ᠡᠵᠡᠨ ᠬᠤᠷᠤᠭ᠎ᠠ ᠬᠤᠰᠢᠭᠤᠨ ᠤ ᠦᠨᠳᠦᠰᠦᠲᠡᠨ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠤᠪᠴᠢᠶ᠎ᠠ ᠶᠢᠨ 2018 ᠤᠨ ᠤ ᠰᠤᠷᠭᠠᠭᠤᠯᠢ ᠳᠤ ᠪᠠᠶᠢᠭ᠎ᠠ ᠮᠤᠩᠭᠤᠯ ᠤᠶᠤᠲᠠᠳ ᠤᠨ ᠰᠤᠷᠤᠯᠭ᠎ᠠ ᠶᠢᠨ ᠨᠦᠬᠦᠪᠦᠷᠢ ᠮᠦᠩᠬᠦ ᠶᠢᠨ ᠭᠤᠶᠤᠴᠢᠯᠠᠯ ᠲᠠᠩᠰᠠᠯᠠᠯᠲᠠ ᠶᠢᠨ ᠠᠵᠢᠯ ᠢ ᠦᠷᠨᠢᠬᠦᠯᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2018-07-10
ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠬᠤᠰᠢᠭᠤᠨ ᠤ ᠬᠠᠮᠢᠶ᠎ᠠ ᠪᠦᠬᠦᠢ ᠰᠢᠭᠤᠳ ᠬᠠᠷᠢᠶ᠎ᠠ ᠪᠠᠶᠢᠭᠤᠯᠭ᠎ᠠ᠄      ︽ᠤᠷᠳᠤᠰ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠦᠨᠳᠦᠰᠦᠲᠡᠨ ᠤ ᠰᠤᠷᠭᠠᠨ ᠬᠦᠮᠦᠵᠢᠯ ᠢ ᠲᠦᠷᠭᠡᠳᠬᠡᠨ ᠬᠦᠭᠵᠢᠬᠦᠯᠬᠦ ᠲᠤᠬᠠᠢ ᠬᠡᠷᠡᠭᠵᠢᠬᠦᠯᠬᠦ ᠰᠠᠨᠠᠯ︾ ︵ᠤᠷᠳᠤᠰ ᠵᠠᠰᠠᠭ ᠲᠠᠷᠬᠠᠭᠠᠬᠤ ﹇2016﹈ 121 ᠨᠤᠮᠧᠷᠳᠤ︶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠪᠠᠷ᠂ 2018 ᠤᠨ ᠤ ᠮᠠᠨ ᠤ ᠬᠤᠰᠢᠭᠤᠨ ᠤ ᠲᠡᠭᠡᠲᠤ ᠰᠤᠷᠭᠠᠭᠤᠯᠢ ᠳᠤ ᠰᠢᠯᠭᠠᠭᠲᠠᠨ ᠤᠷᠤᠭᠰᠠᠨ ᠡᠵᠡᠨ ᠬᠤᠷᠤᠭ᠎ᠠ ᠬᠤᠰᠢᠭᠤᠨ ᠤ ᠡᠷᠦᠭᠡ ᠠᠮᠠ ᠲᠠᠢ ᠮᠤᠩᠭᠤᠯ ᠰᠤᠷᠤᠭᠴᠢᠳ ᠢ ᠲᠠᠩᠰᠠᠯᠠᠵᠤ᠂ ᠤᠶᠤᠲᠠᠨ ᠤ ᠰᠤᠷᠤᠯᠭ᠎ᠠ ᠶᠢᠨ ᠨᠦᠬᠦᠪᠤᠷᠢ ᠮᠦᠩᠬᠦ ᠤᠯᠭᠤᠨ᠎ᠠ᠂ ᠨᠦᠬᠦᠴᠡᠯ ᠳᠤ ᠨᠡᠶᠢᠴᠡᠭᠰᠡᠨ ᠰᠤᠷᠤᠭᠴᠢᠳ ᠪᠠ ᠭᠡᠷ ᠤᠨ ᠠᠬᠠᠮᠠᠳ ᠬᠠᠮᠢᠶ᠎ᠠ ᠪᠦᠬᠦᠢ ᠮᠠᠲ᠋ᠧᠷᠢᠶᠠᠯ ᠢᠶᠠᠨ ᠠᠪᠴᠤ ᠭᠠᠷ ᠬᠦᠢᠴᠡᠳᠭᠡᠯ ᠬᠢᠬᠡᠷᠡᠢ᠃ ᠪᠤᠲᠠᠲᠤ ᠠᠭᠤᠯᠭ᠎ᠠ ᠨᠢ ᠲᠤᠤᠷᠠᠬᠢ ᠮᠡᠲᠤ᠄      ᠨᠢᠭᠡ᠂ ᠲᠠᠩᠰᠠᠯᠠᠬᠤ ᠨᠦᠬᠦᠴᠡᠯ      1.  ᠭᠤᠶᠤᠴᠢᠯᠠᠭᠴᠢ ᠡᠷᠭᠡᠪᠰᠢ ᠮᠤᠩᠭᠤᠯ ᠦᠨᠳᠦᠰᠦᠲᠡᠨ ᠪᠠᠶᠢᠬᠤ ᠬᠡᠷᠡᠭᠲᠠᠢ᠃      2. ᠡᠷᠭᠡᠪᠰᠢ ᠡᠵᠡᠨ ᠬᠤᠷᠤᠭ᠎ᠠ ᠬᠤᠰᠢᠭᠤᠨ ᠤ ᠡᠷᠦᠭᠡ ᠠᠮᠠ ᠲᠠᠢ ᠪᠠᠶᠢᠬᠤ ᠬᠡᠷᠡᠭᠲᠠᠢ᠃      3. ᠡᠷᠭᠡᠪᠰᠢ 2018 ᠤᠨ ᠤ ᠤᠯᠤᠰ ᠤᠨ ᠲᠡᠭᠡᠲᠤ ᠰᠤᠷᠭᠠᠭᠤᠯᠢ ᠶᠢᠨ ᠨᠢᠭᠡᠲᠤᠯᠲᠠᠢ ᠰᠢᠯᠭᠠᠯᠲᠠ ᠪᠠᠷ ᠳᠠᠮᠵᠢᠭᠰᠡᠨ ᠮᠥᠷᠳᠡᠭᠡᠨ ᠢᠷᠭᠡᠨ ᠤ ᠰᠤᠷᠭᠠᠨ ᠬᠦᠮᠦᠵᠢᠯ ᠤᠨ ᠲᠦᠯᠦᠪᠯᠡᠭᠡᠲᠤ ᠲᠡᠭᠡᠲᠤ ᠰᠤᠷᠭᠠᠭᠤᠯᠢ ᠳᠤ ᠡᠯᠰᠡᠭᠳᠡᠭᠰᠡᠨ ᠪᠠᠶᠢᠬᠤ ᠬᠡᠷᠡᠭᠲᠠᠢ᠃     ᠬᠤᠶᠠᠷ᠂ ᠮᠤᠩᠭᠤᠯ ᠤᠶᠤᠳᠠᠳ ᠤᠨ ᠰᠤᠷᠤᠯᠭ᠎ᠠ ᠶᠢᠨ ᠨᠦᠬᠦᠪᠤᠷᠢ ᠤᠯᠭᠤᠬᠤ ᠪᠠᠷᠢᠮᠵᠢᠶ᠎ᠠ      ᠲᠤᠰᠬᠠᠢ ᠮᠡᠷᠭᠡᠵᠢᠯ ᠤᠨ ᠠᠩᠬᠢ ᠶᠢᠨ ᠰᠤᠷᠤᠭᠴᠢ ᠳᠤ ᠬᠦᠮᠦᠨ ᠪᠦᠷᠢ ᠵᠢᠯ ᠪᠤᠯᠭᠠᠨ 3000 ᠲᠦᠭᠦᠷᠢᠭ ︵3 ᠵᠢᠯ ᠦᠭᠭᠦᠨ᠎ᠡ︶᠂ ᠡᠩ ᠤᠨ ᠵᠢᠩᠬᠢᠨᠢ ᠠᠩᠬᠢ ᠶᠢᠨ ᠰᠤᠷᠤᠭᠴᠢ ᠳᠤ  ᠬᠦᠮᠦᠨ ᠪᠦᠷᠢ ᠵᠢᠯ ᠪᠤᠯᠭᠠᠨ 5000 ᠲᠦᠭᠦᠷᠢᠭ ︵4 ᠵᠢᠯ ᠦᠭᠭᠦᠨ᠎ᠡ︶᠂ ᠭᠤᠤᠯᠳᠠᠯᠭᠠᠳᠤ ᠶᠡᠭᠡ ᠰᠤᠷᠭᠠᠭᠤᠯᠢ ᠶᠢᠨ ᠵᠢᠩᠬᠢᠨᠢ ᠠᠩᠬᠢ  ︵211 ᠪᠤᠯᠤᠨ 985 ᠢᠨᠵᠧᠨᠧᠷᠢᠩ ᠤᠨ ᠶᠡᠭᠡ ᠰᠤᠷᠭᠠᠭᠤᠯᠢ︶  ᠎ ᠶᠢᠨ ᠰᠤᠷᠤᠭᠴᠢ ᠳᠤ ᠬᠦᠮᠦᠨ ᠪᠦᠷᠢ ᠵᠢᠯ ᠪᠤᠯᠭᠠᠨ 7000 ᠲᠦᠭᠦᠷᠢᠭ ᠦᠭᠭᠦᠨ᠎ᠡ ︵4 ᠵᠢᠯ ᠦᠭᠭᠦᠨ᠎ᠡ︶᠂ ᠮᠤᠩᠭᠤᠯ ᠢᠶᠠᠷ ᠬᠢᠴᠢᠶᠡᠯᠯᠡᠭᠰᠡᠨ ᠠᠰᠫᠢᠷᠠᠨᠲ ᠳᠤ ᠬᠦᠮᠦᠨ ᠪᠦᠷᠢ ᠵᠢᠯ ᠪᠤᠯᠭᠠᠨ 10000 ᠲᠦᠭᠦᠷᠢᠭ ᠦᠭᠬᠦᠨ᠎ᠡ᠃      ᠭᠤᠷᠪᠠ᠂ ᠭᠠᠷ ᠬᠦᠢᠴᠡᠳᠬᠡᠯ ᠬᠢᠬᠦ ᠴᠠᠭ ᠬᠤᠭᠤᠴᠠᠭ᠎ᠠ ᠵᠢᠴᠢ ᠭᠠᠵᠠᠷ      ᠡᠵᠡᠨ ᠬᠤᠷᠤᠭ᠎ᠠ ᠬᠤᠰᠢᠭᠤᠨ ᠤ ᠰᠤᠷᠭᠠᠭᠤᠯᠢ ᠳᠤ ᠪᠠᠶᠢᠭ᠎ᠠ ᠮᠤᠩᠭᠤᠯ ᠤᠶᠤᠲᠠᠳ ᠤᠨ ᠰᠤᠷᠤᠯᠭ᠎ᠠ ᠶᠢᠨ ᠨᠦᠬᠦᠪᠤᠷᠢ ᠮᠦᠩᠬᠦ ᠶᠢ ᠲᠠᠩᠰᠠᠯᠠᠬᠤ ᠴᠠᠭ ᠨᠢ ᠲᠤᠰ ᠮᠡᠳᠡᠭᠳᠡᠯ ᠨᠡᠶᠢᠳᠡᠯᠡᠭᠳᠡᠭᠰᠡᠨ ᠡᠳᠤᠷ ᠠᠴᠠ ᠡᠬᠢᠯᠡᠵᠤ 2018 ᠤᠨ ᠤ 10 ᠰᠠᠷ᠎ᠠ ᠶᠢᠨ 10᠎ ᠤ ᠡᠳᠦᠷ ᠳᠡᠭᠦᠰᠥᠨ᠎ᠡ᠃ ᠬᠦᠢᠴᠡᠳᠬᠡᠯ ᠬᠢᠬᠦ ᠭᠠᠵᠠᠷ᠄ ᠡᠵᠡᠨ ᠬᠤᠷᠤᠭ᠎ᠠ ᠬᠤᠰᠢᠭᠤᠨ ᠤ ᠴᠧᠨ ᠶᠤᠸᠠᠨ ᠠᠰᠠᠷ ᠤᠨ A ᠰᠠᠭᠤᠷᠢ ᠶᠢᠨ 6 ᠳ᠋ᠤᠭᠠᠷ ᠲᠠᠪᠬᠤᠷᠭ᠎ᠠ ᠶᠢᠨ 616 ᠠᠯᠪᠠᠨ ᠭᠡᠷ᠃ ᠤᠨᠴᠠᠭᠠᠶᠢᠯᠠᠨ ᠲᠤᠲᠤᠷᠬᠠᠶᠢᠯᠠᠬᠤ ᠨᠢ᠄ ᠴᠠᠭ ᠠᠴᠠ ᠦᠩᠭᠡᠷᠡᠵᠤ ᠲᠠᠩᠰᠠᠯᠠᠭᠤᠯᠤᠭᠰᠠᠨ ᠦᠭᠡᠢ ᠬᠦᠮᠦᠰ  ᠬᠠᠷᠢᠭᠤᠴᠯᠠᠭ᠎ᠠ ᠪᠠᠨ ᠥᠪᠡᠰᠤᠪᠡᠨ ᠡᠭᠦᠷᠭᠡᠯᠡᠨ᠎ᠡ᠃      ᠲᠦᠷᠪᠡ᠂ ᠲᠠᠩᠰᠠᠯᠠᠬᠤ ᠳᠤ ᠬᠡᠷᠡᠭᠯᠡᠬᠦ ᠮᠠᠲ᠋ᠧᠷᠢᠶᠠᠯ     1. ︽ᠡᠵᠡᠨ ᠬᠤᠷᠤᠭ᠎ᠠ ᠬᠤᠰᠢᠭᠤᠨ ᠤ ᠰᠤᠷᠭᠠᠭᠤᠯᠢ ᠳᠤ ᠪᠠᠶᠢᠭ᠎ᠠ ᠮᠤᠩᠭᠤᠯ ᠤᠶᠤᠲᠠᠨ ᠤ ᠰᠤᠷᠤᠯᠭ᠎ᠠ ᠶᠢᠨ ᠨᠦᠬᠦᠪᠤᠷᠢ ᠮᠥᠩᠭᠦ ᠶᠢᠨ ᠬᠢᠨᠠᠨ ᠵᠦᠪᠰᠢᠶᠡᠷᠡᠬᠦ ᠬᠦᠰᠦᠨᠦᠭ︾  ᠎ ᠢ ᠠᠪᠤᠨ᠎ᠠ᠂ ᠭᠠᠷᠲᠠᠵᠤ ᠠᠪᠬᠤ  ᠭᠠᠵᠠᠷ᠄ ︽ᠬᠢᠨᠠᠨ ᠵᠦᠪᠰᠢᠶᠡᠷᠡᠬᠦ ᠬᠦᠰᠦᠨᠦᠭ︾᠎ ᠢ ᠡᠵᠡᠨ ᠬᠤᠷᠤᠭ᠎ᠠ ᠬᠤᠰᠢᠭᠤᠨ ᠤ ᠴᠧᠨ ᠶᠤᠸᠠᠨ ᠠᠰᠠᠷ ᠤᠨ ᠦᠨᠳᠦᠰᠦᠲᠡᠨ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠤᠪᠴᠢᠶᠠᠨ ᠤ 616 ᠠᠯᠪᠠᠨ ᠭᠡᠷ ᠠᠴᠠ ᠠᠪᠤᠨ᠎ᠠ᠃      2. ︽ᠡᠵᠡᠨ ᠬᠤᠷᠤᠭ᠎ᠠ ᠬᠤᠰᠢᠭᠤᠨ ᠤ ᠰᠤᠷᠭᠠᠭᠤᠯᠢ ᠳᠤ ᠪᠠᠶᠢᠭ᠎ᠠ ᠮᠤᠩᠭᠤᠯ ᠤᠶᠤᠲᠠᠨ ᠤ ᠰᠤᠷᠤᠯᠭ᠎ᠠ ᠶᠢᠨ ᠨᠦᠬᠦᠪᠤᠷᠢ ᠮᠥᠩᠭᠦ ᠶᠢᠨ ᠬᠢᠨᠠᠨ ᠵᠦᠪᠰᠢᠶᠡᠷᠡᠬᠦ ᠬᠦᠰᠦᠨᠦᠭ︾᠎ ᠢ ᠲᠠᠭᠯᠠᠵᠤ᠂ ᠭᠤᠶᠤᠴᠢᠯᠠᠭᠴᠢ ᠶᠢᠨ ᠪᠡᠶ᠎ᠡ ᠶᠢᠨ ᠦᠨᠡᠮᠯᠡᠯ ᠪᠠ ᠲᠠᠷᠤᠮᠠᠯᠯᠠᠯ ︵ᠲᠠᠷᠤᠮᠠᠯᠯᠠᠬᠤ ᠦᠶᠡᠰ ᠪᠡᠶ᠎ᠡ ᠶᠢᠨ ᠦᠨᠡᠮᠯᠡᠯ ᠤᠨ ᠨᠢᠭᠤᠷ ᠲᠠᠯ᠎ᠠ ᠪᠠ ᠠᠷᠤ ᠲᠠᠯ᠎ᠠ ᠶᠢ ᠨᠢᠭᠡ ᠴᠠᠭᠠᠰᠤᠨ ᠲᠡᠭᠡᠷ᠎ᠡ  ᠲᠠᠷᠤᠮᠠᠯᠯᠠᠨ᠎ᠠ︶᠂  ᠭᠤᠶᠤᠴᠢᠯᠠᠭᠴᠢ ᠶᠢᠨ ᠡᠷᠦᠭᠡ ᠠᠮᠠ ᠶᠢᠨ ᠲᠠᠩᠰᠠᠨ ᠲᠡᠪᠳᠡᠷ ᠢ ᠦᠵᠡᠬᠦ ᠪᠦᠭᠡᠳ ᠲᠠᠷᠤᠮᠠᠯᠯᠠᠯ ᠢ 1 ᠬᠤᠪᠢ ᠬᠤᠷᠢᠶᠠᠨ᠎ᠠ ︵ᠲᠠᠷᠤᠮᠠᠯᠯᠠᠬᠤ ᠦᠶᠡᠰ ᠡᠷᠦᠬᠡ ᠠᠮᠠ ᠶᠢᠨ ᠲᠠᠩᠰᠠ ᠶᠢᠨ ᠭᠤᠤᠯ ᠬᠠᠭᠤᠳᠠᠰᠤ᠂ ᠭᠡᠷ ᠤᠨ ᠠᠬᠠᠮᠠᠳ ᠤᠨ ᠬᠠᠭᠤᠳᠠᠰᠤ᠂ ᠭᠤᠶᠤᠴᠢᠯᠠᠭᠴᠢ ᠶᠢᠨ ᠬᠠᠭᠤᠳᠠᠰᠤ ᠶᠢ ᠨᠢᠭᠡ  ᠴᠠᠭᠠᠰᠤᠨ  ᠲᠡᠭᠡᠷ᠎ᠡ  ᠲᠠᠷᠤᠮᠠᠯᠯᠠᠨ᠎ᠠ᠂ ᠭᠡᠷ  ᠎ ᠤᠨ  ᠠᠬᠠᠮᠠᠳ  ᠎ ᠨᠢ  ᠡᠷᠭᠡᠪᠰᠢ  ᠮᠤᠩᠭᠤᠯ  ᠦᠨᠳᠦᠰᠦᠲᠡᠨ  ᠪᠠᠶᠢᠬᠤ  ᠬᠡᠷᠡᠭᠲᠠᠢ︶᠃      3. ᠭᠤᠶᠤᠴᠢᠯᠠᠭᠴᠢ ᠡᠷᠬᠡᠪᠰᠢ ᠤᠯᠤᠰ ᠤᠨ ᠲᠡᠭᠡᠲᠤ ᠰᠤᠷᠭᠠᠭᠤᠯᠢ ᠶᠢᠨ ᠨᠢᠭᠡᠲᠤᠯᠲᠠᠢ ᠰᠤᠷᠤᠭᠴᠢ ᠡᠯᠰᠡᠭᠰᠡᠨ ᠮᠡᠳᠡᠭᠳᠡᠯ ᠤᠨ ᠪᠢᠴᠢᠭ᠂ ᠲᠠᠷᠤᠮᠠᠯᠯᠠᠯ ᠢ 1 ᠬᠤᠪᠢ ᠬᠠᠩᠭᠠᠬᠤ ᠬᠡᠷᠡᠭᠲᠠᠢ᠃      4. ᠲᠤᠬᠠᠢ ᠶᠢᠨ ᠭᠠᠵᠠᠷ ᠤᠨ ᠲᠤᠮᠢᠯᠠᠭᠰᠠᠨ ᠰᠠᠯᠪᠤᠷᠢ ᠠᠴᠠ ᠭᠠᠷᠭᠠᠭᠰᠠᠨ ᠡᠷᠦᠬᠡ ᠠᠮᠠ ᠶᠢᠨ ᠬᠠᠷᠢᠶᠠᠯᠠᠯ ᠎ ᠤᠨ ᠬᠡᠷᠡᠴᠢ ᠶᠢ ᠠᠪᠴᠢᠷᠠᠬᠤ ᠬᠡᠷᠡᠭᠲᠠᠢ᠃      