| | ᠠᠯᠲᠠᠨᠰᠢᠷᠡᠭᠡ ᠪᠠᠯᠭᠠᠰᠤᠨ ᠤ ᠪᠠᠷᠠᠭᠤᠨ ᠬᠤᠶᠢᠲᠤ ᠠᠭᠤᠯᠠᠨ ᠤ ᠤᠷᠭᠤᠮᠠᠯ ᠤᠨ ᠭᠦᠷᠢᠶᠡᠯᠡᠩ ᠳᠤ ᠪᠠᠶᠢᠷᠢᠯᠠᠨ᠂ ᠨᠤᠮᠢᠨ ᠨᠤᠭᠤᠭᠠᠨ ᠤᠢ ᠮᠤᠲᠤᠨ ᠲᠤᠮᠲᠠ | ᠪᠠᠶᠢᠷᠢᠯᠠᠵᠤ ᠪᠠᠶᠢᠳᠠᠭ᠃ ᠡᠨᠡᠭᠦ ᠤᠷᠲᠤᠨ ᠪᠤᠯ ᠠᠷᠪᠠᠨ ᠬᠤᠶᠠᠳᠤᠭᠠᠷ ᠲᠦᠷᠢ ᠶᠢᠨ ᠤᠯᠠᠭᠠᠨ ᠭᠡᠭᠡᠨ ᠤ ᠰᠤᠷᠤᠯᠴᠠᠵᠤ ᠠᠮᠢᠳᠤᠷᠠᠬᠤ ᠵᠢᠴᠢ ᠪᠤᠷᠬᠠᠨ ᠨᠤᠮ ᠤᠨ | ᠦᠢᠯᠡ ᠦᠢᠯᠡᠳᠭᠦ ᠪᠤᠯᠤᠨ ᠪᠤᠰᠤᠳ ᠤᠯᠠᠨ ᠯᠠᠮᠠ ᠬᠤᠸᠠᠷᠠᠭ ᠪᠤᠯᠤᠨ ᠪᠤᠷᠬᠠᠨ ᠤ ᠱᠠᠰᠢᠨ ᠢ ᠰᠢᠲᠦᠭᠴᠢᠳ ᠲᠤ ᠰᠤᠷᠤᠯᠴᠠᠬᠤ᠂ ᠲᠤᠷᠰᠢᠯᠭ᠎ᠠ ᠰᠤᠯᠢᠯᠴᠠᠬᠤ ᠪᠤᠯᠤᠨ | ᠪᠤᠷᠬᠠᠨ ᠤ ᠨᠤᠮ ᠰᠤᠷᠭᠠᠯ ᠢ ᠤᠬᠠᠭᠤᠯᠬᠤ ᠳᠤ ᠵᠤᠷᠢᠭᠤᠯᠤᠬᠰᠠᠨ ᠲᠠᠯᠠᠪᠤᠷ ᠪᠤᠯᠤᠨ᠎ᠠ᠃ | ᠤᠷᠲᠤᠨ ᠤ ᠶᠡᠷᠦᠩᠭᠡᠢ ᠲᠠᠯᠠᠪᠠᠢ 20 ᠲᠦᠮᠡᠨ ᠳᠡᠭᠰᠢ ᠲᠦᠷᠪᠡᠯᠵᠢᠨ ᠮᠧᠲᠷ᠂ ᠲᠤᠰ ᠪᠦᠷᠢ ᠦᠨᠳᠦᠰᠦᠲᠡᠨ ᠱᠠᠰᠢᠨ ᠰᠤᠷᠲᠠᠬᠤᠨ ᠤ ᠰᠤᠶᠤᠯ ᠤᠨ | ᠦᠵᠡᠬᠦᠯᠦᠯᠬᠡ ᠶᠢᠨ ᠲᠦᠪ᠂ ᠭᠡᠭᠡᠨ ᠤ ᠤᠷᠲᠤᠨ ᠪᠤᠯᠤᠨ ᠲᠢᠶᠠᠨ ᠳᠤ ᠰᠠᠭᠤᠵᠤ ᠪᠢᠰᠢᠯᠭᠠᠨ ᠦᠢᠯᠡᠳᠭᠦ ᠲᠦᠪ ᠵᠡᠷᠭᠡ ᠭᠤᠷᠪᠠᠨ ᠭᠡᠰᠡᠭ ᠢᠶᠠᠷ ᠪᠦᠷᠢᠯᠳᠦᠵᠡᠢ᠃ | ᠪᠠᠷᠢᠯᠭ᠎ᠠ ᠶᠢᠨ ᠭᠡᠪ ᠮᠠᠶ᠋ᠢᠭ ᠨᠢ ᠭᠤᠤᠯᠳᠠᠭᠤ ᠮᠤᠩᠭᠤᠯ ᠲᠦᠪᠡᠳ ᠭᠢᠲᠠᠳ ᠭᠤᠷᠪᠠᠨ ᠦᠨᠳᠦᠰᠦᠲᠡᠨ ᠤ ᠰᠤᠶᠤᠯ ᠤᠨ ᠤᠴᠠᠯᠢᠭ ᠢ ᠲᠤᠪᠤᠶᠢᠯᠭᠠᠨ᠂ ᠰᠤᠨᠤᠷᠳᠠᠬᠤ | ᠰᠡᠳᠭᠢᠭᠦ ᠪᠢᠰᠢᠯᠭᠠᠬᠤ ᠶᠠᠪᠤᠳᠠᠯ ᠵᠡᠷᠭᠡ ᠪᠠᠷ ᠰᠢᠵᠢᠮ ᠪᠤᠯᠭᠠᠨ᠂ ᠪᠤᠷᠬᠠᠨ ᠨᠤᠮ ᠤᠨ ᠬᠤᠲᠠ ᠮᠠᠨᠳᠠᠯ ᠢᠶᠠᠷ ᠤᠳᠬ᠎ᠠ ᠵᠦᠢ ᠪᠤᠯᠭᠠᠨ᠂ ᠲᠦᠪᠡᠳ ᠤᠨ ᠤᠯᠠᠮᠵᠢᠯᠠᠯᠲᠤ | ᠪᠤᠷᠬᠠᠨ ᠤ ᠱᠠᠰᠢᠨ ᠪᠠᠷᠢᠯᠭ᠎ᠠ ᠶᠢᠨ ᠤᠷ᠎ᠠ ᠮᠡᠷᠭᠡᠵᠢᠯ ᠢ ᠭᠢᠲᠠᠳ ᠤᠨ ᠬᠤᠲᠠ ᠭᠦᠷᠢᠶ᠎ᠡ ᠶᠢᠨ ᠳᠡᠭᠲᠡᠷ ᠢᠶᠠᠷ ᠲᠡᠭᠡᠭᠰᠢᠯᠡᠭᠦ ᠲᠠᠨᠢᠯᠲᠠ ᠶᠢ ᠤᠶᠠᠯᠳᠤᠭᠤᠯᠵᠤ᠂ ᠮᠤᠩᠭᠤᠯ | ᠭᠤᠤᠯ ᠴᠤᠮᠴᠤᠭ ᠪᠤᠯᠤᠨ ᠬᠠᠵᠠᠭᠤ ᠶᠢᠨ ᠴᠤᠮᠴᠤᠭ ᠲᠠᠢ ᠪᠠᠨ ᠠᠶᠠᠨᠳᠠᠭᠠᠨ ᠵᠠᠯᠭᠠᠯᠲᠤᠬᠰᠠᠨ ᠪᠠᠶᠢᠳᠠᠯ ᠢ ᠢᠯᠡᠷᠡᠭᠦᠯᠭᠦᠰᠡᠨ ᠰᠢᠨ᠎ᠡ ᠨᠢᠭᠡᠲᠦᠮᠡᠯ ᠴᠤᠬᠴᠠ ᠶᠢ ᠪᠤᠢ | ᠪᠤᠯᠭᠠᠪᠠ᠃ ᠠᠳᠡ ᠢᠷᠡᠪᠡᠯ ᠲᠠ ᠤᠷᠲᠤᠰ ᠨᠤᠲᠤᠭ ᠤᠨ ᠲᠦᠪᠡᠳ ᠤᠨ ᠤᠯᠠᠮᠵᠢᠯᠠᠯᠲᠤ ᠪᠤᠷᠬᠠᠨ ᠤ ᠱᠠᠰᠢᠨ ᠤ ᠰᠤᠶᠤᠯ ᠤᠨ ᠲᠡᠭᠡᠵᠢ ᠪᠤᠯᠤᠨ ᠰᠦᠮ᠎ᠡ ᠭᠡᠶᠢᠳ ᠤᠨ | ᠪᠠᠷᠢᠯᠭ᠎ᠠ ᠶᠢᠨ ᠤᠨᠴᠠᠯᠢᠭ ᠢ ᠰᠤᠨᠢᠷᠬᠠᠵᠤ ᠪᠤᠯᠤᠨ᠎ᠠ᠃ | | | | | | | | | |