ᠤᠷᠤᠨ ᠤ ᠬᠤᠶᠠᠷ ᠬᠤᠷᠠᠯ ᠤᠨ ᠰᠡᠳᠬᠢᠯ ᠤᠨ ᠳᠠᠭᠤᠨ — ᠤᠯᠠᠭᠠᠠᠪᠠᠭᠠᠳᠤᠷ ᠬᠡᠰᠢᠬᠦᠨ᠄ ︽ᠦᠪᠦᠷ ᠮᠤᠩᠭᠤᠯ ᠤᠨ ᠦᠪᠡᠷᠳᠡᠬᠡᠨ ᠵᠠᠰᠬᠠᠤ ᠤᠷᠤᠨ ᠤ ᠦᠨᠳᠦᠰᠦᠳᠡᠨ ᠤ ᠰᠤᠷᠭᠠᠨ ᠬᠦᠮᠦᠵᠢᠯ ᠤᠨ ᠳᠦᠷᠢᠮ ︾᠎ ᠢ ᠬᠡᠷᠡᠭᠵᠢᠬᠦᠯᠬᠦ ᠨᠠᠷᠢᠨ ᠲᠦᠷᠢᠮ ᠲᠤᠭᠳᠠᠭᠠᠪᠠᠯ ᠵᠤᠬᠢᠨ᠎ᠠ
ᠨᠡᠶᠢᠲᠡᠯᠡᠭᠰᠡᠨ ᠴᠠᠭ᠄
2018-07-30
     ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠭᠡᠰᠢᠬᠦᠨ᠂ ᠤᠯᠠᠭᠠᠨᠬᠠᠳᠠ ᠳᠠᠬᠢ ᠮᠤᠩᠭᠤᠯ ᠦᠨᠳᠦᠰᠦᠳᠡᠨ ᠤ ᠳᠤᠮᠳᠠᠳᠤ ᠰᠤᠷᠭᠠᠭᠤᠯᠢ ᠶᠢᠨ ᠪᠠᠭᠰᠢ ᠤᠯᠠᠭᠠᠨᠪᠠᠭᠠᠳᠤᠷ ᠰᠤᠷᠭᠠᠨ ᠬᠦᠮᠦᠵᠢᠯ ᠳᠤ ᠬᠤᠯᠪᠤᠭᠳᠠᠭᠰᠠᠨ ᠰᠠᠨᠠᠯ ᠳᠤᠷᠠᠳᠤᠯᠭ᠎ᠠ ᠪᠠᠨ ᠲᠡᠪᠰᠢᠬᠦᠯᠬᠦ ᠪᠠᠷ ᠪᠡᠯᠡᠳᠭᠡᠨ᠎ᠠ᠃ ︽ᠵᠠᠰᠠᠭ ᠤᠨ ᠤᠷᠳᠤᠨ ᠤ ᠠᠵᠢᠯ ᠤᠨ ᠢᠯᠡᠳᠬᠡᠯ ᠳᠤ ︿ᠡᠷᠬᠡ ᠳᠡᠭᠰᠢ ᠴᠢᠨᠠᠷᠯᠢᠭ ᠰᠤᠷᠭᠠᠨ ᠬᠦᠮᠦᠵᠢᠯ ᠢ ᠬᠦᠭᠵᠢᠬᠦᠯᠦᠨ᠎ᠡ᠂ ᠦᠨᠳᠦᠰᠦᠳᠡᠨ ᠤ ᠰᠤᠷᠭᠠᠨ ᠬᠦᠮᠦᠵᠢᠯ ᠢ ᠤᠷᠢᠳᠠᠪᠡᠷ ᠬᠦᠭᠵᠢᠬᠦᠯᠤᠨ᠎ᠠ﹀ ᠭᠡᠵᠡᠢ᠃ ᠡᠨᠡ ᠨᠢ 30 ᠭᠠᠷᠤᠢ ᠵᠢᠯ ᠰᠤᠷᠭᠠᠨ ᠬᠦᠮᠦᠵᠢᠯ ᠤᠨ ᠹᠷᠤᠨᠲ ᠲᠤ ᠠᠵᠢᠯᠯᠠᠭᠰᠠᠨ ᠨᠠᠳᠠᠳᠤ ᠠᠪᠴᠤ ᠭᠡᠯᠡᠪᠠᠯ ᠰᠡᠳᠬᠢᠯ ᠲᠤᠭᠳᠤᠯᠤᠭᠤᠯᠤᠮ᠎ᠠ ᠶᠠᠪᠤᠳᠠᠯ ᠪᠤᠯᠤᠨ᠎ᠠ︾ ᠭᠡᠵᠤ ᠤᠯᠠᠭᠠᠨᠪᠠᠭᠠᠳᠤᠷ ᠭᠡᠰᠢᠬᠦᠨ ᠶᠠᠷᠢᠵᠤ ᠪᠠᠶᠢᠯ᠎ᠠ᠃      ︽ᠤᠢᠢᠷ᠎ᠠ ᠶᠢᠨ ᠵᠢᠯ ᠳᠤ᠂ ᠮᠠᠨ ᠤ ᠤᠷᠤᠨ ᠤ ᠨᠡᠶᠢᠳᠡᠯᠡᠵᠤ ᠬᠡᠷᠡᠭᠵᠢᠬᠦᠯᠦᠭᠰᠡᠨ ︿ᠦᠪᠦᠷ ᠮᠤᠩᠭᠤᠯ ᠤᠨ ᠦᠪᠡᠷᠳᠡᠬᠡᠨ ᠵᠠᠰᠬᠠᠤ ᠤᠷᠤᠨ ᠤ ᠠᠷᠠᠳ ᠤᠨ ᠵᠠᠰᠠᠭ ᠤᠨ ᠤᠷᠳᠤᠨ ᠤ ᠦᠨᠳᠦᠰᠦᠳᠡᠨ ᠤ ᠰᠤᠷᠭᠠᠨ ᠬᠦᠮᠦᠵᠢᠯ ᠢ ᠲᠦᠷᠬᠡᠳᠬᠡᠨ ᠬᠦᠭᠵᠢᠬᠦᠯᠬᠦ ᠳᠤᠬᠠᠢ ᠰᠠᠨᠠᠯ﹀᠂ ︿ᠦᠪᠦᠷ ᠮᠤᠩᠭᠤᠯ ᠤᠨ ᠦᠪᠡᠷᠳᠡᠬᠡᠨ ᠵᠠᠰᠬᠠᠤ ᠤᠷᠤᠨ ᠤ ᠦᠨᠳᠦᠰᠦᠳᠡᠨ ᠤ ᠰᠤᠷᠭᠠᠨ ᠬᠦᠮᠦᠵᠢᠯ ᠤᠨ ᠳᠦᠷᠢᠮ ﹀ ᠵᠡᠷᠬᠡ ᠨᠢ ᠦᠨᠳᠦᠰᠦᠳᠡᠨ ᠤ ᠰᠤᠷᠭᠠᠨ ᠬᠦᠮᠦᠵᠢᠯ ᠤᠨ ᠠᠵᠢᠯ ᠢ ᠬᠦᠨᠳᠦᠳᠬᠡᠨ ᠴᠢᠬᠤᠯᠠᠴᠢᠯᠠᠵᠤ ᠪᠠᠶᠢᠬᠤ ᠶᠢ ᠬᠦᠢᠴᠡᠳ ᠢᠯᠡᠷᠡᠬᠦᠯᠵᠦ᠂ ᠡᠯ᠎ᠡ ᠠᠶᠢᠮᠠᠭ ᠬᠤᠳᠠ ᠶᠢᠨ ᠴᠦᠬᠡᠨ ᠳᠤᠭᠠᠳᠤ ᠦᠨᠳᠦᠰᠦᠳᠡᠨ ᠤ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠲᠦᠪᠰᠢᠨ ᠢᠯᠡᠷᠬᠡᠢ ᠳᠡᠭᠡᠭᠰᠢᠯᠡᠭᠰᠡᠨ ᠪᠠᠶᠢᠨ᠎ᠠ᠃ ᠬᠡᠪᠡᠴᠦ᠂ ᠴᠦᠬᠡᠨ ᠳᠤᠭᠠᠳᠤ ᠦᠨᠳᠦᠰᠦᠳᠡᠨ ᠤ ᠦᠭᠡ ᠬᠡᠯᠡ ᠪᠠᠷ ᠬᠢᠴᠢᠶᠡᠯᠯᠡᠭᠰᠡᠨ ᠰᠤᠷᠤᠭᠴᠢ ᠴᠢᠩᠬᠤᠸᠠ ᠶᠡᠭᠡ ᠰᠤᠷᠭᠠᠭᠤᠯᠢ᠂ ᠪᠡᠬᠡᠵᠢᠩ ᠶᠡᠭᠡ ᠰᠤᠷᠭᠠᠭᠤᠯᠢ ᠮᠡᠳᠤ ᠶᠢᠨ ᠤᠯᠤᠰ ᠤᠨ ᠳᠤᠳᠤᠭᠠᠳᠤ ᠶᠢᠨ ᠤᠷᠦ᠋ᠢᠯᠠᠭᠰᠠᠨ ᠶᠡᠭᠡ ᠰᠤᠷᠭᠠᠭᠤᠯᠢ ᠳᠤ ᠰᠢᠯᠭᠠᠨ ᠤᠷᠤᠬᠤ ᠳᠤ ᠮᠠᠰᠢ ᠬᠦᠴᠢᠷ ᠲᠠᠢ ᠪᠠᠶᠢᠨ᠎ᠠ᠃ ᠡᠨᠡ ᠨᠢ ᠴᠦᠬᠡᠨ ᠳᠤᠭᠠᠳᠤ ᠦᠨᠳᠦᠰᠦᠳᠡᠨ ᠤ ᠰᠤᠳᠤᠯᠭᠠᠨ ᠤ ᠴᠢᠨᠠᠷᠳᠠᠢ᠂ ᠰᠢᠨ᠎ᠡ ᠶᠢ ᠡᠬᠦᠳᠬᠦ ᠴᠢᠨᠠᠷᠳᠠᠢ᠂ ᠬᠡᠷᠡᠭᠯᠡᠬᠡᠨ ᠤ ᠴᠢᠨᠠᠷᠳᠠᠢ ᠴᠢᠳᠠᠪᠤᠷᠢᠳᠠᠨ ᠢ ᠬᠦᠮᠦᠵᠢᠬᠦᠯᠬᠦ ᠶᠢ ᠨᠦᠯᠦᠬᠡᠯᠡᠵᠦ ᠪᠤᠢ︾ ᠬᠡᠵᠦ ᠤᠯᠠᠭᠠᠨᠪᠠᠭᠠᠳᠤᠷ ᠬᠡᠰᠢᠬᠦᠨ ᠪᠤᠳᠤᠯ ᠢᠶᠠᠨ ᠳᠡᠯᠬᠡᠨ᠎ᠡ᠃      ᠦᠨᠳᠤᠰᠤᠳᠠᠨ ᠤ ᠰᠤᠷᠭᠠᠨ ᠬᠦᠮᠦᠵᠢᠯ ᠢ ᠤᠷᠢᠳᠠᠪᠡᠷ ᠬᠦᠭᠵᠢᠬᠦᠯᠵᠤ᠂ ᠭᠡᠤᠭᠡᠳ ᠲᠤ ᠡᠷᠭᠡ ᠲᠡᠭᠰᠢ ᠴᠢᠨᠠᠷᠯᠢᠭ ᠰᠤᠷᠭᠠᠨ ᠬᠦᠮᠦᠵᠢᠯ ᠢ ᠭᠡᠷᠬᠢᠨ ᠬᠦᠷᠳᠡᠭᠡᠪᠠᠯ ᠵᠤᠬᠢᠬᠤ ᠪᠢᠯᠡ︖ ᠤᠯᠠᠭᠠᠨᠪᠠᠭᠠᠳᠤᠷ ᠭᠡᠰᠢᠬᠦᠨ ᠤ ᠦᠵᠡᠬᠦ ᠪᠠᠷ᠄ ︽ᠦᠪᠦᠷ ᠮᠤᠩᠭᠤᠯ ᠤᠨ ᠦᠪᠡᠷᠳᠡᠬᠡᠨ ᠵᠠᠰᠬᠠᠤ ᠤᠷᠤᠨ ᠤ ᠦᠨᠳᠦᠰᠦᠳᠡᠨ ᠤ ᠰᠤᠷᠭᠠᠨ ᠬᠦᠮᠦᠵᠢᠯ ᠤᠨ ᠳᠦᠷᠢᠮ ︾᠎ ᠢ ᠬᠡᠷᠡᠭᠵᠢᠬᠦᠯᠬᠦ ᠳᠤᠬᠠᠢ ᠨᠠᠷᠢᠨ ᠲᠦᠷᠢᠮ ᠲᠤᠭᠳᠠᠭᠠᠵᠤ᠂ ᠡᠯ᠎ᠡ ᠱᠠᠳᠤ ᠡᠯ᠎ᠡ ᠰᠠᠯᠠᠭ᠎ᠠ ᠮᠦᠴᠢᠷ ᠲᠤ ᠬᠢᠨᠠᠯᠳᠠ ᠳᠠᠯᠪᠢᠬᠤ ᠳᠤᠭᠳᠠᠴᠠ ᠶᠢ ᠪᠠᠶᠢᠭᠤᠯᠤᠨ ᠪᠦᠷᠢᠨᠰᠢᠬᠦᠯᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠴᠢᠩᠭᠠᠳᠬᠠᠵᠤ᠂ ᠨᠠᠷᠢᠨ ᠬᠢᠨᠠᠮᠠᠭᠠᠢ ᠬᠢᠨᠠᠨ ᠬᠠᠮᠢᠶᠠᠷᠴᠤ᠂ ︽ᠦᠪᠦᠷ ᠮᠤᠩᠭᠤᠯ ᠤᠨ ᠦᠪᠡᠷᠳᠡᠬᠡᠨ ᠵᠠᠰᠬᠠᠤ ᠤᠷᠤᠨ ᠤ ᠦᠨᠳᠦᠰᠦᠳᠡᠨ ᠤ ᠰᠤᠷᠭᠠᠨ ᠬᠦᠮᠦᠵᠢᠯ ᠤᠨ ᠳᠦᠷᠢᠮ ︾᠎ ᠤᠨ ᠪᠦᠬᠦ ᠳᠠᠯ᠎ᠠ ᠪᠠᠷ ᠳᠤᠤᠱᠳᠠᠢ ᠬᠡᠷᠡᠭᠵᠢᠬᠦᠯᠦᠭᠳᠡᠬᠦ ᠶᠢ ᠪᠠᠳᠤᠯᠠᠪᠠᠯ ᠵᠤᠬᠢᠨ᠎ᠠ︔ ᠵᠠᠰᠠᠭ ᠤᠨ ᠤᠷᠳᠤᠨ ᠭᠤᠤᠯ ᠬᠦᠳᠤᠯᠤᠨ ᠲᠠᠭᠠᠭᠤᠯᠵᠤ᠂ ᠴᠦᠬᠡᠨ ᠳᠤᠭᠠᠳᠤ ᠦᠨᠳᠦᠰᠦᠳᠡᠨ ᠤ ᠦᠬᠡ ᠬᠡᠯᠡ ᠪᠠᠷ ᠬᠢᠴᠢᠶᠡᠯᠯᠡᠭᠰᠡᠨ ᠦᠨᠳᠦᠷ ᠳᠤᠮᠳᠠᠳᠤ ᠶᠢᠨ ᠰᠤᠷᠤᠭᠴᠢᠳ ᠲᠤ ᠡᠷᠬᠡ ᠳᠡᠭᠰᠢ ᠦᠷᠢᠰᠦᠯᠳᠦᠬᠦ᠂ ᠳᠡᠩᠴᠡᠬᠦᠷᠢᠳᠡᠢ ᠬᠦᠭᠵᠢᠬᠦ ᠤᠷᠴᠢᠨ ᠡᠬᠦᠳᠴᠦ ᠦᠭᠪᠡᠯ ᠵᠤᠬᠢᠨ᠎ᠠ︔ ᠵᠠᠰᠠᠭ ᠤᠨ ᠤᠷᠳᠤᠨ ᠠᠴᠠ ᠰᠤᠷᠭᠠᠨ ᠬᠦᠮᠦᠵᠢᠯ ᠤᠨ ᠬᠠᠳᠠᠭᠤ ᠳᠤᠨᠤᠭ ᠤᠨ ᠪᠡᠯᠡ ᠤᠷᠤᠭᠤᠯᠤᠯᠳᠠ ᠶᠢ ᠴᠢᠬᠤᠯᠠᠴᠢᠯᠠᠬᠤ ᠪᠠᠷ ᠪᠠᠷᠠᠬᠤ ᠦᠭᠡᠢ ᠨᠡᠩ ᠴᠢᠬᠤᠯᠠ ᠨᠢ ᠦᠨᠳᠦᠰᠦᠳᠡᠨ ᠤ ᠰᠤᠶᠤᠯ ᠤᠨ ᠵᠦᠬᠡᠯᠡᠨ ᠪᠤᠳᠠᠳᠤ ᠬᠦᠴᠦᠨ ᠤ ᠪᠡᠯᠡ ᠤᠷᠤᠭᠤᠯᠤᠯᠳᠠ ᠶᠢ ᠨᠡᠮᠡᠭᠳᠡᠬᠦᠯᠵᠦ᠂ ᠦᠷ᠎ᠡ ᠳ᠋ᠦᠩ ᠢᠶᠠᠷ ᠭᠤᠤᠯᠯᠠᠨ ᠦᠨᠡᠯᠡᠬᠦ ᠪᠢᠰᠢ ᠬᠠᠷᠢᠨ ᠶᠠᠪᠤᠴᠠ ᠪᠠᠷ ᠭᠤᠤᠯᠯᠠᠨ ᠦᠨᠡᠯᠡᠵᠦ᠂ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠴᠢᠨᠠᠷ ᠴᠢᠨᠰᠠᠭ᠎ᠠ ᠶᠢ ᠴᠢᠬᠤᠯᠠᠴᠢᠯᠠᠵᠤ᠂ ᠴᠦᠬᠡᠨ ᠳᠤᠭᠠᠳᠤ ᠦᠨᠳᠦᠰᠦᠳᠡᠨ ᠤ ᠦᠬᠡ ᠬᠡᠯᠡ ᠪᠠᠷ ᠬᠢᠴᠢᠶᠡᠯᠯᠡᠵᠦ ᠪᠠᠶᠢᠬᠤ ᠰᠤᠷᠭᠠᠭᠤᠯᠢ ᠶᠢᠨ ᠴᠢᠨᠠᠷ ᠴᠢᠨᠰᠠᠭ᠎ᠠ ᠪᠠ ᠬᠠᠷᠢᠭᠤᠴᠠᠯᠭᠠᠳᠤ ᠤᠬᠠᠮᠰᠠᠷ ᠢ ᠴᠢᠩᠭᠠᠳᠬᠠᠪᠠᠯ ᠵᠤᠬᠢᠨ᠎ᠠ︔ ᠤᠯᠤᠰ ᠤᠨ ᠳᠤᠳᠤᠭᠠᠳᠤ ᠶᠢᠨ ᠤᠷᠦ᠋ᠢᠯᠠᠭᠰᠠᠨ ᠶᠡᠭᠡ ᠰᠤᠷᠭᠠᠭᠤᠯᠢ ᠶᠢᠨ ᠡᠯᠰᠡᠵᠦ ᠪᠠᠶᠢᠭ᠎ᠠ ᠴᠦᠬᠡᠨ ᠳᠤᠭᠠᠳᠤ ᠦᠨᠳᠦᠰᠦᠳᠡᠨ ᠤ ᠠᠩᠬᠢ ᠳᠤ ᠴᠦᠬᠡᠨ ᠳᠤᠭᠠᠳᠤ ᠦᠨᠳᠦᠰᠦᠳᠡᠨ ᠤ ᠦᠬᠡ ᠬᠡᠯᠡ ᠪᠠᠷ ᠬᠢᠴᠢᠶᠡᠯᠯᠡᠭᠰᠡᠨ ᠰᠤᠷᠤᠭᠴᠢ ᠶᠢ ᠡᠯᠰᠡᠬᠦ ᠬᠠᠷᠢᠴᠠᠯ ᠢ ᠨᠡᠮᠡᠭᠳᠡᠬᠦᠯᠬᠦ ᠪᠠᠷ ᠴᠢᠷᠮᠠᠶᠢᠵᠤ᠂ ᠴᠦᠬᠡᠨ ᠳᠤᠭᠠᠳᠤ ᠦᠨᠳᠦᠰᠦᠳᠡᠨ ᠤ ᠤᠷᠦ᠋ᠢᠯᠠᠭᠰᠠᠨ ᠴᠢᠳᠠᠪᠤᠷᠢᠳᠠᠨ ᠢ ᠬᠦᠮᠦᠵᠢᠬᠦᠯᠪᠡᠯ ᠵᠤᠬᠢᠨ᠎ᠠ︾ ᠭᠡᠯ᠎ᠠ᠃
 
ᠢᠷᠡᠯᠲᠡ᠄ ᠲᠤᠮᠳᠠᠳᠣ ᠣᠯᠣᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号