ᠭᠠᠷᠠᠭ ᠪᠦᠷᠢ 10 ᠴᠠᠭ ᠭᠡᠷ ᠤᠨ ᠭᠠᠳᠠᠨᠠᠬᠢ ᠬᠦᠳᠡᠯᠭᠡᠭᠡᠨ ᠳᠤ ᠣᠷᠣᠯᠴᠠᠬᠤ ᠨᠢ ᠣᠶᠢᠷ᠎ᠠ ᠬᠠᠷᠠᠭᠠᠨ ᠤ ᠡᠪᠡᠳᠴᠢᠨ ᠡᠭᠦᠰᠬᠦ ᠨᠣᠷᠮ᠎ᠠ ᠶᠢ ᠪᠠᠭᠠᠰᠬᠠᠵᠤ ᠴᠢᠳᠠᠬᠤ ᠶᠢ ᠲᠤᠷᠰᠢᠯᠲᠠ ᠬᠡᠷᠡᠴᠢᠯᠡᠪᠡ
ᠨᠡᠶᠢᠲᠡᠯᠡᠭᠰᠡᠨ ᠴᠠᠭ᠄
2018-07-02
      ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 6 ᠰᠠᠷ᠎ᠠ ᠶᠢᠨ 4᠎ ᠤ ᠡᠳᠦᠷ ᠤᠨ ᠴᠠᠬᠢᠯᠭᠠᠨ ᠮᠡᠳᠡᠭᠡ ︵ᠰᠤᠷᠪᠤᠯᠵᠢᠯᠠᠭᠴᠢ ᠪᠠᠢ ᠵᠢᠶᠠᠨ ᠹᠧᠩ︶ ᠰᠤᠷᠪᠤᠯᠵᠢᠯᠠᠭᠴᠢ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠵᠦᠪᠯᠡᠯ‌‍ᠤᠨ‌ᠡᠷᠬᠢᠯᠡᠨ ᠬᠤᠷᠠᠯᠳᠤᠭᠤᠯᠤᠭᠰᠠᠨ ᠲᠤᠰᠬᠠᠢ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠠᠴᠠ ᠣᠶᠢᠯᠠᠭᠠᠭᠰᠠᠨ ᠨᠢ᠄ ᠮᠠᠨ ᠤ ᠤᠯᠤᠰ ᠤᠨ ᠣᠶᠢᠷ᠎ᠠ ᠬᠠᠷᠠᠭ᠎ᠠ ᠲᠠᠢ ᠬᠦᠮᠦᠨ ᠤ ᠲᠤᠭ᠎ᠠ 4.5 ᠳ᠋ᠦᠩᠰᠢᠭᠤᠷ ᠢ ᠳᠠᠪᠠᠵᠤ᠂ ᠣᠶᠢᠷ᠎ᠠ  ᠬᠠᠷᠠᠭᠠᠨ ‍ᠤ‌ᠡᠪᠡᠳᠴᠢᠨ ᠡᠭᠦᠰᠬᠦ ᠪᠠᠶᠢᠳᠠᠯ ᠨᠢ᠂ ᠨᠠᠰᠤ ᠨᠢ ᠪᠠᠭ᠎ᠠ᠂ ᠬᠦᠭᠵᠢᠯᠲᠡ ᠨᠢ ᠲᠦᠷᠭᠡᠨ᠂ ᠬᠡᠮᠵᠢᠶ᠎ᠡ ᠨᠢ ᠭᠦᠨ ᠬᠠᠨᠳᠦᠰᠢ ᠢᠯᠡᠷᠡᠵᠡᠢ᠃ ᠡᠭᠦᠨ  ᠳᠤ᠂ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠣᠶᠢᠷ᠎ᠠ ᠬᠠᠷᠠᠭ᠎ᠠ ᠡᠭᠦᠰᠬᠦ ᠨᠣᠷᠮ᠎ᠠ ᠨᠢ ᠪᠠᠷᠤᠭ 30%᠂ ᠶᠡᠭᠡ‌‍ᠰᠤᠷᠭᠠᠭᠤᠯᠢ ᠶᠢᠨ ᠰᠤᠷᠤᠭᠴᠢ ᠶᠢᠨ ᠪᠠᠷᠤᠭ 90 %᠎ ᠳᠤ ᠬᠦᠷᠴᠡᠢ᠃      6 ᠰᠠᠷ᠎ᠠ ᠶᠢᠨ 6᠎ ᠤ ᠡᠳᠦᠷ ᠪᠣᠯ ᠬᠤᠷᠢᠨ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠨᠢᠳᠦ ᠪᠠᠨ ᠬᠠᠶᠢᠷᠠᠯᠠᠬᠤ ᠡᠳᠦᠷ ᠮᠦᠨ᠂ ᠭᠤᠣᠯ ᠰᠡᠳᠦᠪ ᠨᠢ ︽ᠰᠢᠨᠵᠢᠯᠡᠬᠦ ᠤᠬᠠᠭᠠᠨᠴᠢ ᠪᠠᠷ ᠣᠶᠢᠷ᠎ᠠ ᠬᠠᠷᠠᠭ᠎ᠠ ᠶᠢ ᠡᠵᠡᠮᠳᠡᠨ ᠰᠡᠷᠭᠡᠶᠢᠯᠡᠵᠦ᠂ ᠬᠡᠥᠬᠡᠳ ᠤᠨ ᠨᠢᠳᠦ ᠶᠢᠨ ᠡᠷᠡᠭᠦᠯ ᠮᠡᠨᠳᠦ ᠶᠢ ᠬᠠᠶᠢᠷᠠᠯᠠᠨ ᠬᠠᠮᠠᠭᠠᠯᠠᠨ᠎ᠠ︾᠃       ᠪᠦᠬᠦ ᠤᠯᠤᠰ ᠤᠨ ᠬᠠᠷᠠᠭ᠎ᠠ ᠮᠠᠭᠤᠳᠠᠯ ᠢ ᠰᠡᠷᠭᠡᠶᠢᠯᠡᠬᠦ ᠮᠡᠷᠭᠡᠵᠢᠯ ᠤᠨ ᠵᠢᠯᠤᠭᠤᠳᠤᠯᠭ᠎ᠠ ᠬᠢᠬᠦ ᠳᠤᠭᠤᠶᠢᠯᠠᠩ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠨᠠᠶᠢᠷᠠᠭᠤᠯᠤᠨ ᠪᠢᠴᠢᠭᠦᠯᠦᠭᠰᠡᠨ ︽ᠣᠶᠢᠷ᠎ᠠ ᠬᠠᠷᠠᠭ᠎ᠠ ᠶᠢ ᠰᠡᠷᠭᠡᠶᠢᠯᠡᠨ ᠵᠠᠰᠠᠬᠤ ᠵᠦᠭᠯᠡᠭᠦᠷ︾ ︽ᠭᠠᠵᠢᠭ ᠬᠠᠷᠠᠭ᠎ᠠ ᠶᠢ ᠡᠮᠨᠡᠨ ᠵᠠᠰᠠᠬᠤ ᠵᠦᠭᠯᠡᠭᠦᠷ︾ ︽ᠬᠢᠯᠠᠷ ᠬᠠᠷᠠᠭ᠎ᠠ ᠶᠢ ᠡᠮᠨᠡᠨ ᠵᠠᠰᠠᠬᠤ ᠵᠦᠭᠯᠡᠭᠦᠷ︾᠎ ᠢ ᠲᠦᠷᠦᠭᠦᠬᠡᠨᠨᠡᠶᠢᠲᠡᠯᠡᠵᠦ᠂ ᠡᠮᠴᠢᠯᠡᠭᠡᠨ ᠤ ᠪᠠᠶᠢᠭᠤᠯᠤᠮᠵᠢ ᠪᠣᠯᠣᠨ ᠨᠢᠳᠦᠨ ᠤ ᠰᠠᠯᠠᠭᠠᠨ ᠤ ᠡᠮᠨᠡᠯᠭᠡ ᠶᠢᠨ ᠠᠵᠢᠯᠲᠠᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠰᠤᠷᠤᠭᠴᠢ ᠪᠠ ᠭᠡᠷ ‍ᠦᠨ‌ᠠᠬᠠᠮᠠᠳ ᠎ ᠤᠨ ᠨᠢᠳᠦ ᠬᠡᠷᠡᠭᠯᠡᠬᠦ ᠵᠦᠪ ᠤᠬᠠᠮᠰᠠᠷ ᠢ ᠪᠣᠢ ᠪᠣᠯᠭᠠᠬᠤ ᠶᠢ ᠬᠦᠲᠦᠯᠦᠨ ᠵᠢᠯᠣᠭᠤᠳᠬᠤ ᠶᠢ ᠵᠣᠷᠢᠵᠠᠢ᠃      ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠵᠦᠪᠯᠡᠯ᠂ ᠰᠤᠷᠭᠠᠨ ᠬᠦᠮᠦᠵᠢᠯ ᠤᠨ ᠶᠠᠮᠤᠨ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠬᠠᠮᠲᠤᠷᠠᠨ ᠮᠡᠳᠡᠭᠳᠡᠯ ᠭᠠᠷᠭᠠᠵᠤ᠂ ᠡᠯ᠎ᠡ ᠭᠠᠵᠠᠷ ᠡᠯ᠎ᠡ ᠰᠤᠷᠭᠠᠭᠤᠯᠢ ᠶᠢᠨ ᠬᠢᠨ ᠰᠤᠷᠤᠭᠴᠢᠳ ᠤᠨ ᠡᠳᠦᠷ ᠪᠦᠷᠢ ᠨᠢᠭᠡ ᠴᠠᠭ ᠤᠨ ᠪᠡᠶ᠎ᠡ ᠪᠣᠯᠪᠠᠰᠤᠷᠠᠭᠤᠯᠬᠤ ᠳᠦᠷᠢᠮ ᠢ ᠪᠠᠷᠢᠮᠲᠠᠯᠠᠵᠤ᠂ ᠬᠢᠴᠢᠶᠡᠯ ᠰᠤᠷᠤᠯᠭ᠎ᠠ ᠵᠢᠨ‌‍ᠲ᠋ᠠᠷᠤᠭᠠᠰᠤ ᠶᠢ ᠦᠨᠡᠨᠬᠦ ᠬᠦᠩᠭᠡᠷᠡᠭᠦᠯᠦᠨ᠂ ᠣᠶᠢᠷ᠎ᠠ ᠵᠠᠢ ᠳᠤ ᠤᠷᠲᠤ ᠬᠤᠭᠤᠴᠠᠭ᠎ᠠ ᠪᠠᠷ ᠨᠢᠳᠦ ᠪᠠᠨ ᠬᠡᠷᠡᠭᠯᠡᠬᠦ ᠶᠢ  ᠪᠠᠭᠠᠰᠬᠠᠵᠤ᠂ ᠲᠣᠭᠲᠠᠭᠰᠠᠨ ᠬᠤᠭᠤᠴᠠᠭ᠎ᠠ ᠲᠠᠢ ᠬᠠᠷᠠᠭ᠎ᠠ ᠬᠢᠨᠠᠨ ᠬᠡᠮᠵᠢᠬᠦ ᠠᠵᠢᠯᠯᠠᠭ᠎ᠠ ᠥᠷᠨᠢᠭᠦᠯᠦᠨ᠂ ᠭᠡᠷᠡᠯ ᠤᠨ ᠬᠤᠭᠤᠷᠠᠯᠲᠠ ᠲᠡᠭᠰᠢ‌‍ᠪᠤᠰᠤ ᠶᠢᠨ ᠮᠡᠳᠡᠯᠭᠡ ᠶᠢ ᠰᠢᠨᠵᠢᠯᠡᠬᠦ ᠤᠬᠠᠭᠠᠨᠴᠢ ᠪᠠᠷ ᠳᠡᠯᠭᠡᠷᠡᠭᠦᠯᠬᠦ ᠬᠡᠷᠡᠭᠲᠡᠢ ᠭᠡᠪᠡ᠃            ᠣᠳᠣᠬᠠᠨ ᠳᠤ᠂ ᠣᠶᠢᠷ᠎ᠠ ᠬᠠᠷᠠᠭ᠎ᠠ ᠶᠢ ᠤᠷᠢᠳᠴᠢᠯᠠᠨ ᠵᠠᠰᠠᠬᠤ ᠳᠤ᠂ ᠭᠤᠣᠯᠳᠠᠭᠤ ᠣᠷᠴᠢᠨ ᠠᠬᠤᠢ ᠶᠢ ᠬᠤᠪᠢᠷᠠᠭᠤᠯᠬᠤ ᠲᠠᠯ᠎ᠠ ᠠᠴᠠ ᠭᠠᠷᠳᠠᠬᠤ ᠬᠡᠷᠡᠭᠲᠡᠢ᠃ ᠣᠶᠢᠷ᠎ᠠ ᠵᠠᠢ ᠳᠤ ᠨᠢᠳᠦ ᠪᠠᠨ ᠬᠡᠷᠡᠭᠯᠡᠬᠦ ᠨᠢ ᠣᠶᠢᠷ᠎ᠠ ᠬᠠᠷᠠᠭ᠎ᠠ ᠶᠢᠨ ᠡᠭᠦᠰᠴᠦ ᠬᠦᠭᠵᠢᠬᠦ ᠶᠢ ᠨᠥᠯᠥᠭᠡᠯᠡᠬᠦ ᠲᠡᠷᠢᠭᠦᠨ ᠪᠠᠶᠢᠷᠢᠨ ᠳᠤ ᠪᠠᠶᠢᠷᠢᠯᠠᠬᠤ ᠠᠶᠤᠯ ᠲᠠᠢ ᠬᠦᠴᠦᠨ ᠵᠦᠢᠯ ᠬᠡᠮᠡᠭᠳᠡᠵᠦ ᠪᠠᠶᠢᠨ᠎ᠠ᠃ ᠣᠳᠣᠬᠠᠨ᠂ ᠡᠯᠧᠺᠲᠷᠣᠨ ᠦᠢᠯᠡᠳᠬᠦᠨ ᠬᠦᠮᠦᠰ ᠤᠨ ᠠᠮᠢᠳᠤᠷᠠᠯ ᠳᠤᠮᠳᠠ ᠤᠯᠠᠮ ᠠᠴᠠ ᠤᠯᠠᠮ ᠤᠷᠤᠨ ᠵᠠᠢ ᠡᠵᠡᠯᠡᠵᠦ  ᠪᠠᠶᠢᠨ᠎ᠠ᠂ ᠵᠠᠯᠠᠭᠤ ᠪᠠᠭᠠᠴᠤᠳ ᠤᠨ ᠦᠶ᠎ᠡ ᠪᠣᠯ ᠭᠡᠷᠡᠯ ᠤᠨ ᠨᠤᠭᠤᠷᠠᠯᠲᠠ ᠶᠢᠨ ᠪᠠᠶᠢᠳᠠᠯ ᠪᠣᠶᠢᠵᠢᠬᠤ ᠶᠢᠨ ᠵᠠᠩᠭᠢᠯᠠᠭ᠎ᠠ ᠶᠢᠨ ᠴᠠᠭ ᠪᠣᠯᠬᠤ ᠮᠦᠷᠲᠡᠭᠡᠨ ᠪᠠᠰᠠ ᠴᠤ ᠰᠤᠷᠤᠯᠭ᠎ᠠ ᠶᠢᠨ ᠳᠠᠷᠤᠭᠠᠰᠤ ᠲᠤᠶᠢᠯ ᠤᠨ ᠬᠦᠨᠳᠦ ᠴᠠᠭ ᠦᠶ᠎ᠡ ᠪᠣᠯᠣᠨ᠎ᠠ᠂ ᠵᠠᠯᠠᠭᠤ  ᠪᠠᠭᠠᠴᠤᠳ ᠤᠨ ᠡᠯᠧᠺᠲᠷᠣᠨ ᠦᠢᠯᠡᠳᠬᠦᠨ ᠬᠡᠷᠡᠭᠯᠡᠬᠦ ᠳᠤ ᠦᠪᠡᠷ ᠢ ᠪᠠᠨ ᠡᠵᠡᠮᠳᠡᠬᠦ ᠴᠢᠳᠠᠪᠤᠷᠢ ᠨᠡᠯᠢᠶᠡᠳ ᠠᠨᠠᠢ ᠪᠠᠶᠢᠳᠠᠭ ᠪᠣᠯᠬᠤᠷ ᠡᠯᠧᠺᠲᠷᠣᠨ‌ᠦᠢᠯᠡᠳᠬᠦᠨ ᠢ ᠦᠷᠭᠦᠯᠵᠢᠯᠡᠨ ᠬᠡᠷᠡᠭᠯᠡᠬᠦ ᠴᠠᠭ ᠢ ᠠᠯᠢ ᠴᠢᠳᠠᠬᠤ ᠪᠠᠷ ᠪᠠᠭᠠᠰᠬᠠᠬᠤ ᠬᠡᠷᠡᠭᠲᠡᠢ᠃ ᠡᠭᠦᠨ ᠠᠴᠠ ᠭᠠᠳᠠᠨ᠎ᠠ᠂ ᠭᠡᠷ ᠤᠨ ᠭᠠᠳᠠᠨᠠᠬᠢ ᠬᠥᠳᠡᠯᠭᠡᠭᠡᠨ ᠬᠢᠬᠦ ᠨᠢ ᠪᠠᠰᠠ ᠴᠤ ᠣᠶᠢᠷ᠎ᠠ ᠬᠠᠷᠠᠭ᠎ᠠ ᠶᠢ ᠰᠡᠷᠭᠡᠶᠢᠯᠡᠬᠦ ᠶᠢᠨ ᠪᠦᠲᠦᠮᠵᠢᠲᠡᠢ ᠠᠷᠭ᠎ᠠ ᠪᠠᠷᠢᠯ ᠎ ᠤᠨ ᠨᠢᠭᠡ ᠪᠣᠯᠣᠨ᠎ᠠ᠃ ᠭᠡᠷ ᠤᠨ ᠭᠠᠳᠠᠨᠠᠬᠢ ᠬᠦᠳᠡᠯᠭᠡᠭᠡᠨ ᠬᠢᠬᠦ ᠴᠠᠭ ᠬᠢᠭᠡᠳ ᠣᠶᠢᠷ᠎ᠠ ᠬᠠᠷᠠᠭᠠᠨ ᠤ ᠡᠪᠡᠳᠴᠢᠨ ᠡᠭᠦᠰᠬᠦ ᠨᠣᠷᠮ᠎ᠠ ᠪᠣᠯᠣᠨ ᠠᠬᠢᠴᠠ ᠶᠢᠨ ᠬᠡᠮᠵᠢᠶ᠎ᠡ ᠨᠢ ᠰᠥᠬᠡᠷᠬᠦ ᠲᠦᠰᠢᠯᠴᠢᠯ ᠤᠨ ᠬᠠᠷᠢᠴᠠᠭ᠎ᠠ ᠲᠠᠢ ᠶᠤᠮ᠃ ᠶᠡᠭᠡ ᠦᠯᠢᠭᠡᠷ ᠬᠡᠪ ᠤᠨ ᠣᠯᠠᠨ ᠲᠥᠪᠲᠦ ᠡᠮᠴᠢᠯᠡᠭᠡᠨ ᠤ ᠲᠤᠷᠰᠢᠯᠲᠠ ᠭᠡᠷᠡᠴᠢᠯᠡᠭᠰᠡᠨ ᠨᠢ᠂ ᠡᠳᠦᠷ ᠪᠦᠷᠢ 2 ᠴᠠᠭ ᠪᠤᠶᠤ ᠭᠠᠷᠠᠭ ᠪᠦᠷᠢ 10 ᠴᠠᠭ ᠤᠨ ᠭᠡᠷ ᠤᠨ ᠭᠠᠳᠠᠨᠠᠬᠢ ᠬᠦᠳᠡᠯᠭᠡᠭᠡᠨ ᠳᠤ ᠣᠷᠣᠯᠴᠠᠬᠤ ᠨᠢ ᠣᠶᠢᠷ᠎ᠠ ᠬᠠᠷᠠᠭ᠎ᠠ ᠶᠢᠨ ᠡᠭᠦᠰᠬᠦ ᠨᠣᠷᠮ᠎ᠠ ᠶᠢ ᠪᠦᠲᠦᠮᠵᠢᠲᠡᠢ ᠪᠠᠭᠤᠷᠠᠭᠤᠯᠤᠨ᠎ᠠ᠃ ᠡᠶᠢᠮᠦ ᠠᠴᠠ᠂ ᠵᠠᠯᠠᠭᠤᠴᠤᠳ ᠪᠠᠭᠠᠴᠤᠳ ᠭᠡᠷ ᠤᠨ ᠭᠠᠳᠠᠨᠠᠬᠢ ᠬᠦᠳᠡᠯᠭᠡᠭᠡᠨ ᠢ ᠢᠳᠡᠪᠬᠢᠲᠡᠢ ᠬᠢᠵᠦ᠂ ᠨᠠᠷᠠᠨ ᠤ ᠭᠡᠷᠡᠯ ᠳᠤ ᠢᠯᠡᠭᠦᠬᠡᠨ ᠭᠠᠷᠴᠤ ᠣᠶᠢᠷ᠎ᠠ ᠬᠠᠷᠠᠭ᠎ᠠ ᠶᠢ ᠰᠡᠷᠭᠡᠶᠢᠯᠡᠬᠦ ᠶᠢ ᠰᠠᠨᠠᠭᠠᠴᠢᠯᠠᠬᠤ ᠬᠡᠷᠡᠭᠲᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号