ ᠲᠥᠮᠡᠨ ᠎ ᠤ ᠥᠨᠳᠥᠰᠥᠨ ᠠᠮᠢᠳᠤᠷᠠᠯ ᠳᠤ ᠪᠠᠳᠤᠯᠠᠭ᠎ᠠ ᠲᠠᠢ ᠪᠤᠯᠭᠠᠨ᠎ᠠ᠃ ᠨᠠᠮ ᠤᠨ ᠥᠨᠳᠥᠰᠥᠳᠡᠨ ᠱᠠᠰᠢᠨ ᠰᠤᠷᠳᠠᠬᠤᠨ ᠤ ᠲᠥᠷᠥ ᠶᠢᠨ ᠪᠤᠳᠤᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠠᠭᠤᠷᠢ ᠲᠥᠬᠦᠬᠡᠷᠥᠮᠵᠢ᠂ ᠶᠠᠳᠠᠭᠤ ᠶᠢ ᠲᠡᠳᠬᠦᠨ  ᠨᠡᠬᠡᠬᠡᠨ ᠬᠦᠭᠵᠢᠬᠦᠯᠬᠦ ᠪᠠ ᠨᠡᠶᠢᠬᠡᠮ ᠤᠨ ᠪᠠᠳᠤᠯᠠᠭ᠎ᠠ ᠵᠡᠷᠬᠡ ᠲᠠᠯ᠎ᠠ ᠪᠠᠷ ᠲᠥᠷᠥ ᠶᠢᠨ ᠪᠤᠳᠤᠯᠭ᠎ᠠ ᠶᠢᠨ ᠬᠠᠷᠠᠭᠠᠯᠵᠠᠯ ᠬᠥᠷᠳᠡᠬᠡᠵᠤ᠂ ᠴᠥᠬᠡᠨ ᠲᠤᠭᠠᠳᠤ ᠥᠨᠳᠥᠰᠥᠳᠡᠨ ᠤ ᠤᠯᠠᠨ ᠲᠥᠮᠡᠨ ᠤ ᠥᠢᠯᠡᠳᠪᠥᠷᠢᠯᠡᠯ ᠠᠮᠢᠳᠤᠷᠠᠯ ᠤᠨ ᠬᠢᠷᠢ ᠲᠥᠪᠰᠢᠨ ᠢ ᠤᠯᠠᠮ ᠨᠢᠬᠡ ᠠᠯᠬᠤᠮ ᠲᠡᠭᠡᠭᠰᠢᠯᠡᠬᠦᠯᠥᠨ᠂  ᠪᠥᠬᠦ ᠤᠯᠤᠰ ᠤᠨ ︽ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢ ᠡᠬᠦᠳᠬᠦ ᠠᠵᠢᠯᠯᠠᠭᠠᠨ ᠤ ᠵᠢᠱᠢᠶᠡᠴᠢ ᠬᠤᠰᠢᠭᠤ︾᠎ ᠶᠢ ᠪᠠᠶᠢᠭᠤᠯᠤᠨ᠎ᠠ᠃ ᠨᠡᠶᠢᠬᠡᠮ ᠤᠨ ᠬᠥᠷᠥᠩᠭᠡ ᠪᠠᠷ ᠨᠠᠰᠤᠳᠠᠳ ᠢ ᠠᠰᠠᠷᠠᠬᠤ ᠪᠠᠶᠢᠭᠤᠯᠤᠮᠵᠢ ᠪᠠᠶᠢᠭᠤᠯᠬᠤ ᠶᠢ ᠲᠡᠮᠵᠢᠨ᠂ ᠡᠮᠨᠡᠬᠦ ᠠᠰᠠᠷᠠᠬᠤ ᠶᠢ ᠤᠶᠠᠯᠳᠤᠭᠤᠯᠤᠨ ᠠᠬᠢᠭᠤᠯᠵᠤ᠂ ᠨᠠᠰᠤᠳᠠᠶᠢᠴᠤᠳ ᠲᠤ ᠠᠰᠠᠷᠠᠮᠵᠢ ᠪᠠ ᠠᠮᠤᠷ ᠵᠢᠷᠭᠠᠯᠳᠤ ᠠᠮᠢᠳᠤᠷᠠᠯ ᠬᠥᠷᠳᠡᠬᠡᠨ᠎ᠡ᠃      ᠲᠠᠪᠤ ᠳᠤ᠂ ᠨᠡᠶᠢᠬᠡᠮ ᠤᠨ ᠵᠠᠰᠠᠯᠳᠠ ᠶᠢᠨ ᠲᠤᠭᠳᠠᠯᠴᠠᠭ᠎ᠠ ᠶᠢᠨ ᠪᠠᠶᠢᠭᠤᠯᠤᠯᠳᠠ ᠶᠢ ᠪᠥᠬᠦ ᠲᠠᠯ᠎ᠠ ᠪᠠᠷ ᠴᠢᠩᠭᠠᠳᠬᠠᠨ᠎ᠠ᠃  ᠵᠥᠷᠢᠴᠠᠯ ᠵᠢᠭᠤᠷᠠᠯᠳᠤᠭᠠᠨ ᠢ  ᠰᠡᠷᠭᠡᠶᠢᠯᠡᠨ ᠰᠢᠢᠳᠪᠦᠷᠢᠯᠡᠬᠦ ᠤᠯᠠᠨ ᠡᠰᠢᠵᠢᠭᠰᠡᠨ ᠳᠣᠭᠲᠠᠯᠴᠠᠭ᠎ᠠ ᠶᠢ ᠲᠡᠭᠦᠯᠳᠡᠷᠵᠢᠬᠦᠯᠥᠨ᠂ ᠠᠰᠠᠭᠤᠳᠠᠯ ᠢ ᠥᠨᠡᠩᠭᠦ ᠥᠨᠳᠥᠰᠥᠨ ᠱᠠᠳᠤᠨ ᠳᠤ ᠰᠢᠢᠳᠪᠦᠷᠢᠯᠡᠵᠦ᠂ ᠪᠤᠢ ᠪᠤᠯᠵᠤ ᠪᠠᠶᠢᠬᠤ ᠳᠤ ᠨᠢ ᠦᠭᠡᠶᠢᠰᠬᠡᠨ᠎ᠡ᠃ ᠪᠥᠬᠦ ᠠᠷᠠᠳ ᠤᠨ ᠬᠠᠤᠯᠢ ᠲᠥᠭᠡᠮᠡᠯᠵᠢᠭᠦᠯᠬᠦ ᠬᠥᠴᠥᠯᠡᠴᠡ ᠶᠢ ᠨᠡᠮᠡᠭᠳᠡᠬᠦᠯᠥᠨ᠂ ᠤᠯᠠᠨ ᠲᠥᠮᠡᠨ ᠢ ᠵᠢᠯᠤᠭᠤᠳᠤᠨ᠂ ᠬᠠᠤᠯᠢ ᠶᠤᠰᠤᠭᠠᠷ ᠡᠮᠬᠢ ᠵᠢᠷᠤᠮ ᠲᠠᠢ ᠪᠠᠷ ᠭᠤᠶᠤᠪᠴᠢᠯᠠᠯ ᠢᠶᠠᠨ ᠢᠯᠡᠳᠭᠡᠵᠤ᠂ ᠨᠡᠶᠢᠬᠡᠮ ᠤᠨ ᠬᠡᠪ ᠤᠨ  ᠡᠮᠬᠢ ᠵᠢᠷᠤᠮ ᠢ ᠰᠠᠮᠠᠭᠤᠷᠠᠭᠤᠯᠤᠭᠰᠠᠨ ᠵᠤᠷᠢᠭᠤᠳᠠ ᠶᠢᠨ ᠴᠢᠨᠠᠷ ᠲᠠᠢ ᠵᠠᠬᠢᠳᠠᠯ ᠰᠣᠷᠪᠣᠯᠵᠢᠯᠠᠭ᠎ᠠ ᠶᠢ ᠵᠢᠭᠤᠷᠠᠯᠳᠤᠨ ᠦᠢᠮᠡᠭᠡᠬᠦ ᠵᠡᠷᠭᠡ ᠠᠵᠢᠯᠯᠠᠭ᠎ᠠ ᠳᠤ ᠬᠠᠤᠯᠢ ᠶᠤᠰᠤᠭᠠᠷ ᠴᠤᠬᠢᠯᠳᠠ ᠦᠭᠭᠦᠨ᠎ᠡ᠃ ᠵᠠᠷᠭᠤ ᠳᠤ ᠬᠤᠯᠪᠤᠭᠳᠠᠭᠰᠠᠨ ᠵᠠᠬᠢᠳᠠᠯ ᠰᠤᠷᠪᠤᠯᠵᠢᠯᠠᠭ᠎ᠠ ᠳᠤ ᠬᠠᠤᠯᠢᠴᠢ ᠤᠷᠤᠯᠴᠠᠵᠤ ᠨᠠᠮᠳᠠᠭᠠᠬᠤ ᠤᠷᠤᠯᠠᠬᠤ ᠠᠵᠢᠯ ᠤᠨ ᠪᠠᠶᠢᠭᠤᠯᠤᠮᠵᠢ ᠶᠢ ᠪᠠᠶᠢᠭᠤᠯᠤᠨ᠂ ᠵᠠᠷᠭᠤ ᠪᠠ ᠰᠤᠷᠪᠤᠯᠵᠢᠯᠠᠭ᠎ᠠ ᠬᠤᠪᠢ ᠬᠤᠪᠢᠨ ᠳᠤ ᠨᠢ ᠶᠠᠪᠤᠭᠳᠠᠬᠤ ᠶᠢ ᠠᠬᠢᠭᠤᠯᠤᠨ᠎ᠠ᠃ ᠠᠷᠠᠳ ᠤᠨ ᠵᠢᠬᠡᠯᠡᠯᠬᠡ ᠶᠢ  ᠴᠢᠬᠤᠯᠠᠴᠢᠯᠠᠨ ᠠᠩᠬᠠᠷᠴᠤ᠂ ᠪᠤᠭᠤᠨᠢ ᠰᠠᠷᠠᠪᠴᠢᠳᠤ ᠤᠷᠤᠨ ᠰᠠᠭᠤᠴᠠ ᠶᠢᠨ ᠥᠬᠡᠷᠡᠴᠢᠯᠡᠯᠳᠡ᠂ ᠢᠨᠵᠧᠨ᠋ᠷᠢᠩ ᠤᠨ ᠪᠡᠯᠨ ᠮᠥᠡᠭᠭᠦ  