2018 ᠪᠦᠬᠦ ᠤᠯᠤᠰ ᠤᠨ ᠬᠤᠶᠠᠷ ᠬᠤᠷᠠᠯ — ᠬᠦᠦᠳᠠᠭᠤᠯᠠ ᠬᠡᠰᠢᠭᠦᠨ᠄ ᠪᠦᠬᠦ ᠤᠷᠤᠨ ᠤ ᠡᠮᠡᠭᠳᠠᠶᠢᠴᠤᠳ ᠬᠡᠦᠭᠡᠳ ᠤᠨ ᠰᠡᠳᠬᠢᠯ ᠤᠨ ᠳᠠᠭᠤᠨ ᠢ ᠰᠠᠶᠢᠳᠤᠷ ᠳᠤᠰᠬᠠᠨ᠎ᠠ
ᠨᠡᠶᠢᠲᠡᠯᠡᠭᠰᠡᠨ ᠴᠠᠭ᠄
2018/7/30
     ︽ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠬᠡᠰᠢᠭᠦᠨ ᠢᠶᠠᠷ ᠰᠤᠩᠭᠤᠭᠳᠠᠭᠰᠠᠨ ᠨᠢ ᠮᠢᠨᠦ ᠬᠤᠪᠢ ᠬᠦᠮᠦᠨ ᠤ ᠢᠷᠠᠭᠤ ᠠᠯᠳᠠᠷ ᠪᠤᠯᠤᠭᠰᠠᠨ ᠢᠶᠠᠷ ᠪᠠᠷᠠᠬᠤ ᠦᠭᠡᠢ᠂ ᠡᠮᠡᠭᠳᠡᠶᠢᠴᠤᠳ ᠤᠨ ᠬᠤᠯᠪᠤᠭ᠎ᠠ ᠶᠢᠨ ᠵᠤᠬᠢᠶᠠᠨ ᠪᠠᠶᠢᠭᠤᠯᠤᠯᠳᠠ ᠶᠢᠨ ᠢᠷᠠᠭᠤ ᠠᠯᠳᠠᠷ ᠪᠤᠯᠤᠨ᠎ᠠ᠂ ᠢᠯᠠᠩᠭᠤᠶ᠎ᠠ ᠨᠢᠭᠡᠨ ᠵᠦᠢᠯ ᠤᠨ ᠬᠠᠷᠢᠭᠤᠴᠠᠯᠭ᠎ᠠ ᠪᠤᠯᠬᠤ ᠪᠢᠯᠡ᠃ ᠪᠢ ᠨᠠᠮ ᠪᠤᠯᠤᠨ ᠠᠷᠠᠳ ᠲᠦᠮᠡᠨ ᠤ ᠢᠳᠡᠭᠡᠯ ᠪᠤᠯᠤᠨ ᠨᠠᠶᠢᠳᠠᠯᠭ᠎ᠠ ᠶᠢ ᠬᠦᠰᠡᠷᠳᠡᠭᠦᠯᠬᠦ ᠦᠭᠡᠢ᠂ ᠪᠦᠬᠦ ᠤᠷᠤᠨ ᠤ ᠡᠮᠡᠭᠳᠠᠶᠢᠴᠤᠳ ᠬᠡᠦᠭᠡᠳ ᠤᠨ ᠰᠠᠳᠬᠢᠯ ᠤᠨ ᠳᠠᠭᠤᠨ ᠢ ᠪᠡᠭᠡᠵᠢᠩ ᠬᠤᠳᠠ ᠳᠤ ᠠᠪᠴᠦ ᠬᠦᠷᠦᠨ᠂ ᠨᠠᠮ ᠤᠨ ᠲᠦᠪ ᠬᠤᠷᠢᠶ᠎ᠠ ᠪᠤᠯᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠡᠮᠡᠭᠳᠠᠶᠢᠴᠤᠳ ᠬᠡᠦᠭᠡᠳ ᠤᠨ ᠠᠵᠢᠯ ᠤᠨ ᠳᠤᠮᠳᠠ ᠨᠠᠶᠢᠳᠠᠪᠤᠷᠢᠵᠢᠭᠤᠯᠵᠤ᠂ ᠳᠡᠳᠡᠨᠠᠷ ᠢ ᠨᠡᠩ ᠤᠯᠠᠨ ᠬᠦᠷᠳᠡᠮᠵᠢ ᠶᠢᠨ ᠲᠦᠷᠦᠭᠳᠡᠯ᠂ ᠵᠤᠯ ᠵᠢᠷᠭᠠᠯ ᠤᠨ ᠲᠦᠷᠦᠭᠳᠡᠯ ᠲᠠᠢ ᠪᠤᠯᠭᠠᠨ᠎ᠠ︾ ᠭᠡᠵᠤ ᠦᠪᠡᠷᠳᠡᠭᠡᠨ ᠵᠠᠰᠠᠬᠤ ᠤᠷᠤᠨ ᠤ ᠡᠮᠡᠭᠳᠠᠶᠢᠴᠤᠳ ᠤᠨ ᠬᠤᠯᠪᠤᠭ᠎ᠠ ᠶᠢᠨ ᠳᠡᠷᠢᠭᠦᠯᠡᠭᠴᠢ ᠬᠦᠦᠳᠠᠭᠤᠯᠠ ᠬᠡᠯᠡᠨ᠎ᠡ᠃      ᠡᠮᠡᠭᠳᠠᠶᠢᠴᠤᠳ ᠬᠡᠦᠭᠡᠳ ᠤᠨ ᠲᠦᠷᠭᠦᠮ ᠤᠨ ᠬᠢᠨ ᠪᠤᠯᠤᠭᠰᠠᠨ ᠤ ᠬᠤᠪᠢ ᠳᠤ᠂ ᠬᠡᠳᠤᠨ ᠵᠢᠯ ᠤᠨ ᠳᠤᠷᠰᠢ᠂ ᠬᠦᠤᠳᠠᠭᠤᠯᠠ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠡᠰᠢᠭᠦᠨ ᠪᠤᠯᠤᠭᠰᠠᠨ ᠤ ᠬᠤᠪᠢ ᠳᠤ᠂ ᠡᠮᠡᠭᠳᠠᠶᠢᠴᠤᠳ ᠤᠨ ᠰᠡᠳᠬᠢᠯ ᠤᠨ ᠳᠠᠭᠤᠨ ᠪᠤᠯᠤᠨ ᠬᠡᠷᠡᠭᠴᠡᠭᠡ ᠱᠠᠭᠠᠷᠳᠠᠯᠭ᠎ᠠ ᠶᠢ ᠳᠤᠰᠬᠠᠵᠤ᠂ ︽ᠬᠤᠶᠠᠷ ᠬᠦᠳᠦᠯᠪᠦᠷᠢ︾᠎ ᠶᠢᠨ ᠴᠢᠬᠤᠯᠠ ᠵᠦᠢᠯ ᠬᠦᠴᠢᠷ ᠲᠦᠪᠡᠭᠳᠡᠢ ᠵᠦᠢᠯ ᠤᠨ ᠬᠠᠷᠠᠯᠳᠠ ᠶᠢ ᠨᠠᠶᠢᠳᠠᠪᠤᠷᠢᠵᠢᠭᠤᠯᠬᠤ᠂ ᠡᠮᠡᠭᠳᠠᠶᠢᠴᠤᠳ ᠤᠨ ᠰᠤᠷᠭᠠᠨ ᠬᠦᠮᠦᠵᠢᠯ᠂ ᠬᠡᠦᠭᠡᠳ ᠤᠨ ᠰᠠᠯᠠᠭᠠᠨ ᠤ ᠡᠮᠴᠢ ᠶᠢᠨ ᠡᠩᠨᠡᠭᠡ ᠶᠢᠨ ᠪᠠᠶᠢᠭᠤᠯᠤᠯᠳᠠ᠂ ᠬᠡᠷ ᠪᠦᠯᠢ ᠶᠢᠨ ᠰᠤᠷᠭᠠᠨ ᠬᠦᠮᠦᠵᠢᠯ ᠤᠨ ᠬᠠᠤᠯᠢ ᠳᠤᠭᠳᠠᠭᠠᠬᠤ ᠵᠡᠷᠭᠡ ᠤᠯᠠᠨ ᠰᠠᠨᠠᠯ ᠳᠤᠷᠠᠳᠤᠯᠭ᠎ᠠ ᠶᠢ ᠳᠡᠪᠰᠢᠭᠦᠯᠦᠭᠰᠡᠨ ᠶᠤᠮ᠃      ᠵᠦᠪᠭᠡᠨ ᠡᠮᠡᠭᠳᠠᠶᠢᠴᠤᠳ ᠬᠡᠦᠭᠡᠳ ᠤᠨ ᠦᠨᠡᠨ ᠪᠤᠳᠠᠳᠠᠢ ᠬᠡᠷᠡᠭᠴᠡᠭᠡ ᠱᠠᠭᠠᠷᠳᠠᠯᠭ᠎ᠠ ᠶᠢ ᠤᠢᠢᠯᠠᠭᠠᠪᠠᠯ ᠰᠠᠶ᠋ᠢ ᠳᠡᠳᠡᠨᠠᠷ ᠲᠤ ᠤᠨᠢᠨ ᠳᠡᠭᠡᠷ᠎ᠠ ᠨᠢ ᠦᠢᠯᠡᠴᠢᠯᠡᠭᠡ ᠬᠠᠩᠭᠠᠵᠤ ᠴᠢᠳᠠᠨ᠎ᠠ᠃ 2017 ᠤᠨ ᠳᠤ ᠬᠦᠦᠳᠠᠭᠤᠯᠠ 8 ᠠᠶᠢᠮᠠᠭ ᠬᠤᠳᠠ᠂ 24 ᠬᠤᠰᠢᠭᠤ ᠰᠢᠶᠠᠨ ᠳᠤᠭᠤᠷᠢᠭ᠂ 26 ᠰᠤᠮᠤ ᠰᠢᠶᠠᠩ ᠪᠠᠯᠭᠠᠰᠦ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠭᠦ ᠭᠠᠵᠠᠷ︶᠂ 31 ᠭᠠᠴᠠᠭ᠎ᠠ ᠳᠤᠰᠬᠤᠨ ︵ᠨᠡᠶᠢᠭᠡᠮ ᠳᠤᠭᠤᠷᠢᠭ︶᠎ ᠳᠤ ᠬᠦᠨᠵᠡᠭᠡᠶᠢᠷᠡᠨ ᠪᠠᠶᠢᠴᠠᠭᠠᠨ ᠰᠤᠳᠤᠯᠤᠯᠳᠠ ᠬᠢᠵᠤ᠂ ᠦᠨᠳᠦᠰᠦᠨ ᠱᠠᠳᠤᠨ ᠤ ᠡᠮᠡᠭᠳᠠᠶᠢᠴᠤᠳ ᠲᠠᠢ 1553 ᠬᠦᠮᠦᠨ ᠤᠳᠠᠭ᠎ᠠ ᠬᠠᠷᠢᠯᠴᠠᠵᠤ ᠦᠢᠯᠡᠴᠢᠯᠡᠪᠠ᠃ ᠳᠡᠷᠡ ᠪᠠᠰᠠ ᠦᠪᠦᠷ ᠮᠤᠩᠭᠤᠯ ᠤᠨ ᠬᠤᠳᠠ ᠬᠦᠳᠡᠭᠡ ᠶᠢᠨ ᠲᠦᠮᠡᠨ ᠡᠮᠡᠭᠳᠡᠶᠢᠴᠤᠳ ᠤᠨ ᠶᠡᠭᠡ ᠪᠠᠶᠢᠴᠠᠭᠠᠯᠳᠠ ᠶᠢ ᠡᠷᠬᠢᠯᠡᠭᠰᠡᠨ ᠪᠠ ᠠᠵᠢᠯᠯᠠᠭ᠎ᠠ ᠦᠷᠨᠢᠭᠦᠯᠭᠦ ᠶᠢᠨ ᠬᠠᠮᠳᠤ᠂ 4 ᠲᠦᠮᠡᠨ ᠦᠰᠦᠭ ᠲᠠᠢ ᠪᠠᠶᠢᠴᠠᠭᠠᠯᠳᠠ ᠶᠢᠨ ᠮᠡᠳᠡᠭᠦᠯᠦᠯᠳᠡ ᠶᠢ ᠪᠦᠷᠢᠯᠳᠦᠭᠦᠯᠪᠡ᠃ ᠤᠳᠤᠬᠠᠨ ᠳᠤ᠂ ᠡᠨᠡᠭᠦ ᠮᠡᠳᠡᠭᠦᠯᠦᠯᠳᠡ ᠨᠢ ᠳᠡᠭᠦᠨ ᠤ ᠬᠤᠪᠤᠷ ᠨᠠᠨᠳᠢᠨ ᠡᠷᠳᠡᠨᠢ ᠪᠤᠯᠵᠤ᠂ ᠠᠬᠢᠨ ᠳᠠᠬᠢᠨ ᠭᠠᠷᠭᠠᠨ ᠰᠤᠳᠤᠯᠵᠤ᠂ ᠡᠮᠡᠭᠳᠠᠶᠢᠴᠤᠳ ᠢ ᠬᠡᠷᠬᠢᠨ ᠳᠤᠰᠠᠯᠠᠬᠤ᠂ ᠳᠡᠳᠡᠨᠠᠷ ᠤᠨ ᠬᠠᠮᠤᠭ ᠤᠨ ᠬᠠᠯᠠᠮᠵᠢᠯᠠᠵᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠤᠳᠠᠳᠠᠢ ᠠᠰᠢᠭ ᠳᠤᠰᠠ ᠶᠢᠨ ᠠᠰᠠᠭᠤᠳᠠᠯ᠂ ᠬᠠᠮᠤᠭ ᠤᠨ ᠬᠦᠴᠢᠷᠳᠠᠯᠳᠠᠢ ᠬᠠᠮᠤᠭ ᠤᠨ ᠵᠤᠪᠠᠵᠤ ᠪᠠᠶᠢᠭ᠎ᠠ ᠪᠤᠳᠠᠳᠠᠢ ᠠᠰᠠᠭᠤᠳᠠᠯ ᠢ ᠪᠤᠳᠤᠯᠬᠢᠯᠠᠵᠤ ᠪᠠᠶᠢᠯ᠎ᠠ᠃      ︽ᠡᠮᠡᠭᠲᠠᠶᠢᠴᠤᠳ ᠢ ᠨᠡᠩ ᠢᠯᠡᠭᠦᠦ ᠬᠦᠷᠳᠡᠮᠵᠢ ᠶᠢᠨ ᠲᠦᠷᠦᠭᠳᠡᠯ᠂ ᠵᠤᠯ ᠵᠢᠷᠭᠠᠯ ᠤᠨ ᠲᠦᠷᠦᠭᠳᠠᠯ ᠲᠠᠢ ᠪᠤᠯᠭᠠᠬᠤ ᠳᠤ ᠳᠠᠭᠠᠷᠠᠬᠰᠠᠨ ᠬᠦᠮᠦᠨ ᠳᠤ ᠳᠠᠬᠤ ᠬᠦᠷᠭᠡᠬᠦ ᠪᠤᠳᠠᠳᠤ ᠬᠡᠷᠡᠭ ᠢ ᠢᠯᠡᠭᠦᠭᠡᠨ ᠬᠢᠵᠤ᠂ ᠴᠢᠭᠯᠡᠭᠦᠯᠦᠯᠲᠤ ᠴᠢᠨᠠᠷᠲᠠᠢ ᠦᠢᠯᠡᠴᠢᠯᠡᠭᠡ ᠶᠢ ᠢᠯᠡᠭᠦᠬᠡᠨ ᠬᠠᠩᠭᠠᠬᠤ ᠬᠡᠷᠡᠭᠲᠠᠢ︾ ᠭᠡᠵᠤ ᠬᠦᠦᠳᠠᠭᠤᠯᠠ ᠦᠪᠡᠷ ᠤᠨ ᠪᠤᠳᠤᠯ ᠢᠶᠠᠨ ᠳᠡᠯᠭᠡᠨ᠎ᠡ᠃ ᠲᠡᠷᠡ ᠬᠤᠷᠴᠢᠨ ᠪᠠᠷᠠᠭᠤᠨ ᠭᠠᠷᠤᠨ ᠲᠤᠮᠳᠠᠳᠦ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠡᠮᠡᠭᠲᠠᠶᠢᠴᠤᠳ ᠢᠶᠠᠷ ᠲᠦᠰᠢᠶᠡᠳᠤ ᠸᠠᠩ ᠤᠨ ᠤᠷᠳᠤᠨ ᠤ ᠬᠠᠳᠬᠤᠮᠠᠯ ᠬᠠᠳᠬᠤᠭᠤᠯᠬᠤ ᠨᠢ ᠶᠠᠳᠠᠭᠤ ᠠᠴᠠ ᠠᠩᠭᠢᠵᠢᠷᠠᠭᠤᠯᠵᠤ ᠪᠠᠶᠠᠵᠢᠨ ᠴᠢᠨᠡᠭᠡᠯᠢᠭᠵᠢᠭᠦᠯᠵᠤ ᠲᠡᠶᠢᠯᠤᠨ᠎ᠡ ᠭᠡᠳᠡᠭ ᠢ ᠤᠢᠢᠯᠠᠭᠠᠨ ᠮᠡᠳᠡᠵᠦ᠂ ᠢᠳᠡᠪᠬᠢᠲᠠᠢ ᠵᠤᠬᠢᠴᠠᠭᠤᠯᠭ᠎ᠠ ᠬᠢᠵᠤ᠂ ᠪᠤᠷᠤᠯᠠᠭᠤᠯᠤᠯᠭ᠎ᠠ ᠶᠢᠨ ᠵᠠᠮ ᠢ ᠨᠢ ᠦᠷᠭᠡᠳᠬᠡᠬᠦ᠂ ᠤᠷ᠎ᠠ ᠮᠡᠷᠭᠡᠰᠢᠯ ᠤᠨ ᠪᠤᠯᠪᠠᠰᠤᠷᠠᠯ ᠬᠦᠷᠳᠡᠭᠡᠭᠦ ᠵᠡᠷᠭᠡ ᠲᠠᠯ᠎ᠡ ᠪᠠᠷ ᠳᠡᠮᠵᠢᠯᠭᠡ ᠬᠠᠩᠭᠠᠨ᠂ ᠨᠡᠩ ᠤᠯᠠᠨ ᠶᠠᠳᠠᠭᠤ ᠬᠦᠴᠢᠷᠳᠡᠯᠳᠠᠢ ᠡᠮᠡᠭᠲᠠᠶᠢᠴᠤᠳ ᠲᠤ ᠠᠰᠢᠭ ᠬᠦᠷᠲᠡᠭᠡᠭᠰᠡᠨ ᠪᠠᠶᠢᠨ᠎ᠠ᠃ ᠲᠡᠭᠦᠨ ᠤ ᠳᠤᠷᠠᠳᠤᠬᠰᠠᠨ ︽ᠪᠦᠰᠡᠭᠦᠢ ᠬᠦᠮᠦᠨ ᠤ ᠠᠵᠢᠯᠯᠠᠭ᠎ᠠ ᠶᠢᠨ ᠲᠦᠯᠦᠪᠯᠡᠭᠡ︾᠎ ᠨᠢ ᠪᠠᠰᠠ ᠦᠪᠡᠷᠲᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠳᠡᠮᠵᠢᠯᠭᠡ ᠶᠢ ᠤᠯᠤᠬᠰᠠᠨ ᠶᠤᠮ᠃ ᠲᠦᠯᠦᠪᠯᠡᠭᠡ ᠨᠢ ᠬᠡᠷᠡᠭᠵᠢᠭᠦᠯᠦᠭᠳᠡᠭᠰᠡᠨ ᠤ ᠳᠠᠷᠠᠭ᠎ᠠ᠂ ᠡᠮᠡᠭᠳᠠᠶᠢᠴᠤᠳ ᠢ ᠡᠷᠦᠭᠡ ᠭᠡᠷ ᠲᠤᠨᠢ ᠠᠵᠢᠯ ᠤᠯᠭᠤᠬᠰᠠᠨ᠂ ᠭᠡᠷ ᠲᠡᠭᠡᠨ ᠬᠤᠴᠤᠷᠤᠬᠰᠠᠨ ᠬᠡᠤᠬᠡᠳ ᠤᠨ ᠲᠤᠭ᠎ᠠ ᠶᠢ ᠪᠠᠭᠠᠰᠬᠠᠬᠰᠠᠨ ᠮᠦᠷᠲᠡᠬᠡᠨ ᠦᠨᠳᠦᠰᠦᠲᠠᠨ ᠤ ᠰᠤᠶᠤᠯ ᠢᠶᠠᠨ ᠤᠯᠠᠮᠵᠢᠯᠠᠨ ᠵᠠᠯᠭᠠᠮᠵᠢᠯᠠᠬᠰᠠᠨ ᠪᠠᠶᠢᠨ᠎ᠠ᠃      ᠡᠮᠦᠨᠡᠬᠡᠨ᠂ ᠬᠦᠦᠳᠠᠭᠤᠯᠠ ᠬᠡᠷ ᠪᠦᠯᠢ ᠶᠢᠨ ᠰᠤᠷᠭᠠᠨ ᠬᠦᠮᠦᠵᠢᠯ ᠤᠨ ᠬᠠᠤᠯᠢ ᠴᠠᠭᠠᠵᠠ ᠬᠠᠤᠯᠢ ᠲᠦᠷᠢᠮ ᠢ ᠲᠤᠬᠲᠠᠭᠠᠬᠤ ᠲᠤᠬᠠᠢ ᠵᠡᠷᠭᠡ ᠰᠠᠨᠠᠯ ᠳᠤᠷᠠᠳᠤᠯᠭ᠎ᠠ ᠪᠠᠨ ᠠᠪᠴᠤ ᠪᠦᠬᠦ ᠤᠯᠤᠰ ᠤᠨ ᠬᠤᠶᠠᠷ ᠬᠤᠷᠠᠯ ᠳᠤ ᠮᠤᠷᠳᠠᠬᠰᠠᠨ ᠶᠤᠮ᠃ ᠬᠡᠷ ᠪᠦᠯᠢ ᠶᠢᠨ ᠰᠤᠷᠭᠠᠨ ᠬᠦᠮᠦᠵᠢᠯ ᠪᠤᠯ ᠬᠦᠮᠦᠨ ᠢ ᠬᠦᠮᠦᠵᠢᠬᠦᠯᠬᠦ ᠡᠭᠢᠯᠡᠯᠲᠠ ᠶᠢᠨ ᠴᠡᠭ ᠪᠡ ᠦᠨᠳᠦᠰᠦ ᠪᠤᠯᠤᠨ᠎ᠠ ᠭᠡᠵᠦ ᠳᠡᠷᠡ ᠦᠵᠡᠵᠦ ᠪᠠᠶᠢᠬᠤ ᠮᠦᠷᠲᠡᠭᠡᠨ ᠪᠠᠶᠢᠴᠠᠭᠠᠨ ᠰᠤᠳᠤᠯᠤᠯᠲᠠ ᠬᠢᠬᠦ ᠳᠡᠭᠡᠨ ᠭᠡᠷ ᠪᠦᠯᠢ ᠶᠢᠨ ᠰᠤᠷᠭᠠᠨ ᠬᠦᠮᠦᠵᠢᠯ ᠤᠨ ᠬᠠᠷᠢᠭᠤᠴᠠᠯᠭ᠎ᠠ ᠶᠢᠨ ᠭᠤᠤᠯ ᠴᠤᠬᠴᠠ ᠨᠢ ᠲᠤᠳᠤᠷᠬᠠᠢ ᠪᠤᠰᠤ᠂ ᠦᠢᠯᠡᠴᠢᠯᠡᠬᠦ ᠪᠠ ᠵᠢᠯᠤᠭᠤᠳᠬᠤ ᠡᠩᠨᠡᠭᠡᠨ ᠤ ᠲᠤᠰᠬᠠᠢᠢᠵᠢᠬᠰᠠᠨ ᠬᠡᠮᠵᠢᠶ᠎ᠠ ᠳᠤᠤᠷ᠎ᠠ ᠂ ᠬᠡᠷ ᠪᠦᠯᠢ ᠶᠢᠨ ᠰᠤᠷᠭᠠᠨ ᠬᠦᠮᠦᠵᠢᠯ ᠤᠨ ᠬᠢᠨᠠᠨ ᠬᠠᠮᠢᠶᠠᠷᠤᠯᠲᠠ ᠶᠢᠨ ᠰᠢᠰᠲ᠋ᠧᠮ ᠪᠦᠷᠢᠨ ᠲᠡᠭᠦᠯᠳᠡᠷ ᠪᠤᠰᠤ᠂ ᠬᠤᠲᠠ ᠬᠦᠳᠡᠭᠡ ᠶᠢᠨ ᠭᠡᠷ ᠲᠡᠭᠡᠨ ᠬᠤᠴᠤᠷᠤᠬᠰᠠᠨ ᠬᠡᠤᠬᠡᠳ ᠵᠡᠷᠭᠡ ᠤᠨᠴᠠᠭᠠᠢ ᠬᠦᠮᠦᠰ ᠤᠨ ᠭᠡᠷ ᠪᠦᠯᠢ ᠶᠢᠨ ᠰᠤᠷᠭᠠᠨ ᠬᠦᠮᠦᠵᠢᠯ ᠳᠤᠲᠠᠬᠳᠠᠬᠰᠡᠨ ᠵᠡᠷᠭᠡ ᠠᠰᠠᠭᠤᠳᠠᠯ ᠤᠷᠤᠰᠢᠵᠤ ᠪᠠᠶᠢᠬᠤ ᠶᠢ ᠢᠯᠡᠷᠡᠭᠦᠯᠦᠭᠰᠡᠨ ᠶᠤᠮ᠃ ︽ᠡᠳᠡᠭᠡᠷ ᠠᠰᠠᠭᠤᠳᠠᠯ ᠨᠢ ᠭᠡᠷ ᠪᠦᠯᠢ ᠶᠢᠨ ᠰᠤᠷᠭᠠᠨ ᠬᠦᠮᠦᠵᠢᠯ ᠤᠨ ᠬᠠᠤᠯᠢ ᠴᠠᠭᠠᠵᠠ ᠶᠢᠨ ᠪᠠᠲᠤᠯᠠᠭ᠎ᠠ ᠬᠦᠷᠦᠯᠴᠡᠭᠦ ᠦᠭᠡᠢ ᠪᠠᠶᠢᠬᠤ ᠲᠠᠢ ᠨᠢᠬᠲᠠ ᠬᠤᠯᠪᠤᠭ᠎ᠠ ᠲᠠᠢ᠂ ᠭᠡᠷ ᠪᠦᠯᠢ ᠶᠢᠨ ᠰᠤᠷᠭᠠᠨ ᠬᠦᠮᠦᠵᠢᠯ ᠤᠨ ᠬᠠᠤᠯᠢ ᠴᠠᠭᠠᠵᠠ ᠬᠠᠤᠯᠢ ᠲᠦᠷᠢᠮ ᠢ ᠲᠡᠭᠦᠯᠳᠡᠷᠵᠢᠭᠦᠯᠬᠦ ᠶᠠᠪᠤᠳᠠᠯ ᠲᠤᠯᠭᠠᠮ᠎ᠠ ᠱᠠᠭᠠᠷᠳᠠᠬᠲᠠᠵᠤ ᠪᠠᠶᠢᠨ᠎ᠠ ᠂ ᠭᠡᠷ ᠪᠦᠯᠢ ᠶᠢᠨ ᠰᠤᠷᠭᠠᠨ ᠬᠦᠮᠦᠵᠢᠯ ᠤᠨ ᠬᠠᠷᠢᠭᠤᠴᠠᠯᠭ᠎ᠠ ᠶᠢᠨ ᠭᠤᠤᠯ ᠴᠤᠬᠴᠠ᠂ ᠬᠠᠤᠯᠢ ᠬᠡᠷᠡᠭᠵᠢᠭᠦᠯᠦᠯᠳᠡ ᠶᠢᠨ ᠭᠤᠤᠯ ᠴᠤᠭᠴᠠ ᠪᠤᠯᠤᠨ ᠰᠢᠳᠬᠡᠯ ᠤᠨ ᠠᠷᠭ᠎ᠠ ᠶᠢ ᠲᠤᠳᠤᠷᠬᠠᠢ ᠪᠤᠯᠭᠠᠬᠤ ᠨᠢ ᠪᠦᠬᠦ᠋ᠢᠯᠡ ᠭᠡᠷ ᠪᠦᠯᠢ ᠶᠢᠨ ᠰᠤᠷᠭᠠᠨ ᠬᠦᠮᠦᠵᠢᠯ ᠤᠨ ᠵᠠᠬ᠎ᠠ ᠳᠡᠯᠬᠡᠬᠦᠷ ᠢ ᠵᠢᠷᠤᠮᠵᠢᠭᠤᠯᠬᠤ᠂ ᠬᠦᠯᠢᠶᠡᠰᠦᠯᠡᠭᠦ᠂ ᠬᠦᠲᠦᠯᠦᠨ ᠳᠠᠭᠠᠭᠤᠯᠬᠤ ᠳᠤ ᠴᠢᠬᠤᠯᠠ ᠦᠢᠯᠡᠳᠤᠯ ᠲᠠᠢ ᠶᠤᠮ︾ ᠭᠡᠵᠤ ᠬᠦᠥᠳᠠᠭᠤᠯᠠ ᠬᠡᠯᠡᠨ᠎ᠠ᠃
ᠢᠷᠡᠯᠲᠡ᠄ ᠲᠤᠮᠳᠠᠳᠣ ᠣᠯᠣᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