ᠬᠤᠪᠢ ᠬᠥᠮᠥᠨ ᠤ ᠮᠡᠳᠡᠭᠡ ᠵᠠᠩᠬᠢ ᠶᠢᠨ ᠨᠢᠭᠤᠴᠠ ᠶᠢ ᠰᠠᠶᠢᠳᠤᠷ ᠬᠠᠮᠠᠭᠠᠯᠠᠶ᠎ᠠ
ᠨᠡᠶᠢᠲᠡᠯᠡᠭᠰᠡᠨ ᠴᠠᠭ᠄
2018-07-02
     ᠰᠥᠯᠵᠢᠶᠠᠨ ᠲᠡᠭᠡᠷᠡᠬᠢ ᠬᠤᠪᠢ ᠬᠥᠮᠥᠨ ᠤ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠬᠤ ᠠᠰᠠᠭᠤᠳᠠᠯ ᠨᠢ ᠰᠥᠯᠵᠢᠶᠠᠨ ᠤ ᠢᠷᠭᠡᠳ ᠤᠨ ᠬᠠᠮᠤᠬ ᠤᠨ ᠠᠩᠬᠠᠷᠴᠤ ᠪᠥᠬᠦᠢ ᠠᠰᠠᠭᠤᠳᠠᠯ ᠤᠨ ᠨᠢᠭᠡ ᠪᠤᠯᠪᠠ᠃ ᠬᠤᠪᠢ ᠬᠥᠮᠥᠨ ᠤ ᠮᠡᠳᠡᠭᠡ ᠵᠠᠩᠭᠢ ᠠᠮᠤᠷ ᠲᠥᠪᠰᠢᠨ ᠡᠷᠭᠡ ᠴᠢᠯᠥᠬᠡ ᠲᠠᠢ ᠪᠠᠶᠢᠬᠤ ᠪᠤᠯ ᠡᠷᠭᠡᠳᠤ ᠠᠷᠠᠳ ᠪᠤᠯᠭᠠᠨ ᠤ ᠡᠳᠤᠷ ᠲᠤᠳᠤᠮ ᠤᠨ ᠠᠮᠢᠳᠤᠷᠠᠯ ᠤᠨ ᠨᠢᠬᠡ ᠴᠢᠬᠤᠯᠠ ᠨᠥᠬᠦᠴᠠᠯ ᠪᠤᠯᠤᠨ᠎ᠠ᠃ ᠬᠤᠪᠢ ᠬᠥᠮᠥᠨ ᠤ ᠮᠡᠳᠡᠭᠡ ᠵᠠᠩᠭᠢ ᠶᠢᠨ ᠠᠮᠤᠷ ᠲᠥᠪᠰᠢᠨ ᠬᠠᠤᠯᠢ ᠴᠠᠭᠠᠵᠠ ᠶᠢᠨ ᠲᠠᠯ᠎ᠠ ᠪᠠᠷ ︽ᠬᠤᠪᠢ ᠶᠢᠨ ᠨᠢᠭᠤᠴᠠ︾ ᠬᠡᠵᠥ ᠨᠡᠷᠡᠯᠡᠳᠡᠭ᠃ ᠬᠠᠤᠯᠢ ᠴᠠᠭᠠᠵᠠ ᠪᠠᠷ ᠡᠷᠭᠡᠳᠤ ᠠᠷᠠᠳ ᠤᠨ  ᠬᠤᠪᠢ ᠶᠢᠨ ᠨᠢᠭᠤᠴᠠ ᠶᠢ ᠬᠠᠮᠠᠭᠠᠯᠠᠬᠤ ᠪᠤᠯ ᠨᠡᠶᠢᠭᠡᠮ ᠤᠨ ᠪᠤᠯᠪᠠᠰᠤᠨ ᠤ ᠲᠠᠪᠰᠢᠯᠳᠠ ᠪᠠ ᠤᠳᠤᠬᠢ ᠬᠠᠤᠯᠢ ᠲᠥᠷᠢᠮ ᠤᠨ ᠬᠥᠭᠵᠢᠯᠳᠠ ᠶᠢᠨ ᠥᠷ᠎ᠠ ᠳ᠋ᠥᠡᠭ ᠪᠤᠯᠬᠤ ᠶᠤᠮ᠂ ᠪᠠᠰᠠ ᠴᠤ ᠨᠢᠬᠡᠨ ᠤᠯᠤᠰ ᠤᠷᠤᠨ ᠤ ᠬᠤᠪᠢ ᠬᠥᠮᠥᠨ ᠤ ᠤᠷᠤᠨ ᠪᠠᠶᠢᠷᠢ ᠪᠠ ᠬᠥᠨᠳᠥᠳᠭᠡᠯ ᠢ ᠬᠡᠮᠵᠢᠬᠦ ᠴᠢᠬᠤᠯᠠ ᠬᠡᠮᠵᠢᠬᠦᠷ ᠪᠤᠯᠬᠤ ᠶᠤᠮ᠃        ᠤᠳᠤᠬᠠᠨ ᠳᠤ᠂ ᠮᠠᠨ ᠤ ᠤᠯᠤᠰ ᠤᠨ ᠡᠯᠧᠺᠲᠷᠥᠨ ᠬᠤᠳᠠᠯᠳᠤᠭᠠᠨ ᠤ ᠶᠠᠪᠤᠳᠠᠯ᠂ ᠡᠯᠧᠺᠲᠷᠥᠨ ᠪᠠᠩᠭᠢ᠂ ᠪᠡᠶ᠎ᠠ ᠵᠢᠨ‌ᠥᠨᠡᠮᠯᠡᠯ ᠵᠡᠷᠭᠡ ᠲᠡᠯ᠎ᠠ ᠪᠠᠷ ᠤᠶᠤᠨᠴᠢ ᠭᠡᠷᠡᠭᠯᠡᠭᠡ ᠮᠥᠨ ᠯᠠ ᠠᠩᠬᠠᠨ ᠤ ᠱᠠᠳᠤᠨ ᠳᠤ ᠪᠠᠶᠢᠵᠥ᠂ ᠰᠥᠯᠵᠢᠶᠠᠨ ᠲᠡᠭᠡᠷᠡᠬᠢ ᠬᠤᠪᠢ ᠬᠥᠮᠥᠨ ᠤ ᠮᠡᠳᠡᠭᠡ ᠵᠠᠩᠭᠢ ᠶᠢᠨ ᠨᠢᠭᠤᠴᠠ ᠶᠢ ᠪᠠᠳᠤᠯᠠᠬᠤ ᠬᠠᠤᠯᠢ ᠴᠠᠭᠠᠵᠠ ᠶᠢᠨ ᠪᠠᠶᠢᠭᠤᠯᠤᠮᠵᠢ ᠬᠠᠷᠠᠬᠠᠨ ᠲᠡᠬᠦᠯᠳᠡᠷᠵᠢᠭᠡ ᠥᠬᠡᠢ᠂ ᠡᠷᠭᠡᠳᠤ ᠠᠷᠠᠳ ᠤᠨ ᠬᠤᠪᠢ ᠬᠥᠮᠥᠨ ᠤ ᠮᠡᠳᠡᠭᠡ ᠵᠠᠩᠭᠢ ᠶᠢᠨ ᠨᠢᠭᠤᠴᠠ ᠶᠢᠨ ᠡᠷᠭᠡ ᠳᠤ ᠬᠠᠯᠳᠠᠬᠰᠠᠨ ᠵᠢᠭᠤᠷᠠᠯᠳᠤᠭᠠᠨ‌ᠮᠥ᠋ᠨ ᠯᠠ ᠪᠠᠶᠢᠡᠭᠭᠤ ᠡᠬᠦᠰᠴᠤ ᠪᠤᠢ᠃ ᠬᠡᠪᠡᠴᠦ ᠡᠳᠡᠭᠡᠷ ᠨᠢ ᠬᠤᠪᠢ ᠬᠦᠮᠦᠨ ᠤ ᠮᠡᠳᠡᠭᠡ ᠵᠠᠩᠭᠢ ᠶᠢᠨ ᠠᠮᠤᠷ ᠲᠦᠪᠰᠢᠨ ᠳᠤ ᠨᠥᠯᠥᠬᠡ ᠪᠤᠯᠳᠠᠬ ᠢ ᠬᠥᠮᠥᠰ ᠶᠠᠷᠤᠨᠢ ᠠᠩᠬᠠᠷᠤᠯ ᠢᠶᠠᠨ ᠬᠠᠨᠳᠤᠭᠤᠯᠤᠬᠰᠠᠨ ᠥᠬᠡᠢ ᠪᠠᠶᠢᠵᠥ ᠮᠡᠳᠡᠨ᠎ᠠ᠃ ᠠᠮᠧᠷᠢᠺᠡ ᠶᠢᠨ ᠶᠢᠦ‌‍ᠪᠦ᠋᠂ ᠶᠠ ᠬᠤ᠋ ᠵᠡᠷᠭᠡ ᠨᠡᠷᠡᠳᠦ ᠺᠤᠮᠫᠠᠨᠢ ᠶᠢᠨ ᠬᠡᠷᠡᠭᠯᠡᠭᠴᠢᠳ ᠤᠨ ᠲᠤᠭ᠎ᠠ ᠪᠠᠷᠢᠮᠳᠠ ᠺᠤᠮᠫᠢᠦ᠋ᠲ᠋ᠧᠷ ᠤᠨ ᠬᠠᠺᠧᠷ ᠲᠤ ᠬᠡᠨᠡᠳᠡᠭᠦᠯᠦᠨ ᠳᠠᠭᠠᠷᠢᠭᠳᠠᠭᠰᠠᠨ ᠬᠡᠷᠡᠭ︔ ᠵᠢᠩ ᠳ᠋ᠦᠡᠭ ᠤᠨ ᠲᠤᠳᠤᠭᠠᠳᠦ ᠶᠢᠨ ᠠᠵᠢᠯᠳᠠᠨ ᠶᠠᠯᠠᠳᠦ ᠪᠦᠯᠦᠭᠯᠡᠯ ᠲᠠᠢ ᠬᠠᠮᠳᠤᠷᠠᠨ ᠬᠡᠷᠡᠭᠯᠡᠭᠴᠢᠳ ᠤᠨ ᠮᠡᠳᠡᠭᠡ ᠵᠠᠩᠭᠢ ᠶᠢ ᠬᠤᠯᠠᠭᠠᠢᠢᠯᠠᠭᠰᠠᠨ ᠤᠴᠢᠷ᠁  2017 ᠤᠨ ᠤ 3 ᠰᠠᠷ᠎ᠠ ᠳᠤ ᠲᠤᠳᠤᠭᠠᠳᠦ ᠶᠢ ᠬᠠᠮᠠᠭᠠᠯᠠᠬᠤ ᠶᠠᠮᠤᠨ ᠠᠴᠠ ᠺᠤᠮᠫᠢᠦ᠋ᠲ᠋ᠧᠷ ᠤᠨ ᠬᠠᠺᠧᠷ ᠤᠨ ᠲᠠᠭᠠᠷᠢᠯᠳᠠ ᠡᠪᠳᠡᠭᠳᠡᠯ ᠢ ᠴᠡᠴᠡᠭᠯᠡᠨ  ᠵᠠᠰᠠᠵᠤ  ᠴᠤᠬᠢᠯᠳᠠ ᠦᠭᠬᠦ ᠲᠤᠰᠬᠠᠢ ᠠᠵᠢᠯᠯᠠᠭ᠎ᠠ ᠶᠢ ᠦᠷᠨᠢᠭᠦᠯᠵᠤ᠂ ᠲᠦᠷᠪᠡᠭᠡᠨ ᠰᠠᠷ᠎ᠠ ᠶᠢᠨ ᠬᠤᠭᠤᠴᠠᠭᠠᠨ ᠳᠤ ᠬᠠᠮᠢᠶ᠎ᠠ ᠪᠦᠬᠦᠢ ᠬᠡᠷᠡᠭ ᠢ 1800 ᠭᠠᠷᠤᠢ ᠲᠠᠩᠨᠠᠨ ᠯᠠᠪᠠᠷᠠᠬᠦᠯᠵᠥ᠂ ᠬᠠᠤᠯᠢ ᠪᠤᠰᠤ ᠪᠠᠷ ᠡᠷᠭᠡᠳᠦ ᠠᠷᠠᠳ ᠤᠨ ᠬᠤᠪᠢ ᠬᠦᠮᠦᠨ ᠤ ᠡᠯ᠎ᠠ ᠲᠦᠷᠦᠯ ᠤᠨ ᠮᠡᠳᠡᠭᠡ  ᠵᠠᠩᠭᠢ ᠶᠢ ᠲᠠᠷᠤᠮᠠᠯᠯᠠᠨ ᠬᠤᠳᠠᠯᠳᠤᠭᠰᠠᠨ ᠭᠡᠷᠡᠭ ᠢ ᠳ᠋ᠦᠡᠭᠰᠢᠭᠤᠷ ᠭᠠᠷᠤᠢ ᠪᠠᠶᠢᠴᠠᠭᠠᠨ ᠢᠯᠡᠷᠡᠬᠦᠯᠪᠠ᠃ ᠡᠳᠡᠭᠡᠷ ᠬᠡᠷᠡᠭ ᠢ ᠢᠯᠡᠴᠢᠯᠡᠭᠰᠡᠨ ᠠᠴᠠ ᠪᠤᠯᠵᠤ ᠬᠦᠮᠦᠰ ︽ᠮᠢᠨᠤ  ᠮᠡᠳᠡᠭᠡ  ᠵᠠᠩᠭᠢ ᠶᠢ ᠲᠠ ᠶᠠᠭᠠᠬᠢᠭᠠᠳ ᠮᠡᠳᠡᠭᠰᠡᠨ ᠪᠤᠢ︖︾ ᠬᠡᠬᠦ ᠠᠰᠠᠭᠤᠳᠠᠯ ᠳᠤ  ᠨᠡᠶᠢᠳᠠᠮ ᠰᠠᠨᠠᠭᠠᠰᠢᠷᠠᠵᠥ ᠪᠠᠶᠢᠯ᠎ᠠ᠃ ᠤᠨᠴᠠᠭᠠᠢᠢᠯᠠᠨ ᠂ ᠰᠥᠯᠵᠢᠶᠠᠨ ᠤ  ᠮᠡᠷᠭᠡᠵᠢᠯ ᠤᠨ ᠰᠢᠨᠠᠴᠢᠯᠠᠯᠳᠠ ᠪᠠ ᠠᠵᠤ ᠠᠬᠤᠢ ᠶᠢᠨ ᠲᠡᠯᠡᠬᠡᠶᠢᠴᠢᠯᠠᠯᠳᠠ ᠶᠢ ᠲᠠᠭᠠᠯᠳᠤᠨ᠂ ᠨᠠᠩ ᠥᠨᠳᠤᠷ᠂ ᠨᠠᠩ ᠬᠥᠨ ᠲᠠᠪᠬᠤᠷᠭ᠎ᠠ ᠶᠢᠨ ᠡᠬᠦᠳᠡᠨ ᠠᠴᠠ᠂ ᠰᠥᠯᠵᠢᠶᠠᠨ ᠤ ᠬᠤᠪᠢ‌‍ᠬᠥ᠋ᠮᠥᠨ ᠤ ᠮᠡᠳᠡᠭᠡ ᠵᠠᠩᠭᠢ ᠶᠢᠨ ᠨᠢᠭᠤᠴᠠ ᠶᠢ ᠬᠡᠷᠬᠢᠨ ᠬᠠᠮᠠᠭᠠᠯᠠᠬᠤ ᠲᠠᠯ᠎ᠠ ᠪᠠᠷ ᠨᠠᠩ ᠴᠢᠬᠤᠯᠠᠴᠢᠯᠠᠪᠠᠯ ᠵᠤᠬᠢᠨ᠎ᠠ᠃        ᠰᠥᠯᠵᠢᠶᠠᠨ ᠤ ᠴᠠᠬ ᠡᠷᠡᠨ᠂ ᠮᠡᠷᠭᠡᠵᠢᠯ ᠤᠨ ᠬᠥᠭᠵᠢᠯᠳᠠ ᠬᠥᠮᠥᠰ ᠲᠤ ᠥᠨᠡᠨᠬᠦ ᠲᠤᠩ ᠤᠯᠠᠨ ᠲᠥᠬᠦᠮ ᠠᠪᠴᠢᠷᠠᠵᠥ ᠥᠭᠬᠦᠭᠰᠡᠨ ᠪᠤᠯᠪᠠᠴᠤ ᠴᠥᠬᠡᠨ ᠪᠤᠰᠤ ᠬᠥᠮᠥᠰ ᠤᠨ ᠬᠤᠪᠢ  ᠬᠥᠮᠥᠨ ᠤ ᠮᠡᠳᠡᠭᠡ ᠵᠠᠩᠭᠢ ᠶᠢᠨ ᠨᠢᠭᠤᠴᠠ ᠯᠠᠪᠠᠷᠠᠬᠦ ᠠᠰᠠᠭᠤᠳᠠᠯ ᠤᠳ ᠥᠷᠬᠦᠯᠵᠢ ᠪᠤᠢ ᠪᠤᠯᠵᠥ᠂ ᠲᠡᠷᠡᠴᠢᠯᠠᠨ ᠰᠥᠯᠵᠢᠶᠠᠨ ᠤ ᠲᠠᠮᠵᠢᠭᠤᠯᠭ᠎ᠠ ᠶᠢᠨ ᠤᠷᠴᠢᠨ ᠲᠤᠤᠷ᠎ᠠ᠂ ᠬᠤᠪᠢ‌‍ᠬᠥ᠋ᠮᠥᠨ ᠤ ᠮᠡᠳᠡᠭᠡ ᠵᠠᠩᠭᠢ ᠶᠢᠨ ᠨᠢᠭᠤᠴᠠ ᠶᠢᠨ ᠯᠠᠪᠠᠷᠠᠬᠦ ᠠᠰᠠᠭᠤᠳᠠᠯ ᠨᠠᠩ  ᠬᠥᠨᠳᠤ  ᠨᠤᠴᠢᠳᠠᠢ  ᠪᠤᠯᠵᠥ᠂  ᠡᠳᠤᠷ  ᠢᠷᠡᠬᠦᠶ᠎ᠠ ᠤᠯᠠᠨ ᠲᠦᠢᠯᠰᠢᠷᠡᠬᠤ ᠬᠠᠨᠳᠤᠰᠢ ᠲᠠᠢ  ᠪᠤᠯᠤᠯ᠎ᠠ᠃ ᠡᠨᠡᠬᠦ  ᠪᠠᠶᠢᠳᠠᠯ ᠳᠤ ᠴᠢᠭᠯᠡᠬᠦᠯᠥᠨ ᠨᠡᠶᠢᠭᠡᠮ ᠲᠠᠶᠠᠭᠠᠷ ᠢᠶᠠᠷ ᠢᠶᠠᠨ ᠬᠠᠤᠯᠢᠵᠢᠯ ᠤᠨ ᠪᠠᠶᠢᠭᠤᠯᠤᠯᠳᠠ ᠪᠠ ᠶᠤᠰᠤ ᠰᠤᠷᠳᠠᠬᠤᠨ ᠤ ᠪᠠᠶᠢᠭᠤᠯᠤᠯᠳᠠ ᠶᠢ ᠴᠢᠩᠭᠠᠳᠬᠠᠬᠤ ᠶᠢᠨ ᠬᠠᠮᠳᠤ ᠮᠡᠷᠭᠡᠵᠢᠯ ᠢ ᠨᠡᠭᠡᠭᠡᠨ ᠬᠥᠭᠵᠢᠬᠦᠯᠬᠦ ᠵᠠᠪᠤᠴᠠ ᠳᠤ ᠨᠢᠭᠤᠴᠠ ᠶᠢ ᠬᠠᠮᠠᠭᠠᠯᠠᠬᠤ ᠠᠰᠠᠭᠤᠳᠠᠯ ᠢ ᠰᠠᠶᠢᠳᠤᠷ ᠠᠩᠬᠠᠷᠪᠠᠯ᠂ ᠬᠤᠪᠢ ᠬᠥᠮᠥᠨ ᠤ ᠮᠡᠳᠡᠭᠡ‌ᠵᠠᠩᠭᠢ ᠶᠢᠨ ᠨᠢᠭᠤᠴᠠ ᠶᠢ ᠬᠠᠮᠠᠭᠠᠯᠠᠬᠤ ᠠᠰᠠᠭᠤᠳᠠᠯ ᠠᠭᠠᠵᠢᠮ ᠢᠶᠠᠷ ᠪᠥᠳᠥᠮᠵᠢᠳᠠᠢ ᠰᠢᠢᠳᠪᠤᠷᠢᠯᠡᠭᠳᠡᠬᠦ ᠨᠢ ᠯᠠᠪᠳᠠᠢ︕        ᠰᠠᠨᠠᠭᠤᠯᠤᠮᠵᠢ᠄    ᠬᠤᠪᠢ ᠬᠦᠮᠦᠨ ᠤ ᠮᠡᠳᠡᠭᠡ ᠵᠠᠩᠬᠢ ᠶᠢ ᠵᠠᠳᠠᠷᠠᠭᠤᠯᠤᠭᠰᠠᠨ ᠠᠴᠠ ᠪᠤᠯᠵᠤ ᠡᠳ᠋ ᠬᠦᠷᠦᠩᠭᠡ ᠶᠢᠨ ᠬᠤᠬᠢᠷᠠᠯ ᠳᠤ ᠤᠴᠠᠷᠠᠪᠠᠯ ᠶᠠᠭᠠᠬᠢᠵᠤ ᠦᠪᠡᠷ ᠤᠨ ᠢᠶᠠᠨ ᠬᠠᠤᠯᠢ ᠶᠤᠰᠤᠨ ᠤ ᠡᠷᠭᠡ ᠠᠰᠢᠭ ᠢᠶᠠᠨ ᠬᠠᠮᠠᠭᠠᠯᠠᠬᠤ ᠪᠤᠢ︖        ᠲᠤᠰ ᠲᠦᠷᠦᠯ ᠤᠨ ᠭᠡᠷᠡᠭ ᠤᠨ ᠬᠤᠯᠪᠤᠭᠳᠠᠭᠰᠠᠨ ᠮᠦᠡᠭᠭᠦ ᠶᠢᠨ ᠲᠤᠭ᠎ᠠ ᠬᠡᠮᠵᠢᠶ᠎ᠠ ᠨᠢ ᠪᠠᠭ᠎ᠠ᠂ ᠭᠡᠷᠡᠭ ᠤᠯᠠᠨ‌ᠡᠬᠦᠰᠴᠤ᠂ ᠬᠦᠮᠦᠰ ᠬᠤᠬᠢᠷᠠᠯ ᠢᠶᠠᠨ ᠡᠭᠡᠭᠦᠯᠦᠨ ᠠᠪᠴᠢᠷᠠᠬᠤ ᠳᠤ ᠬᠦᠴᠢᠷ ᠲᠠᠢ ᠪᠠᠶᠢᠳᠠᠭ᠃ ᠬᠡᠪᠡᠴᠦ ᠬᠠᠮᠢᠶᠠᠷᠬᠤ ᠦᠬᠡᠢ ᠰᠠᠭᠤᠵᠤ ᠪᠤᠯᠬᠤ ᠦᠭᠡᠢ᠂ ᠬᠤᠷᠳᠤᠬᠠᠨ ᠲᠤᠳᠤᠭᠠᠳᠦ ᠶᠢ ᠬᠠᠮᠠᠭᠠᠯᠠᠬᠤ ᠰᠠᠯᠠᠭ᠎ᠠ ᠮᠦᠴᠢᠷ ᠲᠤ ᠬᠡᠷᠡᠭ ᠢᠶᠠᠨ ᠮᠡᠳᠡᠭᠦᠯᠬᠦ ᠬᠡᠷᠡᠭᠳᠠᠢ᠃ ᠬᠡᠷᠪᠡ ᠲᠤᠭᠳᠠᠭᠰᠠᠨ ᠬᠤᠭᠤᠴᠠᠭᠠᠨ ᠳᠤ᠂ ᠬᠡᠷᠡᠭ ᠤᠨ ᠮᠡᠳᠡᠭᠦᠯᠦᠯᠳᠡ ᠪᠠ ᠵᠠᠭᠠᠯᠳᠤᠯᠭ᠎ᠠ ᠨᠢ ᠶᠠᠠᠮᠷ ᠨᠢᠭᠡᠨ ᠠᠵᠤ ᠠᠬᠤᠢᠢᠯᠠᠯ ᠪᠤᠶᠤ ᠶᠠᠮᠠᠷ ᠨᠢᠭᠡᠨ ᠬᠦᠷᠢᠶ᠎ᠠ ᠴᠠᠷᠠᠭ᠎ᠠ ᠳᠤ ᠲᠦᠪᠯᠡᠷᠡᠪᠡᠯ᠂ ᠪᠦᠷᠢᠳᠭᠡᠭᠦᠯᠭᠦ ᠶᠢᠨ ᠪᠠᠷᠢᠮᠵᠢᠶᠡᠨ ᠳᠤ ᠬᠦᠷᠪᠡᠯ ᠬᠠᠮᠢᠶ᠎ᠠ ᠪᠦᠬᠦᠢ ᠰᠠᠯᠠᠭ᠎ᠠ ᠮᠦᠴᠢᠷ ᠬᠠᠤᠯᠢ ᠴᠠᠭᠠᠵᠠ ᠶᠢᠨ ᠲᠤᠭᠳᠠᠭᠠᠯ ᠢᠶᠠᠷ᠂ ᠠᠷᠭ᠎ᠠ ᠬᠡᠮᠵᠢᠶ᠎ᠠ ᠠᠪᠴᠤ ᠤᠯᠠᠨ ᠨᠡᠶᠢᠳᠡ ᠶᠢᠨ ᠡᠷᠭᠡ ᠠᠰᠢᠭ ᠢ ᠬᠠᠮᠠᠭᠠᠯᠠᠵᠤ ᠲᠡᠶᠢᠯᠦᠨ᠎ᠠ᠃         ᠬᠤᠪᠢ ᠬᠦᠮᠦᠨ ᠪᠠᠰᠠ ᠦᠪᠡᠷ ᠤᠨ ᠢᠶᠠᠨ ᠮᠡᠳᠡᠭᠡ ᠵᠠᠩᠭᠢ ᠶᠢᠨ ᠠᠮᠤᠷ ᠲᠦᠪᠰᠢᠨ ᠢᠶᠠᠨ ᠬᠠᠮᠠᠭᠠᠯᠠᠬᠤ ᠦᠵᠡᠯ ᠤᠬᠠᠮᠰᠠᠷ ᠢᠶᠠᠨ ᠳᠡᠭᠡᠭᠰᠢᠯᠡᠬᠦᠯᠬᠦ ᠬᠡᠷᠡᠭᠲᠠᠢ᠃ ᠲᠦᠷᠭᠡᠨ ᠭᠤᠪᠢᠭᠤᠯᠭ᠎ᠠ ᠶᠢᠨ ᠬᠠᠭᠤᠳᠠᠰᠤ᠂ ᠬᠦᠯᠢᠶᠡᠨ ᠠᠪᠤᠭᠰᠠᠨ ᠪᠠᠷᠢᠮᠳᠠ ᠵᠡᠷᠭᠡ ᠴᠢᠬᠤᠯᠠ ᠮᠡᠳᠡᠭᠡ ᠵᠠᠩᠭᠢ ᠪᠠᠨ ᠲᠤᠷ᠎ᠠ ᠪᠠᠷ ᠬᠠᠶᠠᠵᠤ ᠪᠤᠯᠬᠤ ᠦᠭᠡᠢ︔ APP ᠪᠠᠭᠤᠯᠭᠠᠬᠤ ᠳᠤ ᠬᠤᠪᠢ ᠶᠢᠨ ᠨᠢᠭᠤᠴᠠ ᠲᠠᠢ ᠬᠤᠯᠪᠤᠭᠳᠠᠭᠰᠠᠨ ᠭᠡᠷ᠎ᠠ ᠶᠢ ᠰᠠᠶᠢᠳᠤᠷ ᠤᠡᠭᠰᠢᠬᠤ ᠴᠢᠬᠤᠯᠠᠲᠠᠢ︔ ᠨᠡᠶᠢᠭᠡᠮ ᠤᠨ ᠬᠠᠷᠢᠯᠴᠠᠭ᠎ᠠ ᠶᠢᠨ ᠰᠦᠯᠵᠢᠶᠡᠨ ᠳᠡᠭᠡᠷ᠎ᠠ ᠴᠢᠳᠠᠬᠤ ᠶᠢᠨ ᠲᠤᠳᠤᠷ᠎ᠠ ᠬᠤᠪᠢ ᠬᠦᠮᠦᠨ ᠤ ᠮᠡᠳᠡᠭᠡ ᠵᠠᠩᠭᠢ ᠪᠠᠨ ᠵᠠᠳᠠᠷᠠᠭᠤᠯᠬᠤ ᠦᠭᠡᠢ︔ ᠳᠡᠰ ᠬᠤᠪᠢᠶᠠᠨ ᠨᠢᠭᠤᠴᠠ ᠨᠤᠮᠧᠷ ᠲᠤᠭᠳᠠᠭᠠᠨ᠎ᠠ︔ ᠡᠩ ᠤᠨ ᠴᠠᠭ ᠲᠤ ᠭᠡᠷ ᠤᠨ ᠠᠬᠠᠮᠠᠳ ᠲᠠᠢ ᠪᠠᠨ ᠰᠡᠳᠬᠢᠯ ᠰᠠᠨᠠᠭ᠎ᠠ ᠪᠠᠨ ᠰᠤᠯᠢᠯᠴᠠᠵᠤ᠂ ᠳᠡᠳᠡᠨᠠᠷ ᠲᠤ ᠦᠪᠡᠷ ᠤᠨ ᠮᠡᠳᠡᠭᠡ ᠵᠠᠩᠭᠢ ᠪᠠᠨ ᠬᠠᠮᠠᠭᠠᠯᠠᠬᠤ ᠮᠡᠳᠡᠯᠭᠡ ᠶᠢ ᠵᠢᠭᠠᠵᠤ᠂ ᠳᠡᠳᠡᠨᠠᠷ ᠤᠨ ᠮᠡᠭᠡᠯᠡᠭᠳᠡᠬᠦ ᠠᠴᠠ ᠵᠠᠶᠢᠯᠠᠰᠬᠢᠪᠠᠯ ᠵᠤᠬᠢᠨ᠎ᠠ᠃ ᠬᠤᠪᠢ ᠬᠦᠮᠦᠨ ᠤ ᠮᠡᠳᠡᠭᠡ ᠵᠠᠩᠭᠢ ᠶᠢ ᠬᠠᠮᠠᠭᠠᠯᠠᠬᠤ ᠳᠤ᠂ ᠵᠠᠰᠠᠭ ᠤᠨ ᠤᠷᠳᠤᠨ᠂ ᠠᠵᠤ ᠠᠬᠤᠢᠢᠯᠠᠯ ᠪᠠ ᠬᠤᠪᠢ ᠬᠦᠮᠦᠨ ᠤ ᠬᠠᠮᠵᠢᠯᠴᠠᠭ᠎ᠠ ᠶᠢ ᠬᠡᠷᠡᠭᠰᠡᠨ᠎ᠠ᠃      ᠬᠤᠯᠪᠤᠭᠠᠰᠤ᠄        ᠲᠦᠷᠭᠡᠨ ᠭᠤᠪᠢᠭᠤᠯᠭ᠎ᠠ ᠶᠢᠨ ᠬᠠᠭᠤᠳᠠᠰᠤᠨ ᠳᠡᠭᠡᠷᠡᠭᠢ ᠬᠤᠪᠢ ᠶᠢᠨ ᠨᠢᠭᠤᠴᠠ ᠪᠠᠨ ᠰᠢᠢᠳᠪᠦᠷᠢᠯᠡᠬᠦ ᠬᠡᠳᠦᠨ‌ᠵᠦ᠋ᠢᠯ ᠤᠨ ᠠᠷᠭ᠎ᠠ              1. ᠲᠦᠷᠭᠡᠨ ᠭᠤᠪᠢᠭᠤᠯᠭ᠎ᠠ ᠶᠢᠨ ᠬᠠᠭᠤᠳᠠᠰᠤ ᠶᠢ ᠤᠷᠠᠬᠤ ᠪᠤᠶᠤ ᠬᠤᠰᠤᠵᠤ ᠬᠤᠭ ᠤᠨ ᠬᠠᠶᠢᠷᠴᠠᠭ ᠲᠤ ᠬᠠᠶᠠᠨ᠎ᠠ᠃        2. ᠲᠦᠷᠭᠡᠨ ᠭᠤᠪᠢᠭᠤᠯᠭ᠎ᠠ ᠶᠢᠨ ᠬᠠᠭᠤᠳᠠᠰᠤ ᠪᠠᠨ ᠦᠪᠡᠷ ᠢᠶᠠᠨ ᠬᠠᠳᠠᠭᠠᠯᠠᠨ᠎ᠠ᠃        3. ᠴᠡᠴᠡᠭ ᠤᠨ ᠨᠡᠷᠡᠮᠡᠯ ᠢ ᠲᠦᠷᠭᠡᠨ ᠭᠤᠪᠢᠭᠤᠯᠭ᠎ᠠ ᠶᠢᠨ ᠬᠠᠭᠤᠳᠠᠰᠤ ᠳᠡᠭᠡᠷ᠎ᠠ ᠰᠦᠷᠴᠢᠪᠡᠯ ᠮᠡᠳᠡᠭᠡ ᠵᠠᠩᠭᠢ ᠶᠢ ᠠᠷᠢᠯᠭᠠᠵᠤ ᠲᠡᠶᠢᠯᠦᠨ᠎ᠠ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号