ᠶᠢ ᠥᠭᠬᠦ᠂ ᠥᠷᠢ ᠶᠢ ᠠᠷᠢᠯᠭᠠᠨ ᠭᠠᠶᠢᠯᠢ ᠶᠢ ᠲᠤᠳᠤᠷᠬᠠᠶᠢᠯᠠᠬᠤ ᠵᠡᠷᠭᠡ ᠶᠠᠪᠤᠴᠠ ᠳᠤ ᠠᠷᠠᠳ ᠤᠨ ᠵᠢᠬᠡᠯᠡᠯᠬᠡ ᠶᠢ  ᠬᠠᠮᠳᠤ ᠳᠤᠨᠢ ᠰᠢᠢᠳᠪᠥᠷᠢᠯᠡᠨ᠎ᠡ᠃ ᠬᠡᠷᠡᠭ ᠲᠤ ᠬᠤᠯᠪᠤᠭᠳᠠᠭᠰᠠᠨ ᠡᠳ᠋ ᠬᠥᠷᠥᠩᠭᠡ ᠶᠢᠨ ᠰᠢᠢᠳᠪᠥᠷᠢᠯᠡᠯᠳᠡ ᠶᠢᠨ ᠠᠬᠢᠴᠠ ᠶᠢ ᠲᠥᠷᠬᠡᠳᠬᠡᠵᠤ᠂ ᠵᠤᠭᠤᠰ ᠲᠠᠢ ᠪᠠᠶᠢᠭᠠᠳ ᠥᠷᠢ ᠪᠠᠨ ᠪᠤᠴᠠᠭᠠᠬᠤ ᠥᠬᠡᠢ᠂ᠥᠷᠢ ᠠᠴᠠ ᠵᠤᠷᠢᠭᠤᠳᠠ ᠲᠤᠳᠠᠭᠠᠬᠤ ᠵᠠᠷᠭᠡ ︽ᠲᠠᠩᠬᠠᠢ︾᠎ ᠶᠢᠨ ᠠᠵᠢᠯᠯᠠᠭ᠎ᠠ ᠳᠤ ᠡᠷᠡᠰ ᠴᠤᠬᠢᠯᠳᠠ ᠦᠭᠭᠦᠨ᠎ᠡ᠃ ︽ᠢᠲᠡᠭᠡᠯ ᠲᠠᠢ ᠪᠠᠶᠢᠬᠤ ᠪᠠ ᠵᠣᠷᠢᠭᠵᠢᠭᠤᠯᠤᠯ ᠢ ᠬᠤᠯᠪᠤᠭᠠᠯᠠᠬᠤ᠂ ᠢᠲᠡᠭᠡᠯ ᠠᠯᠳᠠᠬᠤ ᠪᠠ ᠵᠠᠯᠬᠠᠭᠠᠨ ᠴᠡᠭᠡᠷᠯᠡᠭᠦᠯᠬᠦ ᠶᠢ  ᠤᠶᠠᠯᠳᠤᠭᠤᠯᠬᠤ︾ ᠳᠣᠭᠲᠠᠯᠴᠠᠭ᠎ᠠ ᠶᠢ ᠬᠠᠤᠯᠢ ᠶᠤᠰᠤᠭᠠᠷ ᠪᠠᠶᠢᠭᠤᠯᠵᠤ᠂ ︽ᠤᠯᠠᠭᠠᠨ ᠬᠠᠷ᠎ᠠ ᠨᠡᠷ᠎ᠡ ᠶᠢᠨ ᠵᠢᠭᠳᠡ︾᠎ ᠶᠢᠨ ᠲᠥᠷᠢᠮ ᠢ ᠲᠡᠬᠦᠯᠳᠡᠷᠵᠢᠬᠦᠯᠥᠨ᠂  ᠨᠡᠶᠢᠬᠡᠮ ᠤᠨ ᠢᠳᠡᠭᠡᠮᠵᠢ ᠶᠢᠨ ᠳᠣᠭᠲᠠᠯᠴᠠᠭ᠎ᠠ ᠶᠢ ᠪᠠᠶᠢᠭᠤᠯᠤᠨ᠎ᠠ᠃ ᠢᠳᠡᠭᠡᠨ ᠤ ᠵᠦᠢᠯ ᠡᠮ ᠤᠨ ᠵᠦᠢᠯ ᠤᠨ ᠠᠶᠤᠯᠭᠦᠢ ᠶᠢᠨ ᠪᠠᠲᠤᠯᠠᠭ᠎ᠠ ᠶᠢᠨ ᠳᠣᠭᠲᠠᠯᠴᠠᠭ᠎ᠠ ᠶᠢ ᠲᠡᠭᠦᠯᠳᠡᠷᠵᠢᠭᠦᠯᠵᠤ᠂ ᠠᠷᠠᠳ ᠤᠯᠠᠨ ᠤ ᠢᠳᠡᠬᠡᠨ ᠤᠮᠳᠠᠭᠠᠨ ᠤ ᠠᠮᠤᠷ ᠲᠥᠪᠰᠢᠨ ᠢ ᠥᠨᠡᠩᠭᠦ ᠪᠠᠳᠤᠯᠠᠨ᠂ ᠤᠯᠤᠰ ᠤᠨ ᠢᠳᠡᠬᠡᠨ ᠤ ᠵᠦᠢᠯ ᠡᠮ ᠤᠨ  ᠵᠦᠢᠯ ᠠᠮᠤᠷ ᠲᠥᠪᠰᠢᠨ ᠬᠤᠳᠠ ᠶᠢ ᠪᠠᠶᠢᠭᠤᠯᠤᠨ᠎ᠠ᠃ ᠡᠷᠡᠰ ᠲᠠᠰᠤᠷᠬᠠᠢ ᠢᠳᠡ ᠬᠦᠴᠦᠨ ᠢᠶᠠᠷ ᠬᠦᠰᠢᠭᠦᠷᠭᠡ ᠶᠢ ᠦᠭᠡᠶᠢᠰᠬᠡᠵᠤ᠂ ᠡᠳ᠋ ᠬᠥᠷᠥᠩᠭᠡ ᠶᠢ ᠰᠢᠢᠳᠪᠦᠷᠢᠯᠡᠬᠦ᠂ ᠳᠦᠰᠦᠪ ᠢ ᠲᠤᠬᠢᠷᠠᠭᠤᠯᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠨ᠂ ᠲᠠᠪᠤᠨ ᠵᠢᠯ ᠤᠨ ᠳᠣᠲᠣᠷ᠎ᠠ ᠵᠠᠰᠠᠭ ᠤᠨ ᠣᠷᠳᠣᠨ ᠤ ᠥᠷᠢ ᠰᠢᠷᠢ ᠬᠢᠭᠡᠳ ᠠᠵᠤ ᠠᠬᠤᠶᠢᠯᠠᠯ ᠤᠨ ᠶᠡᠷᠥᠩᠬᠡᠢ ᠥᠷᠢ ᠰᠢᠷᠢ ᠶᠢᠨ ᠨᠣᠷᠮ᠎ᠠ ᠶᠢ ᠵᠣᠬᠢᠰᠳᠠᠢ ᠬᠢᠷᠢ ᠲᠦᠪᠰᠢᠨ ᠳᠤ ᠪᠠᠭᠠᠰᠬᠠᠨ᠎ᠠ᠃ ᠠᠶᠤᠯᠭᠦᠢ ᠦᠢᠯᠡᠳᠪᠦᠷᠢᠯᠡᠯ ᠤᠨ ᠵᠠᠭᠠᠭ ᠱᠤᠭᠤᠮ ᠤᠨ ᠣᠶᠢᠯᠠᠭᠠᠭᠳᠠᠬᠤᠨ ᠢ ᠪᠠᠲᠤ ᠱᠤᠭᠤᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ᠂ ᠨᠢᠬᠡ ᠠᠵᠢᠯ ᠤᠨ ᠪᠠᠶᠢᠷᠢ ᠬᠤᠤᠰ ᠬᠠᠷᠢᠭᠤᠴᠠᠯᠭ᠎ᠠ ᠲᠠᠢ᠂  ᠲᠤᠰᠢᠶᠠᠯ ᠵᠶ᠋ᠠᠨ‌ᠠᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾  ᠠᠶᠤᠯᠭᠦᠢ ᠥᠢᠯᠡᠳᠪᠥᠷᠢᠯᠡᠯ ᠤᠨ ᠬᠠᠷᠢᠭᠤᠴᠠᠯᠭ᠎ᠠ ᠶᠢᠨ ᠲᠥᠷᠢᠮ ᠢ  ᠨᠠᠶᠢᠳᠠᠪᠤᠷᠢᠵᠢᠭᠤᠯᠵᠤ᠃ ᠠᠮᠤᠷ ᠲᠥᠪᠰᠢᠨ ᠤ ᠤᠷᠤᠭᠤᠯᠤᠯᠳᠠ ᠶᠢᠨ ᠬᠦᠴᠦᠯᠡᠴᠡ ᠪᠠᠨ ᠦᠨᠡᠩᠬᠦ ᠴᠢᠩᠭᠠᠳᠬᠠᠵᠤ᠂ ︽ᠮᠧᠬᠠᠨᠢᠭᠵᠢᠭᠤᠯᠤᠯᠳᠠ ᠪᠠᠷ ᠬᠥᠮᠥᠨ ᠰᠤᠯᠢᠬᠤ᠂ ᠠᠦ᠋ᠲ᠋ᠣᠴᠢᠯᠠᠯᠲᠠ ᠪᠠᠷ ᠬᠥᠮᠥᠨ ᠴᠥᠬᠡᠳᠬᠡᠬᠦ︾ ᠲᠤᠰᠬᠠᠢ ᠲᠥᠷᠥᠯ ᠤᠨ ᠠᠵᠢᠯᠯᠠᠭ᠎ᠠ ᠪᠤᠯᠤᠨ ᠠᠮᠤᠷ ᠲᠥᠪᠰᠢᠨ ᠰᠢᠨᠵᠢᠯᠡᠭᠡ ᠮᠡᠷᠬᠡᠵᠢᠯ ᠤᠨ ᠭᠤᠤᠯᠳᠠᠯᠭᠠᠳᠤ ᠲᠥᠷᠥᠯ ᠵᠤᠶᠢᠯ ᠢ ᠬᠡᠷᠡᠭᠵᠢᠭᠦᠯᠵᠦ  ᠂ ᠠᠮᠤᠷ ᠲᠥᠪᠰᠢᠨ ᠬᠠᠮᠢᠶᠠᠷᠤᠯᠳᠠ ᠶᠢᠨ ᠬᠢᠷᠢ ᠲᠥᠪᠰᠢᠨ ᠢ ᠲᠡᠭᠡᠭᠰᠢᠯᠡᠬᠦᠯᠥᠨ᠎ᠡ᠃ ᠠᠶᠤᠯᠭᠦᠢ ᠦᠢᠯᠡᠳᠪᠦᠷᠢᠯᠡᠯ ᠤᠨ ᠦᠨᠳᠦᠷ ᠳᠠᠷᠤᠯᠳᠠ ᠶᠢᠨ ᠪᠠᠶᠢᠳᠠᠯ ᠢ ᠥᠨᠢᠳᠡ ᠪᠠᠷᠢᠮᠳᠠᠯᠠᠨ᠂ ᠪᠥᠬᠦ ᠬᠥᠷᠢᠶ᠎ᠡ ᠬᠡᠪᠴᠢᠶ᠎ᠡ ᠪᠥᠬᠦ ᠠᠵᠢᠯ ᠲᠥᠷᠥᠯ ᠪᠥᠬᠦ ᠶᠠᠪᠤᠴᠠ ᠳᠤ  ᠪᠠᠶᠢᠩᠭᠤ ᠶᠢᠨ ᠴᠢᠨᠠᠷᠲᠠᠢ ᠪᠠᠶᠢᠴᠠᠭᠠᠨ ᠴᠡᠭᠴᠡᠯᠡᠯᠳᠡ ᠬᠢᠵᠦ᠂ ᠬᠠᠮᠤᠭ ᠴᠢᠩᠭ᠎ᠠ ᠬᠢᠨᠠᠯᠳᠠ ᠬᠠᠮᠢᠶᠠᠷᠤᠯᠳᠠ᠂ ᠬᠠᠮᠤᠭ ᠴᠢᠩᠭ᠎ᠠ ᠰᠢᠢᠳᠭᠡᠯ᠂ ᠬᠠᠮᠤᠭ ᠲᠥᠪ ᠴᠢᠩᠭ᠎ᠠ ᠬᠠᠷᠢᠭᠤᠴᠠᠯᠭ᠎ᠠ ᠶᠢᠨ ᠨᠡᠬᠡᠮᠵᠢᠯᠡᠯᠳᠡ ᠪᠠᠷ ᠠᠮᠤᠷ ᠲᠥᠪᠰᠢᠨ ᠤ ᠬᠠᠷᠢᠭᠤᠴᠠᠯᠭ᠎ᠠ ᠶᠢ ᠪᠤᠴᠠᠨ ᠰᠢᠬᠠᠮᠳᠠᠭᠤᠯᠵᠤ᠂ ᠬᠥᠨᠳᠥ ᠶᠡᠭᠡ ᠬᠡᠷᠡᠭ ᠬᠡᠨᠡᠳᠡᠯ ᠭᠠᠷᠬᠤ ᠶᠢ ᠡᠷᠡᠰ ᠬᠢᠵᠠᠭᠠᠷᠯᠠᠨ᠎ᠠ᠃ ︽ᠠᠮᠤᠷ ᠲᠠᠶᠢᠪᠤᠡᠭ ᠡᠵᠡᠨ ᠬᠤᠷᠤᠭ᠎ᠠ︾᠎ ᠶᠢᠨ ᠪᠠᠶᠢᠭᠤᠯᠤᠯᠳᠠ ᠶᠢ ᠬᠥᠨᠵᠡᠬᠡᠶᠢᠷᠡᠬᠦᠯᠵᠤ᠂ ᠨᠡᠶᠢᠳᠡ ᠶᠢᠨ ᠠᠮᠤᠷ ᠲᠥᠪᠰᠢᠨ ᠤ ᠤᠷᠤᠭᠤᠯᠤᠯᠳᠠ ᠶᠢ ᠨᠡᠮᠡᠭᠳᠡᠭᠦᠯᠥᠨ᠂ ᠮᠡᠷᠬᠡᠵᠢᠯ ᠤᠨ ᠰᠡᠷᠬᠡᠶᠢᠯᠡᠯᠳᠡ ᠪᠠ  ᠮᠡᠳᠡᠭᠡ ᠵᠠᠩᠭᠢᠵᠢᠯᠠᠯᠳᠠ ᠶᠢᠨ ᠲᠠᠪᠴᠠᠩ ᠤᠨ ᠪᠠᠶᠢᠭᠤᠯᠤᠯᠳᠠ ᠶᠢ ᠴᠢᠩᠭᠠᠳᠬᠠᠨ᠂ 2018 ᠤᠨ ᠳᠤ ᠭᠤᠤᠯᠳᠠᠯᠭᠠᠳᠤ ᠬᠥᠷᠢᠶ᠎ᠡ ᠬᠡᠪᠴᠢᠶ᠎ᠡ᠂ ᠴᠢᠬᠤᠯᠨ ᠤᠷᠤᠨ ᠪᠠᠶᠢᠷᠢ ᠶᠢᠨ ᠮᠡᠷᠬᠡᠵᠢᠯ ᠤᠨ ᠰᠡᠷᠬᠡᠶᠢᠯᠡᠯᠳᠡ ᠶᠢᠨ ᠪᠥᠷᠬᠦᠴᠠ ᠶᠢ ᠥᠨᠳᠥᠰᠥᠨ ᠳᠡᠭᠡᠨ ᠪᠡᠶᠡᠯᠡᠬᠦᠯᠥᠨ᠎ᠡ᠃ ᠲᠤᠳᠤᠭᠠᠳᠤ ᠶᠢ ᠬᠠᠮᠠᠭᠠᠯᠠᠬᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠪᠡᠯᠨ ᠮᠥᠡᠭᠭᠦᠨ ᠤ ᠤᠷᠤᠭᠤᠯᠤᠯᠳᠠ ᠪᠠ ᠲᠤᠨᠤᠭ ᠲᠥᠬᠦᠬᠡᠷᠥᠮᠵᠢ ᠶᠢᠨ ᠲᠤᠭᠢᠷᠠᠭᠤᠯᠤᠯᠳᠠ ᠶᠢ ᠨᠡᠮᠡᠭᠳᠡᠭᠦᠯᠵᠤ᠂ ᠡᠯ᠎ᠡ ᠲᠥᠷᠥᠯ ᠎ ᠤᠨ ᠬᠠᠤᠯᠢ ᠠᠴᠠ ᠵᠥᠷᠢᠴᠡᠭᠰᠡᠨ ᠶᠠᠯᠠᠳᠤ ᠠᠵᠢᠯᠯᠠᠭ᠎ᠠ ᠳᠤ ᠡᠷᠡᠰ ᠴᠤᠬᠢᠯᠳᠠ ᠥᠭᠴᠥ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠥᠪᠰᠢᠨ ᠢ ᠪᠠᠳᠤᠯᠠᠨ᠂ ᠪᠥᠬᠦ ᠤᠯᠤᠰ ᠤᠨ ︽ᠬᠠᠮᠤᠭ ᠠᠮᠤᠷ ᠲᠥᠪᠰᠢᠨ ᠬᠤᠳᠠ︾᠎ ᠶᠢ ᠴᠢᠷᠮᠠᠶᠢᠨ ᠪᠠᠶᠢᠭᠤᠯᠤᠨ᠎ᠠ᠃      ᠲᠥᠯᠥᠬᠡᠯᠡᠭᠴᠢᠳ ᠡ᠂ ᠠᠷᠠᠳ ᠤᠨ ᠬᠥᠰᠡᠯ ᠪᠤᠳᠤᠯ ᠪᠤᠯ ᠲᠠᠷᠤᠢ ᠵᠠᠰᠠᠭ ᠬᠡᠷᠡᠭᠵᠢᠬᠦᠯᠬᠦ ᠬᠠᠨᠳᠤᠰᠢ ᠮᠥᠨ︕ ᠪᠢᠳᠠ ᠡᠷᠬᠡᠪᠰᠢ ᠡᠬᠦᠷᠢᠳᠡ ᠠᠷᠠᠳ ᠤᠯᠠᠨ ᠎ ᠲᠠᠢ ᠠᠮᠢᠰᠬᠤᠭ᠎ᠠ ᠨᠢᠬᠡᠳᠬᠡᠨ᠂ ᠬᠤᠪᠢ ᠵᠠᠶᠠᠭ᠎ᠠ ᠪᠠᠨ ᠬᠠᠮᠳᠤᠳᠬᠠᠵᠤ᠂ ᠰᠡᠳᠬᠢᠯ ᠢᠶᠠᠨ ᠬᠤᠯᠪᠤᠨ᠂ ᠰᠤᠷᠭᠠᠨ ᠬᠥᠮᠥᠵᠢᠯ᠂ ᠡᠮ ᠡᠮᠨᠡᠯᠬᠡ᠂ ᠠᠵᠢᠯ ᠤᠯᠭᠤᠯᠳᠠ ᠵᠡᠷᠬᠡ ᠠᠷᠠᠳ ᠤᠯᠠᠨ ᠤ ᠬᠠᠮᠤᠭ ᠠᠴᠠ ᠬᠠᠯᠠᠮᠵᠢᠯᠠᠳᠠᠭ ᠠᠵᠢᠯ ᠠᠴᠠ ᠭᠠᠷᠳᠠᠨ ᠬᠢᠵᠤ᠂ ᠨᠢᠬᠡ ᠨᠢᠬᠡ ᠠᠵᠢᠯ ᠢᠶᠠᠷ ᠬᠥᠢᠴᠡᠳᠬᠡᠵᠤ᠂ ᠨᠢᠬᠡ ᠨᠢᠬᠡ ᠵᠢᠯ ᠢᠶᠠᠷ ᠪᠠᠷᠢᠮᠳᠠᠯᠠᠨ᠂ ᠪᠥᠬᠦ ᠬᠤᠰᠢᠭᠤᠨ ᠤ ᠡᠯ᠎ᠡ ᠥᠨᠳᠥᠰᠥᠳᠡᠨ ᠤ ᠠᠷᠠᠳ ᠤᠯᠠᠨ ᠢᠶᠠᠨ ᠤᠳᠤᠷᠢᠳᠤᠨ ᠲᠠᠶᠢᠴᠢᠯᠠᠵᠤ᠂ ᠨᠡᠩ ᠰᠠᠶᠢᠬᠠᠨ ᠠᠮᠢᠳᠤᠷᠠᠯ ᠢ ᠡᠬᠦᠳᠥᠨ ᠴᠣᠭᠴᠠᠯᠠᠶ᠎ᠠ᠃      ᠭᠤᠷᠪᠠ᠂ ᠵᠠᠰᠠᠭ ᠤᠨ ᠤᠷᠳᠤᠨ ᠡᠷᠬᠡᠪᠰᠢ ᠰᠢᠨ᠎ᠡ ᠴᠠᠭ ᠥᠶ᠎ᠡ ᠶᠢᠨ ᠤᠯᠭᠤᠭᠰᠠᠨ ᠲᠡᠥᠬᠡᠳᠥ ᠬᠥᠨᠳᠥ ᠡᠬᠦᠷᠬᠡ ᠶᠢ ᠥᠨᠡᠩᠭᠦ ᠡᠬᠦᠷᠬᠡᠯᠡᠬᠦ ᠬᠡᠷᠡᠭᠳᠡᠢ      ︵ᠨᠢᠬᠡ︶ ᠤᠯᠤᠰ ᠤᠨ ᠲᠠᠯ᠎ᠠ ᠪᠠᠷ ᠯᠠᠪᠳᠠᠭᠤᠨ ᠪᠠᠳᠤ ᠪᠠᠶᠢᠬᠤ ᠶᠢ ᠢᠮᠠᠭᠳᠠ ᠪᠠᠷᠢᠮᠳᠠᠯᠠᠨ᠎ᠠ᠃ ᠨᠠᠮ ᠤᠨ ᠠᠷᠪᠠ ᠶᠢᠰᠥᠳᠥᠬᠡᠷ  ᠶᠡᠭᠡ ᠬᠤᠷᠠᠯ ᠤᠨ ᠵᠤᠷᠢᠭ ᠰᠠᠨᠠᠭ᠎ᠠ ᠪᠤᠯᠤᠨ ᠰᠢ ᠶᠢᠨ ᠫᠢᠡᠭ ᠤᠨ ᠰᠢᠨ᠎ᠡ ᠴᠠᠭ ᠥᠶ᠎ᠡ ᠶᠢᠨ ᠲᠤᠮᠳᠠᠳᠤ ᠤᠯᠤᠰ ᠤᠨ ᠤᠨᠴᠠᠯᠢᠭᠳᠤ ᠨᠡᠶᠢᠬᠡᠮ ᠵᠢᠷᠤᠮ ᠤᠨ ᠥᠵᠡᠯ ᠰᠠᠨᠠᠭ᠎ᠠ ᠶᠢ ᠬᠥᠨᠵᠡᠬᠡᠢ ᠲᠤᠤᠱᠯᠠᠭᠤᠯᠵᠤ᠂ ᠰᠢ ᠶᠢᠨ ᠫᠢᠡᠭ ᠶᠡᠷᠥᠩᠭᠡᠢ ᠱᠥᠵᠢ ᠶᠢᠨ ᠭᠤᠤᠯ ᠪᠠᠶᠢᠷᠢ ᠰᠠᠭᠤᠷᠢ ᠶᠢ ᠡᠷᠡᠰ ᠬᠥᠷᠢᠶᠡᠯᠡᠨ᠂ ᠨᠠᠮ ᠤᠨ ᠲᠥᠪ ᠬᠤᠷᠢᠶᠠᠨ ᠤ ᠡᠷᠬᠡ ᠰᠥᠷ ᠪᠤᠯᠤᠨ ᠲᠥᠪᠯᠡᠷᠡᠬᠦᠯᠥᠨ ᠨᠢᠬᠡᠳᠬᠡᠬᠦ ᠤᠳᠤᠷᠢᠳᠤᠯᠭ᠎ᠠ ᠶᠢ ᠡᠷᠡᠰ ᠬᠥᠷᠢᠶᠡᠯᠡᠵᠤ᠂ ᠤᠯᠤᠰ ᠲᠥᠷᠥ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠬᠤ ᠤᠬᠠᠮᠰᠠᠷ᠂ ᠠᠯᠬᠤᠮ ᠢᠶᠠᠨ ᠨᠢᠬᠡᠳᠬᠡᠬᠦ ᠤᠬᠠᠮᠰᠠᠷ ᠢ ᠥᠨᠡᠩᠭᠦ ᠴᠢᠩᠭᠠᠳᠬᠠᠨ᠂ ᠤᠯᠤᠰ ᠲᠥᠷᠥ ᠶᠢᠨ ᠵᠤᠭᠰᠤᠯᠳᠠ᠂ ᠤᠯᠤᠰ ᠲᠥᠷᠥ ᠶᠢᠨ ᠴᠢᠭᠯᠡᠯ᠂ ᠤᠯᠤᠰ ᠲᠥᠷᠥ ᠶᠢᠨ ᠵᠠᠷᠴᠢᠮ᠂ ᠤᠯᠤᠰ ᠲᠥᠷᠥ ᠶᠢᠨ ᠵᠠᠮ ᠱᠤᠭᠤᠮ ᠲᠡᠭᠡᠷ᠎ᠡ ᠰᠢ ᠶᠢᠨ ᠫᠢᠡᠭ ᠶᠡᠷᠥᠩᠭᠡᠢ ᠱᠥᠵᠢ ᠪᠠᠷ ᠭᠤᠤᠯ ᠪᠤᠯᠭᠠᠭᠰᠠᠨ ᠨᠠᠮ ᠤᠨ ᠲᠥᠪ ᠬᠤᠷᠢᠶ᠎ᠠ ᠲᠠᠢ ᠢᠮᠠᠭᠳᠠ ᠲᠡᠭᠡᠳᠥ ᠬᠡᠮᠵᠢᠶ᠎ᠡ ᠪᠠᠷ ᠨᠢᠭᠡᠳᠦᠯᠳᠠᠢ ᠪᠠᠶᠢᠬᠤ ᠬᠡᠷᠡᠭᠳᠡᠢ᠃ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠬᠡᠰᠢᠭᠦᠨ ᠪᠣᠯᠬᠤ︾ ᠰᠣᠷᠣᠯᠴᠠᠯᠭ᠎ᠠ ᠬᠦᠮᠦᠵᠢᠯ ᠎ ᠤᠨ   ᠪᠠᠶᠢᠩᠭᠤᠵᠢᠯᠳᠠ ᠳᠦᠷᠢᠮᠵᠢᠯᠳᠡ ᠶᠢ ᠲᠦᠯᠬᠢᠨ ᠠᠬᠢᠭᠤᠯᠵᠤ᠂ ︽ᠤᠭ ᠰᠠᠨᠠᠭ᠎ᠠ ᠪᠠᠨ ᠮᠠᠷᠳᠠᠯ ᠦᠭᠡᠢ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠳᠦ ᠬᠦᠮᠦᠵᠢᠯ ᠢ ᠭᠦᠨᠵᠡᠭᠡᠢ ᠦᠷᠨᠢᠭᠦᠯᠦᠨ᠎ᠡ᠃ ᠲᠦᠪ᠂ ᠦᠪᠡᠷᠳᠡᠬᠡᠨ ᠵᠠᠰᠠᠬᠤ ᠤᠷᠤᠨ᠂ ᠬᠤᠳᠠ ᠪᠤᠯᠤᠨ ᠬᠤᠰᠢᠭᠤᠨ ᠤ ᠨᠠᠮ ᠤᠨ ᠬᠤᠷᠢᠶᠠᠨ ᠤ ᠡᠯ᠎ᠡ ᠲᠥᠷᠥᠯ ᠤᠨ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠤᠬᠠᠮᠰᠠᠷ ᠠᠴᠠ ᠪᠠᠨ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠬᠤᠯᠨ ᠶᠡᠭᠡ ᠰᠢᠢᠳᠪᠦᠷᠢᠳᠤ ᠪᠤᠳᠤᠯᠭ᠎ᠠ ᠶᠢᠨ ᠡᠵᠡᠨ ᠬᠤᠷᠤᠭ᠎ᠠ ᠳᠤ ᠥᠨᠳᠥᠰᠥᠯᠡᠨ᠂ ᠥᠷ᠎ᠡ ᠪᠥᠳᠥᠮᠵᠢ ᠭᠠᠷᠭᠠᠬᠤ ᠶᠢ ᠪᠠᠳᠤᠯᠠᠬᠤ ᠬᠡᠷᠡᠭᠳᠡᠢ᠃      ︵ᠬᠤᠶᠠᠷ︶ ᠬᠠᠤᠯᠢ ᠶᠤᠰᠤᠭᠠᠷ ᠵᠠᠰᠠᠭ ᠪᠠᠷᠢᠬᠤ ᠶᠢ ᠢᠮᠠᠭᠳ᠋ᠨ ᠪᠠᠷᠢᠮᠳᠠᠯᠠᠨ᠎ᠠ᠃ ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠪᠠᠶᠢᠭᠤᠯᠤᠯᠳᠠ ᠶᠢᠨ ᠬᠡᠷᠡᠭᠵᠢᠬᠦᠯᠥᠯᠳᠡ ᠶᠢᠨ ᠬᠥᠳᠥᠯᠪᠥᠷᠢ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠤᠯᠢ ᠪᠠᠷ ᠲᠤᠭᠳᠠᠭᠠᠭᠰᠠᠨ ᠡᠬᠦᠷᠬᠡ ᠬᠠᠷᠢᠭᠤᠴᠠᠯᠭ᠎ᠠ ᠪᠠᠨ ᠡᠷᠬᠡᠪᠰᠢ ᠬᠥᠢᠴᠡᠳᠬᠡᠨ᠂ ᠬᠠᠤᠯᠢ ᠠᠴᠠ ᠬᠥᠷᠳᠡᠬᠡᠭᠰᠡᠨ ᠡᠷᠬᠡ ᠥᠬᠡᠢ ᠶᠤᠮ ᠪᠤᠯ ᠯᠠᠪᠳᠠᠢ ᠬᠢᠬᠦ ᠥᠬᠡᠢ ᠪᠠᠶᠢᠵᠤ᠂ ᠵᠠᠰᠠᠭ ᠤᠨ ᠤᠷᠳᠤᠨ ᠤ ᠰᠢᠢᠳᠪᠦᠷᠢᠳᠦ ᠪᠤᠳᠤᠯᠭ᠎ᠠ᠂ ᠬᠡᠷᠡᠭᠵᠢᠬᠦᠯᠥᠯᠳᠡ᠂ ᠬᠢᠨᠠᠯᠳᠠ ᠶᠢᠨ ᠪᠥᠬᠦ ᠶᠠᠪᠤᠴᠠ ᠶᠢ ᠪᠥᠷ ᠬᠠᠤᠯᠢ ᠪᠠᠷ ᠵᠠᠰᠠᠬᠤ ᠬᠥᠷᠢᠶ᠎ᠡ ᠬᠡᠪᠴᠢᠶᠡᠨ ᠳᠤ ᠪᠠᠭᠳᠠᠭᠠᠬᠤ ᠬᠡᠷᠡᠭᠳᠡᠢ᠃ ᠬᠠᠤᠯᠢ ᠵᠥᠪᠯᠡᠭᠴᠢ ᠶᠢᠨ ᠲᠥᠷᠢᠮ ᠢ ᠤᠯᠠᠮ ᠨᠢᠬᠡ ᠠᠯᠬᠤᠮ ᠲᠡᠭᠦᠯᠳᠡᠷᠵᠢᠬᠦᠯᠵᠤ᠂ ᠤᠯᠠᠨ ᠲᠥᠮᠡᠨ ᠤ ᠤᠷᠤᠯᠴᠠᠯᠭ᠎ᠠ᠂ ᠲᠤᠰᠬᠠᠢ ᠮᠡᠷᠬᠡᠵᠢᠯᠳᠡᠨ  ᠎ ᠤ ᠨᠤᠳᠠᠯᠠᠯ᠂ ᠲᠥᠭᠰᠢᠬᠦᠷᠢ ᠶᠢᠨ ᠮᠠᠭᠠᠳᠯᠠᠯ ᠂ ᠬᠠᠤᠯᠢ ᠶᠤᠰᠤᠴᠢ ᠴᠢᠨᠠᠷᠳᠠᠢ ᠬᠢᠨᠠᠨ ᠪᠠᠶᠢᠴᠠᠭᠠᠯᠳᠠ ᠪᠤᠯᠤᠨ ᠬᠠᠮᠳᠤ ᠪᠠᠷ ᠰᠢᠢᠳᠪᠦᠷᠢ ᠭᠠᠷᠭᠠᠬᠤ ᠳᠤᠭᠳᠠᠯᠴᠠᠭ᠎ᠠ ᠶᠢ ᠲᠤᠤᠱᠯᠠᠭᠤᠯᠤᠨ᠂ ᠵᠠᠰᠠᠭ ᠤᠨ ᠤᠷᠳᠤᠨ ᠤ ᠰᠢᠢᠳᠪᠦᠷᠢᠳᠦ ᠪᠣᠳᠣᠯᠭ᠎ᠠ ᠵᠢᠨ‌‍ᠰᠢᠨᠵᠢᠯᠡᠬᠦ ᠤᠬᠠᠭᠠᠨᠴᠢ ᠴᠢᠨᠠᠷ ᠢ  ᠪᠦᠬᠦ ᠲᠠᠯ᠎ᠠ ᠪᠠᠷ ᠲᠡᠭᠡᠭᠰᠢᠯᠡᠬᠦᠯᠥᠨ᠎ᠡ᠃ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠵᠢᠴᠢ ᠪᠠᠶᠢᠡᠭᠭᠤ ᠶᠢᠨ ᠬᠤᠷᠢᠶᠠᠨ ᠤ ᠰᠢᠢᠳᠪᠥᠷᠢ ᠲᠤᠭᠳᠠᠭᠠᠯ ᠢ ᠡᠷᠡᠰ ᠬᠡᠷᠡᠭᠵᠢᠬᠦᠯᠤᠨ᠂ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠳᠠ᠂ ᠤᠯᠤᠰ ᠲᠥᠷᠥ ᠶᠢᠨ ᠵᠥᠪᠯᠡᠯᠬᠡᠨ ᠤ ᠠᠷᠠᠳᠴᠢᠯᠠᠭᠰᠠᠨ ᠬᠢᠨᠠᠯᠳᠠ ᠪᠤᠯᠤᠨ ᠨᠡᠶᠢᠬᠡᠮ ᠤᠨ ᠡᠲᠡᠭᠡᠳ ᠤᠨ ᠬᠢᠨᠠᠯᠳᠠ ᠶᠢ ᠤᠬᠠᠮᠰᠠᠷ ᠠᠴᠠ ᠪᠠᠨ ᠬᠥᠯᠢᠶᠡᠵᠤ᠂ ᠠᠷᠠᠳ ᠤᠯᠠᠨ ᠤ ᠪᠠᠶᠢᠳᠠᠯ ᠢ ᠮᠡᠳᠡᠬᠦ ᠡᠷᠬᠡ᠂ ᠤᠷᠤᠯᠴᠠᠬᠤ ᠡᠷᠬᠡ᠂ ᠬᠢᠨᠠᠯᠳᠠ ᠳᠠᠯᠪᠢᠬᠤ ᠡᠷᠬᠡ ᠶᠢ ᠪᠠᠳᠤᠯᠠᠨ᠎ᠠ᠃ ᠴᠢᠬᠤᠯᠨ ᠶᠡᠭᠡ ᠰᠢᠢᠳᠪᠦᠷᠢᠳᠦ ᠪᠣᠳᠣᠯᠭ᠎ᠠ ᠶᠢ ᠮᠥᠷᠳᠡᠨ ᠥᠨᠡᠯᠡᠬᠦ᠂ ᠨᠠᠰᠤᠨ ᠲᠤᠷᠰᠢᠳᠠ ᠬᠠᠷᠢᠭᠤᠴᠠᠯᠭ᠎ᠠ ᠨᠡᠬᠡᠮᠵᠢᠯᠡᠬᠦ ᠵᠢᠴᠢ ᠬᠠᠷᠢᠭᠤᠴᠠᠯᠭ᠎ᠠ ᠶᠢ ᠬᠡᠳᠡᠷᠬᠦ ᠪᠠᠶᠢᠴᠠᠭᠠᠬᠤ ᠳᠣᠭᠳᠠᠯᠴᠠᠭ᠎ᠠ ᠶᠢ ᠡᠷᠡᠰ ᠬᠡᠷᠡᠭᠵᠢᠬᠦᠯᠥᠨ᠂ ᠲᠥᠷᠢᠮ ᠢᠶᠠᠷ ᠡᠷᠬᠡ ᠶᠢ ᠬᠠᠮᠢᠶᠠᠷᠤᠨ᠂ ᠬᠡᠷᠡᠭ ᠶᠠᠪᠤᠳᠠᠯ ᠢ ᠬᠠᠮᠢᠶᠠᠷᠴᠤ᠂ ᠬᠥᠮᠥᠨ ᠢ ᠬᠠᠮᠢᠶᠠᠷᠤᠨ᠂ ᠡᠯ᠎ᠡ ᠲᠥᠷᠥᠯ ᠤᠨ ᠰᠢᠢᠳᠪᠦᠷᠢᠳᠤ ᠪᠤᠳᠤᠯᠭ᠎ᠠ ᠳᠤ ᠲᠥᠰᠢᠭᠯᠡᠬᠦ ᠬᠠᠤᠯᠢ ᠲᠠᠢ ᠪᠠᠶᠢᠬᠤ᠂ ᠬᠠᠤᠯᠢ ᠲᠠᠢ ᠪᠤᠯ ᠡᠷᠬᠡᠪᠰᠢ ᠲᠥᠰᠢᠭᠯᠡᠬᠦ ᠶᠢ ᠪᠡᠶᠡᠯᠡᠬᠦᠯᠥᠨ᠎ᠡ᠃      ︵ᠭᠤᠷᠪᠡ︶ ᠥᠨᠳᠥᠷ ᠥᠷ᠎ᠡ ᠠᠰᠢᠭ ᠲᠠᠢ ᠥᠢᠯᠡᠴᠢᠯᠡᠭᠡ ᠶᠢ ᠢᠮᠠᠭᠳᠠ ᠪᠠᠷᠢᠮᠳᠠᠯᠠᠨ᠎ᠠ᠃ ︽ᠬᠥᠮᠥᠨ ᠪᠤᠯᠭᠠᠨ ᠪᠥᠷ ᠤᠷᠤᠨ ᠨᠤᠳᠤᠭ ᠤᠨ ᠲᠥᠷᠢ ᠲᠥᠷᠬᠦ ᠂ ᠬᠥᠮᠥᠨ ᠪᠤᠯᠭᠠᠨ ᠪᠥᠷ ᠥᠢᠯᠡᠴᠢᠯᠡᠬᠡᠨ ᠤ ᠤᠷᠴᠢᠨ ᠲᠤᠭᠤᠷᠢᠨ ᠮᠥᠨ︾ ᠬᠡᠬᠦ ᠠᠵᠢᠯ ᠤᠨ ᠤᠬᠠᠮᠰᠠᠷ ᠢ ᠪᠠᠳᠤ ᠱᠤᠭᠤᠨ᠂ ᠢᠳᠡᠪᠬᠢᠳᠡᠢ ᠥᠢᠯᠡᠴᠢᠯᠡᠨ᠂ ᠰᠠᠨᠠᠭᠠᠨ ᠎ ᠠᠴᠠ ᠨᠢ ᠲᠠᠪᠠᠳᠠᠯ᠎ᠠ ᠥᠢᠯᠡᠴᠢᠯᠡᠵᠤ᠂ ᠥᠨᠳᠥᠷ ᠦᠷ᠎ᠡ ᠠᠰᠢᠭ ᠲᠠᠢ ᠪᠠᠷ ᠥᠢᠯᠡᠴᠢᠯᠡᠨ᠂ ︽ᠤᠴᠢᠷ ᠥᠬᠡᠢ ᠪᠤᠯ ᠵᠤᠪᠠᠭᠠᠬᠤ ᠥᠬᠡᠢ᠂ ᠲᠤᠰᠠᠯᠠᠮᠵᠢ ᠬᠥᠰᠡᠪᠡᠯ ᠡᠷᠬᠡᠪᠰᠢ ᠬᠠᠪᠰᠤᠷᠬᠤ︾᠎ ᠶᠢ ᠪᠡᠶᠡᠯᠡᠬᠦᠯᠵᠤ᠂ ᠠᠵᠤ ᠠᠬᠤᠶᠢᠯᠠᠯ ᠤᠨ ᠳᠣᠭᠳᠠᠨᠢᠬᠤ ᠪᠠ ᠲᠥᠷᠥᠯ ᠵᠤᠶᠢᠯ ᠤᠨ ᠪᠠᠶᠢᠭᠤᠯᠤᠯᠳᠠ ᠳᠤ ᠰᠢᠯᠢᠳᠡᠭ ᠰᠠᠶᠢᠨ ᠤᠷᠴᠢᠨ ᠢ ᠪᠤᠢ ᠪᠤᠯᠭᠠᠬᠤ ᠬᠡᠷᠡᠭᠳᠡᠢ᠃ ᠬᠠᠷᠢᠭᠤᠴᠠᠯᠭ᠎ᠠ ᠶᠢᠨ ᠳᠣᠭᠳᠠᠯᠴᠠᠭ᠎ᠠ ᠪᠠ ᠬᠢᠨᠠᠨ ᠪᠠᠶᠢᠴᠠᠭᠠᠯᠳᠠ ᠶᠢᠨ ᠳᠤᠲᠠᠯᠴᠠᠭ᠎ᠠ ᠶᠢ ᠲᠡᠬᠦᠯᠳᠡᠷᠵᠢᠬᠦᠯᠥᠨ ᠪᠦᠷᠢᠨᠰᠢᠭᠦᠯᠵᠤ᠂ ︽ᠡᠬᠦᠳᠡ ᠎ ᠪᠠᠷ ᠨᠢ ᠤᠷᠤᠬᠤ ᠳᠤ ᠠᠮᠠᠷ᠂ ᠴᠢᠷᠠᠢ ᠰᠠᠶᠢᠨ᠂ ᠥᠬᠡ  ᠎ ᠨᠢ ᠰᠤᠨᠤᠰᠪᠤᠷᠢᠳᠠᠢ ᠴᠤ ᠤᠴᠢᠷ ᠪᠥᠳᠥᠬᠡᠵᠤ ᠥᠭᠭᠦ ᠥᠬᠡᠢ︾ ᠦᠵᠡᠭᠳᠡᠯ ᠢ ᠡᠷᠡᠰ ᠲᠡᠪᠴᠢᠵᠤ᠂ ᠲᠠᠷᠤᠭ᠎ᠠ ᠪᠤᠯᠤᠭᠠᠳ ᠶᠠᠭᠤ ᠴᠤ ᠬᠢᠬᠦ ᠥᠬᠡᠢ᠂ ᠠᠵᠢᠯ ᠨᠢ ᠶᠠᠪᠤᠭᠤᠷᠢ ᠥᠬᠡᠢ ᠪᠠᠶᠢᠳᠠᠯ ᠳᠤ ᠡᠷᠡᠰ ᠬᠠᠷᠢᠭᠤᠴᠠᠯᠭ᠎ᠠ ᠨᠡᠬᠡᠮᠵᠢᠯᠡᠵᠤ᠂ ᠵᠠᠰᠠᠭ ᠲᠤ ᠬᠤᠶᠢᠷᠭᠤᠰᠢᠨ ᠵᠠᠰᠠᠭ ᠲᠤ ᠤᠰᠤᠯᠳᠠᠬᠤ᠂ ᠬᠠᠷᠢᠭᠤᠴᠠᠯᠭ᠎ᠠ ᠪᠠᠨ ᠬᠠᠶᠠᠨ ᠲᠤᠰᠢᠶᠠᠯ ᠢᠶᠠᠨ ᠭᠤᠳᠤᠭᠠᠭᠰᠠᠳ ᠲᠤ ᠴᠢᠩᠭ᠎ᠠ ᠰᠢᠢᠳᠬᠡᠯ ᠥᠭᠭᠦᠨ᠎ᠡ᠃ ︽ᠠᠷᠠᠳ ᠠᠴᠠ ᠱᠠᠭᠠᠷᠳᠠᠯᠭ᠎ᠠ ᠠᠰᠠᠭᠤᠨ᠂ ᠠᠷᠠᠳ ᠠᠴᠠ ᠵᠠᠰᠠᠭ ᠠᠰᠠᠭᠤᠵᠤ᠂ ᠠᠷᠠᠳ ᠠᠴᠠ ᠠᠷᠭ᠎ᠠ ᠪᠤᠳᠤᠯᠭ᠎ᠠ ᠠᠰᠠᠭᠤᠬᠤ︾᠎ ᠶᠢ ᠪᠠᠷᠢᠮᠳᠠᠯᠠᠨ᠂ ᠨᠡᠶᠢᠬᠡᠮ ᠤᠨ ᠪᠠᠶᠢᠳᠠᠯ ᠠᠷᠠᠳ ᠤᠨ ᠰᠠᠨᠠᠭ᠎ᠠ ᠎ ᠶᠢ ᠢᠯᠡᠳᠬᠡᠬᠦ ᠠᠷᠭ᠎ᠠ ᠵᠠᠮ ᠢ ᠰᠢᠯᠤᠭᠤᠳᠬᠠᠨ᠂ ︽ᠲᠠᠷᠤᠶᠢᠬᠠᠨ ᠪᠥᠳᠥᠬᠡᠵᠤ ᠥᠭᠭᠦ︾ ᠰᠤᠷᠳᠠᠯ ᠢ ᠶᠡᠬᠡᠳᠡ ᠲᠡᠯᠬᠡᠷᠡᠬᠦᠯᠵᠤ᠂ ᠤᠯᠠᠨ ᠲᠥᠮᠡᠨ ᠤ ᠵᠤᠬᠢᠰᠳᠠᠢ ᠰᠠᠨᠠᠯ ᠱᠠᠭᠠᠷᠳᠠᠯᠭ᠎ᠠ ᠶᠢ ᠡᠷᠳᠡᠬᠡᠨ ᠮᠡᠳᠡᠵᠤ᠂ ᠡᠷᠳᠡᠬᠡᠨ ᠬᠠᠷᠢᠭᠤᠯᠳᠠ ᠦᠭᠴᠦ᠂ ᠡᠷᠳᠡᠬᠡᠨ ᠰᠢᠢᠳᠪᠥᠷᠢᠯᠡᠬᠦ ᠬᠡᠷᠡᠭᠳᠡᠢ᠃      ︵ᠲᠥᠷᠪᠡ︶  ᠡᠭᠦᠷᠭᠡ ᠬᠠᠷᠢᠭᠤᠴᠠᠯᠭ᠎ᠠ ᠶᠢ ᠪᠡᠶᠡᠯᠡᠭᠦᠯᠬᠦ ᠶᠢ ᠢᠮᠠᠭᠳᠠ ᠪᠠᠷᠢᠮᠳᠠᠯᠠᠨ᠎ᠠ᠃ ᠴᠢᠩᠭ᠎ᠠ ᠬᠠᠮᠢᠶᠠᠷᠤᠯᠳᠠ ᠪᠠ ᠵᠤᠵᠠᠭᠠᠨ ᠬᠠᠶᠢᠷ᠎ᠠ ᠶᠢ ᠤᠶᠠᠯᠳᠤᠭᠤᠯᠬᠤ ᠶᠢ ᠪᠠᠷᠢᠮᠳᠠᠯᠠᠨ᠂  ᠢᠳᠡᠪᠬᠢᠳᠠᠢ ᠪᠠᠷ ᠵᠤᠷᠢᠭᠵᠢᠭᠤᠯᠬᠤ ᠪᠠ ᠠᠯᠳᠠᠭ᠎ᠠ ᠶᠢ ᠠᠭᠤᠴᠢᠯᠠᠨ ᠠᠯᠳᠠᠭ᠎ᠠ ᠶᠢ ᠵᠠᠯᠠᠷᠠᠭᠤᠯᠬᠤ ᠳᠣᠭᠳᠠᠯᠴᠠᠭ᠎ᠠ ᠶᠢ ᠲᠡᠭᠦᠯᠳᠡᠷᠵᠢᠬᠦᠯᠵᠤ᠂ ︽ᠰᠢᠨ᠎ᠡ ᠶᠢ ᠡᠬᠦᠳᠬᠦ ᠶᠢ ᠵᠤᠷᠢᠭᠵᠢᠭᠤᠯᠤᠨ᠂ ᠠᠯᠳᠠᠭ᠎ᠠ ᠤᠰᠤᠯ ᠢ ᠠᠭᠤᠴᠢᠯᠠᠨ ᠪᠠᠭᠳᠠᠭᠠᠬᠤ︾ ᠤᠳᠤᠷᠢᠳᠤᠮᠵᠢ ᠶᠢ ᠪᠤᠢ ᠪᠤᠯᠭᠠᠨ᠂ ᠵᠤᠷᠢᠭᠳᠠᠢ ᠪᠠᠷ ᠬᠠᠷᠢᠭᠤᠴᠠᠨ᠂ ᠤᠴᠢᠷ ᠶᠠᠪᠤᠳᠠᠯ ᠰᠢᠢᠳᠪᠦᠷᠢᠯᠡᠬᠦ ᠳᠤ ᠯᠠᠪᠳᠠᠭᠤᠨ ᠪᠠᠶᠢᠬᠤ᠂ ᠬᠤᠪᠢ ᠶᠢᠨ ᠠᠰᠢᠭ ᠢ ᠪᠤᠳᠤᠳᠠᠭ ᠥᠬᠡᠢ ᠺᠠᠳ᠋ᠷᠴᠤᠳ ᠲᠤ ᠲᠤᠭ ᠲᠡᠮᠳᠡᠭ ᠲᠤᠳᠤᠷᠬᠠᠢ ᠪᠠᠷ ᠠᠷᠤ ᠲᠥᠰᠢᠭ ᠨᠢ ᠪᠤᠯᠵᠤ᠂ ᠥᠷᠬᠡᠨ ᠤᠯᠠᠨ ᠺᠠᠳ᠋ᠷᠴᠤᠳ ᠢ ᠵᠤᠷᠢᠭᠳᠠᠢ ᠤᠴᠢᠷ ᠶᠠᠪᠤᠳᠠᠯ ᠰᠢᠢᠳᠪᠦᠷᠢᠯᠡᠬᠦ᠂ ᠶᠠᠪᠤᠳᠠᠯ ᠬᠢᠵᠤ ᠴᠢᠳᠠᠬᠤ᠂ ᠶᠠᠪᠤᠳᠠᠯ ᠤᠴᠢᠷ ᠢ ᠪᠥᠳᠥᠬᠡᠵᠤ ᠴᠢᠳᠠᠬᠤ ᠪᠤᠯᠭᠠᠨ᠎ᠠ᠃ ᠬᠡᠷᠡᠭᠵᠢᠬᠦᠯᠬᠦ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠵᠤ᠂ ︽ᠴᠢᠯᠠᠭᠤᠨ ᠲᠡᠬᠡᠷ᠎ᠡ ᠮᠦᠷ ᠦᠯᠡᠳᠡᠬᠡᠵᠦ᠂ ᠲᠡᠮᠦᠷ ᠲᠡᠬᠡᠷ᠎ᠡ ᠤᠷᠤᠮ ᠦᠯᠡᠳᠡᠬᠡᠬᠦ︾ ᠡᠷᠡᠰ ᠵᠣᠷᠢᠭ ᠪᠤᠯᠤᠨ ︽ᠬᠠᠳᠠᠭᠠᠰᠤ ᠬᠠᠳᠠᠬᠤ︾ ᠵᠤᠷᠢᠭ ᠰᠠᠨᠠᠭ᠎ᠠ ᠪᠠᠷ ᠡᠯ᠎ᠡ ᠲᠥᠷᠥᠯ ᠤᠨ ᠠᠵᠢᠯ  ᠤᠨ ᠨᠠᠶᠢᠳᠠᠪᠤᠷᠢᠵᠢᠯᠳᠠ ᠶᠢ ᠠᠳᠬᠤᠨ᠎ᠠ᠃ ᠠᠷᠠᠳ ᠤᠨ ᠲᠥᠯᠥᠬᠡ ᠪᠤᠳᠠᠳᠠᠢ ᠥᠢᠯᠨ ᠡᠷᠬᠢᠯᠡᠵᠤ᠂ ᠤᠯᠠᠨ ᠲᠥᠮᠡᠨ ᠤ ᠲᠤᠰᠬᠠᠯ ᠴᠢᠩᠭ᠎ᠠ ᠠᠰᠠᠭᠤᠳᠠᠯ ᠳᠤ  ᠴᠦᠮ ᠨᠠᠷᠢᠨ ᠬᠢᠨᠠᠮᠠᠭᠠᠢ ᠬᠠᠨᠳᠤᠵᠤ᠂ ᠤᠯᠠᠨ ᠲᠥᠮᠡᠨ ᠤ ᠡᠷᠬᠡ ᠠᠰᠢᠭ ᠢ ᠬᠤᠬᠢᠷᠠᠭᠤᠯᠤᠭᠰᠠᠨ ᠥᠢᠯᠨ ᠠᠵᠢᠯᠯᠠᠭ᠎ᠠ ᠶᠢ ᠴᠦᠮ ᠡᠷᠡᠰ ᠵᠠᠯᠠᠷᠠᠭᠤᠯᠬᠤ ᠬᠡᠷᠡᠭᠳᠡᠢ᠃ ᠨᠢᠬᠡᠳᠥᠬᠡᠷ ᠹᠷᠣᠨᠲ ᠳᠤ ᠬᠥᠨᠵᠡᠬᠡᠶᠢᠷᠡᠨ᠂ ᠰᠤᠳᠤᠯᠤᠯᠳᠠ ᠪᠠᠶᠢᠴᠠᠭᠠᠯᠳᠠ ᠬᠢᠵᠤ᠂ ᠬᠥᠭᠵᠢᠯᠳᠡ ᠶᠢᠨ ᠲᠤᠮᠳᠠᠬᠢ ᠬᠥᠴᠢᠷᠳᠡᠢ ᠵᠤᠶᠢᠯ ᠪᠡᠷᠬᠡᠰᠢᠶᠡᠯ ᠲᠠᠢ ᠵᠤᠶᠢᠯ ᠢ ᠨᠠᠷᠢᠨ ᠤᠨᠤᠪᠴᠢᠳᠠᠢ ᠰᠢᠢᠳᠪᠥᠷᠢᠯᠡᠨ᠂ ᠡᠯ᠎ᠡ ᠲᠥᠷᠥᠯ ᠤᠨ ᠠᠵᠢᠯ ᠢ ᠰᠢᠨ᠎ᠡ ᠬᠢᠷᠢ ᠲᠥᠪᠰᠢᠨ ᠳᠤ ᠬᠥᠷᠬᠡᠬᠦ ᠬᠡᠷᠡᠭᠳᠡᠢ᠃      ︵ᠲᠠᠪᠤ︶ ᠴᠢᠩᠭ᠎ᠠ ᠪᠠᠷ ᠵᠠᠰᠠᠭ ᠪᠠᠷᠢᠬᠤ ᠶᠢ ᠢᠮᠠᠭᠳᠠ ᠪᠠᠷᠢᠮᠳᠠᠯᠠᠨ᠎ᠠ᠃ ᠵᠠᠰᠠᠭ ᠤᠨ ᠤᠷᠳᠤᠨ ᠤ ᠰᠢᠰᠲ᠋ᠧᠮ ᠤᠨ ᠨᠠᠮ ᠢᠶᠠᠨ ᠴᠢᠩᠭ᠎ᠠ ᠵᠠᠰᠠᠬᠤ᠂ ᠴᠢᠩᠭ᠎ᠠ ᠎ ᠪᠠᠷ ᠵᠠᠰᠠᠭ ᠪᠠᠷᠢᠬᠤ ᠭᠤᠤᠯ ᠴᠤᠭᠴᠠ ᠶᠢᠨ ᠬᠠᠷᠢᠭᠤᠴᠠᠯᠭ᠎ᠠ ᠪᠤᠯᠤᠨ ︽ᠨᠢᠬᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ ᠬᠠᠷᠢᠭᠤᠴᠠᠯᠭ᠎ᠠ ᠎ ᠶᠢᠨ ᠲᠥᠷᠢᠮ ᠢ ᠡᠷᠡᠰ ᠴᠢᠩᠭ᠎ᠠ ᠨᠠᠶᠢᠳᠠᠪᠤᠷᠢᠵᠢᠭᠤᠯᠵᠤ᠂  ᠬᠢᠨᠠᠨ ᠪᠠᠶᠢᠴᠠᠭᠠᠬᠤ ᠵᠥᠪᠯᠡᠯ ᠤᠨ ᠡᠯ᠎ᠡ ᠲᠥᠷᠥᠯ ᠤᠨ ᠠᠵᠢᠯ ᠢ ᠪᠥᠬᠦ ᠬᠥᠴᠥᠨ ᠢᠶᠠᠷ ᠲᠡᠮᠵᠢᠨ᠂ ᠨᠡᠶᠢᠳᠡ ᠶᠢᠨ ᠡᠷᠬᠡ ᠶᠢ ᠬᠡᠷᠡᠭᠵᠢᠬᠦᠯᠵᠤ ᠪᠠᠶᠢᠭ᠎ᠠ ᠪᠤᠢ ᠪᠥᠬᠦᠢ ᠬᠥᠮᠥᠰ ᠲᠤ ᠬᠢᠨᠠᠨ ᠪᠠᠶᠢᠴᠠᠭᠠᠬᠤ ᠪᠥᠬᠦ ᠪᠦᠷᠬᠦᠴᠡ ᠶᠢ ᠪᠡᠶᠡᠯᠡᠬᠦᠯᠬᠦ ᠬᠡᠷᠡᠭᠳᠡᠢ᠃ ︽ᠭᠤᠷᠪᠠᠨ ᠴᠢᠬᠤᠯᠨ ᠨᠢᠬᠡ ᠶᠡᠭᠡ︾᠎ ᠶᠢᠨ ᠲᠥᠷᠢᠮ ᠢ ᠡᠷᠡᠰ ᠬᠡᠷᠡᠭᠵᠢᠬᠦᠯᠵᠤ᠂ ᠠᠷᠠᠳ ᠤᠨ ᠠᠮᠢᠳᠤᠷᠠᠯ ᠤᠨ ᠪᠡᠯᠨ ᠮᠥᠡᠭᠭᠦ᠂ ᠭᠤᠤᠯᠳᠠᠯᠭ᠎ᠠ ᠲᠠᠢ ᠬᠥᠷᠢᠶ᠎ᠡ ᠬᠡᠪᠴᠢᠶ᠎ᠡ᠂ ᠪᠡᠯᠨ ᠤᠷᠤᠭᠤᠯᠤᠯᠳᠠ ᠶᠢᠨ ᠲᠥᠷᠥᠯ ᠵᠤᠶᠢᠯ ᠳᠠᠬᠢ ᠬᠢᠨᠠᠨ ᠪᠤᠳᠤᠯᠳᠠ ᠬᠢᠨᠠᠯᠳᠠ ᠪᠠᠶᠢᠴᠠᠭᠠᠯᠳᠠ ᠶᠢᠨ ᠬᠥᠴᠥᠯᠡᠴᠡ ᠪᠠᠨ ᠴᠢᠩᠭᠠᠳᠬᠠᠨ᠂ ᠪᠡᠯᠨ ᠮᠥᠡᠭᠭᠦᠨ ᠤ ᠠᠮᠤᠷ ᠲᠥᠪᠰᠢᠨ᠂ ᠲᠥᠷᠥᠯ ᠵᠤᠶᠢᠯ ᠤᠨ ᠠᠮᠤᠷ ᠲᠥᠪᠰᠢᠨ ᠢ ᠪᠠᠳᠤᠯᠠᠬᠤ ᠬᠡᠷᠡᠭᠳᠡᠢ᠃ ᠵᠠᠰᠠᠭ ᠤᠨ ᠤᠷᠳᠤᠨ ᠤ ᠰᠢᠰᠲ᠋ᠧᠮ ᠤᠨ ᠥᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠥᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠲᠥᠪ ᠤᠨ ᠨᠠᠢᠮᠠᠨ ᠲᠤᠭᠳᠠᠭᠠᠯ ᠤᠨ ᠵᠤᠷᠢᠭ ᠰᠠᠨᠠᠭᠠᠨ ᠤ ᠥᠷ᠎ᠡ ᠪᠥᠳᠥᠬᠡᠯ ᠢ ᠪᠠᠳᠤᠳᠬᠠᠨ ᠨᠠᠶᠢᠳᠠᠪᠤᠷᠢᠵᠢᠭᠤᠯᠵᠤ᠂ ︽ᠲᠥᠷᠪᠡᠨ ᠰᠤᠷᠳᠠᠯ︾᠎ ᠤᠨ ᠠᠰᠠᠭᠤᠳᠠᠯ ᠢ ᠡᠬᠦᠷᠢᠳᠡ ᠵᠠᠰᠠᠨ᠎ᠠ᠃ ᠢᠯᠵᠠᠷᠠᠯ ᠢ ᠡᠰᠡᠷᠬᠦᠴᠠᠬᠦ ᠶᠢ ᠢᠮᠠᠭᠳᠠ ᠪᠠᠷᠢᠮᠳᠠᠯᠠᠬᠤ ᠤᠶᠠᠨ ᠬᠠᠳᠠᠨ ᠪᠠᠷᠢᠮᠳᠠᠯᠠᠯ ᠢᠶᠠᠷ᠂ ᠢᠯᠵᠠᠷᠠᠬᠤ ᠠᠴᠠ ᠠᠶᠤᠬᠤ ᠰᠡᠳᠬᠢᠯᠬᠡ᠂ ᠢᠯᠵᠠᠷᠠᠵᠤ ᠴᠢᠳᠠᠬᠤ ᠥᠬᠡᠢ ᠰᠢᠩᠭᠡᠯᠢᠭ ᠢ ᠪᠠᠳᠤᠳᠬᠠᠨ᠂ ᠢᠯᠵᠠᠷᠠᠬᠤ ᠲᠤᠷ᠎ᠠ ᠥᠬᠡᠢ ᠤᠬᠠᠮᠰᠠᠷᠳᠤ ᠰᠡᠳᠬᠢᠯᠬᠡ ᠶᠢ ᠴᠢᠩᠭᠠᠳᠬᠠᠨ᠂ ᠺᠠᠳ᠋ᠷᠴᠤᠳ ᠤᠨ ᠭᠤᠤᠯᠴᠢ ᠠᠷᠢᠭᠤᠨ᠂ ᠵᠠᠰᠠᠭ ᠤᠨ ᠤᠷᠳᠤᠨ ᠤ ᠴᠢᠬᠡᠴᠢ ᠠᠷᠢᠭᠤᠨ᠂ ᠤᠯᠤᠰ ᠲᠥᠷᠥ ᠶᠢᠨ ᠠᠷᠢᠭᠤᠨ ᠲᠤᠩᠭᠠᠯᠠᠭ ᠢ ᠪᠠᠳᠤᠯᠠᠨ᠎ᠠ᠃      ᠲᠥᠯᠥᠬᠡᠯᠡᠭᠴᠢᠳ ᠡ᠂ ᠪᠢᠳᠠ ᠤᠳᠤ ᠰᠢᠨ᠎ᠡ ᠴᠠᠭ ᠥᠶ᠎ᠡ ᠳᠤ ᠳᠠᠮᠵᠢᠨ ᠤᠷᠤᠵᠤ᠂ ᠰᠢᠨ᠎ᠡ ᠠᠶᠠᠨ ᠢᠶᠠᠨ ᠡᠬᠢᠯᠡᠭᠦᠯᠵᠤ ᠪᠤᠢ︕  ᠪᠢᠳᠠ ᠰᠢ ᠶᠢᠨ ᠫᠢᠡᠭ ᠨᠥᠬᠦᠷ ᠢᠶᠠᠷ ᠭᠤᠤᠯ ᠪᠤᠯᠭᠠᠭᠰᠠᠨ ᠨᠠᠮ ᠤᠨ ᠲᠥᠪ ᠬᠤᠷᠢᠶᠠᠨ ᠤ ᠲᠤᠭᠤᠷᠢᠨ ᠳᠤ ᠨᠡᠩ ᠪᠥᠯᠬᠦᠮᠳᠡᠨ ᠨᠢᠭᠳᠠᠷᠠᠵᠤ᠂ ᠰᠢ ᠶᠢᠨ ᠫᠢᠡᠭ ᠤᠨ ᠰᠢᠨ᠎ᠡ ᠴᠠᠭ ᠥᠶ᠎ᠡ ᠶᠢᠨ ᠲᠤᠮᠳᠠᠳᠤ ᠤᠯᠤᠰ ᠤᠨ ᠤᠨᠴᠠᠯᠢᠭᠳᠤ ᠨᠡᠶᠢᠬᠡᠮ ᠵᠢᠷᠤᠮ ᠤᠨ ᠥᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠬᠤᠰᠢᠭᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ ᠤᠭ ᠰᠠᠨᠠᠭ᠎ᠠ ᠪᠠᠨ ᠮᠠᠷᠳᠠᠯ ᠥᠬᠡᠢ᠂ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠵᠤ᠂ ᠡᠬᠦᠷᠢᠳᠡ ᠬᠤᠶᠢᠷᠭᠤᠰᠢᠬᠤ ᠥᠬᠡᠢ ᠵᠤᠷᠢᠭ ᠰᠠᠨᠠᠭᠠᠨ ᠤ ᠪᠠᠶᠢᠳᠠᠯ ᠪᠠ ᠡᠷᠡᠯᠬᠡᠭᠯᠡᠨ ᠤᠷᠤᠭᠰᠢᠯᠠᠬᠤ ᠲᠡᠮᠡᠴᠡᠯ ᠤᠨ ᠵᠤᠷᠢᠭ ᠰᠥᠯᠳᠡ ᠪᠠᠷ᠂ ᠵᠤᠷᠢᠭᠳᠠᠢ ᠪᠠᠷ ᠰᠢᠨ᠎ᠡ ᠶᠢ ᠡᠬᠦᠳᠥᠨ ᠥᠬᠡᠷᠡᠴᠢᠯᠡᠯᠳᠡ ᠬᠢᠵᠦ᠂ ᠬᠥᠴᠢᠷ ᠢ ᠲᠤᠭᠤᠯᠤᠨ ᠪᠡᠷᠬᠡ ᠶᠢ ᠰᠢᠪᠳᠤᠯᠬᠤ ᠳᠤ ᠵᠤᠷᠢᠭᠳᠠᠢ ᠪᠠᠶᠢᠵᠤ᠂ ᠵᠤᠷᠢᠭᠳᠠᠢ ᠪᠠᠷ ᠡᠭᠦᠷᠭᠡᠯᠡᠨ ᠦᠢᠯᠡᠰ ᠪᠥᠳᠥᠬᠡᠵᠤ᠂ ᠪᠥᠬᠦ ᠬᠤᠰᠢᠭᠤᠨ ᠤ ᠡᠯ᠎ᠡ ᠥᠨᠳᠥᠰᠥᠳᠡᠨ ᠤ ᠠᠷᠠᠳ ᠲᠦᠮᠡᠨ ᠲᠠᠢ ᠬᠠᠮᠳᠤ ᠰᠡᠳᠬᠢᠨ ᠬᠠᠮᠳᠤ ᠠᠵᠢᠯᠯᠠᠵᠤ᠂ ᠴᠢᠨᠡᠭᠡᠯᠢᠭ ᠨᠡᠶᠢᠬᠡᠮ ᠢ ᠪᠥᠬᠦ ᠲᠠᠯ᠎ᠠ ᠪᠠᠷ ᠪᠠᠶᠢᠭᠤᠯᠬᠤ ᠰᠢᠢᠳᠪᠥᠷᠢᠳᠤ ᠢᠯᠠᠯᠳᠠ ᠎ ᠶᠢ ᠲᠡᠮᠡᠴᠡᠨ ᠣᠯᠵᠣ᠂ ᠡᠬᠢ ᠪᠠᠶᠠᠯᠢᠭ ᠤᠨ ᠬᠡᠯᠪᠡᠷᠢ ᠲᠠᠢ ᠤᠷᠤᠨ ᠨᠤᠳᠤᠭ ᠤᠨ ᠬᠡᠯᠪᠡᠷᠢ ᠪᠠᠨ ᠬᠤᠪᠢᠷᠠᠭᠠᠨ ᠬᠦᠭᠵᠢᠬᠦ ᠰᠢᠨ᠎ᠡ ᠪᠠᠶᠢᠳᠠᠯ ᠢ ᠡᠩ ᠲᠡᠷᠢᠬᠦᠨ ᠳᠤ ᠪᠤᠢ ᠪᠤᠯᠭᠠᠬᠤ ᠶᠢᠨ ᠲᠥᠯᠥᠬᠡ ᠴᠥᠬᠦᠷᠡᠰᠢ ᠥᠬᠡᠢ ᠲᠡᠮᠡᠴᠡᠵᠡᠬᠡᠶ᠎ᠡ᠃
ᠢᠷᠡᠯᠲᠡ᠄ ᠲᠤᠰ ᠰᠦᠯᠵᠢᠶ᠎ᠡ