ᠤᠯᠠᠭᠠᠨᠮᠦ᠋ᠷᠡᠨ ᠦᠵᠡᠮᠵᠢ ᠶᠢᠨ ᠨᠠᠭᠤᠷ
ᠨᠡᠶᠢᠲᠡᠯᠡᠭᠰᠡᠨ ᠴᠠᠭ᠄
2018-06-13
     ᠤᠯᠠᠭᠠᠨᠮᠦ᠋ᠷᠡᠨ ᠦᠵᠡᠮᠵᠢ ᠶᠢᠨ ᠨᠠᠭᠤᠷ            ᠤᠯᠠᠭᠠᠨᠮᠦ᠋ᠷᠡᠨ ᠦᠵᠡᠮᠵᠢ ᠶᠢᠨ ᠨᠠᠭᠤᠷ ᠠᠯᠲᠠᠨᠰᠢᠷᠡᠭᠡ ᠪᠠᠯᠭᠠᠰᠤ ᠪᠤᠯᠤᠨ ᠭᠢᠶ᠎ᠠ ᠪᠠᠭᠰᠢ ᠰᠢᠨ᠎ᠡ ᠲᠤᠭᠤᠷᠢᠭ ᠎ ᠤᠨ ᠬᠤᠭᠤᠷᠤᠨᠳᠤᠬᠢ ᠤᠯᠠᠭᠠᠨᠮᠦ᠋ᠷᠡᠨ ᠭᠤᠤᠯ ᠳᠡᠭᠡᠷ᠎ᠡ ᠪᠤᠢ᠃ ᠶᠡᠷᠦᠩᠭᠡᠢ ᠲᠠᠯᠠᠪᠠᠢ ᠨᠢ 7 ᠳᠡᠭᠰᠢ ᠲᠦᠷᠪᠡᠯᠵᠢᠨ ᠺᠢᠯᠤᠮᠧᠲᠷ᠃ ᠬᠤᠶᠠᠷ ᠲᠡᠩᠭᠡᠯᠢᠭ᠂ ᠬᠤᠶᠠᠷ ᠪᠦᠰᠡ᠂ ᠭᠤᠷᠪᠠᠨ ᠲᠤᠭᠤᠷᠢᠭ᠂ ᠵᠢᠷᠭᠤᠭᠠᠨ ᠵᠠᠩᠭᠢᠯᠠᠭ᠎ᠠ ᠶᠢᠨ ᠴᠢᠭ ᠎ ᠢᠶᠠᠷ ᠪᠦᠷᠢᠯᠳᠦᠵᠦ᠂ ︽ᠲᠠᠯ᠎ᠠ ᠨᠤᠲᠤᠭ ᠤᠨ ᠤᠲᠤᠬᠢᠴᠢᠯᠠᠬᠰᠠᠨ ᠬᠤᠲᠠ ᠶᠢᠨ ᠲᠦᠪ᠂ ᠡᠯᠡᠰᠦᠨ ᠴᠦᠯ ᠤᠨ ᠤᠷᠲᠤ ᠮᠦᠷᠡᠨ ᠤ ᠰᠢᠨ᠎ᠡ ᠦᠵᠡᠮᠵᠢ︾᠎ ᠶᠢᠨ ᠭᠡᠪ ᠲᠦᠷᠰᠦ ᠶᠢ ᠲᠤᠪᠤᠶᠢᠯᠭᠠᠵᠠᠢ᠃ ᠬᠤᠶᠠᠷ ᠲᠡᠩᠭᠡᠯᠢᠭ ᠨᠢ᠄ ᠬᠤᠲᠠ ᠪᠠᠯᠭᠠᠰᠤᠨ ᠤ ᠦᠩᠭᠡ ᠦᠵᠡᠮᠵᠢ ᠶᠢᠨ ᠭᠤᠤᠯ ᠲᠡᠩᠭᠡᠯᠢᠭ᠂ ᠮᠤᠷᠤᠢ ᠲᠡᠩᠭᠡᠯᠢᠭ ᠪᠤᠯᠤᠨ᠎ᠠ᠃ ᠬᠤᠶᠠᠷ ᠪᠦᠰᠡ ᠨᠢ᠄ ᠬᠤᠶᠢᠲᠤ ᠡᠷᠭᠢ ᠶᠢᠨ ᠦᠵᠡᠮᠵᠢ ᠶᠢᠨ ᠪᠦᠰᠡ᠂ ᠡᠮᠦᠨ᠎ᠡ ᠡᠷᠭᠢ ᠶᠢᠨ ᠦᠵᠡᠮᠵᠢ ᠶᠢᠨ ᠪᠦᠰᠡ ᠪᠤᠯᠤᠨ᠎ᠠ᠃ ᠭᠤᠷᠪᠠᠨ ᠲᠤᠭᠤᠷᠢᠭ ᠨᠢ᠄ ᠨᠠᠭᠤᠷ ᠤᠨ ᠲᠡᠭᠡᠲᠦ ᠭᠡᠰᠡᠭ ᠤᠨ ᠦᠵᠡᠮᠵᠢ ᠶᠢᠨ ᠲᠤᠭᠤᠷᠢᠭ᠂ ᠨᠠᠭᠤᠷ ᠤᠨ ᠲᠤᠮᠲᠠ ᠭᠡᠰᠡᠭ ᠤᠨ ᠶᠡᠷᠦᠩᠭᠡᠶᠢᠯᠡᠭᠰᠡᠨ ᠦᠵᠡᠮᠵᠢ ᠶᠢᠨ ᠲᠤᠭᠤᠷᠢᠭ᠂ ᠨᠠᠭᠤᠷ ᠤᠨ ᠲᠤᠤᠷᠠᠲᠤ ᠭᠡᠰᠡᠭ ᠤᠨ ᠠᠮᠢ ᠠᠬᠤᠢ ᠶᠢᠨ ᠰᠡᠯᠡᠭᠦᠴᠡᠯ ᠎ ᠤᠨ ᠲᠤᠭᠤᠷᠢᠭ ᠵᠡᠷᠭᠡ ᠪᠤᠯᠤᠨ᠎ᠠ᠃ ᠵᠢᠷᠭᠤᠭᠠᠨ ᠵᠠᠩᠭᠢᠯᠭ᠎ᠠ ᠶᠢᠨ ᠴᠢᠭ ᠨᠢ᠄ ᠶᠡᠭᠡ ᠭᠦᠷᠭᠢᠷ᠎ᠡ ᠶᠢᠨ ᠠᠭᠤᠳᠠᠮ ᠲᠠᠯᠠᠪᠠᠢ ᠶᠢᠨ ᠵᠠᠩᠭᠢᠯᠠᠭ᠎ᠠ ᠶᠢᠨ ᠴᠢᠭ᠂ ᠳᠡᠭᠰᠢ ᠲᠠᠯ᠎ᠠ ᠶᠢᠨ ᠴᠡᠩᠭᠡᠭ ᠤᠰᠤᠨ ᠠᠭᠤᠳᠠᠮ ᠲᠠᠯᠠᠪᠠᠢ ᠶᠢᠨ ᠵᠠᠩᠭᠢᠯᠠᠭ᠎ᠠ ᠎ ᠶᠢᠨ ᠴᠢᠭ᠂ ᠰᠤᠶᠤᠯ ᠤᠨ ᠠᠭᠤᠳᠠᠮ ᠲᠠᠯᠠᠪᠠᠢ ᠶᠢᠨ ᠵᠠᠩᠭᠢᠯᠠᠭ᠎ᠠ ᠶᠢᠨ ᠴᠢᠭ᠂ ᠲᠢᠶᠡᠨ ᠱᠦᠢ ᠲᠠ ᠲᠤᠷᠠᠰᠬᠠᠯ ᠤᠨ ᠠᠭᠤᠳᠠᠮ ᠲᠠᠯᠠᠪᠠᠢ ᠶᠢᠨ ᠵᠠᠩᠭᠢᠯᠠᠭ᠎ᠠ ᠶᠢᠨ ᠴᠢᠭ᠂ ᠰᠡᠯᠡᠭᠦᠴᠡᠯ ᠠᠭᠤᠳᠠᠮ ᠲᠠᠯᠠᠪᠠᠢ ᠶᠢᠨ ᠵᠠᠩᠭᠢᠯᠠᠭ᠎ᠠ ᠶᠢᠨ ᠴᠢᠭ᠂ ᠤᠯᠠᠭᠠᠨ ᠰᠡᠶᠢᠷ ᠴᠢᠯᠠᠭᠤᠨ ᠭᠠᠵᠠᠷ ᠵᠦᠢ ᠶᠢᠨ ᠦᠵᠡᠮᠵᠢ ᠶᠢᠨ ᠤᠷᠤᠨ ᠤ ᠵᠠᠩᠭᠢᠯᠠᠭ᠎ᠠ ᠶᠢᠨ ᠴᠢᠭ ᠵᠡᠷᠭᠡ ᠪᠤᠯᠤᠨ᠎ᠠ᠃      
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号