ᠰᠤᠪᠤᠷᠭ᠎ᠠ ᠶᠢᠨ ᠲᠠᠯ᠎ᠠ ᠨᠤᠲᠤᠭ ᠤᠨ ᠵᠢᠭᠤᠯᠴᠢᠯᠠᠯ ᠤᠨ ᠤᠷᠤᠨ
ᠨᠡᠶᠢᠲᠡᠯᠡᠭᠰᠡᠨ ᠴᠠᠭ᠄
2018-06-13
      ᠰᠤᠪᠤᠷᠭ᠎ᠠ ᠶᠢᠨ ᠲᠠᠯ᠎ᠠ ᠨᠤᠲᠤᠭ ᠤᠨ ᠵᠢᠭᠤᠯᠴᠢᠯᠠᠯ ᠤᠨ ᠤᠷᠤᠨ     ᠰᠤᠪᠤᠷᠭ᠎ᠠ ᠶᠢᠨ ᠲᠠᠯ᠎ᠠ ᠨᠤᠲᠤᠭ ᠤᠨ ᠵᠢᠭᠤᠯᠴᠢᠯᠠᠯ ᠤᠨ ᠤᠷᠤᠨ ᠪᠤᠯ ᠤᠯᠤᠰ ᠤᠨ AAAA ᠳᠡᠰ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠪᠤᠯᠤᠨ᠎ᠠ᠃ ᠤᠷᠲᠤᠰ ᠬᠤᠲᠠ ᠶᠢᠨ ᠡᠵᠡᠨ ᠬᠤᠷᠤᠭ᠎ᠠ ᠬᠤᠰᠢᠭᠤᠨ ᠤ ᠪᠠᠷᠠᠭᠤᠨ ᠵᠠᠬ᠎ᠠ ᠶᠢᠨ ᠦᠵᠡᠮᠵᠢ ᠪᠦᠷᠢᠲᠦᠭᠰᠡᠨ ᠰᠤᠪᠤᠷᠭ᠎ᠠ ᠶᠢᠨ ᠲᠠᠯ᠎ᠠ ᠳᠤ ᠪᠠᠶᠢᠳᠠᠭ᠃ ᠦᠵᠡᠮᠵᠢ ᠶᠢᠨ ᠤᠷᠤᠨ ᠨᠢ ᠠᠷᠪᠠᠨ ᠭᠤᠷᠪᠠᠳᠤᠭᠠᠷ ᠵᠠᠭᠤᠨ ᠤ ᠨᠡᠭᠦᠳᠡᠯ ᠮᠠᠯᠵᠢᠯ ᠰᠤᠶᠤᠯ ᠤᠨ ᠠᠬᠤᠢ ᠪᠠᠶᠢᠳᠠᠯ ᠳᠤ ᠰᠠᠭᠤᠷᠢᠯᠠᠨ᠂ ᠶᠡᠭᠡ ᠵᠤᠤ ᠠᠶᠢᠮᠠᠭ ᠤᠨ 352 ᠵᠢᠯ ᠤᠨ ᠲᠡᠦᠭᠡ ᠶᠢ ᠡᠷᠭᠢᠴᠡᠭᠦᠯᠦᠨ᠂ ᠰᠡᠳᠬᠢᠯ ᠲᠤᠭᠳᠤᠯᠤᠭᠤᠯᠤᠮ᠎ᠠ ᠰᠤᠪᠤᠷᠭ᠎ᠠ᠂ ᠷᠤᠮᠠᠨᠲ᠋ᠢᠭ ᠲᠠᠯ᠎ᠠ ᠨᠤᠲᠤᠭ ᠢᠶᠠᠷ ᠭᠤᠤᠯ ᠰᠡᠲᠦᠪᠯᠡᠭᠰᠡᠨ᠂ ᠨᠡᠭᠦᠳᠡᠯ ᠮᠠᠯᠵᠢᠯ ᠬᠤᠲᠠ ᠪᠠᠯᠭᠠᠰᠤ ᠪᠤᠯᠤᠨ ᠲᠠᠯ᠎ᠠ ᠨᠤᠲᠤᠭ ᠤᠨ ᠢᠨᠠᠭ ᠲᠤᠷᠠᠯᠠᠯ ᠢᠶᠠᠷ ᠰᠢᠪᠲᠤᠯᠤᠯᠲᠠ ᠶᠢᠨ ᠴᠢᠭ ᠪᠤᠯᠭᠠᠬᠰᠠᠨ᠂ ᠴᠢᠭᠤᠯᠭᠠᠨ ᠬᠤᠲᠠ ᠶᠢᠨ ᠤᠨᠴᠠ ᠲᠤᠭᠤᠷᠢᠭ᠂ ᠨᠡᠭᠦᠲᠡᠯ ᠮᠠᠯᠵᠢᠯ ᠤᠨ ᠦᠶ᠎ᠡ ᠶᠢᠨ ᠲᠤᠭᠤᠷᠢᠭ᠂ ᠴᠠᠭᠠᠨ ᠰᠤᠪᠤᠷᠭ᠎ᠠ ᠶᠢᠨ ᠳᠠᠶᠢᠯᠭ᠎ᠠ ᠶᠢᠨ ᠲᠤᠭᠤᠷᠢᠭ᠂ ᠨᠠᠭᠠᠲᠤᠮ ᠎ ᠤᠨ ᠵᠤᠭ᠎ᠠ ᠴᠡᠩᠭᠡᠯ ᠤᠨ ᠤᠷᠤᠨ ᠵᠡᠷᠬᠡ ᠲᠦᠷᠪᠡᠨ ᠶᠡᠭᠡ ᠵᠢᠭᠤᠯᠴᠢᠯᠠᠯ ᠤᠨ ᠤᠷᠤᠨ ᠵᠠᠢ ᠪᠠᠷ ᠪᠦᠷᠢᠯᠳᠦᠵᠦ᠂  ︽ᠮᠤᠩᠭᠤᠯ ᠮᠤᠷᠢ ᠤᠨᠤᠬᠤ᠂ ᠮᠤᠩᠭᠤᠯ ᠭᠡᠷ ᠲᠤ ᠬᠤᠨᠤᠬᠤ᠂ ᠮᠤᠩᠭᠤᠯ ᠢᠳᠡᠭᠡᠨ ᠠᠴᠠ ᠭᠦᠷᠲᠡᠭᠦ︾ ᠠᠮᠢᠳᠤᠯᠢᠭ ᠤᠯᠠᠮᠵᠢᠯᠠᠯᠲᠤ ᠠᠮᠢᠳᠤᠷᠠᠯ ᠤᠨ ᠵᠢᠷᠤᠭ ᠲᠦᠷᠰᠦ ᠶᠢ ᠲᠠᠬᠢᠨ ᠢᠯᠡᠷᠡᠭᠦᠯᠵᠦ᠂ ᠬᠠᠶᠢᠷ᠎ᠠ ᠲᠠᠯᠠᠲᠤᠬᠰᠠᠨ ᠲᠠᠯ᠎ᠠ ᠨᠤᠲᠤᠭ ᠎ ᠤᠨ 999  ᠰᠠᠷᠭᠠᠶᠢᠲᠤ ᠮᠤᠩᠭᠤᠯ ᠭᠡᠷ ᠢ ᠪᠠᠶᠢᠭᠤᠯᠵᠤ᠂ ᠮᠤᠷᠢᠨ ᠨᠢᠷᠤᠭᠤᠨ ᠳᠡᠭᠡᠷ᠎ᠡ ᠦᠰᠦᠭᠰᠡᠨ ᠮᠤᠩᠭᠤᠯ ᠦᠨᠳᠦᠰᠦᠲᠡᠨ ᠤ ᠦᠨᠢ ᠤᠳᠠᠭᠠᠨ ᠲᠡᠦᠭᠡ ᠲᠠᠢ ᠨᠡᠭᠦᠳᠡᠯ ᠮᠠᠯᠵᠢᠯ ᠠᠮᠢᠳᠤᠷᠠᠯ ᠪᠤᠯᠤᠨ ᠤᠷ᠎ᠠ ᠮᠡᠷᠭᠡᠵᠢᠯ ᠢ ᠢᠯᠡᠷᠡᠭᠦᠯᠦᠨ᠂ ᠭᠦᠴᠦ ᠪᠠᠨ ᠲᠦᠪᠯᠡᠷᠡᠭᠦᠯᠦᠨ ᠷᠤᠮᠠᠨᠲ᠋ᠢᠭ ᠭᠦᠭᠵᠢᠭᠦᠨ ᠤᠷᠲᠤᠰ ᠬᠤᠷᠢᠮ ᠤᠨ ᠪᠤᠳᠠᠲᠤ ᠠᠬᠤᠢ ᠶᠢᠨ ᠵᠢᠷᠤᠬᠯᠠᠯ ᠢ ᠢᠯᠡᠷᠡᠭᠦᠯᠦᠨ᠂ ᠶᠡᠭᠡ ᠵᠤᠤ ᠠᠶᠢᠮᠠᠭ ᠤᠨ ᠲᠤᠯᠤᠭᠠᠨ ᠬᠤᠰᠢᠭᠤᠨ ᠤ ᠴᠢᠭᠤᠯᠭᠠᠨ ᠴᠢᠭᠤᠯᠤᠬᠰᠠᠨ ᠦᠪᠡᠳᠡᠭᠰᠢ ᠶᠡᠭᠡ ᠲᠡᠦᠭᠡ ᠲᠤᠤᠯᠢᠰ ᠢ ᠤᠷᠠᠯᠢᠭ ᠤᠨ ᠲᠠᠶᠢᠰᠠᠨ᠎ᠠ ᠠᠮᠢᠯᠠᠭᠤᠯᠵᠤ᠂ ᠳᠤᠮᠳᠠᠲᠤ ᠤᠯᠤᠰ ᠤᠨ ᠬᠠᠮᠤᠭ ᠶᠡᠭᠡ ᠰᠤᠪᠤᠷᠭ᠎ᠠ ᠶᠢᠨ ᠲᠠᠯ᠎ᠠ ᠨᠤᠲᠤᠭ ᠤᠨ ᠠᠮᠢᠳᠤᠷᠠᠯ ᠢ ᠰᠤᠨᠢᠭᠤᠴᠢᠯᠠᠨ ᠡᠳ᠋ᠯᠡᠭᠦ ᠨᠡᠷᠡᠲᠦ ᠲᠡᠮᠲᠡᠭ ᠢ ᠪᠤᠢ ᠪᠤᠯᠭᠠᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号