ᠡᠷᠳᠡᠨᠢ ᠶᠢᠨ ᠲᠤᠪᠴᠢ ᠵᠢᠭᠤᠯᠴᠢᠯᠠᠯ ᠤᠨ ᠭᠦᠷᠢᠶᠡᠯᠡᠩ
ᠨᠡᠶᠢᠲᠡᠯᠡᠭᠰᠡᠨ ᠴᠠᠭ᠄
2018-06-13
     ᠡᠷᠳᠡᠨᠢ ᠶᠢᠨ ᠲᠤᠪᠴᠢ ᠵᠢᠭᠤᠯᠴᠢᠯᠠᠯ ᠤᠨ ᠭᠦᠷᠢᠶᠡᠯᠡᠩ     ᠡᠷᠳᠡᠨᠢ ᠶᠢᠨ ᠲᠤᠪᠴᠢ ᠵᠢᠭᠤᠯᠴᠢᠯᠠᠯ ᠤᠨ ᠭᠦᠷᠢᠶᠡᠯᠡᠩ ᠤᠨ ᠭᠤᠤᠯ ᠴᠤᠬᠴᠠ ᠪᠠᠨ ︽ᠦᠨᠳᠦᠰᠦᠲᠡᠨ ᠤ ᠺᠢᠨᠣ᠋ ᠲᠧᠯᠧᠢᠰ ᠤᠨ ᠦᠢᠯᠡᠰ ᠤᠨ ᠰᠠᠭᠤᠷᠢᠨ ᠭᠠᠵᠠᠷ᠂ ᠲᠠᠯ᠎ᠠ ᠨᠤᠲᠤᠭ ᠤᠨ ᠪᠤᠯᠪᠠᠰᠤᠨ ᠤ ᠦᠵᠡᠬᠦᠯᠦᠯᠬᠡ ᠶᠢᠨ ᠭᠦᠷᠢᠶᠡᠯᠡᠩ ᠲᠤᠭᠤᠷᠢᠭ︾ ᠭᠡᠵᠦ ᠲᠤᠬᠲᠠᠭᠠᠪᠠ᠃ ᠭᠦᠨ ᠵᠤᠵᠠᠭᠠᠨ ᠮᠤᠩᠭᠤᠯ ᠶᠤᠸᠠᠨ ᠤ ᠰᠤᠶᠤᠯ ᠢᠶᠠᠷ ᠤᠷᠠᠨ ᠰᠡᠳᠭᠢᠮᠵᠢ ᠪᠤᠯᠭᠠᠵᠤ᠂ ᠤᠲᠤ ᠦᠶ᠎ᠡ ᠶᠢᠨ ᠰᠢᠨᠵᠢᠯᠡᠭᠡ ᠮᠡᠷᠭᠡᠵᠢᠯ ᠢ ᠤᠶᠠᠯᠳᠤᠭᠤᠯᠵᠤ᠂ 700 ᠵᠢᠯ ᠤᠨ ᠡᠮᠦᠨᠡᠭᠢ ᠶᠤᠸᠠᠨ ᠭᠦᠷᠦᠨ ᠤ ᠠᠳᠠᠯᠢ ᠪᠤᠰᠤ ᠴᠠᠭ ᠦᠶ᠎ᠡ ᠶᠢᠨ ᠨᠡᠶᠢᠲᠡᠯᠢᠭ ᠪᠠᠷᠢᠯᠭ᠎ᠠ᠂ ᠬᠤᠲᠠ ᠶᠢᠨ ᠢᠷᠭᠡᠳ ᠤᠨ ᠠᠮᠢᠳᠤᠷᠠᠯ ᠵᠡᠷᠭᠡ ᠲᠡᠦᠭᠡᠲᠦ ᠵᠠᠩ ᠦᠢᠯᠡ ᠶᠢ ᠢᠯᠡᠷᠡᠭᠦᠯᠦᠨ᠂ ᠺᠢᠨᠣ᠋ ᠲᠧᠯᠧᠢᠰ ᠰᠡᠭᠦᠳᠡᠷᠯᠡᠨ ᠵᠢᠷᠤᠬᠯᠠᠬᠤ᠂ ᠰᠤᠶᠤᠯ ᠤᠷᠠᠯᠢᠭ ᠢ ᠵᠤᠭᠠᠯᠠᠨ ᠰᠤᠨᠢᠷᠬᠠᠬᠤ᠂  ᠬᠤᠷᠠᠯ ᠦᠵᠡᠬᠦᠯᠦᠯᠬᠡ ᠶᠢᠨ ᠦᠢᠯᠡᠰ᠂ ᠵᠤᠭᠠᠯᠠᠨ ᠴᠡᠩᠭᠡᠵᠦ ᠪᠦᠭᠦᠳᠡᠭᠡᠷ ᠨᠠᠷᠭᠢᠬᠤ᠂ ᠰᠡᠯᠡᠭᠦᠦ ᠵᠤᠭᠠᠴᠠᠯ ᠵᠡᠷᠭᠡ ᠴᠢᠳᠠᠪᠭᠢ ᠶᠢ ᠪᠠᠭᠲᠠᠭᠠᠵᠤ᠂ ᠲᠤᠮᠤ ᠭᠡᠯᠪᠡᠷᠢ ᠶᠢᠨ ᠭᠡᠷ ᠤᠨ ᠭᠠᠲᠠᠨ᠎ᠠ ᠲᠤᠲᠤᠷᠠᠬᠢ ᠲᠤᠬᠯᠠᠯᠲᠠ ᠵᠢᠴᠢ ᠪᠠᠶᠠᠷ ᠲᠤᠷᠠᠰᠬᠠᠯ᠂ ᠺᠢᠨᠣ᠋ ᠲᠧᠯᠧᠢᠰ ᠤᠨ ᠪᠠᠶᠠᠷ ᠲᠤᠷᠠᠰᠬᠠᠯ᠂ ᠲᠡᠯᠡᠭᠡᠢ ᠶᠢᠨ ᠺᠢᠨᠣ᠋ ᠲᠧᠯᠧᠢᠰ ᠤᠨ ᠰᠤᠶᠤᠯ ᠪᠤᠯᠤᠨ ᠡᠷᠳᠡᠮ ᠰᠢᠨᠵᠢᠯᠡᠭᠡᠨ ᠤ ᠰᠤᠯᠢᠯᠴᠠᠭ᠎ᠠ᠂ ᠮᠤᠩᠭᠤᠯ ᠶᠤᠸᠠᠨ ᠤ ᠲᠡᠦᠭᠡ ᠶᠢᠨ ᠲᠤᠷᠠᠰᠬᠠᠯᠲᠤ ᠵᠦᠢᠯ ᠎ ᠤᠨ ᠦᠵᠡᠬᠦᠯᠦᠯᠬᠡ ᠪᠤᠯᠤᠨ ᠪᠤᠷᠤᠯᠠᠭᠤᠯᠭ᠎ᠠ᠂ ᠪᠤᠳᠠᠰ ᠪᠤᠯᠤᠨ ᠪᠤᠳᠠᠰ ᠤᠨ ᠪᠤᠰᠤ ᠰᠤᠶᠤᠯ ᠤᠨ ᠦᠵᠡᠬᠦᠯᠦᠯᠬᠡ ᠵᠡᠷᠭᠡ ᠤᠯᠠᠨ ᠵᠦᠢᠯ ᠤᠨ ᠠᠵᠢᠯᠯᠠᠭ᠎ᠠ ᠦᠷᠨᠢᠭᠦᠯᠭᠦ ᠳᠤ ᠲᠠᠪᠴᠠᠩ ᠬᠠᠩᠭᠠᠵᠤ ᠦᠭᠪᠡ᠃ 2015 ᠤᠨ ᠳᠤ ᠤᠯᠤᠰ ᠤᠨ AAAA ᠳᠡᠰ ᠤᠨ ᠵᠢᠭᠤᠯᠴᠢᠯᠠᠯ ᠤᠨ ᠦᠵᠡᠮᠵᠢ ᠶᠢᠨ ᠭᠦᠷᠢᠶᠡᠯᠡᠩ ᠢᠶᠠᠷ ᠦᠨᠡᠯᠡᠭᠳᠡᠪᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号