ᠳᠠᠷᠢᠶᠠᠨ ᠭᠠᠵᠠᠷ ᠨᠣᠳᠤᠭ ᠪᠡᠯᠴᠢᠬᠡᠷ ᠢ ᠮᠠᠯᠴᠢᠨ ᠳᠠᠷᠢᠶᠠᠴᠢᠨ ᠳᠤ ᠪᠤᠴᠠᠭᠠᠬᠤ ᠶᠢ ᠬᠠᠣᠯᠢ ᠪᠠᠷ ᠪᠠᠳᠣᠯᠠᠨ᠎ᠠ
ᠨᠡᠶᠢᠲᠡᠯᠡᠭᠰᠡᠨ ᠴᠠᠭ᠄
2018-06-15
     ᠭᠠᠵᠠᠷ ᠰᠢᠷᠤᠢ ᠪᠤᠯ ᠳᠠᠷᠢᠶᠠᠴᠢᠳ ᠤᠨ ᠤᠷᠤᠰᠢᠨ ᠠᠮᠢᠳᠤᠷᠠᠬᠤ ᠦᠨᠳᠦᠰᠦ ᠶᠤᠮ ︵ᠡᠬᠦᠨ ᠳᠤ ᠮᠠᠯᠴᠢᠳ ᠤᠨ ᠨᠣᠳᠤᠭ ᠪᠡᠯᠴᠢᠭᠡᠷ ᠪᠠᠭᠳᠠᠨ᠎ᠠ︶᠂ ᠭᠡᠳᠦ᠋ᠢᠪᠡᠷ ᠤᠯᠠᠩᠬᠢ ᠳᠠᠷᠢᠶᠠᠴᠢᠳ ᠭᠠᠳᠠᠭᠰᠢ ᠭᠠᠷᠴᠤ ᠬᠦᠯᠦᠰᠦᠨ ᠠᠵᠢᠯ ᠬᠢᠭᠡᠳ ᠭᠠᠵᠠᠷ ᠰᠢᠷᠤᠢ ᠨ᠊ ‍ᠢ‌‍ᠰᠤᠯᠠ ᠬᠠᠶᠠᠭᠳᠠᠵᠤ ᠪᠠᠶᠢᠪᠠᠴᠤ ᠦᠨᠡᠭᠡᠷ ᠬᠤᠳᠠᠯᠳᠤᠭᠤᠯᠤᠶ᠎ᠠ ᠭᠡᠪᠡᠯ ᠮᠠᠰᠢ ᠬᠦᠴᠢᠷ ᠤᠴᠢᠷ ᠪᠤᠯᠳᠠᠭ᠃ ᠠᠷᠠᠯᠵᠢᠶᠠᠴᠢᠳ ᠤᠨ ᠨᠡᠭᠡᠭᠡᠨ ᠬᠦᠭᠵᠢᠬᠦᠯᠬᠦ ᠲᠦᠷᠦᠯ ᠵᠦᠢᠯ ᠨᠢ ᠨᠡᠯᠢᠶᠡᠳ ᠠᠷᠪᠢᠨ ᠭᠠᠵᠠᠷ  ᠰᠢᠷᠤᠢ ᠶᠢ ᠪᠤᠬᠢᠷᠳᠤᠭᠤᠯᠵᠤ᠂ ᠬᠦᠨᠳᠦ ᠨᠤᠴᠢᠳᠠᠢ ᠨᠢ ᠴᠢᠨᠠᠬᠰᠢᠯᠠᠪᠠᠯ ᠳᠠᠷᠢᠶ᠎ᠠ ᠤᠷᠭᠤᠬᠤ ᠪᠠᠨ ᠪᠤᠯᠢᠬᠰᠠᠨ ᠪᠠᠶᠢᠳᠠᠭ᠂ ᠲᠡᠭᠡᠪᠡᠯ ᠡᠳᠡᠭᠡᠷ ᠠᠰᠠᠭᠤᠳᠠᠯ ᠢ  ᠶᠠᠭᠠᠬᠢᠵᠣ ᠰᠢᠢᠳᠪᠦᠷᠢᠯᠡᠬᠦ ᠪᠤᠢ︖            ᠪᠠᠴᠢᠮ ᠠᠷᠭ᠎ᠠ ᠭᠡᠮᠵᠢᠶ᠎ᠡ — ᠳᠠᠷᠢᠶᠠᠨ ᠭᠠᠵᠠᠷ ᠢ ᠬᠠᠣᠯᠢ ᠪᠠᠷ ᠬᠠᠮᠠᠭᠠᠯᠠᠨ᠎ᠡ              ᠤᠯᠤᠰ ᠠᠴᠠ ︽ᠬᠠᠮᠢᠶᠠᠷᠤᠯᠳᠠ ᠶᠢᠨ ᠠᠷᠭ᠎ᠠ ᠭᠡᠮᠵᠢᠶ᠎ᠡ ᠪᠠᠨ ᠰᠠᠶᠢᠵᠢᠷᠠᠭᠤᠯᠤᠨ᠂ ᠳᠠᠷᠢᠶᠠᠨ ᠭᠠᠵᠠᠷ ᠢ ᠡᠵᠡᠯᠡᠬᠦ ᠨᠦᠬᠦᠪᠦᠷᠢᠯᠡᠬᠦ ᠲᠡᠩᠴᠡᠬᠦᠷᠢ ᠶᠢ ᠦᠨᠡᠨᠬᠦ ᠨᠠᠶᠢᠳᠠᠪᠤᠷᠢᠵᠢᠭᠤᠯᠬᠤ ᠳᠤᠬᠠᠢ ᠮᠡᠳᠡᠭᠳᠡᠯ︾᠎ ᠢ ᠣᠢᠢᠷ᠎ᠠ ᠳᠤ ᠳᠠᠬᠢᠨᠳᠠ ᠳᠠᠷᠤᠮᠠᠯᠯᠠᠨ ᠳᠠᠷᠬᠠᠭᠠᠵᠤ ︽ᠨᠢᠭᠡ ᠭᠡᠰᠡᠭ ᠰᠢᠨ᠎ᠡ ᠲᠦᠷᠢᠮ ᠳᠤᠭᠳᠠᠭᠠᠯ  ᠭᠠᠷᠭᠠᠨ᠂ ᠢᠯᠡᠬᠦᠭᠡᠨ ᠳᠡᠭᠰᠢᠯᠡᠨ ᠵᠠᠰᠠᠵᠤ ᠂ ᠳᠤᠳᠠᠭᠤ ᠨᠡᠭᠡᠭᠡᠨ ᠬᠦᠭᠵᠢᠬᠦᠯᠬᠦ ᠭᠡᠷᠡᠭᠳᠡᠢ︾ ᠭᠡᠵᠦ ᠱᠠᠭᠠᠷᠳᠠᠪᠠ᠃ ᠦᠩᠬᠡᠷᠡᠭᠰᠡᠨ ᠳᠤ ᠡᠨᠡ ᠭᠡᠰᠡᠭ ᠭᠠᠵᠠᠷ ᠢ ᠡᠵᠡᠯᠡᠪᠡᠯ᠂ ᠨᠦᠬᠦᠭᠡ ᠳᠠᠯ᠎ᠠ ᠳᠤᠨᠢ ᠨᠢᠭᠡ ᠭᠡᠰᠡᠭ ᠭᠠᠵᠠᠷ ᠢ ᠰᠢᠨ᠎ᠡ ᠪᠠᠷ ᠨᠡᠭᠡᠭᠡᠬᠦ ᠪᠤᠶᠤ ᠡᠰᠡᠪᠡᠯ ᠵᠤᠭᠤᠰ ᠳᠤᠰᠢᠶᠠᠬᠤ ᠠᠷᠭ᠎ᠠ ᠪᠠᠷ ᠰᠢᠢᠳᠪᠦᠷᠢᠯᠡᠴᠢᠭᠡᠳᠡᠭ᠃  ᠭᠡᠶ᠎ᠡ ᠤᠳᠤ ᠶᠢᠨ ᠲᠦᠷᠢᠮ ᠱᠠᠭᠠᠷᠳᠠᠯᠭ᠎ᠠ ᠪᠠᠷ ᠪᠤᠯ ᠳᠠᠷᠢᠶᠠᠯᠠᠩ ᠤᠨ ᠪᠤᠰᠤ ᠪᠦᠳᠦᠭᠡᠨ ᠪᠠᠶᠢᠭᠤᠯᠤᠯᠳᠠ ᠳᠤ ᠵᠦᠪᠰᠢᠶᠡᠷᠡᠯ ᠦᠭᠡᠢ ᠪᠠᠷ ᠳᠠᠷᠢᠶᠠᠨ ᠭᠠᠵᠠᠷ ᠢ ᠡᠵᠡᠯᠡᠪᠡᠯ ︽ᠭᠡᠳᠦᠢ ᠡᠵᠡᠯᠡᠭᠰᠡᠨ ᠪᠤᠯ ᠲᠡᠳᠦᠢ ᠨᠦᠬᠦᠪᠦᠷᠢᠯᠡᠬᠦ︾ ᠵᠠᠷᠴᠢᠮ ᠢᠶᠠᠷ ᠳᠤᠭ᠎ᠠ ᠪᠠ ᠶᠠᠰᠤ ᠴᠢᠨᠠᠷ ᠨᠢ ᠠᠳᠠᠯᠢᠬᠠᠨ ᠳᠠᠷᠢᠶᠠᠨ ᠭᠠᠵᠠᠷ ᠢ ᠨᠦᠬᠦᠪᠦᠷᠢᠯᠡᠵᠤ ᠦᠭᠬᠦ ᠭᠡᠷᠡᠭᠳᠡᠢ ᠬᠡᠵᠣ ᠲᠣᠭᠳᠠᠭᠠᠬᠰᠠᠨ ᠪᠠᠶᠢᠨ᠎ᠠ᠃ ᠡᠬᠦᠨ ᠤ ᠵᠤᠷᠢᠯᠭ᠎ᠠ ᠨᠢ ᠠᠵᠤ ᠠᠬᠤᠢ ᠶᠢᠨ ᠪᠦᠳᠦᠭᠡᠨ ᠪᠠᠶᠢᠭᠤᠯᠤᠯᠳᠠ ᠳᠤ ᠵᠤᠬᠢᠰᠳᠠᠢ ᠭᠡᠷᠡᠭᠯᠡᠬᠦ  ᠭᠠᠵᠠᠷ ᠤᠨ ᠱᠠᠭᠠᠷᠳᠠᠯᠭ᠎ᠠ ᠶᠢ ᠪᠠᠳᠤᠯᠠᠵᠤ᠂ ᠳᠤᠭᠳᠠᠭᠤᠨ ᠢᠶᠠᠷ ᠨᠡᠮᠡᠭᠳᠡᠬᠦᠯᠬᠦ ᠴᠢᠬᠤᠯᠠ ᠪᠦᠳᠦᠭᠡᠨ ᠪᠠᠶᠢᠭᠤᠯᠤᠯᠳᠠ ᠶᠢ ᠴᠠᠭ ᠳᠠᠷᠤᠢ ᠳᠤᠨᠢ ᠨᠠᠶᠢᠳᠠᠪᠤᠷᠢᠵᠢᠭᠤᠯᠬᠤ ᠶᠢ ᠲᠡᠮᠵᠢᠬᠦ ᠶᠢᠨ ᠬᠠᠮᠳᠤ ᠪᠠᠰᠠ ᠳᠠᠷᠢᠶᠠᠨ ᠭᠠᠵᠠᠷ ᠢ ᠬᠠᠮᠠᠭᠠᠯᠠᠬᠤ ᠴᠢᠩᠭ᠎ᠠ ᠬᠠᠣᠯᠢ ᠲᠦᠷᠢᠮ ᠢ ᠰᠠᠶᠢᠳᠤᠷ ᠨᠠᠶᠢᠳᠠᠪᠤᠷᠢᠵᠢᠭᠤᠯᠵᠤ᠂ ᠳᠠᠷᠢᠶᠠᠨ ᠭᠠᠵᠠᠷ ᠢ ᠡᠵᠡᠯᠡᠬᠦ᠂ ᠨᠦᠬᠦᠪᠦᠷᠢᠯᠡᠬᠦ ᠲᠡᠩᠴᠡᠬᠦᠷᠢ ᠶᠢᠨ ᠠᠵᠤ  ᠦᠢᠯᠡᠳᠪᠦᠷᠢᠵᠢᠯᠳᠡ᠂ ᠬᠤᠳᠠ ᠪᠠᠯᠭᠠᠰᠤᠵᠢᠯᠳᠠ ᠶᠢᠨ ᠪᠦᠳᠦᠭᠡᠨ ᠪᠠᠶᠢᠭᠤᠯᠤᠯᠳᠠ ᠳᠤ ᠳᠠᠷᠢᠶᠠᠨ ᠭᠠᠵᠠᠷ ᠢ ᠡᠵᠡᠯᠡᠬᠦ ᠭᠤᠭᠴᠤᠭᠠᠨ ᠤ ᠨᠦᠬᠦᠪᠦᠷᠢᠯᠡᠨ ᠠᠪᠤᠷᠠᠬᠤ ᠦᠢᠯᠡᠳᠦᠯ ᠢ ᠬᠦᠢᠴᠡᠳ ᠪᠠᠳᠠᠷᠠᠭᠤᠯᠵᠤ ᠳᠠᠷᠢᠶᠠᠨ ᠭᠠᠵᠠᠷ ᠤᠨ ᠤᠯᠠᠭᠠᠨ ᠱᠤᠭᠤᠮ ᠢ ᠪᠠᠳᠤ ᠰᠠᠬᠢᠬᠤ ᠶᠢᠨ ᠲᠦᠯᠦᠭᠡ ᠶᠤᠮ᠃              ᠳᠠᠷᠢᠶᠠᠨ ᠭᠠᠵᠠᠷ ᠤᠨ ᠲᠤᠬᠠᠢ ᠤᠷᠤᠰᠢᠵᠤ ᠪᠠᠶᠢᠭ᠎ᠠ ᠠᠰᠠᠭᠤᠳᠠᠯ              ᠬᠦᠭᠵᠢᠯᠳᠡ ᠶᠢᠨ ᠱᠠᠭᠠᠷᠳᠠᠯᠭ᠎ᠠ ᠠᠴᠠ  ᠪᠤᠯᠵᠤ᠂  ᠬᠦᠳᠡᠭᠡ ᠳᠤᠰᠬᠤᠨ ᠴᠤ ᠪᠦᠳᠦᠭᠡᠨ ᠪᠠᠶᠢᠭᠤᠯᠤᠯᠳᠠ ᠪᠠᠨ ᠴᠢᠩᠭᠠᠷᠠᠭᠤᠯᠤᠭᠰᠠᠨ ᠪᠤᠯᠪᠠᠴᠤ  ᠪᠦᠳᠦᠭᠡᠨ ᠪᠠᠶᠢᠭᠤᠯᠤᠯᠳᠠ ᠶᠢᠨ ᠳᠠᠯᠠᠪᠠᠢ ᠨᠢ ᠬᠢᠵᠠᠭᠠᠷ ᠲᠠᠢ᠂ ᠡᠶᠢᠮᠦ ᠠᠴᠠ ᠭᠡᠰᠡᠭ ᠬᠦᠭᠵᠢᠬᠦᠯᠦᠯᠳᠡ ᠶᠢᠨ ᠭᠡᠷᠡᠭᠴᠡᠭᠡᠨ ᠠᠴᠠ ᠪᠤᠯᠵᠤ ᠳᠠᠷᠢᠶᠠᠨ ᠭᠠᠵᠠᠷ ᠢ ᠡᠵᠡᠯᠡᠪᠡ᠃ ᠡᠯ᠎ᠡ ᠭᠠᠵᠠᠷ ᠤᠨ ᠬᠢᠨ ᠳᠠᠷᠢᠶᠠᠨ ᠭᠠᠵᠠᠷ ᠢᠶᠠᠨ ᠳᠠᠰᠤᠷᠠᠯᠳᠠ ᠦᠭᠡᠢ ᠨᠦᠬᠦᠪᠦᠷᠢᠯᠡᠵᠦ ᠪᠠᠶᠢᠪᠠᠴᠤ ᠳᠠᠷᠢᠶᠠᠨ ᠭᠠᠵᠠᠷ ︵ᠨᠣᠳᠤᠭ ᠪᠡᠯᠴᠢᠬᠡᠷ︶᠎ ᠤᠨ ᠪᠤᠶᠤ ᠭᠡᠯᠡᠯᠴᠡᠵᠦ ᠳᠤᠬᠢᠷᠠᠭᠰᠠᠨ ᠳᠠᠷᠢᠶᠠᠨ ᠭᠠᠵᠠᠷ ᠤᠯᠠᠮ ᠠᠴᠠ ᠪᠠᠭᠠᠰᠴᠤ᠂ ᠳᠠᠷᠢᠶᠠᠨ ᠭᠠᠵᠠᠷ ᠢ ᠨᠦᠬᠦᠪᠦᠷᠢᠯᠡᠬᠦ ᠬᠦᠴᠢᠷᠲᠡᠯ ᠨᠡᠮᠡᠭᠳᠡᠵᠦ᠂ ᠤᠨᠴᠠᠭᠠᠢᠢᠯᠠᠨ ᠰᠢᠭᠤᠳ ᠠᠳᠠᠷ ᠬᠠᠭᠠᠯᠪᠤᠷᠢᠯᠠᠵᠤ ᠨᠦᠬᠦᠪᠦᠷᠢᠯᠡᠬᠦ ᠠᠳᠠᠯᠢ ᠲᠡᠰ ᠤᠨ ᠶᠠᠰᠤ ᠴᠢᠨᠠᠷ ᠲᠠᠢ ᠳᠠᠷᠢᠶᠠᠨ ᠭᠠᠵᠠᠷ ᠪᠠ ᠤᠰᠤᠨ ᠳᠠᠷᠢᠶ᠎ᠠ ᠶᠢ ᠤᠯᠠᠨ ᠭᠠᠵᠠᠷ ᠲᠤ ᠦᠷᠨᠢᠬᠦᠯᠬᠦ ᠶᠢᠨ ᠠᠷᠭ᠎ᠠ ᠦᠭᠡᠢ ᠪᠠᠶᠢᠨ᠎ᠠ ᠃              ᠡᠵᠡᠯᠡᠬᠦ ᠨᠦᠬᠦᠪᠦᠷᠢᠯᠡᠬᠦ ᠲᠡᠩᠴᠡᠬᠦᠷᠢ ᠶᠢᠨ ᠬᠠᠮᠢᠶᠠᠷᠤᠯᠳᠠ ᠶᠢ ᠶᠠᠭᠠᠬᠢᠵᠣ ᠵᠣᠬᠢᠴᠠᠭᠤᠯᠬᠤ ᠪᠣᠢ︖              ᠨᠢᠬᠡ᠂ ᠳᠠᠷᠢᠶᠠᠨ ᠭᠠᠵᠠᠷ ᠢ ᠨᠦᠬᠦᠪᠦᠷᠢᠯᠡᠬᠦ ᠠᠷᠭ᠎ᠠ ᠪᠠᠨ ᠬᠤᠪᠢᠷᠠᠭᠤᠯᠬᠤ ᠭᠡᠷᠡᠭᠳᠡᠢ              ᠦᠩᠭᠡᠷᠡᠭᠰᠡᠨ ᠤ ᠨᠡᠭᠡᠭᠡᠬᠦ ᠪᠠᠷ ᠭᠤᠤᠯᠳᠠᠭᠤᠯᠤᠨ ᠳᠠᠷᠢᠶᠠᠨ  ᠭᠠᠵᠠᠷ ᠢ ᠨᠦᠬᠦᠪᠦᠷᠢᠯᠡᠳᠡᠭ ᠠᠷᠭ᠎ᠠ ᠳᠠᠭᠠᠨ ᠳᠤᠬᠢᠷᠠᠭᠤᠯᠤᠯᠳᠠ ᠬᠢᠵᠦ᠂ ᠭᠠᠵᠠᠷ ᠰᠢᠷᠤᠢ ᠶᠢ ᠳᠡᠭᠰᠢᠯᠡᠨ ᠵᠠᠰᠠᠵᠤ ᠦᠨᠳᠦᠷ ᠪᠠᠷᠢᠮᠵᠢᠶᠠᠳᠤ ᠳᠠᠷᠢᠶᠠᠨ ᠭᠠᠵᠠᠷ ᠢ ᠨᠦᠬᠦᠪᠦᠷᠢᠯᠡᠬᠦ ᠪᠦᠳᠦᠭᠡᠨ ᠪᠠᠶᠢᠭᠤᠯᠤᠯᠳᠠ ᠪᠠᠷ ᠳᠠᠷᠢᠶᠠᠨ ᠭᠠᠵᠠᠷ ᠢ ᠨᠦᠬᠦᠪᠦᠷᠢᠯᠡᠵᠦ᠂ ᠵᠠᠯᠭᠠᠯᠳᠤᠭᠰᠠᠨ ᠠᠰᠢᠬᠯᠠᠭᠠᠳᠤᠢ ᠭᠠᠵᠠᠷ ᠢ ᠨᠡᠭᠡᠭᠡᠬᠦ ᠶᠢ ᠴᠢᠩᠭ᠎ᠠ ᠬᠢᠵᠠᠭᠠᠷᠯᠠᠨ᠂ ᠠᠮᠢ ᠠᠬᠤᠢ ᠶᠢᠨ ᠤᠷᠴᠢᠨ ᠳᠤᠭᠤᠷᠢᠨ ᠢ ᠦᠨᠡᠨᠬᠦ ᠪᠠᠳᠤᠯᠠᠬᠤ ᠭᠡᠷᠡᠭᠳᠡᠢ᠃        ᠬᠤᠶᠠᠷ᠂ ︽ᠨᠦᠬᠦᠪᠦᠷᠢᠯᠡᠬᠦ ᠦᠭᠡᠷᠡᠴᠢᠯᠡᠬᠦ ᠶᠢ ᠤᠶᠠᠯᠳᠤᠭᠤᠯᠵᠤ︾ ᠳᠠᠷᠢᠶᠠᠨ ᠭᠠᠵᠠᠷ ᠢ ᠡᠵᠡᠯᠡᠬᠦ ᠨᠦᠬᠦᠪᠦᠷᠢᠯᠡᠬᠦ ᠲᠡᠩᠴᠡᠬᠦᠷᠢ ᠶᠢ ᠨᠠᠶᠢᠳᠠᠪᠤᠷᠢᠵᠢᠭᠤᠯᠬᠤ ᠭᠡᠷᠡᠭᠳᠡᠢ᠃           ᠡᠯ᠎ᠡ ᠭᠠᠵᠠᠷ ᠤᠨ ᠬᠢᠨ ᠨᠡᠮᠡᠯᠳᠡ ᠳᠠᠷᠢᠶᠠᠨ ᠭᠠᠵᠠᠷ ᠪᠠ ᠳᠠᠷᠢᠶᠠᠨ ᠭᠠᠵᠠᠷ ᠤᠨ ᠶᠠᠰᠤ ᠴᠢᠨᠠᠷ ᠢ ᠲᠡᠭᠡᠭᠰᠢᠯᠡᠬᠦᠯᠵᠦ᠂ᠦᠭᠡᠷᠡᠴᠢᠯᠡᠨ ᠰᠠᠶᠢᠵᠢᠷᠠᠭᠤᠯᠬᠤ ᠶᠢ  ᠬᠠᠷᠢᠯᠴᠠᠨ ᠤᠶᠠᠯᠳᠤᠭᠤᠯᠬᠤ ᠠᠷᠭ᠎ᠠ᠂ ᠳᠠᠷᠤᠢ ︽ᠨᠦᠬᠦᠪᠦᠷᠢᠯᠡᠬᠦ ᠦᠭᠡᠷᠡᠴᠢᠯᠡᠬᠦ ᠶᠢ ᠤᠶᠠᠯᠳᠤᠭᠤᠯᠬᠤ︾ ᠠᠷᠭ᠎ᠠ ᠪᠠᠷ ᠳᠠᠷᠢᠶᠠᠨ ᠭᠠᠵᠠᠷ ᠢ ᠡᠵᠡᠯᠡᠬᠦ ᠨᠦᠬᠦᠪᠦᠷᠢᠯᠡᠬᠦ ᠲᠡᠩᠴᠡᠬᠦᠷᠢ ᠶᠢ ᠨᠠᠶᠢᠳᠠᠪᠤᠷᠢᠵᠢᠭᠤᠯᠵᠤ᠂ ᠳᠠᠷᠢᠶᠠᠨ ᠭᠠᠵᠠᠷ ᠢ ᠨᠢᠭᠡ ᠭᠡᠰᠡᠭ ᠡᠵᠡᠯᠡᠪᠡᠯ ᠨᠢᠭᠡ ᠭᠡᠰᠡᠭ ᠢ ᠨᠦᠬᠦᠪᠦᠷᠢᠯᠡᠵᠦ᠂ ᠰᠠᠶᠢᠨ  ᠭᠠᠵᠠᠷ ᠢ ᠡᠵᠡᠯᠡᠪᠡᠯ ᠰᠠᠶᠢᠨ ᠭᠠᠵᠠᠷ ᠨᠦᠬᠦᠪᠦᠷᠢᠯᠡᠵᠦ᠂ ᠤᠰᠤᠨ ᠳᠠᠷᠢᠶ᠎ᠠ ᠶᠢ ᠡᠵᠡᠯᠡᠪᠡᠯ ᠤᠰᠤᠨ ᠳᠠᠷᠢᠶᠠᠨ ᠭᠠᠵᠠᠷ ᠢ ᠨᠦᠬᠦᠪᠦᠷᠢᠯᠡᠬᠦ ᠭᠡᠷᠡᠭᠳᠡᠢ᠃ ︽ᠨᠦᠬᠦᠪᠦᠷᠢᠯᠡᠬᠦ ᠦᠭᠡᠷᠡᠴᠢᠯᠡᠬᠦ ᠶᠢ ᠤᠶᠠᠯᠳᠤᠭᠤᠯᠬᠤ︾᠎ ᠶᠢ ᠭᠡᠷᠡᠭᠯᠡᠬᠦ ᠭᠡᠪᠴᠢᠶ᠎ᠡ ᠶᠢ ᠳᠤᠰᠠᠭᠠᠷ ᠭᠠᠵᠠᠷ ᠰᠤᠩᠭᠤᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠳᠤ ᠭᠡᠷᠡᠭᠯᠡᠬᠦ ᠭᠠᠵᠠᠷ ᠠᠴᠠ ᠤᠯᠠᠮ ᠴᠢᠨᠠᠬᠰᠢᠳᠠ ᠬᠤᠳᠠ᠂ ᠬᠦᠳᠡᠭᠡ ᠳᠤᠰᠬᠤᠨ ᠪᠠ ᠴᠤᠭᠯᠠᠭ᠎ᠠ ᠪᠠᠯᠭᠠᠰᠤ ᠶᠢᠨ ᠪᠦᠳᠦᠭᠡᠨ ᠪᠠᠶᠢᠭᠤᠯᠤᠯᠳᠠ ᠳᠤ ᠭᠡᠷᠡᠭᠯᠡᠬᠦ ᠭᠠᠵᠠᠷ ᠬᠦᠷᠲᠡᠯ᠎ᠡ ᠦᠷᠭᠡᠳᠭᠡᠬᠦ ᠭᠡᠷᠡᠭᠳᠡᠢ᠃              ᠭᠤᠷᠪᠠ᠂ ᠳᠠᠷᠢᠶᠠᠨ ᠭᠠᠵᠠᠷ ᠢ ᠨᠦᠬᠦᠪᠦᠷᠢᠯᠡᠬᠦ ᠠᠷᠭ᠎ᠠ ᠵᠠᠮ ᠢ ᠦᠷᠭᠡᠳᠭᠡᠬᠦ ᠭᠡᠷᠡᠭᠳᠡᠢ            ᠳᠠᠷᠢᠶᠠᠨ ᠭᠠᠵᠠᠷ ᠤᠨ ᠠᠳᠠᠷ ᠬᠠᠭᠠᠯᠪᠤᠷᠢᠯᠠᠬᠤ ᠰᠦᠢᠳᠭᠡᠯ ᠠᠴᠠ ᠭᠠᠳᠠᠨ᠎ᠠ᠂ ᠪᠦᠳᠦᠭᠡᠨ ᠪᠠᠶᠢᠭᠤᠯᠤᠯᠳᠠ ᠳᠤ ᠭᠡᠷᠡᠭᠯᠡᠬᠦ ᠭᠠᠵᠠᠷ ᠢ ᠲᠦᠯᠦᠪᠦᠷᠢ ᠲᠠᠢ ᠭᠡᠷᠡᠭᠯᠡᠬᠦ ᠰᠦᠢᠳᠭᠡᠯ᠂ ᠪᠤᠰᠤᠳ ᠡᠳ᠋ ᠤᠨ ᠵᠠᠰᠠᠭ ᠤᠨ ᠪᠡᠯᠡ ᠮᠦᠩᠬᠦ᠂ ᠨᠡᠶᠢᠭᠡᠮ ᠤᠨ ᠪᠡᠯᠡ ᠮᠦᠩᠬᠦ ᠵᠡᠷᠭᠡ ᠪᠠᠷ ᠪᠡᠯᠡ ᠤᠷᠤᠭᠤᠯᠤᠨ ᠪᠤᠢ ᠪᠤᠯᠤᠭᠰᠠᠨ  ᠳᠠᠷᠢᠶᠠᠨ ᠭᠠᠵᠠᠷ ᠢ  ᠰᠢᠨ᠎ᠡ ᠪᠠᠷ ᠨᠡᠮᠡᠬᠦ ᠶᠢ ᠵᠦᠪᠰᠢᠶᠡᠷᠡᠨ᠂ ᠨᠡᠮᠡᠵᠤ ᠬᠠᠰᠤᠬᠤ ᠶᠢ ᠨᠢ ᠬᠤᠯᠪᠤᠭᠳᠠᠭᠤᠯᠵᠤ᠂ ᠭᠠᠵᠠᠷ ᠰᠢᠷᠤᠢ ᠶᠢᠨ ᠠᠳᠠᠷ ᠬᠠᠭᠠᠯᠪᠤᠷᠢᠯᠠᠯᠳᠠ ᠶᠢ ᠰᠡᠷᠬᠦᠭᠡᠭᠡᠳ ᠪᠤᠢ ᠪᠤᠯᠤᠭᠰᠠᠨ ᠳᠠᠷᠢᠶᠠᠨ ᠭᠠᠵᠠᠷ᠂ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠭᠡᠷᠡᠭᠵᠢᠬᠦᠯᠬᠦ ᠦᠨᠳᠦᠷ ᠪᠠᠷᠢᠮᠵᠢᠶᠠᠳᠤ ᠳᠠᠷᠢᠶᠠᠨ ᠭᠠᠵᠠᠷ ᠤᠨ  ᠪᠦᠳᠦᠭᠡᠨ ᠪᠠᠶᠢᠭᠤᠯᠤᠯᠳᠠ ᠪᠠᠷ ᠪᠤᠢ ᠪᠤᠯᠤᠭᠰᠠᠨ ᠳᠠᠷᠢᠶᠠᠨ ᠭᠠᠵᠠᠷ ᠵᠡᠷᠭᠡ ᠶᠢ ᠴᠦᠮ ᠡᠵᠡᠯᠡᠬᠦ ᠨᠦᠬᠦᠪᠦᠷᠢᠯᠡᠬᠦ ᠲᠡᠩᠴᠡᠬᠦᠷᠢ ᠳᠤ ᠭᠡᠷᠡᠭᠯᠡᠵᠦ ᠪᠤᠯᠤᠨ᠎ᠠ᠃              ᠲᠦᠷᠪᠡ᠂ ᠭᠤᠷᠪᠠᠨ ᠲᠦᠷᠦᠯ ᠤᠨ ᠵᠢᠭᠠᠯᠳᠠ ᠳᠤᠭ᠎ᠠ ᠶᠢᠨ ᠨᠦᠬᠡᠴᠡ ᠶᠢ ᠬᠠᠷᠭᠤᠭᠤᠯᠤᠨ ᠭᠠᠷᠭᠠᠬᠤ ᠲᠦᠷᠢᠮ ᠢ ᠪᠠᠶᠢᠭᠤᠯᠬᠤ ᠭᠡᠷᠡᠭᠳᠡᠢ              ᠨᠦᠬᠦᠪᠦᠷᠢᠯᠡᠵᠤ ᠭᠠᠷᠭᠠᠭᠰᠠᠨ ᠳᠠᠷᠢᠶᠠᠨ ᠭᠠᠵᠠᠷ ᠤᠨ ᠳᠤᠭ᠎ᠠ᠂ ᠦᠢᠯᠡᠳᠪᠦᠷᠢᠯᠡᠯ ᠤᠨ ᠴᠢᠳᠠᠪᠬᠢ᠂ ᠤᠰᠤᠨ ᠳᠠᠷᠢᠶ᠎ᠠ ᠭᠤᠷᠪᠠᠨ ᠲᠦᠷᠦᠯ ᠤᠨ ᠵᠢᠭᠠᠯᠳᠠ ᠳᠤᠭ᠎ᠠ ᠶᠢᠨ ᠨᠦᠭᠡᠴᠡ ᠬᠦᠮᠦᠷᠭᠡ ᠪᠠᠶᠢᠭᠤᠯᠤᠨ᠂ ᠪᠦᠳᠦᠭᠡᠨ ᠪᠠᠶᠢᠭᠤᠯᠤᠯᠳᠠ ᠳᠤ ᠪᠤᠳᠠᠳᠠᠢ ᠭᠡᠷᠡᠭᠯᠡᠬᠦ ᠭᠠᠵᠠᠷ ᠢ ᠮᠡᠳᠡᠬᠦᠯᠦᠨ ᠵᠦᠪᠰᠢᠶᠡᠷᠡᠬᠦᠯᠬᠦ  ᠦᠶᠡᠰ᠂ ᠡᠵᠡᠯᠡᠬᠦ ᠨᠦᠬᠦᠪᠦᠷᠢᠯᠡᠬᠦ ᠲᠡᠩᠴᠡᠬᠦᠷᠢ ᠶᠢᠨ ᠱᠠᠭᠠᠷᠳᠠᠯᠭ᠎ᠠ ᠪᠠᠷ ᠨᠦᠭᠡᠴᠡ ᠬᠦᠮᠦᠷᠭᠡ ᠠᠴᠠ ᠲᠦᠷᠦᠯ ᠬᠤᠪᠢᠶᠠᠨ ᠳᠤᠰ ᠳᠤᠰ ᠲᠤᠨᠢ ᠬᠠᠷᠭᠤᠭᠤᠯᠤᠨ ᠭᠠᠷᠭᠠᠬᠤ ᠭᠡᠷᠡᠭᠳᠡᠢ᠃              ᠲᠠᠪᠤ᠂ ︽ᠵᠦᠷᠢᠶᠡᠳᠦ︾ ᠬᠠᠮᠢᠶᠠᠷᠤᠯᠳᠠ ᠶᠢᠨ ᠠᠷᠭ᠎ᠠ ᠶᠢ ᠭᠡᠷᠡᠭᠵᠢᠬᠦᠯᠬᠦ ᠭᠡᠷᠡᠭᠳᠡᠢ              ᠮᠤᠵᠢ ᠶᠢᠨ ᠱᠠᠳᠤᠨ ᠤ ᠤᠯᠤᠰ ᠤᠨ ᠭᠠᠵᠠᠷ  ᠰᠢᠷᠤᠢ ᠶᠢᠨ ᠡᠬᠢ  ᠪᠠᠶᠠᠯᠢᠬ ᠢ ᠭᠤᠤᠯᠯᠠᠨ  ᠬᠠᠮᠢᠶᠠᠷᠬᠤ ᠰᠠᠯᠠᠭ᠎ᠠ ᠮᠦᠴᠢᠷ ᠤᠨ ᠬᠢᠨ ᠨᠦᠬᠦᠪᠦᠷᠢᠯᠡᠬᠦ ᠳᠠᠷᠢᠶᠠᠨ ᠭᠠᠵᠠᠷ ᠤᠨ ᠵᠢᠭᠠᠯᠳᠠ ᠳᠤᠭ᠎ᠠ ᠶᠢ ᠵᠤᠬᠢᠴᠠᠭᠤᠯᠬᠤ ᠳᠠᠪᠴᠠᠩ ᠪᠠᠶᠢᠭᠤᠯᠤᠨ᠂ ᠭᠠᠵᠠᠷ ᠤᠷᠤᠨ ᠳᠠᠭᠠᠨ ᠳᠤᠬᠢᠷᠠᠭᠰᠠᠨ ᠨᠢᠭᠡᠳᠦᠯᠳᠡᠢ ᠪᠠᠶᠢᠷᠢᠯᠠᠭᠤᠯᠬᠤ ᠵᠢᠭᠠᠯᠳᠠ ᠳᠤᠭ᠎ᠠ ᠶᠢ ᠵᠤᠬᠢᠴᠠᠭᠤᠯᠬᠤ ᠭᠡᠷᠡᠭᠳᠡᠢ᠃ ᠪᠠᠶᠢᠳᠠᠯ ᠢ ᠨᠢ ᠦᠵᠡᠨ ᠵᠤᠬᠢᠴᠠᠭᠤᠯᠬᠤ ᠲᠦᠷᠦ ᠶᠢᠨ ᠪᠤᠳᠤᠯᠭ᠎ᠠ ᠶᠢ ᠳᠤᠳᠤᠷᠬᠠᠢᠢᠯᠠᠵᠤ᠂  ᠭᠤᠤᠯᠳᠠᠯᠭ᠎ᠠ ᠲᠠᠢ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠳᠤ ᠵᠢᠭᠠᠯᠳᠠ ᠳᠤᠭ᠎ᠠ ᠶᠢ ᠵᠤᠬᠢᠴᠠᠭᠤᠯᠬᠤ ᠦᠨ᠎ᠡ ᠬᠠᠩᠰᠢ ᠳᠤᠭᠳᠠᠭᠠᠨ ᠤᠷᠢᠳᠠᠪᠠᠷ  ᠪᠠᠳᠤᠯᠠᠵᠤ᠂ ᠪᠤᠰᠤᠳ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠳᠤ ᠦᠨ᠎ᠡ ᠬᠠᠶᠠᠬᠤ ᠠᠷᠭ᠎ᠠ ᠪᠠᠷ ᠨᠦᠬᠦᠪᠦᠷᠢᠯᠡᠬᠦ ᠳᠠᠷᠢᠶᠠᠨ ᠭᠠᠵᠠᠷ ᠤᠨ ᠵᠢᠭᠠᠯᠳᠠ ᠳᠤᠭ᠎ᠠ ᠶᠢ ᠵᠤᠬᠢᠴᠠᠭᠤᠯᠬᠤ ᠭᠡᠷᠡᠭᠳᠡᠢ︔ ᠪᠠᠰᠠ ᠦᠨ᠎ᠡ ᠶᠢ ᠨᠢ ᠨᠢᠭᠡᠳᠦᠯᠳᠡᠢ ᠬᠢᠵᠠᠭᠠᠷᠯᠠᠭᠰᠠᠨ ᠠᠷᠠᠯᠵᠢᠶ᠎ᠠ ᠪᠤᠶᠤ ᠵᠠᠬ᠎ᠠ ᠲᠡᠯᠭᠡᠬᠦᠷ ᠤᠨ ᠠᠷᠠᠯᠵᠢᠶᠠᠨ ᠤ  ᠠᠷᠭ᠎ᠠ ᠪᠠᠷ ᠨᠦᠬᠦᠪᠦᠷᠢᠯᠡᠬᠦ ᠳᠠᠷᠢᠶᠠᠨ ᠭᠠᠵᠠᠷ ᠤᠨ ᠵᠢᠭᠠᠯᠳᠠ ᠳᠤᠭ᠎ᠠ ᠶᠢ ᠵᠤᠬᠢᠴᠠᠭᠤᠯᠵᠤ ᠪᠤᠯᠤᠨ᠎ᠠ᠃ ᠵᠠᠬ᠎ᠠ ᠲᠡᠯᠭᠡᠬᠦᠷ ᠤᠨ ᠡᠬᠢ ᠪᠠᠶᠠᠯᠢᠬ ᠤᠨ ᠳᠤᠬᠢᠷᠠᠭᠤᠯᠤᠯᠳᠠ ᠶᠢᠨ ᠦᠢᠯᠡᠳᠦᠯ ᠢ ᠪᠠᠳᠠᠷᠠᠭᠤᠯᠤᠨ᠂ ᠡᠬᠢ ᠪᠠᠶᠠᠯᠢᠬ ᠢ‌ᠬᠠᠮᠠᠭᠠᠯᠠᠬᠤ ᠭᠠᠵᠠᠷ ᠤᠷᠤᠨ ᠤ ᠠᠵᠤ ᠠᠬᠤᠢ ᠶᠢᠨ ᠲᠦᠯᠦᠪᠦᠷᠢ ᠶᠢ ᠨᠡᠮᠡᠭᠳᠡᠬᠦᠯᠬᠦ ᠭᠡᠷᠡᠭᠳᠡᠢ᠃              ᠳᠠᠷᠢᠶᠠᠨ ᠭᠠᠵᠠᠷ ᠢ ᠡᠵᠡᠯᠡᠬᠦ ᠨᠦᠬᠦᠪᠦᠷᠢᠯᠡᠬᠦ ᠲᠡᠩᠴᠡᠬᠦᠷᠢ ᠶᠢᠨ ᠴᠢᠨᠠᠷ ᠪᠠ ᠳᠤᠭ᠎ᠠ ᠶᠢ ᠶᠠᠭᠠᠬᠢᠵᠣ ᠪᠠᠳᠤᠯᠠᠬᠤ ᠪᠤᠢ︖              ᠤᠯᠤᠰ ᠤᠨ ᠬᠤᠯᠪᠣᠬᠳᠠᠯ ᠪᠦᠬᠦᠢ ᠰᠠᠯᠠᠭ᠎ᠠ ᠮᠦᠴᠢᠷ ᠬᠠᠮᠳᠣᠷᠠᠨ ︽ᠨᠦᠬᠦᠪᠦᠷᠢᠯᠡᠬᠦ ᠳᠠᠷᠢᠶᠠᠨ ᠭᠠᠵᠠᠷ ᠤᠨ ᠳᠤᠭ᠎ᠠ ᠬᠡᠮᠵᠢᠶ᠎ᠠ ᠬᠢᠭᠡᠳ ᠳᠠᠷᠢᠶᠠᠨ  ᠭᠠᠵᠠᠷ ᠤᠨ ᠶᠠᠰᠤ ᠴᠢᠨᠠᠷ ᠢ ᠲᠡᠭᠡᠭᠰᠢᠯᠡᠬᠦᠯᠬᠦ ᠶᠢ ᠤᠶᠠᠯᠳᠤᠭᠤᠯᠤᠨ ᠡᠵᠡᠯᠡᠬᠦ ᠨᠦᠬᠦᠪᠦᠷᠢᠯᠡᠬᠦ‌‍ᠲ᠋ᠡᠩᠴᠡᠬᠦᠷᠢ ᠶᠢ ᠨᠠᠶᠢᠳᠠᠪᠤᠷᠢᠵᠢᠭᠤᠯᠬᠤ ᠳᠤᠬᠠᠢ ᠵᠢᠯᠤᠭᠤᠳᠬᠤ ᠰᠠᠨᠠᠯ︾᠎ ᠢ ᠲᠦᠷᠦᠬᠦᠬᠡᠨ ᠳᠠᠷᠤᠮᠠᠯᠯᠠᠨ ᠳᠠᠷᠬᠠᠭᠠᠵᠤ᠂ ᠨᠦᠬᠦᠪᠦᠷᠢᠯᠡᠬᠦ‌‍ᠲ᠋ᠠᠷᠢᠶᠠᠨ ᠭᠠᠵᠠᠷ ᠤᠨ ᠳᠤᠭ᠎ᠠ ᠶᠢ ᠪᠠᠳᠤᠯᠠᠭᠰᠠᠨ ᠰᠠᠭᠤᠷᠢᠨ ᠲᠡᠭᠡᠷ᠎ᠡ᠂ ᠤᠳᠤ ᠶᠢᠨ ᠪᠠᠶᠢᠭ᠎ᠠ ᠳᠠᠷᠢᠶᠠᠨ ᠭᠠᠵᠠᠷ ᠤᠨ ᠶᠠᠰᠤ ᠴᠢᠨᠠᠷ ᠢ‌‍ᠲ᠋ᠡᠭᠡᠭᠰᠢᠯᠡᠬᠦᠯᠦᠨ ᠦᠭᠡᠷᠡᠴᠢᠯᠡᠨ ᠰᠠᠶᠢᠵᠢᠷᠠᠭᠤᠯᠬᠤ ᠪᠠᠷ ᠳᠠᠮᠵᠢᠭᠤᠯᠤᠨ᠂ ᠨᠦᠬᠦᠪᠦᠷᠢᠯᠡᠬᠦ ᠳᠠᠷᠢᠶᠠᠨ ᠭᠠᠵᠠᠷ ᠬᠢᠭᠡᠳ ᠦᠭᠡᠷᠡᠴᠢᠯᠡᠨ‌‍ᠰᠠᠶᠢᠵᠢᠷᠠᠭᠤᠯᠬᠤ ᠳᠠᠷᠢᠶᠠᠨ ᠭᠠᠵᠠᠷ ᠢ ᠤᠶᠠᠯᠳᠤᠭᠤᠯᠬᠤ ᠠᠷᠭ᠎ᠠ ᠪᠠᠷ ᠳᠠᠷᠢᠶᠠᠨ ᠭᠠᠵᠠᠷ ᠤᠨ ᠡᠵᠡᠯᠡᠬᠦ ᠨᠦᠬᠦᠪᠦᠷᠢᠯᠡᠬᠦ‌‍ᠲ᠋ᠡᠩᠴᠡᠬᠦᠷᠢ ᠶᠢ ᠪᠠᠳᠤᠯᠠᠬᠤ ᠭᠡᠷᠡᠭᠳᠡᠢ ᠭᠡᠵᠦ ᠱᠠᠭᠠᠷᠳᠠᠪᠠ᠃ ᠦᠭᠡᠷ᠎ᠡ ᠪᠠᠷ ᠭᠡᠯᠡᠪᠡᠯ᠂ ᠠᠨᠠᠢ ᠳᠠᠷᠢᠶᠠᠨ ᠭᠠᠵᠠᠷ ᠤᠨ ᠬᠦᠷᠦᠰᠦ ᠰᠢᠷᠤᠢ ᠶᠢ ᠰᠠᠶᠢᠵᠢᠷᠠᠭᠤᠯᠬᠤ ᠪᠠ ᠤᠰᠤᠯᠠᠯᠳᠠ  ᠵᠡᠷᠭᠡ‌‍ᠲ᠋ᠠᠷᠢᠶᠠᠯᠠᠩ ᠦᠢᠯᠡᠳᠪᠦᠷᠢᠯᠡᠯ ᠤᠨ ᠨᠦᠬᠦᠴᠡᠯ ᠢᠶᠠᠷ ᠳᠠᠮᠵᠢᠭᠤᠯᠤᠨ᠂ ᠳᠠᠷᠢᠶᠠᠨ ᠭᠠᠵᠠᠷ ᠤᠨ ᠶᠠᠰᠤ ᠴᠢᠨᠠᠷ ᠢ ᠲᠡᠭᠡᠭᠰᠢᠯᠡᠬᠦᠯᠦᠨ᠎ᠡ︔ᠡᠰᠡᠬᠦᠯ᠎ᠡ ᠳᠠᠷᠢᠶᠠᠨ ᠭᠠᠵᠠᠷ ᠤᠨ ᠤᠰᠤᠨ ᠠᠰᠢᠬᠯᠠᠯᠳᠠ ᠵᠡᠷᠭᠡ ᠳᠤᠨᠤᠭ ᠲᠦᠬᠦᠭᠡᠷᠦᠮᠵᠢ ᠪᠠᠷ ᠳᠠᠮᠵᠢᠭᠤᠯᠤᠨ ᠬᠠᠭᠤᠷᠠᠢ ᠳᠠᠷᠢᠶᠠᠨ‌ᠭᠠᠵᠠᠷ ᠢ ᠤᠰᠤᠨ ᠳᠠᠷᠢᠶ᠎ᠠ ᠪᠤᠯᠭᠠᠵᠤ᠂ ᠡᠶᠢᠮᠦᠷᠬᠦ ᠠᠷᠭ᠎ᠠ ᠪᠠᠷ ᠰᠠᠶᠢᠨ ᠭᠠᠵᠠᠷ ᠢ ᠡᠵᠡᠯᠡᠭᠰᠡᠨ ᠪᠤᠯ ᠰᠠᠶᠢᠨ ᠭᠠᠵᠠᠷ ᠢ‌ᠨᠦ᠋ᠬᠦᠪᠦᠷᠢᠯᠡᠵᠦ᠂ ᠤᠰᠤᠨ ᠳᠠᠷᠢᠶ᠎ᠠ ᠶᠢ ᠡᠵᠡᠯᠡᠭᠰᠡᠨ ᠪᠤᠯ ᠤᠰᠤᠨ ᠳᠠᠷᠢᠶᠠᠨ ᠭᠠᠵᠠᠷ ᠨᠦᠬᠦᠪᠦᠷᠢᠯᠡᠬᠦ ᠶᠢ ᠬᠠᠣᠯᠢ ᠪᠠᠷ ᠪᠠᠳᠤᠯᠠᠨ᠎ᠠ᠃  
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号