ᠴᠢᠩᠭᠢᠰ ᠬᠠᠭᠠᠨ ᠤ ᠤᠩᠭᠤᠨ
ᠨᠡᠶᠢᠲᠡᠯᠡᠭᠰᠡᠨ ᠴᠠᠭ᠄
2018-06-13
       ᠴᠢᠩᠭᠢᠰ ᠬᠠᠭᠠᠨ ᠤ ᠤᠩᠭᠤᠨ      ᠴᠢᠩᠭᠢᠰ ᠬᠠᠭᠠᠨ ᠤ ᠤᠩᠭᠤᠨ ᠪᠤᠯ ᠪᠦᠬᠦ ᠤᠯᠤᠰ ᠤᠨ ᠴᠢᠬᠤᠯᠠ ᠲᠡᠦᠭᠡ ᠶᠢᠨ ᠲᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠢ᠂ ᠪᠦᠬᠦ ᠤᠯᠤᠰ ᠤᠨ ᠠᠩᠬᠠᠲᠤᠭᠠᠷ ᠬᠤᠭᠤᠴᠠᠭᠠᠨ ᠤ AAAAA ᠳᠡᠰ ᠢᠶᠠᠷ ᠦᠨᠡᠯᠡᠭᠳᠡᠭᠰᠡᠨ ᠵᠢᠭᠤᠯᠴᠢᠯᠠᠯ ᠤᠨ ᠦᠵᠡᠮᠵᠢ ᠶᠢᠨ ᠤᠷᠤᠨ ᠪᠤᠯᠤᠨ᠎ᠠ᠃ ᠶᠡᠷᠦᠩᠭᠡᠢ ᠲᠠᠯᠠᠪᠠᠢ ᠨᠢ 10 ᠳᠡᠭᠰᠢ ᠲᠦᠷᠪᠡᠯᠵᠢᠨ ᠺᠢᠯᠤᠮᠧᠲᠷ᠂ ᠠᠯᠲᠠᠨ ᠭᠠᠨᠳᠠᠷᠢ ᠶᠢᠨ ᠰᠢᠯᠢ ᠳᠡᠭᠡᠷ᠎ᠡ ᠪᠠᠶᠢᠷᠢᠰᠢᠵᠤ ᠪᠠᠶᠢᠳᠠᠭ᠃ ᠭᠤᠷᠪᠠᠨ ᠮᠤᠩᠭᠤᠯ ᠭᠡᠷ ᠤᠨ ᠴᠤᠮᠴᠤᠭ ᠤᠷᠲᠤᠨ ᠤ ᠭᠡᠯᠪᠡᠷᠢᠲᠦ  ᠬᠤᠯᠪᠤᠯᠳᠤᠬᠰᠠᠨ ᠭᠤᠷᠪᠠᠨ ᠤᠷᠲᠤᠨ ᠢᠶᠠᠷ ᠭᠤᠤᠯ ᠴᠤᠬᠴᠠ ᠪᠤᠯᠤᠨ ᠪᠦᠷᠢᠯᠳᠦᠵᠦ᠂ ᠰᠦᠯᠳᠡ ᠶᠢᠨ ᠳᠠᠬᠢᠯᠭ᠎ᠠ ᠶᠢᠨ ᠳᠠᠪᠴᠠᠩ᠂ ᠳᠠᠶᠢᠯᠭ᠎ᠠ ᠶᠢᠨ ᠰᠤᠶᠤᠯ ᠤᠨ ᠦᠵᠡᠬᠦᠯᠦᠯᠬᠡ ᠶᠢᠨ ᠤᠷᠲᠤᠨ᠂ ᠴᠢᠯᠠᠭᠤᠨ ᠭᠦᠰᠢᠶᠡᠨ ᠰᠠᠷᠠᠪᠴᠢ᠂ ᠶᠢᠷᠢ ᠶᠢᠰᠦᠨ ᠠᠯᠬᠤᠭ᠎ᠠ ᠳᠡᠭᠲᠡᠷ᠂ ᠴᠢᠩᠭᠢᠰ ᠬᠠᠭᠠᠨ ᠤ ᠪᠠᠶᠢᠯᠳᠤᠭᠠᠨ ᠳᠤ ᠮᠤᠷᠲᠠᠬᠰᠠᠨ ᠭᠠᠤᠯᠢᠨ ᠭᠦᠷᠦᠭ᠂ ᠡᠰᠢ ᠬᠠᠲᠤᠨ ᠤ ᠤᠷᠲᠤᠨ᠂ ᠭᠠᠨᠳᠠᠷᠢ ᠶᠢᠨ ᠤᠪᠤᠭ᠎ᠠ᠂ ᠴᠢᠩᠭᠢᠰ ᠬᠠᠭᠠᠨ ᠤ ᠤᠷᠲᠤᠨ ︵ᠠᠶᠠᠨ ᠤ ᠤᠷᠲᠤᠨ︶ ᠵᠡᠷᠭᠡ ᠦᠵᠡᠮᠵᠢ ᠪᠠᠷ ᠪᠦᠷᠢᠯᠳᠦᠭᠰᠡᠨ ᠪᠠᠶᠢᠳᠠᠭ᠃      ᠴᠢᠩᠭᠢᠰ ᠬᠠᠭᠠᠨ ᠤ  ᠤᠩᠭᠤᠨ ᠪᠤᠯ ᠤᠤᠯ ᠳᠤ ᠪᠠᠨ ᠮᠤᠩᠭᠤᠯ ᠦᠨᠳᠦᠰᠦᠲᠡᠨ ᠤ ᠰᠢᠲᠤᠨ ᠳᠠᠬᠢᠵᠦ ᠪᠠᠶᠢᠬᠰᠠᠨ ︽ᠶᠡᠷᠦᠩᠭᠡᠢ ᠶᠢᠨ ᠰᠢᠲᠦᠭᠡᠨ︾ — ᠨᠠᠢᠮᠠᠨ ᠴᠠᠭᠠᠨ ᠤᠷᠲᠤ ᠪᠠᠶᠢᠵᠠᠢ᠃ ᠴᠢᠩᠭᠢᠰ ᠬᠠᠭᠠᠨ ᠤ ᠤᠩᠭᠤᠨ ᠰᠦᠨᠡᠰᠦ ᠪᠤᠯᠤᠨ ᠵᠤᠷᠢᠭ ᠰᠠᠨᠠᠭᠠᠨ ᠤ ᠪᠡᠯᠭᠡᠳᠡᠯ᠂ ᠮᠦᠨᠴᠦ ᠮᠤᠩᠭᠤᠯ ᠦᠨᠳᠦᠰᠦᠲᠡᠨ ᠤ ᠰᠢᠲᠦᠨ ᠳᠠᠭᠠᠳᠬᠠᠳᠠᠭ ᠵᠤᠷᠢᠭ ᠰᠠᠨᠠᠭᠠᠨ ᠤ ᠳᠠᠷᠬᠠᠨ ᠤᠷᠲᠤᠨ ᠪᠤᠯᠤᠨ᠎ᠠ᠃ ᠨᠠᠢᠮᠠᠨ ᠵᠠᠭᠤᠨ ᠵᠢᠯ ᠤᠨ ᠳᠤᠷᠰᠢ ᠴᠢᠩᠭᠢᠰ ᠬᠠᠭᠠᠨ ᠤ ᠨᠠᠢᠮᠠᠨ ᠴᠠᠭᠠᠨ ᠤᠷᠲᠤ ᠶᠢ ᠦᠶ᠎ᠡ ᠶᠢᠨ ᠦᠶ᠎ᠡ ᠪᠠᠷ ᠢᠶᠠᠨ ᠤᠯᠠᠮᠵᠢᠯᠠᠨ ᠬᠠᠮᠠᠭᠠᠯᠠᠵᠤ ᠳᠠᠬᠢᠵᠤ ᠢᠷᠡᠭᠰᠡᠨ ᠳᠠᠷᠬᠠᠳ ᠭᠦᠮᠦᠰ᠂ ᠠᠷᠪᠠᠨ ᠭᠤᠷᠪᠠᠳᠤᠭᠠᠷ ᠵᠠᠭᠤᠨ ᠠᠴᠠ ᠦᠯᠡᠳᠡᠵᠦ ᠢᠷᠡᠭᠰᠡᠨ ᠨᠢᠭᠤᠴᠠ ᠲᠠᠯᠲᠠ ᠳᠠᠶᠢᠯᠭ᠎ᠠ ᠶᠢᠨ ᠰᠤᠶᠤᠯ ᠪᠤᠯᠤᠨ ᠴᠢᠩᠭᠢᠰ ᠬᠠᠭᠠᠨ ᠤ ᠨᠠᠢᠮᠠᠨ ᠴᠠᠭᠠᠨ ᠤᠷᠲᠤ ᠶᠢᠨ ᠤᠷᠲᠤᠨ ᠤ ᠰᠤᠶᠤᠯ ᠢ ᠪᠦᠷᠢᠨ ᠭᠦᠢᠴᠡᠳ ᠤᠯᠠᠮᠵᠢᠯᠠᠨ ᠬᠠᠳᠠᠭᠠᠯᠠᠵᠤ ᠢᠷᠡᠵᠡᠢ᠃ ᠠᠯᠲᠠᠨ ᠰᠢᠷᠭᠠᠯ ᠸᠠᠭᠠᠷ ᠳᠡᠭᠡᠪᠦᠷ ᠲᠠᠢ ᠴᠢᠩᠭᠢᠰ ᠬᠠᠭᠠᠨ ᠤ ᠤᠷᠲᠤᠨ ᠨᠢ ᠦᠨᠳᠦᠷ ᠤᠬᠳ᠋ᠨᠷᠭᠤᠢ ᠳᠤ ᠵᠢᠭᠦᠷ ᠢᠶᠠᠨ ᠳᠡᠯᠭᠡᠭᠰᠡᠨ ᠪᠦᠷᠭᠦᠳ ᠰᠢᠪᠠᠭᠤ ᠠᠳᠠᠯᠢ ᠴᠢᠩᠭᠢᠰ ᠬᠠᠭᠠᠨ ᠤ ᠭᠦᠴᠢᠷ ᠪᠡᠷᠭᠡᠰᠢᠶᠡᠯ ᠢ ᠬᠠᠯᠠᠰᠢᠷᠠᠯ ᠦᠭᠡᠢ᠂ ᠦᠨᠢᠲᠡ ᠤᠷᠤᠬᠰᠢ ᠪᠠᠨ ᠲᠡᠮᠡᠦᠯᠡᠳᠡᠭ ᠵᠤᠷᠢᠭ ᠰᠠᠨᠠᠭ᠎ᠠ ᠶᠢ ᠪᠡᠯᠭᠡᠳᠡᠵᠦ᠂ ᠦᠷᠭᠡᠨ ᠠᠭᠤᠳᠠᠮ ᠲᠠᠯ᠎ᠠ ᠨᠤᠲᠤᠭ ᠤᠨ ᠬᠠᠭᠠᠨ ᠤ ᠤᠷᠲᠤᠨ ᠤ ᠰᠦᠷ ᠵᠢᠪᠬᠤᠭ᠎ᠠ ᠶᠢ ᠢᠯᠡᠷᠡᠭᠦᠯᠵᠦ ᠪᠤᠢ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号