ᠶᠠᠳᠠᠭᠤ ᠶᠢ ᠲᠡᠳᠬᠦᠬᠦ ᠰᠢᠪᠲᠤᠯᠤᠯᠲᠠ ᠳᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠣᠯ ᠵᠠᠩᠭᠢᠯᠠᠭ᠎ᠠ ᠮᠥᠨ
ᠨᠡᠶᠢᠲᠡᠯᠡᠭᠰᠡᠨ ᠴᠠᠭ᠄
2018-07-23
     ᠰᠤᠷᠪᠤᠯᠵᠢᠯᠠᠭᠰᠠᠨ ᠴᠠᠭ᠄      2017 ᠤᠨ ᠤ 6 ᠳ᠋ᠤᠭᠠᠷ ᠰᠠᠷ᠎ᠠ ᠶᠢᠨ 21᠎ ᠤ ᠡᠳᠦᠷ ᠤᠨ ᠦᠳᠡ ᠶᠢᠨ ᠬᠤᠶᠢᠨᠠᠬᠢ 3 ᠴᠠᠭ ᠲᠤ     ᠰᠤᠷᠪᠤᠯᠵᠢᠯᠠᠭᠰᠠᠨ ᠵᠣᠴᠢᠨ᠄      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠳᠡᠳ᠋ ᠳᠠᠷᠤᠭ᠎ᠠ ᠵᠣᠣ ᠶᠦᠩ ᠬᠤᠸᠠ      ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄      ᠤᠶᠢᠷ᠎ᠡ ᠳᠤ᠂ ᠪᠢᠳᠡ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠳᠡᠳ᠋ ᠳᠠᠷᠤᠭ᠎ᠠ ᠵᠣᠣ ᠶᠦᠩ ᠬᠤᠸᠠ ᠶᠢ ︽ᠳᠤᠮᠳᠠᠳᠤ ᠤᠯᠤᠰ · ᠥᠪᠥᠷ ᠮᠣᠩᠭᠤᠯ︾ ᠰᠦᠯᠵᠢᠶᠡᠨ ᠳᠤ ᠤᠷᠢᠵᠤ᠂ ᠮᠠᠨ ᠤ ᠣᠷᠣᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠤᠬᠠᠶ ᠣᠯᠠᠨ ᠲᠠᠢ ᠰᠦᠯᠵᠢᠶᠡᠨ ᠳᠡᠭᠡᠷ᠎ᠡ ᠰᠠᠨᠠᠯ ᠢᠶᠠᠨ ᠰᠤᠯᠢᠯᠴᠠᠵᠤ᠂ ᠰᠦᠯᠵᠢᠶᠡᠨ ᠤ ᠨᠠᠶᠢᠵᠠ ᠨᠠᠷ ᠤᠨ ᠠᠰᠠᠭᠤᠯᠲᠠ ᠶᠢ ᠬᠠᠷᠢᠭᠤᠯᠬᠤ ᠪᠤᠯᠤᠨ᠎ᠠ᠃ ᠰᠦᠯᠵᠢᠶᠡᠨ ᠠᠨᠳᠠ ᠨᠠᠷ ᠤᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ︕      ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ᠄      ᠬᠥᠲᠥᠯᠥᠭᠴᠢ᠄      ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︕ ᠲᠠ ᠪᠦᠬᠦᠨ ᠤ ᠲᠣᠰ ᠬᠤᠭᠤᠴᠠᠭᠠᠨ ᠤ ︽ᠳᠤᠮᠳᠠᠳᠤ ᠤᠯᠤᠰ · ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠢ ᠭᠥᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡᠨ ᠤ ᠤᠷᠢᠭᠰᠠᠨ ᠵᠣᠴᠢᠨ ᠪᠣᠯ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠳᠡᠳ᠋ ᠳᠠᠷᠤᠭ᠎ᠠ ᠵᠣᠣ ᠶᠦᠩ ᠬᠤᠸᠠ ᠪᠤᠯᠤᠨ᠎ᠠ᠂ ᠮᠠᠨ ᠤ ᠣᠷᠣᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠤᠬᠠᠶ ᠦᠷᠭᠡᠨ ᠣᠯᠠᠨ ᠰᠦᠯᠵᠢᠶᠡᠨ ᠠᠨᠳᠠ ᠨᠠᠷ ᠲᠠᠢ ᠰᠦᠯᠵᠢᠶᠡᠨ ᠳᠡᠭᠡᠷ᠎ᠡ ᠰᠠᠨᠠᠯ ᠢᠶᠠᠨ ᠰᠤᠯᠢᠯᠴᠠᠬᠤ ᠪᠦᠭᠡᠳ ᠠᠰᠠᠭᠤᠯᠲᠠ ᠶᠢ ᠬᠠᠷᠢᠭᠤᠯᠬᠤ ᠪᠤᠯᠤᠨ᠎ᠠ᠃ ᠵᠣᠣ ᠳᠠᠷᠤᠭ᠎ᠠ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕     ᠵᠣᠣ ᠶᠦᠩ ᠬᠤᠸᠠ᠄      ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠰᠠᠶᠢᠨ ᠤᠤ︕ ᠠᠳᠡ ᠲᠠ ᠪᠦᠬᠦᠨ ᠲᠠᠢ ᠰᠠᠨᠠᠯ ᠢᠶᠠᠨ ᠰᠣᠯᠢᠯᠴᠠᠬᠤ ᠪᠤᠯᠤᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠃      ᠬᠥᠲᠥᠯᠥᠭᠴᠢ᠄      ᠵᠣᠣ ᠳᠠᠷᠤᠭ᠎ᠠ ᠡ᠂ ᠪᠦᠬᠦ ᠶᠠᠳᠠᠭᠤ ᠶᠢ ᠲᠡᠳᠬᠦᠬᠦ ᠠᠵᠢᠯ ᠤᠨ ᠳᠤᠮᠳᠠ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢᠨ ᠴᠢᠬᠤᠯᠠ ᠠᠴᠢ ᠬᠤᠯᠪᠤᠭᠳᠠᠯ ᠢ ᠲᠠᠨᠢᠯᠴᠠᠭᠤᠯᠵᠤ ᠦᠭᠭᠦᠨ᠎ᠡ ᠤᠤ︖     ᠵᠣᠣ ᠶᠦᠩ ᠬᠤᠸᠠ᠄      ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠣᠯ ᠶᠠᠳᠠᠭᠤ ᠬᠦᠴᠢᠷᠳᠡᠯᠲᠡᠶ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠲᠦᠰᠢᠭ ᠮᠥᠨ᠂ ᠶᠠᠳᠠᠭᠤ ᠬᠦᠴᠢᠷᠳᠡᠯ ᠲᠠᠢ ᠭᠠᠵᠠᠷ ᠣᠷᠣᠨ ᠤ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠨᠢ ᠨᠡᠮᠡᠭᠳᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠶᠠᠳᠠᠭᠤ ᠶᠢ ᠲᠡᠳᠬᠦᠬᠦ ᠪᠤᠰᠤᠳ ᠠᠷᠭ᠎ᠠ ᠬᠡᠮᠵᠢᠶ᠎ᠡ ᠶᠢᠨ ᠤᠷᠳᠤ ᠤᠳᠠᠭᠠᠨ ᠪᠣᠳᠠᠲᠤ ᠦᠷ᠎ᠡ ᠪᠦᠲᠦᠮᠵᠢ ᠤᠯᠬᠤ ᠶᠢᠨ ᠴᠢᠬᠤᠯᠠ ᠰᠠᠭᠤᠷᠢ ᠮᠥᠨ᠂ ᠣᠨᠳᠣᠤ ᠭᠠᠵᠠᠷ ᠲᠤ ᠨᠡᠭᠦᠯᠭᠡᠬᠦ᠂ ᠠᠮᠢ ᠠᠬᠤᠶ ᠶᠢ ᠬᠠᠮᠠᠭᠠᠯᠠᠬᠤ᠂ ᠰᠤᠷᠭᠠᠨ ᠬᠥᠮᠦᠵᠢᠯ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠬᠦᠭᠵᠢᠭᠦᠯᠬᠦ ᠨᠢ ᠪᠦᠷ ᠠᠵᠤ ᠦᠢᠯᠡᠰ ᠢ ᠬᠥᠭᠵᠢᠭᠦᠯᠬᠦ ᠪᠠᠷ ᠳᠠᠮᠵᠢᠭᠤᠯᠤᠨ ᠤᠷᠲᠤ ᠬᠤᠭᠤᠴᠠᠭᠠᠨ᠎ᠠ ᠣᠷᠣᠯᠭ᠎ᠠ ᠶᠢᠨ ᠲᠣᠭᠲᠠᠭᠤᠨ ᠨᠡᠮᠡᠭᠳᠡᠯ ᠢ ᠪᠡᠶᠡᠯᠡᠭᠦᠯᠦᠨ᠎ᠡ᠃ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽13 · 5︾᠎ ᠶᠢᠨ ᠲᠥᠯᠥᠪᠵᠢᠭᠦᠯᠭᠡ ᠶᠢᠨ ᠬᠦᠲᠦᠯᠪᠦᠷᠢ ᠳᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠨᠠᠢᠮᠠᠨ ᠭᠤᠣᠯᠳᠠᠯᠭ᠎ᠠ ᠲᠠᠢ ᠢᠨᠵᠧᠨᠧᠷᠢᠩ ᠤᠨ ᠲᠡᠷᠢᠭᠦᠨ ᠳᠤ ᠲᠠᠯᠪᠢᠪᠠ᠃ ᠶᠡᠷᠦᠩᠬᠡᠶ ᠱᠦᠵᠢ ᠰᠢ ᠶᠢᠨ ᠫᠢᠩ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠬᠡᠷᠡᠭᠵᠢᠭᠦᠯᠬᠦ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠤᠭᠰᠠᠨ ᠪᠥᠭᠡᠳ ᠤᠯᠠᠨᠲᠠ ᠴᠢᠬᠤᠯᠠᠴᠢᠯᠠᠭᠰᠠᠨ ᠶᠤᠮ᠄ ︽ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠣᠯ ᠲᠦᠢᠯ ᠤᠨ ᠴᠢᠬᠤᠯᠠ ᠶᠤᠮ᠂ ᠠᠵᠤ ᠤᠶᠢᠯᠡᠰ ᠢ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠤᠯᠤᠨ᠂ ᠪᠣᠳᠠᠲᠠᠶ ᠪᠠᠶᠢᠳᠠᠯ ᠳᠠᠭᠠᠨ ᠲᠤᠬᠢᠷᠠᠭᠤᠯᠵᠤ᠂ ᠰᠢᠨ᠎ᠡ ᠶᠢ ᠡᠭᠦᠳᠦᠨ ᠲᠡᠭᠦᠯᠳᠡᠷᠵᠢᠭᠦᠯᠬᠦ ᠬᠡᠷᠡᠭᠲᠡᠢ︾ ᠭᠡᠵᠡᠢ᠃ ᠤᠳᠤᠬᠠᠨ ᠳᠤ᠂ ᠮᠠᠨ ᠤ ᠣᠷᠣᠨ ᠤ ᠶᠠᠳᠠᠭᠤ ᠬᠦᠴᠢᠷᠳᠡᠯᠲᠡᠶ ᠭᠠᠵᠠᠷ ᠣᠷᠣᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠣᠷᠣᠰᠢᠨ ᠲᠣᠭᠲᠠᠨᠢᠬᠤ ᠪᠠᠶᠢᠭᠠᠯᠢ ᠶᠢᠨ ᠨᠥᠬᠦᠴᠡᠯ ᠪᠠᠷᠤᠭᠲᠠᠶ᠂ ᠭᠠᠵᠠᠷ ᠣᠷᠣᠨ ᠨᠢ ᠪᠦᠢᠳᠠ ᠪᠥᠭᠯᠡᠭᠦᠦ᠂ ᠰᠠᠭᠤᠷᠢ ᠪᠡᠯᠡᠳᠬᠡᠮᠵᠢ ᠪᠠᠭᠤᠷᠠᠶ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠠᠷᠭ᠎ᠠ ᠬᠡᠯᠪᠡᠷᠢ ᠬᠤᠴᠣᠷᠤᠩᠭᠤᠶ᠂ ᠰᠣᠶᠣᠯ ᠤᠨ ᠬᠢᠷᠢ ᠬᠡᠮᠵᠢᠶ᠎ᠡ ᠨᠢ ᠨᠡᠯᠢᠶᠡᠳ ᠳᠣᠣᠷ᠎ᠠ᠂ ᠶᠠᠳᠠᠭᠤ ᠬᠦᠴᠢᠷᠳᠡᠯᠲᠡᠶ ᠪᠠᠶᠢᠭ᠎ᠠ ᠬᠡᠮᠵᠢᠶ᠎ᠡ ᠨᠢ ᠶᠡᠭᠡ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠠᠭᠠᠰᠬᠠᠬᠤ ᠬᠦᠴᠢᠷᠳᠡᠯ ᠶᠡᠭᠡ᠂ ᠶᠠᠳᠠᠭᠤ ᠠᠴᠠ ᠠᠩᠭᠢᠵᠢᠷᠠᠭᠤᠯᠬᠤ ᠥᠪᠡᠷ ᠤᠨ ᠦᠷᠳᠡᠭ ᠥᠨᠳᠥᠷ ᠪᠠᠶᠢᠵᠤ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠶᠠᠪᠤᠳᠠᠯ ᠰᠢᠪᠲᠤᠯᠤᠯᠲᠠ ᠶᠢᠨ ᠱᠠᠲᠤᠨ ᠳᠤ ᠤᠷᠤᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠪᠡᠶᠡᠯᠡᠭᠦᠯᠬᠦ ᠳᠤ ᠠᠵᠤ ᠦᠢᠯᠡᠰ ᠤᠨ ᠬᠥᠭᠵᠢᠯᠲᠡ ᠵᠠᠩᠭᠢᠯᠠᠭ᠎ᠠ ᠪᠤᠯᠵᠤ ᠪᠠᠶᠢᠨ᠎ᠠ᠃      ᠬᠥᠲᠥᠯᠥᠭᠴᠢ᠄      ᠵᠣᠣ ᠳᠠᠷᠤᠭ᠎ᠠ᠂ ᠮᠠᠨ ᠤ ᠣᠷᠣᠨ ᠳᠤ ᠢᠳᠡᠰᠢᠨ ᠬᠤᠨᠢᠨ ᠤ ᠠᠵᠤ ᠤᠶᠢᠯᠡᠰ ᠢ ᠬᠡᠷᠬᠢᠨ ᠬᠦᠭᠵᠢᠭᠦᠯᠬᠦ ᠲᠤᠬᠠᠢ ᠲᠠᠨᠢᠯᠴᠠᠭᠤᠯᠵᠤ ᠦᠭᠭᠦᠨ᠎ᠡ ᠤᠤ︖      ᠵᠣᠣ ᠶᠦᠩ ᠬᠤᠸᠠ᠄      ᠢᠳᠡᠰᠢᠨ ᠬᠤᠨᠢ ᠪᠣᠯ ᠥᠪᠥᠷ ᠮᠣᠩᠭᠤᠯ ᠤᠨ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠮᠥᠨ᠂ ᠬᠤᠨᠢᠨ ᠮᠢᠬᠠᠨ ᠤ ᠭᠠᠷᠤᠯᠲᠠ ᠪᠦᠬᠦ ᠤᠯᠤᠰ ᠲᠤ ᠤᠷᠦ᠋ᠢᠯᠠᠭᠰᠠᠭᠠᠷ ᠢᠷᠡᠪᠡ᠃ ᠬᠠᠷᠢᠨ᠂ ᠤᠶᠢᠷ᠎ᠠ ᠶᠢᠨ ᠬᠡᠳᠦᠨ ᠵᠢᠯ ᠳᠤ ᠬᠤᠨᠢᠨ ᠮᠢᠬᠠᠨ ᠤ ᠦᠨ᠎ᠡ ᠶᠡᠭᠡ ᠪᠠᠷ ᠪᠠᠭᠤᠷᠠᠵᠤ᠂ ᠵᠢᠩ ᠪᠦᠷᠢ ᠳᠡᠭᠡᠨ 14 ᠲᠥᠭᠦᠷᠢᠭ ᠪᠠᠶᠢᠭᠰᠠᠨ ᠠᠴᠠ ᠪᠠᠨ 6 ᠲᠥᠭᠦᠷᠢᠭ ᠪᠤᠯᠤᠨ ᠪᠠᠭᠤᠷᠠᠵᠤ᠂ ᠮᠠᠯᠴᠢᠳ ᠲᠠᠷᠢᠶᠠᠴᠢᠳ ᠬᠤᠨᠢ ᠮᠠᠯᠵᠢᠪᠠᠯ ᠬᠤᠬᠢᠷᠠᠯ ᠳᠤ ᠤᠴᠠᠷᠠᠵᠤ ᠬᠤᠨᠢ ᠪᠠᠨ ᠰᠦᠷᠦᠭ ᠰᠦᠷᠦᠭ ᠢᠶᠠᠷ ᠨᠢ ᠬᠤᠳᠠᠯᠳᠤᠵᠤ ᠪᠠᠶᠢᠨ᠎ᠠ᠃ ᠵᠠᠷᠢᠮ ᠬᠥᠮᠦᠨ ᠬᠤᠨᠢᠨ ᠮᠢᠬᠠᠨ ᠤ ᠦᠨ᠎ᠡ ᠬᠠᠩᠰᠢ ᠦᠰᠬᠦ ᠳᠤ ᠯᠡ ᠬᠦᠰᠡᠯ ᠨᠠᠶᠢᠳᠠᠯᠭ᠎ᠠ ᠪᠠᠨ ᠲᠠᠯᠪᠢᠵᠤ ᠪᠠᠶᠢᠨ᠎ᠠ᠂ ᠭᠡᠲᠡᠯ᠎ᠡ ᠳᠡᠯᠡᠬᠡᠢ ᠶᠢᠨ ᠵᠠᠬ᠎ᠠ ᠳᠡᠯᠭᠡᠭᠦᠷ ᠠᠴᠠ ᠠᠪᠴᠤ ᠦᠵᠡᠪᠡᠯ᠂ ᠳᠤᠮᠳᠠᠳᠤ ᠤᠯᠤᠰ ᠤᠨ ᠬᠤᠨᠢᠨ ᠮᠢᠬᠠᠨ ᠤ ᠦᠨ᠎ᠡ ᠥᠨᠳᠥᠷ ᠲᠤ ᠲᠤᠭᠠᠴᠠᠭᠳᠠᠨ᠎ᠠ᠃ ᠪᠠᠶᠢᠴᠠᠭᠠᠨ ᠰᠤᠳᠤᠯᠤᠯᠲᠠ ᠬᠢᠬᠦ ᠪᠠᠷ ᠲᠡᠮᠵᠢᠠ᠂ ᠪᠢᠳᠡ ᠢᠳᠡᠰᠢᠨ ᠬᠤᠨᠢ ᠲᠡᠵᠢᠭᠡᠨ ᠦᠷᠡᠵᠢᠭᠦᠯᠵᠦ ᠣᠷᠣᠯᠭ᠎ᠠ ᠪᠠᠨ ᠨᠡᠮᠡᠭᠳᠡᠭᠦᠯᠬᠦ ᠰᠢᠨ᠎ᠡ ᠠᠷᠭ᠎ᠠ ᠵᠠᠮ ᠢ ᠡᠷᠢᠵᠦ ᠣᠯᠤᠭᠰᠠᠨ ᠪᠠᠶᠢᠨ᠎ᠠ᠄ ᠳᠡᠯᠡᠬᠡᠶ ᠶᠢᠨ ᠳᠡᠰ ᠤᠨ ᠰᠢᠯᠢᠳᠡᠭ ᠡᠭᠦᠯᠳᠡᠷ ᠤᠨ ᠲᠤᠰᠬᠠᠶ ᠢᠳᠡᠰᠢᠨ ᠬᠤᠨᠢᠨ ᠤ ᠡᠭᠦᠯᠳᠡᠷ ᠲᠤ ᠠᠦ᠋ᠰᠳ᠋ᠷᠠᠯᠢᠶ᠎ᠠ ᠶᠢᠨ ᠴᠠᠭᠠᠨ ᠬᠤᠨᠢ᠂ ᠳ᠋ᠦ᠋ ᠫᠦᠸᠧ ᠬᠤᠨᠢ ᠶᠢ ᠲᠤᠰ ᠭᠠᠵᠠᠷ ᠤᠨ ᠬᠤᠨᠢ ᠯᠤᠭ᠎ᠠ ᠡᠷᠯᠢᠰᠵᠢᠭᠦᠯᠵᠦ᠂ 4 ᠰᠠᠷ᠎ᠠ ᠪᠣᠯᠤᠭᠰᠠᠨ ᠬᠤᠷᠠᠭ᠎ᠠ ᠨᠢᠭᠡ ᠪᠦᠷᠢ ᠠᠴᠠ 200 -300 ᠲᠥᠭᠦᠷᠢᠭ ᠤᠨ ᠤᠷᠤᠯᠭ᠎ᠠ ᠨᠡᠮᠡᠭᠳᠡᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠤᠨ ᠴᠢᠨᠡᠭᠡᠯᠢᠭᠵᠢᠬᠦ ᠵᠠᠮ ᠢ ᠡᠷᠢᠵᠦ ᠤᠯᠤᠭᠰᠠᠨ ᠪᠠᠶᠢᠨ᠎ᠠ᠃ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠭᠤᠣᠯᠳᠠᠯᠭ᠎ᠠ ᠲᠠᠢ ᠬᠤᠰᠢᠭᠤ ᠰᠢᠶᠠᠨ᠂ ᠭᠤᠣᠯᠳᠠᠯᠭ᠎ᠠ ᠲᠠᠢ ᠭᠠᠴᠠᠭ᠎ᠠ ᠲᠣᠰᠬᠤᠨ ᠮᠢᠬ᠎ᠠ ᠰᠠᠶᠢᠲᠠᠢ ᠳ᠋ᠦ᠋ ᠫᠦᠸᠧ ᠬᠤᠨᠢ᠂ ᠠᠦ᠋ᠰᠳ᠋ᠷᠠᠯᠢᠶ᠎ᠠ ᠶᠢᠨ ᠴᠠᠭᠠᠨ ᠬᠤᠨᠢ ᠶᠢ ᠢᠳᠡᠪᠬᠢᠲᠡᠢ ᠤᠷᠤᠭᠤᠯᠵᠤ᠂ ᠭᠠᠴᠠᠭ᠎ᠠ ᠲᠤᠰᠬᠤᠨ ᠢᠶᠠᠷ ᠨᠢᠭᠡᠴᠡ ᠪᠤᠯᠭᠠᠨ ᠭᠠᠷ ᠬᠡᠭᠡᠯᠲᠦᠭᠦᠯᠭᠡ ᠶᠢᠨ ᠦᠷᠳᠡᠭᠡ ᠪᠠᠶᠢᠭᠤᠯᠵᠤ᠂ ᠬᠡᠭᠡᠯᠳᠦᠯᠭᠦᠯᠭᠡ ᠶᠢᠨ ᠠᠵᠢᠯᠲᠠᠨ ᠬᠦᠮᠦᠵᠢᠭᠦᠯᠬᠦ ᠂ ᠬᠤᠴᠠ ᠲᠣᠬᠢᠷᠠᠭᠤᠯᠬᠤ ᠵᠡᠷᠭᠡ ᠠᠷᠭ᠎ᠠ ᠬᠡᠯᠪᠡᠷᠢ ᠪᠠᠷ ᠤᠳᠤ ᠪᠠᠶᠢᠭ᠎ᠠ ᠡᠮ᠎ᠡ ᠬᠤᠨᠢ ᠲᠠᠢ ᠡᠷᠯᠢᠰᠵᠢᠭᠦᠯᠵᠦ᠂ ᠬᠤᠷᠠᠭᠠᠯᠠᠭᠰᠠᠨ ᠡᠷᠯᠢᠰᠡ ᠬᠤᠨᠢᠨ ᠤ ᠦᠰᠦᠯᠲᠡ ᠪᠤᠶᠢᠵᠢᠯᠲᠠ ᠨᠢ ᠲᠦᠷᠭᠡᠨ᠂ ᠨᠢᠲᠤᠯᠭᠠᠨ ᠤ ᠨᠤᠷᠮ᠎ᠠ ᠨᠢ ᠥᠨᠳᠥᠷ᠂ ᠮᠢᠬᠠᠨ ᠤ ᠴᠢᠨᠠᠷ ᠨᠢ ᠰᠠᠶᠢᠨ ᠪᠠᠶᠢᠳᠠᠭ᠃ ᠶᠠᠳᠠᠭᠤ ᠬᠦᠴᠢᠷᠳᠡᠯ ᠲᠠᠢ ᠡᠷᠦᠬᠡ ᠵᠠᠰᠠᠭ ᠤᠨ ᠣᠷᠳᠣᠨ ᠠᠴᠠ ᠨᠦᠬᠦᠪᠦᠷᠢᠯᠡᠬᠦ᠂ ᠰᠦᠢᠳᠬᠡᠯ ᠬᠤᠷᠢᠶᠠᠬᠤ ᠦᠭᠡᠢ ᠪᠠᠷ ᠬᠡᠬᠡᠯᠳᠦᠭᠦᠯᠭᠡ ᠬᠢᠵᠦ ᠦᠭᠬᠦ ᠵᠡᠷᠭᠡ ᠲᠡᠳᠬᠦᠨ ᠳᠡᠮᠵᠢᠬᠦ ᠬᠡᠯᠪᠡᠷᠢ ᠪᠠᠷ ᠳᠠᠮᠵᠢᠭᠤᠯᠤᠨ ᠡᠷᠯᠢᠰ ᠢᠳᠡᠰᠢᠨ ᠬᠤᠨᠢ ᠶᠢ ᠦᠷᠡᠵᠢᠭᠦᠯᠵᠦ ᠪᠠᠶᠢᠨ᠎ᠠ᠃      ᠡᠷᠯᠢᠰᠵᠢᠭᠦᠯᠦᠨ ᠰᠠᠶᠢᠵᠢᠷᠠᠭᠤᠯᠬᠤ ᠪᠣᠯ ᠢᠳᠡᠰᠢᠨ ᠬᠤᠨᠢᠨ ᠤ ᠠᠵᠤ ᠦᠢᠯᠡᠰ ᠢ ᠬᠦᠭᠵᠢᠭᠦᠯᠬᠦ ᠰᠢᠪᠲᠤᠯᠤᠯᠲᠠ ᠶᠢᠨ ᠴᠢᠬ ᠪᠤᠯᠤᠨ᠎ᠠ᠃ ᠠᠳᠠᠯᠢ ᠪᠤᠰᠤ ᠬᠡᠷᠡᠭᠯᠡᠭᠡᠨ ᠤ ᠪᠦᠯᠦᠭᠯᠡᠯ ᠤᠨ ᠬᠤᠨᠢᠨ ᠮᠢᠬᠠᠨ ᠤ ᠬᠡᠷᠡᠭᠯᠡᠭᠡᠨ ᠤ ᠳᠠᠳᠬᠠᠯ ᠨᠢ ᠠᠳᠠᠯᠢ ᠦᠭᠡᠢ ᠪᠠᠶᠢᠳᠠᠭ᠂ ᠣᠷᠣᠨ ᠤ ᠭᠠᠳᠠᠨᠠᠬᠢ ᠬᠤᠨᠢᠨ ᠮᠢᠬᠠᠨ ᠤ ᠬᠡᠷᠡᠭᠯᠡᠭᠡ ᠨᠢ ᠭᠤᠤᠯᠳᠠᠭᠤ ᠬᠠᠯᠠᠭᠤᠨ ᠲᠤᠭᠤᠭ᠎ᠠ ᠪᠠᠷ ᠭᠤᠣᠯ ᠪᠣᠯᠭᠠᠵᠤ᠂ ᠮᠢᠬᠠᠨ ᠤ ᠴᠢᠨᠠᠷ ᠤᠨ ᠲᠤᠬᠠᠶ ᠦᠨᠡᠯᠡᠯᠲᠡ ᠨᠢ ᠣᠷᠣᠨ ᠤ ᠳᠣᠲᠣᠷᠠᠬᠢ ᠲᠠᠢ ᠠᠳᠠᠯᠢ ᠦᠭᠡᠢ ᠪᠠᠶᠢᠵᠤ᠂ ᠬᠤᠨᠢᠨ ᠮᠢᠬ᠎ᠠ ᠵᠦᠭᠡᠯᠡᠨ ᠪᠠᠶᠢᠬᠤ ᠶᠢ ᠱᠠᠭᠠᠷᠳᠠᠳᠠᠭ᠃ ᠣᠷᠣᠨ ᠤ ᠭᠠᠳᠠᠨ᠎ᠠ ᠪᠠᠶᠠᠨᠨᠠᠭᠤᠷ ᠬᠤᠲᠠ ᠶᠢᠨ ᠬᠤᠨᠢᠨ ᠮᠢᠬ᠎ᠠ ᠨᠢ ᠰᠢᠯᠢ ᠶᠢᠨ ᠭᠤᠣᠯ ᠠᠶᠢᠮᠠᠭ ᠤᠨ ᠬᠤᠨᠢᠨ ᠮᠢᠬ᠎ᠠ ᠠᠴᠠ ᠢᠯᠡᠭᠦᠦ ᠬᠦᠷᠢᠶᠡᠯᠡᠯ ᠢ ᠤᠯᠵᠤ᠂ ᠦᠨ᠎ᠡ ᠬᠠᠩᠰᠢ ᠨᠢ ᠵᠢᠩ ᠪᠦᠷᠢ ᠳᠡᠭᠡᠨ 2 ᠲᠥᠭᠦᠷᠢᠭ ᠦᠨᠡᠲᠡᠢ ᠪᠠᠶᠢᠳᠠᠭ᠃ ᠥᠪᠥᠷ ᠮᠣᠩᠭᠤᠯ ᠪᠣᠯ ᠪᠦᠬᠦ ᠤᠯᠤᠰ ᠤᠨ ᠬᠤᠨᠢᠨ ᠮᠢᠬ᠎ᠠ ᠦᠢᠯᠡᠳᠪᠦᠷᠢᠯᠡᠵᠦ ᠭᠠᠷᠭᠠᠬᠤ ᠰᠠᠭᠤᠷᠢᠨ ᠭᠠᠵᠠᠷ ᠮᠦᠨ᠂ ᠬᠤᠨᠢᠨ ᠮᠢᠬᠠᠨ ᠤ ᠴᠢᠨᠠᠷ ᠨᠢ ᠴᠤ ᠣᠷᠣᠨ ᠤ ᠭᠠᠳᠠᠨᠠᠬᠢ ᠬᠡᠷᠡᠭᠯᠡᠭᠴᠢᠳ ᠤᠨ ᠬᠡᠷᠡᠭᠴᠡᠭᠡ ᠶᠢ ᠬᠠᠩᠭᠠᠵᠤ ᠳᠡᠶᠢᠯᠳᠡᠭ᠃ ᠤᠯᠠᠭᠠᠨᠴᠠᠪ ᠬᠤᠲᠠ᠂ ᠬᠥᠯᠥᠨ ᠪᠤᠶᠢᠷ ᠬᠤᠳᠠ᠂ ᠪᠠᠶᠠᠨᠨᠠᠭᠤᠷ ᠬᠤᠳᠠ ᠵᠢᠴᠢ ᠰᠢᠯᠢ ᠶᠢᠨ ᠭᠤᠤᠯ ᠠᠶᠢᠮᠠᠭ ᠤᠨ ᠬᠡᠰᠡᠭ ᠬᠤᠰᠢᠭᠤ ᠰᠢᠶᠠᠨ ᠳᠤ ᠬᠢᠭᠰᠡᠨ ᠪᠠᠶᠢᠴᠠᠭᠠᠨ ᠰᠤᠳᠤᠯᠤᠯᠲᠠ ᠠᠴᠠ ᠦᠵᠡᠪᠡᠯ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠰᠠᠶᠢᠨ ᠡᠭᠦᠯᠳᠡᠷ ᠤᠨ ᠮᠠᠯ ᠬᠤᠳᠠᠯᠳᠤᠨ ᠠᠪᠬᠤ ᠨᠥᠬᠦᠪᠥᠷᠢ ︵ᠬᠤᠴᠠ ᠪᠦᠷᠢ ᠶᠢᠨ ᠨᠥᠬᠦᠪᠥᠷᠢ 2000 ᠲᠥᠭᠦᠷᠢᠭ︶᠎ ᠶᠢᠨ ᠳᠡᠮᠵᠢᠯᠭᠡ ᠳᠤᠤᠷ᠎ᠠ᠂ ᠵᠠᠷᠢᠮ ᠲᠡᠵᠢᠭᠡᠪᠦᠷᠢ ᠶᠢᠨ ᠲᠤᠮᠤ ᠡᠷᠤᠭᠡ ᠬᠤᠴᠠ ᠬᠤᠳᠠᠯᠳᠤᠨ ᠠᠪᠴᠤ ᠡᠭᠦᠯᠳᠡᠷ ᠢ ᠰᠠᠶᠢᠵᠢᠷᠠᠭᠤᠯᠵᠤ᠂ ᠳ᠋ᠦ᠋ ᠫᠦᠸᠧ ᠬᠤᠨᠢ ᠪᠠ ᠠᠦ᠋ᠰᠳ᠋ᠷᠠᠯᠢᠶ᠎ᠠ ᠶᠢᠨ ᠴᠠᠭᠠᠨ ᠬᠤᠨᠢ ᠶᠢ ᠲᠤᠬᠠᠶ ᠶᠢᠨ ᠭᠠᠵᠠᠷ ᠤᠨ ᠬᠤᠨᠢ ᠲᠠᠢ ᠡᠷᠯᠢᠰᠵᠢᠭᠦᠯᠦᠭᠰᠡᠨ ᠬᠤᠨᠢᠨ ᠤ ᠮᠢᠬᠠᠨ ᠤ ᠭᠠᠷᠤᠯᠲᠠ ᠨᠢ ᠢᠯᠡᠳᠲᠡ ᠳᠡᠭᠡᠭᠰᠢᠯᠡᠵᠦ᠂ ᠮᠠᠰᠢ ᠰᠠᠶᠢᠨ ᠦᠷ᠎ᠡ ᠠᠰᠢᠭ ᠤᠯᠵᠤ ᠪᠠᠶᠢᠨ᠎ᠠ᠃      ᠬᠦᠲᠦᠯᠦᠭᠴᠢ᠄      ᠲᠡᠭᠡᠪᠡᠯ ᠮᠠᠨ ᠤ ᠤᠷᠤᠨ ᠳᠤ ᠠᠯᠠᠰᠢᠨ ᠦᠬᠡᠷ ᠤᠨ ᠠᠵᠤ ᠦᠶ᠋ᠯᠡᠰ ᠢ ᠬᠡᠷᠬᠢᠨ ᠬᠥᠭᠵᠢᠭᠦᠯᠬᠦ ᠶᠢ ᠲᠠᠨᠢᠯᠴᠠᠭᠤᠯᠤᠭᠠᠳ ᠦᠭᠭᠦᠨ᠎ᠡ ᠤᠤ︖     ᠵᠣᠣ ᠶᠦᠩ ᠬᠤᠸᠠ᠄      ᠠᠯᠠᠰᠢᠨ ᠦᠬᠡᠷ ᠪᠣᠯ ᠡᠪᠡᠰᠦᠨ ᠲᠡᠵᠢᠭᠡᠯᠲᠦ ᠭᠡᠷ ᠤᠨ ᠲᠡᠵᠢᠭᠡᠪᠦᠷᠢ ᠶᠢᠨ ᠳᠣᠲᠣᠷ᠎ᠠ ᠡᠪᠡᠰᠦ ᠪᠣᠷᠳᠤᠭ᠎ᠠ ᠶᠢ ᠤᠯᠠᠷᠢᠭᠤᠯᠬᠤ ᠨᠣᠷᠮ᠎ᠠ ᠪᠠᠷ ᠨᠡᠯᠢᠶᠡᠳ ᠥᠨᠳᠥᠷ ᠡᠭᠦᠯᠳᠡᠷ ᠪᠣᠯᠬᠤ ᠪᠦᠭᠡᠳ ᠬᠡᠪᠡᠯᠢ ᠪᠠᠷ ᠳᠠᠮᠵᠢᠭᠤᠯᠤᠨ ᠥᠷᠲᠡᠭ ᠨᠡᠮᠡᠭᠳᠡᠭᠦᠯᠬᠦ ᠴᠢᠳᠠᠪᠤᠷᠢ ᠪᠠᠷ ᠴᠢᠩᠭ᠎ᠠ ᠪᠠᠶᠢᠵᠤ᠂ ᠲᠠᠷᠢᠮᠠᠯ ᠤᠨ ᠡᠰᠢ ᠰᠦᠷᠡᠯ ᠪᠣᠯᠣᠨ ᠴᠢᠨᠠᠷ ᠰᠠᠶᠢᠲᠠᠶ ᠡᠪᠡᠰᠦ ᠪᠣᠷᠳᠤᠭ᠎ᠠ ᠶᠢᠨ ᠡᠬᠢ ᠪᠠᠶᠠᠯᠢᠭ ᠢᠶᠠᠷ ᠡᠯᠪᠡᠭ ᠪᠦᠬᠦᠢ ᠳᠠᠪᠠᠭᠤᠯᠢᠭ ᠲᠠᠯ᠎ᠠ ᠶᠢ ᠭᠦᠢᠴᠡᠳ ᠪᠠᠳᠠᠷᠠᠭᠤᠯᠤᠨ᠂ ᠡᠪᠡᠰᠦ ᠪᠣᠷᠳᠤᠭ᠎ᠠ ᠶᠢᠨ ᠠᠰᠢᠭᠯᠠᠬᠤ ᠨᠤᠷᠮ᠎ᠠ ᠶᠢ ᠳᠡᠭᠡᠭᠰᠢᠯᠡᠭᠦᠯᠵᠦ᠂ ᠦᠢᠯᠡᠳᠪᠦᠷᠢᠯᠡᠯ ᠤᠨ ᠥᠪᠡᠷ ᠤᠨ ᠦᠷᠲᠡᠭ ᠢ ᠪᠠᠭᠤᠷᠠᠭᠤᠯᠳᠠᠭ ᠶᠤᠮ᠃ ᠭᠡᠪᠡᠴᠦ ᠲᠤᠰ ᠭᠠᠵᠠᠷ ᠤᠨ ᠦᠬᠡᠷ ᠤᠨ ᠮᠢᠬᠠᠨ ᠤ ᠭᠠᠷᠤᠯᠲᠠ ᠪᠠᠭ᠎ᠠ᠂ ᠲᠡᠵᠢᠭᠡᠨ ᠦᠷᠡᠵᠢᠭᠦᠯᠬᠦ ᠳᠤ ᠦᠷ᠎ᠡ ᠠᠰᠢᠭ ᠢᠶᠠᠷ ᠳᠣᠣᠷ᠎ᠠ ᠪᠠᠶᠢᠳᠠᠭ᠃ ᠠᠩᠭᠧᠰ ᠦᠬᠡᠷ ᠨᠢ ᠳᠤᠮᠳᠠ ᠵᠢᠵᠢᠭ ᠬᠡᠯᠪᠡᠷᠢ ᠶᠢᠨ ᠪᠡᠶ᠎ᠡ ᠪᠢᠯᠳᠠᠷ ᠲᠠᠢ᠂ ᠳᠡᠯᠡᠬᠡᠶ ᠶᠢᠨ ᠲᠡᠰ ᠤᠨ ᠴᠢᠨᠠᠷ ᠰᠠᠶᠢᠲᠠᠶ ᠠᠯᠠᠰᠢᠨ ᠦᠬᠡᠷ ᠪᠣᠯᠣᠨ᠎ᠠ᠂ ᠮᠢᠬᠠᠨ ᠤ ᠴᠢᠨᠠᠷ ᠨᠢ ᠰᠠᠶᠢᠨ᠂ ᠳᠡᠭᠡᠳᠦ ᠲᠡᠰ ᠤᠨ ᠦᠬᠡᠷ ᠤᠨ ᠮᠢᠬᠠᠨ ᠤ ᠭᠠᠷᠤᠯᠲᠠ ᠲᠠᠢ᠂ ᠥᠭᠰᠥᠯᠲᠡ ᠪᠤᠶᠢᠵᠢᠯᠲᠠ ᠨᠢ ᠲᠦᠷᠭᠡᠨ᠂ ᠪᠤᠰᠤᠳ ᠡᠭᠦᠯᠳᠡᠷ ᠤᠨ ᠦᠬᠡᠷ ᠲᠠᠢ ᠡᠷᠯᠢᠰᠡᠵᠢᠭᠦᠯᠪᠡᠯ ᠮᠢᠬᠠᠨ ᠤ ᠭᠠᠷᠤᠯᠲᠠ ᠨᠢ 15%᠎ ᠪᠠᠷ ᠳᠡᠭᠡᠭᠰᠢᠯᠡᠵᠦ᠂ ᠦᠬᠡᠷ ᠪᠦᠷᠢ ᠠᠴᠠ 80 ᠵᠢᠩ ᠳᠡᠭᠡᠳᠦ ᠲᠡᠰ ᠤᠨ ᠮᠢᠬ᠎ᠠ ︵ᠵᠢᠩ ᠪᠦᠷᠢ ᠳᠡᠭᠡᠨ 200 — 700 ᠲᠥᠭᠦᠷᠢᠭ ᠤᠨ ᠮᠢᠬ᠎ᠠ︶ ᠪᠠᠭᠤᠨ᠎ᠠ᠃ ᠰᠢᠮᠧᠨ᠋ᠳᠡᠷ ᠦᠬᠡᠷ ᠢᠶᠠᠷ ᠡᠭᠦᠯᠳᠡᠷ ᠰᠠᠶᠢᠵᠢᠷᠠᠭᠤᠯᠤᠭᠰᠠᠨ ᠦᠷ᠎ᠡ ᠪᠦᠲᠦᠮᠵᠢ ᠰᠠᠶᠢᠲᠠᠶ ᠭᠠᠵᠠᠷ ᠲᠤ ᠦᠷᠭᠦᠯᠵᠢᠯᠡᠨ ᠰᠢᠮᠧᠨ᠋ᠳᠡᠷ ᠤᠨ ᠲᠦᠷᠦᠯ ᠤᠨ ᠡᠭᠦᠯᠳᠡᠷ ᠢᠶᠠᠷ ᠰᠠᠶᠢᠵᠢᠷᠠᠭᠤᠯᠤᠨ᠎ᠠ᠃ ᠪᠤᠰᠤᠳ ᠭᠠᠵᠠᠷ ᠲᠤ ᠠᠯᠠᠰᠢᠨ ᠦᠬᠡᠷ ᠤᠨ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠥᠷᠲᠡᠭᠡᠨ ᠤ ᠪᠦᠲᠦᠭᠡᠨ ᠪᠠᠶᠢᠭᠤᠯᠤᠯᠲᠠ ᠶᠢ ᠪᠦᠷᠢᠨᠰᠢᠭᠦᠯᠬᠦ ᠪᠠᠷ ᠳᠠᠮᠵᠢᠭᠤᠯᠤᠨ᠂ ᠡᠷᠯᠢᠰᠡ ᠪᠤᠬ᠎ᠠ ᠶᠢ ᠥᠭᠡᠶᠢᠰᠬᠡᠬᠦ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠬᠤᠰᠢᠭᠤ ᠰᠢᠶᠠᠨ ᠢᠶᠠᠷ ᠨᠢᠭᠡᠴᠢ ᠪᠣᠯᠭᠠᠨ ︽ᠪᠤᠬ᠎ᠠ ᠦᠭᠡᠢ ᠢᠴᠡᠭᠡᠯ ᠦᠷ᠎ᠡ ᠪᠠᠷ ᠬᠡᠭᠡᠯᠲᠦᠭᠦᠯᠬᠦ︾᠎ ᠶᠢ ᠬᠡᠷᠡᠭᠵᠢᠭᠦᠯᠦᠨ᠂ ᠤᠳᠤ ᠪᠠᠶᠢᠭ᠎ᠠ ᠦᠨᠢᠶᠡᠨ ᠳᠡᠭᠡᠨ ᠠᠩᠭᠧᠰ ᠦᠬᠡᠷ ᠤᠨ ᠢᠴᠡᠭᠡᠯ ᠦᠷ᠎ᠡ ᠪᠠᠷ ᠭᠠᠷ ᠬᠡᠭᠡᠯᠲᠦᠭᠦᠯᠭᠡ ᠬᠢᠵᠦ᠂ ᠠᠯᠠᠰᠢᠨ ᠦᠬᠡᠷ ᠢ ᠰᠠᠶᠢᠨ ᠡᠭᠦᠯᠳᠡᠷᠵᠢᠭᠦᠯᠬᠦ ᠪᠠ ᠦᠢᠯᠡᠳᠪᠦᠷᠢᠯᠡᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠶᠢ ᠲᠥᠯᠬᠢᠨ ᠠᠬᠢᠭᠤᠯᠵᠤ᠂ ᠳᠡᠭᠡᠳᠦ ᠲᠡᠰ ᠤᠨ ᠦᠬᠡᠷ ᠤᠨ ᠮᠢᠬ᠎ᠠ ᠦᠢᠯᠡᠳᠪᠦᠷᠢᠯᠡᠨ᠂ ᠲᠠᠷᠢᠶᠠᠴᠢᠨ ᠮᠠᠯᠴᠢᠳ ᠢ ᠲᠠᠶᠢᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠤᠨ᠎ᠠ᠃ ᠶᠠᠳᠠᠭᠤ ᠬᠦᠴᠢᠷᠳᠡᠯ ᠲᠠᠢ ᠡᠷᠦᠬᠡ ᠳᠤ ᠵᠠᠰᠠᠭ ᠤᠨ ᠣᠷᠳᠣᠨ ᠠᠴᠠ ᠨᠥᠬᠦᠪᠥᠷᠢ ᠣᠯᠭᠤᠬᠤ ᠪᠠᠷ ᠳᠠᠮᠵᠢᠨ᠂ ᠦᠨ᠎ᠡ ᠲᠥᠯᠥᠪᠦᠷᠢ ᠦᠭᠡᠢ ᠬᠡᠭᠡᠯᠲᠦᠭᠦᠯᠭᠡ ᠬᠢᠵᠦ ᠥᠭᠬᠦ ᠶᠢ ᠪᠡᠶᠡᠯᠡᠭᠦᠯᠦᠨ᠎ᠡ᠃      ᠬᠦᠲᠦᠯᠦᠭᠴᠢ᠄      ᠮᠠᠨ ᠤ ᠤᠷᠤᠨ ᠳᠤ ᠭᠠᠭ᠋ᠠᠢ ᠶᠢᠨ ᠠᠵᠤ ᠦᠶ᠋ᠯᠡᠰ ᠢ ᠬᠡᠷᠬᠢᠨ ᠬᠥᠭᠵᠢᠭᠦᠯᠬᠦ ᠶᠢ ᠲᠠᠨᠢᠯᠴᠠᠭᠤᠯᠤᠭᠠᠳ ᠦᠭᠭᠦᠨ᠎ᠡ ᠤᠤ︖     ᠵᠣᠣ ᠶᠦᠩ ᠬᠤᠸᠠ᠄      ᠮᠠᠨ ᠤ ᠣᠷᠣᠨ ᠪᠣᠯ ᠡᠷᠳᠡᠨᠢ ᠰᠢᠰᠢ ᠶᠢᠨ ᠭᠤᠤᠯ ᠭᠠᠷᠤᠯᠲᠠ ᠶᠢᠨ ᠣᠷᠣᠨ ᠮᠦᠨ᠂ 700 ᠵᠢᠩ ᠡᠷᠳᠡᠨᠢ ᠰᠢᠰᠢ ᠪᠠᠷ ᠨᠢᠭᠡ ᠭᠠᠭ᠋ᠠᠶ ᠦᠰᠭᠡᠵᠦ ᠪᠣᠯᠣᠨ᠎ᠠ᠂ ᠲᠠᠷᠢᠶᠠᠴᠢᠨ ᠨᠢᠭᠡ ᠭᠠᠭ᠋ᠠᠶ ᠲᠡᠵᠢᠭᠡᠪᠡᠯ 1000 ᠲᠥᠭᠦᠷᠢᠭ ᠤᠨ ᠴᠡᠪᠡᠷ ᠣᠷᠣᠯᠭ᠎ᠠ ᠣᠯᠣᠨ᠎ᠠ᠃ ᠮᠠᠨ ᠤ ᠣᠷᠣᠨ ᠤ ᠣᠷᠴᠢᠨ ᠠᠬᠤᠶ ᠶᠢᠨ ᠪᠠᠭᠲᠠᠭᠠᠮᠵᠢ ᠶᠡᠭᠡ᠂ ᠨᠡᠯᠢᠶᠡᠳ ᠶᠡᠭᠡ ᠬᠥᠭᠵᠢᠯᠲᠡ ᠶᠢᠨ ᠨᠦᠬᠡᠴᠡ ᠬᠦᠴᠦᠨ ᠲᠠᠢ ᠶᠤᠮ᠂ ᠤᠯᠤᠰ ᠤᠨ ᠳᠣᠲᠣᠭᠠᠳᠤ ᠶᠢᠨ ᠨᠢᠭᠡ ᠪᠦᠯᠦᠭ ᠲᠤᠮᠤ ᠬᠡᠯᠪᠡᠷᠢ ᠶᠢᠨ ᠭᠠᠭ᠋ᠠᠶ ᠲᠡᠵᠢᠭᠡᠬᠦ ᠠᠵᠤ ᠠᠬᠤᠶᠢᠯᠠᠯ ᠵᠠᠯᠭ᠎ᠠ ᠵᠠᠯᠭ᠎ᠠ ᠪᠠᠷ ᠮᠠᠨ ᠤ ᠤᠷᠤᠨ ᠳᠤ ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠭᠠᠵᠠᠷ ᠪᠠᠶᠢᠭᠤᠯᠪᠠ᠃ ᠡᠯ᠎ᠡ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠭᠤᠣᠯᠳᠠᠯᠭ᠎ᠠ ᠲᠠᠢ ᠬᠤᠰᠢᠭᠤ ᠰᠢᠶᠠᠨ ᠢᠯᠠᠩᠭᠤᠶ᠎ᠠ ᠡᠷᠳᠡᠨᠢ ᠰᠢᠰᠢ ᠶᠢᠨ ᠭᠤᠤᠯ ᠭᠠᠷᠤᠯᠲᠠ ᠶᠢᠨ ᠣᠷᠣᠨ ᠶᠠᠳᠠᠭᠤ ᠬᠦᠴᠢᠷᠳᠡᠯᠲᠡᠶ ᠡᠷᠦᠬᠡ ᠳᠤ ᠭᠠᠭ᠋ᠠᠢ ᠶᠢᠨ ᠲᠤᠷᠤᠢ ᠥᠭᠬᠦ ᠪᠤᠶᠤ ᠨᠥᠬᠦᠪᠥᠷᠢ ᠥᠭᠬᠦ ᠵᠡᠷᠭᠡ ᠠᠷᠭ᠎ᠠ ᠬᠡᠯᠪᠡᠷᠢ ᠪᠠᠷ ᠳᠠᠮᠵᠢᠨ᠂ ᠶᠠᠳᠠᠭᠤ ᠬᠦᠴᠢᠷᠳᠡᠯᠲᠡᠢ ᠡᠷᠤᠭᠡ ᠪᠠᠷ ᠭᠠᠭ᠋ᠠᠶ ᠲᠡᠵᠢᠭᠡᠬᠦ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠭᠠᠭ᠋ᠠᠶ ᠲᠡᠵᠢᠭᠡᠬᠦ ᠬᠡᠪᠴᠢᠶ᠎ᠡ ᠶᠢ ᠥᠷᠭᠡᠳᠬᠡᠨ᠎ᠡ᠃ ᠤᠷᠲᠤ ᠴᠠᠭᠠᠨ᠂ ᠲᠣᠮᠣ ᠴᠠᠭᠠᠨ᠂ ᠳ᠋ᠥᠯᠥᠸᠧᠺᠧ ᠡᠭᠦᠯᠳᠡᠷ ᠢᠶᠠᠷ ᠭᠤᠣᠯ ᠪᠣᠯᠭᠠᠨ᠂ ᠰᠠᠶᠢᠨ ᠡᠭᠦᠯᠳᠡᠷ ᠤᠨ ᠭᠠᠭ᠋ᠠᠶ ᠶᠢ ᠲᠡᠵᠢᠭᠡᠨ ᠦᠷᠡᠵᠢᠭᠦᠯᠵᠦ᠂ ᠥᠰᠬᠡᠨ ᠪᠤᠶᠢᠵᠢᠭᠤᠯᠬᠤ ᠬᠤᠷᠳᠤᠴᠠ ᠶᠢ ᠲᠦᠷᠭᠡᠳᠬᠡᠬᠦ ᠶᠢᠨ ᠲᠤᠰᠠᠳᠠ᠂ ᠲᠤᠰ ᠭᠠᠵᠠᠷ ᠤᠨ ᠭᠠᠭ᠋ᠠᠶ ᠶᠢ ᠰᠠᠶᠢᠨ ᠡᠭᠦᠯᠳᠡᠷ ᠤᠨ ᠭᠠᠭ᠋ᠠᠶ ᠲᠠᠢ ᠡᠷᠯᠢᠰᠡᠵᠢᠭᠦᠯᠬᠦ ᠭᠠᠷ ᠬᠡᠬᠡᠯᠲᠦᠯᠭᠡ ᠬᠢᠵᠦ ᠂ ᠭᠠᠭ᠋ᠠᠶ ᠶᠢᠨ ᠮᠢᠬᠠᠨ ᠤ ᠭᠠᠷᠤᠯᠲᠠ ᠪᠣᠯᠣᠨ ᠦᠷᠡᠵᠢᠯ ᠤᠨ ᠴᠢᠳᠠᠪᠤᠷᠢ ᠶᠢ ᠦᠳᠲᠡᠷ ᠲᠦᠷᠭᠡᠨ ᠳᠡᠭᠡᠭᠰᠢᠯᠡᠭᠦᠯᠵᠦ ᠪᠣᠯᠣᠨ᠎ᠠ᠃ ᠰᠢᠨᠵᠢᠯᠡᠬᠦ ᠤᠬᠠᠭᠠᠨᠴᠢ ᠪᠠᠷ ᠲᠡᠵᠢᠭᠡᠬᠦ ᠪᠠ ᠦᠶ᠎ᠡ ᠮᠦᠴᠡ ᠶᠢ ᠰᠠᠶᠢᠲᠤᠷ ᠰᠢᠯᠢᠨ ᠰᠣᠩᠭᠤᠬᠤ ᠵᠡᠷᠭᠡ ᠨᠠᠷᠢᠯᠢᠬᠵᠢᠭᠤᠯᠤᠭᠰᠠᠨ ᠬᠠᠮᠢᠶᠠᠷᠤᠯᠲᠠ ᠪᠠᠷ ᠳᠠᠮᠵᠢᠭᠤᠯᠤᠨ᠂ ᠠᠰᠢᠭ ᠰᠢᠮ᠎ᠡ ᠶᠢᠨ ᠦᠷᠳᠡᠭ ᠢ ᠳᠡᠭᠡᠭᠰᠢᠯᠡᠭᠦᠯᠦᠨ᠎ᠡ᠃ ᠶᠠᠳᠠᠭᠤ ᠶᠢ ᠲᠡᠳᠬᠦᠬᠦ ᠭᠤᠣᠯᠳᠠᠯᠭ᠎ᠠ ᠲᠠᠢ ᠬᠤᠰᠢᠭᠤ ᠰᠢᠶᠠᠨ ᠢ ᠭᠠᠭ᠋ᠠᠶ ᠲᠡᠵᠢᠭᠡᠬᠦ ᠭᠤᠣᠯᠳᠠᠯᠭ᠎ᠠ ᠲᠠᠢ ᠰᠢᠶᠠᠨ ᠪᠣᠯᠭᠠᠵᠤ᠂ ᠭᠠᠭ᠋ᠠᠢ ᠶᠢᠨ ᠲᠤᠷᠤᠢ᠂ ᠲᠡᠵᠢᠭᠡᠯ ᠪᠣᠷᠳᠤᠭ᠎ᠠ ᠶᠢᠨ ᠨᠥᠬᠦᠪᠥᠷᠢ ᠥᠭᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠶᠠᠳᠠᠭᠤ ᠬᠦᠴᠢᠷᠳᠡᠯᠲᠡᠢ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠤᠨ ᠪᠠᠶᠠᠵᠢᠨ ᠴᠢᠨᠡᠭᠡᠯᠢᠭᠵᠢᠭᠦᠯᠦᠨ᠎ᠡ᠃      ᠬᠦᠲᠦᠯᠦᠭᠴᠢ᠄      ᠮᠠᠨ ᠤ ᠣᠷᠣᠨ ᠳᠤ ᠭᠡᠷ ᠤᠨ ᠵᠢᠭᠦᠷᠲᠡᠨ ᠤ ᠠᠵᠤ ᠦᠢᠯᠡᠰ ᠢ ᠬᠡᠷᠬᠢᠨ ᠬᠥᠭᠵᠢᠭᠦᠯᠬᠦ ᠶᠢ ᠲᠠᠨᠢᠯᠴᠠᠭᠤᠯᠤᠭᠠᠳ ᠦᠭᠭᠦᠨ᠎ᠡ ᠤᠤ︖      ᠵᠣᠣ ᠶᠦᠩ ᠬᠤᠸᠠ᠄      ᠶᠠᠳᠠᠭᠤ ᠬᠦᠴᠢᠷᠳᠡᠯᠲᠡᠶ ᠡᠷᠦᠬᠡ ᠨᠦᠭᠦᠳ ᠬᠦᠷᠢᠶ᠎ᠡ ᠬᠠᠰᠢᠶ᠎ᠠ᠂ ᠠᠭᠯᠠᠭ ᠠᠭᠤᠯᠠ᠂ ᠠᠳᠡᠷ ᠬᠡᠭᠡᠷ᠎ᠡ ᠪᠣᠯᠣᠨ ᠭᠤᠣᠯ ᠨᠠᠭᠤᠷ ᠵᠡᠷᠭᠡ ᠪᠠᠶᠢᠭᠠᠯᠢ ᠶᠢᠨ ᠡᠬᠢ ᠪᠠᠶᠠᠯᠢᠭ ᠢ ᠭᠦᠢᠴᠡᠳ ᠠᠰᠢᠭᠯᠠᠨ᠂ ᠭᠡᠷ ᠤᠨ ᠵᠢᠭᠦᠷᠲᠡᠨ ᠲᠡᠵᠢᠭᠡᠨ ᠦᠷᠡᠵᠢᠭᠦᠯᠬᠦ ᠶᠢ ᠢᠳᠡᠪᠬᠢᠲᠡᠶ ᠬᠥᠭᠵᠢᠭᠦᠯᠵᠦ᠂ ᠪᠣᠬᠢᠷᠲᠤᠯ ᠦᠭᠡᠢ᠂ ᠰᠤᠯᠠ ᠲᠡᠵᠢᠭᠡᠭᠰᠡᠨ ᠲᠠᠬᠢᠶ᠎ᠠ ᠵᠡᠷᠭᠡ ᠠᠮᠢ ᠠᠬᠤᠶ ᠶᠢᠨ ᠲᠦᠷᠦᠯ ᠲᠡᠮᠳᠡᠭᠲᠦ ᠡᠭᠦᠳᠬᠦ ᠶᠢ ᠳᠡᠮᠵᠢᠨ᠎ᠡ᠃ ᠭᠡᠷ ᠤᠨ ᠵᠢᠭᠦᠷᠲᠡᠨ ᠲᠡᠵᠢᠭᠡᠨ ᠦᠷᠡᠵᠢᠭᠦᠯᠬᠦ ᠲᠠᠭᠠᠭᠤᠯᠤᠭᠴᠢ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ︽ᠺᠣᠮᠫᠠᠨᠢ + ᠰᠠᠭᠤᠷᠢᠨ ᠭᠠᠵᠠᠷ + ᠶᠠᠳᠠᠭᠤ ᠬᠦᠴᠢᠷᠳᠡᠯᠲᠡᠶ ᠡᠷᠦᠬᠡ︾᠎ ᠶᠢᠨ ᠬᠡᠪ ᠵᠠᠭᠪᠤᠷ ᠢᠶᠠᠷ᠂ ᠠᠵᠤ ᠠᠬᠤᠶᠢᠯᠠᠯ ᠠᠴᠠ ᠨᠢᠭᠡᠳᠦᠯᠲᠡᠶ ᠪᠠᠷ ᠴᠤᠷᠪᠠᠭ᠎ᠠ ᠬᠠᠩᠭᠠᠬᠤ᠂ ᠨᠢᠭᠡᠳᠦᠯᠲᠡᠶ ᠪᠣᠯᠪᠠᠰᠤᠷᠠᠭᠤᠯᠬᠤ᠂ ᠨᠢᠭᠡᠳᠦᠯᠲᠡᠶ ᠮᠡᠷᠭᠡᠵᠢᠯ ᠤᠨ ᠦᠢᠯᠡᠴᠢᠯᠡᠭᠡ ᠬᠠᠩᠭᠠᠬᠤ᠂ ᠨᠢᠭᠡᠳᠦᠯᠲᠡᠶ ᠪᠣᠷᠣᠯᠠᠭᠤᠯᠬᠤ᠂ ᠡᠷᠦᠬᠡ ᠬᠤᠪᠢᠶᠠᠨ ᠲᠡᠵᠢᠭᠡᠬᠦ᠂ ᠡᠷᠦᠬᠡ ᠬᠤᠪᠢᠶᠠᠨ ᠳ᠋ᠦᠩᠨᠡᠨ ᠪᠣᠳᠣᠬᠤ ᠵᠡᠷᠭᠡ ︽ᠳᠥᠷᠪᠡᠨ ᠨᠢᠭᠡᠳᠦᠯᠲᠡᠶ ᠬᠤᠶᠠᠷ ᠬᠤᠪᠢᠶᠠᠷᠢᠯᠠᠯᠲᠠ︾᠎ ᠶᠢᠨ ᠠᠷᠭ᠎ᠠ ᠮᠠᠶ᠋ᠢᠭ ᠢᠶᠠᠷ ᠠᠵᠢᠯᠯᠠᠭᠤᠯᠬᠤ ᠶᠢ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠶᠠᠳᠠᠭᠤ ᠬᠦᠴᠢᠷᠳᠡᠯᠲᠡᠢ ᠡᠷᠦᠬᠡ ᠳᠤ ᠴᠤᠷᠪᠠᠭ᠎ᠠ᠂ ᠲᠡᠵᠢᠭᠡᠯ ᠪᠣᠷᠳᠣᠭᠠᠨ ᠤ ᠨᠥᠬᠦᠪᠥᠷᠢ ᠣᠯᠭᠤᠵᠣ᠂ ᠳᠠᠭᠠᠭᠤᠯᠤᠭᠴᠢ ᠠᠵᠤ ᠠᠬᠤᠶᠢᠯᠠᠯ ᠪᠡᠯᠡ ᠮᠥᠩᠭᠦ ᠶᠢ ᠨᠢ ᠤᠷᠢᠳᠴᠢᠯᠠᠨ ᠲᠤᠰᠢᠶᠠᠵᠤ᠂ ᠬᠠᠮᠤᠭ ᠤᠨ ᠳᠣᠣᠷ᠎ᠠ ᠪᠠᠲᠤᠯᠠᠬᠤ ᠦᠨ᠎ᠡ ᠲᠣᠭᠲᠠᠭᠠᠨ᠂ ᠵᠢᠭᠦᠷᠲᠡᠨ ᠤ ᠭᠠᠷᠤᠯᠲᠠ ᠶᠢ ᠡᠭᠡᠭᠦᠯᠦᠨ ᠬᠤᠷᠢᠶᠠᠬᠤ ᠦᠶ᠎ᠡ ᠳᠤ ᠰᠠᠭᠤᠯᠭᠠᠨ ᠬᠠᠰᠤᠬᠤ ᠬᠡᠪ ᠵᠠᠭᠪᠤᠷ ᠢ ᠳᠡᠯᠭᠡᠷᠡᠭᠦᠯᠵᠦ᠂ ᠶᠠᠳᠠᠭᠤ ᠬᠦᠴᠢᠷᠳᠡᠯᠲᠡᠶ ᠡᠷᠥᠭᠡ ᠨᠦᠭᠦᠳ ᠢ ᠠᠶᠤᠯ ᠲᠦᠭᠰᠢᠭᠦᠷᠢ ᠦᠭᠡᠢ ᠪᠦᠭᠡᠳ ᠪᠠᠭ᠎ᠠ ᠪᠡᠯᠡ ᠣᠷᠤᠭᠤᠯᠤᠯᠲᠠ ᠳᠤᠮᠳᠠ ᠠᠵᠤ ᠦᠢᠯᠡᠰ ᠢᠶᠠᠨ ᠬᠥᠭᠵᠢᠭᠦᠯᠬᠦ ᠪᠣᠯᠭᠠᠨ᠎ᠠ᠃ ᠡᠭᠦᠯᠳᠡᠷ ᠰᠣᠩᠭᠤᠬᠤ ᠲᠠᠯ᠎ᠠ ᠪᠠᠷ᠂ ᠦᠩᠭᠡᠷᠡᠭᠰᠡᠨ ᠤ ᠰᠠᠶᠢᠨ ᠡᠭᠦᠯᠳᠡᠷ ᠪᠣᠯᠬᠤ ᠪᠡᠭᠡᠵᠢᠩ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ 3 ᠳ᠋ᠤᠭᠠᠷ ᠨᠣᠮᠧᠷᠲᠤ᠂ ᠪᠡᠭᠡᠵᠢᠩ ᠲᠡᠬᠢᠶ᠎ᠠ ᠵᠡᠷᠭᠡ ᠪᠠᠷ ᠭᠤᠣᠯᠯᠠᠭᠤᠯᠤᠨ᠎ᠠ ᠃ ᠭᠡᠷ ᠤᠨ ᠵᠢᠭᠦᠷᠲᠡᠨ ᠪᠣᠯ ᠠᠮᠠᠷᠬᠠᠨ ᠡᠪᠡᠳᠴᠢᠨ ᠬᠠᠯᠳᠠᠪᠤᠷᠢᠯᠠᠬᠤ᠂ ᠠᠮᠠᠷᠬᠠᠨ ᠦᠬᠦᠵᠦ ᠰᠦᠢᠳᠬᠦ ᠲᠡᠵᠢᠭᠡᠨ ᠦᠷᠡᠵᠢᠭᠦᠯᠬᠦ ᠦᠢᠯᠡᠰ ᠪᠣᠯᠣᠨ᠎ᠠ᠂ ᠬᠡᠷ ᠤᠨ ᠵᠢᠭᠦᠷᠲᠡᠨ ᠤ ᠳᠠᠭᠠᠳᠬᠠᠯ᠂ ᠵᠠᠬ᠎ᠠ ᠳᠡᠯᠭᠡᠭᠦᠷ ᠤᠨ ᠬᠢᠵᠢᠭ ᠡᠪᠡᠳᠴᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠪᠠᠲᠤᠯᠠᠭ᠎ᠠ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠲᠡᠵᠢᠭᠡᠨ ᠦᠷᠡᠵᠢᠭᠦᠯᠬᠦ ᠠᠶᠤᠯ ᠲᠦᠭᠰᠢᠭᠦᠷᠢ ᠶᠢ ᠪᠠᠭᠤᠷᠠᠭᠤᠯᠤᠨ᠎ᠠ᠃      ᠬᠦᠲᠦᠯᠦᠭᠴᠢ᠄      ᠡᠪᠡᠰᠦ ᠪᠣᠷᠳᠣᠭᠠᠨ ᠤ ᠠᠵᠤ ᠦᠢᠯᠡᠰ ᠢ ᠬᠡᠷᠬᠢᠨ ᠬᠥᠭᠵᠢᠭᠦᠯᠬᠦ ᠶᠢ ᠪᠠᠰᠠ ᠲᠠᠨᠢᠯᠴᠠᠭᠤᠯᠤᠭᠠᠳ ᠦᠭᠭᠦᠨ᠎ᠡ ᠤᠤ      ᠵᠣᠣ ᠶᠦᠩ ᠬᠤᠸᠠ᠄      ᠢᠳᠡᠰᠢᠨ ᠬᠤᠨᠢ᠂ ᠢᠳᠡᠰᠢᠨ ᠦᠬᠡᠷ᠂ ᠰᠠᠭᠠᠯᠢ ᠶᠢᠨ ᠦᠨᠢᠶ᠎ᠡ᠂ ᠭᠠᠭ᠋ᠠᠶ᠂ ᠭᠡᠷ ᠤᠨ ᠵᠢᠭᠦᠷᠲᠡᠨ ᠲᠡᠵᠢᠭᠡᠨ ᠦᠷᠡᠵᠢᠭᠦᠯᠬᠦ ᠬᠥᠭᠵᠢᠯᠲᠡ ᠶᠢᠨ ᠬᠡᠷᠡᠭᠴᠡᠭᠡ ᠲᠠᠢ ᠤᠶᠠᠯᠳᠤᠭᠤᠯᠤᠨ᠂ ᠬᠦᠷᠡᠩ ᠴᠠᠷᠭᠠᠰᠤ ᠪᠠᠷ ᠭᠤᠣᠯ ᠪᠣᠯᠭᠠᠭᠰᠠᠨ ᠪᠤᠷᠴᠠᠭ ᠤᠨ ᠢᠵᠠᠭᠤᠷ ᠤᠨ ᠲᠡᠵᠢᠭᠡᠯ ᠡᠪᠡᠰᠦ ᠲᠠᠷᠢᠬᠤ ᠰᠠᠭᠤᠷᠢᠨ ᠭᠠᠵᠠᠷ ᠢ ᠪᠠᠶᠢᠭᠤᠯᠤᠨ᠎ᠠ︔ ᠨᠣᠬᠠᠶ ᠶᠢᠨ ᠬᠤᠰᠢᠭᠤ ᠲᠠᠷᠢᠬᠤ ᠪᠠᠷ ᠭᠤᠣᠯ ᠪᠣᠯᠭᠠᠭᠰᠠᠨ ᠠᠮᠤ ᠡᠪᠡᠰᠦ ᠡᠭᠡᠯᠵᠢᠯᠡᠨ ᠲᠡᠷᠢᠬᠤ ᠰᠠᠭᠤᠷᠢᠨ ᠭᠠᠵᠠᠷ ᠢ ᠪᠠᠶᠢᠭᠤᠯᠤᠨ᠎ᠠ︔ ᠲᠡᠵᠢᠭᠡᠯ ᠪᠣᠷᠳᠤᠭ᠎ᠠ ᠳᠤ ᠲᠤᠰᠬᠠᠶ ᠬᠡᠷᠡᠭᠯᠡᠬᠦ ᠡᠷᠳᠡᠨᠢ ᠰᠢᠰᠢ ᠲᠠᠷᠢᠬᠤ ᠶᠢ ᠰᠠᠶᠢᠲᠤᠷ ᠠᠳᠬᠤᠵᠦ᠂ ᠡᠷᠳᠡᠨᠢ ᠰᠢᠰᠢ ᠶᠢ ᠪᠦᠬᠦᠯᠢ ᠪᠣᠳᠠ ᠪᠠᠷ ᠨᠢ ᠳᠠᠷᠤᠰᠢᠭᠤᠯᠬᠤ ᠮᠡᠷᠭᠡᠵᠢᠯ ᠢ ᠳᠡᠯᠭᠡᠷᠡᠭᠦᠯᠦᠨ᠎ᠡ︔ ᠡᠷᠳᠡᠨᠢ ᠰᠢᠰᠢ ᠶᠢᠨ ᠡᠰᠢ ᠰᠦᠷᠡᠯ ᠢ ᠰᠢᠷ᠎ᠠ ᠪᠠᠷ ᠨᠢ ᠳᠠᠷᠤᠰᠢᠭᠤᠯᠬᠤ ᠮᠡᠷᠭᠡᠵᠢᠯ ᠢ ᠶᠡᠬᠡᠪᠡᠷ ᠳᠡᠯᠭᠡᠷᠡᠭᠦᠯᠦᠨ᠎ᠡ︔ ᠡᠷᠳᠡᠨᠢ ᠰᠢᠰᠢ᠂ ᠨᠡᠷᠡᠨ ᠬᠤᠸᠠᠷ ᠂ ᠰᠢᠷ᠎ᠠ ᠪᠤᠷᠴᠠᠭ ᠵᠡᠷᠭᠡ ᠲᠠᠷᠢᠮᠠᠯ ᠤᠨ ᠡᠰᠢ ᠰᠦᠷᠡᠯ ᠵᠡᠷᠭᠡ ᠶᠢ ᠬᠡᠮᠬᠡᠯᠬᠦ ᠠᠷᠭ᠎ᠠ ᠮᠠᠶ᠋ᠢᠭ ᠢᠶᠠᠷ ᠲᠡᠵᠢᠭᠡᠯ ᠡᠪᠡᠰᠦ ᠪᠣᠷᠳᠤᠭ᠎ᠠ ᠡᠳ᠋ᠰᠢᠭᠦᠯᠵᠦ᠂ ᠡᠪᠡᠰᠦ ᠪᠣᠷᠳᠤᠭ᠎ᠠ ᠶᠢ ᠬᠡᠮᠬᠡᠯᠡᠨ ᠨᠢᠴᠠᠯᠬᠤ ᠶᠢ ᠳᠡᠯᠭᠡᠷᠡᠭᠦᠯᠵᠦ᠂ ᠬᠡᠪᠡᠯᠢ ᠪᠠᠷ ᠳᠠᠮᠵᠢᠭᠤᠯᠤᠨ ᠦᠷᠳᠡᠭ ᠢ ᠨᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃ ᠳᠠᠷᠤᠰᠢᠭᠤᠯᠬᠤ ᠵᠣᠭᠤᠷᠢ᠂ ᠡᠪᠡᠰᠦ ᠪᠣᠷᠳᠤᠭ᠎ᠠ ᠬᠠᠳᠠᠭᠠᠯᠠᠬᠤ ᠬᠥᠮᠥᠷᠭᠡ ᠪᠠᠷᠢᠨ᠎ᠠ᠃ ᠡᠭᠦᠨ ᠤ ᠬᠠᠮᠲᠤ᠂ ᠲᠡᠵᠢᠭᠡᠵᠦ ᠦᠷᠡᠵᠢᠭᠦᠯᠬᠦ ᠠᠵᠤ ᠠᠬᠤᠶᠢᠯᠠᠯ ᠬᠢᠭᠡᠳ ᠡᠪᠡᠰᠦ ᠪᠣᠷᠳᠤᠭ᠎ᠠ ᠳᠠᠷᠢᠬᠤ ᠶᠠᠳᠠᠭᠤ ᠬᠦᠴᠢᠷᠳᠡᠯᠲᠡᠶ ᠡᠷᠦᠬᠡ ᠯᠦᠭᠡ ᠶᠢᠨ ᠬᠠᠩᠭᠠᠯᠭ᠎ᠠ ᠬᠡᠷᠡᠭᠴᠡᠭᠡ ᠶᠢ ᠤᠶᠠᠯᠳᠤᠭᠤᠯᠤᠭᠰᠠᠨ ᠠᠰᠢᠭ ᠲᠤᠰᠠ ᠶᠢᠨ ᠨᠢᠭᠲᠠ ᠬᠠᠷᠢᠴᠠᠭ᠎ᠠ ᠬᠤᠯᠪᠣᠭ᠎ᠠ ᠶᠢ ᠪᠠᠶᠢᠭᠤᠯᠤᠨ᠎ᠠ᠃ ᠡᠪᠡᠰᠦ ᠪᠣᠷᠳᠤᠭ᠎ᠠ ᠪᠠᠨ ᠰᠢᠨᠵᠢᠯᠡᠬᠦ ᠤᠬᠠᠭᠠᠨᠴᠢ ᠪᠠᠷ ᠲᠡᠵᠢᠭᠡᠬᠦ ᠶᠢ ᠴᠢᠬᠤᠯᠠᠴᠢᠯᠠᠨ᠎ᠠ᠃ ᠣᠳᠣᠬᠠᠨ ᠳᠤ ᠬᠥᠬᠡ ᠡᠪᠡᠰᠦ ᠬᠢᠭᠡᠳ ᠡᠷᠳᠡᠨᠢ ᠰᠢᠰᠢ ᠶᠢᠨ ᠦᠨ᠎ᠡ ᠬᠠᠩᠰᠢ ᠨᠢ ᠨᠡᠯᠢᠶᠡᠳ ᠣᠶᠢᠷᠠᠯᠴᠠᠭ᠎ᠠ ᠪᠠᠶᠢᠵᠤ᠂ ᠡᠷᠳᠡᠨᠢ ᠰᠢᠰᠢ ᠶᠢᠨ ᠰᠢᠮ᠎ᠡ ᠲᠡᠵᠢᠭᠡᠯ ᠤᠨ ᠥᠷᠲᠡᠭ ᠨᠢ ᠬᠠᠭᠤᠷᠠᠶ ᠡᠪᠡᠰᠦ ᠶᠢᠨ ᠬᠢ ᠠᠴᠠ 4 — 5 ᠲᠠᠬᠢᠨ ᠪᠠᠶᠢᠳᠠᠭ ᠪᠣᠯᠬᠤᠷ᠂ ᠭᠠᠮᠰᠢᠭᠳᠠᠭᠰᠠᠨ ᠤᠷᠤᠨ ᠳᠤ ᠡᠪᠡᠰᠦ ᠪᠣᠷᠳᠤᠭ᠎ᠠ ᠨᠦᠬᠦᠪᠦᠷᠢᠯᠡᠬᠦ ᠳᠤ᠂ ᠡᠪᠡᠰᠦ ᠵᠥᠭᠡᠭᠡᠪᠦᠷᠢᠯᠡᠬᠦ ᠶᠢᠨ ᠤᠷᠤᠨ ᠳᠤ ᠡᠷᠳᠡᠨᠢ ᠰᠢᠰᠢ ᠣᠷᠤᠭᠤᠯᠬᠤ ᠨᠢ ᠬᠠᠷᠢᠨ ᠨᠡᠩ ᠶᠡᠭᠡ ᠠᠵᠤ ᠠᠬᠤᠶ ᠶᠢᠨ ᠦᠷ᠎ᠡ ᠠᠰᠢᠭ ᠲᠠᠢ ᠪᠠᠶᠢᠨ᠎ᠠ᠃     ᠬᠥᠲᠥᠯᠥᠭᠴᠢ᠄      ᠵᠣᠣ ᠳᠠᠷᠤᠭ᠎ᠠ ᠡ᠂ ᠮᠠᠨ ᠤ ᠣᠷᠣᠨ ᠳᠤ ᠢᠳᠡᠰᠢᠨ ᠨᠣᠭᠤᠭᠠᠨ ᠤ ᠠᠵᠤ ᠦᠢᠯᠡᠰ ᠢ ᠬᠡᠷᠬᠢᠨ ᠬᠥᠭᠵᠢᠭᠦᠯᠵᠦ ᠪᠠᠶᠢᠬᠤ ᠲᠤᠬᠠᠶ ᠲᠠᠨᠢᠯᠴᠠᠭᠤᠯᠤᠭᠠᠳ ᠥᠭᠭᠦᠨ᠎ᠡ ᠦᠦ︖      ᠵᠤᠤ ᠶᠦᠩ ᠬᠤᠸᠠ᠄      ᠮᠠᠨ ᠤ ᠣᠷᠣᠨ ᠤ ᠨᠡᠷᠡᠨ ᠤ ᠲᠤᠰᠤᠯᠲᠠ ᠭᠦᠢᠴᠡᠳ᠂ ᠠᠭᠤᠷ ᠠᠮᠢᠰᠬᠤᠯ ᠬᠦᠶ᠋ᠲᠡᠨ ᠰᠡᠷᠢᠭᠦᠨ ᠪᠠᠶᠢᠵᠤ᠂ ᠢᠳᠡᠰᠢᠨ ᠨᠣᠭᠤᠭᠠᠨ ᠤ ᠠᠵᠤ ᠦᠢᠯᠡᠰ ᠢ ᠬᠥᠭᠵᠢᠭᠦᠯᠬᠦ ᠥᠪᠡᠷᠮᠢᠴᠡ ᠳᠠᠪᠠᠭᠤᠯᠢᠭ ᠲᠠᠯ᠎ᠠ ᠲᠠᠢ ᠶᠤᠮ᠃ 7᠂ 8᠂ 9 ᠳ᠋ᠦ᠋ᠭᠡᠷ ᠰᠠᠷ᠎ᠠ ᠳᠤ ᠵᠠᠳᠠᠭᠠᠶ ᠭᠠᠵᠠᠷ ᠤᠨ ᠢᠳᠡᠰᠢᠨ ᠨᠣᠭᠤᠭ᠎ᠠ ᠶᠡᠭᠡ ᠬᠡᠮᠵᠢᠶ᠎ᠡ ᠪᠠᠷ ᠵᠠᠬ᠎ᠠ ᠳᠡᠯᠭᠡᠭᠦᠷ ᠲᠤ ᠭᠠᠷᠴᠤ᠂ ᠶᠠᠭ ᠡᠮᠦᠨᠡᠲᠦ ᠣᠷᠣᠨ ᠤ ᠢᠳᠡᠰᠢᠨ ᠨᠣᠭᠤᠭ᠎ᠠ ᠶᠢᠨ ᠴᠤᠬᠠᠭ ᠤᠯᠠᠷᠢᠯ ᠲᠣᠬᠢᠶᠠᠳᠠᠭ ᠪᠤᠯᠬᠤᠷ᠂ ᠪᠦᠬᠦ ᠤᠯᠤᠰ ᠤᠨ ᠵᠤᠨ ᠨᠠᠮᠤᠷ ᠤᠨ ᠢᠳᠡᠰᠢᠨ ᠨᠣᠭᠤᠭᠠᠨ ᠤ ᠰᠠᠭᠤᠷᠢᠨ ᠭᠠᠵᠠᠷ ᠪᠠᠶᠢᠭᠤᠯᠵᠤ ᠪᠣᠯᠤᠨ᠎ᠠ᠃ 2016 ᠣᠨ ᠤ ᠵᠢᠯ ᠤᠨ ᠡᠴᠦᠰ ᠪᠣᠯᠲᠠᠯ᠎ᠠ᠂ ᠮᠠᠨ ᠤ ᠣᠷᠣᠨ 231 ᠲᠦᠮᠡᠨ ᠮᠦ ᠪᠡᠯᠡᠳᠬᠡᠮᠵᠢᠳᠦ ᠲᠠᠷᠢᠶᠠᠯᠠᠩ ᠪᠠᠶᠢᠭᠤᠯᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠬᠡᠢ ᠪᠡᠶᠡᠲᠦ ᠪᠤᠷᠳᠤᠭᠤᠷ ᠣᠷᠣᠭᠤᠯᠬᠤ ᠵᠡᠷᠭᠡ ᠢᠵᠢ ᠪᠦᠷᠢᠳᠦᠭᠦᠯᠦᠯᠲᠡ ᠶᠢᠨ ᠮᠡᠷᠭᠡᠵᠢᠯ ᠢ ᠶᠡᠬᠡᠪᠡᠷ ᠳᠡᠯᠭᠡᠷᠡᠭᠦᠯᠵᠦ᠂ ᠡᠪᠦᠯ ᠤᠨ ᠤᠯᠠᠷᠢᠯ ᠤᠨ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠤᠨᠠᠯᠲᠠ ᠪᠠ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ ᠨᠡᠶᠢᠲᠡ ᠶᠢᠨ ᠬᠦᠨᠦᠭᠡᠯ ᠦᠭᠡᠢ ᠪᠣᠬᠢᠷᠲᠤᠯ ᠦᠬᠡᠢ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠨ᠂ ᠵᠠᠬ᠎ᠠ ᠳᠡᠯᠭᠡᠭᠦᠷ ᠲᠤ ᠵᠣᠬᠢᠴᠠᠭᠤᠯᠬᠤ᠂ ᠣᠨᠴᠠᠯᠢᠭ ᠲᠠᠢ ᠬᠥᠭᠵᠢᠭᠦᠯᠬᠦ ᠵᠠᠷᠴᠢᠮ ᠢᠶᠠᠷ᠂ ᠶᠠᠳᠠᠭᠤ ᠬᠦᠴᠢᠷᠳᠡᠯᠲᠡᠶ ᠡᠷᠦᠬᠡ ᠶᠢᠨ ᠢᠳᠡᠰᠢᠨ ᠨᠣᠭᠤᠭ᠎ᠠ ᠲᠠᠷᠢᠬᠤ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ ᠭᠠᠳᠠᠭᠰᠢ ᠢᠳᠡᠰᠢᠨ ᠨᠣᠭᠤᠭ᠎ᠠ ᠪᠣᠷᠣᠯᠠᠭᠤᠯᠬᠤ ᠳᠠᠭᠠᠨ ᠲᠦᠷᠦᠯ ᠪᠠᠷᠢᠮᠵᠢᠶ᠎ᠠ ᠶᠢ ᠨᠢᠭᠡᠳᠦᠭᠦᠯᠵᠦ᠂ ᠨᠡᠷᠡᠳᠤ ᠪᠦᠲᠦᠭᠡᠭᠳᠡᠬᠦᠨ ᠤ ᠤᠬᠠᠮᠰᠠᠷ ᠢ ᠪᠤᠢ ᠪᠣᠯᠭᠠᠵᠤ᠂ ᠣᠷᠣᠨ ᠪᠦᠰᠡᠵᠢᠭᠦᠯᠦᠨ ᠪᠠᠶᠢᠷᠢᠰᠢᠭᠤᠯᠬᠤ᠂ ᠬᠡᠪᠴᠢᠶᠡᠵᠢᠭᠦᠯᠦᠨ ᠦᠢᠯᠡᠳᠪᠦᠷᠢᠯᠡᠬᠦ ᠶᠢ ᠬᠡᠷᠡᠭᠵᠢᠭᠦᠯᠵᠦ᠂ ᠬᠤᠳᠠᠯᠳᠤᠨ ᠠᠪᠤᠭᠴᠢ ᠬᠤᠳᠠᠯᠳᠤᠭᠠᠴᠢᠨ ᠳᠤ ᠳᠥᠭᠦᠮ ᠦᠵᠡᠭᠦᠯᠪᠡ᠃ ᠡᠭᠦᠨ ᠤ ᠬᠠᠮᠲᠤ᠂ ᠬᠥᠢᠳᠡᠨ ᠢᠶᠠᠷ ᠭᠡᠯᠬᠢᠶᠡᠵᠢᠬᠦᠯᠬᠦ ᠪᠠᠶᠢᠭᠤᠯᠤᠯᠲᠠ ᠶᠢ ᠴᠢᠩᠭᠠᠳᠬᠠᠵᠤ᠂ ᠬᠤᠷᠣᠭᠳᠠᠯ ᠢ ᠪᠠᠭᠠᠰᠬᠠᠵᠤ᠂ ᠶᠠᠰᠤ ᠴᠢᠨᠠᠷ ᠢ ᠪᠠᠲᠤᠯᠠᠪᠠ᠃ ᠮᠠᠨ ᠤ ᠣᠷᠣᠨ ᠳᠤ ᠪᠦᠭᠦ ᠤᠯᠤᠰ ᠲᠠᠢ ᠠᠳᠠᠯᠢ ᠪᠠᠷ ᠢᠳᠡᠰᠢᠨ ᠨᠣᠭᠤᠭ᠎ᠠ ᠪᠠ ᠲᠠᠷᠢᠶᠠᠯᠠᠩ ᠤᠨ ᠪᠦᠲᠦᠭᠡᠭᠳᠡᠬᠦᠨ ᠤ ᠲᠠᠷᠢᠶᠠᠨ ᠵᠠᠬ᠎ᠠ ᠶᠢᠨ ᠦᠨ᠎ᠡ ᠨᠢ ᠳᠣᠣᠷ᠎ᠠ᠂ ᠵᠠᠬ᠎ᠠ ᠳᠡᠯᠭᠡᠭᠦᠷ ᠤᠨ ᠦᠨ᠎ᠡ ᠨᠢ ᠥᠨᠳᠥᠷ ᠪᠠᠶᠢᠬᠤ ᠠᠰᠠᠭᠤᠳᠠᠯ ᠣᠷᠣᠰᠢᠵᠤ ᠪᠠᠶᠢᠨ᠎ᠠ᠃ ᠡᠭᠦᠨ ᠤ ᠦᠨᠳᠦᠰᠦᠨ ᠰᠢᠯᠲᠠᠭᠠᠨ ᠨᠢ ᠭᠡᠪᠡᠯ ᠲᠠᠷᠢᠶᠠᠯᠠᠩ ᠤᠨ ᠪᠦᠲᠦᠭᠡᠭᠳᠡᠬᠦᠨ ᠪᠣᠷᠣᠯᠠᠭᠤᠯᠬᠤ ᠳᠡᠯᠭᠡᠭᠦᠷ ᠤᠨ ᠦᠨ᠎ᠡ ᠨᠢ ᠳᠡᠩᠳᠡᠭᠦᠦ ᠥᠨᠳᠥᠷ ᠪᠠᠶᠢᠨ᠎ᠠ᠃ ᠨᠡᠶᠢᠭᠡᠮ ᠲᠣᠭᠤᠷᠢᠭ ᠤᠨ ᠳᠡᠯᠭᠡᠭᠦᠷ ᠪᠠᠶᠢᠭᠤᠯᠪᠠᠯ ᠲᠠᠷᠢᠶᠠᠨ ᠵᠠᠬ᠎ᠠ ᠶᠢᠨ ᠦᠨ᠎ᠡ ᠶᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠦᠨ᠎ᠡ ᠶᠢ ᠪᠠᠭᠤᠷᠠᠭᠤᠯᠵᠤ ᠪᠣᠯᠣᠨ᠎ᠠ᠂ ᠡᠨᠡ ᠪᠣᠯ ᠣᠳᠣᠬᠠᠨ ᠤ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠰᠠᠭᠤᠳᠠᠯ ᠢ ᠰᠢᠢᠳᠪᠦᠷᠢᠯᠡᠬᠦ ᠬᠠᠮᠤᠭ ᠤᠨ ᠦᠨᠳᠦᠰᠦᠨ ᠠᠷᠭ᠎ᠠ ᠬᠡᠮᠵᠢᠶ᠎ᠡ ᠮᠥᠨ᠃ ᠢᠳᠡᠰᠢᠨ ᠨᠣᠭᠤᠭᠠᠨ ᠤ ᠠᠵᠤ ᠦᠢᠯᠡᠰ ᠢ ᠬᠦᠭᠵᠢᠭᠦᠯᠬᠦ ᠳᠤ ᠶᠠᠳᠠᠭᠤ ᠬᠦᠴᠢᠷᠳᠡᠯᠲᠡᠶ ᠡᠷᠦᠬᠡ ᠤᠷᠢᠳᠠᠪᠠᠷ ᠠᠵᠢᠯ ᠣᠯᠵᠤ᠂ ᠤᠷᠢᠳᠠᠪᠠᠷ ᠬᠥᠭᠵᠢᠵᠦ ᠪᠣᠯᠣᠨ᠎ᠠ᠃      ᠬᠥᠲᠥᠯᠥᠭᠴᠢ᠄      ᠲᠥᠮᠥᠰᠥ ᠶᠢᠨ ᠦᠢᠯᠡᠰ ᠢ ᠬᠡᠷᠬᠢᠨ ᠬᠥᠭᠵᠢᠭᠦᠯᠬᠦ ᠲᠤᠬᠠᠶ ᠲᠠᠨᠢᠯᠴᠠᠭᠤᠯᠤᠭᠠᠳ ᠥᠭᠭᠦᠨ᠎ᠡ ᠦᠦ︖      ᠵᠤᠤ ᠶᠦᠩ ᠬᠤᠸᠠ᠄      ᠮᠠᠨ ᠤ ᠣᠷᠣᠨ ᠪᠣᠯ ᠲᠥᠮᠥᠰᠥ ᠶᠢᠨ ᠲᠤᠮᠤ ᠣᠷᠣᠨ ᠮᠥᠨ᠂ ᠵᠢᠯ ᠪᠦᠷᠢ 1000 ᠲᠦᠮᠡᠨ ᠮᠦ ᠣᠷᠴᠢᠮ ᠲᠠᠷᠢᠵᠤ᠂ ᠵᠠᠬ᠎ᠠ ᠳᠡᠯᠭᠡᠭᠦᠷ ᠤᠨ ᠠᠯᠳᠠᠷᠰᠢᠯ ᠨᠢ ᠴᠤ ᠥᠨᠳᠥᠷ ᠪᠠᠶᠢᠨ᠎ᠠ᠃ ᠲᠥᠮᠥᠰᠥ ᠶᠢᠨ ᠭᠠᠷᠤᠯᠲᠠ ᠶᠢᠨ ᠣᠨᠣᠯ ᠢᠶᠠᠷ ᠪᠣᠯ ᠮᠦ ᠪᠦᠷᠢ ᠠᠴᠠ 8 ᠲᠣᠨ ᠬᠤᠷᠢᠶᠠᠨ᠎ᠠ᠂ ᠮᠠᠨ ᠤ ᠣᠷᠣᠨ ᠳᠤᠮᠳᠠᠴᠢ ᠪᠠᠷ ᠮᠦ ᠪᠦᠷᠢ ᠠᠴᠠ 1 ᠲᠣᠨ ᠬᠤᠷᠢᠶᠠᠵᠤ ᠪᠠᠶᠢᠨ᠎ᠠ᠂ ᠭᠡᠪᠡᠴᠦ ᠮᠠᠨ ᠤ ᠣᠷᠣᠨ ᠳᠤ ᠮᠦ ᠪᠦᠷᠢ ᠠᠴᠠ 3 — 4 ᠲᠣᠨ ᠬᠤᠷᠢᠶᠠᠵᠤ ᠪᠠᠶᠢᠬᠤ ᠭᠠᠵᠠᠷ ᠮᠠᠰᠢ ᠤᠯᠠᠨ ᠪᠠᠶᠢᠨ᠎ᠠ᠂ ᠣᠨᠴᠠ ᠵᠠᠷᠢᠮ ᠭᠠᠵᠠᠷ ᠮᠦ ᠪᠦᠷᠢ ᠠᠴᠠ ᠲᠦᠮᠡ ᠭᠠᠷᠤᠶ ᠵᠢᠩ ᠬᠤᠷᠢᠶᠠᠵᠤ᠂ ᠭᠠᠷᠤᠯᠲᠠ ᠪᠠᠨ ᠨᠡᠮᠡᠭᠳᠡᠭᠦᠯᠬᠦ ᠣᠷᠣᠨ ᠵᠠᠶ ᠮᠠᠰᠢ ᠶᠡᠭᠡ ᠪᠠᠶᠢᠳᠠᠭ᠃ ︽ᠬᠤᠶᠠᠷ ᠢ ᠨᠡᠮᠡᠭᠳᠡᠭᠦᠯᠵᠦ᠂ ᠲᠠᠪᠤ ᠶᠢ ᠳᠡᠯᠭᠡᠷᠡᠭᠦᠯᠬᠦ︾ ᠮᠡᠷᠭᠡᠵᠢᠯ ᠲᠤᠬᠠᠶᠢᠯᠠᠪᠠᠯ᠂ ᠨᠢᠭᠲᠠᠴᠠ ᠶᠢ ᠨᠡᠮᠡᠭᠳᠡᠭᠦᠯᠵᠦ ᠣᠷᠭᠠᠨᠢᠭ ᠪᠤᠷᠳᠤᠭᠤᠷ ᠨᠡᠮᠡᠵᠦ ᠣᠷᠣᠭᠤᠯᠬᠤ ᠶᠢ ᠨᠡᠮᠡᠭᠳᠡᠭᠦᠯᠦᠨ᠂ ᠲᠥᠮᠥᠰᠥᠨ ᠤ ᠦᠷ᠎ᠡ ᠶᠢ ᠬᠤᠣᠷ ᠦᠭᠡᠶᠢᠳᠡᠭᠦᠯᠦᠨ ᠲᠠᠷᠢᠬᠤ᠂ ᠪᠡᠯᠡᠳᠬᠡᠮᠵᠢ ᠪᠠᠷ ᠲᠠᠷᠢᠵᠤ ᠪᠤᠶᠢᠵᠢᠭᠤᠯᠬᠤ᠂ ᠪᠦᠷᠬᠦᠭᠦᠯ ᠬᠤᠴᠢᠬᠤ᠂ ᠮᠠᠰᠢᠨᠴᠢᠯᠠᠯᠲᠠ ᠪᠠᠷ ᠠᠵᠢᠯᠯᠠᠬᠤ᠂ ᠲᠤᠰᠬᠠᠶ ᠪᠤᠷᠳᠤᠭᠤᠷ ᠬᠡᠷᠡᠭᠯᠡᠬᠦ ᠮᠡᠷᠭᠡᠵᠢᠯ ᠢᠶᠠᠷ ᠭᠤᠣᠯᠯᠠᠭᠤᠯᠤᠭᠰᠠᠨ ᠬᠤᠷᠠᠮᠠᠯ ᠮᠡᠷᠭᠡᠵᠢᠯ ᠢ ᠳᠡᠯᠭᠡᠷᠡᠭᠦᠯᠦᠨ᠎ᠡ︔ ᠲᠥᠮᠥᠰᠥᠨ ᠤ ᠦᠷ᠎ᠡ ᠶᠢ ᠦᠷᠡᠵᠢᠭᠦᠯᠦᠨ ᠪᠤᠶᠢᠵᠢᠭᠤᠯᠬᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠶᠠᠳᠠᠭᠤ ᠬᠦᠴᠢᠷᠳᠡᠯ ᠲᠠᠢ ᠲᠣᠰᠬᠤᠨ ᠶᠠᠳᠠᠭᠤ ᠬᠦᠴᠢᠷᠳᠡᠯᠲᠡᠶ ᠡᠷᠦᠬᠡ ᠳᠤ ᠨᠥᠬᠦᠪᠥᠷᠢ ᠥᠭᠬᠦ ᠵᠡᠷᠭᠡ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠤᠨ ᠲᠥᠮᠥᠰᠥᠨ ᠤ ᠦᠷ᠎ᠡ ᠶᠢ ᠬᠤᠣᠷ ᠦᠭᠡᠶᠢᠳᠡᠭᠦᠯᠦᠨ ᠲᠠᠷᠢᠬᠤ ᠶᠢ ᠶᠡᠬᠡᠪᠡᠷ ᠳᠡᠯᠭᠡᠷᠡᠭᠦᠯᠵᠦ᠂ ᠲᠥᠮᠥᠰᠥᠨ ᠤ ᠭᠠᠷᠤᠯᠲᠠ ᠶᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠦᠨ᠎ᠡ᠃ ᠲᠥᠮᠥᠰᠥᠨ ᠤ ᠦᠷ᠎ᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠡ᠃ ︽ᠺᠣᠮᠫᠠᠨᠢ + ᠰᠠᠭᠤᠷᠢᠨ ᠭᠠᠵᠠᠷ + ᠶᠠᠳᠠᠭᠤ ᠬᠦᠴᠢᠷᠳᠡᠯᠲᠡᠶ ᠲᠠᠷᠢᠶᠠᠴᠢᠨ ᠡᠷᠦᠬᠡ ︾᠎ ᠶᠢᠨ ᠵᠠᠭᠪᠤᠷ ᠢ ᠳᠡᠯᠭᠡᠷᠡᠭᠦᠯᠵᠦ᠂ ᠳᠣᠲᠣᠭᠠᠳᠣ ᠳᠠᠭᠠᠨ ᠶᠠᠰᠤ ᠴᠢᠨᠠᠷ ᠢ ᠠᠳᠬᠤᠵᠦ᠂ ᠭᠠᠳᠠᠭᠰᠢ ᠪᠠᠨ ᠵᠠᠬ᠎ᠠ ᠳᠡᠯᠭᠡᠭᠦᠷ ᠢᠶᠠᠨ ᠥᠷᠭᠡᠳᠬᠡᠵᠦ᠂ ᠲᠥᠮᠥᠰᠥ ᠲᠠᠷᠢᠬᠤ ᠶᠢ ᠥᠷᠭᠡᠳᠬᠡᠨ ᠦᠢᠯᠡᠳᠪᠦᠷᠢᠯᠡᠬᠦ ᠰᠢᠰᠲ᠋ᠧᠮᠵᠢ ᠶᠢ ᠪᠦᠷᠢᠨᠰᠢᠭᠦᠯᠵᠦ᠂ ᠥᠪᠥᠷ ᠮᠣᠩᠭᠤᠯ ᠢᠶᠠᠨ ᠪᠦᠬᠦ ᠤᠯᠤᠰ ᠤᠨ ᠲᠥᠮᠥᠰᠥ ᠲᠠᠷᠢᠬᠤ ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠭᠠᠨ ᠪᠠᠶᠢᠭᠤᠯᠤᠨ᠎ᠠ᠃ ᠥᠷ᠎ᠡ ᠶᠢᠨ ᠲᠥᠷᠥᠯ ᠳᠤ ᠳ᠋ᠠ ᠰᠢ ᠶᠠᠩ᠂ ᠰᠢᠶᠠ ᠫᠦᠸᠧ ᠳ᠋ᠢ᠂ ᠹᠧᠢ ᠡᠦ ᠷᠦᠢ ᠲᠧ ᠵᠡᠷᠭᠡ ᠣᠨᠴᠠ ᠳᠡᠰ ᠤᠨ ᠰᠢᠯᠢᠳᠡᠭ ᠥᠷ᠎ᠡ ᠶᠢ ᠰᠣᠩᠭᠤᠵᠤ ᠬᠡᠷᠡᠭᠯᠡᠨ᠎ᠡ᠃ ᠲᠥᠮᠥᠰᠥ ᠶᠢ ᠳᠤᠰᠤᠯᠭᠠᠨ ᠤᠰᠤᠯᠠᠬᠤ ᠶᠢ ᠶᠡᠬᠡᠪᠡᠷ ᠬᠥᠭᠵᠢᠭᠦᠯᠵᠦ᠂ ᠰᠢᠨ᠎ᠡ ᠪᠠᠷ ᠳᠤᠰᠤᠯᠭᠠᠨ ᠤᠰᠤᠯᠠᠬᠤ ᠪᠡᠯᠡᠳᠬᠡᠮᠵᠢ ᠤᠭᠰᠠᠷᠠᠭᠰᠠᠨ ᠶᠠᠳᠠᠭᠤ ᠬᠦᠴᠢᠷᠳᠡᠯᠲᠡᠶ ᠡᠷᠥᠭᠡ ᠳᠤ ᠲᠤᠰᠠᠯᠠᠮᠵᠢ ᠦᠵᠡᠭᠦᠯᠵᠦ᠂ ᠨᠡᠩ ᠣᠯᠠᠨ ᠨᠥᠬᠦᠪᠥᠷᠢ ᠣᠯᠭᠤᠨ᠎ᠠ᠃     ᠬᠥᠲᠥᠯᠥᠭᠴᠢ᠄      ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠠᠯ᠎ᠠ ᠪᠠᠷ ᠲᠠᠨ ᠳᠤ ᠪᠠᠰᠠ ᠶᠠᠮᠠᠷ ᠨᠥᠬᠦᠪᠦᠷᠢᠯᠡᠵᠦ ᠲᠣᠳᠣᠷᠬᠠᠶᠢᠯᠠᠬᠤ ᠵᠦᠢᠯ ᠪᠠᠶᠢᠨ᠎ᠠ ᠦᠦ︖      ᠵᠤᠤ ᠶᠦᠩ ᠬᠤᠸᠠ᠄      ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠳᠤ ᠪᠠᠰᠠ ᠤᠢ ᠰᠢᠭᠤᠢ ᠪᠠ ᠵᠢᠭᠤᠯᠴᠢᠯᠠᠯ ᠤᠨ ᠦᠢᠯᠡᠰ ᠪᠠᠭᠲᠠᠨ᠎ᠠ᠃ ᠤᠢ ᠰᠢᠭᠤᠢ ᠶᠢᠨ ᠠᠵᠤ ᠦᠢᠯᠡᠰ ᠤᠨ ᠲᠠᠯ᠎ᠠ ᠪᠠᠷ ᠵᠢᠮᠢᠰ ᠤᠨ ᠮᠣᠳᠣ᠂ ᠡᠮ ᠤᠨ ᠮᠠᠲ᠋ᠧᠷᠢᠶᠠᠯ ᠵᠡᠷᠭᠡ ᠠᠵᠤ ᠠᠬᠤᠶ ᠶᠢᠨ ᠤᠢ ᠶᠢ ᠢᠳᠡᠪᠬᠢᠲᠡᠶ ᠬᠥᠭᠵᠢᠭᠦᠯᠵᠦ᠂ ᠨᠣᠭᠤᠭᠠᠷᠠᠭᠤᠯᠬᠤ ᠮᠥᠷᠲᠡᠭᠡᠨ ᠪᠠᠰᠠ ᠪᠠᠶᠠᠵᠢᠭᠤᠯᠬᠤ ᠬᠤᠣᠰ ᠠᠰᠢᠭ ᠤᠯᠬᠤ ᠬᠠᠷᠠᠯᠲᠠ ᠶᠢ ᠪᠡᠶᠡᠯᠡᠭᠦᠯᠦᠨ᠎ᠡ᠃ ᠭᠠᠭᠴᠠ ᠬᠦ ᠪᠠᠶᠠᠵᠢᠪᠠᠯ ᠰᠠᠶ᠋ᠢ ᠬᠥᠮᠦᠰ ᠤᠨ ᠮᠤᠳᠤ ᠲᠡᠷᠢᠵᠦ ᠣᠶᠢᠵᠢᠭᠤᠯᠬᠤ ᠢᠳᠡᠪᠬᠢᠵᠢᠯ ᠢ ᠳᠠᠶᠢᠴᠢᠯᠠᠵᠤ ᠴᠢᠳᠠᠨ᠎ᠠ᠃ ᠢᠳᠡᠭᠡᠨ ᠤ ᠮᠥᠭᠦ ᠂ ᠡᠮ ᠤᠨ ᠮᠠᠲ᠋ᠧᠷᠢᠶᠠᠯ᠂ ᠲᠡᠵᠢᠭᠡᠨ ᠦᠷᠡᠵᠢᠭᠦᠯᠬᠦ ᠦᠢᠯᠡᠰ ᠵᠡᠷᠭᠡ ᠤᠢ ᠮᠣᠳᠣᠨ ᠳᠤᠤᠷᠠᠬᠢ ᠠᠵᠤ ᠠᠬᠤᠶ ᠶᠢ ᠪᠤᠶᠢᠵᠢᠭᠤᠯᠬᠤ ᠪᠠ ᠨᠡᠭᠡᠭᠡᠨ ᠠᠰᠢᠭᠯᠠᠬᠤ ᠶᠢ ᠴᠢᠬᠤᠯᠠᠴᠢᠯᠠᠵᠤ᠂ ᠡᠯᠡᠰᠦᠨ ᠤ ᠠᠵᠤ ᠦᠢᠯᠡᠰ ᠵᠡᠷᠭᠡ ᠤᠨᠴᠠᠯᠢᠭᠳᠤ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ ᠵᠢᠭᠤᠯᠴᠢᠯᠠᠯ ᠤᠨ ᠡᠬᠢ ᠪᠠᠶᠠᠯᠢᠭ ᠲᠠᠢ ᠭᠠᠵᠠᠷ ᠣᠷᠣᠨ ᠳᠤ ᠤᠰᠤ ᠪᠠᠷ ᠴᠡᠪᠡᠷᠯᠡᠬᠦ ᠵᠣᠷᠯᠣᠩ᠂ ᠲᠡᠷᠭᠡᠨ ᠤ ᠵᠣᠭᠰᠣᠭᠠᠯ᠂ ᠬᠤᠭ ᠨᠣᠪᠰᠢ ᠰᠢᠶ᠋ᠳᠪᠦᠷᠢᠯᠡᠬᠦ ᠲᠠᠯᠠᠪᠠᠢ ᠶᠢᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠵᠦ᠂ ᠵᠢᠭᠤᠯᠴᠢᠯᠠᠯ ᠤᠨ ᠴᠢᠳᠠᠮᠵᠢ ᠶᠢ ᠲᠡᠭᠦᠯᠳᠡᠷᠵᠢᠭᠦᠯᠦᠨ᠎ᠡ᠃ ᠠᠮᠢ ᠠᠬᠤᠶ ᠶᠢᠨ ᠮᠠᠶ᠋ᠢᠭ ᠤᠨ᠂ ᠵᠢᠭᠤᠯᠴᠢᠯᠠᠯ ᠤᠨ ᠮᠠᠶ᠋ᠢᠭ ᠤᠨ ᠂ ᠰᠡᠯᠡᠭᠦᠴᠡᠯ ᠤᠨ ᠮᠠᠶ᠋ᠢᠭ ᠤᠨ ᠲᠠᠷᠢᠶᠠᠯᠠᠩ ᠮᠠᠯ ᠠᠵᠤ ᠠᠬᠤᠶ ᠶᠢ ᠢᠳᠡᠪᠬᠢᠲᠡᠶ ᠬᠥᠭᠵᠢᠭᠦᠯᠵᠦ᠂ ᠠᠷᠠᠳ ᠤᠨ ᠤᠯᠠᠮᠵᠢᠯᠠᠯᠲᠤ ᠢᠳᠡᠭᠡᠨ ᠤᠮᠳᠠᠭᠠᠨ᠂ ᠠᠷᠠᠳ ᠤᠨ ᠤᠯᠠᠮᠵᠢᠯᠠᠯᠲᠤ ᠵᠢᠭᠤᠯᠴᠢᠯᠠᠯ᠂ ᠠᠷᠠᠳ ᠤᠨ ᠤᠯᠠᠮᠵᠢᠯᠠᠯᠲᠤ ᠤᠯᠠᠮᠵᠢᠯᠠᠯᠲᠤ ᠭᠠᠷ ᠤᠷᠠᠯᠠᠯ ᠵᠡᠷᠭᠡ ᠤᠨᠴᠠᠯᠢᠭᠳᠤ ᠠᠵᠤ ᠦᠢᠯᠡᠰ ᠢ ᠢᠳᠡᠪᠬᠢᠲᠡᠢ ᠬᠥᠭᠵᠢᠭᠦᠯᠦᠨ᠎ᠡ᠃ ᠲᠤᠰ ᠭᠠᠵᠠᠷ ᠤᠨ ᠲᠡᠦᠬᠡ ᠰᠣᠶᠣᠯ ᠢ ᠠᠭᠤᠳᠠᠯᠬᠤ ᠶᠢ ᠴᠢᠬᠤᠯᠠᠴᠢᠯᠠᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠰᠣᠶᠣᠯ ᠤᠨ ᠠᠭᠤᠷ ᠠᠮᠢᠰᠬᠤᠯ ᠢ ᠳᠡᠭᠡᠭᠰᠢᠯᠡᠭᠦᠯᠦᠨ᠎ᠡ᠃ ᠤᠢ ᠰᠢᠭᠤᠢ᠂ ᠵᠢᠭᠤᠯᠴᠢᠯᠠᠯ ᠤᠨ ᠦᠢᠯᠡᠰ ᠢ ᠬᠥᠭᠵᠢᠭᠦᠯᠬᠦ ᠪᠠᠷ ᠳᠠᠮᠵᠢᠭᠤᠯᠤᠨ ᠶᠠᠳᠠᠭᠤ ᠬᠦᠴᠢᠷᠳᠡᠯ ᠲᠠᠢ ᠬᠥᠮᠦᠨ ᠠᠮᠠ ᠳᠤ ᠤᠷᠢᠳᠠᠪᠠᠷ ᠠᠵᠢᠯ ᠣᠯᠭᠤᠬᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠲᠠᠷᠢᠶᠠᠯᠠᠩ ᠤᠨ ᠪᠦᠲᠦᠭᠡᠭᠳᠡᠬᠦᠨ ᠢ ᠤᠷᠢᠳᠠᠪᠠᠷ ᠬᠤᠳᠠᠯᠳᠤᠨ ᠠᠪᠬᠤ ᠵᠡᠷᠭᠡ ᠠᠷᠭ᠎ᠠ ᠬᠡᠯᠪᠡᠷᠢ ᠪᠠᠷ᠂ ᠶᠠᠳᠠᠭᠤ ᠬᠦᠴᠢᠷᠳᠡᠯ ᠲᠠᠢ ᠡᠷᠤᠬᠡ ᠶᠢ ᠲᠠᠶᠢᠴᠢᠯᠠᠨ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠤᠨ᠎ᠠ᠃      ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠨᠢ ᠨᠢᠭᠡ ᠵᠦᠢᠯ ᠤᠨ ᠠᠵᠣ ᠠᠬᠤᠶ ᠶᠢᠨ ᠠᠵᠢᠯᠯᠠᠭ᠎ᠠ ᠪᠣᠯᠣᠭᠰᠠᠨ ᠤ ᠬᠤᠪᠢ ᠳᠤ᠂ ᠠᠰᠢᠭ ᠲᠤᠰᠠ ᠶᠢ ᠬᠤᠯᠪᠣᠬᠤ ᠪᠣᠯ ᠭᠤᠣᠯ ᠪᠣᠯᠤᠨ᠎ᠠ᠃ ᠠᠰᠢᠭ ᠲᠤᠰᠠ ᠶᠢ ᠬᠤᠯᠪᠣᠬᠤ ᠰᠠᠶᠢᠨ ᠰᠠᠶᠢᠬᠠᠨ ᠲᠣᠭᠲᠠᠴᠠ ᠶᠢ ᠪᠠᠶᠢᠭᠤᠯᠬᠤ ᠶᠢᠨ ᠭᠤᠣᠯᠳᠠᠯᠭ᠎ᠠ ᠪᠣᠯ ᠶᠠᠳᠠᠭᠤ ᠬᠦᠴᠢᠷᠳᠡᠯᠲᠡᠶ ᠡᠷᠦᠬᠡ ᠳᠤ ᠲᠦᠢᠯ ᠤᠨ ᠤᠨᠤᠪᠴᠢᠲᠠᠢ ᠪᠠᠷ ᠠᠰᠢᠭ ᠬᠦᠷᠲᠡᠭᠡᠬᠦ ᠪᠠᠷ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠬᠥᠭᠵᠢᠯᠲᠡ ᠶᠢᠨ ᠵᠠᠶᠢᠯᠠᠰᠢ ᠦᠭᠡᠢ ᠨᠥᠬᠦᠴᠡᠯ ᠪᠣᠯᠭᠠᠵᠤ᠂ ᠶᠠᠳᠠᠭᠤ ᠬᠦᠴᠢᠷᠳᠡᠯ ᠲᠠᠢ ᠡᠷᠤᠭᠡ ᠶᠢ ᠰᠢᠨ᠎ᠡ ᠮᠠᠶ᠋ᠢᠭ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠤᠳᠤᠷᠢᠳᠤᠮᠵᠢ ᠪᠣᠯᠣᠭᠰᠠᠨ ᠠᠵᠤ ᠦᠢᠯᠡᠰ ᠤᠨ ᠬᠡᠯᠬᠢᠶ᠎ᠡ ᠳᠤ ᠣᠷᠣᠭᠤᠯᠵᠤ ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠦᠷ᠎ᠡ ᠪᠦᠲᠦᠮᠵᠢ ᠪᠣᠯᠤᠨ ᠡᠬᠢ ᠪᠠᠶᠠᠯᠢᠭ ᠢ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠠᠵᠤ ᠦᠢᠯᠡᠰ ᠤᠨ ᠲᠡᠰ ᠢ ᠳᠡᠪᠰᠢᠭᠦᠯᠬᠦ ᠶᠢ ᠠᠬᠢᠭᠤᠯᠬᠤ ᠶᠠᠪᠤᠳᠠᠯ ᠪᠣᠯᠣᠨ᠎ᠠ᠃      ᠬᠥᠲᠥᠯᠥᠭᠴᠢ᠄      ᠵᠠ᠂ ᠰᠠᠶᠢᠨ ᠪᠣᠯᠣᠯ᠎ᠠ᠂ ᠵᠣᠣ ᠳᠠᠷᠤᠭ᠎ᠠ ᠶᠢᠨ ᠬᠦᠯᠢᠴᠡᠩᠭᠦᠶ ᠪᠠᠷ ᠲᠠᠶᠢᠯᠤᠮᠵᠢ ᠬᠢᠭᠰᠡᠨ ᠳᠤ ᠮᠠᠰᠢ ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠭᠦᠷᠦᠭᠡᠳ ᠲᠡᠭᠦᠰᠦᠯ᠎ᠡ᠂ ᠲᠠᠷᠠᠭᠠᠴᠢ ᠶᠢᠨ ᠫᠷᠤᠭ᠍ᠷᠠᠮ ᠳᠤ ᠪᠠᠶᠠᠷᠲᠠᠶ ᠵᠣᠯᠭᠠᠶ᠎ᠠ᠃
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号