ᠤᠯᠠᠭᠠᠨᠨᠨᠠᠭᠤᠷ ᠤᠨ ᠨᠤᠭᠤ ᠭᠠᠵᠠᠷ ᠤᠨ ᠴᠡᠴᠡᠷᠯᠢᠭ
ᠨᠡᠶᠢᠲᠡᠯᠡᠭᠰᠡᠨ ᠴᠠᠭ᠄
2018-06-13
     ᠤᠯᠠᠭᠠᠨᠨᠨᠠᠭᠤᠷ ᠤᠨ ᠨᠤᠭᠤ ᠭᠠᠵᠠᠷ ᠤᠨ ᠴᠡᠴᠡᠷᠯᠢᠭ      ᠤᠯᠠᠭᠠᠨᠨᠠᠭᠤᠷ ᠤᠨ ᠨᠤᠭᠤ  ᠭᠠᠵᠠᠷ ᠤᠨ ᠴᠡᠴᠡᠷᠯᠢᠭ ᠪᠤᠯ ᠲᠠᠯ᠎ᠠ ᠨᠤᠲᠤᠭ ᠤᠨ ︽ᠡᠵᠢ ᠶᠢᠨ ᠷᠠᠰᠢᠶᠠᠨ︾ ᠪᠤᠯᠤᠨ᠎ᠠ᠃ ᠦᠪᠡᠷ ᠤᠨ ᠤᠨᠴᠠᠭᠠᠢ ᠭᠠᠵᠠᠷ ᠵᠦᠢ ᠶᠢᠨ ᠤᠷᠴᠢᠨ ᠲᠤᠭᠤᠷᠢᠨ ᠪᠤᠯᠤᠨ ᠰᠡᠷᠢᠭᠦᠨ ᠴᠢᠭᠡᠭᠯᠢᠭ ᠠᠭᠤᠷ  ᠠᠮᠢᠰᠬᠤᠯ ᠠᠴᠠ ᠪᠤᠯᠵᠤ᠂ ᠪᠠᠶᠢᠭᠠᠯᠢ ᠶᠢᠨ ᠰᠢᠪᠠᠭᠤᠳ ᠤᠨ ᠤᠷᠤᠰᠢᠨ ᠠᠮᠢᠳᠤᠷᠠᠬᠤ ᠳᠤ ᠲᠦᠢᠯ ᠤᠨ ᠲᠤᠬᠢᠷᠠᠮᠵᠢᠲᠠᠢ ᠤᠷᠴᠢᠨ ᠲᠤᠭᠤᠷᠢᠨ ᠢ ᠬᠠᠩᠭᠠᠵᠤ᠂ ᠶᠡᠭᠡ ᠭᠡᠮᠵᠢᠶᠡᠨ ᠤ ᠨᠡᠭᠦᠳᠡᠯ ᠰᠢᠪᠠᠭᠤᠳ ᠠᠳᠡ ᠢᠷᠡᠵᠦ ᠰᠠᠭᠤᠷᠢᠰᠢᠨ ᠠᠮᠢᠳᠤᠷᠠᠵᠤ ᠪᠤᠢ᠃ ᠴᠡᠴᠡᠷᠯᠢᠭ ᠤᠨ ᠠᠮᠢ ᠠᠬᠤᠢ ᠭᠤᠶᠤ᠂ ᠰᠤᠶᠤᠯ ᠨᠢ ᠭᠤᠶᠤ᠂ ᠦᠵᠡᠮᠵᠢ ᠨᠢ ᠭᠤᠶᠤ ᠪᠠᠶᠢᠳᠠᠭ ᠮᠦᠷᠲᠡᠭᠡᠨ᠂ ᠡᠳᠦᠭᠡ ᠨᠢᠭᠡᠨᠲᠡ ᠦᠪᠡᠷᠳᠡᠭᠡᠨ ᠲᠡᠭᠦᠵᠦ ᠭᠡᠭᠡᠷ᠎ᠡ ᠶᠢᠨ ᠠᠮᠢᠳᠤᠷᠠᠯ ᠡᠳ᠋ᠯᠡᠭᠦ ᠲᠤᠭᠤᠷᠢᠭ᠂ ᠵᠢᠭᠠᠰᠤ ᠭᠦᠭᠢᠳᠡᠭᠦ ᠲᠤᠭᠤᠷᠢᠭ᠂ ᠡᠯᠡᠰᠦ ᠰᠢᠷᠤᠢ ᠶᠢᠨ ᠱᠤᠭᠤᠮᠠᠯ ᠤᠨ ᠠᠮᠲᠠᠲᠤ ᠢᠳᠡᠭᠡᠨ ᠤ ᠠᠭᠤᠳᠠᠮ ᠲᠠᠯᠠᠪᠠᠢ᠂ ᠨᠤᠭᠤ ᠭᠠᠵᠠᠷ ᠤᠨ ᠰᠢᠨᠵᠢᠯᠡᠭᠡ ᠮᠡᠷᠭᠡᠵᠢᠯ ᠤᠨ ᠲᠦᠭᠡᠮᠡᠯᠵᠢᠭᠦᠯᠦᠯᠲᠡ ᠶᠢᠨ ᠤᠷᠲᠤᠨ᠂ ᠠᠯᠲᠠᠨ ᠤᠨᠠᠭ᠎ᠠ ᠪᠤᠯᠤᠩ᠂ ᠭᠡᠷ ᠤᠨ ᠭᠠᠳᠠᠨᠠᠭᠢ ᠤᠮᠪᠠᠯᠲᠠ ᠶᠢᠨ ᠲᠠᠯᠠᠪᠠᠢ᠂ ᠤᠰᠤᠨ ᠡᠭᠢ ᠶᠢᠨ ᠠᠭᠤᠳᠠᠮ ᠲᠠᠯᠠᠪᠠᠢ᠂ ᠤᠰᠤᠨ ᠪᠠᠷ ᠤᠨ ᠬᠠᠰᠢᠯᠭ᠎ᠠ ᠲᠠᠯᠠᠩ ︵ᠹᠠᠩ ᠲᠤᠤ ᠪᠠᠭᠤᠴᠠ᠂ ᠶᠢᠨ ᠵᠢᠦᠢ ᠪᠠᠭᠤᠴᠠ᠂ ᠰᠢᠶᠠᠩ ᠮᠧᠢ ᠵᠢᠦᠢ ᠪᠠᠭᠤᠴᠠ ᠭᠤᠷᠪᠠᠨ ᠪᠠᠭ᠎ᠠ ᠠᠷᠠᠯ ᠪᠠᠭᠲᠠᠨ᠎ᠠ︶᠂ ᠤᠰᠤᠨ ᠳᠡᠭᠡᠷᠡᠬᠢ ᠵᠤᠭ᠎ᠠ ᠴᠡᠩᠭᠡᠯ ᠤᠨ ᠲᠤᠭᠤᠷᠢᠭ ᠪᠤᠯᠤᠨ ᠮᠢᠯᠢᠶ᠎ᠠ ᠴᠠᠴᠠᠷ ᠮᠠᠶᠢᠬᠠᠨ ᠤ ᠪᠠᠭᠤᠴᠠ ᠵᠡᠷᠭᠡ ᠦᠵᠡᠮᠵᠢ ᠶᠢᠨ ᠤᠷᠤᠨ ᠢ ᠪᠠᠶᠢᠭᠤᠯᠤᠭᠠᠳ᠂ ᠵᠤᠭᠠᠴᠠᠯ ᠤᠨ ᠤᠩᠭᠤᠴᠠᠨ ᠳᠤ ᠰᠠᠭᠤᠵᠤ ᠨᠠᠭᠤᠷ ᠤᠨ ᠦᠵᠡᠮᠵᠢ ᠶᠢ ᠴᠤ ᠰᠤᠨᠢᠷᠬᠠᠵᠤ ᠪᠤᠯᠤᠨ᠎ᠠ᠃ ᠪᠠᠶᠢᠭᠠᠯᠢ ᠳᠡᠯᠡᠭᠡᠢ ᠶᠢᠨ ᠤᠤᠷ ᠦᠨᠦᠷ ᠠᠮᠲᠠ ᠶᠢ ᠪᠦᠷᠢᠨ ᠬᠠᠳᠠᠭᠠᠯᠠᠬᠰᠠᠨ ᠲᠠᠯ᠎ᠠ ᠨᠤᠲᠤᠭ ᠤᠨ ᠨᠤᠭᠤ ᠭᠠᠵᠠᠷ ᠤᠨ ᠴᠡᠴᠡᠷᠯᠢᠭ ᠨᠢ ᠠᠮᠢᠳᠤ ᠰᠡᠷᠢᠭᠦᠨ ᠪᠢᠷ ᠪᠢᠭᠢᠰ ᠤᠨ ᠵᠢᠷᠤᠬᠯᠠᠯ ᠪᠤᠯᠤᠨ ᠰᠤᠨᠢᠷᠬᠠᠬᠴᠢᠳ ᠤᠨ ᠬᠠᠷᠠᠭᠠᠨ ᠳᠤ ᠲᠤᠲᠤᠷᠠᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号