| ︽ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠬᠡᠰᠢᠭᠦᠨ ᠢᠶᠠᠷ ᠰᠤᠩᠭᠤᠭᠳᠠᠭᠰᠠᠨ ᠨᠢ ᠮᠢᠨᠦ | ᠬᠤᠪᠢ ᠬᠦᠮᠦᠨ ᠤ ᠢᠷᠠᠭᠤ ᠠᠯᠳᠠᠷ ᠪᠤᠯᠤᠭᠰᠠᠨ ᠢᠶᠠᠷ ᠪᠠᠷᠠᠬᠤ ᠦᠭᠡᠢ᠂ ᠡᠮᠡᠭᠳᠡᠶᠢᠴᠤᠳ ᠤᠨ ᠬᠤᠯᠪᠤᠭ᠎ᠠ ᠶᠢᠨ | ᠵᠤᠬᠢᠶᠠᠨ ᠪᠠᠶᠢᠭᠤᠯᠤᠯᠳᠠ ᠶᠢᠨ ᠢᠷᠠᠭᠤ ᠠᠯᠳᠠᠷ ᠪᠤᠯᠤᠨ᠎ᠠ᠂ ᠢᠯᠠᠩᠭᠤᠶ᠎ᠠ ᠨᠢᠭᠡᠨ ᠵᠦᠢᠯ ᠤᠨ ᠬᠠᠷᠢᠭᠤᠴᠠᠯᠭ᠎ᠠ ᠪᠤᠯᠬᠤ | ᠪᠢᠯᠡ᠃ ᠪᠢ ᠨᠠᠮ ᠪᠤᠯᠤᠨ ᠠᠷᠠᠳ ᠲᠦᠮᠡᠨ ᠤ ᠢᠳᠡᠭᠡᠯ ᠪᠤᠯᠤᠨ ᠨᠠᠶᠢᠳᠠᠯᠭ᠎ᠠ ᠶᠢ ᠬᠦᠰᠡᠷᠳᠡᠭᠦᠯᠬᠦ ᠦᠭᠡᠢ᠂ ᠪᠦᠬᠦ | ᠤᠷᠤᠨ ᠤ ᠡᠮᠡᠭᠳᠠᠶᠢᠴᠤᠳ ᠬᠡᠦᠭᠡᠳ ᠤᠨ ᠰᠠᠳᠬᠢᠯ ᠤᠨ ᠳᠠᠭᠤᠨ ᠢ ᠪᠡᠭᠡᠵᠢᠩ ᠬᠤᠳᠠ ᠳᠤ ᠠᠪᠴᠦ ᠬᠦᠷᠦᠨ᠂ | ᠨᠠᠮ ᠤᠨ ᠲᠦᠪ ᠬᠤᠷᠢᠶ᠎ᠠ ᠪᠤᠯᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠤ | ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠡᠮᠡᠭᠳᠠᠶᠢᠴᠤᠳ ᠬᠡᠦᠭᠡᠳ ᠤᠨ ᠠᠵᠢᠯ ᠤᠨ ᠳᠤᠮᠳᠠ | ᠨᠠᠶᠢᠳᠠᠪᠤᠷᠢᠵᠢᠭᠤᠯᠵᠤ᠂ ᠳᠡᠳᠡᠨᠠᠷ ᠢ ᠨᠡᠩ ᠤᠯᠠᠨ ᠬᠦᠷᠳᠡᠮᠵᠢ ᠶᠢᠨ ᠲᠦᠷᠦᠭᠳᠡᠯ᠂ ᠵᠤᠯ ᠵᠢᠷᠭᠠᠯ ᠤᠨ ᠲᠦᠷᠦᠭᠳᠡᠯ ᠲᠠᠢ | ᠪᠤᠯᠭᠠᠨ᠎ᠠ︾ ᠭᠡᠵᠤ ᠦᠪᠡᠷᠳᠡᠭᠡᠨ ᠵᠠᠰᠠᠬᠤ ᠤᠷᠤᠨ ᠤ ᠡᠮᠡᠭᠳᠠᠶᠢᠴᠤᠳ ᠤᠨ ᠬᠤᠯᠪᠤᠭ᠎ᠠ ᠶᠢᠨ ᠳᠡᠷᠢᠭᠦᠯᠡᠭᠴᠢ | ᠬᠦᠦᠳᠠᠭᠤᠯᠠ ᠬᠡᠯᠡᠨ᠎ᠡ᠃ | ᠡᠮᠡᠭᠳᠠᠶᠢᠴᠤᠳ ᠬᠡᠦᠭᠡᠳ ᠤᠨ ᠲᠦᠷᠭᠦᠮ ᠤᠨ ᠬᠢᠨ ᠪᠤᠯᠤᠭᠰᠠᠨ ᠤ ᠬᠤᠪᠢ ᠳᠤ᠂ ᠬᠡᠳᠤᠨ ᠵᠢᠯ ᠤᠨ ᠳᠤᠷᠰᠢ᠂ | ᠬᠦᠤᠳᠠᠭᠤᠯᠠ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢ᠂ | ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠬᠡᠰᠢᠭᠦᠨ ᠪᠤᠯᠤᠭᠰᠠᠨ ᠤ ᠬᠤᠪᠢ ᠳᠤ᠂ ᠡᠮᠡᠭᠳᠠᠶᠢᠴᠤᠳ ᠤᠨ ᠰᠡᠳᠬᠢᠯ ᠤᠨ ᠳᠠᠭᠤᠨ ᠪᠤᠯᠤᠨ | ᠬᠡᠷᠡᠭᠴᠡᠭᠡ ᠱᠠᠭᠠᠷᠳᠠᠯᠭ᠎ᠠ ᠶᠢ ᠳᠤᠰᠬᠠᠵᠤ᠂ ︽ᠬᠤᠶᠠᠷ ᠬᠦᠳᠦᠯᠪᠦᠷᠢ︾ ᠶᠢᠨ ᠴᠢᠬᠤᠯᠠ ᠵᠦᠢᠯ ᠬᠦᠴᠢᠷ ᠲᠦᠪᠡᠭᠳᠡᠢ | ᠵᠦᠢᠯ ᠤᠨ ᠬᠠᠷᠠᠯᠳᠠ ᠶᠢ ᠨᠠᠶᠢᠳᠠᠪᠤᠷᠢᠵᠢᠭᠤᠯᠬᠤ᠂ ᠡᠮᠡᠭᠳᠠᠶᠢᠴᠤᠳ ᠤᠨ ᠰᠤᠷᠭᠠᠨ ᠬᠦᠮᠦᠵᠢᠯ᠂ ᠬᠡᠦᠭᠡᠳ ᠤᠨ | ᠰᠠᠯᠠᠭᠠᠨ ᠤ ᠡᠮᠴᠢ ᠶᠢᠨ ᠡᠩᠨᠡᠭᠡ ᠶᠢᠨ ᠪᠠᠶᠢᠭᠤᠯᠤᠯᠳᠠ᠂ ᠬᠡᠷ ᠪᠦᠯᠢ ᠶᠢᠨ ᠰᠤᠷᠭᠠᠨ ᠬᠦᠮᠦᠵᠢᠯ ᠤᠨ ᠬᠠᠤᠯᠢ | ᠳᠤᠭᠳᠠᠭᠠᠬᠤ ᠵᠡᠷᠭᠡ ᠤᠯᠠᠨ ᠰᠠᠨᠠᠯ ᠳᠤᠷᠠᠳᠤᠯᠭ᠎ᠠ ᠶᠢ ᠳᠡᠪᠰᠢᠭᠦᠯᠦᠭᠰᠡᠨ ᠶᠤᠮ᠃ | ᠵᠦᠪᠭᠡᠨ ᠡᠮᠡᠭᠳᠠᠶᠢᠴᠤᠳ ᠬᠡᠦᠭᠡᠳ ᠤᠨ ᠦᠨᠡᠨ ᠪᠤᠳᠠᠳᠠᠢ ᠬᠡᠷᠡᠭᠴᠡᠭᠡ ᠱᠠᠭᠠᠷᠳᠠᠯᠭ᠎ᠠ ᠶᠢ ᠤᠢᠢᠯᠠᠭᠠᠪᠠᠯ ᠰᠠᠶ᠋ᠢ | ᠳᠡᠳᠡᠨᠠᠷ ᠲᠤ ᠤᠨᠢᠨ ᠳᠡᠭᠡᠷ᠎ᠠ ᠨᠢ ᠦᠢᠯᠡᠴᠢᠯᠡᠭᠡ ᠬᠠᠩᠭᠠᠵᠤ ᠴᠢᠳᠠᠨ᠎ᠠ᠃ 2017 ᠤᠨ ᠳᠤ ᠬᠦᠦᠳᠠᠭᠤᠯᠠ 8 | ᠠᠶᠢᠮᠠᠭ ᠬᠤᠳᠠ᠂ 24 ᠬᠤᠰᠢᠭᠤ ᠰᠢᠶᠠᠨ ᠳᠤᠭᠤᠷᠢᠭ᠂ 26 ᠰᠤᠮᠤ ᠰᠢᠶᠠᠩ ᠪᠠᠯᠭᠠᠰᠦ ︵ᠵᠡᠭᠡᠯᠢ ᠭᠤᠳᠤᠮᠵᠢ ᠶᠢᠨ | ᠬᠡᠷᠡᠭ ᠡᠷᠬᠢᠯᠡᠭᠦ ᠭᠠᠵᠠᠷ︶᠂ 31 ᠭᠠᠴᠠᠭ᠎ᠠ ᠳᠤᠰᠬᠤᠨ ︵ᠨᠡᠶᠢᠭᠡᠮ ᠳᠤᠭᠤᠷᠢᠭ︶ ᠳᠤ ᠬᠦᠨᠵᠡᠭᠡᠶᠢᠷᠡᠨ ᠪᠠᠶᠢᠴᠠᠭᠠᠨ | ᠰᠤᠳᠤᠯᠤᠯᠳᠠ ᠬᠢᠵᠤ᠂ ᠦᠨᠳᠦᠰᠦᠨ ᠱᠠᠳᠤᠨ ᠤ ᠡᠮᠡᠭᠳᠠᠶᠢᠴᠤᠳ ᠲᠠᠢ 1553 ᠬᠦᠮᠦᠨ ᠤᠳᠠᠭ᠎ᠠ ᠬᠠᠷᠢᠯᠴᠠᠵᠤ | ᠦᠢᠯᠡᠴᠢᠯᠡᠪᠠ᠃ ᠳᠡᠷᠡ ᠪᠠᠰᠠ ᠦᠪᠦᠷ ᠮᠤᠩᠭᠤᠯ ᠤᠨ ᠬᠤᠳᠠ ᠬᠦᠳᠡᠭᠡ ᠶᠢᠨ ᠲᠦᠮᠡᠨ ᠡᠮᠡᠭᠳᠡᠶᠢᠴᠤᠳ ᠤᠨ ᠶᠡᠭᠡ | ᠪᠠᠶᠢᠴᠠᠭᠠᠯᠳᠠ ᠶᠢ ᠡᠷᠬᠢᠯᠡᠭᠰᠡᠨ ᠪᠠ ᠠᠵᠢᠯᠯᠠᠭ᠎ᠠ ᠦᠷᠨᠢᠭᠦᠯᠭᠦ ᠶᠢᠨ ᠬᠠᠮᠳᠤ᠂ 4 ᠲᠦᠮᠡᠨ ᠦᠰᠦᠭ ᠲᠠᠢ | ᠪᠠᠶᠢᠴᠠᠭᠠᠯᠳᠠ ᠶᠢᠨ ᠮᠡᠳᠡᠭᠦᠯᠦᠯᠳᠡ ᠶᠢ ᠪᠦᠷᠢᠯᠳᠦᠭᠦᠯᠪᠡ᠃ ᠤᠳᠤᠬᠠᠨ ᠳᠤ᠂ ᠡᠨᠡᠭᠦ ᠮᠡᠳᠡᠭᠦᠯᠦᠯᠳᠡ ᠨᠢ ᠳᠡᠭᠦᠨ ᠤ | ᠬᠤᠪᠤᠷ ᠨᠠᠨᠳᠢᠨ ᠡᠷᠳᠡᠨᠢ ᠪᠤᠯᠵᠤ᠂ ᠠᠬᠢᠨ ᠳᠠᠬᠢᠨ ᠭᠠᠷᠭᠠᠨ ᠰᠤᠳᠤᠯᠵᠤ᠂ ᠡᠮᠡᠭᠳᠠᠶᠢᠴᠤᠳ ᠢ ᠬᠡᠷᠬᠢᠨ ᠳᠤᠰᠠᠯᠠᠬᠤ᠂ | ᠳᠡᠳᠡᠨᠠᠷ ᠤᠨ ᠬᠠᠮᠤᠭ ᠤᠨ ᠬᠠᠯᠠᠮᠵᠢᠯᠠᠵᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠤᠳᠠᠳᠠᠢ ᠠᠰᠢᠭ ᠳᠤᠰᠠ ᠶᠢᠨ | ᠠᠰᠠᠭᠤᠳᠠᠯ᠂ ᠬᠠᠮᠤᠭ ᠤᠨ ᠬᠦᠴᠢᠷᠳᠠᠯᠳᠠᠢ ᠬᠠᠮᠤᠭ ᠤᠨ ᠵᠤᠪᠠᠵᠤ ᠪᠠᠶᠢᠭ᠎ᠠ ᠪᠤᠳᠠᠳᠠᠢ ᠠᠰᠠᠭᠤᠳᠠᠯ ᠢ ᠪᠤᠳᠤᠯᠬᠢᠯᠠᠵᠤ | ᠪᠠᠶᠢᠯ᠎ᠠ᠃ | ︽ᠡᠮᠡᠭᠲᠠᠶᠢᠴᠤᠳ ᠢ ᠨᠡᠩ ᠢᠯᠡᠭᠦᠦ ᠬᠦᠷᠳᠡᠮᠵᠢ ᠶᠢᠨ ᠲᠦᠷᠦᠭᠳᠡᠯ᠂ ᠵᠤᠯ ᠵᠢᠷᠭᠠᠯ ᠤᠨ ᠲᠦᠷᠦᠭᠳᠠᠯ ᠲᠠᠢ | ᠪᠤᠯᠭᠠᠬᠤ ᠳᠤ ᠳᠠᠭᠠᠷᠠᠬᠰᠠᠨ ᠬᠦᠮᠦᠨ ᠳᠤ ᠳᠠᠬᠤ ᠬᠦᠷᠭᠡᠬᠦ ᠪᠤᠳᠠᠳᠤ ᠬᠡᠷᠡᠭ ᠢ ᠢᠯᠡᠭᠦᠭᠡᠨ ᠬᠢᠵᠤ᠂ ᠴᠢᠭᠯᠡᠭᠦᠯᠦᠯᠲᠤ | ᠴᠢᠨᠠᠷᠲᠠᠢ ᠦᠢᠯᠡᠴᠢᠯᠡᠭᠡ ᠶᠢ ᠢᠯᠡᠭᠦᠬᠡᠨ ᠬᠠᠩᠭᠠᠬᠤ ᠬᠡᠷᠡᠭᠲᠠᠢ︾ ᠭᠡᠵᠤ ᠬᠦᠦᠳᠠᠭᠤᠯᠠ ᠦᠪᠡᠷ ᠤᠨ ᠪᠤᠳᠤᠯ ᠢᠶᠠᠨ | ᠳᠡᠯᠭᠡᠨ᠎ᠡ᠃ ᠲᠡᠷᠡ ᠬᠤᠷᠴᠢᠨ ᠪᠠᠷᠠᠭᠤᠨ ᠭᠠᠷᠤᠨ ᠲᠤᠮᠳᠠᠳᠦ ᠬᠤᠰᠢᠭᠤᠨ ᠳᠤ ᠪᠠᠶᠢᠴᠠᠭᠠᠨ ᠰᠤᠳᠤᠯᠤᠯᠲᠠ | ᠬᠢᠬᠦ ᠳᠡᠭᠡᠨ᠂ ᠡᠮᠡᠭᠲᠠᠶᠢᠴᠤᠳ ᠢᠶᠠᠷ ᠲᠦᠰᠢᠶᠡᠳᠤ ᠸᠠᠩ ᠤᠨ ᠤᠷᠳᠤᠨ ᠤ ᠬᠠᠳᠬᠤᠮᠠᠯ ᠬᠠᠳᠬᠤᠭᠤᠯᠬᠤ ᠨᠢ | ᠶᠠᠳᠠᠭᠤ ᠠᠴᠠ ᠠᠩᠭᠢᠵᠢᠷᠠᠭᠤᠯᠵᠤ ᠪᠠᠶᠠᠵᠢᠨ ᠴᠢᠨᠡᠭᠡᠯᠢᠭᠵᠢᠭᠦᠯᠵᠤ ᠲᠡᠶᠢᠯᠤᠨ᠎ᠡ ᠭᠡᠳᠡᠭ ᠢ ᠤᠢᠢᠯᠠᠭᠠᠨ ᠮᠡᠳᠡᠵᠦ᠂ | ᠢᠳᠡᠪᠬᠢᠲᠠᠢ ᠵᠤᠬᠢᠴᠠᠭᠤᠯᠭ᠎ᠠ ᠬᠢᠵᠤ᠂ ᠪᠤᠷᠤᠯᠠᠭᠤᠯᠤᠯᠭ᠎ᠠ ᠶᠢᠨ ᠵᠠᠮ ᠢ ᠨᠢ ᠦᠷᠭᠡᠳᠬᠡᠬᠦ᠂ ᠤᠷ᠎ᠠ ᠮᠡᠷᠭᠡᠰᠢᠯ ᠤᠨ | ᠪᠤᠯᠪᠠᠰᠤᠷᠠᠯ ᠬᠦᠷᠳᠡᠭᠡᠭᠦ ᠵᠡᠷᠭᠡ ᠲᠠᠯ᠎ᠡ ᠪᠠᠷ ᠳᠡᠮᠵᠢᠯᠭᠡ ᠬᠠᠩᠭᠠᠨ᠂ ᠨᠡᠩ ᠤᠯᠠᠨ ᠶᠠᠳᠠᠭᠤ ᠬᠦᠴᠢᠷᠳᠡᠯᠳᠠᠢ | ᠡᠮᠡᠭᠲᠠᠶᠢᠴᠤᠳ ᠲᠤ ᠠᠰᠢᠭ ᠬᠦᠷᠲᠡᠭᠡᠭᠰᠡᠨ ᠪᠠᠶᠢᠨ᠎ᠠ᠃ ᠲᠡᠭᠦᠨ ᠤ ᠳᠤᠷᠠᠳᠤᠬᠰᠠᠨ ︽ᠪᠦᠰᠡᠭᠦᠢ ᠬᠦᠮᠦᠨ ᠤ | ᠠᠵᠢᠯᠯᠠᠭ᠎ᠠ ᠶᠢᠨ ᠲᠦᠯᠦᠪᠯᠡᠭᠡ︾ ᠨᠢ ᠪᠠᠰᠠ ᠦᠪᠡᠷᠲᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ | ᠮᠦᠴᠢᠷ ᠤᠨ ᠳᠡᠮᠵᠢᠯᠭᠡ ᠶᠢ ᠤᠯᠤᠬᠰᠠᠨ ᠶᠤᠮ᠃ ᠲᠦᠯᠦᠪᠯᠡᠭᠡ ᠨᠢ ᠬᠡᠷᠡᠭᠵᠢᠭᠦᠯᠦᠭᠳᠡᠭᠰᠡᠨ ᠤ ᠳᠠᠷᠠᠭ᠎ᠠ᠂ | ᠡᠮᠡᠭᠳᠠᠶᠢᠴᠤᠳ ᠢ ᠡᠷᠦᠭᠡ ᠭᠡᠷ ᠲᠤᠨᠢ ᠠᠵᠢᠯ ᠤᠯᠭᠤᠬᠰᠠᠨ᠂ ᠭᠡᠷ ᠲᠡᠭᠡᠨ ᠬᠤᠴᠤᠷᠤᠬᠰᠠᠨ ᠬᠡᠤᠬᠡᠳ ᠤᠨ ᠲᠤᠭ᠎ᠠ ᠶᠢ | ᠪᠠᠭᠠᠰᠬᠠᠬᠰᠠᠨ ᠮᠦᠷᠲᠡᠬᠡᠨ ᠦᠨᠳᠦᠰᠦᠲᠠᠨ ᠤ ᠰᠤᠶᠤᠯ ᠢᠶᠠᠨ ᠤᠯᠠᠮᠵᠢᠯᠠᠨ ᠵᠠᠯᠭᠠᠮᠵᠢᠯᠠᠬᠰᠠᠨ ᠪᠠᠶᠢᠨ᠎ᠠ᠃ | ᠡᠮᠦᠨᠡᠬᠡᠨ᠂ ᠬᠦᠦᠳᠠᠭᠤᠯᠠ ᠬᠡᠷ ᠪᠦᠯᠢ ᠶᠢᠨ ᠰᠤᠷᠭᠠᠨ ᠬᠦᠮᠦᠵᠢᠯ ᠤᠨ ᠬᠠᠤᠯᠢ ᠴᠠᠭᠠᠵᠠ ᠬᠠᠤᠯᠢ ᠲᠦᠷᠢᠮ ᠢ | ᠲᠤᠬᠲᠠᠭᠠᠬᠤ ᠲᠤᠬᠠᠢ ᠵᠡᠷᠭᠡ ᠰᠠᠨᠠᠯ ᠳᠤᠷᠠᠳᠤᠯᠭ᠎ᠠ ᠪᠠᠨ ᠠᠪᠴᠤ ᠪᠦᠬᠦ ᠤᠯᠤᠰ ᠤᠨ ᠬᠤᠶᠠᠷ ᠬᠤᠷᠠᠯ ᠳᠤ ᠮᠤᠷᠳᠠᠬᠰᠠᠨ | ᠶᠤᠮ᠃ ᠬᠡᠷ ᠪᠦᠯᠢ ᠶᠢᠨ ᠰᠤᠷᠭᠠᠨ ᠬᠦᠮᠦᠵᠢᠯ ᠪᠤᠯ ᠬᠦᠮᠦᠨ ᠢ ᠬᠦᠮᠦᠵᠢᠬᠦᠯᠬᠦ ᠡᠭᠢᠯᠡᠯᠲᠠ ᠶᠢᠨ ᠴᠡᠭ ᠪᠡ ᠦᠨᠳᠦᠰᠦ | ᠪᠤᠯᠤᠨ᠎ᠠ ᠭᠡᠵᠦ ᠳᠡᠷᠡ ᠦᠵᠡᠵᠦ ᠪᠠᠶᠢᠬᠤ ᠮᠦᠷᠲᠡᠭᠡᠨ ᠪᠠᠶᠢᠴᠠᠭᠠᠨ ᠰᠤᠳᠤᠯᠤᠯᠲᠠ ᠬᠢᠬᠦ ᠳᠡᠭᠡᠨ ᠭᠡᠷ ᠪᠦᠯᠢ ᠶᠢᠨ | ᠰᠤᠷᠭᠠᠨ ᠬᠦᠮᠦᠵᠢᠯ ᠤᠨ ᠬᠠᠷᠢᠭᠤᠴᠠᠯᠭ᠎ᠠ ᠶᠢᠨ ᠭᠤᠤᠯ ᠴᠤᠬᠴᠠ ᠨᠢ ᠲᠤᠳᠤᠷᠬᠠᠢ ᠪᠤᠰᠤ᠂ ᠦᠢᠯᠡᠴᠢᠯᠡᠬᠦ ᠪᠠ | ᠵᠢᠯᠤᠭᠤᠳᠬᠤ ᠡᠩᠨᠡᠭᠡᠨ ᠤ ᠲᠤᠰᠬᠠᠢᠢᠵᠢᠬᠰᠠᠨ ᠬᠡᠮᠵᠢᠶ᠎ᠠ ᠳᠤᠤᠷ᠎ᠠ᠂ ᠬᠡᠷ ᠪᠦᠯᠢ ᠶᠢᠨ ᠰᠤᠷᠭᠠᠨ ᠬᠦᠮᠦᠵᠢᠯ ᠤᠨ ᠬᠢᠨᠠᠨ | ᠬᠠᠮᠢᠶᠠᠷᠤᠯᠲᠠ ᠶᠢᠨ ᠰᠢᠰᠲ᠋ᠧᠮ ᠪᠦᠷᠢᠨ ᠲᠡᠭᠦᠯᠳᠡᠷ ᠪᠤᠰᠤ᠂ ᠬᠤᠲᠠ ᠬᠦᠳᠡᠭᠡ ᠶᠢᠨ ᠭᠡᠷ ᠲᠡᠭᠡᠨ ᠬᠤᠴᠤᠷᠤᠬᠰᠠᠨ | ᠬᠡᠤᠬᠡᠳ ᠵᠡᠷᠭᠡ ᠤᠨᠴᠠᠭᠠᠢ ᠬᠦᠮᠦᠰ ᠤᠨ ᠭᠡᠷ ᠪᠦᠯᠢ ᠶᠢᠨ ᠰᠤᠷᠭᠠᠨ ᠬᠦᠮᠦᠵᠢᠯ ᠳᠤᠲᠠᠬᠳᠠᠬᠰᠡᠨ ᠵᠡᠷᠭᠡ ᠠᠰᠠᠭᠤᠳᠠᠯ | ᠤᠷᠤᠰᠢᠵᠤ ᠪᠠᠶᠢᠬᠤ ᠶᠢ ᠢᠯᠡᠷᠡᠭᠦᠯᠦᠭᠰᠡᠨ ᠶᠤᠮ᠃ ︽ᠡᠳᠡᠭᠡᠷ ᠠᠰᠠᠭᠤᠳᠠᠯ ᠨᠢ ᠭᠡᠷ ᠪᠦᠯᠢ ᠶᠢᠨ ᠰᠤᠷᠭᠠᠨ | ᠬᠦᠮᠦᠵᠢᠯ ᠤᠨ ᠬᠠᠤᠯᠢ ᠴᠠᠭᠠᠵᠠ ᠶᠢᠨ ᠪᠠᠲᠤᠯᠠᠭ᠎ᠠ ᠬᠦᠷᠦᠯᠴᠡᠭᠦ ᠦᠭᠡᠢ ᠪᠠᠶᠢᠬᠤ ᠲᠠᠢ ᠨᠢᠬᠲᠠ ᠬᠤᠯᠪᠤᠭ᠎ᠠ ᠲᠠᠢ᠂ ᠭᠡᠷ | ᠪᠦᠯᠢ ᠶᠢᠨ ᠰᠤᠷᠭᠠᠨ ᠬᠦᠮᠦᠵᠢᠯ ᠤᠨ ᠬᠠᠤᠯᠢ ᠴᠠᠭᠠᠵᠠ ᠬᠠᠤᠯᠢ ᠲᠦᠷᠢᠮ ᠢ ᠲᠡᠭᠦᠯᠳᠡᠷᠵᠢᠭᠦᠯᠬᠦ ᠶᠠᠪᠤᠳᠠᠯ ᠲᠤᠯᠭᠠᠮ᠎ᠠ | ᠱᠠᠭᠠᠷᠳᠠᠬᠲᠠᠵᠤ ᠪᠠᠶᠢᠨ᠎ᠠ᠂ ᠭᠡᠷ ᠪᠦᠯᠢ ᠶᠢᠨ ᠰᠤᠷᠭᠠᠨ ᠬᠦᠮᠦᠵᠢᠯ ᠤᠨ ᠬᠠᠷᠢᠭᠤᠴᠠᠯᠭ᠎ᠠ ᠶᠢᠨ ᠭᠤᠤᠯ ᠴᠤᠬᠴᠠ᠂ | ᠬᠠᠤᠯᠢ ᠬᠡᠷᠡᠭᠵᠢᠭᠦᠯᠦᠯᠳᠡ ᠶᠢᠨ ᠭᠤᠤᠯ ᠴᠤᠭᠴᠠ ᠪᠤᠯᠤᠨ ᠰᠢᠳᠬᠡᠯ ᠤᠨ ᠠᠷᠭ᠎ᠠ ᠶᠢ ᠲᠤᠳᠤᠷᠬᠠᠢ ᠪᠤᠯᠭᠠᠬᠤ ᠨᠢ | ᠪᠦᠬᠦ᠋ᠢᠯᠡ ᠭᠡᠷ ᠪᠦᠯᠢ ᠶᠢᠨ ᠰᠤᠷᠭᠠᠨ ᠬᠦᠮᠦᠵᠢᠯ ᠤᠨ ᠵᠠᠬ᠎ᠠ ᠳᠡᠯᠬᠡᠬᠦᠷ ᠢ ᠵᠢᠷᠤᠮᠵᠢᠭᠤᠯᠬᠤ᠂ ᠬᠦᠯᠢᠶᠡᠰᠦᠯᠡᠭᠦ᠂ | ᠬᠦᠲᠦᠯᠦᠨ ᠳᠠᠭᠠᠭᠤᠯᠬᠤ ᠳᠤ ᠴᠢᠬᠤᠯᠠ ᠦᠢᠯᠡᠳᠤᠯ ᠲᠠᠢ ᠶᠤᠮ︾ ᠭᠡᠵᠤ ᠬᠦᠥᠳᠠᠭᠤᠯᠠ ᠬᠡᠯᠡᠨ᠎ᠠ᠃ | | | | | | |