ᠤᠷᠤᠨ ᠤ ᠬᠤᠶᠠᠷ ᠬᠤᠷᠠᠯ ᠤᠨ ᠶᠠᠷᠢᠯᠴᠠᠭ᠎ᠠ — ᠡᠮ ᠡᠮᠨᠡᠯᠭᠡ ᠶᠢᠨ ᠪᠠᠳᠣᠯᠠᠪᠣᠷᠢ ᠪᠠ ᠦᠢᠯᠡᠴᠢᠯᠡᠭᠡ ᠶᠢᠨ ᠲᠦᠪᠰᠢᠨ ᠢ ᠬᠡᠷᠬᠢᠨ ᠲᠡᠭᠡᠭᠰᠢᠯᠡᠬᠦᠯᠬᠦ ᠪᠤᠢ︖
ᠨᠡᠶᠢᠲᠡᠯᠡᠭᠰᠡᠨ ᠴᠠᠭ᠄
2018-07-30
    ᠬᠦᠳᠦᠯᠦᠭᠴᠢ᠄ ᠰᠤᠷᠪᠤᠯᠵᠢᠯᠠᠬᠴᠢ ᠭᠤᠶᠤᠬᠠᠨ      ᠶᠠᠷᠢᠯᠴᠠᠭ᠎ᠠ ᠳᠤ ᠤᠷᠤᠯᠴᠠᠬᠰᠠᠠ ᠵᠤᠴᠢᠳ᠄      ᠪᠦᠷᠢᠨ᠄ ᠠᠷᠠᠳ ᠤᠨ ᠲᠦᠯᠦᠭᠡᠯᠡᠭᠴᠢ᠂ ᠲᠦᠡᠭᠯᠢᠶᠤᠤ ᠬᠤᠳᠠ ᠶᠢᠨ ᠨᠠᠢᠮᠠᠨ ᠬᠤᠰᠢᠭᠤᠨ ᠤ ᠲᠠᠷᠤᠭ᠎ᠠ      ᠨᠠᠷᠠᠨᠮᠠᠨᠳᠠᠯ᠎ᠠ᠄ ᠤᠯᠤᠰ ᠲᠦᠷᠦ ᠶᠢᠨ ᠵᠦᠪᠯᠡᠯᠭᠡᠨ ᠤ ᠬᠡᠰᠢᠬᠦᠨ᠂ ᠰᠢᠯᠢ ᠶᠢᠨ ᠭᠤᠤᠯ ᠠᠶᠢᠮᠠᠭ ᠤᠨ ᠮᠤᠩᠭᠤᠯ ᠡᠮᠨᠡᠯᠭᠡ ᠶᠢᠨ ᠬᠤᠷᠢᠶ᠎ᠠ ᠶᠢᠨ ᠡᠬᠦᠳᠡᠨ ᠡᠮᠨᠡᠯᠭᠡ ᠶᠢᠨ ᠡᠷᠬᠢᠯᠡᠭᠴᠢ      ᠶᠤᠤ ᠬᠠᠰ᠄ ᠦᠪᠦᠷ ᠮᠤᠩᠭᠤᠯ ᠤᠨ ᠤᠯᠠᠨ ᠤᠯᠤᠰ ᠤᠨ ᠮᠤᠩᠭᠤᠯ ᠡᠮᠨᠡᠯᠭᠡ ᠶᠢᠨ ᠬᠤᠷᠢᠶ᠎ᠠ ᠶᠢᠨ ᠤᠯᠠᠮᠵᠢᠯᠠᠯᠳᠦ ᠲᠠᠪᠤᠨ ᠵᠠᠰᠠᠯ ᠤᠨ ᠡᠷᠡᠬᠦᠯᠵᠢᠯ ᠤᠨ ᠰᠠᠯᠠᠭ᠎ᠠ ᠶᠢᠨ ᠡᠷᠬᠢᠯᠡᠭᠴᠢ ᠡᠮᠴᠢ      ᠴᠠᠭ᠄ 1 ᠰᠠᠷ᠎ᠠ ᠶᠢᠨ 27᠎ ᠤ ᠡᠳᠦᠷ      ᠪᠦᠬᠦ ᠠᠷᠠᠳ ᠲᠦᠮᠡᠨ ᠡᠷᠡᠬᠦᠯ ᠴᠠᠬᠢᠷᠠᠬ ᠪᠠᠶᠢᠪᠠᠯ ᠰᠠᠶᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠦ ᠴᠢᠳᠠᠨ᠎ᠠ᠃ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠳᠤ᠂ ︽ᠡᠷᠡᠬᠦᠯ ᠡᠩᠬᠡ ᠦᠪᠦᠷ ᠮᠤᠩᠭᠤᠯ ᠤᠨ ᠪᠠᠶᠢᠭᠤᠯᠤᠯᠳᠠ ᠶᠢ ᠲᠦᠷᠭᠡᠳᠭᠡᠨ᠎ᠠ︾ ᠭᠡᠵᠦ ᠳᠣᠷᠠᠳᠴᠠᠢ᠃ ᠲᠡᠭᠡᠪᠡᠯ᠂ ᠬᠤᠪᠢ ᠬᠦᠮᠦᠨ ᠤ ᠡᠷᠡᠬᠦᠯ ᠴᠠᠬᠢᠷᠠᠭ ᠢᠶᠠᠨ ᠤᠯᠠᠮ ᠠᠴᠠ ᠤᠯᠠᠮ ᠬᠦᠨᠳᠦᠳᠭᠡᠬᠦ ᠪᠤᠯᠤᠬᠰᠠᠨ ᠦᠨᠦᠳᠤᠷ᠂ ᠡᠮ ᠡᠮᠨᠡᠯᠭᠡ ᠶᠢᠨ ᠦᠢᠯᠡᠰ ᠤᠨ ᠪᠠᠳᠣᠯᠠᠪᠣᠷᠢ ᠪᠠ ᠦᠢᠯᠡᠴᠢᠯᠡᠭᠡ ᠶᠢᠨ ᠲᠦᠪᠰᠢᠨ ᠢ ᠬᠡᠷᠬᠢᠨ ᠲᠡᠭᠡᠭᠰᠢᠯᠡᠬᠦᠯᠵᠦ᠂ ᠠᠷᠠᠳ ᠲᠦᠮᠡᠨ ᠤ ᠰᠢᠨ᠎ᠠ ᠬᠡᠷᠡᠭᠴᠡᠭᠡ ᠱᠠᠭᠠᠷᠳᠠᠯᠭ᠎ᠠ ᠳᠤ ᠨᠠᠩ ᠰᠠᠶᠢᠳᠤᠷ ᠵᠤᠬᠢᠴᠠᠬᠤ ᠪᠢᠯᠡ︖ ᠳᠣᠣᠷ᠎ᠠ ᠦᠪᠡᠷᠳᠡᠭᠡᠨ ᠵᠠᠰᠠᠬᠤ ᠣᠷᠣᠨ ᠤ ︽ᠬᠤᠶᠠᠷ ᠬᠤᠷᠠᠯ︾᠎ ᠳᠤ ᠣᠷᠣᠯᠴᠠᠵᠣ ᠪᠠᠶᠢᠭ᠎ᠠ ᠲᠦᠯᠦᠭᠡᠯᠡᠭᠴᠢᠳ ᠭᠡᠰᠢᠭᠦᠳ ᠪᠣᠯᠣᠨ ᠳᠣᠰᠬᠠᠢ ᠮᠡᠷᠭᠡᠵᠢᠯᠳᠡᠨ ᠤ ᠦᠵᠡᠯᠳᠡ ᠪᠣᠯᠣᠨ ᠰᠠᠨᠠᠯ ᠰᠠᠨᠠᠭᠤᠯᠭ᠎ᠠ ᠶᠢ ᠦᠵᠡᠰᠦᠭᠡᠢ᠃     ᠬᠦᠳᠦᠯᠦᠭᠴᠢ᠄      ᠲᠠᠨ ᠤ ᠦᠵᠡᠬᠦ ᠪᠠᠷ᠂ ᠮᠠᠨ ᠤ ᠤᠷᠤᠨ ᠤ ᠡᠮ ᠡᠮᠨᠡᠯᠭᠡ ᠶᠢᠨ ᠪᠠᠳᠤᠯᠠᠪᠤᠷᠢ ᠪᠠ ᠦᠢᠯᠡᠴᠢᠯᠡᠭᠡᠨ ᠤ ᠲᠦᠪᠰᠢᠨ ᠢ ᠬᠡᠷᠬᠢᠨ ᠲᠡᠭᠡᠭᠰᠢᠯᠡᠬᠦᠯᠬᠦ ᠪᠤᠢ︖     ᠪᠦᠷᠢᠨ᠄ ︽ᠡᠷᠡᠬᠦᠯ ᠡᠩᠬᠡ ᠲᠤᠮᠳᠠᠳᠤ ᠤᠯᠤᠰ︾᠂ ︽ᠡᠷᠡᠬᠦᠯ ᠡᠩᠬᠡ ᠦᠪᠦᠷ ᠮᠤᠩᠭᠤᠯ︾᠎ ᠤᠨ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ ᠪᠠᠶᠢᠭ᠎ᠠ ᠪᠠᠶᠢᠳᠠᠯ ᠲᠤᠤᠷ᠎ᠠ᠂ ᠡᠩ ᠲᠡᠷᠢᠬᠦᠨ ᠳᠤ ᠡᠮ ᠡᠮᠨᠡᠯᠭᠡ ᠶᠢᠨ ᠦᠢᠯᠡᠴᠢᠯᠡᠭᠡᠨ ᠤ ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠬᠦᠯᠬᠦ ᠬᠡᠷᠡᠭᠳᠡᠢ᠃ ᠲᠠᠬᠢᠪᠠᠯ᠂ ᠤᠳᠤ ᠦᠶ᠎ᠡ ᠶᠢᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠳᠠ ᠶᠢᠨ ᠲᠦᠷᠢᠮ ᠢ ᠲᠤᠬᠳᠠᠭᠠᠨ ᠬᠡᠷᠡᠭᠵᠢᠬᠦᠯᠵᠦ᠂ ᠨᠠᠩ ᠲᠦᠷᠢᠮᠵᠢᠭᠰᠡᠨ᠂ ᠪᠠᠷᠢᠮᠵᠢᠶᠠᠵᠢᠭᠰᠠᠨ ᠦᠢᠯᠡᠴᠢᠯᠡᠭᠡ ᠬᠠᠨᠭ᠍ᠭᠠᠵᠤ᠂ ᠡᠪᠡᠳᠴᠢᠳᠡᠨ ᠰᠡᠳᠬᠢᠯ ᠬᠠᠨᠤᠮᠵᠢᠳᠡᠢ ᠪᠤᠯᠬᠤ ᠶᠢ ᠪᠠᠳᠤᠯᠠᠬᠤ ᠪᠠᠷ ᠦᠯᠦ ᠪᠠᠷᠠᠨ ᠡᠮᠴᠢ ᠰᠣᠪᠢᠯᠠᠭᠴᠢᠳ ᠢ ᠪᠠᠶᠠᠷᠳᠠᠢ ᠠᠵᠢᠯᠯᠠᠭᠤᠯᠬᠤ ᠬᠡᠷᠡᠭᠳᠡᠢ᠂ ᠨᠠᠩ ᠴᠢᠬᠤᠯᠠ ᠨᠢ ᠠᠯᠢᠪᠠ ᠪᠦᠬᠦᠨ ᠤ ᠰᠠᠭᠤᠷᠢ ᠪᠤᠯᠬᠤ ᠡᠮ ᠡᠮᠨᠡᠯᠭᠡ ᠶᠢᠨ ᠮᠡᠷᠭᠡᠵᠢᠯ ᠤᠨ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠬᠦᠯᠬᠦ ᠬᠡᠷᠡᠭᠳᠡᠢ᠃     ᠨᠠᠷᠠᠨᠮᠠᠨᠳᠠᠯ᠎ᠠ᠄ ᠤᠳᠤ ᠮᠠᠨ ᠤ ᠬᠦᠳᠡᠭᠡ ᠳᠤ 90%᠎ ᠤᠨ ᠮᠠᠯᠴᠢᠨ ᠲᠠᠷᠢᠶᠠᠴᠢᠨ ᠪᠦᠷ ᠡᠮ ᠡᠮᠨᠡᠯᠭᠡ ᠶᠢᠨ ᠲᠠᠭᠠᠳᠬᠠᠯ ᠳᠤ ᠤᠷᠤᠵᠠᠢ᠃ ᠬᠡᠳᠡᠯ᠎ᠠ ᠪᠠᠰᠠ ᠴᠦᠭᠡᠨ ᠲᠤᠭᠠᠨ ᠤ ᠮᠠᠯᠴᠢᠨ ᠲᠠᠷᠢᠶᠠᠴᠢᠨ ᠳᠠᠭᠠᠳᠬᠠᠯ ᠳᠤ ᠤᠷᠤᠭᠠᠳᠣᠢ᠂ ᠡᠶᠢᠮᠦ ᠪᠤᠯᠬᠤᠷ ᠡᠮ ᠡᠮᠨᠡᠯᠭᠡ ᠶᠢᠨ ᠲᠠᠭᠠᠳᠬᠠᠯ ᠤᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ ᠰᠠᠶᠢᠨᠳᠠᠢ ᠲᠠᠯ᠎ᠠ ᠶᠢ ᠮᠠᠯᠴᠢᠨ ᠲᠦᠮᠡᠨ ᠤ ᠲᠤᠮᠳᠠ ᠦᠷᠭᠡᠨ ᠢᠶᠠᠷ ᠤᠬᠠᠭᠤᠯᠬᠤ ᠶᠢᠨ ᠬᠠᠮᠳᠤ ᠲᠠᠭᠠᠳᠬᠠᠯ ᠤᠨ ᠪᠦᠷᠬᠦᠴᠡ ᠶᠢ ᠦᠷᠭᠡᠳᠭᠡᠵᠦ᠂ ᠲᠠᠭᠠᠳᠬᠠᠯ ᠤᠨ ᠲᠠᠩᠰᠠᠨ ᠠᠴᠠ ᠲᠠᠶᠢᠯᠬᠤ ᠬᠠᠷᠢᠴᠠᠯ ᠢ ᠲᠡᠭᠡᠭᠰᠢᠯᠡᠬᠦᠯᠵᠦ᠂ ᠠᠷᠠᠳ ᠲᠦᠮᠡᠨ ᠳᠤ ᠦᠨᠡᠨᠬᠦ ᠠᠰᠢᠭ ᠲᠤᠰᠠ ᠬᠦᠷᠳᠡᠭᠡᠪᠠᠯ ᠵᠤᠬᠢᠨ᠎ᠠ᠃ ᠮᠤᠩᠭᠤᠯ ᠡᠮᠨᠡᠯᠭᠡ ᠪᠠᠷ ᠡᠮᠨᠡᠭᠦᠯᠪᠠᠯ ᠡᠮᠨᠡᠯᠭᠡ ᠶᠢᠨ ᠵᠠᠷᠣᠳᠠᠯ ᠢᠶᠠᠨ ᠲᠠᠭᠠᠳᠬᠠᠯ ᠤᠨ ᠲᠠᠩᠰᠠᠨ ᠠᠴᠠ ᠲᠠᠶᠢᠯᠬᠤ ᠬᠠᠷᠢᠴᠠᠯ ᠨᠢ ᠬᠢᠳᠡᠳ ᠡᠮᠨᠡᠯᠭᠡ᠂ ᠡᠸᠦ᠋ᠷᠦᠫᠡ ᠡᠮᠨᠡᠯᠭᠡ ᠪᠠᠷ ᠡᠮᠨᠡᠬᠦᠯᠦᠭᠰᠡᠨ ᠵᠠᠷᠣᠳᠠᠯ ᠢᠶᠠᠨ ᠲᠠᠩᠰᠠᠨ ᠠᠴᠠ ᠲᠠᠶᠢᠯᠬᠤ ᠬᠠᠷᠢᠴᠠᠯ ᠠᠴᠠ ᠵᠢᠭᠠᠬᠠᠨ ᠦᠨᠳᠦᠷ ᠪᠠᠶᠢᠬᠤ ᠲᠠᠪᠠᠭᠤᠯᠢᠭ ᠲᠠᠯ᠎ᠠ ᠶᠢ ᠴᠦ ᠮᠠᠯᠴᠢᠨ ᠲᠠᠷᠢᠶᠠᠴᠢᠨ ᠳᠤ ᠪᠠᠶᠢᠩᠭᠤ ᠤᠬᠠᠭᠤᠯᠬᠤ ᠴᠢᠬᠤᠯᠠᠳᠠᠢ᠃      ᠬᠦᠳᠦᠯᠦᠭᠴᠢ᠄ ︽ᠡᠷᠡᠬᠦᠯ ᠮᠡᠨᠳᠦ ᠪᠠᠷ ᠶᠠᠳᠠᠭᠤ ᠶᠢ ᠲᠡᠳᠭᠦᠭᠦ︾ ᠪᠤᠯ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠴᠢᠬᠤᠯᠠ ᠨᠢᠭᠡ ᠠᠭᠤᠯᠭ᠎ᠠ ᠪᠣᠯᠣᠨ᠎ᠠ᠃ ᠲᠠᠭᠡᠪᠡᠯ᠂ ᠬᠡᠷᠬᠢᠨ ᠶᠠᠳᠠᠭᠤ ᠬᠦᠴᠢᠷᠳᠡᠯᠳᠡᠢ ᠬᠦᠮᠦᠰ ᠲᠤ ᠡᠮ ᠡᠮᠨᠡᠯᠭᠡ ᠶᠢᠨ ᠪᠠᠳᠤᠯᠠᠪᠤᠷᠢ ᠪᠠ ᠦᠢᠯᠡᠴᠢᠯᠡᠭᠡᠨ ᠤ ᠲᠠᠯ᠎ᠠ ᠪᠠᠷ ᠨᠠᠩ ᠤᠯᠠᠨ ᠬᠠᠷᠠᠭᠠᠯᠵᠠᠯ ᠦᠵᠡᠭᠦᠯᠬᠦ ᠪᠤᠢ︖     ᠪᠦᠷᠢᠨ᠄ ᠮᠠᠨ ᠤ ᠬᠤᠰᠢᠭᠤᠨ ᠤ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠲᠤᠳᠤᠷ᠎ᠠ ᠡᠪᠡᠳᠴᠢᠨ ᠠᠴᠠ ᠪᠣᠯᠵᠣ ᠶᠠᠳᠠᠭᠤᠷᠠᠬᠰᠠᠨ ᠬᠦᠮᠦᠨ ᠠᠮᠠ ᠤᠯᠠᠩᠬᠢ ᠶᠢ ᠡᠵᠡᠯᠡᠵᠦ ᠪᠠᠶᠢᠨ᠎ᠠ᠃ ᠮᠢᠨᠤ ᠦᠵᠡᠬᠦ ᠪᠠᠷ᠂ ︽ᠡᠷᠡᠬᠦᠯ ᠮᠡᠨᠳᠦ ᠪᠠᠷ ᠶᠠᠳᠠᠭᠤ ᠶᠢ ᠲᠡᠳᠭᠦᠭᠦ︾ ᠲᠦᠷᠦ ᠶᠢᠨ ᠪᠤᠳᠤᠯᠭ᠎ᠠ ᠶᠢ ᠨᠠᠩ ᠨᠠᠷᠢᠯᠢᠭᠵᠢᠭᠤᠯᠵᠤ᠂ ᠨᠠᠩ ᠤᠨᠤᠪᠴᠢᠳᠠᠢ ᠪᠤᠯᠭᠠᠪᠠᠯ ᠶᠠᠳᠠᠭᠤ ᠬᠦᠴᠢᠷᠳᠡᠯᠳᠡᠢ ᠠᠷᠠᠳ ᠲᠦᠮᠡᠨ ᠳᠤ ᠨᠠᠩ ᠶᠡᠭᠡ ᠠᠰᠢᠭ ᠬᠦᠷᠳᠡᠭᠡᠵᠦ ᠴᠢᠳᠠᠨ᠎ᠠ᠃ ᠪᠢᠳᠠ ᠬᠤᠰᠢᠭᠤᠨ ᠤ ᠪᠠᠨ ᠪᠣᠳᠠᠳᠣ ᠪᠠᠶᠢᠳᠠᠯ ᠢᠶᠠᠨ ᠦᠨᠳᠦᠰᠦᠯᠡᠵᠦ᠂ ᠬᠦᠨᠳᠦ ᠡᠪᠡᠳᠴᠢᠳᠡᠨ ᠤ ᠡᠮᠨᠡᠯᠭᠡ ᠶᠢᠨ ᠵᠠᠷᠣᠳᠠᠯ ᠤᠨ 3000 ᠲᠦᠭᠦᠷᠢᠭ ᠠᠴᠠ ᠳᠠᠪᠠᠭᠰᠠᠨ ᠬᠡᠰᠡᠭ ᠢ ᠨᠢ ᠵᠠᠰᠠᠭ ᠤᠨ ᠤᠷᠳᠤᠨ ᠲᠠᠩᠰᠠᠨ ᠠᠴᠠ ᠲᠠᠶᠢᠯᠵᠣ ᠦᠭᠬᠦ᠂ ᠤᠵᠢᠭ ᠴᠢᠨᠠᠷᠳᠠᠢ ᠡᠪᠡᠳᠴᠢᠨ ᠳᠤ ᠨᠡᠷᠪᠡᠭᠳᠡᠭᠰᠡᠨ ᠡᠪᠡᠳᠴᠢᠳᠡᠨ ᠵᠢᠯ ᠳᠤ 100 ᠲᠦᠭᠦᠷᠢᠭ ᠤᠨ ᠲᠠᠭᠠᠳᠬᠠᠯ ᠲᠤᠰᠢᠶᠠᠪᠠᠯ ᠪᠤᠰᠤᠳ ᠡᠮᠨᠡᠯᠭᠡ ᠶᠢᠨ ᠵᠠᠷᠣᠳᠠᠯ ᠢ ᠨᠢ ᠪᠦᠷ ᠵᠠᠰᠠᠭ ᠤᠨ ᠤᠷᠳᠤᠨ ᠬᠠᠷᠢᠭᠤᠴᠠᠬᠤ ᠮᠡᠳᠦ ᠶᠢᠨ ᠠᠷᠭ᠎ᠠ ᠬᠡᠮᠵᠢᠶ᠎ᠠ ᠠᠪᠴᠣ ᠪᠠᠶᠢᠨ᠎ᠠ᠃      ᠶᠤᠤ ᠬᠠᠰ᠄ ᠡᠮ ᠡᠮᠨᠡᠯᠭᠡ ᠶᠢᠨ ᠲᠠᠭᠠᠳᠬᠠᠯ ᠳᠤ ᠪᠦᠬᠦ ᠮᠠᠯᠴᠢᠨ ᠲᠦᠮᠡᠨ ᠢ ᠤᠷᠤᠭᠤᠯᠬᠤ ᠬᠡᠷᠡᠭᠳᠡᠢ᠂ ᠡᠨᠡ ᠨᠢ ᠨᠠᠭᠠᠳᠤ ᠵᠠᠬ᠎ᠠ ᠶᠢᠨ ᠡᠮ ᠡᠮᠨᠡᠯᠭᠡ ᠶᠢᠨ ᠪᠠᠳᠤᠯᠠᠭ᠎ᠠ ᠬᠠᠨᠭ᠍ᠭᠠᠵᠤ ᠪᠠᠶᠢᠭ᠎ᠠ ᠶᠠᠪᠣᠳᠠᠯ ᠪᠣᠯᠣᠨ᠎ᠠ᠃ ᠮᠢᠨᠤ ᠠᠵᠢᠯ ᠤᠨ ᠪᠠᠶᠢᠳᠠᠯ ᠲᠠᠢ ᠪᠠᠨ ᠤᠶᠠᠯᠳᠤᠭᠤᠯᠤᠨ ᠬᠡᠯᠡᠪᠡᠯ᠂ ᠮᠠᠨ ᠤ ᠰᠠᠯᠠᠭ᠎ᠠ ᠳᠤ ᠰᠠ ᠡᠪᠡᠳᠴᠢᠳᠡᠨ ᠵᠢᠯ ᠠᠴᠠ ᠵᠢᠯ ᠤᠯᠠᠰᠢᠷᠠᠵᠦ ᠪᠠᠶᠢᠬᠤ ᠮᠦᠷᠳᠡᠭᠡᠨ ᠡᠪᠡᠳᠴᠢᠳᠡᠨ ᠤ ᠨᠠᠰᠤ ᠤᠯᠠᠮ ᠵᠠᠯᠠᠭᠤᠵᠢᠬᠤ ᠬᠠᠨᠳᠤᠰᠢ ᠲᠠᠢ ᠪᠣᠯᠵᠣ ᠪᠠᠶᠢᠨ᠎ᠠ᠃ ᠡᠳᠡᠭᠡᠷ ᠵᠠᠯᠠᠭᠤᠴᠤᠳ ᠪᠤᠯ ᠪᠦᠷ ᠭᠡᠷ ᠪᠦᠯᠢ ᠶᠢᠨ ᠢᠶᠠᠨ ᠭᠤᠤᠯ ᠬᠦᠳᠡᠯᠮᠦᠷᠢ ᠬᠦᠴᠦᠨ ᠪᠠᠶᠢᠵᠤ᠂ ᠡᠪᠡᠳᠴᠢᠨ ᠠᠴᠠ ᠪᠤᠯᠵᠤ ᠶᠠᠳᠠᠭᠤᠷᠬᠠᠤ ᠪᠤᠶᠤ ᠲᠠᠬᠢᠨ ᠶᠠᠳᠠᠭᠤᠷᠠᠬᠤ ᠪᠠᠶᠢᠳᠠᠯ ᠢ ᠡᠭᠦᠰᠭᠡᠵᠦ ᠪᠠᠶᠢᠨ᠎ᠠ᠂ ᠡᠶᠢᠮᠦ ᠠᠴᠠ ᠡᠯ᠎ᠠ ᠭᠠᠵᠠᠷ ᠤᠨ ᠬᠢᠨ ᠤᠷᠤᠨ ᠨᠤᠳᠤᠭ ᠤᠨ ᠪᠠᠶᠢᠳᠠᠯ ᠳᠠᠭᠠᠨ ᠵᠤᠬᠢᠴᠠᠭᠤᠯᠤᠨ ᠰᠠ ᠡᠪᠡᠳᠴᠢᠨ ᠤ ᠡᠮ ᠡᠮᠨᠡᠯᠭᠡ ᠶᠢᠨ ᠲᠠᠭᠠᠳᠬᠠᠯ ᠤᠨ ᠲᠠᠩᠰᠠᠨ ᠠᠴᠠ ᠲᠠᠶᠢᠯᠬᠤ ᠬᠠᠷᠢᠴᠠᠯ ᠢ ᠲᠡᠭᠡᠭᠰᠢᠯᠡᠬᠦᠯᠪᠡᠯ ᠵᠤᠬᠢᠨ᠎ᠠ᠃ ᠪᠠᠰᠠ ᠨᠢᠭᠡ ᠨᠢ ᠹᠯᠤᠷ ᠤᠨ ᠶᠠᠰᠤᠨ ᠤ ᠬᠤᠤᠷᠳᠠᠯ ᠠᠴᠠ ᠪᠤᠯᠤᠬᠰᠠᠨ ᠰᠢᠷᠤᠢ ᠰᠠᠭᠠᠬᠤ ᠡᠪᠡᠳᠴᠢᠨ ᠮᠡᠳᠦ ᠶᠢᠨ ᠬᠦᠨᠳᠦ ᠡᠪᠡᠳᠴᠢᠨ ᠳᠤ ᠨᠡᠷᠪᠡᠭᠳᠡᠭᠰᠡᠨ ᠡᠪᠡᠳᠴᠢᠳᠠᠨ ᠪᠠᠰᠠ ᠤᠯᠠᠨ ᠪᠠᠶᠢᠨ᠎ᠠ᠃ ᠡᠳᠡᠭᠡᠷ ᠡᠪᠡᠳᠴᠢᠳᠡᠨ ᠳᠤ ᠵᠠᠰᠠᠭ ᠤᠨ ᠤᠷᠳᠤᠨ᠂ ᠨᠡᠶᠢᠭᠡᠮ ᠠᠴᠠ ᠲᠤᠰᠬᠠᠢ ᠲᠡᠳᠬᠦᠮᠵᠢ ᠶᠢᠨ ᠮᠦᠡᠭᠭᠦ ᠦᠭᠭᠦ ᠵᠡᠷᠭᠡ ᠬᠡᠯᠪᠡᠷᠢ ᠪᠠᠷ ᠤᠨᠴᠠᠭᠠᠢ ᠬᠠᠷᠠᠭᠠᠯᠵᠠᠯ ᠬᠦᠷᠳᠡᠭᠡᠵᠦ᠂ ᠲᠡᠳᠡᠨᠡᠷ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠪᠡᠯ ᠵᠣᠬᠢᠨ᠎ᠠ᠃      ᠨᠠᠷᠠᠨᠮᠠᠨᠳᠠᠯ᠎ᠠ᠄ ᠡᠪᠡᠳᠴᠢᠨ ᠠᠴᠠ ᠪᠣᠯᠵᠣ ᠶᠠᠳᠠᠭᠤᠷᠠᠬᠰᠠᠨ ᠬᠦᠮᠦᠰ ᠤᠨ ᠤᠯᠠᠩᠭᠢ ᠨᠢ ᠪᠦᠷ ᠬᠦᠨᠳᠦ ᠡᠪᠡᠳᠴᠢᠨ ᠠᠴᠠ ᠪᠤᠯᠤᠬᠰᠠᠨ᠃ ᠤᠳᠤ ᠬᠦᠨᠳᠦ ᠡᠪᠡᠳᠴᠢᠨ ᠤ ᠡᠮᠨᠡᠯᠭᠡ ᠶᠢᠨ ᠵᠠᠷᠤᠳᠠᠯ ᠨᠢ ᠲᠦᠴᠢ ᠲᠠᠪᠢᠨ ᠲᠦᠮᠡᠨ ᠲᠦᠭᠦᠷᠢᠭ ᠬᠦᠷᠪᠠᠯ ᠰᠠᠶᠢ ᠲᠠᠭᠠᠳᠬᠠᠯ ᠤᠨ ᠲᠠᠩᠰᠨᠨ ᠠᠴᠠ ᠲᠠᠶᠢᠯᠬᠤ ᠪᠠᠷᠢᠮᠵᠢᠶ᠎ᠠ ᠳᠤ ᠬᠦᠷᠳᠡᠭ᠃ ᠬᠡᠳᠡᠯ᠎ᠠ ᠮᠢᠨᠤ ᠡᠳᠦᠷ ᠲᠤᠳᠤᠮ ᠤᠨ ᠬᠦᠯᠢᠶᠠᠨ ᠠᠪᠤᠬᠰᠠᠨ ᠤᠯᠠᠩᠭᠢ ᠬᠦᠨᠳᠦ ᠡᠪᠡᠳᠴᠢᠳᠡᠨ ᠤ ᠵᠠᠷᠤᠳᠠᠯ ᠨᠢ ᠠᠷᠪᠠᠨ ᠲᠦᠮᠡ ᠠᠴᠠ ᠬᠤᠷᠢᠨ ᠲᠦᠮᠡᠨ ᠲᠦᠭᠦᠷᠢᠭ ᠤᠨ ᠤᠷᠴᠢᠮ ᠪᠠᠶᠢᠵᠤ᠂ ᠬᠦᠨᠳᠦ ᠡᠪᠡᠳᠴᠢᠨ ᠤ ᠲᠠᠭᠠᠳᠬᠠᠯ ᠤᠨ ᠲᠠᠩᠰᠠ ᠲᠠᠶᠢᠯᠬᠤ ᠪᠠᠷᠢᠮᠵᠢᠶ᠎ᠠ ᠳᠤ ᠬᠦᠷᠬᠦ ᠦᠭᠡᠢ᠃ ᠡᠶᠢᠮᠤ ᠠᠴᠠ᠂ ᠮᠢᠨᠤ ᠦᠵᠡᠬᠦ ᠪᠠᠷ ᠡᠨᠡᠬᠦ ᠲᠠᠩᠰᠠ ᠲᠠᠶᠢᠯᠬᠤ ᠪᠠᠷᠢᠮᠵᠢᠶ᠎ᠠ ᠶᠢ ᠲᠤᠤᠷ᠎ᠠ ᠪᠤᠯᠭᠠᠪᠠᠯ᠂ ᠬᠦᠨᠳᠦ ᠡᠪᠡᠳᠴᠢᠳᠡᠠ ᠪᠤᠶᠤ ᠡᠪᠡᠳᠴᠢᠳᠠᠡ ᠤ ᠭᠡᠷ ᠪᠦᠯᠢ ᠳᠤ ᠰᠢᠭᠤᠳ ᠠᠰᠢᠭ ᠬᠦᠷᠳᠡᠭᠡᠬᠦ ᠪᠤᠯᠤᠨ᠎ᠠ᠃     ᠬᠦᠳᠦᠯᠦᠭᠴᠢ᠄ ᠮᠤᠩᠭᠤᠯ ᠡᠮ ᠡᠮᠨᠡᠯᠭᠡ ᠶᠢᠨ ᠦᠢᠯᠡᠰ ᠤᠨ ᠭᠦᠭᠵᠢᠯᠳᠠ ᠶᠢᠨ ᠢᠷᠡᠭᠡᠳᠦᠢ ᠶᠢ ᠬᠡᠷᠬᠢᠨ ᠤᠢᠢᠯᠠᠭᠠᠬᠤ ᠪᠤᠢ︖ ᠰᠢᠨ᠎ᠠ ᠴᠠᠭ ᠦᠶ᠎ᠠ ᠶᠢᠨ ᠰᠢᠨ᠎ᠠ ᠱᠠᠭᠠᠷᠳᠠᠯᠭ᠎ᠠ ᠳᠤ ᠶᠠᠭᠠᠬᠢᠵᠤ ᠵᠤᠬᠢᠴᠠᠬᠤ ᠪᠤᠢ︖      ᠪᠦᠷᠢᠨ᠄ ᠮᠤᠩᠭᠤᠯ ᠡᠮ ᠡᠮᠨᠡᠯᠭᠡ ᠶᠢ ᠦᠷᠭᠡᠨ ᠢᠶᠠᠷ ᠤᠬᠠᠭᠤᠯᠵᠤ᠂ ᠬᠦᠮᠦᠨ ᠲᠦᠷᠦᠯᠬᠢᠳᠡᠨ ᠤ ᠡᠷᠡᠬᠦᠯ ᠴᠠᠬᠢᠷᠠᠭ ᠲᠤ ᠦᠢᠯᠡᠳᠦᠯ ᠢ ᠨᠢ ᠨᠡᠩ ᠢᠯᠡᠭᠦᠦ ᠪᠠᠳᠠᠷᠠᠭᠤᠯᠬᠤ ᠶᠢᠨ ᠬᠠᠮᠳᠤ ᠮᠤᠩᠭᠤᠯ ᠡᠮ ᠡᠮᠨᠡᠯᠭᠡ ᠳᠤ ᠨᠢᠭᠤᠭᠳᠠᠵᠤ ᠪᠠᠶᠢᠭ᠎ᠠ ᠰᠤᠶᠤᠯ ᠢ ᠠᠭᠤᠳᠠᠯᠣᠠ ᠰᠢᠨᠵᠢᠯᠡᠬᠦ ᠨᠢ ᠳᠣᠩ ᠴᠢᠬᠤᠯᠠ ᠠᠴᠢ ᠬᠤᠯᠪᠣᠭᠳᠠᠯ ᠲᠠᠢ᠃     ᠶᠤᠤ ᠬᠠᠰ᠄ ᠮᠠᠨ ᠤ ᠤᠷᠤᠨ ᠮᠤᠩᠭᠤᠯ ᠡᠮ ᠡᠮᠨᠡᠯᠭᠡ ᠶᠢᠨ ᠦᠢᠯᠡᠰ ᠢ ᠭᠦᠭᠵᠢᠬᠦᠯᠬᠦ ᠲᠤᠬᠠᠢ ᠲᠤᠰᠬᠠᠢ ᠲᠦᠯᠦᠪᠯᠡᠭᠡ ᠲᠤᠬᠳᠠᠭᠠᠵᠤ᠂ 30 ᠭᠠᠷᠤᠢ ᠵᠤᠷᠪᠤᠰ ᠤᠨ ᠮᠤᠩᠭᠤᠯ ᠡᠮ ᠡᠮᠨᠡᠯᠭᠡ ᠶᠢ ᠬᠦᠭᠵᠢᠬᠦᠯᠬᠦ ᠨᠠᠷᠢᠯᠢᠭ ᠪᠤᠳᠠᠳᠠᠢ ᠳᠣᠭᠳᠠᠭᠠᠯ ᠭᠠᠷᠭᠠᠵᠠᠢ᠃ ᠮᠢᠨᠤ ᠦᠵᠡᠬᠦ ᠪᠠᠷ ᠴᠢᠳᠠᠪᠤᠷᠢᠳᠡᠨ ᠬᠦᠮᠦᠵᠢᠬᠦᠯᠬᠦ ᠨᠢ ᠬᠠᠮᠤᠭ ᠤᠨ ᠴᠢᠬᠤᠯᠠ᠃ ᠤᠳᠤ ᠮᠤᠩᠭᠤᠯ ᠡᠮ ᠡᠮᠨᠡᠯᠭᠡ ᠶᠢᠨ ᠰᠤᠷᠭᠠᠨ ᠬᠦᠮᠦᠵᠢᠯ ᠤᠨ ᠲᠦᠪᠰᠢᠨ ᠲᠠᠰᠤᠷᠠᠯᠳᠠ ᠦᠭᠡᠢ ᠲᠡᠭᠡᠭᠰᠢᠯᠡᠵᠦ ᠪᠣᠢ᠂ ᠢᠯᠠᠩᠭᠤᠶ᠎ᠠ 2017 ᠤᠨ ᠳᠤ᠂ ᠦᠪᠦᠷ ᠮᠤᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ᠂ ᠦᠨᠳᠦᠰᠦᠳᠡᠨ ᠤ ᠶᠡᠭᠡ ᠰᠤᠷᠭᠠᠭᠤᠯᠢ ᠶᠢ ᠮᠤᠩᠭᠤᠯ ᠠᠨᠠᠭᠠᠬᠤ ᠤᠬᠠᠭᠠᠨ ᠤ ᠳ᠋ᠤᠺᠲ᠋ᠤᠷ ᠬᠦ᠋ᠮᠦᠵᠢᠬᠦᠯᠬᠦ ᠴᠢᠬ ᠪᠤᠯᠭᠠᠬᠤ ᠶᠢ ᠤᠯᠤᠰ ᠠᠴᠠ ᠵᠦᠪᠰᠢᠶᠡᠷᠡᠪᠠ᠃ ᠡᠨᠡ ᠨᠢ ᠮᠤᠩᠭᠤᠯ ᠡᠮ ᠡᠮᠨᠡᠯᠭᠡ ᠳᠤ ᠬᠠᠮᠤᠭ ᠤᠨ ᠶᠡᠭᠡ ᠵᠤᠷᠢᠬᠵᠢᠭᠤᠯᠤᠯ ᠪᠤᠯᠤᠬᠰᠠᠠ ᠪᠠᠶᠢᠨ᠎ᠠ᠃ ᠮᠤᠩᠭᠤᠯ ᠡᠮ ᠡᠮᠨᠡᠯᠭᠡ ᠶᠢᠨ ᠴᠢᠳᠠᠪᠤᠷᠢᠳᠠᠨ ᠤᠯᠠᠨ ᠪᠣᠯᠪᠠᠯ ᠡᠪᠡᠳᠴᠢᠳᠠᠡ ᠳᠤ ᠨᠠᠩ ᠰᠠᠶᠢᠨ ᠦᠢᠯᠡᠴᠢᠯᠡᠭᠡ ᠬᠠᠨᠭ᠍ᠭᠠᠬᠤ᠂ ᠮᠤᠩᠭᠤᠯ ᠡᠮ ᠡᠮᠨᠡᠯᠭᠡ ᠶᠢᠨ ᠦᠢᠯᠡᠰ ᠢ ᠦᠷᠬᠦᠯᠵᠢᠯᠠᠨ ᠭᠦᠭᠵᠢᠬᠦᠯᠬᠦ᠂ ᠮᠤᠩᠭᠤᠯ ᠡᠮ ᠡᠮᠨᠡᠯᠭᠡ ᠶᠢᠨ ᠤᠬᠢ ᠰᠤᠳᠤ ᠶᠢ ᠠᠭᠤᠳᠠᠯᠬᠤ ᠳᠤ ᠢᠳᠡᠪᠬᠢᠳᠡᠢ ᠦᠢᠯᠡᠳᠦᠯ ᠦᠵᠡᠭᠦᠯᠵᠦ᠂ ᠮᠤᠩᠭᠤᠯ ᠡᠮ ᠡᠮᠨᠡᠯᠭᠡ ᠶᠢᠨ ᠷᠢᠳᠢ ᠰᠢᠳᠢ ᠶᠢ ᠤᠯᠠᠮᠵᠢᠯᠠᠨ ᠪᠠᠳᠠᠷᠠᠭᠤᠯᠵᠤ ᠴᠢᠳᠠᠨ᠎ᠠ᠃     ᠨᠠᠷᠠᠨᠮᠠᠨᠳᠠᠯ᠎ᠠ᠄ ᠡᠮ ᠪᠠᠶᠢᠬᠤ ᠦᠭᠡᠢ ᠪᠤᠯ ᠡᠪᠡᠳᠴᠢᠨ ᠢ ᠵᠠᠰᠠᠵᠤ ᠲᠠᠶᠢᠯᠬᠦ ᠦᠭᠡᠢ᠂ ᠬᠡᠬᠦ ᠮᠦᠷᠳᠡᠭᠡᠨ ᠨᠠᠩ ᠴᠢᠬᠤᠯᠠ ᠨᠢ ᠡᠮ ᠤᠨ ᠴᠢᠨᠠᠷ ᠢ ᠪᠠᠳᠤᠯᠠᠬᠤ ᠬᠡᠷᠡᠭᠳᠡᠢ᠃ ᠮᠤᠩᠭᠤᠯ ᠡᠮ ᠭᠤᠤᠯᠳᠠᠭᠤ ᠡᠮᠳᠦ ᠤᠷᠭᠤᠮᠠᠯ ᠠᠴᠠ ᠢᠷᠡᠯᠳᠡᠢ᠂ ᠤᠢᠢᠷ ᠎ᠠ ᠶᠢᠨ ᠵᠢᠯ ᠳᠤ᠂ ᠲᠠᠯ᠎ᠠ ᠨᠤᠳᠤᠭ ᠤᠨ ᠡᠮᠳᠦ ᠤᠷᠭᠤᠮᠠᠯ ᠤᠨ ᠭᠠᠷᠤᠯᠳᠠ ᠮᠠᠰᠢ ᠪᠠᠭ᠎ᠠ ᠪᠤᠯᠤᠬᠰᠠᠨ ᠪᠦᠭᠡᠳ ᠬᠡᠰᠡᠭ ᠡᠮᠳᠦ ᠤᠷᠭᠤᠮᠠᠯ ᠨᠢᠭᠡᠨᠳᠡ ᠦᠨᠳᠦᠰᠦ ᠲᠠᠰᠤᠷᠠᠵᠠᠢ᠃ ᠪᠦᠷᠢᠳᠭᠡᠯ ᠢ ᠦᠨᠳᠦᠰᠦᠯᠡᠪᠡᠯ᠂ 1984 ᠤᠨ ᠤ ᠦᠶ᠎ᠠ ᠳᠤ ᠮᠠᠨ ᠤ ᠤᠷᠤᠨ ᠳᠤ 532 ᠲᠦᠷᠦᠯ ᠤᠨ ᠡᠮᠳᠦ ᠤᠷᠭᠤᠮᠠᠯ ᠪᠠᠶᠢᠵᠠᠢ᠂ 2011 ᠤᠨ ᠪᠣᠯᠬᠤ ᠳᠤ 315 ᠲᠦᠷᠦᠯ ᠪᠤᠯᠵᠣ ᠴᠦᠭᠡᠷᠡᠵᠡᠢ᠃ ᠡᠶᠢᠮᠦ ᠪᠠᠶᠢᠳᠠᠯ ᠳᠤ ᠴᠢᠭᠯᠡᠬᠦᠯᠦᠨ ᠡᠮᠳᠦ ᠤᠷᠭᠤᠮᠠᠯ ᠢ ᠲᠠᠷᠢᠵᠤ ᠤᠷᠭᠤᠭᠤᠯᠬᠤ ᠳᠠᠯᠠᠪᠠᠢ ᠶᠢ ᠦᠷᠭᠡᠳᠭᠡᠵᠦ᠂ ᠲᠠᠷᠢᠬᠤ ᠮᠡᠷᠭᠡᠵᠢᠯ ᠢ ᠰᠠᠶᠢᠵᠢᠷᠠᠭᠤᠯᠵᠤ᠂ ᠡᠮᠳᠦ ᠤᠷᠭᠤᠮᠠᠯ ᠬᠦᠷᠦᠯᠴᠡᠬᠦ ᠦᠭᠡᠢ᠂ ᠡᠮᠳᠦ ᠤᠷᠭᠤᠮᠠᠯ ᠢ ᠣᠷᠣᠯᠠᠭᠤᠯᠣᠨ ᠬᠡᠷᠡᠭᠯᠡᠬᠦ ᠪᠠᠶᠢᠳᠠᠯ ᠢ ᠪᠦᠳᠦᠮᠵᠢᠳᠡᠢ ᠰᠢᠢᠳᠪᠦᠷᠢᠯᠡᠵᠦ᠂ ᠮᠤᠩᠭᠤᠯ ᠡᠮ ᠤᠨ ᠦᠢᠯᠡᠰ ᠤᠨ ᠭᠦᠭᠵᠢᠯᠳᠠ ᠶᠢ ᠠᠬᠢᠭᠤᠯᠪᠠᠯ ᠵᠤᠬᠢᠨ᠎ᠠ᠃
 
ᠢᠷᠡᠯᠲᠡ᠄ ᠲᠤᠮᠳᠠᠳᠣ ᠣᠯᠣᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号