5. ᠭᠤᠶᠤᠴᠢᠯᠠᠭᠴᠢ ᠠᠴᠠ ᠲᠤᠮᠲᠠᠲᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠺᠠᠷᠲ᠂ ᠺᠠᠷᠲ ᠤᠨ 1 ᠬᠤᠪᠢ ᠲᠠᠷᠤᠮᠠᠯᠯᠠᠯ ᠢ ᠬᠠᠩᠭᠠᠨ᠎ᠠ ︵ᠲᠠᠩᠰᠠ ᠪᠠᠶᠢᠭᠤᠯᠤᠭᠰᠠᠨ ᠪᠠᠩᠬᠢ ᠶᠢᠨ ᠬᠠᠷᠢᠶ᠎ᠠ ᠭᠠᠵᠠᠷ ᠨᠢ ᠡᠵᠡᠨ ᠬᠤᠷᠤᠭ᠎ᠠ ᠬᠤᠰᠢᠭᠤᠨ ᠳᠤ ᠪᠠᠶᠢᠬᠤ ᠬᠡᠷᠡᠭᠲᠠᠢ︶᠂ ᠲᠠᠩᠰᠠ ᠪᠠᠶᠢᠭᠤᠯᠤᠭᠰᠠᠨ ᠬᠦᠮᠦᠨ ᠨᠢ ᠡᠷᠬᠡᠪᠰᠢ ᠭᠤᠶᠤᠴᠢᠯᠠᠭᠴᠢ ᠶᠢᠨ ᠦᠪᠡᠷ ᠤᠨ ᠬᠢᠨ ᠨᠡᠷ᠎ᠡ ᠪᠠᠶᠢᠵᠤ᠂ ᠡᠴᠢᠭᠡ ᠡᠬᠡ ᠶᠢᠨ ᠨᠠᠷ᠎ᠡ ᠵᠢᠴᠢ ᠪᠤᠰᠤᠳ ᠬᠦᠮᠦᠨ ᠤ ᠨᠡᠷ᠎ᠡ ᠪᠠᠷ ᠲᠠᠩᠰᠠᠯᠠᠭᠰᠠᠨ ᠪᠠᠩᠬᠢ ᠶᠢᠨ ᠺᠠᠷᠲ ᠪᠠᠶᠢᠵᠤ ᠪᠤᠯᠬᠤ ᠦᠭᠡᠢ ︵ᠲᠠᠷᠤᠮᠠᠯᠯᠠᠬᠤ ᠦᠶᠡᠰ ᠪᠡᠶ᠎ᠡ ᠶᠢᠨ ᠦᠨᠡᠮᠡᠯᠡᠯ ᠎ ᠤᠨ ᠨᠢᠭᠤᠷ ᠲᠠᠯ᠎ᠠ ᠪᠠ ᠪᠠᠩᠬᠢ ᠶᠢᠨ ᠺᠠᠷᠲ ᠶᠢᠨ ᠨᠢᠭᠤᠷ ᠲᠠᠯ᠎ᠠ ᠶᠢ ᠨᠢᠭᠡ ᠴᠠᠭᠠᠰᠤᠨ ᠲᠡᠭᠡᠷ᠎ᠡ ᠲᠠᠷᠤᠮᠠᠯᠯᠠᠨ᠎ᠠ︶᠃      ᠲᠠᠪᠤ᠂ ᠬᠠᠷᠢᠯᠴᠠᠠᠬᠤ ᠠᠷᠭ᠎ᠠ      ᠬᠠᠷᠢᠯᠴᠠᠬᠤ ᠬᠦᠮᠦᠨ᠄ ᠲᠠᠷᠬᠠᠨ      ᠬᠠᠷᠢᠯᠴᠠᠬᠤ ᠤᠳᠠᠰᠤ᠄ 0477 — 8969106                                          
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号