ᠪᠤᠷᠬᠠᠨ ᠤ ᠱᠠᠰᠢᠨ ᠤ ᠦᠵᠡᠬᠦᠯᠦᠯᠬᠡ ᠶᠢᠨ ᠭᠦᠷᠢᠶᠡᠯᠡᠩ
ᠨᠡᠶᠢᠲᠡᠯᠡᠭᠰᠡᠨ ᠴᠠᠭ᠄
2018-06-13
      ᠪᠤᠷᠬᠠᠨ ᠤ ᠱᠠᠰᠢᠨ ᠤ ᠦᠵᠡᠬᠦᠯᠦᠯᠬᠡ ᠶᠢᠨ ᠭᠦᠷᠢᠶᠡᠯᠡᠩ                 ︵ᠤᠯᠠᠭᠠᠨ ᠭᠡᠭᠡᠨ ᠤ ᠤᠷᠲᠤᠨ︶      ᠪᠤᠷᠬᠠᠨ ᠤ ᠱᠠᠰᠢᠨ ᠤ ᠦᠵᠡᠬᠦᠯᠦᠯᠬᠡ ᠶᠢᠨ ᠭᠦᠷᠢᠶᠡᠯᠡᠩ ᠠᠯᠲᠠᠨᠰᠢᠷᠡᠭᠡ ᠪᠠᠯᠭᠠᠰᠤᠨ ᠤ ᠪᠠᠷᠠᠭᠤᠨ ᠬᠤᠶᠢᠲᠤ ᠠᠭᠤᠯᠠᠨ ᠤ ᠤᠷᠭᠤᠮᠠᠯ ᠤᠨ ᠭᠦᠷᠢᠶᠡᠯᠡᠩ ᠳᠤ ᠪᠠᠶᠢᠷᠢᠯᠠᠨ᠂ ᠨᠤᠮᠢᠨ ᠨᠤᠭᠤᠭᠠᠨ ᠤᠢ ᠮᠤᠲᠤᠨ ᠲᠤᠮᠲᠠ ᠪᠠᠶᠢᠷᠢᠯᠠᠵᠤ ᠪᠠᠶᠢᠳᠠᠭ᠃ ᠡᠨᠡᠭᠦ ᠤᠷᠲᠤᠨ ᠪᠤᠯ ᠠᠷᠪᠠᠨ ᠬᠤᠶᠠᠳᠤᠭᠠᠷ ᠲᠦᠷᠢ ᠶᠢᠨ ᠤᠯᠠᠭᠠᠨ ᠭᠡᠭᠡᠨ ᠤ ᠰᠤᠷᠤᠯᠴᠠᠵᠤ ᠠᠮᠢᠳᠤᠷᠠᠬᠤ ᠵᠢᠴᠢ ᠪᠤᠷᠬᠠᠨ ᠨᠤᠮ ᠤᠨ ᠦᠢᠯᠡ ᠦᠢᠯᠡᠳᠭᠦ ᠪᠤᠯᠤᠨ ᠪᠤᠰᠤᠳ ᠤᠯᠠᠨ ᠯᠠᠮᠠ ᠬᠤᠸᠠᠷᠠᠭ ᠪᠤᠯᠤᠨ ᠪᠤᠷᠬᠠᠨ ᠤ ᠱᠠᠰᠢᠨ ᠎ ᠢ ᠰᠢᠲᠦᠭᠴᠢᠳ ᠲᠤ ᠰᠤᠷᠤᠯᠴᠠᠬᠤ᠂ ᠲᠤᠷᠰᠢᠯᠭ᠎ᠠ ᠰᠤᠯᠢᠯᠴᠠᠬᠤ ᠪᠤᠯᠤᠨ ᠪᠤᠷᠬᠠᠨ ᠤ ᠨᠤᠮ ᠰᠤᠷᠭᠠᠯ ᠢ ᠤᠬᠠᠭᠤᠯᠬᠤ ᠎ ᠳᠤ ᠵᠤᠷᠢᠭᠤᠯᠤᠬᠰᠠᠨ ᠲᠠᠯᠠᠪᠤᠷ ᠪᠤᠯᠤᠨ᠎ᠠ᠃      ᠤᠷᠲᠤᠨ ᠤ ᠶᠡᠷᠦᠩᠭᠡᠢ ᠲᠠᠯᠠᠪᠠᠢ 20 ᠲᠦᠮᠡᠨ ᠳᠡᠭᠰᠢ ᠲᠦᠷᠪᠡᠯᠵᠢᠨ ᠮᠧᠲᠷ᠂ ᠲᠤᠰ ᠪᠦᠷᠢ ᠦᠨᠳᠦᠰᠦᠲᠡᠨ ᠱᠠᠰᠢᠨ ᠰᠤᠷᠲᠠᠬᠤᠨ ᠤ ᠰᠤᠶᠤᠯ ᠤᠨ ᠦᠵᠡᠬᠦᠯᠦᠯᠬᠡ ᠶᠢᠨ ᠲᠦᠪ᠂ ᠭᠡᠭᠡᠨ ᠤ ᠤᠷᠲᠤᠨ ᠪᠤᠯᠤᠨ ᠲᠢᠶᠠᠨ ᠳᠤ ᠰᠠᠭᠤᠵᠤ ᠪᠢᠰᠢᠯᠭᠠᠨ ᠦᠢᠯᠡᠳᠭᠦ ᠲᠦᠪ ᠵᠡᠷᠭᠡ ᠭᠤᠷᠪᠠᠨ ᠭᠡᠰᠡᠭ ᠢᠶᠠᠷ ᠪᠦᠷᠢᠯᠳᠦᠵᠡᠢ᠃ ᠪᠠᠷᠢᠯᠭ᠎ᠠ ᠶᠢᠨ ᠭᠡᠪ ᠮᠠᠶ᠋ᠢᠭ ᠎ ᠨᠢ ᠭᠤᠤᠯᠳᠠᠭᠤ ᠮᠤᠩᠭᠤᠯ ᠲᠦᠪᠡᠳ ᠭᠢᠲᠠᠳ ᠭᠤᠷᠪᠠᠨ ᠦᠨᠳᠦᠰᠦᠲᠡᠨ ᠤ ᠰᠤᠶᠤᠯ ᠤᠨ ᠤᠴᠠᠯᠢᠭ ᠢ ᠲᠤᠪᠤᠶᠢᠯᠭᠠᠨ ᠂ ᠰᠤᠨᠤᠷᠳᠠᠬᠤ ᠰᠡᠳᠭᠢᠭᠦ ᠪᠢᠰᠢᠯᠭᠠᠬᠤ ᠶᠠᠪᠤᠳᠠᠯ ᠵᠡᠷᠭᠡ ᠪᠠᠷ ᠰᠢᠵᠢᠮ ᠪᠤᠯᠭᠠᠨ᠂ ᠪᠤᠷᠬᠠᠨ ᠨᠤᠮ ᠤᠨ ᠬᠤᠲᠠ ᠮᠠᠨᠳᠠᠯ ᠎ ᠢᠶᠠᠷ ᠤᠳᠬ᠎ᠠ ᠵᠦᠢ ᠪᠤᠯᠭᠠᠨ᠂ ᠲᠦᠪᠡᠳ ᠤᠨ ᠤᠯᠠᠮᠵᠢᠯᠠᠯᠲᠤ ᠪᠤᠷᠬᠠᠨ ᠤ ᠱᠠᠰᠢᠨ ᠪᠠᠷᠢᠯᠭ᠎ᠠ ᠶᠢᠨ ᠤᠷ᠎ᠠ ᠮᠡᠷᠭᠡᠵᠢᠯ ᠎ ᠢ ᠭᠢᠲᠠᠳ ᠤᠨ ᠬᠤᠲᠠ ᠭᠦᠷᠢᠶ᠎ᠡ ᠶᠢᠨ ᠳᠡᠭᠲᠡᠷ ᠢᠶᠠᠷ ᠲᠡᠭᠡᠭᠰᠢᠯᠡᠭᠦ ᠲᠠᠨᠢᠯᠲᠠ ᠶᠢ ᠤᠶᠠᠯᠳᠤᠭᠤᠯᠵᠤ᠂ ᠮᠤᠩᠭᠤᠯ ᠭᠤᠤᠯ ᠴᠤᠮᠴᠤᠭ ᠪᠤᠯᠤᠨ ᠬᠠᠵᠠᠭᠤ ᠶᠢᠨ ᠴᠤᠮᠴᠤᠭ ᠲᠠᠢ ᠪᠠᠨ ᠠᠶᠠᠨᠳᠠᠭᠠᠨ ᠵᠠᠯᠭᠠᠯᠲᠤᠬᠰᠠᠨ ᠪᠠᠶᠢᠳᠠᠯ ᠢ ᠢᠯᠡᠷᠡᠭᠦᠯᠭᠦᠰᠡᠨ ᠰᠢᠨ᠎ᠡ ᠨᠢᠭᠡᠲᠦᠮᠡᠯ ᠴᠤᠬᠴᠠ ᠶᠢ ᠪᠤᠢ ᠪᠤᠯᠭᠠᠪᠠ᠃ ᠠᠳᠡ ᠢᠷᠡᠪᠡᠯ ᠲᠠ ᠤᠷᠲᠤᠰ ᠨᠤᠲᠤᠭ ᠤᠨ ᠲᠦᠪᠡᠳ ᠤᠨ ᠤᠯᠠᠮᠵᠢᠯᠠᠯᠲᠤ ᠪᠤᠷᠬᠠᠨ ᠤ ᠱᠠᠰᠢᠨ ᠤ ᠰᠤᠶᠤᠯ ᠤᠨ ᠲᠡᠭᠡᠵᠢ ᠪᠤᠯᠤᠨ ᠰᠦᠮ᠎ᠡ ᠭᠡᠶᠢᠳ ᠤᠨ ᠪᠠᠷᠢᠯᠭ᠎ᠠ ᠎ ᠶᠢᠨ ᠤᠨᠴᠠᠯᠢᠭ ᠢ ᠰᠤᠨᠢᠷᠬᠠᠵᠤ ᠪᠤᠯᠤᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号