ᠴᠡᠭᠡᠨ ᠨᠠᠭᠤᠷ
ᠨᠡᠶᠢᠲᠡᠯᠡᠭᠰᠡᠨ ᠴᠠᠭ᠄
2018-06-13
     ᠴᠡᠭᠡᠨ ᠨᠠᠭᠤᠷ      ᠴᠡᠭᠡᠨ ᠨᠠᠭᠤᠷ ᠤᠨ ᠤᠳᠬ᠎ᠠ ᠨᠢ ᠠᠳᠤᠭᠤᠨ ᠤ ᠴᠡᠭᠡ ᠭᠡᠰᠡᠨ ᠤᠳᠬ᠎ᠠ ᠲᠠᠢ᠃ ᠤᠯᠠᠮᠵᠢᠯᠠᠯ ᠢᠶᠠᠷ ᠲᠤᠬᠠᠢ ᠎ ᠶᠢᠨ ᠦᠶ᠎ᠡ ᠳᠤ ᠴᠢᠩᠭᠢᠰ ᠬᠠᠭᠠᠨ ᠪᠠᠷᠠᠭᠤᠨᠰᠢ ᠪᠠᠨ ᠲᠠᠶᠢᠯᠠᠬᠤ ᠳᠤ ᠡᠨᠡᠭᠦᠷ ᠦᠩᠭᠡᠷᠡᠭᠦ ᠳᠤ ᠪᠠᠨ᠂ ᠠᠳᠡᠬᠢ ᠶᠢᠨ ᠡᠪᠡᠰᠦ ᠪᠡᠯᠴᠢᠭᠡᠷ ᠤᠨ ᠦᠩ ᠰᠢᠮᠡᠯᠢᠭ ᠢ ᠭᠠᠶᠢᠬᠠᠨ ᠮᠠᠬᠲᠠᠵᠤ᠂ ᠨᠠᠭᠤᠷ ᠤᠨ ᠤᠰᠤ ᠨᠢ ᠨᠤᠮᠢᠨ ᠨᠤᠭᠤᠭᠠᠨ ᠢᠶᠠᠷ ᠲᠤᠯᠭᠢᠶᠠᠷᠠᠨ᠂ ᠠᠳᠤᠭᠤᠨ ᠴᠡᠭᠡ ᠠᠰᠬᠠᠷᠠᠵᠤ ᠪᠠᠶᠢᠭ᠎ᠠ ᠲᠠᠢ ᠠᠳᠠᠯᠢ ᠲᠤᠯᠠ ᠨᠡᠯᠢᠶᠡᠳ ᠤᠳᠠᠵᠤ ᠪᠠᠶᠢᠭᠠᠳ ᠰᠠᠶ᠋ᠢ ᠰᠠᠯᠵᠤ ᠶᠠᠪᠤᠵᠠᠢ᠃ ᠴᠡᠭᠡᠨ ᠨᠠᠭᠤᠷ ᠤᠨ ᠵᠢᠭᠠᠰᠤᠨ ᠲᠠᠯᠠᠪᠠᠢ ᠨᠢ ᠨᠡᠯᠢᠶᠡᠳ ᠤᠨ ᠵᠢᠯ ᠤᠳᠠᠵᠤ᠂ 1958 ᠤᠨ ᠳᠤ ᠪᠠᠶᠢᠭᠤᠯᠤᠬᠳᠠᠵᠠᠢ᠃ ᠤᠲᠤ ᠪᠤᠯᠬᠤ ᠳᠤ ᠨᠢᠭᠡᠨᠲᠡ ᠭᠦᠭᠵᠢᠭᠡᠳ  ᠲᠠᠯᠠᠪᠠᠢ ᠨᠢ 1.5 ᠲᠦᠮᠡᠨ ᠮᠤ᠋ ᠳᠤ ᠭᠦᠷᠴᠦ᠂ ᠵᠢᠭᠠᠰᠤᠨ ᠦᠢᠯᠡᠳᠪᠦᠷᠢᠯᠡᠯ ᠪᠤᠯᠤᠨ ᠵᠢᠭᠤᠯᠴᠢᠯᠠᠯ ᠢ ᠨᠢᠭᠡᠳᠭᠡᠭᠰᠡᠨ ᠰᠡᠯᠡᠭᠦᠴᠡᠯ ᠤᠨ ᠤᠷᠤᠨ ᠪᠤᠯᠵᠠᠢ᠃ ᠠᠳᠡ ᠭᠡᠭᠡᠷ᠎ᠡ ᠶᠢᠨ ᠵᠢᠭᠠᠰᠤ 10 ᠭᠠᠷᠤᠢ ᠵᠦᠢᠯ ᠪᠠᠶᠢᠳᠠᠭ᠂  ᠪᠠᠰᠠ ᠬᠤᠪᠤᠷ ᠴᠤᠬᠠᠭ ᠴᠠᠬᠤᠯᠠᠢ᠂ ᠭᠡᠭᠡᠷ᠎ᠡ ᠶᠢᠨ ᠭᠠᠯᠠᠭᠤ᠂ ᠴᠠᠭᠠᠨ ᠲᠡᠭᠡᠯᠡᠢ ᠵᠡᠷᠭᠡ ᠠᠷᠪᠠᠭᠠᠳ ᠵᠦᠢᠯ ᠤᠨ ᠰᠢᠪᠠᠭᠤ ᠪᠤᠢ᠃ ᠤᠳᠤᠬᠠᠨ ᠪᠤᠯᠲᠠᠯ᠎ᠠ ᠨᠢᠭᠡᠨᠲᠡ ᠤᠰᠤᠨ ᠳᠡᠭᠡᠷᠡᠬᠢ ᠵᠤᠭ᠎ᠠ ᠨᠠᠭᠠᠲᠤᠮ ᠤᠨ ᠲᠠᠯᠠᠪᠠᠢ᠂ ᠡᠯᠡᠰᠦᠨ ᠲᠠᠩ ᠤᠨ ᠤᠮᠪᠠᠯᠲᠠ ᠶᠢᠨ ᠲᠠᠯᠠᠪᠠᠢ᠂ ᠤᠨᠤᠭᠠᠲᠤ ᠠᠩ ᠠᠩᠨᠠᠯ ᠤᠨ ᠲᠠᠯᠠᠪᠠᠢ᠂ ᠲᠠᠯ᠎ᠠ ᠨᠤᠲᠤᠭ ᠤᠨ ᠦᠵᠡᠮᠵᠢ᠂ ᠵᠢᠭᠠᠰᠤ ᠭᠦᠭᠢᠳᠡᠭᠦ ᠵᠡᠷᠭᠡ ᠵᠤᠭ᠎ᠠ ᠴᠡᠩᠭᠡᠯ ᠤᠨ ᠵᠦᠢᠯ ᠲᠠᠢ ᠪᠤᠯᠵᠠᠢ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号