ᠰᠦᠯᠵᠢᠶᠡᠨ ᠤ ᠲᠦᠷᠢᠶᠡᠰᠦᠨ ᠲᠡᠷᠭᠡ ᠶᠢᠨ ᠠᠮᠤᠷ ᠲᠦᠪᠰᠢᠨ ᠤ ᠠᠳᠡᠯ ᠪᠠᠶᠢᠨ ᠲᠠᠬᠢᠨ ᠭᠠᠷᠴᠦ ᠪᠠᠶᠢᠨ᠎ᠠ᠂ ᠡᠨᠡ ᠲᠠᠯ᠎ᠠ ᠶᠢᠨ ᠠᠮᠤᠷ ᠲᠦᠪᠰᠢᠨ ᠢ ᠬᠡᠷᠬᠢᠨ ᠪᠠᠲᠤᠯᠠᠬᠤ ᠪᠤᠢ︖
ᠨᠡᠶᠢᠲᠡᠯᠡᠭᠰᠡᠨ ᠴᠠᠭ᠄
2018-07-10
     ᠤᠢᠢᠷ᠎ᠠ ᠳᠤ᠂ ᠬᠤᠷᠢᠨ ᠨᠢᠭᠡᠭᠡᠨ ᠨᠠᠰᠤᠲᠠᠢ ᠨᠢᠰᠭᠡᠯ ᠤᠨ ᠦᠢᠯᠡᠴᠢᠯᠡᠭᠴᠢ ᠦᠬᠢᠨ ᠰᠦᠨᠢ ᠪᠠᠷ ︽ᠳ᠋ᠢ ᠳ᠋ᠢ︾ ᠵᠠᠮ ‍ᠤᠨ‌‍ᠲ᠋ᠡᠷᠭᠡᠨ ᠳᠤ ᠰᠠᠭᠤᠭᠠᠳ ᠬᠤᠤᠷᠯᠠᠭᠳᠠᠭᠰᠠᠨ ᠬᠡᠷᠡᠭ ᠤᠯᠠᠨ ᠤ ᠠᠩᠬᠠᠷᠤᠯ ᠢ ᠲᠠᠳᠠᠵᠤ᠂ ᠬᠦᠮᠦᠰ ᠤᠨ ᠰᠡᠳᠬᠢᠯ ᠢ ᠡᠮᠵᠡᠭᠯᠡᠬᠦᠯᠪᠡ᠃ ᠡᠶᠢᠮᠦᠷᠬᠦ ᠨᠤᠴᠢᠲᠠᠢ ᠬᠡᠷᠡᠭ ᠠᠴᠠ ᠭᠠᠳᠠᠨ᠎ᠠ᠂ ᠡᠯ᠎ᠡ ᠵᠦᠢᠯ ᠤᠨ ᠶᠡᠭᠡ  ᠪᠠᠭ᠎ᠠ ᠠᠮᠤᠷ  ᠲᠦᠪᠰᠢᠨ ᠤ ᠠᠳᠡᠯ ᠪᠠᠶᠢᠨ ᠲᠠᠬᠢᠨ ᠡᠬᠦᠰᠴᠦ ᠯᠡ ᠪᠠᠶᠢᠨ᠎ᠠ᠃ ᠲᠡᠷᠭᠡ ᠲᠠᠭᠤᠳᠠᠭᠴᠢ ᠶᠢᠨ ᠬᠤᠪᠢ ᠳᠤ ᠰᠦᠯᠵᠢᠶᠡᠨ ᠤ ᠲᠦᠷᠢᠶᠡᠰᠦᠨ ᠲᠡᠷᠭᠡᠨ ᠳᠤ ᠰᠠᠭᠤᠬᠤ ᠳᠠᠭᠠᠨ ᠠᠮᠤᠷ ᠲᠦᠪᠰᠢᠨ ᠢ ᠬᠡᠷᠬᠢᠨ ᠰᠡᠷᠭᠡᠶᠢᠯᠡᠬᠦ ᠪᠤᠢ︖      ᠲᠤᠤᠷᠠᠬᠢ ᠪᠠᠶᠢᠳᠠᠯ ᠲᠤᠤᠷ᠎ᠠ ᠠᠯᠢ ᠴᠢᠳᠠᠬᠤ ᠪᠠᠷ ᠲᠦᠷᠢᠶᠡᠰᠦᠨ ᠲᠡᠷᠭᠡᠨ ᠳᠤ ᠰᠠᠭᠤᠬᠤ ᠦᠭᠡᠢ ᠪᠤᠯ ᠰᠠᠶᠢᠨ      ᠰᠦᠨᠢ ᠲᠦᠯᠢ ᠪᠠᠷ ᠪᠤᠶᠢᠳᠠ ᠪᠦᠭᠯᠡᠬᠦᠦ ᠬᠤᠲᠠ ᠶᠢᠨ ᠲᠡᠬᠦᠷᠭᠡ᠂ ᠬᠤᠲᠠ  ᠬᠦᠳᠡᠭᠡ ᠶᠢᠨ ᠵᠠᠭᠠᠭ ᠤᠷᠤᠨ  ᠎ ᠳᠤ ᠤᠴᠢᠬᠤ ᠳᠠᠭᠠᠨ ᠲᠦᠷᠢᠶᠡᠰᠦᠨ ᠲᠡᠷᠭᠡᠨ ᠳᠤ ᠪᠢᠳᠡᠭᠡᠢ ᠰᠠᠭᠤᠭᠠᠷᠠᠢ᠃ ᠰᠦᠨᠢ ᠤᠷᠤᠢ ᠭᠠᠳᠠᠭᠰᠢ ᠭᠠᠷᠬᠤ ᠴᠢᠬᠤᠯᠠ ᠲᠠᠢ ᠪᠤᠯ ᠪᠤᠯᠤᠮᠵᠢ ᠶᠢᠨ ᠲᠤᠳᠤᠷ᠎ᠠ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠶᠢ ᠰᠤᠩᠭᠤᠭᠠᠷᠠᠢ᠃ ᠪᠠᠴᠢᠮ ᠬᠡᠷᠡᠭᠴᠡᠭᠡ ᠠᠴᠠ ᠪᠤᠯᠵᠤ ᠲᠦᠷᠢᠶᠡᠰᠦᠨ ᠲᠡᠷᠭᠡᠨ ᠳᠤ ᠰᠠᠭᠤᠬᠤ ᠴᠢᠬᠤᠯᠠ ᠲᠠᠢ ᠪᠤᠯ ᠲᠤᠰᠬᠠᠢ ᠦᠢᠯᠡᠴᠢᠯᠡᠭᠡᠨ ᠤ ᠲᠡᠷᠭᠡ ᠲᠠᠭᠤᠳᠠᠬᠤ  ᠬᠡᠷᠡᠭᠲᠠᠢ᠂ ᠡᠶᠢᠮᠦ ᠲᠡᠷᠭᠡᠨ ᠤ ᠵᠠᠮ ᠤᠨ ᠰᠦᠢᠳᠭᠡᠯ ᠨᠢ ᠦᠨᠡᠲᠠᠢ ᠪᠤᠯᠪᠠᠴᠦ ᠠᠮᠤᠷ ᠲᠦᠪᠰᠢᠨ ᠤ ᠲᠠᠯ᠎ᠠ ᠪᠠᠷ ᠪᠤᠰᠤᠳ ᠲᠦᠷᠢᠶᠡᠰᠦᠨ‌ᠮᠠᠰᠢᠨ ᠠᠴᠠ ᠰᠠᠶᠢᠨ ᠪᠠᠶᠢᠳᠠᠭ᠃      ᠦᠨᠡᠮᠯᠡᠯ ᠤᠨ ᠵᠦᠢᠯᠡᠰ ᠨᠢ ᠨᠡᠶᠢᠴᠡᠬᠦ ᠦᠭᠡᠢ ᠲᠦᠷᠢᠶᠡᠰᠦᠨ ᠮᠠᠰᠢᠨ ᠳᠤ ᠪᠢᠳᠡᠭᠡᠢ ᠰᠠᠭᠤᠭᠠᠷᠠᠢ      ᠤᠢᠢᠯᠠᠭᠠᠭᠰᠠᠨ ᠢᠶᠠᠷ᠂ ᠰᠦᠯᠵᠢᠶᠡᠨ ᠤ ᠲᠦᠷᠢᠶᠡᠰᠦᠨ ᠲᠡᠷᠭᠡᠨ ᠤ ᠲᠠᠪᠴᠠᠩ ᠴᠦᠮ ᠵᠢᠯᠤᠭᠤᠴᠢ ᠪᠤᠯᠤᠨ ᠲᠡᠷᠭᠡᠨ‌ᠡᠵᠡᠨ ᠤ ︽ᠪᠡᠶ᠎ᠡ ᠶᠢᠨ ᠦᠨᠡᠮᠯᠡᠯ︾ ︽ᠵᠢᠯᠤᠭᠤᠴᠢ ᠶᠢᠨ ᠦᠨᠡᠮᠯᠡᠯ︾ ︽ᠵᠠᠮᠨᠠᠬᠤ ᠦᠨᠡᠮᠯᠡᠯ︾ ᠵᠡᠷᠭᠡ ᠪᠡᠶ᠎ᠡ ᠬᠡᠮ ᠤᠨ ᠭᠡᠷᠡᠴᠢ‌ᠦᠨᠡᠮᠯᠡᠯ ᠢ ᠰᠢᠯᠭᠠᠳᠠᠭ ᠪᠦᠭᠡᠳ ᠡᠨᠡ ᠭᠤᠷᠪᠠᠨ ᠦᠨᠡᠮᠯᠡᠯ ᠨᠢ ᠴᠦᠮ ᠵᠢᠩᠬᠢᠨᠢ ᠪᠦᠭᠡᠳ  ᠬᠦᠴᠦᠨ ᠎ ᠲᠠᠢ ᠪᠠᠶᠢᠮᠠᠨᠵᠢᠨ ᠰᠠᠶ᠋ᠶ ᠲᠠᠩᠰᠠᠯᠠᠭᠤᠯᠵᠤ ᠲᠡᠶᠢᠯᠳᠡᠭ᠃ ᠬᠡᠪᠡᠴᠦ᠂ ᠤᠯᠠᠮᠵᠢᠯᠠᠯᠳᠤ ᠲᠦᠷᠢᠶᠡᠰᠦᠨ ᠮᠠᠰᠢᠨ ᠴᠦ ᠲᠡᠷᠡ᠂  ᠡᠰᠡᠬᠦᠯ᠎ᠡ ᠰᠦᠯᠵᠢᠶᠡᠨ ᠤ ᠲᠦᠷᠢᠶᠡᠰᠦᠨ ᠮᠠᠰᠢᠨ ᠴᠦ ᠲᠡᠷᠡ᠂ ᠲᠠᠩᠰᠠᠯᠠᠭᠤᠯᠤᠭᠰᠠᠨ ᠦᠨᠡᠮᠯᠡᠯ ᠤᠨ ᠵᠦᠢᠯᠡᠰ ᠲᠠᠢ ᠪᠠᠨ ᠦᠯᠦ ᠨᠡᠶᠢᠴᠡᠬᠦ ᠮᠠᠰᠢᠨ ᠲᠡᠷᠭᠡ ᠠᠮᠢᠳᠤᠷᠠᠯ ᠲᠤᠮᠳᠠ ᠪᠠᠰᠠ ᠤᠯᠠᠨ ᠪᠠᠶᠢᠳᠠᠭ ᠭᠡᠰᠡᠨ ᠢ ᠮᠡᠳᠡᠬᠦ ᠬᠡᠷᠡᠭᠲᠠᠢ᠃      ᠰᠦᠯᠵᠢᠶᠡᠨ ᠤ ᠲᠦᠷᠢᠶᠡᠰᠦᠨ ᠮᠠᠰᠢᠨ ᠳᠤ ᠰᠠᠭᠤᠬᠤ ᠳᠠᠭᠠᠨ᠂ ᠪᠤᠲᠠᠲᠠᠢ ᠲᠡᠷᠭᠡᠨ ᠫᠠᠶᠢᠰᠠᠨ ᠤ ᠳ᠋ᠤᠭᠠᠷ᠂ ᠲᠡᠷᠭᠡᠨ ᠤ ᠬᠡᠯᠪᠡᠷᠢ ᠨᠢ ᠰᠦᠯᠵᠢᠶᠡᠨ ᠲᠡᠭᠡᠷᠡᠬᠢ ᠲᠠᠩᠰᠠᠯᠠᠯᠲᠠ ᠲᠠᠢ ᠠᠳᠠᠯᠢ ᠪᠠᠶᠢᠬᠤ ᠡᠰᠡᠬᠦ ᠶᠢ ᠦᠵᠡᠬᠦ ᠬᠡᠷᠡᠭᠲᠠᠢ᠂ ᠬᠡᠷᠪᠡ ᠠᠳᠠᠯᠢ ᠦᠭᠡᠢ ᠪᠠᠶᠢᠪᠠᠯ ᠰᠠᠭᠤᠵᠤ ᠪᠤᠯᠬᠤ ᠦᠭᠡᠢ ᠪᠦᠭᠡᠳ ᠰᠦᠯᠵᠢᠶᠡᠨ ᠲᠡᠭᠡᠷᠡᠬᠢ ᠵᠠᠭᠠᠯᠳᠤᠬᠤ ᠠᠷᠭ᠎ᠠ ᠵᠠᠮ ᠎ ᠢᠶᠠᠷ ᠰᠢᠭᠤᠳ  ᠵᠠᠭᠠᠯᠳᠤᠬᠤ ᠬᠡᠷᠡᠭᠲᠠᠢ᠃ ᠬᠠᠷ᠎ᠠ ᠲᠡᠷᠭᠡᠨ ᠳᠤ ᠶᠠᠭᠠᠬᠢᠭᠰᠠᠨ ᠴᠦ ᠰᠠᠭᠤᠵᠤ ᠪᠤᠯᠬᠤ ᠦᠭᠡᠢ᠃ ︽ᠫᠠᠶᠢᠰᠠ ᠲᠠᠯᠳᠠᠯᠠᠭᠰᠠᠨ ᠲᠡᠷᠭᠡᠨ︾᠎ ᠳᠤ ᠴᠦ‌‍ᠰᠠᠭᠤᠵᠤ ᠪᠤᠯᠬᠤ ᠦᠭᠡᠢ᠂ ᠤᠢᠢᠯᠠᠭᠠᠭᠰᠠᠨ ᠢᠶᠠᠷ᠂ ︽ᠫᠠᠶᠢᠰᠠ ᠲᠠᠯᠳᠠᠯᠠᠭᠰᠠᠨ ᠲᠡᠷᠭᠡᠨ︾᠎ ᠤ ᠤᠯᠠᠩᠬᠢ ᠨᠢ ᠤᠯᠠᠮᠵᠢᠯᠠᠯᠳᠤ ᠲᠦᠷᠢᠶᠡᠰᠦᠨ ᠮᠠᠰᠢᠨ ᠲᠡᠷᠭᠡ ᠪᠤᠯᠤᠨ᠎ᠠ᠃      ᠬᠤᠪᠢ ᠬᠦᠮᠦᠨ ᠤ ᠮᠡᠳᠡᠭᠡ ᠵᠠᠩᠬᠢ ᠪᠠᠨ ᠵᠠᠳᠠᠷᠠᠭᠤᠯᠬᠤ ᠠᠴᠠ ᠪᠤᠯᠭᠤᠮᠵᠢᠯᠠᠭᠠᠷᠠᠢ      ᠭᠠᠳᠠᠭᠰᠢ ᠭᠠᠷᠪᠠᠯ ᠵᠤᠭᠤᠰ ᠮᠦᠡᠭᠬᠦ ᠪᠠᠨ ᠲᠠᠯᠳᠠ ᠬᠢᠬᠦ ᠬᠡᠷᠡᠭᠲᠠᠢ᠂ ᠲᠦᠷᠢᠶᠡᠰᠦᠨ ᠮᠠᠰᠢᠨ ᠳᠤ ᠰᠠᠭᠤᠬᠤ ᠎ ᠳᠠᠭᠠᠨ ᠴᠦ ᠠᠳᠠᠯᠢ᠃ ᠲᠡᠷᠭᠡ ᠲᠦᠷᠢᠶᠡᠰᠦᠯᠡᠬᠦ ᠮᠦᠡᠭᠬᠦ ᠪᠠᠨ ᠪᠡᠯᠡᠭᠡᠨ ᠪᠤᠯᠭᠠᠭᠰᠠᠨ ᠤᠷᠢᠳᠠᠯ ᠲᠤᠤᠷ᠎ᠠ ᠭᠠᠷ ᠤᠳᠠᠰᠤᠨ ᠲᠠᠬᠢ ᠵᠤᠭᠤᠰ ᠴᠦ ᠪᠤᠯᠤᠭ᠂ ᠴᠦᠡᠭᠬᠦᠨ ᠲᠤᠳᠤᠷᠠᠬᠢ ᠵᠤᠭᠤᠰ ᠴᠦ ᠪᠤᠯᠤᠭ᠂ ᠬᠡᠳᠤᠢ ᠵᠤᠭᠤᠰ ᠲᠠᠢ ᠭᠡᠳᠡᠭ ᠎ ᠢᠶᠠᠨ ᠪᠤᠰᠤᠳ ᠲᠤ ᠮᠡᠳᠡᠬᠦᠯᠬᠦ ᠦᠭᠡᠢ ᠨᠢ ᠰᠠᠶᠢᠨ᠃ ᠭᠠᠭᠴᠠᠭᠠᠷ ᠲᠦᠷᠢᠶᠡᠰᠦᠨ ᠲᠡᠷᠭᠡᠨ ᠳᠤ ᠰᠠᠭᠤᠪᠠᠯ ᠡᠮᠦᠰᠴᠦ ᠵᠡᠬᠦᠬᠦ ᠪᠠᠨ ᠠᠯᠢ ᠪᠤᠯᠬᠤ ᠪᠠᠷ ᠪᠤᠷᠤᠭᠵᠢᠭᠤᠨ‌‍ᠪᠠᠶᠢᠯᠭᠠᠬᠤ ᠶᠢ ᠠᠩᠬᠠᠷᠤᠭᠠᠷᠠᠢ᠃      ᠮᠦᠡᠭᠬᠦ ᠵᠤᠭᠤᠰ ᠢᠶᠠᠨ ᠬᠢᠴᠢᠶᠡᠬᠦ ᠠᠴᠠ ᠭᠠᠳᠠᠨ᠎ᠠ ᠦᠡᠭᠭᠡ ᠵᠢᠰᠦ ᠪᠠᠨ ᠴᠦ ᠠᠩᠬᠠᠷᠬᠤ ᠴᠢᠬᠤᠯᠠᠲᠠᠢ᠃ ᠦᠬᠢᠨ ᠬᠦᠮᠦᠨ ᠭᠠᠭᠴᠠᠭᠠᠷ ᠲᠦᠷᠢᠶᠡᠰᠦᠨ ᠮᠠᠰᠢᠨ ᠳᠤ ᠰᠠᠭᠤᠬᠤ ᠳᠠᠭᠠᠨ ᠨᠡᠩ ᠴᠦ ᠬᠡᠳᠤᠷᠬᠡᠢ ᠭᠤᠶᠤᠯᠠᠵᠤ ᠴᠢᠮᠡᠵᠤ ᠪᠤᠯᠬᠤ ᠦᠭᠡᠢ᠂ ᠢᠯᠠᠩᠭᠤᠶ᠎ᠠ ᠤᠨᠴᠠ ᠶᠢᠨ ᠦᠵᠡᠰᠬᠦᠯᠡᠩ ᠪᠦᠰᠡᠬᠦ᠋ᠢᠴᠤᠤᠯ ᠢᠯᠡᠬᠦᠦ ᠬᠢᠴᠢᠶᠡᠬᠦ ᠬᠡᠷᠡᠭᠲᠠᠢ᠃      ᠡᠬᠦᠨ ᠠᠴᠠ ᠭᠠᠳᠠᠨ᠎ᠠ᠂ ᠤᠯᠠᠩᠬᠢ ᠵᠢᠯᠤᠭᠤᠴᠢ ᠠᠶᠠᠨᠴᠢᠨ ᠲᠠᠢ ᠵᠤᠭᠤᠭ ᠲᠡᠯᠭᠡᠬᠦ ᠲᠤᠷᠠᠳᠠᠢ ᠪᠠᠶᠢᠳᠠᠭ᠃ ᠵᠢᠯᠤᠭᠤᠴᠢ ᠲᠠᠢ ᠵᠤᠭᠤᠭᠳᠠᠬᠤ ᠳᠠᠭᠠᠨ ᠦᠪᠡᠷ ᠤᠨ ᠢᠶᠠᠨ ᠲᠤᠬᠠᠢ ᠢᠯᠡᠬᠦᠦ ᠶᠠᠷᠢᠬᠤ ᠦᠭᠡᠢ ᠪᠠᠶᠢᠬᠤ ᠶᠢ ᠬᠢᠴᠢᠶᠡᠭᠡᠷᠠᠢ᠂ ᠢᠯᠠᠩᠭᠤᠶ᠎ᠠ ᠬᠠᠨᠢ ᠨᠦᠬᠦᠷ ᠦᠭᠡᠢ᠂ ᠬᠦᠷᠦᠩᠭᠡ ᠮᠦᠡᠭᠬᠦ ᠡᠯᠪᠡᠭ ᠭᠡᠬᠦ ᠮᠡᠳᠤ ᠶᠢᠨ ᠵᠦᠢᠯ ᠢ ᠶᠠᠷᠢᠵᠤ ᠪᠤᠯᠬᠤ ᠦᠭᠡᠢ᠃      ᠲᠡᠷᠭᠡᠨ ᠳᠤ ᠰᠠᠭᠤᠬᠤ ᠦᠶ᠎ᠡ ᠶᠢᠨ ᠠᠩᠬᠠᠷᠬᠤ ᠵᠦᠢᠯ      ᠶᠠᠭᠤᠨ ᠤ ᠤᠷᠢᠳ ᠰᠠᠭᠤᠬᠤ ᠤᠷᠤᠨ ᠪᠠᠶᠢᠷᠢ ᠪᠠᠨ ᠠᠩᠬᠠᠷᠬᠤ ᠬᠡᠷᠡᠭᠲᠠᠢ᠂ ᠬᠡᠷᠪᠡ ᠡᠩ ᠤᠨ ᠲᠦᠷᠢᠶᠡᠰᠦᠨ ᠮᠠᠰᠢᠨ ᠪᠤᠶᠤ ᠰᠦᠯᠵᠢᠶᠡᠨ ᠤ ᠲᠦᠷᠢᠶᠡᠰᠦᠨ ᠮᠠᠰᠢᠨ ᠪᠤᠯ ᠵᠢᠯᠤᠭᠤᠴᠢ ᠶᠢᠨ ᠠᠷᠤ ᠶᠢᠨ ᠰᠠᠭᠤᠳᠠᠯ ᠳᠤ ᠰᠠᠭᠤᠵᠤ ᠪᠤᠯᠤᠨ᠎ᠠ᠂ ᠢᠡᠭᠬᠢᠪᠡᠯ ᠵᠢᠯᠤᠭᠤᠴᠢ ᠶᠢᠨ ᠬᠦᠳᠡᠯᠦᠯ ᠪᠠᠷᠢᠯ ᠢ ᠲᠤᠳᠤᠷᠬᠠᠢ ᠤᠯᠵᠤ ᠦᠵᠡᠬᠦ ᠪᠦᠭᠡᠳ ᠵᠢᠯᠤᠭᠤᠴᠢ ᠴᠦ  ᠬᠢᠯᠪᠠᠷᠬᠠᠨ ᠢᠶᠠᠷ ᠲᠠᠭᠠᠷᠢᠯᠲᠠ ᠶᠠᠪᠤᠭᠤᠯᠬᠤ ᠴᠢᠳᠠᠬᠤ ᠦᠭᠡᠢ ᠶᠤᠮ᠃ ᠵᠠᠮ ᠤᠨ ᠲᠡᠷᠭᠡᠨ ᠳᠤ ᠰᠠᠭᠤᠪᠠᠯ ᠵᠢᠯᠤᠭᠤᠴᠢ ᠎ ᠶᠢᠨ ᠬᠠᠵᠠᠭᠤ ᠶᠢᠨ ᠰᠠᠭᠤᠳᠠᠯ ᠳᠤ ᠰᠠᠭᠤᠬᠤ ᠨᠢ ᠵᠦᠪ᠂ ᠠᠷᠤ ᠶᠢᠨ ᠰᠠᠭᠤᠳᠠᠯ ᠳᠤ ᠰᠠᠭᠤᠪᠠᠯ ᠶᠤᠰᠤ ᠠᠯᠳᠠᠭᠰᠠᠨ ᠎ ᠳᠤ ᠲᠤᠭᠠᠴᠠᠭᠳᠠᠨ᠎ᠠ᠂ ᠡᠬᠦᠨ ᠢ ᠪᠤᠲᠠᠲᠠᠢ ᠪᠠᠶᠢᠳᠠᠯ ᠢᠶᠠᠨ ᠦᠨᠳᠦᠰᠦᠯᠡᠵᠤ ᠰᠤᠩᠭᠤᠵᠤ ᠪᠤᠯᠤᠨ᠎ᠠ᠃      ᠬᠡᠷᠪᠡ ᠰᠦᠨᠢ ᠤᠷᠤᠢ ᠲᠡᠷᠭᠡᠨ ᠳᠤ ᠰᠠᠭᠤᠪᠠᠯ ᠲᠡᠷᠭᠡᠨ ᠤ ᠴᠤᠩᠬᠤ ᠶᠢ ᠵᠢᠭᠠᠬᠠᠨ ᠵᠠᠪᠰᠠᠷᠯᠠᠵᠤ᠂ ᠮᠣᠩᠬᠠᠷᠠᠭᠤᠯᠬᠤ ᠡᠮ ᠮᠡᠳᠤ ᠶᠢᠨ ᠵᠦᠢᠯ ᠠᠴᠠ ᠰᠡᠷᠭᠡᠶᠢᠯᠡᠬᠦ ᠬᠡᠷᠡᠭᠲᠠᠢ᠂ ᠲᠦᠭᠰᠢᠬᠦᠷᠢ ᠳᠤ ᠤᠴᠠᠷᠠᠭᠰᠠᠨ ᠴᠦ ᠭᠠᠳᠠᠭᠰᠢ ᠲᠤᠰᠠᠯᠠᠮᠵᠢ ᠭᠤᠶᠤᠬᠤ ᠳᠤ ᠲᠦᠬᠦᠮ ᠪᠠᠶᠢᠳᠠᠭ᠃      ᠲᠦᠷᠢᠶᠡᠰᠦᠨ ᠲᠡᠷᠭᠡᠨ ᠳᠤ ᠰᠠᠭᠤᠬᠤ ᠳᠠᠭᠠᠨ ᠤᠨᠳᠠᠵᠤ ᠦᠷᠭᠡᠯᠡᠵᠤ ᠪᠤᠯᠬᠤ ᠦᠭᠡᠢ᠂ ᠦᠭᠢᠨ ᠬᠦᠮᠦᠨ ᠲᠦᠷᠢᠶᠡᠰᠦᠨ ᠲᠡᠷᠭᠡᠨ ᠳᠤ ᠰᠠᠭᠤᠬᠤ ᠳᠠᠭᠠᠨ ︽ᠪᠡᠶ᠎ᠡ ᠪᠠᠨ ᠬᠠᠮᠠᠭᠠᠯᠠᠬᠤ ᠡᠳ᠋︾ ᠠᠪᠴᠦ ᠶᠠᠪᠤᠪᠠᠯ ᠰᠠᠶᠢᠨ᠃ ᠵᠠᠮ ᠵᠠᠭᠤᠷ᠎ᠠ ᠪᠠᠨ ᠰᠦᠯᠵᠢᠶᠡᠨ ᠳᠤ ᠭᠠᠷᠴᠦ ᠵᠠᠮ ᠱᠤᠭᠤᠮ ᠢᠶᠠᠨ ᠦᠵᠡᠵᠤ᠂ ᠵᠢᠯᠤᠭᠤᠴᠢ ᠶᠢᠨ ᠲᠤᠭᠤᠷᠢᠤ ᠪᠤᠷᠤᠭᠤ ᠵᠠᠮ ᠎ ᠢᠶᠠᠷ ᠵᠠᠮᠨᠠᠬᠤ ᠠᠴᠠ ᠬᠡᠷᠰᠡᠦᠯᠡᠬᠦ ᠬᠡᠷᠡᠭᠲᠠᠢ᠃         ᠲᠡᠷᠭᠡᠨ ᠦᠷᠲᠡᠭᠡ ᠪᠤᠶᠤ ᠵᠠᠷᠢᠮ ᠬᠦᠮᠦᠨ ᠬᠠᠷ᠎ᠠ ᠲᠦᠪᠯᠡᠷᠡᠭᠰᠡᠨ ᠭᠠᠵᠠᠷ ᠲᠤ ᠪᠤᠯ ᠠᠯᠢ ᠪᠤᠯᠬᠤ ᠪᠠᠷ ᠵᠠᠮᠨᠠᠵᠤ ᠪᠠᠶᠢᠭ᠎ᠠ ᠲᠡᠷᠭᠡ ᠶᠢ ᠲᠠᠭᠤᠳᠠᠬᠤ ᠬᠡᠷᠡᠭᠲᠠᠢ᠂ ᠬᠠᠷᠢᠨ ᠵᠠᠮ ᠤᠨ ᠬᠠᠵᠠᠭᠤ ᠳᠤ ᠵᠤᠭᠰᠤᠭᠠᠳ ᠠᠶᠠᠨᠴᠢᠨ ᠲᠠᠳᠠᠵᠤ ᠪᠠᠶᠢᠭ᠎ᠠ ᠲᠡᠷᠭᠡᠨ ᠳᠤ ᠰᠠᠭᠤᠵᠤ ᠪᠤᠯᠬᠤ ᠦᠭᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号